2017 ᠤᠨ ᠤ ᠰᠢᠯᠤᠭᠤᠨ ᠬᠥᠬᠡ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/2/21

               ᠵᠠᠰᠠᠭ ᠤᠨ ᠤᠷᠳᠤᠨ ᠤ ᠠᠵᠢᠯ ᠤᠨ ᠢᠯᠡᠳᠬᠡᠯ

                                    — — 2017 ᠤᠨ ᠤ 2 ᠰᠠᠷ᠎ᠠ ᠶᠢᠨ 21᠎ ᠤ ᠡᠳᠦᠷ ᠤᠨ ᠰᠢᠯᠤᠭᠤᠨ

ᠬᠦᠬᠡ ᠬᠤᠰᠢᠭᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ

ᠲᠠᠪᠤᠳᠤᠭᠠᠷ ᠬᠤᠷᠠᠯᠳᠤᠭᠠᠨ ᠲᠡᠭᠡᠷ᠎ᠡ

                                                               

ᠲᠦᠯᠦᠬᠡᠯᠡᠭᠴᠢᠳ ᠡ᠄

      ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠡᠯ ᠳᠤ ᠠᠵᠢᠯ ᠤᠨ ᠮᠡᠳᠡᠬᠦᠯᠦᠯᠳᠡ ᠬᠢᠶ᠎ᠡ᠂

ᠬᠢᠨᠠᠨ ᠵᠦᠪᠯᠡᠬᠦ ᠪᠤᠯᠪᠠᠤ᠂ ᠬᠤᠷᠠᠯ ᠳᠤ ᠤᠷᠤᠯᠴᠠᠵᠦ ᠪᠠᠶᠢᠭ᠎ᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ

ᠤᠷᠤᠯᠴᠠᠵᠦ ᠪᠠᠶᠢᠭ᠎ᠠ ᠨᠦᠬᠦᠳ ᠨᠡᠷ ᠰᠠᠨᠠᠯ ᠢᠶᠠᠨ ᠲᠡᠪᠰᠢᠬᠦᠯᠬᠦ ᠶᠢ ᠬᠦᠰᠡᠵᠦ ᠪᠠᠶᠢᠨ᠎ᠠ᠃

      ᠨᠢᠬᠡ᠂ 2016 ᠤᠨ ᠤ ᠠᠵᠢᠯ ᠤᠨ ᠡᠷᠬᠢᠴᠡᠬᠦᠯᠦᠯ

      ᠦᠩᠬᠡᠷᠡᠭᠰᠡᠨ ᠨᠢᠬᠡ ᠵᠢᠯ ᠳᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ

ᠬᠤᠷᠢᠶᠠᠨ ᠤ ᠪᠠᠳᠤᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠤᠯᠤᠰ

ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ ᠪᠢᠳᠠ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠢ

ᠪᠦᠯᠬᠦᠮᠳᠡᠬᠦᠯᠦᠨ ᠲᠠᠶᠢᠴᠢᠯᠠᠵᠦ᠂ ᠢᠳᠡᠬᠡᠯ ᠢᠶᠠᠨ ᠬᠦᠪᠴᠢᠯᠡᠵᠦ᠂ ᠦᠷᠢᠰᠦᠯᠳᠦᠬᠡᠨ ᠢ ᠲᠤᠯᠵᠦ᠂ ᠰᠡᠳᠬᠢᠯ ᠰᠠᠨᠠᠭ᠎ᠠ ᠪᠠᠨ

ᠨᠢᠬᠡᠳᠬᠡᠨ᠂ ᠦᠰᠦᠯᠳᠡ ᠶᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂

ᠠᠷᠠᠳ ᠤᠨ ᠠᠮᠢᠳᠤᠷᠠᠯ ᠢ ᠬᠠᠯᠠᠮᠵᠢᠯᠠᠬᠤ᠂ ᠲᠦᠭᠰᠢᠬᠦᠷᠢ ᠶᠢ ᠰᠡᠷᠬᠡᠶᠢᠯᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠪᠦᠬᠦ

ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠶᠢ ᠡᠬᠦᠳᠴᠤ ᠬᠦᠭᠵᠢᠯᠳᠡ ᠶᠢ ᠠᠬᠢᠭᠤᠯᠬᠤ ᠪᠠ ᠠᠵᠤ ᠠᠬᠤᠢ

᠎ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠᠷ ᠬᠦᠴᠦᠯᠡᠨ ᠴᠢᠷᠮᠠᠶᠢᠵᠦ᠂ ᠪᠦᠬᠦ ᠬᠤᠰᠢᠭᠤᠨ ᠤ ᠠᠵᠤ ᠠᠬᠤᠢ᠂

ᠨᠡᠶᠢᠬᠡᠮ ᠤᠨ ᠬᠦᠭᠵᠢᠯᠳᠡ ᠶᠢᠨ ᠶᠡᠷᠤᠩᠬᠡᠢ ᠪᠠᠶᠢᠳᠠᠯ ᠲᠤᠭᠳᠠᠭᠤᠨ ᠪᠠᠶᠢᠬᠤ᠂ ᠲᠤᠭᠳᠠᠭᠤᠨ ᠤ ᠲᠤᠮᠳᠠ ᠠᠬᠢᠯᠳᠠ ᠲᠠᠢ

ᠪᠠᠶᠢᠬᠤ ᠰᠠᠶᠢᠨ ᠬᠠᠨᠳᠤᠰᠢ ᠶᠢ ᠪᠤᠢ ᠪᠤᠯᠭᠠᠵᠦ ᠴᠢᠳᠠᠭᠰᠠᠨ ᠪᠦᠬᠡᠳ ᠪᠦᠬᠦ ᠵᠢᠯ ᠤᠨ ᠭᠤᠤᠯ ᠡᠬᠦᠷᠬᠡ ᠬᠠᠷᠠᠯᠳᠠ ᠪᠠᠨ

ᠨᠡᠯᠢᠶᠡᠳ ᠰᠠᠶᠢᠨ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾᠎ ᠪᠠᠨ ᠠᠮᠵᠢᠯᠳᠠ ᠲᠠᠢ

ᠡᠬᠢᠯᠡᠬᠦᠯᠪᠡ᠃

      ︽ᠲᠤᠭᠳᠠᠭᠤᠨ︾᠎ ᠨᠢ ᠭᠤᠤᠯᠳᠠᠭᠤ ᠠᠵᠤ ᠠᠬᠤᠢ ᠶᠢᠨ ᠲᠤᠭᠳᠠᠭᠤᠨ ᠠᠵᠢᠯᠯᠠᠭ᠎ᠠ ᠶᠢ ᠪᠠᠳᠤᠯᠠᠬᠤ ᠲᠠᠯ᠎ᠠ ᠳᠤ

ᠢᠯᠡᠷᠡᠵᠡᠢ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 67.52 ᠳ᠋ᠦᠩᠰᠢᠭᠤᠷ

ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠨᠢ 3.5%᠎ ᠳᠤ ᠬᠦᠷᠴᠡᠢ︔ ᠶᠡᠷᠤ ᠶᠢᠨ ᠤᠯᠠᠨ ᠨᠠᠶᠢᠳᠠ ᠶᠢᠨ ᠡᠳ᠋

᠎ ᠤᠨ ᠵᠠᠰᠠᠭ ᠤᠨ ᠲᠦᠰᠦᠪ ᠤᠨ ᠤᠷᠤᠯᠭ᠎ᠠ ᠶᠢ 5.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠨᠢ

11.6%᠎ ᠳᠤ ᠬᠦᠷᠴᠡᠢ︔ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ ᠨᠢ 13.

85 ᠳ᠋ᠦᠩᠰᠢᠭᠤᠷ ᠲᠦᠬᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 9.6%᠎ ᠳᠤ ᠬᠦᠷᠦᠭᠰᠡᠨ ᠪᠠᠶᠢᠨ᠎ᠠ︔  

ᠤᠨᠴᠠ ᠦᠨᠳᠦᠷ ᠬᠦᠴᠦᠳᠡᠯᠳᠦ ᠴᠡᠪᠡᠷ ᠡᠨᠧᠷᠬᠢ ᠶᠢᠨ ᠴᠠᠬᠢᠯᠭᠠᠨ ᠭᠠᠷᠭᠠᠬᠤ ᠠᠴᠢᠶᠠᠯᠠᠪᠤᠷᠢ ᠲᠤᠭᠠᠨ ᠤ ᠨᠦᠯᠦᠬᠡᠯᠡᠯ ᠠᠴᠠ

ᠪᠤᠯᠵᠦ᠂ ᠵᠢᠯ ᠤᠨ ᠡᠬᠢᠨ ᠳᠤ ᠲᠤᠭᠳᠠᠭᠰᠠᠨ 5 ᠰᠠᠯᠬᠢᠨ ᠪᠠ ᠬᠡᠷᠡᠯ ᠤᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠨᠢ

ᠬᠤᠭᠤᠴᠠᠭ᠎ᠠ ᠶᠤᠰᠤᠭᠠᠷ ᠠᠵᠢᠯ ᠢᠶᠠᠨ ᠡᠬᠢᠯᠡᠬᠦᠯᠵᠦ ᠴᠢᠳᠠᠭᠰᠠᠨ ᠦᠬᠡᠢ ᠪᠤᠯᠬᠤᠷ ᠲᠤᠭᠳᠠᠮᠠᠯ ᠬᠦᠷᠦᠩᠬᠡ ᠶᠢᠨ ᠪᠡᠯᠡ

ᠤᠷᠤᠭᠤᠯᠤᠯᠳᠠ ᠨᠢ 15.7%᠎ ᠪᠠᠷ ᠪᠠᠭᠤᠷᠠᠭᠰᠠᠨ ᠪᠠᠶᠢᠨ᠎ᠠ᠂ ᠬᠡᠪᠡᠴᠦ ᠶᠡᠷᠤᠩᠬᠡᠢ ᠬᠡᠮᠵᠢᠶ᠎ᠠ ᠪᠠᠷ ᠢᠶᠠᠨ ᠮᠦᠨ ᠪᠦᠬᠦ ᠠᠶᠢᠮᠠᠭ

᠎ ᠤᠨ ᠲᠠᠪᠤᠳᠤᠭᠠᠷ ᠲᠤ ᠪᠠᠶᠢᠷᠢᠯᠠᠵᠦ ᠪᠠᠶᠢᠨ᠎ᠠ᠃ ︽ᠠᠬᠢᠯᠳᠠ︾᠎ ᠨᠢ ᠭᠤᠤᠯᠳᠠᠭᠤ ᠦᠢᠯᠡᠳᠪᠤᠷᠢᠯᠡᠯ ᠤᠨ ᠪᠦᠳᠦᠴᠡ ᠶᠢᠨ

ᠲᠤᠬᠢᠷᠠᠭᠤᠯᠤᠯᠳᠠ ᠢᠳᠡᠪᠬᠢᠳᠡᠢ ᠠᠮᠵᠢᠯᠳᠠ ᠤᠯᠤᠭᠰᠠᠨ ᠲᠠᠯ᠎ᠠ ᠳᠤ ᠢᠯᠡᠷᠡᠵᠦ ᠪᠤᠢ᠃ ᠭᠤᠷᠪᠠᠨ ᠠᠵᠤ ᠦᠢᠯᠡᠰ ᠤᠨ

ᠪᠦᠳᠦᠴᠡ ᠶᠢᠨ ᠬᠠᠷᠢᠴᠠᠯ ᠨᠢ 2015 ᠤᠨ ᠤ 10᠄ 68᠄ 22 ᠪᠠᠶᠢᠭᠰᠠᠨ ᠢᠶᠠᠨ 11᠄ 63᠄ 26 ᠪᠤᠯᠵᠦ᠂

ᠨᠢᠬᠡᠳᠦᠬᠡᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠲᠤᠰ ᠲᠤᠰ 1 ᠪᠠ 4 ᠵᠠᠭᠤᠨ ᠤ

ᠬᠤᠪᠢ ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ᠂ ᠰᠤᠶᠤᠯ ᠵᠢᠭᠤᠯᠴᠢᠯᠠᠯ ᠪᠤᠯᠤᠨ ᠠᠵᠤ ᠦᠢᠯᠡᠳᠪᠤᠷᠢ ᠶᠢᠨ ᠠᠵᠤ

ᠠᠬᠤᠢ ᠶᠢᠨ ᠬᠤᠭᠤᠷᠤᠨᠳᠤᠬᠢ ᠵᠦᠷᠢᠶ᠎ᠡ ᠠᠯᠭᠤᠷ ᠢᠶᠠᠷ ᠪᠠᠭᠠᠰᠴᠤ᠂ ᠠᠵᠤ ᠠᠬᠤᠢ ᠶᠢᠨ ᠪᠦᠳᠦᠴᠡ ᠤᠯᠠᠮ ᠵᠤᠬᠢᠮᠵᠢᠳᠠᠢ

ᠪᠤᠯᠵᠦ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠶᠢᠨ ᠦᠷ᠎ᠡ ᠪᠦᠳᠦᠮᠵᠢ ᠪᠠ ᠰᠢᠨ᠎ᠠ ᠬᠠᠭᠤᠴᠢᠨ

ᠬᠦᠳᠡᠯᠬᠡᠭᠴᠢ ᠬᠦᠴᠦᠨ ᠤ ᠰᠤᠯᠢᠭᠳᠠᠯ ᠳᠤ ᠢᠯᠡᠳᠳᠡ ᠬᠤᠪᠢᠷᠠᠯᠳᠠ ᠲᠠᠢ ᠪᠤᠯᠤᠭᠰᠠᠨ ᠪᠠᠶᠢᠨ᠎ᠠ᠃ ︽ᠰᠠᠶᠢᠨ︾᠎ ᠨᠢ

ᠭᠤᠤᠯᠳᠠᠭᠤ ᠬᠦᠭᠵᠢᠯᠳᠡ ᠶᠢᠨ ᠶᠠᠰᠤ ᠴᠢᠨᠡᠷ ᠪᠠ ᠦᠷ᠎ᠠ ᠠᠰᠢᠭ ᠲᠤᠭᠳᠠᠭᠤᠨ ᠠᠬᠢᠯᠳᠠ ᠲᠠᠢ ᠪᠠᠶᠢᠭ᠎ᠠ ᠳᠤ ᠢᠯᠡᠷᠡᠵᠦ

ᠪᠠᠶᠢᠨ᠎ᠠ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ ᠨᠢ

ᠲᠤᠰᠪᠦᠷᠢ 32358 ᠲᠦᠬᠦᠷᠢᠭ ᠪᠠ 14730 ᠲᠦᠬᠦᠷᠢᠭ ᠲᠤ ᠬᠦᠷᠴᠦ᠂ 8.1% ᠪᠠ 8 %᠎ ᠪᠠᠷ ᠨᠡᠮᠡᠭᠳᠡᠵᠦ᠂

ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠲᠠᠪᠠᠭᠰᠠᠨ ᠪᠠᠶᠢᠨ᠎ᠠ᠃ ᠤᠯᠠᠨ ᠢᠶᠠᠷ ᠢᠶᠠᠨ ᠦᠢᠯᠡᠰ ᠪᠤᠰᠬᠠᠵᠦ ᠲᠦᠮᠡᠨ

᠎ ᠢᠶᠠᠷ ᠢᠶᠠᠨ ᠰᠢᠨ᠎ᠠ ᠶᠢ ᠡᠬᠦᠳᠦᠭᠰᠡᠨ ᠤᠬᠢ ᠰᠠᠶᠢᠨ ᠬᠦᠭᠵᠢᠯᠳᠡ ᠶᠢᠨ ᠬᠠᠨᠳᠤᠰᠢ ᠪᠤᠢ ᠪᠤᠯᠵᠦ᠂ 7500 ᠠᠵᠢᠯ ᠤᠨ

ᠤᠷᠤᠨ ᠲᠤᠭ᠎ᠠ ᠤᠯᠵᠦ᠂ ᠬᠤᠳᠠ ᠬᠦᠳᠡᠭᠡ ᠶᠢᠨ 3900 ᠬᠦᠮᠦᠨ ᠳᠤ ᠠᠵᠢᠯ ᠤᠨ ᠪᠠᠶᠢᠷᠢ ᠬᠠᠩᠭᠠᠵᠦ᠂ ᠬᠤᠳᠠ

ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 2.79%᠎ ᠤᠨ ᠨᠡᠯᠢᠶᠡᠳ ᠲᠤᠤᠷ᠎ᠠ ᠬᠢᠷᠢ ᠲᠦᠪᠰᠢᠨ ᠳᠤ

ᠬᠢᠵᠠᠭᠠᠷᠯᠠᠵᠦ ᠴᠢᠳᠠᠭᠰᠠᠨ ᠪᠠᠶᠢᠨ᠎ᠠ᠃ ᠪᠦᠬᠦ ᠬᠤᠰᠢᠭᠤᠨ ᠤ ᠨᠠᠶᠢᠳᠠ ᠶᠢᠨ ᠪᠤᠰᠤ ᠦᠮᠴᠢᠯᠠᠯᠳᠦ ᠠᠵᠤ ᠠᠬᠤᠶᠢᠯᠠᠯ ᠨᠢ

862 ᠡᠷᠦᠬᠡ ᠳᠤ ᠬᠦᠷᠴᠦ᠂ ᠲᠠᠩᠰᠠᠯᠠᠭᠤᠯᠤᠭᠰᠠᠨ ᠪᠡᠯᠡ ᠮᠦᠩᠬᠦ 44.9 ᠳ᠋ᠦᠩᠰᠢᠭᠤᠷ ᠲᠦᠬᠦᠷᠢᠭ ᠲᠤ ᠬᠦᠷᠴᠦ᠂

ᠠᠳᠠᠯᠢ ᠬᠤᠭᠤᠴᠠᠭᠠᠨ ᠤ ᠬᠢ ᠠᠴᠠ 14.8% ᠪᠠ 25.3%᠎ ᠪᠠᠷ ᠨᠡᠮᠡᠭᠳᠡᠨ᠂ ᠠᠵᠤ ᠠᠬᠤᠢ ᠶᠢᠨ ᠬᠦᠭᠵᠢᠯᠳᠡ ᠶᠢᠨ

ᠠᠮᠢᠵᠢᠷᠠᠯ ᠤᠨ ᠬᠦᠴᠦᠨ ᠤᠯᠠᠮ ᠴᠢᠩᠭᠠᠷᠠᠭᠰᠠᠨ ᠪᠠᠶᠢᠨ᠎ᠠ᠃

     ᠦᠩᠬᠡᠷᠡᠭᠰᠡᠨ ᠨᠢᠬᠡ ᠵᠢᠯ ᠳᠤ ᠪᠢᠳᠠ ᠭᠤᠤᠯᠳᠠᠭᠤ ᠲᠤᠤᠷᠡᠬᠢ ᠠᠵᠢᠯ ᠤᠳ ᠢ ᠬᠢᠪᠠ᠄

      ︵ᠨᠢᠬᠡ︶ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠪᠠ᠃

      ︽ᠬᠤᠨᠢ ᠶᠢ ᠴᠦᠬᠡᠴᠡᠯᠡᠵᠦ ᠦᠬᠡᠷ ᠢ ᠨᠡᠮᠡᠭᠳᠡᠬᠦᠯᠬᠦ︾ ᠲᠦᠷᠦ ᠶᠢᠨ ᠪᠤᠳᠤᠯᠭ᠎ᠠ ᠶᠢ ᠲᠤᠭᠳᠠᠭᠤᠨ

ᠨᠠᠶᠢᠳᠠᠪᠤᠷᠢᠵᠢᠭᠤᠯᠵᠦ᠂ ᠮᠠᠯ ᠠᠵᠤ ᠠᠬᠤᠢ ᠶᠢᠨ ᠲᠤᠭ᠎ᠠ ᠲᠤᠯᠤᠭᠠᠢ ᠶᠢ ᠬᠦᠬᠡᠬᠡᠴᠡᠯᠳᠦᠵᠦ ᠪᠠᠶᠢᠭᠰᠠᠨ ᠢᠶᠠᠨ ᠴᠢᠨᠡᠷ ᠢ

ᠴᠢᠬᠤᠯᠠᠴᠢᠯᠠᠬᠤ ᠵᠦᠭ ᠰᠢᠯᠵᠢᠬᠦ ᠬᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠵᠦ᠂ ︽ᠪᠦᠬᠦ ᠬᠤᠰᠢᠭᠤᠨ ᠤ ᠰᠢᠯᠢᠳᠡᠭ

ᠡᠬᠦᠯᠳᠡᠷ ᠤᠨ ᠮᠢᠬᠠᠨ ᠤ ᠦᠬᠡᠷ ᠤᠨ ᠬᠦᠭᠵᠢᠯᠳᠡ ᠶᠢᠨ ᠲᠦᠯᠦᠪᠵᠢᠬᠦᠯᠬᠡ ︵2016 ᠤᠨ ᠠᠴᠠ 2020 ᠤᠨ︶︾᠎ ᠶᠢ

ᠲᠤᠭᠳᠠᠭᠠᠨ ᠨᠠᠶᠢᠳᠠᠯᠠᠵᠦ᠂ ᠰᠢᠮᠧᠨ᠋ᠲᠷ ᠦᠬᠡᠷ ᠤᠨ 33 ᠭᠤᠤᠯᠳᠠᠯᠭᠠᠳᠤ ᠰᠦᠷᠦᠭ ᠢ ᠪᠠᠶᠢᠭᠤᠯᠤᠨ᠂ ᠤᠯᠤᠰ ᠤᠨ ᠲᠡᠰ ᠤᠨ

ᠰᠢᠯᠢᠳᠡᠭ ᠮᠢᠬᠠᠨ ᠤ ᠦᠬᠡᠷ ᠤᠨ ᠭᠤᠤᠯᠳᠠᠯᠭᠠᠳᠤ ᠦᠷ᠎ᠡ ᠪᠤᠶᠢᠵᠢᠭᠤᠯᠭᠤ 3 ᠲᠠᠯᠠᠪᠠᠢ ᠶᠢ ᠪᠠᠶᠢᠭᠤᠯᠵᠦ᠂ 330 ᠲᠤᠯᠤᠭᠠᠢ

ᠰᠢᠯᠢᠳᠡᠭ ᠡᠬᠦᠯᠳᠡᠷ ᠤᠨ ᠰᠢᠮᠧᠨ᠋ᠲᠷ ᠦᠨᠢᠶ᠎ᠠ ᠶᠢ ᠬᠤᠳᠠᠯᠳᠤᠨ ᠠᠪᠴᠢᠷᠠᠭᠰᠠᠨ ᠪᠠᠶᠢᠨ᠎ᠠ᠃ ᠮᠠᠯ ᠤᠨ ᠲᠤᠭᠠᠯᠠᠯᠳᠠ ᠳᠤ ᠪᠦᠬᠦ

ᠬᠤᠰᠢᠭᠤᠨ ᠤ ᠮᠠᠯ ᠤᠨ ᠶᠡᠷᠤᠩᠬᠡᠢ ᠲᠤᠭ᠎ᠠ ᠲᠤᠯᠤᠭᠠᠢ 79.47 ᠲᠦᠮᠡ ᠳᠤ ᠬᠦᠷᠴᠦ᠂ ᠪᠤᠷᠤᠯᠠᠭᠤᠯᠤᠭᠰᠠᠨ ᠮᠠᠯ ᠤᠨ

ᠲᠤᠭ᠎ᠠ 51.97 ᠲᠦᠮᠡᠨ ᠲᠤᠯᠤᠭᠠᠢ ᠳᠤ ᠬᠦᠷᠴᠦ᠂ ᠪᠤᠳᠠ ᠮᠠᠯ ᠪᠠ ᠪᠤᠭ ᠮᠠᠯ ᠤᠨ ᠡᠬᠦᠯᠳᠡᠷ ᠰᠠᠶᠢᠵᠢᠷᠠᠭᠤᠯᠤᠭᠰᠠᠨ

ᠨᠤᠷᠮ᠎ᠠ ᠨᠢ ᠲᠤᠰ ᠲᠤᠰ 94% ᠪᠠ 97%᠎ ᠳᠤ ᠬᠦᠷᠦᠭᠰᠡᠨ ᠪᠠᠶᠢᠨ᠎ᠠ᠃ ᠡᠪᠡᠰᠤᠨ ᠬᠤᠷᠤᠭ᠎ᠠ᠂ ᠲᠤᠯᠠᠭᠠᠨ ᠫᠧᠩ ᠪᠠ

ᠪᠤᠷᠳᠤᠭᠠᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ 2.86 ᠳ᠋ᠦᠩᠰᠢᠭᠤᠷ

ᠺᠢᠯᠤᠭ᠍ᠷᠡᠮ ᠡᠪᠡᠰᠤ ᠪᠤᠷᠳᠤᠭ᠎ᠠ ᠬᠠᠳᠤᠵᠦ ᠬᠤᠷᠢᠶᠠᠨ᠂ ᠪᠠᠴᠢᠮ ᠢ ᠠᠷᠭᠠᠴᠠᠭᠠᠬᠤ ᠲᠡᠵᠢᠬᠡᠯ ᠪᠤᠷᠳᠤᠭ᠎ᠠ 1850 ᠲᠦᠮᠡᠨ

ᠺᠢᠯᠤᠭ᠍ᠷᠡᠮ ᠨᠦᠬᠡᠴᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢᠨ ᠨᠦᠬᠦᠴᠡᠯ

ᠲᠠᠰᠤᠷᠠᠯᠳᠠ ᠦᠬᠡᠢ ᠰᠠᠶᠢᠵᠢᠷᠠᠵᠦ᠂ ᠭᠠᠮᠰᠢᠭ ᠢ ᠰᠡᠷᠬᠡᠶᠢᠯᠡᠵᠦ  ᠭᠠᠮᠰᠢᠭ ᠲᠠᠢ ᠲᠡᠮᠡᠴᠡᠬᠦ ᠴᠢᠳᠠᠪᠬᠢ ᠲᠠᠰᠤᠷᠠᠯᠳᠠ ᠦᠬᠡᠢ

ᠲᠡᠭᠡᠭᠰᠢᠯᠡᠭᠰᠡᠨ ᠪᠠᠶᠢᠨ᠎ᠠ᠃

      ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠬᠦᠯᠦᠯᠳᠡ ᠶᠢ ᠲᠤᠭᠳᠠᠭᠤᠨ ᠠᠬᠢᠭᠤᠯᠪᠠ᠃ ᠠᠵᠤ

ᠠᠬᠤᠢ ᠶᠢᠨ ᠬᠠᠨᠳᠤᠰᠢ ᠳᠤ ᠰᠤᠳᠤᠯᠤᠨ ᠨᠤᠳᠠᠯᠠᠯᠳᠠ ᠬᠢᠬᠦ ᠪᠠ ᠠᠵᠢᠯᠯᠠᠭ᠎ᠠ ᠶᠢ ᠲᠤᠬᠢᠷᠠᠭᠤᠯᠬᠤ ᠡᠷᠴᠢᠮ ᠢᠶᠠᠨ

ᠴᠢᠩᠭᠠᠳᠬᠠᠨ᠂ 18 ᠡᠷᠦᠬᠡ ᠬᠡᠪᠴᠢᠶᠡᠵᠢᠭᠰᠡᠨ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠠᠵᠢᠯᠯᠠᠭ᠎ᠠ ᠲᠤᠭᠳᠠᠭᠤᠨ

ᠶᠠᠪᠤᠭᠳᠠᠨ᠂ ᠱᠠᠩᠳᠤ ᠴᠠᠬᠢᠯᠭᠠᠨ ᠦᠢᠯᠡᠳᠪᠤᠷᠢ ᠨᠢ 170.5 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠦ᠂ 5 ᠡᠷᠦᠬᠡ

ᠴᠡᠪᠡᠷ ᠡᠨᠧᠷᠬᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠨᠠᠶᠢᠳᠠ 5.2 ᠳ᠋ᠦᠩᠰᠢᠭᠤᠷ ᠭᠷᠡᠳᠦ᠋ᠰ ᠤᠨ ᠴᠠᠬᠢᠯᠭᠠᠨ

ᠭᠠᠷᠭᠠᠨ᠂ ᠴᠠᠬᠢᠯᠭᠠᠨ ᠬᠦᠴᠦᠨ ᠤ ᠡᠨᠧᠷᠬᠢ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠨᠢ ᠪᠦᠬᠦᠶᠢᠯᠡ

ᠬᠡᠪᠴᠢᠶᠡᠵᠢᠭᠰᠡᠨ ᠠᠵᠤ ᠠᠬᠤᠶᠢᠯᠠᠯ ᠤᠨ ᠶᠡᠷᠤᠩᠬᠡᠢ ᠦᠷᠳᠡᠭ ᠤᠨ 86%᠎ ᠠᠴᠠ ᠲᠡᠭᠡᠭᠰᠢ ᠳᠤ ᠬᠦᠷᠴᠦ᠂ ᠠᠵᠤ

ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠶᠡᠷᠤᠩᠬᠡᠢ ᠦᠷᠳᠡᠭ ᠨᠢ 5.82 ᠳ᠋ᠦᠩᠰᠢᠭᠤᠷ ᠲᠦᠬᠦᠷᠢᠭ ᠲᠤ ᠬᠦᠷᠴᠦ᠂ 2.

2 ᠵᠠᠭᠤᠨ ᠤ ᠬᠤᠪᠢ ᠪᠠᠷ ᠨᠡᠮᠡᠭᠳᠡᠭᠰᠡᠨ ᠪᠠᠶᠢᠨ᠎ᠠ᠃ ᠬᠤᠩ ᠵᠢᠶᠠᠩ᠂ ᠹᠦ᠋ ᠶᠠᠩ 2 ᠠᠵᠤ ᠠᠬᠤᠶᠢᠯᠠᠯ ᠨᠢ ᠪᠦᠬᠦ ᠠᠶᠢᠮᠠᠭ

᠎ ᠤᠨ ᠵᠦᠷᠢᠶᠡᠳᠦ ᠴᠠᠬᠢᠯᠭᠠᠨ ᠦᠨ᠎ᠡ ᠶᠢᠨ ᠨᠦᠬᠦᠪᠦᠷᠢ ᠶᠢᠨ ᠬᠡᠪᠴᠢᠶᠠᠨ ᠳᠤ ᠤᠷᠤᠵᠦ᠂ ᠱᠦᠨ ᠴᠧᠩ ᠦᠬᠡᠷ ᠤᠨ ᠮᠢᠬᠠᠨ ᠤ

ᠦᠢᠯᠡᠰ ᠨᠢ ᠬᠡᠪᠴᠢᠶᠡᠵᠢᠭᠰᠡᠨ ᠠᠵᠤ ᠠᠬᠤᠶᠢᠯᠠᠯ ᠤᠨ ᠬᠡᠪᠴᠢᠶᠠᠨ ᠳᠤ ᠤᠷᠤᠭᠰᠠᠨ ᠪᠠᠶᠢᠨ᠎ᠠ᠃ 11 ᠡᠷᠦᠬᠡ ᠪᠠᠷᠢᠯᠭ᠎ᠠ ᠶᠢᠨ

ᠮᠠᠲ᠋ᠧᠷᠢᠶᠠᠯ ᠤᠨ ᠠᠵᠤ ᠠᠬᠤᠶᠢᠯᠠᠯ ᠨᠢ ᠪᠦᠬᠦ ᠠᠶᠢᠮᠠᠭ ᠤᠨ 2016 ᠤᠨ ᠤ ᠠᠵᠦ ᠦᠢᠯᠡᠳᠪᠤᠷᠢ ᠶᠢᠨ ᠪᠦᠳᠦᠭᠡᠭᠳᠡᠬᠦᠨ ᠤ

ᠬᠠᠩᠭᠠᠯᠭ᠎ᠠ ᠬᠡᠷᠡᠭᠴᠡᠬᠡᠨ ᠤ ᠵᠦᠢᠯᠡᠰ ᠤᠨ ᠲᠡᠮᠳᠡᠭᠯᠡᠯ ᠳᠤ ᠤᠷᠤᠭᠰᠠᠨ ᠪᠠᠶᠢᠨ᠎ᠠ᠃

      ︵ᠭᠤᠷᠪᠠ︶ ᠰᠤᠶᠤᠯ ᠵᠢᠭᠤᠯᠴᠢᠯᠠᠯ ᠤᠨ ᠦᠢᠯᠡᠰ ᠢ ᠤᠶᠠᠯᠳᠤᠭᠤᠯᠤᠨ ᠬᠦᠭᠵᠢᠬᠦᠯᠪᠡ᠃ ᠪᠦᠬᠦ ᠠᠶᠢᠮᠠᠭ ᠤᠨ

ᠵᠢᠭᠤᠯᠴᠢᠯᠠᠯ ᠤᠨ ᠲᠠᠨᠢᠯᠴᠠᠭᠤᠯᠤᠨ ᠠᠬᠢᠭᠤᠯᠬᠤ ᠬᠤᠷᠠᠯ ᠢ ᠠᠮᠵᠢᠯᠳᠠ ᠲᠠᠢ ᠲᠠᠭᠠᠭᠠᠴᠢᠯᠠᠨ ᠬᠤᠷᠠᠯᠳᠤᠭᠤᠯᠵᠦ᠂ ︽ᠮᠠᠯᠴᠢᠨ

ᠠᠶᠢᠯ︾ ᠵᠢᠭᠤᠯᠴᠢᠯᠠᠯ ᠤᠨ ᠴᠢᠭ ᠨᠢ 116 ᠡᠷᠦᠬᠡ ᠳᠤ ᠬᠦᠷᠴᠦ᠂ ᠶᠤᠸᠠᠨ ᠤ ᠲᠡᠭᠡᠳᠦ ᠨᠠᠶᠢᠰᠯᠠᠯ ᠤᠨ ᠰᠤᠶᠤᠯ

ᠵᠢᠭᠤᠯᠴᠢᠯᠠᠯ ᠤᠨ ᠠᠵᠤ ᠦᠢᠯᠡᠰ ᠤᠨ ᠲᠤᠭᠤᠷᠢᠭ ᠤᠨ ᠲᠦᠰᠦᠯ ᠢ ᠡᠬᠢᠯᠡᠨ ᠬᠡᠷᠡᠭᠵᠢᠬᠦᠯᠵᠦ᠂ ᠠᠷᠪᠠᠨ ᠲᠦᠷᠪᠡᠳᠦᠬᠡᠷ

ᠬᠤᠭᠤᠴᠠᠭᠠᠨ ᠤ ︽ᠬᠤᠯᠠᠨ ᠰᠢᠷᠭ᠎ᠠ︾ ᠮᠦᠩᠬᠦᠨ ᠡᠪᠤᠯ ᠤᠨ ᠨᠠᠭᠠᠳᠤᠮ ᠪᠠ ᠶᠢᠰᠦᠳᠦᠬᠡᠷ ᠬᠤᠭᠤᠴᠠᠭᠠᠨ ᠤ ︽ᠴᠠᠬᠠᠷ︾

ᠴᠠᠭᠠᠨ ᠢᠳᠡᠬᠡᠨ ᠤ ᠰᠤᠶᠤᠯ ᠤᠨ ᠨᠠᠶᠢᠷ ᠵᠡᠷᠬᠡ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠦ᠂

ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ 5A ᠲᠡᠰ ᠤᠨ ᠦᠵᠡᠮᠵᠢ ᠶᠢᠨ ᠤᠷᠤᠨ ᠢᠶᠠᠷ ᠡᠷᠡᠮᠡᠯᠵᠡᠯᠡᠨ ᠮᠡᠳᠡᠬᠦᠯᠬᠦ

ᠪᠡᠯᠡᠳᠬᠡᠯ ᠠᠵᠢᠯ ᠤᠷᠤᠭᠰᠢᠳᠠᠢ ᠶᠠᠪᠤᠭᠳᠠᠵᠦ᠂ ᠱᠠᠩᠳᠤ ᠪᠠᠯᠭᠠᠰᠤ ᠨᠢ ᠦᠪᠡᠷᠳᠡᠬᠡᠨ ᠵᠠᠰᠠᠬᠤ ᠤᠷᠤᠨ ᠤ ᠲᠡᠤᠬᠡ ᠰᠤᠶᠤᠯ

᠎ ᠤᠨ ᠨᠡᠷᠡᠳᠦ ᠪᠠᠯᠭᠠᠰᠤ ᠪᠠᠷ ᠦᠨᠡᠯᠡᠭᠳᠡᠭᠰᠡᠨ ᠪᠠᠶᠢᠨ᠎ᠠ᠃ ᠵᠢᠯ ᠤᠨ ᠲᠤᠳᠤᠷ᠎ᠠ ᠨᠠᠶᠢᠳᠠ 65 ᠲᠦᠮᠡᠨ ᠬᠦᠮᠦᠨ ᠤᠳᠠᠭ᠎ᠠ ᠶᠢᠨ

ᠵᠤᠭᠠᠴᠠᠭᠰᠠᠳ ᠢ ᠬᠦᠯᠢᠶᠡᠨ ᠠᠪᠴᠤ᠂ 4.5 ᠳ᠋ᠦᠩᠰᠢᠭᠤᠷ ᠲᠦᠬᠦᠷᠢᠭ ᠤᠨ ᠬᠠᠮᠢᠶ᠎ᠠ ᠪᠦᠬᠦᠢ ᠤᠷᠤᠯᠭ᠎ᠠ ᠶᠢ ᠡᠬᠦᠳᠴᠦ᠂

ᠲᠤᠰᠪᠤᠷᠢ 20% ᠪᠠ 32%᠎ ᠪᠠᠷ ᠨᠡᠮᠡᠭᠳᠡᠭᠰᠡᠨ ᠪᠠᠶᠢᠨ᠎ᠠ᠃

      ︵ᠲᠦᠷᠪᠡ︶ ᠭᠤᠤᠯᠳᠠᠯᠭ᠎ᠠ ᠲᠠᠢ ᠲᠦᠰᠦᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠲᠤᠪᠤᠶᠢᠮ᠎ᠠ ᠪᠠᠶᠢᠨ᠎ᠠ᠃

27 ᠵᠦᠢᠯ ᠤᠨ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ ᠢ ᠠᠬᠢᠭᠤᠯᠵᠦ  ᠨᠠᠶᠢᠳᠠ 31.4 ᠳ᠋ᠦᠩᠰᠢᠭᠤᠷ

ᠲᠦᠬᠦᠷᠢᠭ ᠤᠨ ᠪᠡᠯᠡ ᠮᠦᠩᠬᠦ ᠤᠷᠤᠭᠤᠯᠪᠠ᠃ 46 ᠵᠦᠢᠯ ᠤᠨ ᠠᠷᠠᠯᠵᠢᠶᠠᠴᠢᠨ ᠤᠷᠢᠵᠦ ᠪᠡᠯᠡ ᠲᠠᠳᠠᠬᠤ ᠲᠦᠰᠦᠯ ᠢ

ᠬᠡᠷᠡᠭᠵᠢᠬᠦᠯᠵᠦ᠂ ᠠᠶᠢᠮᠠᠭ ᠤᠨ ᠭᠠᠳᠠᠨᠠᠬᠢ 33.5 ᠳ᠋ᠦᠩᠰᠢᠭᠤᠷ ᠲᠦᠬᠦᠷᠢᠭ ᠢ ᠲᠠᠳᠠᠨ ᠠᠪᠴᠢᠷᠠᠭᠰᠠᠨ ᠪᠠᠶᠢᠨ᠎ᠠ᠃ ᠬᠡᠳᠦ

ᠦᠨᠳᠦᠷ ᠬᠦᠴᠦᠳᠡᠯᠳᠦ ᠴᠠᠬᠢᠯᠭᠠᠨ ᠱᠤᠭᠤᠮ ᠢ ᠪᠠᠶᠢᠭᠤᠯᠬᠤ᠂ ᠬᠤᠸᠠ ᠢ ᠰᠠᠯᠬᠢᠨ ᠬᠦᠴᠦᠨ ᠤ ᠴᠠᠬᠢᠯᠭᠠᠨ ᠭᠠᠷᠭᠠᠬᠤ

ᠦᠢᠯᠡᠰ᠂ ᠰᠢ ᠪᠸᠢ ᠢᠳᠡᠬᠡᠨ ᠤᠮᠳᠠᠭᠠᠨ ᠤ ᠦᠢᠯᠡᠰ᠂ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠲᠤᠯᠠᠭᠠᠯᠭ᠎ᠠ

ᠬᠠᠩᠭᠠᠬᠤ ᠦᠬᠡᠷᠡᠴᠢᠯᠡᠯᠳᠡ ᠪᠠ ᠰᠤᠶᠤᠯ ᠤᠨ ᠠᠵᠤ ᠦᠢᠯᠡᠰ ᠤᠨ ᠰᠠᠭᠤᠷᠢᠨ ᠵᠡᠷᠬᠡ ᠭᠤᠤᠯᠳᠠᠯᠭ᠎ᠠ ᠲᠠᠢ ᠲᠦᠰᠦᠯ ᠤᠳ ᠢ

ᠪᠦᠬᠦ ᠲᠠᠯ᠎ᠠ ᠪᠠᠷ ᠵᠤᠬᠢᠴᠠᠭᠤᠯᠤᠨ ᠠᠬᠢᠭᠤᠯᠤᠭᠰᠠᠨ ᠪᠠᠶᠢᠨ᠎ᠠ᠃ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠰᠢᠨ᠎ᠠ

᠎ ᠪᠠᠷ ᠪᠠᠶᠢᠭᠤᠯᠬᠤ ᠲᠤᠬᠠᠢ ᠪᠤᠯᠤᠮᠵᠢᠳᠦ ᠰᠤᠳᠤᠯᠤᠯᠳᠠ ᠶᠢᠨ ᠮᠡᠳᠡᠬᠦᠯᠦᠯᠳᠡ ᠨᠢ ᠤᠯᠤᠰ ᠤᠨ ᠠᠷᠠᠳ ᠤᠨ ᠠᠭᠠᠷ ᠤᠨ ᠠᠶᠠᠯᠠᠯ

᠎ ᠤᠨ ᠲᠤᠪᠴᠢᠶᠠᠨ ᠤ ᠬᠢᠨᠠᠨ ᠵᠦᠪᠰᠢᠶᠡᠷᠡᠯ ᠢ ᠲᠡᠮᠵᠢᠵᠦ᠂ ᠪᠤᠯᠤᠮᠵᠢᠳᠦ ᠰᠤᠳᠤᠯᠤᠯᠳᠠ ᠶᠢᠨ ᠮᠡᠳᠡᠬᠦᠯᠦᠯᠳᠡ ᠶᠢ ᠨᠠᠶᠢᠷᠠᠭᠤᠯᠤᠨ

ᠲᠤᠭᠤᠷᠪᠢᠬᠤ ᠠᠵᠢᠯ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃ ᠪᠡᠭᠡᠵᠢᠩ ᠬᠦᠷᠬᠦ ᠠᠶᠠᠨᠴᠢᠳ ᠤᠨ ᠪᠠ ᠵᠦᠬᠡᠬᠡᠪᠤᠷᠢ ᠶᠢᠨ

ᠲᠦᠷᠬᠡᠨ ᠲᠠᠮᠤᠷ ᠵᠠᠮ ᠤᠨ ᠪᠦᠳᠦᠬᠡᠨ ᠪᠠᠶᠢᠭᠤᠯᠤᠯᠳᠠ ᠶᠢᠨ ᠪᠡᠯᠡᠳᠬᠡᠯ ᠠᠵᠢᠯ ᠠᠮᠵᠢᠯᠳᠠ ᠲᠠᠢ ᠶᠠᠪᠤᠭᠳᠠᠪᠠ᠃

      ︵ᠲᠠᠪᠤ︶ ᠪᠤᠬᠢᠷᠳᠦᠯ ᠦᠬᠡᠢ ᠬᠦᠭᠵᠢᠯᠳᠡ ᠶᠢᠨ ᠦᠵᠡᠯᠳᠡ ᠶᠢ ᠤᠯᠠᠮ ᠪᠠᠳᠤᠵᠢᠭᠤᠯᠪᠠ᠃ ᠦᠨᠳᠦᠰᠦᠨ ᠨᠤᠳᠤᠭ

ᠪᠡᠯᠴᠢᠬᠡᠷ ᠤᠨ ᠬᠠᠮᠠᠭᠠᠯᠠᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢᠨ  ᠰᠡᠷᠡᠮᠵᠢ ᠶᠢᠨ ᠱᠤᠭᠤᠮ ᠤᠨ ᠲᠦᠷᠢᠮ᠂ ᠠᠮᠢ

ᠠᠬᠤᠢ ᠶᠢᠨ ᠪᠤᠯᠪᠠᠰᠤᠨ ᠤ ᠲᠦᠷᠢᠮ ᠤᠨ ᠲᠤᠷᠰᠢᠯᠳᠠ ᠶᠢᠨ ᠴᠢᠭ ᠤᠨ ᠪᠠᠶᠢᠭᠤᠯᠤᠯᠳᠠ ᠶᠢᠨ ᠠᠵᠢᠯ ᠪᠠ ᠰᠢᠨ᠎ᠠ ᠡᠬᠡᠯᠵᠢᠨ ᠤ

ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠠᠳᠤᠳᠠᠢ

ᠨᠠᠶᠢᠳᠠᠪᠤᠷᠢᠵᠢᠭᠤᠯᠪᠠ᠃ ︽ᠰᠢᠯᠤᠭᠤᠨ ᠬᠦᠬᠡ ᠬᠤᠰᠢᠭᠤᠨ ᠤ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠢ

ᠲᠡᠩᠴᠡᠬᠦᠷᠢᠰᠢᠬᠦᠯᠬᠦ ᠲᠦᠷᠢᠮ ᠳᠤ ᠬᠢᠨᠠᠯᠳᠠ ᠲᠠᠯᠪᠢᠬᠤ ᠬᠠᠮᠢᠶᠠᠷᠤᠯᠳᠠ ᠶᠢᠨ ᠲᠦᠷᠢᠮ︾᠎ ᠢ ᠲᠤᠭᠳᠠᠭᠠᠨ᠂ ᠠᠮᠢ ᠠᠬᠤᠢ

ᠤᠷᠴᠢᠨ ᠲᠤᠭᠤᠷᠢᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢ ᠪᠦᠬᠦ ᠲᠠᠯ᠎ᠠ ᠪᠠᠷ ᠴᠢᠩᠭᠠᠳᠬᠠᠨ᠂ ᠶᠤᠸᠠᠨ ᠤ

ᠲᠡᠭᠡᠳᠦ ᠨᠠᠶᠢᠰᠯᠠᠯ ᠤᠨ ᠪᠠᠭᠤᠷᠢ᠂ ᠦᠬᠡᠷᠴᠢᠨ ᠤᠪᠤᠭᠠᠨ ᠤ ᠤᠢ ᠰᠢᠭᠤᠢ ᠶᠢᠨ ᠲᠠᠯᠠᠪᠠᠢ᠂ ᠪᠠᠭ᠎ᠠ ᠵᠢᠭᠠᠰᠤᠳᠠᠢ ᠨᠠᠭᠤᠷ ᠤᠨ

ᠤᠶᠢᠷ᠎ᠠ ᠬᠠᠪᠢ ᠶᠢᠨ ᠭᠤᠤᠯᠳᠠᠯᠭ᠎ᠠ ᠲᠠᠢ ᠤᠷᠤᠨ ᠳᠤ ᠬᠠᠮᠢᠶᠠᠷᠤᠯᠳᠠ ᠬᠢᠵᠦ᠂ ᠦᠨᠳᠦᠷ ᠤᠨᠠᠯᠳᠠᠳᠤ ᠪᠤᠷᠳᠤᠭᠠᠨ ᠰᠠᠭᠤᠷᠢᠨ

ᠭᠠᠵᠠᠷ ᠲᠤ ᠠᠵᠤ ᠠᠬᠤᠢ ᠶᠢᠨ ᠲᠠᠷᠢᠮᠠᠯ ᠲᠠᠷᠢᠬᠤ ᠠᠵᠢᠯᠯᠠᠭ᠎ᠠ ᠶᠢ ᠬᠢᠵᠠᠭᠠᠷᠯᠠᠵᠦ᠂ ᠨᠤᠳᠤᠭ ᠪᠡᠯᠴᠢᠬᠡᠷ ᠢ ᠲᠤᠷ᠎ᠠ ᠪᠠᠷ

ᠬᠠᠭᠠᠯᠪᠤᠷᠢᠯᠠᠭᠰᠠᠨ ᠪᠠ ᠤᠢ ᠰᠢᠭᠤᠢ ᠶᠢ ᠡᠪᠳᠡᠭᠰᠡᠨ᠂ ᠨᠤᠭᠤ ᠭᠠᠵᠠᠷ᠂ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ

ᠪᠠᠶᠠᠯᠢᠭ ᠢ ᠰᠦᠢᠳᠭᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠪᠡ᠃ ᠪᠡᠭᠡᠵᠢᠩ ᠲᠢᠶᠠᠨᠵᠢᠨ ᠤ

ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ 7.7 ᠲᠦᠮᠡᠨ ᠮᠤ᠋ ᠭᠠᠵᠠᠷ ᠲᠤ ᠮᠤᠳᠤ

ᠲᠠᠷᠢᠵᠦ ᠤᠶᠢᠵᠢᠭᠤᠯᠤᠨ᠂ ᠭᠤᠤᠯᠳᠠᠯᠭ᠎ᠠ ᠲᠠᠢ ᠤᠷᠤᠨ ᠤ 4167 ᠮᠤ᠋ ᠭᠠᠵᠠᠷ ᠢ ᠨᠤᠭᠤᠭᠠᠷᠠᠭᠤᠯᠵᠦ᠂ 2.5 ᠲᠦᠮᠡᠨ ᠮᠤ᠋

ᠲᠡᠯᠡᠪᠡᠢ ᠶᠢᠨ ᠡᠯᠡᠰᠦ ᠶᠢ ᠵᠠᠰᠠᠭᠰᠠᠨ ᠪᠦᠬᠡᠳ 7500 ᠮᠤ᠋ ᠲᠠᠯᠠᠪᠠᠢ ᠪᠦᠬᠦᠢ ᠵᠢᠵᠢᠭ ᠰᠠᠪᠠ ᠭᠠᠵᠠᠷ ᠤᠨ ᠤᠷᠤᠨ ᠢ

ᠶᠡᠷᠤᠩᠬᠡᠶᠢᠯᠡᠨ ᠵᠠᠰᠠᠭᠰᠠᠨ ᠪᠠᠶᠢᠨ᠎ᠠ᠃ ᠨᠢᠬᠡᠴᠢ GDP᠎ ᠤᠨ ᠡᠨᠧᠷᠬᠢ ᠶᠢᠨ ᠬᠤᠷᠤᠭᠳᠠᠯ᠂ ᠪᠤᠬᠢᠷ ᠪᠤᠳᠠᠰ ᠤᠨ

ᠭᠠᠳᠠᠭᠰᠢᠯᠠᠭᠤᠯᠤᠯᠳᠠ ᠶᠢᠨ ᠬᠡᠮᠵᠢᠶ᠎ᠠ ᠨᠢ ᠦᠷᠬᠦᠯᠵᠢᠯᠡᠨ ᠪᠠᠭᠤᠷᠠᠵᠦ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠡᠷ

ᠤᠯᠠᠮ ᠰᠠᠶᠢᠵᠢᠷᠠᠵᠦ᠂ ︽ᠬᠦᠬᠡ ᠤᠭᠳᠠᠷᠭᠤᠢ᠂ ᠨᠤᠮᠢᠨ ᠲᠠᠯ᠎ᠠ᠂ ᠲᠤᠩᠭᠠᠯᠠᠭ ᠤᠰᠤ︾᠎ ᠲᠠᠢ ᠦᠵᠡᠮᠵᠢᠳᠦ ᠰᠠᠶᠢᠬᠠᠨ

ᠤᠷᠤᠨ ᠢᠶᠠᠨ ᠪᠦᠳᠦᠮᠵᠢᠳᠡᠢ ᠬᠠᠮᠠᠭᠠᠯᠠᠵᠦ ᠴᠢᠳᠠᠪᠠ᠃

      ︵ᠵᠢᠷᠭᠤᠭ᠎ᠠ︶ ᠬᠦᠭᠵᠢᠯᠳᠡ ᠶᠢᠨ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠵᠠᠰᠠᠭ ᠢ ᠴᠤᠮᠬᠠᠳᠬᠠᠵᠦ

ᠡᠷᠬᠡ ᠶᠢ ᠰᠤᠯᠠᠯᠠᠬᠤ᠂ ᠰᠤᠯᠠᠯᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ︽ᠰᠤᠯᠠᠯᠠᠬᠤ ᠬᠠᠮᠢᠶᠠᠷᠬᠤ

ᠦᠢᠯᠡᠴᠢᠯᠡᠬᠦ︾ ᠦᠬᠡᠷᠡᠴᠢᠯᠡᠯᠳᠡ ᠶᠢ ᠰᠢᠯᠢᠳᠡᠭᠵᠢᠬᠦᠯᠵᠦ᠂ ᠵᠢᠯ ᠤᠨ ᠲᠤᠳᠤᠷ᠎ᠠ 86 ᠲᠦᠷᠦᠯ ᠤᠨ ᠦᠬᠡᠷᠡᠴᠢᠯᠡᠯᠳᠡ ᠶᠢᠨ

ᠦᠷ᠎ᠡ ᠪᠦᠳᠦᠮᠵᠢ ᠤᠯᠬᠤ ᠪᠠᠷ ᠲᠤᠭᠳᠠᠨ᠂ 67 ᠲᠦᠷᠦᠯ ᠤᠨ ᠦᠬᠡᠷᠡᠴᠢᠯᠡᠯᠳᠡ ᠶᠢᠨ ᠡᠬᠦᠷᠬᠡ ᠶᠢ ᠨᠠᠶᠢᠳᠠᠪᠤᠷᠢᠵᠢᠭᠤᠯᠤᠨ

ᠠᠬᠢᠭᠤᠯᠵᠦ᠂ 7  ᠵᠦᠢᠯ ᠤᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠢᠭ ᠢ ᠲᠤᠭᠳᠠᠭᠠᠨ᠂ ᠵᠠᠰᠠᠭ ᠵᠠᠬᠢᠷᠭᠠᠨ ᠤ ᠬᠢᠨᠠᠨ

ᠵᠦᠪᠰᠢᠶᠡᠷᠡᠯ ᠤᠨ ᠵᠦᠢᠯᠡᠰ ᠢ ᠴᠤᠮᠬᠠᠳᠬᠠᠵᠦ 268 ᠲᠦᠷᠦᠯ ᠪᠤᠯᠭᠠᠨ᠂ ︽ᠲᠠᠪᠤᠨ ᠬᠡᠷᠡᠴᠢ ᠶᠢ ᠨᠢᠬᠡᠳᠬᠡᠵᠦ᠂ ᠨᠢᠬᠡ

ᠦᠨᠡᠮᠯᠡᠯ ᠨᠢᠬᠡ ᠳ᠋ᠤᠭᠠᠷ ᠪᠤᠯᠭᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠨ᠎ᠠ᠃ ᠡᠯᠧᠺᠲᠷᠤᠨ

ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠵᠢᠱᠢᠶ᠎ᠡ ᠦᠵᠡᠬᠦᠯᠬᠦ ᠰᠢᠶᠠᠨ ᠤ ᠲᠦᠰᠦᠯ ᠢ

ᠠᠮᠵᠢᠯᠳᠠ ᠲᠠᠢ ᠠᠬᠢᠭᠤᠯᠵᠦ᠂ ᠪᠦᠬᠦ ᠬᠤᠰᠢᠭᠤᠨ ᠤ ᠡᠯᠧᠺᠲᠷᠤᠨ ᠬᠤᠳᠠᠯᠳᠤᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ

ᠸᠢᠴᠡᠲ ᠬᠤᠳᠠᠯᠳᠤᠭᠠᠨ ᠤ ᠲᠡᠯᠬᠡᠬᠦᠷ ᠤᠨ ᠲᠤᠭ᠎ᠠ 211᠎ ᠳᠤ ᠬᠦᠷᠴᠦ᠂ ᠰᠦᠯᠵᠢᠶᠠᠨ ᠲᠡᠭᠡᠷᠡᠬᠢ ᠰᠤᠯᠢᠯᠴᠠᠭᠠᠨ ᠤ

ᠶᠡᠷᠤᠩᠬᠡᠢ ᠦᠷᠳᠡᠭ ᠨᠢ 2900 ᠲᠦᠮᠡᠨ ᠲᠦᠬᠦᠷᠢᠭ ᠢ ᠲᠠᠪᠠᠵᠠᠢ᠃ ᠲᠤᠭᠳᠠᠮᠠᠯ ᠬᠦᠷᠦᠩᠬᠡ ᠶᠢ ᠨᠢᠬᠡᠳᠦᠯᠳᠡᠢ ᠲᠠᠩᠰᠠᠯᠠᠬᠤ

ᠠᠵᠢᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠲᠤᠭᠳᠠᠮᠠᠯ ᠬᠦᠷᠦᠩᠬᠡ ᠲᠠᠩᠰᠠᠯᠠᠬᠤ ᠲᠦᠪ ᠢ ᠪᠠᠶᠢᠭᠤᠯᠪᠠ᠃ 4

ᠡᠷᠦᠬᠡ ᠦᠢᠯᠡᠴᠢᠯᠡᠬᠡᠨ ᠤ ᠠᠵᠤ ᠠᠬᠤᠶᠢᠯᠠᠯ ᠢ ᠬᠡᠪᠴᠢᠶᠠᠵᠢᠭ᠍ᠰᠡᠨ ᠠᠵᠤ ᠠᠬᠤᠶᠢᠯᠠᠯ ᠤᠨ ᠡᠩᠨᠡᠬᠡᠨ ᠳᠤ ᠤᠷᠤᠭᠤᠯᠵᠦ᠂  

ᠪᠦᠬᠦ ᠬᠤᠰᠢᠭᠤᠨ ᠤ ᠬᠡᠪᠴᠢᠶᠡᠵᠢᠭᠰᠡᠨ ᠦᠢᠯᠡᠴᠢᠯᠡᠬᠡᠨ ᠤ ᠠᠵᠤ ᠠᠬᠤᠶᠢᠯᠠᠯ ᠤᠨ ᠶᠡᠷᠤᠩᠬᠡᠢ ᠲᠤᠭ᠎ᠠ ᠨᠢ 12 ᠡᠷᠦᠬᠡ ᠳᠤ

ᠬᠦᠷᠪᠡ᠃ ᠱᠠᠩᠳᠤ ᠪᠠᠯᠭᠠᠰᠤᠨ ᠤ ᠶᠡᠷᠤᠩᠬᠡᠢ ᠲᠦᠯᠦᠪᠵᠢᠬᠦᠯᠭᠡ ᠳᠤ ᠦᠨᠡᠯᠡᠯᠳᠡ ᠬᠢᠬᠦ ᠠᠵᠢᠯ ᠢ ᠲᠠᠭᠤᠰᠬᠠᠨ᠂ ᠬᠤᠳᠠ

᠎ ᠶᠢᠨ ᠪᠦᠳᠦᠬᠡᠨ ᠪᠠᠶᠢᠭᠤᠯᠤᠯᠳᠠ ᠳᠤ 8400 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠵᠠᠮ ᠬᠠᠷᠢᠯᠴᠠᠭᠠᠨ ᠤ

ᠪᠦᠳᠦᠬᠡᠨ ᠪᠠᠶᠢᠭᠤᠯᠤᠯᠳᠠ ᠳᠤ 2.37 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠰᠠᠭᠤᠷᠢ ᠪᠦᠳᠦᠬᠡᠨ

ᠪᠠᠶᠢᠭᠤᠯᠤᠯᠳᠠ ᠶᠢᠨ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢ ᠠᠴᠢᠶᠠᠯᠠᠬᠤ ᠴᠢᠳᠠᠪᠬᠢ ᠤᠯᠠᠮ ᠨᠡᠮᠡᠭᠳᠡᠭᠰᠡᠨ ᠪᠠᠶᠢᠨ᠎ᠠ

      ︵ᠲᠤᠯᠤᠭ᠎ᠠ︶ ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠬᠢ ᠦᠷᠬᠦᠯᠵᠢᠯᠡᠨ ᠲᠡᠭᠡᠭᠰᠢᠯᠡᠪᠡ᠃ ᠪᠦᠬᠦ

ᠬᠤᠰᠢᠭᠤᠨ ᠤ ᠠᠷᠠᠳ ᠤᠨ ᠠᠮᠢᠳᠤᠷᠠᠯ ᠤᠨ ᠲᠦᠰᠦᠯ ᠳᠤ 7.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂

ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 51%᠎ ᠠᠴᠠ ᠲᠡᠭᠡᠭᠰᠢᠬᠢ ᠶᠢ ᠡᠵᠡᠯᠡᠵᠡᠢ᠃

ᠲᠤᠰᠬᠠᠢ ᠨᠦᠬᠦᠪᠦᠷᠢ ᠶᠢᠨ ᠺᠠᠷᠲ ᠢᠶᠠᠷ ᠮᠠᠯᠴᠢᠨ ᠲᠠᠷᠢᠶᠠᠴᠢᠨ ᠳᠤ 2.64 ᠳ᠋ᠦᠩᠰᠢᠭᠤᠷ ᠲᠦᠬᠦᠷᠢᠭ ᠤᠨ ᠠᠷᠠᠳ ᠲᠤ

ᠠᠰᠢᠭ ᠬᠦᠷᠳᠡᠬᠡᠬᠦ ᠨᠦᠬᠦᠪᠦᠷᠢ ᠮᠦᠩᠬᠦ ᠪᠠᠭᠤᠯᠭᠠᠵᠦ᠂ 19.9 ᠲᠦᠮᠡᠨ ᠡᠷᠦᠬᠡ ᠤᠳᠠᠭ᠎ᠠ ᠳᠤ ᠬᠦᠷᠪᠡ᠂ ᠡᠬᠦᠨ ᠳᠤ 3.8

ᠲᠦᠮᠡᠨ ᠶᠠᠳᠠᠭᠤ ᠬᠦᠴᠢᠷᠳᠡᠢ ᠤᠯᠠᠨ ᠲᠦᠮᠡᠨ ᠢ ᠭᠤᠤᠯᠳᠠᠯᠭ᠎ᠠ ᠲᠠᠢ ᠲᠡᠮᠵᠢᠵᠦ᠂ ᠶᠠᠳᠠᠭᠤ ᠬᠦᠴᠢᠷᠳᠡᠢ ᠤᠯᠠᠨ ᠲᠦᠮᠡᠨ ᠢ

ᠪᠦᠬᠦᠨ ᠢ ᠲᠡᠮᠵᠢᠨ ᠲᠤᠰᠠᠯᠠᠬᠤ ᠬᠠᠷᠠᠯᠳᠠ ᠪᠠᠨ ᠪᠡᠶᠡᠯᠡᠬᠦᠯᠵᠡᠢ᠃ ︽ᠠᠷᠪᠠ ᠶᠢ ᠨᠡᠶᠢᠳᠡᠮ ᠪᠦᠷᠬᠦᠬᠦᠯᠬᠦ ᠢᠨᠵᠧᠨᠧᠷᠢᠩ︾᠂

ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢᠶᠠᠷ ᠲᠠᠮᠵᠢᠵᠦ᠂ ᠬᠦᠳᠡᠭᠡ ᠲᠤᠰᠬᠤᠨ ᠤ ᠲᠦᠷᠢ

ᠲᠦᠷᠬᠦ ᠪᠠ ᠮᠠᠯᠴᠢᠨ ᠲᠠᠷᠢᠶᠠᠴᠢᠳ ᠤᠨ ᠠᠮᠢᠳᠤᠷᠠᠯ ᠦᠢᠯᠡᠳᠪᠤᠷᠢᠯᠡᠯ ᠳᠤ ᠢᠯᠡᠳᠳᠡ ᠬᠤᠪᠢᠷᠠᠯᠳᠠ ᠭᠠᠷᠤᠭᠰᠠᠨ ᠪᠠᠶᠢᠨ᠎ᠠ᠃

ᠦᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠬᠤᠰᠢᠭᠤᠨ ᠤ ᠡᠩᠨᠡᠬᠡᠨ ᠠᠴᠠ ᠮᠤᠯᠳᠤᠷᠠᠬᠤ ᠠᠵᠢᠯ ᠤᠷᠤᠭᠰᠢᠳᠠᠢ

ᠶᠠᠪᠤᠭᠳᠠᠵᠦ᠂ 1325 ᠬᠦᠮᠦᠨ ᠶᠠᠳᠠᠭᠤ ᠠᠴᠠ ᠠᠩᠬᠢᠵᠢᠷᠠᠪᠠ᠃ ᠤᠯᠠᠨ ᠲᠦᠮᠡᠨ ᠳᠤ ᠲᠤᠰᠠᠳᠠᠢ ᠪᠤᠳᠠᠳᠠᠢ ᠠᠵᠢᠯ ᠬᠢᠬᠦ ᠶᠢ

ᠴᠢᠬᠤᠯᠠᠴᠢᠯᠠᠨ᠂ 3219 ᠮᠠᠯᠴᠢᠨ ᠲᠠᠷᠢᠶᠠᠴᠢᠨ ᠳᠤ ᠰᠦᠢᠳᠬᠡᠯ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠪᠠ᠃  

ᠭᠠᠴᠠᠭ᠎ᠠ ᠲᠤᠰᠬᠤᠨ ᠳᠤ 68 ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠵᠦ᠂ 80 ᠭᠠᠴᠠᠭ᠎ᠠ

ᠲᠤᠰᠬᠤᠨ ᠤ ᠰᠤᠶᠤᠯ ᠤᠨ ᠬᠡᠷ ᠲᠤ ᠬᠦᠳᠡᠯᠪᠤᠷᠢ ᠠᠵᠢᠯᠯᠠᠭᠠᠨ ᠤ ᠲᠤᠨᠤᠭ ᠲᠦᠬᠦᠬᠡᠷᠦᠮᠵᠢ ᠪᠦᠷᠢᠳᠦᠬᠦᠯᠵᠦ᠂ ᠰᠤᠮᠤ

ᠪᠠᠯᠭᠠᠰᠤᠨ ᠳᠤ ᠶᠡᠷᠤᠩᠬᠡᠶᠢᠯᠡᠭᠰᠡᠨ ᠰᠤᠶᠤᠯ ᠤᠨ ᠦᠷᠳᠡᠭᠡ ᠲᠠᠢ ᠪᠠᠶᠢᠬᠤ᠂ 70%᠎ ᠤᠨ ᠭᠠᠴᠠᠭ᠎ᠠ ᠲᠤᠰᠬᠤᠨ ᠳᠤ ᠰᠤᠶᠤᠯ

᠎ ᠤᠨ ᠬᠡᠷ ᠲᠠᠢ ᠪᠤᠯᠬᠤ ᠬᠠᠷᠠᠯᠳᠠ ᠪᠠᠨ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃ ᠬᠤᠳᠠ ᠪᠠᠯᠭᠠᠰᠤᠨ ᠤ ᠲᠤᠰᠬᠠᠢ

ᠮᠡᠷᠬᠡᠵᠢᠯ ᠤᠨ ᠴᠢᠳᠠᠪᠤᠷᠢ ᠪᠠ ᠤᠶᠢᠯᠡᠰ ᠪᠤᠰᠬᠠᠬᠤ ᠪᠤᠯᠪᠠᠰᠤᠷᠠᠯ ᠢ 1792 ᠬᠦᠮᠦᠨ ᠤᠳᠠᠭ᠎ᠠ ᠡᠷᠬᠢᠯᠡᠪᠡ᠃ ᠠᠷᠠᠳ

ᠢᠷᠬᠡᠳ ᠤᠨ ᠠᠮᠤᠭᠤᠯᠠᠩ ᠰᠠᠭᠤᠴᠠ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠨᠠᠶᠢᠳᠠ ᠶᠢᠨ ᠲᠦᠷᠢᠶᠡᠰᠦᠨ ᠬᠡᠷ

᠎ ᠢ 280 ᠢᠵᠢ ᠪᠠᠶᠢᠭᠤᠯᠤᠨ᠂ ᠪᠤᠷᠤ ᠬᠡᠷ ᠤᠨ ᠲᠤᠭᠤᠷᠢᠭ ᠤᠨ 300 ᠡᠷᠦᠬᠡ ᠶᠢ ᠵᠠᠰᠠᠨ ᠰᠢᠨᠡᠴᠢᠯᠡᠪᠡ᠃ 391 ᠰᠠᠤᠷᠢ

ᠬᠤᠳᠳᠤᠭ ᠮᠠᠯᠳᠠᠨ᠂ 4861 ᠬᠦᠮᠦᠨ ᠪᠠ 3.1 ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ

ᠠᠰᠠᠭᠤᠳᠠᠯ ᠢ ᠰᠢᠢᠳᠪᠤᠷᠢᠯᠡᠪᠡ᠃

      ᠨᠡᠶᠢᠬᠡᠮ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠰᠤᠷᠭᠠᠨ

ᠬᠦᠮᠦᠵᠢᠯ᠂ ᠡᠮ ᠡᠮᠨᠡᠯᠬᠡ᠂ ᠰᠤᠶᠤᠯ᠂ ᠠᠵᠢᠯ ᠤᠯᠭᠤᠯᠳᠠ ᠶᠢᠨ ᠠᠵᠢᠯ ᠲᠤᠭᠳᠠᠭᠤᠨ  ᠶᠠᠪᠤᠭᠳᠠᠵᠦ᠂ ᠰᠤᠷᠭᠠᠨ ᠬᠦᠮᠦᠵᠢᠯ

᠎ ᠤᠨ ᠶᠠᠰᠤ ᠴᠢᠨᠡᠷ ᠢ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯ ᠤᠨ ᠬᠠᠷᠠᠯᠳᠠ ᠶᠢ ᠲᠤᠭᠳᠠᠭᠠᠨ᠂ ᠮᠠᠨ ᠤ ᠬᠤᠰᠢᠭᠤ ᠨᠢ

ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠳᠡ ᠦᠨᠳᠦᠰᠦᠨ ᠳᠡᠭᠡᠨ ᠲᠡᠩᠴᠡᠬᠦᠷᠢᠳᠡᠢ ᠰᠢᠶᠠᠨ ᠤ

ᠬᠢᠨᠠᠨ ᠦᠨᠡᠯᠡᠯᠳᠡ ᠳᠤ ᠬᠢᠷᠢ ᠲᠡᠩᠴᠡᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠳᠤ ᠬᠦᠨᠵᠡᠬᠡᠢ

ᠦᠬᠡᠷᠡᠴᠢᠯᠡᠯᠳᠡ ᠬᠢᠵᠦ᠂ ᠡᠮᠴᠢᠯᠡᠬᠡᠨ ᠤ ᠦᠢᠯᠡᠴᠢᠯᠡᠬᠡᠨ ᠤ ᠰᠢᠰᠲ᠋ᠧᠮ ᠲᠠᠰᠤᠷᠠᠯᠳᠠ ᠦᠬᠡᠢ ᠲᠡᠬᠦᠯᠳᠡᠷᠵᠢᠪᠡ᠃ ᠪᠦᠬᠦ

ᠠᠷᠠᠳ ᠤᠨ ᠡᠷᠡᠬᠦᠯ ᠮᠡᠨᠳᠤ ᠶᠢ ᠴᠢᠬᠤᠯᠠᠴᠢᠯᠠᠨ᠂ ᠡᠷᠡᠬᠦᠯ ᠠᠮᠢᠳᠤᠷᠠᠯ ᠤᠨ ᠠᠷᠭ᠎ᠠ ᠬᠡᠯᠪᠡᠷᠢ ᠶᠢ ᠤᠬᠠᠭᠤᠯᠬᠤ ᠶᠢᠨ ᠬᠠᠮᠳᠤ

ᠡᠪᠡᠳᠴᠢᠨ ᠬᠢᠵᠢᠭ ᠢ ᠰᠡᠷᠬᠡᠶᠢᠯᠡᠬᠦ ᠲᠤᠬᠠᠢ ᠬᠦᠮᠦᠵᠢᠯ ᠬᠦᠷᠳᠡᠭᠡᠭᠰᠡᠨ ᠠᠴᠠ ᠪᠦᠬᠦ ᠬᠤᠰᠢᠭᠤᠨ ᠤ ᠬᠡᠪᠴᠢᠶᠠᠨ ᠳᠤ ᠤᠯᠠᠨ

ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠭᠠᠷᠤᠭᠰᠠᠨ ᠦᠬᠡᠢ᠃ ᠬᠦᠮᠦᠨ ᠠᠮᠠ ᠶᠢᠨ ᠬᠠᠷᠠᠯᠳᠠᠳᠤ ᠬᠠᠮᠢᠶᠠᠷᠤᠯᠳᠠ ᠶᠢᠨ

ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ︽ᠬᠤᠶᠠᠷ ᠬᠡᠤᠬᠡᠳ ᠠᠪᠬᠤ︾ ᠲᠦᠷᠦ ᠶᠢᠨ ᠪᠤᠳᠤᠯᠭ᠎ᠠ ᠶᠢ

ᠪᠦᠬᠦ ᠲᠠᠯ᠎ᠠ ᠪᠠᠷ ᠲᠤᠤᠱᠯᠠᠭᠤᠯᠪᠠ᠃ ᠤᠯᠠᠮᠵᠢᠯᠠᠯᠳᠤ ᠮᠤᠩᠭᠤᠯ ᠡᠮ ᠡᠮᠨᠡᠯᠬᠡ ᠶᠢᠨ ᠦᠬᠡᠷᠡᠴᠢᠯᠡᠯᠳᠡ ᠶᠢ ᠠᠬᠢᠭᠤᠯᠤᠨ᠂

ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠨᠢ ᠦᠪᠡᠷᠳᠡᠬᠡᠨ ᠵᠠᠰᠠᠬᠤ ᠤᠷᠤᠨ ᠤ ᠰᠢᠯᠭᠠᠨ

ᠪᠠᠶᠢᠴᠠᠭᠠᠯᠳᠠ ᠶᠢ ᠦᠩᠬᠡᠷᠡᠬᠡᠵᠦ᠂ ᠪᠦᠬᠦ ᠠᠶᠢᠮᠠᠭ ᠤᠨ ᠴᠤᠷ ᠤᠨ ᠭᠠᠭᠴᠠ ᠬᠤᠰᠢᠭᠤ ᠱᠠᠳᠤᠨ ᠤ ᠡᠮ ᠨᠠᠶᠢᠷᠠᠭᠤᠯᠬᠤ

ᠲᠠᠰᠤᠭ ᠲᠠᠢ ᠮᠤᠩᠭᠤᠯ ᠡᠮᠨᠡᠯᠬᠡ ᠶᠢᠨ ᠬᠤᠷᠢᠶ᠎ᠠ ᠪᠤᠯᠤᠭᠰᠠᠨ ᠪᠠᠶᠢᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ

ᠬᠦᠳᠡᠯᠬᠡᠬᠡᠨ ᠪᠠ ᠬᠤᠳᠠ ᠬᠦᠳᠡᠭᠡ ᠶᠢᠨ ᠤᠷᠴᠢᠨ ᠲᠤᠭᠤᠷᠢᠨ ᠤ ᠴᠡᠭᠴᠡᠯᠡᠯᠳᠡ ᠶᠢᠨ ᠠᠵᠢᠯᠯᠠᠭ᠎ᠠ ᠶᠢ ᠰᠠᠶᠢᠳᠦᠷ

ᠦᠷᠨᠢᠬᠦᠯᠵᠦ᠂ ᠤᠯᠤᠰ ᠤᠨ ᠪᠠ ᠮᠤᠵᠢ ᠶᠢᠨ ᠲᠡᠰ ᠤᠨ ᠵᠠᠰᠠᠮᠠᠯ ᠵᠠᠮ ᠤᠨ ᠬᠠᠵᠠᠭᠤ ᠪᠤᠶᠤ ᠭᠤᠤᠯᠳᠠᠯᠭ᠎ᠠ ᠲᠠᠢ ᠤᠷᠤᠨ ᠤ

ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠨᠡᠯᠢᠶᠡᠳ ᠠᠮᠵᠢᠯᠳᠠ ᠤᠯᠪᠠ᠃ ᠢᠳᠡᠬᠡᠨ ᠤᠮᠳᠠᠭᠠᠨ ᠡᠮ

ᠲᠠᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠦᠷᠬᠦᠯᠵᠢᠯᠡᠨ ᠪᠤᠵᠠᠭᠠᠶᠢᠷᠠᠵᠦ᠂ ᠪᠦᠬᠦ ᠬᠤᠰᠢᠭᠤᠨ

᠎ ᠤ ᠬᠤᠭᠤᠯᠠᠨ ᠤ ᠰᠠᠪᠠ ᠬᠡᠷᠡᠭᠰᠡᠯ ᠠᠷᠢᠭᠤᠳᠬᠠᠨ ᠴᠡᠪᠡᠷᠯᠡᠬᠦ ᠠᠵᠦ ᠠᠬᠤᠶᠢᠯᠠᠯ ᠳᠤ ᠪᠠᠷᠢᠮᠵᠢᠶ᠎ᠠ ᠲᠤᠭᠳᠠᠭᠠᠨ᠂ ᠬᠢᠨᠠᠨ

ᠬᠠᠮᠢᠶᠠᠷᠬᠤ ᠡᠷᠴᠢᠮ ᠢᠶᠠᠨ ᠤᠯᠠᠮ ᠴᠢᠩᠭᠠᠳᠬᠠᠪᠠ᠃ ᠰᠤᠶᠤᠯ ᠤᠷᠠᠯᠢᠭ ᠤᠨ ᠵᠤᠬᠢᠶᠠᠨ ᠪᠦᠳᠦᠬᠡᠬᠦ ᠪᠠ ᠪᠤᠳᠠᠰ ᠤᠨ ᠪᠤᠰᠤ

ᠰᠤᠶᠤᠯ ᠤᠨ ᠦᠪ ᠢ ᠬᠠᠮᠠᠭᠠᠯᠠᠬᠤ ᠠᠵᠢᠯ ᠤᠨ ᠡᠷᠴᠢᠮ ᠴᠢᠩᠭᠠᠷᠠᠵᠦ᠂ ︽ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ

ᠬᠠᠮᠠᠭᠠᠯᠠᠯᠳᠠ ᠶᠢᠨ ᠲᠦᠷᠢᠮ︾ ᠡᠷᠴᠢᠮᠳᠠᠢ ᠨᠠᠶᠢᠳᠠᠪᠤᠷᠢᠵᠢᠭᠳᠠᠪᠠ᠃ ᠦᠨᠳᠦᠰᠦᠳᠡᠨ ᠤ ᠪᠦᠯᠬᠦᠮᠳᠡᠯ᠂ ᠱᠠᠰᠢᠨ ᠰᠤᠷᠳᠠᠬᠤᠨ

᠎ ᠤ ᠡᠶ᠎ᠡ  ᠵᠤᠬᠢᠴᠠᠯ ᠤᠯᠠᠮ ᠨᠢᠬᠡ ᠠᠯᠬᠤᠮ ᠪᠠᠳᠤᠵᠢᠵᠦ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ

ᠦᠷᠬᠦᠯᠵᠢᠯᠡᠨ ᠴᠢᠩᠭᠠᠳᠬᠠᠵᠦ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠬᠡᠨ ᠦᠵᠡᠬᠦᠯᠬᠡ

᠎ ᠶᠢᠨ ᠲᠢᠩᠬᠢᠮ ᠢ ᠬᠡᠷᠡᠭᠯᠡᠯᠳᠡ ᠳᠤ ᠤᠷᠤᠭᠤᠯᠪᠠ᠃ ᠠᠷᠠᠳ ᠤᠨ ᠵᠡᠪᠰᠡᠭᠳᠤ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ

᠂ ᠠᠷᠠᠳ ᠤᠨ ᠠᠭᠠᠷ ᠤᠨ ᠰᠡᠷᠬᠡᠶᠢᠯᠡᠯᠳᠡ᠂ ᠴᠠᠭ ᠠᠭᠤᠷ ᠤᠨ ᠠᠵᠢᠯ ᠤᠯᠠᠮ ᠬᠦᠭᠵᠢᠪᠡ᠃ ᠡᠮᠡᠭᠳᠡᠶᠢᠴᠦᠳ ᠬᠡᠤᠬᠡᠳ᠂

ᠦᠨᠳᠦᠷ ᠨᠠᠰᠤᠳᠠᠨ᠂ ᠵᠡᠮᠳᠡᠭᠴᠤᠳ ᠤᠨ ᠠᠵᠢᠯ ᠢ ᠤᠯᠠᠮ ᠢᠶᠠᠷ  ᠴᠢᠩᠭᠠᠳᠬᠠᠪᠠ᠃ ᠲᠤᠭᠳᠠᠭᠤᠨ ᠨᠡᠶᠢᠬᠡᠮ ᠢ ᠪᠠᠶᠢᠭᠤᠯᠬᠤ

ᠢᠨᠵᠧᠨᠧᠷᠢᠩ᠂ ᠠᠶᠤᠯᠬᠦᠢ ᠦᠢᠯᠡᠳᠪᠤᠷᠢᠯᠡᠯ ᠤᠨ ᠵᠠᠭᠤᠨ ᠬᠤᠨᠤᠭ ᠤᠨ ᠪᠠᠶᠢᠴᠠᠭᠠᠯᠳᠠ ᠶᠢᠨ ᠠᠵᠢᠯᠯᠠᠭ᠎ᠠ ᠵᠡᠷᠬᠡ ᠰᠢᠷᠢᠰ

ᠲᠤᠰᠬᠠᠢ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠡᠯ᠎ᠠ ᠲᠦᠷᠦᠯ ᠤᠨ ᠶᠠᠯᠠᠳᠤ ᠠᠵᠢᠯᠯᠠᠭ᠎ᠠ ᠳᠤ ᠬᠦᠴᠦᠳᠠᠢ ᠴᠤᠬᠢᠯᠳᠠ

ᠦᠭᠴᠦ᠂ ᠨᠡᠶᠢᠬᠡᠮ ᠤᠨ ᠵᠦᠷᠢᠴᠡᠯ ᠵᠢᠭᠤᠷᠭᠠᠨ ᠢ ᠬᠠᠤᠯᠢ ᠶᠤᠰᠤᠭᠠᠷ ᠡᠶᠡᠳᠡᠬᠦᠯᠦᠨ᠂ ᠠᠶᠤᠯᠬᠦᠢ ᠦᠢᠯᠡᠳᠪᠤᠷᠢᠯᠡᠯ ᠤᠨ ᠬᠡᠮ

ᠰᠤᠭᠤᠭ ᠢ ᠪᠠᠶᠢᠴᠠᠭᠠᠨ ᠵᠠᠰᠠᠪᠤᠷᠢᠯᠠᠵᠦ᠂ ᠨᠡᠶᠢᠬᠡᠮ ᠤᠨ ᠲᠤᠭᠳᠠᠭᠤᠨ ᠢ ᠦᠷᠬᠦᠯᠵᠢᠯᠡᠨ ᠪᠠᠳᠤᠯᠠᠵᠦ᠂ ᠨᠡᠶᠢᠬᠡᠮ ᠤᠨ

ᠬᠠᠮᠢᠶᠠᠷᠤᠯᠳᠠ ᠶᠢᠨ ᠴᠢᠳᠠᠪᠬᠢ ᠲᠠᠰᠤᠷᠠᠯᠳᠠ ᠦᠬᠡᠢ ᠲᠡᠭᠡᠭᠰᠢᠯᠡᠵᠦ᠂ ᠤᠯᠠᠨ ᠲᠦᠮᠡᠨ ᠤ ᠠᠮᠤᠷ ᠲᠠᠶᠢᠪᠤᠩ ᠪᠠ ᠵᠤᠯ

ᠵᠢᠷᠭᠠᠯᠳᠦ ᠲᠦᠷᠦᠭᠳᠡᠯ ᠤᠯᠠᠮ ᠢᠶᠠᠷ ᠨᠡᠮᠡᠭᠳᠡᠪᠡ᠃

     ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃

ᠬᠤᠶᠠᠷ ᠢ ᠰᠤᠷᠴᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠬᠦᠮᠦᠵᠢᠯ ᠢ ᠬᠦᠨᠵᠡᠬᠡᠢ ᠦᠷᠨᠢᠬᠦᠯᠵᠦ᠂ ᠰᠤᠷᠳᠠᠯ

᠎ ᠤᠨ ᠪᠠᠶᠢᠭᠤᠯᠤᠯᠳᠠ ᠶᠢ ᠡᠷᠴᠢᠮᠳᠠᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠬᠢᠬᠦ᠂ ᠠᠵᠤ ᠠᠬᠤᠢ ᠶᠢᠨ

ᠬᠠᠷᠢᠭᠤᠴᠠᠯᠭ᠎ᠠ ᠳᠤ ᠬᠢᠨᠠᠨ ᠪᠤᠳᠤᠯᠳᠠ ᠬᠢᠬᠦ ᠪᠠ ᠨᠡᠶᠢᠬᠡᠮ ᠠᠴᠠ ᠬᠢᠨᠠᠯᠳᠠ ᠲᠠᠯᠪᠢᠬᠤ ᠶᠢ ᠴᠢᠩᠭᠠᠳᠬᠠᠵᠦ᠂ ᠵᠠᠰᠠᠭ ᠵᠠᠬᠢᠷᠭᠠᠨ

᠎ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠰᠠᠭ ᠵᠠᠬᠢᠷᠭᠠᠨ ᠤ ᠡᠷᠬᠡ ᠶᠢᠨ

ᠬᠡᠷᠡᠭᠯᠡᠯᠳᠡ ᠶᠢ ᠲᠦᠷᠢᠮᠵᠢᠬᠦᠯᠦᠨ᠂ ᠴᠢᠬᠡᠴᠢ ᠵᠠᠰᠠᠭ ᠤᠨ ᠪᠠᠶᠢᠭᠤᠯᠤᠯᠳᠠ ᠪᠠ ᠬᠠᠤᠯᠢ ᠶᠤᠰᠤᠨ ᠤ ᠵᠠᠰᠠᠭ ᠵᠠᠬᠢᠷᠭᠠᠨ ᠤ

ᠠᠵᠢᠯ ᠢ ᠲᠠᠰᠤᠷᠠᠯᠳᠠ ᠦᠬᠡᠢ ᠬᠦᠨᠵᠡᠬᠡᠶᠢᠷᠡᠬᠦᠯᠪᠡ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠰᠢᠢᠳᠪᠤᠷᠢ

᠎ ᠶᠢ ᠨᠢᠮᠪᠠᠢ ᠬᠦᠢᠴᠡᠳᠬᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠰᠠᠶᠢᠨ

ᠲᠤᠷ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠰᠠᠨᠠᠭᠤᠯᠭ᠎ᠠ ᠪᠠ ᠤᠯᠤᠰ

ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠭᠰᠠᠨ ᠲᠤᠷᠠᠳᠤᠯᠭ᠎ᠠ ᠶᠢ ᠬᠦᠢᠴᠡᠳᠬᠡᠬᠦ ᠠᠵᠢᠯ ᠢ ᠬᠦᠨᠳᠦᠳᠬᠡᠨ

ᠦᠵᠡᠵᠦ᠂  ᠨᠠᠶᠢᠳᠠ 110 ᠬᠤᠪᠢ ᠠᠷᠠᠳ ᠤᠨ ᠲᠦᠯᠦᠬᠡᠯᠡᠭᠴᠢᠳ ᠤᠨ ᠰᠠᠨᠠᠯ ᠰᠠᠨᠠᠭᠤᠯᠭ᠎ᠠ ᠪᠠ 84 ᠬᠤᠪᠢ ᠤᠯᠤᠰ

ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ ᠶᠢ ᠰᠢᠢᠳᠪᠤᠷᠢᠯᠡᠵᠦ᠂ ᠬᠦᠢᠴᠡᠳᠬᠡᠨ ᠬᠠᠷᠢᠭᠤᠯᠤᠭᠰᠠᠨ ᠨᠤᠷᠮ᠎ᠠ

᠎ ᠨᠢ 100%᠎ ᠳᠤ ᠬᠦᠷᠴᠡᠢ᠃ ᠠᠯᠪᠠᠨ ᠤ ᠮᠠᠰᠢᠨ ᠲᠡᠷᠬᠡ ᠶᠢ ᠬᠡᠷᠡᠭᠯᠡᠬᠦ ᠠᠵᠢᠯ ᠤᠨ ᠲᠦᠷᠢᠮ ᠢ ᠬᠡᠷᠡᠭᠵᠢᠬᠦᠯᠪᠡ᠃ ᠵᠠᠰᠠᠭ

᠎ ᠤᠨ ᠶᠠᠪᠤᠳᠠᠯ ᠢ ᠢᠯᠡ ᠪᠤᠯᠭᠠᠵᠦ᠂ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠬᠢᠨᠠᠨ

ᠪᠠᠶᠢᠴᠠᠭᠠᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠴᠢ

ᠪᠠ ᠬᠠᠤᠯᠢ ᠬᠡᠷᠡᠭᠵᠢᠬᠦᠯᠬᠦ ᠳᠤ ᠬᠢᠨᠠᠯᠳᠠ ᠲᠠᠯᠪᠢᠭᠴᠢ ᠳᠤ ᠴᠡᠭᠴᠡᠯᠡᠯᠳᠡ ᠬᠢᠵᠦ᠂ ᠵᠠᠰᠠᠭ ᠵᠠᠬᠢᠷᠭᠠᠨ ᠤ ᠬᠠᠤᠯᠢ

ᠬᠡᠷᠡᠭᠵᠢᠬᠦᠯᠦᠭᠴᠢ ᠪᠠ ᠬᠢᠨᠠᠯᠳᠠ ᠲᠠᠯᠪᠢᠭᠴᠢ ᠶᠢᠨ ᠬᠡᠷᠡᠴᠢ ᠦᠨᠡᠮᠯᠡᠯ ᠢ ᠰᠤᠯᠢᠬᠤ ᠰᠢᠯᠭᠠᠯᠳᠠ ᠵᠢᠴᠢ ᠰᠤᠷᠠᠭ ᠵᠠᠩᠬᠢ ᠶᠢ

ᠰᠢᠨᠡᠴᠢᠯᠡᠬᠦ ᠠᠵᠢᠯ ᠢ ᠬᠦᠢᠴᠡᠳᠬᠡᠪᠡ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠨᠢ  14.8  ᠲᠦᠮᠡᠨ ᠵᠦᠢᠯ ᠢ

ᠬᠢᠨᠠᠨ ᠵᠦᠪᠰᠢᠶᠡᠷᠡᠵᠦ᠂ 90%᠎ ᠠᠴᠠ ᠲᠡᠭᠡᠭᠰᠢᠬᠢ ᠶᠢ ︽ᠨᠢᠬᠡ ᠴᠢᠭ ᠲᠤ ᠬᠦᠢᠴᠡᠳᠬᠡᠬᠦ︾᠎ ᠶᠢ ᠪᠡᠶᠡᠯᠡᠬᠦᠯᠦᠨ᠂ ᠵᠠᠰᠠᠭ

ᠵᠠᠬᠢᠷᠭᠠᠨ ᠤ ᠴᠢᠳᠠᠪᠬᠢ ᠶᠢ ᠤᠯᠠᠮ ᠲᠡᠭᠡᠭᠰᠢᠯᠡᠬᠦᠯᠪᠠ᠃

      ᠲᠦᠯᠦᠬᠡᠯᠡᠭᠴᠢᠳ ᠡ᠂ ᠦᠩᠬᠡᠷᠡᠭᠰᠡᠨ ᠨᠢᠬᠡᠨ ᠵᠢᠯ ᠤᠨ ᠠᠮᠵᠢᠯᠳᠠ ᠪᠦᠳᠦᠬᠡᠯ ᠬᠢᠯᠪᠠᠷ ᠢᠷᠡᠭᠰᠡᠨ ᠪᠢᠰᠢ᠂  ᠡᠨᠡ

᠎ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ

ᠤᠳᠤᠷᠢᠳᠤᠭᠰᠠᠨ ᠤ ᠦᠷ᠎ᠡ ᠪᠦᠳᠦᠬᠡᠯ ᠪᠤᠯᠤᠨ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ

ᠬᠠᠤᠯᠢ ᠶᠤᠰᠤᠭᠠᠷ ᠬᠢᠨᠠᠯᠳᠠ ᠲᠠᠯᠪᠢᠭᠰᠠᠨ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠵᠦ᠂

ᠬᠠᠮᠳᠤᠷᠠᠨ ᠲᠡᠮᠡᠴᠡᠭᠰᠡᠨ ᠤ ᠦᠷ᠎ᠡ ᠪᠦᠳᠦᠬᠡᠯ ᠮᠦᠨ᠃ ᠮᠦᠨᠴᠦ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ

ᠪᠦᠯᠬᠦᠮᠳᠡᠨ ᠨᠢᠭᠳᠠᠷᠠᠵᠦ᠂ ᠰᠢᠷᠭᠠᠭᠤ ᠲᠡᠮᠡᠴᠡᠭᠰᠡᠨ ᠤ ᠠᠮᠵᠢᠯᠳᠠ ᠪᠦᠳᠦᠬᠡᠯ ᠮᠦᠨ᠃ ᠠᠳᠡ ᠪᠢ ᠬᠤᠰᠢᠭᠤ ᠵᠠᠰᠠᠭ ᠤᠨ

ᠤᠷᠳᠤᠨ ᠢ ᠲᠦᠯᠦᠬᠡᠯᠡᠵᠦ᠂ ᠠᠷᠠᠳ ᠤᠨ ᠲᠦᠯᠦᠬᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠵᠢᠴᠢ

ᠠᠷᠢᠭᠤᠨ ᠬᠦᠳᠡᠯᠮᠦᠷᠢ ᠪᠠᠨ ᠰᠢᠯᠤᠭᠤᠨ ᠬᠦᠬᠡ ᠬᠤᠰᠢᠭᠤᠨ ᠤ ᠦᠬᠡᠷᠡᠴᠢᠯᠡᠯᠳᠡ᠂ ᠬᠦᠭᠵᠢᠯᠳᠡ᠂ ᠲᠤᠭᠳᠠᠭᠤᠨ ᠤ ᠦᠢᠯᠡᠰ

᠎ ᠲᠤ ᠵᠤᠷᠢᠭᠤᠯᠤᠭᠰᠠᠨ ᠪᠠ ᠮᠠᠨ ᠤ ᠬᠤᠰᠢᠭᠤ ᠶᠢ ᠬᠠᠯᠠᠮᠵᠢᠯᠠᠨ ᠲᠡᠮᠵᠢᠵᠦ ᠪᠠᠶᠢᠭ᠎ᠠ ᠨᠠᠶᠢᠵᠠ ᠨᠦᠬᠦᠳ ᠨᠠᠷ ᠲᠤ ᠡᠷᠬᠢᠮ

ᠲᠡᠭᠡᠳᠦ ᠬᠦᠨᠳᠦᠳᠭᠡᠯ ᠲᠠᠯᠠᠷᠬᠠᠯ ᠢᠶᠠᠨ ᠲᠡᠪᠰᠢᠬᠦᠯᠦᠶ᠎ᠡ︕

      ᠡᠬᠦᠨ ᠤ ᠬᠠᠮᠳᠤ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠲᠤᠮᠳᠠ ᠤᠷᠤᠰᠢᠵᠦ

ᠪᠠᠶᠢᠭ᠎ᠠ ᠡᠳᠦᠢ ᠲᠡᠳᠦᠢ ᠬᠦᠴᠢᠷ ᠪᠡᠷᠬᠡᠰᠢᠶᠠᠯ ᠪᠠ ᠦᠷᠢᠰᠦᠯᠳᠦᠬᠡᠨ ᠢ ᠤᠯᠵᠦ ᠬᠠᠷᠠᠬᠤ ᠶᠤᠰᠤᠳᠠᠢ᠃ ᠨᠢᠬᠡ ᠳᠤ᠂ ᠠᠵᠤ

ᠠᠬᠤᠢ ᠶᠢᠨ ᠪᠠᠭᠤᠷᠠᠯᠳᠠ ᠶᠢᠨ ᠲᠠᠷᠤᠯᠳᠠ ᠮᠦᠨ ᠨᠡᠯᠢᠶᠡᠳ ᠶᠡᠭᠡ ᠪᠠᠶᠢᠨ᠎ᠠ᠃ ᠵᠠᠬ᠎ᠠ ᠲᠡᠯᠬᠡᠬᠦᠷ ᠤᠨ ᠬᠡᠷᠡᠭᠴᠡᠭᠡ

ᠱᠠᠭᠠᠷᠳᠠᠯᠭ᠎ᠠ ᠬᠦᠷᠦᠯᠴᠡᠬᠦ ᠦᠬᠡᠢ ᠪᠠ ᠦᠢᠯᠡᠳᠪᠤᠷᠢᠯᠡᠯ ᠤᠨ ᠴᠢᠳᠠᠪᠬᠢ ᠶᠢᠨ ᠦᠯᠡᠬᠦᠳᠡᠯ ᠤᠨ ᠨᠦᠯᠦᠬᠡ ᠠᠴᠠ ᠪᠤᠯᠵᠦ

ᠴᠠᠬᠢᠯᠭᠠᠨ ᠬᠦᠴᠦᠨ ᠤ ᠡᠬᠢ ᠪᠠᠶᠠᠯᠢᠭ ᠤᠨ ᠠᠵᠦ ᠦᠢᠯᠡᠰ ᠤᠨ ᠨᠡᠮᠡᠭᠳᠡᠯ ᠤᠳᠠᠭᠠᠰᠢᠷᠠᠵᠦ᠂ ᠴᠡᠪᠡᠷ ᠡᠨᠧᠷᠬᠢ᠂ ᠤᠷᠴᠢᠯ

ᠠᠵᠤ ᠠᠬᠤᠢ ᠶᠢᠨ ᠦᠰᠦᠯᠳᠡ ᠨᠢ ᠨᠡᠯᠢᠶᠡᠳ ᠲᠦᠷᠬᠡᠨ ᠪᠤᠯᠪᠠᠴᠤ ᠶᠡᠷᠤᠩᠬᠡᠢ ᠬᠡᠮᠵᠢᠶ᠎ᠠ ᠪᠠᠷ ᠪᠠᠭ᠎ᠠ᠂ ᠠᠵᠦ ᠠᠬᠤᠢ ᠶᠢᠨ

ᠦᠰᠦᠯᠳᠡ ᠶᠢᠨ ᠬᠦᠳᠡᠯᠬᠡᠭᠴᠢ ᠬᠦᠴᠦᠨ ᠢ ᠲᠤᠯᠬᠤ ᠲᠠᠯ᠎ᠠ ᠪᠠᠷ ᠲᠤᠳᠠᠮᠠᠭ ᠪᠠᠶᠢᠨ᠎ᠠ᠃ ᠬᠤᠶᠠᠷ ᠲᠤ᠂ ᠠᠵᠤ ᠦᠢᠯᠡᠰ ᠤᠨ

ᠰᠢᠰᠲ᠋ᠧᠮ ᠲᠡᠬᠦᠯᠳᠡᠷᠵᠢᠬᠡᠳᠦᠢ᠂ ᠠᠵᠤ ᠠᠬᠤᠢ ᠶᠢᠨ ᠪᠠᠭᠤᠷᠠᠯᠳᠠ ᠶᠢᠨ ᠨᠦᠯᠦᠬᠡ ᠶᠢ ᠡᠰᠡᠷᠬᠦᠴᠡᠬᠦ ᠴᠢᠳᠠᠪᠤᠷᠢ ᠪᠠᠭᠤᠷᠠᠢ

ᠪᠠᠶᠢᠭᠰᠠᠭᠠᠷ᠃ ᠠᠵᠤ ᠦᠢᠯᠡᠰ ᠤᠨ ᠬᠡᠯᠬᠢᠶᠡᠵᠢᠯ  ᠲᠦᠬᠦᠷᠵᠢᠯᠳᠡ ᠨᠢᠭᠳᠠ ᠪᠤᠰᠤ᠂ ᠠᠵᠦ ᠠᠬᠤᠶᠢᠯᠠᠯ ᠪᠠ ᠪᠦᠳᠦᠬᠡᠭᠳᠡᠬᠦᠨ

᠎ ᠨᠢ ᠠᠵᠦ ᠦᠢᠯᠡᠰ ᠤᠨ ᠬᠡᠯᠬᠢᠶ᠎ᠠ ᠪᠠ ᠦᠷᠳᠡᠭ ᠤᠨ ᠬᠡᠯᠬᠢᠶᠡᠨ ᠤ ᠲᠤᠤᠷᠡᠳᠦ ᠦᠵᠦᠬᠦᠷ ᠲᠤ ᠪᠠᠶᠢᠵᠦ᠂ ︽ᠬᠠᠭᠤᠴᠢᠨ

ᠲᠡᠮᠳᠡᠭᠳᠦ︾ ᠤᠯᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠡᠷᠢᠮᠵᠢᠶᠠᠵᠢᠭᠰᠠᠨ᠂ ᠬᠡᠪᠴᠢᠶᠡᠵᠢᠭᠰᠡᠨ᠂ ᠠᠵᠦ

ᠦᠢᠯᠡᠰᠵᠢᠭᠰᠡᠨ᠂ ᠨᠡᠷᠡᠳᠦ ᠲᠡᠮᠭᠳᠡᠭᠴᠢᠯᠡᠭᠰᠡᠨ ᠬᠢᠷᠢ ᠬᠡᠮᠵᠢᠶ᠎ᠠ ᠲᠤᠤᠷ᠎ᠠ ᠪᠠᠶᠢᠨ᠎ᠠ᠃ ᠠᠵᠦ ᠦᠢᠯᠡᠳᠪᠤᠷᠢ ᠶᠢᠨ ᠠᠵᠦ ᠠᠬᠤᠢ

᠎ ᠨᠢ ᠮᠦᠨ ᠯᠠ ︽ᠨᠢᠬᠡᠯᠡ ᠴᠠᠬᠢᠯᠭᠠᠨ ᠦᠢᠯᠡᠳᠪᠤᠷᠢ ᠭᠠᠭᠴᠠᠭᠠᠷ ᠡᠵᠡᠷᠭᠡᠬᠦ︾ ᠪᠠᠶᠢᠳᠠᠯ ᠳᠤ ᠤᠷᠤᠰᠢᠵᠦ᠂ ᠰᠢᠨ᠎ᠡ ᠬᠡᠯᠪᠡᠷᠢ

᠎ ᠶᠢᠨ ᠠᠵᠦ ᠦᠢᠯᠡᠳᠪᠤᠷᠢ ᠶᠢᠨ ᠬᠡᠪᠴᠢᠶ᠎ᠠ ᠪᠠᠭ᠎ᠠ ᠪᠠᠶᠢᠨ᠎ᠠ᠃ ︽ᠶᠤᠸᠠᠨ ᠤ ᠲᠡᠭᠡᠳᠦ ᠨᠠᠶᠢᠰᠯᠠᠯ︾  ᠎ ᠤᠨ ᠨᠡᠷᠡᠳᠦ ᠲᠡᠮᠳᠡᠭ

᠎ ᠤᠨ ᠲᠠᠪᠠᠭᠤᠯᠢᠭ ᠪᠠ ᠦᠷ᠎ᠡ ᠠᠰᠢᠭ ᠢ ᠬᠦᠢᠴᠡᠳ ᠪᠠᠳᠠᠷᠠᠭᠤᠯᠵᠦ ᠲᠠᠶᠢᠯᠦᠬᠡᠳᠦᠢ᠂ ᠦᠢᠯᠡᠴᠢᠯᠡᠬᠡᠨ ᠤ ᠦᠢᠯᠡᠰ ᠤᠨ

ᠲᠦᠬᠦᠷᠴᠢᠯᠡᠭᠰᠡᠨ ᠲᠤᠨᠤᠭ ᠲᠦᠬᠦᠬᠡᠷᠦᠮᠵᠢ ᠨᠢ ᠰᠤᠶᠤᠯ ᠵᠢᠭᠤᠯᠴᠢᠯᠠᠯ ᠤᠨ ᠬᠦᠭᠵᠢᠯᠳᠡ ᠶᠢᠨ ᠬᠠᠨᠳᠤᠰᠢ ᠲᠠᠢ ᠬᠠᠷᠠᠬᠠᠨ

ᠵᠤᠬᠢᠴᠠᠯᠳᠤᠵᠦ ᠲᠠᠶᠢᠯᠬᠦ ᠦᠬᠡᠢ᠂ ᠬᠦᠭᠵᠢᠯᠳᠡ ᠪᠠᠷ ᠤᠳᠠᠭᠠᠯᠢᠭ ᠪᠠᠶᠢᠵᠦ᠂ ᠲᠡᠰ ᠲᠡᠪᠰᠢᠬᠦᠯᠦᠨ ᠬᠦᠭᠵᠢᠬᠦᠯᠬᠦ ᠴᠢᠬᠤᠯᠠᠳᠠᠢ

ᠪᠠᠶᠢᠨ᠎ᠠ᠃ ᠭᠤᠷᠪᠠ ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠪᠠᠶᠢᠨ᠎ᠠ᠃ ᠠᠵᠦ

ᠦᠢᠯᠡᠳᠪᠤᠷᠢ ᠶᠢᠨ ᠠᠵᠦ ᠠᠬᠤᠢ ᠶᠢᠨ ᠬᠦᠭᠵᠢᠯᠳᠡ ᠤᠳᠠᠭᠠᠨ᠂ ᠭᠠᠶᠢᠯᠢ ᠶᠢᠨ ᠤᠷᠤᠯᠭ᠎ᠠ ᠪᠠᠭᠤᠷᠠᠭᠰᠠᠨ ᠠᠴᠠ

ᠬᠤᠪᠢᠶᠠᠷᠢᠯᠠᠵᠦ ᠪᠤᠯᠬᠤ ᠡᠳ᠋ ᠤᠨ ᠵᠠᠰᠠᠭ ᠤᠨ ᠬᠦᠴᠦᠨ ᠪᠠᠭᠠᠰᠴᠤ᠂ ᠠᠵᠦ ᠦᠢᠯᠡᠰ ᠤᠨ ᠬᠦᠭᠵᠢᠯᠳᠡ᠂ ᠰᠠᠭᠤᠷᠢ

ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠤᠨ

ᠡᠬᠦᠷᠬᠡ ᠮᠦᠨ ᠯᠠ ᠬᠦᠨᠳᠦ ᠪᠠᠶᠢᠭᠰᠠᠭᠠᠷ᠃ ᠲᠦᠷᠪᠡ ᠳᠤ᠂ ᠵᠠᠷᠢᠮ ᠺᠠᠳ᠋ᠷᠴᠤᠳ ᠰᠢᠨ᠎ᠠ ᠪᠠᠶᠢᠳᠠᠯ᠂ ᠰᠢᠨ᠎ᠠ ᠠᠰᠠᠭᠤᠳᠠᠯ

ᠲᠤᠯᠭᠠᠷᠠᠬᠤ ᠦᠶᠡᠰ ᠪᠤᠳᠠᠳᠠᠢ ᠠᠵᠢᠯ ᠤᠨ ᠰᠡᠳᠬᠢᠴᠡ ᠪᠠᠷ ᠲᠤᠳᠠᠮᠠᠭ᠂ ᠲᠤᠤᠱᠳᠠᠢ ᠠᠷᠭ᠎ᠠ ᠪᠠᠷᠢᠯ ᠦᠬᠡᠢ ᠪᠠᠶᠢᠵᠦ ᠲᠦᠷᠦ

᠎ ᠶᠢᠨ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠭᠵᠢᠯᠳᠡ ᠶᠢᠨ ᠦᠷ᠎ᠡ ᠪᠦᠳᠦᠬᠡᠯ ᠪᠤᠯᠭᠠᠨ ᠬᠤᠪᠢᠷᠠᠭᠤᠯᠬᠤ ᠴᠢᠳᠠᠪᠤᠷᠢ

ᠬᠦᠷᠦᠯᠴᠡᠬᠦ ᠦᠬᠡᠢ ᠪᠠᠶᠢᠨ᠎ᠠ᠃ ᠡᠶᠢᠮᠦ ᠠᠴᠠ ᠪᠢᠳᠠ ᠡᠷᠬᠡᠪᠡᠰᠢ ᠠᠰᠠᠭᠤᠳᠠᠯ ᠢ ᠲᠤᠳᠤᠷᠬᠠᠶᠢᠯᠠᠵᠦ᠂ ᠪᠠᠳᠤᠳᠠᠢ ᠠᠷᠭ᠎ᠠ

ᠬᠡᠮᠵᠢᠶ᠎ᠠ ᠠᠪᠴᠤ ᠬᠢᠨᠠᠮᠠᠭᠠᠢ ᠰᠢᠢᠳᠪᠤᠷᠢᠯᠡᠬᠦ ᠬᠡᠷᠡᠭᠳᠡᠢ᠃

       ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠳᠠ

      2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾᠎ ᠶᠢ ᠬᠡᠷᠡᠭᠵᠢᠬᠦᠯᠬᠦ ᠴᠢᠬᠤᠯᠠ

ᠨᠢᠬᠡᠨ ᠵᠢᠯ ᠪᠤᠯᠤᠨ᠎ᠠ᠂ ᠪᠢᠳᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ

ᠬᠤᠷᠢᠶᠠᠨ ᠤ ᠨᠢᠬᠡᠳᠦᠯᠳᠡᠢ ᠪᠠᠶᠢᠷᠢᠯᠠᠭᠤᠯᠤᠯᠳᠠ ᠲᠤᠤᠷ᠎ᠠ᠂ ᠰᠢᠨᠵᠢᠯᠡᠬᠦ ᠤᠬᠠᠭᠠᠨᠴᠢ ᠪᠠᠷ ᠬᠦᠭᠵᠢᠯᠳᠡ ᠶᠢ ᠰᠦᠪᠡᠭᠴᠢᠯᠡᠨ᠂

ᠦᠷᠢᠰᠦᠯᠳᠦᠬᠡᠨ ᠢ ᠢᠳᠡᠪᠬᠢᠳᠡᠢ ᠲᠤᠯᠵᠦ᠂ ᠡᠯ᠎ᠠ ᠲᠦᠷᠦᠯ ᠤᠨ ᠠᠵᠢᠯ ᠢ ᠨᠢᠮᠪᠠᠢ ᠠᠳᠬᠤᠨ᠎ᠠ᠃

      ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ ᠲᠠᠷᠤᠢ᠄ ᠨᠠᠮ ᠤᠨ ᠠᠷᠪᠠᠨ

ᠨᠠᠢᠮᠠᠳᠤᠭᠠᠷ ᠶᠡᠭᠡ ᠬᠤᠷᠡᠯ᠂ ᠠᠷᠪᠠᠨ ᠨᠠᠢᠮᠠᠳᠤᠭᠠᠷ ᠶᠡᠭᠡ ᠬᠤᠷᠡᠯ ᠤᠨ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠬᠡᠷ

ᠪᠦᠬᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠ

ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠡᠯ᠂ ᠠᠷᠪᠠᠳᠤᠭᠠᠷ

ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2017 ᠤᠨ ᠤ ᠨᠢᠬᠡᠳᠦᠬᠡᠷ ︵

ᠦᠷᠬᠡᠳᠬᠡᠭᠰᠡᠨ︶ ᠬᠤᠷᠠᠯᠳᠤᠭᠠᠨ ᠤ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠤᠭᠳᠠᠭᠤᠨ

᠎ ᠤ ᠲᠤᠮᠳᠠ ᠤᠷᠤᠭᠰᠢᠯᠠᠬᠤ ᠠᠵᠢᠯ ᠤᠨ ᠶᠡᠷᠤᠩᠬᠡᠢ ᠵᠠᠷᠴᠢᠮ ᠢ ᠪᠠᠷᠢᠮᠳᠠᠯᠠᠨ᠂ ᠬᠦᠭᠵᠢᠯᠳᠡ ᠶᠢᠨ ᠶᠠᠰᠤ ᠴᠢᠨᠡᠷ ᠪᠠ ᠦᠷ᠎ᠡ

ᠠᠰᠢᠭ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠬᠡ

ᠭᠤᠷᠪᠠᠨ ᠦᠨᠳᠦᠰᠦᠨ ᠱᠤᠭᠤᠮ ᠢᠶᠠᠨ ᠪᠠᠳᠤ ᠪᠠᠷᠢᠮᠳᠠᠯᠠᠨ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠴᠡᠪᠡᠷ

ᠡᠨᠧᠷᠬᠢ᠂ ᠰᠤᠶᠤᠯ ᠵᠢᠭᠤᠯᠴᠢᠯᠠᠯ ᠵᠡᠷᠬᠡ ᠭᠤᠷᠪᠠᠨ ᠶᠡᠭᠡ ᠠᠵᠦ ᠦᠢᠯᠡᠰ ᠢ ᠴᠢᠬᠤᠯᠠᠴᠢᠯᠠᠵᠦ᠂ ᠲᠤᠭᠳᠠᠭᠤᠨ ᠦᠰᠦᠯᠳᠡ ᠶᠢ

ᠠᠬᠢᠭᠤᠯᠬᠤ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ

ᠬᠠᠯᠠᠮᠵᠢᠯᠠᠬᠤ᠂ ᠠᠶᠤᠯ ᠲᠦᠭᠰᠢᠬᠦᠷᠢ ᠶᠢ ᠰᠡᠷᠬᠡᠶᠢᠯᠡᠬᠦ ᠡᠯ᠎ᠠ ᠲᠦᠷᠦᠯ ᠤᠨ ᠠᠵᠢᠯ ᠢ ᠰᠠᠶᠢᠨ ᠬᠢᠵᠦ᠂ ᠠᠵᠦ ᠠᠬᠤᠢ ᠶᠢᠨ

ᠡᠷᠡᠬᠦᠯ ᠲᠤᠭᠳᠠᠭᠤᠨ ᠬᠦᠭᠵᠢᠯᠳᠡ ᠪᠠ ᠨᠡᠶᠢᠬᠡᠮ ᠤᠨ ᠡᠶ᠎ᠡ ᠵᠤᠬᠢᠴᠠᠩᠭᠤᠢ ᠶᠢ ᠠᠬᠢᠭᠤᠯᠤᠨ᠂ ᠰᠢᠯᠢ ᠶᠢᠨ ᠭᠤᠤᠯ ᠠᠶᠢᠮᠠᠭ

᠎ ᠤᠨ ᠡᠮᠤᠨ᠎ᠡ ᠪᠡᠶ᠎ᠡ ᠶᠢᠨ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠬᠤ ᠠᠯᠬᠤᠴᠠ ᠪᠠᠨ ᠲᠦᠷᠬᠡᠳᠬᠡᠨ᠂ ᠰᠢᠯᠢᠳᠡᠭ ᠬᠢᠷᠢ

ᠪᠦᠳᠦᠮᠵᠢ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ

ᠶᠢᠰᠦᠳᠦᠬᠡᠷ ᠶᠡᠭᠡ ᠬᠤᠷᠡᠯ ᠢ ᠤᠭᠳᠤᠨ᠎ᠠ᠃

       ᠭᠤᠤᠯ ᠵᠢᠱᠢᠭᠰᠡᠨ ᠬᠠᠷᠠᠯᠳᠠ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 74.1

ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠶᠢ 9%᠎ ᠳᠤ ᠬᠦᠷᠬᠡᠬᠦ ᠪᠠᠷ ᠴᠢᠷᠮᠠᠶᠢᠨ᠎ᠠ᠃ ᠪᠦᠬᠦ

ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 51 ᠳ᠋ᠦᠩᠰᠢᠭᠤᠷ ᠲᠦᠬᠦᠷᠢᠭ ᠲᠤ ᠬᠦᠷᠬᠡᠨ᠂

ᠦᠰᠦᠯᠳᠡ ᠶᠢᠨ ᠨᠤᠷᠮ᠎ᠠ ᠶᠢ 15.6 %᠎ ᠳᠤ ᠬᠦᠷᠬᠡᠨ᠎ᠡ᠃ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ

ᠤᠷᠤᠯᠭ᠎ᠠ ᠶᠢ 5.88 ᠳ᠋ᠦᠩᠰᠢᠭᠤᠷ ᠲᠦᠬᠦᠷᠢᠭ ᠲᠤ ᠬᠦᠷᠬᠡᠨ᠂ ᠦᠰᠦᠯᠳᠡ ᠶᠢᠨ ᠨᠤᠷᠮ᠎ᠠ ᠶᠢ 5.1%᠎ ᠳᠤ ᠬᠦᠷᠬᠡᠨ᠎ᠡ᠃

 ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ ᠢ 15.2 ᠳ᠋ᠦᠩᠰᠢᠭᠤᠷ ᠲᠦᠬᠦᠷᠢᠭ

᠎ ᠲᠤ ᠬᠦᠷᠬᠡᠵᠦ᠂ 10%᠎ ᠪᠠᠷ ᠨᠡᠮᠡᠭᠳᠡᠬᠦᠯᠦᠨ᠎ᠡ᠃ ᠬᠤᠳᠠ ᠬᠦᠳᠡᠬᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ

ᠲᠤᠮᠳᠠᠴᠢ ᠶᠢᠨ ᠬᠤᠪᠢᠶᠠᠷᠢᠯᠠᠵᠦ ᠪᠤᠯᠬᠤᠶᠢᠴᠠ ᠤᠷᠤᠯᠭ᠎ᠠ ᠶᠢ ᠲᠤᠰᠪᠤᠷᠢ 35270 ᠲᠦᠬᠦᠷᠢᠭ ᠪᠠ 16050 ᠲᠦᠬᠦᠷᠢᠭ

᠎ ᠲᠤ ᠬᠦᠷᠬᠡᠨ᠂ ᠦᠰᠦᠯᠳᠡ ᠶᠢᠨ ᠨᠤᠷᠮ᠎ᠠ ᠶᠢ ᠲᠤᠰᠪᠤᠷᠢ 9%᠎ ᠳᠤ ᠬᠦᠷᠬᠡᠨ᠎ᠡ᠃

      ᠡᠳᠡᠬᠡᠷ ᠵᠢᠱᠢᠭᠰᠡᠨ ᠬᠠᠷᠠᠯᠳᠠ ᠶᠢ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠬᠡᠷ ᠬᠤᠭᠤᠴᠠᠭᠠᠨ ᠤ

ᠬᠤᠶᠠᠳᠤᠭᠠᠷ ᠤᠳᠠᠭᠠᠨ ᠤ ᠪᠦᠬᠦ ᠵᠦᠪᠯᠡᠯ ᠤᠨ ︵ᠦᠷᠬᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠪᠠ ︽ᠠᠷᠪᠠᠨ

ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾᠎ ᠶᠢᠨ ᠬᠠᠷᠠᠯᠳᠠ ᠶᠤᠰᠤᠭᠠᠷ᠂ ᠪᠢᠳᠠᠨ ᠤ ᠡᠮᠤᠨ᠎ᠡ ᠲᠤᠯᠭᠠᠷᠠᠵᠦ ᠪᠠᠶᠢᠭ᠎ᠠ

ᠠᠵᠢᠯ ᠡᠬᠦᠷᠬᠡ ᠪᠠ ᠡᠯ᠎ᠠ ᠲᠠᠯ᠎ᠠ ᠶᠢᠨ ᠨᠦᠬᠦᠴᠡᠯ ᠰᠢᠯᠳᠠᠭᠠᠨ ᠢ ᠪᠤᠳᠤᠯᠬᠢᠯᠠᠨ᠂ ᠶᠡᠷᠤᠩᠬᠡᠶᠢᠯᠡᠨ ᠲᠦᠰᠦᠪᠯᠡᠵᠦ

ᠲᠤᠭᠳᠠᠭᠠᠭᠰᠠᠨ ᠶᠤᠮ᠃ ᠬᠠᠷᠠᠯᠳᠠ ᠪᠤᠯ ᠢᠳᠡᠪᠬᠢᠳᠡᠢ ᠲᠠᠪᠰᠢᠩᠭᠤᠢ ᠪᠠᠶᠢᠳᠠᠭ᠂ ᠡᠷᠭᠡᠪᠡᠰᠢ ᠬᠠᠳᠠᠭᠤᠵᠢᠯᠳᠠᠢ ᠴᠢᠷᠮᠠᠶᠢᠯᠭ᠎ᠠ

᠎ ᠪᠠᠷ ᠲᠠᠮᠵᠢᠨ ᠪᠡᠶᠡᠯᠡᠭᠳᠡᠨ᠎ᠡ᠃ ᠡᠶᠢᠮᠦ ᠠᠴᠠ ᠪᠢᠳᠠ ᠢᠳᠡᠬᠡᠯ ᠢᠶᠠᠨ ᠬᠦᠪᠴᠢᠯᠡᠵᠦ᠂ ᠠᠵᠠ ᠲᠤᠬᠢᠶᠠᠯ ᠢ ᠵᠠᠪᠳᠤᠨ᠂

ᠢᠳᠡᠪᠬᠢᠳᠡᠢ ᠠᠵᠢᠯᠯᠠᠵᠦ᠂ ᠰᠢᠨ᠎ᠡ ᠶᠢ ᠡᠬᠦᠳᠬᠦ ᠬᠦᠭᠵᠢᠯᠳᠡ ᠶᠢᠨ ᠲᠠᠯ᠎ᠠ ᠪᠠᠷ ᠰᠢᠪᠳᠤᠯᠤᠯᠳᠠ ᠲᠠᠢ ᠪᠠᠶᠢᠵᠦ᠂ ᠵᠤᠬᠢᠴᠠᠩᠭᠤᠢ

ᠬᠦᠭᠵᠢᠯᠳᠡ ᠳᠤ ᠬᠦᠴᠦ ᠲᠠᠯᠪᠢᠨ᠂ ᠪᠤᠬᠢᠷᠳᠦᠯ ᠦᠬᠡᠢ ᠬᠦᠭᠵᠢᠯᠳᠡ ᠶᠢ ᠠᠬᠢᠭᠤᠯᠵᠦ᠂ ᠴᠢᠯᠦᠬᠡᠳᠡᠢ ᠬᠦᠭᠵᠢᠯᠳᠡ ᠶᠢᠨ

ᠠᠵᠠ ᠲᠤᠬᠢᠶᠠᠯ ᠢ ᠵᠠᠪᠳᠤᠨ᠂ ᠬᠦᠭᠵᠢᠯᠳᠡ ᠶᠢᠨ ᠦᠷ᠎ᠡ ᠪᠦᠳᠦᠮᠵᠢ ᠶᠢ ᠬᠠᠮᠳᠤᠪᠠᠷ ᠡᠳ᠋ᠯᠡᠬᠦ ᠶᠢ ᠪᠡᠶᠡᠯᠡᠬᠦᠯᠦᠨ᠂ ᠰᠢᠨ᠎ᠠ

ᠬᠦᠭᠵᠢᠯᠳᠡ ᠶᠢᠨ ᠰᠡᠳᠬᠢᠴᠡ ᠶᠢ ᠪᠤᠳᠠᠳᠠᠶᠢᠵᠢᠭᠤᠯᠤᠨ᠂ ᠰᠢᠯᠢᠳᠡᠭ ᠦᠷ᠎ᠡ ᠪᠦᠳᠦᠮᠵᠢ ᠤᠯᠬᠤ ᠪᠠᠷ ᠴᠢᠷᠮᠠᠶᠢᠨ᠎ᠠ᠃

ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠦᠨᠳᠦᠰᠦᠨ ᠱᠤᠭᠤᠮ ᠢ ᠡᠬᠦᠷᠢᠳᠡ ᠪᠠᠷᠢᠮᠳᠠᠯᠠᠵᠦ᠂ ︽ᠲᠤᠭᠳᠠᠭᠤᠨ︾

ᠬᠡᠬᠦ ᠶᠡᠭᠡ ᠲᠠᠯ᠎ᠠ ᠶᠢ ᠪᠠᠳᠤᠯᠠᠬᠤ ᠰᠠᠭᠤᠷᠢᠨ ᠲᠡᠭᠡᠷ᠎ᠡ ︽ᠤᠷᠤᠭᠰᠢᠯᠠᠬᠤ︾᠎ ᠶᠢ ᠠᠬᠢᠭᠤᠯᠤᠨ᠎ᠠ᠃ ᠮᠠᠨ ᠤ ᠬᠤᠰᠢᠭᠤ ᠪᠠᠷ

ᠠᠪᠴᠤ ᠬᠡᠯᠡᠪᠡᠯ᠂ ︽ᠲᠤᠭᠳᠠᠭᠤᠨ︾ ᠬᠡᠳᠡᠭ ᠨᠢ ᠠᠵᠦ ᠠᠬᠤᠢ ᠶᠢᠨ ᠪᠠᠭᠤᠷᠠᠯᠳᠠ ᠶᠢᠨ ᠨᠦᠯᠦᠬᠡ ᠶᠢ ᠲᠤᠯᠵᠦ᠂

ᠦᠰᠦᠯᠳᠡ ᠶᠢᠨ ᠬᠤᠷᠳᠤᠴᠠ ᠶᠢ ᠲᠤᠭᠳᠠᠪᠤᠷᠢᠵᠢᠭᠤᠯᠵᠦ᠂ ᠬᠦᠭᠵᠢᠯᠳᠡ ᠶᠢ ᠲᠤᠭᠳᠠᠪᠤᠷᠢᠵᠢᠭᠤᠯᠤᠨ᠂ ᠨᠡᠶᠢᠬᠡᠮ ᠤᠨ ᠡᠶ᠎ᠡ

ᠵᠤᠬᠢᠴᠠᠯ᠂ ᠲᠤᠭᠳᠠᠭᠤᠨ ᠢ ᠪᠠᠳᠤᠯᠠᠬᠤ ᠶᠠᠪᠤᠳᠠᠯ ᠪᠤᠯᠤᠨ᠎ᠠ᠃ ︽ᠤᠷᠤᠭᠰᠢᠯᠠᠬᠤ︾ ᠬᠡᠳᠡᠭ ᠨᠢ ᠠᠵᠠ ᠲᠤᠬᠢᠶᠠᠯ ᠢ ᠵᠠᠪᠳᠤᠨ

᠂ ᠬᠡᠯᠪᠡᠷᠢ ᠶᠢ ᠬᠤᠪᠢᠷᠠᠭᠤᠯᠵᠦ᠂ ᠲᠡᠰ ᠲᠡᠪᠰᠢᠬᠦᠯᠬᠦ ᠶᠢ ᠠᠬᠢᠭᠤᠯᠤᠨ᠂ ᠶᠠᠳᠠᠭᠤ ᠶᠢ ᠲᠡᠳᠬᠦᠬᠦ ᠰᠢᠪᠳᠤᠯᠤᠯᠳᠠ ᠶᠢᠨ

ᠢᠨᠵᠧᠨᠧᠷᠢᠩ ᠢ ᠠᠬᠢᠭᠤᠯᠤᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠬᠦᠭᠵᠢᠯᠳᠡ ᠶᠢᠨ

ᠶᠠᠰᠤ ᠴᠢᠨᠡᠷ ᠪᠠ ᠦᠷ᠎ᠡ ᠪᠦᠳᠦᠮᠵᠢ ᠶᠢ ᠬᠠᠮᠳᠤ ᠳᠤ ᠨᠢ ᠲᠡᠭᠡᠭᠰᠢᠯᠡᠬᠦᠯᠬᠦ ᠶᠢ ᠪᠡᠶᠡᠯᠡᠬᠦᠯᠬᠦ ᠶᠢ ᠬᠡᠯᠡᠵᠦ ᠪᠤᠢ᠃ ᠬᠠᠩᠭᠠᠯᠭ᠎ᠠ

ᠲᠠᠰᠢ ᠬᠡᠯᠪᠡᠶᠢᠬᠦ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠲᠤᠤᠱᠯᠠᠭᠤᠯᠵᠦ᠂ ︽ᠭᠤᠷᠪᠠ ᠶᠢ ᠦᠬᠡᠶᠢᠰᠬᠡᠵᠦ᠂ ᠨᠢᠬᠡ

᠎ ᠶᠢ ᠪᠠᠭᠤᠷᠠᠭᠤᠯᠤᠨ᠂ ᠨᠢᠬᠡ ᠶᠢ ᠨᠦᠬᠦᠪᠦᠷᠢᠯᠡᠬᠦ︾ ᠵᠠᠷᠴᠢᠮ ᠢ ᠬᠦᠨᠵᠡᠬᠡᠢ ᠠᠬᠢᠭᠤᠯᠤᠨ᠂ ᠪᠤᠳᠠᠳᠤ ᠠᠵᠦ ᠠᠬᠤᠢ ᠶᠢ

ᠬᠦᠴᠦᠯᠡᠨ ᠬᠦᠭᠵᠢᠬᠦᠯᠵᠦ᠂ ᠪᠦᠳᠦᠮᠵᠢᠳᠡᠢ ᠬᠠᠩᠭᠠᠯᠭ᠎ᠠ ᠶᠢ ᠦᠷᠬᠡᠳᠬᠡᠨ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠳᠤ

ᠵᠤᠬᠢᠴᠠᠭᠤᠯᠤᠨ᠎ᠠ᠃ ᠤᠯᠠᠨ ᠲᠦᠮᠡᠨ ᠢᠶᠠᠷ ᠭᠤᠤᠯᠯᠠᠬᠤ ᠬᠦᠭᠵᠢᠯᠳᠡ ᠶᠢᠨ ᠰᠡᠳᠬᠢᠴᠡ ᠶᠢ ᠪᠠᠷᠢᠮᠳᠠᠯᠠᠨ᠂ ᠠᠷᠠᠳ ᠤᠨ

ᠠᠮᠢᠳᠤᠷᠠᠯ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ

᠎ ᠶᠢ ᠨᠡᠮᠡᠭᠳᠡᠬᠦᠯᠬᠦ ᠪᠠᠷ ᠠᠷᠭ᠎ᠠ ᠪᠦᠬᠦᠨ ᠢ ᠰᠦᠪᠡᠭᠴᠢᠯᠡᠵᠦ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠬᠡᠨ ᠤ ᠬᠢᠷᠢ

ᠲᠦᠪᠰᠢᠨ ᠢ ᠲᠠᠩᠴᠡᠬᠦᠷᠢᠰᠢᠬᠦᠯᠬᠦ ᠠᠬᠢᠴᠠ ᠪᠠᠨ ᠲᠦᠷᠬᠡᠳᠬᠡᠨ᠂ ᠬᠦᠭᠵᠢᠯᠳᠡ ᠶᠢᠨ ᠦᠷ᠎ᠡ ᠪᠦᠳᠦᠮᠵᠢ ᠶᠢ ᠤᠯᠠᠨ ᠲᠦᠮᠡᠨ

᠎ ᠳᠤ ᠡᠳ᠋ᠯᠡᠬᠦᠯᠦᠨ᠎ᠡ᠃

      ᠦᠨᠦ ᠵᠢᠯ ᠤᠨ ᠵᠠᠰᠠᠭ ᠤᠨ ᠤᠷᠳᠤᠨ ᠤ ᠠᠵᠢᠯ ᠳᠤ ᠲᠤᠤᠷᠡᠬᠢ ᠨᠠᠢᠮᠠᠨ ᠵᠦᠢᠯ ᠢ ᠭᠤᠤᠯᠳᠠᠯᠭ᠎ᠠ ᠲᠠᠢ ᠠᠳᠬᠤᠨ᠎ᠠ᠃

      ︵ᠨᠢᠬᠡ︶ ᠭᠤᠤᠯᠳᠠᠯᠭ᠎ᠠ ᠲᠠᠢ ᠲᠦᠰᠦᠯ ᠤᠨ ᠪᠦᠳᠦᠬᠡᠨ ᠪᠠᠶᠢᠭᠤᠯᠤᠯᠳᠠ ᠶᠢ ᠬᠦᠴᠦᠳᠠᠢ ᠠᠳᠬᠤᠨ᠎ᠠ᠃ ᠪᠡᠯᠡ

ᠤᠷᠤᠭᠤᠯᠬᠤ ᠪᠠ ᠲᠦᠰᠦᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠤᠰᠢᠭᠤᠨ ᠤ ᠤᠳᠤᠬᠠᠨ ᠤ ᠪᠠ ᠬᠤᠶᠢᠰᠢᠳᠡ ᠶᠢᠨ

ᠬᠡᠰᠡᠭ ᠬᠤᠭᠤᠴᠠᠭᠠᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢ ᠲᠠᠶᠢᠴᠢᠯᠠᠬᠤ ᠬᠠᠮᠤᠭ ᠤᠨ ᠴᠢᠬᠤᠯᠠ᠂ ᠬᠠᠮᠤᠭ ᠤᠨ

ᠠᠰᠢᠭᠳᠠᠢ ᠠᠷᠭ᠎ᠠ ᠪᠠᠷᠢᠯ ᠢᠶᠠᠷ ᠦᠵᠡᠵᠦ᠂ ᠤᠳᠤᠬᠢᠴᠢᠯᠠᠭᠰᠠᠨ ᠬᠦᠳᠡᠭᠡ ᠠᠵᠤ ᠠᠬᠤᠢ᠂ ᠴᠡᠪᠡᠷ ᠡᠨᠧᠷᠬᠢ ᠪᠠ ᠰᠤᠶᠤᠯ

ᠵᠢᠭᠤᠯᠴᠢᠯᠠᠯ ᠵᠡᠷᠬᠡ ᠭᠤᠷᠪᠠᠨ ᠶᠡᠭᠡ ᠠᠵᠦ ᠦᠢᠯᠡᠰ ᠤᠨ ᠲᠤᠭᠤᠷᠢᠨ ᠳᠤ ᠮᠠᠨ ᠤ ᠬᠤᠰᠢᠭᠤᠨ ᠤ ᠪᠤᠳᠠᠳᠠᠢ ᠪᠠᠶᠢᠳᠠᠯ ᠳᠤ

ᠲᠤᠬᠢᠷᠠᠬᠤ ᠠᠵᠦ ᠦᠢᠯᠡᠰ ᠤᠨ ᠪᠠᠶᠢᠷᠢᠰᠢᠯᠠᠭᠤᠯᠤᠯᠳᠠ᠂ ᠲᠠᠶᠢᠴᠢᠯᠠᠬᠤ ᠬᠦᠴᠦᠨ ᠢᠶᠠᠷ ᠴᠢᠩᠭ᠎ᠠ᠂ ᠬᠦᠭᠵᠢᠯᠳᠡ ᠶᠢᠨ

ᠲᠦᠯᠬᠢᠭᠴᠢ ᠬᠦᠴᠦᠨ ᠲᠠᠢ ᠭᠤᠤᠯᠳᠠᠯᠭ᠎ᠠ ᠲᠠᠢ ᠲᠦᠰᠦᠯ ᠢ ᠲᠦᠯᠦᠪᠯᠡᠨ ᠬᠡᠷᠡᠭᠵᠢᠬᠦᠯᠵᠦ᠂ ︽ᠨᠢᠬᠡᠳᠦᠬᠡᠷ ᠠᠵᠦ ᠦᠢᠯᠡᠰ ᠢ

ᠰᠢᠯᠢᠳᠡᠭᠵᠢᠬᠦᠯᠦᠨ᠂ ᠬᠤᠶᠠᠳᠤᠭᠠᠷ ᠠᠵᠦ ᠦᠢᠯᠡᠰ ᠢ ᠬᠦᠴᠦᠷᠭᠡᠭᠵᠢᠬᠦᠯᠵᠦ᠂ ᠭᠤᠷᠪᠠᠳᠤᠭᠠᠷ ᠠᠵᠦ ᠦᠢᠯᠡᠰ ᠢ

ᠪᠤᠵᠠᠭᠠᠶᠢᠷᠠᠭᠤᠯᠬᠤ︾ ᠬᠠᠷᠠᠯᠳᠠ ᠪᠠᠨ ᠪᠡᠶᠡᠯᠡᠬᠦᠯᠦᠨ᠎ᠡ᠃ 2017 ᠤᠨ ᠠᠴᠠ 2019 ᠤᠨ ᠪᠤᠯᠳᠠᠯᠠᠬᠢ ᠭᠤᠷᠪᠠᠨ ᠵᠢᠯ

᠎ ᠤᠨ ᠬᠤᠭᠤᠴᠠᠭᠠᠨ ᠳᠠᠬᠢ ᠭᠤᠤᠯᠳᠠᠯᠭ᠎ᠠ ᠲᠠᠢ ᠲᠦᠰᠦᠯ ᠢ ᠠᠬᠢᠭᠤᠯᠬᠤ ᠠᠵᠢᠯ ᠢ ᠰᠠᠶᠢᠨ ᠬᠢᠵᠦ᠂ ᠲᠤᠰ ᠵᠢᠯ ᠳᠤ 45

ᠵᠦᠢᠯ ᠤᠨ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ ᠢ ᠬᠡᠷᠡᠭᠵᠢᠬᠦᠯᠦᠨ᠂ 35.2 ᠳ᠋ᠦᠩᠰᠢᠭᠤᠷ ᠲᠦᠬᠦᠷᠢᠭ ᠤᠨ

ᠪᠡᠯᠡ ᠤᠷᠤᠭᠤᠯᠵᠦ᠂ ᠠᠶᠢᠮᠠᠭ ᠤᠨ ᠲᠡᠰ ᠲᠤ 14 ᠵᠦᠢᠯ ᠤᠨ ᠭᠤᠤᠯᠳᠠᠯᠭ᠎ᠠ ᠲᠠᠢ ᠲᠦᠰᠦᠯ ᠢ ᠵᠢᠭᠰᠠᠭᠠᠨ ᠤᠷᠤᠭᠤᠯᠵᠦ᠂

18.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠴᠢᠷᠮᠠᠶᠢᠨ᠎ᠠ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ

᠎ ᠶᠢᠨ ᠲᠦᠷᠪᠡᠳᠦᠬᠡᠷ ᠬᠤᠭᠤᠴᠠᠭ᠎ᠠ᠂ ᠬᠤᠸᠠ ᠳ᠋ᠢᠶᠠᠨ ᠴᠠᠬᠢᠯᠭᠠᠨ ᠭᠠᠷᠭᠠᠬᠤ ᠺᠤᠮᠫᠠᠨᠢ᠂ ᠭᠦᠸᠧ ᠳ᠋ᠢᠶᠠᠨ ᠴᠠᠬᠢᠯᠭᠠᠨ ᠭᠠᠷᠭᠠᠬᠤ

ᠺᠤᠮᠫᠠᠨᠢ᠂ ᠬᠤᠸᠠ ᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠰᠦᠯ

᠎ ᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠤᠯᠤᠰ ᠤᠨ ᠠᠮᠤᠷ ᠲᠦᠪᠰᠢᠨ ᠢᠳᠡᠬᠡᠨ ᠤ ᠡᠬᠢ ᠶᠢ ᠤᠯᠬᠤ

ᠬᠠᠮᠢᠶᠠᠷᠤᠯᠳᠠ ᠶᠢᠨ ᠰᠤᠯᠢᠯᠴᠠᠭᠠᠨ ᠤ ᠲᠦᠪ᠂ ᠾᠦᠢ ᠯᠢ ᠳ᠋ᠦᠸᠧ ᠪᠢᠰᠢᠯᠠᠭ ᠤᠨ ᠦᠢᠯᠡᠳᠪᠤᠷᠢᠯᠡᠯ᠂ ᠲᠠᠯ᠎ᠠ ᠨᠤᠳᠤᠭ ᠤᠨ

ᠲᠡᠭᠷᠢᠯᠢᠭ ᠬᠦᠳᠡᠭᠡ ᠰᠠᠭᠠᠯᠢ ᠶᠢᠨ ᠪᠦᠳᠦᠭᠡᠭᠳᠡᠬᠦᠨ ᠵᠡᠷᠬᠡ ᠰᠢᠨ᠎ᠠ ᠲᠦᠰᠦᠯ ᠤᠳ ᠢ ᠡᠬᠢᠯᠠᠨ ᠬᠡᠷᠡᠭᠵᠢᠬᠦᠯᠵᠦ᠂ ᠰᠢᠨ ᠵᠢᠩ

ᠰᠢᠷᠬᠢᠮᠠᠯ ᠬᠤᠵᠢᠷᠯᠢᠭ ᠨᠠᠭᠤᠷ ᠤᠨ ᠠᠮᠢ ᠠᠬᠤᠢ ᠶᠢ ᠵᠠᠰᠠᠬᠤ ᠬᠡᠷᠡᠯ ᠤᠨ ᠡᠨᠧᠷᠬᠢ ᠶᠢᠨ ᠴᠠᠬᠢᠯᠭᠠᠨ ᠭᠠᠷᠭᠠᠬᠤ ᠦᠷᠳᠡᠭᠡ᠂

ᠬᠤᠩ ᠵᠢᠢ ᠵᠤᠤ ᠶᠧ ᠬᠤᠵᠢᠷ ᠤᠨ ᠦᠢᠯᠡᠰ ᠤᠨ ᠨᠡᠬᠡᠬᠡᠯᠳᠡ ᠵᠢᠴᠢ ᠤᠷᠢᠶᠠᠮᠠᠭ ᠵᠠᠮᠠᠭ ᠤᠨ ᠦᠢᠯᠡᠳᠪᠤᠷᠢᠯᠡᠯ᠂ ᠹᠦ᠋ ᠶᠠᠩ

ᠵᠤᠭᠠᠩ ᠤᠨ ᠡᠳ᠋ᠰᠢᠬᠦᠯᠦᠯᠳᠡ᠂ ᠰᠢ ᠪᠸᠢ ᠢᠳᠡᠬᠡᠨ ᠤᠮᠳᠠᠭᠠᠨ ᠤ ᠦᠢᠯᠡᠰ ᠤᠨ ᠬᠤᠶᠠᠳᠤᠭᠠᠷ ᠬᠤᠭᠤᠴᠠᠭᠠᠨ ᠤ

ᠪᠠᠶᠢᠭᠤᠯᠤᠯᠳᠠ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯᠯᠠᠬᠤ ᠮᠠᠲ᠋ᠧᠷᠢᠶᠠᠯ ᠵᠡᠷᠬᠡ ᠲᠦᠰᠦᠯ ᠢ ᠲᠤᠰ ᠵᠢᠯ ᠳᠤ

ᠬᠡᠷᠡᠭᠯᠡᠯᠳᠡ ᠳᠤ ᠤᠷᠤᠭᠤᠯᠬᠤ ᠪᠠᠷ ᠪᠠᠶᠢᠨ᠎ᠠ᠃ ᠠᠷᠠᠯᠵᠢᠶᠠᠴᠢᠨ ᠤᠷᠢᠵᠦ ᠪᠠᠯᠠ ᠲᠠᠳᠠᠬᠤ ᠠᠵᠢᠯ ᠤᠨ ᠡᠷᠴᠢᠮ ᠢᠶᠠᠨ

ᠴᠢᠩᠭᠠᠳᠬᠠᠨ᠂ ᠠᠷᠠᠯᠵᠢᠶᠠᠴᠢᠨ ᠤᠷᠢᠵᠦ ᠪᠡᠯᠡ ᠲᠠᠳᠠᠬᠤ ᠦᠵᠡᠯᠳᠡ ᠲᠠᠨᠢᠯᠳᠠ ᠪᠠᠨ ᠬᠤᠪᠢᠷᠠᠭᠤᠯᠤᠨ᠂ ᠲᠦᠷᠦ ᠶᠢᠨ

ᠪᠤᠳᠤᠯᠭ᠎ᠠ ᠶᠢᠨ ᠤᠳᠤᠷᠢᠳᠤᠮᠵᠢ ᠪᠠ ᠵᠠᠬ᠎ᠠ ᠲᠡᠯᠬᠡᠬᠦᠷ ᠤᠨ ᠬᠠᠨᠳᠤᠰᠢ ᠶᠢ ᠵᠦᠪ ᠤᠨᠤᠪᠴᠢᠳᠠᠢ ᠤᠶᠢᠯᠭᠠᠵᠦ᠂ ᠠᠶᠢᠮᠠᠭ ᠤᠨ

ᠭᠠᠳᠠᠨ᠎ᠡ ᠠᠴᠠ 30 ᠳ᠋ᠦᠩᠰᠢᠭᠤᠷ ᠲᠦᠬᠦᠷᠢᠭ ᠤᠨ ᠪᠡᠯᠡ ᠲᠠᠳᠠᠬᠤ ᠪᠠᠷ ᠪᠤᠢ᠃ ᠵᠠᠰᠠᠭ ᠤᠨ ᠤᠷᠳᠤᠨ ᠪᠠ ᠨᠡᠶᠢᠬᠡᠮ ᠤᠨ

ᠬᠦᠷᠦᠩᠬᠡ ᠶᠢᠨ ᠪᠡᠯᠡ ᠨᠡᠶᠢᠯᠡᠬᠦᠯᠬᠦ ᠬᠠᠮᠳᠤᠷᠠᠯᠴᠠᠭᠠᠨ ᠤ ᠬᠡᠯᠪᠡᠷᠢ ᠶᠢ ᠲᠦᠬᠡᠮᠡᠯᠵᠢᠬᠦᠯᠵᠦ᠂ ᠮᠦᠩᠬᠦᠨ ᠬᠦᠢᠯᠬᠡᠬᠡᠨ ᠤ ᠰᠢᠨ᠎ᠠ

᠎ ᠶᠢ ᠡᠬᠦᠳᠬᠦ ᠬᠦᠴᠦᠯᠡᠴᠡ ᠶᠢ ᠨᠡᠮᠡᠭᠳᠡᠬᠦᠯᠦᠨ᠂ ᠢᠷᠬᠡᠨ ᠤ ᠲᠤᠮᠳᠠᠬᠢ ᠪᠡᠯᠡ ᠬᠦᠷᠦᠩᠬᠡ ᠶᠢᠨ ᠬᠠᠯᠠᠮᠰᠢᠯ ᠪᠠ ᠠᠮᠢᠵᠢᠷᠠᠯ ᠤᠨ

ᠬᠦᠴᠦᠨ ᠢ ᠤᠯᠠᠮ  ᠬᠦᠭᠵᠢᠬᠡᠨ᠎ᠡ᠃ ᠭᠠᠵᠠᠷ ᠤᠨ ᠲᠡᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠦᠰᠦᠯ ᠢ

ᠬᠠᠷᠢᠭᠤᠴᠠᠬᠤ ᠠᠵᠢᠯ ᠤᠨ ᠲᠦᠷᠢᠮ᠂ ᠭᠤᠤᠯᠳᠠᠯᠭ᠎ᠠ ᠲᠠᠢ ᠲᠦᠰᠦᠯ ᠤᠨ ᠬᠠᠮᠢᠶᠠᠳᠠᠢ ᠲᠤᠭᠳᠠᠮᠠᠯ ᠬᠤᠷᠠᠯ ᠤᠨ ᠲᠦᠷᠢᠮ ᠪᠠ

ᠲᠤᠭᠤᠷᠢᠨ ᠪᠠᠶᠢᠴᠠᠭᠠᠬᠤ ᠴᠠᠭᠳᠠᠭᠠᠨ ᠬᠡᠷ ᠤᠨ ᠠᠵᠢᠯ ᠤᠨ ᠲᠤᠭᠳᠠᠯᠴᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠲᠦᠰᠦᠯ

᠎ ᠤᠨ ᠪᠦᠳᠦᠬᠡᠨ ᠪᠠᠶᠢᠭᠤᠯᠤᠯᠳᠠ ᠶᠢᠨ ᠲᠤᠮᠳᠠ ᠤᠷᠤᠰᠢᠵᠦ ᠪᠠᠶᠢᠭ᠎ᠠ ᠬᠦᠴᠢᠷ ᠠᠰᠠᠭᠤᠳᠠᠯ ᠢ ᠲᠠᠷᠤᠶᠢᠬᠠᠨ ᠰᠢᠢᠳᠪᠤᠷᠢᠯᠡᠵᠦ᠂

ᠲᠦᠰᠦᠯ ᠢ ᠪᠠᠶᠢᠭᠤᠯᠤᠨ ᠬᠡᠷᠡᠭᠯᠡᠯᠳᠡ ᠳᠤ ᠤᠷᠤᠭᠤᠯᠬᠤ ᠳᠤ ᠤᠬᠢ ᠰᠠᠶᠢᠨ ᠤᠷᠴᠢᠨ ᠲᠤᠭᠤᠷᠢᠨ ᠬᠠᠩᠭᠠᠵᠦ ᠦᠭᠬᠦᠨ᠎ᠡ᠃

ᠴᠢᠬᠤᠯᠠ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠰᠦᠯ ᠢ ᠲᠦᠷᠬᠡᠳᠬᠡᠨ᠂ ᠠᠷᠠᠳ ᠤᠨ

ᠭᠡᠷᠡᠭᠯᠡᠬᠡᠨ ᠤ ᠨᠢᠰᠬᠡᠯ ᠤᠨ ᠪᠠᠭᠤᠳᠠᠯ ᠢ ᠰᠢᠨ᠎ᠠ ᠪᠠᠷ ᠪᠠᠶᠢᠭᠤᠯᠬᠤ᠂ ᠰᠢᠯᠢ ᠶᠢᠨ ᠬᠤᠳᠠ ᠠᠴᠠ ᠪᠡᠭᠡᠵᠢᠩ ᠬᠦᠷᠬᠦ ᠠᠶᠠᠨᠴᠢᠳ

᠎ ᠤᠨ ᠪᠠ ᠵᠦᠬᠡᠬᠡᠪᠤᠷᠢ ᠶᠢᠨ ᠲᠦᠷᠬᠡᠨ ᠲᠠᠮᠤᠷ ᠵᠠᠮ ᠢ ᠨᠡᠪᠳᠡᠷᠡᠬᠦᠯᠬᠦ᠂ ᠱᠠᠩᠳᠤ ᠪᠠᠯᠭᠠᠰᠤᠨ ᠠᠴᠠ ᠪᠤᠷᠤ ᠬᠤᠳᠠ᠂ ᠪᠤᠷᠤ

ᠬᠤᠳᠠ ᠠᠴᠠ ᠰᠠᠶᠢᠪᠸᠢ ᠬᠠᠮᠢᠶᠠᠷᠤᠯᠳᠠ ᠶᠢᠨ ᠲᠤᠭᠤᠷᠢᠭ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠵᠠᠰᠠᠬᠤ ᠵᠡᠷᠬᠡ

ᠲᠦᠰᠦᠯ ᠢ ᠠᠬᠢᠭᠤᠯᠤᠨ᠂ ᠮᠠᠨ ᠤᠨ ᠬᠤᠰᠢᠭᠤᠨ ᠤ ᠵᠠᠮ ᠱᠤᠭᠤᠮ ᠤᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃

      ︵ᠬᠤᠶᠠᠷ︶ ᠠᠮᠢ ᠠᠬᠤᠢ ᠣᠷᠴᠢᠨ ᠳᠣᠭᠤᠷᠢᠨ ᠤ ᠰᠡᠷᠡᠮᠵᠢ ᠶᠢᠨ ᠱᠣᠭᠤᠮ ᠢ ᠰᠠᠶᠢᠳᠣᠷ ᠪᠠᠷᠢᠮᠳᠠᠯᠠᠨ᠎ᠠ᠃ ᠠᠮᠢ

ᠠᠬᠤᠢ ᠶᠢᠨ ᠪᠤᠯᠪᠠᠰᠣᠨ ᠤ ᠲᠦᠷᠢᠮ ᠤᠨ ᠲᠤᠷᠰᠢᠯᠳᠡ ᠶᠢᠨ ᠴᠢᠭ ᠤᠨ ᠪᠠᠶᠢᠭᠤᠯᠤᠯᠳᠠ ᠪᠠᠷ ᠰᠢᠵᠢᠮ ᠪᠤᠯᠭᠠᠨ᠂ ᠲᠠᠯ᠎ᠠ

ᠨᠤᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠵᠢᠯ ᠢ ᠠᠵᠤ ᠠᠬᠤᠢ ᠨᠠᠶᠢᠭᠡᠮ ᠤᠨ

ᠬᠦᠭᠵᠢᠯᠳᠡ ᠶᠢᠨ ᠰᠠᠭᠤᠷᠢ ᠪᠤᠯᠭᠠᠨ  ᠰᠠᠶᠢᠳᠣᠷ ᠠᠳᠬᠤᠵᠤ ᠪᠤᠳᠠᠳᠠᠢ ᠦᠷ᠎ᠡ ᠪᠦᠳᠦᠮᠵᠢ ᠭᠠᠷᠭᠠᠨ᠎ᠠ᠃ ᠭᠡᠭᠡᠷ᠎ᠡ ᠶᠢᠨ

ᠠᠮᠢᠳᠠᠨ ᠣᠷᠭᠤᠮᠠᠯ ᠤᠨ ᠬᠠᠮᠠᠭᠠᠯᠠᠯᠳᠠ ᠬᠠᠮᠢᠶᠠᠷᠣᠯᠳᠠ ᠶᠢ ᠪᠦᠬᠦ ᠲᠠᠯ᠎ᠠ ᠪᠠᠷ ᠲᠦᠷᠢᠮᠵᠢᠭᠦᠯᠵᠦ᠂ ᠪᠤᠳᠠᠳᠠᠢ ᠠᠷᠭ᠎ᠠ ᠬᠡᠮᠵᠢᠶ᠎ᠠ

ᠲᠤᠭᠳᠠᠭᠠᠨ ᠬᠡᠷᠡᠭᠵᠢᠬᠦᠯᠦᠨ᠎ᠡ᠃ ᠭᠡᠭᠡᠷ᠎ᠡ ᠶᠢᠨ ᠣᠷᠭᠤᠮᠠᠯ ᠢ ᠳᠣᠷ᠎ᠠ ᠪᠠᠷ ᠮᠠᠯᠳᠠᠵᠤ᠂ ᠭᠡᠭᠡᠷ᠎ᠡ ᠶᠢᠨ ᠠᠮᠢᠳᠠᠨ ᠢ ᠬᠦᠨᠦᠬᠡᠭᠰᠡᠨ

ᠪᠠ ᠲᠡᠭᠦᠨ ᠤ ᠪᠦᠳᠦᠭᠡᠭᠳᠡᠭᠦᠨ ᠢ ᠬᠠᠣᠯᠢ ᠪᠤᠰᠣ ᠪᠠᠷ ᠠᠷᠠᠯᠵᠢᠶᠠᠯᠠᠭᠰᠠᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂

ᠬᠠᠮᠠᠭᠠᠯᠠᠯᠳᠠ ᠶᠢᠨ ᠲᠦᠷᠢᠮ ᠳᠣᠭᠳᠠᠭᠠᠯ᠂ ᠪᠡᠯᠡ ᠣᠷᠣᠭᠤᠯᠤᠯᠳᠠ᠂ ᠭᠡᠷᠡᠭᠵᠢᠭᠦᠯᠬᠦ ᠠᠷᠭ᠎ᠠ ᠬᠡᠮᠵᠢᠶᠠᠨ ᠳᠤ ᠪᠦᠬᠦ ᠲᠠᠯ᠎ᠠ ᠶᠢᠨ

ᠪᠠᠳᠣᠯᠠᠭ᠎ᠠ ᠬᠠᠩᠭᠠᠨ᠎ᠠ᠃ ᠬᠤᠶᠠᠳᠣᠭᠠᠷ  ᠡᠭᠡᠯᠵᠢᠨ ᠤ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ

ᠳᠣᠭᠳᠠᠯᠴᠠᠭ᠎ᠠ ᠶᠤᠰᠣᠭᠠᠷ᠂ ᠪᠦᠬᠦ ᠬᠤᠰᠢᠭᠤᠨ ᠤ 1356.68 ᠲᠦᠮᠡᠨ ᠮᠤ᠋ ᠪᠡᠯᠴᠢᠭᠡᠷ ᠲᠤ ᠲᠠᠯ᠎ᠠ ᠨᠤᠳᠤᠭ ᠤᠨ ᠠᠮᠢ

ᠠᠬᠤᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠣᠯᠭ᠎ᠠ ᠶᠢ ᠭᠡᠷᠡᠭᠵᠢᠭᠦᠯᠵᠦ᠂ ᠱᠠᠩᠨᠠᠯ ᠨᠦᠬᠦᠪᠦᠷᠢ ᠤᠯᠭᠤᠬᠤ ᠪᠠ

ᠬᠠᠮᠠᠭᠠᠯᠠᠵᠦ ᠬᠠᠮᠢᠶᠠᠷᠬᠤ ᠠᠵᠢᠯ ᠢ ᠬᠠᠷᠢᠯᠴᠠᠨ ᠣᠶᠠᠯᠳᠣᠭᠤᠯᠵᠤ᠂ ᠪᠡᠯᠴᠢᠭᠡᠷᠡᠯᠡᠭᠦᠯᠬᠦ ᠶᠢ ᠵᠤᠭᠰᠣᠭᠠᠬᠤ ᠣᠷᠣᠨ ᠳᠤ

ᠪᠡᠯᠴᠢᠭᠡᠷᠯᠡᠭᠦᠯᠬᠦ ᠶᠢ ᠵᠤᠭᠰᠣᠭᠠᠬᠤ ᠲᠦᠷᠢᠮ ᠢ ᠴᠢᠩᠭ᠎ᠠ ᠭᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ

᠎ ᠳᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠭᠡᠷᠡᠭᠵᠢᠭᠦᠯᠦᠨ᠎ᠡ᠃ ᠪᠠᠶᠢᠭᠠᠯᠢᠯᠢᠭ ᠨᠤᠳᠤᠭ ᠪᠡᠯᠴᠢᠭᠡᠷ ᠢ

ᠬᠤᠳᠠᠯᠳᠣᠭᠠᠨ ᠤ ᠦᠢᠯᠡᠰ ᠲᠤ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠠᠮᠢ ᠠᠬᠤᠢ ᠶᠢᠨ ᠰᠡᠷᠡᠮᠵᠢ ᠶᠢᠨ ᠱᠤᠭᠤᠮ ᠤᠨ

ᠬᠠᠮᠠᠭᠠᠯᠠᠯᠳᠠ ᠶᠢ ᠰᠠᠶᠢᠳᠣᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠣᠨ ᠤ ᠪᠦᠳᠦᠭᠡᠨ

ᠪᠠᠶᠢᠭᠤᠯᠤᠯᠳᠠ ᠶᠢ ᠣᠯᠠᠮ ᠨᠢᠭᠡ ᠠᠯᠬᠤᠮ ᠪᠠᠳᠣᠵᠢᠭᠤᠯᠤᠨ ᠲᠡᠭᠦᠯᠳᠡᠷᠵᠢᠭᠦᠯᠬᠦ ᠶᠢ ᠪᠠᠳᠣᠯᠠᠨ᠎ᠠ᠃ ᠪᠡᠭᠡᠵᠢᠩ ᠲᠢᠶᠠᠨᠵᠢᠨ ᠤ

ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠣᠭᠠᠨ ᠤᠶᠢᠵᠢᠭᠤᠯᠬᠤ᠂ ᠭᠤᠤᠯᠳᠠᠯᠭ᠎ᠠ ᠲᠠᠢ ᠣᠷᠣᠨ ᠢ

ᠨᠤᠭᠤᠭᠠᠷᠠᠭᠤᠯᠬᠤ ᠵᠡᠷᠭᠡ ᠲᠦᠰᠦᠯ ᠢ ᠰᠠᠶᠢᠳᠣᠷ ᠭᠡᠷᠡᠭᠵᠢᠭᠦᠯᠵᠤ᠂ 13.6 ᠲᠦᠮᠡᠨ ᠮᠤ᠋ ᠲᠠᠯᠠᠪᠠᠢ ᠶᠢᠨ ᠣᠶᠢᠵᠢᠭᠤᠯᠤᠯᠳᠠ᠂

1500 ᠮᠤ᠋ ᠭᠤᠤᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ᠂ 7500 ᠮᠤ᠋ ᠵᠢᠵᠢᠭ ᠰᠠᠪᠠ ᠭᠠᠵᠠᠷ ᠤᠨ ᠶᠡᠷᠦᠩᠬᠡᠢ

ᠵᠠᠰᠠᠯᠳᠠ ᠶᠢ ᠪᠡᠶᠡᠯᠡᠭᠦᠯᠦᠨ᠎ᠡ᠃ ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠣᠷᠴᠢᠨ ᠳᠣᠭᠤᠷᠢᠨ ᠢ ᠶᠡᠷᠦᠩᠬᠡᠶᠢᠯᠡᠨ

ᠵᠠᠰᠠᠬᠤ ᠬᠦᠴᠦᠯᠡᠴᠡ ᠶᠢ ᠴᠢᠩᠭᠠᠳᠬᠠᠵᠤ᠂ ᠠᠭᠠᠷ ᠮᠠᠨᠳᠠᠯ᠂ ᠣᠰᠣ᠂ ᠭᠠᠵᠠᠷ ᠰᠢᠷᠣᠢ ᠶᠢᠨ ᠪᠤᠬᠢᠷᠳᠣᠯ ᠢ ᠶᠡᠷᠦᠩᠬᠡᠶᠢᠯᠡᠨ

ᠵᠠᠰᠠᠵᠤ᠂ ᠬᠢᠨᠠᠨ ᠰᠢᠯᠭᠠᠬᠤ ᠠᠵᠢᠯ ᠢ ᠬᠦᠨᠵᠡᠭᠡᠢ ᠦᠷᠨᠢᠭᠦᠯᠦᠨ᠎ᠡ᠃  ᠲᠦᠰᠦᠯ ᠤᠨ ᠣᠷᠴᠢᠨ ᠳᠣᠭᠤᠷᠢᠨ ᠤ ᠨᠦᠯᠦᠭᠡᠯᠡᠯ

᠎ ᠤᠨ ᠦᠨᠡᠯᠡᠯᠳᠡ ᠪᠠ ᠲᠦᠯᠦᠪᠵᠢᠭᠦᠯᠭᠡ ᠶᠢᠨ ᠣᠷᠴᠢᠨ ᠳᠣᠭᠤᠷᠢᠨ ᠤ ᠨᠦᠯᠦᠭᠡᠯᠡᠯ ᠤᠨ ᠦᠨᠡᠯᠡᠯᠳᠡ ᠶᠢᠨ ᠤᠶᠠᠯᠳᠤᠭᠰᠠᠨ

ᠲᠤᠭᠳᠠᠮᠵᠢ ᠶᠢ ᠪᠠᠶᠢᠭᠤᠯᠵᠤ᠂ ᠪᠤᠬᠢᠷᠳᠣᠯ ᠭᠠᠳᠠᠭᠰᠢᠯᠠᠭᠤᠯᠬᠤ ᠡᠷᠭᠡ ᠶᠢᠨ ᠰᠤᠯᠢᠯᠴᠠᠭᠠᠨ ᠤ ᠵᠠᠬ᠎ᠠ ᠲᠡᠯᠬᠡᠬᠦᠷᠴᠢᠯᠡᠭᠰᠡᠨ

ᠦᠬᠡᠷᠡᠴᠢᠯᠡᠯᠳᠡ ᠶᠢ ᠲᠦᠷᠭᠡᠳᠭᠡᠨ᠎ᠡ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠠ ᠶᠢᠨ ᠲᠦᠷᠢᠮ ᠢ ᠴᠢᠩᠭ᠎ᠠ

ᠭᠡᠷᠡᠭᠵᠢᠭᠦᠯᠵᠦ᠂ ᠣᠰᠣ ᠠᠷᠪᠢᠯᠠᠬᠤ ᠬᠡᠯᠪᠡᠷᠢ ᠶᠢᠨ ᠨᠠᠶᠢᠭᠡᠮ ᠢ ᠪᠠᠶᠢᠭᠤᠯᠵᠤ᠂ ᠣᠣᠭᠤᠬᠤ ᠤᠰᠣᠨ ᠤ ᠠᠮᠤᠷ ᠲᠦᠪᠰᠢᠨ ᠤ

ᠪᠠᠷᠢᠮᠵᠢᠶᠠᠨ ᠳᠤ ᠬᠦᠷᠬᠦ ᠶᠢ ᠪᠠᠳᠣᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠣᠰᠣᠨ ᠤ ᠡᠬᠢ ᠰᠣᠷᠪᠤᠯᠵᠢ

᠎ ᠶᠢᠨ ᠵᠠᠰᠠᠨ ᠰᠡᠷᠭᠦᠯᠳᠡ ᠵᠢᠴᠢ ᠬᠠᠮᠠᠭᠠᠯᠠᠯᠳᠠ ᠶᠢᠨ ᠢᠨᠵᠧᠨᠧᠷᠢᠩ ︵ᠱᠠᠩᠳᠣ ᠣᠰᠣᠨ ᠴᠦᠭᠦᠷᠦᠮ︶᠎ ᠤᠨ ᠲᠦᠰᠦᠯ ᠢ

ᠢᠳᠡᠪᠬᠢᠳᠠᠢ ᠠᠬᠢᠭᠤᠯᠵᠤ᠂ ᠭᠠᠵᠠᠷ ᠰᠢᠷᠦᠢ ᠶᠢᠨ ᠭᠡᠷᠡᠭᠯᠡᠯᠳᠡ ᠶᠢᠨ ᠭᠠᠷ ᠭᠦᠢᠴᠡᠳᠭᠡᠯ ᠢ ᠲᠦᠷᠭᠡᠨ ᠭᠦᠢᠴᠡᠳᠭᠡᠭᠦᠯᠬᠦ ᠪᠠᠷ

ᠴᠢᠷᠮᠠᠶᠢᠨ᠎ᠠ᠃

      ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ

ᠦᠭᠡᠷᠡᠴᠢᠯᠡᠯᠳᠡ ᠶᠢ ᠢᠳᠡᠪᠬᠢᠳᠠᠢ ᠠᠬᠢᠭᠤᠯᠤᠨ᠎ᠠ᠃ ᠪᠤᠬᠢᠷᠳᠦᠯ ᠦᠬᠡᠢ ᠠᠮᠣᠷ ᠲᠦᠪᠰᠢᠨ ᠮᠠᠯ ᠲᠠᠷᠢᠶᠠᠯᠠᠩ ᠤᠨ

ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠣᠳᠣᠷᠢᠳᠣᠮᠵᠢ ᠶᠢ ᠪᠠᠷᠢᠮᠳᠠᠯᠠᠨ᠂ ︽ᠬᠤᠨᠢ ᠶᠢ ᠴᠦᠭᠡᠳᠭᠡᠵᠤ᠂ ᠦᠭᠡᠷ ᠢ

ᠨᠡᠮᠡᠭᠳᠡᠭᠦᠯᠬᠦ︾ ᠲᠦᠯᠦᠪᠯᠡᠭᠡ ᠶᠢ ᠨᠠᠷᠢᠨ ᠬᠢᠨᠠᠮᠠᠭᠠᠢ ᠭᠡᠷᠡᠭᠵᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ

ᠦᠢᠯᠡᠰ ᠢ ᠣᠷᠣᠭᠤᠯᠬᠤ ᠪᠠᠷ ᠰᠢᠪᠳᠣᠯᠤᠯᠳᠠ ᠪᠤᠯᠭᠠᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂

ᠳᠣᠰᠬᠠᠶᠢᠵᠢᠭᠰᠠᠨ ᠳᠣᠮᠣ ᠡᠷᠦᠭᠡ᠂ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠡᠵᠡᠩᠨᠡᠯᠳᠡ ᠶᠢᠨ ᠭᠤᠤᠯ ᠴᠤᠭᠴᠠ ᠶᠢ

ᠳᠡᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠠᠯᠬᠤᠮ ᠢ

ᠲᠦᠷᠭᠡᠳᠭᠡᠵᠦ᠂ ᠮᠠᠯᠴᠢᠨ ᠲᠠᠷᠢᠶᠠᠴᠢᠨ ᠤ ᠮᠠᠯ ᠤᠨ ᠲᠤᠭ᠎ᠠ ᠲᠤᠯᠤᠭᠠᠢ ᠶᠢ ᠴᠦᠬᠡᠴᠡᠯᠡᠨ᠂ ᠴᠢᠨᠡᠷ ᠴᠢᠨᠰᠠᠭ᠎ᠠ ᠶᠢ

ᠲᠡᠭᠡᠭᠰᠢᠯᠡᠬᠦᠯᠵᠦ᠂ ᠣᠳᠣᠬᠢᠴᠢᠯᠠᠭᠰᠠᠨ᠂ ᠪᠤᠬᠢᠷᠳᠦᠯ ᠦᠬᠡᠢ ᠮᠠᠯ ᠠᠵᠤ ᠠᠬᠤᠢ ᠶᠢᠨ ᠵᠠᠮ ᠢᠶᠠᠷ ᠵᠠᠮᠨᠠᠬᠤ ᠶᠢ ᠣᠷᠮᠠᠰᠢᠭᠤᠯᠵᠤ

᠂ ᠠᠮᠢ ᠠᠬᠤᠢ ᠲᠠᠩᠴᠠᠬᠦᠷᠢᠳᠡᠢ᠂ ᠦᠢᠯᠡᠳᠪᠦᠷᠢᠯᠠᠯ ᠬᠦᠭᠵᠢᠭᠰᠡᠨ᠂ ᠠᠮᠢᠳᠣᠷᠠᠯ ᠴᠢᠨᠡᠭᠡᠯᠢᠭ ᠪᠤᠯᠬᠤ ᠬᠠᠷᠠᠯᠳᠠ ᠶᠢ

ᠪᠡᠶᠡᠯᠡᠭᠦᠯᠦᠨ᠎ᠡ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠡᠨ ᠤ ᠣᠨᠴᠠᠯᠢᠭᠳᠣ ᠠᠵᠤ ᠦᠢᠯᠡᠰ ᠤᠨ ᠬᠦᠷᠢᠶᠡᠯᠡᠩ ᠤᠨ

ᠳᠠᠪᠠᠭᠤᠯᠢᠭ ᠢ ᠠᠰᠢᠭᠯᠠᠵᠤ᠂ ᠦᠭᠡᠷ ᠬᠤᠨᠢᠨ ᠮᠢᠬ᠎ᠠ᠂ ᠴᠠᠭᠠᠨ ᠢᠳᠡᠭᠡ ᠶᠢ ᠨᠠᠷᠢᠯᠢᠭ ᠪᠤᠯᠪᠠᠰᠣᠷᠠᠭᠤᠯᠬᠤ ᠲᠦᠰᠦᠯ ᠢ

ᠣᠷᠢᠨ ᠤᠷᠤᠭᠤᠯᠵᠦ᠂ ᠣᠯᠠᠮᠵᠢᠯᠠᠯᠳᠣ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠠᠵᠤ ᠠᠬᠤᠶᠢᠯᠠᠯ ᠤᠨ ᠬᠡᠯᠪᠡᠷᠢ ᠶᠢ

ᠦᠭᠡᠷᠡᠴᠢᠯᠡᠨ ᠲᠡᠰ ᠲᠡᠪᠰᠢᠭᠦᠯᠬᠦ ᠶᠢ ᠳᠠᠶᠢᠴᠢᠯᠠᠨ᠂ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠨᠡᠮᠡᠯᠳᠡ ᠦᠷᠳᠡᠭ

ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠦ᠂ ᠮᠠᠨ ᠤ ᠬᠤᠰᠢᠭᠤᠨ ᠤ ᠪᠤᠬᠢᠷᠳᠦᠯ ᠦᠬᠡᠢ ᠦᠭᠡᠷ ᠬᠤᠨᠢᠨ

ᠮᠢᠬ᠎ᠠ᠂ ᠴᠠᠭᠠᠨ ᠢᠳᠡᠭᠡᠨ ᠤ ᠣᠯᠣᠰ ᠤᠨ ᠳᠣᠳᠣᠭᠠᠳᠣᠬᠢ ᠨᠡᠷᠡᠳᠦ ᠳᠡᠮᠳᠡᠭ ᠢ ᠡᠭᠦᠳᠴᠦ᠂ ᠮᠠᠯ ᠠᠵᠤ ᠠᠬᠤᠢ ᠶᠢᠨ

ᠴᠢᠨᠠᠷᠯᠢᠭ ᠬᠦᠭᠵᠢᠯᠳᠡ ᠶᠢ ᠠᠬᠢᠭᠤᠯᠤᠨ᠎ᠠ᠃ ᠮᠢᠬᠠᠨ ᠤ ᠦᠭᠡᠷ ᠤᠨ ᠠᠵᠤ ᠦᠢᠯᠡᠰᠵᠢᠯᠳᠡ ᠶᠢᠨ ᠲᠦᠰᠦᠯ ᠤᠨ

ᠪᠠᠶᠢᠭᠤᠯᠤᠯᠳᠠ ᠶᠢ ᠴᠢᠩᠭᠠᠳᠬᠠᠵᠦ᠂ ᠲᠤᠰ ᠵᠢᠯ ᠳᠤ 5000 ᠳᠣᠯᠣᠭᠠᠢ ᠴᠡᠪᠡᠷ ᠡᠭᠦᠯᠳᠡᠷ ᠤᠨ ᠰᠢᠮᠧᠨ᠋ᠲᠷ ᠦᠭᠡᠷ ᠪᠠ

ᠠᠩᠭᠧᠰ ᠦᠭᠡᠷ ᠢ ᠣᠷᠣᠭᠤᠯᠵᠤ᠂  5 ᠲᠦᠮᠡᠨ ᠳᠣᠯᠣᠭᠠᠢ ᠮᠢᠬᠠᠨ ᠤ ᠦᠭᠡᠷ ᠢ ᠵᠠᠷᠤᠬᠤ ᠪᠠᠷ ᠲᠦᠯᠦᠪᠯᠡᠵᠦ ᠪᠤᠢ᠃ ᠮᠠᠯ

᠎ ᠤᠨ ᠳᠤᠭ᠎ᠠ ᠳᠣᠯᠣᠭᠠᠢ ᠶᠢ ᠴᠢᠩᠭ᠎ᠠ ᠬᠢᠵᠠᠭᠠᠷᠯᠠᠵᠤ᠂ ᠵᠢᠯ ᠤᠨ ᠮᠠᠯᠵᠢᠬᠤ ᠬᠤᠨᠢᠨ ᠤ ᠳᠤᠭ᠎ᠠ ᠶᠢ 30 ᠲᠦᠮᠡ ᠳᠤ

ᠬᠢᠵᠠᠭᠠᠷᠯᠠᠵᠤ᠂ ᠠᠳᠠᠯᠢ ᠬᠤᠭᠤᠴᠠᠭᠠᠨ ᠤ ᠠᠴᠠ 22 ᠲᠦᠮᠡ ᠪᠠᠷ ᠴᠦᠬᠡᠳᠬᠡᠨ᠎ᠡ᠃ 10 ᠲᠦᠮᠡᠨ ᠦᠨᠢᠶᠡᠨ ᠳᠤ ᠭᠠᠷ

ᠬᠡᠬᠡᠯᠳᠦᠬᠦᠯᠬᠡ  ᠬᠢᠬᠦ ᠪᠠᠷ ᠲᠦᠯᠦᠪᠯᠡᠵᠦ᠂ ᠮᠠᠯᠵᠢᠬᠤ ᠦᠭᠡᠷ ᠤᠨ ᠳᠤᠭ᠎ᠠ ᠶᠢ 17 ᠲᠦᠮᠡ ᠳᠤ ᠬᠢᠵᠠᠭᠠᠷᠯᠠᠬᠤ ᠪᠠᠷ

ᠲᠦᠯᠦᠪᠯᠡᠪᠡ᠃ ᠳᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠭᠡᠷᠡᠭᠵᠢᠭᠦᠯᠵᠦ᠂ ᠲᠠᠷᠢᠮᠠᠯ ᠤᠨ ᠲᠠᠯᠠᠪᠠᠢ ᠶᠢ 30

ᠲᠦᠮᠡᠨ ᠮᠤ᠋ ᠣᠷᠴᠢᠮ ᠲᠤ ᠲᠤᠭᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠳᠤ ︽ᠬᠤᠶᠠᠷ ᠡᠷᠭᠡ︾᠎ ᠶᠢᠨ

ᠪᠠᠷᠢᠴᠠᠭᠠᠳᠤ ᠵᠢᠭᠡᠯᠡᠯᠭᠡ ᠶᠢᠨ ᠳᠣᠷᠰᠢᠯᠳᠠ ᠶᠢᠨ ᠴᠢᠭ ᠪᠠᠶᠢᠭᠤᠯᠬᠤ ᠠᠵᠢᠯ ᠢ ᠰᠠᠶᠢᠳᠣᠷ ᠬᠢᠵᠦ  ᠂ ᠮᠠᠯᠴᠢᠨ ᠲᠠᠷᠢᠶᠠᠴᠢᠨ ᠤ

ᠦᠢᠯᠡᠳᠪᠦᠷᠢᠯᠡᠯ ᠠᠮᠢᠳᠣᠷᠠᠯ ᠳᠤ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ᠃

ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ

ᠦᠷᠭᠦᠯᠵᠢᠯᠡᠨ ᠴᠢᠩᠭᠠᠳᠬᠠᠵᠤ᠂ ᠨᠤᠭᠤᠭᠠᠨ ᠲᠠᠷᠤᠰᠢ ᠪᠠ ᠰᠢᠯᠢᠳᠡᠭ ᠲᠡᠵᠢᠬᠡᠯ ᠡᠪᠡᠰᠦ ᠳᠠᠷᠢᠬᠤ ᠳᠠᠯᠠᠪᠠᠢ ᠶᠢ ᠪᠠᠳᠣᠯᠠᠵᠤ᠂

ᠴᠠᠭ ᠠᠭᠤᠷ ᠤᠨ ᠣᠳᠣᠬᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠲᠠᠷᠢᠶᠠᠯᠠᠩ ᠮᠠᠯ ᠠᠵᠤ ᠠᠬᠤᠢ

᠎ ᠶᠢᠨ ᠭᠠᠮᠰᠢᠭ ᠠᠴᠠ ᠰᠡᠷᠭᠡᠶᠢᠯᠡᠵᠦ᠂ ᠲᠦᠭᠰᠢᠭᠦᠷᠢ ᠶᠢ ᠰᠦᠷᠦᠬᠦ ᠴᠢᠳᠠᠪᠬᠢ ᠶᠢ ᠨᠡᠮᠡᠭᠳᠡᠭᠦᠯᠦᠨ᠎ᠡ᠃

      ︵ᠲᠦᠷᠪᠡ︶ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ

ᠲᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠪᠡᠭᠡᠵᠢᠩ᠂ ᠲᠢᠶᠠᠨᠵᠢᠨ᠂ ᠾᠧᠪᠸᠢ ᠶᠢᠨ ᠵᠤᠬᠢᠴᠠᠩᠭᠤᠢ ᠬᠦᠭᠵᠢᠯᠳᠡ᠂

︽ᠨᠢᠭᠡ ᠪᠦᠰᠡ ᠨᠢᠭᠡ ᠵᠠᠮ︾ ᠵᠡᠷᠭᠡ ᠣᠯᠣᠰ ᠤᠨ ᠬᠦᠭᠵᠢᠯᠳᠡ ᠶᠢᠨ ᠪᠠᠶᠢᠯᠳᠤᠬᠤ ᠪᠤᠳᠣᠯᠭ᠎ᠠ ᠪᠠᠷ ᠠᠵᠠ ᠲᠤᠬᠢᠶᠠᠯ

ᠪᠤᠯᠭᠠᠨ᠂ ᠨᠤᠨᠳᠠᠭ ᠨᠡᠭᠦᠷᠡᠰᠦ᠂ ᠬᠦᠬᠦᠷ  ᠦᠬᠡᠶᠢᠳᠡᠬᠦᠯᠦᠭᠰᠡᠨ ᠵᠤᠭᠠᠩ ᠵᠡᠷᠭᠡ ᠠᠵᠤ ᠦᠢᠯᠡᠳᠪᠦᠷᠢ ᠶᠢᠨ ᠬᠠᠳᠠᠭᠤ ᠪᠠᠶᠠᠳᠤ

ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠪᠠᠷ ᠭᠤᠤᠯ ᠪᠤᠯᠭᠠᠵᠤ᠂ ᠮᠠᠨ ᠤ ᠬᠤᠰᠢᠭᠤᠨ ᠤ ᠲᠤᠨᠤᠭᠯᠠᠯ ᠦᠢᠯᠡᠳᠬᠦ᠂

ᠰᠢᠨ᠎ᠡ ᠮᠠᠲ᠋ᠧᠷᠢᠶᠠᠯ᠂ ᠡᠨᠧᠷᠬᠢ ᠶᠢ ᠠᠷᠪᠢᠯᠠᠨ ᠣᠷᠴᠢᠨ ᠳᠣᠭᠤᠷᠢᠨ ᠢ ᠬᠠᠮᠠᠭᠠᠯᠠᠬᠤ ᠵᠡᠷᠭᠡ ᠣᠷᠴᠢᠯ ᠠᠵᠤ ᠠᠬᠤᠢ ᠶᠢᠨ

ᠠᠵᠦ ᠦᠢᠯᠡᠰ ᠢ ᠬᠦᠴᠦᠷᠭᠡᠭᠵᠢᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭ᠎ᠠ ᠶᠢ ᠨᠢᠭᠳᠠ

ᠠᠩᠬᠠᠷᠴᠤ᠂ ᠠᠵᠤ ᠠᠬᠤᠢ ᠶᠢᠨ ᠠᠵᠢᠯᠯᠠᠭ᠎ᠠ ᠶᠢᠨ ᠵᠤᠬᠢᠴᠠᠭᠤᠯᠤᠯᠳᠠ ᠶᠢ ᠴᠢᠩᠭᠠᠳᠬᠠᠵᠤ᠂ ᠭᠡᠪᠴᠢᠶᠡᠵᠢᠭᠰᠡᠨ ᠠᠵᠤ

ᠠᠬᠤᠶᠢᠯᠠᠯ ᠪᠦᠬᠦ ᠢᠶᠠᠷ ᠢᠶᠠᠨ  ᠠᠵᠢᠯᠯᠠᠭ᠎ᠠ ᠪᠠᠨ ᠡᠬᠢᠯᠡᠭᠦᠯᠬᠦ ᠶᠢ ᠪᠠᠳᠣᠯᠠᠨ᠎ᠠ᠃ ᠴᠠᠬᠢᠯᠭᠠᠨ ᠡᠨᠧᠷᠬᠢ ᠶᠢᠨ ᠠᠵᠤ ᠠᠬᠤᠶᠢᠯᠠᠯ

᠎ ᠳᠤ ᠬᠠᠪᠰᠤᠷᠤᠯᠴᠠᠨ ᠴᠠᠬᠢᠯᠭᠠᠨ ᠭᠠᠷᠭᠠᠬᠤ ᠬᠡᠮᠵᠢᠶ᠎ᠠ ᠶᠢ ᠨᠡᠮᠡᠭᠳᠡᠬᠦᠯᠬᠦ ᠪᠠ ᠤᠷᠤᠯᠠᠨ ᠴᠠᠬᠢᠯᠭᠠᠨ ᠭᠠᠷᠭᠠᠬᠤ ᠡᠭᠦᠷᠭᠡ ᠶᠢ

ᠤᠯᠬᠤ ᠪᠠᠷ ᠴᠢᠷᠮᠠᠶᠢᠵᠦ᠂ ᠱᠠᠩᠳᠣ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠠ ᠶᠢ 180

ᠳ᠋ᠦᠩᠰᠢᠭᠤᠷ ᠭᠷᠡᠳᠦ᠋ᠰ ᠲᠤ ᠬᠦᠷᠭᠡᠬᠦ ᠪᠠᠷ ᠴᠢᠷᠮᠠᠶᠢᠨ᠎ᠠ᠃ ᠴᠠᠬᠢᠯᠭᠠᠨ ᠶᠡᠭᠡ ᠭᠡᠷᠡᠭᠰᠡᠬᠦ ᠠᠵᠤ ᠦᠢᠯᠡᠳᠪᠦᠷᠢ ᠶᠢᠨ ᠠᠵᠤ

ᠠᠬᠤᠶᠢᠯᠠᠯ ᠤᠨ ᠵᠦᠷᠢᠶᠡᠳᠦ ᠴᠠᠬᠢᠯᠭᠠᠨ ᠤ ᠰᠦᠢᠳᠭᠡᠯ ᠪᠠ ᠦᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠣᠯᠠᠨ

ᠲᠠᠯᠠᠳᠤ ᠰᠣᠯᠢᠯᠴᠠᠭᠠᠨ ᠤ ᠵᠠᠬ᠎ᠠ ᠲᠡᠯᠭᠡᠭᠦᠷ ᠤᠨ ᠨᠦᠬᠦᠪᠦᠷᠢ ᠣᠯᠭᠤᠬᠤ ᠠᠵᠢᠯ ᠢ ᠰᠠᠶᠢᠳᠣᠷ ᠬᠢᠵᠦ᠂ ᠠᠵᠤ ᠠᠬᠤᠶᠢᠯᠠᠯ ᠤᠨ

ᠦᠪᠡᠷ ᠤᠨ ᠦᠷᠳᠡᠭ ᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠠᠰᠢᠭ ᠢ ᠨᠡᠮᠡᠭᠳᠡᠭᠦᠯᠦᠨ᠎ᠡ᠃ ᠵᠢᠯ ᠤᠨ ᠳᠣᠳᠣᠷ᠎ᠠ

4 ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ 3 ᠦᠢᠯᠡᠴᠢᠯᠡᠭᠡᠨ ᠤ ᠠᠵᠤ ᠠᠬᠤᠶᠢᠯᠠᠯ ᠢ ᠭᠡᠪᠴᠢᠶᠡᠵᠢᠭᠰᠡᠨ ᠠᠵᠤ

ᠠᠬᠤᠶᠢᠯᠠᠯ ᠤᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠵᠤ᠂ ᠮᠠᠨ ᠤᠨ ᠬᠤᠰᠢᠭᠤᠨ ᠤ ᠭᠡᠪᠴᠢᠶᠡᠵᠢᠭᠰᠡᠨ ᠠᠵᠤ

ᠠᠬᠤᠶᠢᠯᠠᠯ ᠤᠨ ᠡᠩᠨᠡᠭᠡ ᠶᠢ ᠤᠯᠠᠮ ᠪᠤᠵᠠᠭᠠᠶᠢᠷᠠᠭᠤᠯᠤᠨ᠎ᠠ  ᠃ ᠠᠵᠤ ᠦᠢᠯᠡᠳᠪᠦᠷᠢ ᠶᠢᠨ ᠬᠦᠷᠢᠶᠠᠯᠠᠩ ᠤᠨ ᠪᠦᠳᠦᠬᠡᠨ

ᠪᠠᠶᠢᠭᠤᠯᠤᠯᠳᠠ ᠶᠢ ᠣᠯᠠᠮ  ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠠᠯᠠᠩ ᠤᠨ ᠵᠠᠮ᠂ ᠣᠰᠣᠨ ᠤ ᠬᠠᠩᠭᠠᠯᠭ᠎ᠠ᠂

ᠳᠣᠯᠠᠭᠠᠯᠠᠭ᠎ᠠ᠂ ᠪᠤᠬᠢᠷᠳᠣᠯ ᠤᠨ ᠭᠠᠳᠠᠭᠰᠢᠯᠠᠭᠤᠯᠤᠯᠳᠠ᠂ ᠨᠤᠭᠤᠭᠠᠷᠭᠤᠯᠤᠯᠳᠠ ᠵᠡᠷᠭᠡ ᠰᠠᠭᠤᠷᠢ ᠲᠦᠭᠦᠭᠡᠷᠦᠮᠵᠢ ᠶᠢᠨ

ᠪᠦᠳᠦᠭᠡᠨ ᠪᠠᠶᠢᠭᠤᠯᠤᠯᠳᠠ ᠶᠢ ᠣᠯᠠᠮ ᠲᠡᠭᠦᠯᠳᠡᠷᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ᠠᠵᠤ

ᠦᠢᠯᠡᠳᠪᠦᠷᠢ ᠶᠢᠨ ᠬᠦᠷᠢᠶᠠᠯᠠᠩ ᠪᠤᠯᠭᠠᠨ ᠲᠡᠰ ᠲᠡᠪᠰᠢᠭᠦᠯᠬᠦ ᠪᠠᠷ ᠮᠡᠳᠡᠭᠦᠯᠬᠦ ᠠᠵᠢᠯ ᠢ ᠠᠬᠢᠭᠤᠯᠤᠨ᠎ᠠ᠃ ᠳᠣᠮᠣ ᠳ᠋ᠠᠶᠢᠲ᠋ᠠ

᠎ ᠶᠢᠨ ᠠᠵᠤ ᠦᠢᠯᠡᠰ ᠤᠨ ᠲᠦᠰᠦᠯ ᠳᠤ ᠠᠷᠠᠯᠵᠢᠶᠠᠴᠢᠨ ᠣᠷᠢᠬᠤ ᠬᠦᠴᠦᠯᠡᠴᠡ ᠶᠢ ᠨᠡᠮᠡᠭᠳᠡᠭᠦᠯᠵᠦ᠂ ︽ᠢᠨᠲ᠋ᠧᠷᠨᠧᠲ

ᠰᠦᠯᠵᠢᠶ᠎ᠡ +  ︾ ᠪᠠ  ᠡᠯᠧᠺᠲᠷᠤᠨ ᠬᠤᠳᠠᠯᠳᠤᠭ᠎ᠠ ᠪᠠᠷ ᠲᠠᠮᠵᠢᠭᠤᠯᠤᠨ᠂ ᠮᠠᠨ ᠤ ᠬᠤᠰᠢᠭᠤᠨ ᠤ ᠴᠠᠭᠠᠨ ᠢᠳᠡᠭᠡ᠂

ᠦᠭᠡᠷ ᠬᠤᠨᠢᠨ ᠮᠢᠬᠠᠨ ᠤ ᠭᠠᠷᠤᠯᠳᠠ ᠶᠢᠨ ᠤᠷᠤᠨ ᠢ ᠲᠤᠳᠤᠷᠬᠠᠶᠢᠯᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠦ

᠂ ︽ᠴᠠᠭᠠᠨ ᠢᠳᠡᠭᠡ︾᠂ ︽ᠪᠤᠬᠢᠷᠳᠦᠯ ᠦᠬᠡᠢ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠰᠠᠭᠤᠷᠢᠨ ᠭᠠᠵᠠᠷ︾

᠎ ᠤᠨ ᠨᠡᠷᠡᠳᠣ ᠳᠡᠮᠳᠡᠭ ᠢ ᠪᠦᠬᠦ ᠬᠦᠴᠦᠨ ᠢᠶᠠᠷ ᠢᠶᠠᠨ ᠡᠭᠦᠳᠦᠨ᠎ᠡ᠃  ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ

᠎ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠠ ᠦᠵᠡᠭᠦᠯᠬᠦ ᠰᠢᠶᠠᠨ ᠤ ᠲᠦᠰᠦᠯ ᠠᠴᠠ ᠭᠠᠷᠳᠠᠵᠤ᠂ ᠭᠤᠷᠪᠠᠳᠣᠭᠠᠷ ᠡᠳᠡᠭᠡᠳ

᠎ ᠤᠨ ᠪᠤᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠬᠦᠭᠵᠢᠬᠦᠯᠵᠦ᠂ ᠬᠤᠰᠢᠭᠤ᠂ ᠰᠣᠮᠣ᠂ ᠭᠠᠴᠠᠭᠠᠨ ᠤ ᠪᠤᠳᠠᠰ ᠤᠨ

ᠭᠦᠢᠯᠭᠡᠭᠡᠨ ᠤ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠣᠯᠠᠮᠵᠢᠯᠠᠯᠳᠣ ᠭᠡᠷᠡᠭᠯᠡᠭᠡ ᠶᠢ ᠲᠤᠭᠳᠠᠪᠤᠷᠢᠵᠢᠭᠤᠯᠬᠤ ᠶᠢᠨ

ᠬᠠᠮᠳᠣ᠂ ᠬᠡᠪᠴᠢᠶᠡᠵᠢᠭᠰᠡᠨ ᠠᠵᠤ ᠠᠬᠤᠶᠢᠯᠠᠯ ᠪᠠ ᠬᠡᠪ ᠤᠨ ᠠᠵᠤ ᠠᠬᠤᠶᠢᠯᠠᠯ ᠤᠨ ᠤᠷᠭᠠᠨᠢᠭ ᠬᠦᠭᠵᠢᠯᠳᠡ ᠶᠢ ᠠᠬᠢᠭᠤᠯᠵᠦ

᠂ ᠪᠤᠳᠠᠳᠤ ᠬᠤᠳᠠᠯᠳᠣᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃

ᠵᠢᠭᠤᠯᠴᠢᠯᠠᠯ᠂ ᠰᠣᠶᠣᠯ ᠳᠠᠮᠢᠷ᠂ ᠡᠷᠡᠭᠦᠯ ᠮᠠᠨᠳᠣ᠂ ᠨᠠᠰᠣᠵᠢᠯ᠂ ᠰᠣᠷᠭᠠᠨ ᠬᠦᠮᠦᠵᠢᠯ᠂ ᠪᠤᠯᠪᠠᠰᠣᠷᠠᠯ ᠬᠦᠷᠳᠡᠭᠡᠬᠦ ᠵᠡᠷᠭᠡ

ᠬᠦᠷᠢᠶ᠎ᠡ ᠭᠡᠪᠴᠢᠶ᠎ᠡ ᠪᠠᠷ ᠭᠤᠤᠯᠳᠠᠯᠭ᠎ᠠ ᠪᠤᠯᠭᠠᠨ᠂ ᠰᠢᠨ᠎ᠡ ᠪᠠᠷ ᠬᠦᠭᠵᠢᠵᠦ ᠪᠠᠶᠢᠭ᠎ᠠ ᠦᠢᠯᠡᠴᠢᠯᠡᠭᠡᠨ ᠤ ᠭᠡᠷᠡᠭᠯᠡᠭᠡ ᠶᠢ

ᠦᠷᠭᠡᠳᠭᠡᠨ᠎ᠡ᠃

      ︵ ᠲᠠᠪᠤ︶ ᠰᠣᠶᠣᠯ ᠵᠢᠭᠤᠯᠴᠢᠯᠠᠯ ᠤᠨ ᠦᠢᠯᠡᠰ ᠤᠨ ᠬᠦᠨᠵᠡᠭᠡᠢ ᠠᠭᠤᠰᠤᠯᠴᠠᠯ ᠢ ᠲᠦᠷᠭᠡᠳᠭᠡᠨ᠎ᠡ᠃ ᠶᠤᠸᠠᠨ ᠤ

ᠲᠡᠭᠡᠳᠦ ᠨᠠᠶᠢᠰᠯᠠᠯ ᠤᠨ ᠪᠠᠭᠤᠷᠢ ᠪᠠᠷ ᠲᠦᠪ ᠪᠤᠯᠭᠠᠨ᠂ ᠰᠣᠶᠣᠯ ᠵᠢᠭᠤᠯᠴᠢᠯᠠᠯ ᠤᠨ ᠦᠢᠯᠡᠰ ᠢ ᠪᠦᠳᠦᠴᠡ ᠶᠢᠨ

ᠳᠣᠬᠢᠷᠠᠭᠤᠯᠤᠯᠳᠠ ᠪᠠ ᠬᠡᠯᠪᠡᠷᠢ ᠶᠢᠨ ᠬᠤᠪᠢᠷᠠᠭᠤᠯᠤᠯᠳᠠ ᠶᠢᠨ ᠴᠢᠬᠤᠯᠠ ᠡᠭᠦᠷᠭᠡ ᠪᠤᠯᠭᠠᠨ᠂ ᠪᠦᠬᠦ ᠬᠤᠰᠢᠭᠤᠨ ᠤ ᠬᠦᠴᠦᠨ

ᠴᠢᠳᠠᠯ ᠢ ᠲᠠᠶᠢᠴᠢᠯᠠᠨ᠂ ᠪᠦᠬᠦ ᠣᠷᠣᠨ ᠳᠣᠭᠤᠷᠢᠭ ᠤᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠴᠦᠯᠡᠨ

ᠬᠦᠭᠵᠢᠭᠦᠯᠦᠨ᠎ᠡ᠃ ᠣᠷᠣᠨ ᠤ ᠭᠠᠳᠠᠨ᠎ᠠ᠂ ︽ᠶᠤᠸᠠᠨ ᠤ ᠲᠡᠭᠡᠳᠦ ᠨᠠᠶᠢᠰᠯᠠᠯ︾᠂ ᠮᠤᠩᠭᠤᠯ ᠶᠤᠸᠠᠨ ᠤ ᠰᠣᠶᠣᠯ᠂ ᠴᠠᠬᠠᠷ

ᠵᠠᠩ ᠦᠢᠯᠡ᠂  ᠪᠠᠶᠢᠭᠠᠯᠢ ᠶᠢᠨ ᠡᠬᠢ ᠪᠠᠶᠠᠯᠢᠭ ᠢᠶᠠᠨ ᠤᠬᠠᠭᠤᠯᠤᠨ ᠰᠤᠷᠳᠠᠯᠴᠢᠯᠠᠬᠤ ᠬᠦᠴᠦᠯᠡᠴᠡ ᠪᠠᠨ ᠨᠡᠮᠡᠭᠳᠡᠬᠦᠯᠦᠨ᠎ᠡ᠃

︽ᠵᠢᠭᠤᠯᠴᠢᠯᠠᠯ +︾ ᠪᠠᠶᠢᠯᠳᠣᠬᠤ ᠪᠤᠳᠣᠯᠭ᠎ᠠ ᠶᠢ ᠭᠡᠷᠡᠭᠵᠢᠭᠦᠯᠵᠦ᠂ ᠮᠤᠩᠭᠤᠯ ᠶᠤᠸᠠᠨ ᠤ ᠰᠣᠶᠣᠯ ᠤᠨ ᠠᠭᠤᠯᠤᠭᠳᠠᠭᠤᠨ

᠎ ᠢ ᠬᠦᠨᠵᠡᠭᠡᠢ ᠠᠭᠤᠳᠠᠯᠯᠠᠵᠤ᠂ ᠪᠦᠬᠦ ᠡᠯᠧᠮᠧᠨ᠋ᠲ᠂ ᠪᠦᠬᠦ ᠠᠵᠤ ᠦᠢᠯᠡᠰ ᠤᠨ ᠭᠡᠯᠬᠢᠶᠡᠳᠣ ᠰᠣᠶᠣᠯ ᠵᠢᠭᠤᠯᠴᠢᠯᠠᠯ ᠤᠨ

ᠬᠦᠭᠵᠢᠯᠳᠡ ᠶᠢᠨ ᠭᠡᠯᠪᠡᠷᠢ ᠶᠢ ᠪᠤᠢ ᠪᠤᠯᠭᠠᠵᠤ᠂ ︽ᠢᠨᠲ᠋ᠧᠷᠨᠧᠲ ᠰᠦᠯᠵᠢᠶ᠎ᠡ + ᠰᠣᠶᠣᠯ ᠵᠢᠭᠤᠯᠴᠢᠯᠠᠯ︾᠎ ᠤᠨ ᠡᠬᠢ

ᠪᠠᠶᠠᠯᠢᠭ ᠢ ᠬᠠᠮᠳᠣ ᠪᠠᠷ ᠡᠳ᠋ᠯᠡᠬᠦ ᠦᠢᠯᠡᠴᠢᠯᠡᠭᠡᠨ ᠤ ᠲᠡᠪᠴᠡᠩ ᠤᠨ ᠮᠡᠷᠭᠡᠵᠢᠯ ᠢ ᠭᠦᠢᠴᠡᠳ ᠠᠰᠢᠭᠯᠠᠵᠤ᠂ ᠮᠠᠨ ᠤ

ᠬᠤᠰᠢᠭᠤᠨ ᠤ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠰᠣᠷᠠᠭ ᠵᠠᠩᠬᠢᠴᠢᠯᠠᠯᠳᠠ ᠶᠢᠨ ᠠᠬᠢᠴᠠ ᠶᠢ ᠲᠦᠷᠭᠡᠳᠭᠡᠵᠤ᠂

ᠮᠠᠨ ᠤ ᠬᠤᠰᠢᠭᠤ ᠪᠠᠨ ᠰᠣᠶᠣᠯ ᠵᠢᠭᠤᠯᠴᠢᠯᠠᠯ ᠤᠨ ᠳᠣᠮᠣ ᠬᠤᠰᠢᠭᠤ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ ᠪᠤᠳᠠᠳᠠᠢ

᠎ ᠲᠠᠢ ᠣᠶᠠᠯᠳᠣᠭᠤᠯᠤᠨ᠂ ︽ᠪᠦᠬᠦ ᠣᠷᠣᠨ ᠳᠣᠭᠤᠷᠢᠭ ᠤᠨ ᠵᠢᠭᠤᠯᠴᠢᠯᠠᠯ ᠢ ᠬᠦᠭᠵᠢᠭᠦᠯᠬᠦ ᠶᠡᠷᠦᠩᠬᠡᠢ ᠲᠦᠯᠦᠪᠵᠢᠭᠦᠯᠭᠡ︾᠂

︽ᠰᠣᠶᠣᠯ ᠵᠢᠭᠤᠯᠴᠢᠯᠠᠯ ᠤᠨ ᠠᠵᠤ ᠦᠢᠯᠡᠰ ᠲᠦᠪᠯᠡᠷᠡᠭᠰᠡᠨ ᠣᠷᠣᠨ ᠤ ᠨᠠᠷᠢᠨ ᠲᠦᠷᠢᠮ︾ ᠵᠡᠷᠭᠡ ᠲᠦᠯᠦᠪᠵᠢᠭᠦᠯᠭᠡ ᠪᠠ

︽ᠦᠵᠡᠮᠵᠢ ᠶᠢᠨ ᠣᠷᠣᠨ᠂ ᠦᠵᠡᠮᠵᠢ ᠶᠢᠨ ᠴᠢᠭ ᠤᠨ ᠪᠦᠳᠦᠭᠡᠨ ᠪᠠᠶᠢᠭᠤᠯᠤᠯᠳᠠ ᠶᠢ ᠬᠢᠨᠠᠨ ᠵᠦᠪᠰᠢᠶᠡᠷᠡᠬᠦ ᠪᠠ

ᠲᠦᠷᠢᠮᠵᠢᠭᠰᠡᠨ ᠬᠠᠮᠢᠶᠠᠷᠣᠯᠳᠠ ᠶᠢᠨ ᠠᠷᠭ᠎ᠠ︾᠂ ︽ᠮᠠᠯᠴᠢᠨ ᠠᠶᠢᠯ ︵ᠲᠠᠷᠢᠶᠠᠴᠢᠨ ᠠᠶᠢᠯ ᠤᠨ ᠪᠡᠶᠡᠰᠦᠯ︶ ᠵᠢᠭᠤᠯᠴᠢᠯᠠᠯ

᠎ ᠤᠨ ᠴᠢᠭ ᠲᠤ ᠦᠨᠡᠯᠡᠯᠳᠡ ᠬᠢᠬᠦ ᠪᠠ ᠱᠠᠩᠨᠠᠨ ᠣᠷᠮᠠᠰᠢᠭᠤᠯᠬᠤ ᠠᠷᠭ᠎ᠠ︾᠂ ︽ᠵᠢᠭᠤᠯᠴᠢᠯᠠᠯ ᠤᠨ ᠣᠷᠣᠨ ᠤ ᠠᠮᠢ ᠠᠬᠤᠢ

ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠷᠭ᠎ᠠ︾ ᠵᠡᠷᠭᠡ ᠲᠦᠷᠢᠮ ᠳᠣᠭᠳᠠᠭᠠᠯ ᠢ ᠭᠡᠷᠡᠭᠵᠢᠭᠦᠯᠵᠦ᠂ ᠵᠢᠭᠤᠯᠴᠢᠯᠠᠯ ᠤᠨ

ᠣᠷᠣᠨ ᠪᠠ ︽ᠮᠠᠯᠴᠢᠨ ᠠᠶᠢᠯ︾ ᠵᠢᠭᠤᠯᠴᠢᠯᠠᠯ ᠤᠨ ᠴᠢᠭ ᠤᠨ ᠡᠵᠡᠩᠨᠡᠯᠳᠡ ᠬᠠᠮᠢᠶᠠᠷᠣᠯᠳᠠ ᠶᠢ ᠲᠦᠷᠢᠮᠵᠢᠭᠦᠯᠵᠦ᠂

ᠵᠢᠭᠤᠯᠴᠢᠯᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠴᠡᠭᠴᠡᠯᠡᠯᠳᠡ ᠶᠢ ᠴᠢᠩᠭᠠᠳᠬᠠᠨ᠎ᠠ᠃

ᠶᠤᠸᠠᠨ ᠤ ᠲᠡᠭᠡᠳᠦ ᠨᠠᠶᠢᠰᠯᠠᠯ ᠤᠨ ᠦᠪ ᠤᠨ ᠬᠠᠮᠢᠶᠠᠷᠣᠯᠳᠠ ᠶᠢᠨ ᠲᠤᠪᠴᠢᠶ᠎ᠠ ᠲᠠᠢ ᠢᠳᠡᠪᠬᠢᠳᠠᠢ ᠬᠠᠮᠵᠢᠯᠴᠠᠨ᠂ ᠶᠤᠸᠠᠨ ᠤ

ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃

ᠶᠤᠸᠠᠨ ᠤ ᠲᠡᠭᠡᠳᠦ ᠨᠠᠶᠢᠰᠯᠠᠯ ᠤᠨ ᠰᠣᠶᠣᠯ ᠵᠢᠭᠤᠯᠴᠢᠯᠠᠯ ᠤᠨ ᠬᠦᠷᠢᠶᠡᠯᠠᠩ ᠤᠨ ᠲᠦᠰᠦᠯ ᠤᠨ ᠲᠦᠯᠦᠪᠵᠢᠭᠦᠯᠭᠡ᠂

ᠲᠦᠰᠦᠪᠯᠡᠨ ᠵᠢᠷᠣᠭᠯᠠᠬᠤ᠂ ᠲᠦᠰᠦᠯ ᠲᠤᠭᠳᠠᠭᠠᠬᠤ᠂ ᠠᠵᠢᠯ ᠡᠬᠢᠯᠡᠭᠦᠯᠬᠦ ᠶᠢ ᠲᠦᠷᠭᠡᠳᠭᠡᠨ᠂ ᠱᠠᠩᠳᠣ ᠨᠠᠭᠤᠷ ᠤᠨ

ᠪᠠᠶᠢᠭᠠᠯᠢᠯᠢᠭ ᠠᠮᠢ ᠠᠬᠤᠢ ᠶᠢᠨ ᠵᠢᠭᠤᠯᠴᠢᠯᠠᠯ ᠤᠨ ᠮᠠᠯᠵᠢᠯ ᠤᠨ ᠲᠠᠯᠠᠪᠠᠢ ᠶᠢᠨ ᠭᠤᠷᠪᠠᠳᠣᠭᠠᠷ ᠬᠤᠭᠤᠴᠠᠭᠠᠨ ᠤ

ᠪᠠᠶᠢᠭᠤᠯᠤᠯᠳᠠ᠂ ᠬᠤᠪᠢᠯᠠᠢ ᠺᠢᠨᠤ᠋ ᠲᠧᠯᠸᠢᠰ ᠵᠢᠷᠤᠭᠯᠠᠨ ᠰᠡᠭᠦᠳᠡᠷᠯᠡᠬᠦ ᠰᠠᠭᠤᠷᠢᠨ᠂ ᠰᠢᠶᠧ ᠳ᠋ᠣᠣ ᠰᠡᠯᠡᠭᠦᠴᠡᠨ ᠵᠤᠭᠠᠴᠠᠬᠤ

ᠦᠵᠡᠮᠵᠢ ᠶᠢᠨ ᠣᠷᠣᠨ ᠵᠡᠷᠭᠡ ᠲᠦᠰᠦᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ

᠎ ᠤᠨ ᠪᠠᠭᠤᠷᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠪᠯᠡᠷᠡᠭᠰᠡᠨ ᠣᠷᠣᠨ ᠤ ︽ᠮᠠᠯᠴᠢᠨ ᠠᠶᠢᠯ︾

ᠵᠢᠭᠤᠯᠴᠢᠯᠠᠯ ᠤᠨ ᠴᠢᠭ ᠢ ᠲᠡᠰ ᠲᠡᠪᠰᠢᠭᠦᠯᠬᠦ ᠠᠵᠢᠯ ᠢ ᠭᠤᠤᠯᠳᠠᠯᠭ᠎ᠠ ᠲᠠᠢ ᠰᠠᠶᠢᠳᠣᠷ ᠬᠢᠨ᠎ᠠ᠃ ᠵᠢᠭᠤᠯᠴᠢᠯᠠᠯ ᠤᠨ ᠵᠠᠰᠠᠮᠠᠯ

ᠵᠠᠮ ᠤᠨ ᠪᠠᠶᠢᠭᠤᠯᠤᠯᠳᠠ ᠶᠢ ᠲᠦᠷᠬᠡᠳᠬᠡᠨ᠂ ᠦᠵᠡᠮᠵᠢ ᠰᠣᠨᠢᠷᠬᠠᠬᠤ ᠳᠠᠶᠢᠰᠠ᠂ ᠵᠤᠷᠯᠤᠩ ᠵᠡᠷᠭᠡ ᠲᠦᠭᠦᠭᠡᠷᠦᠮᠵᠢ ᠶᠢ ᠢᠵᠢ

ᠪᠦᠷᠢᠳᠦᠭᠦᠯᠦᠨ ᠪᠠᠶᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢ ᠶᠢᠨ ᠣᠷᠣᠨ ᠢ ᠣᠯᠣᠰ ᠤᠨ

5A ᠲᠡᠰ ᠤᠨ ᠵᠢᠭᠤᠯᠴᠢᠯᠠᠯ ᠤᠨ ᠣᠷᠣᠨ ᠪᠤᠯᠭᠠᠬᠤ ᠪᠠᠷ ᠡᠷᠡᠮᠠᠯᠵᠡᠯᠠᠨ ᠮᠡᠳᠡᠭᠦᠯᠦᠨ᠎ᠡ᠃ ︽ᠳᠣᠮᠳᠠᠳᠣ ᠣᠯᠣᠰ᠂ ᠶᠤᠸᠠᠨ ᠤ

ᠲᠡᠭᠡᠳᠦ ᠨᠠᠶᠢᠰᠯᠠᠯ︾ ᠰᠣᠶᠣᠯ ᠵᠢᠭᠤᠯᠴᠢᠯᠠᠯ ᠤᠨ ᠨᠡᠶᠢᠷ᠂ ︽ᠴᠠᠭᠠᠨ ᠢᠳᠡᠭᠡ︾ ᠰᠣᠶᠣᠯ ᠤᠨ ᠨᠠᠶᠢᠷ᠂ ︽ᠬᠤᠯᠠᠨ ᠰᠢᠷᠭ᠎ᠠ

︾ ᠮᠦᠩᠭᠦᠨ ᠡᠪᠤᠯ ᠤᠨ ᠨᠠᠶᠢᠷ᠂ ︽ᠭᠦᠶᠦᠭᠴᠢ︾ ᠬᠤᠯᠠ ᠬᠦᠶᠦᠬᠦ ᠣᠷᠣᠯᠳᠣᠭᠠᠨ ᠵᠡᠷᠭᠡ ᠰᠣᠶᠣᠯ ᠵᠢᠭᠤᠯᠴᠢᠯᠠᠯ ᠤᠨ

ᠠᠵᠢᠯᠯᠠᠭ᠎ᠠ ᠶᠢ ᠢᠳᠡᠪᠬᠢᠳᠡᠢ ᠡᠷᠬᠢᠯᠡᠨ ᠶᠠᠪᠤᠭᠳᠠᠭᠤᠯᠤᠨ᠎ᠠ᠃ ᠲᠤᠰ ᠵᠢᠯ ᠳᠤ 80 ᠲᠦᠮᠡᠨ ᠬᠦᠮᠦᠨ ᠣᠳᠠᠭ᠎ᠠ ᠶᠢᠨ

ᠵᠤᠭᠠᠴᠠᠭᠰᠠᠳ ᠢ ᠬᠦᠯᠢᠶᠡᠨ ᠠᠪᠴᠣ᠂ ᠬᠠᠮᠢᠶ᠎ᠠ ᠪᠦᠬᠦᠢ ᠣᠷᠣᠯᠭ᠎ᠠ ᠶᠢ 6.5 ᠳ᠋ᠦᠩᠰᠢᠭᠤᠷ ᠠᠴᠠ ᠲᠡᠭᠡᠭᠰᠢ ᠪᠡᠶᠡᠯᠡᠭᠦᠯᠦᠨ᠎ᠡ᠃

︵ᠵᠢᠷᠭᠤᠭ᠎ᠠ︶ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠠᠬᠢᠴᠠ ᠶᠢ ᠢᠳᠡᠪᠬᠢᠳᠠᠢ ᠠᠬᠢᠭᠤᠯᠤᠨ᠎ᠠ᠃ ︽

ᠵᠢᠭᠤᠯᠴᠢᠯᠠᠯ + ᠬᠤᠳᠠ ᠪᠠᠯᠭᠠᠰᠣᠨ ᠤ ᠪᠠᠶᠢᠭᠤᠯᠤᠯᠳᠠ︾᠎ ᠶᠢᠨ ᠬᠦᠭᠵᠢᠯᠳᠡ ᠶᠢᠨ ᠰᠡᠳᠬᠢᠴᠡ ᠶᠤᠰᠣᠭᠠᠷ᠂ ᠬᠤᠳᠠ

ᠪᠠᠯᠭᠠᠰᠣᠨ ᠤ ᠪᠦᠳᠦᠬᠡᠨ ᠪᠠᠶᠢᠭᠤᠯᠤᠯᠳᠠ ᠳᠠᠬᠢ ᠰᠣᠶᠣᠯ ᠤᠨ ᠠᠭᠤᠯᠤᠭᠳᠠᠬᠤᠨ ᠢ ᠨᠡᠮᠡᠭᠳᠡᠬᠦᠯᠵᠦ᠂ ᠲᠡᠣᠭᠡ ᠰᠣᠶᠣᠯ ᠪᠠ

ᠦᠨᠳᠦᠰᠦᠳᠡᠨ ᠤ ᠤᠨᠴᠠᠯᠢᠭᠳᠤ ᠡᠯᠧᠮᠧᠨ᠋ᠲ ᠢ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ

᠎ ᠳᠤ ᠣᠷᠣᠭᠤᠯᠤᠨ᠎ᠠ᠃ ᠲᠤᠰ ᠵᠢᠯ ᠳᠤ᠂ 1.6 ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠦᠮᠦᠨ ᠤ ᠵᠠᠮ

ᠲᠠᠪᠢᠰᠴᠦ᠂ 16.1 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠭᠠᠳᠠᠷᠭᠤ ᠶᠢ ᠴᠠᠷᠳᠠᠨ᠎ᠠ᠃ ᠬᠤᠳᠠ ᠪᠠᠯᠭᠠᠰᠣᠨ

᠎ ᠤ ᠨᠤᠭᠤᠭᠠᠷᠠᠭᠤᠯᠤᠯᠳᠠ᠂ ᠭᠤᠸᠠᠵᠢᠭᠤᠯᠤᠯᠳᠠ᠂ ᠬᠡᠷᠡᠯᠳᠦᠬᠦᠯᠬᠡ ᠶᠢᠨ ᠠᠵᠢᠯ ᠢ ᠰᠠᠶᠢᠳᠣᠷ ᠬᠢᠵᠤ᠂ ᠱᠠᠩᠳᠣ ᠪᠠᠯᠭᠠᠰᠣᠨ ᠤ

ᠮᠠᠰᠢᠨ ᠲᠡᠷᠭᠡᠨ ᠤ ᠲᠤᠨᠤᠭᠯᠠᠯ ᠤᠨ ᠰᠠᠭᠤᠷᠢᠨ᠂ ᠬᠠᠶᠠᠭᠳᠠᠮᠠᠯ ᠪᠤᠳᠠᠰ ᠬᠠᠳᠠᠭᠠᠯᠠᠨ ᠲᠡᠭᠡᠭᠡᠪᠤᠷᠢᠯᠡᠬᠦ ᠳᠣᠭᠤᠷᠢᠭ ᠤᠨ

ᠲᠦᠰᠦᠯ ᠢ ᠡᠬᠢᠯᠡᠭᠦᠯᠦᠨ᠎ᠡ᠃ ᠱᠠᠩᠳᠣ ᠪᠠᠯᠭᠠᠰᠣᠨ  ᠎ ᠳᠠᠬᠢ 6 ᠬᠠᠭᠤᠴᠢᠨ ᠰᠠᠭᠤᠭᠠᠯᠢ ᠠᠷᠠᠳ ᠤᠨ ᠳᠣᠭᠤᠷᠢᠭ ᠢ

ᠦᠭᠡᠷᠡᠴᠢᠯᠡᠵᠦ᠂ ᠠᠳᠠᠯ ᠠᠬᠤᠢ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ ᠬᠤᠳᠠ ᠪᠠᠯᠭᠠᠰᠣᠨ ᠤ ᠣᠰᠣᠨ ᠤ

ᠬᠠᠩᠭᠠᠯᠠᠭ᠎ᠠ᠂ ᠰᠢᠳᠠᠮᠠᠬᠠᠢ ᠬᠡᠢ ᠶᠢᠨ ᠬᠠᠩᠭᠠᠯᠠᠭ᠎ᠠ᠂ ᠳᠣᠯᠠᠭᠠᠯᠠᠭ᠎ᠠ᠂ ᠪᠤᠬᠢᠷ ᠤᠰᠤᠨ ᠤ ᠭᠠᠳᠠᠭᠰᠢᠯᠠᠭᠤᠯᠤᠯᠳᠠ ᠶᠢᠨ

ᠬᠤᠭᠤᠯᠠᠢ ᠵᠡᠷᠬᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠪᠠᠯᠭᠠᠰᠣᠨ ᠤ ᠳᠠᠭᠠᠭᠠᠴᠠ ᠶᠢᠨ ᠴᠢᠳᠠᠪᠬᠢ ᠶᠢ

ᠲᠡᠭᠡᠭᠰᠢᠯᠡᠭᠦᠯᠦᠨ᠎ᠡ᠃ ᠰᠠᠩ ᠤᠨ ᠳᠠᠯᠠᠢ  ᠪᠠᠯᠭᠠᠰᠤᠨ ᠳᠤ ᠲᠡᠰ ᠲᠡᠪᠰᠢᠬᠦᠯᠦᠨ ᠦᠬᠡᠷᠡᠴᠢᠯᠡᠬᠦ ᠢᠨᠵᠧᠨᠧᠷᠢᠩ ᠢ

ᠭᠡᠷᠡᠭᠵᠢᠭᠦᠯᠵᠦ᠂ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ᠂ ᠪᠤᠷᠤᠬᠤᠳᠠ ᠵᠢᠱᠢᠶ᠎ᠡ ᠦᠵᠡᠭᠦᠯᠬᠦ ᠰᠠᠭᠤᠷᠢᠨ ᠤ ᠦᠨᠳᠦᠰᠦᠨ

ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠣᠨᠴᠠᠯᠢᠭᠳᠣ ᠵᠢᠭᠤᠯᠴᠢᠯᠠᠯ ᠤᠨ ᠵᠢᠵᠢᠭ ᠪᠠᠯᠭᠠᠰᠣ ᠶᠢ ᠪᠠᠶᠢᠭᠤᠯᠤᠨ᠎ᠠ᠃

ᠬᠤᠳᠠ ᠪᠠᠯᠭᠠᠰᠣᠨ ᠤ ᠬᠦᠭᠵᠢᠯᠳᠡ ᠶᠢ ᠨᠢᠭᠡᠳᠣᠯᠳᠠᠢ ᠲᠦᠯᠦᠪᠯᠡᠵᠦ᠂ ᠦᠵᠡᠰᠭᠦᠯᠡᠩᠳᠣ ᠬᠦᠳᠡᠭᠡ ᠳᠣᠰᠬᠤᠨ ᠤ

ᠪᠠᠶᠢᠭᠤᠯᠤᠯᠳᠠ ᠲᠠᠢ ᠤᠶᠠᠯᠳᠣᠭᠤᠯᠤᠨ᠂ ᠣᠯᠣᠰ ᠢᠶᠠᠨ ᠬᠠᠶᠢᠷᠠᠯᠠᠨ ᠡᠷᠡᠭᠦᠯ ᠬᠠᠮᠠᠭᠠᠯᠠᠯ ᠢ ᠪᠠᠳᠣᠯᠠᠬᠤ ᠪᠠ ᠬᠤᠳᠠ ᠬᠦᠳᠡᠭᠡ

᠎ ᠶᠢᠨ ᠣᠷᠴᠢᠨ ᠳᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ ᠶᠢ ᠴᠢᠩᠭᠠᠳᠬᠠᠵᠤ᠂ ᠰᠣᠮᠣ ᠪᠠᠯᠭᠠᠰᠣᠨ ᠤ ᠬᠠᠶᠠᠭᠳᠠᠮᠠᠯ

ᠪᠤᠳᠠᠰ ᠢ ᠪᠤᠯᠠᠵᠦ ᠴᠡᠪᠡᠷᠯᠡᠬᠦ ᠲᠠᠯᠠᠪᠠᠢ᠂ ᠬᠠᠶᠠᠭᠳᠠᠮᠠᠯ ᠪᠤᠳᠠᠰ ᠢ ᠬᠤᠷᠢᠶᠠᠵᠦ ᠳᠠᠮᠵᠢᠭᠤᠯᠬᠤ ᠦᠷᠳᠡᠭᠡ ᠵᠢᠴᠢ ᠤᠰᠤᠨ

ᠴᠡᠪᠡᠷᠰᠢᠭᠴᠢ ᠵᠤᠷᠯᠤᠩ ᠤᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ

᠎ ᠤᠨ ᠬᠤᠰᠢᠭᠤ ᠶᠢ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠮ

ᠨᠡᠪᠳᠡᠷᠡᠯᠬᠡ ᠶᠢᠨ ᠨᠦᠬᠦᠴᠡᠯ ᠢ ᠰᠠᠶᠢᠵᠢᠷᠠᠭᠤᠯᠵᠤ᠂ 70 ᠺᠢᠯᠤᠮᠧᠲᠷ ᠤᠨ ᠨᠠᠷᠢᠨ ᠵᠠᠮ ᠢ ᠦᠷᠭᠡᠳᠭᠡᠬᠦ ᠢᠨᠵᠧᠨᠧᠷᠢᠩ ᠢ

ᠭᠡᠷᠡᠭᠵᠢᠭᠦᠯᠦᠨ᠎ᠡ᠃ ᠪᠤᠷᠤ ᠭᠡᠷ ᠤᠨ ᠳᠣᠭᠤᠷᠢᠭ ᠢ ᠦᠭᠡᠷᠡᠴᠢᠯᠡᠬᠦ ᠲᠦᠰᠦᠯ ᠲᠤ ᠲᠦᠰᠢᠭᠯᠡᠨ᠂ ᠨᠦᠬᠡᠴᠡᠯᠡᠭᠳᠡᠭᠰᠡᠨ ᠭᠡᠷ

ᠪᠠᠶᠢᠰᠢᠩ ᠢ ᠰᠢᠢᠳᠪᠦᠷᠢᠯᠡᠬᠦ ᠠᠵᠢᠯ ᠢ ᠰᠠᠶᠢᠳᠣᠷ ᠬᠢᠵᠤ᠂ ᠰᠠᠭᠤᠭᠠᠯᠢ ᠠᠷᠠᠳ ᠢ ᠠᠶᠤᠯ ᠲᠠᠢ ᠬᠠᠭᠤᠴᠢᠨ ᠪᠠᠶᠢᠰᠢᠩ ᠢ

ᠨᠤᠷᠠᠭᠠᠵᠤ ᠨᠡᠭᠦᠯᠭᠡᠬᠦ ᠠᠵᠢᠯ ᠳᠤ ᠢᠳᠡᠪᠬᠢᠯᠡᠨ ᠣᠷᠣᠯᠴᠠᠭᠤᠯᠵᠤ᠂ ᠰᠠᠭᠤᠭᠠᠯᠢ ᠠᠷᠠᠳ ᠤᠨ ᠠᠮᠢᠳᠣᠷᠠᠯ ᠤᠨ ᠬᠢᠷᠢ

ᠲᠦᠪᠰᠢᠨ ᠢ ᠣᠯᠠᠮ ᠰᠠᠶᠢᠵᠢᠷᠠᠭᠤᠯᠤᠨ᠂ ᠱᠠᠩᠳᠣ ᠪᠠᠯᠭᠠᠰᠣᠨ ᠤ ᠬᠠᠭᠤᠴᠢᠨ ᠤᠷᠤᠨ ᠰᠠᠭᠤᠴᠠ ᠶᠢᠨ ᠳᠣᠭᠤᠷᠢᠭ ᠢ ᠪᠦᠬᠦᠨ

᠎ ᠢ ᠦᠬᠡᠷᠡᠴᠢᠯᠡᠬᠦ ᠬᠠᠷᠠᠯᠳᠠ ᠪᠠᠨ ᠪᠡᠶᠡᠯᠡᠬᠦᠯᠬᠦ ᠪᠠᠷ ᠴᠢᠷᠮᠠᠶᠢᠨ᠎ᠠ᠃ ᠪᠤᠷᠣ ᠭᠡᠷ ᠤᠨ ᠳᠣᠭᠤᠷᠢᠭ ᠢ ᠦᠭᠡᠷᠡᠴᠢᠯᠡᠬᠦ ᠲᠦᠰᠦᠯ

᠎ ᠲᠠᠢ ᠤᠶᠠᠯᠳᠣᠭᠤᠯᠤᠨ᠂ ︽ᠬᠤᠳᠠ᠂ ᠦᠢᠯᠡᠳᠪᠦᠷᠢ ᠶᠢ ᠰᠠᠯᠭᠠᠬᠤ︾ ᠠᠵᠢᠯ ᠢ ᠠᠬᠢᠭᠤᠯᠵᠦ᠂ ᠰᠠᠭᠤᠭᠠᠯᠢ ᠠᠷᠠᠳ ᠤᠨ

ᠳᠣᠭᠤᠷᠢᠭ ᠲᠠᠬᠢ ᠮᠤᠩᠭᠤᠯ ᠭᠡᠷ ᠤᠨ ᠦᠢᠯᠡᠳᠪᠦᠷᠢ᠂ ᠢᠳᠡᠭᠡᠨ ᠪᠤᠯᠪᠠᠰᠣᠷᠠᠭᠤᠯᠬᠤ ᠠᠵᠤ ᠠᠬᠤᠶᠢᠯᠠᠯ ᠢ ᠠᠵᠤ  ᠦᠢᠯᠡᠰ

᠎ ᠤᠨ ᠬᠦᠷᠢᠶᠡᠯᠡᠩ ᠳᠤ ᠨᠢᠬᠡᠳᠦᠯᠳᠡᠢ ᠨᠡᠭᠦᠯᠭᠡᠨ᠎ᠡ᠃ ᠰᠡᠶᠢᠮᠡᠭᠡᠷ ᠬᠤᠳᠠ᠂ ᠬᠤᠳᠠ ᠳᠣᠭᠤᠷᠢᠭᠰᠠᠨ ᠣᠰᠣᠨ ᠰᠢᠰᠲ᠋ᠧᠮ ᠤᠨ

ᠲᠦᠰᠦᠯ ᠤᠨ ᠪᠠᠶᠢᠭᠤᠯᠤᠯᠳᠠ ᠶᠢ ᠲᠦᠷᠭᠡᠨ ᠠᠬᠢᠭᠤᠯᠵᠤ᠂ ᠱᠠᠩᠳᠣ ᠶᠢᠨ ᠭᠤᠤᠯ ᠤᠨ ᠰᠠᠪᠠ ᠭᠠᠵᠠᠷ ᠤᠨ ᠣᠰᠣᠨ ᠤ ᠡᠬᠢ

ᠪᠠᠶᠠᠯᠢᠭ᠂ ᠴᠡᠪᠡᠷᠰᠢᠭᠦᠯᠦᠭᠰᠡᠨ ᠣᠰᠣᠨ ᠤ ᠡᠬᠢ ᠪᠠᠶᠠᠯᠢᠭ ᠪᠠ ᠬᠤᠳᠠ ᠳᠣᠭᠤᠷᠢᠭ ᠤᠨ ᠵᠦᠯᠭᠡᠳᠦ ᠴᠡᠴᠡᠷᠯᠢᠭ᠂ ᠠᠮᠢ

ᠠᠬᠤᠢ ᠶᠢᠨ ᠬᠦᠷᠢᠶᠡᠯᠡᠩ᠂ ᠱᠠᠩᠳᠣ ᠴᠠᠬᠢᠯᠭᠠᠨ ᠦᠢᠯᠡᠳᠪᠦᠷᠢ ᠶᠢᠨ ᠵᠤᠬᠢᠶᠠᠮᠠᠯ ᠨᠠᠭᠤᠷ ᠤᠨ ᠴᠡᠪᠡᠷᠰᠢᠬᠦᠯᠬᠦ ᠴᠢᠳᠠᠪᠬᠢ ᠶᠢ

ᠪᠦᠳᠦᠮᠵᠢᠳᠠᠢ ᠠᠰᠢᠭᠯᠠᠵᠤ᠂ ᠣᠰᠣᠨ ᠤ ᠡᠬᠢ ᠪᠠᠶᠠᠯᠢᠭ ᠤᠨ ᠣᠷᠴᠢᠯ ᠠᠰᠢᠭᠯᠠᠯᠳᠠ ᠶᠢ ᠪᠡᠶᠡᠯᠡᠭᠦᠯᠦᠨ᠎ᠡ᠃

       ︵ᠳᠣᠯᠤᠭ᠎ᠠ︶ ᠠᠷᠠᠳ ᠤᠨ ᠠᠮᠢᠳᠣᠷᠠᠯ ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠳᠤ ᠪᠠᠳᠣᠯᠠᠭ᠎ᠠ

ᠬᠠᠩᠭᠠᠨ᠎ᠠ᠃ ᠠᠷᠠᠳ ᠤᠨ ᠠᠮᠢᠳᠣᠷᠠᠯ ᠢ ᠪᠠᠳᠤᠯᠠᠵᠦ᠂ ᠠᠷᠠᠳ  ᠲᠦᠮᠡᠨ ᠳᠤ ᠪᠤᠶᠠᠨ ᠦᠢᠯᠡᠳᠦᠨ᠂ ᠠᠵᠤ ᠠᠬᠤᠢ ᠶᠢᠨ

ᠬᠦᠭᠵᠢᠯᠳᠡ ᠶᠢ ᠨᠡᠶᠢᠭᠡᠮ᠂ ᠠᠷᠠᠳ ᠤᠨ ᠠᠮᠢᠳᠣᠷᠠᠯ ᠳᠤ ᠦᠢᠯᠡᠴᠢᠯᠡᠭᠦᠯᠵᠦ᠂ ᠣᠯᠠᠨ ᠲᠦᠮᠡᠨ ᠳᠤ ᠬᠦᠭᠵᠢᠯᠳᠡ ᠶᠢᠨ ᠦᠷ᠎ᠡ

ᠪᠦᠳᠦᠮᠵᠢ ᠶᠢ ᠬᠠᠮᠳᠣ ᠳᠤᠨᠢ ᠡᠳ᠋ᠯᠡᠭᠦᠯᠦᠨ᠂ ᠠᠷᠠᠳ ᠲᠦᠮᠡᠨ ᠤ ᠠᠰᠢᠭ ᠳᠣᠰᠠ ᠲᠠᠢ ᠬᠤᠯᠪᠤᠭᠳᠠᠬᠤ ᠪᠤᠳᠠᠳᠣ ᠠᠵᠢᠯ ᠢ

ᠬᠢᠨ᠎ᠠ᠃ ᠲᠠᠷᠤᠢ᠂ ᠨᠢᠭᠡ ᠳᠤ᠂ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠰᠣᠷᠭᠠᠭᠤᠯᠢ

ᠪᠠᠶᠢᠭᠤᠯᠬᠤ ᠨᠦᠬᠦᠴᠡᠯ ᠢ ᠰᠠᠶᠢᠵᠢᠷᠠᠭᠤᠯᠵᠤ᠂ ᠦᠨᠳᠦᠰᠦᠨ ᠱᠠᠳᠣᠨ ᠤ 3 ᠴᠡᠴᠡᠷᠯᠢᠭ ᠢ ᠰᠢᠨ᠎ᠡ ᠪᠠᠷ ᠪᠠᠶᠢᠭᠤᠯᠤᠨ᠂ 3

ᠴᠡᠴᠡᠷᠯᠢᠭ ᠢ ᠦᠷᠭᠡᠳᠭᠡᠨ ᠪᠠᠶᠢᠭᠤᠯᠵᠤ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ ᠬᠦᠭᠵᠢᠯᠳᠡ ᠶᠢ ᠲᠦᠷᠢᠮᠵᠢᠭᠦᠯᠦᠨ᠎ᠡ︔

ᠬᠤᠶᠠᠷ ᠲᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠵᠤ᠂ ᠱᠠᠩᠳᠣ

ᠪᠠᠯᠭᠠᠰᠣᠨ ᠤ ᠪᠤᠷᠤ ᠭᠡᠷ ᠤᠨ ᠳᠣᠭᠤᠷᠢᠭ ᠲᠠᠬᠢ 2000 ᠡᠷᠦᠭᠡ ᠶᠢᠨ ᠦᠭᠡᠷᠡᠴᠢᠯᠡᠯᠳᠡ ᠶᠢ ᠪᠡᠶᠡᠯᠡᠭᠦᠯᠦᠨ᠎ᠡ︔ ᠭᠤᠷᠪᠠ

᠎ ᠳᠤ᠂ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠭᠡᠷᠡᠭᠰᠡᠬᠦ ᠨᠦᠬᠦᠴᠡᠯ ᠢ ᠰᠠᠶᠢᠵᠢᠷᠠᠭᠤᠯᠵᠤ᠂ 255 ᠡᠷᠦᠭᠡ ᠳᠤ

ᠴᠠᠬᠢᠯᠭᠠᠨ ᠨᠡᠪᠳᠡᠷᠡᠭᠦᠯᠬᠦ ᠠᠵᠢᠯ ᠢ ᠪᠡᠶᠡᠯᠡᠭᠦᠯᠦᠨ᠎ᠡ᠃ ᠲᠦᠷᠪᠡ ᠳᠤ᠂ ᠡᠮ ᠡᠮᠨᠡᠯᠭᠡ ᠪᠠᠷ ᠠᠷᠠᠳ ᠲᠤ ᠠᠰᠢᠭ ᠬᠦᠷᠳᠡᠭᠡᠬᠦ

ᠢᠨᠵᠧᠨᠧᠷᠢᠩ ᠢ ᠯᠠᠪᠳᠠᠭᠤᠨ ᠠᠬᠢᠭᠤᠯᠵᠤ᠂  ᠮᠠᠯᠴᠢᠨ ᠲᠠᠷᠢᠶᠠᠴᠢᠨ ᠤ ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ

᠂ ᠵᠢᠷᠮᠦᠰᠦᠯᠡᠬᠦ ᠠᠴᠠ ᠡᠮᠦᠨᠡᠬᠢ ᠲᠦᠯᠦᠪᠦᠷᠢ ᠦᠭᠡᠢ ᠪᠠᠶᠢᠴᠠᠭᠠᠯᠳᠠ ᠪᠠ ᠪᠦᠬᠦᠯᠢ 65 ᠨᠠᠰᠣᠨ ᠠᠴᠠ ᠲᠡᠭᠡᠭᠰᠢᠬᠢ

ᠨᠠᠰᠣᠳᠠᠶᠢᠴᠣᠳ ᠤᠨ ᠦᠨ᠎ᠡ ᠲᠦᠯᠦᠪᠤᠷᠢ ᠦᠬᠡᠢ ᠪᠡᠶ᠎ᠡ ᠶᠢᠨ ᠪᠠᠶᠢᠴᠠᠭᠠᠯᠳᠠ ᠶᠢᠨ ᠠᠵᠢᠯ ᠢ ᠦᠷᠭᠦᠯᠵᠢᠯᠠᠨ ᠰᠠᠶᠢᠳᠣᠷ

ᠦᠷᠨᠢᠭᠦᠯᠦᠨ᠎ᠡ︔ ᠲᠠᠪᠤ ᠳᠤ᠂ ᠣᠯᠠᠨ ᠲᠦᠮᠡᠨ ᠤ ᠦᠢᠯᠡᠰ ᠪᠤᠰᠬᠠᠵᠤ᠂ ᠰᠢᠨ᠎ᠡ ᠶᠢ ᠡᠭᠦᠳᠬᠦ ᠶᠢ ᠬᠦᠨᠵᠡᠭᠡᠢ ᠠᠬᠢᠭᠤᠯᠵᠤ᠂

ᠬᠤᠳᠠ ᠪᠠᠯᠭᠠᠰᠣᠨ ᠤ ᠳᠣᠰᠬᠠᠢ ᠮᠡᠷᠭᠡᠵᠢᠯ ᠤᠨ ᠪᠤᠯᠪᠠᠰᠣᠷᠠᠯ ᠢ 1850 ᠬᠦᠮᠦᠨ ᠣᠳᠠᠭ᠎ᠠ ᠵᠤᠬᠢᠶᠠᠨ ᠪᠠᠶᠢᠭᠤᠯᠤᠨ᠂

1200 ᠲᠦᠮᠡᠨ ᠲᠦᠭᠦᠷᠢᠭ ᠤᠨ ᠪᠠᠭ᠎ᠠ ᠳᠣᠭᠠᠨ ᠤ ᠪᠠᠳᠣᠯᠠᠭᠠᠳᠣ ᠵᠢᠭᠡᠯᠡᠯᠭᠡ ᠳᠠᠯᠪᠢᠨ᠎ᠡ︔ ᠵᠢᠷᠭᠤᠭ᠎ᠠ ᠳᠤ᠂ ᠪᠦᠬᠦᠯᠢ

77 ᠨᠠᠰᠣᠨ ᠠᠴᠠ ᠲᠡᠭᠡᠭᠰᠢᠬᠢ ᠨᠠᠰᠣᠳᠠᠶᠢᠴᠣᠳ ᠲᠤ ᠦᠨᠳᠦᠷ ᠨᠠᠰᠤᠳᠠᠨ ᠤ ᠨᠦᠬᠦᠪᠦᠷᠢ ᠮᠦᠩᠬᠦ ᠶᠢ ᠦᠷᠭᠦᠯᠵᠢᠯᠠᠨ

ᠳᠠᠷᠬᠠᠭᠠᠵᠤ᠂ ᠪᠦᠬᠦᠯᠢ 77᠎ ᠠᠴᠠ 89 ᠨᠠᠰᠣᠳᠠᠢ ᠨᠠᠰᠤᠳᠠᠨ ᠳᠤ ᠬᠦᠮᠦᠨ ᠪᠦᠷᠢ ᠶᠢᠨ ᠰᠠᠷ᠎ᠠ ᠶᠢᠨ 100 ᠲᠦᠭᠦᠷᠢᠭ᠂

ᠪᠦᠬᠦᠯᠢ 90᠎ ᠠᠴᠠ 99 ᠨᠠᠰᠣᠳᠠᠢ ᠨᠠᠰᠤᠳᠠᠨ ᠳᠤ ᠬᠦᠮᠦᠨ ᠪᠦᠷᠢ ᠶᠢᠨ ᠰᠠᠷ᠎ᠠ ᠶᠢᠨ 300 ᠲᠦᠭᠦᠷᠢᠭ᠂  ᠪᠦᠬᠦᠯᠢ 100

ᠨᠠᠰᠣᠨ ᠠᠴᠠ ᠲᠡᠭᠡᠭᠰᠢᠬᠢ ᠨᠠᠰᠣᠳᠠᠳ ᠲᠤ ᠬᠦᠮᠦᠨ ᠪᠦᠷᠢ ᠶᠢᠨ ᠰᠠᠷ᠎ᠠ ᠶᠢᠨ 600 ᠲᠦᠭᠦᠷᠢᠭ ᠣᠯᠭᠤᠨ᠎ᠠ︔ ᠳᠤᠯᠤᠭ᠎ᠠ

᠎ ᠳᠤ᠂ ᠳᠣᠣᠷ᠎ᠠ ᠪᠠᠳᠣᠯᠠᠭᠠᠳᠣ ᠡᠷᠦᠭᠡ ᠠᠴᠠ ᠪᠤᠰᠣᠳ ᠮᠠᠯᠴᠢᠨ ᠡᠷᠦᠭᠡ ᠶᠢᠨ ᠦᠷ᠎ᠡ ᠭᠡᠣᠭᠡᠳ ᠨᠢ ᠶᠡᠭᠡ ᠰᠣᠷᠭᠠᠭᠤᠯᠢ ᠶᠢᠨ

ᠵᠢᠩᠬᠢᠨᠢ ᠠᠩᠬᠢ᠂ ᠳᠣᠰᠬᠠᠢ ᠮᠡᠷᠭᠡᠵᠢᠯ ᠤᠨ ᠲᠡᠭᠡᠳᠦ ᠰᠣᠷᠭᠠᠭᠤᠯᠢ ᠳᠤ ᠰᠢᠯᠭᠠᠭᠳᠠᠨ ᠣᠷᠣᠭᠰᠠᠨ ᠪᠤᠯ ᠨᠢᠭᠡᠯᠡ ᠲᠡᠭᠡᠷ᠎ᠡ

ᠬᠠᠮᠤᠭ ᠪᠠᠭ᠎ᠠ ᠳᠠᠭᠠᠨ 3000 ᠲᠦᠭᠦᠷᠢᠭ ᠪᠠ 2000 ᠲᠦᠭᠦᠷᠢᠭ ᠨᠦᠬᠦᠪᠦᠷᠢᠯᠡᠨ᠎ᠡ᠃ ᠨᠠᠢᠮᠠ ᠳᠤ᠂ ᠪᠡᠭᠡᠵᠢᠩ ᠤᠨ ᠠᠨ

ᠵᠧᠨ ᠡᠮᠨᠡᠯᠭᠡ ᠶᠢᠨ ᠬᠤᠷᠢᠶ᠎ᠠ᠂ 301 ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠪᠠᠶᠢᠭᠤᠯᠤᠮᠵᠢ ᠲᠠᠢ ᠬᠠᠮᠳᠣᠷᠠᠯᠴᠠᠭ᠎ᠠ

᠎ ᠪᠠᠨ ᠴᠢᠩᠭᠠᠳᠬᠠᠵᠤ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠬᠢ ᠶᠢ ᠪᠦᠬᠦ

ᠲᠠᠯ᠎ᠠ ᠪᠠᠷ ᠲᠡᠭᠡᠭᠰᠢᠯᠡᠭᠦᠯᠦᠨ᠎ᠡ᠃

      ᠶᠠᠳᠠᠭᠤ ᠶᠢ ᠲᠡᠳᠭᠦᠭᠰᠡᠨ ᠦᠷ᠎ᠡ ᠪᠦᠳᠦᠮᠵᠢ ᠪᠠᠨ ᠣᠯᠠᠮ ᠨᠢᠭᠡ ᠠᠯᠬᠤᠮ ᠪᠠᠳᠣᠵᠢᠭᠤᠯᠵᠤ᠂ ᠶᠠᠳᠠᠭᠤ ᠶᠢ ᠲᠡᠳᠬᠦᠬᠦ

ᠰᠢᠪᠳᠣᠯᠣᠯᠳᠠ ᠤᠨ ᠢᠨᠵᠧᠨᠧᠷᠢᠩ ᠢ ᠬᠠᠮᠤᠭ ᠴᠢᠬᠤᠯᠠ ᠶᠠᠪᠤᠳᠠᠯ ᠪᠠ ᠠᠷᠠᠳ ᠤᠨ ᠠᠮᠢᠳᠣᠷᠠᠯ ᠤᠨ ᠲᠡᠷᠢᠭᠦᠨ ᠤ

ᠢᠨᠵᠧᠨᠧᠷᠢᠩ ᠪᠤᠯᠭᠠᠨ ᠠᠳᠬᠤᠵᠤ᠂ ᠨᠠᠷᠢᠨ ᠣᠨᠣᠪᠴᠢᠳᠠᠢ ᠪᠠᠷ ᠶᠠᠳᠠᠭᠤ ᠶᠢ ᠲᠡᠳᠬᠦᠬᠦ ᠪᠠ ᠨᠠᠷᠢᠨ ᠣᠨᠣᠪᠴᠢᠳᠠᠢ ᠪᠠᠷ

ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠠᠴᠠᠭ᠎ᠠ ᠲᠤᠰᠬᠤᠨ ᠤ 23

ᠬᠦᠴᠢᠷᠳᠡᠯᠳᠡᠢ ᠡᠷᠦᠭᠡ ᠳᠤ 5000 ᠲᠦᠮᠡᠨ ᠲᠦᠭᠦᠷᠢᠭ ᠤᠨ ᠮᠦᠩᠭᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠭᠡᠯᠡᠯᠭᠡ

ᠤᠯᠭᠤᠵᠦ᠂ ᠮᠢᠬᠠᠨ ᠤ ᠦᠭᠡᠷ ᠲᠡᠵᠢᠬᠡᠬᠦ ᠦᠢᠯᠡᠰ ᠪᠠ ᠫᠧᠩ ᠬᠤᠷᠤᠭᠠᠨ ᠤ ᠪᠠᠶᠢᠭᠤᠯᠤᠯᠳᠠ ᠶᠢ ᠭᠤᠤᠯᠳᠠᠭ᠎ᠠ ᠲᠠᠢ

ᠳᠡᠮᠵᠢᠨ᠎ᠡ᠃ ︽ᠭᠤᠷᠪᠠ ᠶᠢ ᠭᠠᠴᠠᠭ᠎ᠠ ᠲᠤᠰᠬᠤᠨ ᠪᠠ ᠡᠷᠦᠭᠡ ᠳᠤ ᠬᠦᠷᠭᠡᠬᠦ︾ ᠲᠦᠰᠦᠯ ᠤᠨ ᠪᠡᠯᠡ ᠮᠦᠩᠬᠦ ᠶᠢ 1050

ᠲᠦᠮᠡᠨ ᠲᠦᠭᠦᠷᠢᠭ ᠨᠠᠶᠢᠳᠠᠪᠤᠷᠢᠵᠢᠭᠤᠯᠤᠨ᠂ 795 ᠶᠠᠳᠠᠭᠤ ᠬᠦᠴᠢᠷᠳᠡᠯᠳᠡᠢ ᠡᠷᠦᠭᠡ ᠶᠢ ᠲᠤᠰᠠᠯᠠᠨ ᠲᠡᠳᠬᠦᠵᠦ᠂ ᠮᠠᠯ

ᠠᠵᠤ ᠠᠬᠤᠢ ᠪᠠ ᠵᠢᠭᠤᠯᠴᠢᠯᠠᠯ ᠤᠨ ᠦᠢᠯᠡᠰ ᠲᠤ ᠣᠷᠣᠯᠴᠠᠭᠤᠯᠤᠨ᠎ᠠ᠃ 956 ᠲᠦᠮᠡᠨ ᠲᠦᠭᠦᠷᠢᠭ ᠤᠨ ᠪᠡᠯᠡ

ᠣᠷᠣᠭᠤᠯᠵᠤ᠂ ᠨᠡᠭᠦᠨ ᠰᠢᠯᠵᠢᠭᠰᠡᠨ 69 ᠶᠠᠳᠠᠭᠤ ᠬᠦᠴᠢᠷᠳᠡᠯᠳᠡᠢ ᠡᠷᠦᠭᠡ ᠶᠢᠨ 147 ᠬᠦᠮᠦᠨ ᠪᠠ ᠳᠠᠭᠠᠵᠤ ᠨᠡᠭᠦᠭᠰᠡᠨ

74 ᠬᠦᠮᠦᠨ ᠢ ᠲᠡᠳᠬᠦᠨ᠎ᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠢ ᠪᠠᠳᠣᠯᠠᠬᠤ ᠪᠠ ᠭᠠᠮᠰᠢᠭ ᠢ ᠰᠡᠷᠭᠡᠶᠢᠯᠡᠨ

ᠡᠰᠡᠷᠭᠦᠴᠡᠬᠦ ᠠᠵᠢᠯ ᠢ ᠨᠢᠮᠪᠠᠢ ᠬᠢᠵᠤ᠂ ᠣᠨᠴᠠᠭᠠᠢ ᠠᠭᠤᠷ ᠠᠮᠢᠰᠬᠤᠯ ᠢ ᠢᠳᠡᠪᠬᠢᠳᠠᠢ ᠪᠠᠷ ᠠᠷᠭᠠᠴᠠᠬᠤ᠂ ᠡᠪᠡᠰᠦ ᠪᠤᠷᠳᠤᠭ᠎ᠠ

ᠨᠦᠭᠡᠴᠡᠯᠡᠵᠦ ᠪᠡᠯᠡᠳᠭᠡᠬᠦ᠂ ᠵᠠᠰᠠᠮᠠᠯ ᠵᠠᠮ ᠤᠨ ᠰᠠᠭᠠᠳ ᠦᠭᠡᠢ ᠪᠠᠶᠢᠬᠤ ᠶᠢ ᠪᠠᠳᠣᠯᠠᠬᠤ᠂ ᠲᠦᠯ ᠳᠣᠰᠴᠣ ᠪᠤᠶᠢᠵᠢᠭᠤᠯᠬᠤ

ᠪᠠ ᠮᠠᠯ ᠤᠨ ᠬᠢᠵᠢᠭ ᠠᠴᠠ ᠰᠡᠷᠭᠡᠶᠢᠯᠡᠬᠦ ᠵᠡᠷᠭᠡ ᠠᠵᠢᠯ ᠢ ᠣᠷᠢᠳᠴᠢᠯᠡᠨ ᠰᠠᠶᠢᠳᠣᠷ ᠬᠢᠨ᠎ᠠ᠃ ᠠᠮᠤ ᠪᠤᠳᠠᠭᠠᠨ ᠤ ᠠᠮᠤᠷ

ᠲᠦᠪᠰᠢᠨ ᠢ ᠪᠠᠳᠣᠯᠠᠵᠤ᠂ ᠣᠯᠣᠰ ᠪᠠ ᠭᠠᠵᠠᠷ ᠣᠷᠣᠨ ᠤ ᠠᠮᠤ ᠪᠤᠳᠠᠭ᠎ᠠ ᠨᠦᠬᠡᠴᠡᠯᠡᠬᠦ ᠡᠬᠦᠷᠬᠡ ᠶᠢ ᠴᠠᠭ ᠳᠣᠬᠠᠢ ᠳᠤᠨᠢ

ᠪᠡᠶᠡᠯᠡᠭᠦᠯᠦᠨ᠎ᠡ᠃ ᠬᠦᠴᠢᠷᠳᠡᠯᠳᠡᠢ ᠣᠯᠠᠨ ᠲᠦᠮᠡᠨ ᠤ ᠠᠮᠢᠳᠣᠷᠠᠯ ᠢ ᠪᠠᠳᠣᠯᠠᠬᠤ ᠠᠵᠢᠯ ᠢ ᠰᠠᠶᠢᠳᠣᠷ ᠬᠢᠵᠤ᠂ ᠣᠯᠣᠰ ᠤᠨ

ᠡᠯ᠎ᠡ ᠲᠦᠷᠦᠯ ᠤᠨ ᠠᠷᠠᠳ ᠤᠨ ᠠᠮᠢᠳᠣᠷᠠᠯ ᠢ ᠬᠠᠷᠠᠭᠠᠯᠵᠠᠬᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠤ᠂

ᠰᠣᠷᠪᠤᠯᠵᠢᠯᠠᠨ ᠳᠣᠬᠢᠨᠠᠭᠤᠯᠬᠤ᠂ ᠳᠣᠰᠬᠠᠢ ᠲᠦᠷᠦᠯ ᠢᠶᠠᠷ ᠳᠣᠰᠠᠯᠠᠨ ᠲᠡᠳᠬᠦᠬᠦ᠂ ᠬᠠᠯᠠᠮᠵᠢ ᠬᠦᠷᠭᠡᠬᠦ ᠵᠡᠷᠭᠡ ᠠᠵᠢᠯᠯᠠᠭ᠎ᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠠᠰᠣᠵᠢᠯ ᠤᠨ ᠮᠦᠩᠬᠦ᠂ ᠳᠣᠰᠠᠯᠠᠨ ᠲᠡᠳᠬᠦᠬᠦ ᠮᠦᠩᠬᠦ ᠵᠡᠷᠭᠡ ᠡᠯ᠎ᠡ ᠲᠦᠷᠦᠯ

᠎ ᠤᠨ ᠠᠷᠠᠳ ᠲᠤ ᠠᠰᠢᠭ ᠬᠦᠷᠳᠡᠭᠡᠬᠦ ᠨᠦᠬᠦᠪᠦᠷᠢ ᠶᠢ ᠴᠠᠭ ᠳᠣᠬᠠᠢ ᠳᠤᠨᠢ ᠳᠤᠭ᠎ᠠ ᠶᠤᠰᠣᠭᠠᠷ ᠳᠠᠷᠬᠠᠭᠠᠵᠤ᠂ ᠭᠠᠭᠴᠠ ᠪᠡᠶ᠎ᠡ

︵ᠭᠤᠤᠨᠢ︶ ᠨᠠᠰᠣᠳᠠᠨ᠂ ᠮᠠᠯᠴᠢᠨ ᠲᠠᠷᠢᠶᠠᠴᠢᠨ ᠤ ᠨᠤᠳᠤᠭ ᠲᠠᠭᠠᠨ ᠦᠯᠡᠳᠡᠭᠰᠡᠨ ᠭᠡᠣᠭᠡᠳ᠂ ᠵᠡᠮᠳᠡᠭ ᠬᠦᠮᠦᠨ ᠵᠡᠷᠭᠡ

ᠣᠨᠴᠠᠭᠠᠢ ᠨᠢᠭᠡ ᠪᠦᠯᠦᠭ ᠬᠦᠮᠦᠰ ᠢ ᠬᠠᠯᠠᠮᠵᠢᠯᠠᠬᠤ ᠠᠵᠢᠯ ᠢ ᠰᠠᠶᠢᠳᠣᠷ ᠬᠢᠵᠤ᠂ ᠨᠠᠮ ᠪᠠ ᠵᠠᠰᠠᠭ ᠤᠨ ᠬᠠᠶᠢᠷ᠎ᠠ ᠬᠠᠯᠠᠮᠵᠢ

