ᠰᠢ ᠶᠢᠨ ᠫᠢᠩ ᠣᠯᠠᠨ ᠤᠯᠤᠰ ᠤᠨ ᠬᠤᠯᠤᠰᠤ ᠲᠡᠩᠰᠡᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠤ 20 ᠵᠢᠯ ᠤᠨ ᠣᠢ ᠶᠢᠨ ᠪᠠᠶᠠᠷ ᠲᠤ ᠵᠠᠬᠢᠳᠠᠯ ᠢᠯᠡᠭᠡᠵᠦ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2017/11/7
     ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 11 ᠳ᠋ᠦ᠋ᠭᠡᠷ ᠰᠠᠷ᠎ᠠ ᠶᠢᠨ 7᠎ ᠤ ᠡᠳᠦᠷ ᠤᠨ ᠮᠡᠳᠡᠭᠡ᠄ᠣᠯᠠᠨ ᠤᠯᠤᠰ ᠤᠨ ᠬᠤᠯᠤᠰᠤ ᠲᠡᠩᠰᠡᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠤ 20 ᠵᠢᠯ ᠤᠨ ᠣᠢ ᠶᠢᠨ ᠪᠠᠶᠠᠷ ᠪᠣᠯᠣᠨ ᠬᠤᠯᠤᠰᠤ ᠲᠡᠩᠰᠡᠨ ᠤ ᠪᠣᠬᠢᠷᠲᠤᠯ ᠦᠭᠡᠢ ᠬᠥᠭᠵᠢᠯᠲᠡ ᠪᠠ ᠬᠥᠭᠵᠢᠵᠦ ᠪᠠᠶᠢᠭ᠎ᠠ ᠤᠯᠤᠰ ᠣᠷᠣᠨ ᠤ ᠬᠠᠮᠲᠤ ᠶᠢᠨ ᠠᠵᠢᠯᠯᠠᠭᠠᠨ ᠤ ᠰᠠᠶᠢᠳ ᠤᠨ ᠳᠡᠰ ᠤᠨ ᠳᠡᠭᠡᠳᠦ ᠲᠦᠪᠰᠢᠨ ᠤ ᠴᠢᠭᠤᠯᠭ᠎ᠠ ᠠᠭᠤᠯᠵᠠᠯᠲᠠ 11 ᠳ᠋ᠦ᠋ᠭᠡᠷ ᠰᠠᠷ᠎ᠠ ᠶᠢᠨ 6᠎ ᠤ ᠡᠳᠦᠷ ᠪᠡᠭᠡᠵᠢᠩ ᠳᠤ ᠪᠣᠯᠣᠯ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠣᠯᠠᠨ ᠤᠯᠤᠰ ᠤᠨ ᠬᠤᠯᠤᠰᠤ ᠲᠡᠩᠰᠡᠨ ᠤ ᠵᠣᠬᠢᠶᠠᠨ ᠪᠠᠶᠢᠭᠤᠯᠤᠯᠲᠠ ᠳᠤ ᠪᠠᠶᠠᠷ ᠤᠨ ᠵᠠᠬᠢᠳᠠᠯ ᠢᠯᠡᠭᠡᠭᠰᠡᠨ ᠪᠠᠶᠢᠨ᠎ᠠ᠃     ᠰᠢ ᠶᠢᠨ ᠫᠢᠩ ᠵᠢᠭᠠᠬᠤ ᠳᠠᠭᠠᠨ᠂ ᠣᠯᠠᠨ ᠤᠯᠤᠰ ᠤᠨ ᠬᠤᠯᠤᠰᠤ ᠲᠡᠩᠰᠡᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠤ 20 ᠵᠢᠯ ᠤᠨ ᠲᠤᠷᠰᠢ ᠳᠤ ᠳᠡᠯᠡᠬᠡᠢ ᠶᠢᠨ ᠬᠤᠯᠤᠰᠤ ᠲᠡᠩᠰᠡᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠬᠤᠯᠤᠰᠤ ᠲᠡᠩᠰᠡᠨ ᠤ ᠦᠢᠯᠡᠳᠪᠦᠷᠢᠯᠡᠯ ᠤᠨ ᠣᠷᠣᠨ ᠤ ᠠᠷᠠᠳ ᠣᠯᠠᠨ ᠢ ᠶᠠᠳᠠᠭᠤ ᠠᠴᠠ ᠨᠢ ᠠᠩᠭᠢᠵᠢᠷᠠᠭᠤᠯᠬᠤ᠂ ᠬᠤᠯᠤᠰᠤ ᠲᠡᠩᠰᠡᠨ ᠤ ᠪᠦᠲᠦᠭᠡᠭᠳᠡᠬᠦᠨ ᠤ ᠠᠷᠠᠯᠵᠢᠶ᠎ᠠ ᠶᠢ ᠬᠥᠭᠵᠢᠶᠡᠨᠲᠡᠢ ᠪᠣᠯᠭᠠᠬᠤ ᠪᠠ ᠲᠣᠭᠲᠠᠪᠤᠷᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠭᠰᠡᠨ ᠶᠤᠮ ᠭᠡᠵᠡᠢ᠃     ᠰᠢ ᠶᠢᠨ ᠫᠢᠩ ᠴᠢᠬᠤᠯᠠᠴᠢᠯᠠᠬᠤ ᠳᠠᠭᠠᠨ᠂ ᠣᠯᠠᠨ ᠤᠯᠤᠰ ᠤᠨ ᠬᠤᠯᠤᠰᠤ ᠲᠡᠩᠰᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠳᠤᠮᠳᠠᠳᠤ ᠤᠯᠤᠰ ᠦᠷᠭᠦᠯᠵᠢᠯᠡᠨ ᠳᠡᠮᠵᠢᠵᠦ᠂ ᠳᠡᠯᠡᠬᠡᠢ ᠨᠡᠶᠢᠲᠡ ᠲᠠᠢ ᠬᠠᠮᠲᠤ ᠪᠠᠷ ᠴᠢᠷᠮᠠᠶᠢᠵᠤ ᠪᠠᠶᠢᠭᠠᠳ 2030 ᠣᠨ ᠤ ᠲᠣᠭᠲᠠᠪᠤᠷᠢᠲᠠᠢ ᠬᠥᠭᠵᠢᠯᠲᠡ ᠶᠢᠨ ᠵᠥᠪᠯᠡᠬᠦ ᠵᠦᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠳᠡᠯᠡᠬᠡᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠳᠤᠷᠠᠲᠠᠢ ᠪᠠᠶᠢᠨ᠎ᠠ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号