ᠵᠠᠰᠠᠭ ᠤᠨ ᠤᠷᠳᠤᠨ ᠤ ᠠᠵᠢᠯ ᠤᠨ ᠢᠯᠡᠳᠬᠡᠯ | 2014 ᠤᠨ ᠤ 3 ᠰᠠᠷ᠎ᠠ ᠶᠢᠨ 8 ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ | | ᠬᠤᠰᠢᠭᠤ ᠲᠠᠷᠤᠭ᠎ᠠ ᠪᠤᠶᠠᠨᠳᠤ | | ᠲᠦᠯᠦᠬᠡᠯᠡᠭᠴᠢᠳ ᠡ᠄ | ᠤᠳᠤ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠠᠯ | ᠳᠤ ᠠᠵᠢᠯ ᠤᠨ ᠮᠡᠳᠡᠬᠦᠯᠦᠯᠳᠡ ᠬᠢᠶ᠎ᠠ᠃ ᠬᠢᠨᠠᠨ ᠵᠦᠪᠯᠡᠬᠦ ᠪᠤᠯᠪᠠᠤ︕ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ | ᠵᠢᠴᠢ ᠬᠤᠷᠠᠯ ᠤᠨ ᠪᠤᠰᠤᠳ ᠬᠡᠰᠢᠬᠦᠳ ᠰᠠᠨᠠᠯ ᠢᠶᠠᠨ ᠲᠡᠪᠰᠢᠬᠦᠯᠬᠦ ᠪᠤᠯᠪᠠᠤ︕ | ᠨᠢᠬᠡ᠂ 2013 ᠤᠨ ᠤ ᠠᠵᠢᠯ ᠤᠨ ᠡᠷᠬᠢᠴᠠᠬᠦᠯᠦᠯ | 2013 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ᠂ ᠮᠦᠨᠴᠦ ᠬᠦᠴᠢᠷ | ᠪᠡᠷᠭᠡᠰᠢᠶᠠᠯ ᠢ ᠢᠯᠡᠨ ᠲᠠᠪᠠᠵᠦ᠂ ᠵᠤᠷᠢᠭᠳᠠᠢ ᠪᠠᠷ ᠰᠢᠨ᠎ᠠ ᠶᠢ ᠡᠬᠦᠳᠦᠭᠰᠡᠨ ᠨᠢᠬᠡ ᠵᠢᠯ ᠪᠤᠯᠤᠨ᠎ᠠ᠃ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠬᠤᠰᠢᠭᠤ | ᠠᠷᠠᠳ ᠤᠨ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠢ | ᠪᠦᠯᠬᠦᠮᠳᠡᠬᠦᠯᠦᠨ ᠲᠠᠶᠢᠴᠢᠯᠠᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠦ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠠᠳᠬᠢᠴᠡ ᠪᠠ ᠪᠦᠬᠦ ᠠᠶᠢᠮᠠᠭ ᠤᠨ | ︽3456︾ ᠠᠵᠤ ᠠᠬᠤᠢ ᠶᠢᠨ ᠬᠦᠭᠵᠢᠯᠳᠡ ᠶᠢᠨ ᠬᠠᠷᠠᠯᠳᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠲᠤᠭᠳᠠᠭᠤᠨ ᠤ | ᠲᠤᠮᠳᠠ ᠤᠷᠤᠭᠰᠢᠯᠠᠬᠤ ᠠᠵᠢᠯ ᠤᠨ ᠦᠨᠳᠦᠰᠦᠨ ᠵᠠᠷᠴᠢᠮ ᠶᠤᠰᠤᠭᠠᠷ ᠲᠤᠭᠳᠠᠭᠤᠨ ᠦᠰᠦᠯᠳᠡ᠂ ᠪᠦᠳᠦᠴᠡ ᠶᠢᠨ | ᠲᠤᠬᠢᠷᠠᠭᠤᠯᠤᠯᠳᠠ᠂ ᠦᠬᠡᠷᠡᠴᠢᠯᠡᠯᠳᠡ ᠶᠢᠨ ᠠᠬᠢᠭᠤᠯᠤᠯᠳᠠ ᠶᠢ ᠴᠢᠩᠭᠠᠳᠬᠠᠵᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ | ᠵᠡᠷᠬᠡ ᠡᠯ᠎ᠠ ᠲᠦᠷᠦᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ᠂ ᠰᠢᠨᠵᠢᠯᠡᠬᠦ ᠤᠬᠠᠭᠠᠨᠴᠢ ᠬᠦᠭᠵᠢᠯᠳᠡ᠂ ᠠᠷᠠᠳ ᠢ | ᠪᠠᠶᠠᠵᠢᠭᠤᠯᠤᠨ ᠬᠤᠰᠢᠭᠤ ᠪᠠᠨ ᠬᠦᠴᠦᠷᠭᠡᠭᠵᠢᠬᠦᠯᠬᠦ ᠲᠠᠯ᠎ᠠ ᠪᠠᠷ ᠰᠢᠨ᠎ᠠ ᠠᠮᠵᠢᠯᠳᠠ ᠤᠯᠪᠠ᠃ | ︵ᠨᠢᠬᠡ︶ ᠪᠦᠬᠦᠶᠢᠯᠡ ᠴᠤᠭᠴᠠ ᠶᠢᠨ ᠪᠠᠶᠢᠳᠠᠯ ᠲᠤᠭᠳᠠᠭᠤᠨ ᠤ ᠲᠤᠮᠳᠠ ᠰᠠᠶᠢᠵᠢᠷᠠᠬᠤ ᠬᠠᠨᠳᠤᠰᠢ ᠢᠯᠡᠷᠡᠪᠡ᠃ | ᠦᠩᠬᠡᠷᠡᠭᠰᠡᠨ ᠨᠢᠬᠡ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠡ ᠶᠢᠨ ᠶᠡᠷᠤᠩᠬᠡᠢ | ᠬᠠᠨᠳᠤᠰᠢ ᠤᠷᠤᠭᠤᠳᠠᠵᠦ᠂ ᠬᠦᠭᠵᠢᠯᠳᠡ ᠶᠢᠨ ᠬᠤᠷᠳᠤᠴᠠ ᠤᠳᠠᠭᠠᠰᠢᠷᠠᠨ᠂ ᠡᠳ᠋ ᠤᠨ ᠵᠠᠰᠠᠭ ᠤᠨ ᠤᠷᠤᠯᠭ᠎ᠠ ᠶᠢ | ᠨᠡᠮᠡᠭᠳᠡᠬᠦᠯᠬᠦ ᠬᠦᠴᠢᠷᠳᠡᠯ ᠶᠡᠬᠡᠳᠦᠭᠰᠡᠨ ᠪᠠᠶᠢᠳᠠᠯ ᠲᠤᠤᠷ᠎ᠠ᠂ ᠮᠠᠨ ᠤ ᠬᠤᠰᠢᠭᠤ ᠨᠢ ᠪᠤᠳᠠᠳᠠᠢ ᠠᠴᠠ ᠡᠬᠦᠰᠴᠦ᠂ ᠲᠤᠬᠢᠳᠠᠢ | ᠲᠦᠯᠦᠪᠯᠡᠨ᠂ ᠠᠷᠭ᠎ᠠ ᠪᠤᠳᠤᠯᠭ᠎ᠠ ᠪᠠᠨ ᠲᠠᠰᠤᠷᠠᠯᠳᠠ ᠦᠬᠡᠢ ᠰᠢᠨᠡᠳᠬᠡᠭᠰᠡᠨ ᠠᠴᠠ ᠠᠵᠤ ᠠᠬᠤᠢ ᠶᠢᠨ ᠨᠡᠮᠡᠭᠳᠡᠯ ᠢ ᠪᠦᠬᠦ | ᠬᠦᠴᠦᠨ ᠢᠶᠠᠷ ᠲᠤᠭᠳᠠᠪᠤᠷᠢᠵᠢᠭᠤᠯᠵᠦ᠂ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭᠠᠨ ᠤ ᠦᠰᠦᠯᠳᠡ ᠶᠢᠨ | ᠬᠤᠷᠳᠤᠴᠠ ᠨᠢ ᠬᠡᠪ ᠤᠨ ᠪᠠᠶᠢᠳᠠᠯ ᠳᠤ ᠤᠷᠤᠪᠠ᠃ ᠨᠢᠳᠦᠨᠦᠨ ᠤ ᠪᠦᠬᠦ ᠵᠢᠯ ᠤᠨ ᠭᠠᠵᠠᠷ ᠤᠷᠤᠨ ᠤ ᠦᠢᠯᠡᠳᠪᠤᠷᠢᠯᠡᠯ ᠤᠨ | ᠶᠡᠷᠤᠩᠬᠡᠢ ᠦᠷᠳᠡᠭ ᠨᠢ 60.1 ᠳ᠋ᠦᠩᠰᠢᠭᠤᠷ ᠲᠦᠬᠦᠷᠢᠭ ᠲᠤ ᠬᠦᠷᠴᠦ᠂ 7.4% ᠶᠢᠨ ᠦᠰᠦᠯᠳᠡ ᠶᠢ ᠪᠡᠶᠡᠯᠡᠬᠦᠯᠪᠡ᠃ | ᠡᠬᠦᠨ ᠳᠤ᠂ ᠨᠢᠬᠡᠳᠦᠬᠡᠷ ᠠᠵᠤ ᠦᠢᠯᠡᠰ ᠤᠨ ᠦᠰᠦᠯᠳᠡ ᠶᠢᠨ ᠬᠡᠮᠵᠢᠶ᠎ᠠ ᠨᠢ 6 ᠳ᠋ᠦᠩᠰᠢᠭᠤᠷ ᠲᠦᠬᠦᠷᠢᠭ᠂ ᠦᠰᠦᠯᠳᠡ | ᠶᠢᠨ ᠨᠤᠷᠮ᠎ᠠ ᠨᠢ 5.4%᠂ ᠬᠤᠶᠠᠳᠤᠭᠠᠷ ᠠᠵᠤ ᠦᠢᠯᠡᠰ ᠤᠨ ᠦᠰᠦᠯᠳᠡ ᠶᠢᠨ ᠬᠡᠮᠵᠢᠶ᠎ᠠ ᠨᠢ 42.3 ᠳ᠋ᠦᠩᠰᠢᠭᠤᠷ | ᠲᠦᠬᠦᠷᠢᠭ᠂ ᠦᠰᠦᠯᠳᠡ ᠶᠢᠨ ᠨᠤᠷᠮ᠎ᠠ ᠨᠢ 7.7%᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ 11.7 | ᠳ᠋ᠦᠩᠰᠢᠭᠤᠷ ᠲᠦᠬᠦᠷᠢᠭ᠂ ᠦᠰᠦᠯᠳᠡ ᠶᠢᠨ ᠨᠤᠷᠮ᠎ᠠ ᠨᠢ 7.4% ᠳᠤ ᠬᠦᠷᠪᠡ᠃ ᠤᠷᠤᠨ ᠨᠤᠳᠤᠭ ᠤᠨ ᠡᠳ᠋ ᠤᠨ ᠵᠠᠰᠠᠭ | ᠤᠨ ᠶᠡᠷᠤᠩᠬᠡᠢ ᠤᠷᠤᠯᠭ᠎ᠠ ᠨᠢ 11.93 ᠳ᠋ᠦᠩᠰᠢᠭᠤᠷ ᠲᠦᠬᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 12. | 1% ᠳᠤ ᠬᠦᠷᠴᠡᠢ᠃ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠨᠢ 45.1 ᠳ᠋ᠦᠩᠰᠢᠭᠤᠷ | ᠲᠦᠬᠦᠷᠢᠭ ᠲᠤ ᠬᠦᠷᠴᠦ᠂ 5% ᠶᠢᠨ ᠦᠰᠦᠯᠳᠡ ᠶᠢ ᠪᠡᠶᠡᠯᠡᠬᠦᠯᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠪᠤᠯᠤᠨ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ | ᠴᠡᠪᠡᠷ ᠤᠷᠤᠯᠭ᠎ᠠ ᠨᠢ ᠲᠤᠰ ᠲᠤᠰ 22394 ᠲᠦᠬᠦᠷᠢᠭ ᠪᠤᠯᠤᠨ 11262 ᠲᠦᠬᠦᠷᠢᠭ ᠲᠤ ᠬᠦᠷᠴᠦ᠂ ᠦᠰᠦᠯᠳᠡ ᠶᠢᠨ | ᠨᠤᠷᠮ᠎ᠠ ᠨᠢ ᠲᠤᠰ ᠲᠤᠰ 10.8%᠂ 14% ᠳᠤ ᠬᠦᠷᠦᠭᠰᠡᠨ ᠪᠠᠶᠢᠨ᠎ᠠ᠃ | ︵ᠬᠤᠶᠠᠷ︶ ᠠᠵᠤ ᠠᠬᠤᠢ ᠶᠢᠨ ᠪᠦᠳᠦᠴᠡ ᠰᠢᠯᠢᠳᠡᠭᠵᠢᠨ ᠲᠡᠰ ᠲᠡᠪᠰᠢᠪᠠ᠃ | ᠡᠬᠢ ᠪᠠᠶᠠᠯᠢᠭ ᠢ ᠶᠡᠷᠤᠩᠬᠡᠶᠢᠯᠡᠨ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠦᠨ᠂ ᠠᠵᠤ ᠦᠢᠯᠡᠰ ᠤᠨ ᠬᠡᠯᠬᠢᠶ᠎ᠡ ᠶᠢ | ᠤᠷᠳᠤᠳᠬᠠᠵᠦ᠂ ᠠᠵᠤ ᠦᠢᠯᠡᠰ ᠤᠨ ᠪᠦᠳᠦᠴᠡ ᠶᠢᠨ ᠲᠡᠰ ᠲᠡᠪᠰᠢᠯᠳᠠ ᠶᠢ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ | ᠶᠢᠨ ᠦᠨᠳᠦᠰᠦ ᠪᠤᠯᠬᠤ ᠪᠠᠶᠢᠷᠢ ᠰᠠᠭᠤᠷᠢ ᠤᠯᠠᠮ ᠨᠢᠬᠡ ᠠᠯᠬᠤᠮ ᠪᠠᠬᠢᠵᠢᠪᠡ᠃ ᠲᠠᠷᠢᠶᠠᠯᠠᠩ ᠮᠠᠯ ᠠᠵᠤ ᠠᠬᠤᠢ ᠶᠢᠨ | ᠶᠡᠷᠤᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠬᠢ ᠲᠤᠭᠳᠠᠭᠤᠨ ᠨᠡᠮᠡᠭᠳᠡᠵᠦ᠂ ᠮᠠᠯ ᠤᠨ ᠲᠤᠭ᠎ᠠ ᠲᠤᠯᠤᠭᠠᠢ 37.9 ᠲᠦᠮᠡ | ᠳᠤ ᠬᠦᠷᠴᠦ᠂ 28.4 ᠲᠦᠮᠡᠨ ᠲᠤᠯᠤᠭᠠᠢ ᠲᠦᠯ ᠲᠤᠰᠤᠨ᠂ 31.5 ᠲᠦᠮᠡᠨ ᠲᠤᠯᠤᠭᠠᠢ ᠮᠠᠯ ᠵᠠᠷᠤᠴᠠᠭᠤᠯᠪᠠ᠃ ᠤᠰᠤᠨ | ᠳᠤ ᠭᠠᠮᠳᠠᠢ ᠤᠰᠤᠯᠠᠯᠳᠠ ᠶᠢᠨ ᠲᠠᠷᠢᠶ᠎ᠠ ᠶᠢ 4.35 ᠲᠦᠮᠡᠨ ᠮᠤ᠋ ᠨᠡᠮᠡᠭᠳᠡᠬᠦᠯᠦᠨ᠂ ᠠᠮᠤ ᠪᠤᠳᠠᠭᠠᠨ ᠤ ᠶᠡᠷᠤᠩᠬᠡᠢ ᠤᠨᠠᠯᠳᠠ | 4 ᠲᠦᠮᠡᠨ ᠲᠤᠨ ᠳᠤ ᠬᠦᠷᠪᠡ᠃ ᠠᠵᠤ ᠦᠢᠯᠡᠳᠪᠤᠷᠢ ᠶᠢᠨ ᠠᠵᠤ ᠠᠬᠤᠢ ᠶᠢᠨ ᠭᠤᠤᠯ ᠴᠤᠭᠴᠠ ᠶᠢᠨ ᠪᠠᠶᠢᠷᠢ ᠰᠠᠭᠤᠷᠢ | ᠤᠯᠠᠮ ᠪᠠᠳᠤᠵᠢᠪᠠ᠃ ᠪᠦᠬᠦ ᠵᠢᠯ ᠤᠨ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢ 38.9 ᠳ᠋ᠦᠩᠰᠢᠭᠤᠷ ᠲᠦᠬᠦᠷᠢᠭ | ᠲᠤ ᠬᠦᠷᠴᠦ᠂ ᠦᠰᠦᠯᠳᠡ ᠶᠢᠨ ᠨᠤᠷᠮ᠎ᠠ ᠨᠢ 8.2% ᠪᠠᠶᠢᠵᠦ᠂ ᠪᠦᠬᠦ GDP ᠤᠨ 64% ᠠᠴᠠ ᠲᠡᠭᠡᠭᠰᠢᠬᠢ ᠬᠤᠪᠢ | ᠶᠢ ᠡᠵᠡᠯᠡᠨ᠂ ᠲᠤᠯᠭᠠᠭᠤᠷᠢᠯᠠᠬᠤ ᠠᠵᠤ ᠦᠢᠯᠡᠰ ᠤᠨ ᠲᠠᠪᠠᠭᠤᠯᠢᠭ ᠢᠶᠠᠨ ᠪᠠᠳᠤᠯᠠᠪᠠ᠃ ᠱᠠᠩᠳᠤ ᠴᠠᠬᠢᠯᠭᠠᠨ ᠭᠠᠷᠭᠠᠬᠤ | ᠦᠢᠯᠡᠳᠪᠤᠷᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠠ ᠨᠢ196 ᠳ᠋ᠦᠩᠰᠢᠭᠤᠷ ᠭᠷᠡᠳᠦ᠋ᠰ ᠢ ᠲᠠᠪᠠᠭᠰᠠᠨ ᠪᠠ ᠬᠤᠩ | ᠵᠢᠶᠠᠩ᠂ ᠷᠧᠨ ᠴᠤᠸᠠᠩ᠂ ᠾᠧ ᠡᠸ᠋ᠨ ᠵᠡᠷᠬᠡ ᠪᠠᠷᠢᠯᠭ᠎ᠠ ᠶᠢᠨ ᠰᠢᠨ᠎ᠠ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠳ | ᠨᠢ ᠪᠦᠷ ᠠᠰᠢᠭᠯᠠᠯᠳᠠ ᠳᠤ ᠤᠷᠤᠨ᠂ ᠠᠵᠤ ᠦᠢᠯᠡᠳᠪᠤᠷᠢ ᠶᠢᠨ ᠪᠠᠶᠢᠷᠢᠰᠢᠯᠳᠠᠲ᠋ᠡᠬᠦᠯᠳᠡᠷᠵᠢᠵᠦ᠂ ᠦᠢᠯᠡᠳᠪᠤᠷᠢᠯᠡᠯ ᠤᠨ | ᠬᠡᠯᠪᠡᠷᠢ ᠶᠢᠨ ᠬᠤᠪᠢᠷᠠᠯᠳᠠ ᠶᠢ ᠠᠬᠢᠭᠤᠯᠬᠤ ᠳᠤ ᠴᠢᠬᠤᠯᠠ ᠲᠦᠯᠬᠢᠴᠠ ᠬᠦᠴᠦᠨ ᠪᠤᠯᠵᠠᠢ᠃ ᠦᠢᠯᠡᠴᠢᠯᠡᠬᠡᠨ ᠤ ᠦᠢᠯᠡᠰ | ᠤᠨ ᠬᠦᠭᠵᠢᠯᠳᠡ ᠤᠯᠠᠮ ᠨᠢᠬᠡ ᠠᠯᠬᠤᠮ ᠲᠦᠷᠬᠡᠳᠪᠡ᠃ ᠶᠤᠸᠠᠨ ᠤ ᠲᠡᠭᠡᠳᠦ ᠨᠡᠶᠢᠰᠯᠠᠯ ᠤᠨ ᠰᠤᠶᠤᠯ ᠵᠢᠭᠤᠯᠴᠢᠯᠠᠯ ᠢᠶᠠᠷ | ᠲᠦᠪ ᠪᠤᠯᠭᠠᠭᠰᠠᠨ ᠪᠦᠬᠦ ᠬᠤᠰᠢᠭᠤᠨ ᠤ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠦᠯᠦᠪᠯᠡᠭᠡ ᠶᠢ ᠲᠤᠭᠤᠷᠪᠢᠨ | ᠲᠡᠬᠦᠯᠳᠡᠷᠵᠢᠬᠦᠯᠵᠦ᠂ ᠠᠷᠠᠯᠵᠢᠶ᠎ᠠ ᠬᠤᠳᠠᠯᠳᠤᠭ᠎ᠠ᠂ ᠮᠦᠩᠬᠦᠨ ᠬᠦᠢᠯᠬᠡᠬᠡ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ | ᠤᠨ ᠬᠡᠪᠴᠢᠶ᠎ᠠ ᠶᠢ ᠦᠷᠬᠦᠯᠵᠢᠯᠡᠨ ᠦᠷᠬᠡᠳᠬᠡᠭᠰᠡᠨ ᠠᠴᠠ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ | ᠶᠡᠷᠤᠩᠬᠡᠢ ᠦᠷᠳᠡᠭ ᠨᠢ 10 ᠳ᠋ᠦᠩᠰᠢᠭᠤᠷ ᠲᠦᠬᠦᠷᠢᠭ ᠢ ᠲᠠᠪᠠᠵᠦ᠂ ᠦᠰᠦᠯᠳᠡ ᠶᠢᠨ ᠨᠤᠷᠮ᠎ᠠ ᠨᠢ 12% ᠶᠢ ᠲᠠᠪᠠᠨ᠂ | ᠮᠦᠩᠬᠦᠨ ᠬᠦᠢᠯᠬᠡᠬᠡᠨ ᠤ ᠦᠢᠯᠡᠰ ᠤᠨ ᠬᠠᠳᠠᠭᠠᠯᠠᠮᠵᠢ ᠪᠤᠯᠤᠨ ᠵᠢᠬᠡᠯᠡᠯᠬᠡ ᠶᠢᠨ ᠦᠯᠡᠳᠡᠪᠦᠷᠢ ᠮᠦᠩᠬᠦ ᠨᠢ ᠲᠤᠰ ᠲᠤᠰ 24 | ᠳ᠋ᠦᠩᠰᠢᠭᠤᠷ ᠲᠦᠬᠦᠷᠢᠭ ᠪᠠ 58 ᠳ᠋ᠦᠩᠰᠢᠭᠤᠷ ᠲᠦᠬᠦᠷᠢᠭ ᠢ ᠲᠠᠪᠠᠭᠰᠠᠨ ᠪᠠᠶᠢᠨ᠎ᠠ᠃ ᠵᠢᠭᠤᠯᠴᠢᠯᠠᠯ᠂ ᠪᠠᠷᠠᠭᠠᠨ ᠤ | ᠲᠡᠬᠡᠬᠡᠪᠦᠷᠢ ᠵᠡᠷᠬᠡ ᠰᠢᠨ᠎ᠠ ᠪᠠᠷ ᠬᠦᠭᠵᠢᠵᠦ ᠪᠠᠶᠢᠭ᠎ᠠ ᠦᠢᠯᠡᠴᠢᠯᠡᠬᠡᠨ ᠤ ᠦᠢᠯᠡᠰ ᠲᠦᠷᠬᠡᠨ ᠬᠦᠭᠵᠢᠵᠦ ᠪᠠᠶᠢᠭ᠎ᠠ ᠪᠦᠬᠡᠳ | ᠨᠢᠳᠦᠨᠦᠨ ᠮᠠᠨ ᠤ ᠬᠤᠰᠢᠭᠤᠨ ᠳᠤ ᠤᠷᠤᠵᠦ ᠢᠷᠡᠭᠰᠡᠨ ᠵᠢᠭᠤᠯᠴᠢᠳ ᠤᠨ ᠲᠤᠭ᠎ᠠ ᠨᠠᠶᠢᠳᠠ 37 ᠲᠦᠮᠡᠨ ᠬᠦᠮᠦᠨ ᠤᠳᠠᠭ᠎ᠠ | ᠳᠤ ᠬᠦᠷᠴᠦ᠂ 1.9 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠡᠭᠦᠳᠪᠡ᠃ ᠭᠤᠷᠪᠠᠨ ᠠᠵᠤ ᠦᠢᠯᠡᠰ ᠤᠨ ᠪᠦᠳᠦᠴᠡ | ᠶᠢᠨ ᠬᠠᠷᠢᠴᠠᠯ ᠨᠢ ᠤᠯᠠᠮ ᠨᠢᠬᠡ ᠠᠯᠬᠤᠮ ᠰᠢᠯᠢᠳᠡᠭᠵᠢᠵᠦ 10᠄ 70.4᠄ 19.6 ᠪᠤᠯᠵᠠᠢ᠃ ᠨᠠᠶᠢᠳᠠ ᠶᠢᠨ ᠪᠤᠰᠤ | ᠦᠮᠴᠢᠯᠠᠯᠳᠤ ᠠᠵᠤ ᠠᠬᠤᠢ ᠶᠢ ᠶᠡᠬᠡᠪᠡᠷ ᠬᠦᠭᠵᠢᠬᠦᠯᠪᠡ᠃ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢᠨ | ᠬᠦᠭᠵᠢᠯᠳᠡ ᠶᠢ ᠲᠡᠮᠵᠢᠬᠦ ᠲᠤᠬᠠᠢ ᠲᠡᠭᠡᠳᠦ ᠱᠠᠳᠤᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ | ᠲᠤᠤᠱᠯᠠᠭᠤᠯᠵᠦ ᠲᠡᠮᠵᠢᠨ ᠠᠬᠢᠭᠤᠯᠤᠭᠰᠠᠨ ᠠᠴᠠ ᠮᠠᠨ ᠤ ᠬᠤᠰᠢᠭᠤᠨ ᠤ ᠨᠠᠶᠢᠳᠠ ᠶᠢᠨ ᠪᠤᠰᠤ ᠦᠮᠴᠢᠯᠠᠯᠳᠤ ᠠᠵᠤ | ᠠᠬᠤᠶᠢᠯᠠᠯ ᠡᠷᠬᠢᠯᠡᠭᠰᠡᠳ ᠤᠨ ᠲᠤᠭ᠎ᠠ ᠨᠡᠮᠡᠭᠳᠡᠵᠦ 535 ᠡᠷᠦᠬᠡ ᠳᠤ ᠬᠦᠷᠴᠦ᠂ ᠲᠠᠩᠰᠠᠯᠠᠭᠤᠯᠤᠭᠰᠠᠨ ᠬᠦᠷᠦᠩᠬᠡ ᠨᠢ 19 | ᠳ᠋ᠦᠩᠰᠢᠭᠤᠷ ᠲᠦᠬᠦᠷᠢᠭ ᠢ ᠲᠠᠪᠠᠭᠰᠠᠨ ᠪᠦᠬᠡᠳ ᠠᠵᠢᠯᠴᠢᠨ ᠠᠵᠢᠯᠳᠠᠳ ᠤᠨ ᠬᠢᠨᠢ ᠨᠠᠶᠢᠳᠠ ᠲᠤᠭ᠎ᠠ ᠨᠢ ᠪᠦᠬᠦ ᠬᠤᠰᠢᠭᠤᠨ | ᠤ ᠠᠵᠢᠯ ᠤᠯᠤᠭᠰᠠᠨ ᠬᠦᠮᠦᠨ ᠤ 35% ᠠᠴᠠ ᠲᠡᠭᠡᠭᠰᠢᠬᠢ ᠶᠢ ᠡᠵᠡᠯᠡᠵᠦ ᠪᠤᠢ᠃ ᠵᠢᠵᠢᠭ ᠠᠵᠤ ᠠᠬᠤᠶᠢᠯᠠᠯ ᠢ ᠲᠡᠮᠵᠢᠬᠦ | ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠪᠡ᠃ ᠱᠠᠩᠳᠤ ᠪᠠᠳᠤᠯᠠᠭ᠎ᠠ ᠶᠢᠨ ᠺᠤᠮᠫᠠᠨᠢ ᠶᠢᠨ ᠪᠡᠯᠡ ᠬᠤᠷᠠᠮᠳᠤᠭᠤᠯᠬᠤ | ᠲᠡᠪᠴᠡᠩ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠨᠠᠶᠢᠳᠠ 37 ᠠᠵᠤ ᠠᠬᠤᠶᠢᠯᠠᠯ ᠳᠤ 5310 ᠲᠦᠮᠡᠨ | ᠲᠦᠬᠦᠷᠢᠭ ᠤᠨ ᠪᠠᠳᠤᠯᠠᠭ᠎ᠠ ᠶᠢᠨ ᠵᠢᠬᠡᠯᠡᠯᠬᠡ ᠤᠯᠭᠤᠵᠦ᠂ ᠵᠢᠵᠢᠭ ᠠᠵᠤ ᠠᠬᠤᠶᠢᠯᠠᠯ ᠪᠡᠯᠡ ᠬᠤᠷᠠᠮᠳᠤᠭᠤᠯᠬᠤ ᠲᠠᠯ᠎ᠠ ᠪᠠᠷ | ᠬᠦᠴᠢᠷᠳᠡᠵᠦ ᠪᠠᠶᠢᠭ᠎ᠠ ᠠᠰᠠᠭᠤᠳᠠᠯ ᠢ ᠵᠤᠬᠢᠬᠤ ᠬᠡᠮᠵᠢᠶᠠᠨ ᠳᠤ ᠰᠢᠢᠳᠪᠤᠷᠢᠯᠡᠵᠦ ᠴᠢᠳᠠᠭᠰᠠᠨ ᠪᠦᠬᠡᠳ ᠦᠢᠯᠡᠴᠢᠯᠡᠬᠡᠨ ᠤ | ᠲᠦᠷᠦᠯ ᠤᠨ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ ᠭᠤᠤᠯᠳᠠᠯᠭ᠎ᠠ ᠲᠠᠢ ᠠᠬᠢᠭᠤᠯᠵᠦ᠂ ᠪᠠᠳᠤᠯᠠᠭ᠎ᠠ ᠶᠢᠨ ᠬᠠᠷᠢᠴᠠᠯ | ᠨᠢ 58% ᠠᠴᠠ ᠲᠡᠭᠡᠭᠰᠢ ᠳᠤ ᠬᠦᠷᠴᠠᠢ᠃ | ︵ᠭᠤᠷᠪᠠ︶ ᠲᠦᠰᠦᠯ ᠤᠨ ᠪᠠᠶᠢᠭᠤᠯᠤᠯᠳᠠ ᠨᠢ ᠰᠢᠪᠳᠤᠯᠤᠯᠳᠠ ᠶᠢᠨ ᠴᠢᠨᠡᠷᠳᠡᠢ ᠠᠬᠢᠯᠳᠠ ᠲᠠᠢ ᠪᠤᠯᠪᠠ᠃ | ᠪᠡᠯᠡ ᠤᠷᠤᠭᠤᠯᠤᠯᠳᠠ ᠪᠠ ᠲᠦᠰᠦᠯ ᠤᠨ ᠪᠠᠶᠢᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠨ᠂ ᠭᠠᠵᠠᠷ ᠤᠨ | ᠲᠡᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠦᠰᠦᠯ ᠢ ᠭᠠᠷᠳᠠᠨ ᠬᠦᠢᠴᠡᠳᠬᠡᠬᠦ ᠲᠦᠷᠢᠮ ᠢ ᠦᠷᠬᠦᠯᠵᠢᠯᠡᠨ | ᠬᠡᠷᠡᠭᠵᠢᠬᠦᠯᠵᠦ᠂ ᠲᠦᠰᠦᠯ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠨ ᠬᠢᠪᠠ᠃ ᠨᠠᠶᠢᠳᠠ 149 ᠲᠦᠷᠦᠯ | ᠤᠨ ᠲᠦᠰᠦᠯ ᠢ ᠪᠦᠳᠦᠮᠵᠢᠳᠡᠢ ᠠᠬᠢᠭᠤᠯᠵᠦ᠂ ᠡᠬᠦᠨ ᠳᠤ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠦᠰᠦᠯ 38 | ᠲᠦᠷᠦᠯ᠂ ᠪᠤᠳᠠᠳᠠᠢ ᠪᠡᠯᠡ ᠤᠷᠤᠭᠤᠯᠤᠯᠳᠠ ᠨᠢ 20.5 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ ︽ᠲᠠᠪᠤᠨ | ᠵᠠᠭᠤᠨ ᠳ᠋ᠦᠩᠰᠢᠭᠤᠷ ᠤᠨ ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠪᠠ᠃ ᠰᠢᠨ᠎ᠠ ᠡᠨᠧᠷᠬᠢ ᠶᠢ ᠨᠡᠬᠡᠬᠡᠨ | ᠬᠦᠭᠵᠢᠬᠦᠯᠬᠦ ᠢᠨᠵᠧᠨᠧᠷᠢᠩ ᠲᠦᠷᠬᠡᠨ ᠢᠶᠠᠷ ᠬᠦᠭᠵᠢᠵᠦ᠂ ᠯᠦᠩ ᠶᠤᠸᠠᠨ ᠤᠯᠤᠰ ᠤᠨ ᠴᠠᠬᠢᠯᠭᠠᠨ ᠤ ᠲᠦᠰᠦᠯ᠂ ︽ᠤᠣ | ᠬᠦᠳᠦᠯ︾ ᠪᠤᠯᠤᠨ ︽ᠬᠤᠸᠠ ᠢ︾ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠰᠦᠯ ᠨᠢᠬᠡᠨᠳᠡ ᠠᠵᠢᠯ ᠢᠶᠠᠨ | ᠡᠬᠢᠯᠡᠬᠦᠯᠦᠭᠰᠡᠨ ᠪᠦᠬᠡᠳ ᠰᠠᠨ ᠰᠢᠶᠠ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠤᠨ ᠪᠡᠯᠡᠳᠬᠡᠯ ᠠᠵᠢᠯ | ᠤᠷᠤᠭᠰᠢᠳᠠᠢ ᠶᠠᠪᠤᠭᠳᠠᠵᠦ ᠪᠤᠢ᠃ ᠴᠢᠯᠠᠭᠤᠨ ᠲᠤᠰᠤ ᠬᠠᠶᠢᠨ ᠮᠠᠯᠳᠠᠬᠤ ᠠᠵᠢᠯ ᠤᠨ ᠲᠠᠯ᠎ᠠ ᠪᠠᠷ᠂ ᠤᠳᠤᠬᠠᠨ ᠪᠤᠯᠳᠠᠯ᠎ᠠ | ᠨᠠᠶᠢᠳᠠ 40 ᠬᠤᠳᠳᠤᠭ ᠦᠷᠦᠮᠳᠡᠵᠦ᠂ 3.59 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ | ᠡᠯᠡᠰᠦᠨ ᠤ ᠦᠢᠯᠡᠰ ᠤᠨ ᠡᠷᠬᠢᠯᠳᠡᠳᠦ ᠠᠵᠤ ᠠᠬᠤᠢ ᠶᠢᠨ ᠬᠦᠭᠵᠢᠯᠳᠡ ᠶᠢᠨ ᠲᠦᠯᠦᠪᠵᠢᠬᠦᠯᠬᠡ ᠲᠤᠭᠳᠠᠭᠠᠨ᠂ ᠷᠧᠨ | ᠴᠤᠸᠠᠩ ᠡᠯᠡᠰᠦᠨ ᠤ ᠦᠢᠯᠡᠰ ᠤᠨ ᠠᠵᠤ ᠠᠬᠤᠶᠢᠯᠠᠯ ᠤᠨ ᠲᠤᠯᠤᠭᠠᠨ ᠵᠤᠷᠪᠤᠰ ᠦᠢᠯᠡᠳᠪᠤᠷᠢᠯᠡᠯ ᠤᠨ ᠱᠤᠭᠤᠮ ᠨᠢ | ᠨᠢᠬᠡᠨᠳᠡ ᠠᠰᠢᠭᠯᠠᠯᠳᠠ ᠳᠤ ᠤᠷᠤᠵᠦ᠂ ᠨᠠᠶᠢᠳᠠ 7000 ᠲᠦᠮᠡᠨ ᠲᠦᠬᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ | ᠠᠵᠤ ᠦᠢᠯᠡᠳᠪᠤᠷᠢ ᠶᠢᠨ ᠲᠤᠭᠤᠷᠢᠭ ᠲᠠᠰᠤᠷᠠᠯᠳᠠ ᠦᠬᠡᠢ ᠪᠤᠵᠠᠭᠠᠶᠢᠷᠠᠨ ᠦᠷᠬᠡᠵᠢᠵᠦ᠂ ᠨᠠᠶᠢᠳᠠ 74 