ᠰᠢ ᠶᠢᠨ ᠫᠢᠩ᠄ ᠰᠦᠯᠵᠢᠶᠡᠨ ᠤ ᠡᠷᠭᠡ ᠮᠡᠳᠡᠯ ᠢ ᠬᠦᠨᠳᠦᠳᠭᠡᠵᠦ ᠬᠠᠨᠢᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠦ ᠢᠨᠲ᠋ᠧᠷ ᠰᠦᠯᠵᠢᠶ᠎ᠠ ᠪᠠ ᠲᠤᠭᠠᠴᠢᠯᠠᠬᠰᠠᠨ ᠠᠵᠤ ᠠᠬᠤᠢ ᠶᠢᠨ ᠬᠦᠭᠵᠢᠯᠳᠠ ᠶᠢᠨ ᠲᠦᠷᠭᠡᠨ ᠲᠡᠷᠭᠡᠨ ᠳᠤ ᠬᠠᠮᠳᠦᠪᠡᠷ ᠰᠠᠭᠤᠰᠤᠭᠠᠢ
ᠨᠡᠶᠢᠲᠡᠯᠡᠭᠰᠡᠨ ᠴᠠᠭ᠄
2017/12/5
         ᠸᠠᠩ ᠬᠤ᠋ ᠨᠢᠩ ᠡᠬᠢᠯᠡᠯᠳᠠ ᠶᠢᠨ ᠶᠤᠰᠤᠯᠠᠯ ᠳᠤ ᠤᠷᠤᠯᠴᠠᠬᠤ ᠶᠢᠨ ᠬᠠᠮᠳᠦ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠠ       ᠲᠦᠷᠪᠡᠳᠦᠭᠡᠷ ᠬᠤᠭᠤᠴᠠᠭᠠᠨ ᠤ ᠳᠡᠯᠡᠭᠡᠢ ᠶᠢᠨ ᠢᠨᠲ᠋ᠧᠷ ᠰᠦᠯᠵᠢᠶ᠎ᠠ ᠶᠢᠨ ᠶᠡᠭᠡ ᠬᠤᠷᠠᠯ 3᠎ ᠤ ᠦᠳᠡ ᠶᠢᠨ ᠡᠮᠦᠨ᠎ᠠ ᠵᠧᠵᠢᠶᠠᠩ ᠤᠨ ᠡᠤ ᠵᠧᠨ ᠳᠤ ᠡᠬᠢᠯᠡᠪᠡ᠃ ᠤᠯᠤᠰ ᠤᠨ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠵᠠᠰᠠᠭ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ᠂ ᠲᠡᠷᠡᠴᠢᠯᠡᠨ ᠬᠤᠪᠢ ᠬᠦᠮᠦᠨ ᠤ ᠨᠡᠷ᠎ᠠ ᠪᠠᠷ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠬᠤᠷᠠᠯ ᠳᠤ ᠤᠷᠤᠯᠴᠠᠬᠰᠠᠨ ᠡᠯ᠎ᠠ ᠤᠯᠤᠰ ᠤᠨ ᠲᠦᠯᠦᠭᠡᠯᠡᠭᠴᠢ᠂ ᠤᠯᠠᠨ ᠤᠯᠤᠰ ᠤᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠪᠠ ᠲᠤᠰᠬᠠᠢ ᠮᠡᠷᠭᠡᠵᠢᠯᠳᠠᠨ ᠡᠷᠳᠡᠮᠳᠡᠨ᠂ ᠠᠵᠤ ᠠᠬᠤᠶᠢᠢᠯᠠᠯᠳᠠᠨ ᠵᠡᠷᠭᠡ ᠡᠯ᠎ᠠ ᠡᠳᠡᠭᠡᠳ ᠤᠨ ᠬᠦᠮᠦᠰ ᠢ ᠴᠢᠩ ᠰᠡᠳᠬᠢᠯ ᠠᠴᠠ ᠪᠠᠨ ᠪᠠᠶᠠᠷᠯᠠᠨ ᠤᠬᠳᠤᠵᠦ ᠪᠠᠶᠢᠬᠤ ᠪᠠᠨ ᠢᠯᠡᠳᠭᠡᠵᠤ᠂ ᠲᠦᠮᠡᠨ ᠤ ᠰᠠᠨᠠᠯ ᠢ ᠠᠪᠴᠦ ᠤᠯᠠᠨ ᠤ ᠤᠬᠠᠭᠠᠨ ᠢ ᠲᠦᠪᠯᠡᠷᠡᠬᠦᠯᠦᠨ᠂ ᠬᠠᠮᠳᠦ ᠶᠢᠨ ᠲᠠᠨᠢᠯᠳᠠ ᠶᠢ ᠨᠢᠬᠳᠠᠷᠠᠭᠤᠯᠵᠦ᠂ ᠢᠨᠲ᠋ᠧᠷ ᠰᠦᠯᠵᠢᠶ᠎ᠠ ᠪᠠ ᠲᠤᠭᠠᠴᠢᠯᠠᠬᠰᠠᠨ ᠠᠵᠤ ᠠᠬᠤᠢ ᠶᠢᠨ ᠰᠤᠯᠢᠯᠴᠠᠭᠠᠨ ᠤ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠢᠨᠲ᠋ᠧᠷ ᠰᠦᠯᠵᠢᠶ᠎ᠠ ᠶᠢᠨ ᠬᠦᠭᠵᠢᠯᠳᠠ ᠶᠢᠨ ᠦᠷ᠎ᠠ ᠪᠦᠳᠦᠭᠡᠯ ᠢᠶᠠᠷ ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠶᠢ ᠬᠦᠰᠡᠪᠡ᠃       ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠤᠳᠤᠬᠠᠨ ᠳᠤ ᠮᠡᠳᠡᠭᠡ ᠵᠠᠩᠬᠢ ᠶᠢᠨ ᠮᠡᠷᠭᠡᠵᠢᠯ ᠢᠶᠠᠷ ᠲᠦᠯᠦᠭᠡᠯᠡᠬᠦᠯᠦᠭᠰᠡᠨ ᠰᠢᠨ᠎ᠠ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠤᠨ ᠬᠤᠪᠢᠰᠬᠠᠯ ᠶᠠᠭ ᠡᠬᠢᠯᠡᠨ ᠬᠦᠪᠦᠷᠡᠵᠦ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠦᠳᠠᠢ ᠬᠦᠳᠡᠯᠭᠡᠬᠦ ᠬᠦᠴᠦᠨ ᠨᠡᠮᠡᠷᠢᠯᠡᠭᠰᠡᠨ ᠤ ᠵᠡᠷᠭᠡᠪᠡᠷ ᠢᠨᠲ᠋ᠧᠷ ᠰᠦᠯᠵᠢᠶ᠎ᠠ ᠶᠢᠨ ᠬᠦᠭᠵᠢᠯᠳᠠ ᠨᠢ ᠴᠦ ᠳᠡᠯᠡᠭᠡᠢ ᠶᠢᠨ ᠡᠯ᠎ᠠ ᠤᠯᠤᠰ ᠤᠨ ᠡᠷᠭᠡ ᠮᠡᠳᠡᠯ᠂ ᠠᠮᠤᠷ ᠲᠦᠪᠰᠢᠨ᠂ ᠬᠦᠭᠵᠢᠯᠳᠠ ᠶᠢᠨ ᠠᠰᠢᠬ ᠲᠤᠰᠠ ᠳᠤ ᠮᠠᠰᠢ ᠤᠯᠠᠨ ᠰᠢᠨ᠎ᠠ ᠦᠷᠢᠰᠦᠯᠳᠦᠭᠡᠨ ᠠᠪᠴᠢᠷᠠᠵᠠᠢ᠃ ᠪᠦᠬᠦ ᠪᠦᠮᠪᠦᠷᠴᠡᠭ ᠤᠨ ᠢᠨᠲ᠋ᠧᠷ ᠰᠦᠯᠵᠢᠶᠠᠨ ᠤ ᠵᠠᠰᠠᠯᠳᠠ ᠶᠢᠨ ᠰᠢᠰᠲ᠋ᠧᠮ ᠤᠨ ᠬᠤᠪᠢᠰᠤᠯᠳᠠ ᠵᠠᠩᠬᠢᠯᠠᠭ᠎ᠠ ᠶᠢᠨ ᠬᠤᠭᠤᠴᠠᠭᠠᠨ ᠳᠤ ᠤᠷᠤᠵᠦ᠂ ᠰᠦᠯᠵᠢᠶᠡᠨ ᠤ ᠤᠷᠤᠨ ᠵᠠᠢ ᠶᠢᠨ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠪᠠᠶᠢᠭᠤᠯᠬᠤ ᠨᠢ ᠶᠠᠪᠤᠬᠤ ᠳᠤᠳᠤᠮ ᠳᠡᠯᠡᠭᠡᠢ ᠨᠡᠶᠢᠭᠡᠮ ᠤᠨ ᠦᠷᠭᠡᠨ ᠳᠡᠯᠭᠡᠷ ᠬᠠᠮᠳᠦ ᠶᠢᠨ ᠲᠠᠨᠢᠯᠳᠠ ᠪᠤᠯᠵᠦ ᠪᠤᠢ᠃ ᠪᠢᠳᠠ ︽ᠲᠦᠷᠪᠡᠨ ᠵᠠᠷᠴᠢᠮ︾᠂ ︽ᠲᠠᠪᠤᠨ ᠰᠠᠨᠠᠭᠠᠴᠢᠯᠠᠭ᠎ᠠ︾᠎ ᠶᠢ ᠰᠠᠨᠠᠭᠠᠴᠢᠯᠠᠬᠰᠠᠨ ᠨᠢ ᠳᠡᠯᠡᠭᠡᠢ ᠨᠡᠶᠢᠭᠡᠮ ᠤᠨ ᠬᠢᠨ ᠲᠠᠢ ᠬᠠᠮᠳᠤᠪᠡᠷ ᠰᠦᠯᠵᠢᠶᠡᠨ ᠤ ᠡᠷᠭᠡ ᠮᠡᠳᠡᠯ ᠢ ᠬᠦᠨᠳᠦᠳᠭᠡᠵᠦ᠂ ᠬᠠᠨᠢᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠤᠯᠠᠨ ᠤ ᠶᠠᠪᠤᠳᠠᠯ ᠢ ᠤᠯᠠᠨ ᠢᠶᠠᠷ ᠢᠶᠠᠨ ᠵᠦᠪᠳᠡᠯᠴᠡᠨ ᠰᠢᠢᠳᠪᠤᠷᠢᠯᠡᠵᠦ᠂ ᠬᠦᠭᠵᠢᠯᠳᠠ ᠶᠢ ᠬᠠᠮᠳᠤᠪᠡᠷ ᠠᠬᠢᠭᠤᠯᠬᠤ᠂ ᠠᠮᠤᠷ ᠲᠦᠪᠰᠢᠨ ᠢ ᠬᠠᠮᠳᠤᠪᠡᠷ ᠬᠠᠮᠠᠭᠠᠯᠠᠬᠤ᠂ ᠵᠠᠰᠠᠯᠳᠠ ᠳᠤ ᠬᠠᠮᠳᠤᠪᠡᠷ ᠤᠷᠤᠯᠴᠠᠬᠤ᠂ ᠦᠷ᠎ᠠ ᠪᠦᠳᠦᠭᠡᠯ ᠢ ᠬᠠᠮᠳᠤᠪᠡᠷ ᠡᠳ᠋ᠯᠡᠬᠦ ᠶᠢᠨ ᠲᠦᠯᠦᠭᠡ ᠶᠤᠮ ᠭᠡᠵᠦ ᠵᠢᠭᠠᠵᠦ ᠭᠠᠷᠭᠠᠵᠠᠢ᠃       ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠢᠯᠯᠠᠭᠠᠨ ᠤ ᠬᠦᠳᠦᠯᠪᠦᠷᠢ ᠪᠠ ᠬᠦᠭᠵᠢᠯᠳᠠ ᠶᠢᠨ ᠵᠢᠷᠤᠭ ᠲᠦᠯᠦᠪᠯᠡᠭᠡ ᠶᠢ ᠲᠤᠭᠳᠠᠭᠠᠵᠦ᠂ ᠰᠦᠯᠵᠢᠶᠠᠨ ᠤ ᠬᠦᠴᠦᠷᠭᠡᠭ ᠤᠯᠤᠰ᠂ ᠲᠤᠭᠠᠴᠢᠯᠠᠬᠰᠠᠨ ᠳᠤᠮᠳᠠᠳᠤ ᠤᠯᠤᠰ᠂ ᠤᠶᠤᠨᠳᠤ ᠨᠡᠶᠢᠭᠡᠮ ᠢ ᠪᠠᠶᠢᠭᠤᠯᠤᠨ᠂  ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ ᠂ ᠵᠤᠬᠢᠶᠠᠮᠠᠯ ᠤᠶᠤᠨᠳᠤ ᠴᠢᠳᠠᠪᠬᠢ ᠪᠠ ᠪᠤᠳᠠᠳᠤ ᠴᠤᠭᠴᠠ ᠶᠢᠨ ᠠᠵᠤ ᠠᠬᠤᠢ ᠶᠢᠨ ᠬᠦᠨᠵᠡᠭᠡᠢ ᠠᠭᠤᠰᠤᠯᠴᠠᠯ ᠢ ᠠᠬᠢᠭᠤᠯᠵᠦ᠂ ᠲᠤᠭᠠᠴᠢᠯᠠᠬᠰᠠᠨ ᠠᠵᠤ ᠠᠬᠤᠢ᠂ ᠬᠠᠮᠳᠤᠪᠡᠷ ᠡᠳ᠋ᠯᠡᠬᠦ ᠠᠵᠤ ᠠᠬᠤᠢ ᠶᠢ ᠬᠦᠭᠵᠢᠬᠦᠯᠵᠦ᠂ ᠰᠢᠨ᠎ᠠ ᠨᠡᠮᠡᠭᠳᠡᠯ ᠤᠨ ᠴᠡᠭ ᠢ ᠪᠤᠶᠢᠵᠢᠭᠤᠯᠵᠦ᠂ ᠰᠢᠨ᠎ᠠ ᠬᠦᠳᠡᠯᠭᠡᠬᠦ ᠬᠦᠴᠦ ᠶᠢ ᠪᠦᠷᠢᠯᠳᠦᠬᠦᠯᠦᠨ᠎ᠠ ᠭᠡᠵᠦ ᠳᠤᠷᠠᠳᠪᠠ᠃ ᠳᠤᠮᠳᠠᠳᠤ ᠤᠯᠤᠰ ᠤᠨ ᠲᠤᠭᠠᠴᠢᠯᠠᠬᠰᠠᠨ ᠠᠵᠤ ᠠᠬᠤᠢ ᠶᠢᠨ ᠬᠦᠭᠵᠢᠯᠳᠠ ᠤᠳᠤ ᠲᠦᠷᠭᠡᠨ ᠵᠠᠮ ᠳᠤ ᠤᠷᠤᠬᠤ ᠪᠤᠯᠤᠨ᠎ᠠ᠃ ᠳᠤᠮᠳᠠᠳᠤ ᠤᠯᠤᠰ ᠦᠪᠡᠷ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠳᠡᠯᠡᠭᠡᠢ ᠶᠢᠨ ᠡᠯ᠎ᠠ ᠤᠯᠤᠰ ᠬᠠᠮᠳᠤᠪᠡᠷ ᠢᠨᠲ᠋ᠧᠷ ᠰᠦᠯᠵᠢᠶ᠎ᠠ ᠪᠠ ᠲᠤᠭᠠᠴᠢᠯᠠᠬᠰᠠᠨ ᠠᠵᠤ ᠠᠬᠤᠢ ᠶᠢᠨ ᠬᠦᠭᠵᠢᠯᠳᠠ ᠶᠢᠨ ᠲᠦᠷᠭᠡᠨ ᠲᠡᠷᠭᠡᠨ ᠳᠤ ᠰᠠᠭᠤᠬᠤ ᠶᠢ ᠠᠬᠢᠭᠤᠯᠤᠨ᠎ᠠ᠃ ᠳᠤᠮᠳᠠᠳᠤ ᠤᠯᠤᠰ ᠭᠠᠳᠠᠭᠠᠳᠦ ᠨᠡᠭᠡᠭᠡᠯᠳᠠ ᠶᠢᠨ ᠲᠤᠮᠤ ᠡᠬᠦᠳᠠ ᠪᠠᠨ ᠬᠠᠭᠠᠬᠤ ᠦᠭᠡᠢ᠂ ᠬᠠᠷᠢᠨ ᠶᠠᠪᠤᠬᠤ ᠳᠤᠳᠤᠮ ᠨᠡᠭᠡᠭᠡᠯᠳᠠ ᠪᠠᠨ ᠶᠡᠭᠡᠰᠭᠡᠨ᠎ᠠ ᠭᠡᠵᠦ ᠴᠢᠬᠤᠯᠠᠴᠢᠯᠠᠪᠠ᠃        ᠸᠠᠩ ᠬᠤ᠋ ᠨᠢᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠤ ᠭᠤᠤᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠨᠢ ᠪᠦᠬᠦ ᠪᠦᠮᠪᠦᠷᠴᠡᠭ ᠤᠨ ᠢᠨᠲ᠋ᠧᠷ ᠰᠦᠯᠵᠢᠶ᠎ᠠ ᠶᠢᠨ ᠬᠦᠭᠵᠢᠯᠲᠠ ᠶᠢᠨ ᠬᠠᠨᠳᠤᠰᠢ ᠶᠢᠨ ᠲᠤᠬᠠᠢ ᠭᠦᠨᠵᠡᠭᠡᠢ ᠠᠵᠢᠬᠯᠠᠯᠲᠠ᠂ ᠰᠦᠯᠵᠢᠶᠠᠨ ᠤ ᠤᠷᠤᠨ ᠵᠠᠢ ᠶᠢᠨ ᠬᠦᠭᠵᠢᠯᠲᠠ ᠵᠠᠰᠠᠯᠲᠠ ᠶᠢᠨ ᠵᠢᠮ᠎ᠠ ᠶᠤᠰᠤ ᠶᠢ ᠤᠨᠤᠪᠴᠢᠲᠠᠢ ᠡᠵᠡᠮᠳᠡᠭᠰᠡᠨ᠂ ᠳᠤᠮᠳᠠᠳᠤ ᠤᠯᠤᠰ ᠤᠨ ᠳᠡᠯᠡᠬᠡᠢ ᠶᠢᠨ ᠡᠯ᠎ᠠ ᠤᠯᠤᠰ ᠲᠠᠢ ᠢᠨᠲ᠋ᠧᠷ ᠰᠦᠯᠵᠢᠶ᠎ᠠ ᠪᠤᠯᠤᠨ ᠲᠤᠭᠠᠴᠢᠯᠠᠭᠰᠠᠨ ᠠᠵᠤ ᠠᠬᠤᠢ ᠶᠢ ᠭᠠᠷ ᠬᠤᠯᠪᠤᠨ ᠬᠦᠭᠵᠢᠭᠦᠯᠬᠦ ᠴᠢᠩ ᠦᠨᠡᠨᠴᠢ ᠬᠦᠰᠡᠯ ᠰᠠᠨᠠᠭ᠎ᠠ ᠶᠢ ᠭᠦᠢᠴᠡᠳ ᠢᠯᠡᠷᠡᠭᠦᠯᠵᠠᠢ᠃ ᠲᠡᠷᠢᠭᠦᠯᠡᠭᠴᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠡᠩᠬᠡ ᠲᠠᠶᠢᠪᠤᠩ ᠢᠶᠠᠷ ᠬᠦᠭᠵᠢᠬᠦ ᠵᠠᠮ ᠢ ᠪᠠᠷᠢᠮᠳᠠᠯᠠᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠪᠠᠶᠢᠭᠤᠯᠬᠤ ᠵᠢᠴᠢ ᠢᠨᠲ᠋ᠧᠷ ᠰᠦᠯᠵᠢᠶ᠎ᠠ ᠪᠤᠯᠤᠨ ᠲᠤᠭᠠᠴᠢᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠶᠢ ᠭᠦᠨᠵᠡᠭᠡᠢ ᠦᠭᠦᠯᠡᠵᠤ᠂ ᠳᠤᠮᠳᠠᠳᠤ ᠤᠯᠤᠰ ᠤᠨ ᠢᠨᠲ᠋ᠧᠷ ᠰᠦᠯᠵᠢᠶ᠎ᠠ ᠶᠢᠨ ᠬᠦᠭᠵᠢᠯᠲᠠ ᠳᠤ ᠰᠢᠨ᠎ᠠ ᠱᠠᠭᠠᠷᠳᠠᠯᠭ᠎ᠠ ᠳᠤᠷᠠᠳᠤᠭᠰᠠᠨ ᠢᠶᠠᠷ ᠪᠠᠷᠠᠬᠤ ᠦᠭᠡᠢ ᠳᠤᠮᠳᠠᠳᠤ ᠤᠯᠤᠰ ᠳᠡᠯᠡᠬᠡᠢ ᠶᠢᠨ ᠡᠯ᠎ᠠ ᠤᠯᠤᠰ ᠯᠤᠭ᠎ᠠ ᠰᠦᠯᠵᠢᠶᠠᠨ ᠤ ᠬᠠᠮᠲᠤᠷᠠᠯᠴᠠᠭ᠎ᠠ ᠦᠷᠨᠢᠭᠦᠯᠬᠦ ᠳᠤ ᠰᠢᠨ᠎ᠠ ᠠᠵᠠ ᠳᠤᠬᠢᠶᠠᠯ ᠬᠠᠩᠭᠠᠵᠠᠢ᠃ ᠳᠤᠮᠳᠠᠳᠤ ᠤᠯᠤᠰ ᠳᠤᠷᠠᠳᠠᠶ᠎ᠠ ᠡᠯ᠎ᠠ ᠤᠯᠤᠰ ᠲᠠᠢ ᠬᠠᠮᠲᠦᠪᠡᠷ᠂ ᠢᠨᠲ᠋ᠧᠷ ᠰᠦᠯᠵᠢᠶ᠎ᠠ ᠶᠢᠨ ᠬᠦᠭᠵᠢᠯᠳᠡ ᠶᠢᠨ ᠠᠪᠴᠢᠷᠠᠭᠰᠠᠨ ᠲᠡᠤᠬᠡᠨ ᠠᠵᠠ ᠳᠤᠬᠢᠶᠠᠯ ᠢ ᠠᠮᠵᠢᠵᠤ᠂ ᠲᠤᠭᠠᠴᠢᠯᠠᠭᠰᠠᠨ ᠠᠵᠤ ᠠᠬᠤᠢ ᠪᠠᠷ ᠴᠢᠬᠤᠯᠠ ᠬᠦᠳᠡᠯᠭᠡᠭᠦᠷ ᠬᠦᠴᠦᠨ ᠪᠤᠯᠭᠠᠵᠤ᠂ ᠰᠦᠯᠵᠢᠶᠠᠨ ᠤ ᠤᠷᠤᠨ ᠵᠠᠢ ᠶᠢ ᠨᠡᠬᠡᠬᠡᠯᠳᠡᠳᠠᠢ᠂ ᠬᠠᠮᠲᠤᠷᠠᠯᠴᠠᠭ᠎ᠠ ᠲᠠᠢ᠂ ᠰᠤᠯᠢᠯᠴᠠᠭ᠎ᠠ ᠲᠠᠢ᠂ ᠬᠠᠮᠲᠦᠪᠡᠷ ᠡᠳ᠋ᠯᠡᠬᠦ ᠪᠤᠯᠭᠠᠵᠤ᠂ ᠰᠦᠯᠵᠢᠶᠠᠨ ᠤ ᠤᠷᠤᠨ ᠵᠠᠢ ᠶᠢᠨ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠭᠠᠷ ᠢᠶᠠᠨ ᠬᠤᠯᠪᠤᠨ ᠪᠦᠲᠦᠭᠡᠨ ᠪᠠᠶᠢᠭᠤᠯᠤᠨ᠎ᠠ᠃ ᠰᠢᠨ᠎ᠠ ᠶᠢ ᠡᠭᠦᠳᠴᠤ᠂ ᠡᠭᠦᠳᠦᠨ ᠪᠦᠲᠦᠭᠡᠬᠦ ᠶᠢ ᠵᠤᠷᠢᠭᠵᠢᠭᠤᠯᠵᠤ᠂ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠨᠡᠬᠡᠬᠡᠯᠳᠡ ᠬᠢᠵᠤ ᠬᠠᠮᠲᠤᠷᠠᠯᠴᠠᠭ᠎ᠠ ᠦᠷᠨᠢᠭᠦᠯᠬᠦ ᠶᠢ ᠠᠬᠢᠭᠤᠯᠵᠤ᠂ ᠬᠦᠭᠵᠢᠯᠲᠠ ᠶᠢᠨ ᠤᠷᠤᠨ ᠵᠠᠢ ᠶᠢ ᠦᠷᠭᠡᠳᠭᠡᠵᠤ᠂ ᠪᠠᠭᠳᠠᠭᠠᠮᠵᠢᠲᠠᠢ ᠬᠠᠮᠲᠦᠪᠡᠷ ᠡᠳ᠋ᠯᠡᠬᠦ ᠶᠢ ᠠᠬᠢᠭᠤᠯᠵᠤ᠂ ᠬᠠᠮᠲᠦᠪᠡᠷ ᠠᠰᠢᠭ ᠬᠦᠷᠳᠡᠬᠦ ᠰᠠᠭᠤᠷᠢ ᠶᠢ ᠪᠠᠬᠢᠵᠢᠭᠦᠯᠵᠤ᠂ ᠬᠠᠮᠵᠢᠯᠴᠠᠭ᠎ᠠ ᠬᠢᠵᠤ ᠬᠠᠮᠲᠦᠪᠡᠷ ᠬᠦᠳᠡᠯᠦᠯᠴᠡᠬᠦ ᠶᠢ ᠴᠢᠩᠭᠠᠳᠬᠠᠵᠤ᠂ ᠪᠦᠭᠦᠳᠡᠭᠡᠷ ᠬᠤᠯᠪᠤᠭᠠᠯᠠᠨ ᠬᠦᠴᠦᠨ ᠪᠠᠨ ᠬᠠᠮᠳᠤᠳᠬᠠᠵᠤ᠂ ᠠᠮᠤᠷ ᠲᠦᠪᠰᠢᠨ ᠡᠵᠡᠮᠳᠡᠵᠤ ᠪᠤᠯᠬᠤᠶᠢᠢᠴᠠ ᠪᠠᠶᠢᠳᠠᠯ ᠢ ᠠᠬᠢᠭᠤᠯᠵᠤ ᠂ ᠰᠠᠶᠢᠨ ᠰᠠᠶᠢᠬᠠᠨ ᠡᠮᠬᠢ ᠵᠢᠷᠤᠮ ᠢ ᠪᠠᠶᠢᠭᠤᠯᠵᠤ᠂ ᠠᠮᠤᠷ ᠲᠦᠪᠰᠢᠨ ᠲᠤᠭᠳᠠᠭᠤᠨ ᠬᠦᠭᠵᠢᠨ ᠪᠠᠳᠠᠷᠠᠭᠰᠠᠨ ᠰᠦᠯᠵᠢᠶᠠᠨ ᠤ ᠤᠷᠤᠨ ᠵᠠᠢ ᠶᠢ ᠪᠦᠳᠦᠭᠡᠨ ᠪᠠᠶᠢᠭᠤᠯᠤᠶ᠎ᠠ ᠭᠡᠵᠤ ᠢᠯᠡᠳᠭᠡᠵᠠᠢ᠃       ᠬᠤᠸᠠᠩ ᠺᠦᠨ ᠮᠢᠩ ᠡᠬᠢᠯᠡᠯᠲᠡ ᠶᠢᠨ ᠶᠤᠰᠤᠯᠠᠯ ᠳᠡᠭᠡᠷ᠎ᠠ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠪᠠ᠃ ᠲᠠᠢ ᠤᠯᠤᠰ ᠤᠨ ᠳᠡᠳ᠋ ᠶᠡᠷᠦᠩᠬᠡᠢ ᠰᠠᠶᠢᠳ ᠪᠠᠵᠢᠨ · ᠵᠠᠨᠳᠦ᠋ᠩ᠂ ᠮᠤᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠡᠩᠬᠡᠲᠦ᠋ᠪᠰᠢᠨ᠂ ᠤᠯᠠᠨ ᠤᠯᠤᠰ ᠤᠨ ᠬᠤᠯᠪᠤᠭᠠᠲᠦ ᠪᠠᠶᠢᠭᠤᠯᠤᠯᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠵᠧᠨ ᠮᠢᠨ᠂ ᠠᠯᠮᠤᠷᠠᠳ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠳᠠᠨ ᠳ᠋ᠢᠮᠦ᠋ · ᠺᠦᠺᠧ᠂ ᠰᠧᠺᠧ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠳᠠᠨ ᠯᠦᠸᠧᠵᠦ᠋ᠸᠧᠺ᠂ ᠢᠨᠲ᠋ᠧᠷ ᠰᠦᠯᠵᠢᠶ᠎ᠠ ᠶᠢ ᠡᠬᠦᠳᠦᠨ ᠪᠠᠶᠢᠭᠤᠯᠤᠬᠴᠢ ᠯᠦᠸᠧᠪᠧᠲ᠋ᠧ · ᠺᠠᠶᠢᠨ᠂ ᠠᠯᠢᠪᠠᠪᠠ ᠺᠤᠮᠫᠠᠨᠢ ᠶᠢᠨ ᠬᠡᠷᠡᠭ ᠮᠡᠳᠡᠭᠴᠢᠳ ᠤᠨ ᠲᠤᠪᠴᠢᠶ᠎ᠠ ᠶᠢᠨ ᠲᠡᠷᠢᠭᠦᠯᠡᠭᠴᠢ ᠮᠠ ᠶᠦᠨ ᠨᠠᠷ ᠲᠤᠰ ᠲᠤᠰ ᠡᠬᠢᠯᠡᠯᠲᠡ ᠶᠢᠨ ᠶᠤᠰᠤᠯᠠᠯ ᠳᠡᠭᠡᠷ᠎ᠠ ᠪᠠᠶᠠᠷ ᠤᠨ ᠦᠭᠡ ᠬᠡᠯᠡᠪᠡ᠃       ᠲᠤᠰ ᠡᠳᠦᠷ᠂ ᠸᠠᠩ ᠬᠤ᠋ ᠨᠢᠩ ᠪᠠᠰᠠ ᠶᠡᠭᠡ ᠬᠤᠷᠠᠯ ᠳᠤ ᠤᠷᠤᠯᠴᠠᠭᠰᠠᠨ ᠳᠤᠮᠳᠠᠳᠤ ᠭᠠᠳᠠᠭᠠᠳᠦ ᠶᠢᠨ ᠵᠤᠴᠢᠳ ᠤᠨ ᠲᠦᠯᠦᠭᠡᠯᠡᠭᠴᠢᠳ ᠲᠠᠢ ᠠᠭᠤᠯᠵᠠᠵᠤ᠂ ᠢᠨᠲ᠋ᠧᠷ ᠰᠦᠯᠵᠢᠶ᠎ᠠ ᠶᠢᠨ ᠭᠡᠷᠡᠯ ᠬᠡᠮᠡᠬᠦ ᠦᠵᠡᠰᠭᠦᠯᠡᠩ ᠤᠨ ᠴᠤᠭᠯᠠᠭᠠᠨ ᠢ ᠲᠤᠭᠤᠷᠢᠨ ᠦᠵᠡᠵᠠᠢ᠃ ᠳᠦᠷᠪᠡᠳᠦᠭᠡᠷ ᠬᠤᠭᠤᠴᠠᠭᠠᠨ ᠤ ᠳᠡᠯᠡᠬᠡᠢ ᠶᠢᠨ ᠢᠨᠲ᠋ᠧᠷ ᠰᠦᠯᠵᠢᠶ᠎ᠠ ᠶᠢᠨ ᠶᠡᠭᠡ ᠬᠤᠷᠠᠯ 12 ᠰᠠᠷ᠎ᠠ ᠶᠢᠨ 3᠎ ᠤ ᠡᠳᠦᠷ ᠠᠴᠠ 5᠎ ᠤ ᠡᠳᠦᠷ ᠪᠤᠯᠳᠠᠯ᠎ᠠ ᠶᠠᠪᠤᠭᠳᠠᠨ᠎ᠠ᠂ ︽ᠲᠤᠭᠠᠴᠢᠯᠠᠭᠰᠠᠨ ᠠᠵᠤ ᠠᠬᠤᠢ ᠶᠢ ᠬᠦᠭᠵᠢᠭᠦᠯᠵᠤ ᠨᠡᠬᠡᠬᠡᠯᠳᠡᠳᠠᠢ ᠪᠦᠭᠡᠳ ᠬᠠᠮᠲᠦᠪᠡᠷ ᠡᠳ᠋ᠯᠡᠬᠦ ᠶᠢ ᠠᠬᠢᠭᠤᠯᠤᠶ᠎ᠠ — ᠰᠦᠯᠵᠢᠶᠡᠨ ᠤ ᠤᠷᠤᠨ ᠵᠠᠢ ᠶᠢᠨ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠭᠠᠷ ᠢᠶᠠᠨ ᠬᠤᠯᠪᠤᠨ ᠪᠠᠶᠢᠭᠤᠯᠤᠶ᠎ᠠ︾ ᠭᠡᠬᠦ ᠭᠤᠤᠯ ᠰᠡᠳᠦᠪ ᠲᠠᠢ᠃ ᠲᠠᠪᠤᠨ ᠶᠡᠭᠡ ᠲᠢᠪ ᠤᠨ 80 ᠭᠠᠷᠤᠢ ᠤᠯᠤᠰ ᠪᠤᠯᠤᠨ ᠭᠠᠵᠠᠷ ᠤᠷᠤᠨ ᠤ ᠵᠠᠰᠠᠭ ᠤᠨ ᠤᠷᠳᠤᠨ ᠤ ᠲᠦᠯᠦᠭᠡᠯᠡᠭᠴᠢ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠳᠠᠨ᠂ ᠢᠨᠲ᠋ᠧᠷ ᠰᠦᠯᠵᠢᠶᠡᠨ ᠤ ᠠᠵᠤ ᠠᠬᠤᠶᠢᠢᠯᠠᠯ ᠤᠨ ᠳᠠᠭᠠᠭᠤᠯᠤᠭᠴᠢ ᠬᠦᠮᠦᠰ᠂ ᠢᠨᠲ᠋ᠧᠷ ᠰᠦᠯᠵᠢᠶ᠎ᠠ ᠶᠢᠨ ᠨᠡᠷᠡᠳᠦ ᠬᠦᠮᠦᠰ᠂ ᠲᠤᠰᠬᠠᠢ ᠮᠡᠷᠭᠡᠵᠢᠯᠳᠡᠨ ᠡᠷᠳᠡᠮᠳᠡᠨ ᠵᠡᠷᠭᠡ ᠨᠡᠶᠢᠳᠡ 1500 ᠭᠠᠷᠤᠢ ᠵᠤᠴᠢᠨ ᠶᠡᠭᠡ ᠬᠤᠷᠠᠯ ᠳᠤ ᠤᠷᠤᠯᠴᠠᠵᠠᠢ᠃               ᠰᠢᠨᠬᠤᠸᠠ ᠬᠤᠷᠢᠶᠠᠨ ᠤ ᠬᠠᠩᠵᠸᠦ ᠶᠢᠨ 12 ᠰᠠᠷ᠎ᠠ ᠶᠢᠨ 3᠎ ᠤ ᠴᠠᠬᠢᠯᠭᠠᠨ ᠮᠡᠳᠡᠭᠡ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号