᠎ ᠶᠢ ᠣᠯᠠᠨ ᠲᠦᠮᠡᠨ ᠳᠤ ᠬᠦᠷᠳᠡᠬᠡᠨ᠎ᠡ᠃

      ᠬᠤᠳᠠ ᠪᠠᠯᠭᠠᠰᠣ ᠶᠢ ᠨᠢᠭᠡᠳᠣᠯᠳᠠᠢ ᠲᠦᠯᠦᠪᠯᠡᠬᠦ ᠶᠢ ᠪᠠᠷᠢᠮᠳᠠᠯᠠᠵᠤ᠂ ᠰᠣᠷᠭᠠᠨ ᠬᠦᠮᠦᠵᠢᠯ᠂ ᠡᠮ ᠡᠮᠨᠡᠯᠭᠡ᠂

ᠦᠢᠯᠡᠰ ᠪᠤᠰᠬᠠᠵᠤ ᠠᠵᠢᠯ ᠣᠯᠭᠤᠬᠤ᠂ ᠨᠠᠶᠢᠭᠡᠮ ᠤᠨ ᠪᠠᠳᠣᠯᠠᠭ᠎ᠠ ᠵᠡᠷᠭᠡ ᠠᠵᠢᠯ ᠦᠢᠯᠡᠰ ᠤᠨ ᠯᠠᠪᠳᠠᠭᠤᠨ ᠬᠦᠭᠵᠢᠯᠳᠡ ᠶᠢ

ᠵᠤᠬᠢᠴᠠᠭᠤᠯᠤᠨ ᠠᠬᠢᠭᠤᠯᠵᠤ᠂ ᠬᠦᠮᠦᠨ ᠠᠮᠠ ᠶᠢᠨ ᠲᠦᠯᠦᠪᠯᠡᠭᠡᠳᠦ ᠦᠷᠡᠵᠢᠯ᠂ ᠡᠭᠡ ᠨᠢᠯᠬᠠᠰ᠂ ᠨᠠᠰᠣᠵᠢᠯ ᠤᠨ

ᠦᠢᠯᠡᠴᠢᠯᠡᠭᠡ ᠶᠢ ᠪᠠᠳᠣᠯᠠᠬᠤ ᠴᠢᠳᠠᠪᠬᠢ ᠶᠢ ᠲᠡᠭᠡᠭᠰᠢᠯᠡᠭᠦᠯᠵᠦ᠂ ᠨᠡᠶᠢᠳᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ

ᠠᠳᠠᠯᠢ ᠲᠡᠭᠰᠢ ᠴᠢᠨᠠᠷ ᠢ ᠪᠡᠶᠡᠯᠡᠭᠦᠯᠵᠦ᠂ ᠣᠯᠠᠨ ᠲᠦᠮᠡᠨ ᠤ ᠬᠠᠮᠤᠭ ᠠᠴᠠ ᠬᠠᠯᠠᠮᠵᠢᠯᠠᠳᠠᠭ᠂ ᠬᠠᠮᠤᠭ ᠪᠤᠳᠠᠳᠠᠢ ᠠᠰᠢᠭ

ᠳᠣᠰᠠ ᠶᠢᠨ ᠠᠰᠭᠤᠳᠠᠯ ᠢ ᠰᠠᠶᠢᠳᠣᠷ ᠰᠢᠢᠳᠪᠦᠷᠢᠯᠡᠨ᠎ᠡ᠃

ᠰᠣᠷᠭᠠᠨ ᠬᠦᠮᠦᠵᠢᠯ ᠤᠨ ᠬᠦᠷᠢᠶ᠎ᠡ ᠭᠡᠪᠴᠢᠶᠡᠨ ᠳᠠᠬᠢ ᠶᠡᠷᠦᠩᠬᠡᠢ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠰᠣᠷᠭᠠᠨ

ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠪᠠᠷᠢᠮᠳᠠᠯᠠᠵᠤ᠂ ᠠᠯᠪᠠᠨ ᠵᠢᠷᠣᠮ ᠤᠨ ᠰᠣᠷᠭᠠᠨ

ᠬᠦᠮᠦᠵᠢᠯ ᠢ ᠲᠡᠩᠴᠡᠭᠦᠷᠢᠳᠡᠢ ᠬᠦᠭᠵᠢᠭᠦᠯᠦᠭᠰᠡᠨ ᠦᠷ᠎ᠡ ᠪᠦᠳᠦᠮᠵᠢ ᠶᠢ ᠪᠠᠳᠣᠵᠢᠭᠤᠯᠤᠨ ᠲᠡᠭᠡᠭᠰᠢᠯᠡᠭᠦᠯᠵᠦ᠂ ᠰᠣᠷᠭᠠᠨ

ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠭᠤᠷᠪᠠᠨ ᠵᠢᠯ ᠤᠨ ᠲᠦᠯᠦᠪᠯᠡᠭᠡ ᠶᠢ ᠯᠠᠪᠳᠠᠭᠤᠨ ᠪᠠᠳᠣᠳᠠᠢ

ᠠᠬᠢᠭᠤᠯᠵᠤ᠂ 2017 ᠣᠨ ᠤ ᠲᠡᠭᠡᠳᠦ ᠰᠣᠷᠭᠠᠭᠤᠯᠢ ᠶᠢᠨ ᠰᠢᠯᠭᠠᠯᠳᠠ ᠳᠤ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ

ᠰᠢᠯᠭᠠᠭᠳᠠᠨ ᠣᠷᠣᠬᠤ ᠨᠤᠷᠮ᠎ᠠ ᠶᠢ 50%᠎ ᠠᠴᠠ ᠲᠡᠭᠡᠭᠰᠢ ᠳᠤ ᠬᠦᠷᠭᠡᠨ᠎ᠡ᠃ ᠡᠯ᠎ᠡ ᠰᠣᠷᠭᠠᠭᠤᠯᠢ ᠶᠢᠨ ᠬᠠᠮᠢᠶᠠᠷᠣᠯᠳᠠ ᠶᠢᠨ

ᠬᠢᠷᠢ ᠲᠦᠪᠰᠢᠨ ᠪᠠ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠮᠤᠩᠭᠤᠯ ᠪᠠᠭ᠎ᠠ

ᠰᠣᠷᠭᠠᠭᠤᠯᠢ ᠶᠢ ᠦᠨᠳᠦᠰᠦᠳᠡᠨ ᠤ ᠰᠣᠷᠭᠠᠨ ᠬᠦᠮᠦᠵᠢᠯ ᠤᠨ ᠰᠣᠳᠣᠨ ᠰᠣᠷᠭᠠᠭᠤᠯᠢ ᠪᠤᠯᠭᠠᠨ ᠪᠠᠶᠢᠭᠤᠯᠤᠨ᠎ᠠ᠃

      ᠣᠯᠠᠨ ᠲᠦᠮᠡᠨ ᠤ ᠦᠢᠯᠡᠰ ᠪᠤᠰᠬᠠᠬᠤ᠂ ᠰᠢᠨ᠎ᠡ ᠶᠢ ᠡᠭᠦᠳᠬᠦ ᠶᠢ ᠬᠦᠨᠵᠡᠭᠡᠢ ᠠᠬᠢᠭᠤᠯᠵᠤ᠂ ᠱᠠᠩᠳᠣ ᠪᠠᠯᠭᠠᠰᠣᠨ ᠤ

ᠰᠡᠭᠡᠭᠡᠳᠡᠨ ᠵᠠᠭᠡᠯᠢ᠂ ᠦᠨᠳᠦᠰᠦᠳᠠᠨ ᠤ ᠣᠨᠴᠠᠯᠢᠭᠳᠣ ᠠᠵᠤ ᠦᠢᠯᠡᠰ ᠤᠨ ᠬᠦᠷᠢᠶᠡᠯᠡᠩ ᠵᠡᠷᠭᠡ ᠦᠢᠯᠡᠰ ᠪᠤᠰᠬᠠᠬᠤ

ᠬᠦᠷᠢᠶᠡᠯᠡᠩ᠂ ᠦᠢᠯᠡᠰ ᠪᠤᠰᠬᠠᠭᠴᠢᠳ ᠤᠨ ᠰᠢᠨ᠎ᠡ ᠶᠢ ᠡᠭᠦᠳᠬᠦ ᠲᠡᠪᠴᠡᠩ ᠤᠨ ᠪᠠᠶᠢᠭᠤᠯᠤᠯᠳᠠ ᠶᠢ ᠰᠠᠶᠢᠳᠣᠷ ᠠᠳᠬᠤᠵᠤ᠂

ᠨᠡᠩ ᠣᠯᠠᠨ ᠦᠢᠯᠡᠰ ᠪᠤᠰᠬᠠᠬᠤ ᠬᠠᠷᠠᠯᠳᠠ ᠲᠠᠢ ᠪᠠ ᠦᠢᠯᠡᠰ ᠪᠤᠰᠬᠠᠬᠤ ᠴᠢᠳᠠᠪᠤᠷᠢ ᠲᠠᠢ ᠬᠦᠮᠦᠰ ᠢ ᠲᠡᠳᠬᠦᠨ᠎ᠡ᠃

ᠲᠡᠭᠡᠳᠦ ᠵᠡᠷᠭᠡ ᠶᠢᠨ ᠰᠣᠷᠭᠠᠭᠤᠯᠢ ᠠᠴᠠ ᠲᠡᠭᠦᠰᠦᠭᠰᠡᠨ ᠣᠶᠣᠳᠠᠳ᠂ ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ

ᠪᠠᠭᠤᠭᠰᠠᠨ ᠠᠵᠢᠯᠳᠠᠳ᠂ ᠬᠤᠳᠠ ᠳᠤ ᠣᠷᠣᠵᠤ ᠬᠦᠯᠦᠰᠦᠨ ᠠᠵᠢᠯ ᠬᠢᠵᠤ ᠪᠠᠶᠢᠭ᠎ᠠ ᠮᠠᠯᠴᠢᠨ ᠲᠠᠷᠢᠶᠠᠴᠢᠳ ᠵᠢᠴᠢ

ᠬᠦᠴᠢᠷᠳᠡᠯᠳᠡᠢ ᠣᠯᠠᠨ ᠲᠦᠮᠡᠨ ᠤ ᠠᠵᠢᠯ ᠣᠯᠭᠤᠯᠳᠠ ᠶᠢ ᠰᠠᠶᠢᠳᠣᠷ ᠠᠳᠬᠤᠵᠤ᠂ ᠠᠵᠢᠯ ᠣᠯᠭᠤᠯᠳᠠ ᠶᠢᠨ ᠳᠣᠭᠳᠠᠭᠤᠨ

ᠪᠠᠶᠢᠬᠤ ᠶᠢ ᠪᠠᠳᠣᠯᠠᠨ᠎ᠠ᠃ ᠮᠤᠩᠭᠤᠯ ᠬᠢᠳᠠᠳ ᠬᠤᠶᠠᠷ ᠬᠡᠯᠡ ᠶᠢ ᠵᠡᠷᠭᠡᠪᠡᠷ ᠭᠡᠷᠡᠭᠯᠡᠬᠦ ᠲᠦᠷᠢᠮ ᠢ ᠴᠢᠩᠭ᠎ᠠ ᠭᠡᠷᠡᠭᠵᠢᠭᠦᠯᠦᠨ᠎ᠡ᠃

ᠪᠦᠬᠦ ᠨᠠᠶᠢᠭᠡᠮ ᠤᠨ ᠭᠡᠪᠴᠢᠶᠡᠨ ᠳᠤ ᠮᠤᠩᠭᠤᠯ ᠬᠡᠯᠡ ᠰᠣᠷᠣᠯᠴᠠᠨ ᠭᠡᠷᠡᠭᠯᠡᠬᠦ ᠣᠬᠢ ᠰᠠᠶᠢᠨ ᠣᠷᠴᠢᠨ ᠠᠬᠤᠢ ᠶᠢ ᠪᠤᠢ

ᠪᠤᠯᠭᠠᠵᠤ᠂ ᠣᠳᠣᠷᠢᠳᠬᠤ ᠺᠠᠳ᠋ᠷ᠂ ᠵᠠᠯᠠᠭᠤᠴᠤᠳ ᠪᠠᠭᠠᠴᠣᠳ᠂ ᠳᠣᠮᠳᠠ ᠪᠠᠭ᠎ᠠ ᠠᠵᠤ ᠠᠬᠤᠶᠢᠯᠠᠯ ᠪᠠ ᠬᠤᠪᠢ ᠶᠢᠨ  

ᠦᠢᠯᠡᠳᠪᠦᠷᠢ ᠬᠤᠳᠠᠯᠳᠣᠭᠠᠨ ᠤ ᠡᠷᠦᠭᠡ ᠳᠤ ᠬᠠᠨᠳᠣᠭᠤᠯᠤᠨ᠂ ᠮᠤᠩᠭᠤᠯ ᠬᠡᠯᠡᠨ ᠤ ᠪᠤᠯᠪᠠᠰᠣᠷᠠᠯ ᠤᠨ ᠠᠩᠬᠢ ᠪᠠ ᠮᠤᠩᠭᠤᠯ

ᠬᠡᠯᠡᠨ ᠤ ᠣᠷᠴᠢᠭᠤᠯᠭ᠎ᠠ ᠶᠢᠨ ᠪᠤᠯᠪᠠᠰᠣᠷᠠᠯ ᠤᠨ ᠠᠩᠬᠢ ᠶᠢ ᠡᠷᠬᠢᠯᠡᠵᠦ᠂  ᠭᠡᠷᠡᠭᠯᠡᠯᠳᠡ ᠶᠢᠨ ᠬᠢᠷᠢ ᠲᠦᠪᠰᠢᠨ ᠢ

ᠲᠦᠭᠡᠮᠡᠯᠵᠢᠭᠦᠯᠦᠨ ᠲᠡᠭᠡᠭᠰᠢᠯᠡᠭᠦᠯᠦᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠤᠨ ᠦᠢᠯᠡᠳᠦᠯ

᠎ ᠢᠶᠠᠨ ᠪᠠᠳᠠᠷᠠᠭᠤᠯᠵᠤ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠣᠷᠣᠯᠳᠣᠭᠠᠨ ᠢ ᠡᠷᠬᠢᠯᠡᠵᠦ᠂ ᠳᠣᠰᠬᠠᠢ ᠮᠡᠷᠭᠡᠵᠢᠯᠳᠠᠨ

ᠡᠷᠳᠡᠮᠳᠡᠨ ᠢ ᠣᠷᠢᠨ ᠵᠠᠯᠠᠵᠤ ᠰᠣᠳᠣᠯᠣᠯᠳᠠ ᠰᠣᠯᠢᠯᠴᠠᠭ᠎ᠠ ᠬᠢᠨ᠎ᠠ᠃ ᠰᠢᠨ᠎ᠡ ᠶᠢ ᠡᠭᠦᠳᠬᠦ ᠬᠦᠭᠵᠢᠯᠳᠡ ᠶᠢᠨ ᠪᠠᠶᠢᠯᠳᠣᠬᠤ

ᠪᠤᠳᠣᠯᠭ᠎ᠠ ᠶᠢ ᠬᠦᠴᠦᠯᠡᠨ ᠭᠡᠷᠡᠭᠵᠢᠭᠦᠯᠵᠦ᠂ ᠰᠢᠨ᠎ᠡ ᠶᠢ ᠡᠭᠦᠳᠬᠦ ᠲᠡᠪᠴᠡᠩ ᠪᠠ ᠴᠢᠳᠠᠪᠤᠷᠢᠳᠠᠨ ᠤ ᠡᠩᠨᠡᠭᠡᠨ ᠤ

ᠪᠠᠶᠢᠭᠤᠯᠤᠯᠳᠠ ᠶᠢ ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠠᠵᠤ ᠠᠬᠤᠢ ᠳᠤ ᠦᠵᠡᠭᠦᠯᠬᠦ ᠬᠤᠪᠢ ᠨᠡᠮᠡᠭᠦᠷᠢ ᠶᠢ ᠣᠯᠠᠮ

ᠨᠢᠭᠡ ᠠᠯᠬᠤᠮ ᠲᠡᠭᠡᠭᠰᠢᠯᠡᠭᠦᠯᠦᠨ᠎ᠡ᠃

      ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠳᠡ ᠪᠠ ᠡᠮᠨᠡᠯᠭᠡ ᠶᠢᠨ

ᠳᠠᠭᠠᠳᠬᠠᠯ ᠤᠨ ᠮᠦᠩᠬᠦ ᠶᠢ ᠦᠭᠬᠦ ᠬᠡᠯᠪᠡᠷᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠬᠤᠰᠢᠭᠤᠨ ᠤ ᠲᠡᠰ ᠤᠨ

ᠡᠮᠨᠡᠯᠭᠡ ᠶᠢᠨ ᠪᠠᠶᠢᠭᠤᠯᠤᠮᠵᠢ ᠪᠠᠷ ᠳᠣᠯᠣᠭᠠᠶᠢᠯᠠᠭᠤᠯᠭᠰᠠᠨ᠂ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ

ᠭᠤᠤᠯ ᠪᠤᠯᠭᠠᠵᠤ᠂ ᠭᠠᠴᠠᠭ᠎ᠠ ᠳᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠢᠶᠠᠷ ᠰᠠᠭᠤᠷᠢ ᠪᠤᠯᠭᠠᠭᠰᠠᠨ ᠭᠤᠷᠪᠠᠨ ᠱᠠᠳᠣᠨ

᠎ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠣᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃

ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠳᠠᠰᠤᠭ ᠤᠨ ᠪᠠᠶᠢᠭᠤᠯᠤᠯᠳᠠ ᠶᠢ ᠪᠡᠶᠡᠯᠡᠭᠦᠯᠵᠦ᠂ ︽ᠭᠡᠷ ᠪᠦᠯᠢ ᠶᠢᠨ ᠡᠷᠡᠭᠦᠯ

ᠮᠠᠨᠳᠣ ᠶᠢ ᠪᠠᠳᠣᠯᠠᠬᠤ ᠵᠢᠵᠢᠭ ᠡᠮ ᠤᠨ ᠬᠠᠶᠢᠷᠴᠠᠭ︾᠎ ᠤᠨ ᠪᠦᠷᠬᠦᠴᠡ ᠶᠢ ᠲᠦᠬᠡᠮᠡᠯᠵᠢᠬᠦᠯᠦᠨ᠎ᠡ᠃ ︽ᠶᠡᠭᠡ ᠡᠷᠡᠭᠦᠯ ᠮᠠᠨᠳᠣ

︾᠎ ᠶᠢᠨ ᠦᠵᠡᠯᠳᠡ ᠶᠢ ᠪᠤᠢ ᠪᠤᠯᠭᠠᠵᠤ᠂ ᠮᠤᠩᠭᠤᠯ ᠡᠮ ᠡᠮᠨᠡᠯᠭᠡ᠂ ᠬᠢᠳᠡᠳ ᠡᠮ ᠡᠮᠨᠡᠯᠭᠡ ᠶᠢᠨ ᠪᠠᠶᠢᠭᠤᠯᠤᠮᠵᠢ ᠶᠢᠨ ᠳᠣᠨᠤᠭ

ᠲᠦᠭᠦᠭᠡᠷᠦᠮᠵᠢ ᠪᠠ ᠰᠣᠷᠠᠭ ᠵᠠᠩᠬᠢᠵᠢᠯᠡᠯᠳᠡ ᠶᠢᠨ ᠲᠡᠰ ᠬᠤᠪᠢᠶᠠᠭᠰᠠᠨ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠰᠠᠨ

ᠪᠠᠶᠢᠭᠤᠯᠤᠯᠳᠠ ᠶᠢ ᠴᠢᠩᠭᠠᠳᠬᠠᠵᠤ᠂ ᠮᠤᠩᠭᠤᠯ ᠡᠮ ᠡᠮᠨᠡᠯᠭᠡ᠂ ᠬᠢᠳᠠᠳ ᠡᠮ ᠡᠮᠨᠡᠯᠭᠡ ᠶᠢᠨ ᠠᠵᠢᠯ ᠦᠢᠯᠡᠰ ᠤᠨ ᠡᠷᠡᠭᠦᠯ

᠎ ᠢᠶᠠᠷ ᠬᠦᠭᠵᠢᠬᠦ ᠶᠢ ᠳᠡᠮᠵᠢᠨ᠎ᠡ᠃ ᠡᠪᠡᠳᠴᠢᠨ ᠡᠮᠭᠡᠭ ᠢ ᠰᠡᠷᠭᠡᠶᠢᠯᠡᠬᠦ ᠪᠠ ᠡᠳᠡᠬᠡᠬᠦ ᠠᠵᠢᠯ ᠢ ᠰᠠᠶᠢᠳᠣᠷ ᠠᠳᠬᠤᠵᠤ᠂ ᠬᠦᠮᠦᠨ

ᠠᠮᠠ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ᠂ ︽ᠬᠤᠶᠠᠷ ᠭᠡᠣᠭᠡᠳ ᠠᠪᠬᠤ︾

ᠲᠦᠷᠦ ᠶᠢᠨ ᠪᠤᠳᠣᠯᠭ᠎ᠠ ᠶᠢ ᠳᠣᠣᠱᠯᠠᠭᠤᠯᠤᠨ᠂ ᠡᠭᠡ ᠨᠢᠯᠬᠠᠰ᠂ ᠡᠷᠡᠭᠦᠯ ᠬᠠᠮᠠᠭᠠᠯᠠᠯ᠂ ᠰᠣᠷᠭᠠᠨ ᠬᠦᠮᠦᠵᠢᠯ ᠡᠮ ᠡᠮᠨᠡᠯᠭᠡ

᠎ ᠶᠢᠨ ᠲᠦᠬᠦᠷᠴᠢᠯᠡᠭᠰᠡᠨ ᠦᠢᠯᠡᠴᠢᠯᠡᠭᠡᠨ ᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨ᠎ᠠ᠃

      ᠨᠠᠰᠣᠵᠢᠯ ᠤᠨ ᠳᠠᠭᠠᠳᠬᠠᠯ ᠤᠨ ᠲᠦᠷᠢᠮ ᠳᠠᠬᠢ ᠣᠯᠣᠰ ᠤᠨ ᠦᠭᠡᠷᠡᠴᠢᠯᠡᠯᠳᠡ ᠶᠢᠨ ᠲᠦᠰᠦᠯ ᠢ

ᠨᠠᠶᠢᠳᠠᠪᠤᠷᠢᠵᠢᠭᠤᠯᠵᠤ᠂ ᠦᠨᠳᠦᠰᠦᠨ ᠨᠠᠰᠣᠵᠢᠯ ᠤᠨ ᠠᠰᠠᠷᠠᠮᠵᠢ ᠶᠢᠨ ᠮᠦᠩᠬᠦᠨ ᠤ ᠪᠠᠷᠢᠮᠵᠢᠶ᠎ᠠ ᠶᠢ ᠦᠷᠭᠦᠯᠵᠢᠯᠠᠨ

ᠲᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠭᠠᠳᠬᠠᠯ᠂ ᠠᠵᠢᠯ ᠲᠦᠷᠦᠯ ᠤᠨ ᠳᠠᠭᠠᠳᠬᠠᠯ᠂ ᠬᠤᠳᠠᠯᠳᠣᠭᠠᠨ ᠤ ᠦᠢᠯᠡᠰ

᠎ ᠤᠨ ᠨᠠᠰᠣᠵᠢᠯ ᠤᠨ ᠳᠠᠭᠠᠳᠬᠠᠯ ᠤᠨ ᠦᠢᠯᠡᠰ ᠢ ᠲᠡᠬᠦᠯᠳᠡᠷᠵᠢᠬᠦᠯᠦᠨ᠎ᠡ᠃ ︽ᠣᠯᠣᠰ ᠠᠴᠠ ᠪᠠᠶᠢᠭᠤᠯᠤᠨ᠂ ᠠᠷᠠᠳ ᠠᠴᠠ

ᠡᠵᠡᠩᠨᠡᠬᠦ︾᠂ ︽ᠠᠷᠠᠳ ᠠᠴᠠ ᠡᠷᠬᠢᠯᠡᠨ ᠣᠯᠣᠰ ᠠᠴᠠ ᠲᠡᠳᠬᠦᠬᠦ︾ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ

ᠲᠦᠭᠦᠭᠡᠷᠦᠮᠵᠢ ᠶᠢᠨ ᠪᠠᠶᠢᠭᠤᠯᠤᠯᠳᠠ ᠶᠢᠨ ᠬᠡᠯᠪᠡᠷᠢ ᠶᠢ ᠬᠦᠴᠦᠯᠡᠨ ᠠᠬᠢᠭᠤᠯᠵᠤ᠂ ᠮᠧᠩ ᠯᠥᠩ ᠨᠠᠰᠣᠳᠠᠳ ᠤᠨ ᠠᠰᠠᠷᠠᠮᠵᠢ

᠎ ᠶᠢᠨ ᠬᠦᠷᠢᠶᠡᠯᠡᠩ ᠢ ᠪᠠᠶᠢᠭᠤᠯᠬᠤ ᠲᠦᠰᠦᠯ ᠢ ᠡᠬᠢᠯᠡᠭᠦᠯᠦᠨ᠎ᠡ᠃ ᠬᠤᠶᠠᠳᠣᠭᠠᠷ ᠣᠳᠠᠭᠠᠨ ᠤ ᠭᠠᠵᠠᠷ ᠤᠨ ᠨᠡᠷ᠎ᠡ ᠶᠢᠨ

ᠨᠠᠶᠢᠳᠠᠮ ᠪᠠᠶᠢᠴᠠᠭᠠᠯᠳᠠ ᠪᠠ ᠵᠠᠰᠠᠭ ᠵᠠᠬᠢᠷᠭᠠᠨ ᠤ ᠣᠷᠣᠨ ᠬᠤᠪᠢᠶᠠᠬᠤ ᠠᠵᠢᠯ ᠢ ᠰᠠᠶᠢᠳᠣᠷ ᠪᠡᠶᠡᠯᠡᠭᠦᠯᠦᠨ᠎ᠡ᠃ ᠨᠠᠶᠢᠭᠡᠮ

ᠳᠣᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠳᠣᠨᠤᠭ ᠲᠦᠭᠦᠭᠡᠷᠦᠮᠵᠢ ᠶᠢᠨ ᠴᠢᠳᠠᠪᠬᠢ ᠶᠢ

ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠨᠢ ᠨᠡᠮᠡᠭᠳᠡᠭᠦᠯᠵᠦ᠂ ᠬᠤᠳᠠ ᠪᠠᠯᠭᠠᠰᠣ᠂ ᠨᠠᠶᠢᠭᠡᠮ

ᠳᠣᠭᠤᠷᠢᠭ ᠤᠨ ᠲᠡᠰ ᠲᠡᠪᠰᠢᠵᠤ ᠪᠠᠷᠢᠮᠵᠢᠶᠠᠨ ᠳᠤ ᠬᠦᠷᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠦᠬᠦ ᠠᠷᠠᠳ ᠤᠨ ᠪᠡᠶ᠎ᠡ

᠎ ᠪᠠᠨ ᠴᠢᠬᠢᠷᠠᠭᠵᠢᠭᠤᠯᠬᠤ ᠲᠦᠯᠦᠪᠯᠡᠭᠡ ᠶᠢ ᠭᠡᠷᠡᠭᠵᠢᠭᠦᠯᠵᠦ᠂ ᠲᠤᠰ ᠵᠢᠯ ᠳᠤ ᠰᠠᠩ ᠤᠨ ᠳᠠᠯᠠᠢ ᠪᠠᠯᠭᠠᠰᠣᠨ ᠳᠤ 1000

ᠲᠡᠭᠰᠢ ᠲᠦᠷᠪᠡᠯᠵᠢᠨ ᠮᠧᠲᠷ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠪᠠ ᠱᠠᠩᠳᠣ ᠪᠠᠯᠭᠠᠰᠣᠨ ᠳᠤ 1.2

ᠲᠦᠮᠡᠨ ᠲᠡᠭᠰᠢ ᠲᠦᠷᠪᠡᠯᠵᠢᠨ ᠮᠧᠲᠷ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ ᠢ

ᠪᠠᠶᠢᠭᠤᠯᠬᠤ ᠪᠠᠷ ᠴᠢᠷᠮᠠᠶᠢᠨ᠎ᠠ᠃ ᠨᠡᠶᠢᠭᠡᠮ ᠵᠢᠷᠣᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠢ ᠪᠤᠯᠭᠠᠨ᠂ ᠪᠦᠬᠦ

ᠠᠷᠠᠳ ᠤᠨ ᠭᠡᠪ ᠴᠢᠨᠠᠷ ᠢ ᠲᠡᠭᠡᠭᠰᠢᠯᠡᠭᠦᠯᠵᠦ᠂ ᠳᠣᠮᠳᠠᠳᠣ ᠶᠢᠨ ᠬᠦᠰᠡᠯᠠᠩ᠂ ᠰᠢᠯᠤᠭᠤᠨ ᠬᠦᠬᠡ ᠶᠢᠨ ᠬᠦᠰᠡᠯᠠᠩ ᠢᠶᠠᠷ

ᠳᠠᠨᠢᠯᠳᠠ ᠪᠠᠨ ᠨᠢᠭᠡᠳᠣᠭᠦᠯᠵᠦ᠂ ᠬᠦᠴᠦᠨ ᠴᠢᠳᠠᠯ ᠢᠶᠠᠨ ᠨᠢᠭᠳᠠᠷᠠᠭᠤᠯᠤᠨ᠎ᠠ᠃

      ︵ᠨᠠᠢᠮᠠ︶ ᠠᠷᠠᠳ ᠲᠦᠮᠡᠨ ᠰᠡᠳᠬᠢᠯ ᠬᠠᠨᠤᠮᠵᠢᠳᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠳᠣᠮᠣ

ᠴᠢᠬᠤᠯᠠ ᠰᠢᠢᠳᠪᠦᠷᠢ ᠪᠤᠳᠣᠯᠭ᠎ᠠ ᠳᠤ ᠢᠯᠡ ᠪᠠᠷ ᠰᠠᠨᠠᠯ ᠰᠣᠨᠣᠰᠬᠤ᠂ ᠳᠣᠰᠬᠠᠢ ᠮᠡᠷᠭᠡᠵᠢᠯᠳᠡᠨ ᠢᠶᠠᠷ ᠨᠣᠳᠠᠯᠠᠨ

ᠬᠡᠷᠡᠴᠢᠯᠡᠬᠦᠯᠬᠦ᠂ ᠬᠠᠣᠯᠢ ᠶᠤᠰᠣ ᠪᠠᠷ ᠬᠢᠨᠠᠨ ᠪᠠᠶᠢᠴᠠᠭᠠᠬᠤ᠂ ᠨᠠᠶᠢᠭᠡᠮ ᠤᠨ ᠠᠶᠤᠯ ᠲᠦᠭᠰᠢᠭᠦᠷᠢ ᠶᠢᠨ ᠦᠨᠡᠯᠡᠯᠳᠡ ᠬᠢᠬᠦ ᠪᠠ

ᠬᠠᠮᠳᠣ ᠪᠠᠷ ᠰᠣᠳᠣᠯᠣᠨ ᠳᠣᠭᠳᠠᠭᠠᠬᠤ ᠲᠦᠷᠢᠮ ᠢ ᠪᠠᠷᠢᠮᠳᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠬᠠᠣᠯᠢ ᠶᠤᠰᠤᠨ ᠤ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ᠂ ᠰᠣᠨᠢᠨ ᠮᠡᠳᠡᠭᠡ ᠶᠡᠷᠢᠶ᠎ᠠ

ᠬᠡᠯᠡᠯᠴᠡᠭᠡ ᠪᠠ ᠨᠠᠶᠢᠭᠡᠮ ᠤᠨ ᠣᠯᠠᠨ ᠲᠦᠮᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ

ᠪᠦᠯᠦᠭ᠂ ᠦᠢᠯᠡᠳᠪᠦᠷᠢ ᠬᠤᠳᠠᠯᠳᠣᠭᠠᠨ ᠤ ᠬᠤᠯᠪᠤᠭ᠎ᠠ᠂ ᠨᠠᠮ ᠪᠦᠯᠦᠭ ᠤᠨ ᠪᠤᠰᠣ ᠬᠦᠮᠦᠰ ᠤᠨ ᠰᠠᠨᠠᠯ ᠰᠠᠨᠠᠭᠤᠯᠭ᠎ᠠ ᠶᠢ

ᠰᠣᠨᠣᠰᠣᠨ᠎ᠠ᠃ ᠠᠷᠠᠳ ᠤᠨ ᠲᠦᠯᠦᠭᠡᠯᠡᠭᠴᠢᠳ ᠤᠨ ᠰᠨᠠᠯ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ

ᠭᠡᠰᠢᠭᠦᠳ ᠤᠨ ᠲᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠭᠦᠢᠴᠡᠳᠭᠡᠨ᠎ᠡ᠃ ᠭᠤᠤᠯᠳᠠᠯᠭ᠎ᠠ ᠲᠠᠢ ᠰᠠᠨᠠᠯ

ᠰᠠᠨᠠᠭᠤᠯᠭ᠎ᠠ᠂ ᠲᠤᠷᠠᠳᠤᠯᠭ᠎ᠠ ᠶᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠰᠣᠳᠣᠯᠣᠨ ᠶᠠᠷᠢᠯᠴᠠᠬᠤ ᠠᠵᠢᠯ ᠤᠨ

ᠳᠠᠷᠠᠭᠠᠯᠠᠯ ᠳᠤ ᠣᠷᠣᠭᠤᠯᠵᠤ᠂ ᠰᠠᠨᠠᠯ ᠰᠠᠨᠠᠭᠤᠯᠭ᠎ᠠ᠂ ᠲᠤᠷᠠᠳᠤᠯᠭ᠎ᠠ ᠶᠢ ᠰᠢᠢᠳᠪᠦᠷᠢᠯᠡᠨ ᠬᠠᠷᠢᠭᠤᠯᠬᠤ ᠠᠵᠢᠯ ᠤᠨ ᠦᠷ᠎ᠡ

ᠪᠦᠳᠦᠮᠵᠢ ᠪᠠ ᠬᠠᠨᠤᠮᠵᠢ ᠶᠢᠨ ᠨᠤᠷᠮ᠎ᠠ ᠶᠢ ᠲᠡᠭᠡᠭᠰᠢᠯᠡᠭᠦᠯᠦᠨ᠎ᠡ᠃

ᠬᠠᠣᠯᠢ ᠪᠠᠷ ᠵᠠᠰᠠᠭ ᠪᠠᠷᠢᠵᠤ᠂ ᠬᠠᠣᠯᠢ ᠠᠴᠠ ᠳᠣᠭᠳᠠᠭᠠᠭᠰᠠᠨ ᠡᠷᠭᠡ ᠪᠠ ᠲᠡᠰ ᠳᠠᠷᠠᠭᠠᠯᠠᠯ ᠢᠶᠠᠷ ᠡᠷᠭᠡ ᠪᠠᠨ ᠭᠡᠷᠡᠭᠵᠢᠭᠦᠯᠵᠦ

᠂ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠳᠠᠯᠠᠵᠤ᠂ ᠪᠦᠬᠦ ᠵᠠᠰᠠᠭ ᠵᠠᠬᠢᠷᠭᠠᠨ ᠤ ᠠᠵᠢᠯᠯᠠᠭ᠎ᠠ ᠨᠢ ᠴᠦᠮ ᠬᠠᠣᠯᠢ ᠶᠢᠨ

ᠦᠨᠳᠦᠰᠦᠯᠠᠯ ᠲᠠᠢ᠂ ᠵᠦᠢ ᠶᠤᠰᠣᠨ ᠤ ᠲᠡᠰ ᠳᠠᠷᠠᠭᠠᠯᠠᠯ ᠲᠠᠢ᠂ ᠡᠷᠭᠡ ᠲᠡᠭᠰᠢ ᠪᠠᠶᠢᠬᠤ ᠶᠢ ᠪᠠᠳᠣᠯᠠᠨ᠎ᠠ᠃ ︽ᠬᠤᠤᠰ

ᠳᠠᠰᠢᠷᠠᠮ ᠢᠶᠠᠷ  ᠪᠠᠶᠢᠴᠠᠭᠠᠵᠦ ᠨᠢᠭᠡ ᠶᠢ ᠢᠯᠡ ᠨᠡᠶᠢᠳᠡᠯᠡᠬᠦ︾ ᠬᠢᠨᠠᠨ ᠬᠠᠮᠢᠶᠠᠷᠣᠯᠳᠠ ᠶᠢ ᠭᠡᠷᠡᠭᠵᠢᠭᠦᠯᠵᠦ᠂ ᠵᠠᠰᠠᠭ ᠵᠠᠬᠢᠷᠭᠠᠨ

᠎ ᠤ ᠬᠠᠣᠯᠢ ᠭᠡᠷᠡᠭᠵᠢᠭᠦᠯᠦᠯᠳᠡ ᠶᠢᠨ ᠪᠠᠳᠣ ᠴᠢᠩᠭ᠎ᠠ ᠲᠦᠷᠢᠮᠵᠢᠭᠰᠡᠨ᠂ ᠡᠷᠭᠡ ᠲᠡᠭᠰᠢ ᠪᠠᠶᠢᠬᠤ ᠶᠢ ᠪᠠᠳᠣᠯᠠᠨ᠎ᠠ᠃ ᠵᠠᠰᠠᠭ

ᠵᠠᠬᠢᠷᠭᠠᠨ ᠤ ᠲᠠᠬᠢᠨ ᠵᠦᠪᠯᠡᠯᠳᠡ ᠶᠢ ᠰᠠᠶᠢᠳᠣᠷ ᠬᠢᠵᠤ᠂ ᠵᠠᠰᠠᠭ ᠵᠠᠬᠢᠷᠭᠠᠨ ᠤ ᠵᠠᠷᠭᠤᠯᠳᠣᠭᠠᠨ ᠢ ᠠᠷᠭᠠᠴᠠᠬᠤ ᠴᠢᠳᠠᠪᠬᠢ ᠶᠢᠨ

ᠪᠠᠶᠢᠭᠤᠯᠤᠯᠳᠠ ᠪᠠᠨ ᠴᠢᠩᠭᠠᠳᠬᠠᠨ᠎ᠠ᠃

       ᠠᠷᠠᠳ ᠤᠨ ᠲᠦᠯᠦᠭᠡ ᠪᠤᠳᠠᠳᠠᠢ ᠠᠵᠢᠯ ᠬᠢᠬᠦ ᠶᠢ ᠡᠷᠬᠢᠮᠯᠡᠬᠦ ᠶᠢ ᠪᠠᠷᠢᠮᠳᠠᠯᠠᠨ᠎ᠠ᠃ ᠭᠠᠶᠢᠯᠢ ᠬᠤᠷᠢᠶᠠᠵᠦ

ᠬᠠᠮᠢᠶᠠᠷᠬᠤ ᠠᠵᠢᠯ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢ ᠭᠡᠷᠡᠭᠯᠡᠬᠦ ᠲᠦᠷᠢᠮᠵᠢᠯᠠᠯ ᠪᠠ ᠪᠦᠳᠦᠮᠵᠢᠳᠣ

ᠴᠢᠨᠠᠷ ᠢ ᠲᠡᠭᠡᠭᠰᠢᠯᠡᠭᠦᠯᠵᠦ᠂ ᠭᠤᠤᠯᠳᠠᠯᠭ᠎ᠠ ᠲᠠᠢ ᠵᠠᠷᠣᠯᠭ᠎ᠠ ᠪᠠ ᠨᠠᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ

ᠭᠡᠷᠡᠭᠴᠡᠭᠡ ᠶᠢ ᠪᠠᠳᠣᠯᠠᠨ᠎ᠠ᠃ ᠦᠢᠯᠡᠴᠢᠯᠡᠭᠡᠨ ᠤ ᠭᠡᠯᠪᠡᠷᠢ ᠶᠢ ᠣᠯᠠᠮ ᠨᠢᠭᠡ ᠠᠯᠬᠤᠮ ᠦᠭᠡᠷᠡᠴᠢᠯᠡᠵᠦ᠂ ᠠᠵᠢᠯ ᠤᠨ ᠶᠠᠪᠤᠴᠠ

᠎ ᠪᠠᠨ ᠲᠦᠭᠦᠮᠴᠢᠯᠡᠨ᠂ ᠦᠢᠯᠡᠴᠢᠯᠡᠭᠡᠨ ᠤ ᠠᠷᠭ᠎ᠠ ᠵᠠᠮ ᠢ ᠦᠷᠭᠡᠳᠭᠡᠨ᠂ ᠪᠦᠬᠦ ᠴᠢᠳᠠᠯ ᠢᠶᠠᠷ ᠢᠶᠠᠨ ᠣᠯᠠᠨ ᠲᠦᠮᠡᠨ ᠪᠠ

ᠠᠵᠤ ᠠᠬᠤᠶᠢᠯᠠᠯ ᠳᠤ ᠲᠦᠭᠦᠮ ᠦᠵᠡᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠭᠡᠷᠡᠭᠯᠡᠬᠦ

ᠦᠭᠡᠷᠡᠴᠢᠯᠡᠯᠳᠡ ᠶᠢ ᠴᠠᠭ ᠳᠣᠬᠠᠢ ᠳᠤᠨᠢ ᠦᠷᠨᠢᠭᠦᠯᠵᠦ᠂ ︽ᠲᠡᠷᠭᠡᠨ ᠬᠦᠷᠳᠣ︾ ᠲᠡᠭᠡᠷ᠎ᠡ ᠪᠦᠷᠢᠯᠭᠡᠨ ᠰᠦᠢᠳᠭᠡᠬᠦ ᠶᠢ

ᠲᠡᠪᠴᠢᠨ᠎ᠠ᠃ ᠳᠣᠷᠠᠳᠪᠠᠯ ᠳᠠᠷᠣᠢ ᠳᠤᠨᠢ ᠬᠦᠳᠡᠯᠤᠯᠴᠠᠵᠤ᠂ ᠳᠠᠷᠣᠢ ᠳᠤᠨᠢ ᠰᠢᠢᠳᠪᠦᠷᠢᠯᠡᠬᠦ ᠠᠵᠢᠯ ᠤᠨ ᠰᠣᠷᠳᠠᠯ ᠢ

ᠪᠠᠳᠠᠷᠠᠭᠤᠯᠵᠤ᠂ ᠠᠵᠢᠯ ᠤᠨ ᠴᠢᠳᠠᠪᠤᠷᠢ ᠪᠠᠷ ᠦᠨᠳᠦᠷ᠂ ᠤᠪᠤᠷ ᠰᠣᠷᠳᠠᠯ ᠰᠠᠶᠢᠨ᠂  ᠤᠯᠠᠨ ᠲᠦᠮᠡᠨ ᠳᠤ ᠦᠢᠯᠡᠴᠢᠯᠡᠳᠡᠭ

ᠲᠦᠷᠦ ᠶᠢᠨ ᠠᠯᠪᠠᠳᠠᠨ ᠤ ᠡᠩᠨᠡᠭᠡ ᠶᠢ ᠪᠠᠶᠢᠭᠤᠯᠤᠨ᠎ᠠ᠃

      ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾᠎ ᠶᠢᠨ ᠲᠦᠷᠢᠮ ᠢ ᠪᠠᠷᠢᠮᠳᠠᠯᠠᠵᠤ᠂ ᠠᠮᠤᠭᠤᠯᠠᠩ

ᠰᠢᠯᠤᠭᠤᠨ ᠬᠦᠬᠡ ᠬᠤᠰᠢᠭᠤᠨ ᠤ ᠪᠠᠶᠢᠭᠤᠯᠤᠯᠳᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ

᠎ ᠶᠢᠨ ᠲᠦᠷᠢᠮ ᠢ ᠴᠢᠩᠭ᠎ᠠ ᠭᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠪᠠ ᠢᠳᠡᠭᠡᠨ ᠤᠮᠳᠠᠭᠠᠨ ᠡᠮ ᠳᠠᠩ ᠤᠨ ᠠᠮᠣᠷ

ᠲᠦᠪᠰᠢᠨ ᠤ  ᠪᠠᠶᠢᠴᠠᠭᠠᠯᠳᠠ ᠶᠢ ᠬᠦᠨᠵᠡᠭᠡᠢ ᠦᠷᠨᠢᠭᠦᠯᠵᠦ᠂ ᠠᠶᠤᠯᠭᠦᠢ ᠦᠢᠯᠡᠳᠪᠤᠷᠢᠯᠡᠯ ᠤᠨ ᠰᠡᠷᠡᠮᠵᠢ ᠶᠢᠨ ᠱᠣᠭᠤᠮ ᠢ

ᠪᠠᠳᠣ ᠰᠠᠬᠢᠨ᠎ᠠ᠃ ᠳᠣᠭᠳᠠᠭᠤᠨ ᠢ ᠪᠠᠳᠣᠯᠠᠬᠤ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠢᠮᠪᠠᠢ

ᠭᠡᠷᠡᠭᠵᠢᠭᠦᠯᠵᠦ᠂ ᠨᠠᠶᠢᠭᠡᠮ ᠤᠨ ᠵᠦᠷᠢᠴᠡᠯ ᠢ ᠬᠦᠨᠵᠡᠭᠡᠢ ᠪᠠᠶᠢᠴᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ

ᠪᠦᠳᠦᠮᠵᠢᠳᠠᠢ ᠰᠢᠢᠳᠪᠦᠷᠢᠯᠡᠨ᠎ᠡ᠃ ᠬᠠᠣᠯᠢ ᠲᠦᠭᠡᠮᠡᠯᠵᠢᠭᠦᠯᠬᠦ ︽ᠵᠢᠷᠭᠤᠭ᠎ᠠ ᠶᠢ  ᠠᠬᠢᠭᠤᠯᠬᠤ︾ ᠠᠵᠢᠯᠯᠠᠭ᠎ᠠ ᠶᠢ ᠲᠦᠯᠬᠢᠨ

ᠠᠬᠢᠭᠤᠯᠵᠤ᠂ ᠬᠠᠣᠯᠢ ᠲᠦᠭᠡᠮᠡᠯᠵᠢᠭᠦᠯᠦᠯᠳᠡ ᠶᠢᠨ ᠪᠦᠷᠬᠦᠴᠡ ᠶᠢ ᠦᠷᠭᠡᠳᠭᠡᠨ᠎ᠡ᠃ ᠨᠡᠶᠢᠭᠡᠮ ᠤᠨ ᠠᠮᠤᠷ ᠲᠦᠪᠰᠢᠨ ᠪᠠ

ᠶᠠᠷᠢᠶ᠎ᠠ ᠬᠡᠯᠡᠯᠴᠡᠬᠡᠨ ᠤ ᠬᠠᠮᠢᠶᠠᠷᠣᠯᠳᠠ ᠶᠢ ᠴᠢᠩᠭᠠᠳᠬᠠᠵᠤ᠂ ᠡᠯ᠎ᠡ ᠲᠦᠷᠦᠯ ᠤᠨ ᠬᠠᠣᠯᠢ ᠵᠦᠷᠢᠴᠡᠭᠰᠡᠨ ᠠᠵᠢᠯᠯᠠᠭᠠᠨ ᠳᠤ

ᠬᠦᠨᠳᠣ ᠴᠣᠬᠢᠯᠳᠠ ᠦᠭᠬᠦᠨ᠂ ᠣᠯᠠᠨ ᠲᠦᠮᠡᠨ ᠤ ᠠᠮᠣᠷ ᠲᠦᠪᠰᠢᠨ ᠲᠦᠷᠦᠭᠳᠡᠯ ᠢ ᠦᠨᠡᠨᠬᠦ ᠨᠡᠮᠡᠭᠳᠡᠭᠦᠯᠵᠦ᠂ ᠨᠡᠶᠢᠭᠡᠮ ᠤᠨ

ᠠᠮᠣᠷ ᠲᠦᠪᠰᠢᠨ ᠲᠤᠭᠳᠠᠭᠤᠨ ᠪᠠᠶᠢᠳᠠᠯ ᠢ ᠦᠷᠬᠦᠯᠵᠢᠯᠡᠨ ᠪᠠᠳᠣᠯᠠᠨ᠎ᠠ᠃

      ᠪᠤᠳᠠᠳᠠᠢ ᠠᠵᠢᠯ ᠤᠨ ᠦᠷ᠎ᠡ ᠪᠦᠳᠦᠮᠵᠢ ᠶᠢ ᠡᠷᠬᠢᠮᠯᠡᠵᠦ᠂ ᠠᠵᠢᠯᠯᠠᠬᠤ ᠪᠠᠷ ᠣᠷᠢᠳᠠᠯ ᠪᠤᠯᠭᠠᠨ᠂ ︽ᠬᠤᠶᠠᠷ ᠢ

ᠰᠣᠷᠴᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠣᠷᠣᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠶᠢ

ᠪᠠᠷᠢᠮᠳᠠᠯᠠᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠰᠢᠭ ᠳᠣᠰᠠ ᠶᠢ ᠬᠤᠬᠢᠷᠠᠭᠤᠯᠤᠭᠰᠠᠨ ᠨᠠᠵᠠᠭᠠᠢ ᠰᠣᠷᠳᠠᠯ ᠢ

ᠡᠷᠡᠰ ᠵᠠᠯᠠᠷᠠᠭᠤᠯᠤᠨ᠎ᠠ᠃ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠬᠢᠨᠠᠨ ᠪᠤᠳᠣᠬᠤ ᠰᠠᠯᠠᠭ᠎ᠠ ᠮᠦᠴᠢᠷ ᠬᠠᠷᠢᠯᠴᠠᠨ

ᠤᠶᠠᠯᠳᠤᠭᠰᠠᠨ ᠠᠵᠢᠯ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠤᠨ᠂ ᠣᠳᠣᠷᠢᠳᠬᠤ ᠺᠠᠳ᠋ᠷ ᠤᠨ ᠠᠵᠤ ᠠᠬᠤᠢ ᠶᠢᠨ

ᠬᠠᠷᠢᠭᠤᠴᠠᠯᠭ᠎ᠠ ᠶᠢᠨ ᠬᠢᠨᠠᠨ ᠪᠤᠳᠣᠯᠳᠠ ᠶᠢᠨ ᠲᠦᠷᠢᠮ ᠢ ᠴᠢᠩᠭᠠᠳᠬᠠᠨ᠎ᠠ᠃ ᠦᠷ᠎ᠡ ᠪᠦᠳᠦᠮᠵᠢ᠂ ᠴᠢᠳᠠᠪᠤᠷᠢ ᠶᠢ ᠰᠢᠯᠭᠠᠨ

ᠦᠨᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠱᠠᠩᠨᠠᠨ ᠣᠷᠮᠠᠰᠢᠭᠤᠯᠬᠤ ᠳᠣᠭᠳᠠᠯᠴᠠᠭ᠎ᠠ ᠶᠢ ᠰᠠᠶᠢᠳᠣᠷ ᠭᠡᠷᠡᠭᠵᠢᠭᠦᠯᠵᠦ᠂

ᠠᠯᠳᠠᠭ᠎ᠠ ᠶᠢ ᠠᠭᠤᠴᠢᠯᠠᠵᠤ᠂ ᠠᠯᠳᠠᠭ᠎ᠠ ᠶᠢ ᠵᠠᠯᠠᠷᠠᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠱᠠᠭᠠᠷᠳᠠᠨ ᠪᠠᠶᠢᠴᠠᠭᠠᠵᠤ᠂

ᠬᠠᠷᠢᠭᠤᠴᠠᠯᠭ᠎ᠠ ᠨᠡᠭᠡᠮᠵᠢᠯᠡᠬᠦ ᠪᠠ ᠱᠠᠩᠨᠠᠨ ᠬᠦᠬᠢᠬᠦᠯᠬᠦ ᠬᠦᠴᠦᠯᠡᠴᠡ ᠪᠠᠨ ᠴᠢᠩᠭᠠᠳᠬᠠᠨ᠂ ᠠᠵᠢᠯ ᠬᠢᠬᠦ ᠳᠣᠷᠠᠳᠠᠢ᠂ ᠠᠵᠢᠯ

ᠬᠢᠵᠦ ᠴᠢᠳᠠᠬᠤ᠂ ᠠᠵᠢᠯ ᠪᠦᠳᠦᠭᠡᠬᠦ ᠣᠷᠴᠢᠨ ᠨᠦᠬᠦᠴᠡᠯ ᠢ ᠪᠤᠢ ᠪᠤᠯᠭᠠᠵᠤ᠂ ᠵᠠᠰᠠᠭ ᠤᠨ ᠣᠷᠳᠣᠨ ᠤ ᠭᠦᠢᠴᠡᠳᠭᠡᠬᠦ

ᠴᠢᠳᠠᠪᠬᠢ᠂ ᠨᠠᠶᠢᠳᠠᠪᠤᠷᠢᠵᠢᠭᠤᠯᠬᠤ ᠴᠢᠳᠠᠪᠬᠢ ᠪᠠ ᠢᠳᠡᠭᠡᠮᠵᠢ ᠶᠢᠨ ᠭᠡᠮᠵᠢᠶ᠎ᠠ ᠶᠢ ᠦᠨᠡᠨᠬᠦ ᠲᠡᠭᠡᠭᠰᠢᠯᠡᠭᠦᠯᠵᠦ᠂ ᠪᠤᠳᠠᠳᠠᠢ ᠶᠢ

ᠡᠷᠬᠢᠮᠯᠡᠭᠰᠡᠨ ᠵᠠᠰᠠᠭ ᠤᠨ ᠣᠷᠳᠣᠨ᠂ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ᠂ ᠢᠳᠡᠭᠡᠮᠵᠢᠳᠣ ᠵᠠᠰᠠᠭ ᠤᠨ ᠣᠷᠳᠣᠨ᠂

ᠠᠷᠢᠭᠤᠨ ᠴᠢᠭᠡᠴᠢ ᠵᠠᠰᠠᠭ ᠤᠨ ᠣᠷᠳᠣᠨ ᠢ ᠴᠣᠭᠴᠠᠯᠠᠨ ᠪᠠᠶᠢᠭᠤᠯᠤᠨ᠎ᠠ᠃

      ᠲᠦᠯᠦᠭᠡᠯᠡᠭᠴᠢᠳ ᠡ᠂ ᠬᠦᠴᠦᠨ ᠴᠢᠳᠠᠯ ᠢᠶᠠᠨ ᠨᠢᠭᠳᠠᠷᠠᠭᠤᠯᠤᠨ ᠪᠦᠯᠭᠦᠮᠳᠠᠵᠦ᠂ ᠰᠠᠨᠠᠭᠰᠠᠨ ᠬᠦᠰᠡᠯ ᠢᠶᠠᠨ

ᠲᠡᠮᠡᠴᠡᠨ ᠪᠡᠶᠡᠯᠡᠭᠦᠯᠦᠶ᠎ᠡ᠃ ᠪᠢᠳᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ

ᠬᠤᠷᠢᠶᠠᠨ ᠤ ᠣᠳᠣᠷᠢᠳᠣᠯᠭ᠎ᠠ ᠳᠣᠣᠷ᠎ᠠ᠂ ᠬᠦᠰᠡᠯ ᠵᠤᠷᠢᠯᠳᠠ ᠪᠠᠨ ᠮᠠᠷᠳᠠᠯ ᠦᠭᠡᠢ᠂ ᠦᠷᠭᠦᠯᠵᠢᠯᠠᠨ ᠣᠷᠣᠭᠰᠢᠯᠠᠵᠤ᠂

ᠰᠢᠯᠢᠳᠡᠭ ᠦᠷ᠎ᠡ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠭᠦᠰ ᠠᠮᠵᠢᠯᠳᠠᠢ ᠬᠤᠷᠠᠯᠳᠣᠬᠤ ᠶᠢ ᠪᠡᠯᠭᠡᠳᠡᠶ᠎ᠡ︕

                 

    ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾  ᠎ ᠳᠠᠬᠢ ᠬᠠᠮᠢᠶ᠎ᠠ ᠪᠦᠬᠦᠢ

                       ᠨᠡᠷ᠎ᠡ ᠦᠬᠡ᠂ ᠨᠡᠷ᠎ᠡ ᠲᠤᠮᠢᠶ᠎ᠠ ᠵᠢᠴᠢ ᠲᠦᠬᠦᠮ ᠬᠡᠯᠡᠯᠬᠡᠨ ᠤ ᠲᠤᠬᠠᠢ ᠲᠠᠶᠢᠯᠪᠤᠷᠢ

      1.  ︽ᠲᠠᠪᠤᠨ ᠬᠡᠷᠡᠴᠢ ᠶᠢ ᠨᠢᠬᠡᠳᠬᠡᠵᠦ᠂ ᠨᠢᠬᠡ ᠦᠨᠡᠮᠯᠡᠯ ᠨᠢᠬᠡ ᠳ᠋ᠤᠭᠠᠷ ᠪᠤᠯᠭᠠᠬᠤ︾᠄ ᠦᠢᠯᠡᠳᠪᠤᠷᠢ

ᠬᠤᠳᠠᠯᠳᠤᠭ᠎ᠠ᠂ ᠶᠠᠰᠤ ᠴᠢᠨᠡᠷ ᠲᠤ ᠬᠢᠨᠠᠯᠳᠠ ᠲᠠᠯᠪᠢᠬᠤ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠨᠡᠶᠢᠬᠡᠮ ᠤᠨ

ᠪᠠᠳᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠳᠠᠭ ᠡᠵᠡᠩᠨᠡᠯᠳᠡ ᠶᠢᠨ ᠦᠨᠡᠮᠯᠡᠯ᠂

ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠬᠡᠨ ᠤ ᠳ᠋ᠤᠭᠠᠷ ᠤᠨ ᠦᠨᠠᠮᠯᠠᠯ᠂ ᠭᠠᠶᠢᠯᠢ ᠶᠢᠨ ᠶᠠᠪᠤᠳᠠᠯ ᠢ

ᠲᠡᠮᠳᠡᠭᠯᠡᠬᠦ ᠦᠨᠡᠮᠯᠡᠯ᠂ ᠨᠡᠶᠢᠬᠡᠮ ᠤᠨ ᠲᠠᠭᠠᠳᠬᠠᠯ ᠢ ᠲᠡᠮᠳᠡᠭᠯᠡᠬᠦ ᠦᠨᠡᠮᠯᠡᠯ᠂ ᠪᠦᠷᠢᠳᠬᠡᠨ ᠲᠡᠮᠳᠡᠭᠯᠡᠬᠦ ᠦᠨᠡᠮᠯᠡᠯ ᠵᠡᠷᠬᠡ

ᠲᠠᠪᠤᠨ ᠬᠡᠷᠡᠴᠢ ᠲᠡᠮᠳᠡᠭ ᠢ ᠨᠢᠬᠡᠳᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠬᠡᠳᠦᠯᠳᠡᠢ ᠲᠠᠷᠬᠠᠭᠠᠬᠤ

ᠨᠢᠬᠡ ᠬᠠᠭᠤᠳᠠᠰᠤ ᠡᠵᠡᠩᠨᠡᠯᠳᠡ ᠶᠢᠨ ᠦᠨᠡᠮᠯᠡᠯ ᠪᠤᠯᠭᠠᠨ᠂ ᠤᠤᠯ ᠤᠨ ᠬᠠᠮᠢᠶ᠎ᠠ ᠪᠦᠬᠦᠢ ᠬᠡᠷᠡᠴᠢ ᠲᠡᠮᠳᠡᠭ ᠤᠨ ᠬᠦᠴᠦᠨ

ᠴᠢᠳᠠᠪᠬᠢ ᠲᠠᠢ ᠪᠦᠬᠡᠳ ᠨᠢᠬᠡᠳᠦᠯᠳᠡᠢ ᠨᠡᠶᠢᠬᠡᠮ ᠤᠨ ᠢᠳᠡᠬᠡᠮᠵᠢ ᠶᠢᠨ ᠲᠦᠯᠦᠬᠡᠨ ᠤ ᠳ᠋ᠤᠭᠠᠷ ᠨᠡᠮᠡᠭᠰᠡᠨ ᠪᠠᠶᠢᠨ᠎ᠠ᠃

      2. ᠠᠮᠢ ᠠᠬᠤᠢ ᠶᠢᠨ ᠰᠡᠷᠡᠮᠵᠢ ᠶᠢᠨ ᠱᠤᠭᠤᠮ᠄ ᠪᠠᠶᠢᠭᠠᠯᠢᠯᠢᠭ ᠠᠮᠢ ᠠᠬᠤᠢ ᠶᠢᠨ ᠦᠢᠯᠡᠴᠢᠯᠡᠬᠡᠨ ᠤ ᠴᠢᠳᠠᠪᠬᠢ᠂

ᠤᠷᠴᠢᠨ ᠲᠤᠭᠤᠷᠢᠨ ᠤ ᠶᠠᠰᠤ ᠴᠢᠨᠡᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠳᠠ ᠵᠡᠷᠬᠡ

ᠲᠠᠯ᠎ᠠ ᠳᠤ ᠴᠢᠩᠭ᠎ᠠ ᠨᠢᠮᠪᠠᠢ ᠤᠷᠤᠨ ᠵᠠᠢ ᠶᠢᠨ ᠬᠠᠮᠠᠭᠠᠯᠠᠯᠳᠠ ᠶᠢᠨ ᠵᠠᠭᠠᠭ ᠱᠤᠭᠤᠮ ᠪᠠ ᠬᠢᠨᠠᠨ ᠬᠠᠮᠢᠶᠠᠷᠤᠯᠳᠠ ᠶᠢᠨ ᠬᠢᠵᠠᠭᠠᠷ

ᠬᠡᠮᠵᠢᠶ᠎ᠠ ᠲᠤᠭᠳᠠᠭᠠᠬᠤ ᠶᠢ ᠵᠢᠭᠠᠵᠦ ᠪᠤᠢ᠃

      3. ︽ᠨᠢᠬᠡ ᠪᠦᠰᠡ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ᠄ ᠲᠤᠷᠭᠠᠨ ᠵᠠᠮ ᠤᠨ ᠲᠠᠭᠠᠤ ᠳᠠᠬᠢ ᠠᠵᠤ ᠠᠬᠤᠢ

᠎ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠪᠠ 21 ᠳ᠋ᠤᠭᠡᠷ ᠵᠠᠭᠤᠨ ᠤ ᠲᠡᠯᠡᠢ ᠲᠡᠭᠡᠷᠡᠬᠢ ᠲᠤᠷᠭᠠᠨ ᠵᠠᠮ ᠤᠨ ᠠᠵᠤ ᠠᠬᠤᠢ

᠎ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠵᠢᠭᠠᠵᠦ ᠪᠤᠢ᠃

      4. ᠢᠨᠲ᠋ᠧᠷᠨᠧᠲ ᠰᠦᠯᠵᠢᠶ᠎ᠠ +  ᠄ ᠨᠡᠬᠦᠳᠡᠯ ᠢᠨᠲ᠋ᠧᠷᠨᠧᠲ ᠰᠦᠯᠵᠢᠶ᠎ᠠ᠂ ᠬᠦᠳᠡᠯᠦᠩᠬᠦᠢ ᠪᠤᠳᠤᠯᠳᠠ᠂ ᠲᠤᠮᠤ

ᠲᠠᠶᠢᠲ᠋ᠠ᠂ ᠬᠡᠷᠡᠭᠯᠡᠬᠡᠨ ᠤ ᠰᠦᠯᠵᠢᠶ᠎ᠡ ᠵᠡᠷᠬᠡ ᠶᠢ ᠤᠳᠤᠬᠢᠴᠢᠯᠠᠭᠰᠠᠨ ᠦᠢᠯᠡᠳᠬᠦ ᠦᠢᠯᠡᠰ ᠲᠠᠢ ᠤᠶᠠᠯᠳᠤᠭᠤᠯᠵᠦ᠂

ᠡᠯᠧᠺᠲᠷᠤᠨ ᠬᠤᠳᠠᠯᠳᠤᠭ᠎ᠠ᠂ ᠠᠵᠦ ᠦᠢᠯᠡᠳᠪᠤᠷᠢ ᠶᠢᠨ ᠢᠨᠲ᠋ᠧᠷᠨᠧᠲ ᠰᠦᠯᠵᠢᠶ᠎ᠠ ᠪᠤᠯᠤᠨ ᠰᠦᠯᠵᠢᠶᠠᠨ ᠲᠡᠭᠡᠷᠡᠬᠢ

ᠮᠦᠩᠬᠦᠨ ᠬᠦᠢᠯᠬᠡᠬᠡᠨ ᠤ ᠡᠷᠡᠬᠦᠯ ᠬᠦᠭᠵᠢᠯᠳᠡ ᠶᠢ  ᠠᠬᠢᠭᠤᠯᠬᠤ ᠶᠢ ᠵᠢᠭᠠᠵᠦ ᠪᠤᠢ᠃ ᠢᠨᠲ᠋ᠧᠷᠨᠧᠲ ᠰᠦᠯᠵᠢᠶ᠎ᠡ ᠪᠤᠯᠤᠨ

ᠠᠵᠦ ᠠᠬᠤᠢ ᠨᠡᠶᠢᠬᠡᠮ ᠤᠨ ᠡᠯ᠎ᠡ ᠬᠦᠷᠢᠶ᠎ᠡ ᠬᠡᠪᠴᠢᠶᠠᠨ ᠳᠤ ᠬᠦᠨᠵᠡᠬᠡᠢ ᠠᠭᠤᠰᠤᠯᠴᠠᠵᠦ᠂ ᠢᠨᠲ᠋ᠧᠷᠨᠧᠲ ᠰᠦᠯᠵᠢᠶ᠎ᠡ ᠪᠠᠷ

ᠰᠠᠭᠤᠷᠢ ᠲᠦᠬᠦᠬᠡᠷᠦᠮᠵᠢ ᠪᠠ ᠰᠢᠨ᠎ᠠ ᠶᠢ ᠡᠬᠦᠳᠬᠦ ᠡᠯᠧᠮᠧᠨ᠋ᠲ ᠪᠤᠯᠭᠠᠭᠰᠠᠨ ᠠᠵᠤ ᠠᠬᠤᠢ ᠨᠡᠶᠢᠬᠡᠮ ᠤᠨ ᠰᠢᠨ᠎ᠠ ᠬᠡᠯᠪᠡᠷᠢ

ᠲᠦᠷᠰᠦ ᠪᠦᠷᠢᠯᠳᠦᠭᠰᠡᠨ ᠪᠠᠶᠢᠨ᠎ᠠ᠃

      5. ᠲᠤᠮᠤ ᠳ᠋ᠠᠶᠢᠲ᠋ᠠ᠄ ᠰᠢᠨ᠎ᠠ ᠨᠢᠬᠡᠨ ᠦᠶ᠎ᠡ ᠶᠢᠨ ᠰᠤᠷᠠᠭ ᠵᠠᠩᠬᠢ ᠶᠢᠨ ᠮᠠᠷᠬᠡᠵᠢᠯ ᠪᠠ ᠦᠢᠯᠡᠴᠢᠯᠡᠬᠡᠨ ᠤ ᠦᠢᠯᠡᠰ

᠎ ᠤᠨ ᠬᠡᠯᠪᠡᠷᠢ᠂ ᠭᠤᠤᠯᠳᠠᠭᠤ ᠲᠤᠭ᠎ᠠ ᠬᠡᠮᠵᠢᠶ᠎ᠠ ᠶᠡᠭᠡ᠂ ᠢᠷᠡᠯᠳᠡ ᠨᠢ  ᠪᠤᠳᠠᠷᠬᠠᠢ᠂ ᠵᠠᠭᠪᠤᠷ ᠨᠢ ᠤᠯᠠᠨ ᠶᠠᠩᠵᠦ ᠶᠢᠨ ᠲᠤᠭ᠎ᠠ

ᠪᠠᠷᠢᠮᠳᠠ ᠶᠢ ᠴᠤᠭᠯᠠᠭᠤᠯᠬᠤ᠂ ᠬᠠᠳᠠᠭᠠᠯᠠᠬᠤ ᠪᠠ ᠬᠠᠮᠢᠶ᠎ᠠ ᠪᠦᠬᠦᠢ ᠵᠠᠳᠠᠯᠤᠯᠳᠠ ᠬᠢᠵᠦ ᠡᠬᠦᠨ ᠤ ᠲᠤᠮᠳᠠ ᠠᠴᠠ ᠰᠢᠨ᠎ᠠ

ᠮᠡᠳᠡᠯᠬᠡ ᠬᠤᠷᠠᠮᠳᠤᠭᠤᠯᠵᠦ᠂ ᠰᠢᠨ᠎ᠡ ᠦᠷᠳᠡᠭ ᠪᠤᠢ ᠪᠤᠯᠭᠠᠬᠤ ᠶᠢᠨ ᠲᠠᠭᠠᠤ ᠰᠢᠨ᠎ᠠ ᠴᠢᠳᠠᠪᠤᠷᠢ ᠪᠠᠨ ᠲᠡᠭᠡᠭᠰᠢᠯᠡᠬᠦᠯᠬᠦ ᠶᠢ

ᠵᠢᠭᠠᠵᠦ ᠪᠤᠢ᠃

      6. ︽ᠬᠤᠶᠠᠷ ᠡᠷᠬᠡ︾᠎ ᠶᠢᠨ ᠪᠠᠷᠢᠴᠠᠭᠠᠳᠤ ᠵᠢᠬᠡᠯᠡᠯᠬᠡ᠄ ᠬᠦᠳᠡᠭᠡ ᠲᠤᠰᠬᠤᠨ ᠤ ᠭᠠᠵᠠᠷ ᠰᠢᠷᠦᠢ ᠨᠤᠳᠤᠭ

ᠪᠡᠯᠴᠢᠬᠡᠷ ᠤᠨ ᠡᠵᠡᠩᠨᠡᠯᠳᠡ ᠶᠢᠨ ᠡᠷᠬᠡ ᠶᠢᠨ ᠪᠠᠷᠢᠴᠠᠭᠠᠳᠤ ᠵᠢᠬᠡᠯᠡᠯᠬᠡ ᠪᠠ ᠮᠠᠯᠴᠢᠨ ᠲᠠᠷᠢᠶᠠᠴᠢᠨ ᠤ ᠤᠷᠤᠨ ᠰᠠᠭᠤᠴᠠ ᠡᠳ᠋

ᠬᠦᠷᠦᠩᠬᠡ ᠶᠢᠨ ᠡᠷᠬᠡ ᠶᠢᠨ ᠪᠠᠷᠢᠴᠠᠭᠠᠳᠤ ᠵᠢᠬᠡᠯᠡᠯᠬᠡ ᠶᠢ ᠵᠢᠭᠠᠵᠦ ᠪᠤᠢ᠃

      7. ᠪᠦᠬᠦ ᠤᠷᠤᠨ ᠲᠤᠭᠤᠷᠢᠭ ᠤᠨ ᠵᠢᠭᠤᠯᠴᠢᠯᠠᠯ᠄ ᠲᠤᠭᠳᠠᠭᠰᠠᠨ ᠨᠢᠬᠡᠨ ᠤᠷᠤᠨ ᠲᠤᠭᠤᠷᠢᠭ ᠲᠤ ᠵᠢᠭᠤᠯᠴᠢᠯᠠᠯ

᠎ ᠤᠨ ᠦᠢᠯᠡᠰ ᠢᠶᠠᠷ ᠲᠠᠪᠠᠭᠤᠯᠢᠭ ᠠᠵᠦ ᠦᠢᠯᠡᠰ ᠪᠤᠯᠭᠠᠨ᠂ ᠤᠷᠤᠨ ᠲᠤᠭᠤᠷᠢᠭ ᠤᠨ ᠵᠢᠭᠤᠯᠴᠢᠯᠠᠯ ᠤᠨ ᠡᠬᠢ ᠪᠠᠶᠠᠯᠢᠭ᠂

ᠬᠠᠮᠢᠶ᠎ᠠ ᠪᠦᠬᠦᠢ ᠠᠵᠤ ᠦᠢᠯᠡᠰ᠂ ᠠᠮᠢ ᠠᠬᠤᠢ ᠤᠷᠴᠢᠨ ᠲᠤᠭᠤᠷᠢᠨ᠂ ᠤᠯᠠᠨ ᠨᠠᠶᠢᠳᠠ ᠶᠢᠨ ᠦᠢᠯᠡᠴᠢᠯᠡᠭᠡ᠂ ᠲᠤᠭᠳᠠᠮᠵᠢ

ᠲᠤᠭᠳᠠᠯᠴᠠᠭ᠎ᠠ᠂ ᠲᠦᠷᠦ ᠶᠢᠨ ᠪᠤᠳᠤᠯᠭ᠎ᠠ ᠬᠠᠤᠯᠢ ᠴᠠᠭᠠᠵᠠ᠂ ᠪᠤᠯᠪᠠᠰᠤᠨ ᠬᠡᠪ ᠰᠤᠷᠳᠠᠯ ᠵᠡᠷᠬᠡ ᠳᠤ ᠪᠦᠬᠦ ᠲᠠᠯ᠎ᠠ ᠶᠢᠨ

ᠰᠢᠰᠲ᠋ᠧᠮᠴᠢᠯᠡᠭᠰᠡᠨ ᠰᠢᠯᠢᠳᠡᠭᠵᠢᠬᠦᠯᠦᠯᠳᠡ ᠬᠢᠵᠦ᠂ ᠡᠬᠢ ᠪᠠᠶᠠᠯᠢᠭ ᠢ ᠤᠷᠭᠠᠨᠢᠭ ᠢᠶᠠᠷ ᠤᠶᠠᠯᠳᠤᠭᠤᠯᠬᠤ᠂ ᠠᠵᠦ ᠦᠢᠯᠡᠰ ᠢ

ᠵᠤᠬᠢᠴᠠᠩᠭᠤᠢ ᠬᠦᠭᠵᠢᠬᠦᠯᠬᠦ᠂ ᠨᠡᠶᠢᠬᠡᠮ ᠨᠡᠶᠢᠳᠡ ᠪᠠᠷ ᠬᠠᠮᠳᠤ ᠳᠠᠭᠠᠨ ᠪᠠᠶᠢᠭᠤᠯᠵᠦ ᠬᠠᠮᠳᠤᠪᠡᠷ ᠡᠳ᠋ᠯᠡᠬᠦ ᠶᠢ ᠪᠡᠶᠡᠯᠡᠬᠦᠯᠦᠨ᠂

ᠵᠢᠭᠤᠯᠴᠢᠯᠠᠯ ᠤᠨ ᠦᠢᠯᠡᠰ ᠢᠶᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠶᠢ ᠵᠢᠭᠠᠵᠦ ᠪᠤᠢ᠃

      8. ︽ᠵᠢᠭᠤᠯᠴᠢᠯᠠᠯ ᠤᠨ ᠦᠢᠯᠡᠰ +︾ ᠪᠠᠶᠢᠯᠳᠤᠬᠤ ᠪᠤᠳᠤᠯᠭ᠎ᠠ᠄ ᠵᠢᠭᠤᠯᠴᠢᠯᠠᠯ ᠤᠨ ᠦᠢᠯᠡᠰ ᠤᠨ

ᠠᠭᠤᠰᠤᠯᠴᠠᠬᠤ ᠴᠢᠳᠠᠪᠤᠷᠢ ᠶᠢ ᠪᠠᠳᠠᠷᠠᠭᠤᠯᠵᠦ᠂ ᠬᠠᠮᠢᠶ᠎ᠠ ᠪᠦᠬᠦᠢ ᠠᠵᠦ ᠦᠢᠯᠡᠰ ᠪᠠ ᠬᠦᠷᠢᠶ᠎ᠡ ᠬᠡᠪᠴᠢᠶᠠᠨ ᠤ ᠬᠦᠭᠵᠢᠯᠳᠡ

᠎ ᠳᠤ ᠵᠢᠭᠤᠯᠴᠢᠯᠠᠯ ᠤᠨ ᠲᠠᠪᠴᠠᠩ ᠬᠠᠩᠭᠠᠨ᠂ ᠰᠢᠨ᠎ᠠ ᠦᠢᠯᠡᠴᠢᠯᠡᠬᠡᠨ ᠤ ᠬᠡᠯᠪᠡᠷᠢ ᠶᠢ ᠪᠦᠷᠢᠯᠳᠦᠬᠦᠯᠦᠨ᠂ ᠲᠡᠬᠦᠨ ᠤ

ᠬᠦᠭᠵᠢᠯᠳᠡ ᠶᠢᠨ ᠬᠢᠷᠢ ᠲᠦᠪᠰᠢᠨ ᠪᠠ ᠶᠡᠷᠤᠩᠬᠡᠶᠢᠡᠯᠭᠰᠡᠨ ᠦᠷᠳᠡᠭ ᠢ ᠲᠡᠭᠡᠭᠰᠢᠯᠡᠬᠦᠯᠬᠦ ᠶᠢ ᠵᠢᠭᠠᠵᠦ ᠪᠤᠢ᠃

      9. ᠤᠯᠠᠨ ᠨᠠᠶᠢᠳᠠ ᠶᠢᠨ ᠦᠢᠯᠡᠰ ᠪᠦᠳᠦᠬᠡᠬᠦ ᠤᠷᠤᠨ ᠵᠠᠢ᠄ ᠵᠠᠬ᠎ᠠ ᠲᠡᠯᠬᠡᠬᠦᠷᠴᠢᠯᠡᠭᠰᠡᠨ ᠲᠤᠭᠳᠠᠯᠴᠠᠭ᠎ᠠ᠂

ᠲᠤᠰᠬᠠᠶᠢᠵᠢᠭᠰᠠᠨ ᠦᠢᠯᠡᠴᠢᠯᠡᠭᠡ ᠪᠠ ᠬᠦᠷᠦᠩᠬᠡᠴᠢᠯᠡᠭᠰᠡᠨ ᠠᠷᠭ᠎ᠠ ᠵᠠᠮ ᠢᠶᠠᠷ ᠦᠪᠡᠷ ᠤᠨ ᠦᠷᠳᠡᠭ ᠲᠤᠤᠷ᠎ᠠ᠂ ᠲᠦᠬᠦᠮ

ᠲᠦᠳᠡ᠂ ᠪᠦᠬᠦᠨ ᠢ ᠬᠠᠮᠤᠷᠤᠭᠰᠠᠨ᠂ ᠴᠢᠯᠦᠬᠡᠳᠡᠢ ᠰᠢᠨ᠎ᠠ ᠬᠡᠯᠪᠡᠷᠢ ᠶᠢᠨ ᠦᠢᠯᠡᠰ ᠪᠦᠳᠦᠬᠡᠬᠦ ᠦᠢᠯᠡᠴᠢᠯᠡᠬᠡᠨ ᠤ ᠲᠠᠪᠴᠠᠩ

᠎ ᠢ ᠵᠢᠭᠠᠵᠦ ᠪᠤᠢ᠃

      10. ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠄ ᠬᠠᠩᠭᠠᠯᠭ᠎ᠠ ᠶᠢᠨ ᠶᠠᠰᠤ ᠴᠢᠨᠡᠷ

᠎ ᠢ ᠲᠡᠭᠡᠭᠰᠢᠯᠡᠬᠦᠯᠬᠦ ᠪᠠᠷ ᠬᠠᠷᠠᠯᠳᠠ ᠪᠠᠨ ᠪᠤᠯᠭᠠᠨ᠂ ᠦᠬᠡᠷᠡᠴᠢᠯᠡᠯᠳᠡ ᠬᠢᠬᠦ ᠪᠠᠷ ᠲᠠᠮᠵᠢᠭᠤᠯᠤᠨ ᠪᠦᠳᠦᠴᠡ ᠶᠢᠨ

ᠲᠤᠬᠢᠷᠠᠭᠤᠯᠤᠯᠳᠠ ᠶᠢ ᠠᠬᠢᠭᠤᠯᠵᠦ᠂ ᠭᠤᠤᠯ ᠡᠯᠧᠮᠧᠨ᠋ᠲ ᠤᠨ ᠲᠦᠬᠦᠷᠴᠢᠯᠡᠯᠳᠡ ᠶᠢ ᠲᠠᠩᠴᠠᠬᠦᠷᠢᠰᠢᠬᠦᠯᠵᠦ᠂ ᠪᠦᠳᠦᠮᠵᠢᠳᠠᠢ

ᠬᠠᠩᠭᠠᠯᠭ᠎ᠠ ᠶᠢ ᠦᠷᠬᠡᠳᠬᠡᠨ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠯᠡᠬᠡᠨ ᠤ ᠬᠤᠪᠢᠷᠠᠯᠳᠠ ᠳᠠᠬᠢ ᠵᠤᠬᠢᠬᠤ ᠴᠢᠨᠡᠷ ᠪᠠ

ᠠᠮᠢᠳᠤᠯᠢᠭ ᠴᠢᠨᠡᠷ ᠢ ᠲᠡᠭᠡᠭᠰᠢᠯᠡᠬᠦᠯᠵᠦ᠂ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠦᠨ᠂

ᠦᠷᠬᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠶᠢ ᠤᠯᠠᠮ ᠰᠠᠶᠢᠨ ᠬᠠᠩᠭᠠᠵᠦ᠂ ᠠᠵᠦ ᠠᠬᠤᠢ ᠨᠡᠶᠢᠬᠡᠮ ᠤᠨ

ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃

      11. ᠰᠡᠶᠢᠮᠡᠬᠡᠷ ᠬᠤᠳᠠ ᠶᠢᠨ ᠪᠠᠶᠢᠭᠤᠯᠤᠯᠳᠠ᠄ ᠬᠤᠳᠠ ᠨᠢ ᠤᠷᠴᠢᠨ ᠲᠤᠭᠤᠷᠢᠨ ᠤ ᠬᠤᠪᠢᠷᠠᠯᠳᠠ ᠳᠤ ᠵᠤᠬᠢᠴᠠᠬᠤ

ᠪᠠ ᠤᠰᠤ ᠪᠤᠷᠤᠭ᠎ᠠ ᠵᠡᠷᠬᠡ ᠪᠠᠶᠢᠭᠠᠯᠢ ᠶᠢᠨ ᠭᠠᠢ ᠭᠠᠮᠰᠢᠭ ᠢ ᠠᠷᠭᠠᠴᠠᠭᠠᠬᠤ ᠳᠠᠭᠠᠨ ︽ᠬᠠᠷᠢᠮᠠᠬᠠᠢ ᠴᠢᠨᠡᠷ ᠲᠠᠢ︾ ᠪᠠᠶᠢᠬᠤ

᠎ ᠶᠢ ᠵᠢᠭᠠᠵᠦ ᠪᠤᠢ᠂ ᠪᠠᠰᠠ ︽ᠤᠰᠤᠨ ᠤ ᠬᠠᠷᠢᠮᠠᠬᠠᠢ ᠴᠢᠨᠡᠷᠳᠡᠢ ᠬᠤᠳᠠ︾ ᠬᠡᠵᠦ ᠬᠡᠯᠡᠳᠡᠭ᠃

      12. ᠬᠤᠤᠰ ᠲᠠᠰᠢᠷᠠᠮ ᠢᠶᠠᠷ ᠪᠠᠶᠢᠴᠠᠭᠠᠵᠦ ᠨᠢᠬᠡ ᠶᠢ ᠢᠯᠡ ᠨᠡᠶᠢᠳᠡᠯᠡᠬᠦ᠄ ᠵᠠᠬ᠎ᠠ ᠲᠡᠯᠬᠡᠬᠦᠷ ᠢ ᠬᠢᠨᠠᠨ ᠬᠠᠮᠢᠶᠠᠷᠬᠤ

ᠠᠵᠢᠯ ᠤᠨ ᠶᠠᠪᠤᠴᠠ ᠳᠠᠭᠠᠨ ᠪᠠᠶᠢᠴᠠᠭᠠᠬᠤ ᠡᠳᠡᠬᠡᠳ ᠢᠶᠠᠨ ᠰᠤᠭᠤᠯᠤᠨ ᠰᠤᠩᠭᠤᠬᠤ᠂ ᠪᠠᠶᠢᠴᠠᠭᠠᠯᠳᠠ ᠬᠢᠬᠦ ᠠᠵᠢᠯᠳᠠᠨ ᠢ

ᠰᠤᠭᠤᠯᠤᠨ ᠰᠤᠩᠭᠤᠬᠤ ᠶᠢᠨ ᠬᠠᠮᠳᠤ ᠰᠤᠭᠤᠯᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠯᠳᠠ ᠶᠢᠨ ᠦᠷ᠎ᠡ ᠳ᠋ᠦᠩ ᠢᠶᠠᠨ

ᠲᠠᠷᠤᠶᠢᠬᠠᠨ ᠨᠡᠶᠢᠬᠡᠮ ᠨᠡᠶᠢᠳᠡ ᠳᠤ ᠢᠯᠡ ᠨᠡᠶᠢᠳᠡᠯᠡᠬᠦ  ᠎ ᠶᠢ ᠵᠢᠭᠠᠵᠦ ᠪᠤᠢ᠃

 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号