ᠳ᠋ᠦᠩᠰᠢᠭᠤᠷ | ᠭᠠᠷᠤᠢ ᠲᠦᠬᠦᠷᠢᠭ ᠤᠨ ᠦᠢᠯᠡᠳᠪᠤᠷᠢᠯᠡᠯ ᠤᠨ ᠦᠷᠳᠡᠭ ᠢ ᠡᠬᠦᠳᠴᠦ᠂ ᠦᠪᠡᠷᠳᠡᠬᠡᠨ ᠵᠠᠰᠠᠬᠤ ᠤᠷᠤᠨ ᠤ ᠲᠡᠰ ᠤᠨ | ᠡᠷᠬᠢᠯᠳᠡᠳᠦ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠪᠠᠶᠢᠭᠤᠯᠬᠤ ᠡᠷᠡᠮᠡᠯᠵᠢᠯᠡᠯ ᠤᠨ ᠠᠵᠢᠯ ᠠᠬᠢᠯᠳᠠ ᠲᠠᠢ | ᠪᠤᠯᠪᠠ᠃ ︽ᠶᠤᠸᠠᠨ ᠱᠠᠩ ᠲᠢᠶᠠᠨ ᠳ᠋ᠢ︾ ᠵᠢᠭᠤᠯᠴᠢᠯᠠᠯ ᠤᠨ ᠦᠢᠯᠡᠰ ᠤᠨ ᠲᠦᠰᠦᠯ ᠤᠷᠤᠭᠰᠢᠳᠠᠢ ᠶᠠᠪᠤᠭᠳᠠᠵᠦ᠂ ᠶᠤᠸᠠᠨ | ᠤ ᠲᠡᠭᠡᠳᠦ ᠨᠡᠶᠢᠰᠯᠠᠯ ᠤᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠤᠭᠤᠷᠢᠭ ᠢ ᠪᠠᠶᠢᠭᠤᠯᠬᠤ᠂ ︽ᠲᠤᠮᠳᠠᠳᠤ | ᠤᠯᠤᠰ᠂ ᠶᠤᠸᠠᠨ ᠤ ᠲᠡᠭᠡᠳᠦ ᠨᠠᠶᠢᠰᠯᠠᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠢ ᠡᠬᠦᠳᠬᠦ ᠳᠤ ᠤᠬᠢ ᠰᠠᠶᠢᠨ | ᠡᠬᠢᠯᠡᠯᠳᠡ ᠪᠤᠯᠵᠠᠢ᠃ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠬᠢ ᠲᠦᠰᠦᠯ ᠢ | ᠢᠳᠡᠪᠬᠢᠳᠡᠢ ᠦᠷᠨᠢᠬᠦᠯᠪᠡ᠃ ᠱᠠᠩᠳᠤ ᠨᠢᠰᠬᠡᠯ ᠤᠨ ᠪᠠᠭᠤᠳᠠᠯ ᠢ ᠪᠠᠶᠢᠭᠤᠯᠬᠤ ᠡᠮᠤᠨᠡᠬᠢ ᠬᠤᠭᠤᠴᠠᠭᠠᠨ ᠤ ᠠᠵᠢᠯ ᠤᠨ | ᠡᠷᠴᠢᠮ ᠢ ᠠᠬᠢᠭᠤᠯᠵᠦ ᠪᠠᠶᠢᠭ᠎ᠠ ᠪᠦᠬᠡᠳ 207 ᠤᠯᠤᠰ ᠤᠨ ᠵᠠᠮ ᠤᠨ ᠰᠠᠩ ᠤᠨ ᠲᠠᠯᠠᠢ ᠠᠴᠠ ᠪᠤᠤᠴᠠᠩ ᠬᠦᠷᠬᠦ | ᠲᠦᠷᠬᠡᠨ ᠤ ᠵᠠᠮ ᠲᠡᠷᠭᠡ ᠨᠡᠪᠳᠡᠷᠡᠭᠰᠡᠨ ᠪᠠ ᠰᠢᠯᠢ ᠶᠢᠨ ᠬᠤᠳᠠ ᠠᠴᠠ ᠰᠠᠩ ᠤᠨ ᠲᠠᠯᠠᠢ ᠬᠦᠷᠬᠦ ᠲᠦᠷᠬᠡᠨ ᠤ ᠵᠠᠮ ᠵᠡᠷᠬᠡ | ᠲᠠᠪᠤᠨ ᠵᠤᠷᠪᠤᠰ ᠵᠠᠰᠠᠮᠠᠯ ᠵᠠᠮ᠂ ᠲᠠᠮᠤᠷ ᠵᠠᠮ ᠨᠢ ᠲᠡᠷᠬᠡ ᠨᠡᠪᠳᠡᠷᠡᠬᠦ ᠨᠦᠬᠦᠴᠡᠯ ᠢ ᠪᠦᠷᠢᠯᠳᠦᠬᠦᠯᠦᠭᠰᠡᠨ ᠪᠦᠬᠡᠳ ᠪᠤᠰᠤᠳ | ᠵᠠᠰᠠᠮᠠᠯ ᠵᠠᠮ ᠪᠤᠶᠤ ᠲᠡᠮᠤᠷ ᠵᠠᠮ ᠤᠨ ᠲᠦᠰᠦᠯ ᠴᠦ ᠲᠦᠯᠦᠪᠯᠡᠭᠡ ᠶᠤᠰᠤᠭᠠᠷ ᠶᠠᠪᠤᠭᠳᠠᠵᠦ ᠪᠤᠢ᠃ ᠱᠠᠩ ᠴᠧᠨ 500 | ᠺᠢᠯᠤᠸᠤᠯᠲ ᠤᠨ ᠴᠠᠬᠢᠯᠭᠠᠨ ᠲᠠᠮᠵᠢᠭᠤᠯᠬᠤ ᠢᠨᠵᠧᠨᠧᠷᠢᠩ ᠤᠨ ᠰᠢᠯᠤᠭᠤᠨ ᠬᠦᠬᠡ ᠬᠤᠰᠢᠭᠤᠨ ᠳᠠᠬᠢ ᠪᠦᠳᠦᠬᠡᠨ | ᠪᠠᠶᠢᠭᠤᠯᠤᠯᠳᠠ ᠶᠢᠨ ᠠᠵᠢᠯ ᠨᠢᠬᠡᠨᠳᠡ ᠲᠠᠭᠤᠰᠴᠤ᠂ ᠪᠠᠶᠠᠠᠭᠤᠤᠯ ᠤᠨ 500 ᠺᠢᠯᠤᠸᠤᠯᠲ ᠤᠨ ᠬᠦᠴᠦᠳᠠᠯ ᠦᠬᠡᠷᠡᠴᠢᠯᠡᠭᠴᠢ | ᠦᠷᠳᠡᠬᠡᠨ ᠤ ᠲᠦᠰᠦᠯ ᠤᠷᠤᠭᠰᠢᠳᠠᠢ ᠶᠠᠪᠤᠭᠳᠠᠵᠦ᠂ ᠰᠠᠩ ᠤᠨ ᠲᠠᠯᠠᠢ ᠶᠢᠨ 110 ᠺᠢᠯᠤᠸᠤᠯᠲ ᠤᠨ ᠬᠦᠴᠦᠳᠡᠯ | ᠦᠬᠡᠷᠡᠴᠢᠯᠡᠭᠴᠢ ᠦᠷᠳᠡᠭᠡ ᠵᠡᠷᠬᠡ ᠭᠤᠷᠪᠠᠨ ᠬᠦᠴᠦᠳᠡᠯ ᠦᠬᠡᠷᠡᠴᠢᠯᠡᠬᠦ ᠦᠷᠳᠡᠬᠡᠨ ᠤ ᠪᠠᠶᠢᠭᠤᠯᠤᠯᠳᠠ ᠶᠢᠨ ᠠᠵᠢᠯ ᠨᠢᠬᠡᠨᠳᠡ | ᠲᠠᠭᠤᠰᠴᠤ ᠪᠦᠬᠦᠨ ᠢᠶᠠᠷ ᠢᠶᠠᠨ ᠠᠰᠢᠭᠯᠠᠯᠳᠠ ᠳᠤ ᠤᠷᠤᠵᠠᠢ᠃ ᠠᠷᠠᠯᠵᠢᠶᠠᠴᠢᠨ ᠤᠷᠢᠵᠦ ᠪᠡᠯᠡ ᠲᠠᠳᠠᠬᠤ ᠠᠵᠢᠯ ᠢ | ᠭᠤᠤᠯᠳᠠᠯᠭ᠎ᠠ ᠲᠠᠢ ᠬᠢᠪᠠ᠃ ᠨᠠᠶᠢᠳᠠ 50 ᠭᠠᠷᠤᠢ ᠲᠦᠷᠦᠯ ᠤᠨ ᠠᠷᠠᠯᠵᠢᠶᠠᠴᠢᠨ ᠤᠷᠢᠬᠤ ᠲᠦᠰᠦᠯ ᠢ ᠬᠡᠷᠡᠭᠵᠢᠬᠦᠯᠵᠦ᠂ | 28.3 ᠳ᠋ᠦᠩᠰᠢᠭᠤᠷ ᠲᠦᠬᠦᠷᠢᠭ ᠤᠨ ᠠᠶᠢᠮᠠᠭ ᠤᠨ ᠭᠠᠳᠠᠨᠠᠬᠢ ᠪᠡᠯᠡ ᠤᠷᠤᠭᠤᠯᠤᠯᠳᠠ ᠶᠢ ᠰᠢᠭᠤᠳ ᠠᠰᠢᠭᠯᠠᠨ᠂ ᠠᠳᠠᠯᠢ | ᠬᠤᠭᠤᠴᠠᠭᠠᠨ ᠤ ᠬᠢ ᠠᠴᠠ 46% ᠠᠴᠠ ᠲᠡᠭᠡᠭᠰᠢ ᠨᠡᠮᠡᠭᠳᠡᠪᠡ᠃ | ︵ᠲᠦᠷᠪᠡ︶ ᠠᠮᠢ ᠠᠬᠤᠢ ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠪᠠ᠃ | ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠡᠬᠢ ᠪᠠᠶᠠᠯᠢᠭ ᠤᠨ ᠨᠡᠬᠡᠬᠡᠯᠳᠡ ᠪᠤᠯᠤᠨ ᠮᠠᠯᠴᠢᠨ ᠲᠠᠷᠢᠶᠠᠴᠢᠨ ᠤ | ᠠᠰᠢᠭ ᠲᠤᠰᠠ ᠶᠢ ᠵᠤᠬᠢᠴᠠᠩᠭᠤᠢ ᠬᠦᠭᠵᠢᠬᠦᠯᠬᠦ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ | ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠦᠭᠰᠡᠨ ᠠᠴᠠ ᠨᠡᠯᠢᠶᠠᠳ ᠲᠤᠭᠳᠠᠩᠭᠤᠢ ᠠᠮᠢ ᠠᠬᠤᠢ ᠶᠢᠨ ᠬᠠᠮᠠᠭᠠᠯᠠᠯᠳᠠ | ᠶᠢᠨ ᠰᠢᠰᠲ᠋ᠧᠮ ᠪᠤᠢ ᠪᠤᠯᠤᠭᠰᠠᠨ ᠪᠠᠶᠢᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠲᠦᠰᠦᠯ ᠢ ᠢᠳᠡᠪᠬᠢᠯᠡᠨ ᠬᠡᠷᠡᠭᠵᠢᠬᠦᠯᠪᠡ | ᠃ ᠡᠯ᠎ᠠ ᠵᠦᠢᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠳᠤ ᠬᠤᠯᠪᠤᠭᠳᠠᠭᠰᠠᠨ ᠲᠦᠰᠦᠯ ᠳᠤ ᠨᠠᠶᠢᠳᠠ 7600 | ᠲᠦᠮᠡᠨ ᠲᠦᠬᠦᠷᠢᠭ ᠤᠨ ᠪᠡᠯᠡ ᠤᠷᠤᠭᠤᠯᠤᠨ᠂ ᠤᠶᠢᠵᠢᠭᠤᠯᠤᠯᠳᠠ ᠶᠢᠨ ᠲᠠᠯᠠᠪᠠᠢ ᠨᠠᠶᠢᠳᠠ 29.06 ᠲᠦᠮᠡᠨ ᠮᠤ᠋ ᠳᠤ | ᠬᠦᠷᠪᠠ᠃ ᠡᠬᠦᠨ ᠳᠤ 2012 ᠤᠨ ᠳᠤ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠢᠶᠠᠷ 28.5 ᠲᠦᠮᠡᠨ ᠮᠤ᠋ ᠤᠢ ᠮᠤᠳᠤ ᠲᠠᠷᠢᠵᠦ᠂ ᠬᠤᠳᠠ ᠪᠠᠯᠭᠠᠰᠤᠨ ᠤ ᠡᠷᠬᠢᠨ | ᠲᠤᠭᠤᠷᠢᠨ ᠤ ᠭᠤᠤᠯᠳᠠᠯᠭ᠎ᠠ ᠲᠠᠢ ᠤᠷᠤᠨ ᠳᠤ 5600 ᠮᠤ᠋ ᠮᠤᠳᠤ ᠲᠠᠷᠢᠪᠠ᠃ ᠱᠠᠩᠳᠤ ᠶᠢᠨ ᠭᠤᠤᠯ ᠤᠨ ᠰᠠᠪᠠ ᠭᠠᠵᠠᠷ ᠢ | ᠴᠡᠪᠡᠷᠯᠡᠵᠦ᠂ ᠲᠤᠮᠳᠠ ᠪᠠᠭ᠎ᠠ ᠭᠤᠤᠯ ᠤᠨ ᠤᠷᠤᠰᠬᠠᠯ ᠢ ᠲᠤᠩᠭᠠᠯᠠᠭᠰᠢᠭᠤᠯᠬᠤ ᠢᠨᠵᠧᠨᠧᠷᠢᠩ ᠢᠶᠠᠷ ᠱᠠᠩᠳᠤ ᠶᠢᠨ ᠭᠤᠤᠯ | ᠪᠠᠯᠭᠠᠰᠤᠨ ᠤ ᠬᠡᠰᠡᠭ ᠲᠤ ᠨᠠᠶᠢᠳᠠ 1521 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠶᠤᠸᠠᠨ ᠤ ᠲᠡᠭᠡᠳᠦ ᠨᠠᠶᠢᠰᠯᠠᠯ | ᠤᠨ ᠪᠠᠭᠤᠷᠢ ᠶᠢᠨ ᠬᠠᠪᠢ ᠳᠠᠬᠢ ᠭᠤᠤᠯ ᠤᠨ ᠤᠰᠤ ᠶᠢ ᠨᠦᠬᠦᠪᠦᠷᠢᠯᠡᠬᠦ ᠢᠨᠵᠧᠨᠧᠷᠢᠩ ᠳᠤ 114 ᠲᠦᠮᠡᠨ ᠲᠦᠬᠦᠷᠢᠭ ᠤᠨ | ᠪᠡᠯᠡ ᠤᠷᠤᠭᠤᠯᠤᠭᠰᠠᠨ ᠪᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠢ | ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠪᠠᠷᠢᠮᠳᠠᠯᠠᠨ᠂ 1457 ᠲᠦᠮᠡᠨ ᠮᠤ᠋ ᠲᠠᠯᠠᠪᠠᠢ ᠳᠤ ᠮᠠᠯ ᠪᠡᠯᠴᠢᠬᠡᠷ ᠤᠨ | ᠲᠡᠩᠴᠡᠬᠦᠷᠢ ᠶᠢᠨ ᠲᠦᠷᠢᠮ ᠢ ᠬᠡᠷᠡᠭᠵᠢᠬᠦᠯᠵᠦ᠂ ᠡᠯ᠎ᠠ ᠲᠦᠷᠦᠯ ᠤᠨ ᠨᠦᠬᠦᠪᠦᠷᠢ ᠮᠦᠩᠬᠦ ᠶᠢ 8267 ᠲᠦᠮᠡᠨ ᠲᠦᠬᠦᠷᠢᠭ | ᠪᠠᠭᠤᠯᠭᠠᠪᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠪᠠ᠃ | 11.35 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠲᠤᠯᠠᠭᠠᠨ ᠰᠠᠷᠠᠪᠴᠢ᠂ ᠬᠤᠨᠢ ᠪᠤᠷᠳᠤᠬᠤ ᠬᠠᠰᠢᠶ᠎ᠠ᠂ ᠮᠠᠯ | ᠤᠨ ᠬᠠᠰᠢᠶ᠎ᠠ ᠰᠠᠷᠠᠪᠴᠢ ᠵᠢᠴᠢ 2.1 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠡᠪᠡᠰᠦᠨ ᠬᠤᠷᠤᠭ᠎ᠠ᠂ 2 | ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠠ ᠪᠠᠷ ᠪᠠᠶᠢᠭᠤᠯᠤᠨ᠂ 1.29 | ᠲᠦᠮᠡᠨ ᠮᠤ᠋ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠢ ᠪᠠᠶᠢᠭᠤᠯᠵᠦ᠂ ᠶᠡᠷᠤᠩᠬᠡᠢ ᠪᠡᠯᠡ ᠤᠷᠤᠭᠤᠯᠤᠯᠳᠠ 1800 | ᠲᠦᠮᠡᠨ ᠲᠦᠬᠦᠷᠢᠭ ᠲᠤ ᠬᠦᠷᠴᠡᠢ᠃ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠬᠦᠯᠪᠡ᠃ | ᠠᠶᠢᠮᠠᠭ ᠤᠨ ᠬᠢᠵᠠᠭᠠᠷᠯᠠᠭᠰᠠᠨ ᠡᠬᠦᠷᠬᠡ ᠶᠤᠰᠤᠭᠠᠷ ᠡᠨᠧᠷᠬᠢ ᠠᠷᠪᠢᠯᠠᠵᠦ᠂ ᠪᠤᠬᠢᠷᠳᠤᠯ ᠪᠠᠭᠠᠰᠬᠠᠬᠤ ᠠᠵᠢᠯ ᠢ ᠰᠠᠶᠢᠳᠦᠷ | ᠬᠢᠭᠰᠡᠨ ᠠᠴᠠ ᠨᠢᠬᠡᠴᠢ GDP ᠤᠨ ᠡᠨᠧᠷᠬᠢ ᠶᠢᠨ ᠬᠤᠷᠤᠭᠳᠠᠯ ᠪᠠ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ | ᠶᠢᠨ ᠬᠡᠮᠵᠢᠶ᠎ᠠ ᠨᠢ ᠲᠤᠰ ᠪᠦᠷᠢ 5.6% ᠪᠠᠷ ᠪᠠᠭᠤᠷᠠᠭᠰᠠᠨ ᠪᠠᠶᠢᠨ᠎ᠠ᠃ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠤ | ᠴᠡᠭᠴᠡᠯᠡᠯᠳᠡ ᠶᠢᠨ ᠠᠵᠢᠯ ᠢ ᠴᠢᠩᠭᠠᠳᠬᠠᠵᠦ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠲᠡᠰ ᠲᠠᠷᠠᠭᠠᠯᠠᠯ ᠢ | ᠲᠦᠷᠢᠮᠵᠢᠬᠦᠯᠦᠨ᠂ ᠬᠠᠤᠯᠢ ᠪᠤᠰᠤ ᠪᠠᠷ ᠨᠤᠳᠤᠭ ᠪᠡᠯᠴᠢᠬᠡᠷ ᠢ ᠬᠠᠭᠠᠯᠪᠤᠷᠢᠯᠠᠭᠰᠠᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠪᠡ᠃ ᠠᠭᠤᠯᠠᠨ ᠦᠶᠡᠷ ᠤᠨ ᠭᠠᠢ ᠭᠠᠮᠰᠢᠭ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠰᠡᠷᠡᠮᠵᠢ ᠶᠢᠨ ᠲᠦᠬᠦᠬᠡᠷᠦᠮᠵᠢ | ᠶᠢ ᠲᠤᠷᠰᠢᠨ ᠠᠵᠢᠯᠯᠠᠭᠤᠯᠤᠭᠰᠠᠨ ᠪᠠᠶᠢᠨ᠎ᠠ᠃ ᠲᠠᠯ᠎ᠠ ᠨᠤᠳᠤᠭ ᠤᠨ ᠭᠠᠯ ᠰᠡᠷᠬᠡᠶᠢᠯᠡᠬᠦ ᠠᠵᠢᠯ ᠢ ᠬᠢᠨᠠᠮᠠᠭᠠᠢ ᠵᠤᠬᠢᠶᠠᠨ | ᠪᠠᠶᠢᠭᠤᠯᠤᠭᠰᠠᠨ ᠤ ᠬᠠᠮᠳᠤ ᠠᠮᠢᠳᠠᠨ ᠤ ᠬᠢᠵᠢᠭ ᠬᠡᠮ ᠢ ᠰᠡᠷᠬᠡᠶᠢᠯᠡᠨ ᠬᠤᠷᠢᠭᠯᠠᠬᠤ ᠬᠦᠴᠦᠯᠡᠴᠡ ᠪᠠᠨ ᠲᠠᠰᠤᠷᠠᠯᠳᠠ ᠦᠬᠡᠢ | ᠨᠡᠮᠡᠭᠳᠡᠬᠦᠯᠦᠨ᠂ ᠪᠧᠷᠦ᠋ᠰᠧᠯ ᠡᠪᠡᠳᠴᠢᠨ ᠬᠦᠮᠦᠨ ᠳᠤ ᠬᠠᠯᠳᠠᠪᠤᠷᠢᠯᠠᠬᠤ ᠶᠢ ᠪᠦᠳᠦᠮᠵᠢᠳᠠᠢ ᠬᠤᠷᠢᠭᠯᠠᠵᠦ ᠴᠢᠳᠠᠭᠰᠠᠨ | ᠪᠠᠶᠢᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠢᠵᠧᠨᠧᠷᠢᠩ ᠪᠦᠬᠦ ᠲᠠᠯ᠎ᠠ ᠪᠠᠷ ᠠᠬᠢᠯᠳᠠ ᠲᠠᠢ ᠪᠤᠯᠪᠠ᠃ | ᠡᠵᠡᠮᠳᠡᠵᠦ ᠪᠤᠯᠬᠤᠶᠢᠴᠡ ᠡᠳ᠋ ᠤᠨ ᠬᠦᠴᠦᠨ ᠲᠤᠶᠢᠯ ᠤᠨ ᠬᠢᠵᠠᠭᠠᠷᠳᠠᠢ ᠪᠠᠶᠢᠳᠠᠯ ᠲᠤᠤᠷ᠎ᠠ ᠴᠦ ᠠᠷᠠᠳ ᠤᠨ | ᠠᠮᠢᠳᠤᠷᠠᠯ ᠳᠠᠬᠢ ᠪᠡᠯᠡ ᠤᠷᠤᠭᠤᠯᠤᠯᠳᠠ ᠶᠢ ᠪᠦᠬᠦ ᠬᠦᠴᠦᠨ ᠢᠶᠠᠷ ᠢᠶᠠᠨ ᠪᠠᠳᠤᠯᠠᠪᠠ᠃ ᠪᠦᠬᠦ ᠵᠢᠯ ᠤᠨ ᠡᠳ᠋ ᠤᠨ ᠵᠠᠰᠠᠭ | ᠠᠴᠠ ᠭᠠᠷᠭᠠᠭᠰᠠᠨ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ ᠶᠢᠨ ᠶᠠᠷᠤᠩᠬᠡᠢ ᠬᠡᠮᠵᠢᠶ᠎ᠠ ᠨᠢ 5.59 | ᠳ᠋ᠦᠩᠰᠢᠭᠤᠷ ᠲᠦᠬᠦᠷᠢᠭ ᠬᠦᠷᠴᠦ᠂ ᠪᠦᠬᠦ ᠬᠤᠰᠢᠭᠤᠨ ᠤ ᠤᠯᠠᠨ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠦᠪ ᠤᠨ 52.8% ᠶᠢ ᠡᠵᠡᠯᠡᠪᠡ᠃ ᠵᠢᠯ ᠤᠨ ᠡᠬᠢᠨ ᠳᠤ ᠠᠷᠠᠳ ᠲᠤ ᠠᠮᠠᠯᠳᠤᠭᠰᠠᠨ ᠠᠷᠪᠠᠨ ᠵᠦᠢᠯ ᠤᠨ ᠪᠤᠳᠠᠳᠠᠢ | ᠠᠵᠢᠯ ᠯᠠᠪᠳᠠᠭᠤᠨ ᠨᠠᠶᠢᠳᠠᠪᠤᠷᠢᠵᠢᠭᠳᠠᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠡᠵᠡᠮᠳᠡᠵᠦ ᠪᠤᠯᠬᠤᠶᠢᠴᠠ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢᠨ ᠨᠡᠮᠡᠭᠳᠡᠯ | ᠤᠨ ᠬᠤᠷᠳᠤᠴᠠ ᠨᠢ ᠴᠦᠮ ᠠᠵᠤ ᠠᠬᠤᠢ ᠶᠢᠨ ᠦᠰᠦᠯᠳᠡ ᠶᠢᠨ ᠬᠤᠷᠳᠤᠴᠠ ᠠᠴᠠ ᠲᠠᠪᠠᠭᠰᠠᠨ ᠪᠠᠶᠢᠨ᠎ᠠ᠃ ᠦᠢᠯᠡᠰ | ᠪᠤᠰᠬᠠᠵᠦ ᠠᠵᠢᠯ ᠤᠯᠭᠤᠬᠤ ᠠᠵᠢᠯ ᠢ ᠰᠠᠶᠢᠳᠦᠷ ᠭᠢᠪᠡ᠃ ᠠᠵᠢᠯ ᠤᠯᠭᠤᠬᠤ ᠪᠤᠯᠪᠠᠰᠤᠷᠠᠯ ᠤᠨ ᠬᠦᠴᠦᠯᠡᠴᠡ ᠶᠢ | ᠨᠡᠮᠡᠭᠳᠡᠬᠦᠯᠵᠦ᠂ 8700 ᠠᠵᠢᠯ ᠤᠨ ᠪᠠᠶᠢᠷᠢ ᠴᠤᠭᠯᠠᠭᠤᠯᠤᠨ᠂ ᠬᠤᠳᠠ ᠪᠠᠯᠭᠠᠰᠤᠨ ᠤ 1823 ᠬᠦᠮᠦᠨ ᠳᠤ ᠰᠢᠨ᠎ᠠ ᠪᠠᠷ | ᠠᠵᠢᠯ ᠤᠯᠭᠤᠨ᠂ ᠬᠤᠳᠠ ᠪᠠᠯᠭᠠᠰᠤᠨ ᠤ ᠠᠵᠢᠯ ᠦᠬᠡᠶᠢᠴᠤᠳ ᠤᠨ ᠲᠤᠭ᠎ᠠ ᠨᠤᠷᠮ᠎ᠠ ᠶᠢ 3.48% ᠤᠨ ᠲᠤᠳᠤᠷ᠎ᠠ | ᠬᠢᠵᠠᠭᠠᠷᠯᠠᠪᠠ᠃ ᠶᠡᠭᠡ ᠲᠡᠭᠡᠳᠦ ᠰᠤᠷᠭᠠᠭᠤᠯᠢ ᠲᠡᠬᠦᠰᠦᠭᠰᠡᠨ 82 ᠤᠶᠤᠳᠠᠨ ᠤ ᠬᠤᠪᠢ ᠶᠢᠨ ᠤᠶᠢᠯᠡᠰ ᠢ ᠲᠡᠮᠵᠢᠭᠰᠡᠨ | ᠪᠦᠬᠡᠳ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠪᠠ ᠠᠵᠢᠯ ᠮᠡᠷᠬᠡᠵᠢᠯ ᠤᠨ ᠰᠤᠷᠭᠠᠭᠤᠯᠢ ᠲᠡᠬᠦᠰᠦᠭᠰᠡᠨ | 296 ᠬᠦᠮᠦᠨ᠂ ᠴᠡᠷᠢᠭ ᠠᠴᠠ ᠬᠠᠯᠠᠭᠳᠠᠭᠰᠠᠨ 27 ᠬᠦᠮᠦᠨ ᠳᠤ ᠠᠵᠢᠯ ᠤᠯᠭᠤᠵᠦ ᠦᠭᠪᠡ᠃ ᠨᠡᠶᠢᠬᠡᠮ ᠤᠨ ᠪᠠᠳᠤᠯᠠᠭ᠎ᠠ | ᠶᠢᠨ ᠬᠢᠷᠢ ᠲᠦᠪᠰᠢᠨ ᠲᠤᠭᠳᠠᠭᠤᠨ ᠢᠶᠠᠷ ᠲᠡᠭᠡᠭᠰᠢᠯᠡᠪᠡ᠃ ᠬᠤᠳᠠ ᠪᠠᠯᠭᠠᠰᠤ᠂ ᠮᠠᠯᠵᠢᠬᠤ ᠲᠡᠷᠢᠶᠠᠯᠠᠬᠤ ᠤᠷᠤᠨ ᠤ ᠲᠤᠤᠷ᠎ᠠ | ᠪᠠᠳᠤᠯᠭᠠᠳᠤ ᠡᠷᠦᠬᠡ ᠶᠢᠨ ᠨᠦᠬᠦᠪᠦᠷᠢ᠂ ᠲᠠᠪᠤᠨ ᠪᠠᠳᠤᠯᠭᠠᠳᠤ ᠡᠷᠦᠬᠡ ᠶᠢ ᠲᠦᠪᠯᠡᠷᠡᠬᠦᠯᠦᠨ ᠬᠠᠷᠠᠭᠠᠯᠵᠠᠬᠤ ᠨᠦᠬᠦᠪᠦᠷᠢ ᠶᠢᠨ | ᠪᠠᠷᠢᠮᠵᠢᠶ᠎ᠠ ᠵᠢᠴᠢ ᠲᠤᠰ ᠲᠤᠨᠢ ᠠᠰᠠᠷᠠᠨ ᠬᠠᠷᠠᠭᠠᠯᠵᠠᠬᠤ ᠨᠦᠬᠦᠪᠦᠷᠢ ᠶᠢᠨ ᠪᠠᠷᠢᠮᠵᠢᠶ᠎ᠠ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠮᠦᠩᠬᠦ ᠪᠤᠯᠤᠨ ᠭᠠᠴᠠᠭ᠎ᠠ ᠲᠤᠰᠬᠤᠨ ᠤ ᠺᠠᠳ᠋ᠷ ᠤᠨ ᠴᠡᠯᠢᠩ ᠤᠨ | ᠪᠠᠷᠢᠮᠵᠢᠶ᠎ᠠ ᠶᠢ ᠴᠦᠮ ᠵᠤᠬᠢᠬᠤ ᠬᠡᠮᠵᠢᠶ᠎ᠠ ᠪᠠᠷ ᠦᠰᠭᠡᠪᠡ᠃ ᠶᠠᠳᠠᠭᠤ ᠬᠦᠴᠢᠷᠳᠡᠢ ᠤᠶᠤᠳᠠᠨ ᠪᠠ ᠤᠨᠴᠠ ᠬᠦᠴᠢᠷᠳᠡᠢ ᠤᠯᠠᠨ | ᠲᠦᠮᠡᠨ ᠢ ᠭᠤᠤᠯᠳᠠᠯᠭ᠎ᠠ ᠲᠠᠢ ᠲᠡᠮᠵᠢᠵᠦ᠂ 301 ᠨᠡᠷ᠎ᠡ ᠶᠠᠳᠠᠭᠤ ᠬᠦᠴᠢᠷᠳᠡᠢ ᠤᠶᠤᠳᠠᠨ ᠳᠤ ᠨᠠᠶᠢᠳᠠ 56 ᠲᠦᠮᠡᠨ | ᠲᠦᠬᠦᠷᠢᠭ ᠤᠨ ᠲᠤᠰᠠᠯᠠᠮᠵᠢ ᠶᠢᠨ ᠮᠦᠩᠬᠦ ᠭᠠᠷᠳᠠᠭᠤᠯᠵᠦ᠂ ᠶᠠᠳᠠᠭᠤ ᠬᠦᠴᠢᠷᠳᠡᠢ ᠡᠷᠦᠬᠡ ᠳᠤ ᠡᠪᠤᠯ ᠤᠨ ᠲᠦᠯᠡᠰᠢᠨ ᠤ | ᠨᠦᠬᠦᠪᠦᠷᠢ 626 ᠲᠦᠮᠡᠨ ᠲᠦᠬᠦᠷᠢᠭ ᠪᠠᠭᠤᠯᠭᠠᠵᠦ ᠦᠭᠬᠦᠭᠰᠡᠨ ᠪᠠᠶᠢᠨ᠎ᠠ᠃ ᠶᠠᠳᠠᠭᠤ ᠶᠢ ᠲᠡᠳᠬᠦᠬᠦ ᠠᠵᠢᠯ ᠢ | ᠦᠷᠬᠦᠯᠵᠢᠯᠡᠨ ᠠᠬᠢᠭᠤᠯᠪᠠ᠃ ᠲᠡᠬᠡᠳᠦ ᠱᠠᠳᠤᠨ ᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠦ᠂ | ᠭᠠᠵᠠᠷ ᠤᠨ ᠲᠡᠰ ᠤᠨ ᠤᠳᠤᠷᠢᠳᠤᠯᠭ᠎ᠠ ᠶᠠᠳᠠᠭᠤ ᠬᠦᠴᠢᠷᠳᠡᠢ ᠭᠠᠴᠠᠭ᠎ᠠ ᠲᠤᠰᠬᠤᠨ ᠲᠠᠢ ᠬᠠᠷᠢᠯᠴᠠᠬᠤ ᠲᠦᠷᠢᠮ ᠢ | ᠬᠡᠷᠡᠭᠵᠢᠬᠦᠯᠦᠨ᠂ ᠲᠠᠪᠤᠨ ᠵᠢᠯ ᠤᠨ ᠶᠠᠳᠠᠭᠤ ᠶᠢ ᠲᠡᠳᠬᠦᠬᠦ ᠠᠵᠢᠯ ᠤᠨ ᠲᠦᠯᠦᠪᠵᠢᠬᠦᠯᠬᠡ ᠶᠢ ᠲᠤᠭᠳᠠᠭᠠᠵᠦ᠂ ᠨᠡᠶᠢᠬᠡᠮ ᠤᠨ | ᠡᠯ᠎ᠠ ᠲᠠᠯ᠎ᠠ ᠶᠢᠨ ᠬᠦᠴᠦᠨ ᠢ ᠲᠠᠶᠢᠴᠢᠯᠠᠨ ᠶᠠᠳᠠᠭᠤ ᠶᠢ ᠲᠡᠳᠬᠦᠬᠦ ᠠᠵᠢᠯ ᠢ ᠬᠦᠨᠵᠡᠬᠡᠢ ᠦᠷᠨᠢᠬᠦᠯᠦᠨ᠂ ᠨᠠᠶᠢᠳᠠ 238 | ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠨᠠᠶᠢᠳᠠᠪᠤᠷᠢᠵᠢᠭᠤᠯᠤᠨ᠂ 276 ᠶᠠᠳᠠᠭᠤ ᠡᠷᠦᠬᠡ ᠶᠢᠨ | 941 ᠬᠦᠮᠦᠨ ᠤ ᠠᠮᠢᠳᠤᠷᠠᠯ ᠢ ᠰᠠᠶᠢᠵᠢᠷᠠᠭᠤᠯᠪᠠ᠃ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠪᠦᠬᠦ ᠬᠦᠴᠦᠨ ᠢᠶᠠᠷ | ᠢᠶᠠᠨ ᠲᠡᠭᠡᠭᠰᠢᠯᠡᠬᠦᠯᠪᠡ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠦᠷᠬᠦᠯᠵᠢᠯᠠᠨ | ᠬᠡᠷᠡᠭᠵᠢᠬᠦᠯᠵᠦ᠂ ᠨᠠᠶᠢᠳᠠ ᠶᠢᠨ ᠲᠦᠷᠢᠶᠠᠰᠤᠨ ᠬᠡᠷ 160 ᠢᠵᠢ᠂ ᠪᠦᠷᠬᠡ ᠲᠤᠭᠤᠷᠢᠭ ᠢ ᠦᠬᠡᠷᠡᠴᠢᠯᠡᠨ ᠪᠠᠶᠢᠭᠤᠯᠤᠭᠰᠠᠨ | ᠤᠷᠤᠨ ᠰᠠᠭᠤᠴᠠ 300 ᠢᠵᠢ ᠶᠢ ᠰᠢᠨ᠎ᠠ ᠪᠠᠷ ᠪᠠᠶᠢᠭᠤᠯᠤᠭᠰᠠᠨ ᠪᠠ ᠮᠠᠯᠵᠢᠬᠤ ᠲᠠᠷᠢᠶᠠᠯᠠᠬᠤ ᠤᠷᠤᠨ ᠤ ᠠᠶᠤᠯᠳᠠᠢ ᠬᠡᠷ | ᠪᠠᠶᠢᠰᠢᠩ ᠢ ᠵᠠᠰᠠᠨ ᠰᠢᠨᠡᠴᠢᠯᠡᠬᠦ ᠬᠦᠴᠦᠯᠡᠴᠡ ᠪᠠᠨ ᠨᠡᠮᠡᠭᠳᠡᠬᠦᠯᠵᠦ᠂ ᠨᠠᠶᠢᠳᠠ 800 ᠡᠷᠦᠬᠡ ᠶᠢᠨ ᠨᠤᠷᠠᠬᠤ ᠠᠶᠤᠯᠳᠠᠢ ᠬᠡᠷ | ᠪᠠᠶᠢᠰᠢᠩ ᠢ ᠵᠠᠰᠠᠨ ᠰᠢᠨᠡᠳᠬᠡᠭᠰᠡᠨ ᠪᠠᠶᠢᠨ᠎ᠠ᠃ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠬᠡᠨ ᠪᠠᠶᠢᠭᠤᠯᠤᠯᠳᠠ ᠶᠢ | ᠴᠢᠩᠭᠠᠳᠬᠠᠵᠦ᠂ ᠭᠠᠴᠠᠭ᠎ᠠ ᠲᠤᠰᠬᠤᠨ ᠳᠤ ᠨᠠᠶᠢᠳᠠ 81.7 ᠺᠢᠯᠤᠮᠧᠲᠷ ᠼᠧᠮᠧᠨ᠋ᠲ ᠵᠠᠮ ᠵᠠᠰᠠᠵᠦ᠂ 376 ᠡᠷᠦᠬᠡ ᠳᠤ | ᠴᠠᠬᠢᠯᠭᠠᠨ ᠨᠡᠪᠳᠡᠷᠡᠬᠦᠯᠵᠦ᠂ 2029 ᠡᠷᠦᠬᠡ ᠳᠤ ᠨᠠᠷᠠ ᠰᠠᠯᠬᠢᠨ ᠤ ᠬᠤᠤᠰ ᠡᠨᠧᠷᠬᠢᠳᠦ ᠴᠠᠬᠢᠯᠭᠠᠨ ᠭᠠᠷᠭᠠᠬᠤ ᠮᠠᠰᠢᠨ | ᠤᠭᠰᠠᠷᠠᠪᠠ᠃ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠤᠰᠤᠨ ᠠᠰᠢᠭᠯᠠᠯᠳᠠ ᠶᠢᠨ ᠢᠨᠵᠧᠨᠧᠷᠢᠩ ᠢ ᠰᠠᠶᠢᠳᠦᠷ | ᠶᠠᠪᠤᠭᠳᠠᠭᠤᠯᠵᠦ᠂ 2700 ᠭᠠᠷᠤᠢ ᠬᠦᠮᠦᠨ ᠠᠷᠠᠳ ᠵᠢᠴᠢ 18000 ᠲᠤᠯᠤᠭᠠᠢ ᠮᠠᠯ ᠤᠨᠤᠭᠠᠨ ᠤ ᠤᠤᠭᠤᠬᠤ ᠤᠰᠤᠨ | ᠤ ᠠᠰᠠᠭᠤᠳᠠᠯ ᠢ ᠰᠢᠢᠳᠪᠤᠷᠢᠯᠡᠪᠡ᠃ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠲᠦᠰᠦᠯ ᠤᠨ ᠪᠡᠯᠡ ᠮᠦᠩᠬᠦ | ᠶᠢ 230 ᠲᠦᠮᠡᠨ ᠲᠦᠬᠦᠷᠢᠭ ᠬᠤᠷᠠᠮᠳᠤᠭᠤᠯᠵᠦ᠂ ᠮᠠᠯᠴᠢᠨ ᠲᠠᠷᠢᠶᠠᠴᠢᠨ ᠤ 8 ᠬᠤᠷᠰᠢᠶᠠᠵᠢᠯ ᠢ ᠲᠡᠮᠵᠢᠪᠠ᠃ ᠬᠤᠳᠠ | ᠪᠠᠯᠭᠠᠰᠦᠵᠢᠯᠳᠡ ᠶᠢᠨ ᠠᠬᠢᠴᠠ ᠶᠢ ᠲᠦᠷᠬᠡᠳᠬᠡᠨ᠂ ᠬᠤᠳᠠ ᠶᠢᠨ ᠪᠦᠳᠦᠬᠡᠨ ᠪᠠᠶᠢᠭᠤᠯᠤᠯᠳᠠ ᠳᠤ 1.6 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠨ᠂ ᠬᠤᠳᠠ ᠪᠠᠯᠭᠠᠰᠤᠨ ᠤ ᠲᠦᠷᠢ ᠲᠦᠷᠬᠦ ᠶᠢ ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃ | | ︵ᠵᠢᠷᠭᠤᠭ᠎ᠠ︶ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠶᠢᠨ ᠬᠦᠭᠵᠢᠯᠳᠡ ᠲᠠᠢ ᠪᠤᠯᠪᠠ᠃ | ᠨᠡᠶᠢᠬᠡᠮ ᠤᠨ ᠡᠶ᠎ᠡ ᠲᠤᠭᠳᠠᠭᠤᠨ ᠢ ᠬᠠᠮᠠᠭᠠᠯᠠᠨ᠂ ᠠᠮᠤᠷ ᠲᠦᠪᠰᠢᠨ ᠰᠢᠯᠤᠭᠤᠨ ᠬᠦᠬᠡ ᠶᠢ ᠪᠦᠳᠦᠬᠡᠨ | ᠪᠠᠶᠢᠭᠤᠯᠬᠤ ᠠᠵᠢᠯ ᠢ ᠬᠦᠴᠦᠯᠡᠨ ᠠᠬᠢᠭᠤᠯᠵᠦ᠂ ᠡᠯ᠎ᠠ ᠵᠦᠢᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ | ᠬᠦᠴᠦᠳᠠᠢ ᠴᠤᠬᠢᠯᠳᠠ ᠦᠭᠬᠦᠭᠰᠡᠨ ᠠᠴᠠ ᠬᠡᠷᠡᠭ ᠡᠬᠦᠰᠬᠦ ᠨᠤᠷᠮ᠎ᠠ ᠢᠯᠡᠳᠳᠡ ᠪᠠᠭᠤᠷᠠᠪᠠ᠃ ᠵᠦᠷᠢᠴᠡᠯ ᠵᠢᠭᠤᠷᠭᠠᠨ ᠢ | ᠬᠢᠨᠠᠮᠠᠭᠠᠢ ᠪᠠᠶᠢᠴᠠᠭᠠᠨ ᠰᠢᠢᠳᠪᠤᠷᠢᠯᠡᠵᠦ᠂ ᠨᠠᠶᠢᠳᠠ ᠪᠠᠶᠢᠴᠠᠭᠠᠭᠰᠠᠨ 353 ᠬᠤᠪᠢ ᠵᠦᠷᠢᠴᠡᠯ ᠵᠢᠭᠤᠷᠭᠠᠨ ᠠᠴᠠ 340 ᠶᠢ | ᠨᠢ ᠨᠢᠬᠡᠨᠳᠡ ᠰᠢᠢᠳᠪᠤᠷᠢᠯᠡᠵᠦ᠂ ᠰᠢᠢᠳᠪᠤᠷᠢᠯᠡᠯᠳᠡ ᠶᠢᠨ ᠨᠤᠷᠮ᠎ᠠ 96% ᠳᠤ ᠬᠦᠷᠴᠡᠢ᠃ ᠨᠢᠬᠡ ᠪᠦᠯᠦᠭ ᠭᠤᠤᠯᠳᠠᠯᠭ᠎ᠠ | ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠬᠢᠳᠠᠢ ᠰᠢᠢᠳᠪᠤᠷᠢᠯᠡᠭᠰᠡᠨ ᠢᠶᠠᠷ ᠵᠠᠬᠢᠳᠠᠯ ᠰᠤᠷᠪᠤᠯᠵᠢᠯᠠᠭ᠎ᠠ ᠶᠢᠨ | ᠶᠡᠷᠤᠩᠬᠡᠢ ᠬᠡᠮᠵᠢᠶ᠎ᠠ ᠨᠢ ᠠᠳᠠᠯᠢ ᠬᠤᠭᠤᠴᠠᠭᠠᠨ ᠤ ᠬᠢ ᠠᠴᠠ 20% ᠪᠠᠷ ᠪᠠᠭᠤᠷᠠᠭᠰᠠᠨ ᠪᠠᠶᠢᠨ᠎ᠠ᠃ ᠦᠢᠯᠡᠳᠪᠤᠷᠢᠯᠡᠯ | ᠪᠤᠯᠤᠨ ᠢᠳᠡᠬᠡᠨ ᠤᠮᠳᠠᠭᠠᠨ ᠡᠮ ᠲᠠᠩ ᠤᠨ ᠠᠶᠤᠯᠬᠦᠢ ᠪᠠᠶᠢᠳᠠᠯ ᠢ ᠬᠢᠨᠠᠨ ᠬᠠᠮᠢᠶᠠᠷᠬᠤ ᠠᠵᠢᠯ ᠢ ᠤᠯᠠᠮ ᠨᠢᠬᠡ ᠠᠯᠬᠤᠮ | ᠴᠢᠩᠭᠠᠳᠬᠠᠨ᠂ ᠨᠡᠶᠢᠬᠡᠮ ᠤᠨ ᠪᠦᠬᠦᠯᠢ ᠴᠤᠭᠴᠠ ᠶᠢᠨ ᠲᠤᠭᠳᠠᠭᠤᠨ ᠢ ᠪᠠᠳᠤᠯᠠᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮ ᠡᠳᠦᠷ ᠢᠷᠡᠬᠦᠶ᠎ᠠ ᠲᠡᠬᠦᠯᠳᠡᠷᠵᠢᠪᠠ᠃ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠬᠡ | ᠨᠢ ᠨᠠᠶᠢᠳᠠ ᠲᠠᠪᠬᠤᠷᠳᠠᠭᠰᠠᠨ ᠲᠤᠭ᠎ᠠ ᠪᠠᠷ 3872 ᠬᠦᠮᠦᠨ ᠤ 1200 ᠲᠦᠮᠡᠨ ᠲᠦᠬᠦᠷᠢᠭ ᠤᠨ ᠡᠮᠴᠢᠯᠡᠬᠡᠨ ᠤ ᠵᠠᠷᠤᠳᠠᠯ | ᠢ ᠲᠠᠩᠰᠠᠨ ᠠᠴᠠ ᠲᠠᠶᠢᠯᠤᠨ ᠦᠭᠪᠡ᠃ ᠬᠤᠰᠢᠭᠤ ᠡᠮᠨᠡᠯᠬᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ᠂ | ᠵᠢᠭᠠᠰᠤᠳᠠᠢ ᠰᠤᠮᠤᠨ ᠤ ᠡᠮᠨᠡᠯᠬᠡ ᠶᠢᠨ ᠬᠤᠷᠢᠶ᠎ᠠ ᠨᠢ ᠨᠢᠬᠡᠨᠳᠡ ᠠᠰᠢᠭᠯᠠᠯᠳᠠ ᠳᠤ ᠤᠷᠤᠵᠦ᠂ ᠨᠠᠰᠤᠳᠠᠶᠢᠴᠤᠳ ᠤᠨ | ᠠᠰᠠᠷᠠᠮᠵᠢ ᠶᠢᠨ ᠬᠦᠷᠢᠶᠡᠯᠡᠩ᠂ ᠮᠤᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠤᠨ ᠪᠠᠶᠢᠭᠤᠯᠤᠯᠳᠠ ᠶᠢᠨ | ᠠᠵᠢᠯ ᠤᠷᠤᠭᠰᠢᠳᠠᠢ ᠶᠠᠪᠤᠭᠳᠠᠵᠦ ᠪᠤᠢ᠃ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠬᠢᠷᠢ ᠲᠦᠪᠰᠢᠨ ᠲᠠᠰᠤᠷᠠᠯᠳᠠ | ᠦᠬᠡᠢ ᠲᠡᠭᠡᠭᠰᠢᠯᠡᠪᠡ᠃ ᠰᠢᠨ᠎ᠠ ᠪᠠᠷ ᠪᠠᠷᠢᠭᠰᠠᠨ ᠮᠤᠩᠭᠤᠯ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠰᠠᠷ᠂ | ᠮᠤᠩᠭᠤᠯ ᠪᠠᠭ᠎ᠠ ᠰᠤᠷᠭᠠᠭᠤᠯᠢ ᠶᠢᠨ ᠠᠯᠪᠠᠨ ᠠᠰᠠᠷ ᠨᠢ ᠨᠢᠬᠡᠨᠳᠡ ᠠᠰᠢᠭᠯᠠᠯᠳᠠ ᠳᠤ ᠤᠷᠤᠪᠠ᠃ ᠰᠤᠷᠭᠠᠭᠤᠯᠢ ᠶᠢᠨ | ᠬᠦᠷᠢᠶᠠᠨ ᠤ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠶᠢᠨ ᠨᠠᠶᠢᠳᠠ ᠲᠠᠯᠠᠪᠠᠢ ᠨᠢ 59600 ᠲᠡᠭᠰᠢ ᠲᠦᠷᠪᠡᠯᠵᠢᠨ | ᠮᠧᠲᠷ ᠲᠤ ᠬᠦᠷᠴᠦ᠂ 7 ᠰᠤᠷᠭᠠᠭᠤᠯᠢ ᠳᠤ 78000 ᠲᠡᠭᠰᠢ ᠲᠦᠷᠪᠡᠯᠵᠢᠨ ᠮᠧᠲᠷ ᠪᠦᠬᠦᠢ ᠲᠠᠯᠠᠪᠠᠢ ᠲᠠᠢ ᠬᠤᠪᠠᠨᠴᠠᠷ | ᠲᠠᠮᠢᠷ ᠤᠨ ᠲᠠᠯᠠᠪᠤᠷ ᠪᠠᠶᠢᠭᠤᠯᠪᠠ᠃ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢ ᠠᠬᠢᠭᠤᠯᠵᠦ᠂ ᠬᠤᠰᠢᠭᠤᠨ ᠤ | ᠬᠤᠶᠠᠳᠤᠭᠠᠷ ᠲᠤᠮᠳᠠᠳᠤ ᠰᠤᠷᠭᠠᠭᠤᠯᠢ ᠪᠠᠷ ᠲᠤᠷᠰᠢᠯᠳᠠ ᠶᠢᠨ ᠴᠢᠭ ᠪᠤᠯᠭᠠᠨ ᠰᠤᠷᠭᠠᠭᠤᠯᠢ ᠶᠢᠨ ᠵᠠᠬᠢᠷᠦᠯ ᠢ ᠤᠷᠢᠨ ᠬᠡᠷᠡᠭᠯᠡᠬᠦ | ᠲᠦᠷᠢᠮ ᠢ ᠬᠡᠷᠡᠭᠵᠢᠬᠦᠯᠦᠨ ᠵᠤᠬᠢᠬᠤ ᠠᠮᠵᠢᠯᠳᠠ ᠤᠯᠪᠠ᠃ ᠵᠢᠭᠠᠨ ᠰᠤᠷᠭᠠᠯᠳᠠ ᠶᠢᠨ ᠶᠠᠰᠤ ᠴᠢᠨᠡᠷ ᠢ ᠰᠠᠶᠢᠳᠦᠷ | ᠠᠳᠬᠤᠭᠰᠠᠨ ᠠᠴᠠ ᠮᠤᠩᠭᠤᠯ ᠢᠶᠠᠷ ᠬᠢᠴᠢᠶᠡᠯᠯᠡᠭᠰᠡᠨ ᠰᠤᠷᠤᠭᠴᠢᠳ ᠤᠨ ᠶᠡᠭᠡ ᠲᠡᠭᠡᠳᠦ ᠰᠤᠷᠭᠠᠭᠤᠯᠢ᠂ ᠦᠨᠳᠦᠷ ᠲᠤᠮᠳᠠᠳᠤ | ᠳᠤ ᠲᠠᠪᠰᠢᠬᠤ ᠰᠢᠯᠭᠠᠯᠳᠠ ᠶᠢᠨ ᠬᠢᠷᠢ ᠪᠦᠳᠦᠮᠵᠢ ᠲᠡᠭᠡᠭᠰᠢᠯᠡᠭᠰᠡᠨ ᠮᠦᠷᠳᠡᠬᠡᠨ ᠭᠠᠳᠠᠨ᠎ᠠ ᠰᠤᠷᠤᠯᠴᠠᠵᠦ ᠪᠠᠶᠢᠭ᠎ᠠ ᠬᠢᠳᠠᠳ | ᠰᠤᠷᠤᠭᠴᠢᠳ ᠴᠦ ᠬᠤᠰᠢᠭᠤᠨ ᠳᠤ ᠪᠠᠨ ᠲᠡᠬᠢᠨ ᠪᠤᠴᠠᠨ ᠢᠷᠡᠵᠦ ᠪᠠᠶᠢᠭ᠎ᠠ ᠬᠠᠨᠳᠤᠰᠢ ᠲᠠᠢ ᠪᠤᠯᠤᠭᠰᠠᠨ ᠢᠶᠠᠷ ᠨᠡᠶᠢᠬᠡᠮ ᠤᠨ | ᠡᠯ᠎ᠡ ᠡᠳᠡᠬᠡᠳ ᠤᠨ ᠬᠢᠨ ᠰᠢᠯᠤᠭᠤᠨ ᠬᠦᠬᠡ ᠬᠤᠰᠢᠭᠤᠨ ᠤ ᠰᠤᠷᠭᠠᠨ ᠬᠦᠮᠦᠵᠢᠯ ᠳᠤ ᠢᠳᠡᠬᠡᠯ ᠡᠷᠡᠮᠡᠯᠵᠢᠯᠡᠯ ᠲᠠᠢ ᠪᠤᠯᠵᠠᠢ᠃ | ᠰᠤᠶᠤᠯ ᠤᠨ ᠪᠦᠳᠦᠬᠡᠨ ᠪᠠᠶᠢᠭᠤᠯᠤᠯᠳᠠ ᠰᠢᠨ᠎ᠠ ᠠᠮᠵᠢᠯᠳᠠ ᠤᠯᠪᠠ᠃ 8400 ᠮᠠᠯᠴᠢᠨ ᠲᠠᠷᠢᠶᠠᠴᠢᠨ ᠡᠷᠦᠬᠡ ᠳᠤ | ᠲᠠᠭᠠᠭᠤᠯᠢ ᠤᠳᠤᠨ ᠤ ᠲᠤᠬᠢᠶ᠎ᠠ ᠬᠤᠷᠢᠶᠠᠭᠴᠢ ᠤᠭᠰᠠᠷᠠᠭᠰᠠᠨ ᠤ ᠤᠯᠠᠮ ᠢᠶᠠᠷ ᠷᠠᠳᠢᠤ᠋᠂ ᠲᠧᠯᠸᠢᠰ ᠤᠨ ᠪᠦᠷᠬᠦᠴᠡ ᠶᠢᠨ | ᠨᠤᠷᠮ᠎ᠠ ᠨᠢ ᠲᠤᠰᠪᠤᠷᠢ 95%᠂ 90% ᠳᠤ ᠬᠦᠷᠦᠭᠰᠡᠨ ᠪᠠᠶᠢᠨ᠎ᠠ᠃ ᠰᠤᠶᠤᠯ ᠲᠠᠮᠢᠷ ᠤᠨ ᠲᠦᠪ᠂ ᠶᠤᠸᠠᠨ ᠤ ᠲᠡᠭᠡᠳᠦ | ᠨᠠᠶᠢᠰᠯᠠᠯ ᠤᠨ ᠪᠠᠭᠤᠷᠢ ᠶᠢᠨ ᠮᠦᠽᠸᠢ ᠵᠡᠷᠬᠡ ᠴᠢᠬᠤᠯᠠ ᠲᠦᠰᠦᠯ ᠤᠳ ᠤᠷᠤᠭᠰᠢᠳᠠᠢ ᠶᠠᠪᠤᠭᠳᠠᠵᠦ ᠪᠤᠢ᠃ ᠲᠤᠯᠤᠳᠤᠭᠠᠷ | ᠬᠤᠭᠤᠴᠠᠭᠠᠨ ᠤ ᠴᠠᠭᠠᠨ ᠢᠳᠡᠬᠡᠨ ᠤ ᠰᠤᠶᠤᠯ ᠤᠨ ᠨᠠᠶᠢᠷ ᠵᠡᠷᠬᠡ ᠤᠯᠠᠨ ᠲᠦᠮᠡᠨᠴᠢ ᠠᠵᠢᠯᠯᠠᠭ᠎ᠠ ᠶᠢ ᠲᠠᠭᠠᠭᠠᠴᠢᠯᠠᠨ | ᠶᠠᠪᠤᠭᠳᠠᠭᠤᠯᠪᠠ᠃ ᠠᠷᠠᠳ ᠤᠨ ᠵᠡᠪᠰᠡᠭᠳᠦ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠤᠬᠠᠢ ᠲᠠᠶᠢᠴᠢᠯᠠᠯᠳᠠ | ᠶᠢᠨ ᠠᠵᠢᠯ ᠢ ᠢᠳᠡᠪᠬᠢᠳᠡᠢ ᠲᠡᠮᠵᠢᠵᠦ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠪᠦᠳᠦᠬᠡᠨ ᠪᠠᠶᠢᠭᠤᠯᠤᠯᠳᠠ ᠶᠢᠨ | ᠠᠵᠢᠯ ᠰᠢᠨ᠎ᠠ ᠠᠬᠢᠯᠳᠠ ᠲᠠᠢ ᠪᠤᠯᠪᠠ᠃ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠤᠯᠠᠮ ᠨᠢᠬᠡ ᠠᠯᠬᠤᠮ | ᠵᠢᠷᠤᠮᠵᠢᠭᠤᠯᠵᠦ᠂ ᠲᠦᠷᠢᠮᠵᠢᠬᠦᠯᠵᠦ᠂ ᠬᠠᠤᠯᠢᠵᠢᠭᠤᠯᠤᠭᠰᠠᠨ ᠪᠠᠶᠢᠨ᠎ᠠ᠃ ᠬᠦᠮᠦᠨ ᠠᠮᠠ ᠪᠤᠯᠤᠨ ᠲᠦᠯᠦᠪᠯᠡᠬᠡᠳᠦ ᠦᠷᠡᠵᠢᠯ | ᠤᠨ ᠠᠵᠢᠯ ᠢ ᠯᠠᠪᠳᠠᠭᠤᠨ ᠢᠶᠠᠷ ᠶᠠᠪᠤᠭᠳᠠᠭᠤᠯᠵᠦ᠂ ᠦᠨᠳᠦᠰᠦᠳᠡᠨ ᠱᠠᠰᠢᠨ ᠰᠤᠷᠳᠠᠬᠤᠨ ᠤ ᠠᠵᠢᠯ ᠢᠯᠡᠳᠳᠡ ᠠᠮᠵᠢᠯᠳᠠ | ᠤᠯᠪᠠ᠃ ᠴᠠᠭ ᠠᠭᠤᠷ᠂ ᠭᠠᠯ ᠰᠡᠷᠬᠡᠶᠢᠯᠡᠬᠦ᠂ ᠡᠮᠡᠭᠳᠡᠶᠢᠴᠤᠳ᠂ ᠬᠡᠤᠬᠡᠳ᠂ ᠨᠠᠰᠤᠳᠠᠶᠢᠴᠤᠳ ᠤᠨ ᠠᠵᠢᠯ ᠮᠡᠳᠡᠭᠳᠡᠮ᠎ᠡ | ᠰᠠᠶᠢᠵᠢᠷᠠᠪᠠ᠃ | ︵ᠲᠤᠯᠤᠭ᠎ᠠ︶ ᠬᠤᠪᠢ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠠᠨ ᠴᠢᠩᠭᠠᠳᠬᠠᠪᠠ᠃ | ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠢᠨᠠᠮᠠᠭᠠᠢ ᠦᠷᠨᠢᠬᠦᠯᠦᠨ | ᠂ ᠲᠦᠪ ᠤᠨ ᠨᠠᠢᠮᠠᠨ ᠵᠤᠷᠪᠤᠰ ᠲᠤᠭᠳᠠᠭᠠᠯ᠂ ᠦᠪᠡᠷᠳᠡᠬᠡᠨ ᠵᠠᠰᠠᠬᠤ ᠤᠷᠤᠨ ᠤ 28 ᠵᠤᠷᠪᠤᠰ ᠲᠤᠭᠳᠠᠭᠠᠯ ᠪᠤᠯᠤᠨ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ︽ᠲᠦᠷᠪᠡᠨ | ᠰᠤᠷᠳᠠᠯ︾ ᠤᠨ ᠲᠠᠯ᠎ᠠ ᠳᠠᠬᠢ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠭᠰᠡᠨ ᠠᠴᠠ ᠵᠠᠰᠠᠭ ᠵᠠᠬᠢᠷᠭᠠᠨ ᠤ | ᠪᠠᠶᠢᠭᠤᠯᠭ᠎ᠠ ᠪᠠ ᠺᠠᠳ᠋ᠷᠴᠤᠳ ᠤᠨ ᠠᠵᠢᠯ ᠤᠨ ᠤᠪᠤᠷ ᠰᠤᠷᠳᠠᠯ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃ ᠵᠠᠰᠠᠭ ᠤᠨ | ᠤᠷᠳᠤᠨ ᠤ ᠬᠠᠤᠯᠢ ᠲᠦᠷᠢᠮ ᠤᠨ ᠠᠵᠢᠯ ᠢ ᠴᠢᠩᠭᠠᠳᠬᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ | ᠡᠷᠴᠢᠮᠵᠢᠬᠦᠯᠦᠨ᠂ 31 ᠲᠦᠷᠦᠯ ᠤᠨ ᠬᠢᠨᠠᠨ ᠵᠦᠪᠰᠢᠶᠡᠷᠡᠬᠦ ᠠᠵᠢᠯ ᠢ ᠲᠦᠬᠦᠮᠴᠢᠯᠡᠵᠦ᠂ ᠵᠠᠰᠠᠭ ᠵᠠᠬᠢᠷᠭᠠᠨ ᠤ ᠴᠢᠳᠠᠪᠬᠢ | ᠪᠠᠨ ᠲᠠᠰᠤᠷᠠᠯᠳᠠ ᠦᠬᠡᠢ ᠲᠡᠭᠡᠭᠰᠢᠯᠡᠬᠦᠯᠪᠠ᠃ ᠭᠤᠤᠯᠳᠠᠯᠭ᠎ᠠ ᠲᠠᠢ ᠬᠦᠷᠢᠶᠠᠨ ᠳᠠᠬᠢ ᠦᠬᠡᠷᠡᠴᠢᠯᠡᠯᠳᠡ ᠶᠢ ᠠᠬᠢᠭᠤᠯᠵᠦ᠂ ︽ | ᠰᠢᠯᠤᠭᠤᠨ ᠬᠦᠬᠡ ᠬᠤᠰᠢᠭᠤᠨ ᠤ ᠤᠯᠤᠰ ᠤᠨ ᠦᠮᠴᠢᠯᠡᠯᠳᠦ ᠭᠠᠵᠠᠷ ᠰᠢᠷᠦᠢ ᠬᠡᠷ ᠬᠦᠷᠦᠩᠬᠡ ᠶᠢ ᠲᠠᠳᠠᠪᠤᠷᠢᠯᠠᠬᠤ ᠲᠤᠬᠠᠢ | ᠲᠦᠷ ᠬᠡᠷᠡᠭᠵᠢᠬᠦᠯᠬᠦ ᠠᠷᠭ᠎ᠠ︾᠂ ︽ᠰᠢᠯᠤᠭᠤᠨ ᠬᠦᠬᠡ ᠬᠤᠰᠢᠭᠤᠨ ᠤ ᠭᠠᠶᠢᠯᠢ ᠲᠠᠳᠠᠪᠤᠷᠢᠯᠠᠨ ᠬᠠᠮᠢᠶᠠᠷᠬᠤ᠂ ᠠᠵᠤ | ᠠᠬᠤᠶᠢᠯᠠᠯ ᠳᠠᠬᠢ ᠬᠢᠨᠠᠨ ᠰᠢᠯᠭᠠᠯᠳᠠ ᠶᠢ ᠴᠢᠩᠭᠠᠳᠬᠠᠬᠤ ᠲᠤᠬᠠᠢ ᠠᠷᠭ᠎ᠠ ︵ᠲᠤᠷᠰᠢᠨ ᠬᠡᠷᠡᠭᠯᠡᠬᠦ︶︾ ᠶᠢ ᠲᠤᠭᠳᠠᠭᠠᠵᠦ᠂ | ᠡᠯ᠎ᠠ ᠲᠦᠷᠦᠯ ᠤᠨ ᠠᠵᠢᠯ ᠤᠨ ᠲᠦᠷᠢᠮᠵᠢᠯ ᠢ ᠯᠠᠪᠳᠠᠭᠤᠨ ᠠᠬᠢᠭᠤᠯᠵᠦ ᠴᠢᠳᠠᠵᠠᠢ᠃ ᠠᠯᠪᠠᠨ ᠪᠢᠴᠢᠭ ᠪᠠᠭᠤᠯᠭᠠᠬᠤ᠂ | ᠬᠤᠷᠠᠯ ᠴᠤᠭᠯᠠᠭ᠎ᠠ ᠬᠢᠬᠦ ᠲᠤᠭ᠎ᠠ ᠬᠡᠮᠵᠢᠶ᠎ᠠ ᠶᠢ ᠴᠡᠭᠴᠡᠯᠡᠭᠰᠡᠨ ᠠᠴᠠ ᠬᠤᠰᠢᠭᠤ ᠵᠠᠰᠠᠭ ᠤᠨ ᠤᠷᠳᠤᠨ ᠤ ᠬᠤᠷᠠᠯ ᠪᠤᠯᠤᠨ | ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠠ ᠨᠢ ᠴᠦᠮ 10% ᠪᠠᠷ ᠪᠠᠭᠤᠷᠠᠪᠠ᠃ ᠲᠤᠭᠳᠠᠭᠠᠯ ᠠᠴᠠ ᠬᠡᠳᠦᠷᠡᠭᠰᠡᠨ ᠠᠯᠪᠠᠨ | ᠬᠡᠷ ᠪᠠ ᠠᠯᠪᠠᠨ ᠤ ᠲᠡᠷᠬᠡ ᠶᠢ ᠴᠡᠭᠴᠡᠯᠡᠨ ᠬᠢᠵᠠᠭᠠᠷᠯᠠᠵᠦ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠪᠤᠯᠤᠨ ᠡᠩ | ᠤᠨ ᠵᠠᠷᠤᠯᠭ᠎ᠠ ᠶᠢ ᠪᠠᠭᠠᠰᠬᠠᠭᠰᠠᠨ ᠠᠴᠠ ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢᠬᠡᠴᠡ ᠶᠢᠨ ︽ᠭᠤᠷᠪᠠᠨ | ᠲᠦᠷᠦᠯ ᠤᠨ ᠠᠯᠪᠠᠨ ᠵᠠᠷᠤᠳᠠᠯ︾ ᠨᠢ 33.3% ᠪᠠᠷ ᠪᠠᠭᠠᠰᠴᠠᠢ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ | ᠤᠨ ᠲᠤᠭᠳᠠᠭᠠᠯ ᠢ ᠬᠢᠨᠠᠮᠠᠭᠠᠢ ᠬᠡᠷᠡᠭᠵᠢᠬᠦᠯᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠤ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠠᠨ᠂ ᠠᠷᠠᠳ ᠤᠨ ᠲᠦᠯᠦᠬᠡᠯᠡᠭᠴᠢᠳ ᠤᠨ ᠲᠡᠪᠰᠢᠬᠦᠯᠦᠭᠰᠡᠨ 84 ᠬᠤᠪᠢ ᠰᠠᠨᠠᠭᠤᠯᠭ᠎ᠠ᠂ | ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠡᠪᠰᠢᠬᠦᠯᠦᠭᠰᠡᠨ 86 ᠬᠤᠪᠢ ᠲᠤᠷᠠᠳᠤᠯᠭ᠎ᠠ ᠶᠢ 100% ᠪᠠᠷ | ᠰᠢᠢᠳᠪᠤᠷᠢᠯᠡᠭᠰᠡᠨ ᠪᠠᠶᠢᠨ᠎ᠠ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠤᠨ ᠬᠠᠮᠳᠤᠷᠠᠨ ᠠᠵᠢᠯᠯᠠᠬᠤ ᠲᠦᠷᠢᠮ ᠢ | ᠲᠡᠬᠦᠯᠳᠡᠷᠵᠢᠬᠦᠯᠦᠨ᠂ ᠵᠠᠰᠠᠭ ᠵᠠᠬᠢᠷᠭᠠᠨ ᠤ ᠲᠠᠯ᠎ᠠ ᠪᠠᠷ ᠬᠢ ᠠᠵᠢᠯ ᠤᠨ ᠦᠷ᠎ᠡ ᠠᠰᠢᠭ ᠢ ᠲᠡᠭᠡᠭᠰᠢᠯᠡᠬᠦᠯᠵᠦ᠂ ᠬᠦᠯᠢᠶᠡᠨ | ᠠᠪᠤᠭᠰᠠᠨ 53440 ᠠᠵᠢᠯ ᠬᠡᠷᠡᠭ ᠤᠨ 52910 ᠬᠤᠪᠢ ᠶᠢ ᠨᠢ ᠬᠢᠨᠠᠨ ᠵᠦᠪᠰᠢᠶᠡᠷᠡᠵᠦ᠂ ᠰᠢᠢᠳᠪᠤᠷᠢᠯᠡᠭᠰᠡᠨ ᠨᠤᠷᠮ᠎ᠠ | ᠨᠢ 99% ᠳᠤ ᠬᠦᠷᠴᠡᠢ᠃ ᠵᠠᠰᠠᠭ ᠤᠨ ᠶᠠᠪᠤᠳᠠᠯ ᠢ ᠢᠯᠡ ᠪᠤᠯᠭᠠᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠤ | ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠨᠡᠶᠢᠬᠡᠮ ᠤᠨ ᠬᠢᠨᠠᠨ ᠬᠠᠮᠢᠶᠠᠷᠤᠯᠳᠠ ᠶᠢ ᠵᠡᠷᠬᠡ ᠪᠠᠷ ᠴᠢᠩᠭ᠎ᠠ | ᠠᠳᠬᠤᠵᠦ᠂ ᠴᠢᠭᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠠᠵᠢᠯ ᠢ ᠬᠦᠨᠵᠡᠬᠡᠢ | ᠦᠷᠨᠢᠬᠦᠯᠪᠠ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠪᠢᠳᠠ ᠬᠠᠳᠠᠭᠤᠵᠢᠯᠳᠠᠢ ᠠᠳᠠᠯ᠎ᠠ ᠪᠠᠨ ᠤᠯᠤᠯᠳᠠ ᠪᠠᠭ᠋ᠠᠷᠬᠠᠯ ᠲᠠᠢ | ᠠᠵᠢᠯᠯᠠᠯ᠎ᠠ᠃ ᠪᠢᠳᠡᠨ ᠤ ᠤᠯᠤᠭᠰᠠᠨ ᠠᠮᠵᠢᠯᠳᠠ ᠪᠦᠳᠦᠬᠡᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ | ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠠᠴᠠ ᠰᠠᠯᠵᠦ ᠴᠢᠳᠠᠰᠢ ᠦᠬᠡᠢ ᠶᠤᠮ᠃ ᠮᠦᠨᠴᠦ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠡᠯ᠂ ᠤᠯᠤᠰ ᠲᠦᠷᠦ ᠶᠢᠨ ᠵᠦᠪᠯᠡᠯᠬᠡᠨ ᠤ ᠴᠢᠩᠭ᠎ᠠ ᠬᠢᠨᠠᠯᠳᠠ ᠵᠢᠴᠢ ᠪᠦᠬᠦ ᠬᠤᠰᠢᠭᠤᠨ ᠤ | ᠲᠦᠭ ᠲᠦᠮᠡᠨ ᠺᠡᠳ᠋ᠷ᠂ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ | ᠬᠠᠯᠠᠭᠤᠨ ᠲᠡᠮᠵᠢᠯᠬᠡ ᠠᠴᠠ ᠰᠠᠯᠵᠦ ᠴᠢᠳᠠᠰᠢ ᠦᠬᠡᠢ ᠶᠤᠮ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ | ᠰᠢᠯᠤᠭᠤᠨ ᠬᠦᠬᠡ ᠬᠤᠰᠢᠭᠤᠨ ᠤ ᠬᠦᠭᠵᠢᠯᠳᠡ ᠪᠦᠳᠦᠬᠡᠨ ᠪᠠᠶᠢᠭᠤᠯᠤᠯᠳᠠ ᠳᠤ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ | ᠲᠡᠮᠡᠴᠡᠵᠦ ᠪᠠᠶᠢᠭ᠎ᠠ ᠠᠷᠠᠳ ᠤᠯᠠᠨ ᠳᠤ ᠪᠠᠨ᠂ ᠲᠦᠯᠦᠬᠡᠯᠡᠭᠴᠢᠳ ᠲᠤ ᠪᠠᠨ᠂ ᠮᠦᠨ ᠪᠢᠳᠡᠨ ᠤ ᠦᠢᠯᠡᠰ ᠲᠤ ᠲᠡᠮᠵᠢᠯᠬᠡ | ᠲᠤᠰᠠᠯᠠᠯᠴᠠᠭ᠎ᠠ ᠦᠵᠡᠬᠦᠯᠦᠭᠰᠡᠨ ᠨᠡᠶᠢᠬᠡᠮ ᠤᠨ ᠡᠯ᠎ᠠ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ | ᠲᠡᠪᠰᠢᠬᠦᠯᠵᠦ ᠪᠠᠶᠢᠨ᠎ᠠ︕ | ᠪᠢᠳᠡ ᠠᠮᠵᠢᠯᠳᠠ ᠪᠠᠨ ᠨᠤᠳᠠᠯᠠᠬᠤ ᠶᠢᠨ ᠬᠠᠮᠳᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠮᠳᠠ | ᠤᠷᠤᠰᠢᠵᠦ ᠪᠠᠶᠢᠭ᠎ᠠ ᠠᠰᠠᠭᠤᠳᠠᠯ᠂ ᠬᠦᠴᠢᠷᠳᠡᠯ ᠢᠶᠠᠨ ᠴᠦ ᠰᠡᠷᠭᠡᠭ ᠢᠶᠠᠷ ᠤᠯᠵᠦ ᠲᠠᠨᠢᠬᠤ ᠴᠢᠬᠤᠯᠠᠳᠠᠢ᠃ ᠨᠢᠬᠡ᠂ ᠠᠵᠤ | ᠠᠬᠤᠢ ᠶᠢᠨ ᠶᠡᠷᠤᠩᠬᠡᠢ ᠲᠦᠪᠰᠢᠨ ᠪᠠᠭᠤᠷᠠᠵᠦ ᠪᠠᠶᠢᠭ᠎ᠠ ᠪᠠᠶᠢᠳᠠᠯ ᠲᠡᠶᠢᠮᠦ ᠲᠦᠷᠬᠡᠨ ᠦᠬᠡᠷᠡᠴᠢᠯᠡᠭᠳᠡᠬᠦ ᠦᠬᠡᠢ᠂ ᠠᠵᠤ | ᠠᠬᠤᠢ ᠶᠢᠨ ᠦᠰᠦᠯᠳᠡ ᠶᠢᠨ ᠬᠤᠷᠳᠤᠴᠠ ᠤᠳᠠᠭᠠᠰᠢᠷᠠᠵᠦ᠂ ᠵᠠᠬ᠎ᠠ ᠲᠡᠯᠬᠡᠬᠦᠷ ᠤᠨ ᠤᠷᠤᠨ ᠵᠠᠢ ᠪᠠᠭᠠᠰᠤᠨ᠂ ᠵᠠᠷᠢᠮ | ᠲᠦᠰᠦᠯ ᠤᠳ ᠲᠡᠭᠡᠷ᠎ᠡ ᠦᠷᠬᠦᠯᠵᠢᠯᠡᠨ ᠪᠡᠯᠡ ᠤᠷᠤᠭᠤᠯᠬᠤ ᠳᠤ ᠬᠦᠴᠦᠨ ᠮᠡᠬᠦᠰᠳᠡᠵᠦ ᠪᠠᠶᠢᠭ᠎ᠠ ᠪᠦᠬᠡᠳ ᠬᠦᠭᠵᠢᠯᠳᠡ ᠶᠢᠨ | ᠬᠦᠳᠡᠯᠬᠡᠭᠴᠢ ᠬᠦᠴᠦᠨ ᠪᠠ ᠨᠦᠬᠡᠴᠡ ᠬᠦᠴᠦᠨ ᠲᠤᠳᠠᠮᠠᠭ ᠪᠤᠢ᠃ ᠬᠤᠶᠠᠷ᠂ ᠡᠳ᠋ ᠤᠨ ᠵᠠᠰᠠᠭ ᠤᠨ ᠤᠷᠤᠯᠭ᠎ᠠ ᠶᠢ | ᠨᠡᠮᠡᠭᠳᠡᠬᠦᠯᠬᠦ ᠳᠤ ᠬᠦᠴᠢᠷ᠂ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠤᠯᠠᠨ ᠨᠠᠶᠢᠳᠠ ᠶᠢᠨ ᠡᠳ᠋ ᠤᠨ ᠵᠠᠰᠠᠭ ᠤᠨ | ᠪᠠᠳᠤᠯᠠᠭ᠎ᠠ ᠠᠨᠠᠢ᠂ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠤ ᠠᠵᠢᠯ ᠵᠢᠴᠢ | ᠠᠷᠠᠳ ᠤᠨ ᠠᠮᠢᠳᠤᠷᠠᠯ᠂ ᠨᠡᠶᠢᠬᠡᠮ ᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠪᠡᠯᠡ ᠮᠦᠩᠬᠦ ᠬᠢᠵᠠᠭᠠᠷᠳᠠᠢ ᠪᠠᠶᠢᠨ᠎ᠠ᠃ | ᠭᠤᠷᠪᠠ᠂ ᠬᠡᠰᠡᠭ ᠬᠦᠮᠦᠰ ᠤᠨ ᠠᠮᠢᠳᠤᠷᠠᠯ ᠪᠠᠰᠠ ᠨᠡᠯᠢᠶᠡᠳ ᠬᠦᠴᠢᠷᠳᠡᠢ ᠪᠠᠶᠢᠵᠦ᠂ ᠰᠤᠷᠭᠠᠨ ᠬᠦᠮᠦᠵᠢᠯ᠂ ᠡᠮ ᠡᠮᠨᠡᠯᠬᠡ᠂ | ᠨᠡᠶᠢᠬᠡᠮ ᠤᠨ ᠪᠠᠳᠤᠯᠠᠭ᠎ᠠ᠂ ᠢᠳᠡᠬᠡᠨ ᠤᠮᠳᠠᠭᠠᠨ ᠡᠮ ᠲᠠᠩ ᠤᠨ ᠠᠮᠤᠷ ᠲᠦᠪᠰᠢᠨ ᠵᠡᠷᠬᠡ ᠲᠠᠯ᠎ᠠ ᠳᠤ ᠤᠯᠠᠨ ᠲᠦᠮᠡᠨ ᠤ | ᠲᠤᠰᠬᠠᠭᠰᠠᠨ ᠨᠡᠯᠢᠶᠡᠳ ᠲᠤᠪᠤᠶᠢᠮ᠎ᠠ ᠠᠰᠠᠭᠤᠳᠠᠯ ᠤᠷᠤᠰᠢᠭᠰᠠᠭᠠᠷ ᠪᠠᠶᠢᠵᠦ᠂ ᠵᠠᠷᠢᠮ ᠬᠦᠨ ᠲᠠᠪᠬᠤᠷᠭ᠎ᠠ ᠶᠢᠨ ᠨᠠᠶᠢᠬᠡᠮ ᠤᠨ | ᠵᠦᠷᠢᠴᠡᠯ ᠮᠦᠷᠬᠦᠯᠳᠦᠬᠡᠨ ᠪᠠᠰᠠ ᠦᠨᠳᠦᠰᠦᠨ ᠳᠡᠭᠡᠨ ᠰᠢᠢᠳᠪᠤᠷᠢᠯᠡᠭᠳᠡᠬᠡᠳᠦᠢ ᠪᠠᠶᠢᠭᠰᠠᠭᠠᠷ᠃ ᠲᠦᠷᠪᠡ᠂ ᠵᠠᠰᠠᠭ ᠤᠨ | ᠤᠷᠳᠤᠨ ᠤ ᠴᠢᠳᠠᠪᠬᠢ ᠶᠢ ᠪᠦᠷᠢᠮᠦᠰᠦᠨ ᠬᠤᠪᠢᠷᠠᠭᠤᠯᠵᠦ ᠲᠡᠶᠢᠯᠦᠬᠡ ᠦᠬᠡᠢ᠂ ᠵᠠᠬ᠎ᠠ ᠲᠡᠯᠬᠡᠬᠦᠷ ᠪᠤᠯᠤᠨ ᠨᠡᠶᠢᠬᠡᠮ ᠤᠨ | ᠬᠠᠷᠢᠴᠠᠭ᠎ᠠ ᠲᠡᠬᠦᠯᠳᠡᠷᠵᠢᠬᠡᠳᠦᠢ᠂ ᠤᠯᠠᠨ ᠨᠠᠶᠢᠳᠠ ᠶᠢᠨ ᠦᠢᠯᠡᠴᠢᠯᠡᠭᠡ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ | ᠴᠢᠳᠠᠪᠬᠢ ᠨᠢ ᠦᠢᠯᠡᠳᠦᠯ ᠢᠶᠠᠨ ᠪᠦᠷᠢᠨ ᠪᠠᠳᠠᠷᠠᠭᠤᠯᠵᠦ ᠲᠠᠶᠢᠯᠦᠬᠡ ᠦᠬᠡᠢ ᠪᠦᠬᠡᠳ ︽ᠲᠦᠷᠪᠡᠨ ᠰᠤᠷᠳᠠᠯ︾ ᠤᠨ | ᠠᠰᠠᠭᠤᠳᠠᠯ ᠮᠦᠨ ᠯᠠ ᠠᠳᠠᠯᠢ ᠪᠤᠰᠤ ᠬᠡᠮᠵᠢᠶ᠎ᠠ ᠪᠠᠷ ᠤᠷᠤᠰᠢᠵᠦ ᠪᠤᠢ᠃ ᠡᠶᠢᠮᠦ ᠠᠴᠠ ᠪᠢᠳᠠ ᠡᠳᠡᠬᠡᠷ ᠢ ᠦᠬᠡᠷᠡᠴᠢᠯᠡᠬᠦ | ᠠᠷᠭ᠎ᠠ ᠪᠤᠳᠤᠯᠭ᠎ᠠ ᠪᠠᠨ ᠲᠡᠬᠦᠯᠳᠡᠷᠵᠢᠬᠦᠯᠵᠦ᠂ ᠰᠠᠶᠢᠳᠦᠷ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃ | ᠬᠤᠶᠠᠷ᠂ 2014 ᠤᠨ ᠤ ᠭᠤᠤᠯ ᠠᠵᠢᠯ ᠡᠭᠦᠷᠭᠡ | ᠡᠨᠡ ᠵᠢᠯ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠡᠬᠢᠯᠡᠯᠳᠡ ᠶᠢᠨ ᠵᠢᠯ | ᠮᠦᠨ᠂ ᠪᠠᠰᠠᠴᠤ ᠦᠪᠡᠷᠳᠡᠭᠡᠨ ᠵᠠᠰᠠᠬᠤ ᠤᠷᠤᠨ ᠤ ︽8337︾ ᠭᠦᠭᠵᠢᠯᠳᠡ ᠶᠢᠨ ᠰᠠᠳᠬᠢᠴᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠪᠦᠬᠦ ᠠᠶᠢᠮᠠᠭ ᠤᠨ︽3456︾ ᠬᠠᠷᠠᠯᠳᠠ ᠡᠭᠦᠷᠭᠡ ᠶᠢ ᠮᠦᠷᠳᠡᠨ ᠤᠷᠤᠭᠰᠢᠯᠡᠵᠤ᠂ ᠮᠠᠨ ᠤ | ᠬᠤᠰᠢᠭᠤᠨ ᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ ᠵᠠᠩᠬᠢᠯᠠᠭ᠎ᠠ ᠶᠢᠨ ᠨᠢᠭᠡ | ᠵᠢᠯ ᠮᠦᠨ᠃ ᠪᠢᠳᠡ ᠦᠪᠡᠷᠰᠡᠳ ᠤᠨ ᠢᠶᠠᠨ ᠪᠤᠳᠠᠳᠠᠢ ᠪᠠᠶᠢᠳᠠᠯ ᠳᠤ ᠲᠤᠯᠭᠠᠭᠤᠷᠢᠭᠤᠯᠬᠤ ᠶᠢᠨ ᠬᠠᠮᠳᠤ ᠲᠡᠭᠡᠳᠦ ᠱᠠᠳᠤᠨ ᠤ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠤᠳᠤ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ | ᠬᠤᠶᠢᠰᠢᠳᠠ ᠲᠤᠯᠭᠠᠷᠠᠵᠦ ᠮᠡᠳᠡᠬᠦ ᠬᠡᠷᠡᠭ ᠤᠴᠢᠷ ᠪᠠ ᠬᠦᠴᠢᠷ ᠲᠦᠪᠡᠭ ᠢ ᠤᠷᠢᠳᠴᠢᠯᠡᠨ ᠲᠦᠰᠦᠪᠯᠡᠵᠦ᠂ ᠰᠢᠢᠳᠪᠤᠷᠢᠯᠡᠬᠦ | ᠠᠷᠭ᠎ᠠ ᠪᠤᠳᠤᠯᠭ᠎ᠠ ᠪᠠᠨ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠳᠤᠳᠠᠢ | ᠰᠠᠶᠢᠳᠤᠷ ᠬᠢᠬᠦ ᠭᠡᠷᠡᠭᠳᠡᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠡᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ᠂ ᠲᠦᠪ ᠤᠨ ᠠᠵᠤ | ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠪᠠ ᠪᠦᠬᠦ ᠠᠶᠢᠮᠠᠭ ᠤᠨ | ᠦᠷᠭᠡᠳᠭᠡᠭᠰᠡᠨ ᠬᠤᠷᠠᠯ ᠪᠤᠯᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠵᠠᠷᠴᠢᠮ ᠢ ᠪᠠᠷᠢᠮᠳᠠᠯᠠᠨ᠂ | ᠦᠭᠡᠷᠡᠴᠢᠯᠡᠯᠳᠡ ᠰᠢᠨᠡᠴᠢᠯᠡᠯᠳᠡ ᠬᠡᠮᠡᠬᠦ ᠬᠤᠤᠰ ᠰᠢᠵᠢᠮ ᠢᠶᠠᠷ ᠠᠵᠤ ᠠᠬᠤᠢ ᠨᠡᠶᠢᠭᠡᠮ ᠤᠨ ᠡᠯ᠎ᠠ ᠲᠠᠯ᠎ᠠ ᠶᠢᠨ ᠭᠦᠭᠵᠢᠯᠳᠡ ᠶᠢ | ᠬᠤᠯᠪᠤᠵᠦ᠂ ︽ᠵᠢᠷᠭᠤᠭᠠᠨ ᠰᠠᠭᠤᠷᠢᠨ ᠭᠠᠵᠠᠷ︾᠂ ︽ᠲᠠᠪᠤᠨ ᠵᠠᠭᠤᠨ ᠳ᠋ᠦᠩᠰᠢᠭᠤᠷ ᠤᠨ ᠢᠨᠵᠧᠨᠧᠷᠢᠩ︾ ᠢᠶᠠᠷ | ᠭᠤᠤᠯᠳᠠᠯᠭ᠎ᠠ ᠪᠤᠯᠭᠠᠨ ᠠᠵᠤ ᠦᠢᠯᠡᠰ ᠤᠨ ᠪᠦᠳᠦᠴᠡ ᠶᠢ ᠳᠣᠬᠢᠷᠠᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ | ᠪᠠᠷ ᠭᠤᠤᠯᠳᠠᠯᠭ᠎ᠠ ᠪᠤᠯᠭᠠᠨ᠂ ᠬᠤᠳᠠ ᠭᠦᠳᠡᠭᠡ ᠶᠢᠨ ᠭᠦᠭᠵᠢᠯᠳᠡ ᠶᠢ ᠲᠦᠯᠦᠪᠵᠢᠭᠦᠯᠵᠦ ᠠᠵᠤ ᠠᠬᠤᠢ ᠶᠢᠨ ᠪᠠᠶᠢᠭᠤᠯᠤᠮᠵᠢ | ᠶᠢᠨ ᠦᠭᠡᠷᠡᠴᠢᠯᠡᠯᠳᠡ ᠶᠢ ᠲᠦᠷᠭᠡᠳᠬᠡᠬᠦ ᠪᠠᠷ ᠭᠤᠤᠯᠳᠠᠯᠭ᠎ᠠ ᠪᠤᠯᠭᠠᠨ᠂ ᠦᠭᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃ ᠪᠢᠳᠡ ᠰᠠᠳᠬᠢᠯ ᠰᠠᠨᠠᠭ᠎ᠠ ᠪᠠᠨ ᠨᠢᠭᠡᠳᠭᠡᠨ᠂ | ᠭᠦᠴᠦᠨ ᠴᠢᠳᠠᠯ ᠢᠶᠠᠨ ᠬᠠᠮᠳᠤᠳᠬᠠᠵᠤ᠂ ᠦᠨᠡᠨ ᠪᠤᠳᠠᠳᠠᠢ ᠶᠢ ᠡᠷᠬᠢᠮᠯᠡᠨ᠂ ᠯᠠᠪᠳᠠᠭᠤᠨ ᠲᠤᠭᠳᠠᠭᠤᠨ ᠠᠵᠢᠯᠯᠠᠵᠤ᠂ | ᠰᠠᠭᠤᠷᠢ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠨᠡᠶᠢᠬᠡᠮ ᠤᠨ ᠵᠦᠷᠢᠴᠡᠯ ᠢ ᠨᠠᠮᠳᠠᠭᠤᠯᠤᠨ᠂ ᠵᠠᠰᠠᠭ ᠤᠨ ᠤᠷᠳᠤᠨ ᠤ ᠴᠢᠳᠠᠪᠬᠢ ᠶᠢ ᠲᠦᠷᠬᠡᠨ | ᠬᠤᠪᠢᠷᠠᠭᠤᠯᠵᠦ᠂ ᠪᠦᠬᠦ ᠬᠤᠰᠢᠭᠤᠨ ᠤ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠭᠦᠭᠵᠢᠬᠦ ᠶᠢ ᠭᠦᠴᠦᠯᠡᠨ | ᠠᠬᠢᠭᠤᠯᠤᠨ᠎ᠠ᠃ | ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 69.1 | ᠳ᠋ᠦᠩᠰᠢᠭᠤᠷ ᠲᠦᠭᠦᠷᠢᠭ ᠲᠤ ᠭᠦᠷᠭᠡᠵᠤ᠂ 13.1% ᠪᠠᠷ ᠨᠠᠮᠡᠭᠳᠠᠬᠦᠯᠦᠨᠡ᠃ ᠡᠭᠦᠨ ᠳᠤ᠂ ᠨᠢᠭᠡᠳᠦᠭᠡᠷ ᠠᠵᠤ ᠦᠢᠯᠡᠰ | ᠤᠨ ᠨᠠᠮᠡᠭᠳᠠᠯ ᠦᠷᠳᠡᠭ ᠢ 6.8 ᠳ᠋ᠦᠩᠰᠢᠭᠤᠷ ᠲᠦᠭᠦᠷᠢᠭ ᠲᠤ ᠭᠦᠷᠭᠡᠵᠤ᠂ 7.2% ᠢᠶᠠᠷ ᠨᠡᠮᠡᠭᠳᠡᠭᠦᠯᠤᠨ᠂ ᠬᠤᠶᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ ᠢ 47.8 ᠳ᠋ᠦᠩᠰᠢᠭᠤᠷ ᠲᠦᠭᠦᠷᠢᠭ ᠲᠤ ᠭᠦᠷᠭᠡᠵᠤ᠂ 13.3% ᠪᠠᠷ | ᠨᠡᠮᠡᠭᠳᠡᠬᠦᠯᠵᠦ᠂ ᠭᠤᠷᠪᠠᠳᠤᠭᠠᠷ ᠠᠵᠤ ᠦᠢᠯᠡᠰ ᠤᠨ ᠨᠠᠮᠡᠭᠳᠡᠯ ᠦᠷᠳᠡᠭ ᠢ 14.5 ᠳ᠋ᠦᠩᠰᠢᠭᠤᠷ ᠲᠦᠭᠦᠷᠢᠭ ᠲᠤ ᠭᠦᠷᠭᠡᠵᠤ | ᠂ 19.9% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠠᠯᠡ ᠤᠷᠤᠭᠤᠯᠤᠯᠳᠠ ᠶᠢ 54.5 | ᠳ᠋ᠦᠩᠰᠢᠭᠤᠷ ᠲᠦᠭᠦᠷᠢᠭ ᠲᠤ ᠭᠦᠷᠭᠡᠵᠤ᠂ 20.7% ᠪᠠᠷ ᠨᠠᠮᠡᠭᠳᠡᠭᠦᠯᠦᠨ᠂ ᠤᠷᠤᠨ ᠨᠤᠳᠤᠭ ᠤᠨ ᠡᠳ᠋ ᠤᠨ ᠵᠠᠰᠠᠭ ᠤᠨ | ᠶᠡᠷᠦᠩᠬᠡᠢ ᠤᠷᠤᠯᠭ᠎ᠠ ᠶᠢ 12.88 ᠳ᠋ᠦᠩᠰᠢᠭᠤᠷ ᠲᠦᠭᠦᠷᠢᠭ ᠲᠤ ᠭᠦᠷᠭᠡᠵᠤ᠂ 8% ᠪᠠᠷ ᠨᠡᠮᠡᠭᠳᠡᠬᠦᠯᠦᠨ᠎ᠡ᠃ ᠠᠷᠠᠳ | ᠨᠠᠶᠢᠳᠠ ᠶᠢᠨ ᠭᠡᠷᠡᠭᠯᠡᠭᠡᠨ ᠤ ᠪᠤᠳᠠᠰ ᠤᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠢ 12.4 ᠳ᠋ᠦᠩᠰᠢᠭᠤᠷ ᠲᠦᠬᠦᠷᠢᠭ | ᠲᠤ ᠭᠦᠷᠭᠡᠵᠤ᠂ 21.2% ᠢᠶᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠠᠵᠤ | ᠪᠤᠯᠬᠤᠶᠢᠴᠠ ᠲᠡᠭᠰᠢᠳᠭᠡᠭᠰᠡᠨ ᠤᠷᠤᠯᠭ᠎ᠠ ᠶᠢ 25305 ᠲᠦᠭᠦᠷᠢᠭ ᠲᠤ ᠭᠦᠷᠭᠡᠵᠤ᠂ 13% ᠪᠠᠷ ᠨᠡᠮᠡᠭᠳᠡᠭᠦᠯᠦᠨ᠂ | ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠡᠭᠰᠢᠳᠬᠡᠭᠰᠡᠨ ᠴᠡᠪᠡᠷ ᠤᠷᠤᠯᠭ᠎ᠠ ᠶᠢ 12726 ᠲᠦᠭᠦᠷᠢᠭ ᠲᠤ ᠭᠦᠷᠭᠡᠵᠤ | ᠂ 13% ᠪᠠᠷ ᠨᠡᠮᠡᠭᠳᠡᠬᠦᠯᠦᠨ᠎ᠠ᠃ | ᠡᠳᠡᠬᠡᠷ ᠬᠠᠷᠠᠯᠳᠠ ᠡᠭᠦᠷᠭᠡ ᠶᠢ ᠪᠠᠶᠠᠯᠡᠬᠦᠯᠬᠦ ᠳᠤ ᠭᠤᠷᠪᠠᠨ ᠦᠨᠳᠦᠰᠦᠨ ᠵᠠᠷᠴᠢᠮ ᠢ ᠭᠤᠤᠯᠳᠠᠯᠭ᠎ᠠ ᠲᠠᠢ | ᠪᠠᠷᠢᠮᠳᠠᠯᠠᠬᠤ ᠬᠡᠷᠡᠭᠳᠡᠢ᠃ | ᠨᠢᠭᠡ ᠳᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠵᠡᠷᠴᠢᠮ ᠢ ᠪᠠᠷᠢᠮᠳᠠᠯᠠᠨ᠎ᠡ᠃ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠶᠢ ᠨᠦᠯᠦᠬᠡᠯᠡᠵᠦ ᠪᠠᠶᠢᠭ᠎ᠠ ᠬᠢᠵᠠᠭᠠᠷᠳᠤ ᠭᠦᠴᠦᠨ ᠵᠦᠢᠯ ᠪᠤᠯᠤᠨ | ᠠᠵᠤ ᠦᠢᠯᠡᠰ ᠤᠨ ᠪᠦᠳᠦᠴᠡ ᠶᠢᠨ ᠲᠡᠩᠴᠡᠭᠦᠷᠢ ᠦᠬᠡᠢ ᠪᠠᠶᠢᠳᠠᠯ ᠤᠬᠤᠷᠬᠠᠨ ᠬᠤᠭᠤᠴᠠᠭᠠᠨ ᠳᠤ ᠦᠬᠡᠷᠡᠴᠢᠯᠡᠭᠳᠡᠬᠦ ᠦᠬᠡᠢ | ᠪᠦᠬᠡᠳ ᠭᠠᠳᠠᠨᠠᠬᠢ ᠭᠦᠭᠵᠢᠯᠳᠡ ᠶᠢᠨ ᠤᠷᠴᠢᠨ ᠠᠬᠤᠢ ᠶᠢᠨ ᠬᠤᠪᠢᠷᠠᠯᠳᠠ ᠶᠡᠭᠡ ᠪᠠᠶᠢᠭ᠎ᠠ ᠲᠤᠯᠠ ᠴᠠᠭ ᠢᠮᠠᠭᠳᠠ ᠰᠢᠨ᠎ᠠ | ᠠᠰᠠᠭᠤᠳᠠᠯ ᠡᠬᠦᠰᠬᠦ ᠪᠤᠯᠵᠤᠰᠢ ᠦᠬᠡᠢ᠃ ᠡᠶᠢᠮᠤ ᠠᠴᠠ ︽ᠲᠤᠭᠳᠠᠭᠤᠨ︾ ᠳᠤ ᠰᠠᠭᠤᠷᠢᠯᠠᠬᠤ ᠶᠢ ᠵᠠᠪᠠᠯ ᠪᠠᠷᠢᠮᠳᠠᠯᠠᠵᠤ᠂ | ᠲᠤᠭᠳᠠᠭᠤᠨ ᠤ ᠲᠤᠮᠳᠠ ᠬᠦᠭᠵᠢᠬᠦ ᠶᠢ ᠡᠷᠬᠢᠮᠯᠡᠨ᠂ ᠲᠤᠭᠳᠠᠭᠤᠨ ᠤ ᠲᠤᠮᠳᠠ ᠠᠴᠠ ᠦᠷ᠎ᠡ ᠠᠰᠢᠭ ᠤᠯᠬᠤ ᠪᠠᠷ ᠴᠢᠷᠮᠠᠶᠢᠬᠤ | ᠭᠡᠷᠡᠭᠳᠡᠢ᠃ | ᠬᠤᠶᠠᠷ ᠲᠤ᠂ ᠦᠨᠡᠨ ᠪᠤᠳᠠᠳᠠᠢ ᠶᠢ ᠡᠷᠬᠢᠮᠯᠡᠨ᠂ ᠯᠠᠪᠳᠠᠭᠤᠨ ᠪᠠᠳᠤᠳᠠᠢ ᠪᠠᠶᠢᠬᠤ ᠠᠵᠢᠯ ᠤᠨ ᠰᠡᠳᠬᠢᠴᠡ ᠶᠢ | ᠪᠠᠷᠢᠮᠳᠠᠯᠠᠨ᠎ᠠ᠃ ᠤᠯᠠᠨ ᠲᠦᠮᠡᠨ ᠤ ᠦᠨᠳᠦᠰᠦᠨ ᠠᠰᠢᠭ ᠲᠤᠰᠠ ᠠᠴᠠ ᠡᠭᠦᠰᠦᠨ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠳᠤ ᠪᠤᠳᠤᠯᠭ᠎ᠠ ᠲᠤᠭᠳᠠᠭᠠᠵᠤ᠂ ᠵᠦᠢ ᠵᠤᠬᠢᠰᠳᠠᠢ ᠲᠦᠯᠦᠪᠵᠢᠬᠦᠯᠬᠦ ᠭᠡᠷᠡᠭᠳᠡᠢ᠃ ᠮᠠᠨ ᠤ ᠬᠤᠰᠢᠭᠤᠨ ᠤ ᠪᠠᠨ | ᠪᠤᠳᠠᠳᠠᠢ ᠠᠴᠠ ᠡᠭᠦᠰᠦᠨ᠂ ᠦᠨᠡᠨ ᠠᠴᠠ ᠵᠦᠪ ᠢ ᠡᠷᠢᠵᠤ᠂ ᠨᠢᠭᠡᠳᠦᠯᠳᠡᠢ ᠲᠦᠯᠦᠪᠵᠢᠬᠦᠯᠦᠨ ᠪᠠᠶᠢᠷᠢᠯᠠᠭᠤᠯᠬᠤ ᠬᠡᠷᠡᠭᠳᠡᠢ᠂ | ᠬᠡᠯᠪᠡᠷᠢᠯ ᠤᠨ ᠦᠵᠡᠯ ᠪᠠ ᠨᠤᠶᠠᠨᠴᠢ ᠰᠣᠷᠳᠠᠯ ᠢ ᠡᠷᠡᠰ ᠲᠡᠪᠴᠢᠵᠦ᠂ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ | ᠬᠤᠰᠢᠭᠤ ᠨᠤᠳᠤᠭ ᠤᠨ ᠠᠵᠤ ᠠᠬᠤᠢ ᠪᠠ ᠨᠠᠶᠢᠳᠠ ᠶᠢᠨ ᠦᠮᠴᠢᠯᠡᠯᠳᠦ ᠪᠤᠰᠤ ᠠᠵᠤ ᠠᠬᠤᠢ ᠶᠢᠨ ᠦᠳᠳᠡᠷ ᠲᠦᠷᠬᠡᠨ | ᠡᠮᠬᠢ ᠲᠢᠭᠯᠢᠮ ᠲᠠᠢ ᠪᠠᠷ ᠬᠦᠭᠵᠢᠬᠦ ᠶᠢ ᠠᠬᠢᠭᠤᠯᠬᠤ ᠬᠡᠷᠡᠭᠳᠡᠢ᠃ | ᠭᠤᠷᠪᠠ ᠳᠤ᠂ ᠠᠷᠠᠳ ᠤᠨ ᠠᠮᠢᠳᠣᠷᠠᠯ ᠢ ᠡᠩ ᠲᠡᠷᠢᠭᠦᠨ ᠳᠤ ᠪᠣᠳᠣᠯᠬᠢᠯᠠᠬᠤ ᠠᠵᠢᠯ ᠤᠨ ᠵᠡᠷᠴᠢᠮ ᠢ | ᠪᠠᠷᠢᠮᠳᠠᠯᠠᠨ᠎ᠠ᠃ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠷᠦᠩᠬᠡ ᠤᠷᠤᠭᠤᠯᠤᠯᠳᠠ ᠶᠢ ᠦᠷᠬᠦᠯᠵᠢᠯᠠᠨ ᠨᠡᠮᠡᠭᠳᠡᠬᠦᠯᠵᠦ | ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠤᠷᠤᠨ ᠰᠠᠭᠤᠴᠠ᠂ ᠨᠡᠶᠢᠬᠡᠮ ᠤᠨ ᠪᠠᠳᠤᠯᠠᠭ᠎ᠠ ᠵᠡᠷᠬᠡ | ᠡᠯ᠎ᠠ ᠲᠦᠷᠦᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂ ᠪᠦᠬᠦ ᠰᠡᠳᠬᠢᠯ ᠪᠦᠬᠦ | ᠵᠤᠷᠢᠭ ᠢᠶᠠᠷ ᠢᠶᠠᠨ ᠤᠯᠠᠨ ᠲᠦᠮᠡᠨ ᠳᠤ ᠪᠤᠳᠠᠳᠠᠢ ᠠᠵᠢᠯ᠂ ᠰᠠᠶᠢᠨ ᠠᠵᠢᠯ ᠬᠢᠵᠦ᠂ ᠬᠦᠴᠢᠷ ᠲᠠᠢ ᠠᠰᠠᠭᠤᠳᠠᠯ ᠢ ᠨᠢ | ᠰᠢᠢᠳᠪᠦᠷᠢᠯᠡᠨ᠂ ᠬᠦᠭᠵᠢᠯᠳᠡ ᠶᠢᠨ ᠲᠤᠮᠳᠠ ᠠᠴᠠ ᠠᠷᠠᠳ ᠤᠯᠠᠨ ᠠᠰᠢᠭ ᠬᠦᠷᠳᠡᠬᠦ ᠶᠢ ᠪᠠᠳᠤᠯᠠᠬᠤ ᠬᠡᠷᠡᠭᠳᠡᠢ᠃ | ᠡᠨᠡ ᠵᠢᠯ ᠲᠤᠤᠷᠡᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠠᠳᠬᠤᠨ᠎ᠠ᠃ | ︵ᠨᠢᠬᠡ︶ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠲᠦᠷᠬᠡᠳᠬᠡᠨ᠂ ᠠᠵᠤ ᠠᠬᠤᠢ ᠶᠢᠨ | ᠲᠤᠭᠳᠠᠭᠤᠨ ᠨᠡᠮᠡᠭᠳᠡᠯ ᠢ ᠠᠬᠢᠭᠤᠯᠤᠨ᠎ᠠ᠃ | ᠡᠨᠡ ᠵᠢᠯ ᠮᠠᠨ ᠤ ᠬᠤᠰᠢᠭᠤ 50 ᠲᠦᠮᠡᠨ ᠲᠦᠬᠦᠷᠢᠭ ᠠᠴᠠ ᠲᠡᠭᠡᠭᠰᠢᠬᠢ 85 ᠲᠦᠰᠦᠯ ᠢ ᠠᠬᠢᠭᠤᠯᠬᠤ ᠪᠠᠷ | ᠲᠦᠯᠦᠪᠯᠡᠵᠦ ᠪᠠᠶᠢᠨ᠎ᠠ᠃ ᠡᠬᠦᠨ ᠤ ᠲᠤᠳᠤᠷ᠎ᠠ 46 ᠨᠢ ᠠᠶᠢᠮᠠᠭ ᠤᠨ ᠱᠠᠳᠤᠨ ᠤ ᠭᠤᠤᠯᠳᠠᠯᠭ᠎ᠠ ᠲᠠᠢ ᠲᠦᠰᠦᠯ ᠪᠤᠯᠬᠤ | ᠪᠦᠬᠡᠳ ᠡᠨᠡ ᠵᠢᠯ 50.65 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠠᠳᠠᠯᠢ | ᠬᠤᠭᠤᠴᠠᠭᠠᠨ ᠤ ᠬᠢ ᠠᠴᠠ 12% ᠠᠴᠠ ᠲᠡᠭᠡᠭᠰᠢ ᠨᠡᠮᠡᠭᠳᠡᠬᠦᠯᠬᠦ ᠪᠠᠷ ᠲᠦᠯᠦᠪᠯᠡᠵᠦ ᠪᠠᠶᠢᠨ᠎ᠠ᠃ ᠴᠢᠬᠤᠯᠠ ᠦᠨᠳᠦᠰᠦᠨ | ᠪᠦᠳᠦᠬᠡᠨ ᠪᠠᠶᠢᠭᠤᠯᠤᠯᠳᠠ ᠶᠢᠨ ᠲᠦᠰᠦᠯ ᠪᠠ ᠠᠷᠠᠳ ᠤᠨ ᠠᠮᠢᠳᠤᠷᠠᠯ᠂ ᠨᠡᠶᠢᠬᠡᠮ ᠤᠨ ᠠᠵᠢᠯ ᠦᠢᠯᠡᠰ ᠤᠨ ᠲᠦᠰᠦᠯ ᠢ | ᠤᠯᠵᠦ ᠠᠪᠬᠤ ᠪᠠᠷ ᠪᠦᠬᠦ ᠬᠦᠴᠦᠨ ᠢᠶᠠᠷ ᠢᠶᠠᠨ ᠲᠡᠮᠡᠴᠡᠬᠦ ᠶᠢᠨ ᠬᠠᠮᠳᠤ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠴᠢᠬᠤᠯᠠ ᠶᠡᠭᠡ ᠲᠦᠰᠦᠯ ᠤᠳ ᠢ ᠪᠤᠯᠪᠠᠰᠤᠷᠠᠭᠤᠯᠤᠨ ᠬᠡᠷᠡᠭᠵᠢᠬᠦᠯᠵᠦ᠂ ᠬᠤᠰᠢᠭᠤ | ᠨᠤᠳᠤᠭ ᠤᠨ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ᠃ ᠠᠷᠠᠯᠵᠢᠶᠠᠴᠢᠨ | ᠤᠷᠢᠵᠦ ᠪᠡᠯᠡ ᠲᠠᠳᠠᠬᠤ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠦᠨ᠎ᠠ᠃ ᠨᠢᠬᠡ ᠪᠦᠯᠦᠭ ᠢ ᠪᠦᠳᠦᠬᠡᠨ ᠪᠠᠶᠢᠭᠤᠯᠬᠤ᠂ | ᠨᠢᠬᠡ ᠪᠦᠯᠦᠭ ᠢ ᠲᠠᠳᠠᠨ ᠤᠷᠤᠭᠤᠯᠬᠤ᠂ ᠨᠢᠬᠡ ᠪᠦᠯᠦᠭ ᠢ ᠨᠦᠬᠡᠴᠡᠯᠡᠬᠦ ᠰᠡᠳᠬᠢᠴᠡ ᠶᠤᠰᠤᠭᠠᠷ ᠲᠤᠰ ᠪᠠᠶ᠎ᠠ ᠶᠢᠨ ᠨᠦᠬᠦᠴᠡᠯ | ᠢᠶᠠᠨ ᠤᠨᠤᠪᠴᠢᠳᠠᠢ ᠡᠵᠡᠮᠰᠢᠵᠦ᠂ ᠰᠢᠨ᠎ᠡ ᠡᠨᠧᠷᠬᠢ᠂ ᠪᠤᠬᠢᠷᠳᠤᠯ ᠦᠬᠡᠢ ᠪᠠᠷᠢᠯᠭ᠎ᠠ ᠶᠢᠨ ᠰᠢᠨ᠎ᠠ ᠮᠠᠲ᠋ᠧᠷᠢᠶᠠᠯ᠂ ᠡᠯᠡᠰᠦᠨ ᠤ | ᠦᠢᠯᠡᠰ ᠤᠨ ᠨᠡᠬᠡᠬᠡᠯᠳᠡ᠂ ᠪᠤᠬᠢᠷᠳᠦᠯ ᠦᠬᠡᠢ ᠤᠷᠭᠠᠨᠢᠭ ᠢᠳᠡᠬᠡᠨ ᠤ ᠪᠤᠯᠪᠠᠰᠤᠷᠠᠭᠤᠯᠤᠯᠳᠠ᠂ ᠲᠤᠨᠤᠭ ᠲᠦᠬᠦᠬᠡᠷᠦᠮᠵᠢ ᠶᠢᠨ | ᠦᠢᠯᠡᠳᠬᠡᠯ ᠪᠠ ᠴᠢᠯᠠᠭᠤᠨ ᠲᠤᠰᠤᠨ ᠤ ᠪᠤᠯᠪᠠᠰᠤᠷᠠᠭᠤᠯᠤᠯᠳᠠ ᠵᠢᠴᠢ ᠲᠠᠭᠠᠯᠳᠠ ᠪᠦᠳᠦᠬᠡᠭᠳᠡᠬᠦᠨ ᠤ ᠨᠡᠬᠡᠬᠡᠯᠳᠡ ᠶᠢᠨ | ᠲᠤᠭᠤᠷᠢᠨ ᠳᠤ ᠨᠢᠬᠡ ᠪᠦᠯᠦᠭ ᠠᠵᠤ ᠦᠢᠯᠡᠰ ᠤᠨ ᠬᠡᠯᠬᠢᠶ᠎ᠡ ᠤᠷᠳᠤ᠂ ᠮᠡᠷᠬᠡᠵᠢᠯ ᠤᠨ ᠲᠦᠪᠰᠢᠨ ᠦᠨᠳᠦᠷ ᠲᠦᠰᠦᠯ ᠢ | ᠠᠬᠢᠭᠤᠯᠬᠤ ᠪᠠᠷ ᠰᠡᠳᠦᠵᠦ᠂ ᠵᠢᠯ ᠤᠨ ᠲᠤᠳᠤᠷ᠎ᠠ 35 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ | ᠪᠦᠬᠦᠢ ᠠᠶᠢᠮᠠᠭ ᠤᠨ ᠭᠠᠳᠠᠨᠠᠬᠢ ᠲᠦᠰᠦᠯ ᠢ ᠲᠠᠳᠠᠨ ᠤᠷᠤᠭᠤᠯᠬᠤ ᠪᠠᠷ ᠲᠡᠮᠡᠴᠡᠨ᠎ᠡ᠃ ᠨᠠᠶᠢᠳᠠ ᠶᠢᠨ ᠪᠤᠰᠤ ᠦᠮᠴᠢᠯᠡᠯᠳᠦ | ᠠᠵᠤ ᠠᠬᠤᠢ ᠶᠢ ᠬᠦᠭᠵᠢᠬᠦᠯᠬᠦ ᠶᠢ ᠲᠡᠮᠵᠢᠨ᠎ᠠ᠃ ᠨᠠᠶᠢᠳᠠ ᠶᠢᠨ ᠪᠤᠰᠤ ᠦᠮᠴᠢᠯᠡᠯᠳᠦ ᠠᠵᠤ ᠠᠬᠤᠢ ᠶᠢᠨ ᠡᠷᠡᠬᠦᠯ | ᠬᠦᠭᠵᠢᠯᠳᠡ ᠶᠢ ᠬᠦᠴᠦ ᠭᠠᠷᠭᠠᠨ ᠲᠡᠮᠵᠢᠬᠦ ᠶᠢᠨ ᠬᠠᠮᠳᠤ ᠬᠠᠤᠯᠢ ᠶᠤᠰᠤᠭᠠᠷ ᠬᠠᠮᠠᠭᠠᠯᠠᠵᠦ᠂ ᠵᠢᠵᠢᠭ ᠠᠵᠤ ᠠᠬᠤᠶᠢᠯᠠᠯ ᠪᠠ | ᠵᠢᠵᠢᠭ ᠲᠦᠰᠦᠯ ᠢ ᠨᠡᠮᠡᠭᠳᠡᠬᠦᠯᠬᠦ ᠪᠠᠷ ᠲᠠᠮᠵᠢᠨ ᠬᠦᠭᠵᠢᠯᠳᠡ ᠶᠢᠨ ᠤᠬᠢ ᠰᠠᠶᠢᠨ ᠤᠷᠴᠢᠨ ᠠᠬᠤᠢ ᠶᠢ ᠡᠬᠦᠳᠬᠦ ᠶᠢᠨ | ᠵᠡᠷᠬᠡᠪᠡᠷ ᠪᠡᠯᠡ ᠤᠷᠤᠭᠤᠯᠤᠯᠳᠠ ᠶᠢᠨ ᠶᠡᠷᠤᠩᠬᠡᠢ ᠬᠡᠮᠵᠢᠶ᠎ᠠ ᠶᠢ ᠲᠡᠭᠡᠭᠰᠢᠯᠡᠬᠦᠯᠬᠦ ᠲᠡᠭᠡᠷ᠎ᠡ ᠦᠢᠯᠡᠳᠦᠯ ᠢᠶᠠᠨ ᠪᠠᠳᠠᠷᠠᠭᠤᠯᠬᠤ | ᠬᠡᠷᠡᠭᠳᠡᠢ᠃ ᠲᠦᠰᠦᠯ ᠢ ᠠᠬᠢᠭᠤᠯᠬᠤ ᠠᠷᠭ᠎ᠠ ᠬᠡᠮᠵᠢᠶ᠎ᠠ ᠶᠢ ᠡᠷᠴᠢᠮᠵᠢᠬᠦᠯᠦᠨᠠ᠃ ᠪᠡᠯᠡ ᠤᠷᠤᠭᠤᠯᠤᠯᠳᠠ ᠶᠢ ᠦᠷᠬᠡᠳᠬᠡᠬᠦ | ᠲᠠᠯ᠎ᠠ ᠲᠡᠭᠡᠷ᠎ᠡ ᠦᠵᠡᠬᠦᠯᠬᠦ ᠡᠳ᠋ ᠤᠨ ᠵᠠᠰᠠᠭ ᠤᠨ ᠪᠡᠯᠡ ᠮᠦᠩᠬᠦᠨ ᠤ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠂ | ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ ᠤ ᠠᠵᠢᠯ᠂ ᠠᠮᠢ ᠠᠬᠤᠢ ᠶᠢᠨ ᠪᠦᠳᠦᠬᠡᠨ | ᠪᠠᠶᠢᠭᠤᠯᠤᠯᠳᠠ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠢᠴᠢ ᠶᠠᠳᠠᠭᠤ ᠶᠢ ᠲᠡᠳᠬᠦᠬᠦ ᠵᠡᠷᠬᠡ ᠲᠠᠯ᠎ᠠ ᠪᠠᠷ | ᠬᠢ ᠲᠦᠰᠦᠯ ᠢ ᠭᠤᠤᠯᠳᠠᠯᠭ᠎ᠠ ᠲᠠᠢ ᠲᠦᠯᠦᠪᠯᠡᠵᠦ᠂ ᠲᠡᠭᠡᠳᠦ ᠱᠠᠳᠤᠨ ᠤ ᠲᠦᠰᠦᠪ ᠠᠴᠠ ᠨᠡᠩ ᠤᠯᠠᠨ ᠪᠡᠯᠡ ᠮᠦᠩᠬᠦᠨ ᠤ | ᠲᠡᠮᠵᠢᠯᠬᠡ ᠤᠯᠬᠤ ᠪᠠᠷ ᠢᠳᠡᠪᠬᠢᠳᠡᠢ ᠲᠡᠮᠡᠴᠡᠨ᠎ᠡ᠃ ︽ᠨᠢᠬᠡ ᠲᠦᠰᠦᠯ ᠢ ᠨᠢᠬᠡ ᠤᠳᠤᠷᠢᠳᠤᠯᠭ᠎ᠠ᠂ ᠨᠢᠬᠡ ᠪᠠᠶᠢᠭᠤᠯᠭ᠎ᠠ | ᠨᠢᠬᠡᠴᠡ ᠡᠬᠢᠨ ᠠᠴᠠ ᠨᠢ ᠲᠠᠭᠤᠰᠳᠠᠯ᠎ᠠ ᠲᠤᠶᠢᠯᠪᠤᠷᠢᠳᠡᠢ ᠠᠳᠬᠤᠬᠤ︾ ᠠᠵᠢᠯ ᠤᠨ ᠲᠤᠭᠳᠠᠯᠴᠠᠭ᠎ᠠ ᠶᠢ ᠪᠠᠷᠢᠮᠳᠠᠯᠠᠵᠦ᠂ | ᠭᠤᠤᠯᠳᠠᠯᠭ᠎ᠠ ᠲᠠᠢ ᠲᠦᠰᠦᠯ ᠳᠤ ᠡᠬᠦᠷᠬᠡ ᠶᠢᠨ ᠬᠤᠪᠢᠶᠠᠷᠢᠯᠠᠯ ᠬᠢᠵᠦ᠂ ᠨᠠᠶᠢᠳᠠᠪᠤᠷᠢᠵᠢᠭᠤᠯᠤᠯᠳᠠ ᠶᠢ ᠦᠨᠡᠨᠬᠦ ᠪᠠᠳᠤᠯᠠᠬᠤ | ᠬᠡᠷᠡᠭᠳᠡᠢ᠃ | ︵ᠬᠤᠶᠠᠷ︶ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠤ ᠠᠵᠢᠯ ᠢ | ᠴᠢᠩᠭᠠᠳᠬᠠᠨ᠂ ᠠᠮᠢ ᠠᠬᠤᠢ ᠶᠢᠨ ᠪᠤᠯᠪᠠᠰᠤᠨ ᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠳᠤᠳᠬᠠᠬᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠡᠵᠡᠩᠨᠡᠯᠳᠡ ᠶᠢ ᠠᠬᠢᠭᠤᠯᠬᠤ᠂ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ | ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠳᠠᠭᠤᠨ ᠨᠡᠮᠡᠭᠳᠡᠯ ᠢ | ᠠᠬᠢᠭᠤᠯᠬᠤ ᠠᠴᠠ ᠭᠠᠷᠳᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠡᠷ ᠪᠤᠯᠤᠨ ᠦᠷ᠎ᠡ ᠠᠰᠢᠭ | ᠢ ᠪᠦᠬᠦ ᠬᠦᠴᠦᠨ ᠢᠶᠠᠷ ᠲᠡᠭᠡᠭᠰᠢᠯᠡᠬᠦᠯᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ | ᠪᠠᠷᠢᠮᠵᠢᠶᠠᠵᠢᠵᠦ ᠬᠡᠪᠴᠢᠶᠡᠵᠢᠭᠰᠡᠨ ᠲᠡᠵᠢᠬᠡᠨ ᠦᠷᠡᠵᠢᠬᠦᠯᠬᠦ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ | ᠠᠬᠢᠭᠤᠯᠵᠦ᠂ ᠡᠪᠡᠰᠦ ᠬᠠᠳᠠᠭᠠᠯᠠᠬᠤ ᠰᠠᠷᠠᠪᠴᠢ᠂ ᠮᠠᠯ ᠤᠨ ᠲᠤᠯᠠᠭᠠᠨ ᠬᠠᠰᠢᠶ᠎ᠠ ᠪᠡ ᠬᠡᠪᠴᠢᠶᠡᠵᠢᠭᠰᠡᠨ ᠡᠪᠡᠰᠦ ᠨᠦᠬᠡᠴᠡᠯᠡᠬᠦ | ᠰᠠᠭᠤᠷᠢᠨ ᠭᠠᠵᠠᠷ ᠢ ᠪᠠᠶᠢᠭᠤᠯᠬᠤ ᠠᠵᠢᠯ ᠢ ᠠᠬᠢᠭᠤᠯᠬᠤ ᠶᠢᠨ ᠬᠠᠮᠳᠤ 19000 ᠮᠤ᠋ ᠶᠢᠨ ᠦᠨᠳᠦᠷ ᠤᠨᠠᠯᠳᠠᠳᠤ | ᠪᠤᠷᠳᠤᠭᠠᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠭᠠᠮᠰᠢᠭ ᠢ ᠲᠤᠯᠬᠤ | ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠬᠡᠷᠡᠭᠳᠡᠢ᠃ ᠬᠠᠰᠢᠶᠠᠯᠠᠨ ᠮᠠᠯᠵᠢᠬᠤ ᠪᠠ ᠦᠬᠡᠷ ᠬᠤᠨᠢ ᠪᠤᠷᠳᠤᠨ | ᠲᠠᠷᠭᠤᠯᠠᠭᠤᠯᠬᠤ ᠦᠢᠯᠡᠰ ᠢ ᠠᠬᠢᠭᠤᠯᠤᠨ᠂ 5 ᠲᠦᠮᠡᠨ ᠲᠤᠯᠤᠭᠠᠢ ᠦᠬᠡᠷ᠂ 8 ᠲᠦᠮᠡᠨ ᠬᠤᠨᠢ ᠶᠢ ᠪᠤᠷᠳᠤᠨ | ᠲᠠᠷᠭᠤᠯᠠᠭᠤᠯᠵᠦ ᠲᠠᠸᠠᠷᠵᠢᠭᠤᠯᠬᠤ ᠪᠠᠷ ᠴᠢᠷᠮᠠᠶᠢᠨ᠎ᠠ᠃ ︽ᠪᠠᠭ᠎ᠠ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢ | ᠬᠦᠭᠵᠢᠬᠦᠯᠬᠦ ᠭᠤᠤᠯᠳᠠᠯᠭ᠎ᠠ ᠲᠠᠢ ᠬᠤᠰᠢᠭᠤ ᠰᠢᠶᠠᠨ︾ ᠤ ᠲᠦᠰᠦᠯ ᠢ ᠠᠬᠢᠭᠤᠯᠤᠨ᠂ 19000 ᠮᠤ᠋ ᠶᠢᠨ ᠤᠰᠤᠯᠠᠯᠳᠠ | ᠶᠢᠨ ᠲᠠᠷᠢᠶ᠎ᠠ ᠶᠢ ᠰᠢᠨ᠎ᠠ ᠪᠠᠷ ᠨᠡᠮᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ | ᠰᠢᠰᠲ᠋ᠧᠮ ᠢ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ ᠢ ᠲᠦᠷᠢᠮᠵᠢᠬᠦᠯᠦᠨ᠂ ᠡᠷᠦᠬᠡ | ᠤᠳ ᠢ ᠴᠤᠮᠬᠠᠳᠬᠠᠨ 42 ᠲᠦᠪᠯᠡᠷᠡᠬᠦᠯᠦᠨ ᠪᠤᠷᠳᠤᠬᠤ ᠴᠢᠭ ᠪᠠᠶᠢᠭᠤᠯᠬᠤ ᠶᠢᠨ ᠬᠠᠮᠳᠤ ︽ᠺᠤᠮᠫᠠᠨᠢ + ᠰᠠᠭᠤᠷᠢᠨ ᠭᠠᠵᠠᠷ | + ᠮᠠᠯᠵᠢᠬᠤ ᠡᠷᠦᠬᠡ︾ ᠶᠢᠨ ᠬᠦᠭᠵᠢᠯᠳᠡ ᠶᠢᠨ ᠬᠡᠪ ᠵᠠᠭᠪᠤᠷ ᠢ ᠬᠡᠷᠡᠭᠵᠢᠬᠦᠯᠦᠨ᠂ ᠲᠤᠯᠤᠭᠠᠶᠢᠯᠠᠭᠴᠢ ᠠᠵᠤ ᠠᠬᠤᠶᠢᠯᠠᠯ | ᠯᠤᠭ᠎ᠠ ᠬᠤᠷᠰᠢᠯᠴᠠᠭᠰᠠᠨ ᠰᠢᠨ᠎ᠠ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ | ᠪᠠᠶᠢᠭᠤᠯᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠯᠳᠠ ᠪᠠᠷ ᠲᠠᠮᠵᠢᠭᠤᠯᠤᠨ ᠠᠵᠤ ᠦᠢᠯᠡᠰ ᠤᠨ ᠬᠡᠯᠬᠢᠶᠡᠰᠦ | ᠶᠢ ᠪᠦᠷᠢᠯᠳᠦᠬᠦᠯᠵᠦ᠂ ᠡᠬᠦᠨ ᠤ ᠤᠯᠠᠮ ᠢᠶᠠᠷ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠂ ᠮᠠᠨ ᠤ ᠬᠤᠰᠢᠭᠤᠨ | ᠤ ᠮᠠᠯ ᠲᠠᠷᠢᠶ᠋ᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠪᠠ ᠵᠠᠬ᠎ᠠ ᠲᠡᠯᠬᠡᠬᠦᠷ ᠤᠨ | ᠦᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠎ᠠ᠃ ᠦᠪᠡᠷᠮᠢᠴᠡ ᠤᠨᠴᠠᠯᠢᠭ ᠪᠦᠬᠦᠢ ᠮᠠᠯ ᠲᠠᠷᠢᠶᠠᠯᠠᠩ ᠤᠨ ᠠᠵᠤ ᠦᠢᠯᠡᠰ ᠢ | ᠬᠦᠭᠵᠢᠬᠦᠯᠬᠦ ᠶᠢ ᠲᠡᠮᠵᠢᠨ᠎ᠠ᠃ ᠭᠠᠵᠠᠷ ᠵᠦᠢ ᠶᠢᠨ ᠪᠡᠯᠭᠡ ᠲᠡᠮᠳᠡᠭ ᠪᠤᠯᠤᠭᠰᠠᠨ ᠬᠤᠷᠤᠳ᠂ ᠦᠷᠦᠮ᠎ᠠ ᠵᠡᠷᠬᠡ | ᠪᠦᠳᠦᠭᠡᠭᠳᠡᠬᠦᠨ ᠤ ᠨᠡᠷᠡᠳᠦ ᠳᠡᠮᠳᠡᠭ ᠢ ᠤᠬᠠᠭᠤᠯᠵᠦ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠵᠦ᠂ ᠤᠯᠠᠮᠵᠢᠯᠠᠯᠳᠤ | ᠮᠢᠬᠠᠨ ᠤ ᠪᠦᠳᠦᠭᠡᠭᠳᠡᠬᠦᠨ᠂ ᠰᠦᠨ ᠤ ᠪᠦᠳᠦᠬᠡᠭᠳᠡᠬᠦᠨ ᠤ ᠠᠵᠤ ᠦᠢᠯᠡᠰ ᠪᠠ ᠦᠪᠡᠷᠮᠢᠴᠡ ᠤᠨᠴᠠᠯᠢᠭ ᠲᠠᠢ ᠲᠠᠷᠢᠮᠠᠯ ᠤᠨ | ᠦᠢᠯᠡᠰ ᠤᠨ ᠬᠦᠭᠵᠢᠯᠳᠡ ᠶᠢ ᠵᠤᠷᠢᠭᠵᠢᠭᠤᠯᠤᠨ᠎ᠠ᠃ ᠨᠡᠷᠡᠳᠦ ᠲᠡᠮᠳᠡᠭ ᠢ ᠡᠬᠦᠳᠬᠦ ᠲᠠᠯ᠎ᠠ ᠪᠠᠷ᠂ ᠪᠤᠷᠤᠬᠤᠳᠠ ᠶᠢᠨ ᠦᠷ᠎ᠡ | ᠲᠦᠮᠦᠰᠦᠨ ᠤ ᠰᠠᠭᠤᠷᠢᠨ᠂ ︽ ᠶᠢᠨ ᠱᠢ︾ ᠬᠤᠴᠠ ᠮᠠᠯᠵᠢᠬᠤ ᠲᠠᠯᠠᠪᠠᠢ᠂ ︽ᠱᠠᠩᠳᠤ︾ ᠦᠬᠡᠷ ᠤᠨ ᠴᠡᠪᠡᠷ ᠮᠢᠬ᠎ᠠ᠂ | ᠮᠢᠬᠠᠨ ᠤ ᠪᠦᠳᠦᠭᠡᠭᠳᠡᠬᠦᠨ ᠤ ᠠᠵᠤ ᠦᠢᠯᠡᠰ᠂ ᠯᠢ ᠮᠤ᠋ ᠽᠠᠨ ᠦᠬᠡᠷ ᠢ ᠲᠡᠵᠢᠬᠡᠨ ᠦᠷᠡᠵᠢᠬᠦᠯᠬᠦ ᠰᠠᠭᠤᠷᠢᠨ᠂ ᠹᠧᠩ ᠰᠢ | ᠮᠠᠯᠵᠢᠯ ᠤᠨ ᠲᠠᠯᠠᠪᠠᠢ ᠵᠢᠴᠢ ᠪᠡᠭᠡᠵᠢᠩ ᠤᠨ ᠤᠮᠠᠷᠠᠳᠤ ᠳᠠᠬᠢ ᠮᠠᠯ ᠤᠨ ᠭᠠᠷᠤᠯᠳᠠ ᠰᠤᠯᠢᠯᠴᠠᠬᠤ ᠲᠤᠮᠤ ᠵᠠᠬ᠎ᠠ ᠲᠡᠯᠬᠡᠬᠦᠷ | ᠵᠡᠷᠬᠡ ᠭᠤᠤᠯᠳᠠᠯᠭ᠎ᠠ ᠲᠠᠢ ᠲᠦᠰᠦᠯ ᠤᠳ ᠢ ᠠᠬᠢᠭᠤᠯᠵᠦ᠂ ᠬᠤᠰᠢᠭᠤ ᠪᠠᠨ ᠪᠤᠬᠢᠷᠳᠦᠯ ᠦᠬᠡᠢ ᠮᠠᠯ ᠲᠠᠷᠢᠶᠠᠯᠠᠩ ᠤᠨ | ᠪᠦᠳᠦᠭᠡᠭᠳᠡᠬᠦᠨ ᠢ ᠦᠢᠯᠡᠳᠪᠤᠷᠢᠯᠡᠵᠦ᠂ ᠡᠳ᠋ᠰᠢᠬᠦᠯᠵᠦ᠂ ᠲᠠᠸᠠᠷᠵᠢᠭᠤᠯᠬᠤ ᠰᠠᠭᠤᠷᠢᠨ ᠭᠠᠵᠠᠷ ᠪᠤᠯᠭᠠᠨ ᠪᠦᠳᠦᠬᠡᠨ | ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠮᠠᠯ | ᠲᠠᠷᠢᠶᠠᠯᠠᠩ ᠤᠨ ᠪᠦᠳᠦᠭᠡᠭᠳᠡᠬᠦᠨ ᠤ ᠠᠶᠤᠯᠬᠦᠢ ᠦᠢᠯᠡᠳᠪᠤᠷᠢᠯᠡᠯ ᠢ ᠦᠨᠡᠨᠬᠦ ᠪᠠᠳᠤᠯᠠᠨ᠎ᠠ᠃ 3 ᠵᠢᠯ ᠤᠨ ᠲᠤᠳᠤᠷ᠎ᠠ | ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ ᠦᠬᠡᠷᠡᠴᠢᠯᠡᠨ ᠵᠠᠰᠠᠬᠤ᠂ ᠴᠡᠪᠡᠷ ᠤᠰᠤ ᠬᠠᠩᠭᠠᠬᠤ | ᠂ ᠭᠠᠴᠠᠭ᠎ᠠ ᠲᠤᠰᠬᠤᠨ ᠤ ᠵᠠᠮ ᠵᠡᠬᠡᠯᠢ ᠶᠢ ᠲᠠᠪᠢᠰᠬᠦ᠂ ᠴᠠᠬᠢᠯᠭᠠᠨ ᠨᠡᠪᠳᠡᠷᠡᠬᠦᠯᠬᠦ᠂ ᠷᠡᠳᠢᠤ᠋ ᠲᠧᠯᠸᠢᠰ ᠪᠠ ᠤᠳᠠᠰᠤ ᠰᠦᠯᠵᠢᠶ᠎ᠠ | ᠨᠡᠪᠳᠡᠷᠡᠬᠦᠯᠬᠦ᠂ ᠰᠤᠷᠤᠭᠴᠢᠳ ᠤᠨ ᠪᠠᠶᠢᠷᠢ ᠶᠢᠨ ᠠᠶᠤᠯᠬᠦᠢ ᠪᠠᠶᠢᠳᠠᠯ ᠢ ᠪᠠᠳᠤᠯᠠᠬᠤ᠂ ᠭᠠᠴᠠᠭ᠎ᠠ ᠲᠤᠰᠬᠤᠨ ᠳᠤ | ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠬᠤ᠂ ᠰᠤᠶᠤᠯ ᠤᠨ ᠦᠷᠬᠦᠬᠡ ᠪᠠᠶᠢᠭᠤᠯᠬᠤ᠂ ᠬᠡᠯᠬᠢᠶᠡᠵᠢᠭᠰᠡᠨ | ᠴᠢᠯᠦᠬᠡᠳᠦ ᠲᠡᠯᠬᠡᠬᠦᠷ ᠭᠠᠷᠭᠠᠬᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠬᠦᠮᠦᠨ ᠠᠮᠠ ᠶᠢᠨ ᠨᠠᠰᠤᠵᠢᠯ ᠤᠨ | ᠲᠠᠭᠠᠳᠬᠠᠯ᠂ ᠡᠮ ᠡᠮᠨᠡᠯᠬᠡ ᠶᠢᠨ ᠲᠠᠭᠠᠳᠬᠠᠯ ᠪᠤᠯᠤᠨ ᠨᠠᠭᠠᠳᠤ ᠵᠠᠬ᠎ᠠ ᠶᠢᠨ ᠠᠮᠢᠵᠢᠷᠠᠭᠠᠨ ᠤ ᠲᠡᠳᠬᠦᠮᠵᠢ ᠵᠡᠷᠬᠡ 10 | ᠲᠦᠷᠦᠯ ᠤᠨ ᠨᠡᠶᠢᠬᠡᠮ ᠤᠨ ᠪᠠᠳᠤᠯᠠᠭᠠᠨ ᠤ ᠠᠵᠢᠯ ᠢ ᠨᠠᠶᠢᠳᠠᠮ ᠪᠡᠶᠡᠯᠡᠬᠦᠯᠦᠨ᠎ᠠ᠃ ᠠᠮᠢ ᠠᠬᠤᠢ ᠶᠢᠨ ᠤᠷᠴᠢᠨ ᠲᠤᠭᠤᠷᠢᠨ | ᠤ ᠬᠠᠮᠠᠭᠠᠯᠠᠯᠳᠠ ᠶᠢ ᠴᠢᠩᠭᠠᠳᠬᠠᠨ᠎ᠠ᠃ ︽8337︾ ᠬᠦᠭᠵᠢᠯᠳᠡ ᠶᠢᠨ ᠰᠡᠳᠬᠢᠴᠡ ᠳᠤ ᠲᠤᠷᠠᠳᠤᠭᠰᠠᠨ ᠮᠠᠨ ᠤ ᠤᠯᠤᠰ | ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠶᠡᠷᠦᠩᠬᠡᠢ | ᠪᠠᠶᠢᠷᠢᠯᠠᠭᠤᠯᠤᠯᠳᠠ ᠶᠤᠰᠤᠭᠠᠷ ᠲᠠᠯ᠎ᠠ ᠨᠤᠳᠤᠭ ᠤᠨ ᠠᠮᠢ ᠠᠬᠤᠢ ᠳᠤ ᠡᠪᠳᠡᠯᠬᠡ ᠤᠴᠠᠷᠠᠭᠤᠯᠤᠭᠰᠠᠨ ᠡᠯ᠎ᠠ ᠵᠦᠢᠯ ᠤᠨ | ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠴᠢᠬᠤᠯᠠ ᠶᠡᠭᠡ ᠬᠡᠷᠡᠭ ᠤᠴᠢᠷ ᠠᠴᠠ ᠪᠤᠯᠵᠦ ᠡᠬᠦᠰᠴᠦ | ᠮᠡᠳᠡᠬᠦ ᠨᠡᠶᠢᠬᠡᠮ ᠤᠨ ᠨᠦᠯᠦᠬᠡ ᠲᠦᠭᠰᠢᠬᠦᠷᠢ ᠶᠢ ᠪᠠᠶᠢᠴᠠᠭᠠᠨ ᠦᠨᠡᠯᠡᠬᠦ ᠲᠤᠭᠳᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠲᠦᠰᠦᠯ ᠤᠨ ᠪᠠᠶᠢᠭᠤᠯᠤᠯᠳᠠ ᠶᠢᠨ ᠶᠠᠪᠤᠴᠠ ᠳᠤ ᠢᠯᠡᠷᠡᠵᠦ ᠮᠡᠳᠡᠬᠦ ᠠᠰᠠᠭᠤᠳᠠᠯ ᠢ ᠲᠤᠬᠢᠳᠠᠢ ᠰᠢᠢᠳᠪᠤᠷᠢᠯᠡᠵᠦ᠂ | ᠦᠪᠡᠷᠰᠡᠳ ᠢᠶᠠᠨ ᠰᠠᠨᠠᠭᠠᠴᠢᠯᠠᠭ᠎ᠠ ᠲᠠᠢ᠂ ᠪᠡᠯᠡᠳᠬᠡᠯ ᠲᠠᠢ᠂ ᠦᠷ᠎ᠡ ᠠᠰᠢᠭ ᠲᠠᠢ ᠪᠠᠶᠢᠬᠤ ᠶᠢ ᠱᠠᠭᠠᠷᠳᠠᠵᠦ᠂ ᠮᠠᠯᠴᠢᠨ | ᠲᠠᠷᠢᠶᠠᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ | ᠬᠦᠴᠦᠯᠡᠴᠡ ᠶᠢ ᠨᠡᠮᠡᠭᠳᠡᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠡᠶᠢᠳᠦᠷ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠤᠢ ᠰᠢᠭᠤᠢ | ᠶᠢᠨ ᠪᠦᠳᠦᠬᠡᠨ ᠪᠠᠶᠢᠭᠤᠯᠤᠯᠳᠠ ᠶᠢᠨ ᠲᠠᠯᠠᠪᠠᠢ ᠶᠢ ᠰᠢᠨ᠎ᠠ ᠪᠠᠷ 38.9 ᠲᠦᠮᠡᠨ ᠮᠤ᠋ ᠨᠡᠮᠡᠭᠳᠡᠬᠦᠯᠬᠦ ᠪᠠᠷ ᠴᠢᠷᠮᠠᠶᠢᠨ᠎ᠠ᠃ | ᠵᠠᠰᠠᠮᠠᠯ ᠵᠠᠮ ᠤᠨ ᠬᠤᠶᠠᠷ ᠬᠠᠪᠢ᠂ ᠬᠤᠳᠠ ᠪᠠᠯᠭᠠᠰᠤᠨ ᠤ ᠡᠷᠬᠢᠨ ᠲᠤᠭᠤᠷᠢᠨ᠂ ᠭᠠᠴᠠᠭ᠎ᠠ ᠲᠤᠰᠬᠤᠨ ᠵᠢᠴᠢ ᠦᠢᠯᠡᠳᠪᠤᠷᠢ | ᠠᠭᠤᠷᠬᠠᠢ ᠵᠡᠷᠬᠡ ᠭᠤᠤᠯᠳᠠᠯᠭ᠎ᠠ ᠲᠠᠢ ᠭᠠᠵᠠᠷ ᠤᠳ ᠲᠠᠬᠢ ᠨᠤᠭᠤᠭᠠᠷᠠᠭᠤᠯᠤᠯᠳᠠ ᠶᠢᠨ ᠠᠵᠢᠯ ᠢ ᠴᠢᠩᠭᠠᠳᠬᠠᠨ᠎ᠠ᠃ ᠭᠤᠤᠯ | ᠤᠨ ᠰᠠᠪᠠ ᠭᠠᠵᠠᠷ ᠢ ᠵᠠᠰᠠᠬᠤ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠰᠠᠶᠢᠳᠦᠷ ᠠᠳᠬᠤᠵᠦ᠂ ᠶᠤᠸᠠᠨ ᠤ | ᠲᠡᠭᠡᠳᠦ ᠨᠡᠶᠢᠰᠯᠠᠯ ᠤᠨ ᠪᠠᠭᠤᠷᠢ ᠶᠢᠨ ᠤᠰᠤᠨ ᠠᠰᠢᠭᠯᠠᠯᠳᠠ ᠶᠢᠨ ᠬᠠᠮᠠᠭᠠᠯᠠᠯᠳᠠ ᠶᠢᠨ ᠲᠦᠰᠦᠯ ᠢ ᠢᠳᠡᠪᠬᠢᠳᠡᠢ | ᠡᠷᠡᠮᠡᠯᠵᠢᠯᠡᠨ᠂ ᠱᠠᠩᠳᠤ ᠶᠢᠨ ᠭᠤᠤᠯ ᠠᠴᠠ ᠪᠤᠷᠤᠬᠤᠳᠠ ᠬᠦᠷᠬᠦ ᠭᠤᠤᠯ ᠤᠨ ᠬᠡᠰᠡᠭ ᠢ ᠵᠠᠰᠠᠬᠤ ᠪᠠᠷᠢᠯᠭ᠎ᠠ ᠶᠢ ᠪᠡᠶᠡᠯᠡᠬᠦᠯᠵᠦ᠂ | ᠱᠠᠩᠳᠤ ᠶᠢᠨ ᠭᠤᠤᠯ ᠤᠨ ᠤᠰᠤ ᠨᠦᠬᠦᠪᠦᠷᠢᠯᠡᠬᠦ ᠢᠨᠵᠧᠨᠧᠷᠢᠩ ᠤᠨ ᠤᠷᠳᠤ ᠬᠤᠭᠤᠴᠠᠭᠠᠨ ᠤ ᠪᠦᠳᠦᠮᠵᠢᠳᠦ | ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠠ᠃ ᠤᠷᠴᠢᠨ ᠲᠤᠭᠤᠷᠢᠨ ᠳᠤ ᠦᠵᠡᠭᠦᠯᠬᠦ ᠨᠦᠯᠦᠭᠡᠯᠡᠯ ᠢ ᠬᠢᠨᠡᠨ ᠦᠨᠡᠯᠡᠬᠦ ᠠᠵᠢᠯ ᠢ | ᠴᠢᠩᠭᠠᠳᠬᠠᠵᠦ᠂ ᠪᠦᠬᠦ ᠵᠢᠯ ᠤᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠬᠠᠷᠠᠯᠳᠠ ᠶᠢ ᠪᠡᠶᠡᠯᠡᠬᠦᠯᠬᠦ ᠶᠢ ᠦᠨᠡᠨᠬᠦ | ᠪᠠᠳᠤᠯᠠᠨ᠎ᠠ᠃ | ︵ᠭᠤᠷᠪᠠ︶ ᠠᠵᠤ ᠦᠢᠯᠡᠳᠪᠤᠷᠢ ᠶᠢ ᠰᠢᠯᠢᠳᠡᠭᠵᠢᠭᠦᠯᠬᠦ ᠠᠬᠢᠴᠠ ᠶᠢ ᠲᠦᠷᠭᠡᠳᠭᠡᠵᠤ᠂ ᠠᠵᠤ ᠠᠬᠤᠢ ᠶᠢᠨ | ᠬᠦᠭᠵᠢᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃ | ︽ᠤᠯᠠᠮᠵᠢᠯᠠᠯᠳᠤ ᠠᠵᠤ ᠦᠢᠯᠡᠰ ᠤᠨ ᠰᠢᠨᠠᠴᠢᠯᠠᠯᠳᠠ᠂ ᠰᠢᠨ᠎ᠠ ᠠᠵᠤ ᠦᠢᠯᠡᠰ ᠤᠨ ᠬᠡᠪᠴᠢᠶᠡᠵᠢᠯᠳᠠ᠂ | ᠲᠤᠯᠭᠠᠭᠤᠷᠢ ᠠᠵᠤ ᠦᠢᠯᠡᠰ ᠤᠨ ᠤᠯᠠᠨ ᠡᠰᠢᠳᠦ ᠬᠦᠭᠵᠢᠯᠳᠠ︾ ᠶᠢᠨ ᠱᠠᠭᠠᠷᠳᠠᠯᠭ᠎ᠠ ᠶᠤᠰᠤᠭᠠᠷ ᠦᠢᠯᠡᠳᠪᠤᠷᠢ ᠶᠢᠨ ᠠᠵᠤ | ᠠᠬᠤᠢ ᠶᠢᠨ ᠬᠦᠭᠵᠢᠯᠳᠡ ᠶᠢᠨ ᠬᠡᠯᠪᠡᠷᠢ ᠮᠠᠶ᠋ᠢᠭ ᠤᠨ ᠬᠤᠪᠢᠷᠠᠭᠤᠯᠤᠯᠳᠠ ᠶᠢ ᠲᠦᠷᠬᠡᠳᠬᠡᠵᠦ᠂ ᠪᠦᠬᠦ ᠵᠢᠯ ᠤᠨ ᠠᠵᠤ | ᠦᠢᠯᠡᠳᠪᠤᠷᠢ ᠶᠢᠨ ᠨᠡᠮᠡᠭᠳᠡᠯ ᠦᠷᠳᠡᠭ ᠢ 43.8 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠵᠤ ᠦᠢᠯᠡᠳᠪᠤᠷᠢ ᠶᠢᠨ | ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 34.2 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠴᠢᠷᠮᠠᠶᠢᠨ᠎ᠠ᠃ | ᠵᠦᠬᠡᠬᠡᠪᠦᠷᠢ ᠶᠢᠨ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠨ᠎ᠠ᠃ ᠠᠵᠤ ᠠᠬᠤᠶᠢᠯᠠᠯ ᠤᠳ ᠢ ᠵᠤᠬᠢᠴᠠᠭᠤᠯᠬᠤ | ᠦᠢᠯᠡᠴᠢᠯᠡᠭᠡᠨ ᠤ ᠠᠵᠢᠯ ᠢ ᠰᠠᠶᠢᠳᠦᠷ ᠬᠢᠨ᠂ ᠠᠵᠤ ᠠᠬᠤᠶᠢᠯᠠᠯ ᠪᠡᠯᠡ ᠨᠡᠶᠢᠯᠡᠭᠦᠯᠬᠦ᠂ ᠵᠢᠬᠡᠯᠡᠯᠬᠡ ᠲᠠᠯᠪᠢᠬᠤ᠂ ᠭᠠᠵᠠᠷ | ᠲᠠᠳᠠᠪᠤᠷᠢᠯᠠᠬᠤ ᠵᠡᠷᠬᠡ ᠲᠠᠯ᠎ᠠ ᠪᠠᠷ ᠬᠦᠴᠢᠷᠳᠡᠵᠦ ᠪᠠᠶᠢᠳᠠᠭ ᠠᠰᠠᠭᠤᠳᠠᠯ ᠢ ᠰᠠᠶᠢᠳᠦᠷ ᠰᠢᠢᠳᠪᠤᠷᠢᠯᠡᠵᠦ᠂ ᠠᠵᠤ ᠠᠬᠤᠶᠢᠯᠠᠯ | ᠤᠨ ᠬᠦᠭᠵᠢᠯᠳᠡ ᠳᠤ ᠤᠬᠢ ᠰᠠᠶᠢᠨ ᠤᠷᠴᠢᠨ ᠠᠬᠤᠢ ᠶᠢ ᠡᠬᠦᠳᠦᠨ᠎ᠡ᠃ ᠱᠠᠩᠳᠤ ᠴᠠᠬᠢᠯᠭᠠᠨ ᠦᠢᠯᠡᠳᠪᠤᠷᠢ ᠶᠢᠨ ᠪᠦᠬᠦ ᠵᠢᠯ | ᠤᠨ ᠴᠠᠬᠢᠯᠭᠠᠨ ᠭᠠᠷᠭᠠᠬᠤ ᠬᠡᠮᠵᠢᠶ᠎ᠠ ᠶᠢ 219 ᠳ᠋ᠦᠩᠰᠢᠭᠤᠷ ᠭᠷᠡᠳᠦ᠋ᠰ ᠲᠤ ᠬᠦᠷᠬᠡᠬᠦ ᠪᠠᠷ ᠴᠢᠷᠮᠠᠶᠢᠬᠤ ᠶᠢᠨ ᠬᠠᠮᠳᠣ ︽ | ᠾᠧ ᠡᠸ᠋ᠨ︾ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢ᠂ ︽ᠷᠧᠨ ᠴᠤᠸᠠᠩ︾ ᠡᠯᠡᠰᠦᠨ ᠤ ᠦᠢᠯᠡᠰ ᠪᠤᠯᠤᠨ ︽ ᠲᠠᠢ | ᠴᠢᠩ︾ ᠴᠢᠯᠠᠭᠤᠨ ᠲᠤᠰᠤᠨ ᠤ ᠺᠤᠮᠫᠠᠨᠢ ᠵᠡᠷᠬᠡ ᠠᠵᠤ ᠠᠬᠤᠶᠢᠯᠠᠯ ᠤᠨ ᠲᠡᠰ ᠢ ᠨᠡᠮᠡᠭᠳᠡᠭᠦᠯᠵᠦ ᠪᠠᠷᠢᠮᠵᠢᠶ᠎ᠠ ᠠᠴᠠ | ᠲᠡᠭᠡᠭᠰᠢᠬᠢ ᠠᠵᠤ ᠠᠬᠤᠶᠢᠯᠠᠯ ᠪᠤᠯᠭᠠᠨ᠎ᠠ᠃ ᠠᠵᠤ ᠦᠢᠯᠡᠳᠪᠤᠷᠢ ᠶᠢᠨ ᠳᠣᠮᠳᠠᠬᠢ ᠲᠤᠯᠭᠠᠭᠤᠷᠢᠯᠠᠭᠴᠢ ᠠᠵᠤ ᠦᠢᠯᠡᠰ ᠢ | ᠬᠦᠭᠵᠢᠭᠦᠯᠦᠨ᠎ᠡ᠃ ᠱᠠᠩᠳᠤ ᠴᠠᠬᠢᠯᠭᠠᠨ ᠦᠢᠯᠡᠳᠪᠤᠷᠢ ᠶᠢᠨ ᠲᠦᠷᠪᠡᠳᠦᠬᠡᠷ ᠬᠤᠭᠤᠴᠠᠭᠠᠨ ᠤ ᠲᠦᠰᠦᠯ ᠪᠤᠯᠤᠨ ︽ᠯᠦᠩ | ᠶᠤᠸᠠᠨ︾ ᠤᠯᠤᠰ ᠤᠨ ᠴᠠᠬᠢᠯᠭᠠᠨ ᠤ ᠺᠤᠮᠫᠠᠨᠢ᠂ ︽ᠤᠦ ᠬᠦᠳᠦᠯ︾ ᠤᠨ ᠴᠠᠬᠢᠯᠭᠠᠨ ᠭᠠᠷᠭᠠᠬᠤ ᠺᠤᠮᠫᠠᠨᠢ᠂ ︽ᠬᠤᠸᠠ ᠢ | ︾ ᠠᠷᠤ ᠬᠦᠪ ᠤᠨ ᠴᠠᠬᠢᠯᠭᠠᠨ ᠤ ᠺᠣᠮᠫᠠᠨᠢ ᠵᠡᠷᠭᠡ ᠭᠤᠷᠪᠠᠨ 4.95 ᠲᠦᠮᠡᠨ ᠺᠢᠯᠤᠸᠡᠲ ᠤᠨ ᠰᠠᠯᠬᠢᠨ ᠤ ᠬᠦᠴᠦ ᠪᠠᠷ | ᠴᠠᠬᠢᠯᠭᠠᠨ ᠭᠠᠷᠭᠠᠬᠤ ᠲᠦᠰᠦᠯ ᠪᠠ ︽ᠰᠠᠨ ᠰᠢᠶᠠ︾ ᠺᠣᠮᠫᠠᠨᠢ ᠶᠢᠨ 100 ᠰᠠᠶ᠎ᠠ ᠸᠠᠲ᠂ ᠤᠯᠤᠰ ᠤᠨ ᠴᠠᠬᠢᠯᠭᠠᠨ | ᠺᠣᠮᠫᠠᠨᠢ ᠶᠢᠨ 50 ᠰᠠᠶ᠎ᠠ ᠸᠠᠲ᠂ ᠬᠤᠸᠠ ᠨᠧᠩ ᠤᠨ 30 ᠰᠠᠶ᠎ᠠ ᠸᠠᠲ᠂ ᠶᠠ ᠨᠧᠩ ᠤᠨ 10 ᠰᠠᠶ᠎ᠠ ᠸᠠᠲ ᠤᠨ ᠨᠠᠷᠠᠨ | ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠵᠡᠷᠭᠡ ᠶᠢ ᠠᠬᠢᠭᠤᠯᠬᠤ ᠪᠠᠷ ᠳᠠᠮᠵᠢᠭᠤᠯᠵᠤ᠂ ᠢᠯᠴᠢᠨ ᠬᠦᠴᠦ᠂ ᠰᠠᠯᠬᠢᠨ | ᠬᠦᠴᠦ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠰᠦᠯ ᠢ ᠬᠠᠮᠳᠤ ᠳᠤᠨᠢ ᠬᠦᠭᠵᠢᠬᠦᠯᠦᠭᠰᠡᠨ ᠠᠵᠤ ᠦᠢᠯᠡᠰ ᠤᠨ | ᠪᠦᠳᠦᠴᠡ ᠶᠢ ᠲᠦᠷᠬᠡᠨ ᠪᠦᠷᠢᠯᠳᠦᠭᠦᠯᠦᠨ᠎ᠡ᠃ ᠨᠡᠬᠦᠷᠡᠰᠦᠨ ᠤ ᠦᠨᠡᠰᠦ ᠶᠢ ᠶᠡᠷᠤᠩᠬᠡᠶᠢᠯᠡᠨ ᠠᠰᠢᠭᠯᠠᠬᠤ ᠦᠢᠯᠡᠳᠪᠦᠷᠢ᠂ | ᠡᠯᠡᠰᠦᠨ ᠤ ᠦᠢᠯᠡᠰ ᠵᠡᠷᠬᠡ ᠪᠠᠷᠢᠯᠭ᠎ᠠ ᠶᠢᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠨ ᠬᠦᠭᠵᠢᠯᠳᠡ ᠶᠢ | ᠠᠬᠢᠭᠤᠯᠵᠦ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠴᠢᠯᠠᠭᠤᠨ ᠲᠤᠰᠤ ᠬᠠᠶᠢᠨ ᠮᠠᠯᠳᠠᠬᠤ | ᠬᠦᠴᠦᠨ ᠢᠶᠠᠨ ᠨᠡᠮᠡᠭᠳᠡᠭᠦᠯᠵᠦ᠂ ᠡᠨᠡ ᠵᠢᠯ 100 ᠰᠠᠭᠤᠷᠢ ᠬᠤᠳᠳᠤᠭ ᠦᠷᠦᠮᠳᠡᠵᠦ᠂ ᠲᠤᠰᠤᠨ ᠤ ᠭᠠᠷᠤᠯᠳᠠ ᠶᠢ 3 | ᠲᠦᠮᠡᠨ ᠲᠤᠨ ᠳᠠᠪᠠᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠤᠷᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ | ᠲᠦᠷᠬᠡᠳᠬᠡᠨ᠎ᠡ᠃ ᠠᠵᠤ ᠦᠢᠯᠡᠳᠪᠤᠷᠢ ᠶᠢᠨ ᠲᠤᠭᠤᠷᠢᠭ ᠤᠨ ᠡᠯ᠎ᠠ ᠲᠦᠷᠦᠯ ᠤᠨ ᠲᠦᠯᠦᠪᠵᠢᠬᠦᠯᠬᠡ ᠶᠢ ᠲᠠᠷᠤᠢ ᠲᠦᠷᠬᠡᠨ | ᠲᠡᠬᠦᠯᠳᠡᠷᠵᠢᠬᠦᠯᠵᠦ᠂ ᠲᠦᠷᠢᠮᠵᠢᠭᠰᠡᠨ ᠬᠠᠮᠢᠶᠠᠷᠤᠯᠳᠠ ᠶᠢ ᠠᠬᠢᠭᠤᠯᠤᠨ᠎ᠠ᠃ ᠵᠠᠮ ᠵᠡᠭᠡᠯᠢ᠂ ᠲᠦᠬᠡᠬᠡᠯ ᠤᠰᠤ᠂ ᠨᠠᠶᠢᠳᠠ ᠶᠢᠨ | ᠲᠤᠯᠠᠭᠠᠯᠭ᠎ᠠ᠂ ᠪᠤᠬᠢᠷ ᠢ ᠭᠠᠳᠠᠭᠰᠢᠯᠠᠭᠤᠯᠬᠤ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠂ ᠡᠬᠢ ᠪᠠᠶᠠᠯᠢᠭ ᠢ ᠲᠤᠬᠢᠷᠭᠤᠯᠬᠤ ᠬᠦᠴᠦᠨ ᠢᠶᠠᠨ ᠲᠤᠭᠤᠷᠢᠭ ᠲᠡᠰᠢ ᠲᠦᠪᠯᠡᠷᠡᠬᠦᠯᠦᠨ᠂ ᠠᠵᠤ ᠦᠢᠯᠡᠰ ᠢ | ᠲᠠᠶᠢᠴᠢᠯᠠᠨ ᠲᠤᠭᠤᠷᠢᠭ ᠲᠡᠰᠢ ᠰᠢᠯᠵᠢᠭᠦᠯᠬᠦ ᠪᠠᠷ ᠬᠦᠴᠦᠯᠡᠬᠦ ᠶᠢᠨ ᠬᠠᠮᠳᠣ ᠡᠨᠡ ᠵᠢᠯ ᠤᠷᠤᠨ ᠤ ᠲᠡᠰ ᠤᠨ ᠡᠷᠬᠢᠯᠳᠡᠳᠦ | ᠠᠵᠤ ᠠᠬᠤᠢ ᠶᠢᠨ ᠵᠢᠱᠢᠶ᠎ᠡ ᠦᠵᠡᠬᠦᠯᠬᠦ ᠲᠤᠭᠤᠷᠢᠭ ᠪᠤᠯᠭᠠᠬᠤ ᠪᠠᠷ ᠴᠢᠷᠮᠠᠶᠢᠨ᠎ᠠ᠃ ᠶᠤᠸᠠᠨ ᠤ ᠲᠡᠭᠡᠳᠦ ᠨᠠᠶᠢᠰᠯᠠᠯ | ᠦᠨᠳᠦᠰᠦᠳᠡᠨ ᠤ ᠰᠤᠶᠤᠯ ᠤᠨ ᠤᠨᠴᠠᠯᠢᠭᠳᠤ ᠠᠵᠤ ᠦᠢᠯᠡᠰ ᠤᠨ ᠬᠦᠷᠢᠶᠡᠯᠡᠩ ᠵᠢᠴᠢ ᠡᠯᠡᠰᠦᠨ ᠤ ᠦᠢᠯᠡᠰ ᠤᠨ | ᠡᠷᠬᠢᠯᠳᠡᠳᠦ ᠠᠵᠤ ᠠᠬᠤᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠬᠡᠨ᠎ᠡ᠃ | ︵ᠲᠦᠷᠪᠡ︶ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠤᠳᠤᠬᠢᠴᠢᠯᠠᠭᠰᠠᠨ | ᠦᠢᠯᠡᠴᠢᠯᠡᠬᠡᠨ ᠤ ᠦᠢᠯᠡᠰ ᠢ ᠲᠠᠶᠢᠴᠢᠯᠠᠨ ᠬᠦᠭᠵᠢᠭᠦᠯᠦᠨ᠎ᠡ᠃ | ᠰᠤᠶᠤᠯ ᠤᠨ ᠵᠢᠭᠤᠯᠴᠢᠯᠠᠯ ᠢᠶᠠᠷ ᠭᠤᠤᠯ ᠴᠢᠮᠦᠬᠡ ᠪᠠ ᠰᠢᠪᠳᠤᠯᠤᠯᠳᠠ ᠶᠢᠨ ᠴᠢᠭ ᠪᠤᠯᠭᠠᠵᠦ᠂ ᠦᠢᠯᠡᠴᠢᠯᠡᠬᠡᠨ ᠤ | ᠦᠢᠯᠡᠰ ᠤᠨ ᠬᠦᠭᠵᠢᠯᠳᠡ ᠶᠢᠨ ᠬᠤᠷᠳᠤᠴᠠ ᠶᠢ ᠲᠦᠷᠬᠡᠳᠬᠡᠨ᠂ ᠬᠠᠷᠢᠴᠠᠯ ᠢ ᠨᠡᠮᠡᠭᠳᠡᠬᠦᠯᠵᠦ᠂ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠮᠦᠽᠸᠢ ᠪᠤᠯᠤᠨ ᠵᠢᠭᠤᠯᠴᠢᠳ ᠢ ᠬᠦᠯᠢᠶᠠᠨ ᠠᠪᠬᠤ ᠲᠦᠪ ᠢ ᠪᠦᠳᠦᠬᠡᠨ | ᠪᠠᠶᠢᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠵᠢᠭᠤᠯᠴᠢᠯᠠᠯ ᠤᠨ ᠤᠯᠠᠷᠢᠯ ᠪᠤᠯᠬᠤ ᠠᠴᠠ ᠡᠮᠤᠨ᠎ᠡ ᠠᠰᠢᠭᠯᠠᠯᠳᠠ ᠳᠤ | ᠤᠷᠤᠭᠤᠯᠵᠤ᠂ ᠮᠦᠽᠸᠢ ᠪᠤᠯᠤᠨ ᠪᠠᠭᠤᠷᠢ ᠶᠢ ︽ᠬᠠᠷᠢᠯᠴᠠᠨ ᠴᠤᠭᠴᠠᠯᠠᠭᠰᠠᠨ︾ ᠵᠠᠭᠪᠤᠷ ᠪᠤᠯᠭᠠᠨ ᠪᠦᠳᠦᠭᠡᠨ ᠪᠠᠶᠢᠭᠤᠯᠤᠨ᠎ᠠ | ᠃ ᠭᠠᠳᠠᠭᠰᠢ ᠤᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠣᠬᠠᠭᠤᠯᠭ᠎ᠠ ᠶᠢᠨ ᠬᠡᠯᠪᠡᠷᠢ ᠮᠠᠶ᠋ᠢᠭ ᠢᠶᠠᠨ ᠰᠢᠨᠡᠳᠬᠡᠨ᠂ | ᠲᠡᠯᠡᠬᠡᠢ ᠶᠢᠨ ᠰᠤᠶᠤᠯ ᠤᠨ ᠦᠪ ᠤᠨ ᠨᠦᠯᠦᠬᠡᠯᠡᠬᠦ ᠬᠦᠴᠦᠨ ᠪᠠ ᠨᠡᠷ᠎ᠡ ᠠᠯᠳᠠᠷᠰᠢᠯ ᠢ ᠲᠡᠭᠡᠭᠰᠢᠯᠡᠬᠦᠯᠦᠨ᠎ᠡ᠃ ︽ᠲᠤᠮᠳᠠᠳᠤ | ᠤᠯᠤᠰ᠂ ᠶᠤᠸᠠᠨ ᠤ ᠲᠡᠭᠡᠳᠦ ᠨᠠᠶᠢᠰᠯᠠᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠢ ᠣᠯᠠᠮ ᠠᠯᠳᠠᠷᠰᠢᠭᠤᠯᠵᠤ᠂ | ᠶᠤᠸᠠᠨ ᠤ ᠲᠡᠭᠡᠳᠦ ᠨᠠᠶᠢᠰᠯᠠᠯ ᠤᠨ ᠰᠤᠶᠤᠯ ᠵᠢᠭᠤᠯᠴᠢᠯᠠᠯ ᠤᠨ ᠵᠠᠭᠤᠨ ᠳ᠋ᠦᠩᠰᠢᠭᠤᠷ ᠤᠨ ᠠᠵᠤ ᠦᠢᠯᠡᠰ ᠤᠨ ᠲᠤᠭᠤᠷᠢᠭ | ᠪᠤᠯᠤᠨ ︽ᠳᠠᠶᠢᠳᠣ ᠨᠠᠶᠢᠰᠯᠠᠯ — — ᠳᠡᠭᠡᠳᠦ ᠨᠠᠶᠢᠰᠯᠠᠯ — — ᠠᠳᠣᠭᠤᠨ ᠨᠣᠳᠤᠭ︾ ︵ᠪᠡᠭᠡᠵᠢᠩ — ᠰᠢᠯᠤᠭᠤᠨ | ᠬᠦᠭᠡ — ᠰᠢᠯᠢ ᠶᠢᠨ ᠬᠤᠳᠠ︶ ᠢᠶᠠᠷ ᠭᠤᠤᠯ ᠪᠤᠯᠭᠠᠭᠰᠠᠨ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ᠃ ᠦᠪᠡᠷᠮᠢᠴᠡ | ᠰᠣᠳᠣᠨ ᠤᠨᠴᠠᠯᠢᠭ ᠲᠠᠢ᠂ ᠪᠤᠳᠠᠰ ᠤᠨ ᠪᠤᠰᠤ ᠰᠣᠶᠣᠯ ᠤᠨ ᠰᠢᠨᠵᠢ ᠶᠢ ᠠᠭᠤᠯᠤᠭᠰᠠᠨ ᠦᠨᠳᠦᠰᠦᠳᠡᠨ ᠤ ᠭᠠᠷ ᠤᠷᠠᠯᠠᠯ | ᠤᠨ ᠪᠦᠳᠦᠭᠡᠭᠳᠡᠬᠦᠨ ᠢ ᠦᠢᠯᠡᠳᠪᠦᠷᠢᠯᠡᠬᠦ ᠠᠵᠤ ᠠᠬᠤᠶᠢᠯᠠᠯ ᠢ ᠢᠳᠡᠪᠬᠢᠳᠡᠢ ᠲᠡᠮᠵᠢᠨ ᠬᠦᠭᠵᠢᠭᠦᠯᠦᠨ᠎ᠡ᠃ ᠡᠨᠡ ᠵᠢᠯ | ᠬᠦᠯᠢᠶᠡᠨ ᠠᠪᠬᠤ ᠵᠢᠭᠤᠯᠴᠢᠳ ᠤᠨ ᠳᠤᠭ᠎ᠠ ᠵᠢᠴᠢ ᠵᠢᠭᠤᠯᠴᠢᠯᠠᠯ ᠤᠨ ᠤᠷᠤᠯᠭ᠎ᠠ ᠶᠢ ᠲᠤᠰᠪᠤᠷᠢ 60 ᠲᠦᠮᠡᠨ ᠬᠦᠮᠦᠨ | ᠤᠳᠠᠭ᠎ᠠ ᠪᠠ 6 ᠳ᠋ᠦᠩᠰᠢᠭᠤᠷ ᠲᠦᠬᠦᠷᠢᠭ ᠤᠨ ᠪᠤᠭᠤᠮᠳᠠ ᠶᠢ ᠰᠢᠪᠳᠣᠯᠬᠤ ᠪᠠᠷ ᠴᠢᠷᠮᠠᠶᠢᠨ᠎ᠠ᠃ ᠭᠤᠤᠯ ᠵᠠᠰᠠᠮᠠᠯ ᠵᠠᠮ ᠲᠠᠢ | ᠬᠤᠯᠪᠤᠭᠰᠠᠨ ᠵᠢᠭᠤᠯᠴᠢᠯᠠᠯ ᠤᠨ ᠱᠤᠭᠤᠮ ᠢ ᠢᠵᠢ ᠪᠦᠷᠢᠳᠦᠬᠦᠯᠦᠨ ᠪᠠᠶᠢᠭᠤᠯᠵᠦ᠂ ᠨᠡᠩ ᠤᠯᠠᠨ ᠨᠦᠬᠦᠴᠡᠯ ᠲᠠᠢ ᠮᠠᠯᠴᠢᠨ | ᠲᠠᠷᠢᠶᠠᠴᠢᠨ ᠤ ︽ᠬᠦᠳᠡᠭᠡ ᠠᠶᠢᠯ ᠤᠨ ᠪᠠᠶᠠᠰᠤᠯ︾᠂ ︽ᠮᠠᠯᠴᠢᠨ ᠠᠶᠢᠯ︾ ᠵᠡᠷᠬᠡ ᠤᠨᠴᠠᠯᠢᠭᠳᠤ ᠵᠢᠭᠤᠯᠴᠢᠯᠠᠯ ᠤᠨ | ᠦᠢᠯᠡᠰ ᠡᠷᠬᠢᠯᠡᠬᠦ ᠶᠢ ᠵᠤᠷᠢᠭᠵᠢᠭᠤᠯᠤᠨ᠂ ᠵᠤᠴᠢᠯᠠᠬᠤ ᠴᠢᠳᠠᠯ ᠪᠤᠯᠤᠨ ᠦᠢᠯᠡᠴᠢᠯᠡᠬᠦ ᠬᠢᠷᠢ ᠲᠦᠪᠰᠢᠨ ᠢ ᠨᠢ | ᠲᠡᠭᠡᠭᠰᠢᠯᠡᠬᠦᠯᠵᠦ᠂ ᠵᠢᠭᠤᠯᠴᠢᠯᠠᠯ ᠤᠨ ᠦᠢᠯᠡᠰ ᠢᠶᠠᠷ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠲᠠᠶᠢᠴᠢᠯᠠᠬᠤ | ᠦᠢᠯᠡᠳᠦᠯ ᠢ ᠤᠯᠠᠮ ᠨᠢᠬᠡ ᠠᠯᠬᠤᠮ ᠪᠠᠳᠠᠷᠠᠭᠤᠯᠵᠤ᠂ ︽ᠰᠤᠶᠤᠯ ᠢᠶᠠᠷ ᠬᠦᠷᠦᠰᠦ ᠬᠢᠵᠤ᠂ ᠵᠢᠭᠤᠯᠴᠢᠯᠠᠯ ᠢᠶᠠᠷ ᠲᠡᠵᠢᠭᠡᠯ | ᠪᠤᠯᠭᠠᠨ᠂ ᠠᠷᠠᠳ ᠲᠤ ᠦᠷ᠎ᠡ ᠵᠢᠮᠢᠰ ᠢ ᠨᠢ ᠬᠦᠷᠳᠡᠭᠡᠬᠦ︾ ᠶᠠᠪᠤᠴᠠ ᠶᠢ ᠪᠡᠶᠡᠯᠡᠬᠦᠯᠦᠨ᠎ᠠ᠃ ᠡᠳ᠋ ᠪᠠᠷᠠᠭᠠᠨ ᠤ ᠬᠦᠢᠯᠭᠡᠭᠡᠨ ᠤ | ᠰᠢᠰᠲ᠋ᠧᠮ ᠤᠨ ᠪᠠᠶᠢᠭᠤᠯᠣᠯᠳᠠ ᠶᠢ ᠲᠦᠯᠬᠢᠨ ᠠᠬᠢᠭᠤᠯᠤᠨ᠎ᠠ᠃ ᠲᠠᠸᠠᠷ ᠢ ᠨᠦᠬᠡᠴᠡᠯᠡᠬᠦ ᠬᠡᠮᠵᠢᠶ᠎ᠠ ᠪᠠ ᠵᠠᠬ᠎ᠠ ᠲᠡᠯᠭᠡᠭᠦᠷ ᠲᠤ | ᠣᠷᠣᠭᠤᠯᠬᠤ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠭᠡᠨ᠂ ᠠᠮᠢᠳᠤᠷᠠᠯ ᠤᠨ ᠴᠢᠬᠤᠯᠠ ᠬᠡᠷᠡᠭᠴᠡᠬᠡᠨ ᠤ ᠵᠦᠢᠯ ᠢ ᠵᠠᠬ᠎ᠠ | ᠳᠤ ᠭᠠᠷᠭᠠᠬᠤ ᠬᠡᠮᠵᠢᠶ᠎ᠠ ᠶᠢ ᠨᠡᠮᠡᠭᠳᠡᠬᠦᠯᠦᠨ᠂ ᠵᠠᠬ᠎ᠠ ᠲᠡᠯᠬᠡᠬᠦᠷ ᠤᠨ ᠬᠠᠩᠭᠠᠯᠭ᠎ᠠ ᠶᠢᠨ ᠲᠡᠩᠴᠡᠬᠦᠷᠢ ᠪᠠ ᠦᠨ᠎ᠠ ᠬᠠᠩᠰᠢ ᠶᠢᠨ | ᠲᠤᠭᠳᠠᠭᠤᠨ ᠢ ᠪᠠᠳᠤᠯᠠᠬᠤ ᠶᠢᠨ ᠬᠠᠮᠳᠣ ᠮᠠᠯ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠮ ᠱᠤᠭᠤᠮ ᠢ | ᠰᠢᠯᠤᠭᠤᠳᠬᠠᠨ᠎ᠠ᠃ ︽ᠮᠧᠩ ᠯᠦᠩ︾ ᠲᠠᠷᠢᠶᠠᠯᠠᠩ ᠤᠨ ᠭᠠᠷᠣᠯᠳᠠ ᠪᠦᠳᠦᠭᠡᠭᠳᠡᠬᠦᠨ ᠢ ᠪᠦᠬᠡᠮ ᠢᠶᠠᠷ ᠪᠤᠷᠤᠯᠠᠭᠤᠯᠬᠤ ᠵᠠᠬ᠎ᠠ | ᠲᠠᠯᠬᠡᠬᠦᠷ ᠤᠨ ᠬᠦᠷᠢᠶ᠎ᠡ ᠬᠡᠪᠴᠢᠶ᠎ᠠ ᠶᠢ ᠦᠷᠬᠡᠳᠬᠡᠵᠦ᠂ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ | ᠢᠨᠵᠧᠨᠧᠷᠢᠩ︾ ᠢ ᠠᠬᠢᠭᠤᠯᠤᠨ᠂ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠬᠡᠬᠦᠷ ᠪᠤᠯᠤᠨ ᠪᠠᠭᠤᠳᠠᠯ ᠤᠨ | ᠪᠦᠷᠬᠦᠴᠡ ᠨᠤᠷᠮ᠎ᠠ ᠶᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠨ ᠲᠦᠮᠡᠨ ᠤ ᠬᠡᠷᠡᠭᠯᠡᠬᠡᠨ ᠤ ᠱᠠᠭᠠᠷᠳᠠᠯᠭ᠎ᠠ ᠶᠢ ᠬᠠᠩᠭᠠᠨ᠎ᠠ᠃ | ᠡᠯᠧᠺᠲᠷᠤᠨᠴᠢᠯᠠᠭᠰᠠᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢᠨ ᠠᠷᠭ᠎ᠠ ᠵᠠᠮ ᠢ ᠰᠦᠪᠡᠭᠴᠢᠯᠡᠵᠦ᠂ ᠤᠨᠴᠠᠯᠢᠭᠳᠤ | ᠪᠦᠳᠦᠭᠡᠭᠳᠡᠬᠦᠨ ᠤ ᠡᠯᠧᠺᠲᠷᠤᠨᠴᠢᠯᠠᠭᠰᠠᠨ ᠬᠤᠳᠠᠯᠳᠤᠭᠠᠨ ᠤ ᠵᠠᠮ ᠳᠤ ᠤᠷᠤᠬᠤ ᠶᠢ ᠵᠤᠷᠢᠭᠵᠢᠭᠤᠯᠤᠨ᠂ ᠠᠮᠤ ᠪᠤᠳᠠᠭᠠᠨ ᠤ | ᠠᠶᠤᠯᠬᠦᠢ ᠶᠢᠨ ᠪᠠᠳᠤᠯᠠᠭ᠎ᠠ ᠶᠢ ᠡᠷᠴᠢᠮᠵᠢᠬᠦᠯᠵᠦ᠂ ᠵᠠᠮ ᠬᠠᠷᠢᠯᠴᠠᠭ᠎ᠠ᠂ ᠵᠦᠬᠡᠬᠡᠪᠦᠷᠢ᠂ ᠮᠦᠩᠬᠦᠨ ᠬᠦᠢᠯᠬᠡᠬᠡ᠂ ᠲᠠᠭᠠᠳᠬᠠᠯ | ᠵᠡᠷᠬᠡ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠡᠮᠵᠢᠨ᠎ᠠ᠃ ᠤᠳᠤᠬᠢᠴᠢᠯᠠᠭᠰᠠᠨ ᠪᠠᠷᠠᠭᠠᠨ ᠤ ᠵᠦᠭᠡᠭᠡᠪᠦᠷᠢ ᠶᠢᠨ | ᠦᠢᠯᠡᠰ ᠢ ᠬᠦᠭᠵᠢᠬᠦᠯᠦᠨ᠎ᠠ᠃ ᠱᠠᠩᠳᠤ ᠪᠠᠯᠭᠠᠰᠤ᠂ ᠰᠠᠩ ᠤᠨ ᠲᠠᠯᠠᠢ ᠪᠠᠯᠭᠠᠰᠤ᠂ ᠪᠤᠷᠤᠬᠤᠳᠠ ᠵᠢᠱᠢᠶ᠎ᠠ ᠦᠵᠡᠬᠦᠯᠬᠦ | ᠲᠤᠭᠤᠷᠢᠭ ᠵᠡᠷᠬᠡ ᠭᠤᠷᠪᠠᠨ ᠭᠠᠵᠠᠷ ᠢᠶᠠᠷ ᠭᠤᠤᠯᠳᠠᠯᠭ᠎ᠠ ᠪᠤᠯᠭᠠᠨ᠂ ᠯᠢ ᠲᠦᠩ ᠨᠡᠬᠦᠷᠡᠰᠦᠨ ᠤ ᠵᠦᠭᠡᠭᠡᠪᠦᠷᠢ᠂ ᠪᠤᠷᠤᠬᠤᠳᠠ | ᠶᠢᠨ ᠱᠦᠨ ᠹᠧᠩ ᠪᠠᠷᠠᠭᠠᠨ ᠤ ᠬᠦᠢᠯᠬᠡᠬᠡ᠂ ᠰᠠᠩ ᠤᠨ ᠲᠠᠯᠠᠢ ᠶᠢᠨ ᠨᠡᠬᠦᠷᠡᠰᠦᠨ ᠤ ᠵᠦᠭᠡᠭᠡᠪᠦᠷᠢ ᠵᠡᠷᠬᠡ ᠲᠦᠰᠦᠯ ᠢ | ᠠᠬᠢᠭᠤᠯᠵᠦ᠂ ᠠᠨ ᠲᠠᠢ ᠲᠠᠬᠢᠯᠳᠠ ᠡᠬᠢ ᠪᠠᠶᠠᠯᠢᠭ ᠤᠨ ᠵᠠᠬ᠎ᠠ ᠲᠡᠯᠬᠡᠬᠦᠷ ᠤᠨ ᠪᠠᠶᠢᠭᠤᠯᠤᠯᠳᠠ ᠶᠢ ᠠᠬᠢᠭᠤᠯᠤᠨ᠂ ᠤᠳᠤᠬᠠᠨ | ᠤ ᠠᠵᠤ ᠦᠢᠯᠡᠰ ᠤᠨ ᠬᠤᠷᠰᠢᠨ ᠠᠵᠢᠯᠯᠠᠬᠤ ᠬᠢᠷᠢ ᠲᠦᠪᠰᠢᠨ ᠲᠤᠤᠷ᠎ᠠ ᠪᠠᠶᠢᠭ᠎ᠠ ᠠᠰᠠᠭᠤᠳᠠᠯ ᠢ ᠪᠦᠳᠦᠮᠵᠢᠳᠠᠢ | ᠰᠢᠢᠳᠪᠤᠷᠢᠯᠡᠨ᠎ᠡ᠃ | ︵ᠲᠠᠪᠤ︶ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠵᠠᠮ ᠢᠶᠠᠷ ᠵᠠᠮᠨᠠᠵᠤ᠂ ᠬᠤᠳᠠ ᠬᠦᠳᠡᠭᠡ ᠶᠢᠨ | ᠵᠤᠬᠢᠴᠠᠩᠭᠤᠢ ᠬᠦᠭᠵᠢᠯᠳᠠ ᠶᠢ ᠠᠬᠢᠭᠤᠯᠤᠨ᠎ᠠ᠃ | ᠬᠦᠮᠦᠨ ᠢᠶᠠᠷ ᠦᠨᠳᠦᠰᠦ ᠪᠤᠯᠭᠠᠭᠰᠠᠨ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠣᠭᠰᠠᠨ᠂ ᠡᠷᠡᠭᠦᠯ ᠢᠶᠠᠷ | ᠬᠦᠭᠵᠢᠭᠰᠡᠨ᠂ ᠰᠣᠶᠣᠯ ᠤᠨ ᠤᠯᠠᠮᠵᠢᠯᠠᠯ ᠲᠠᠢ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠵᠠᠮ ᠢᠶᠠᠷ ᠵᠠᠮᠨᠠᠵᠤ᠂ | ᠡᠶ᠎ᠡ ᠵᠤᠬᠢᠴᠠᠯᠳᠣ ᠬᠦᠭᠵᠢᠯᠳᠠ ᠶᠢᠨ ᠣᠷᠴᠢᠨ᠂ ᠣᠬᠢ ᠰᠠᠶᠢᠨ ᠠᠵᠢᠯ ᠣᠯᠭᠤᠯᠳᠠ ᠶᠢᠨ ᠣᠷᠴᠢᠨ ᠪᠠ ᠭᠤᠶᠤ ᠰᠠᠶᠢᠬᠠᠨ | ᠠᠮᠢᠳᠣᠷᠠᠯ ᠤᠨ ᠣᠷᠴᠢᠨ ᠢ ᠪᠤᠢ ᠪᠤᠯᠭᠠᠨ᠎ᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠭᠵᠢᠯᠳᠠ ᠶᠢᠨ ᠲᠦᠯᠦᠪᠵᠢᠭᠦᠯᠬᠡ ᠳᠣᠬᠢᠷᠠᠮᠵᠢᠳᠠᠢ᠂ ᠪᠠᠷᠢᠯᠭ᠎ᠠ ᠪᠠᠶᠢᠭᠤᠯᠤᠯᠳᠠ | ᠨᠢ ᠡᠮᠬᠢ ᠴᠡᠭᠴᠡ ᠲᠠᠢ᠂ ᠬᠤᠳᠠ ᠪᠠᠯᠭᠠᠰᠣᠨ ᠤ ᠬᠠᠮᠢᠶᠠᠷᠣᠯᠳᠠ ᠣᠯᠠᠮ ᠨᠠᠷᠢᠯᠢᠭᠵᠢᠭᠰᠠᠨ ᠪᠠᠶᠢᠬᠤ ᠵᠠᠷᠴᠢᠮ ᠢ ᠵᠢᠷᠤᠮᠯᠠᠵᠤ᠂ | ᠱᠠᠩᠳᠣ ᠪᠠᠯᠭᠠᠰᠣᠨ ᠤ ᠭᠤᠤᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠩ ᠤᠨ ᠲᠠᠯᠠᠢ ᠪᠤᠯᠤᠨ ᠬᠠᠪᠢᠷᠭ᠎ᠠ | ᠪᠠᠯᠭᠠᠰᠣ ᠶᠢ ᠬᠠᠮᠤᠷᠤᠨ ᠲᠠᠶᠢᠴᠢᠯᠠᠵᠤ᠂ ᠪᠠᠯᠭᠠᠰᠣᠨ ᠤ ᠳᠦᠷᠢ ᠲᠦᠷᠬᠦ ᠶᠢ ᠨᠢ ᠰᠢᠨᠡᠳᠬᠡᠨ᠎ᠡ᠃ ᠪᠠᠯᠭᠠᠰᠣᠨ ᠳᠠᠬᠢ ᠵᠠᠮ | ᠱᠤᠭᠤᠮ᠂ ᠬᠡᠷᠡᠯᠳᠦᠭᠦᠯᠭᠡ᠂ ᠨᠤᠭᠤᠭᠠᠷᠠᠭᠤᠯᠤᠯᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠨᠡᠮᠡᠭᠳᠡᠭᠦᠯᠵᠦ᠂ ᠰᠢᠨ᠎ᠡ | ᠪᠠᠷ 3 ᠵᠤᠷᠪᠤᠰ ᠼᠧᠮᠧᠨ᠋ᠲ ᠵᠠᠮ ᠢ ᠵᠠᠰᠠᠵᠤ᠂ 7 ᠵᠤᠷᠪᠤᠰ ᠭᠤᠤᠯ ᠪᠤᠯᠬᠤ ᠵᠡᠭᠡᠯᠢ ᠭᠤᠳᠤᠮᠵᠢ ᠪᠠ ᠬᠠᠭᠤᠴᠢᠨ ᠬᠤᠳᠠ | ᠲᠤᠭᠤᠷᠢᠭ ᠤᠨ 11 ᠵᠤᠷᠪᠤᠰ ᠡᠪᠳᠡᠷᠡᠵᠦ ᠰᠦᠢᠳᠦᠭᠰᠡᠨ ᠼᠧᠮᠧᠨ᠋ᠲ ᠵᠠᠮ ᠢ ᠵᠠᠰᠠᠨ ᠰᠡᠯᠪᠢᠵᠦ᠂ 9.6 ᠺᠢᠯᠤᠮᠧᠲᠷ ᠤᠨ | ᠪᠤᠬᠢᠷ ᠢ ᠭᠠᠳᠠᠭᠰᠢᠯᠠᠭᠤᠯᠬᠤ ᠰᠣᠪᠠᠭ᠂ 8 ᠺᠢᠯᠤᠮᠧᠲᠷ ᠤᠨ ᠨᠠᠶᠢᠳᠠ ᠶᠢᠨ ᠳᠣᠯᠠᠭᠠᠯᠭ᠎ᠠ ᠶᠢᠨ ᠰᠣᠪᠠᠭ᠂ 2700 ᠮᠧᠲᠷ | ᠤᠨ ᠰᠢᠳᠠᠭᠠᠯᠭ᠎ᠠ ᠬᠡᠢ ᠶᠢᠨ ᠱᠤᠭᠤᠮ᠂ 3450 ᠮᠧᠲᠷ ᠤᠨ ᠲᠦᠭᠡᠭᠡᠯ ᠣᠰᠣᠨ ᠤ ᠱᠤᠭᠤᠮ ᠢ ᠣᠭᠰᠠᠷᠠᠬᠤ ᠶᠢᠨ ᠬᠠᠮᠳᠣ | ᠬᠠᠭᠤᠴᠢᠨ ᠬᠤᠳᠠ ᠲᠣᠭᠤᠷᠢᠭ ᠤᠨ ᠡᠪᠳᠡᠷᠡᠵᠦ ᠰᠦᠢᠳᠦᠭᠰᠡᠨ ᠵᠠᠮ ᠤᠨ ᠳ᠋ᠧᠩ ᠢ ᠪᠦᠬᠦᠨ ᠢ ᠵᠠᠰᠠᠨ ᠰᠡᠯᠪᠢᠵᠦ᠂ ᠭᠤᠤᠯ | ᠪᠤᠯᠬᠤ ᠵᠠᠭᠡᠯᠢ ᠭᠤᠳᠤᠮᠵᠢ ᠶᠢᠨ ᠨᠤᠭᠤᠷᠠᠭᠤᠯᠤᠯᠳᠠ ᠳᠤ ᠭᠡᠰᠡᠭ ᠲᠠᠯ᠎ᠠ ᠶᠢᠨ ᠦᠭᠡᠷᠡᠴᠢᠯᠡᠯᠳᠡ ᠬᠢᠨ᠎ᠡ᠃ ᠰᠢᠨ᠎ᠡ ᠮᠠᠯᠵᠢᠬᠤ | ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠭᠠᠴᠠᠭ᠎ᠠ ᠲᠤᠰᠬᠤᠨ ᠤ ᠰᠠᠭᠤᠷᠢ ᠳᠦᠭᠦᠭᠡᠷᠦᠮᠵᠢ | ᠶᠢᠨ ᠨᠦᠭᠦᠴᠡᠯ ᠢ ᠪᠦᠬᠦ ᠬᠦᠴᠦᠨ ᠢᠶᠠᠷ ᠰᠠᠶᠢᠵᠢᠷᠠᠭᠤᠯᠵᠤ᠂ 57.8 ᠺᠢᠯᠤᠮᠧᠲᠷ ᠤᠨ ᠭᠠᠴᠠᠭ᠎ᠠ ᠲᠣᠰᠬᠤᠨ ᠤ ᠵᠠᠰᠠᠮᠠᠯ ᠵᠠᠮ | ᠢ ᠵᠠᠰᠠᠨ ᠰᠡᠯᠪᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠶᠤᠯᠭᠦᠢ ᠶᠢᠨ ᠢᠨᠵᠧᠨᠧᠷᠢᠩ ᠢ | ᠬᠡᠷᠡᠭᠵᠢᠭᠦᠯᠵᠦ᠂ 2662 ᠬᠦᠮᠦᠨ ᠤ ᠴᠡᠪᠡᠷ ᠣᠰᠣᠨ ᠤ ᠠᠰᠠᠭᠤᠳᠠᠯ ᠪᠠ 3 ᠲᠦᠮᠡᠨ ᠲᠣᠯᠣᠭᠠᠢ ᠮᠠᠯ ᠳᠤ ᠣᠰᠣ | ᠬᠠᠩᠭᠠᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠴᠠᠬᠢᠯᠭᠠᠨ ᠬᠦᠴᠦᠨ ᠤ ᠪᠠᠳᠣᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠴᠠᠬᠢᠯᠭᠠᠨ ᠲᠣᠣᠷ ᠢ ᠦᠭᠡᠷᠡᠴᠢᠯᠡᠨ ᠰᠢᠨᠠᠴᠢᠯᠠᠬᠦ ᠢᠨᠵᠧᠨᠧᠷᠢᠩ ᠢ ᠠᠬᠢᠭᠤᠯᠤᠨ᠂ ᠪᠤᠷᠤᠬᠤᠳᠠ᠂ | ᠪᠣᠱᠣᠣᠳᠠᠢ᠂ ᠰᠠᠶᠢᠨᠬᠤᠳᠳᠤᠭ ᠰᠤᠮᠤᠨ ᠤ ᠭᠤᠷᠪᠠᠨ 35 ᠺᠢᠯᠤᠸᠣᠯᠲ ᠤᠨ ᠬᠦᠴᠦᠳᠡᠯ ᠬᠤᠪᠢᠰᠬᠠᠬᠤ ᠦᠷᠳᠡᠭᠡ ᠶᠢ | ᠠᠰᠢᠭᠯᠠᠯᠳᠠ ᠳᠤ ᠣᠷᠣᠭᠤᠯᠣᠨ᠎ᠠ᠃ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠳᠠ ᠶᠢᠨ ᠳᠣᠷᠰᠢᠯᠳᠠ | ᠶᠢᠨ ᠴᠢᠭ ᠢ ᠠᠶᠢᠮᠠᠭ ᠤᠨ ᠲᠡᠰ ᠤᠨ ᠣᠷᠮᠠᠰᠢᠭᠤᠯᠤᠯ ᠤᠨ ᠳᠣᠭᠳᠠᠯᠴᠠᠭ᠎ᠠ ᠳᠤ ᠣᠷᠣᠭᠤᠯᠬᠤ ᠪᠠᠷ ᠴᠢᠷᠮᠠᠶᠢᠬᠤ ᠶᠢᠨ ᠬᠠᠮᠳᠣ | ᠭᠠᠴᠠᠭ᠎ᠠ ᠲᠣᠰᠬᠤᠨ ᠤ ᠣᠯᠠᠨ ᠨᠠᠶᠢᠳᠡ ᠶᠢᠨ ᠦᠢᠯᠡᠴᠢᠯᠡᠭᠡᠨ ᠤ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ | ᠲᠠᠯ᠎ᠠ ᠳᠤ ᠢᠳᠡᠪᠬᠢᠳᠠᠢ ᠪᠠᠷ ᠲᠦᠰᠦᠯ ᠣᠯᠵᠣ᠂ ᠨᠡᠶᠢᠭᠡᠮ ᠨᠡᠶᠢᠳᠡ ᠶᠢᠨ ᠪᠡᠯᠡ ᠮᠦᠩᠬᠦ ᠶᠢ ᠬᠤᠷᠠᠮᠳᠣᠭᠤᠯᠣᠨ᠂ ᠬᠤᠳᠠ | ᠬᠦᠳᠡᠭᠡ ᠶᠢᠨ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠣᠯᠠᠨ ᠨᠠᠶᠢᠳᠡ ᠶᠢᠨ ᠦᠢᠯᠡᠴᠢᠯᠡᠭᠡ ᠶᠢ ᠨᠢᠭᠡ | ᠴᠣᠭᠴᠠ ᠪᠤᠯᠭᠠᠨ᠎ᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠭᠤᠣᠯᠳᠠᠯᠭ᠎ᠠ ᠲᠠᠢ ᠲᠦᠰᠦᠯ ᠢ ᠰᠠᠶᠢᠳᠣᠷ | ᠠᠳᠬᠤᠨ᠎ᠠ᠃ ᠵᠦᠯᠭᠡᠳᠦ ᠴᠡᠴᠡᠷᠯᠢᠭ᠂ ᠰᠣᠶᠣᠯ ᠲᠠᠮᠢᠷ ᠤᠨ ᠣᠷᠳᠣᠨ ᠵᠡᠷᠭᠡ ᠦᠢᠯᠡᠴᠢᠯᠡᠭᠡᠨ ᠤ ᠳᠦᠰᠦᠯ ᠢ ᠡᠨᠡ ᠵᠢᠯ | ᠪᠦᠬᠦᠨ ᠢ ᠪᠠᠶᠢᠭᠤᠯᠵᠤ ᠳᠠᠭᠤᠰᠬᠠᠨ᠎ᠠ᠃ ᠱᠠᠩᠳᠣ ᠴᠠᠬᠢᠯᠭᠠᠨ ᠦᠢᠯᠡᠳᠪᠦᠷᠢ ᠲᠠᠢ ᠢᠳᠡᠪᠬᠢᠳᠡᠢ ᠬᠠᠮᠵᠢᠯᠴᠢᠨ ᠰᠠᠭᠤᠭᠠᠯᠢ | ᠠᠷᠠᠳ ᠲᠤ ᠳᠣᠯᠠᠭᠠᠯᠭ᠎ᠠ ᠬᠠᠩᠭᠠᠬᠤ ᠲᠦᠰᠦᠯ ᠢ ᠬᠡᠷᠡᠭᠵᠢᠭᠦᠯᠬᠦ ᠶᠢᠨ ᠬᠠᠮᠳᠣ ᠳᠣᠯᠠᠭᠠᠨ ᠬᠠᠩᠭᠠᠬᠤ ᠵᠤᠤᠬᠠᠨ ᠤ ᠮᠡᠷᠭᠡᠵᠢᠯ | ᠤᠨ ᠦᠭᠡᠷᠡᠴᠢᠯᠡᠯᠳᠡ ᠪᠠ ᠳᠣᠯᠠᠭᠠᠯᠭ᠎ᠠ ᠶᠢᠨ ᠱᠣᠭᠤᠮ ᠣᠭᠰᠠᠷᠠᠬᠤ ᠠᠵᠢᠯ ᠢ ᠪᠠᠶᠠᠯᠠᠬᠦᠯᠬᠦ ᠪᠠᠷ ᠴᠢᠷᠮᠠᠶᠢᠨ᠎ᠡ᠃ ᠭᠤᠣᠯᠳᠠᠯᠭ᠎ᠠ | ᠲᠠᠢ ᠰᠠᠭᠤᠷᠢ ᠲᠦᠭᠦᠬᠡᠷᠦᠮᠵᠢ ᠶᠢᠨ ᠲᠦᠰᠦᠯ ᠢ ᠵᠤᠬᠢᠴᠠᠩᠭᠤᠢ ᠠᠬᠢᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ ᠱᠠᠩᠳᠣ | ᠨᠢᠰᠭᠡᠯ ᠤᠨ ᠪᠠᠭᠤᠳᠠᠯ ᠤᠨ ᠪᠠᠶᠢᠷᠢᠰᠢᠯ ᠢ ᠰᠣᠩᠭᠤᠬᠤ ᠪᠠ ᠬᠢᠨᠠᠨ ᠵᠦᠪᠰᠢᠶᠠᠷᠡᠭᠦᠯᠬᠦ ᠠᠵᠢᠯ ᠢ ᠲᠦᠷᠭᠡᠨ ᠳᠠᠭᠤᠰᠬᠠᠵᠤ᠂ | 10 ᠰᠠᠷ᠎ᠠ ᠳᠤ ᠡᠬᠢᠯᠡᠨ ᠪᠠᠶᠢᠭᠤᠯᠬᠤ ᠪᠠᠷ ᠴᠢᠷᠮᠠᠶᠢᠨ᠎ᠡ᠃ ᠡᠨᠡ ᠵᠢᠯ ᠪᠠᠶᠠᠠᠭᠤᠣᠯ ᠤᠨ 500 ᠺᠢᠯᠤᠸᠤᠯᠲ ᠤᠨ ᠬᠦᠴᠦᠳᠡᠯ | ᠬᠤᠪᠢᠰᠬᠠᠬᠤ ᠦᠷᠳᠡᠭᠡ ᠶᠢ ᠪᠠᠶᠢᠭᠤᠯᠵᠤ ᠳᠠᠭᠤᠰᠬᠠᠨ᠎ᠠ᠃ 207 ᠣᠯᠣᠰ ᠤᠨ ᠵᠠᠮ ᠤᠨ ᠰᠢᠯᠢᠩᠬᠤᠳᠠ ᠠᠴᠠ ᠰᠠᠩ ᠤᠨ | ᠲᠠᠯᠠᠢ ᠬᠦᠷᠬᠦ ᠲᠦᠷᠭᠡᠨ ᠤ ᠵᠠᠮ᠂ ᠪᠡᠭᠡᠵᠢᠩ ᠣᠷᠣᠬᠤ ᠵᠠᠮ ᠤᠨ ᠰᠠᠩ ᠤᠨ ᠳᠠᠯᠠᠢ ᠠᠴᠠ ᠱᠠᠩᠳᠣ ᠬᠦᠷᠬᠦ ᠨᠢᠭᠡᠳᠦᠭᠡᠷ ᠲᠡᠰ | ᠤᠨ ᠵᠠᠰᠠᠮᠠᠯ ᠵᠠᠮ᠂ ᠵᠢᠨᠢᠩ ᠠᠴᠠ ᠲᠦᠩᠯᠢᠶᠣᠣ ᠬᠦᠷᠬᠦ ᠲᠠᠮᠦᠷ ᠵᠠᠮ ᠤᠨ ᠡᠪᠤᠷ ᠱᠤᠭᠤᠮ᠂ ᠰᠢᠯᠤᠭᠤᠨ ᠬᠦᠬᠡ ᠠᠴᠠ | ᠳᠣᠯᠣᠨ ᠨᠠᠭᠤᠷ ᠬᠦᠷᠬᠦ ᠲᠡᠮᠦᠷ ᠵᠠᠮ ᠤᠨ ᠡᠪᠤᠷ ᠱᠣᠭᠤᠮ᠂ ᠰᠢᠯᠤᠭᠤᠨ ᠬᠦᠬᠡ ᠠᠴᠠ ᠴᠢᠭᠤᠯᠤᠯᠳᠣ ᠬᠠᠭᠠᠯᠭ᠎ᠠ ᠬᠦᠷᠬᠦ | ᠲᠡᠮᠦᠷ ᠵᠠᠮ ᠵᠡᠷᠭᠡ ᠵᠠᠮ ᠱᠤᠭᠤᠮ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ 510 ᠣᠯᠣᠰ ᠤᠨ | ᠵᠠᠮ ᠤᠨ ᠱᠠᠩᠳᠣ ᠪᠠᠯᠭᠠᠰᠣᠨ ᠠᠴᠠ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠳᠣᠯᠣᠭᠠᠨ ᠭᠤᠤᠯ ᠬᠦᠷᠬᠦ ᠭᠡᠰᠡᠭ ᠤᠨ | ᠨᠢᠭᠡᠳᠦᠭᠡᠷ ᠲᠡᠰ ᠤᠨ ᠵᠠᠰᠠᠮᠠᠯ ᠵᠠᠮ ᠢ ᠵᠠᠰᠠᠬᠤ ᠠᠵᠢᠯ ᠢ ᠡᠷᠳᠡᠬᠡᠨ ᠡᠬᠢᠯᠡᠬᠦᠯᠬᠦ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠪᠠᠳᠣᠯᠠᠵᠤ᠂ ᠨᠠᠶᠢᠭᠡᠮ ᠤᠨ ᠠᠵᠢᠯ ᠦᠢᠯᠡᠰ | ᠤᠨ ᠬᠦᠭᠵᠢᠯᠳᠠ ᠶᠢ ᠠᠬᠢᠭᠤᠯᠤᠨ᠎ᠠ | ᠠᠷᠠᠳ ᠤᠨ ᠠᠮᠢᠳᠣᠷᠠᠯ ᠢ ᠪᠠᠳᠣᠯᠠᠬᠤ ᠪᠠ ᠰᠠᠶᠢᠵᠢᠷᠠᠭᠤᠯᠬᠤ ᠠᠴᠠ ᠭᠠᠷᠳᠠᠨ᠂ ᠴᠢᠳᠠᠯ ᠤᠨ ᠢᠶᠠᠨ ᠬᠢᠷᠢ ᠪᠠᠷ ᠬᠢᠬᠦ | ᠵᠡᠷᠴᠢᠮ ᠶᠣᠰᠣᠭᠠᠷ ᠨᠠᠶᠢᠭᠡᠮ ᠤᠨ ᠡᠯ᠎ᠡ ᠲᠦᠷᠦᠯ ᠤᠨ ᠠᠵᠢᠯ ᠦᠢᠯᠠᠰ ᠤᠨ ᠵᠤᠬᠢᠴᠠᠩᠭᠤᠢ ᠳᠣᠭᠳᠠᠭᠤᠨ ᠢᠶᠠᠷ ᠬᠦᠭᠵᠢᠬᠦ ᠶᠢ | ᠠᠬᠢᠭᠤᠯᠵᠤ᠂ ᠪᠦᠬᠦ ᠵᠢᠯ ᠤᠨ ᠠᠷᠠᠳ ᠤᠨ ᠠᠮᠢᠳᠣᠷᠠᠯ ᠳᠤ ᠵᠠᠷᠣᠴᠠᠭᠤᠯᠬᠤ ᠵᠠᠷᠣᠳᠠᠯ ᠢ ᠪᠦᠬᠦ ᠬᠤᠰᠢᠭᠤᠨ ᠤ ᠡᠳ᠋ ᠤᠨ | ᠵᠠᠰᠠᠭ ᠤᠨ ᠲᠦᠰᠦᠪ ᠤᠨ ᠵᠠᠷᠣᠯᠭ᠎ᠠ ᠶᠢᠨ 52% ᠠᠴᠠ ᠳᠡᠭᠡᠭᠰᠢ ᠳᠤ ᠬᠦᠷᠭᠡᠬᠦ ᠶᠢ ᠪᠠᠳᠣᠯᠠᠵᠤ᠂ ᠦᠷᠭᠡᠨ ᠣᠯᠠᠨ ᠠᠷᠠᠳ | ᠲᠦᠮᠡᠨ ᠳᠤ ᠠᠵᠤ ᠠᠬᠤᠢ ᠶᠢᠨ ᠬᠦᠭᠵᠢᠯᠳᠡ ᠶᠢᠨ ᠦᠷ᠎ᠡ ᠠᠰᠢᠭ ᠢ ᠬᠦᠷᠳᠡᠭᠡᠬᠦ ᠶᠢ ᠪᠠᠳᠣᠯᠠᠨ᠎ᠠ᠃ ᠠᠷᠠᠳ ᠲᠤ ᠠᠰᠢᠭᠳᠠᠢ | ᠬᠡᠳᠦᠨ ᠪᠤᠳᠠᠳᠠᠢ ᠬᠡᠷᠡᠭ ᠢ ᠰᠠᠶᠢᠳᠣᠷ ᠪᠡᠶᠠᠯᠠᠭᠦᠯᠦᠨᠡ᠃ ᠨᠢᠭᠡ ᠳᠤ᠂ ᠪᠦᠬᠦ ᠬᠤᠰᠢᠭᠤᠨ ᠤ ᠳᠣᠮᠳᠠ ᠪᠠᠭ᠎ᠠ ᠰᠣᠷᠭᠠᠭᠤᠯᠢ᠂ | ᠴᠡᠴᠡᠷᠯᠢᠭ ᠤᠨ ᠰᠣᠷᠣᠭᠴᠢ ᠪᠠ 300 ᠨᠡᠷ᠎ᠡ ᠵᠡᠭᠡᠯᠢ ᠴᠡᠪᠡᠷᠯᠡᠭᠴᠢ ᠳᠤ ᠨᠢᠭᠡ ᠤᠳᠠᠭᠠᠨ ᠤ ᠦᠨ᠎ᠡ ᠲᠦᠯᠦᠪᠦᠷᠢ ᠦᠭᠡᠢ | ᠪᠡᠶ᠎ᠠ ᠶᠢᠨ ᠪᠠᠶᠢᠴᠠᠭᠠᠯᠳᠠ ᠬᠢᠨ᠎ᠡ᠃ ᠬᠤᠶᠠᠷ ᠲᠤ᠂ ᠳᠣᠮᠳᠠ ᠪᠠᠭ᠎ᠠ ᠰᠣᠷᠭᠠᠭᠤᠯᠢ᠂ ᠴᠡᠴᠡᠷᠯᠢᠭ ᠤᠨ ᠠᠩᠬᠢ ᠶᠢᠨ | ᠡᠷᠬᠢᠯᠡᠭᠴᠢ ᠶᠢᠨ ᠨᠦᠬᠦᠪᠦᠷᠢ ᠶᠢ 150 ᠲᠦᠭᠦᠷᠢᠭ ᠠᠴᠠ ᠳᠡᠭᠡᠭᠰᠢᠯᠡᠭᠦᠯᠦᠨ 400 ᠲᠦᠭᠦᠷᠢᠭ ᠪᠤᠯᠭᠠᠵᠤ᠂ ᠦᠨᠳᠦᠰᠦᠨ | ᠱᠠᠳᠣᠨ ᠤ ᠪᠠᠭᠰᠢ ᠶᠢᠨ ᠵᠠᠮ ᠤᠨ ᠵᠠᠷᠣᠳᠠᠯ ᠤᠨ ᠨᠦᠬᠦᠪᠦᠷᠢ ᠮᠦᠩᠬᠦ ᠶᠢ 50 ᠲᠦᠭᠦᠷᠢᠭ ᠠᠴᠠ ᠳᠡᠭᠡᠭᠰᠢᠯᠡᠭᠦᠯᠦᠨ100 | ᠲᠦᠭᠦᠷᠢᠭ ᠪᠤᠯᠭᠠᠨ᠎ᠡ᠃ ᠭᠤᠷᠪᠠ ᠳᠤ᠂ ᠪᠦᠬᠦᠯᠢ ᠡᠳᠦᠷ ᠢᠶᠠᠷ ᠬᠡᠴᠢᠶᠡᠯᠯᠡᠬᠦ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ | ᠰᠢᠯᠭᠠᠭᠳᠠᠨ ᠣᠷᠣᠭᠰᠠᠨ ᠡᠨᠡ ᠵᠢᠯ ᠤᠨ ᠣᠨᠴᠠ ᠬᠦᠴᠢᠷᠳᠠᠢ ᠣᠶᠣᠳᠠᠨ ᠪᠠ ᠠᠮᠢᠳᠣᠷᠠᠯ ᠨᠢ ᠬᠦᠴᠢᠷᠳᠠᠢ ᠣᠶᠣᠳᠠᠨ ᠳᠤ | ᠳᠣᠰᠪᠤᠷᠢ 3000 ᠲᠦᠭᠦᠷᠢᠭ ᠪᠠ 1500 ᠲᠦᠭᠦᠷᠢᠭ ᠤᠨ ᠨᠢᠭᠡ ᠣᠳᠠᠭᠠᠨ ᠤ ᠳᠡᠳᠬᠦᠮᠵᠢ ᠣᠯᠭᠤᠨ᠎ᠠ᠃ ᠲᠦᠷᠪᠡ ᠳᠤ | ᠂ ᠬᠤᠳᠠ ᠪᠠᠯᠭᠠᠰᠣᠨ ᠤ ᠠᠵᠢᠯᠳᠠᠳ ᠤᠨ ᠡᠮᠨᠡᠯᠬᠡ ᠶᠢᠨ ᠳᠠᠭᠠᠳᠬᠠᠯ ᠤᠨ ᠶᠡᠷᠦᠩᠬᠡᠢ ᠬᠤᠷᠠᠮᠳᠣᠯᠭ᠎ᠠ ᠶᠢᠨ ᠮᠦᠩᠭᠦᠨ ᠠᠴᠠ | ᠡᠪᠡᠳᠴᠢᠳᠡᠨ ᠳᠤ ᠣᠯᠭᠤᠬᠤ ᠬᠠᠮᠤᠭ ᠶᠡᠭᠡ ᠨᠤᠷᠮ᠎ᠠ ᠶᠢ 24 ᠲᠦᠮᠡᠨ ᠲᠦᠭᠦᠷᠢᠭ ᠠᠴᠠ ᠳᠡᠭᠡᠭᠰᠢᠯᠡᠭᠦᠯᠦᠨ 30 ᠲᠦᠮᠡᠨ | ᠲᠦᠭᠦᠷᠢᠭ ᠪᠤᠯᠭᠠᠬᠤ ᠶᠢᠨ ᠬᠠᠮᠳᠣ ᠬᠤᠳᠠ ᠪᠠᠯᠭᠠᠰᠣᠨ ᠤ ᠰᠠᠭᠤᠭᠠᠯᠢᠴᠣᠣᠯ ᠤᠨ ᠬᠦᠨᠳᠦ ᠡᠪᠡᠳᠴᠢᠨ ᠤ ᠡᠮᠨᠡᠯᠭᠡ ᠶᠢᠨ | ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠲᠠᠪᠤ ᠳᠤ᠂ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠳᠡᠳᠬᠦᠪᠦᠷᠢ ᠮᠦᠩᠬᠦ ᠶᠢ 2013 ᠣᠨ ᠤ ᠰᠠᠭᠤᠷᠢᠨ ᠳᠡᠭᠡᠷ᠎ᠡ 10% ᠪᠠᠷ ᠳᠡᠭᠡᠭᠰᠢᠯᠡᠭᠦᠯᠦᠨ᠎ᠡ᠃ | ᠵᠢᠷᠭᠤᠭ᠎ᠠ ᠳᠤ᠂ ᠬᠤᠰᠢᠭᠤ ᠡᠳ᠋ ᠤᠨ ᠵᠠᠰᠠᠭ ᠠᠴᠠ 500 ᠲᠦᠮᠡᠨ ᠲᠦᠭᠦᠷᠢᠭ ᠤᠨ ᠣᠶᠣᠳᠠᠳ ᠤᠨ ᠦᠢᠯᠡᠰ ᠪᠤᠰᠬᠠᠬᠤ | ᠶᠢ ᠳᠡᠮᠵᠢᠬᠦ ᠪᠡᠯᠡ ᠮᠦᠩᠬᠦ ᠪᠠ 400 ᠲᠦᠮᠡᠨ ᠲᠦᠭᠦᠷᠢᠭ ᠤᠨ ᠪᠤᠳᠠᠰ ᠤᠨ ᠪᠤᠰᠣ ᠰᠣᠶᠣᠯ ᠤᠨ ᠦᠪ ᠤᠨ ᠬᠦᠭᠵᠢᠯᠳᠠ | ᠶᠢ ᠳᠡᠮᠵᠢᠬᠦ ᠳᠣᠰᠬᠠᠢ ᠪᠡᠯᠡ ᠮᠦᠩᠬᠦ ᠳᠣᠬᠢᠷᠠᠭᠤᠯᠵᠤ᠂ ᠶᠡᠭᠡ ᠰᠣᠷᠭᠠᠭᠤᠯᠢ ᠶᠢᠨ ᠣᠶᠣᠳᠠᠨ ᠪᠠ ᠪᠤᠳᠠᠰ ᠤᠨ ᠪᠣᠰᠣ ᠰᠣᠶᠣᠯ | ᠤᠨ ᠦᠪ ᠢ ᠵᠠᠯᠭᠠᠮᠵᠢᠯᠠᠭᠴᠢ ᠶᠢᠨ ᠦᠪᠡᠷᠰᠡᠳ ᠢᠶᠠᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠲᠤᠯᠤᠭ᠎ᠠ ᠳᠤ᠂ | ᠪᠠᠳᠣᠯᠠᠭ᠎ᠠ ᠶᠢᠨ ᠴᠢᠨᠠᠷ ᠲᠠᠢ ᠣᠷᠣᠨ ᠰᠠᠭᠤᠴᠠ ᠶᠢᠨ ᠢᠨᠵᠧᠨᠧᠷᠢᠩ ᠢ ᠰᠠᠶᠢᠳᠣᠷ ᠬᠡᠷᠡᠭᠵᠢᠭᠦᠯᠵᠦ᠂ 126 ᠢᠵᠢ ᠨᠠᠶᠢᠳᠠ | ᠶᠢᠨ ᠳᠦᠷᠢᠶᠡᠰᠦᠨ ᠣᠷᠣᠨ ᠰᠠᠭᠤᠴᠠ᠂ 180 ᠢᠵᠢ ᠬᠢᠮᠳᠠ ᠳᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ | ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ 1400 ᠡᠷᠦᠬᠡ ᠶᠢᠨ ᠠᠶᠤᠯᠳᠠᠢ ᠭᠡᠷ ᠪᠠᠶᠢᠰᠢᠩ ᠢ ᠵᠠᠰᠠᠨ | ᠦᠭᠡᠷᠡᠴᠢᠯᠡᠨ᠎ᠡ᠃ ᠨᠠᠢᠮᠠ ᠳᠤ᠂ ᠪᠦᠬᠦ ᠬᠤᠰᠢᠭᠤᠨ ᠤ ᠳᠣᠣᠷ᠎ᠠ ᠪᠠᠳᠣᠯᠭᠠᠳᠣ ᠡᠷᠦᠬᠡ᠂ ᠲᠠᠪᠤᠨ ᠪᠠᠳᠣᠯᠭᠠᠳᠣ ᠡᠷᠦᠬᠡ ᠶᠢᠨ | ᠨᠢᠭᠤᠷᠯᠠᠯ ᠢ ᠪᠦᠬᠦᠨ ᠢ ᠬᠤᠳᠠ ᠬᠦᠳᠡᠭᠡ ᠶᠢᠨ ᠬᠦᠴᠢᠷᠳᠠᠢ ᠣᠯᠠᠨ ᠲᠦᠮᠡᠨ ᠳᠤ ᠣᠯᠭᠤᠬᠤ ᠡᠮ ᠡᠮᠨᠡᠯᠭᠡ ᠶᠢᠨ ᠨᠦᠬᠦᠪᠦᠷᠢ | ᠳᠠᠭᠠᠳᠬᠠᠯ ᠤᠨ ᠬᠡᠪᠴᠢᠶᠠᠨ ᠳᠤ ᠣᠷᠣᠭᠤᠯᠵᠤ᠂ ᠬᠦᠮᠦᠨ ᠪᠦᠷᠢ ᠳᠤ ᠡᠮ ᠡᠮᠨᠡᠯᠭᠡ ᠶᠢᠨ ᠳᠠᠭᠠᠳᠬᠠᠯ ᠤᠨ ᠮᠦᠩᠬᠦ 80 | ᠲᠦᠭᠦᠷᠢᠭ ᠨᠦᠬᠦᠪᠦᠷᠢᠯᠡᠵᠦ ᠦᠭᠬᠦ ᠶᠢᠨ ᠬᠠᠮᠳᠣ ᠨᠡᠶᠢᠭᠡᠮ ᠤᠨ ᠳᠠᠭᠠᠳᠬᠠᠯ᠂ ᠬᠤᠷᠰᠢᠭᠰᠠᠨ ᠡᠮᠨᠡᠯᠭᠡ ᠳᠠᠮᠵᠢᠵᠤ ᠵᠠᠷᠣᠳᠠᠯ | ᠢᠶᠠᠨ ᠴᠠᠶᠢᠷᠠᠭᠤᠯᠤᠭᠰᠠᠨ ᠤ ᠳᠠᠷᠠᠭᠠᠬᠢ ᠦᠯᠡᠳᠡᠭᠰᠡᠨ ᠡᠮᠨᠡᠯᠭᠡ ᠳᠤ ᠰᠠᠭᠤᠭᠰᠠᠨ ᠵᠠᠷᠣᠳᠠᠯ ᠤᠨ ᠬᠢᠨᠢ 75% ᠶᠢ ᠳᠠᠩᠰᠠᠨ | ᠠᠴᠠ ᠳᠠᠶᠢᠯᠵᠤ ᠦᠭᠭᠦᠨ᠎ᠡ᠃ ᠬᠠᠮᠤᠭ ᠶᠡᠭᠡ ᠳᠡᠭᠡᠨ 6.5 ᠲᠦᠮᠡᠨ ᠲᠦᠭᠦᠷᠢᠭ ᠪᠤᠳᠣᠵᠤ ᠦᠭᠭᠦᠨ᠎ᠡ᠃ ᠰᠣᠷᠭᠠᠨ | ᠬᠦᠮᠦᠵᠢᠯ ᠤᠨ ᠲᠠᠯ᠎ᠠ ᠪᠠᠷ᠃ ᠰᠣᠷᠭᠠᠨ ᠬᠦᠮᠦᠵᠢᠯ ᠪᠤᠯᠤᠨ ᠵᠢᠭᠠᠨ ᠰᠣᠷᠭᠠᠯᠳᠠ ᠶᠢᠨ ᠨᠦᠬᠦᠴᠡᠯ ᠢ ᠣᠯᠠᠮ ᠨᠢᠭᠡ ᠠᠯᠬᠤᠮ | ᠰᠠᠶᠢᠵᠢᠷᠠᠭᠤᠯᠵᠤ᠂ ᠶᠡᠷᠦᠩᠬᠡᠢ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠨᠡ ᠵᠢᠯ ᠪᠤᠷᠤᠬᠤᠳᠠ ᠪᠠᠭ᠎ᠠ | ᠰᠣᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠣᠷᠭᠠᠯᠳᠠ ᠶᠢᠨ ᠠᠰᠠᠷ ᠪᠤᠯᠤᠨ ᠬᠠᠪᠢᠷᠭ᠎ᠠ ᠪᠠᠯᠭᠠᠰᠣᠨ ᠤ ᠪᠠᠭ᠎ᠠ ᠰᠣᠷᠭᠠᠭᠤᠯᠢ | ᠶᠢᠨ ᠭᠡᠣᠭᠡᠳ ᠤᠨ ᠴᠡᠴᠡᠷᠯᠢᠭ᠂ ᠬᠤᠰᠢᠭᠤ ᠮᠤᠩᠭᠤᠯ ᠭᠡᠣᠭᠡᠳ ᠤᠨ ᠴᠡᠴᠡᠷᠯᠢᠭ ᠪᠠ ︽ᠬᠦᠰᠡᠯᠡᠩ︾ ᠭᠡᠣᠭᠡᠳ ᠤᠨ | ᠴᠡᠴᠡᠷᠯᠢᠭ ᠤᠨ ᠪᠠᠷᠢᠯᠭ᠎ᠠ ᠪᠠᠶᠢᠭᠤᠯᠤᠯᠳᠠ ᠶᠢ ᠳᠠᠭᠤᠰᠬᠠᠨ ᠠᠰᠢᠭᠯᠠᠯᠳᠠ ᠣᠷᠣᠭᠤᠯᠣᠨ᠎ᠠ᠃ ᠬᠤᠶᠠᠳᠣᠭᠠᠷ ᠪᠠᠭ᠎ᠠ | ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠰᠠᠷ ᠪᠤᠯᠤᠨ ᠮᠤᠩᠭᠤᠯ ᠳᠣᠮᠳᠠᠳᠣ ᠰᠣᠷᠭᠠᠭᠤᠯᠢ ᠶᠢᠨ ᠪᠠᠶᠢᠷᠢ ᠶᠢᠨ ᠠᠰᠠᠷ ᠢ | ᠳᠠᠬᠢᠵᠤ ᠪᠠᠶᠢᠭᠤᠯᠤᠨ᠂ ᠬᠠᠪᠢᠷᠭ᠎ᠠ ᠶᠢᠨ ᠪᠠᠭ᠎ᠠ ᠰᠣᠷᠭᠠᠭᠤᠯᠢ ᠪᠠ ᠰᠠᠩ ᠤᠨ ᠳᠠᠯᠠᠢ ᠶᠢᠨ ᠮᠤᠩᠭᠤᠯ ᠪᠠᠭ᠎ᠠ ᠰᠣᠷᠭᠠᠭᠤᠯᠢ ᠶᠢᠨ | ᠪᠠᠭᠰᠢ ᠶᠢᠨ ᠣᠷᠣᠨ ᠰᠠᠭᠤᠴᠠ ᠶᠢᠨ ᠢᠨᠵᠧᠨᠧᠷᠢᠩ ᠢ ᠠᠬᠢᠭᠤᠯᠵᠤ᠂ ᠬᠤᠰᠢᠭᠤᠨ ᠳᠡᠭᠡᠷᠡᠬᠢ ᠡᠯ᠎ᠡ ᠰᠣᠷᠭᠠᠭᠤᠯᠢ ᠤᠳ ᠲᠤ | ᠲᠠᠮᠢᠷ ᠤᠨ ᠣᠷᠳᠣᠨ ᠪᠠᠶᠢᠭᠤᠯᠬᠤ ᠪᠠ ᠵᠢᠭᠠᠨ ᠰᠣᠷᠭᠠᠯᠳᠠ ᠶᠢᠨ ᠳᠦᠭᠦᠭᠡᠷᠦᠮᠵᠢ ᠪᠤᠯᠤᠨ ᠰᠣᠷᠠᠭ ᠵᠠᠩᠬᠢ ᠶᠢᠨ ᠮᠡᠷᠭᠡᠵᠢᠯ ᠤᠨ | ᠲᠦᠭᠦᠭᠡᠷᠦᠮᠵᠢ ᠶᠢ ᠳᠤᠬᠢᠷᠠᠭᠤᠯᠵᠤ᠂ ᠰᠠᠭᠤᠷᠢ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠪᠠᠷᠢᠮᠵᠢᠶᠠᠵᠢᠭᠰᠠᠨ | ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠠᠬᠢᠭᠤᠯᠤᠨ᠎ᠠ᠃ ᠡᠷᠡᠭᠦᠯ ᠬᠠᠮᠠᠭᠠᠯᠠᠯ ᠤᠨ ᠲᠠᠯ᠎ᠠ ᠪᠠᠷ᠃ ᠮᠤᠩᠭᠤᠯ | ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠬᠦ ᠲᠦᠪ ᠤᠨ ᠳᠣᠬᠠᠶᠢᠯᠠᠭᠰᠠᠨ ᠠᠵᠢᠯ ᠤᠨ ᠠᠰᠠᠷ᠂ ᠡᠬᠡ ᠨᠢᠯᠬᠠᠰ ᠤᠨ | ᠡᠷᠡᠭᠦᠯ ᠬᠠᠮᠠᠭᠠᠯᠠᠯ ᠤᠨ ᠭᠠᠵᠠᠷ ᠪᠠ ᠡᠮ ᠡᠮᠨᠡᠯᠭᠡ ᠶᠢᠨ ᠬᠢᠨᠠᠯᠳᠠ ᠲᠠᠯᠪᠢᠬᠤ ᠰᠠᠯᠪᠤᠷᠢ ᠶᠢᠨ ᠶᠡᠷᠦᠩᠬᠡᠶᠢᠯᠡᠭᠰᠡᠨ ᠠᠰᠠᠷ ᠵᠡᠷᠭᠡ | ᠪᠠᠷᠢᠯᠭ᠎ᠠ ᠶᠢᠨ ᠲᠦᠰᠦᠯ ᠢ ᠲᠦᠷᠭᠡᠨ ᠠᠬᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ | ᠬᠤᠷᠢᠶᠠᠨ ᠤ ᠳᠣᠰᠬᠠᠢ ᠡᠮᠴᠢ ᠶᠢ ᠭᠠᠳᠠᠭᠰᠢ ᠶᠠᠪᠤᠭᠤᠯᠵᠤ ᠰᠣᠷᠣᠯᠴᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠡᠮᠨᠡᠯᠭᠡ | ᠶᠢᠨ ᠠᠵᠢᠯᠳᠠᠨ ᠤ ᠬᠡᠪ ᠪᠤᠯᠪᠠᠰᠣᠷᠠᠯ ᠪᠠ ᠳᠣᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠡᠨᠡ | ᠵᠢᠯ ᠰᠢᠨ᠎ᠡ ᠪᠠᠷ 1 ᠰᠣᠮᠣᠨ ᠤ ᠡᠮᠨᠡᠯᠭᠡ ᠶᠢᠨ ᠬᠤᠷᠢᠶ᠎ᠠ᠂ 7 ᠭᠠᠴᠠᠭᠠᠨ ᠤ ᠡᠮᠨᠡᠯᠭᠡ ᠶᠢᠨ ᠳᠠᠰᠤᠭ ᠪᠠᠶᠢᠭᠤᠯᠵᠤ᠂ ᠮᠠᠯᠴᠢᠨ | ᠲᠠᠷᠢᠶᠠᠴᠢᠨ ᠤ ᠡᠪᠡᠳᠴᠢᠨ ᠦᠵᠡᠭᠦᠯᠬᠦ ᠳᠤ ᠲᠦᠭᠦᠮ ᠬᠠᠩᠭᠠᠨ᠎ᠠ᠃ ᠰᠣᠶᠣᠯ ᠤᠨ ᠲᠠᠯ᠎ᠠ ᠪᠠᠷ᠃ ᠰᠣᠶᠣᠯ ᠤᠨ ᠬᠦᠭᠵᠢᠯᠳᠠ | ᠪᠠ ᠰᠣᠶᠣᠯ ᠤᠨ ᠠᠵᠤ ᠦᠢᠯᠡᠰ ᠤᠨ ᠬᠦᠭᠵᠢᠯᠳᠠ ᠶᠢᠨ ᠠᠵᠢᠯ ᠢ ᠣᠯᠠᠮ ᠨᠢᠭᠡ ᠠᠯᠬᠤᠮ ᠰᠠᠶᠢᠳᠣᠷ ᠬᠢᠵᠤ᠂ ︽ᠳᠣᠮᠳᠠᠳᠣ | ᠣᠯᠣᠰ᠂ ᠶᠤᠸᠠᠨ ᠤ ᠳᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ ᠨᠠᠶᠢᠷ ᠪᠠ ᠨᠠ᠊᠂ ᠰᠠᠶᠢᠨᠴᠣᠭᠳᠣ ᠶᠢᠨ ᠮᠡᠨᠳᠦᠯᠡᠭᠰᠡᠨ | 100 ᠵᠢᠯ ᠤᠨ ᠣᠢ ᠶᠢ ᠳᠣᠷᠠᠰᠬᠠᠬᠤ ᠬᠦᠳᠦᠯᠪᠦᠷᠢ ᠠᠵᠢᠯᠯᠠᠭ᠎ᠠ ᠵᠡᠷᠭᠡ ᠣᠯᠠᠨ ᠲᠦᠮᠡᠨᠴᠢ ᠴᠢᠨᠠᠷᠳᠠᠢ ᠰᠣᠶᠣᠯ ᠤᠨ | ᠠᠵᠢᠯᠯᠠᠭ᠎ᠠ ᠶᠢ ᠵᠤᠬᠢᠶᠠᠨ ᠪᠠᠶᠢᠭᠤᠯᠬᠤ ᠶᠢᠨ ᠬᠠᠮᠳᠣ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠠᠵᠢᠯᠯᠠᠭ᠎ᠠ ᠶᠢ ᠪᠦᠬᠦ | ᠲᠠᠯ᠎ᠠ ᠪᠠᠷ ᠦᠷᠨᠢᠭᠦᠯᠦᠨ᠂ ᠡᠯ᠎ᠡ ᠵᠤᠶᠢᠯ ᠤᠨ ᠲᠠᠮᠢᠷ ᠤᠨ ᠣᠷᠣᠯᠳᠣᠭᠠᠨ ᠢ ᠰᠠᠶᠢᠳᠣᠷ ᠡᠷᠬᠢᠯᠡᠵᠤ᠂ ᠠᠷᠠᠳ ᠣᠯᠠᠨ ᠤ | ᠰᠣᠶᠣᠯ ᠤᠨ ᠠᠮᠢᠳᠣᠷᠠᠯ ᠢ ᠳᠠᠰᠣᠷᠠᠯᠳᠠ ᠦᠭᠡᠢ ᠪᠠᠶᠠᠯᠢᠭᠵᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠲᠠᠯ᠎ᠠ ᠪᠠᠷ᠃ | ᠰᠢᠨᠵᠢᠯᠡᠭᠡ ᠮᠡᠷᠭᠡᠵᠢᠯ ᠢ ᠳᠡᠯᠭᠡᠷᠡᠭᠦᠯᠬᠦ ᠬᠦᠴᠦᠯᠡᠴᠡ ᠶᠢ ᠴᠢᠩᠭᠠᠳᠬᠠᠵᠤ᠂ ᠬᠡᠷᠡᠭᠯᠡᠭᠡᠨ ᠤ ᠴᠢᠨᠠᠷ ᠢᠶᠠᠷ ᠰᠠᠶᠢᠨ ᠬᠢᠴᠢᠶᠡᠯ | ᠪᠤᠯᠪᠠᠰᠦᠷᠠᠯ ᠢ ᠨᠡᠮᠡᠭᠳᠡᠭᠦᠯᠬᠦ ᠶᠢᠨ ᠬᠠᠮᠳᠣ ︽ᠲᠠᠯ᠎ᠠ ᠨᠣᠳᠤᠭ ᠲᠤ ᠳᠠᠬᠢᠶ᠎ᠠ ᠲᠡᠵᠢᠭᠡᠬᠦ ᠳᠣᠬᠠᠢ︾ ᠭᠡᠬᠦ ᠮᠠᠳᠣ ᠶᠢᠨ | ᠬᠡᠷᠡᠭᠯᠡᠭᠡᠨ ᠤ ᠮᠡᠷᠭᠡᠵᠢᠯ ᠤᠨ ᠲᠦᠰᠦᠯ ᠢ ᠭᠤᠤᠯᠳᠠᠯᠭ᠎ᠠ ᠲᠠᠢ ᠳᠡᠭᠡᠭᠰᠢ ᠮᠡᠳᠡᠭᠦᠯᠵᠦ᠂ ᠡᠷᠳᠡᠮ ᠰᠢᠨᠵᠢᠯᠡᠭᠡᠳᠡᠳ ᠮᠠᠨ ᠤ | ᠬᠤᠰᠢᠭᠤᠨ ᠳᠤ ᠢᠷᠡᠵᠤ ᠰᠢᠨᠵᠢᠯᠡᠭᠡᠨ ᠤ ᠠᠵᠢᠯ ᠦᠷᠨᠢᠭᠦᠯᠬᠦ ᠶᠢ ᠵᠤᠷᠢᠭᠵᠢᠭᠤᠯᠤᠨ᠎ᠠ᠃ ᠠᠵᠢᠯ ᠣᠯᠭᠤᠯᠳᠠ ᠶᠢᠨ ᠲᠠᠯ᠎ᠠ ᠪᠠᠷ | ᠃ ᠦᠢᠯᠡᠰ ᠪᠤᠰᠬᠠᠯᠳᠠ ᠪᠠᠷ ᠠᠵᠢᠯ ᠣᠯᠭᠤᠯᠳᠠ ᠶᠢ ᠲᠠᠶᠢᠴᠢᠯᠠᠬᠤ ᠳᠣᠬᠠᠢ᠂ ᠠᠵᠢᠯ ᠤᠨ ᠴᠢᠳᠠᠪᠤᠷᠢ ᠶᠢᠨ ᠪᠤᠯᠪᠠᠰᠣᠷᠠᠯ ᠤᠨ | ᠳᠣᠬᠠᠢ ᠵᠢᠴᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠳᠣᠬᠠᠢ ᠡᠯ᠎ᠡ ᠲᠦᠷᠦᠯ ᠤᠨ ᠲᠦᠷᠦ ᠶᠢᠨ | ᠪᠤᠳᠤᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠠᠵᠢᠯ ᠣᠯᠭᠤᠯᠳᠠ ᠶᠢᠨ ᠵᠢᠭᠡᠯᠡᠯᠭᠡ ᠶᠢᠨ ᠮᠦᠩᠬᠦ ᠶᠢ ᠳᠣᠬᠢᠷᠠᠮᠵᠢᠳᠠᠢ | ᠠᠰᠢᠭᠯᠠᠨ᠂ ᠶᠡᠭᠡ ᠰᠣᠷᠭᠠᠭᠤᠯᠢ ᠪᠤᠯᠤᠨ ᠳᠣᠮᠳᠠ ᠵᠡᠷᠭᠡ ᠶᠢᠨ ᠳᠣᠰᠬᠠᠢ ᠮᠡᠷᠭᠡᠵᠢᠯ ᠳᠡᠭᠦᠰᠦᠭᠰᠡᠨ ᠰᠣᠷᠣᠭᠴᠢ᠂ ᠬᠤᠳᠠ | ᠪᠠᠯᠭᠠᠰᠣᠨ ᠤ ᠬᠦᠴᠢᠷᠳᠡᠢ ᠭᠡᠷ ᠪᠦᠯᠢ᠂ ᠬᠤᠳᠠ ᠳᠤ ᠨᠡᠭᠦᠨ ᠰᠢᠯᠵᠢᠭᠰᠡᠨ ᠮᠠᠯᠴᠢᠨ ᠲᠠᠷᠢᠶᠠᠴᠢᠨ ᠵᠡᠷᠭᠡ ᠬᠦᠮᠦᠰ ᠤᠨ ᠠᠵᠢᠯ | ᠣᠯᠭᠤᠯᠳᠠ ᠶᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠤᠳᠠ ᠳᠤ ᠨᠡᠭᠦᠨ ᠰᠢᠯᠵᠢᠭᠰᠡᠨ ᠮᠠᠯᠴᠢᠨ ᠲᠠᠷᠢᠶᠠᠴᠢᠨ ᠳᠤ | ᠪᠤᠯᠪᠠᠰᠣᠷᠠᠯ ᠬᠦᠷᠳᠡᠭᠡᠬᠦ ᠲᠠᠯ᠎ᠠ ᠪᠠᠷ ᠣᠯᠠᠮ ᠴᠢᠩᠭᠠᠳᠬᠠᠵᠤ᠂ ᠡᠨᠡ ᠵᠢᠯ 800 ᠢᠯᠡᠭᠦᠣ ᠬᠦᠮᠦᠨ ᠳᠤ ᠪᠤᠯᠪᠠᠰᠣᠷᠠᠯ | ᠬᠦᠷᠳᠡᠭᠡᠨ᠂ ᠬᠤᠳᠠ ᠪᠠᠯᠭᠠᠰᠣᠨ ᠤ ᠪᠦᠷᠢᠳᠭᠡᠭᠳᠡᠭᠰᠡᠨ ᠠᠵᠢᠯ ᠦᠭᠡᠶᠢᠴᠣᠳ ᠤᠨ ᠨᠤᠷᠮ᠎ᠠ ᠶᠢ 3.9% ᠶᠢᠨ ᠳᠣᠳᠣᠷ᠎ᠠ | ᠬᠢᠵᠠᠭᠠᠷᠯᠠᠨ᠎ᠠ᠃ ᠨᠠᠶᠢᠭᠡᠮ ᠤᠨ ᠪᠠᠳᠣᠯᠠᠭ᠎ᠠ ᠶᠢᠨ ᠲᠠᠯ᠎ᠠ ᠪᠠᠷ᠃ ᠬᠤᠳᠠ ᠪᠠᠯᠭᠠᠰᠣᠨ ᠤ ᠰᠠᠭᠤᠭᠠᠯᠢᠴᠣᠣᠯ ᠤᠨ ᠦᠨᠳᠦᠰᠦᠨ | ᠨᠠᠰᠣᠵᠢᠯ ᠤᠨ ᠳᠠᠭᠠᠳᠬᠠᠯ ᠤᠨ ᠨᠢᠭᠡᠳᠦᠯᠳᠠᠢ ᠲᠦᠷᠢᠮ ᠢ ᠬᠡᠷᠡᠭᠵᠢᠭᠦᠯᠵᠦ᠂ ᠨᠠᠰᠣᠵᠢᠯ ᠤᠨ ᠳᠠᠭᠠᠳᠬᠠᠯ ᠤᠨ ᠬᠠᠮᠤᠷᠬᠤ | ᠬᠦᠷᠢᠶ᠎ᠠ ᠬᠡᠪᠴᠢᠢᠶᠠ ᠶᠢ ᠣᠯᠡᠮ ᠨᠢᠭᠡ ᠠᠯᠬᠤᠮ ᠦᠷᠭᠡᠳᠬᠡᠨ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 80% ᠠᠴᠠ | ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ | ᠠᠵᠢᠯ ᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠴᠠᠭ ᠳᠣᠬᠠᠢ ᠳᠤᠨᠢ ᠳᠠᠰᠣᠯᠤᠨ ᠪᠤᠳᠣᠬᠤ | ᠲᠦᠷᠢᠮ ᠢ ᠬᠡᠷᠡᠭᠵᠢᠭᠦᠯᠦᠨ᠎ᠡ᠃ ᠬᠤᠳᠠ ᠪᠠᠯᠭᠠᠰᠣᠨ ᠤ ᠠᠵᠢᠯᠳᠠᠳ ᠪᠠ ᠬᠤᠳᠠ ᠪᠠᠯᠭᠠᠰᠣᠨ ᠤ ᠰᠠᠭᠤᠭᠠᠯᠢ ᠠᠷᠠᠳ ᠤᠨ | ᠣᠨᠴᠠᠭᠠᠢ ᠠᠷᠬᠠᠭ ᠡᠪᠠᠳᠴᠢᠨ ᠤ ᠡᠮᠴᠢᠯᠡᠭᠡᠨ ᠤ ᠳᠠᠭᠠᠳᠬᠠᠯ ᠤᠨ ᠠᠵᠢᠯ ᠢ ᠦᠷᠭᠦᠯᠵᠢᠯᠡᠨ ᠰᠠᠶᠢᠳᠣᠷ ᠦᠷᠨᠢᠭᠦᠯᠦᠨ᠎ᠡ᠃ | ᠶᠠᠳᠠᠭᠤ ᠶᠢ ᠳᠡᠳᠬᠦᠬᠦ ᠲᠠᠯ᠎ᠠ ᠪᠠᠷ᠃ ︽ᠭᠠᠴᠠᠭ᠎ᠠ ᠲᠤᠰᠬᠤᠨ ᠠᠴᠠ ᠠᠶᠢᠯ ᠡᠷᠦᠭᠡ ᠬᠦᠷᠳᠡᠯ᠎ᠡ ᠲᠦᠰᠦᠯ ᠲᠦᠯᠦᠪᠯᠡᠭᠡ ᠶᠢ | ᠲᠣᠣᠱᠯᠠᠭᠤᠯᠵᠤ᠂ ᠺᠡᠳ᠋ᠷᠴᠣᠳ ᠠᠵᠢᠯᠳᠠᠳ ᠢ ᠭᠦᠨᠵᠡᠭᠡᠶᠢᠷᠡᠭᠦᠯᠬᠦ︾ ᠶᠠᠳᠠᠭᠤ ᠶᠢ ᠳᠡᠳᠬᠦᠬᠦ ᠰᠢᠪᠳᠣᠯᠣᠯᠳᠠ ᠶᠢᠨ | ᠢᠨᠵᠧᠨᠧᠷᠢᠩ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠪᠠ ᠶᠠᠳᠠᠭᠤ | ᠶᠢ ᠳᠡᠳᠭᠦᠵᠤ ᠠᠷᠠᠳ ᠢ ᠨᠡᠭᠦᠯᠭᠡᠬᠦ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠪᠤᠰᠤᠳ ᠮᠠᠯ ᠲᠠᠷᠢᠶᠠᠯᠠᠩ ᠳᠤ | ᠬᠠᠮᠢᠶᠠᠳᠠᠢ ᠪᠡᠯᠡ ᠮᠦᠩᠬᠦ ᠶᠢ ᠨᠠᠶᠢᠯᠠᠭᠦᠯᠦᠨ᠂ ᠦᠢᠯᠡᠳᠪᠦᠷᠢᠯᠡᠯ ᠡᠵᠡᠩᠨᠡᠯᠳᠡ ᠶᠢᠨ ᠴᠢᠳᠠᠪᠤᠷᠢ ᠪᠠᠷ ᠰᠠᠶᠢᠨ ᠮᠠᠯᠴᠢᠨ | ᠲᠠᠷᠢᠶᠠᠴᠢᠨ ᠡᠷᠦᠬᠡ ᠪᠤᠯᠤᠨ ᠳᠣᠰᠬᠠᠢ ᠬᠤᠷᠰᠢᠶᠠᠵᠢᠯ ᠳᠤ ᠢᠯᠡᠭᠦᠭᠡᠨ ᠣᠯᠭᠤᠵᠣ᠂ ᠶᠠᠳᠠᠭᠤ ᠬᠦᠴᠢᠷᠳᠠᠢ ᠡᠷᠦᠭᠡ ᠶᠢᠨ | ᠴᠢᠨᠡᠭᠡᠯᠢᠭᠵᠢᠬᠦ ᠶᠢ ᠲᠠᠶᠢᠴᠢᠯᠠᠨ᠎ᠠ᠃ ᠡᠨᠡ ᠵᠢᠯ 1192 ᠡᠷᠦᠬᠡ ᠶᠢᠨ 2498 ᠬᠦᠮᠦᠨ ᠢ ᠶᠠᠳᠠᠭᠤ ᠪᠠᠶᠢᠳᠠᠯ ᠠᠴᠠ ᠨᠢ | ᠠᠩᠬᠢᠵᠢᠷᠠᠭᠤᠯᠬᠤ ᠪᠠᠷ ᠴᠢᠷᠮᠠᠶᠢᠨ᠎ᠠ᠃ | ︵ᠳᠣᠯᠤᠭ᠎ᠠ︶ ᠭᠤᠤᠯᠳᠠᠯᠭ᠎ᠠ ᠲᠠᠢ ᠬᠦᠷᠢᠶᠠᠨ ᠳᠠᠬᠢ ᠦᠭᠡᠷᠡᠴᠢᠯᠡᠯᠳᠡ ᠶᠢ ᠲᠦᠷᠭᠡᠳᠭᠡᠵᠤ᠂ ᠨᠠᠶᠢᠭᠡᠮ ᠤᠨ | ᠲᠦᠷᠰᠦ ᠪᠠᠶᠢᠳᠠᠯ ᠢ ᠣᠯᠠᠮ ᠢᠶᠠᠷ ᠰᠠᠶᠢᠵᠢᠷᠠᠭᠤᠯᠤᠨ᠎ᠠ | ᠮᠠᠨ ᠤ ᠬᠤᠰᠢᠭᠤᠨ ᠤ ᠪᠠᠨ ᠪᠤᠳᠠᠳᠣ ᠪᠠᠶᠢᠳᠠᠯ ᠢ ᠦᠨᠳᠦᠰᠦᠯᠡᠨ᠂ ᠲᠦᠷᠦᠯ ᠬᠤᠪᠢᠶᠠᠨ ᠠᠬᠢᠭᠤᠯᠬᠤ | ᠦᠭᠡᠷᠡᠴᠢᠯᠡᠯᠳᠡ ᠶᠢᠨ ᠲᠦᠰᠦᠪ ᠢ ᠬᠤᠷᠳᠣᠬᠠᠨ ᠳᠣᠭᠳᠠᠭᠠᠵᠤ᠂ ᠦᠭᠡᠷᠡᠴᠢᠯᠡᠯᠳᠡ ᠶᠢᠨ ᠰᠠᠳᠬᠢᠴᠠ ᠱᠠᠭᠠᠷᠳᠠᠯᠭ᠎ᠠ ᠶᠢ | ᠳᠠᠷᠣᠢ ᠲᠦᠷᠭᠡᠨ ᠪᠤᠳᠠᠳᠠᠢ ᠠᠷᠭ᠎ᠠ ᠬᠡᠮᠵᠢᠶ᠎ᠠ ᠪᠤᠯᠭᠠᠨ᠎ᠠ᠃ ᠬᠠᠷᠠᠯᠳᠠ ᠨᠢ ᠳᠣᠳᠣᠷᠬᠠᠢ᠂ ᠦᠷ᠎ᠡ ᠪᠦᠳᠦᠮᠵᠢ ᠨᠢ ᠢᠯᠡᠷᠬᠡᠢ | ᠦᠭᠡᠷᠡᠴᠢᠯᠡᠯᠳᠡ ᠤᠳ ᠢ ᠲᠦᠷᠭᠡᠳᠭᠡᠨ ᠠᠬᠢᠭᠤᠯᠵᠤ᠂ ᠦᠭᠡᠷᠡᠴᠢᠯᠡᠯᠳᠡ ᠪᠠᠷ ᠳᠠᠮᠵᠢᠭᠤᠯᠤᠨ ᠣᠯᠠᠨ ᠲᠦᠮᠡᠨ ᠳᠤ ᠪᠣᠳᠠᠳᠠᠢ | ᠠᠰᠢᠭ ᠬᠦᠷᠳᠡᠭᠡᠨ᠎ᠡ᠃ ᠡᠳ᠋ ᠤᠨ ᠵᠠᠰᠠᠭ ᠤᠨ ᠦᠭᠡᠷᠡᠴᠢᠯᠡᠯᠳᠡ ᠪᠤᠯᠤᠨ ᠭᠠᠶᠢᠯᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ | ᠡᠳ᠋ ᠤᠨ ᠵᠠᠰᠠᠭ ᠤᠨ ᠬᠠᠮᠢᠶᠠᠷᠣᠯᠳᠠ ᠶᠢᠨ ᠰᠢᠨᠵᠢᠯᠡᠬᠦ ᠣᠬᠠᠭᠠᠨᠴᠢ᠂ ᠨᠠᠷᠢᠯᠢᠭᠵᠢᠭᠰᠡᠨ ᠬᠢᠷᠢ ᠲᠦᠪᠰᠢᠨ ᠢ ᠳᠠᠰᠣᠷᠠᠯᠳᠠ | ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠢ ᠬᠢᠨᠡᠨ ᠪᠤᠳᠤᠬᠤ ᠱᠠᠭᠠᠷᠳᠠᠯᠭ᠎ᠠ ᠪᠠᠨ ᠴᠢᠩᠭᠠᠳᠬᠠᠨ᠂ ᠦᠷᠢ ᠦᠭᠴᠢᠭᠡᠨ | ᠠᠴᠠ ᠪᠤᠯᠵᠤ ᠮᠡᠳᠡᠬᠦ ᠠᠶᠣᠯᠭᠦᠢ ᠪᠤᠰᠣ ᠪᠠᠶᠢᠳᠠᠯ ᠢ ᠴᠢᠩᠭ᠎ᠠ ᠬᠢᠨᠠᠵᠤ᠂ ᠨᠢᠭᠡᠨᠳᠡ ᠡᠭᠦᠰᠦᠭᠰᠡᠨ ᠵᠠᠰᠠᠭ ᠤᠨ ᠣᠷᠳᠣᠨ ᠤ | ᠦᠷᠢ ᠶᠢ ᠠᠯᠭᠤᠷ ᠰᠢᠢᠳᠪᠦᠷᠢᠯᠡᠵᠤ᠂ ᠳᠠᠬᠢᠵᠤ ᠰᠢᠨ᠎ᠡ ᠦᠷᠢ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠡᠳ᠋ ᠤᠨ ᠵᠠᠰᠠᠭ | ᠤᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ᠂ | ᠭᠤᠤᠯᠳᠠᠯᠭ᠎ᠠ ᠲᠠᠢ ᠭᠠᠶᠢᠯᠢ ᠳᠣᠰᠢᠶᠠᠭᠴᠢ᠂ ᠭᠤᠤᠯᠳᠠᠯᠭ᠎ᠠ ᠲᠠᠢ ᠳᠠᠳᠠᠪᠤᠷᠢᠯᠠᠬᠤ ᠭᠠᠶᠢᠯᠢ ᠶᠢᠨ ᠲᠦᠷᠦᠯ ᠵᠤᠶᠢᠯ ᠳᠠᠬᠢ | ᠬᠠᠮᠢᠶᠠᠷᠣᠯᠳᠠ ᠪᠠᠨ ᠴᠢᠩᠭᠠᠳᠬᠠᠵᠤ᠂ ᠬᠤᠷᠢᠶᠠᠬᠤ ᠵᠤᠬᠢᠰᠳᠠᠢ ᠭᠠᠶᠢᠯᠢ ᠶᠢ ᠳᠠᠷᠣᠢ ᠲᠦᠷᠭᠡᠨ ᠬᠤᠷᠢᠶᠠᠨ᠎ᠠ᠃ ᠵᠠᠷᠣᠯᠭ᠎ᠠ ᠶᠢᠨ | ᠪᠦᠳᠦᠴᠡ ᠶᠢ ᠳᠣᠬᠢᠷᠠᠭᠤᠯᠤᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠪᠡᠷ ᠤᠨ ᠵᠠᠷᠣᠳᠠᠯ ᠢ ᠪᠠᠭᠠᠰᠬᠠᠨ᠂ ᠣᠯᠠᠨ | ᠨᠡᠶᠢᠳᠠ ᠶᠢᠨ ᠡᠳ᠋ ᠤᠨ ᠵᠠᠰᠠᠭ ᠤᠨ ᠪᠠᠳᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠷᠭᠠᠨ ᠬᠦᠮᠦᠵᠢᠯ ᠤᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠰᠣᠷᠭᠠᠨ ᠬᠦᠮᠦᠵᠢᠯ ᠤᠨ ᠬᠦᠭᠵᠢᠯᠳᠠ ᠶᠢᠨ ᠱᠠᠭᠠᠷᠳᠠᠯᠭ᠎ᠠ ᠶᠤᠰᠣᠭᠠᠷ | ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠠᠰᠣ ᠴᠢᠨᠠᠷ ᠢ ᠳᠡᠭᠡᠭᠰᠢᠯᠡᠭᠦᠯᠬᠦ ᠡᠭᠦᠳᠡᠨ ᠠᠴᠠ ᠬᠤᠶᠠᠳᠣᠭᠠᠷ ᠳᠣᠮᠳᠠᠳᠣ | ᠰᠣᠷᠭᠠᠭᠤᠯᠢ ᠳᠤ ᠰᠣᠷᠭᠠᠭᠤᠯᠢ ᠶᠢᠨ ᠵᠠᠬᠢᠷᠤᠯ ᠣᠷᠢᠨ ᠬᠡᠷᠡᠭᠯᠡᠬᠦ ᠲᠦᠷᠢᠮ ᠢ ᠡᠬᠢᠯᠡᠨ ᠬᠡᠷᠡᠭᠵᠢᠭᠦᠯᠬᠦ ᠶᠢᠨ ᠵᠡᠷᠭᠡᠴᠡᠭᠡ ᠨᠠᠰᠣᠨ | ᠳᠣᠷᠰᠢ ᠳᠣᠰᠢᠶᠠᠯ ᠬᠠᠷᠢᠭᠤᠴᠠᠬᠤ ᠲᠦᠷᠢᠮ ᠢ ᠦᠭᠡᠶᠢᠰᠬᠡᠵᠦ᠂ ᠡᠯ᠎ᠡ ᠰᠣᠷᠭᠠᠭᠤᠯᠢ ᠳᠤ ᠵᠠᠬᠢᠷᠦᠯ ᠣᠷᠢᠨ ᠬᠡᠷᠡᠭᠯᠡᠬᠦ ᠲᠦᠷᠢᠮ | ᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠦᠷ᠎ᠡ ᠪᠦᠳᠦᠮᠵᠢ ᠲᠠᠢ ᠣᠷᠮᠠᠰᠢᠭᠤᠯᠤᠯ ᠤᠨ ᠪᠤᠯᠤᠨ ᠬᠢᠨᠡᠨ ᠰᠢᠯᠭᠠᠬᠤ ᠪᠠ | ᠦᠨᠡᠯᠡᠯᠭᠡ ᠬᠢᠬᠦ ᠲᠦᠷᠢᠮ ᠢ ᠳᠣᠭᠳᠠᠭᠠᠵᠤ᠂ ᠦᠷᠢᠰᠦᠯᠳᠦᠭᠡᠨ ᠢᠶᠠᠷ ᠳᠠᠮᠵᠢᠭᠤᠯᠵᠤ ᠠᠵᠢᠯ ᠳᠤ ᠠᠪᠬᠤ᠂ ᠰᠢᠯᠢᠳᠡᠭ ᠢ | ᠰᠣᠩᠭᠤᠨ ᠬᠡᠷᠡᠭᠯᠡᠬᠦ ᠵᠡᠷᠴᠢᠮ ᠢ ᠨᠠᠶᠢᠳᠠᠪᠤᠷᠢᠵᠢᠭᠤᠯᠤᠨ᠎ᠠ᠃ ᠪᠠᠭᠰᠢ ᠡᠯᠰᠡᠬᠦ ᠳᠤ ᠪᠠᠨ ᠨᠣᠳᠤᠭ ᠣᠷᠣᠨ ᠢᠶᠠᠷ ᠬᠢᠵᠠᠭᠠᠷᠯᠠᠬᠤ | ᠶᠢ ᠲᠡᠪᠴᠢᠵᠦ᠂ ᠡᠯᠰᠡᠬᠦ ᠬᠦᠷᠢᠶ᠎ᠠ ᠬᠡᠪᠴᠢᠶ᠎ᠠ ᠶᠢ ᠦᠷᠭᠡᠳᠬᠡᠬᠦ ᠶᠢᠨ ᠬᠠᠮᠳᠣ ᠪᠠᠭᠰᠢ ᠶᠢᠨ ᠴᠠᠯᠢᠩ ᠣᠯᠭᠤᠮᠵᠢ ᠶᠢ | ᠳᠡᠭᠡᠭᠰᠢᠯᠡᠭᠦᠯᠵᠦ᠂ ᠨᠡᠩ ᠣᠯᠠᠨ ᠴᠢᠳᠠᠪᠤᠷᠢᠳᠠᠢ ᠵᠠᠯᠠᠭᠤ ᠪᠠᠭᠰᠢ ᠮᠠᠨ ᠤ ᠬᠤᠰᠢᠭᠤᠨ ᠳᠤ ᠢᠷᠡᠵᠦ ᠠᠵᠢᠯᠯᠠᠬᠤ ᠶᠢ | ᠵᠤᠷᠢᠭᠵᠢᠭᠤᠯᠤᠨ᠎ᠡ᠃ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠲᠦᠷᠦ ᠶᠢᠨ | ᠠᠯᠪᠠᠳᠠᠨ ᠤ ᠬᠠᠮᠢᠶᠠᠷᠣᠯᠳᠠ ᠪᠠ ᠳᠣᠰᠬᠠᠢ ᠮᠡᠷᠭᠡᠵᠢᠯ ᠤᠨ ᠠᠵᠢᠯᠳᠠᠳ ᠤᠨ ᠡᠩᠨᠡᠭᠡᠨ ᠤ ᠵᠤᠬᠢᠶᠠᠨ ᠪᠠᠶᠢᠭᠤᠯᠤᠯᠳᠠ ᠶᠢ | ᠴᠢᠩᠭᠠᠳᠬᠠᠵᠤ᠂ ᠴᠠᠯᠢᠩ ᠠᠪᠴᠤ ᠠᠮᠠᠷᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠠᠵᠢᠯᠳᠠᠨ ᠠᠵᠢᠯᠴᠢᠨ ᠡᠯᠰᠡᠬᠦ ᠠᠵᠢᠯ | ᠢ ᠣᠯᠠᠮ ᠨᠢᠭᠡ ᠠᠯᠬᠤᠮ ᠲᠦᠷᠢᠮᠵᠢᠭᠦᠯᠵᠦ᠂ ᠬᠢᠨᠡᠨ ᠰᠢᠯᠭᠠᠬᠤ ᠳᠣᠭᠳᠠᠯᠴᠠᠭ᠎ᠠ ᠶᠢ ᠳᠡᠭᠦᠯᠳᠡᠷᠵᠢᠭᠦᠯᠦᠨ᠂ ᠠᠳᠠᠯᠢ ᠪᠤᠰᠤ | ᠲᠦᠷᠦᠯ ᠤᠨ ᠠᠵᠢᠯ ᠦᠢᠯᠡᠰ ᠤᠨ ᠨᠢᠭᠡᠴᠡ ᠳᠤ ᠠᠳᠠᠯᠢ ᠪᠤᠰᠣ ᠰᠢᠯᠭᠠᠨ ᠡᠯᠰᠡᠬᠦ ᠠᠷᠭ᠎ᠠ ᠬᠡᠮᠵᠢᠶ᠎ᠠ ᠶᠢ ᠳᠣᠬᠢᠷᠠᠭᠤᠯᠤᠨ | ᠬᠡᠷᠡᠭᠯᠡᠨ᠎ᠡ᠃ ᠠᠵᠢᠯ ᠦᠢᠯᠡᠰ ᠤᠨ ᠨᠢᠭᠡᠴᠡ ᠳᠤ ᠦᠷ᠎ᠡ ᠪᠦᠳᠦᠮᠵᠢ ᠶᠢᠨ ᠴᠡᠯᠢᠩ ᠬᠡᠷᠡᠭᠵᠢᠭᠦᠯᠬᠦ ᠲᠦᠷᠢᠮ ᠢ ᠣᠯᠠᠮ ᠨᠢᠭᠡ | ᠠᠯᠬᠤᠮ ᠨᠠᠷᠢᠯᠢᠭᠵᠢᠭᠤᠯᠵᠤ᠂ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠣᠷᠮᠠᠰᠢᠭᠤᠯᠤᠯ ᠤᠨ ᠦᠢᠯᠡᠳᠦᠯ ᠢ | ᠪᠠᠳᠠᠷᠠᠭᠤᠯᠤᠨ᠎ᠠ᠃ ᠬᠦᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠣᠯᠠᠮ ᠨᠢᠭᠡ ᠠᠯᠬᠤᠮ ᠴᠡᠭᠴᠡᠯᠡᠵᠤ᠂ | ᠡᠯ᠎ᠡ ᠠᠵᠢᠯ ᠲᠦᠷᠦᠯ ᠳᠤ ᠪᠠᠶᠢᠭ᠎ᠠ ᠬᠦᠯᠦᠰᠦᠨ ᠠᠵᠢᠯᠴᠢᠨ ᠤ ᠴᠡᠯᠢᠩ ᠤᠨ ᠪᠠᠳᠣᠯᠠᠭ᠎ᠠ ᠶᠢᠨ ᠮᠦᠩᠭᠦᠨ ᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠣᠯᠣᠰ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠠᠶᠢᠭᠡᠮ ᠤᠨ ᠡᠭᠦᠷᠭᠡ ᠬᠤᠪᠢᠶᠠᠷᠢᠯᠠᠯ ᠤᠨ ᠳᠣᠬᠠᠢ ᠦᠭᠡᠷᠡᠴᠢᠯᠡᠯᠳᠡ ᠶᠢ | ᠠᠬᠢᠭᠤᠯᠤᠨ᠎ᠠ᠃ ᠬᠤᠶᠠᠷ ᠵᠢᠯ ᠤᠨ ᠳᠣᠳᠣᠷ᠎ᠠ ︽5.1︾ ᠦᠷ᠎ᠡ ᠶᠢᠨ ᠮᠠᠯ ᠤᠨ ᠲᠠᠯᠠᠪᠠᠢ᠂ ᠪᠤᠷᠤᠬᠤᠳᠠ ᠵᠢᠱᠢᠶ᠎ᠠ | ᠦᠵᠡᠭᠦᠯᠬᠦ ᠲᠣᠭᠤᠷᠢᠭ ᠪᠠ ᠷᠡᠰᠢᠶᠠᠨᠳᠣ ᠮᠠᠯᠵᠢᠯ ᠤᠨ ᠲᠠᠯᠠᠪᠠᠢ ᠶᠢᠨ ᠨᠡᠶᠢᠭᠡᠮ ᠤᠨ ᠡᠭᠦᠷᠭᠡ ᠬᠤᠪᠢᠶᠠᠷᠢᠯᠠᠯ ᠢ ᠦᠭᠡᠷᠡᠴᠢᠯᠡᠵᠦ | ᠂ ᠰᠢᠶᠠᠩ ᠪᠠᠯᠭᠠᠰᠣᠨ ᠤ ᠪᠠᠶᠢᠭᠤᠯᠤᠮᠵᠢ ᠶᠢᠨ ᠲᠦᠷᠢᠮ ᠢ ᠬᠡᠷᠡᠭᠵᠢᠭᠦᠯᠦᠨ᠂ ᠪᠠᠶᠢᠭᠤᠯᠤᠮᠵᠢ ᠨᠢ ᠭᠠᠵᠠᠷ ᠣᠷᠣᠨ ᠳᠤ ᠪᠠᠨ | ᠳᠣᠬᠢᠷᠴᠣ᠂ ᠬᠠᠮᠢᠶᠠᠷᠣᠯᠳᠠ ᠨᠢ ᠨᠡᠶᠢᠭᠡᠮ ᠢᠶᠠᠨ ᠳᠠᠶᠢᠴᠢᠯᠠᠵᠤ᠂ ᠠᠵᠤ ᠠᠬᠤᠢ ᠨᠢ ᠵᠠᠬ᠎ᠠ ᠲᠡᠯᠭᠡᠭᠦᠷ ᠢᠶᠠᠷ ᠡᠷᠴᠢᠮᠵᠢᠭᠰᠡᠨ | ᠭᠡᠪ ᠵᠠᠭᠪᠤᠷ ᠢ ᠪᠤᠢ ᠪᠤᠯᠭᠠᠨ᠎ᠠ᠃ | ︵ᠨᠠᠢᠮᠡ︶ ᠨᠡᠶᠢᠭᠡᠮ ᠢ ᠬᠠᠮᠢᠶᠠᠷᠤᠨ ᠵᠠᠰᠠᠬᠤ ᠰᠢᠰᠲ᠋ᠧᠮ ᠢ ᠰᠢᠨᠡᠴᠢᠯᠡᠵᠦ᠂ ᠡᠶ᠎ᠡ ᠵᠤᠬᠢᠴᠠᠯᠳᠣ ᠳᠣᠭᠳᠠᠭᠤᠨ | ᠪᠠᠶᠢᠳᠠᠯ ᠢ ᠠᠬᠢᠭᠤᠯᠤᠨ᠎ᠠ᠃ | ᠣᠶᠣᠨ ᠤ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠤ᠂ ᠨᠠᠶᠢᠭᠡᠮ ᠤᠨ ᠪᠤᠯᠪᠠᠰᠣᠨ ᠤ | ᠬᠢᠷᠢ ᠲᠦᠪᠰᠢᠨ ᠢ ᠳᠡᠭᠡᠭᠰᠢᠯᠡᠭᠦᠯᠦᠨ᠂ ︽ᠳᠣᠮᠳᠠᠳᠣ ᠶᠢᠨ ᠬᠦᠰᠡᠯᠡᠩ︾ ᠭᠤᠣᠯ ᠰᠡᠳᠦᠪᠳᠦ ᠤᠬᠠᠭᠤᠯᠭ᠎ᠠ ᠬᠦᠮᠦᠵᠢᠯ ᠤᠨ | ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠨᠡᠶᠢᠭᠡᠮ ᠨᠡᠶᠢᠳᠡ ᠶᠢᠨ ᠶᠣᠰᠣ ᠰᠣᠷᠳᠠᠬᠤᠨ᠂ ᠠᠵᠢᠯ ᠮᠡᠷᠭᠡᠵᠢᠯ ᠤᠨ ᠬᠡᠪ | ᠰᠣᠷᠳᠠᠯ᠂ ᠭᠡᠷ ᠪᠦᠯᠢ ᠶᠢᠨ ᠪᠤᠯᠪᠠᠰᠣᠨ ᠰᠣᠷᠭᠠᠯ ᠪᠠ ᠬᠤᠪᠢ ᠬᠦᠮᠦᠨ ᠤ ᠮᠤᠷᠠᠯ ᠪᠤᠯᠪᠠᠰᠣᠷᠠᠯ ᠢ ᠴᠢᠷᠮᠠᠶᠢᠨ | ᠳᠡᠭᠡᠭᠰᠢᠯᠡᠭᠦᠯᠦᠨ᠎ᠡ᠃ ᠬᠡᠪᠯᠡᠯ ᠮᠡᠳᠡᠭᠡᠯᠡᠯ ᠤᠨ ᠦᠢᠯᠡᠳᠦᠯ ᠢ ᠪᠠᠳᠠᠷᠠᠭᠤᠯᠵᠤ ᠵᠦᠪ ᠦᠢᠯᠡ᠂ ᠵᠦᠪ ᠤᠬᠠᠮᠰᠠᠷ ᠢ | ᠰᠣᠷᠳᠠᠯᠴᠢᠯᠠᠨ᠂ ᠠᠷᠢᠭᠤᠨ ᠴᠢᠭᠡᠴᠢ᠂ ᠲᠦᠪ ᠭᠤᠤᠯᠴᠢ ᠨᠠᠶᠢᠭᠡᠮ ᠤᠨ ᠣᠷᠴᠢᠨ ᠠᠬᠤᠢ ᠶᠢ ᠪᠤᠢ ᠪᠤᠯᠭᠠᠨ᠎ᠠ᠃ | ᠦᠨᠳᠦᠰᠦᠳᠡᠨ ᠤ ᠪᠦᠯᠬᠦᠮᠳᠠᠯ ᠢ ᠣᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ | ᠠᠬᠢᠭᠤᠯᠬᠤ ᠣᠬᠠᠭᠤᠯᠭ᠎ᠠ ᠪᠠ ᠰᠢᠯᠭᠠᠷᠠᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠭᠦᠯᠦᠨ᠂ ᠡᠷᠭᠡ ᠳᠡᠭᠰᠢ ᠪᠦᠯᠬᠦᠮᠳᠠᠯ ᠲᠠᠢ᠂ | ᠬᠠᠷᠢᠯᠴᠠᠨ ᠬᠠᠪᠰᠣᠷᠣᠯᠴᠠᠨ ᠡᠶ᠎ᠡ ᠨᠠᠶᠢᠷᠳᠠᠢ ᠪᠠᠶᠢᠬᠤ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠬᠦ ᠶᠢᠨ | ᠬᠠᠮᠳᠣ ᠱᠠᠰᠢᠨ ᠰᠢᠳᠣᠯᠭᠡ ᠶᠢᠨ ᠴᠢᠯᠦᠭᠡᠳᠠᠢ ᠪᠠᠶᠢᠬᠤ ᠲᠦᠷᠦ ᠶᠢᠨ ᠪᠤᠳᠣᠯᠭ᠎ᠠ ᠶᠢ ᠳᠣᠣᠱᠯᠠᠭᠤᠯᠵᠤ᠂ ᠱᠠᠰᠢᠨ ᠰᠣᠷᠳᠠᠬᠤᠨ | ᠤ ᠬᠡᠷᠡᠭ ᠶᠠᠪᠤᠳᠠᠯ ᠤᠨ ᠬᠠᠣᠯᠢ ᠶᠣᠰᠣᠨ ᠤ ᠬᠠᠮᠢᠶᠠᠷᠤᠯᠳᠠ ᠪᠠᠨ ᠴᠢᠩᠭᠠᠳᠬᠠᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ | ᠶᠢ ᠣᠬᠠᠭᠤᠯᠤᠨ ᠳᠡᠯᠭᠡᠷᠡᠭᠦᠯᠬᠦ ᠬᠦᠴᠦᠯᠡᠴᠡ ᠶᠢ ᠨᠡᠮᠡᠭᠳᠡᠭᠦᠯᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ | ᠤ ᠲᠦᠪᠰᠢᠨ ᠢ ᠳᠡᠭᠡᠭᠰᠢᠯᠡᠭᠦᠯᠦᠨ᠎ᠡ᠃ ᠨᠠᠰᠣᠳᠠᠶᠢᠴᠣᠳ ᠤᠨ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠵᠤ᠂ ᠡᠮᠡᠭᠳᠠᠶᠢᠴᠣᠳ | ᠪᠤᠯᠤᠨ ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠦᠨᠡᠨᠬᠦ ᠪᠠᠳᠣᠯᠠᠨ ᠬᠠᠮᠠᠭᠠᠯᠠᠵᠤ᠂ ᠵᠡᠮᠳᠡᠭᠴᠣᠳ ᠤᠨ ᠠᠵᠢᠯ | ᠢ ᠬᠠᠯᠠᠮᠵᠢᠯᠠᠨ ᠳᠡᠮᠵᠢᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ | ᠣᠷᠳᠣᠨ ᠠᠴᠠ ᠵᠢᠯᠣᠭᠤᠳᠴᠣ᠂ ᠨᠠᠶᠢᠭᠡᠮ ᠢᠶᠠᠷ ᠢᠶᠠᠨ ᠣᠷᠣᠯᠴᠠᠨ᠂ ᠪᠠᠶ᠎ᠠ ᠪᠠᠨ ᠳᠠᠭᠠᠭᠠᠨ ᠠᠵᠢᠯᠯᠠᠬᠤ ᠠᠵᠢᠯ ᠤᠨ | ᠳᠣᠭᠳᠠᠯᠴᠠᠭ᠎ᠠ ᠶᠢ ᠪᠠᠶᠢᠭᠤᠯᠵᠤ᠂ ᠡᠯ᠎ᠡ ᠨᠡᠶᠢᠭᠡᠮᠯᠢᠭ ᠪᠦᠯᠬᠦᠮ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ | ᠬᠦᠭᠵᠢᠯᠳᠠ ᠳᠤ ᠬᠤᠪᠢ ᠨᠡᠮᠡᠷᠢ ᠣᠷᠣᠭᠤᠯᠬᠤ ᠶᠢ ᠵᠤᠷᠢᠭᠵᠢᠭᠤᠯᠤᠨ ᠳᠡᠮᠵᠢᠨ᠎ᠡ᠃ ᠬᠠᠣᠯᠢ ᠪᠠᠷ ᠬᠤᠰᠢᠭᠤ ᠪᠠᠨ ᠵᠠᠰᠠᠬᠤ | ᠠᠵᠢᠯ ᠢ ᠠᠬᠢᠭᠤᠯᠵᠤ᠂ ᠬᠠᠣᠯᠢ ᠳᠦᠷᠢᠮ ᠤᠨ ᠣᠬᠠᠭᠤᠯᠭ᠎ᠠ ᠬᠦᠮᠦᠵᠢᠯ ᠢ ᠴᠢᠩᠭᠠᠳᠬᠠᠨ᠂ ᠬᠠᠣᠯᠢ ᠲᠦᠭᠡᠮᠡᠯᠵᠢᠬᠦᠯᠬᠦ | ᠪᠤᠯᠤᠨ ᠬᠠᠣᠯᠢ ᠪᠠᠷ ᠵᠠᠰᠠᠬᠤ ᠠᠵᠢᠯ ᠢ ᠬᠦᠨᠵᠡᠭᠡᠶᠢᠷᠡᠭᠦᠯᠵᠦ᠂ ᠪᠦᠬᠦ ᠨᠡᠶᠢᠭᠡᠮ ᠢᠶᠠᠷ ᠢᠶᠠᠨ ᠬᠠᠣᠯᠢ ᠰᠣᠷᠴᠣ᠂ ᠬᠠᠣᠯᠢ ᠶᠢ | ᠰᠠᠬᠢᠵᠤ᠂ ᠬᠠᠣᠯᠢ ᠶᠢ ᠬᠡᠷᠡᠭᠯᠡᠭᠰᠡᠨ ᠣᠬᠢ ᠰᠠᠶᠢᠨ ᠣᠷᠴᠢᠨ ᠢ ᠪᠤᠢ ᠪᠤᠯᠭᠠᠨ᠎ᠠ᠃ ᠪᠠᠴᠢᠮ ᠪᠠᠶᠢᠳᠠᠯ ᠢ ᠰᠡᠷᠭᠡᠶᠢᠯᠡᠬᠦ ᠰᠠᠭᠤᠷᠢ | ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠳᠣᠰᠠᠯᠠᠬᠤ ᠰᠢᠰᠲ᠋ᠧᠮ ᠢ | ᠳᠡᠭᠦᠯᠳᠡᠷᠵᠢᠭᠦᠯᠵᠦ᠂ ᠴᠠᠭ ᠠᠭᠤᠷ ᠤᠨ ᠭᠠᠢ ᠭᠠᠮᠰᠢᠭ ᠢ ᠣᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠨ᠂ ᠭᠠᠵᠠᠷ | ᠬᠦᠳᠡᠯᠦᠯᠳᠡ ᠠᠴᠠ ᠰᠡᠷᠭᠡᠶᠢᠯᠡᠬᠦ ᠵᠢᠴᠢ ᠭᠠᠮᠰᠢᠭᠳᠠᠯ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠭᠠᠮᠰᠢᠭ ᠢ ᠰᠡᠷᠭᠡᠶᠢᠯᠡᠵᠦ ᠠᠪᠤᠷᠠᠨ ᠳᠣᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠨᠡᠨ ᠬᠠᠮᠢᠶᠠᠷᠤᠯᠳᠠ ᠶᠢ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠶᠤᠯᠭᠦᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠳᠦᠮᠵᠢᠳᠦ ᠳᠣᠭᠳᠠᠯᠴᠠᠭ᠎ᠠ ᠶᠢ ᠪᠠᠶᠢᠭᠤᠯᠵᠤ᠂ ᠣᠨᠴᠠ ᠶᠡᠭᠡ | ᠣᠰᠣᠯ ᠠᠳᠡᠯ ᠪᠠ ