ᠵᠠᠰᠠᠭ ᠤᠨ ᠤᠷᠳᠤᠨ ᠤ ᠠᠵᠢᠯ ᠤᠨ ᠢᠯᠡᠳᠬᠡᠯ | — — 2017 ᠤᠨ ᠤ 2 ᠰᠠᠷ᠎ᠠ ᠶᠢᠨ 21 ᠤ ᠡᠳᠦᠷ ᠤᠨ ᠰᠢᠯᠤᠭᠤᠨ | ᠬᠦᠬᠡ ᠬᠤᠰᠢᠭᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ | ᠲᠠᠪᠤᠳᠤᠭᠠᠷ ᠬᠤᠷᠠᠯᠳᠤᠭᠠᠨ ᠲᠡᠭᠡᠷ᠎ᠡ | | ᠲᠦᠯᠦᠬᠡᠯᠡᠭᠴᠢᠳ ᠡ᠄ | ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠡᠯ ᠳᠤ ᠠᠵᠢᠯ ᠤᠨ ᠮᠡᠳᠡᠬᠦᠯᠦᠯᠳᠡ ᠬᠢᠶ᠎ᠡ᠂ | ᠬᠢᠨᠠᠨ ᠵᠦᠪᠯᠡᠬᠦ ᠪᠤᠯᠪᠠᠤ᠂ ᠬᠤᠷᠠᠯ ᠳᠤ ᠤᠷᠤᠯᠴᠠᠵᠦ ᠪᠠᠶᠢᠭ᠎ᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ | ᠤᠷᠤᠯᠴᠠᠵᠦ ᠪᠠᠶᠢᠭ᠎ᠠ ᠨᠦᠬᠦᠳ ᠨᠡᠷ ᠰᠠᠨᠠᠯ ᠢᠶᠠᠨ ᠲᠡᠪᠰᠢᠬᠦᠯᠬᠦ ᠶᠢ ᠬᠦᠰᠡᠵᠦ ᠪᠠᠶᠢᠨ᠎ᠠ᠃ | ᠨᠢᠬᠡ᠂ 2016 ᠤᠨ ᠤ ᠠᠵᠢᠯ ᠤᠨ ᠡᠷᠬᠢᠴᠡᠬᠦᠯᠦᠯ | ᠦᠩᠬᠡᠷᠡᠭᠰᠡᠨ ᠨᠢᠬᠡ ᠵᠢᠯ ᠳᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠪᠠᠳᠤᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠤᠯᠤᠰ | ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ ᠪᠢᠳᠠ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠢ | ᠪᠦᠯᠬᠦᠮᠳᠡᠬᠦᠯᠦᠨ ᠲᠠᠶᠢᠴᠢᠯᠠᠵᠦ᠂ ᠢᠳᠡᠬᠡᠯ ᠢᠶᠠᠨ ᠬᠦᠪᠴᠢᠯᠡᠵᠦ᠂ ᠦᠷᠢᠰᠦᠯᠳᠦᠬᠡᠨ ᠢ ᠲᠤᠯᠵᠦ᠂ ᠰᠡᠳᠬᠢᠯ ᠰᠠᠨᠠᠭ᠎ᠠ ᠪᠠᠨ | ᠨᠢᠬᠡᠳᠬᠡᠨ᠂ ᠦᠰᠦᠯᠳᠡ ᠶᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠢ ᠬᠠᠯᠠᠮᠵᠢᠯᠠᠬᠤ᠂ ᠲᠦᠭᠰᠢᠬᠦᠷᠢ ᠶᠢ ᠰᠡᠷᠬᠡᠶᠢᠯᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠶᠢ ᠡᠬᠦᠳᠴᠤ ᠬᠦᠭᠵᠢᠯᠳᠡ ᠶᠢ ᠠᠬᠢᠭᠤᠯᠬᠤ ᠪᠠ ᠠᠵᠤ ᠠᠬᠤᠢ | ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠᠷ ᠬᠦᠴᠦᠯᠡᠨ ᠴᠢᠷᠮᠠᠶᠢᠵᠦ᠂ ᠪᠦᠬᠦ ᠬᠤᠰᠢᠭᠤᠨ ᠤ ᠠᠵᠤ ᠠᠬᠤᠢ᠂ | ᠨᠡᠶᠢᠬᠡᠮ ᠤᠨ ᠬᠦᠭᠵᠢᠯᠳᠡ ᠶᠢᠨ ᠶᠡᠷᠤᠩᠬᠡᠢ ᠪᠠᠶᠢᠳᠠᠯ ᠲᠤᠭᠳᠠᠭᠤᠨ ᠪᠠᠶᠢᠬᠤ᠂ ᠲᠤᠭᠳᠠᠭᠤᠨ ᠤ ᠲᠤᠮᠳᠠ ᠠᠬᠢᠯᠳᠠ ᠲᠠᠢ | ᠪᠠᠶᠢᠬᠤ ᠰᠠᠶᠢᠨ ᠬᠠᠨᠳᠤᠰᠢ ᠶᠢ ᠪᠤᠢ ᠪᠤᠯᠭᠠᠵᠦ ᠴᠢᠳᠠᠭᠰᠠᠨ ᠪᠦᠬᠡᠳ ᠪᠦᠬᠦ ᠵᠢᠯ ᠤᠨ ᠭᠤᠤᠯ ᠡᠬᠦᠷᠬᠡ ᠬᠠᠷᠠᠯᠳᠠ ᠪᠠᠨ | ᠨᠡᠯᠢᠶᠡᠳ ᠰᠠᠶᠢᠨ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾ ᠪᠠᠨ ᠠᠮᠵᠢᠯᠳᠠ ᠲᠠᠢ | ᠡᠬᠢᠯᠡᠬᠦᠯᠪᠡ᠃ | ︽ᠲᠤᠭᠳᠠᠭᠤᠨ︾ ᠨᠢ ᠭᠤᠤᠯᠳᠠᠭᠤ ᠠᠵᠤ ᠠᠬᠤᠢ ᠶᠢᠨ ᠲᠤᠭᠳᠠᠭᠤᠨ ᠠᠵᠢᠯᠯᠠᠭ᠎ᠠ ᠶᠢ ᠪᠠᠳᠤᠯᠠᠬᠤ ᠲᠠᠯ᠎ᠠ ᠳᠤ | ᠢᠯᠡᠷᠡᠵᠡᠢ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 67.52 ᠳ᠋ᠦᠩᠰᠢᠭᠤᠷ | ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠨᠢ 3.5% ᠳᠤ ᠬᠦᠷᠴᠡᠢ︔ ᠶᠡᠷᠤ ᠶᠢᠨ ᠤᠯᠠᠨ ᠨᠠᠶᠢᠳᠠ ᠶᠢᠨ ᠡᠳ᠋ | ᠤᠨ ᠵᠠᠰᠠᠭ ᠤᠨ ᠲᠦᠰᠦᠪ ᠤᠨ ᠤᠷᠤᠯᠭ᠎ᠠ ᠶᠢ 5.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠨᠢ | 11.6% ᠳᠤ ᠬᠦᠷᠴᠡᠢ︔ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ ᠨᠢ 13. | 85 ᠳ᠋ᠦᠩᠰᠢᠭᠤᠷ ᠲᠦᠬᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 9.6% ᠳᠤ ᠬᠦᠷᠦᠭᠰᠡᠨ ᠪᠠᠶᠢᠨ᠎ᠠ︔ | ᠤᠨᠴᠠ ᠦᠨᠳᠦᠷ ᠬᠦᠴᠦᠳᠡᠯᠳᠦ ᠴᠡᠪᠡᠷ ᠡᠨᠧᠷᠬᠢ ᠶᠢᠨ ᠴᠠᠬᠢᠯᠭᠠᠨ ᠭᠠᠷᠭᠠᠬᠤ ᠠᠴᠢᠶᠠᠯᠠᠪᠤᠷᠢ ᠲᠤᠭᠠᠨ ᠤ ᠨᠦᠯᠦᠬᠡᠯᠡᠯ ᠠᠴᠠ | ᠪᠤᠯᠵᠦ᠂ ᠵᠢᠯ ᠤᠨ ᠡᠬᠢᠨ ᠳᠤ ᠲᠤᠭᠳᠠᠭᠰᠠᠨ 5 ᠰᠠᠯᠬᠢᠨ ᠪᠠ ᠬᠡᠷᠡᠯ ᠤᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠨᠢ | ᠬᠤᠭᠤᠴᠠᠭ᠎ᠠ ᠶᠤᠰᠤᠭᠠᠷ ᠠᠵᠢᠯ ᠢᠶᠠᠨ ᠡᠬᠢᠯᠡᠬᠦᠯᠵᠦ ᠴᠢᠳᠠᠭᠰᠠᠨ ᠦᠬᠡᠢ ᠪᠤᠯᠬᠤᠷ ᠲᠤᠭᠳᠠᠮᠠᠯ ᠬᠦᠷᠦᠩᠬᠡ ᠶᠢᠨ ᠪᠡᠯᠡ | ᠤᠷᠤᠭᠤᠯᠤᠯᠳᠠ ᠨᠢ 15.7% ᠪᠠᠷ ᠪᠠᠭᠤᠷᠠᠭᠰᠠᠨ ᠪᠠᠶᠢᠨ᠎ᠠ᠂ ᠬᠡᠪᠡᠴᠦ ᠶᠡᠷᠤᠩᠬᠡᠢ ᠬᠡᠮᠵᠢᠶ᠎ᠠ ᠪᠠᠷ ᠢᠶᠠᠨ ᠮᠦᠨ ᠪᠦᠬᠦ ᠠᠶᠢᠮᠠᠭ | ᠤᠨ ᠲᠠᠪᠤᠳᠤᠭᠠᠷ ᠲᠤ ᠪᠠᠶᠢᠷᠢᠯᠠᠵᠦ ᠪᠠᠶᠢᠨ᠎ᠠ᠃ ︽ᠠᠬᠢᠯᠳᠠ︾ ᠨᠢ ᠭᠤᠤᠯᠳᠠᠭᠤ ᠦᠢᠯᠡᠳᠪᠤᠷᠢᠯᠡᠯ ᠤᠨ ᠪᠦᠳᠦᠴᠡ ᠶᠢᠨ | ᠲᠤᠬᠢᠷᠠᠭᠤᠯᠤᠯᠳᠠ ᠢᠳᠡᠪᠬᠢᠳᠡᠢ ᠠᠮᠵᠢᠯᠳᠠ ᠤᠯᠤᠭᠰᠠᠨ ᠲᠠᠯ᠎ᠠ ᠳᠤ ᠢᠯᠡᠷᠡᠵᠦ ᠪᠤᠢ᠃ ᠭᠤᠷᠪᠠᠨ ᠠᠵᠤ ᠦᠢᠯᠡᠰ ᠤᠨ | ᠪᠦᠳᠦᠴᠡ ᠶᠢᠨ ᠬᠠᠷᠢᠴᠠᠯ ᠨᠢ 2015 ᠤᠨ ᠤ 10᠄ 68᠄ 22 ᠪᠠᠶᠢᠭᠰᠠᠨ ᠢᠶᠠᠨ 11᠄ 63᠄ 26 ᠪᠤᠯᠵᠦ᠂ | ᠨᠢᠬᠡᠳᠦᠬᠡᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠲᠤᠰ ᠲᠤᠰ 1 ᠪᠠ 4 ᠵᠠᠭᠤᠨ ᠤ | ᠬᠤᠪᠢ ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ᠂ ᠰᠤᠶᠤᠯ ᠵᠢᠭᠤᠯᠴᠢᠯᠠᠯ ᠪᠤᠯᠤᠨ ᠠᠵᠤ ᠦᠢᠯᠡᠳᠪᠤᠷᠢ ᠶᠢᠨ ᠠᠵᠤ | ᠠᠬᠤᠢ ᠶᠢᠨ ᠬᠤᠭᠤᠷᠤᠨᠳᠤᠬᠢ ᠵᠦᠷᠢᠶ᠎ᠡ ᠠᠯᠭᠤᠷ ᠢᠶᠠᠷ ᠪᠠᠭᠠᠰᠴᠤ᠂ ᠠᠵᠤ ᠠᠬᠤᠢ ᠶᠢᠨ ᠪᠦᠳᠦᠴᠡ ᠤᠯᠠᠮ ᠵᠤᠬᠢᠮᠵᠢᠳᠠᠢ | ᠪᠤᠯᠵᠦ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠶᠢᠨ ᠦᠷ᠎ᠡ ᠪᠦᠳᠦᠮᠵᠢ ᠪᠠ ᠰᠢᠨ᠎ᠠ ᠬᠠᠭᠤᠴᠢᠨ | ᠬᠦᠳᠡᠯᠬᠡᠭᠴᠢ ᠬᠦᠴᠦᠨ ᠤ ᠰᠤᠯᠢᠭᠳᠠᠯ ᠳᠤ ᠢᠯᠡᠳᠳᠡ ᠬᠤᠪᠢᠷᠠᠯᠳᠠ ᠲᠠᠢ ᠪᠤᠯᠤᠭᠰᠠᠨ ᠪᠠᠶᠢᠨ᠎ᠠ᠃ ︽ᠰᠠᠶᠢᠨ︾ ᠨᠢ | ᠭᠤᠤᠯᠳᠠᠭᠤ ᠬᠦᠭᠵᠢᠯᠳᠡ ᠶᠢᠨ ᠶᠠᠰᠤ ᠴᠢᠨᠡᠷ ᠪᠠ ᠦᠷ᠎ᠠ ᠠᠰᠢᠭ ᠲᠤᠭᠳᠠᠭᠤᠨ ᠠᠬᠢᠯᠳᠠ ᠲᠠᠢ ᠪᠠᠶᠢᠭ᠎ᠠ ᠳᠤ ᠢᠯᠡᠷᠡᠵᠦ | ᠪᠠᠶᠢᠨ᠎ᠠ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ ᠨᠢ | ᠲᠤᠰᠪᠦᠷᠢ 32358 ᠲᠦᠬᠦᠷᠢᠭ ᠪᠠ 14730 ᠲᠦᠬᠦᠷᠢᠭ ᠲᠤ ᠬᠦᠷᠴᠦ᠂ 8.1% ᠪᠠ 8 % ᠪᠠᠷ ᠨᠡᠮᠡᠭᠳᠡᠵᠦ᠂ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠲᠠᠪᠠᠭᠰᠠᠨ ᠪᠠᠶᠢᠨ᠎ᠠ᠃ ᠤᠯᠠᠨ ᠢᠶᠠᠷ ᠢᠶᠠᠨ ᠦᠢᠯᠡᠰ ᠪᠤᠰᠬᠠᠵᠦ ᠲᠦᠮᠡᠨ | ᠢᠶᠠᠷ ᠢᠶᠠᠨ ᠰᠢᠨ᠎ᠠ ᠶᠢ ᠡᠬᠦᠳᠦᠭᠰᠡᠨ ᠤᠬᠢ ᠰᠠᠶᠢᠨ ᠬᠦᠭᠵᠢᠯᠳᠡ ᠶᠢᠨ ᠬᠠᠨᠳᠤᠰᠢ ᠪᠤᠢ ᠪᠤᠯᠵᠦ᠂ 7500 ᠠᠵᠢᠯ ᠤᠨ | ᠤᠷᠤᠨ ᠲᠤᠭ᠎ᠠ ᠤᠯᠵᠦ᠂ ᠬᠤᠳᠠ ᠬᠦᠳᠡᠭᠡ ᠶᠢᠨ 3900 ᠬᠦᠮᠦᠨ ᠳᠤ ᠠᠵᠢᠯ ᠤᠨ ᠪᠠᠶᠢᠷᠢ ᠬᠠᠩᠭᠠᠵᠦ᠂ ᠬᠤᠳᠠ | ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 2.79% ᠤᠨ ᠨᠡᠯᠢᠶᠡᠳ ᠲᠤᠤᠷ᠎ᠠ ᠬᠢᠷᠢ ᠲᠦᠪᠰᠢᠨ ᠳᠤ | ᠬᠢᠵᠠᠭᠠᠷᠯᠠᠵᠦ ᠴᠢᠳᠠᠭᠰᠠᠨ ᠪᠠᠶᠢᠨ᠎ᠠ᠃ ᠪᠦᠬᠦ ᠬᠤᠰᠢᠭᠤᠨ ᠤ ᠨᠠᠶᠢᠳᠠ ᠶᠢᠨ ᠪᠤᠰᠤ ᠦᠮᠴᠢᠯᠠᠯᠳᠦ ᠠᠵᠤ ᠠᠬᠤᠶᠢᠯᠠᠯ ᠨᠢ | 862 ᠡᠷᠦᠬᠡ ᠳᠤ ᠬᠦᠷᠴᠦ᠂ ᠲᠠᠩᠰᠠᠯᠠᠭᠤᠯᠤᠭᠰᠠᠨ ᠪᠡᠯᠡ ᠮᠦᠩᠬᠦ 44.9 ᠳ᠋ᠦᠩᠰᠢᠭᠤᠷ ᠲᠦᠬᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 14.8% ᠪᠠ 25.3% ᠪᠠᠷ ᠨᠡᠮᠡᠭᠳᠡᠨ᠂ ᠠᠵᠤ ᠠᠬᠤᠢ ᠶᠢᠨ ᠬᠦᠭᠵᠢᠯᠳᠡ ᠶᠢᠨ | ᠠᠮᠢᠵᠢᠷᠠᠯ ᠤᠨ ᠬᠦᠴᠦᠨ ᠤᠯᠠᠮ ᠴᠢᠩᠭᠠᠷᠠᠭᠰᠠᠨ ᠪᠠᠶᠢᠨ᠎ᠠ᠃ | ᠦᠩᠬᠡᠷᠡᠭᠰᠡᠨ ᠨᠢᠬᠡ ᠵᠢᠯ ᠳᠤ ᠪᠢᠳᠠ ᠭᠤᠤᠯᠳᠠᠭᠤ ᠲᠤᠤᠷᠡᠬᠢ ᠠᠵᠢᠯ ᠤᠳ ᠢ ᠬᠢᠪᠠ᠄ | ︵ᠨᠢᠬᠡ︶ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠪᠠ᠃ | ︽ᠬᠤᠨᠢ ᠶᠢ ᠴᠦᠬᠡᠴᠡᠯᠡᠵᠦ ᠦᠬᠡᠷ ᠢ ᠨᠡᠮᠡᠭᠳᠡᠬᠦᠯᠬᠦ︾ ᠲᠦᠷᠦ ᠶᠢᠨ ᠪᠤᠳᠤᠯᠭ᠎ᠠ ᠶᠢ ᠲᠤᠭᠳᠠᠭᠤᠨ | ᠨᠠᠶᠢᠳᠠᠪᠤᠷᠢᠵᠢᠭᠤᠯᠵᠦ᠂ ᠮᠠᠯ ᠠᠵᠤ ᠠᠬᠤᠢ ᠶᠢᠨ ᠲᠤᠭ᠎ᠠ ᠲᠤᠯᠤᠭᠠᠢ ᠶᠢ ᠬᠦᠬᠡᠬᠡᠴᠡᠯᠳᠦᠵᠦ ᠪᠠᠶᠢᠭᠰᠠᠨ ᠢᠶᠠᠨ ᠴᠢᠨᠡᠷ ᠢ | ᠴᠢᠬᠤᠯᠠᠴᠢᠯᠠᠬᠤ ᠵᠦᠭ ᠰᠢᠯᠵᠢᠬᠦ ᠬᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠵᠦ᠂ ︽ᠪᠦᠬᠦ ᠬᠤᠰᠢᠭᠤᠨ ᠤ ᠰᠢᠯᠢᠳᠡᠭ | ᠡᠬᠦᠯᠳᠡᠷ ᠤᠨ ᠮᠢᠬᠠᠨ ᠤ ᠦᠬᠡᠷ ᠤᠨ ᠬᠦᠭᠵᠢᠯᠳᠡ ᠶᠢᠨ ᠲᠦᠯᠦᠪᠵᠢᠬᠦᠯᠬᠡ ︵2016 ᠤᠨ ᠠᠴᠠ 2020 ᠤᠨ︶︾ ᠶᠢ | ᠲᠤᠭᠳᠠᠭᠠᠨ ᠨᠠᠶᠢᠳᠠᠯᠠᠵᠦ᠂ ᠰᠢᠮᠧᠨ᠋ᠲᠷ ᠦᠬᠡᠷ ᠤᠨ 33 ᠭᠤᠤᠯᠳᠠᠯᠭᠠᠳᠤ ᠰᠦᠷᠦᠭ ᠢ ᠪᠠᠶᠢᠭᠤᠯᠤᠨ᠂ ᠤᠯᠤᠰ ᠤᠨ ᠲᠡᠰ ᠤᠨ | ᠰᠢᠯᠢᠳᠡᠭ ᠮᠢᠬᠠᠨ ᠤ ᠦᠬᠡᠷ ᠤᠨ ᠭᠤᠤᠯᠳᠠᠯᠭᠠᠳᠤ ᠦᠷ᠎ᠡ ᠪᠤᠶᠢᠵᠢᠭᠤᠯᠭᠤ 3 ᠲᠠᠯᠠᠪᠠᠢ ᠶᠢ ᠪᠠᠶᠢᠭᠤᠯᠵᠦ᠂ 330 ᠲᠤᠯᠤᠭᠠᠢ | ᠰᠢᠯᠢᠳᠡᠭ ᠡᠬᠦᠯᠳᠡᠷ ᠤᠨ ᠰᠢᠮᠧᠨ᠋ᠲᠷ ᠦᠨᠢᠶ᠎ᠠ ᠶᠢ ᠬᠤᠳᠠᠯᠳᠤᠨ ᠠᠪᠴᠢᠷᠠᠭᠰᠠᠨ ᠪᠠᠶᠢᠨ᠎ᠠ᠃ ᠮᠠᠯ ᠤᠨ ᠲᠤᠭᠠᠯᠠᠯᠳᠠ ᠳᠤ ᠪᠦᠬᠦ | ᠬᠤᠰᠢᠭᠤᠨ ᠤ ᠮᠠᠯ ᠤᠨ ᠶᠡᠷᠤᠩᠬᠡᠢ ᠲᠤᠭ᠎ᠠ ᠲᠤᠯᠤᠭᠠᠢ 79.47 ᠲᠦᠮᠡ ᠳᠤ ᠬᠦᠷᠴᠦ᠂ ᠪᠤᠷᠤᠯᠠᠭᠤᠯᠤᠭᠰᠠᠨ ᠮᠠᠯ ᠤᠨ | ᠲᠤᠭ᠎ᠠ 51.97 ᠲᠦᠮᠡᠨ ᠲᠤᠯᠤᠭᠠᠢ ᠳᠤ ᠬᠦᠷᠴᠦ᠂ ᠪᠤᠳᠠ ᠮᠠᠯ ᠪᠠ ᠪᠤᠭ ᠮᠠᠯ ᠤᠨ ᠡᠬᠦᠯᠳᠡᠷ ᠰᠠᠶᠢᠵᠢᠷᠠᠭᠤᠯᠤᠭᠰᠠᠨ | ᠨᠤᠷᠮ᠎ᠠ ᠨᠢ ᠲᠤᠰ ᠲᠤᠰ 94% ᠪᠠ 97% ᠳᠤ ᠬᠦᠷᠦᠭᠰᠡᠨ ᠪᠠᠶᠢᠨ᠎ᠠ᠃ ᠡᠪᠡᠰᠤᠨ ᠬᠤᠷᠤᠭ᠎ᠠ᠂ ᠲᠤᠯᠠᠭᠠᠨ ᠫᠧᠩ ᠪᠠ | ᠪᠤᠷᠳᠤᠭᠠᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ 2.86 ᠳ᠋ᠦᠩᠰᠢᠭᠤᠷ | ᠺᠢᠯᠤᠭ᠍ᠷᠡᠮ ᠡᠪᠡᠰᠤ ᠪᠤᠷᠳᠤᠭ᠎ᠠ ᠬᠠᠳᠤᠵᠦ ᠬᠤᠷᠢᠶᠠᠨ᠂ ᠪᠠᠴᠢᠮ ᠢ ᠠᠷᠭᠠᠴᠠᠭᠠᠬᠤ ᠲᠡᠵᠢᠬᠡᠯ ᠪᠤᠷᠳᠤᠭ᠎ᠠ 1850 ᠲᠦᠮᠡᠨ | ᠺᠢᠯᠤᠭ᠍ᠷᠡᠮ ᠨᠦᠬᠡᠴᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢᠨ ᠨᠦᠬᠦᠴᠡᠯ | ᠲᠠᠰᠤᠷᠠᠯᠳᠠ ᠦᠬᠡᠢ ᠰᠠᠶᠢᠵᠢᠷᠠᠵᠦ᠂ ᠭᠠᠮᠰᠢᠭ ᠢ ᠰᠡᠷᠬᠡᠶᠢᠯᠡᠵᠦ ᠭᠠᠮᠰᠢᠭ ᠲᠠᠢ ᠲᠡᠮᠡᠴᠡᠬᠦ ᠴᠢᠳᠠᠪᠬᠢ ᠲᠠᠰᠤᠷᠠᠯᠳᠠ ᠦᠬᠡᠢ | ᠲᠡᠭᠡᠭᠰᠢᠯᠡᠭᠰᠡᠨ ᠪᠠᠶᠢᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠬᠦᠯᠦᠯᠳᠡ ᠶᠢ ᠲᠤᠭᠳᠠᠭᠤᠨ ᠠᠬᠢᠭᠤᠯᠪᠠ᠃ ᠠᠵᠤ | ᠠᠬᠤᠢ ᠶᠢᠨ ᠬᠠᠨᠳᠤᠰᠢ ᠳᠤ ᠰᠤᠳᠤᠯᠤᠨ ᠨᠤᠳᠠᠯᠠᠯᠳᠠ ᠬᠢᠬᠦ ᠪᠠ ᠠᠵᠢᠯᠯᠠᠭ᠎ᠠ ᠶᠢ ᠲᠤᠬᠢᠷᠠᠭᠤᠯᠬᠤ ᠡᠷᠴᠢᠮ ᠢᠶᠠᠨ | ᠴᠢᠩᠭᠠᠳᠬᠠᠨ᠂ 18 ᠡᠷᠦᠬᠡ ᠬᠡᠪᠴᠢᠶᠡᠵᠢᠭᠰᠡᠨ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠠᠵᠢᠯᠯᠠᠭ᠎ᠠ ᠲᠤᠭᠳᠠᠭᠤᠨ | ᠶᠠᠪᠤᠭᠳᠠᠨ᠂ ᠱᠠᠩᠳᠤ ᠴᠠᠬᠢᠯᠭᠠᠨ ᠦᠢᠯᠡᠳᠪᠤᠷᠢ ᠨᠢ 170.5 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠦ᠂ 5 ᠡᠷᠦᠬᠡ | ᠴᠡᠪᠡᠷ ᠡᠨᠧᠷᠬᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠨᠠᠶᠢᠳᠠ 5.2 ᠳ᠋ᠦᠩᠰᠢᠭᠤᠷ ᠭᠷᠡᠳᠦ᠋ᠰ ᠤᠨ ᠴᠠᠬᠢᠯᠭᠠᠨ | ᠭᠠᠷᠭᠠᠨ᠂ ᠴᠠᠬᠢᠯᠭᠠᠨ ᠬᠦᠴᠦᠨ ᠤ ᠡᠨᠧᠷᠬᠢ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠨᠢ ᠪᠦᠬᠦᠶᠢᠯᠡ | ᠬᠡᠪᠴᠢᠶᠡᠵᠢᠭᠰᠡᠨ ᠠᠵᠤ ᠠᠬᠤᠶᠢᠯᠠᠯ ᠤᠨ ᠶᠡᠷᠤᠩᠬᠡᠢ ᠦᠷᠳᠡᠭ ᠤᠨ 86% ᠠᠴᠠ ᠲᠡᠭᠡᠭᠰᠢ ᠳᠤ ᠬᠦᠷᠴᠦ᠂ ᠠᠵᠤ | ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠶᠡᠷᠤᠩᠬᠡᠢ ᠦᠷᠳᠡᠭ ᠨᠢ 5.82 ᠳ᠋ᠦᠩᠰᠢᠭᠤᠷ ᠲᠦᠬᠦᠷᠢᠭ ᠲᠤ ᠬᠦᠷᠴᠦ᠂ 2. | 2 ᠵᠠᠭᠤᠨ ᠤ ᠬᠤᠪᠢ ᠪᠠᠷ ᠨᠡᠮᠡᠭᠳᠡᠭᠰᠡᠨ ᠪᠠᠶᠢᠨ᠎ᠠ᠃ ᠬᠤᠩ ᠵᠢᠶᠠᠩ᠂ ᠹᠦ᠋ ᠶᠠᠩ 2 ᠠᠵᠤ ᠠᠬᠤᠶᠢᠯᠠᠯ ᠨᠢ ᠪᠦᠬᠦ ᠠᠶᠢᠮᠠᠭ | ᠤᠨ ᠵᠦᠷᠢᠶᠡᠳᠦ ᠴᠠᠬᠢᠯᠭᠠᠨ ᠦᠨ᠎ᠡ ᠶᠢᠨ ᠨᠦᠬᠦᠪᠦᠷᠢ ᠶᠢᠨ ᠬᠡᠪᠴᠢᠶᠠᠨ ᠳᠤ ᠤᠷᠤᠵᠦ᠂ ᠱᠦᠨ ᠴᠧᠩ ᠦᠬᠡᠷ ᠤᠨ ᠮᠢᠬᠠᠨ ᠤ | ᠦᠢᠯᠡᠰ ᠨᠢ ᠬᠡᠪᠴᠢᠶᠡᠵᠢᠭᠰᠡᠨ ᠠᠵᠤ ᠠᠬᠤᠶᠢᠯᠠᠯ ᠤᠨ ᠬᠡᠪᠴᠢᠶᠠᠨ ᠳᠤ ᠤᠷᠤᠭᠰᠠᠨ ᠪᠠᠶᠢᠨ᠎ᠠ᠃ 11 ᠡᠷᠦᠬᠡ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠠᠬᠤᠶᠢᠯᠠᠯ ᠨᠢ ᠪᠦᠬᠦ ᠠᠶᠢᠮᠠᠭ ᠤᠨ 2016 ᠤᠨ ᠤ ᠠᠵᠦ ᠦᠢᠯᠡᠳᠪᠤᠷᠢ ᠶᠢᠨ ᠪᠦᠳᠦᠭᠡᠭᠳᠡᠬᠦᠨ ᠤ | ᠬᠠᠩᠭᠠᠯᠭ᠎ᠠ ᠬᠡᠷᠡᠭᠴᠡᠬᠡᠨ ᠤ ᠵᠦᠢᠯᠡᠰ ᠤᠨ ᠲᠡᠮᠳᠡᠭᠯᠡᠯ ᠳᠤ ᠤᠷᠤᠭᠰᠠᠨ ᠪᠠᠶᠢᠨ᠎ᠠ᠃ | ︵ᠭᠤᠷᠪᠠ︶ ᠰᠤᠶᠤᠯ ᠵᠢᠭᠤᠯᠴᠢᠯᠠᠯ ᠤᠨ ᠦᠢᠯᠡᠰ ᠢ ᠤᠶᠠᠯᠳᠤᠭᠤᠯᠤᠨ ᠬᠦᠭᠵᠢᠬᠦᠯᠪᠡ᠃ ᠪᠦᠬᠦ ᠠᠶᠢᠮᠠᠭ ᠤᠨ | ᠵᠢᠭᠤᠯᠴᠢᠯᠠᠯ ᠤᠨ ᠲᠠᠨᠢᠯᠴᠠᠭᠤᠯᠤᠨ ᠠᠬᠢᠭᠤᠯᠬᠤ ᠬᠤᠷᠠᠯ ᠢ ᠠᠮᠵᠢᠯᠳᠠ ᠲᠠᠢ ᠲᠠᠭᠠᠭᠠᠴᠢᠯᠠᠨ ᠬᠤᠷᠠᠯᠳᠤᠭᠤᠯᠵᠦ᠂ ︽ᠮᠠᠯᠴᠢᠨ | ᠠᠶᠢᠯ︾ ᠵᠢᠭᠤᠯᠴᠢᠯᠠᠯ ᠤᠨ ᠴᠢᠭ ᠨᠢ 116 ᠡᠷᠦᠬᠡ ᠳᠤ ᠬᠦᠷᠴᠦ᠂ ᠶᠤᠸᠠᠨ ᠤ ᠲᠡᠭᠡᠳᠦ ᠨᠠᠶᠢᠰᠯᠠᠯ ᠤᠨ ᠰᠤᠶᠤᠯ | ᠵᠢᠭᠤᠯᠴᠢᠯᠠᠯ ᠤᠨ ᠠᠵᠤ ᠦᠢᠯᠡᠰ ᠤᠨ ᠲᠤᠭᠤᠷᠢᠭ ᠤᠨ ᠲᠦᠰᠦᠯ ᠢ ᠡᠬᠢᠯᠡᠨ ᠬᠡᠷᠡᠭᠵᠢᠬᠦᠯᠵᠦ᠂ ᠠᠷᠪᠠᠨ ᠲᠦᠷᠪᠡᠳᠦᠬᠡᠷ | ᠬᠤᠭᠤᠴᠠᠭᠠᠨ ᠤ ︽ᠬᠤᠯᠠᠨ ᠰᠢᠷᠭ᠎ᠠ︾ ᠮᠦᠩᠬᠦᠨ ᠡᠪᠤᠯ ᠤᠨ ᠨᠠᠭᠠᠳᠤᠮ ᠪᠠ ᠶᠢᠰᠦᠳᠦᠬᠡᠷ ᠬᠤᠭᠤᠴᠠᠭᠠᠨ ᠤ ︽ᠴᠠᠬᠠᠷ︾ | ᠴᠠᠭᠠᠨ ᠢᠳᠡᠬᠡᠨ ᠤ ᠰᠤᠶᠤᠯ ᠤᠨ ᠨᠠᠶᠢᠷ ᠵᠡᠷᠬᠡ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠦ᠂ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ 5A ᠲᠡᠰ ᠤᠨ ᠦᠵᠡᠮᠵᠢ ᠶᠢᠨ ᠤᠷᠤᠨ ᠢᠶᠠᠷ ᠡᠷᠡᠮᠡᠯᠵᠡᠯᠡᠨ ᠮᠡᠳᠡᠬᠦᠯᠬᠦ | ᠪᠡᠯᠡᠳᠬᠡᠯ ᠠᠵᠢᠯ ᠤᠷᠤᠭᠰᠢᠳᠠᠢ ᠶᠠᠪᠤᠭᠳᠠᠵᠦ᠂ ᠱᠠᠩᠳᠤ ᠪᠠᠯᠭᠠᠰᠤ ᠨᠢ ᠦᠪᠡᠷᠳᠡᠬᠡᠨ ᠵᠠᠰᠠᠬᠤ ᠤᠷᠤᠨ ᠤ ᠲᠡᠤᠬᠡ ᠰᠤᠶᠤᠯ | ᠤᠨ ᠨᠡᠷᠡᠳᠦ ᠪᠠᠯᠭᠠᠰᠤ ᠪᠠᠷ ᠦᠨᠡᠯᠡᠭᠳᠡᠭᠰᠡᠨ ᠪᠠᠶᠢᠨ᠎ᠠ᠃ ᠵᠢᠯ ᠤᠨ ᠲᠤᠳᠤᠷ᠎ᠠ ᠨᠠᠶᠢᠳᠠ 65 ᠲᠦᠮᠡᠨ ᠬᠦᠮᠦᠨ ᠤᠳᠠᠭ᠎ᠠ ᠶᠢᠨ | ᠵᠤᠭᠠᠴᠠᠭᠰᠠᠳ ᠢ ᠬᠦᠯᠢᠶᠡᠨ ᠠᠪᠴᠤ᠂ 4.5 ᠳ᠋ᠦᠩᠰᠢᠭᠤᠷ ᠲᠦᠬᠦᠷᠢᠭ ᠤᠨ ᠬᠠᠮᠢᠶ᠎ᠠ ᠪᠦᠬᠦᠢ ᠤᠷᠤᠯᠭ᠎ᠠ ᠶᠢ ᠡᠬᠦᠳᠴᠦ᠂ | ᠲᠤᠰᠪᠤᠷᠢ 20% ᠪᠠ 32% ᠪᠠᠷ ᠨᠡᠮᠡᠭᠳᠡᠭᠰᠡᠨ ᠪᠠᠶᠢᠨ᠎ᠠ᠃ | ︵ᠲᠦᠷᠪᠡ︶ ᠭᠤᠤᠯᠳᠠᠯᠭ᠎ᠠ ᠲᠠᠢ ᠲᠦᠰᠦᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠲᠤᠪᠤᠶᠢᠮ᠎ᠠ ᠪᠠᠶᠢᠨ᠎ᠠ᠃ | 27 ᠵᠦᠢᠯ ᠤᠨ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ ᠢ ᠠᠬᠢᠭᠤᠯᠵᠦ ᠨᠠᠶᠢᠳᠠ 31.4 ᠳ᠋ᠦᠩᠰᠢᠭᠤᠷ | ᠲᠦᠬᠦᠷᠢᠭ ᠤᠨ ᠪᠡᠯᠡ ᠮᠦᠩᠬᠦ ᠤᠷᠤᠭᠤᠯᠪᠠ᠃ 46 ᠵᠦᠢᠯ ᠤᠨ ᠠᠷᠠᠯᠵᠢᠶᠠᠴᠢᠨ ᠤᠷᠢᠵᠦ ᠪᠡᠯᠡ ᠲᠠᠳᠠᠬᠤ ᠲᠦᠰᠦᠯ ᠢ | ᠬᠡᠷᠡᠭᠵᠢᠬᠦᠯᠵᠦ᠂ ᠠᠶᠢᠮᠠᠭ ᠤᠨ ᠭᠠᠳᠠᠨᠠᠬᠢ 33.5 ᠳ᠋ᠦᠩᠰᠢᠭᠤᠷ ᠲᠦᠬᠦᠷᠢᠭ ᠢ ᠲᠠᠳᠠᠨ ᠠᠪᠴᠢᠷᠠᠭᠰᠠᠨ ᠪᠠᠶᠢᠨ᠎ᠠ᠃ ᠬᠡᠳᠦ | ᠦᠨᠳᠦᠷ ᠬᠦᠴᠦᠳᠡᠯᠳᠦ ᠴᠠᠬᠢᠯᠭᠠᠨ ᠱᠤᠭᠤᠮ ᠢ ᠪᠠᠶᠢᠭᠤᠯᠬᠤ᠂ ᠬᠤᠸᠠ ᠢ ᠰᠠᠯᠬᠢᠨ ᠬᠦᠴᠦᠨ ᠤ ᠴᠠᠬᠢᠯᠭᠠᠨ ᠭᠠᠷᠭᠠᠬᠤ | ᠦᠢᠯᠡᠰ᠂ ᠰᠢ ᠪᠸᠢ ᠢᠳᠡᠬᠡᠨ ᠤᠮᠳᠠᠭᠠᠨ ᠤ ᠦᠢᠯᠡᠰ᠂ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠲᠤᠯᠠᠭᠠᠯᠭ᠎ᠠ | ᠬᠠᠩᠭᠠᠬᠤ ᠦᠬᠡᠷᠡᠴᠢᠯᠡᠯᠳᠡ ᠪᠠ ᠰᠤᠶᠤᠯ ᠤᠨ ᠠᠵᠤ ᠦᠢᠯᠡᠰ ᠤᠨ ᠰᠠᠭᠤᠷᠢᠨ ᠵᠡᠷᠬᠡ ᠭᠤᠤᠯᠳᠠᠯᠭ᠎ᠠ ᠲᠠᠢ ᠲᠦᠰᠦᠯ ᠤᠳ ᠢ | ᠪᠦᠬᠦ ᠲᠠᠯ᠎ᠠ ᠪᠠᠷ ᠵᠤᠬᠢᠴᠠᠭᠤᠯᠤᠨ ᠠᠬᠢᠭᠤᠯᠤᠭᠰᠠᠨ ᠪᠠᠶᠢᠨ᠎ᠠ᠃ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠰᠢᠨ᠎ᠠ | ᠪᠠᠷ ᠪᠠᠶᠢᠭᠤᠯᠬᠤ ᠲᠤᠬᠠᠢ ᠪᠤᠯᠤᠮᠵᠢᠳᠦ ᠰᠤᠳᠤᠯᠤᠯᠳᠠ ᠶᠢᠨ ᠮᠡᠳᠡᠬᠦᠯᠦᠯᠳᠡ ᠨᠢ ᠤᠯᠤᠰ ᠤᠨ ᠠᠷᠠᠳ ᠤᠨ ᠠᠭᠠᠷ ᠤᠨ ᠠᠶᠠᠯᠠᠯ | ᠤᠨ ᠲᠤᠪᠴᠢᠶᠠᠨ ᠤ ᠬᠢᠨᠠᠨ ᠵᠦᠪᠰᠢᠶᠡᠷᠡᠯ ᠢ ᠲᠡᠮᠵᠢᠵᠦ᠂ ᠪᠤᠯᠤᠮᠵᠢᠳᠦ ᠰᠤᠳᠤᠯᠤᠯᠳᠠ ᠶᠢᠨ ᠮᠡᠳᠡᠬᠦᠯᠦᠯᠳᠡ ᠶᠢ ᠨᠠᠶᠢᠷᠠᠭᠤᠯᠤᠨ | ᠲᠤᠭᠤᠷᠪᠢᠬᠤ ᠠᠵᠢᠯ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃ ᠪᠡᠭᠡᠵᠢᠩ ᠬᠦᠷᠬᠦ ᠠᠶᠠᠨᠴᠢᠳ ᠤᠨ ᠪᠠ ᠵᠦᠬᠡᠬᠡᠪᠤᠷᠢ ᠶᠢᠨ | ᠲᠦᠷᠬᠡᠨ ᠲᠠᠮᠤᠷ ᠵᠠᠮ ᠤᠨ ᠪᠦᠳᠦᠬᠡᠨ ᠪᠠᠶᠢᠭᠤᠯᠤᠯᠳᠠ ᠶᠢᠨ ᠪᠡᠯᠡᠳᠬᠡᠯ ᠠᠵᠢᠯ ᠠᠮᠵᠢᠯᠳᠠ ᠲᠠᠢ ᠶᠠᠪᠤᠭᠳᠠᠪᠠ᠃ | ︵ᠲᠠᠪᠤ︶ ᠪᠤᠬᠢᠷᠳᠦᠯ ᠦᠬᠡᠢ ᠬᠦᠭᠵᠢᠯᠳᠡ ᠶᠢᠨ ᠦᠵᠡᠯᠳᠡ ᠶᠢ ᠤᠯᠠᠮ ᠪᠠᠳᠤᠵᠢᠭᠤᠯᠪᠠ᠃ ᠦᠨᠳᠦᠰᠦᠨ ᠨᠤᠳᠤᠭ | ᠪᠡᠯᠴᠢᠬᠡᠷ ᠤᠨ ᠬᠠᠮᠠᠭᠠᠯᠠᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠤᠨ ᠲᠦᠷᠢᠮ᠂ ᠠᠮᠢ | ᠠᠬᠤᠢ ᠶᠢᠨ ᠪᠤᠯᠪᠠᠰᠤᠨ ᠤ ᠲᠦᠷᠢᠮ ᠤᠨ ᠲᠤᠷᠰᠢᠯᠳᠠ ᠶᠢᠨ ᠴᠢᠭ ᠤᠨ ᠪᠠᠶᠢᠭᠤᠯᠤᠯᠳᠠ ᠶᠢᠨ ᠠᠵᠢᠯ ᠪᠠ ᠰᠢᠨ᠎ᠠ ᠡᠬᠡᠯᠵᠢᠨ ᠤ | ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠠᠳᠤᠳᠠᠢ | ᠨᠠᠶᠢᠳᠠᠪᠤᠷᠢᠵᠢᠭᠤᠯᠪᠠ᠃ ︽ᠰᠢᠯᠤᠭᠤᠨ ᠬᠦᠬᠡ ᠬᠤᠰᠢᠭᠤᠨ ᠤ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠢ | ᠲᠡᠩᠴᠡᠬᠦᠷᠢᠰᠢᠬᠦᠯᠬᠦ ᠲᠦᠷᠢᠮ ᠳᠤ ᠬᠢᠨᠠᠯᠳᠠ ᠲᠠᠯᠪᠢᠬᠤ ᠬᠠᠮᠢᠶᠠᠷᠤᠯᠳᠠ ᠶᠢᠨ ᠲᠦᠷᠢᠮ︾ ᠢ ᠲᠤᠭᠳᠠᠭᠠᠨ᠂ ᠠᠮᠢ ᠠᠬᠤᠢ | ᠤᠷᠴᠢᠨ ᠲᠤᠭᠤᠷᠢᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢ ᠪᠦᠬᠦ ᠲᠠᠯ᠎ᠠ ᠪᠠᠷ ᠴᠢᠩᠭᠠᠳᠬᠠᠨ᠂ ᠶᠤᠸᠠᠨ ᠤ | ᠲᠡᠭᠡᠳᠦ ᠨᠠᠶᠢᠰᠯᠠᠯ ᠤᠨ ᠪᠠᠭᠤᠷᠢ᠂ ᠦᠬᠡᠷᠴᠢᠨ ᠤᠪᠤᠭᠠᠨ ᠤ ᠤᠢ ᠰᠢᠭᠤᠢ ᠶᠢᠨ ᠲᠠᠯᠠᠪᠠᠢ᠂ ᠪᠠᠭ᠎ᠠ ᠵᠢᠭᠠᠰᠤᠳᠠᠢ ᠨᠠᠭᠤᠷ ᠤᠨ | ᠤᠶᠢᠷ᠎ᠠ ᠬᠠᠪᠢ ᠶᠢᠨ ᠭᠤᠤᠯᠳᠠᠯᠭ᠎ᠠ ᠲᠠᠢ ᠤᠷᠤᠨ ᠳᠤ ᠬᠠᠮᠢᠶᠠᠷᠤᠯᠳᠠ ᠬᠢᠵᠦ᠂ ᠦᠨᠳᠦᠷ ᠤᠨᠠᠯᠳᠠᠳᠤ ᠪᠤᠷᠳᠤᠭᠠᠨ ᠰᠠᠭᠤᠷᠢᠨ | ᠭᠠᠵᠠᠷ ᠲᠤ ᠠᠵᠤ ᠠᠬᠤᠢ ᠶᠢᠨ ᠲᠠᠷᠢᠮᠠᠯ ᠲᠠᠷᠢᠬᠤ ᠠᠵᠢᠯᠯᠠᠭ᠎ᠠ ᠶᠢ ᠬᠢᠵᠠᠭᠠᠷᠯᠠᠵᠦ᠂ ᠨᠤᠳᠤᠭ ᠪᠡᠯᠴᠢᠬᠡᠷ ᠢ ᠲᠤᠷ᠎ᠠ ᠪᠠᠷ | ᠬᠠᠭᠠᠯᠪᠤᠷᠢᠯᠠᠭᠰᠠᠨ ᠪᠠ ᠤᠢ ᠰᠢᠭᠤᠢ ᠶᠢ ᠡᠪᠳᠡᠭᠰᠡᠨ᠂ ᠨᠤᠭᠤ ᠭᠠᠵᠠᠷ᠂ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ | ᠪᠠᠶᠠᠯᠢᠭ ᠢ ᠰᠦᠢᠳᠭᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠪᠡ᠃ ᠪᠡᠭᠡᠵᠢᠩ ᠲᠢᠶᠠᠨᠵᠢᠨ ᠤ | ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ 7.7 ᠲᠦᠮᠡᠨ ᠮᠤ᠋ ᠭᠠᠵᠠᠷ ᠲᠤ ᠮᠤᠳᠤ | ᠲᠠᠷᠢᠵᠦ ᠤᠶᠢᠵᠢᠭᠤᠯᠤᠨ᠂ ᠭᠤᠤᠯᠳᠠᠯᠭ᠎ᠠ ᠲᠠᠢ ᠤᠷᠤᠨ ᠤ 4167 ᠮᠤ᠋ ᠭᠠᠵᠠᠷ ᠢ ᠨᠤᠭᠤᠭᠠᠷᠠᠭᠤᠯᠵᠦ᠂ 2.5 ᠲᠦᠮᠡᠨ ᠮᠤ᠋ | ᠲᠡᠯᠡᠪᠡᠢ ᠶᠢᠨ ᠡᠯᠡᠰᠦ ᠶᠢ ᠵᠠᠰᠠᠭᠰᠠᠨ ᠪᠦᠬᠡᠳ 7500 ᠮᠤ᠋ ᠲᠠᠯᠠᠪᠠᠢ ᠪᠦᠬᠦᠢ ᠵᠢᠵᠢᠭ ᠰᠠᠪᠠ ᠭᠠᠵᠠᠷ ᠤᠨ ᠤᠷᠤᠨ ᠢ | ᠶᠡᠷᠤᠩᠬᠡᠶᠢᠯᠡᠨ ᠵᠠᠰᠠᠭᠰᠠᠨ ᠪᠠᠶᠢᠨ᠎ᠠ᠃ ᠨᠢᠬᠡᠴᠢ GDP ᠤᠨ ᠡᠨᠧᠷᠬᠢ ᠶᠢᠨ ᠬᠤᠷᠤᠭᠳᠠᠯ᠂ ᠪᠤᠬᠢᠷ ᠪᠤᠳᠠᠰ ᠤᠨ | ᠭᠠᠳᠠᠭᠰᠢᠯᠠᠭᠤᠯᠤᠯᠳᠠ ᠶᠢᠨ ᠬᠡᠮᠵᠢᠶ᠎ᠠ ᠨᠢ ᠦᠷᠬᠦᠯᠵᠢᠯᠡᠨ ᠪᠠᠭᠤᠷᠠᠵᠦ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠡᠷ | ᠤᠯᠠᠮ ᠰᠠᠶᠢᠵᠢᠷᠠᠵᠦ᠂ ︽ᠬᠦᠬᠡ ᠤᠭᠳᠠᠷᠭᠤᠢ᠂ ᠨᠤᠮᠢᠨ ᠲᠠᠯ᠎ᠠ᠂ ᠲᠤᠩᠭᠠᠯᠠᠭ ᠤᠰᠤ︾ ᠲᠠᠢ ᠦᠵᠡᠮᠵᠢᠳᠦ ᠰᠠᠶᠢᠬᠠᠨ | ᠤᠷᠤᠨ ᠢᠶᠠᠨ ᠪᠦᠳᠦᠮᠵᠢᠳᠡᠢ ᠬᠠᠮᠠᠭᠠᠯᠠᠵᠦ ᠴᠢᠳᠠᠪᠠ᠃ | ︵ᠵᠢᠷᠭᠤᠭ᠎ᠠ︶ ᠬᠦᠭᠵᠢᠯᠳᠡ ᠶᠢᠨ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠵᠠᠰᠠᠭ ᠢ ᠴᠤᠮᠬᠠᠳᠬᠠᠵᠦ | ᠡᠷᠬᠡ ᠶᠢ ᠰᠤᠯᠠᠯᠠᠬᠤ᠂ ᠰᠤᠯᠠᠯᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ︽ᠰᠤᠯᠠᠯᠠᠬᠤ ᠬᠠᠮᠢᠶᠠᠷᠬᠤ | ᠦᠢᠯᠡᠴᠢᠯᠡᠬᠦ︾ ᠦᠬᠡᠷᠡᠴᠢᠯᠡᠯᠳᠡ ᠶᠢ ᠰᠢᠯᠢᠳᠡᠭᠵᠢᠬᠦᠯᠵᠦ᠂ ᠵᠢᠯ ᠤᠨ ᠲᠤᠳᠤᠷ᠎ᠠ 86 ᠲᠦᠷᠦᠯ ᠤᠨ ᠦᠬᠡᠷᠡᠴᠢᠯᠡᠯᠳᠡ ᠶᠢᠨ | ᠦᠷ᠎ᠡ ᠪᠦᠳᠦᠮᠵᠢ ᠤᠯᠬᠤ ᠪᠠᠷ ᠲᠤᠭᠳᠠᠨ᠂ 67 ᠲᠦᠷᠦᠯ ᠤᠨ ᠦᠬᠡᠷᠡᠴᠢᠯᠡᠯᠳᠡ ᠶᠢᠨ ᠡᠬᠦᠷᠬᠡ ᠶᠢ ᠨᠠᠶᠢᠳᠠᠪᠤᠷᠢᠵᠢᠭᠤᠯᠤᠨ | ᠠᠬᠢᠭᠤᠯᠵᠦ᠂ 7 ᠵᠦᠢᠯ ᠤᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠢᠭ ᠢ ᠲᠤᠭᠳᠠᠭᠠᠨ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠵᠦᠢᠯᠡᠰ ᠢ ᠴᠤᠮᠬᠠᠳᠬᠠᠵᠦ 268 ᠲᠦᠷᠦᠯ ᠪᠤᠯᠭᠠᠨ᠂ ︽ᠲᠠᠪᠤᠨ ᠬᠡᠷᠡᠴᠢ ᠶᠢ ᠨᠢᠬᠡᠳᠬᠡᠵᠦ᠂ ᠨᠢᠬᠡ | ᠦᠨᠡᠮᠯᠡᠯ ᠨᠢᠬᠡ ᠳ᠋ᠤᠭᠠᠷ ᠪᠤᠯᠭᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠨ᠎ᠠ᠃ ᠡᠯᠧᠺᠲᠷᠤᠨ | ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠵᠢᠱᠢᠶ᠎ᠡ ᠦᠵᠡᠬᠦᠯᠬᠦ ᠰᠢᠶᠠᠨ ᠤ ᠲᠦᠰᠦᠯ ᠢ | ᠠᠮᠵᠢᠯᠳᠠ ᠲᠠᠢ ᠠᠬᠢᠭᠤᠯᠵᠦ᠂ ᠪᠦᠬᠦ ᠬᠤᠰᠢᠭᠤᠨ ᠤ ᠡᠯᠧᠺᠲᠷᠤᠨ ᠬᠤᠳᠠᠯᠳᠤᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ | ᠸᠢᠴᠡᠲ ᠬᠤᠳᠠᠯᠳᠤᠭᠠᠨ ᠤ ᠲᠡᠯᠬᠡᠬᠦᠷ ᠤᠨ ᠲᠤᠭ᠎ᠠ 211 ᠳᠤ ᠬᠦᠷᠴᠦ᠂ ᠰᠦᠯᠵᠢᠶᠠᠨ ᠲᠡᠭᠡᠷᠡᠬᠢ ᠰᠤᠯᠢᠯᠴᠠᠭᠠᠨ ᠤ | ᠶᠡᠷᠤᠩᠬᠡᠢ ᠦᠷᠳᠡᠭ ᠨᠢ 2900 ᠲᠦᠮᠡᠨ ᠲᠦᠬᠦᠷᠢᠭ ᠢ ᠲᠠᠪᠠᠵᠠᠢ᠃ ᠲᠤᠭᠳᠠᠮᠠᠯ ᠬᠦᠷᠦᠩᠬᠡ ᠶᠢ ᠨᠢᠬᠡᠳᠦᠯᠳᠡᠢ ᠲᠠᠩᠰᠠᠯᠠᠬᠤ | ᠠᠵᠢᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠲᠤᠭᠳᠠᠮᠠᠯ ᠬᠦᠷᠦᠩᠬᠡ ᠲᠠᠩᠰᠠᠯᠠᠬᠤ ᠲᠦᠪ ᠢ ᠪᠠᠶᠢᠭᠤᠯᠪᠠ᠃ 4 | ᠡᠷᠦᠬᠡ ᠦᠢᠯᠡᠴᠢᠯᠡᠬᠡᠨ ᠤ ᠠᠵᠤ ᠠᠬᠤᠶᠢᠯᠠᠯ ᠢ ᠬᠡᠪᠴᠢᠶᠠᠵᠢᠭ᠍ᠰᠡᠨ ᠠᠵᠤ ᠠᠬᠤᠶᠢᠯᠠᠯ ᠤᠨ ᠡᠩᠨᠡᠬᠡᠨ ᠳᠤ ᠤᠷᠤᠭᠤᠯᠵᠦ᠂ | ᠪᠦᠬᠦ ᠬᠤᠰᠢᠭᠤᠨ ᠤ ᠬᠡᠪᠴᠢᠶᠡᠵᠢᠭᠰᠡᠨ ᠦᠢᠯᠡᠴᠢᠯᠡᠬᠡᠨ ᠤ ᠠᠵᠤ ᠠᠬᠤᠶᠢᠯᠠᠯ ᠤᠨ ᠶᠡᠷᠤᠩᠬᠡᠢ ᠲᠤᠭ᠎ᠠ ᠨᠢ 12 ᠡᠷᠦᠬᠡ ᠳᠤ | ᠬᠦᠷᠪᠡ᠃ ᠱᠠᠩᠳᠤ ᠪᠠᠯᠭᠠᠰᠤᠨ ᠤ ᠶᠡᠷᠤᠩᠬᠡᠢ ᠲᠦᠯᠦᠪᠵᠢᠬᠦᠯᠭᠡ ᠳᠤ ᠦᠨᠡᠯᠡᠯᠳᠡ ᠬᠢᠬᠦ ᠠᠵᠢᠯ ᠢ ᠲᠠᠭᠤᠰᠬᠠᠨ᠂ ᠬᠤᠳᠠ | ᠶᠢᠨ ᠪᠦᠳᠦᠬᠡᠨ ᠪᠠᠶᠢᠭᠤᠯᠤᠯᠳᠠ ᠳᠤ 8400 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠵᠠᠮ ᠬᠠᠷᠢᠯᠴᠠᠭᠠᠨ ᠤ | ᠪᠦᠳᠦᠬᠡᠨ ᠪᠠᠶᠢᠭᠤᠯᠤᠯᠳᠠ ᠳᠤ 2.37 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠰᠠᠭᠤᠷᠢ ᠪᠦᠳᠦᠬᠡᠨ | ᠪᠠᠶᠢᠭᠤᠯᠤᠯᠳᠠ ᠶᠢᠨ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢ ᠠᠴᠢᠶᠠᠯᠠᠬᠤ ᠴᠢᠳᠠᠪᠬᠢ ᠤᠯᠠᠮ ᠨᠡᠮᠡᠭᠳᠡᠭᠰᠡᠨ ᠪᠠᠶᠢᠨ᠎ᠠ | ᠃ | ︵ᠲᠤᠯᠤᠭ᠎ᠠ︶ ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠬᠢ ᠦᠷᠬᠦᠯᠵᠢᠯᠡᠨ ᠲᠡᠭᠡᠭᠰᠢᠯᠡᠪᠡ᠃ ᠪᠦᠬᠦ | ᠬᠤᠰᠢᠭᠤᠨ ᠤ ᠠᠷᠠᠳ ᠤᠨ ᠠᠮᠢᠳᠤᠷᠠᠯ ᠤᠨ ᠲᠦᠰᠦᠯ ᠳᠤ 7.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ | ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 51% ᠠᠴᠠ ᠲᠡᠭᠡᠭᠰᠢᠬᠢ ᠶᠢ ᠡᠵᠡᠯᠡᠵᠡᠢ᠃ | ᠲᠤᠰᠬᠠᠢ ᠨᠦᠬᠦᠪᠦᠷᠢ ᠶᠢᠨ ᠺᠠᠷᠲ ᠢᠶᠠᠷ ᠮᠠᠯᠴᠢᠨ ᠲᠠᠷᠢᠶᠠᠴᠢᠨ ᠳᠤ 2.64 ᠳ᠋ᠦᠩᠰᠢᠭᠤᠷ ᠲᠦᠬᠦᠷᠢᠭ ᠤᠨ ᠠᠷᠠᠳ ᠲᠤ | ᠠᠰᠢᠭ ᠬᠦᠷᠳᠡᠬᠡᠬᠦ ᠨᠦᠬᠦᠪᠦᠷᠢ ᠮᠦᠩᠬᠦ ᠪᠠᠭᠤᠯᠭᠠᠵᠦ᠂ 19.9 ᠲᠦᠮᠡᠨ ᠡᠷᠦᠬᠡ ᠤᠳᠠᠭ᠎ᠠ ᠳᠤ ᠬᠦᠷᠪᠡ᠂ ᠡᠬᠦᠨ ᠳᠤ 3.8 | ᠲᠦᠮᠡᠨ ᠶᠠᠳᠠᠭᠤ ᠬᠦᠴᠢᠷᠳᠡᠢ ᠤᠯᠠᠨ ᠲᠦᠮᠡᠨ ᠢ ᠭᠤᠤᠯᠳᠠᠯᠭ᠎ᠠ ᠲᠠᠢ ᠲᠡᠮᠵᠢᠵᠦ᠂ ᠶᠠᠳᠠᠭᠤ ᠬᠦᠴᠢᠷᠳᠡᠢ ᠤᠯᠠᠨ ᠲᠦᠮᠡᠨ ᠢ | ᠪᠦᠬᠦᠨ ᠢ ᠲᠡᠮᠵᠢᠨ ᠲᠤᠰᠠᠯᠠᠬᠤ ᠬᠠᠷᠠᠯᠳᠠ ᠪᠠᠨ ᠪᠡᠶᠡᠯᠡᠬᠦᠯᠵᠡᠢ᠃ ︽ᠠᠷᠪᠠ ᠶᠢ ᠨᠡᠶᠢᠳᠡᠮ ᠪᠦᠷᠬᠦᠬᠦᠯᠬᠦ ᠢᠨᠵᠧᠨᠧᠷᠢᠩ︾᠂ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢᠶᠠᠷ ᠲᠠᠮᠵᠢᠵᠦ᠂ ᠬᠦᠳᠡᠭᠡ ᠲᠤᠰᠬᠤᠨ ᠤ ᠲᠦᠷᠢ | ᠲᠦᠷᠬᠦ ᠪᠠ ᠮᠠᠯᠴᠢᠨ ᠲᠠᠷᠢᠶᠠᠴᠢᠳ ᠤᠨ ᠠᠮᠢᠳᠤᠷᠠᠯ ᠦᠢᠯᠡᠳᠪᠤᠷᠢᠯᠡᠯ ᠳᠤ ᠢᠯᠡᠳᠳᠡ ᠬᠤᠪᠢᠷᠠᠯᠳᠠ ᠭᠠᠷᠤᠭᠰᠠᠨ ᠪᠠᠶᠢᠨ᠎ᠠ᠃ | ᠦᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠬᠤᠰᠢᠭᠤᠨ ᠤ ᠡᠩᠨᠡᠬᠡᠨ ᠠᠴᠠ ᠮᠤᠯᠳᠤᠷᠠᠬᠤ ᠠᠵᠢᠯ ᠤᠷᠤᠭᠰᠢᠳᠠᠢ | ᠶᠠᠪᠤᠭᠳᠠᠵᠦ᠂ 1325 ᠬᠦᠮᠦᠨ ᠶᠠᠳᠠᠭᠤ ᠠᠴᠠ ᠠᠩᠬᠢᠵᠢᠷᠠᠪᠠ᠃ ᠤᠯᠠᠨ ᠲᠦᠮᠡᠨ ᠳᠤ ᠲᠤᠰᠠᠳᠠᠢ ᠪᠤᠳᠠᠳᠠᠢ ᠠᠵᠢᠯ ᠬᠢᠬᠦ ᠶᠢ | ᠴᠢᠬᠤᠯᠠᠴᠢᠯᠠᠨ᠂ 3219 ᠮᠠᠯᠴᠢᠨ ᠲᠠᠷᠢᠶᠠᠴᠢᠨ ᠳᠤ ᠰᠦᠢᠳᠬᠡᠯ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠪᠠ᠃ | ᠭᠠᠴᠠᠭ᠎ᠠ ᠲᠤᠰᠬᠤᠨ ᠳᠤ 68 ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠵᠦ᠂ 80 ᠭᠠᠴᠠᠭ᠎ᠠ | ᠲᠤᠰᠬᠤᠨ ᠤ ᠰᠤᠶᠤᠯ ᠤᠨ ᠬᠡᠷ ᠲᠤ ᠬᠦᠳᠡᠯᠪᠤᠷᠢ ᠠᠵᠢᠯᠯᠠᠭᠠᠨ ᠤ ᠲᠤᠨᠤᠭ ᠲᠦᠬᠦᠬᠡᠷᠦᠮᠵᠢ ᠪᠦᠷᠢᠳᠦᠬᠦᠯᠵᠦ᠂ ᠰᠤᠮᠤ | ᠪᠠᠯᠭᠠᠰᠤᠨ ᠳᠤ ᠶᠡᠷᠤᠩᠬᠡᠶᠢᠯᠡᠭᠰᠡᠨ ᠰᠤᠶᠤᠯ ᠤᠨ ᠦᠷᠳᠡᠭᠡ ᠲᠠᠢ ᠪᠠᠶᠢᠬᠤ᠂ 70% ᠤᠨ ᠭᠠᠴᠠᠭ᠎ᠠ ᠲᠤᠰᠬᠤᠨ ᠳᠤ ᠰᠤᠶᠤᠯ | ᠤᠨ ᠬᠡᠷ ᠲᠠᠢ ᠪᠤᠯᠬᠤ ᠬᠠᠷᠠᠯᠳᠠ ᠪᠠᠨ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃ ᠬᠤᠳᠠ ᠪᠠᠯᠭᠠᠰᠤᠨ ᠤ ᠲᠤᠰᠬᠠᠢ | ᠮᠡᠷᠬᠡᠵᠢᠯ ᠤᠨ ᠴᠢᠳᠠᠪᠤᠷᠢ ᠪᠠ ᠤᠶᠢᠯᠡᠰ ᠪᠤᠰᠬᠠᠬᠤ ᠪᠤᠯᠪᠠᠰᠤᠷᠠᠯ ᠢ 1792 ᠬᠦᠮᠦᠨ ᠤᠳᠠᠭ᠎ᠠ ᠡᠷᠬᠢᠯᠡᠪᠡ᠃ ᠠᠷᠠᠳ | ᠢᠷᠬᠡᠳ ᠤᠨ ᠠᠮᠤᠭᠤᠯᠠᠩ ᠰᠠᠭᠤᠴᠠ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠨᠠᠶᠢᠳᠠ ᠶᠢᠨ ᠲᠦᠷᠢᠶᠡᠰᠦᠨ ᠬᠡᠷ | ᠢ 280 ᠢᠵᠢ ᠪᠠᠶᠢᠭᠤᠯᠤᠨ᠂ ᠪᠤᠷᠤ ᠬᠡᠷ ᠤᠨ ᠲᠤᠭᠤᠷᠢᠭ ᠤᠨ 300 ᠡᠷᠦᠬᠡ ᠶᠢ ᠵᠠᠰᠠᠨ ᠰᠢᠨᠡᠴᠢᠯᠡᠪᠡ᠃ 391 ᠰᠠᠤᠷᠢ | ᠬᠤᠳᠳᠤᠭ ᠮᠠᠯᠳᠠᠨ᠂ 4861 ᠬᠦᠮᠦᠨ ᠪᠠ 3.1 ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠰᠢᠢᠳᠪᠤᠷᠢᠯᠡᠪᠡ᠃ | ᠨᠡᠶᠢᠬᠡᠮ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠰᠤᠷᠭᠠᠨ | ᠬᠦᠮᠦᠵᠢᠯ᠂ ᠡᠮ ᠡᠮᠨᠡᠯᠬᠡ᠂ ᠰᠤᠶᠤᠯ᠂ ᠠᠵᠢᠯ ᠤᠯᠭᠤᠯᠳᠠ ᠶᠢᠨ ᠠᠵᠢᠯ ᠲᠤᠭᠳᠠᠭᠤᠨ ᠶᠠᠪᠤᠭᠳᠠᠵᠦ᠂ ᠰᠤᠷᠭᠠᠨ ᠬᠦᠮᠦᠵᠢᠯ | ᠤᠨ ᠶᠠᠰᠤ ᠴᠢᠨᠡᠷ ᠢ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯ ᠤᠨ ᠬᠠᠷᠠᠯᠳᠠ ᠶᠢ ᠲᠤᠭᠳᠠᠭᠠᠨ᠂ ᠮᠠᠨ ᠤ ᠬᠤᠰᠢᠭᠤ ᠨᠢ | ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠳᠡ ᠦᠨᠳᠦᠰᠦᠨ ᠳᠡᠭᠡᠨ ᠲᠡᠩᠴᠡᠬᠦᠷᠢᠳᠡᠢ ᠰᠢᠶᠠᠨ ᠤ | ᠬᠢᠨᠠᠨ ᠦᠨᠡᠯᠡᠯᠳᠡ ᠳᠤ ᠬᠢᠷᠢ ᠲᠡᠩᠴᠡᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠳᠤ ᠬᠦᠨᠵᠡᠬᠡᠢ | ᠦᠬᠡᠷᠡᠴᠢᠯᠡᠯᠳᠡ ᠬᠢᠵᠦ᠂ ᠡᠮᠴᠢᠯᠡᠬᠡᠨ ᠤ ᠦᠢᠯᠡᠴᠢᠯᠡᠬᠡᠨ ᠤ ᠰᠢᠰᠲ᠋ᠧᠮ ᠲᠠᠰᠤᠷᠠᠯᠳᠠ ᠦᠬᠡᠢ ᠲᠡᠬᠦᠯᠳᠡᠷᠵᠢᠪᠡ᠃ ᠪᠦᠬᠦ | ᠠᠷᠠᠳ ᠤᠨ ᠡᠷᠡᠬᠦᠯ ᠮᠡᠨᠳᠤ ᠶᠢ ᠴᠢᠬᠤᠯᠠᠴᠢᠯᠠᠨ᠂ ᠡᠷᠡᠬᠦᠯ ᠠᠮᠢᠳᠤᠷᠠᠯ ᠤᠨ ᠠᠷᠭ᠎ᠠ ᠬᠡᠯᠪᠡᠷᠢ ᠶᠢ ᠤᠬᠠᠭᠤᠯᠬᠤ ᠶᠢᠨ ᠬᠠᠮᠳᠤ | ᠡᠪᠡᠳᠴᠢᠨ ᠬᠢᠵᠢᠭ ᠢ ᠰᠡᠷᠬᠡᠶᠢᠯᠡᠬᠦ ᠲᠤᠬᠠᠢ ᠬᠦᠮᠦᠵᠢᠯ ᠬᠦᠷᠳᠡᠭᠡᠭᠰᠡᠨ ᠠᠴᠠ ᠪᠦᠬᠦ ᠬᠤᠰᠢᠭᠤᠨ ᠤ ᠬᠡᠪᠴᠢᠶᠠᠨ ᠳᠤ ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠭᠠᠷᠤᠭᠰᠠᠨ ᠦᠬᠡᠢ᠃ ᠬᠦᠮᠦᠨ ᠠᠮᠠ ᠶᠢᠨ ᠬᠠᠷᠠᠯᠳᠠᠳᠤ ᠬᠠᠮᠢᠶᠠᠷᠤᠯᠳᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ︽ᠬᠤᠶᠠᠷ ᠬᠡᠤᠬᠡᠳ ᠠᠪᠬᠤ︾ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠲᠤᠤᠱᠯᠠᠭᠤᠯᠪᠠ᠃ ᠤᠯᠠᠮᠵᠢᠯᠠᠯᠳᠤ ᠮᠤᠩᠭᠤᠯ ᠡᠮ ᠡᠮᠨᠡᠯᠬᠡ ᠶᠢᠨ ᠦᠬᠡᠷᠡᠴᠢᠯᠡᠯᠳᠡ ᠶᠢ ᠠᠬᠢᠭᠤᠯᠤᠨ᠂ | ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠨᠢ ᠦᠪᠡᠷᠳᠡᠬᠡᠨ ᠵᠠᠰᠠᠬᠤ ᠤᠷᠤᠨ ᠤ ᠰᠢᠯᠭᠠᠨ | ᠪᠠᠶᠢᠴᠠᠭᠠᠯᠳᠠ ᠶᠢ ᠦᠩᠬᠡᠷᠡᠬᠡᠵᠦ᠂ ᠪᠦᠬᠦ ᠠᠶᠢᠮᠠᠭ ᠤᠨ ᠴᠤᠷ ᠤᠨ ᠭᠠᠭᠴᠠ ᠬᠤᠰᠢᠭᠤ ᠱᠠᠳᠤᠨ ᠤ ᠡᠮ ᠨᠠᠶᠢᠷᠠᠭᠤᠯᠬᠤ | ᠲᠠᠰᠤᠭ ᠲᠠᠢ ᠮᠤᠩᠭᠤᠯ ᠡᠮᠨᠡᠯᠬᠡ ᠶᠢᠨ ᠬᠤᠷᠢᠶ᠎ᠠ ᠪᠤᠯᠤᠭᠰᠠᠨ ᠪᠠᠶᠢᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠬᠦᠳᠡᠯᠬᠡᠬᠡᠨ ᠪᠠ ᠬᠤᠳᠠ ᠬᠦᠳᠡᠭᠡ ᠶᠢᠨ ᠤᠷᠴᠢᠨ ᠲᠤᠭᠤᠷᠢᠨ ᠤ ᠴᠡᠭᠴᠡᠯᠡᠯᠳᠡ ᠶᠢᠨ ᠠᠵᠢᠯᠯᠠᠭ᠎ᠠ ᠶᠢ ᠰᠠᠶᠢᠳᠦᠷ | ᠦᠷᠨᠢᠬᠦᠯᠵᠦ᠂ ᠤᠯᠤᠰ ᠤᠨ ᠪᠠ ᠮᠤᠵᠢ ᠶᠢᠨ ᠲᠡᠰ ᠤᠨ ᠵᠠᠰᠠᠮᠠᠯ ᠵᠠᠮ ᠤᠨ ᠬᠠᠵᠠᠭᠤ ᠪᠤᠶᠤ ᠭᠤᠤᠯᠳᠠᠯᠭ᠎ᠠ ᠲᠠᠢ ᠤᠷᠤᠨ ᠤ | ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠨᠡᠯᠢᠶᠡᠳ ᠠᠮᠵᠢᠯᠳᠠ ᠤᠯᠪᠠ᠃ ᠢᠳᠡᠬᠡᠨ ᠤᠮᠳᠠᠭᠠᠨ ᠡᠮ | ᠲᠠᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠦᠷᠬᠦᠯᠵᠢᠯᠡᠨ ᠪᠤᠵᠠᠭᠠᠶᠢᠷᠠᠵᠦ᠂ ᠪᠦᠬᠦ ᠬᠤᠰᠢᠭᠤᠨ | ᠤ ᠬᠤᠭᠤᠯᠠᠨ ᠤ ᠰᠠᠪᠠ ᠬᠡᠷᠡᠭᠰᠡᠯ ᠠᠷᠢᠭᠤᠳᠬᠠᠨ ᠴᠡᠪᠡᠷᠯᠡᠬᠦ ᠠᠵᠦ ᠠᠬᠤᠶᠢᠯᠠᠯ ᠳᠤ ᠪᠠᠷᠢᠮᠵᠢᠶ᠎ᠠ ᠲᠤᠭᠳᠠᠭᠠᠨ᠂ ᠬᠢᠨᠠᠨ | ᠬᠠᠮᠢᠶᠠᠷᠬᠤ ᠡᠷᠴᠢᠮ ᠢᠶᠠᠨ ᠤᠯᠠᠮ ᠴᠢᠩᠭᠠᠳᠬᠠᠪᠠ᠃ ᠰᠤᠶᠤᠯ ᠤᠷᠠᠯᠢᠭ ᠤᠨ ᠵᠤᠬᠢᠶᠠᠨ ᠪᠦᠳᠦᠬᠡᠬᠦ ᠪᠠ ᠪᠤᠳᠠᠰ ᠤᠨ ᠪᠤᠰᠤ | ᠰᠤᠶᠤᠯ ᠤᠨ ᠦᠪ ᠢ ᠬᠠᠮᠠᠭᠠᠯᠠᠬᠤ ᠠᠵᠢᠯ ᠤᠨ ᠡᠷᠴᠢᠮ ᠴᠢᠩᠭᠠᠷᠠᠵᠦ᠂ ︽ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ | ᠬᠠᠮᠠᠭᠠᠯᠠᠯᠳᠠ ᠶᠢᠨ ᠲᠦᠷᠢᠮ︾ ᠡᠷᠴᠢᠮᠳᠠᠢ ᠨᠠᠶᠢᠳᠠᠪᠤᠷᠢᠵᠢᠭᠳᠠᠪᠠ᠃ ᠦᠨᠳᠦᠰᠦᠳᠡᠨ ᠤ ᠪᠦᠯᠬᠦᠮᠳᠡᠯ᠂ ᠱᠠᠰᠢᠨ ᠰᠤᠷᠳᠠᠬᠤᠨ | ᠤ ᠡᠶ᠎ᠡ ᠵᠤᠬᠢᠴᠠᠯ ᠤᠯᠠᠮ ᠨᠢᠬᠡ ᠠᠯᠬᠤᠮ ᠪᠠᠳᠤᠵᠢᠵᠦ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ | ᠦᠷᠬᠦᠯᠵᠢᠯᠡᠨ ᠴᠢᠩᠭᠠᠳᠬᠠᠵᠦ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠬᠡᠨ ᠦᠵᠡᠬᠦᠯᠬᠡ | ᠶᠢᠨ ᠲᠢᠩᠬᠢᠮ ᠢ ᠬᠡᠷᠡᠭᠯᠡᠯᠳᠡ ᠳᠤ ᠤᠷᠤᠭᠤᠯᠪᠠ᠃ ᠠᠷᠠᠳ ᠤᠨ ᠵᠡᠪᠰᠡᠭᠳᠤ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ | ᠂ ᠠᠷᠠᠳ ᠤᠨ ᠠᠭᠠᠷ ᠤᠨ ᠰᠡᠷᠬᠡᠶᠢᠯᠡᠯᠳᠡ᠂ ᠴᠠᠭ ᠠᠭᠤᠷ ᠤᠨ ᠠᠵᠢᠯ ᠤᠯᠠᠮ ᠬᠦᠭᠵᠢᠪᠡ᠃ ᠡᠮᠡᠭᠳᠡᠶᠢᠴᠦᠳ ᠬᠡᠤᠬᠡᠳ᠂ | ᠦᠨᠳᠦᠷ ᠨᠠᠰᠤᠳᠠᠨ᠂ ᠵᠡᠮᠳᠡᠭᠴᠤᠳ ᠤᠨ ᠠᠵᠢᠯ ᠢ ᠤᠯᠠᠮ ᠢᠶᠠᠷ ᠴᠢᠩᠭᠠᠳᠬᠠᠪᠠ᠃ ᠲᠤᠭᠳᠠᠭᠤᠨ ᠨᠡᠶᠢᠬᠡᠮ ᠢ ᠪᠠᠶᠢᠭᠤᠯᠬᠤ | ᠢᠨᠵᠧᠨᠧᠷᠢᠩ᠂ ᠠᠶᠤᠯᠬᠦᠢ ᠦᠢᠯᠡᠳᠪᠤᠷᠢᠯᠡᠯ ᠤᠨ ᠵᠠᠭᠤᠨ ᠬᠤᠨᠤᠭ ᠤᠨ ᠪᠠᠶᠢᠴᠠᠭᠠᠯᠳᠠ ᠶᠢᠨ ᠠᠵᠢᠯᠯᠠᠭ᠎ᠠ ᠵᠡᠷᠬᠡ ᠰᠢᠷᠢᠰ | ᠲᠤᠰᠬᠠᠢ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠡᠯ᠎ᠠ ᠲᠦᠷᠦᠯ ᠤᠨ ᠶᠠᠯᠠᠳᠤ ᠠᠵᠢᠯᠯᠠᠭ᠎ᠠ ᠳᠤ ᠬᠦᠴᠦᠳᠠᠢ ᠴᠤᠬᠢᠯᠳᠠ | ᠦᠭᠴᠦ᠂ ᠨᠡᠶᠢᠬᠡᠮ ᠤᠨ ᠵᠦᠷᠢᠴᠡᠯ ᠵᠢᠭᠤᠷᠭᠠᠨ ᠢ ᠬᠠᠤᠯᠢ ᠶᠤᠰᠤᠭᠠᠷ ᠡᠶᠡᠳᠡᠬᠦᠯᠦᠨ᠂ ᠠᠶᠤᠯᠬᠦᠢ ᠦᠢᠯᠡᠳᠪᠤᠷᠢᠯᠡᠯ ᠤᠨ ᠬᠡᠮ | ᠰᠤᠭᠤᠭ ᠢ ᠪᠠᠶᠢᠴᠠᠭᠠᠨ ᠵᠠᠰᠠᠪᠤᠷᠢᠯᠠᠵᠦ᠂ ᠨᠡᠶᠢᠬᠡᠮ ᠤᠨ ᠲᠤᠭᠳᠠᠭᠤᠨ ᠢ ᠦᠷᠬᠦᠯᠵᠢᠯᠡᠨ ᠪᠠᠳᠤᠯᠠᠵᠦ᠂ ᠨᠡᠶᠢᠬᠡᠮ ᠤᠨ | ᠬᠠᠮᠢᠶᠠᠷᠤᠯᠳᠠ ᠶᠢᠨ ᠴᠢᠳᠠᠪᠬᠢ ᠲᠠᠰᠤᠷᠠᠯᠳᠠ ᠦᠬᠡᠢ ᠲᠡᠭᠡᠭᠰᠢᠯᠡᠵᠦ᠂ ᠤᠯᠠᠨ ᠲᠦᠮᠡᠨ ᠤ ᠠᠮᠤᠷ ᠲᠠᠶᠢᠪᠤᠩ ᠪᠠ ᠵᠤᠯ | ᠵᠢᠷᠭᠠᠯᠳᠦ ᠲᠦᠷᠦᠭᠳᠡᠯ ᠤᠯᠠᠮ ᠢᠶᠠᠷ ᠨᠡᠮᠡᠭᠳᠡᠪᠡ᠃ | ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃ ︽ | ᠬᠤᠶᠠᠷ ᠢ ᠰᠤᠷᠴᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠬᠦᠮᠦᠵᠢᠯ ᠢ ᠬᠦᠨᠵᠡᠬᠡᠢ ᠦᠷᠨᠢᠬᠦᠯᠵᠦ᠂ ᠰᠤᠷᠳᠠᠯ | ᠤᠨ ᠪᠠᠶᠢᠭᠤᠯᠤᠯᠳᠠ ᠶᠢ ᠡᠷᠴᠢᠮᠳᠠᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠬᠢᠬᠦ᠂ ᠠᠵᠤ ᠠᠬᠤᠢ ᠶᠢᠨ | ᠬᠠᠷᠢᠭᠤᠴᠠᠯᠭ᠎ᠠ ᠳᠤ ᠬᠢᠨᠠᠨ ᠪᠤᠳᠤᠯᠳᠠ ᠬᠢᠬᠦ ᠪᠠ ᠨᠡᠶᠢᠬᠡᠮ ᠠᠴᠠ ᠬᠢᠨᠠᠯᠳᠠ ᠲᠠᠯᠪᠢᠬᠤ ᠶᠢ ᠴᠢᠩᠭᠠᠳᠬᠠᠵᠦ᠂ ᠵᠠᠰᠠᠭ ᠵᠠᠬᠢᠷᠭᠠᠨ | ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠰᠠᠭ ᠵᠠᠬᠢᠷᠭᠠᠨ ᠤ ᠡᠷᠬᠡ ᠶᠢᠨ | ᠬᠡᠷᠡᠭᠯᠡᠯᠳᠡ ᠶᠢ ᠲᠦᠷᠢᠮᠵᠢᠬᠦᠯᠦᠨ᠂ ᠴᠢᠬᠡᠴᠢ ᠵᠠᠰᠠᠭ ᠤᠨ ᠪᠠᠶᠢᠭᠤᠯᠤᠯᠳᠠ ᠪᠠ ᠬᠠᠤᠯᠢ ᠶᠤᠰᠤᠨ ᠤ ᠵᠠᠰᠠᠭ ᠵᠠᠬᠢᠷᠭᠠᠨ ᠤ | ᠠᠵᠢᠯ ᠢ ᠲᠠᠰᠤᠷᠠᠯᠳᠠ ᠦᠬᠡᠢ ᠬᠦᠨᠵᠡᠬᠡᠶᠢᠷᠡᠬᠦᠯᠪᠡ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠰᠢᠢᠳᠪᠤᠷᠢ | ᠶᠢ ᠨᠢᠮᠪᠠᠢ ᠬᠦᠢᠴᠡᠳᠬᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠰᠠᠶᠢᠨ | ᠲᠤᠷ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠰᠠᠨᠠᠭᠤᠯᠭ᠎ᠠ ᠪᠠ ᠤᠯᠤᠰ | ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠭᠰᠠᠨ ᠲᠤᠷᠠᠳᠤᠯᠭ᠎ᠠ ᠶᠢ ᠬᠦᠢᠴᠡᠳᠬᠡᠬᠦ ᠠᠵᠢᠯ ᠢ ᠬᠦᠨᠳᠦᠳᠬᠡᠨ | ᠦᠵᠡᠵᠦ᠂ ᠨᠠᠶᠢᠳᠠ 110 ᠬᠤᠪᠢ ᠠᠷᠠᠳ ᠤᠨ ᠲᠦᠯᠦᠬᠡᠯᠡᠭᠴᠢᠳ ᠤᠨ ᠰᠠᠨᠠᠯ ᠰᠠᠨᠠᠭᠤᠯᠭ᠎ᠠ ᠪᠠ 84 ᠬᠤᠪᠢ ᠤᠯᠤᠰ | ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ ᠶᠢ ᠰᠢᠢᠳᠪᠤᠷᠢᠯᠡᠵᠦ᠂ ᠬᠦᠢᠴᠡᠳᠬᠡᠨ ᠬᠠᠷᠢᠭᠤᠯᠤᠭᠰᠠᠨ ᠨᠤᠷᠮ᠎ᠠ | ᠨᠢ 100% ᠳᠤ ᠬᠦᠷᠴᠡᠢ᠃ ᠠᠯᠪᠠᠨ ᠤ ᠮᠠᠰᠢᠨ ᠲᠡᠷᠬᠡ ᠶᠢ ᠬᠡᠷᠡᠭᠯᠡᠬᠦ ᠠᠵᠢᠯ ᠤᠨ ᠲᠦᠷᠢᠮ ᠢ ᠬᠡᠷᠡᠭᠵᠢᠬᠦᠯᠪᠡ᠃ ᠵᠠᠰᠠᠭ | ᠤᠨ ᠶᠠᠪᠤᠳᠠᠯ ᠢ ᠢᠯᠡ ᠪᠤᠯᠭᠠᠵᠦ᠂ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠬᠢᠨᠠᠨ | ᠪᠠᠶᠢᠴᠠᠭᠠᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠴᠢ | ᠪᠠ ᠬᠠᠤᠯᠢ ᠬᠡᠷᠡᠭᠵᠢᠬᠦᠯᠬᠦ ᠳᠤ ᠬᠢᠨᠠᠯᠳᠠ ᠲᠠᠯᠪᠢᠭᠴᠢ ᠳᠤ ᠴᠡᠭᠴᠡᠯᠡᠯᠳᠡ ᠬᠢᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠭᠴᠢ ᠪᠠ ᠬᠢᠨᠠᠯᠳᠠ ᠲᠠᠯᠪᠢᠭᠴᠢ ᠶᠢᠨ ᠬᠡᠷᠡᠴᠢ ᠦᠨᠡᠮᠯᠡᠯ ᠢ ᠰᠤᠯᠢᠬᠤ ᠰᠢᠯᠭᠠᠯᠳᠠ ᠵᠢᠴᠢ ᠰᠤᠷᠠᠭ ᠵᠠᠩᠬᠢ ᠶᠢ | ᠰᠢᠨᠡᠴᠢᠯᠡᠬᠦ ᠠᠵᠢᠯ ᠢ ᠬᠦᠢᠴᠡᠳᠬᠡᠪᠡ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠨᠢ 14.8 ᠲᠦᠮᠡᠨ ᠵᠦᠢᠯ ᠢ | ᠬᠢᠨᠠᠨ ᠵᠦᠪᠰᠢᠶᠡᠷᠡᠵᠦ᠂ 90% ᠠᠴᠠ ᠲᠡᠭᠡᠭᠰᠢᠬᠢ ᠶᠢ ︽ᠨᠢᠬᠡ ᠴᠢᠭ ᠲᠤ ᠬᠦᠢᠴᠡᠳᠬᠡᠬᠦ︾ ᠶᠢ ᠪᠡᠶᠡᠯᠡᠬᠦᠯᠦᠨ᠂ ᠵᠠᠰᠠᠭ | ᠵᠠᠬᠢᠷᠭᠠᠨ ᠤ ᠴᠢᠳᠠᠪᠬᠢ ᠶᠢ ᠤᠯᠠᠮ ᠲᠡᠭᠡᠭᠰᠢᠯᠡᠬᠦᠯᠪᠠ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡᠨ ᠵᠢᠯ ᠤᠨ ᠠᠮᠵᠢᠯᠳᠠ ᠪᠦᠳᠦᠬᠡᠯ ᠬᠢᠯᠪᠠᠷ ᠢᠷᠡᠭᠰᠡᠨ ᠪᠢᠰᠢ᠂ ᠡᠨᠡ | ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ | ᠤᠳᠤᠷᠢᠳᠤᠭᠰᠠᠨ ᠤ ᠦᠷ᠎ᠡ ᠪᠦᠳᠦᠬᠡᠯ ᠪᠤᠯᠤᠨ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ | ᠬᠠᠤᠯᠢ ᠶᠤᠰᠤᠭᠠᠷ ᠬᠢᠨᠠᠯᠳᠠ ᠲᠠᠯᠪᠢᠭᠰᠠᠨ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠵᠦ᠂ | ᠬᠠᠮᠳᠤᠷᠠᠨ ᠲᠡᠮᠡᠴᠡᠭᠰᠡᠨ ᠤ ᠦᠷ᠎ᠡ ᠪᠦᠳᠦᠬᠡᠯ ᠮᠦᠨ᠃ ᠮᠦᠨᠴᠦ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ | ᠪᠦᠯᠬᠦᠮᠳᠡᠨ ᠨᠢᠭᠳᠠᠷᠠᠵᠦ᠂ ᠰᠢᠷᠭᠠᠭᠤ ᠲᠡᠮᠡᠴᠡᠭᠰᠡᠨ ᠤ ᠠᠮᠵᠢᠯᠳᠠ ᠪᠦᠳᠦᠬᠡᠯ ᠮᠦᠨ᠃ ᠠᠳᠡ ᠪᠢ ᠬᠤᠰᠢᠭᠤ ᠵᠠᠰᠠᠭ ᠤᠨ | ᠤᠷᠳᠤᠨ ᠢ ᠲᠦᠯᠦᠬᠡᠯᠡᠵᠦ᠂ ᠠᠷᠠᠳ ᠤᠨ ᠲᠦᠯᠦᠬᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠵᠢᠴᠢ | ᠠᠷᠢᠭᠤᠨ ᠬᠦᠳᠡᠯᠮᠦᠷᠢ ᠪᠠᠨ ᠰᠢᠯᠤᠭᠤᠨ ᠬᠦᠬᠡ ᠬᠤᠰᠢᠭᠤᠨ ᠤ ᠦᠬᠡᠷᠡᠴᠢᠯᠡᠯᠳᠡ᠂ ᠬᠦᠭᠵᠢᠯᠳᠡ᠂ ᠲᠤᠭᠳᠠᠭᠤᠨ ᠤ ᠦᠢᠯᠡᠰ | ᠲᠤ ᠵᠤᠷᠢᠭᠤᠯᠤᠭᠰᠠᠨ ᠪᠠ ᠮᠠᠨ ᠤ ᠬᠤᠰᠢᠭᠤ ᠶᠢ ᠬᠠᠯᠠᠮᠵᠢᠯᠠᠨ ᠲᠡᠮᠵᠢᠵᠦ ᠪᠠᠶᠢᠭ᠎ᠠ ᠨᠠᠶᠢᠵᠠ ᠨᠦᠬᠦᠳ ᠨᠠᠷ ᠲᠤ ᠡᠷᠬᠢᠮ | ᠲᠡᠭᠡᠳᠦ ᠬᠦᠨᠳᠦᠳᠭᠡᠯ ᠲᠠᠯᠠᠷᠬᠠᠯ ᠢᠶᠠᠨ ᠲᠡᠪᠰᠢᠬᠦᠯᠦᠶ᠎ᠡ︕ | ᠡᠬᠦᠨ ᠤ ᠬᠠᠮᠳᠤ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠲᠤᠮᠳᠠ ᠤᠷᠤᠰᠢᠵᠦ | ᠪᠠᠶᠢᠭ᠎ᠠ ᠡᠳᠦᠢ ᠲᠡᠳᠦᠢ ᠬᠦᠴᠢᠷ ᠪᠡᠷᠬᠡᠰᠢᠶᠠᠯ ᠪᠠ ᠦᠷᠢᠰᠦᠯᠳᠦᠬᠡᠨ ᠢ ᠤᠯᠵᠦ ᠬᠠᠷᠠᠬᠤ ᠶᠤᠰᠤᠳᠠᠢ᠃ ᠨᠢᠬᠡ ᠳᠤ᠂ ᠠᠵᠤ | ᠠᠬᠤᠢ ᠶᠢᠨ ᠪᠠᠭᠤᠷᠠᠯᠳᠠ ᠶᠢᠨ ᠲᠠᠷᠤᠯᠳᠠ ᠮᠦᠨ ᠨᠡᠯᠢᠶᠡᠳ ᠶᠡᠭᠡ ᠪᠠᠶᠢᠨ᠎ᠠ᠃ ᠵᠠᠬ᠎ᠠ ᠲᠡᠯᠬᠡᠬᠦᠷ ᠤᠨ ᠬᠡᠷᠡᠭᠴᠡᠭᠡ | ᠱᠠᠭᠠᠷᠳᠠᠯᠭ᠎ᠠ ᠬᠦᠷᠦᠯᠴᠡᠬᠦ ᠦᠬᠡᠢ ᠪᠠ ᠦᠢᠯᠡᠳᠪᠤᠷᠢᠯᠡᠯ ᠤᠨ ᠴᠢᠳᠠᠪᠬᠢ ᠶᠢᠨ ᠦᠯᠡᠬᠦᠳᠡᠯ ᠤᠨ ᠨᠦᠯᠦᠬᠡ ᠠᠴᠠ ᠪᠤᠯᠵᠦ | ᠴᠠᠬᠢᠯᠭᠠᠨ ᠬᠦᠴᠦᠨ ᠤ ᠡᠬᠢ ᠪᠠᠶᠠᠯᠢᠭ ᠤᠨ ᠠᠵᠦ ᠦᠢᠯᠡᠰ ᠤᠨ ᠨᠡᠮᠡᠭᠳᠡᠯ ᠤᠳᠠᠭᠠᠰᠢᠷᠠᠵᠦ᠂ ᠴᠡᠪᠡᠷ ᠡᠨᠧᠷᠬᠢ᠂ ᠤᠷᠴᠢᠯ | ᠠᠵᠤ ᠠᠬᠤᠢ ᠶᠢᠨ ᠦᠰᠦᠯᠳᠡ ᠨᠢ ᠨᠡᠯᠢᠶᠡᠳ ᠲᠦᠷᠬᠡᠨ ᠪᠤᠯᠪᠠᠴᠤ ᠶᠡᠷᠤᠩᠬᠡᠢ ᠬᠡᠮᠵᠢᠶ᠎ᠠ ᠪᠠᠷ ᠪᠠᠭ᠎ᠠ᠂ ᠠᠵᠦ ᠠᠬᠤᠢ ᠶᠢᠨ | ᠦᠰᠦᠯᠳᠡ ᠶᠢᠨ ᠬᠦᠳᠡᠯᠬᠡᠭᠴᠢ ᠬᠦᠴᠦᠨ ᠢ ᠲᠤᠯᠬᠤ ᠲᠠᠯ᠎ᠠ ᠪᠠᠷ ᠲᠤᠳᠠᠮᠠᠭ ᠪᠠᠶᠢᠨ᠎ᠠ᠃ ᠬᠤᠶᠠᠷ ᠲᠤ᠂ ᠠᠵᠤ ᠦᠢᠯᠡᠰ ᠤᠨ | ᠰᠢᠰᠲ᠋ᠧᠮ ᠲᠡᠬᠦᠯᠳᠡᠷᠵᠢᠬᠡᠳᠦᠢ᠂ ᠠᠵᠤ ᠠᠬᠤᠢ ᠶᠢᠨ ᠪᠠᠭᠤᠷᠠᠯᠳᠠ ᠶᠢᠨ ᠨᠦᠯᠦᠬᠡ ᠶᠢ ᠡᠰᠡᠷᠬᠦᠴᠡᠬᠦ ᠴᠢᠳᠠᠪᠤᠷᠢ ᠪᠠᠭᠤᠷᠠᠢ | ᠪᠠᠶᠢᠭᠰᠠᠭᠠᠷ᠃ ᠠᠵᠤ ᠦᠢᠯᠡᠰ ᠤᠨ ᠬᠡᠯᠬᠢᠶᠡᠵᠢᠯ ᠲᠦᠬᠦᠷᠵᠢᠯᠳᠡ ᠨᠢᠭᠳᠠ ᠪᠤᠰᠤ᠂ ᠠᠵᠦ ᠠᠬᠤᠶᠢᠯᠠᠯ ᠪᠠ ᠪᠦᠳᠦᠬᠡᠭᠳᠡᠬᠦᠨ | ᠨᠢ ᠠᠵᠦ ᠦᠢᠯᠡᠰ ᠤᠨ ᠬᠡᠯᠬᠢᠶ᠎ᠠ ᠪᠠ ᠦᠷᠳᠡᠭ ᠤᠨ ᠬᠡᠯᠬᠢᠶᠡᠨ ᠤ ᠲᠤᠤᠷᠡᠳᠦ ᠦᠵᠦᠬᠦᠷ ᠲᠤ ᠪᠠᠶᠢᠵᠦ᠂ ︽ᠬᠠᠭᠤᠴᠢᠨ | ᠲᠡᠮᠳᠡᠭᠳᠦ︾ ᠤᠯᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠡᠷᠢᠮᠵᠢᠶᠠᠵᠢᠭᠰᠠᠨ᠂ ᠬᠡᠪᠴᠢᠶᠡᠵᠢᠭᠰᠡᠨ᠂ ᠠᠵᠦ | ᠦᠢᠯᠡᠰᠵᠢᠭᠰᠡᠨ᠂ ᠨᠡᠷᠡᠳᠦ ᠲᠡᠮᠭᠳᠡᠭᠴᠢᠯᠡᠭᠰᠡᠨ ᠬᠢᠷᠢ ᠬᠡᠮᠵᠢᠶ᠎ᠠ ᠲᠤᠤᠷ᠎ᠠ ᠪᠠᠶᠢᠨ᠎ᠠ᠃ ᠠᠵᠦ ᠦᠢᠯᠡᠳᠪᠤᠷᠢ ᠶᠢᠨ ᠠᠵᠦ ᠠᠬᠤᠢ | ᠨᠢ ᠮᠦᠨ ᠯᠠ ︽ᠨᠢᠬᠡᠯᠡ ᠴᠠᠬᠢᠯᠭᠠᠨ ᠦᠢᠯᠡᠳᠪᠤᠷᠢ ᠭᠠᠭᠴᠠᠭᠠᠷ ᠡᠵᠡᠷᠭᠡᠬᠦ︾ ᠪᠠᠶᠢᠳᠠᠯ ᠳᠤ ᠤᠷᠤᠰᠢᠵᠦ᠂ ᠰᠢᠨ᠎ᠡ ᠬᠡᠯᠪᠡᠷᠢ | ᠶᠢᠨ ᠠᠵᠦ ᠦᠢᠯᠡᠳᠪᠤᠷᠢ ᠶᠢᠨ ᠬᠡᠪᠴᠢᠶ᠎ᠠ ᠪᠠᠭ᠎ᠠ ᠪᠠᠶᠢᠨ᠎ᠠ᠃ ︽ᠶᠤᠸᠠᠨ ᠤ ᠲᠡᠭᠡᠳᠦ ᠨᠠᠶᠢᠰᠯᠠᠯ︾ ᠤᠨ ᠨᠡᠷᠡᠳᠦ ᠲᠡᠮᠳᠡᠭ | ᠤᠨ ᠲᠠᠪᠠᠭᠤᠯᠢᠭ ᠪᠠ ᠦᠷ᠎ᠡ ᠠᠰᠢᠭ ᠢ ᠬᠦᠢᠴᠡᠳ ᠪᠠᠳᠠᠷᠠᠭᠤᠯᠵᠦ ᠲᠠᠶᠢᠯᠦᠬᠡᠳᠦᠢ᠂ ᠦᠢᠯᠡᠴᠢᠯᠡᠬᠡᠨ ᠤ ᠦᠢᠯᠡᠰ ᠤᠨ | ᠲᠦᠬᠦᠷᠴᠢᠯᠡᠭᠰᠡᠨ ᠲᠤᠨᠤᠭ ᠲᠦᠬᠦᠬᠡᠷᠦᠮᠵᠢ ᠨᠢ ᠰᠤᠶᠤᠯ ᠵᠢᠭᠤᠯᠴᠢᠯᠠᠯ ᠤᠨ ᠬᠦᠭᠵᠢᠯᠳᠡ ᠶᠢᠨ ᠬᠠᠨᠳᠤᠰᠢ ᠲᠠᠢ ᠬᠠᠷᠠᠬᠠᠨ | ᠵᠤᠬᠢᠴᠠᠯᠳᠤᠵᠦ ᠲᠠᠶᠢᠯᠬᠦ ᠦᠬᠡᠢ᠂ ᠬᠦᠭᠵᠢᠯᠳᠡ ᠪᠠᠷ ᠤᠳᠠᠭᠠᠯᠢᠭ ᠪᠠᠶᠢᠵᠦ᠂ ᠲᠡᠰ ᠲᠡᠪᠰᠢᠬᠦᠯᠦᠨ ᠬᠦᠭᠵᠢᠬᠦᠯᠬᠦ ᠴᠢᠬᠤᠯᠠᠳᠠᠢ | ᠪᠠᠶᠢᠨ᠎ᠠ᠃ ᠭᠤᠷᠪᠠ ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠪᠠᠶᠢᠨ᠎ᠠ᠃ ᠠᠵᠦ | ᠦᠢᠯᠡᠳᠪᠤᠷᠢ ᠶᠢᠨ ᠠᠵᠦ ᠠᠬᠤᠢ ᠶᠢᠨ ᠬᠦᠭᠵᠢᠯᠳᠡ ᠤᠳᠠᠭᠠᠨ᠂ ᠭᠠᠶᠢᠯᠢ ᠶᠢᠨ ᠤᠷᠤᠯᠭ᠎ᠠ ᠪᠠᠭᠤᠷᠠᠭᠰᠠᠨ ᠠᠴᠠ | ᠬᠤᠪᠢᠶᠠᠷᠢᠯᠠᠵᠦ ᠪᠤᠯᠬᠤ ᠡᠳ᠋ ᠤᠨ ᠵᠠᠰᠠᠭ ᠤᠨ ᠬᠦᠴᠦᠨ ᠪᠠᠭᠠᠰᠴᠤ᠂ ᠠᠵᠦ ᠦᠢᠯᠡᠰ ᠤᠨ ᠬᠦᠭᠵᠢᠯᠳᠡ᠂ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠤᠨ | ᠡᠬᠦᠷᠬᠡ ᠮᠦᠨ ᠯᠠ ᠬᠦᠨᠳᠦ ᠪᠠᠶᠢᠭᠰᠠᠭᠠᠷ᠃ ᠲᠦᠷᠪᠡ ᠳᠤ᠂ ᠵᠠᠷᠢᠮ ᠺᠠᠳ᠋ᠷᠴᠤᠳ ᠰᠢᠨ᠎ᠠ ᠪᠠᠶᠢᠳᠠᠯ᠂ ᠰᠢᠨ᠎ᠠ ᠠᠰᠠᠭᠤᠳᠠᠯ | ᠲᠤᠯᠭᠠᠷᠠᠬᠤ ᠦᠶᠡᠰ ᠪᠤᠳᠠᠳᠠᠢ ᠠᠵᠢᠯ ᠤᠨ ᠰᠡᠳᠬᠢᠴᠡ ᠪᠠᠷ ᠲᠤᠳᠠᠮᠠᠭ᠂ ᠲᠤᠤᠱᠳᠠᠢ ᠠᠷᠭ᠎ᠠ ᠪᠠᠷᠢᠯ ᠦᠬᠡᠢ ᠪᠠᠶᠢᠵᠦ ᠲᠦᠷᠦ | ᠶᠢᠨ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠭᠵᠢᠯᠳᠡ ᠶᠢᠨ ᠦᠷ᠎ᠡ ᠪᠦᠳᠦᠬᠡᠯ ᠪᠤᠯᠭᠠᠨ ᠬᠤᠪᠢᠷᠠᠭᠤᠯᠬᠤ ᠴᠢᠳᠠᠪᠤᠷᠢ | ᠬᠦᠷᠦᠯᠴᠡᠬᠦ ᠦᠬᠡᠢ ᠪᠠᠶᠢᠨ᠎ᠠ᠃ ᠡᠶᠢᠮᠦ ᠠᠴᠠ ᠪᠢᠳᠠ ᠡᠷᠬᠡᠪᠡᠰᠢ ᠠᠰᠠᠭᠤᠳᠠᠯ ᠢ ᠲᠤᠳᠤᠷᠬᠠᠶᠢᠯᠠᠵᠦ᠂ ᠪᠠᠳᠤᠳᠠᠢ ᠠᠷᠭ᠎ᠠ | ᠬᠡᠮᠵᠢᠶ᠎ᠠ ᠠᠪᠴᠤ ᠬᠢᠨᠠᠮᠠᠭᠠᠢ ᠰᠢᠢᠳᠪᠤᠷᠢᠯᠡᠬᠦ ᠬᠡᠷᠡᠭᠳᠡᠢ᠃ | ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠳᠠ | 2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾ ᠶᠢ ᠬᠡᠷᠡᠭᠵᠢᠬᠦᠯᠬᠦ ᠴᠢᠬᠤᠯᠠ | ᠨᠢᠬᠡᠨ ᠵᠢᠯ ᠪᠤᠯᠤᠨ᠎ᠠ᠂ ᠪᠢᠳᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠨᠢᠬᠡᠳᠦᠯᠳᠡᠢ ᠪᠠᠶᠢᠷᠢᠯᠠᠭᠤᠯᠤᠯᠳᠠ ᠲᠤᠤᠷ᠎ᠠ᠂ ᠰᠢᠨᠵᠢᠯᠡᠬᠦ ᠤᠬᠠᠭᠠᠨᠴᠢ ᠪᠠᠷ ᠬᠦᠭᠵᠢᠯᠳᠡ ᠶᠢ ᠰᠦᠪᠡᠭᠴᠢᠯᠡᠨ᠂ | ᠦᠷᠢᠰᠦᠯᠳᠦᠬᠡᠨ ᠢ ᠢᠳᠡᠪᠬᠢᠳᠡᠢ ᠲᠤᠯᠵᠦ᠂ ᠡᠯ᠎ᠠ ᠲᠦᠷᠦᠯ ᠤᠨ ᠠᠵᠢᠯ ᠢ ᠨᠢᠮᠪᠠᠢ ᠠᠳᠬᠤᠨ᠎ᠠ᠃ | ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ ᠲᠠᠷᠤᠢ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠡᠯ᠂ ᠠᠷᠪᠠᠨ ᠨᠠᠢᠮᠠᠳᠤᠭᠠᠷ ᠶᠡᠭᠡ ᠬᠤᠷᠡᠯ ᠤᠨ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠬᠡᠷ | ᠪᠦᠬᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠ | ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠡᠯ᠂ ᠠᠷᠪᠠᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2017 ᠤᠨ ᠤ ᠨᠢᠬᠡᠳᠦᠬᠡᠷ ︵ | ᠦᠷᠬᠡᠳᠬᠡᠭᠰᠡᠨ︶ ᠬᠤᠷᠠᠯᠳᠤᠭᠠᠨ ᠤ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠤᠭᠳᠠᠭᠤᠨ | ᠤ ᠲᠤᠮᠳᠠ ᠤᠷᠤᠭᠰᠢᠯᠠᠬᠤ ᠠᠵᠢᠯ ᠤᠨ ᠶᠡᠷᠤᠩᠬᠡᠢ ᠵᠠᠷᠴᠢᠮ ᠢ ᠪᠠᠷᠢᠮᠳᠠᠯᠠᠨ᠂ ᠬᠦᠭᠵᠢᠯᠳᠡ ᠶᠢᠨ ᠶᠠᠰᠤ ᠴᠢᠨᠡᠷ ᠪᠠ ᠦᠷ᠎ᠡ | ᠠᠰᠢᠭ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠬᠡ | ᠭᠤᠷᠪᠠᠨ ᠦᠨᠳᠦᠰᠦᠨ ᠱᠤᠭᠤᠮ ᠢᠶᠠᠨ ᠪᠠᠳᠤ ᠪᠠᠷᠢᠮᠳᠠᠯᠠᠨ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠴᠡᠪᠡᠷ | ᠡᠨᠧᠷᠬᠢ᠂ ᠰᠤᠶᠤᠯ ᠵᠢᠭᠤᠯᠴᠢᠯᠠᠯ ᠵᠡᠷᠬᠡ ᠭᠤᠷᠪᠠᠨ ᠶᠡᠭᠡ ᠠᠵᠦ ᠦᠢᠯᠡᠰ ᠢ ᠴᠢᠬᠤᠯᠠᠴᠢᠯᠠᠵᠦ᠂ ᠲᠤᠭᠳᠠᠭᠤᠨ ᠦᠰᠦᠯᠳᠡ ᠶᠢ | ᠠᠬᠢᠭᠤᠯᠬᠤ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ | ᠬᠠᠯᠠᠮᠵᠢᠯᠠᠬᠤ᠂ ᠠᠶᠤᠯ ᠲᠦᠭᠰᠢᠬᠦᠷᠢ ᠶᠢ ᠰᠡᠷᠬᠡᠶᠢᠯᠡᠬᠦ ᠡᠯ᠎ᠠ ᠲᠦᠷᠦᠯ ᠤᠨ ᠠᠵᠢᠯ ᠢ ᠰᠠᠶᠢᠨ ᠬᠢᠵᠦ᠂ ᠠᠵᠦ ᠠᠬᠤᠢ ᠶᠢᠨ | ᠡᠷᠡᠬᠦᠯ ᠲᠤᠭᠳᠠᠭᠤᠨ ᠬᠦᠭᠵᠢᠯᠳᠡ ᠪᠠ ᠨᠡᠶᠢᠬᠡᠮ ᠤᠨ ᠡᠶ᠎ᠡ ᠵᠤᠬᠢᠴᠠᠩᠭᠤᠢ ᠶᠢ ᠠᠬᠢᠭᠤᠯᠤᠨ᠂ ᠰᠢᠯᠢ ᠶᠢᠨ ᠭᠤᠤᠯ ᠠᠶᠢᠮᠠᠭ | ᠤᠨ ᠡᠮᠤᠨ᠎ᠡ ᠪᠡᠶ᠎ᠡ ᠶᠢᠨ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠬᠤ ᠠᠯᠬᠤᠴᠠ ᠪᠠᠨ ᠲᠦᠷᠬᠡᠳᠬᠡᠨ᠂ ᠰᠢᠯᠢᠳᠡᠭ ᠬᠢᠷᠢ | ᠪᠦᠳᠦᠮᠵᠢ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ | ᠶᠢᠰᠦᠳᠦᠬᠡᠷ ᠶᠡᠭᠡ ᠬᠤᠷᠡᠯ ᠢ ᠤᠭᠳᠤᠨ᠎ᠠ᠃ | ᠭᠤᠤᠯ ᠵᠢᠱᠢᠭᠰᠡᠨ ᠬᠠᠷᠠᠯᠳᠠ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 74.1 | ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠦᠰᠦᠯᠳᠡ ᠶᠢᠨ ᠨᠤᠷᠮ᠎ᠠ ᠶᠢ 9% ᠳᠤ ᠬᠦᠷᠬᠡᠬᠦ ᠪᠠᠷ ᠴᠢᠷᠮᠠᠶᠢᠨ᠎ᠠ᠃ ᠪᠦᠬᠦ | ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 51 ᠳ᠋ᠦᠩᠰᠢᠭᠤᠷ ᠲᠦᠬᠦᠷᠢᠭ ᠲᠤ ᠬᠦᠷᠬᠡᠨ᠂ | ᠦᠰᠦᠯᠳᠡ ᠶᠢᠨ ᠨᠤᠷᠮ᠎ᠠ ᠶᠢ 15.6 % ᠳᠤ ᠬᠦᠷᠬᠡᠨ᠎ᠡ᠃ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 5.88 ᠳ᠋ᠦᠩᠰᠢᠭᠤᠷ ᠲᠦᠬᠦᠷᠢᠭ ᠲᠤ ᠬᠦᠷᠬᠡᠨ᠂ ᠦᠰᠦᠯᠳᠡ ᠶᠢᠨ ᠨᠤᠷᠮ᠎ᠠ ᠶᠢ 5.1% ᠳᠤ ᠬᠦᠷᠬᠡᠨ᠎ᠡ᠃ | ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ ᠢ 15.2 ᠳ᠋ᠦᠩᠰᠢᠭᠤᠷ ᠲᠦᠬᠦᠷᠢᠭ | ᠲᠤ ᠬᠦᠷᠬᠡᠵᠦ᠂ 10% ᠪᠠᠷ ᠨᠡᠮᠡᠭᠳᠡᠬᠦᠯᠦᠨ᠎ᠡ᠃ ᠬᠤᠳᠠ ᠬᠦᠳᠡᠬᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠬᠤᠪᠢᠶᠠᠷᠢᠯᠠᠵᠦ ᠪᠤᠯᠬᠤᠶᠢᠴᠠ ᠤᠷᠤᠯᠭ᠎ᠠ ᠶᠢ ᠲᠤᠰᠪᠤᠷᠢ 35270 ᠲᠦᠬᠦᠷᠢᠭ ᠪᠠ 16050 ᠲᠦᠬᠦᠷᠢᠭ | ᠲᠤ ᠬᠦᠷᠬᠡᠨ᠂ ᠦᠰᠦᠯᠳᠡ ᠶᠢᠨ ᠨᠤᠷᠮ᠎ᠠ ᠶᠢ ᠲᠤᠰᠪᠤᠷᠢ 9% ᠳᠤ ᠬᠦᠷᠬᠡᠨ᠎ᠡ᠃ | ᠡᠳᠡᠬᠡᠷ ᠵᠢᠱᠢᠭᠰᠡᠨ ᠬᠠᠷᠠᠯᠳᠠ ᠶᠢ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠬᠡᠷ ᠬᠤᠭᠤᠴᠠᠭᠠᠨ ᠤ | ᠬᠤᠶᠠᠳᠤᠭᠠᠷ ᠤᠳᠠᠭᠠᠨ ᠤ ᠪᠦᠬᠦ ᠵᠦᠪᠯᠡᠯ ᠤᠨ ︵ᠦᠷᠬᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠪᠠ ︽ᠠᠷᠪᠠᠨ | ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾ ᠶᠢᠨ ᠬᠠᠷᠠᠯᠳᠠ ᠶᠤᠰᠤᠭᠠᠷ᠂ ᠪᠢᠳᠠᠨ ᠤ ᠡᠮᠤᠨ᠎ᠡ ᠲᠤᠯᠭᠠᠷᠠᠵᠦ ᠪᠠᠶᠢᠭ᠎ᠠ | ᠠᠵᠢᠯ ᠡᠬᠦᠷᠬᠡ ᠪᠠ ᠡᠯ᠎ᠠ ᠲᠠᠯ᠎ᠠ ᠶᠢᠨ ᠨᠦᠬᠦᠴᠡᠯ ᠰᠢᠯᠳᠠᠭᠠᠨ ᠢ ᠪᠤᠳᠤᠯᠬᠢᠯᠠᠨ᠂ ᠶᠡᠷᠤᠩᠬᠡᠶᠢᠯᠡᠨ ᠲᠦᠰᠦᠪᠯᠡᠵᠦ | ᠲᠤᠭᠳᠠᠭᠠᠭᠰᠠᠨ ᠶᠤᠮ᠃ ᠬᠠᠷᠠᠯᠳᠠ ᠪᠤᠯ ᠢᠳᠡᠪᠬᠢᠳᠡᠢ ᠲᠠᠪᠰᠢᠩᠭᠤᠢ ᠪᠠᠶᠢᠳᠠᠭ᠂ ᠡᠷᠭᠡᠪᠡᠰᠢ ᠬᠠᠳᠠᠭᠤᠵᠢᠯᠳᠠᠢ ᠴᠢᠷᠮᠠᠶᠢᠯᠭ᠎ᠠ | ᠪᠠᠷ ᠲᠠᠮᠵᠢᠨ ᠪᠡᠶᠡᠯᠡᠭᠳᠡᠨ᠎ᠡ᠃ ᠡᠶᠢᠮᠦ ᠠᠴᠠ ᠪᠢᠳᠠ ᠢᠳᠡᠬᠡᠯ ᠢᠶᠠᠨ ᠬᠦᠪᠴᠢᠯᠡᠵᠦ᠂ ᠠᠵᠠ ᠲᠤᠬᠢᠶᠠᠯ ᠢ ᠵᠠᠪᠳᠤᠨ᠂ | ᠢᠳᠡᠪᠬᠢᠳᠡᠢ ᠠᠵᠢᠯᠯᠠᠵᠦ᠂ ᠰᠢᠨ᠎ᠡ ᠶᠢ ᠡᠬᠦᠳᠬᠦ ᠬᠦᠭᠵᠢᠯᠳᠡ ᠶᠢᠨ ᠲᠠᠯ᠎ᠠ ᠪᠠᠷ ᠰᠢᠪᠳᠤᠯᠤᠯᠳᠠ ᠲᠠᠢ ᠪᠠᠶᠢᠵᠦ᠂ ᠵᠤᠬᠢᠴᠠᠩᠭᠤᠢ | ᠬᠦᠭᠵᠢᠯᠳᠡ ᠳᠤ ᠬᠦᠴᠦ ᠲᠠᠯᠪᠢᠨ᠂ ᠪᠤᠬᠢᠷᠳᠦᠯ ᠦᠬᠡᠢ ᠬᠦᠭᠵᠢᠯᠳᠡ ᠶᠢ ᠠᠬᠢᠭᠤᠯᠵᠦ᠂ ᠴᠢᠯᠦᠬᠡᠳᠡᠢ ᠬᠦᠭᠵᠢᠯᠳᠡ ᠶᠢᠨ | ᠠᠵᠠ ᠲᠤᠬᠢᠶᠠᠯ ᠢ ᠵᠠᠪᠳᠤᠨ᠂ ᠬᠦᠭᠵᠢᠯᠳᠡ ᠶᠢᠨ ᠦᠷ᠎ᠡ ᠪᠦᠳᠦᠮᠵᠢ ᠶᠢ ᠬᠠᠮᠳᠤᠪᠠᠷ ᠡᠳ᠋ᠯᠡᠬᠦ ᠶᠢ ᠪᠡᠶᠡᠯᠡᠬᠦᠯᠦᠨ᠂ ᠰᠢᠨ᠎ᠠ | ᠬᠦᠭᠵᠢᠯᠳᠡ ᠶᠢᠨ ᠰᠡᠳᠬᠢᠴᠡ ᠶᠢ ᠪᠤᠳᠠᠳᠠᠶᠢᠵᠢᠭᠤᠯᠤᠨ᠂ ᠰᠢᠯᠢᠳᠡᠭ ᠦᠷ᠎ᠡ ᠪᠦᠳᠦᠮᠵᠢ ᠤᠯᠬᠤ ᠪᠠᠷ ᠴᠢᠷᠮᠠᠶᠢᠨ᠎ᠠ᠃ | ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠦᠨᠳᠦᠰᠦᠨ ᠱᠤᠭᠤᠮ ᠢ ᠡᠬᠦᠷᠢᠳᠡ ᠪᠠᠷᠢᠮᠳᠠᠯᠠᠵᠦ᠂ ︽ᠲᠤᠭᠳᠠᠭᠤᠨ︾ | ᠬᠡᠬᠦ ᠶᠡᠭᠡ ᠲᠠᠯ᠎ᠠ ᠶᠢ ᠪᠠᠳᠤᠯᠠᠬᠤ ᠰᠠᠭᠤᠷᠢᠨ ᠲᠡᠭᠡᠷ᠎ᠡ ︽ᠤᠷᠤᠭᠰᠢᠯᠠᠬᠤ︾ ᠶᠢ ᠠᠬᠢᠭᠤᠯᠤᠨ᠎ᠠ᠃ ᠮᠠᠨ ᠤ ᠬᠤᠰᠢᠭᠤ ᠪᠠᠷ | ᠠᠪᠴᠤ ᠬᠡᠯᠡᠪᠡᠯ᠂ ︽ᠲᠤᠭᠳᠠᠭᠤᠨ︾ ᠬᠡᠳᠡᠭ ᠨᠢ ᠠᠵᠦ ᠠᠬᠤᠢ ᠶᠢᠨ ᠪᠠᠭᠤᠷᠠᠯᠳᠠ ᠶᠢᠨ ᠨᠦᠯᠦᠬᠡ ᠶᠢ ᠲᠤᠯᠵᠦ᠂ | ᠦᠰᠦᠯᠳᠡ ᠶᠢᠨ ᠬᠤᠷᠳᠤᠴᠠ ᠶᠢ ᠲᠤᠭᠳᠠᠪᠤᠷᠢᠵᠢᠭᠤᠯᠵᠦ᠂ ᠬᠦᠭᠵᠢᠯᠳᠡ ᠶᠢ ᠲᠤᠭᠳᠠᠪᠤᠷᠢᠵᠢᠭᠤᠯᠤᠨ᠂ ᠨᠡᠶᠢᠬᠡᠮ ᠤᠨ ᠡᠶ᠎ᠡ | ᠵᠤᠬᠢᠴᠠᠯ᠂ ᠲᠤᠭᠳᠠᠭᠤᠨ ᠢ ᠪᠠᠳᠤᠯᠠᠬᠤ ᠶᠠᠪᠤᠳᠠᠯ ᠪᠤᠯᠤᠨ᠎ᠠ᠃ ︽ᠤᠷᠤᠭᠰᠢᠯᠠᠬᠤ︾ ᠬᠡᠳᠡᠭ ᠨᠢ ᠠᠵᠠ ᠲᠤᠬᠢᠶᠠᠯ ᠢ ᠵᠠᠪᠳᠤᠨ | ᠂ ᠬᠡᠯᠪᠡᠷᠢ ᠶᠢ ᠬᠤᠪᠢᠷᠠᠭᠤᠯᠵᠦ᠂ ᠲᠡᠰ ᠲᠡᠪᠰᠢᠬᠦᠯᠬᠦ ᠶᠢ ᠠᠬᠢᠭᠤᠯᠤᠨ᠂ ᠶᠠᠳᠠᠭᠤ ᠶᠢ ᠲᠡᠳᠬᠦᠬᠦ ᠰᠢᠪᠳᠤᠯᠤᠯᠳᠠ ᠶᠢᠨ | ᠢᠨᠵᠧᠨᠧᠷᠢᠩ ᠢ ᠠᠬᠢᠭᠤᠯᠤᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠬᠦᠭᠵᠢᠯᠳᠡ ᠶᠢᠨ | ᠶᠠᠰᠤ ᠴᠢᠨᠡᠷ ᠪᠠ ᠦᠷ᠎ᠡ ᠪᠦᠳᠦᠮᠵᠢ ᠶᠢ ᠬᠠᠮᠳᠤ ᠳᠤ ᠨᠢ ᠲᠡᠭᠡᠭᠰᠢᠯᠡᠬᠦᠯᠬᠦ ᠶᠢ ᠪᠡᠶᠡᠯᠡᠬᠦᠯᠬᠦ ᠶᠢ ᠬᠡᠯᠡᠵᠦ ᠪᠤᠢ᠃ ᠬᠠᠩᠭᠠᠯᠭ᠎ᠠ | ᠲᠠᠰᠢ ᠬᠡᠯᠪᠡᠶᠢᠬᠦ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠲᠤᠤᠱᠯᠠᠭᠤᠯᠵᠦ᠂ ︽ᠭᠤᠷᠪᠠ ᠶᠢ ᠦᠬᠡᠶᠢᠰᠬᠡᠵᠦ᠂ ᠨᠢᠬᠡ | ᠶᠢ ᠪᠠᠭᠤᠷᠠᠭᠤᠯᠤᠨ᠂ ᠨᠢᠬᠡ ᠶᠢ ᠨᠦᠬᠦᠪᠦᠷᠢᠯᠡᠬᠦ︾ ᠵᠠᠷᠴᠢᠮ ᠢ ᠬᠦᠨᠵᠡᠬᠡᠢ ᠠᠬᠢᠭᠤᠯᠤᠨ᠂ ᠪᠤᠳᠠᠳᠤ ᠠᠵᠦ ᠠᠬᠤᠢ ᠶᠢ | ᠬᠦᠴᠦᠯᠡᠨ ᠬᠦᠭᠵᠢᠬᠦᠯᠵᠦ᠂ ᠪᠦᠳᠦᠮᠵᠢᠳᠡᠢ ᠬᠠᠩᠭᠠᠯᠭ᠎ᠠ ᠶᠢ ᠦᠷᠬᠡᠳᠬᠡᠨ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠳᠤ | ᠵᠤᠬᠢᠴᠠᠭᠤᠯᠤᠨ᠎ᠠ᠃ ᠤᠯᠠᠨ ᠲᠦᠮᠡᠨ ᠢᠶᠠᠷ ᠭᠤᠤᠯᠯᠠᠬᠤ ᠬᠦᠭᠵᠢᠯᠳᠡ ᠶᠢᠨ ᠰᠡᠳᠬᠢᠴᠡ ᠶᠢ ᠪᠠᠷᠢᠮᠳᠠᠯᠠᠨ᠂ ᠠᠷᠠᠳ ᠤᠨ | ᠠᠮᠢᠳᠤᠷᠠᠯ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ | ᠶᠢ ᠨᠡᠮᠡᠭᠳᠡᠬᠦᠯᠬᠦ ᠪᠠᠷ ᠠᠷᠭ᠎ᠠ ᠪᠦᠬᠦᠨ ᠢ ᠰᠦᠪᠡᠭᠴᠢᠯᠡᠵᠦ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠬᠡᠨ ᠤ ᠬᠢᠷᠢ | ᠲᠦᠪᠰᠢᠨ ᠢ ᠲᠠᠩᠴᠡᠬᠦᠷᠢᠰᠢᠬᠦᠯᠬᠦ ᠠᠬᠢᠴᠠ ᠪᠠᠨ ᠲᠦᠷᠬᠡᠳᠬᠡᠨ᠂ ᠬᠦᠭᠵᠢᠯᠳᠡ ᠶᠢᠨ ᠦᠷ᠎ᠡ ᠪᠦᠳᠦᠮᠵᠢ ᠶᠢ ᠤᠯᠠᠨ ᠲᠦᠮᠡᠨ | ᠳᠤ ᠡᠳ᠋ᠯᠡᠬᠦᠯᠦᠨ᠎ᠡ᠃ | ᠦᠨᠦ ᠵᠢᠯ ᠤᠨ ᠵᠠᠰᠠᠭ ᠤᠨ ᠤᠷᠳᠤᠨ ᠤ ᠠᠵᠢᠯ ᠳᠤ ᠲᠤᠤᠷᠡᠬᠢ ᠨᠠᠢᠮᠠᠨ ᠵᠦᠢᠯ ᠢ ᠭᠤᠤᠯᠳᠠᠯᠭ᠎ᠠ ᠲᠠᠢ ᠠᠳᠬᠤᠨ᠎ᠠ᠃ | | ︵ᠨᠢᠬᠡ︶ ᠭᠤᠤᠯᠳᠠᠯᠭ᠎ᠠ ᠲᠠᠢ ᠲᠦᠰᠦᠯ ᠤᠨ ᠪᠦᠳᠦᠬᠡᠨ ᠪᠠᠶᠢᠭᠤᠯᠤᠯᠳᠠ ᠶᠢ ᠬᠦᠴᠦᠳᠠᠢ ᠠᠳᠬᠤᠨ᠎ᠠ᠃ ᠪᠡᠯᠡ | ᠤᠷᠤᠭᠤᠯᠬᠤ ᠪᠠ ᠲᠦᠰᠦᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠤᠰᠢᠭᠤᠨ ᠤ ᠤᠳᠤᠬᠠᠨ ᠤ ᠪᠠ ᠬᠤᠶᠢᠰᠢᠳᠡ ᠶᠢᠨ | ᠬᠡᠰᠡᠭ ᠬᠤᠭᠤᠴᠠᠭᠠᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢ ᠲᠠᠶᠢᠴᠢᠯᠠᠬᠤ ᠬᠠᠮᠤᠭ ᠤᠨ ᠴᠢᠬᠤᠯᠠ᠂ ᠬᠠᠮᠤᠭ ᠤᠨ | ᠠᠰᠢᠭᠳᠠᠢ ᠠᠷᠭ᠎ᠠ ᠪᠠᠷᠢᠯ ᠢᠶᠠᠷ ᠦᠵᠡᠵᠦ᠂ ᠤᠳᠤᠬᠢᠴᠢᠯᠠᠭᠰᠠᠨ ᠬᠦᠳᠡᠭᠡ ᠠᠵᠤ ᠠᠬᠤᠢ᠂ ᠴᠡᠪᠡᠷ ᠡᠨᠧᠷᠬᠢ ᠪᠠ ᠰᠤᠶᠤᠯ | ᠵᠢᠭᠤᠯᠴᠢᠯᠠᠯ ᠵᠡᠷᠬᠡ ᠭᠤᠷᠪᠠᠨ ᠶᠡᠭᠡ ᠠᠵᠦ ᠦᠢᠯᠡᠰ ᠤᠨ ᠲᠤᠭᠤᠷᠢᠨ ᠳᠤ ᠮᠠᠨ ᠤ ᠬᠤᠰᠢᠭᠤᠨ ᠤ ᠪᠤᠳᠠᠳᠠᠢ ᠪᠠᠶᠢᠳᠠᠯ ᠳᠤ | ᠲᠤᠬᠢᠷᠠᠬᠤ ᠠᠵᠦ ᠦᠢᠯᠡᠰ ᠤᠨ ᠪᠠᠶᠢᠷᠢᠰᠢᠯᠠᠭᠤᠯᠤᠯᠳᠠ᠂ ᠲᠠᠶᠢᠴᠢᠯᠠᠬᠤ ᠬᠦᠴᠦᠨ ᠢᠶᠠᠷ ᠴᠢᠩᠭ᠎ᠠ᠂ ᠬᠦᠭᠵᠢᠯᠳᠡ ᠶᠢᠨ | ᠲᠦᠯᠬᠢᠭᠴᠢ ᠬᠦᠴᠦᠨ ᠲᠠᠢ ᠭᠤᠤᠯᠳᠠᠯᠭ᠎ᠠ ᠲᠠᠢ ᠲᠦᠰᠦᠯ ᠢ ᠲᠦᠯᠦᠪᠯᠡᠨ ᠬᠡᠷᠡᠭᠵᠢᠬᠦᠯᠵᠦ᠂ ︽ᠨᠢᠬᠡᠳᠦᠬᠡᠷ ᠠᠵᠦ ᠦᠢᠯᠡᠰ ᠢ | ᠰᠢᠯᠢᠳᠡᠭᠵᠢᠬᠦᠯᠦᠨ᠂ ᠬᠤᠶᠠᠳᠤᠭᠠᠷ ᠠᠵᠦ ᠦᠢᠯᠡᠰ ᠢ ᠬᠦᠴᠦᠷᠭᠡᠭᠵᠢᠬᠦᠯᠵᠦ᠂ ᠭᠤᠷᠪᠠᠳᠤᠭᠠᠷ ᠠᠵᠦ ᠦᠢᠯᠡᠰ ᠢ | ᠪᠤᠵᠠᠭᠠᠶᠢᠷᠠᠭᠤᠯᠬᠤ︾ ᠬᠠᠷᠠᠯᠳᠠ ᠪᠠᠨ ᠪᠡᠶᠡᠯᠡᠬᠦᠯᠦᠨ᠎ᠡ᠃ 2017 ᠤᠨ ᠠᠴᠠ 2019 ᠤᠨ ᠪᠤᠯᠳᠠᠯᠠᠬᠢ ᠭᠤᠷᠪᠠᠨ ᠵᠢᠯ | ᠤᠨ ᠬᠤᠭᠤᠴᠠᠭᠠᠨ ᠳᠠᠬᠢ ᠭᠤᠤᠯᠳᠠᠯᠭ᠎ᠠ ᠲᠠᠢ ᠲᠦᠰᠦᠯ ᠢ ᠠᠬᠢᠭᠤᠯᠬᠤ ᠠᠵᠢᠯ ᠢ ᠰᠠᠶᠢᠨ ᠬᠢᠵᠦ᠂ ᠲᠤᠰ ᠵᠢᠯ ᠳᠤ 45 | ᠵᠦᠢᠯ ᠤᠨ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ ᠢ ᠬᠡᠷᠡᠭᠵᠢᠬᠦᠯᠦᠨ᠂ 35.2 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠦ᠂ ᠠᠶᠢᠮᠠᠭ ᠤᠨ ᠲᠡᠰ ᠲᠤ 14 ᠵᠦᠢᠯ ᠤᠨ ᠭᠤᠤᠯᠳᠠᠯᠭ᠎ᠠ ᠲᠠᠢ ᠲᠦᠰᠦᠯ ᠢ ᠵᠢᠭᠰᠠᠭᠠᠨ ᠤᠷᠤᠭᠤᠯᠵᠦ᠂ | 18.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠴᠢᠷᠮᠠᠶᠢᠨ᠎ᠠ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ | ᠶᠢᠨ ᠲᠦᠷᠪᠡᠳᠦᠬᠡᠷ ᠬᠤᠭᠤᠴᠠᠭ᠎ᠠ᠂ ᠬᠤᠸᠠ ᠳ᠋ᠢᠶᠠᠨ ᠴᠠᠬᠢᠯᠭᠠᠨ ᠭᠠᠷᠭᠠᠬᠤ ᠺᠤᠮᠫᠠᠨᠢ᠂ ᠭᠦᠸᠧ ᠳ᠋ᠢᠶᠠᠨ ᠴᠠᠬᠢᠯᠭᠠᠨ ᠭᠠᠷᠭᠠᠬᠤ | ᠺᠤᠮᠫᠠᠨᠢ᠂ ᠬᠤᠸᠠ ᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠰᠦᠯ | ᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠤᠯᠤᠰ ᠤᠨ ᠠᠮᠤᠷ ᠲᠦᠪᠰᠢᠨ ᠢᠳᠡᠬᠡᠨ ᠤ ᠡᠬᠢ ᠶᠢ ᠤᠯᠬᠤ | ᠬᠠᠮᠢᠶᠠᠷᠤᠯᠳᠠ ᠶᠢᠨ ᠰᠤᠯᠢᠯᠴᠠᠭᠠᠨ ᠤ ᠲᠦᠪ᠂ ᠾᠦᠢ ᠯᠢ ᠳ᠋ᠦᠸᠧ ᠪᠢᠰᠢᠯᠠᠭ ᠤᠨ ᠦᠢᠯᠡᠳᠪᠤᠷᠢᠯᠡᠯ᠂ ᠲᠠᠯ᠎ᠠ ᠨᠤᠳᠤᠭ ᠤᠨ | ᠲᠡᠭᠷᠢᠯᠢᠭ ᠬᠦᠳᠡᠭᠡ ᠰᠠᠭᠠᠯᠢ ᠶᠢᠨ ᠪᠦᠳᠦᠭᠡᠭᠳᠡᠬᠦᠨ ᠵᠡᠷᠬᠡ ᠰᠢᠨ᠎ᠠ ᠲᠦᠰᠦᠯ ᠤᠳ ᠢ ᠡᠬᠢᠯᠠᠨ ᠬᠡᠷᠡᠭᠵᠢᠬᠦᠯᠵᠦ᠂ ᠰᠢᠨ ᠵᠢᠩ | ᠰᠢᠷᠬᠢᠮᠠᠯ ᠬᠤᠵᠢᠷᠯᠢᠭ ᠨᠠᠭᠤᠷ ᠤᠨ ᠠᠮᠢ ᠠᠬᠤᠢ ᠶᠢ ᠵᠠᠰᠠᠬᠤ ᠬᠡᠷᠡᠯ ᠤᠨ ᠡᠨᠧᠷᠬᠢ ᠶᠢᠨ ᠴᠠᠬᠢᠯᠭᠠᠨ ᠭᠠᠷᠭᠠᠬᠤ ᠦᠷᠳᠡᠭᠡ᠂ | ᠬᠤᠩ ᠵᠢᠢ ᠵᠤᠤ ᠶᠧ ᠬᠤᠵᠢᠷ ᠤᠨ ᠦᠢᠯᠡᠰ ᠤᠨ ᠨᠡᠬᠡᠬᠡᠯᠳᠡ ᠵᠢᠴᠢ ᠤᠷᠢᠶᠠᠮᠠᠭ ᠵᠠᠮᠠᠭ ᠤᠨ ᠦᠢᠯᠡᠳᠪᠤᠷᠢᠯᠡᠯ᠂ ᠹᠦ᠋ ᠶᠠᠩ | ᠵᠤᠭᠠᠩ ᠤᠨ ᠡᠳ᠋ᠰᠢᠬᠦᠯᠦᠯᠳᠡ᠂ ᠰᠢ ᠪᠸᠢ ᠢᠳᠡᠬᠡᠨ ᠤᠮᠳᠠᠭᠠᠨ ᠤ ᠦᠢᠯᠡᠰ ᠤᠨ ᠬᠤᠶᠠᠳᠤᠭᠠᠷ ᠬᠤᠭᠤᠴᠠᠭᠠᠨ ᠤ | ᠪᠠᠶᠢᠭᠤᠯᠤᠯᠳᠠ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯᠯᠠᠬᠤ ᠮᠠᠲ᠋ᠧᠷᠢᠶᠠᠯ ᠵᠡᠷᠬᠡ ᠲᠦᠰᠦᠯ ᠢ ᠲᠤᠰ ᠵᠢᠯ ᠳᠤ | ᠬᠡᠷᠡᠭᠯᠡᠯᠳᠡ ᠳᠤ ᠤᠷᠤᠭᠤᠯᠬᠤ ᠪᠠᠷ ᠪᠠᠶᠢᠨ᠎ᠠ᠃ ᠠᠷᠠᠯᠵᠢᠶᠠᠴᠢᠨ ᠤᠷᠢᠵᠦ ᠪᠠᠯᠠ ᠲᠠᠳᠠᠬᠤ ᠠᠵᠢᠯ ᠤᠨ ᠡᠷᠴᠢᠮ ᠢᠶᠠᠨ | ᠴᠢᠩᠭᠠᠳᠬᠠᠨ᠂ ᠠᠷᠠᠯᠵᠢᠶᠠᠴᠢᠨ ᠤᠷᠢᠵᠦ ᠪᠡᠯᠡ ᠲᠠᠳᠠᠬᠤ ᠦᠵᠡᠯᠳᠡ ᠲᠠᠨᠢᠯᠳᠠ ᠪᠠᠨ ᠬᠤᠪᠢᠷᠠᠭᠤᠯᠤᠨ᠂ ᠲᠦᠷᠦ ᠶᠢᠨ | ᠪᠤᠳᠤᠯᠭ᠎ᠠ ᠶᠢᠨ ᠤᠳᠤᠷᠢᠳᠤᠮᠵᠢ ᠪᠠ ᠵᠠᠬ᠎ᠠ ᠲᠡᠯᠬᠡᠬᠦᠷ ᠤᠨ ᠬᠠᠨᠳᠤᠰᠢ ᠶᠢ ᠵᠦᠪ ᠤᠨᠤᠪᠴᠢᠳᠠᠢ ᠤᠶᠢᠯᠭᠠᠵᠦ᠂ ᠠᠶᠢᠮᠠᠭ ᠤᠨ | ᠭᠠᠳᠠᠨ᠎ᠡ ᠠᠴᠠ 30 ᠳ᠋ᠦᠩᠰᠢᠭᠤᠷ ᠲᠦᠬᠦᠷᠢᠭ ᠤᠨ ᠪᠡᠯᠡ ᠲᠠᠳᠠᠬᠤ ᠪᠠᠷ ᠪᠤᠢ᠃ ᠵᠠᠰᠠᠭ ᠤᠨ ᠤᠷᠳᠤᠨ ᠪᠠ ᠨᠡᠶᠢᠬᠡᠮ ᠤᠨ | ᠬᠦᠷᠦᠩᠬᠡ ᠶᠢᠨ ᠪᠡᠯᠡ ᠨᠡᠶᠢᠯᠡᠬᠦᠯᠬᠦ ᠬᠠᠮᠳᠤᠷᠠᠯᠴᠠᠭᠠᠨ ᠤ ᠬᠡᠯᠪᠡᠷᠢ ᠶᠢ ᠲᠦᠬᠡᠮᠡᠯᠵᠢᠬᠦᠯᠵᠦ᠂ ᠮᠦᠩᠬᠦᠨ ᠬᠦᠢᠯᠬᠡᠬᠡᠨ ᠤ ᠰᠢᠨ᠎ᠠ | ᠶᠢ ᠡᠬᠦᠳᠬᠦ ᠬᠦᠴᠦᠯᠡᠴᠡ ᠶᠢ ᠨᠡᠮᠡᠭᠳᠡᠬᠦᠯᠦᠨ᠂ ᠢᠷᠬᠡᠨ ᠤ ᠲᠤᠮᠳᠠᠬᠢ ᠪᠡᠯᠡ ᠬᠦᠷᠦᠩᠬᠡ ᠶᠢᠨ ᠬᠠᠯᠠᠮᠰᠢᠯ ᠪᠠ ᠠᠮᠢᠵᠢᠷᠠᠯ ᠤᠨ | ᠬᠦᠴᠦᠨ ᠢ ᠤᠯᠠᠮ ᠬᠦᠭᠵᠢᠬᠡᠨ᠎ᠡ᠃ ᠭᠠᠵᠠᠷ ᠤᠨ ᠲᠡᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠦᠰᠦᠯ ᠢ | ᠬᠠᠷᠢᠭᠤᠴᠠᠬᠤ ᠠᠵᠢᠯ ᠤᠨ ᠲᠦᠷᠢᠮ᠂ ᠭᠤᠤᠯᠳᠠᠯᠭ᠎ᠠ ᠲᠠᠢ ᠲᠦᠰᠦᠯ ᠤᠨ ᠬᠠᠮᠢᠶᠠᠳᠠᠢ ᠲᠤᠭᠳᠠᠮᠠᠯ ᠬᠤᠷᠠᠯ ᠤᠨ ᠲᠦᠷᠢᠮ ᠪᠠ | ᠲᠤᠭᠤᠷᠢᠨ ᠪᠠᠶᠢᠴᠠᠭᠠᠬᠤ ᠴᠠᠭᠳᠠᠭᠠᠨ ᠬᠡᠷ ᠤᠨ ᠠᠵᠢᠯ ᠤᠨ ᠲᠤᠭᠳᠠᠯᠴᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠲᠦᠰᠦᠯ | ᠤᠨ ᠪᠦᠳᠦᠬᠡᠨ ᠪᠠᠶᠢᠭᠤᠯᠤᠯᠳᠠ ᠶᠢᠨ ᠲᠤᠮᠳᠠ ᠤᠷᠤᠰᠢᠵᠦ ᠪᠠᠶᠢᠭ᠎ᠠ ᠬᠦᠴᠢᠷ ᠠᠰᠠᠭᠤᠳᠠᠯ ᠢ ᠲᠠᠷᠤᠶᠢᠬᠠᠨ ᠰᠢᠢᠳᠪᠤᠷᠢᠯᠡᠵᠦ᠂ | ᠲᠦᠰᠦᠯ ᠢ ᠪᠠᠶᠢᠭᠤᠯᠤᠨ ᠬᠡᠷᠡᠭᠯᠡᠯᠳᠡ ᠳᠤ ᠤᠷᠤᠭᠤᠯᠬᠤ ᠳᠤ ᠤᠬᠢ ᠰᠠᠶᠢᠨ ᠤᠷᠴᠢᠨ ᠲᠤᠭᠤᠷᠢᠨ ᠬᠠᠩᠭᠠᠵᠦ ᠦᠭᠬᠦᠨ᠎ᠡ᠃ | ᠴᠢᠬᠤᠯᠠ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠰᠦᠯ ᠢ ᠲᠦᠷᠬᠡᠳᠬᠡᠨ᠂ ᠠᠷᠠᠳ ᠤᠨ | ᠭᠡᠷᠡᠭᠯᠡᠬᠡᠨ ᠤ ᠨᠢᠰᠬᠡᠯ ᠤᠨ ᠪᠠᠭᠤᠳᠠᠯ ᠢ ᠰᠢᠨ᠎ᠠ ᠪᠠᠷ ᠪᠠᠶᠢᠭᠤᠯᠬᠤ᠂ ᠰᠢᠯᠢ ᠶᠢᠨ ᠬᠤᠳᠠ ᠠᠴᠠ ᠪᠡᠭᠡᠵᠢᠩ ᠬᠦᠷᠬᠦ ᠠᠶᠠᠨᠴᠢᠳ | ᠤᠨ ᠪᠠ ᠵᠦᠬᠡᠬᠡᠪᠤᠷᠢ ᠶᠢᠨ ᠲᠦᠷᠬᠡᠨ ᠲᠠᠮᠤᠷ ᠵᠠᠮ ᠢ ᠨᠡᠪᠳᠡᠷᠡᠬᠦᠯᠬᠦ᠂ ᠱᠠᠩᠳᠤ ᠪᠠᠯᠭᠠᠰᠤᠨ ᠠᠴᠠ ᠪᠤᠷᠤ ᠬᠤᠳᠠ᠂ ᠪᠤᠷᠤ | ᠬᠤᠳᠠ ᠠᠴᠠ ᠰᠠᠶᠢᠪᠸᠢ ᠬᠠᠮᠢᠶᠠᠷᠤᠯᠳᠠ ᠶᠢᠨ ᠲᠤᠭᠤᠷᠢᠭ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠵᠠᠰᠠᠬᠤ ᠵᠡᠷᠬᠡ | ᠲᠦᠰᠦᠯ ᠢ ᠠᠬᠢᠭᠤᠯᠤᠨ᠂ ᠮᠠᠨ ᠤᠨ ᠬᠤᠰᠢᠭᠤᠨ ᠤ ᠵᠠᠮ ᠱᠤᠭᠤᠮ ᠤᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ | ︵ᠬᠤᠶᠠᠷ︶ ᠠᠮᠢ ᠠᠬᠤᠢ ᠣᠷᠴᠢᠨ ᠳᠣᠭᠤᠷᠢᠨ ᠤ ᠰᠡᠷᠡᠮᠵᠢ ᠶᠢᠨ ᠱᠣᠭᠤᠮ ᠢ ᠰᠠᠶᠢᠳᠣᠷ ᠪᠠᠷᠢᠮᠳᠠᠯᠠᠨ᠎ᠠ᠃ ᠠᠮᠢ | ᠠᠬᠤᠢ ᠶᠢᠨ ᠪᠤᠯᠪᠠᠰᠣᠨ ᠤ ᠲᠦᠷᠢᠮ ᠤᠨ ᠲᠤᠷᠰᠢᠯᠳᠡ ᠶᠢᠨ ᠴᠢᠭ ᠤᠨ ᠪᠠᠶᠢᠭᠤᠯᠤᠯᠳᠠ ᠪᠠᠷ ᠰᠢᠵᠢᠮ ᠪᠤᠯᠭᠠᠨ᠂ ᠲᠠᠯ᠎ᠠ | ᠨᠤᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠵᠢᠯ ᠢ ᠠᠵᠤ ᠠᠬᠤᠢ ᠨᠠᠶᠢᠭᠡᠮ ᠤᠨ | ᠬᠦᠭᠵᠢᠯᠳᠡ ᠶᠢᠨ ᠰᠠᠭᠤᠷᠢ ᠪᠤᠯᠭᠠᠨ ᠰᠠᠶᠢᠳᠣᠷ ᠠᠳᠬᠤᠵᠤ ᠪᠤᠳᠠᠳᠠᠢ ᠦᠷ᠎ᠡ ᠪᠦᠳᠦᠮᠵᠢ ᠭᠠᠷᠭᠠᠨ᠎ᠠ᠃ ᠭᠡᠭᠡᠷ᠎ᠡ ᠶᠢᠨ | ᠠᠮᠢᠳᠠᠨ ᠣᠷᠭᠤᠮᠠᠯ ᠤᠨ ᠬᠠᠮᠠᠭᠠᠯᠠᠯᠳᠠ ᠬᠠᠮᠢᠶᠠᠷᠣᠯᠳᠠ ᠶᠢ ᠪᠦᠬᠦ ᠲᠠᠯ᠎ᠠ ᠪᠠᠷ ᠲᠦᠷᠢᠮᠵᠢᠭᠦᠯᠵᠦ᠂ ᠪᠤᠳᠠᠳᠠᠢ ᠠᠷᠭ᠎ᠠ ᠬᠡᠮᠵᠢᠶ᠎ᠠ | ᠲᠤᠭᠳᠠᠭᠠᠨ ᠬᠡᠷᠡᠭᠵᠢᠬᠦᠯᠦᠨ᠎ᠡ᠃ ᠭᠡᠭᠡᠷ᠎ᠡ ᠶᠢᠨ ᠣᠷᠭᠤᠮᠠᠯ ᠢ ᠳᠣᠷ᠎ᠠ ᠪᠠᠷ ᠮᠠᠯᠳᠠᠵᠤ᠂ ᠭᠡᠭᠡᠷ᠎ᠡ ᠶᠢᠨ ᠠᠮᠢᠳᠠᠨ ᠢ ᠬᠦᠨᠦᠬᠡᠭᠰᠡᠨ | ᠪᠠ ᠲᠡᠭᠦᠨ ᠤ ᠪᠦᠳᠦᠭᠡᠭᠳᠡᠭᠦᠨ ᠢ ᠬᠠᠣᠯᠢ ᠪᠤᠰᠣ ᠪᠠᠷ ᠠᠷᠠᠯᠵᠢᠶᠠᠯᠠᠭᠰᠠᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ | ᠬᠠᠮᠠᠭᠠᠯᠠᠯᠳᠠ ᠶᠢᠨ ᠲᠦᠷᠢᠮ ᠳᠣᠭᠳᠠᠭᠠᠯ᠂ ᠪᠡᠯᠡ ᠣᠷᠣᠭᠤᠯᠤᠯᠳᠠ᠂ ᠭᠡᠷᠡᠭᠵᠢᠭᠦᠯᠬᠦ ᠠᠷᠭ᠎ᠠ ᠬᠡᠮᠵᠢᠶᠠᠨ ᠳᠤ ᠪᠦᠬᠦ ᠲᠠᠯ᠎ᠠ ᠶᠢᠨ | ᠪᠠᠳᠣᠯᠠᠭ᠎ᠠ ᠬᠠᠩᠭᠠᠨ᠎ᠠ᠃ ᠬᠤᠶᠠᠳᠣᠭᠠᠷ ᠡᠭᠡᠯᠵᠢᠨ ᠤ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ | ᠳᠣᠭᠳᠠᠯᠴᠠᠭ᠎ᠠ ᠶᠤᠰᠣᠭᠠᠷ᠂ ᠪᠦᠬᠦ ᠬᠤᠰᠢᠭᠤᠨ ᠤ 1356.68 ᠲᠦᠮᠡᠨ ᠮᠤ᠋ ᠪᠡᠯᠴᠢᠭᠡᠷ ᠲᠤ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠣᠯᠭ᠎ᠠ ᠶᠢ ᠭᠡᠷᠡᠭᠵᠢᠭᠦᠯᠵᠦ᠂ ᠱᠠᠩᠨᠠᠯ ᠨᠦᠬᠦᠪᠦᠷᠢ ᠤᠯᠭᠤᠬᠤ ᠪᠠ | ᠬᠠᠮᠠᠭᠠᠯᠠᠵᠦ ᠬᠠᠮᠢᠶᠠᠷᠬᠤ ᠠᠵᠢᠯ ᠢ ᠬᠠᠷᠢᠯᠴᠠᠨ ᠣᠶᠠᠯᠳᠣᠭᠤᠯᠵᠤ᠂ ᠪᠡᠯᠴᠢᠭᠡᠷᠡᠯᠡᠭᠦᠯᠬᠦ ᠶᠢ ᠵᠤᠭᠰᠣᠭᠠᠬᠤ ᠣᠷᠣᠨ ᠳᠤ | ᠪᠡᠯᠴᠢᠭᠡᠷᠯᠡᠭᠦᠯᠬᠦ ᠶᠢ ᠵᠤᠭᠰᠣᠭᠠᠬᠤ ᠲᠦᠷᠢᠮ ᠢ ᠴᠢᠩᠭ᠎ᠠ ᠭᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ | ᠳᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠭᠡᠷᠡᠭᠵᠢᠭᠦᠯᠦᠨ᠎ᠡ᠃ ᠪᠠᠶᠢᠭᠠᠯᠢᠯᠢᠭ ᠨᠤᠳᠤᠭ ᠪᠡᠯᠴᠢᠭᠡᠷ ᠢ | ᠬᠤᠳᠠᠯᠳᠣᠭᠠᠨ ᠤ ᠦᠢᠯᠡᠰ ᠲᠤ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠠᠮᠢ ᠠᠬᠤᠢ ᠶᠢᠨ ᠰᠡᠷᠡᠮᠵᠢ ᠶᠢᠨ ᠱᠤᠭᠤᠮ ᠤᠨ | ᠬᠠᠮᠠᠭᠠᠯᠠᠯᠳᠠ ᠶᠢ ᠰᠠᠶᠢᠳᠣᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠣᠨ ᠤ ᠪᠦᠳᠦᠭᠡᠨ | ᠪᠠᠶᠢᠭᠤᠯᠤᠯᠳᠠ ᠶᠢ ᠣᠯᠠᠮ ᠨᠢᠭᠡ ᠠᠯᠬᠤᠮ ᠪᠠᠳᠣᠵᠢᠭᠤᠯᠤᠨ ᠲᠡᠭᠦᠯᠳᠡᠷᠵᠢᠭᠦᠯᠬᠦ ᠶᠢ ᠪᠠᠳᠣᠯᠠᠨ᠎ᠠ᠃ ᠪᠡᠭᠡᠵᠢᠩ ᠲᠢᠶᠠᠨᠵᠢᠨ ᠤ | ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠣᠭᠠᠨ ᠤᠶᠢᠵᠢᠭᠤᠯᠬᠤ᠂ ᠭᠤᠤᠯᠳᠠᠯᠭ᠎ᠠ ᠲᠠᠢ ᠣᠷᠣᠨ ᠢ | ᠨᠤᠭᠤᠭᠠᠷᠠᠭᠤᠯᠬᠤ ᠵᠡᠷᠭᠡ ᠲᠦᠰᠦᠯ ᠢ ᠰᠠᠶᠢᠳᠣᠷ ᠭᠡᠷᠡᠭᠵᠢᠭᠦᠯᠵᠤ᠂ 13.6 ᠲᠦᠮᠡᠨ ᠮᠤ᠋ ᠲᠠᠯᠠᠪᠠᠢ ᠶᠢᠨ ᠣᠶᠢᠵᠢᠭᠤᠯᠤᠯᠳᠠ᠂ | 1500 ᠮᠤ᠋ ᠭᠤᠤᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ᠂ 7500 ᠮᠤ᠋ ᠵᠢᠵᠢᠭ ᠰᠠᠪᠠ ᠭᠠᠵᠠᠷ ᠤᠨ ᠶᠡᠷᠦᠩᠬᠡᠢ | ᠵᠠᠰᠠᠯᠳᠠ ᠶᠢ ᠪᠡᠶᠡᠯᠡᠭᠦᠯᠦᠨ᠎ᠡ᠃ ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠣᠷᠴᠢᠨ ᠳᠣᠭᠤᠷᠢᠨ ᠢ ᠶᠡᠷᠦᠩᠬᠡᠶᠢᠯᠡᠨ | ᠵᠠᠰᠠᠬᠤ ᠬᠦᠴᠦᠯᠡᠴᠡ ᠶᠢ ᠴᠢᠩᠭᠠᠳᠬᠠᠵᠤ᠂ ᠠᠭᠠᠷ ᠮᠠᠨᠳᠠᠯ᠂ ᠣᠰᠣ᠂ ᠭᠠᠵᠠᠷ ᠰᠢᠷᠣᠢ ᠶᠢᠨ ᠪᠤᠬᠢᠷᠳᠣᠯ ᠢ ᠶᠡᠷᠦᠩᠬᠡᠶᠢᠯᠡᠨ | ᠵᠠᠰᠠᠵᠤ᠂ ᠬᠢᠨᠠᠨ ᠰᠢᠯᠭᠠᠬᠤ ᠠᠵᠢᠯ ᠢ ᠬᠦᠨᠵᠡᠭᠡᠢ ᠦᠷᠨᠢᠭᠦᠯᠦᠨ᠎ᠡ᠃ ᠲᠦᠰᠦᠯ ᠤᠨ ᠣᠷᠴᠢᠨ ᠳᠣᠭᠤᠷᠢᠨ ᠤ ᠨᠦᠯᠦᠭᠡᠯᠡᠯ | ᠤᠨ ᠦᠨᠡᠯᠡᠯᠳᠡ ᠪᠠ ᠲᠦᠯᠦᠪᠵᠢᠭᠦᠯᠭᠡ ᠶᠢᠨ ᠣᠷᠴᠢᠨ ᠳᠣᠭᠤᠷᠢᠨ ᠤ ᠨᠦᠯᠦᠭᠡᠯᠡᠯ ᠤᠨ ᠦᠨᠡᠯᠡᠯᠳᠡ ᠶᠢᠨ ᠤᠶᠠᠯᠳᠤᠭᠰᠠᠨ | ᠲᠤᠭᠳᠠᠮᠵᠢ ᠶᠢ ᠪᠠᠶᠢᠭᠤᠯᠵᠤ᠂ ᠪᠤᠬᠢᠷᠳᠣᠯ ᠭᠠᠳᠠᠭᠰᠢᠯᠠᠭᠤᠯᠬᠤ ᠡᠷᠭᠡ ᠶᠢᠨ ᠰᠤᠯᠢᠯᠴᠠᠭᠠᠨ ᠤ ᠵᠠᠬ᠎ᠠ ᠲᠡᠯᠬᠡᠬᠦᠷᠴᠢᠯᠡᠭᠰᠡᠨ | ᠦᠬᠡᠷᠡᠴᠢᠯᠡᠯᠳᠡ ᠶᠢ ᠲᠦᠷᠭᠡᠳᠭᠡᠨ᠎ᠡ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠠ ᠶᠢᠨ ᠲᠦᠷᠢᠮ ᠢ ᠴᠢᠩᠭ᠎ᠠ | ᠭᠡᠷᠡᠭᠵᠢᠭᠦᠯᠵᠦ᠂ ᠣᠰᠣ ᠠᠷᠪᠢᠯᠠᠬᠤ ᠬᠡᠯᠪᠡᠷᠢ ᠶᠢᠨ ᠨᠠᠶᠢᠭᠡᠮ ᠢ ᠪᠠᠶᠢᠭᠤᠯᠵᠤ᠂ ᠣᠣᠭᠤᠬᠤ ᠤᠰᠣᠨ ᠤ ᠠᠮᠤᠷ ᠲᠦᠪᠰᠢᠨ ᠤ | ᠪᠠᠷᠢᠮᠵᠢᠶᠠᠨ ᠳᠤ ᠬᠦᠷᠬᠦ ᠶᠢ ᠪᠠᠳᠣᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠣᠰᠣᠨ ᠤ ᠡᠬᠢ ᠰᠣᠷᠪᠤᠯᠵᠢ | ᠶᠢᠨ ᠵᠠᠰᠠᠨ ᠰᠡᠷᠭᠦᠯᠳᠡ ᠵᠢᠴᠢ ᠬᠠᠮᠠᠭᠠᠯᠠᠯᠳᠠ ᠶᠢᠨ ᠢᠨᠵᠧᠨᠧᠷᠢᠩ ︵ᠱᠠᠩᠳᠣ ᠣᠰᠣᠨ ᠴᠦᠭᠦᠷᠦᠮ︶ ᠤᠨ ᠲᠦᠰᠦᠯ ᠢ | ᠢᠳᠡᠪᠬᠢᠳᠠᠢ ᠠᠬᠢᠭᠤᠯᠵᠤ᠂ ᠭᠠᠵᠠᠷ ᠰᠢᠷᠦᠢ ᠶᠢᠨ ᠭᠡᠷᠡᠭᠯᠡᠯᠳᠡ ᠶᠢᠨ ᠭᠠᠷ ᠭᠦᠢᠴᠡᠳᠭᠡᠯ ᠢ ᠲᠦᠷᠭᠡᠨ ᠭᠦᠢᠴᠡᠳᠭᠡᠭᠦᠯᠬᠦ ᠪᠠᠷ | ᠴᠢᠷᠮᠠᠶᠢᠨ᠎ᠠ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠢᠳᠡᠪᠬᠢᠳᠠᠢ ᠠᠬᠢᠭᠤᠯᠤᠨ᠎ᠠ᠃ ᠪᠤᠬᠢᠷᠳᠦᠯ ᠦᠬᠡᠢ ᠠᠮᠣᠷ ᠲᠦᠪᠰᠢᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠣᠳᠣᠷᠢᠳᠣᠮᠵᠢ ᠶᠢ ᠪᠠᠷᠢᠮᠳᠠᠯᠠᠨ᠂ ︽ᠬᠤᠨᠢ ᠶᠢ ᠴᠦᠭᠡᠳᠭᠡᠵᠤ᠂ ᠦᠭᠡᠷ ᠢ | ᠨᠡᠮᠡᠭᠳᠡᠭᠦᠯᠬᠦ︾ ᠲᠦᠯᠦᠪᠯᠡᠭᠡ ᠶᠢ ᠨᠠᠷᠢᠨ ᠬᠢᠨᠠᠮᠠᠭᠠᠢ ᠭᠡᠷᠡᠭᠵᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ | ᠦᠢᠯᠡᠰ ᠢ ᠣᠷᠣᠭᠤᠯᠬᠤ ᠪᠠᠷ ᠰᠢᠪᠳᠣᠯᠤᠯᠳᠠ ᠪᠤᠯᠭᠠᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ | ᠳᠣᠰᠬᠠᠶᠢᠵᠢᠭᠰᠠᠨ ᠳᠣᠮᠣ ᠡᠷᠦᠭᠡ᠂ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠡᠵᠡᠩᠨᠡᠯᠳᠡ ᠶᠢᠨ ᠭᠤᠤᠯ ᠴᠤᠭᠴᠠ ᠶᠢ | ᠳᠡᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠠᠯᠬᠤᠮ ᠢ | ᠲᠦᠷᠭᠡᠳᠭᠡᠵᠦ᠂ ᠮᠠᠯᠴᠢᠨ ᠲᠠᠷᠢᠶᠠᠴᠢᠨ ᠤ ᠮᠠᠯ ᠤᠨ ᠲᠤᠭ᠎ᠠ ᠲᠤᠯᠤᠭᠠᠢ ᠶᠢ ᠴᠦᠬᠡᠴᠡᠯᠡᠨ᠂ ᠴᠢᠨᠡᠷ ᠴᠢᠨᠰᠠᠭ᠎ᠠ ᠶᠢ | ᠲᠡᠭᠡᠭᠰᠢᠯᠡᠬᠦᠯᠵᠦ᠂ ᠣᠳᠣᠬᠢᠴᠢᠯᠠᠭᠰᠠᠨ᠂ ᠪᠤᠬᠢᠷᠳᠦᠯ ᠦᠬᠡᠢ ᠮᠠᠯ ᠠᠵᠤ ᠠᠬᠤᠢ ᠶᠢᠨ ᠵᠠᠮ ᠢᠶᠠᠷ ᠵᠠᠮᠨᠠᠬᠤ ᠶᠢ ᠣᠷᠮᠠᠰᠢᠭᠤᠯᠵᠤ | ᠂ ᠠᠮᠢ ᠠᠬᠤᠢ ᠲᠠᠩᠴᠠᠬᠦᠷᠢᠳᠡᠢ᠂ ᠦᠢᠯᠡᠳᠪᠦᠷᠢᠯᠠᠯ ᠬᠦᠭᠵᠢᠭᠰᠡᠨ᠂ ᠠᠮᠢᠳᠣᠷᠠᠯ ᠴᠢᠨᠡᠭᠡᠯᠢᠭ ᠪᠤᠯᠬᠤ ᠬᠠᠷᠠᠯᠳᠠ ᠶᠢ | ᠪᠡᠶᠡᠯᠡᠭᠦᠯᠦᠨ᠎ᠡ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠡᠨ ᠤ ᠣᠨᠴᠠᠯᠢᠭᠳᠣ ᠠᠵᠤ ᠦᠢᠯᠡᠰ ᠤᠨ ᠬᠦᠷᠢᠶᠡᠯᠡᠩ ᠤᠨ | ᠳᠠᠪᠠᠭᠤᠯᠢᠭ ᠢ ᠠᠰᠢᠭᠯᠠᠵᠤ᠂ ᠦᠭᠡᠷ ᠬᠤᠨᠢᠨ ᠮᠢᠬ᠎ᠠ᠂ ᠴᠠᠭᠠᠨ ᠢᠳᠡᠭᠡ ᠶᠢ ᠨᠠᠷᠢᠯᠢᠭ ᠪᠤᠯᠪᠠᠰᠣᠷᠠᠭᠤᠯᠬᠤ ᠲᠦᠰᠦᠯ ᠢ | ᠣᠷᠢᠨ ᠤᠷᠤᠭᠤᠯᠵᠦ᠂ ᠣᠯᠠᠮᠵᠢᠯᠠᠯᠳᠣ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠠᠵᠤ ᠠᠬᠤᠶᠢᠯᠠᠯ ᠤᠨ ᠬᠡᠯᠪᠡᠷᠢ ᠶᠢ | ᠦᠭᠡᠷᠡᠴᠢᠯᠡᠨ ᠲᠡᠰ ᠲᠡᠪᠰᠢᠭᠦᠯᠬᠦ ᠶᠢ ᠳᠠᠶᠢᠴᠢᠯᠠᠨ᠂ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠨᠡᠮᠡᠯᠳᠡ ᠦᠷᠳᠡᠭ | ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠦ᠂ ᠮᠠᠨ ᠤ ᠬᠤᠰᠢᠭᠤᠨ ᠤ ᠪᠤᠬᠢᠷᠳᠦᠯ ᠦᠬᠡᠢ ᠦᠭᠡᠷ ᠬᠤᠨᠢᠨ | ᠮᠢᠬ᠎ᠠ᠂ ᠴᠠᠭᠠᠨ ᠢᠳᠡᠭᠡᠨ ᠤ ᠣᠯᠣᠰ ᠤᠨ ᠳᠣᠳᠣᠭᠠᠳᠣᠬᠢ ᠨᠡᠷᠡᠳᠦ ᠳᠡᠮᠳᠡᠭ ᠢ ᠡᠭᠦᠳᠴᠦ᠂ ᠮᠠᠯ ᠠᠵᠤ ᠠᠬᠤᠢ ᠶᠢᠨ | ᠴᠢᠨᠠᠷᠯᠢᠭ ᠬᠦᠭᠵᠢᠯᠳᠡ ᠶᠢ ᠠᠬᠢᠭᠤᠯᠤᠨ᠎ᠠ᠃ ᠮᠢᠬᠠᠨ ᠤ ᠦᠭᠡᠷ ᠤᠨ ᠠᠵᠤ ᠦᠢᠯᠡᠰᠵᠢᠯᠳᠡ ᠶᠢᠨ ᠲᠦᠰᠦᠯ ᠤᠨ | ᠪᠠᠶᠢᠭᠤᠯᠤᠯᠳᠠ ᠶᠢ ᠴᠢᠩᠭᠠᠳᠬᠠᠵᠦ᠂ ᠲᠤᠰ ᠵᠢᠯ ᠳᠤ 5000 ᠳᠣᠯᠣᠭᠠᠢ ᠴᠡᠪᠡᠷ ᠡᠭᠦᠯᠳᠡᠷ ᠤᠨ ᠰᠢᠮᠧᠨ᠋ᠲᠷ ᠦᠭᠡᠷ ᠪᠠ | ᠠᠩᠭᠧᠰ ᠦᠭᠡᠷ ᠢ ᠣᠷᠣᠭᠤᠯᠵᠤ᠂ 5 ᠲᠦᠮᠡᠨ ᠳᠣᠯᠣᠭᠠᠢ ᠮᠢᠬᠠᠨ ᠤ ᠦᠭᠡᠷ ᠢ ᠵᠠᠷᠤᠬᠤ ᠪᠠᠷ ᠲᠦᠯᠦᠪᠯᠡᠵᠦ ᠪᠤᠢ᠃ ᠮᠠᠯ | ᠤᠨ ᠳᠤᠭ᠎ᠠ ᠳᠣᠯᠣᠭᠠᠢ ᠶᠢ ᠴᠢᠩᠭ᠎ᠠ ᠬᠢᠵᠠᠭᠠᠷᠯᠠᠵᠤ᠂ ᠵᠢᠯ ᠤᠨ ᠮᠠᠯᠵᠢᠬᠤ ᠬᠤᠨᠢᠨ ᠤ ᠳᠤᠭ᠎ᠠ ᠶᠢ 30 ᠲᠦᠮᠡ ᠳᠤ | ᠬᠢᠵᠠᠭᠠᠷᠯᠠᠵᠤ᠂ ᠠᠳᠠᠯᠢ ᠬᠤᠭᠤᠴᠠᠭᠠᠨ ᠤ ᠠᠴᠠ 22 ᠲᠦᠮᠡ ᠪᠠᠷ ᠴᠦᠬᠡᠳᠬᠡᠨ᠎ᠡ᠃ 10 ᠲᠦᠮᠡᠨ ᠦᠨᠢᠶᠡᠨ ᠳᠤ ᠭᠠᠷ | ᠬᠡᠬᠡᠯᠳᠦᠬᠦᠯᠬᠡ ᠬᠢᠬᠦ ᠪᠠᠷ ᠲᠦᠯᠦᠪᠯᠡᠵᠦ᠂ ᠮᠠᠯᠵᠢᠬᠤ ᠦᠭᠡᠷ ᠤᠨ ᠳᠤᠭ᠎ᠠ ᠶᠢ 17 ᠲᠦᠮᠡ ᠳᠤ ᠬᠢᠵᠠᠭᠠᠷᠯᠠᠬᠤ ᠪᠠᠷ | ᠲᠦᠯᠦᠪᠯᠡᠪᠡ᠃ ᠳᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠭᠡᠷᠡᠭᠵᠢᠭᠦᠯᠵᠦ᠂ ᠲᠠᠷᠢᠮᠠᠯ ᠤᠨ ᠲᠠᠯᠠᠪᠠᠢ ᠶᠢ 30 | ᠲᠦᠮᠡᠨ ᠮᠤ᠋ ᠣᠷᠴᠢᠮ ᠲᠤ ᠲᠤᠭᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠳᠤ ︽ᠬᠤᠶᠠᠷ ᠡᠷᠭᠡ︾ ᠶᠢᠨ | ᠪᠠᠷᠢᠴᠠᠭᠠᠳᠤ ᠵᠢᠭᠡᠯᠡᠯᠭᠡ ᠶᠢᠨ ᠳᠣᠷᠰᠢᠯᠳᠠ ᠶᠢᠨ ᠴᠢᠭ ᠪᠠᠶᠢᠭᠤᠯᠬᠤ ᠠᠵᠢᠯ ᠢ ᠰᠠᠶᠢᠳᠣᠷ ᠬᠢᠵᠦ ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠣᠷᠠᠯ ᠳᠤ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ | ᠦᠷᠭᠦᠯᠵᠢᠯᠡᠨ ᠴᠢᠩᠭᠠᠳᠬᠠᠵᠤ᠂ ᠨᠤᠭᠤᠭᠠᠨ ᠲᠠᠷᠤᠰᠢ ᠪᠠ ᠰᠢᠯᠢᠳᠡᠭ ᠲᠡᠵᠢᠬᠡᠯ ᠡᠪᠡᠰᠦ ᠳᠠᠷᠢᠬᠤ ᠳᠠᠯᠠᠪᠠᠢ ᠶᠢ ᠪᠠᠳᠣᠯᠠᠵᠤ᠂ | ᠴᠠᠭ ᠠᠭᠤᠷ ᠤᠨ ᠣᠳᠣᠬᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠲᠠᠷᠢᠶᠠᠯᠠᠩ ᠮᠠᠯ ᠠᠵᠤ ᠠᠬᠤᠢ | ᠶᠢᠨ ᠭᠠᠮᠰᠢᠭ ᠠᠴᠠ ᠰᠡᠷᠭᠡᠶᠢᠯᠡᠵᠦ᠂ ᠲᠦᠭᠰᠢᠭᠦᠷᠢ ᠶᠢ ᠰᠦᠷᠦᠬᠦ ᠴᠢᠳᠠᠪᠬᠢ ᠶᠢ ᠨᠡᠮᠡᠭᠳᠡᠭᠦᠯᠦᠨ᠎ᠡ᠃ | ︵ᠲᠦᠷᠪᠡ︶ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠲᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠪᠡᠭᠡᠵᠢᠩ᠂ ᠲᠢᠶᠠᠨᠵᠢᠨ᠂ ᠾᠧᠪᠸᠢ ᠶᠢᠨ ᠵᠤᠬᠢᠴᠠᠩᠭᠤᠢ ᠬᠦᠭᠵᠢᠯᠳᠡ᠂ | ︽ᠨᠢᠭᠡ ᠪᠦᠰᠡ ᠨᠢᠭᠡ ᠵᠠᠮ︾ ᠵᠡᠷᠭᠡ ᠣᠯᠣᠰ ᠤᠨ ᠬᠦᠭᠵᠢᠯᠳᠡ ᠶᠢᠨ ᠪᠠᠶᠢᠯᠳᠤᠬᠤ ᠪᠤᠳᠣᠯᠭ᠎ᠠ ᠪᠠᠷ ᠠᠵᠠ ᠲᠤᠬᠢᠶᠠᠯ | ᠪᠤᠯᠭᠠᠨ᠂ ᠨᠤᠨᠳᠠᠭ ᠨᠡᠭᠦᠷᠡᠰᠦ᠂ ᠬᠦᠬᠦᠷ ᠦᠬᠡᠶᠢᠳᠡᠬᠦᠯᠦᠭᠰᠡᠨ ᠵᠤᠭᠠᠩ ᠵᠡᠷᠭᠡ ᠠᠵᠤ ᠦᠢᠯᠡᠳᠪᠦᠷᠢ ᠶᠢᠨ ᠬᠠᠳᠠᠭᠤ ᠪᠠᠶᠠᠳᠤ | ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠪᠠᠷ ᠭᠤᠤᠯ ᠪᠤᠯᠭᠠᠵᠤ᠂ ᠮᠠᠨ ᠤ ᠬᠤᠰᠢᠭᠤᠨ ᠤ ᠲᠤᠨᠤᠭᠯᠠᠯ ᠦᠢᠯᠡᠳᠬᠦ᠂ | ᠰᠢᠨ᠎ᠡ ᠮᠠᠲ᠋ᠧᠷᠢᠶᠠᠯ᠂ ᠡᠨᠧᠷᠬᠢ ᠶᠢ ᠠᠷᠪᠢᠯᠠᠨ ᠣᠷᠴᠢᠨ ᠳᠣᠭᠤᠷᠢᠨ ᠢ ᠬᠠᠮᠠᠭᠠᠯᠠᠬᠤ ᠵᠡᠷᠭᠡ ᠣᠷᠴᠢᠯ ᠠᠵᠤ ᠠᠬᠤᠢ ᠶᠢᠨ | ᠠᠵᠦ ᠦᠢᠯᠡᠰ ᠢ ᠬᠦᠴᠦᠷᠭᠡᠭᠵᠢᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭ᠎ᠠ ᠶᠢ ᠨᠢᠭᠳᠠ | ᠠᠩᠬᠠᠷᠴᠤ᠂ ᠠᠵᠤ ᠠᠬᠤᠢ ᠶᠢᠨ ᠠᠵᠢᠯᠯᠠᠭ᠎ᠠ ᠶᠢᠨ ᠵᠤᠬᠢᠴᠠᠭᠤᠯᠤᠯᠳᠠ ᠶᠢ ᠴᠢᠩᠭᠠᠳᠬᠠᠵᠤ᠂ ᠭᠡᠪᠴᠢᠶᠡᠵᠢᠭᠰᠡᠨ ᠠᠵᠤ | ᠠᠬᠤᠶᠢᠯᠠᠯ ᠪᠦᠬᠦ ᠢᠶᠠᠷ ᠢᠶᠠᠨ ᠠᠵᠢᠯᠯᠠᠭ᠎ᠠ ᠪᠠᠨ ᠡᠬᠢᠯᠡᠭᠦᠯᠬᠦ ᠶᠢ ᠪᠠᠳᠣᠯᠠᠨ᠎ᠠ᠃ ᠴᠠᠬᠢᠯᠭᠠᠨ ᠡᠨᠧᠷᠬᠢ ᠶᠢᠨ ᠠᠵᠤ ᠠᠬᠤᠶᠢᠯᠠᠯ | ᠳᠤ ᠬᠠᠪᠰᠤᠷᠤᠯᠴᠠᠨ ᠴᠠᠬᠢᠯᠭᠠᠨ ᠭᠠᠷᠭᠠᠬᠤ ᠬᠡᠮᠵᠢᠶ᠎ᠠ ᠶᠢ ᠨᠡᠮᠡᠭᠳᠡᠬᠦᠯᠬᠦ ᠪᠠ ᠤᠷᠤᠯᠠᠨ ᠴᠠᠬᠢᠯᠭᠠᠨ ᠭᠠᠷᠭᠠᠬᠤ ᠡᠭᠦᠷᠭᠡ ᠶᠢ | ᠤᠯᠬᠤ ᠪᠠᠷ ᠴᠢᠷᠮᠠᠶᠢᠵᠦ᠂ ᠱᠠᠩᠳᠣ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠠ ᠶᠢ 180 | ᠳ᠋ᠦᠩᠰᠢᠭᠤᠷ ᠭᠷᠡᠳᠦ᠋ᠰ ᠲᠤ ᠬᠦᠷᠭᠡᠬᠦ ᠪᠠᠷ ᠴᠢᠷᠮᠠᠶᠢᠨ᠎ᠠ᠃ ᠴᠠᠬᠢᠯᠭᠠᠨ ᠶᠡᠭᠡ ᠭᠡᠷᠡᠭᠰᠡᠬᠦ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠵᠦᠷᠢᠶᠡᠳᠦ ᠴᠠᠬᠢᠯᠭᠠᠨ ᠤ ᠰᠦᠢᠳᠭᠡᠯ ᠪᠠ ᠦᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠣᠯᠠᠨ | ᠲᠠᠯᠠᠳᠤ ᠰᠣᠯᠢᠯᠴᠠᠭᠠᠨ ᠤ ᠵᠠᠬ᠎ᠠ ᠲᠡᠯᠭᠡᠭᠦᠷ ᠤᠨ ᠨᠦᠬᠦᠪᠦᠷᠢ ᠣᠯᠭᠤᠬᠤ ᠠᠵᠢᠯ ᠢ ᠰᠠᠶᠢᠳᠣᠷ ᠬᠢᠵᠦ᠂ ᠠᠵᠤ ᠠᠬᠤᠶᠢᠯᠠᠯ ᠤᠨ | ᠦᠪᠡᠷ ᠤᠨ ᠦᠷᠳᠡᠭ ᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠠᠰᠢᠭ ᠢ ᠨᠡᠮᠡᠭᠳᠡᠭᠦᠯᠦᠨ᠎ᠡ᠃ ᠵᠢᠯ ᠤᠨ ᠳᠣᠳᠣᠷ᠎ᠠ | 4 ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ 3 ᠦᠢᠯᠡᠴᠢᠯᠡᠭᠡᠨ ᠤ ᠠᠵᠤ ᠠᠬᠤᠶᠢᠯᠠᠯ ᠢ ᠭᠡᠪᠴᠢᠶᠡᠵᠢᠭᠰᠡᠨ ᠠᠵᠤ | ᠠᠬᠤᠶᠢᠯᠠᠯ ᠤᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠵᠤ᠂ ᠮᠠᠨ ᠤᠨ ᠬᠤᠰᠢᠭᠤᠨ ᠤ ᠭᠡᠪᠴᠢᠶᠡᠵᠢᠭᠰᠡᠨ ᠠᠵᠤ | ᠠᠬᠤᠶᠢᠯᠠᠯ ᠤᠨ ᠡᠩᠨᠡᠭᠡ ᠶᠢ ᠤᠯᠠᠮ ᠪᠤᠵᠠᠭᠠᠶᠢᠷᠠᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶᠠᠯᠠᠩ ᠤᠨ ᠪᠦᠳᠦᠬᠡᠨ | ᠪᠠᠶᠢᠭᠤᠯᠤᠯᠳᠠ ᠶᠢ ᠣᠯᠠᠮ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠠᠯᠠᠩ ᠤᠨ ᠵᠠᠮ᠂ ᠣᠰᠣᠨ ᠤ ᠬᠠᠩᠭᠠᠯᠭ᠎ᠠ᠂ | ᠳᠣᠯᠠᠭᠠᠯᠠᠭ᠎ᠠ᠂ ᠪᠤᠬᠢᠷᠳᠣᠯ ᠤᠨ ᠭᠠᠳᠠᠭᠰᠢᠯᠠᠭᠤᠯᠤᠯᠳᠠ᠂ ᠨᠤᠭᠤᠭᠠᠷᠭᠤᠯᠤᠯᠳᠠ ᠵᠡᠷᠭᠡ ᠰᠠᠭᠤᠷᠢ ᠲᠦᠭᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢ ᠣᠯᠠᠮ ᠲᠡᠭᠦᠯᠳᠡᠷᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ᠠᠵᠤ | ᠦᠢᠯᠡᠳᠪᠦᠷᠢ ᠶᠢᠨ ᠬᠦᠷᠢᠶᠠᠯᠠᠩ ᠪᠤᠯᠭᠠᠨ ᠲᠡᠰ ᠲᠡᠪᠰᠢᠭᠦᠯᠬᠦ ᠪᠠᠷ ᠮᠡᠳᠡᠭᠦᠯᠬᠦ ᠠᠵᠢᠯ ᠢ ᠠᠬᠢᠭᠤᠯᠤᠨ᠎ᠠ᠃ ᠳᠣᠮᠣ ᠳ᠋ᠠᠶᠢᠲ᠋ᠠ | ᠶᠢᠨ ᠠᠵᠤ ᠦᠢᠯᠡᠰ ᠤᠨ ᠲᠦᠰᠦᠯ ᠳᠤ ᠠᠷᠠᠯᠵᠢᠶᠠᠴᠢᠨ ᠣᠷᠢᠬᠤ ᠬᠦᠴᠦᠯᠡᠴᠡ ᠶᠢ ᠨᠡᠮᠡᠭᠳᠡᠭᠦᠯᠵᠦ᠂ ︽ᠢᠨᠲ᠋ᠧᠷᠨᠧᠲ | ᠰᠦᠯᠵᠢᠶ᠎ᠡ + ︾ ᠪᠠ ᠡᠯᠧᠺᠲᠷᠤᠨ ᠬᠤᠳᠠᠯᠳᠤᠭ᠎ᠠ ᠪᠠᠷ ᠲᠠᠮᠵᠢᠭᠤᠯᠤᠨ᠂ ᠮᠠᠨ ᠤ ᠬᠤᠰᠢᠭᠤᠨ ᠤ ᠴᠠᠭᠠᠨ ᠢᠳᠡᠭᠡ᠂ | ᠦᠭᠡᠷ ᠬᠤᠨᠢᠨ ᠮᠢᠬᠠᠨ ᠤ ᠭᠠᠷᠤᠯᠳᠠ ᠶᠢᠨ ᠤᠷᠤᠨ ᠢ ᠲᠤᠳᠤᠷᠬᠠᠶᠢᠯᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠦ | ᠂ ︽ᠴᠠᠭᠠᠨ ᠢᠳᠡᠭᠡ︾᠂ ︽ᠪᠤᠬᠢᠷᠳᠦᠯ ᠦᠬᠡᠢ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠰᠠᠭᠤᠷᠢᠨ ᠭᠠᠵᠠᠷ︾ | ᠤᠨ ᠨᠡᠷᠡᠳᠣ ᠳᠡᠮᠳᠡᠭ ᠢ ᠪᠦᠬᠦ ᠬᠦᠴᠦᠨ ᠢᠶᠠᠷ ᠢᠶᠠᠨ ᠡᠭᠦᠳᠦᠨ᠎ᠡ᠃ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ | ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠠ ᠦᠵᠡᠭᠦᠯᠬᠦ ᠰᠢᠶᠠᠨ ᠤ ᠲᠦᠰᠦᠯ ᠠᠴᠠ ᠭᠠᠷᠳᠠᠵᠤ᠂ ᠭᠤᠷᠪᠠᠳᠣᠭᠠᠷ ᠡᠳᠡᠭᠡᠳ | ᠤᠨ ᠪᠤᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠬᠦᠭᠵᠢᠬᠦᠯᠵᠦ᠂ ᠬᠤᠰᠢᠭᠤ᠂ ᠰᠣᠮᠣ᠂ ᠭᠠᠴᠠᠭᠠᠨ ᠤ ᠪᠤᠳᠠᠰ ᠤᠨ | ᠭᠦᠢᠯᠭᠡᠭᠡᠨ ᠤ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠣᠯᠠᠮᠵᠢᠯᠠᠯᠳᠣ ᠭᠡᠷᠡᠭᠯᠡᠭᠡ ᠶᠢ ᠲᠤᠭᠳᠠᠪᠤᠷᠢᠵᠢᠭᠤᠯᠬᠤ ᠶᠢᠨ | ᠬᠠᠮᠳᠣ᠂ ᠬᠡᠪᠴᠢᠶᠡᠵᠢᠭᠰᠡᠨ ᠠᠵᠤ ᠠᠬᠤᠶᠢᠯᠠᠯ ᠪᠠ ᠬᠡᠪ ᠤᠨ ᠠᠵᠤ ᠠᠬᠤᠶᠢᠯᠠᠯ ᠤᠨ ᠤᠷᠭᠠᠨᠢᠭ ᠬᠦᠭᠵᠢᠯᠳᠡ ᠶᠢ ᠠᠬᠢᠭᠤᠯᠵᠦ | ᠂ ᠪᠤᠳᠠᠳᠤ ᠬᠤᠳᠠᠯᠳᠣᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠵᠢᠭᠤᠯᠴᠢᠯᠠᠯ᠂ ᠰᠣᠶᠣᠯ ᠳᠠᠮᠢᠷ᠂ ᠡᠷᠡᠭᠦᠯ ᠮᠠᠨᠳᠣ᠂ ᠨᠠᠰᠣᠵᠢᠯ᠂ ᠰᠣᠷᠭᠠᠨ ᠬᠦᠮᠦᠵᠢᠯ᠂ ᠪᠤᠯᠪᠠᠰᠣᠷᠠᠯ ᠬᠦᠷᠳᠡᠭᠡᠬᠦ ᠵᠡᠷᠭᠡ | ᠬᠦᠷᠢᠶ᠎ᠡ ᠭᠡᠪᠴᠢᠶ᠎ᠡ ᠪᠠᠷ ᠭᠤᠤᠯᠳᠠᠯᠭ᠎ᠠ ᠪᠤᠯᠭᠠᠨ᠂ ᠰᠢᠨ᠎ᠡ ᠪᠠᠷ ᠬᠦᠭᠵᠢᠵᠦ ᠪᠠᠶᠢᠭ᠎ᠠ ᠦᠢᠯᠡᠴᠢᠯᠡᠭᠡᠨ ᠤ ᠭᠡᠷᠡᠭᠯᠡᠭᠡ ᠶᠢ | ᠦᠷᠭᠡᠳᠭᠡᠨ᠎ᠡ᠃ | ︵ ᠲᠠᠪᠤ︶ ᠰᠣᠶᠣᠯ ᠵᠢᠭᠤᠯᠴᠢᠯᠠᠯ ᠤᠨ ᠦᠢᠯᠡᠰ ᠤᠨ ᠬᠦᠨᠵᠡᠭᠡᠢ ᠠᠭᠤᠰᠤᠯᠴᠠᠯ ᠢ ᠲᠦᠷᠭᠡᠳᠭᠡᠨ᠎ᠡ᠃ ᠶᠤᠸᠠᠨ ᠤ | ᠲᠡᠭᠡᠳᠦ ᠨᠠᠶᠢᠰᠯᠠᠯ ᠤᠨ ᠪᠠᠭᠤᠷᠢ ᠪᠠᠷ ᠲᠦᠪ ᠪᠤᠯᠭᠠᠨ᠂ ᠰᠣᠶᠣᠯ ᠵᠢᠭᠤᠯᠴᠢᠯᠠᠯ ᠤᠨ ᠦᠢᠯᠡᠰ ᠢ ᠪᠦᠳᠦᠴᠡ ᠶᠢᠨ | ᠳᠣᠬᠢᠷᠠᠭᠤᠯᠤᠯᠳᠠ ᠪᠠ ᠬᠡᠯᠪᠡᠷᠢ ᠶᠢᠨ ᠬᠤᠪᠢᠷᠠᠭᠤᠯᠤᠯᠳᠠ ᠶᠢᠨ ᠴᠢᠬᠤᠯᠠ ᠡᠭᠦᠷᠭᠡ ᠪᠤᠯᠭᠠᠨ᠂ ᠪᠦᠬᠦ ᠬᠤᠰᠢᠭᠤᠨ ᠤ ᠬᠦᠴᠦᠨ | ᠴᠢᠳᠠᠯ ᠢ ᠲᠠᠶᠢᠴᠢᠯᠠᠨ᠂ ᠪᠦᠬᠦ ᠣᠷᠣᠨ ᠳᠣᠭᠤᠷᠢᠭ ᠤᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠴᠦᠯᠡᠨ | ᠬᠦᠭᠵᠢᠭᠦᠯᠦᠨ᠎ᠡ᠃ ᠣᠷᠣᠨ ᠤ ᠭᠠᠳᠠᠨ᠎ᠠ᠂ ︽ᠶᠤᠸᠠᠨ ᠤ ᠲᠡᠭᠡᠳᠦ ᠨᠠᠶᠢᠰᠯᠠᠯ︾᠂ ᠮᠤᠩᠭᠤᠯ ᠶᠤᠸᠠᠨ ᠤ ᠰᠣᠶᠣᠯ᠂ ᠴᠠᠬᠠᠷ | ᠵᠠᠩ ᠦᠢᠯᠡ᠂ ᠪᠠᠶᠢᠭᠠᠯᠢ ᠶᠢᠨ ᠡᠬᠢ ᠪᠠᠶᠠᠯᠢᠭ ᠢᠶᠠᠨ ᠤᠬᠠᠭᠤᠯᠤᠨ ᠰᠤᠷᠳᠠᠯᠴᠢᠯᠠᠬᠤ ᠬᠦᠴᠦᠯᠡᠴᠡ ᠪᠠᠨ ᠨᠡᠮᠡᠭᠳᠡᠬᠦᠯᠦᠨ᠎ᠡ᠃ | ︽ᠵᠢᠭᠤᠯᠴᠢᠯᠠᠯ +︾ ᠪᠠᠶᠢᠯᠳᠣᠬᠤ ᠪᠤᠳᠣᠯᠭ᠎ᠠ ᠶᠢ ᠭᠡᠷᠡᠭᠵᠢᠭᠦᠯᠵᠦ᠂ ᠮᠤᠩᠭᠤᠯ ᠶᠤᠸᠠᠨ ᠤ ᠰᠣᠶᠣᠯ ᠤᠨ ᠠᠭᠤᠯᠤᠭᠳᠠᠭᠤᠨ | ᠢ ᠬᠦᠨᠵᠡᠭᠡᠢ ᠠᠭᠤᠳᠠᠯᠯᠠᠵᠤ᠂ ᠪᠦᠬᠦ ᠡᠯᠧᠮᠧᠨ᠋ᠲ᠂ ᠪᠦᠬᠦ ᠠᠵᠤ ᠦᠢᠯᠡᠰ ᠤᠨ ᠭᠡᠯᠬᠢᠶᠡᠳᠣ ᠰᠣᠶᠣᠯ ᠵᠢᠭᠤᠯᠴᠢᠯᠠᠯ ᠤᠨ | ᠬᠦᠭᠵᠢᠯᠳᠡ ᠶᠢᠨ ᠭᠡᠯᠪᠡᠷᠢ ᠶᠢ ᠪᠤᠢ ᠪᠤᠯᠭᠠᠵᠤ᠂ ︽ᠢᠨᠲ᠋ᠧᠷᠨᠧᠲ ᠰᠦᠯᠵᠢᠶ᠎ᠡ + ᠰᠣᠶᠣᠯ ᠵᠢᠭᠤᠯᠴᠢᠯᠠᠯ︾ ᠤᠨ ᠡᠬᠢ | ᠪᠠᠶᠠᠯᠢᠭ ᠢ ᠬᠠᠮᠳᠣ ᠪᠠᠷ ᠡᠳ᠋ᠯᠡᠬᠦ ᠦᠢᠯᠡᠴᠢᠯᠡᠭᠡᠨ ᠤ ᠲᠡᠪᠴᠡᠩ ᠤᠨ ᠮᠡᠷᠭᠡᠵᠢᠯ ᠢ ᠭᠦᠢᠴᠡᠳ ᠠᠰᠢᠭᠯᠠᠵᠤ᠂ ᠮᠠᠨ ᠤ | ᠬᠤᠰᠢᠭᠤᠨ ᠤ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠰᠣᠷᠠᠭ ᠵᠠᠩᠬᠢᠴᠢᠯᠠᠯᠳᠠ ᠶᠢᠨ ᠠᠬᠢᠴᠠ ᠶᠢ ᠲᠦᠷᠭᠡᠳᠭᠡᠵᠤ᠂ | ᠮᠠᠨ ᠤ ᠬᠤᠰᠢᠭᠤ ᠪᠠᠨ ᠰᠣᠶᠣᠯ ᠵᠢᠭᠤᠯᠴᠢᠯᠠᠯ ᠤᠨ ᠳᠣᠮᠣ ᠬᠤᠰᠢᠭᠤ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ ᠪᠤᠳᠠᠳᠠᠢ | ᠲᠠᠢ ᠣᠶᠠᠯᠳᠣᠭᠤᠯᠤᠨ᠂ ︽ᠪᠦᠬᠦ ᠣᠷᠣᠨ ᠳᠣᠭᠤᠷᠢᠭ ᠤᠨ ᠵᠢᠭᠤᠯᠴᠢᠯᠠᠯ ᠢ ᠬᠦᠭᠵᠢᠭᠦᠯᠬᠦ ᠶᠡᠷᠦᠩᠬᠡᠢ ᠲᠦᠯᠦᠪᠵᠢᠭᠦᠯᠭᠡ︾᠂ | ︽ᠰᠣᠶᠣᠯ ᠵᠢᠭᠤᠯᠴᠢᠯᠠᠯ ᠤᠨ ᠠᠵᠤ ᠦᠢᠯᠡᠰ ᠲᠦᠪᠯᠡᠷᠡᠭᠰᠡᠨ ᠣᠷᠣᠨ ᠤ ᠨᠠᠷᠢᠨ ᠲᠦᠷᠢᠮ︾ ᠵᠡᠷᠭᠡ ᠲᠦᠯᠦᠪᠵᠢᠭᠦᠯᠭᠡ ᠪᠠ | ︽ᠦᠵᠡᠮᠵᠢ ᠶᠢᠨ ᠣᠷᠣᠨ᠂ ᠦᠵᠡᠮᠵᠢ ᠶᠢᠨ ᠴᠢᠭ ᠤᠨ ᠪᠦᠳᠦᠭᠡᠨ ᠪᠠᠶᠢᠭᠤᠯᠤᠯᠳᠠ ᠶᠢ ᠬᠢᠨᠠᠨ ᠵᠦᠪᠰᠢᠶᠡᠷᠡᠬᠦ ᠪᠠ | ᠲᠦᠷᠢᠮᠵᠢᠭᠰᠡᠨ ᠬᠠᠮᠢᠶᠠᠷᠣᠯᠳᠠ ᠶᠢᠨ ᠠᠷᠭ᠎ᠠ︾᠂ ︽ᠮᠠᠯᠴᠢᠨ ᠠᠶᠢᠯ ︵ᠲᠠᠷᠢᠶᠠᠴᠢᠨ ᠠᠶᠢᠯ ᠤᠨ ᠪᠡᠶᠡᠰᠦᠯ︶ ᠵᠢᠭᠤᠯᠴᠢᠯᠠᠯ | ᠤᠨ ᠴᠢᠭ ᠲᠤ ᠦᠨᠡᠯᠡᠯᠳᠡ ᠬᠢᠬᠦ ᠪᠠ ᠱᠠᠩᠨᠠᠨ ᠣᠷᠮᠠᠰᠢᠭᠤᠯᠬᠤ ᠠᠷᠭ᠎ᠠ︾᠂ ︽ᠵᠢᠭᠤᠯᠴᠢᠯᠠᠯ ᠤᠨ ᠣᠷᠣᠨ ᠤ ᠠᠮᠢ ᠠᠬᠤᠢ | ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠷᠭ᠎ᠠ︾ ᠵᠡᠷᠭᠡ ᠲᠦᠷᠢᠮ ᠳᠣᠭᠳᠠᠭᠠᠯ ᠢ ᠭᠡᠷᠡᠭᠵᠢᠭᠦᠯᠵᠦ᠂ ᠵᠢᠭᠤᠯᠴᠢᠯᠠᠯ ᠤᠨ | ᠣᠷᠣᠨ ᠪᠠ ︽ᠮᠠᠯᠴᠢᠨ ᠠᠶᠢᠯ︾ ᠵᠢᠭᠤᠯᠴᠢᠯᠠᠯ ᠤᠨ ᠴᠢᠭ ᠤᠨ ᠡᠵᠡᠩᠨᠡᠯᠳᠡ ᠬᠠᠮᠢᠶᠠᠷᠣᠯᠳᠠ ᠶᠢ ᠲᠦᠷᠢᠮᠵᠢᠭᠦᠯᠵᠦ᠂ | ᠵᠢᠭᠤᠯᠴᠢᠯᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠴᠡᠭᠴᠡᠯᠡᠯᠳᠡ ᠶᠢ ᠴᠢᠩᠭᠠᠳᠬᠠᠨ᠎ᠠ᠃ | ᠶᠤᠸᠠᠨ ᠤ ᠲᠡᠭᠡᠳᠦ ᠨᠠᠶᠢᠰᠯᠠᠯ ᠤᠨ ᠦᠪ ᠤᠨ ᠬᠠᠮᠢᠶᠠᠷᠣᠯᠳᠠ ᠶᠢᠨ ᠲᠤᠪᠴᠢᠶ᠎ᠠ ᠲᠠᠢ ᠢᠳᠡᠪᠬᠢᠳᠠᠢ ᠬᠠᠮᠵᠢᠯᠴᠠᠨ᠂ ᠶᠤᠸᠠᠨ ᠤ | ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠶᠤᠸᠠᠨ ᠤ ᠲᠡᠭᠡᠳᠦ ᠨᠠᠶᠢᠰᠯᠠᠯ ᠤᠨ ᠰᠣᠶᠣᠯ ᠵᠢᠭᠤᠯᠴᠢᠯᠠᠯ ᠤᠨ ᠬᠦᠷᠢᠶᠡᠯᠠᠩ ᠤᠨ ᠲᠦᠰᠦᠯ ᠤᠨ ᠲᠦᠯᠦᠪᠵᠢᠭᠦᠯᠭᠡ᠂ | ᠲᠦᠰᠦᠪᠯᠡᠨ ᠵᠢᠷᠣᠭᠯᠠᠬᠤ᠂ ᠲᠦᠰᠦᠯ ᠲᠤᠭᠳᠠᠭᠠᠬᠤ᠂ ᠠᠵᠢᠯ ᠡᠬᠢᠯᠡᠭᠦᠯᠬᠦ ᠶᠢ ᠲᠦᠷᠭᠡᠳᠭᠡᠨ᠂ ᠱᠠᠩᠳᠣ ᠨᠠᠭᠤᠷ ᠤᠨ | ᠪᠠᠶᠢᠭᠠᠯᠢᠯᠢᠭ ᠠᠮᠢ ᠠᠬᠤᠢ ᠶᠢᠨ ᠵᠢᠭᠤᠯᠴᠢᠯᠠᠯ ᠤᠨ ᠮᠠᠯᠵᠢᠯ ᠤᠨ ᠲᠠᠯᠠᠪᠠᠢ ᠶᠢᠨ ᠭᠤᠷᠪᠠᠳᠣᠭᠠᠷ ᠬᠤᠭᠤᠴᠠᠭᠠᠨ ᠤ | ᠪᠠᠶᠢᠭᠤᠯᠤᠯᠳᠠ᠂ ᠬᠤᠪᠢᠯᠠᠢ ᠺᠢᠨᠤ᠋ ᠲᠧᠯᠸᠢᠰ ᠵᠢᠷᠤᠭᠯᠠᠨ ᠰᠡᠭᠦᠳᠡᠷᠯᠡᠬᠦ ᠰᠠᠭᠤᠷᠢᠨ᠂ ᠰᠢᠶᠧ ᠳ᠋ᠣᠣ ᠰᠡᠯᠡᠭᠦᠴᠡᠨ ᠵᠤᠭᠠᠴᠠᠬᠤ | ᠦᠵᠡᠮᠵᠢ ᠶᠢᠨ ᠣᠷᠣᠨ ᠵᠡᠷᠭᠡ ᠲᠦᠰᠦᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ | ᠤᠨ ᠪᠠᠭᠤᠷᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠪᠯᠡᠷᠡᠭᠰᠡᠨ ᠣᠷᠣᠨ ᠤ ︽ᠮᠠᠯᠴᠢᠨ ᠠᠶᠢᠯ︾ | ᠵᠢᠭᠤᠯᠴᠢᠯᠠᠯ ᠤᠨ ᠴᠢᠭ ᠢ ᠲᠡᠰ ᠲᠡᠪᠰᠢᠭᠦᠯᠬᠦ ᠠᠵᠢᠯ ᠢ ᠭᠤᠤᠯᠳᠠᠯᠭ᠎ᠠ ᠲᠠᠢ ᠰᠠᠶᠢᠳᠣᠷ ᠬᠢᠨ᠎ᠠ᠃ ᠵᠢᠭᠤᠯᠴᠢᠯᠠᠯ ᠤᠨ ᠵᠠᠰᠠᠮᠠᠯ | ᠵᠠᠮ ᠤᠨ ᠪᠠᠶᠢᠭᠤᠯᠤᠯᠳᠠ ᠶᠢ ᠲᠦᠷᠬᠡᠳᠬᠡᠨ᠂ ᠦᠵᠡᠮᠵᠢ ᠰᠣᠨᠢᠷᠬᠠᠬᠤ ᠳᠠᠶᠢᠰᠠ᠂ ᠵᠤᠷᠯᠤᠩ ᠵᠡᠷᠭᠡ ᠲᠦᠭᠦᠭᠡᠷᠦᠮᠵᠢ ᠶᠢ ᠢᠵᠢ | ᠪᠦᠷᠢᠳᠦᠭᠦᠯᠦᠨ ᠪᠠᠶᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢ ᠶᠢᠨ ᠣᠷᠣᠨ ᠢ ᠣᠯᠣᠰ ᠤᠨ | 5A ᠲᠡᠰ ᠤᠨ ᠵᠢᠭᠤᠯᠴᠢᠯᠠᠯ ᠤᠨ ᠣᠷᠣᠨ ᠪᠤᠯᠭᠠᠬᠤ ᠪᠠᠷ ᠡᠷᠡᠮᠠᠯᠵᠡᠯᠠᠨ ᠮᠡᠳᠡᠭᠦᠯᠦᠨ᠎ᠡ᠃ ︽ᠳᠣᠮᠳᠠᠳᠣ ᠣᠯᠣᠰ᠂ ᠶᠤᠸᠠᠨ ᠤ | ᠲᠡᠭᠡᠳᠦ ᠨᠠᠶᠢᠰᠯᠠᠯ︾ ᠰᠣᠶᠣᠯ ᠵᠢᠭᠤᠯᠴᠢᠯᠠᠯ ᠤᠨ ᠨᠡᠶᠢᠷ᠂ ︽ᠴᠠᠭᠠᠨ ᠢᠳᠡᠭᠡ︾ ᠰᠣᠶᠣᠯ ᠤᠨ ᠨᠠᠶᠢᠷ᠂ ︽ᠬᠤᠯᠠᠨ ᠰᠢᠷᠭ᠎ᠠ | ︾ ᠮᠦᠩᠭᠦᠨ ᠡᠪᠤᠯ ᠤᠨ ᠨᠠᠶᠢᠷ᠂ ︽ᠭᠦᠶᠦᠭᠴᠢ︾ ᠬᠤᠯᠠ ᠬᠦᠶᠦᠬᠦ ᠣᠷᠣᠯᠳᠣᠭᠠᠨ ᠵᠡᠷᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠢᠳᠡᠪᠬᠢᠳᠡᠢ ᠡᠷᠬᠢᠯᠡᠨ ᠶᠠᠪᠤᠭᠳᠠᠭᠤᠯᠤᠨ᠎ᠠ᠃ ᠲᠤᠰ ᠵᠢᠯ ᠳᠤ 80 ᠲᠦᠮᠡᠨ ᠬᠦᠮᠦᠨ ᠣᠳᠠᠭ᠎ᠠ ᠶᠢᠨ | ᠵᠤᠭᠠᠴᠠᠭᠰᠠᠳ ᠢ ᠬᠦᠯᠢᠶᠡᠨ ᠠᠪᠴᠣ᠂ ᠬᠠᠮᠢᠶ᠎ᠠ ᠪᠦᠬᠦᠢ ᠣᠷᠣᠯᠭ᠎ᠠ ᠶᠢ 6.5 ᠳ᠋ᠦᠩᠰᠢᠭᠤᠷ ᠠᠴᠠ ᠲᠡᠭᠡᠭᠰᠢ ᠪᠡᠶᠡᠯᠡᠭᠦᠯᠦᠨ᠎ᠡ᠃ | | ︵ᠵᠢᠷᠭᠤᠭ᠎ᠠ︶ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠠᠬᠢᠴᠠ ᠶᠢ ᠢᠳᠡᠪᠬᠢᠳᠠᠢ ᠠᠬᠢᠭᠤᠯᠤᠨ᠎ᠠ᠃ ︽ | ᠵᠢᠭᠤᠯᠴᠢᠯᠠᠯ + ᠬᠤᠳᠠ ᠪᠠᠯᠭᠠᠰᠣᠨ ᠤ ᠪᠠᠶᠢᠭᠤᠯᠤᠯᠳᠠ︾ ᠶᠢᠨ ᠬᠦᠭᠵᠢᠯᠳᠡ ᠶᠢᠨ ᠰᠡᠳᠬᠢᠴᠡ ᠶᠤᠰᠣᠭᠠᠷ᠂ ᠬᠤᠳᠠ | ᠪᠠᠯᠭᠠᠰᠣᠨ ᠤ ᠪᠦᠳᠦᠬᠡᠨ ᠪᠠᠶᠢᠭᠤᠯᠤᠯᠳᠠ ᠳᠠᠬᠢ ᠰᠣᠶᠣᠯ ᠤᠨ ᠠᠭᠤᠯᠤᠭᠳᠠᠬᠤᠨ ᠢ ᠨᠡᠮᠡᠭᠳᠡᠬᠦᠯᠵᠦ᠂ ᠲᠡᠣᠭᠡ ᠰᠣᠶᠣᠯ ᠪᠠ | ᠦᠨᠳᠦᠰᠦᠳᠡᠨ ᠤ ᠤᠨᠴᠠᠯᠢᠭᠳᠤ ᠡᠯᠧᠮᠧᠨ᠋ᠲ ᠢ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ | ᠳᠤ ᠣᠷᠣᠭᠤᠯᠤᠨ᠎ᠠ᠃ ᠲᠤᠰ ᠵᠢᠯ ᠳᠤ᠂ 1.6 ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠦᠮᠦᠨ ᠤ ᠵᠠᠮ | ᠲᠠᠪᠢᠰᠴᠦ᠂ 16.1 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠭᠠᠳᠠᠷᠭᠤ ᠶᠢ ᠴᠠᠷᠳᠠᠨᠠ᠃ ᠬᠤᠳᠠ ᠪᠠᠯᠭᠠᠰᠣᠨ | ᠤ ᠨᠤᠭᠤᠭᠠᠷᠠᠭᠤᠯᠤᠯᠳᠠ᠂ ᠭᠤᠸᠠᠵᠢᠭᠤᠯᠤᠯᠳᠠ᠂ ᠬᠡᠷᠡᠯᠳᠦᠬᠦᠯᠬᠡ ᠶᠢᠨ ᠠᠵᠢᠯ ᠢ ᠰᠠᠶᠢᠳᠣᠷ ᠬᠢᠵᠤ᠂ ᠱᠠᠩᠳᠣ ᠪᠠᠯᠭᠠᠰᠣᠨ ᠤ | ᠮᠠᠰᠢᠨ ᠲᠡᠷᠭᠡᠨ ᠤ ᠲᠤᠨᠤᠭᠯᠠᠯ ᠤᠨ ᠰᠠᠭᠤᠷᠢᠨ᠂ ᠬᠠᠶᠠᠭᠳᠠᠮᠠᠯ ᠪᠤᠳᠠᠰ ᠬᠠᠳᠠᠭᠠᠯᠠᠨ ᠲᠡᠭᠡᠭᠡᠪᠤᠷᠢᠯᠡᠬᠦ ᠳᠣᠭᠤᠷᠢᠭ ᠤᠨ | ᠲᠦᠰᠦᠯ ᠢ ᠡᠬᠢᠯᠡᠭᠦᠯᠦᠨ᠎ᠡ᠃ ᠱᠠᠩᠳᠣ ᠪᠠᠯᠭᠠᠰᠣᠨ ᠳᠠᠬᠢ 6 ᠬᠠᠭᠤᠴᠢᠨ ᠰᠠᠭᠤᠭᠠᠯᠢ ᠠᠷᠠᠳ ᠤᠨ ᠳᠣᠭᠤᠷᠢᠭ ᠢ | ᠦᠭᠡᠷᠡᠴᠢᠯᠡᠵᠦ᠂ ᠠᠳᠠᠯ ᠠᠬᠤᠢ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ ᠬᠤᠳᠠ ᠪᠠᠯᠭᠠᠰᠣᠨ ᠤ ᠣᠰᠣᠨ ᠤ | ᠬᠠᠩᠭᠠᠯᠠᠭ᠎ᠠ᠂ ᠰᠢᠳᠠᠮᠠᠬᠠᠢ ᠬᠡᠢ ᠶᠢᠨ ᠬᠠᠩᠭᠠᠯᠠᠭ᠎ᠠ᠂ ᠳᠣᠯᠠᠭᠠᠯᠠᠭ᠎ᠠ᠂ ᠪᠤᠬᠢᠷ ᠤᠰᠤᠨ ᠤ ᠭᠠᠳᠠᠭᠰᠢᠯᠠᠭᠤᠯᠤᠯᠳᠠ ᠶᠢᠨ | ᠬᠤᠭᠤᠯᠠᠢ ᠵᠡᠷᠬᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠪᠠᠯᠭᠠᠰᠣᠨ ᠤ ᠳᠠᠭᠠᠭᠠᠴᠠ ᠶᠢᠨ ᠴᠢᠳᠠᠪᠬᠢ ᠶᠢ | ᠲᠡᠭᠡᠭᠰᠢᠯᠡᠭᠦᠯᠦᠨ᠎ᠡ᠃ ᠰᠠᠩ ᠤᠨ ᠳᠠᠯᠠᠢ ᠪᠠᠯᠭᠠᠰᠤᠨ ᠳᠤ ᠲᠡᠰ ᠲᠡᠪᠰᠢᠬᠦᠯᠦᠨ ᠦᠬᠡᠷᠡᠴᠢᠯᠡᠬᠦ ᠢᠨᠵᠧᠨᠧᠷᠢᠩ ᠢ | ᠭᠡᠷᠡᠭᠵᠢᠭᠦᠯᠵᠦ᠂ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ᠂ ᠪᠤᠷᠤᠬᠤᠳᠠ ᠵᠢᠱᠢᠶ᠎ᠡ ᠦᠵᠡᠭᠦᠯᠬᠦ ᠰᠠᠭᠤᠷᠢᠨ ᠤ ᠦᠨᠳᠦᠰᠦᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠣᠨᠴᠠᠯᠢᠭᠳᠣ ᠵᠢᠭᠤᠯᠴᠢᠯᠠᠯ ᠤᠨ ᠵᠢᠵᠢᠭ ᠪᠠᠯᠭᠠᠰᠣ ᠶᠢ ᠪᠠᠶᠢᠭᠤᠯᠤᠨ᠎ᠠ᠃ | ᠬᠤᠳᠠ ᠪᠠᠯᠭᠠᠰᠣᠨ ᠤ ᠬᠦᠭᠵᠢᠯᠳᠡ ᠶᠢ ᠨᠢᠭᠡᠳᠣᠯᠳᠠᠢ ᠲᠦᠯᠦᠪᠯᠡᠵᠦ᠂ ᠦᠵᠡᠰᠭᠦᠯᠡᠩᠳᠣ ᠬᠦᠳᠡᠭᠡ ᠳᠣᠰᠬᠤᠨ ᠤ | ᠪᠠᠶᠢᠭᠤᠯᠤᠯᠳᠠ ᠲᠠᠢ ᠤᠶᠠᠯᠳᠣᠭᠤᠯᠤᠨ᠂ ᠣᠯᠣᠰ ᠢᠶᠠᠨ ᠬᠠᠶᠢᠷᠠᠯᠠᠨ ᠡᠷᠡᠭᠦᠯ ᠬᠠᠮᠠᠭᠠᠯᠠᠯ ᠢ ᠪᠠᠳᠣᠯᠠᠬᠤ ᠪᠠ ᠬᠤᠳᠠ ᠬᠦᠳᠡᠭᠡ | ᠶᠢᠨ ᠣᠷᠴᠢᠨ ᠳᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ ᠶᠢ ᠴᠢᠩᠭᠠᠳᠬᠠᠵᠤ᠂ ᠰᠣᠮᠣ ᠪᠠᠯᠭᠠᠰᠣᠨ ᠤ ᠬᠠᠶᠠᠭᠳᠠᠮᠠᠯ | ᠪᠤᠳᠠᠰ ᠢ ᠪᠤᠯᠠᠵᠦ ᠴᠡᠪᠡᠷᠯᠡᠬᠦ ᠲᠠᠯᠠᠪᠠᠢ᠂ ᠬᠠᠶᠠᠭᠳᠠᠮᠠᠯ ᠪᠤᠳᠠᠰ ᠢ ᠬᠤᠷᠢᠶᠠᠵᠦ ᠳᠠᠮᠵᠢᠭᠤᠯᠬᠤ ᠦᠷᠳᠡᠭᠡ ᠵᠢᠴᠢ ᠤᠰᠤᠨ | ᠴᠡᠪᠡᠷᠰᠢᠭᠴᠢ ᠵᠤᠷᠯᠤᠩ ᠤᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ | ᠤᠨ ᠬᠤᠰᠢᠭᠤ ᠶᠢ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠮ | ᠨᠡᠪᠳᠡᠷᠡᠯᠬᠡ ᠶᠢᠨ ᠨᠦᠬᠦᠴᠡᠯ ᠢ ᠰᠠᠶᠢᠵᠢᠷᠠᠭᠤᠯᠵᠤ᠂ 70 ᠺᠢᠯᠤᠮᠧᠲᠷ ᠤᠨ ᠨᠠᠷᠢᠨ ᠵᠠᠮ ᠢ ᠦᠷᠭᠡᠳᠭᠡᠬᠦ ᠢᠨᠵᠧᠨᠧᠷᠢᠩ ᠢ | ᠭᠡᠷᠡᠭᠵᠢᠭᠦᠯᠦᠨ᠎ᠡ᠃ ᠪᠤᠷᠤ ᠭᠡᠷ ᠤᠨ ᠳᠣᠭᠤᠷᠢᠭ ᠢ ᠦᠭᠡᠷᠡᠴᠢᠯᠡᠬᠦ ᠲᠦᠰᠦᠯ ᠲᠤ ᠲᠦᠰᠢᠭᠯᠡᠨ᠂ ᠨᠦᠬᠡᠴᠡᠯᠡᠭᠳᠡᠭᠰᠡᠨ ᠭᠡᠷ | ᠪᠠᠶᠢᠰᠢᠩ ᠢ ᠰᠢᠢᠳᠪᠦᠷᠢᠯᠡᠬᠦ ᠠᠵᠢᠯ ᠢ ᠰᠠᠶᠢᠳᠣᠷ ᠬᠢᠵᠤ᠂ ᠰᠠᠭᠤᠭᠠᠯᠢ ᠠᠷᠠᠳ ᠢ ᠠᠶᠤᠯ ᠲᠠᠢ ᠬᠠᠭᠤᠴᠢᠨ ᠪᠠᠶᠢᠰᠢᠩ ᠢ | ᠨᠤᠷᠠᠭᠠᠵᠤ ᠨᠡᠭᠦᠯᠭᠡᠬᠦ ᠠᠵᠢᠯ ᠳᠤ ᠢᠳᠡᠪᠬᠢᠯᠡᠨ ᠣᠷᠣᠯᠴᠠᠭᠤᠯᠵᠤ᠂ ᠰᠠᠭᠤᠭᠠᠯᠢ ᠠᠷᠠᠳ ᠤᠨ ᠠᠮᠢᠳᠣᠷᠠᠯ ᠤᠨ ᠬᠢᠷᠢ | ᠲᠦᠪᠰᠢᠨ ᠢ ᠣᠯᠠᠮ ᠰᠠᠶᠢᠵᠢᠷᠠᠭᠤᠯᠤᠨ᠂ ᠱᠠᠩᠳᠣ ᠪᠠᠯᠭᠠᠰᠣᠨ ᠤ ᠬᠠᠭᠤᠴᠢᠨ ᠤᠷᠤᠨ ᠰᠠᠭᠤᠴᠠ ᠶᠢᠨ ᠳᠣᠭᠤᠷᠢᠭ ᠢ ᠪᠦᠬᠦᠨ | ᠢ ᠦᠬᠡᠷᠡᠴᠢᠯᠡᠬᠦ ᠬᠠᠷᠠᠯᠳᠠ ᠪᠠᠨ ᠪᠡᠶᠡᠯᠡᠬᠦᠯᠬᠦ ᠪᠠᠷ ᠴᠢᠷᠮᠠᠶᠢᠨ᠎ᠠ᠃ ᠪᠤᠷᠣ ᠭᠡᠷ ᠤᠨ ᠳᠣᠭᠤᠷᠢᠭ ᠢ ᠦᠭᠡᠷᠡᠴᠢᠯᠡᠬᠦ ᠲᠦᠰᠦᠯ | ᠲᠠᠢ ᠤᠶᠠᠯᠳᠣᠭᠤᠯᠤᠨ᠂ ︽ᠬᠤᠳᠠ᠂ ᠦᠢᠯᠡᠳᠪᠦᠷᠢ ᠶᠢ ᠰᠠᠯᠭᠠᠬᠤ︾ ᠠᠵᠢᠯ ᠢ ᠠᠬᠢᠭᠤᠯᠵᠦ᠂ ᠰᠠᠭᠤᠭᠠᠯᠢ ᠠᠷᠠᠳ ᠤᠨ | ᠳᠣᠭᠤᠷᠢᠭ ᠲᠠᠬᠢ ᠮᠤᠩᠭᠤᠯ ᠭᠡᠷ ᠤᠨ ᠦᠢᠯᠡᠳᠪᠦᠷᠢ᠂ ᠢᠳᠡᠭᠡᠨ ᠪᠤᠯᠪᠠᠰᠣᠷᠠᠭᠤᠯᠬᠤ ᠠᠵᠤ ᠠᠬᠤᠶᠢᠯᠠᠯ ᠢ ᠠᠵᠤ ᠦᠢᠯᠡᠰ | ᠤᠨ ᠬᠦᠷᠢᠶᠡᠯᠡᠩ ᠳᠤ ᠨᠢᠬᠡᠳᠦᠯᠳᠡᠢ ᠨᠡᠭᠦᠯᠭᠡᠨ᠎ᠡ᠃ ᠰᠡᠶᠢᠮᠡᠭᠡᠷ ᠬᠤᠳᠠ᠂ ᠬᠤᠳᠠ ᠳᠣᠭᠤᠷᠢᠭᠰᠠᠨ ᠣᠰᠣᠨ ᠰᠢᠰᠲ᠋ᠧᠮ ᠤᠨ | ᠲᠦᠰᠦᠯ ᠤᠨ ᠪᠠᠶᠢᠭᠤᠯᠤᠯᠳᠠ ᠶᠢ ᠲᠦᠷᠭᠡᠨ ᠠᠬᠢᠭᠤᠯᠵᠤ᠂ ᠱᠠᠩᠳᠣ ᠶᠢᠨ ᠭᠤᠤᠯ ᠤᠨ ᠰᠠᠪᠠ ᠭᠠᠵᠠᠷ ᠤᠨ ᠣᠰᠣᠨ ᠤ ᠡᠬᠢ | ᠪᠠᠶᠠᠯᠢᠭ᠂ ᠴᠡᠪᠡᠷᠰᠢᠭᠦᠯᠦᠭᠰᠡᠨ ᠣᠰᠣᠨ ᠤ ᠡᠬᠢ ᠪᠠᠶᠠᠯᠢᠭ ᠪᠠ ᠬᠤᠳᠠ ᠳᠣᠭᠤᠷᠢᠭ ᠤᠨ ᠵᠦᠯᠭᠡᠳᠦ ᠴᠡᠴᠡᠷᠯᠢᠭ᠂ ᠠᠮᠢ | ᠠᠬᠤᠢ ᠶᠢᠨ ᠬᠦᠷᠢᠶᠡᠯᠡᠩ᠂ ᠱᠠᠩᠳᠣ ᠴᠠᠬᠢᠯᠭᠠᠨ ᠦᠢᠯᠡᠳᠪᠦᠷᠢ ᠶᠢᠨ ᠵᠤᠬᠢᠶᠠᠮᠠᠯ ᠨᠠᠭᠤᠷ ᠤᠨ ᠴᠡᠪᠡᠷᠰᠢᠬᠦᠯᠬᠦ ᠴᠢᠳᠠᠪᠬᠢ ᠶᠢ | ᠪᠦᠳᠦᠮᠵᠢᠳᠠᠢ ᠠᠰᠢᠭᠯᠠᠵᠤ᠂ ᠣᠰᠣᠨ ᠤ ᠡᠬᠢ ᠪᠠᠶᠠᠯᠢᠭ ᠤᠨ ᠣᠷᠴᠢᠯ ᠠᠰᠢᠭᠯᠠᠯᠳᠠ ᠶᠢ ᠪᠡᠶᠡᠯᠡᠭᠦᠯᠦᠨ᠎ᠡ᠃ | ︵ᠳᠣᠯᠤᠭ᠎ᠠ︶ ᠠᠷᠠᠳ ᠤᠨ ᠠᠮᠢᠳᠣᠷᠠᠯ ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠳᠤ ᠪᠠᠳᠣᠯᠠᠭ᠎ᠠ | ᠬᠠᠩᠭᠠᠨ᠎ᠠ᠃ ᠠᠷᠠᠳ ᠤᠨ ᠠᠮᠢᠳᠣᠷᠠᠯ ᠢ ᠪᠠᠳᠤᠯᠠᠵᠦ᠂ ᠠᠷᠠᠳ ᠲᠦᠮᠡᠨ ᠳᠤ ᠪᠤᠶᠠᠨ ᠦᠢᠯᠡᠳᠦᠨ᠂ ᠠᠵᠤ ᠠᠬᠤᠢ ᠶᠢᠨ | ᠬᠦᠭᠵᠢᠯᠳᠡ ᠶᠢ ᠨᠡᠶᠢᠭᠡᠮ᠂ ᠠᠷᠠᠳ ᠤᠨ ᠠᠮᠢᠳᠣᠷᠠᠯ ᠳᠤ ᠦᠢᠯᠡᠴᠢᠯᠡᠭᠦᠯᠵᠦ᠂ ᠣᠯᠠᠨ ᠲᠦᠮᠡᠨ ᠳᠤ ᠬᠦᠭᠵᠢᠯᠳᠡ ᠶᠢᠨ ᠦᠷ᠎ᠡ | ᠪᠦᠳᠦᠮᠵᠢ ᠶᠢ ᠬᠠᠮᠳᠣ ᠳᠤᠨᠢ ᠡᠳ᠋ᠯᠡᠭᠦᠯᠦᠨ᠂ ᠠᠷᠠᠳ ᠲᠦᠮᠡᠨ ᠤ ᠠᠰᠢᠭ ᠳᠣᠰᠠ ᠲᠠᠢ ᠬᠤᠯᠪᠤᠭᠳᠠᠬᠤ ᠪᠤᠳᠠᠳᠣ ᠠᠵᠢᠯ ᠢ | ᠬᠢᠨ᠎ᠠ᠃ ᠲᠠᠷᠤᠢ᠂ ᠨᠢᠭᠡ ᠳᠤ᠂ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠰᠣᠷᠭᠠᠭᠤᠯᠢ | ᠪᠠᠶᠢᠭᠤᠯᠬᠤ ᠨᠦᠬᠦᠴᠡᠯ ᠢ ᠰᠠᠶᠢᠵᠢᠷᠠᠭᠤᠯᠵᠤ᠂ ᠦᠨᠳᠦᠰᠦᠨ ᠱᠠᠳᠣᠨ ᠤ 3 ᠴᠡᠴᠡᠷᠯᠢᠭ ᠢ ᠰᠢᠨ᠎ᠡ ᠪᠠᠷ ᠪᠠᠶᠢᠭᠤᠯᠤᠨ᠂ 3 | ᠴᠡᠴᠡᠷᠯᠢᠭ ᠢ ᠦᠷᠭᠡᠳᠭᠡᠨ ᠪᠠᠶᠢᠭᠤᠯᠵᠤ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ ᠬᠦᠭᠵᠢᠯᠳᠡ ᠶᠢ ᠲᠦᠷᠢᠮᠵᠢᠭᠦᠯᠦᠨ᠎ᠡ︔ | ᠬᠤᠶᠠᠷ ᠲᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠵᠤ᠂ ᠱᠠᠩᠳᠣ | ᠪᠠᠯᠭᠠᠰᠣᠨ ᠤ ᠪᠤᠷᠤ ᠭᠡᠷ ᠤᠨ ᠳᠣᠭᠤᠷᠢᠭ ᠲᠠᠬᠢ 2000 ᠡᠷᠦᠭᠡ ᠶᠢᠨ ᠦᠭᠡᠷᠡᠴᠢᠯᠡᠯᠳᠡ ᠶᠢ ᠪᠡᠶᠡᠯᠡᠭᠦᠯᠦᠨ᠎ᠡ︔ ᠭᠤᠷᠪᠠ | ᠳᠤ᠂ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠭᠡᠷᠡᠭᠰᠡᠬᠦ ᠨᠦᠬᠦᠴᠡᠯ ᠢ ᠰᠠᠶᠢᠵᠢᠷᠠᠭᠤᠯᠵᠤ᠂ 255 ᠡᠷᠦᠭᠡ ᠳᠤ | ᠴᠠᠬᠢᠯᠭᠠᠨ ᠨᠡᠪᠳᠡᠷᠡᠭᠦᠯᠬᠦ ᠠᠵᠢᠯ ᠢ ᠪᠡᠶᠡᠯᠡᠭᠦᠯᠦᠨ᠎ᠡ᠃ ᠲᠦᠷᠪᠡ ᠳᠤ᠂ ᠡᠮ ᠡᠮᠨᠡᠯᠭᠡ ᠪᠠᠷ ᠠᠷᠠᠳ ᠲᠤ ᠠᠰᠢᠭ ᠬᠦᠷᠳᠡᠭᠡᠬᠦ | ᠢᠨᠵᠧᠨᠧᠷᠢᠩ ᠢ ᠯᠠᠪᠳᠠᠭᠤᠨ ᠠᠬᠢᠭᠤᠯᠵᠤ᠂ ᠮᠠᠯᠴᠢᠨ ᠲᠠᠷᠢᠶᠠᠴᠢᠨ ᠤ ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ | ᠂ ᠵᠢᠷᠮᠦᠰᠦᠯᠡᠬᠦ ᠠᠴᠠ ᠡᠮᠦᠨᠡᠬᠢ ᠲᠦᠯᠦᠪᠦᠷᠢ ᠦᠭᠡᠢ ᠪᠠᠶᠢᠴᠠᠭᠠᠯᠳᠠ ᠪᠠ ᠪᠦᠬᠦᠯᠢ 65 ᠨᠠᠰᠣᠨ ᠠᠴᠠ ᠲᠡᠭᠡᠭᠰᠢᠬᠢ | ᠨᠠᠰᠣᠳᠠᠶᠢᠴᠣᠳ ᠤᠨ ᠦᠨ᠎ᠡ ᠲᠦᠯᠦᠪᠤᠷᠢ ᠦᠬᠡᠢ ᠪᠡᠶ᠎ᠡ ᠶᠢᠨ ᠪᠠᠶᠢᠴᠠᠭᠠᠯᠳᠠ ᠶᠢᠨ ᠠᠵᠢᠯ ᠢ ᠦᠷᠭᠦᠯᠵᠢᠯᠠᠨ ᠰᠠᠶᠢᠳᠣᠷ | ᠦᠷᠨᠢᠭᠦᠯᠦᠨ᠎ᠡ︔ ᠲᠠᠪᠤ ᠳᠤ᠂ ᠣᠯᠠᠨ ᠲᠦᠮᠡᠨ ᠤ ᠦᠢᠯᠡᠰ ᠪᠤᠰᠬᠠᠵᠤ᠂ ᠰᠢᠨ᠎ᠡ ᠶᠢ ᠡᠭᠦᠳᠬᠦ ᠶᠢ ᠬᠦᠨᠵᠡᠭᠡᠢ ᠠᠬᠢᠭᠤᠯᠵᠤ᠂ | ᠬᠤᠳᠠ ᠪᠠᠯᠭᠠᠰᠣᠨ ᠤ ᠳᠣᠰᠬᠠᠢ ᠮᠡᠷᠭᠡᠵᠢᠯ ᠤᠨ ᠪᠤᠯᠪᠠᠰᠣᠷᠠᠯ ᠢ 1850 ᠬᠦᠮᠦᠨ ᠣᠳᠠᠭ᠎ᠠ ᠵᠤᠬᠢᠶᠠᠨ ᠪᠠᠶᠢᠭᠤᠯᠤᠨ᠂ | 1200 ᠲᠦᠮᠡᠨ ᠲᠦᠭᠦᠷᠢᠭ ᠤᠨ ᠪᠠᠭ᠎ᠠ ᠳᠣᠭᠠᠨ ᠤ ᠪᠠᠳᠣᠯᠠᠭᠠᠳᠣ ᠵᠢᠭᠡᠯᠡᠯᠭᠡ ᠳᠠᠯᠪᠢᠨ᠎ᠡ︔ ᠵᠢᠷᠭᠤᠭ᠎ᠠ ᠳᠤ᠂ ᠪᠦᠬᠦᠯᠢ | 77 ᠨᠠᠰᠣᠨ ᠠᠴᠠ ᠲᠡᠭᠡᠭᠰᠢᠬᠢ ᠨᠠᠰᠣᠳᠠᠶᠢᠴᠣᠳ ᠲᠤ ᠦᠨᠳᠦᠷ ᠨᠠᠰᠤᠳᠠᠨ ᠤ ᠨᠦᠬᠦᠪᠦᠷᠢ ᠮᠦᠩᠬᠦ ᠶᠢ ᠦᠷᠭᠦᠯᠵᠢᠯᠠᠨ | ᠳᠠᠷᠬᠠᠭᠠᠵᠤ᠂ ᠪᠦᠬᠦᠯᠢ 77 ᠠᠴᠠ 89 ᠨᠠᠰᠣᠳᠠᠢ ᠨᠠᠰᠤᠳᠠᠨ ᠳᠤ ᠬᠦᠮᠦᠨ ᠪᠦᠷᠢ ᠶᠢᠨ ᠰᠠᠷ᠎ᠠ ᠶᠢᠨ 100 ᠲᠦᠭᠦᠷᠢᠭ᠂ | ᠪᠦᠬᠦᠯᠢ 90 ᠠᠴᠠ 99 ᠨᠠᠰᠣᠳᠠᠢ ᠨᠠᠰᠤᠳᠠᠨ ᠳᠤ ᠬᠦᠮᠦᠨ ᠪᠦᠷᠢ ᠶᠢᠨ ᠰᠠᠷ᠎ᠠ ᠶᠢᠨ 300 ᠲᠦᠭᠦᠷᠢᠭ᠂ ᠪᠦᠬᠦᠯᠢ 100 | ᠨᠠᠰᠣᠨ ᠠᠴᠠ ᠲᠡᠭᠡᠭᠰᠢᠬᠢ ᠨᠠᠰᠣᠳᠠᠳ ᠲᠤ ᠬᠦᠮᠦᠨ ᠪᠦᠷᠢ ᠶᠢᠨ ᠰᠠᠷ᠎ᠠ ᠶᠢᠨ 600 ᠲᠦᠭᠦᠷᠢᠭ ᠣᠯᠭᠤᠨ᠎ᠠ︔ ᠳᠤᠯᠤᠭ᠎ᠠ | ᠳᠤ᠂ ᠳᠣᠣᠷ᠎ᠠ ᠪᠠᠳᠣᠯᠠᠭᠠᠳᠣ ᠡᠷᠦᠭᠡ ᠠᠴᠠ ᠪᠤᠰᠣᠳ ᠮᠠᠯᠴᠢᠨ ᠡᠷᠦᠭᠡ ᠶᠢᠨ ᠦᠷ᠎ᠡ ᠭᠡᠣᠭᠡᠳ ᠨᠢ ᠶᠡᠭᠡ ᠰᠣᠷᠭᠠᠭᠤᠯᠢ ᠶᠢᠨ | ᠵᠢᠩᠬᠢᠨᠢ ᠠᠩᠬᠢ᠂ ᠳᠣᠰᠬᠠᠢ ᠮᠡᠷᠭᠡᠵᠢᠯ ᠤᠨ ᠲᠡᠭᠡᠳᠦ ᠰᠣᠷᠭᠠᠭᠤᠯᠢ ᠳᠤ ᠰᠢᠯᠭᠠᠭᠳᠠᠨ ᠣᠷᠣᠭᠰᠠᠨ ᠪᠤᠯ ᠨᠢᠭᠡᠯᠡ ᠲᠡᠭᠡᠷ᠎ᠡ | ᠬᠠᠮᠤᠭ ᠪᠠᠭ᠎ᠠ ᠳᠠᠭᠠᠨ 3000 ᠲᠦᠭᠦᠷᠢᠭ ᠪᠠ 2000 ᠲᠦᠭᠦᠷᠢᠭ ᠨᠦᠬᠦᠪᠦᠷᠢᠯᠡᠨ᠎ᠡ᠃ ᠨᠠᠢᠮᠠ ᠳᠤ᠂ ᠪᠡᠭᠡᠵᠢᠩ ᠤᠨ ᠠᠨ | ᠵᠧᠨ ᠡᠮᠨᠡᠯᠭᠡ ᠶᠢᠨ ᠬᠤᠷᠢᠶ᠎ᠠ᠂ 301 ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠪᠠᠶᠢᠭᠤᠯᠤᠮᠵᠢ ᠲᠠᠢ ᠬᠠᠮᠳᠣᠷᠠᠯᠴᠠᠭ᠎ᠠ | ᠪᠠᠨ ᠴᠢᠩᠭᠠᠳᠬᠠᠵᠤ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠬᠢ ᠶᠢ ᠪᠦᠬᠦ | ᠲᠠᠯ᠎ᠠ ᠪᠠᠷ ᠲᠡᠭᠡᠭᠰᠢᠯᠡᠭᠦᠯᠦᠨ᠎ᠡ᠃ | ᠶᠠᠳᠠᠭᠤ ᠶᠢ ᠲᠡᠳᠭᠦᠭᠰᠡᠨ ᠦᠷ᠎ᠡ ᠪᠦᠳᠦᠮᠵᠢ ᠪᠠᠨ ᠣᠯᠠᠮ ᠨᠢᠭᠡ ᠠᠯᠬᠤᠮ ᠪᠠᠳᠣᠵᠢᠭᠤᠯᠵᠤ᠂ ᠶᠠᠳᠠᠭᠤ ᠶᠢ ᠲᠡᠳᠬᠦᠬᠦ | ᠰᠢᠪᠳᠣᠯᠣᠯᠳᠠ ᠤᠨ ᠢᠨᠵᠧᠨᠧᠷᠢᠩ ᠢ ᠬᠠᠮᠤᠭ ᠴᠢᠬᠤᠯᠠ ᠶᠠᠪᠤᠳᠠᠯ ᠪᠠ ᠠᠷᠠᠳ ᠤᠨ ᠠᠮᠢᠳᠣᠷᠠᠯ ᠤᠨ ᠲᠡᠷᠢᠭᠦᠨ ᠤ | ᠢᠨᠵᠧᠨᠧᠷᠢᠩ ᠪᠤᠯᠭᠠᠨ ᠠᠳᠬᠤᠵᠤ᠂ ᠨᠠᠷᠢᠨ ᠣᠨᠣᠪᠴᠢᠳᠠᠢ ᠪᠠᠷ ᠶᠠᠳᠠᠭᠤ ᠶᠢ ᠲᠡᠳᠬᠦᠬᠦ ᠪᠠ ᠨᠠᠷᠢᠨ ᠣᠨᠣᠪᠴᠢᠳᠠᠢ ᠪᠠᠷ | ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠠᠴᠠᠭ᠎ᠠ ᠲᠤᠰᠬᠤᠨ ᠤ 23 | ᠬᠦᠴᠢᠷᠳᠡᠯᠳᠡᠢ ᠡᠷᠦᠭᠡ ᠳᠤ 5000 ᠲᠦᠮᠡᠨ ᠲᠦᠭᠦᠷᠢᠭ ᠤᠨ ᠮᠦᠩᠭᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠭᠡᠯᠡᠯᠭᠡ | ᠤᠯᠭᠤᠵᠦ᠂ ᠮᠢᠬᠠᠨ ᠤ ᠦᠭᠡᠷ ᠲᠡᠵᠢᠬᠡᠬᠦ ᠦᠢᠯᠡᠰ ᠪᠠ ᠫᠧᠩ ᠬᠤᠷᠤᠭᠠᠨ ᠤ ᠪᠠᠶᠢᠭᠤᠯᠤᠯᠳᠠ ᠶᠢ ᠭᠤᠤᠯᠳᠠᠭ᠎ᠠ ᠲᠠᠢ | ᠳᠡᠮᠵᠢᠨ᠎ᠡ᠃ ︽ᠭᠤᠷᠪᠠ ᠶᠢ ᠭᠠᠴᠠᠭ᠎ᠠ ᠲᠤᠰᠬᠤᠨ ᠪᠠ ᠡᠷᠦᠭᠡ ᠳᠤ ᠬᠦᠷᠭᠡᠬᠦ︾ ᠲᠦᠰᠦᠯ ᠤᠨ ᠪᠡᠯᠡ ᠮᠦᠩᠬᠦ ᠶᠢ 1050 | ᠲᠦᠮᠡᠨ ᠲᠦᠭᠦᠷᠢᠭ ᠨᠠᠶᠢᠳᠠᠪᠤᠷᠢᠵᠢᠭᠤᠯᠤᠨ᠂ 795 ᠶᠠᠳᠠᠭᠤ ᠬᠦᠴᠢᠷᠳᠡᠯᠳᠡᠢ ᠡᠷᠦᠭᠡ ᠶᠢ ᠲᠤᠰᠠᠯᠠᠨ ᠲᠡᠳᠬᠦᠵᠦ᠂ ᠮᠠᠯ | ᠠᠵᠤ ᠠᠬᠤᠢ ᠪᠠ ᠵᠢᠭᠤᠯᠴᠢᠯᠠᠯ ᠤᠨ ᠦᠢᠯᠡᠰ ᠲᠤ ᠣᠷᠣᠯᠴᠠᠭᠤᠯᠤᠨ᠎ᠠ᠃ 956 ᠲᠦᠮᠡᠨ ᠲᠦᠭᠦᠷᠢᠭ ᠤᠨ ᠪᠡᠯᠡ | ᠣᠷᠣᠭᠤᠯᠵᠤ᠂ ᠨᠡᠭᠦᠨ ᠰᠢᠯᠵᠢᠭᠰᠡᠨ 69 ᠶᠠᠳᠠᠭᠤ ᠬᠦᠴᠢᠷᠳᠡᠯᠳᠡᠢ ᠡᠷᠦᠭᠡ ᠶᠢᠨ 147 ᠬᠦᠮᠦᠨ ᠪᠠ ᠳᠠᠭᠠᠵᠤ ᠨᠡᠭᠦᠭᠰᠡᠨ | 74 ᠬᠦᠮᠦᠨ ᠢ ᠲᠡᠳᠬᠦᠨ᠎ᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠢ ᠪᠠᠳᠣᠯᠠᠬᠤ ᠪᠠ ᠭᠠᠮᠰᠢᠭ ᠢ ᠰᠡᠷᠭᠡᠶᠢᠯᠡᠨ | ᠡᠰᠡᠷᠭᠦᠴᠡᠬᠦ ᠠᠵᠢᠯ ᠢ ᠨᠢᠮᠪᠠᠢ ᠬᠢᠵᠤ᠂ ᠣᠨᠴᠠᠭᠠᠢ ᠠᠭᠤᠷ ᠠᠮᠢᠰᠬᠤᠯ ᠢ ᠢᠳᠡᠪᠬᠢᠳᠠᠢ ᠪᠠᠷ ᠠᠷᠭᠠᠴᠠᠬᠤ᠂ ᠡᠪᠡᠰᠦ ᠪᠤᠷᠳᠤᠭ᠎ᠠ | ᠨᠦᠭᠡᠴᠡᠯᠡᠵᠦ ᠪᠡᠯᠡᠳᠭᠡᠬᠦ᠂ ᠵᠠᠰᠠᠮᠠᠯ ᠵᠠᠮ ᠤᠨ ᠰᠠᠭᠠᠳ ᠦᠭᠡᠢ ᠪᠠᠶᠢᠬᠤ ᠶᠢ ᠪᠠᠳᠣᠯᠠᠬᠤ᠂ ᠲᠦᠯ ᠳᠣᠰᠴᠣ ᠪᠤᠶᠢᠵᠢᠭᠤᠯᠬᠤ | ᠪᠠ ᠮᠠᠯ ᠤᠨ ᠬᠢᠵᠢᠭ ᠠᠴᠠ ᠰᠡᠷᠭᠡᠶᠢᠯᠡᠬᠦ ᠵᠡᠷᠭᠡ ᠠᠵᠢᠯ ᠢ ᠣᠷᠢᠳᠴᠢᠯᠡᠨ ᠰᠠᠶᠢᠳᠣᠷ ᠬᠢᠨ᠎ᠠ᠃ ᠠᠮᠤ ᠪᠤᠳᠠᠭᠠᠨ ᠤ ᠠᠮᠤᠷ | ᠲᠦᠪᠰᠢᠨ ᠢ ᠪᠠᠳᠣᠯᠠᠵᠤ᠂ ᠣᠯᠣᠰ ᠪᠠ ᠭᠠᠵᠠᠷ ᠣᠷᠣᠨ ᠤ ᠠᠮᠤ ᠪᠤᠳᠠᠭ᠎ᠠ ᠨᠦᠬᠡᠴᠡᠯᠡᠬᠦ ᠡᠬᠦᠷᠬᠡ ᠶᠢ ᠴᠠᠭ ᠳᠣᠬᠠᠢ ᠳᠤᠨᠢ | ᠪᠡᠶᠡᠯᠡᠭᠦᠯᠦᠨ᠎ᠡ᠃ ᠬᠦᠴᠢᠷᠳᠡᠯᠳᠡᠢ ᠣᠯᠠᠨ ᠲᠦᠮᠡᠨ ᠤ ᠠᠮᠢᠳᠣᠷᠠᠯ ᠢ ᠪᠠᠳᠣᠯᠠᠬᠤ ᠠᠵᠢᠯ ᠢ ᠰᠠᠶᠢᠳᠣᠷ ᠬᠢᠵᠤ᠂ ᠣᠯᠣᠰ ᠤᠨ | ᠡᠯ᠎ᠡ ᠲᠦᠷᠦᠯ ᠤᠨ ᠠᠷᠠᠳ ᠤᠨ ᠠᠮᠢᠳᠣᠷᠠᠯ ᠢ ᠬᠠᠷᠠᠭᠠᠯᠵᠠᠬᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠤ᠂ | ᠰᠣᠷᠪᠤᠯᠵᠢᠯᠠᠨ ᠳᠣᠬᠢᠨᠠᠭᠤᠯᠬᠤ᠂ ᠳᠣᠰᠬᠠᠢ ᠲᠦᠷᠦᠯ ᠢᠶᠠᠷ ᠳᠣᠰᠠᠯᠠᠨ ᠲᠡᠳᠬᠦᠬᠦ᠂ ᠬᠠᠯᠠᠮᠵᠢ ᠬᠦᠷᠭᠡᠬᠦ ᠵᠡᠷᠭᠡ ᠠᠵᠢᠯᠯᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠠᠰᠣᠵᠢᠯ ᠤᠨ ᠮᠦᠩᠬᠦ᠂ ᠳᠣᠰᠠᠯᠠᠨ ᠲᠡᠳᠬᠦᠬᠦ ᠮᠦᠩᠬᠦ ᠵᠡᠷᠭᠡ ᠡᠯ᠎ᠡ ᠲᠦᠷᠦᠯ | ᠤᠨ ᠠᠷᠠᠳ ᠲᠤ ᠠᠰᠢᠭ ᠬᠦᠷᠳᠡᠭᠡᠬᠦ ᠨᠦᠬᠦᠪᠦᠷᠢ ᠶᠢ ᠴᠠᠭ ᠳᠣᠬᠠᠢ ᠳᠤᠨᠢ ᠳᠤᠭ᠎ᠠ ᠶᠤᠰᠣᠭᠠᠷ ᠳᠠᠷᠬᠠᠭᠠᠵᠤ᠂ ᠭᠠᠭᠴᠠ ᠪᠡᠶ᠎ᠡ | ︵ᠭᠤᠤᠨᠢ︶ ᠨᠠᠰᠣᠳᠠᠨ᠂ ᠮᠠᠯᠴᠢᠨ ᠲᠠᠷᠢᠶᠠᠴᠢᠨ ᠤ ᠨᠤᠳᠤᠭ ᠲᠠᠭᠠᠨ ᠦᠯᠡᠳᠡᠭᠰᠡᠨ ᠭᠡᠣᠭᠡᠳ᠂ ᠵᠡᠮᠳᠡᠭ ᠬᠦᠮᠦᠨ ᠵᠡᠷᠭᠡ | ᠣᠨᠴᠠᠭᠠᠢ ᠨᠢᠭᠡ ᠪᠦᠯᠦᠭ ᠬᠦᠮᠦᠰ ᠢ ᠬᠠᠯᠠᠮᠵᠢᠯᠠᠬᠤ ᠠᠵᠢᠯ ᠢ ᠰᠠᠶᠢᠳᠣᠷ ᠬᠢᠵᠤ᠂ ᠨᠠᠮ ᠪᠠ ᠵᠠᠰᠠᠭ ᠤᠨ ᠬᠠᠶᠢᠷ᠎ᠠ ᠬᠠᠯᠠᠮᠵᠢ | ᠶᠢ ᠣᠯᠠᠨ ᠲᠦᠮᠡᠨ ᠳᠤ ᠬᠦᠷᠳᠡᠬᠡᠨ᠎ᠡ᠃ | ᠬᠤᠳᠠ ᠪᠠᠯᠭᠠᠰᠣ ᠶᠢ ᠨᠢᠭᠡᠳᠣᠯᠳᠠᠢ ᠲᠦᠯᠦᠪᠯᠡᠬᠦ ᠶᠢ ᠪᠠᠷᠢᠮᠳᠠᠯᠠᠵᠤ᠂ ᠰᠣᠷᠭᠠᠨ ᠬᠦᠮᠦᠵᠢᠯ᠂ ᠡᠮ ᠡᠮᠨᠡᠯᠭᠡ᠂ | ᠦᠢᠯᠡᠰ ᠪᠤᠰᠬᠠᠵᠤ ᠠᠵᠢᠯ ᠣᠯᠭᠤᠬᠤ᠂ ᠨᠠᠶᠢᠭᠡᠮ ᠤᠨ ᠪᠠᠳᠣᠯᠠᠭ᠎ᠠ ᠵᠡᠷᠭᠡ ᠠᠵᠢᠯ ᠦᠢᠯᠡᠰ ᠤᠨ ᠯᠠᠪᠳᠠᠭᠤᠨ ᠬᠦᠭᠵᠢᠯᠳᠡ ᠶᠢ | ᠵᠤᠬᠢᠴᠠᠭᠤᠯᠤᠨ ᠠᠬᠢᠭᠤᠯᠵᠤ᠂ ᠬᠦᠮᠦᠨ ᠠᠮᠠ ᠶᠢᠨ ᠲᠦᠯᠦᠪᠯᠡᠭᠡᠳᠦ ᠦᠷᠡᠵᠢᠯ᠂ ᠡᠭᠡ ᠨᠢᠯᠬᠠᠰ᠂ ᠨᠠᠰᠣᠵᠢᠯ ᠤᠨ | ᠦᠢᠯᠡᠴᠢᠯᠡᠭᠡ ᠶᠢ ᠪᠠᠳᠣᠯᠠᠬᠤ ᠴᠢᠳᠠᠪᠬᠢ ᠶᠢ ᠲᠡᠭᠡᠭᠰᠢᠯᠡᠭᠦᠯᠵᠦ᠂ ᠨᠡᠶᠢᠳᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠠᠳᠠᠯᠢ ᠲᠡᠭᠰᠢ ᠴᠢᠨᠠᠷ ᠢ ᠪᠡᠶᠡᠯᠡᠭᠦᠯᠵᠦ᠂ ᠣᠯᠠᠨ ᠲᠦᠮᠡᠨ ᠤ ᠬᠠᠮᠤᠭ ᠠᠴᠠ ᠬᠠᠯᠠᠮᠵᠢᠯᠠᠳᠠᠭ᠂ ᠬᠠᠮᠤᠭ ᠪᠤᠳᠠᠳᠠᠢ ᠠᠰᠢᠭ | ᠳᠣᠰᠠ ᠶᠢᠨ ᠠᠰᠭᠤᠳᠠᠯ ᠢ ᠰᠠᠶᠢᠳᠣᠷ ᠰᠢᠢᠳᠪᠦᠷᠢᠯᠡᠨ᠎ᠡ᠃ | ᠰᠣᠷᠭᠠᠨ ᠬᠦᠮᠦᠵᠢᠯ ᠤᠨ ᠬᠦᠷᠢᠶ᠎ᠡ ᠭᠡᠪᠴᠢᠶᠡᠨ ᠳᠠᠬᠢ ᠶᠡᠷᠦᠩᠬᠡᠢ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠰᠣᠷᠭᠠᠨ | ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠪᠠᠷᠢᠮᠳᠠᠯᠠᠵᠤ᠂ ᠠᠯᠪᠠᠨ ᠵᠢᠷᠣᠮ ᠤᠨ ᠰᠣᠷᠭᠠᠨ | ᠬᠦᠮᠦᠵᠢᠯ ᠢ ᠲᠡᠩᠴᠡᠭᠦᠷᠢᠳᠡᠢ ᠬᠦᠭᠵᠢᠭᠦᠯᠦᠭᠰᠡᠨ ᠦᠷ᠎ᠡ ᠪᠦᠳᠦᠮᠵᠢ ᠶᠢ ᠪᠠᠳᠣᠵᠢᠭᠤᠯᠤᠨ ᠲᠡᠭᠡᠭᠰᠢᠯᠡᠭᠦᠯᠵᠦ᠂ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠭᠤᠷᠪᠠᠨ ᠵᠢᠯ ᠤᠨ ᠲᠦᠯᠦᠪᠯᠡᠭᠡ ᠶᠢ ᠯᠠᠪᠳᠠᠭᠤᠨ ᠪᠠᠳᠣᠳᠠᠢ | ᠠᠬᠢᠭᠤᠯᠵᠤ᠂ 2017 ᠣᠨ ᠤ ᠲᠡᠭᠡᠳᠦ ᠰᠣᠷᠭᠠᠭᠤᠯᠢ ᠶᠢᠨ ᠰᠢᠯᠭᠠᠯᠳᠠ ᠳᠤ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ | ᠰᠢᠯᠭᠠᠭᠳᠠᠨ ᠣᠷᠣᠬᠤ ᠨᠤᠷᠮ᠎ᠠ ᠶᠢ 50% ᠠᠴᠠ ᠲᠡᠭᠡᠭᠰᠢ ᠳᠤ ᠬᠦᠷᠭᠡᠨ᠎ᠡ᠃ ᠡᠯ᠎ᠡ ᠰᠣᠷᠭᠠᠭᠤᠯᠢ ᠶᠢᠨ ᠬᠠᠮᠢᠶᠠᠷᠣᠯᠳᠠ ᠶᠢᠨ | ᠬᠢᠷᠢ ᠲᠦᠪᠰᠢᠨ ᠪᠠ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠮᠤᠩᠭᠤᠯ ᠪᠠᠭ᠎ᠠ | ᠰᠣᠷᠭᠠᠭᠤᠯᠢ ᠶᠢ ᠦᠨᠳᠦᠰᠦᠳᠡᠨ ᠤ ᠰᠣᠷᠭᠠᠨ ᠬᠦᠮᠦᠵᠢᠯ ᠤᠨ ᠰᠣᠳᠣᠨ ᠰᠣᠷᠭᠠᠭᠤᠯᠢ ᠪᠤᠯᠭᠠᠨ ᠪᠠᠶᠢᠭᠤᠯᠤᠨ᠎ᠠ᠃ | ᠣᠯᠠᠨ ᠲᠦᠮᠡᠨ ᠤ ᠦᠢᠯᠡᠰ ᠪᠤᠰᠬᠠᠬᠤ᠂ ᠰᠢᠨ᠎ᠡ ᠶᠢ ᠡᠭᠦᠳᠬᠦ ᠶᠢ ᠬᠦᠨᠵᠡᠭᠡᠢ ᠠᠬᠢᠭᠤᠯᠵᠤ᠂ ᠱᠠᠩᠳᠣ ᠪᠠᠯᠭᠠᠰᠣᠨ ᠤ | ᠰᠡᠭᠡᠭᠡᠳᠡᠨ ᠵᠠᠭᠡᠯᠢ᠂ ᠦᠨᠳᠦᠰᠦᠳᠠᠨ ᠤ ᠣᠨᠴᠠᠯᠢᠭᠳᠣ ᠠᠵᠤ ᠦᠢᠯᠡᠰ ᠤᠨ ᠬᠦᠷᠢᠶᠡᠯᠡᠩ ᠵᠡᠷᠭᠡ ᠦᠢᠯᠡᠰ ᠪᠤᠰᠬᠠᠬᠤ | ᠬᠦᠷᠢᠶᠡᠯᠡᠩ᠂ ᠦᠢᠯᠡᠰ ᠪᠤᠰᠬᠠᠭᠴᠢᠳ ᠤᠨ ᠰᠢᠨ᠎ᠡ ᠶᠢ ᠡᠭᠦᠳᠬᠦ ᠲᠡᠪᠴᠡᠩ ᠤᠨ ᠪᠠᠶᠢᠭᠤᠯᠤᠯᠳᠠ ᠶᠢ ᠰᠠᠶᠢᠳᠣᠷ ᠠᠳᠬᠤᠵᠤ᠂ | ᠨᠡᠩ ᠣᠯᠠᠨ ᠦᠢᠯᠡᠰ ᠪᠤᠰᠬᠠᠬᠤ ᠬᠠᠷᠠᠯᠳᠠ ᠲᠠᠢ ᠪᠠ ᠦᠢᠯᠡᠰ ᠪᠤᠰᠬᠠᠬᠤ ᠴᠢᠳᠠᠪᠤᠷᠢ ᠲᠠᠢ ᠬᠦᠮᠦᠰ ᠢ ᠲᠡᠳᠬᠦᠨ᠎ᠡ᠃ | ᠲᠡᠭᠡᠳᠦ ᠵᠡᠷᠭᠡ ᠶᠢᠨ ᠰᠣᠷᠭᠠᠭᠤᠯᠢ ᠠᠴᠠ ᠲᠡᠭᠦᠰᠦᠭᠰᠡᠨ ᠣᠶᠣᠳᠠᠳ᠂ ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ | ᠪᠠᠭᠤᠭᠰᠠᠨ ᠠᠵᠢᠯᠳᠠᠳ᠂ ᠬᠤᠳᠠ ᠳᠤ ᠣᠷᠣᠵᠤ ᠬᠦᠯᠦᠰᠦᠨ ᠠᠵᠢᠯ ᠬᠢᠵᠤ ᠪᠠᠶᠢᠭ᠎ᠠ ᠮᠠᠯᠴᠢᠨ ᠲᠠᠷᠢᠶᠠᠴᠢᠳ ᠵᠢᠴᠢ | ᠬᠦᠴᠢᠷᠳᠡᠯᠳᠡᠢ ᠣᠯᠠᠨ ᠲᠦᠮᠡᠨ ᠤ ᠠᠵᠢᠯ ᠣᠯᠭᠤᠯᠳᠠ ᠶᠢ ᠰᠠᠶᠢᠳᠣᠷ ᠠᠳᠬᠤᠵᠤ᠂ ᠠᠵᠢᠯ ᠣᠯᠭᠤᠯᠳᠠ ᠶᠢᠨ ᠳᠣᠭᠳᠠᠭᠤᠨ | ᠪᠠᠶᠢᠬᠤ ᠶᠢ ᠪᠠᠳᠣᠯᠠᠨ᠎ᠠ᠃ ᠮᠤᠩᠭᠤᠯ ᠬᠢᠳᠠᠳ ᠬᠤᠶᠠᠷ ᠬᠡᠯᠡ ᠶᠢ ᠵᠡᠷᠭᠡᠪᠡᠷ ᠭᠡᠷᠡᠭᠯᠡᠬᠦ ᠲᠦᠷᠢᠮ ᠢ ᠴᠢᠩᠭ᠎ᠠ ᠭᠡᠷᠡᠭᠵᠢᠭᠦᠯᠦᠨ᠎ᠡ᠃ | ᠪᠦᠬᠦ ᠨᠠᠶᠢᠭᠡᠮ ᠤᠨ ᠭᠡᠪᠴᠢᠶᠡᠨ ᠳᠤ ᠮᠤᠩᠭᠤᠯ ᠬᠡᠯᠡ ᠰᠣᠷᠣᠯᠴᠠᠨ ᠭᠡᠷᠡᠭᠯᠡᠬᠦ ᠣᠬᠢ ᠰᠠᠶᠢᠨ ᠣᠷᠴᠢᠨ ᠠᠬᠤᠢ ᠶᠢ ᠪᠤᠢ | ᠪᠤᠯᠭᠠᠵᠤ᠂ ᠣᠳᠣᠷᠢᠳᠬᠤ ᠺᠠᠳ᠋ᠷ᠂ ᠵᠠᠯᠠᠭᠤᠴᠤᠳ ᠪᠠᠭᠠᠴᠣᠳ᠂ ᠳᠣᠮᠳᠠ ᠪᠠᠭ᠎ᠠ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠣᠭᠠᠨ ᠤ ᠡᠷᠦᠭᠡ ᠳᠤ ᠬᠠᠨᠳᠣᠭᠤᠯᠤᠨ᠂ ᠮᠤᠩᠭᠤᠯ ᠬᠡᠯᠡᠨ ᠤ ᠪᠤᠯᠪᠠᠰᠣᠷᠠᠯ ᠤᠨ ᠠᠩᠬᠢ ᠪᠠ ᠮᠤᠩᠭᠤᠯ | ᠬᠡᠯᠡᠨ ᠤ ᠣᠷᠴᠢᠭᠤᠯᠭ᠎ᠠ ᠶᠢᠨ ᠪᠤᠯᠪᠠᠰᠣᠷᠠᠯ ᠤᠨ ᠠᠩᠬᠢ ᠶᠢ ᠡᠷᠬᠢᠯᠡᠵᠦ᠂ ᠭᠡᠷᠡᠭᠯᠡᠯᠳᠡ ᠶᠢᠨ ᠬᠢᠷᠢ ᠲᠦᠪᠰᠢᠨ ᠢ | ᠲᠦᠭᠡᠮᠡᠯᠵᠢᠭᠦᠯᠦᠨ ᠲᠡᠭᠡᠭᠰᠢᠯᠡᠭᠦᠯᠦᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠤᠨ ᠦᠢᠯᠡᠳᠦᠯ | ᠢᠶᠠᠨ ᠪᠠᠳᠠᠷᠠᠭᠤᠯᠵᠤ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠣᠷᠣᠯᠳᠣᠭᠠᠨ ᠢ ᠡᠷᠬᠢᠯᠡᠵᠦ᠂ ᠳᠣᠰᠬᠠᠢ ᠮᠡᠷᠭᠡᠵᠢᠯᠳᠠᠨ | ᠡᠷᠳᠡᠮᠳᠡᠨ ᠢ ᠣᠷᠢᠨ ᠵᠠᠯᠠᠵᠤ ᠰᠣᠳᠣᠯᠣᠯᠳᠠ ᠰᠣᠯᠢᠯᠴᠠᠭ᠎ᠠ ᠬᠢᠨ᠎ᠠ᠃ ᠰᠢᠨ᠎ᠡ ᠶᠢ ᠡᠭᠦᠳᠬᠦ ᠬᠦᠭᠵᠢᠯᠳᠡ ᠶᠢᠨ ᠪᠠᠶᠢᠯᠳᠣᠬᠤ | ᠪᠤᠳᠣᠯᠭ᠎ᠠ ᠶᠢ ᠬᠦᠴᠦᠯᠡᠨ ᠭᠡᠷᠡᠭᠵᠢᠭᠦᠯᠵᠦ᠂ ᠰᠢᠨ᠎ᠡ ᠶᠢ ᠡᠭᠦᠳᠬᠦ ᠲᠡᠪᠴᠡᠩ ᠪᠠ ᠴᠢᠳᠠᠪᠤᠷᠢᠳᠠᠨ ᠤ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠠᠵᠤ ᠠᠬᠤᠢ ᠳᠤ ᠦᠵᠡᠭᠦᠯᠬᠦ ᠬᠤᠪᠢ ᠨᠡᠮᠡᠭᠦᠷᠢ ᠶᠢ ᠣᠯᠠᠮ | ᠨᠢᠭᠡ ᠠᠯᠬᠤᠮ ᠲᠡᠭᠡᠭᠰᠢᠯᠡᠭᠦᠯᠦᠨ᠎ᠡ᠃ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠳᠡ ᠪᠠ ᠡᠮᠨᠡᠯᠭᠡ ᠶᠢᠨ | ᠳᠠᠭᠠᠳᠬᠠᠯ ᠤᠨ ᠮᠦᠩᠬᠦ ᠶᠢ ᠦᠭᠬᠦ ᠬᠡᠯᠪᠡᠷᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠬᠤᠰᠢᠭᠤᠨ ᠤ ᠲᠡᠰ ᠤᠨ | ᠡᠮᠨᠡᠯᠭᠡ ᠶᠢᠨ ᠪᠠᠶᠢᠭᠤᠯᠤᠮᠵᠢ ᠪᠠᠷ ᠳᠣᠯᠣᠭᠠᠶᠢᠯᠠᠭᠤᠯᠭᠰᠠᠨ᠂ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ | ᠭᠤᠤᠯ ᠪᠤᠯᠭᠠᠵᠤ᠂ ᠭᠠᠴᠠᠭ᠎ᠠ ᠳᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠢᠶᠠᠷ ᠰᠠᠭᠤᠷᠢ ᠪᠤᠯᠭᠠᠭᠰᠠᠨ ᠭᠤᠷᠪᠠᠨ ᠱᠠᠳᠣᠨ | ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠣᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠳᠠᠰᠤᠭ ᠤᠨ ᠪᠠᠶᠢᠭᠤᠯᠤᠯᠳᠠ ᠶᠢ ᠪᠡᠶᠡᠯᠡᠭᠦᠯᠵᠦ᠂ ︽ᠭᠡᠷ ᠪᠦᠯᠢ ᠶᠢᠨ ᠡᠷᠡᠭᠦᠯ | ᠮᠠᠨᠳᠣ ᠶᠢ ᠪᠠᠳᠣᠯᠠᠬᠤ ᠵᠢᠵᠢᠭ ᠡᠮ ᠤᠨ ᠬᠠᠶᠢᠷᠴᠠᠭ︾ ᠤᠨ ᠪᠦᠷᠬᠦᠴᠡ ᠶᠢ ᠲᠦᠬᠡᠮᠡᠯᠵᠢᠬᠦᠯᠦᠨ᠎ᠡ᠃ ︽ᠶᠡᠭᠡ ᠡᠷᠡᠭᠦᠯ ᠮᠠᠨᠳᠣ | ︾ ᠶᠢᠨ ᠦᠵᠡᠯᠳᠡ ᠶᠢ ᠪᠤᠢ ᠪᠤᠯᠭᠠᠵᠤ᠂ ᠮᠤᠩᠭᠤᠯ ᠡᠮ ᠡᠮᠨᠡᠯᠭᠡ᠂ ᠬᠢᠳᠡᠳ ᠡᠮ ᠡᠮᠨᠡᠯᠭᠡ ᠶᠢᠨ ᠪᠠᠶᠢᠭᠤᠯᠤᠮᠵᠢ ᠶᠢᠨ ᠳᠣᠨᠤᠭ | ᠲᠦᠭᠦᠭᠡᠷᠦᠮᠵᠢ ᠪᠠ ᠰᠣᠷᠠᠭ ᠵᠠᠩᠬᠢᠵᠢᠯᠡᠯᠳᠡ ᠶᠢᠨ ᠲᠡᠰ ᠬᠤᠪᠢᠶᠠᠭᠰᠠᠨ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠰᠠᠨ | ᠪᠠᠶᠢᠭᠤᠯᠤᠯᠳᠠ ᠶᠢ ᠴᠢᠩᠭᠠᠳᠬᠠᠵᠤ᠂ ᠮᠤᠩᠭᠤᠯ ᠡᠮ ᠡᠮᠨᠡᠯᠭᠡ᠂ ᠬᠢᠳᠠᠳ ᠡᠮ ᠡᠮᠨᠡᠯᠭᠡ ᠶᠢᠨ ᠠᠵᠢᠯ ᠦᠢᠯᠡᠰ ᠤᠨ ᠡᠷᠡᠭᠦᠯ | ᠢᠶᠠᠷ ᠬᠦᠭᠵᠢᠬᠦ ᠶᠢ ᠳᠡᠮᠵᠢᠨ᠎ᠡ᠃ ᠡᠪᠡᠳᠴᠢᠨ ᠡᠮᠭᠡᠭ ᠢ ᠰᠡᠷᠭᠡᠶᠢᠯᠡᠬᠦ ᠪᠠ ᠡᠳᠡᠬᠡᠬᠦ ᠠᠵᠢᠯ ᠢ ᠰᠠᠶᠢᠳᠣᠷ ᠠᠳᠬᠤᠵᠤ᠂ ᠬᠦᠮᠦᠨ | ᠠᠮᠠ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ᠂ ︽ᠬᠤᠶᠠᠷ ᠭᠡᠣᠭᠡᠳ ᠠᠪᠬᠤ︾ | ᠲᠦᠷᠦ ᠶᠢᠨ ᠪᠤᠳᠣᠯᠭ᠎ᠠ ᠶᠢ ᠳᠣᠣᠱᠯᠠᠭᠤᠯᠤᠨ᠂ ᠡᠭᠡ ᠨᠢᠯᠬᠠᠰ᠂ ᠡᠷᠡᠭᠦᠯ ᠬᠠᠮᠠᠭᠠᠯᠠᠯ᠂ ᠰᠣᠷᠭᠠᠨ ᠬᠦᠮᠦᠵᠢᠯ ᠡᠮ ᠡᠮᠨᠡᠯᠭᠡ | ᠶᠢᠨ ᠲᠦᠬᠦᠷᠴᠢᠯᠡᠭᠰᠡᠨ ᠦᠢᠯᠡᠴᠢᠯᠡᠭᠡᠨ ᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠨᠠᠰᠣᠵᠢᠯ ᠤᠨ ᠳᠠᠭᠠᠳᠬᠠᠯ ᠤᠨ ᠲᠦᠷᠢᠮ ᠳᠠᠬᠢ ᠣᠯᠣᠰ ᠤᠨ ᠦᠭᠡᠷᠡᠴᠢᠯᠡᠯᠳᠡ ᠶᠢᠨ ᠲᠦᠰᠦᠯ ᠢ | ᠨᠠᠶᠢᠳᠠᠪᠤᠷᠢᠵᠢᠭᠤᠯᠵᠤ᠂ ᠦᠨᠳᠦᠰᠦᠨ ᠨᠠᠰᠣᠵᠢᠯ ᠤᠨ ᠠᠰᠠᠷᠠᠮᠵᠢ ᠶᠢᠨ ᠮᠦᠩᠬᠦᠨ ᠤ ᠪᠠᠷᠢᠮᠵᠢᠶ᠎ᠠ ᠶᠢ ᠦᠷᠭᠦᠯᠵᠢᠯᠠᠨ | ᠲᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠭᠠᠳᠬᠠᠯ᠂ ᠠᠵᠢᠯ ᠲᠦᠷᠦᠯ ᠤᠨ ᠳᠠᠭᠠᠳᠬᠠᠯ᠂ ᠬᠤᠳᠠᠯᠳᠣᠭᠠᠨ ᠤ ᠦᠢᠯᠡᠰ | ᠤᠨ ᠨᠠᠰᠣᠵᠢᠯ ᠤᠨ ᠳᠠᠭᠠᠳᠬᠠᠯ ᠤᠨ ᠦᠢᠯᠡᠰ ᠢ ᠲᠡᠬᠦᠯᠳᠡᠷᠵᠢᠬᠦᠯᠦᠨ᠎ᠡ᠃ ︽ᠣᠯᠣᠰ ᠠᠴᠠ ᠪᠠᠶᠢᠭᠤᠯᠤᠨ᠂ ᠠᠷᠠᠳ ᠠᠴᠠ | ᠡᠵᠡᠩᠨᠡᠬᠦ︾᠂ ︽ᠠᠷᠠᠳ ᠠᠴᠠ ᠡᠷᠬᠢᠯᠡᠨ ᠣᠯᠣᠰ ᠠᠴᠠ ᠲᠡᠳᠬᠦᠬᠦ︾ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠭᠦᠭᠡᠷᠦᠮᠵᠢ ᠶᠢᠨ ᠪᠠᠶᠢᠭᠤᠯᠤᠯᠳᠠ ᠶᠢᠨ ᠬᠡᠯᠪᠡᠷᠢ ᠶᠢ ᠬᠦᠴᠦᠯᠡᠨ ᠠᠬᠢᠭᠤᠯᠵᠤ᠂ ᠮᠧᠩ ᠯᠥᠩ ᠨᠠᠰᠣᠳᠠᠳ ᠤᠨ ᠠᠰᠠᠷᠠᠮᠵᠢ | ᠶᠢᠨ ᠬᠦᠷᠢᠶᠡᠯᠡᠩ ᠢ ᠪᠠᠶᠢᠭᠤᠯᠬᠤ ᠲᠦᠰᠦᠯ ᠢ ᠡᠬᠢᠯᠡᠭᠦᠯᠦᠨ᠎ᠡ᠃ ᠬᠤᠶᠠᠳᠣᠭᠠᠷ ᠣᠳᠠᠭᠠᠨ ᠤ ᠭᠠᠵᠠᠷ ᠤᠨ ᠨᠡᠷ᠎ᠡ ᠶᠢᠨ | ᠨᠠᠶᠢᠳᠠᠮ ᠪᠠᠶᠢᠴᠠᠭᠠᠯᠳᠠ ᠪᠠ ᠵᠠᠰᠠᠭ ᠵᠠᠬᠢᠷᠭᠠᠨ ᠤ ᠣᠷᠣᠨ ᠬᠤᠪᠢᠶᠠᠬᠤ ᠠᠵᠢᠯ ᠢ ᠰᠠᠶᠢᠳᠣᠷ ᠪᠡᠶᠡᠯᠡᠭᠦᠯᠦᠨ᠎ᠡ᠃ ᠨᠠᠶᠢᠭᠡᠮ | ᠳᠣᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠳᠣᠨᠤᠭ ᠲᠦᠭᠦᠭᠡᠷᠦᠮᠵᠢ ᠶᠢᠨ ᠴᠢᠳᠠᠪᠬᠢ ᠶᠢ | ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠨᠢ ᠨᠡᠮᠡᠭᠳᠡᠭᠦᠯᠵᠦ᠂ ᠬᠤᠳᠠ ᠪᠠᠯᠭᠠᠰᠣ᠂ ᠨᠠᠶᠢᠭᠡᠮ | ᠳᠣᠭᠤᠷᠢᠭ ᠤᠨ ᠲᠡᠰ ᠲᠡᠪᠰᠢᠵᠤ ᠪᠠᠷᠢᠮᠵᠢᠶᠠᠨ ᠳᠤ ᠬᠦᠷᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠦᠬᠦ ᠠᠷᠠᠳ ᠤᠨ ᠪᠡᠶ᠎ᠡ | ᠪᠠᠨ ᠴᠢᠬᠢᠷᠠᠭᠵᠢᠭᠤᠯᠬᠤ ᠲᠦᠯᠦᠪᠯᠡᠭᠡ ᠶᠢ ᠭᠡᠷᠡᠭᠵᠢᠭᠦᠯᠵᠦ᠂ ᠲᠤᠰ ᠵᠢᠯ ᠳᠤ ᠰᠠᠩ ᠤᠨ ᠳᠠᠯᠠᠢ ᠪᠠᠯᠭᠠᠰᠣᠨ ᠳᠤ 1000 | ᠲᠡᠭᠰᠢ ᠲᠦᠷᠪᠡᠯᠵᠢᠨ ᠮᠧᠲᠷ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠪᠠ ᠱᠠᠩᠳᠣ ᠪᠠᠯᠭᠠᠰᠣᠨ ᠳᠤ 1.2 | ᠲᠦᠮᠡᠨ ᠲᠡᠭᠰᠢ ᠲᠦᠷᠪᠡᠯᠵᠢᠨ ᠮᠧᠲᠷ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ ᠢ | ᠪᠠᠶᠢᠭᠤᠯᠬᠤ ᠪᠠᠷ ᠴᠢᠷᠮᠠᠶᠢᠨ᠎ᠠ᠃ ᠨᠡᠶᠢᠭᠡᠮ ᠵᠢᠷᠣᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠢ ᠪᠤᠯᠭᠠᠨ᠂ ᠪᠦᠬᠦ | ᠠᠷᠠᠳ ᠤᠨ ᠭᠡᠪ ᠴᠢᠨᠠᠷ ᠢ ᠲᠡᠭᠡᠭᠰᠢᠯᠡᠭᠦᠯᠵᠦ᠂ ᠳᠣᠮᠳᠠᠳᠣ ᠶᠢᠨ ᠬᠦᠰᠡᠯᠠᠩ᠂ ᠰᠢᠯᠤᠭᠤᠨ ᠬᠦᠬᠡ ᠶᠢᠨ ᠬᠦᠰᠡᠯᠠᠩ ᠢᠶᠠᠷ | ᠳᠠᠨᠢᠯᠳᠠ ᠪᠠᠨ ᠨᠢᠭᠡᠳᠣᠭᠦᠯᠵᠦ᠂ ᠬᠦᠴᠦᠨ ᠴᠢᠳᠠᠯ ᠢᠶᠠᠨ ᠨᠢᠭᠳᠠᠷᠠᠭᠤᠯᠤᠨ᠎ᠠ᠃ | ︵ᠨᠠᠢᠮᠠ︶ ᠠᠷᠠᠳ ᠲᠦᠮᠡᠨ ᠰᠡᠳᠬᠢᠯ ᠬᠠᠨᠤᠮᠵᠢᠳᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠳᠣᠮᠣ | ᠴᠢᠬᠤᠯᠠ ᠰᠢᠢᠳᠪᠦᠷᠢ ᠪᠤᠳᠣᠯᠭ᠎ᠠ ᠳᠤ ᠢᠯᠡ ᠪᠠᠷ ᠰᠠᠨᠠᠯ ᠰᠣᠨᠣᠰᠬᠤ᠂ ᠳᠣᠰᠬᠠᠢ ᠮᠡᠷᠭᠡᠵᠢᠯᠳᠡᠨ ᠢᠶᠠᠷ ᠨᠣᠳᠠᠯᠠᠨ | ᠬᠡᠷᠡᠴᠢᠯᠡᠬᠦᠯᠬᠦ᠂ ᠬᠠᠣᠯᠢ ᠶᠤᠰᠣ ᠪᠠᠷ ᠬᠢᠨᠠᠨ ᠪᠠᠶᠢᠴᠠᠭᠠᠬᠤ᠂ ᠨᠠᠶᠢᠭᠡᠮ ᠤᠨ ᠠᠶᠤᠯ ᠲᠦᠭᠰᠢᠭᠦᠷᠢ ᠶᠢᠨ ᠦᠨᠡᠯᠡᠯᠳᠡ ᠬᠢᠬᠦ ᠪᠠ | ᠬᠠᠮᠳᠣ ᠪᠠᠷ ᠰᠣᠳᠣᠯᠣᠨ ᠳᠣᠭᠳᠠᠭᠠᠬᠤ ᠲᠦᠷᠢᠮ ᠢ ᠪᠠᠷᠢᠮᠳᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠣᠯᠢ ᠶᠤᠰᠤᠨ ᠤ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ᠂ ᠰᠣᠨᠢᠨ ᠮᠡᠳᠡᠭᠡ ᠶᠡᠷᠢᠶ᠎ᠠ | ᠬᠡᠯᠡᠯᠴᠡᠭᠡ ᠪᠠ ᠨᠠᠶᠢᠭᠡᠮ ᠤᠨ ᠣᠯᠠᠨ ᠲᠦᠮᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠣᠭᠠᠨ ᠤ ᠬᠤᠯᠪᠤᠭ᠎ᠠ᠂ ᠨᠠᠮ ᠪᠦᠯᠦᠭ ᠤᠨ ᠪᠤᠰᠣ ᠬᠦᠮᠦᠰ ᠤᠨ ᠰᠠᠨᠠᠯ ᠰᠠᠨᠠᠭᠤᠯᠭ᠎ᠠ ᠶᠢ | ᠰᠣᠨᠣᠰᠣᠨ᠎ᠠ᠃ ᠠᠷᠠᠳ ᠤᠨ ᠲᠦᠯᠦᠭᠡᠯᠡᠭᠴᠢᠳ ᠤᠨ ᠰᠨᠠᠯ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ | ᠭᠡᠰᠢᠭᠦᠳ ᠤᠨ ᠲᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠭᠦᠢᠴᠡᠳᠭᠡᠨ᠎ᠡ᠃ ᠭᠤᠤᠯᠳᠠᠯᠭ᠎ᠠ ᠲᠠᠢ ᠰᠠᠨᠠᠯ | ᠰᠠᠨᠠᠭᠤᠯᠭ᠎ᠠ᠂ ᠲᠤᠷᠠᠳᠤᠯᠭ᠎ᠠ ᠶᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠰᠣᠳᠣᠯᠣᠨ ᠶᠠᠷᠢᠯᠴᠠᠬᠤ ᠠᠵᠢᠯ ᠤᠨ | ᠳᠠᠷᠠᠭᠠᠯᠠᠯ ᠳᠤ ᠣᠷᠣᠭᠤᠯᠵᠤ᠂ ᠰᠠᠨᠠᠯ ᠰᠠᠨᠠᠭᠤᠯᠭ᠎ᠠ᠂ ᠲᠤᠷᠠᠳᠤᠯᠭ᠎ᠠ ᠶᠢ ᠰᠢᠢᠳᠪᠦᠷᠢᠯᠡᠨ ᠬᠠᠷᠢᠭᠤᠯᠬᠤ ᠠᠵᠢᠯ ᠤᠨ ᠦᠷ᠎ᠡ | ᠪᠦᠳᠦᠮᠵᠢ ᠪᠠ ᠬᠠᠨᠤᠮᠵᠢ ᠶᠢᠨ ᠨᠤᠷᠮ᠎ᠠ ᠶᠢ ᠲᠡᠭᠡᠭᠰᠢᠯᠡᠭᠦᠯᠦᠨ᠎ᠡ᠃ | ᠬᠠᠣᠯᠢ ᠪᠠᠷ ᠵᠠᠰᠠᠭ ᠪᠠᠷᠢᠵᠤ᠂ ᠬᠠᠣᠯᠢ ᠠᠴᠠ ᠳᠣᠭᠳᠠᠭᠠᠭᠰᠠᠨ ᠡᠷᠭᠡ ᠪᠠ ᠲᠡᠰ ᠳᠠᠷᠠᠭᠠᠯᠠᠯ ᠢᠶᠠᠷ ᠡᠷᠭᠡ ᠪᠠᠨ ᠭᠡᠷᠡᠭᠵᠢᠭᠦᠯᠵᠦ | ᠂ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠳᠠᠯᠠᠵᠤ᠂ ᠪᠦᠬᠦ ᠵᠠᠰᠠᠭ ᠵᠠᠬᠢᠷᠭᠠᠨ ᠤ ᠠᠵᠢᠯᠯᠠᠭ᠎ᠠ ᠨᠢ ᠴᠦᠮ ᠬᠠᠣᠯᠢ ᠶᠢᠨ | ᠦᠨᠳᠦᠰᠦᠯᠠᠯ ᠲᠠᠢ᠂ ᠵᠦᠢ ᠶᠤᠰᠣᠨ ᠤ ᠲᠡᠰ ᠳᠠᠷᠠᠭᠠᠯᠠᠯ ᠲᠠᠢ᠂ ᠡᠷᠭᠡ ᠲᠡᠭᠰᠢ ᠪᠠᠶᠢᠬᠤ ᠶᠢ ᠪᠠᠳᠣᠯᠠᠨ᠎ᠠ᠃ ︽ᠬᠤᠤᠰ | ᠳᠠᠰᠢᠷᠠᠮ ᠢᠶᠠᠷ ᠪᠠᠶᠢᠴᠠᠭᠠᠵᠦ ᠨᠢᠭᠡ ᠶᠢ ᠢᠯᠡ ᠨᠡᠶᠢᠳᠡᠯᠡᠬᠦ︾ ᠬᠢᠨᠠᠨ ᠬᠠᠮᠢᠶᠠᠷᠣᠯᠳᠠ ᠶᠢ ᠭᠡᠷᠡᠭᠵᠢᠭᠦᠯᠵᠦ᠂ ᠵᠠᠰᠠᠭ ᠵᠠᠬᠢᠷᠭᠠᠨ | ᠤ ᠬᠠᠣᠯᠢ ᠭᠡᠷᠡᠭᠵᠢᠭᠦᠯᠦᠯᠳᠡ ᠶᠢᠨ ᠪᠠᠳᠣ ᠴᠢᠩᠭ᠎ᠠ ᠲᠦᠷᠢᠮᠵᠢᠭᠰᠡᠨ᠂ ᠡᠷᠭᠡ ᠲᠡᠭᠰᠢ ᠪᠠᠶᠢᠬᠤ ᠶᠢ ᠪᠠᠳᠣᠯᠠᠨ᠎ᠠ᠃ ᠵᠠᠰᠠᠭ | ᠵᠠᠬᠢᠷᠭᠠᠨ ᠤ ᠲᠠᠬᠢᠨ ᠵᠦᠪᠯᠡᠯᠳᠡ ᠶᠢ ᠰᠠᠶᠢᠳᠣᠷ ᠬᠢᠵᠤ᠂ ᠵᠠᠰᠠᠭ ᠵᠠᠬᠢᠷᠭᠠᠨ ᠤ ᠵᠠᠷᠭᠤᠯᠳᠣᠭᠠᠨ ᠢ ᠠᠷᠭᠠᠴᠠᠬᠤ ᠴᠢᠳᠠᠪᠬᠢ ᠶᠢᠨ | ᠪᠠᠶᠢᠭᠤᠯᠤᠯᠳᠠ ᠪᠠᠨ ᠴᠢᠩᠭᠠᠳᠬᠠᠨ᠎ᠠ᠃ | ᠠᠷᠠᠳ ᠤᠨ ᠲᠦᠯᠦᠭᠡ ᠪᠤᠳᠠᠳᠠᠢ ᠠᠵᠢᠯ ᠬᠢᠬᠦ ᠶᠢ ᠡᠷᠬᠢᠮᠯᠡᠬᠦ ᠶᠢ ᠪᠠᠷᠢᠮᠳᠠᠯᠠᠨ᠎ᠠ᠃ ᠭᠠᠶᠢᠯᠢ ᠬᠤᠷᠢᠶᠠᠵᠦ | ᠬᠠᠮᠢᠶᠠᠷᠬᠤ ᠠᠵᠢᠯ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢ ᠭᠡᠷᠡᠭᠯᠡᠬᠦ ᠲᠦᠷᠢᠮᠵᠢᠯᠠᠯ ᠪᠠ ᠪᠦᠳᠦᠮᠵᠢᠳᠣ | ᠴᠢᠨᠠᠷ ᠢ ᠲᠡᠭᠡᠭᠰᠢᠯᠡᠭᠦᠯᠵᠦ᠂ ᠭᠤᠤᠯᠳᠠᠯᠭ᠎ᠠ ᠲᠠᠢ ᠵᠠᠷᠣᠯᠭ᠎ᠠ ᠪᠠ ᠨᠠᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ | ᠭᠡᠷᠡᠭᠴᠡᠭᠡ ᠶᠢ ᠪᠠᠳᠣᠯᠠᠨ᠎ᠠ᠃ ᠦᠢᠯᠡᠴᠢᠯᠡᠭᠡᠨ ᠤ ᠭᠡᠯᠪᠡᠷᠢ ᠶᠢ ᠣᠯᠠᠮ ᠨᠢᠭᠡ ᠠᠯᠬᠤᠮ ᠦᠭᠡᠷᠡᠴᠢᠯᠡᠵᠦ᠂ ᠠᠵᠢᠯ ᠤᠨ ᠶᠠᠪᠤᠴᠠ | ᠪᠠᠨ ᠲᠦᠭᠦᠮᠴᠢᠯᠡᠨ᠂ ᠦᠢᠯᠡᠴᠢᠯᠡᠭᠡᠨ ᠤ ᠠᠷᠭ᠎ᠠ ᠵᠠᠮ ᠢ ᠦᠷᠭᠡᠳᠭᠡᠨ᠂ ᠪᠦᠬᠦ ᠴᠢᠳᠠᠯ ᠢᠶᠠᠷ ᠢᠶᠠᠨ ᠣᠯᠠᠨ ᠲᠦᠮᠡᠨ ᠪᠠ | ᠠᠵᠤ ᠠᠬᠤᠶᠢᠯᠠᠯ ᠳᠤ ᠲᠦᠭᠦᠮ ᠦᠵᠡᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠭᠡᠷᠡᠭᠯᠡᠬᠦ | ᠦᠭᠡᠷᠡᠴᠢᠯᠡᠯᠳᠡ ᠶᠢ ᠴᠠᠭ ᠳᠣᠬᠠᠢ ᠳᠤᠨᠢ ᠦᠷᠨᠢᠭᠦᠯᠵᠦ᠂ ︽ᠲᠡᠷᠭᠡᠨ ᠬᠦᠷᠳᠣ︾ ᠲᠡᠭᠡᠷ᠎ᠡ ᠪᠦᠷᠢᠯᠭᠡᠨ ᠰᠦᠢᠳᠭᠡᠬᠦ ᠶᠢ | ᠲᠡᠪᠴᠢᠨ᠎ᠠ᠃ ᠳᠣᠷᠠᠳᠪᠠᠯ ᠳᠠᠷᠣᠢ ᠳᠤᠨᠢ ᠬᠦᠳᠡᠯᠤᠯᠴᠠᠵᠤ᠂ ᠳᠠᠷᠣᠢ ᠳᠤᠨᠢ ᠰᠢᠢᠳᠪᠦᠷᠢᠯᠡᠬᠦ ᠠᠵᠢᠯ ᠤᠨ ᠰᠣᠷᠳᠠᠯ ᠢ | ᠪᠠᠳᠠᠷᠠᠭᠤᠯᠵᠤ᠂ ᠠᠵᠢᠯ ᠤᠨ ᠴᠢᠳᠠᠪᠤᠷᠢ ᠪᠠᠷ ᠦᠨᠳᠦᠷ᠂ ᠤᠪᠤᠷ ᠰᠣᠷᠳᠠᠯ ᠰᠠᠶᠢᠨ᠂ ᠤᠯᠠᠨ ᠲᠦᠮᠡᠨ ᠳᠤ ᠦᠢᠯᠡᠴᠢᠯᠡᠳᠡᠭ | ᠲᠦᠷᠦ ᠶᠢᠨ ᠠᠯᠪᠠᠳᠠᠨ ᠤ ᠡᠩᠨᠡᠭᠡ ᠶᠢ ᠪᠠᠶᠢᠭᠤᠯᠤᠨ᠎ᠠ᠃ | ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠲᠦᠷᠢᠮ ᠢ ᠪᠠᠷᠢᠮᠳᠠᠯᠠᠵᠤ᠂ ᠠᠮᠤᠭᠤᠯᠠᠩ | ᠰᠢᠯᠤᠭᠤᠨ ᠬᠦᠬᠡ ᠬᠤᠰᠢᠭᠤᠨ ᠤ ᠪᠠᠶᠢᠭᠤᠯᠤᠯᠳᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ | ᠶᠢᠨ ᠲᠦᠷᠢᠮ ᠢ ᠴᠢᠩᠭ᠎ᠠ ᠭᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠪᠠ ᠢᠳᠡᠭᠡᠨ ᠤᠮᠳᠠᠭᠠᠨ ᠡᠮ ᠳᠠᠩ ᠤᠨ ᠠᠮᠣᠷ | ᠲᠦᠪᠰᠢᠨ ᠤ ᠪᠠᠶᠢᠴᠠᠭᠠᠯᠳᠠ ᠶᠢ ᠬᠦᠨᠵᠡᠭᠡᠢ ᠦᠷᠨᠢᠭᠦᠯᠵᠦ᠂ ᠠᠶᠤᠯᠭᠦᠢ ᠦᠢᠯᠡᠳᠪᠤᠷᠢᠯᠡᠯ ᠤᠨ ᠰᠡᠷᠡᠮᠵᠢ ᠶᠢᠨ ᠱᠣᠭᠤᠮ ᠢ | ᠪᠠᠳᠣ ᠰᠠᠬᠢᠨ᠎ᠠ᠃ ᠳᠣᠭᠳᠠᠭᠤᠨ ᠢ ᠪᠠᠳᠣᠯᠠᠬᠤ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠢᠮᠪᠠᠢ | ᠭᠡᠷᠡᠭᠵᠢᠭᠦᠯᠵᠦ᠂ ᠨᠠᠶᠢᠭᠡᠮ ᠤᠨ ᠵᠦᠷᠢᠴᠡᠯ ᠢ ᠬᠦᠨᠵᠡᠭᠡᠢ ᠪᠠᠶᠢᠴᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠪᠦᠳᠦᠮᠵᠢᠳᠠᠢ ᠰᠢᠢᠳᠪᠦᠷᠢᠯᠡᠨ᠎ᠡ᠃ ᠬᠠᠣᠯᠢ ᠲᠦᠭᠡᠮᠡᠯᠵᠢᠭᠦᠯᠬᠦ ︽ᠵᠢᠷᠭᠤᠭ᠎ᠠ ᠶᠢ ᠠᠬᠢᠭᠤᠯᠬᠤ︾ ᠠᠵᠢᠯᠯᠠᠭ᠎ᠠ ᠶᠢ ᠲᠦᠯᠬᠢᠨ | ᠠᠬᠢᠭᠤᠯᠵᠤ᠂ ᠬᠠᠣᠯᠢ ᠲᠦᠭᠡᠮᠡᠯᠵᠢᠭᠦᠯᠦᠯᠳᠡ ᠶᠢᠨ ᠪᠦᠷᠬᠦᠴᠡ ᠶᠢ ᠦᠷᠭᠡᠳᠭᠡᠨ᠎ᠡ᠃ ᠨᠡᠶᠢᠭᠡᠮ ᠤᠨ ᠠᠮᠤᠷ ᠲᠦᠪᠰᠢᠨ ᠪᠠ | ᠶᠠᠷᠢᠶ᠎ᠠ ᠬᠡᠯᠡᠯᠴᠡᠬᠡᠨ ᠤ ᠬᠠᠮᠢᠶᠠᠷᠣᠯᠳᠠ ᠶᠢ ᠴᠢᠩᠭᠠᠳᠬᠠᠵᠤ᠂ ᠡᠯ᠎ᠡ ᠲᠦᠷᠦᠯ ᠤᠨ ᠬᠠᠣᠯᠢ ᠵᠦᠷᠢᠴᠡᠭᠰᠡᠨ ᠠᠵᠢᠯᠯᠠᠭᠠᠨ ᠳᠤ | ᠬᠦᠨᠳᠣ ᠴᠣᠬᠢᠯᠳᠠ ᠦᠭᠬᠦᠨ᠂ ᠣᠯᠠᠨ ᠲᠦᠮᠡᠨ ᠤ ᠠᠮᠣᠷ ᠲᠦᠪᠰᠢᠨ ᠲᠦᠷᠦᠭᠳᠡᠯ ᠢ ᠦᠨᠡᠨᠬᠦ ᠨᠡᠮᠡᠭᠳᠡᠭᠦᠯᠵᠦ᠂ ᠨᠡᠶᠢᠭᠡᠮ ᠤᠨ | ᠠᠮᠣᠷ ᠲᠦᠪᠰᠢᠨ ᠲᠤᠭᠳᠠᠭᠤᠨ ᠪᠠᠶᠢᠳᠠᠯ ᠢ ᠦᠷᠬᠦᠯᠵᠢᠯᠡᠨ ᠪᠠᠳᠣᠯᠠᠨ᠎ᠠ᠃ | ᠪᠤᠳᠠᠳᠠᠢ ᠠᠵᠢᠯ ᠤᠨ ᠦᠷ᠎ᠡ ᠪᠦᠳᠦᠮᠵᠢ ᠶᠢ ᠡᠷᠬᠢᠮᠯᠡᠵᠦ᠂ ᠠᠵᠢᠯᠯᠠᠬᠤ ᠪᠠᠷ ᠣᠷᠢᠳᠠᠯ ᠪᠤᠯᠭᠠᠨ᠂ ︽ᠬᠤᠶᠠᠷ ᠢ | ᠰᠣᠷᠴᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠣᠷᠣᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠶᠢ | ᠪᠠᠷᠢᠮᠳᠠᠯᠠᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠰᠢᠭ ᠳᠣᠰᠠ ᠶᠢ ᠬᠤᠬᠢᠷᠠᠭᠤᠯᠤᠭᠰᠠᠨ ᠨᠠᠵᠠᠭᠠᠢ ᠰᠣᠷᠳᠠᠯ ᠢ | ᠡᠷᠡᠰ ᠵᠠᠯᠠᠷᠠᠭᠤᠯᠤᠨ᠎ᠠ᠃ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠬᠢᠨᠠᠨ ᠪᠤᠳᠣᠬᠤ ᠰᠠᠯᠠᠭ᠎ᠠ ᠮᠦᠴᠢᠷ ᠬᠠᠷᠢᠯᠴᠠᠨ | ᠤᠶᠠᠯᠳᠤᠭᠰᠠᠨ ᠠᠵᠢᠯ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠤᠨ᠂ ᠣᠳᠣᠷᠢᠳᠬᠤ ᠺᠠᠳ᠋ᠷ ᠤᠨ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠣᠯᠳᠠ ᠶᠢᠨ ᠲᠦᠷᠢᠮ ᠢ ᠴᠢᠩᠭᠠᠳᠬᠠᠨ᠎ᠠ᠃ ᠦᠷ᠎ᠡ ᠪᠦᠳᠦᠮᠵᠢ᠂ ᠴᠢᠳᠠᠪᠤᠷᠢ ᠶᠢ ᠰᠢᠯᠭᠠᠨ | ᠦᠨᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠱᠠᠩᠨᠠᠨ ᠣᠷᠮᠠᠰᠢᠭᠤᠯᠬᠤ ᠳᠣᠭᠳᠠᠯᠴᠠᠭ᠎ᠠ ᠶᠢ ᠰᠠᠶᠢᠳᠣᠷ ᠭᠡᠷᠡᠭᠵᠢᠭᠦᠯᠵᠦ᠂ | ᠠᠯᠳᠠᠭ᠎ᠠ ᠶᠢ ᠠᠭᠤᠴᠢᠯᠠᠵᠤ᠂ ᠠᠯᠳᠠᠭ᠎ᠠ ᠶᠢ ᠵᠠᠯᠠᠷᠠᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠱᠠᠭᠠᠷᠳᠠᠨ ᠪᠠᠶᠢᠴᠠᠭᠠᠵᠤ᠂ | ᠬᠠᠷᠢᠭᠤᠴᠠᠯᠭ᠎ᠠ ᠨᠡᠭᠡᠮᠵᠢᠯᠡᠬᠦ ᠪᠠ ᠱᠠᠩᠨᠠᠨ ᠬᠦᠬᠢᠬᠦᠯᠬᠦ ᠬᠦᠴᠦᠯᠡᠴᠡ ᠪᠠᠨ ᠴᠢᠩᠭᠠᠳᠬᠠᠨ᠂ ᠠᠵᠢᠯ ᠬᠢᠬᠦ ᠳᠣᠷᠠᠳᠠᠢ᠂ ᠠᠵᠢᠯ | ᠬᠢᠵᠦ ᠴᠢᠳᠠᠬᠤ᠂ ᠠᠵᠢᠯ ᠪᠦᠳᠦᠭᠡᠬᠦ ᠣᠷᠴᠢᠨ ᠨᠦᠬᠦᠴᠡᠯ ᠢ ᠪᠤᠢ ᠪᠤᠯᠭᠠᠵᠤ᠂ ᠵᠠᠰᠠᠭ ᠤᠨ ᠣᠷᠳᠣᠨ ᠤ ᠭᠦᠢᠴᠡᠳᠭᠡᠬᠦ | ᠴᠢᠳᠠᠪᠬᠢ᠂ ᠨᠠᠶᠢᠳᠠᠪᠤᠷᠢᠵᠢᠭᠤᠯᠬᠤ ᠴᠢᠳᠠᠪᠬᠢ ᠪᠠ ᠢᠳᠡᠭᠡᠮᠵᠢ ᠶᠢᠨ ᠭᠡᠮᠵᠢᠶ᠎ᠠ ᠶᠢ ᠦᠨᠡᠨᠬᠦ ᠲᠡᠭᠡᠭᠰᠢᠯᠡᠭᠦᠯᠵᠦ᠂ ᠪᠤᠳᠠᠳᠠᠢ ᠶᠢ | ᠡᠷᠬᠢᠮᠯᠡᠭᠰᠡᠨ ᠵᠠᠰᠠᠭ ᠤᠨ ᠣᠷᠳᠣᠨ᠂ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ᠂ ᠢᠳᠡᠭᠡᠮᠵᠢᠳᠣ ᠵᠠᠰᠠᠭ ᠤᠨ ᠣᠷᠳᠣᠨ᠂ | ᠠᠷᠢᠭᠤᠨ ᠴᠢᠭᠡᠴᠢ ᠵᠠᠰᠠᠭ ᠤᠨ ᠣᠷᠳᠣᠨ ᠢ ᠴᠣᠭᠴᠠᠯᠠᠨ ᠪᠠᠶᠢᠭᠤᠯᠤᠨ᠎ᠠ᠃ | ᠲᠦᠯᠦᠭᠡᠯᠡᠭᠴᠢᠳ ᠡ᠂ ᠬᠦᠴᠦᠨ ᠴᠢᠳᠠᠯ ᠢᠶᠠᠨ ᠨᠢᠭᠳᠠᠷᠠᠭᠤᠯᠤᠨ ᠪᠦᠯᠭᠦᠮᠳᠠᠵᠦ᠂ ᠰᠠᠨᠠᠭᠰᠠᠨ ᠬᠦᠰᠡᠯ ᠢᠶᠠᠨ | ᠲᠡᠮᠡᠴᠡᠨ ᠪᠡᠶᠡᠯᠡᠭᠦᠯᠦᠶ᠎ᠡ᠃ ᠪᠢᠳᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠣᠳᠣᠷᠢᠳᠣᠯᠭ᠎ᠠ ᠳᠣᠣᠷ᠎ᠠ᠂ ᠬᠦᠰᠡᠯ ᠵᠤᠷᠢᠯᠳᠠ ᠪᠠᠨ ᠮᠠᠷᠳᠠᠯ ᠦᠭᠡᠢ᠂ ᠦᠷᠭᠦᠯᠵᠢᠯᠠᠨ ᠣᠷᠣᠭᠰᠢᠯᠠᠵᠤ᠂ | ᠰᠢᠯᠢᠳᠡᠭ ᠦᠷ᠎ᠡ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠭᠦᠰ ᠠᠮᠵᠢᠯᠳᠠᠢ ᠬᠤᠷᠠᠯᠳᠣᠬᠤ ᠶᠢ ᠪᠡᠯᠭᠡᠳᠡᠶ᠎ᠡ︕ | | | | | | | | | | ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠳᠠᠬᠢ ᠬᠠᠮᠢᠶ᠎ᠠ ᠪᠦᠬᠦᠢ | ᠨᠡᠷ᠎ᠡ ᠦᠬᠡ᠂ ᠨᠡᠷ᠎ᠡ ᠲᠤᠮᠢᠶ᠎ᠠ ᠵᠢᠴᠢ ᠲᠦᠬᠦᠮ ᠬᠡᠯᠡᠯᠬᠡᠨ ᠤ ᠲᠤᠬᠠᠢ ᠲᠠᠶᠢᠯᠪᠤᠷᠢ | 1. ︽ᠲᠠᠪᠤᠨ ᠬᠡᠷᠡᠴᠢ ᠶᠢ ᠨᠢᠬᠡᠳᠬᠡᠵᠦ᠂ ᠨᠢᠬᠡ ᠦᠨᠡᠮᠯᠡᠯ ᠨᠢᠬᠡ ᠳ᠋ᠤᠭᠠᠷ ᠪᠤᠯᠭᠠᠬᠤ︾᠄ ᠦᠢᠯᠡᠳᠪᠤᠷᠢ | ᠬᠤᠳᠠᠯᠳᠤᠭ᠎ᠠ᠂ ᠶᠠᠰᠤ ᠴᠢᠨᠡᠷ ᠲᠤ ᠬᠢᠨᠠᠯᠳᠠ ᠲᠠᠯᠪᠢᠬᠤ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠨᠡᠶᠢᠬᠡᠮ ᠤᠨ | ᠪᠠᠳᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠳᠠᠭ ᠡᠵᠡᠩᠨᠡᠯᠳᠡ ᠶᠢᠨ ᠦᠨᠡᠮᠯᠡᠯ᠂ | ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠬᠡᠨ ᠤ ᠳ᠋ᠤᠭᠠᠷ ᠤᠨ ᠦᠨᠠᠮᠯᠠᠯ᠂ ᠭᠠᠶᠢᠯᠢ ᠶᠢᠨ ᠶᠠᠪᠤᠳᠠᠯ ᠢ | ᠲᠡᠮᠳᠡᠭᠯᠡᠬᠦ ᠦᠨᠡᠮᠯᠡᠯ᠂ ᠨᠡᠶᠢᠬᠡᠮ ᠤᠨ ᠲᠠᠭᠠᠳᠬᠠᠯ ᠢ ᠲᠡᠮᠳᠡᠭᠯᠡᠬᠦ ᠦᠨᠡᠮᠯᠡᠯ᠂ ᠪᠦᠷᠢᠳᠬᠡᠨ ᠲᠡᠮᠳᠡᠭᠯᠡᠬᠦ ᠦᠨᠡᠮᠯᠡᠯ ᠵᠡᠷᠬᠡ | ᠲᠠᠪᠤᠨ ᠬᠡᠷᠡᠴᠢ ᠲᠡᠮᠳᠡᠭ ᠢ ᠨᠢᠬᠡᠳᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠬᠡᠳᠦᠯᠳᠡᠢ ᠲᠠᠷᠬᠠᠭᠠᠬᠤ | ᠨᠢᠬᠡ ᠬᠠᠭᠤᠳᠠᠰᠤ ᠡᠵᠡᠩᠨᠡᠯᠳᠡ ᠶᠢᠨ ᠦᠨᠡᠮᠯᠡᠯ ᠪᠤᠯᠭᠠᠨ᠂ ᠤᠤᠯ ᠤᠨ ᠬᠠᠮᠢᠶ᠎ᠠ ᠪᠦᠬᠦᠢ ᠬᠡᠷᠡᠴᠢ ᠲᠡᠮᠳᠡᠭ ᠤᠨ ᠬᠦᠴᠦᠨ | ᠴᠢᠳᠠᠪᠬᠢ ᠲᠠᠢ ᠪᠦᠬᠡᠳ ᠨᠢᠬᠡᠳᠦᠯᠳᠡᠢ ᠨᠡᠶᠢᠬᠡᠮ ᠤᠨ ᠢᠳᠡᠬᠡᠮᠵᠢ ᠶᠢᠨ ᠲᠦᠯᠦᠬᠡᠨ ᠤ ᠳ᠋ᠤᠭᠠᠷ ᠨᠡᠮᠡᠭᠰᠡᠨ ᠪᠠᠶᠢᠨ᠎ᠠ᠃ | 2. ᠠᠮᠢ ᠠᠬᠤᠢ ᠶᠢᠨ ᠰᠡᠷᠡᠮᠵᠢ ᠶᠢᠨ ᠱᠤᠭᠤᠮ᠄ ᠪᠠᠶᠢᠭᠠᠯᠢᠯᠢᠭ ᠠᠮᠢ ᠠᠬᠤᠢ ᠶᠢᠨ ᠦᠢᠯᠡᠴᠢᠯᠡᠬᠡᠨ ᠤ ᠴᠢᠳᠠᠪᠬᠢ᠂ | ᠤᠷᠴᠢᠨ ᠲᠤᠭᠤᠷᠢᠨ ᠤ ᠶᠠᠰᠤ ᠴᠢᠨᠡᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠳᠠ ᠵᠡᠷᠬᠡ | ᠲᠠᠯ᠎ᠠ ᠳᠤ ᠴᠢᠩᠭ᠎ᠠ ᠨᠢᠮᠪᠠᠢ ᠤᠷᠤᠨ ᠵᠠᠢ ᠶᠢᠨ ᠬᠠᠮᠠᠭᠠᠯᠠᠯᠳᠠ ᠶᠢᠨ ᠵᠠᠭᠠᠭ ᠱᠤᠭᠤᠮ ᠪᠠ ᠬᠢᠨᠠᠨ ᠬᠠᠮᠢᠶᠠᠷᠤᠯᠳᠠ ᠶᠢᠨ ᠬᠢᠵᠠᠭᠠᠷ | ᠬᠡᠮᠵᠢᠶ᠎ᠠ ᠲᠤᠭᠳᠠᠭᠠᠬᠤ ᠶᠢ ᠵᠢᠭᠠᠵᠦ ᠪᠤᠢ᠃ | 3. ︽ᠨᠢᠬᠡ ᠪᠦᠰᠡ ᠨᠢᠬᠡ ᠵᠠᠮ︾ ᠤᠨ ᠪᠠᠶᠢᠯᠳᠤᠬᠤ ᠪᠤᠳᠤᠯᠭ᠎ᠠ᠄ ᠲᠤᠷᠭᠠᠨ ᠵᠠᠮ ᠤᠨ ᠲᠠᠭᠠᠤ ᠳᠠᠬᠢ ᠠᠵᠤ ᠠᠬᠤᠢ | ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠪᠠ 21 ᠳ᠋ᠤᠭᠡᠷ ᠵᠠᠭᠤᠨ ᠤ ᠲᠡᠯᠡᠢ ᠲᠡᠭᠡᠷᠡᠬᠢ ᠲᠤᠷᠭᠠᠨ ᠵᠠᠮ ᠤᠨ ᠠᠵᠤ ᠠᠬᠤᠢ | ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠵᠢᠭᠠᠵᠦ ᠪᠤᠢ᠃ | 4. ᠢᠨᠲ᠋ᠧᠷᠨᠧᠲ ᠰᠦᠯᠵᠢᠶ᠎ᠠ + ᠄ ᠨᠡᠬᠦᠳᠡᠯ ᠢᠨᠲ᠋ᠧᠷᠨᠧᠲ ᠰᠦᠯᠵᠢᠶ᠎ᠠ᠂ ᠬᠦᠳᠡᠯᠦᠩᠬᠦᠢ ᠪᠤᠳᠤᠯᠳᠠ᠂ ᠲᠤᠮᠤ | ᠲᠠᠶᠢᠲ᠋ᠠ᠂ ᠬᠡᠷᠡᠭᠯᠡᠬᠡᠨ ᠤ ᠰᠦᠯᠵᠢᠶ᠎ᠡ ᠵᠡᠷᠬᠡ ᠶᠢ ᠤᠳᠤᠬᠢᠴᠢᠯᠠᠭᠰᠠᠨ ᠦᠢᠯᠡᠳᠬᠦ ᠦᠢᠯᠡᠰ ᠲᠠᠢ ᠤᠶᠠᠯᠳᠤᠭᠤᠯᠵᠦ᠂ | ᠡᠯᠧᠺᠲᠷᠤᠨ ᠬᠤᠳᠠᠯᠳᠤᠭ᠎ᠠ᠂ ᠠᠵᠦ ᠦᠢᠯᠡᠳᠪᠤᠷᠢ ᠶᠢᠨ ᠢᠨᠲ᠋ᠧᠷᠨᠧᠲ ᠰᠦᠯᠵᠢᠶ᠎ᠠ ᠪᠤᠯᠤᠨ ᠰᠦᠯᠵᠢᠶᠠᠨ ᠲᠡᠭᠡᠷᠡᠬᠢ | ᠮᠦᠩᠬᠦᠨ ᠬᠦᠢᠯᠬᠡᠬᠡᠨ ᠤ ᠡᠷᠡᠬᠦᠯ ᠬᠦᠭᠵᠢᠯᠳᠡ ᠶᠢ ᠠᠬᠢᠭᠤᠯᠬᠤ ᠶᠢ ᠵᠢᠭᠠᠵᠦ ᠪᠤᠢ᠃ ᠢᠨᠲ᠋ᠧᠷᠨᠧᠲ ᠰᠦᠯᠵᠢᠶ᠎ᠡ ᠪᠤᠯᠤᠨ | ᠠᠵᠦ ᠠᠬᠤᠢ ᠨᠡᠶᠢᠬᠡᠮ ᠤᠨ ᠡᠯ᠎ᠡ ᠬᠦᠷᠢᠶ᠎ᠡ ᠬᠡᠪᠴᠢᠶᠠᠨ ᠳᠤ ᠬᠦᠨᠵᠡᠬᠡᠢ ᠠᠭᠤᠰᠤᠯᠴᠠᠵᠦ᠂ ᠢᠨᠲ᠋ᠧᠷᠨᠧᠲ ᠰᠦᠯᠵᠢᠶ᠎ᠡ ᠪᠠᠷ | ᠰᠠᠭᠤᠷᠢ ᠲᠦᠬᠦᠬᠡᠷᠦᠮᠵᠢ ᠪᠠ ᠰᠢᠨ᠎ᠠ ᠶᠢ ᠡᠬᠦᠳᠬᠦ ᠡᠯᠧᠮᠧᠨ᠋ᠲ ᠪᠤᠯᠭᠠᠭᠰᠠᠨ ᠠᠵᠤ ᠠᠬᠤᠢ ᠨᠡᠶᠢᠬᠡᠮ ᠤᠨ ᠰᠢᠨ᠎ᠠ ᠬᠡᠯᠪᠡᠷᠢ | ᠲᠦᠷᠰᠦ ᠪᠦᠷᠢᠯᠳᠦᠭᠰᠡᠨ ᠪᠠᠶᠢᠨ᠎ᠠ᠃ | 5. ᠲᠤᠮᠤ ᠳ᠋ᠠᠶᠢᠲ᠋ᠠ᠄ ᠰᠢᠨ᠎ᠠ ᠨᠢᠬᠡᠨ ᠦᠶ᠎ᠡ ᠶᠢᠨ ᠰᠤᠷᠠᠭ ᠵᠠᠩᠬᠢ ᠶᠢᠨ ᠮᠠᠷᠬᠡᠵᠢᠯ ᠪᠠ ᠦᠢᠯᠡᠴᠢᠯᠡᠬᠡᠨ ᠤ ᠦᠢᠯᠡᠰ | ᠤᠨ ᠬᠡᠯᠪᠡᠷᠢ᠂ ᠭᠤᠤᠯᠳᠠᠭᠤ ᠲᠤᠭ᠎ᠠ ᠬᠡᠮᠵᠢᠶ᠎ᠠ ᠶᠡᠭᠡ᠂ ᠢᠷᠡᠯᠳᠡ ᠨᠢ ᠪᠤᠳᠠᠷᠬᠠᠢ᠂ ᠵᠠᠭᠪᠤᠷ ᠨᠢ ᠤᠯᠠᠨ ᠶᠠᠩᠵᠦ ᠶᠢᠨ ᠲᠤᠭ᠎ᠠ | ᠪᠠᠷᠢᠮᠳᠠ ᠶᠢ ᠴᠤᠭᠯᠠᠭᠤᠯᠬᠤ᠂ ᠬᠠᠳᠠᠭᠠᠯᠠᠬᠤ ᠪᠠ ᠬᠠᠮᠢᠶ᠎ᠠ ᠪᠦᠬᠦᠢ ᠵᠠᠳᠠᠯᠤᠯᠳᠠ ᠬᠢᠵᠦ ᠡᠬᠦᠨ ᠤ ᠲᠤᠮᠳᠠ ᠠᠴᠠ ᠰᠢᠨ᠎ᠠ | ᠮᠡᠳᠡᠯᠬᠡ ᠬᠤᠷᠠᠮᠳᠤᠭᠤᠯᠵᠦ᠂ ᠰᠢᠨ᠎ᠡ ᠦᠷᠳᠡᠭ ᠪᠤᠢ ᠪᠤᠯᠭᠠᠬᠤ ᠶᠢᠨ ᠲᠠᠭᠠᠤ ᠰᠢᠨ᠎ᠠ ᠴᠢᠳᠠᠪᠤᠷᠢ ᠪᠠᠨ ᠲᠡᠭᠡᠭᠰᠢᠯᠡᠬᠦᠯᠬᠦ ᠶᠢ | ᠵᠢᠭᠠᠵᠦ ᠪᠤᠢ᠃ | 6. ︽ᠬᠤᠶᠠᠷ ᠡᠷᠬᠡ︾ ᠶᠢᠨ ᠪᠠᠷᠢᠴᠠᠭᠠᠳᠤ ᠵᠢᠬᠡᠯᠡᠯᠬᠡ᠄ ᠬᠦᠳᠡᠭᠡ ᠲᠤᠰᠬᠤᠨ ᠤ ᠭᠠᠵᠠᠷ ᠰᠢᠷᠦᠢ ᠨᠤᠳᠤᠭ | ᠪᠡᠯᠴᠢᠬᠡᠷ ᠤᠨ ᠡᠵᠡᠩᠨᠡᠯᠳᠡ ᠶᠢᠨ ᠡᠷᠬᠡ ᠶᠢᠨ ᠪᠠᠷᠢᠴᠠᠭᠠᠳᠤ ᠵᠢᠬᠡᠯᠡᠯᠬᠡ ᠪᠠ ᠮᠠᠯᠴᠢᠨ ᠲᠠᠷᠢᠶᠠᠴᠢᠨ ᠤ ᠤᠷᠤᠨ ᠰᠠᠭᠤᠴᠠ ᠡᠳ᠋ | ᠬᠦᠷᠦᠩᠬᠡ ᠶᠢᠨ ᠡᠷᠬᠡ ᠶᠢᠨ ᠪᠠᠷᠢᠴᠠᠭᠠᠳᠤ ᠵᠢᠬᠡᠯᠡᠯᠬᠡ ᠶᠢ ᠵᠢᠭᠠᠵᠦ ᠪᠤᠢ᠃ | 7. ᠪᠦᠬᠦ ᠤᠷᠤᠨ ᠲᠤᠭᠤᠷᠢᠭ ᠤᠨ ᠵᠢᠭᠤᠯᠴᠢᠯᠠᠯ᠄ ᠲᠤᠭᠳᠠᠭᠰᠠᠨ ᠨᠢᠬᠡᠨ ᠤᠷᠤᠨ ᠲᠤᠭᠤᠷᠢᠭ ᠲᠤ ᠵᠢᠭᠤᠯᠴᠢᠯᠠᠯ | ᠤᠨ ᠦᠢᠯᠡᠰ ᠢᠶᠠᠷ ᠲᠠᠪᠠᠭᠤᠯᠢᠭ ᠠᠵᠦ ᠦᠢᠯᠡᠰ ᠪᠤᠯᠭᠠᠨ᠂ ᠤᠷᠤᠨ ᠲᠤᠭᠤᠷᠢᠭ ᠤᠨ ᠵᠢᠭᠤᠯᠴᠢᠯᠠᠯ ᠤᠨ ᠡᠬᠢ ᠪᠠᠶᠠᠯᠢᠭ᠂ | ᠬᠠᠮᠢᠶ᠎ᠠ ᠪᠦᠬᠦᠢ ᠠᠵᠤ ᠦᠢᠯᠡᠰ᠂ ᠠᠮᠢ ᠠᠬᠤᠢ ᠤᠷᠴᠢᠨ ᠲᠤᠭᠤᠷᠢᠨ᠂ ᠤᠯᠠᠨ ᠨᠠᠶᠢᠳᠠ ᠶᠢᠨ ᠦᠢᠯᠡᠴᠢᠯᠡᠭᠡ᠂ ᠲᠤᠭᠳᠠᠮᠵᠢ | ᠲᠤᠭᠳᠠᠯᠴᠠᠭ᠎ᠠ᠂ ᠲᠦᠷᠦ ᠶᠢᠨ ᠪᠤᠳᠤᠯᠭ᠎ᠠ ᠬᠠᠤᠯᠢ ᠴᠠᠭᠠᠵᠠ᠂ ᠪᠤᠯᠪᠠᠰᠤᠨ ᠬᠡᠪ ᠰᠤᠷᠳᠠᠯ ᠵᠡᠷᠬᠡ ᠳᠤ ᠪᠦᠬᠦ ᠲᠠᠯ᠎ᠠ ᠶᠢᠨ | ᠰᠢᠰᠲ᠋ᠧᠮᠴᠢᠯᠡᠭᠰᠡᠨ ᠰᠢᠯᠢᠳᠡᠭᠵᠢᠬᠦᠯᠦᠯᠳᠡ ᠬᠢᠵᠦ᠂ ᠡᠬᠢ ᠪᠠᠶᠠᠯᠢᠭ ᠢ ᠤᠷᠭᠠᠨᠢᠭ ᠢᠶᠠᠷ ᠤᠶᠠᠯᠳᠤᠭᠤᠯᠬᠤ᠂ ᠠᠵᠦ ᠦᠢᠯᠡᠰ ᠢ | ᠵᠤᠬᠢᠴᠠᠩᠭᠤᠢ ᠬᠦᠭᠵᠢᠬᠦᠯᠬᠦ᠂ ᠨᠡᠶᠢᠬᠡᠮ ᠨᠡᠶᠢᠳᠡ ᠪᠠᠷ ᠬᠠᠮᠳᠤ ᠳᠠᠭᠠᠨ ᠪᠠᠶᠢᠭᠤᠯᠵᠦ ᠬᠠᠮᠳᠤᠪᠡᠷ ᠡᠳ᠋ᠯᠡᠬᠦ ᠶᠢ ᠪᠡᠶᠡᠯᠡᠬᠦᠯᠦᠨ᠂ | ᠵᠢᠭᠤᠯᠴᠢᠯᠠᠯ ᠤᠨ ᠦᠢᠯᠡᠰ ᠢᠶᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠶᠢ ᠵᠢᠭᠠᠵᠦ ᠪᠤᠢ᠃ | 8. ︽ᠵᠢᠭᠤᠯᠴᠢᠯᠠᠯ ᠤᠨ ᠦᠢᠯᠡᠰ +︾ ᠪᠠᠶᠢᠯᠳᠤᠬᠤ ᠪᠤᠳᠤᠯᠭ᠎ᠠ᠄ ᠵᠢᠭᠤᠯᠴᠢᠯᠠᠯ ᠤᠨ ᠦᠢᠯᠡᠰ ᠤᠨ | ᠠᠭᠤᠰᠤᠯᠴᠠᠬᠤ ᠴᠢᠳᠠᠪᠤᠷᠢ ᠶᠢ ᠪᠠᠳᠠᠷᠠᠭᠤᠯᠵᠦ᠂ ᠬᠠᠮᠢᠶ᠎ᠠ ᠪᠦᠬᠦᠢ ᠠᠵᠦ ᠦᠢᠯᠡᠰ ᠪᠠ ᠬᠦᠷᠢᠶ᠎ᠡ ᠬᠡᠪᠴᠢᠶᠠᠨ ᠤ ᠬᠦᠭᠵᠢᠯᠳᠡ | ᠳᠤ ᠵᠢᠭᠤᠯᠴᠢᠯᠠᠯ ᠤᠨ ᠲᠠᠪᠴᠠᠩ ᠬᠠᠩᠭᠠᠨ᠂ ᠰᠢᠨ᠎ᠠ ᠦᠢᠯᠡᠴᠢᠯᠡᠬᠡᠨ ᠤ ᠬᠡᠯᠪᠡᠷᠢ ᠶᠢ ᠪᠦᠷᠢᠯᠳᠦᠬᠦᠯᠦᠨ᠂ ᠲᠡᠬᠦᠨ ᠤ | ᠬᠦᠭᠵᠢᠯᠳᠡ ᠶᠢᠨ ᠬᠢᠷᠢ ᠲᠦᠪᠰᠢᠨ ᠪᠠ ᠶᠡᠷᠤᠩᠬᠡᠶᠢᠡᠯᠭᠰᠡᠨ ᠦᠷᠳᠡᠭ ᠢ ᠲᠡᠭᠡᠭᠰᠢᠯᠡᠬᠦᠯᠬᠦ ᠶᠢ ᠵᠢᠭᠠᠵᠦ ᠪᠤᠢ᠃ | 9. ᠤᠯᠠᠨ ᠨᠠᠶᠢᠳᠠ ᠶᠢᠨ ᠦᠢᠯᠡᠰ ᠪᠦᠳᠦᠬᠡᠬᠦ ᠤᠷᠤᠨ ᠵᠠᠢ᠄ ᠵᠠᠬ᠎ᠠ ᠲᠡᠯᠬᠡᠬᠦᠷᠴᠢᠯᠡᠭᠰᠡᠨ ᠲᠤᠭᠳᠠᠯᠴᠠᠭ᠎ᠠ᠂ | ᠲᠤᠰᠬᠠᠶᠢᠵᠢᠭᠰᠠᠨ ᠦᠢᠯᠡᠴᠢᠯᠡᠭᠡ ᠪᠠ ᠬᠦᠷᠦᠩᠬᠡᠴᠢᠯᠡᠭᠰᠡᠨ ᠠᠷᠭ᠎ᠠ ᠵᠠᠮ ᠢᠶᠠᠷ ᠦᠪᠡᠷ ᠤᠨ ᠦᠷᠳᠡᠭ ᠲᠤᠤᠷ᠎ᠠ᠂ ᠲᠦᠬᠦᠮ | ᠲᠦᠳᠡ᠂ ᠪᠦᠬᠦᠨ ᠢ ᠬᠠᠮᠤᠷᠤᠭᠰᠠᠨ᠂ ᠴᠢᠯᠦᠬᠡᠳᠡᠢ ᠰᠢᠨ᠎ᠠ ᠬᠡᠯᠪᠡᠷᠢ ᠶᠢᠨ ᠦᠢᠯᠡᠰ ᠪᠦᠳᠦᠬᠡᠬᠦ ᠦᠢᠯᠡᠴᠢᠯᠡᠬᠡᠨ ᠤ ᠲᠠᠪᠴᠠᠩ | ᠢ ᠵᠢᠭᠠᠵᠦ ᠪᠤᠢ᠃ | 10. ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠄ ᠬᠠᠩᠭᠠᠯᠭ᠎ᠠ ᠶᠢᠨ ᠶᠠᠰᠤ ᠴᠢᠨᠡᠷ | ᠢ ᠲᠡᠭᠡᠭᠰᠢᠯᠡᠬᠦᠯᠬᠦ ᠪᠠᠷ ᠬᠠᠷᠠᠯᠳᠠ ᠪᠠᠨ ᠪᠤᠯᠭᠠᠨ᠂ ᠦᠬᠡᠷᠡᠴᠢᠯᠡᠯᠳᠡ ᠬᠢᠬᠦ ᠪᠠᠷ ᠲᠠᠮᠵᠢᠭᠤᠯᠤᠨ ᠪᠦᠳᠦᠴᠡ ᠶᠢᠨ | ᠲᠤᠬᠢᠷᠠᠭᠤᠯᠤᠯᠳᠠ ᠶᠢ ᠠᠬᠢᠭᠤᠯᠵᠦ᠂ ᠭᠤᠤᠯ ᠡᠯᠧᠮᠧᠨ᠋ᠲ ᠤᠨ ᠲᠦᠬᠦᠷᠴᠢᠯᠡᠯᠳᠡ ᠶᠢ ᠲᠠᠩᠴᠠᠬᠦᠷᠢᠰᠢᠬᠦᠯᠵᠦ᠂ ᠪᠦᠳᠦᠮᠵᠢᠳᠠᠢ | ᠬᠠᠩᠭᠠᠯᠭ᠎ᠠ ᠶᠢ ᠦᠷᠬᠡᠳᠬᠡᠨ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠯᠡᠬᠡᠨ ᠤ ᠬᠤᠪᠢᠷᠠᠯᠳᠠ ᠳᠠᠬᠢ ᠵᠤᠬᠢᠬᠤ ᠴᠢᠨᠡᠷ ᠪᠠ | ᠠᠮᠢᠳᠤᠯᠢᠭ ᠴᠢᠨᠡᠷ ᠢ ᠲᠡᠭᠡᠭᠰᠢᠯᠡᠬᠦᠯᠵᠦ᠂ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠦᠨ᠂ | ᠦᠷᠬᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠶᠢ ᠤᠯᠠᠮ ᠰᠠᠶᠢᠨ ᠬᠠᠩᠭᠠᠵᠦ᠂ ᠠᠵᠦ ᠠᠬᠤᠢ ᠨᠡᠶᠢᠬᠡᠮ ᠤᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ | 11. ᠰᠡᠶᠢᠮᠡᠬᠡᠷ ᠬᠤᠳᠠ ᠶᠢᠨ ᠪᠠᠶᠢᠭᠤᠯᠤᠯᠳᠠ᠄ ᠬᠤᠳᠠ ᠨᠢ ᠤᠷᠴᠢᠨ ᠲᠤᠭᠤᠷᠢᠨ ᠤ ᠬᠤᠪᠢᠷᠠᠯᠳᠠ ᠳᠤ ᠵᠤᠬᠢᠴᠠᠬᠤ | ᠪᠠ ᠤᠰᠤ ᠪᠤᠷᠤᠭ᠎ᠠ ᠵᠡᠷᠬᠡ ᠪᠠᠶᠢᠭᠠᠯᠢ ᠶᠢᠨ ᠭᠠᠢ ᠭᠠᠮᠰᠢᠭ ᠢ ᠠᠷᠭᠠᠴᠠᠭᠠᠬᠤ ᠳᠠᠭᠠᠨ ︽ᠬᠠᠷᠢᠮᠠᠬᠠᠢ ᠴᠢᠨᠡᠷ ᠲᠠᠢ︾ ᠪᠠᠶᠢᠬᠤ | ᠶᠢ ᠵᠢᠭᠠᠵᠦ ᠪᠤᠢ᠂ ᠪᠠᠰᠠ ︽ᠤᠰᠤᠨ ᠤ ᠬᠠᠷᠢᠮᠠᠬᠠᠢ ᠴᠢᠨᠡᠷᠳᠡᠢ ᠬᠤᠳᠠ︾ ᠬᠡᠵᠦ ᠬᠡᠯᠡᠳᠡᠭ᠃ | 12. ᠬᠤᠤᠰ ᠲᠠᠰᠢᠷᠠᠮ ᠢᠶᠠᠷ ᠪᠠᠶᠢᠴᠠᠭᠠᠵᠦ ᠨᠢᠬᠡ ᠶᠢ ᠢᠯᠡ ᠨᠡᠶᠢᠳᠡᠯᠡᠬᠦ᠄ ᠵᠠᠬ᠎ᠠ ᠲᠡᠯᠬᠡᠬᠦᠷ ᠢ ᠬᠢᠨᠠᠨ ᠬᠠᠮᠢᠶᠠᠷᠬᠤ | ᠠᠵᠢᠯ ᠤᠨ ᠶᠠᠪᠤᠴᠠ ᠳᠠᠭᠠᠨ ᠪᠠᠶᠢᠴᠠᠭᠠᠬᠤ ᠡᠳᠡᠬᠡᠳ ᠢᠶᠠᠨ ᠰᠤᠭᠤᠯᠤᠨ ᠰᠤᠩᠭᠤᠬᠤ᠂ ᠪᠠᠶᠢᠴᠠᠭᠠᠯᠳᠠ ᠬᠢᠬᠦ ᠠᠵᠢᠯᠳᠠᠨ ᠢ | ᠰᠤᠭᠤᠯᠤᠨ ᠰᠤᠩᠭᠤᠬᠤ ᠶᠢᠨ ᠬᠠᠮᠳᠤ ᠰᠤᠭᠤᠯᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠯᠳᠠ ᠶᠢᠨ ᠦᠷ᠎ᠡ ᠳ᠋ᠦᠩ ᠢᠶᠠᠨ | ᠲᠠᠷᠤᠶᠢᠬᠠᠨ ᠨᠡᠶᠢᠬᠡᠮ ᠨᠡᠶᠢᠳᠡ ᠳᠤ ᠢᠯᠡ ᠨᠡᠶᠢᠳᠡᠯᠡᠬᠦ ᠶᠢ ᠵᠢᠭᠠᠵᠦ ᠪᠤᠢ᠃ |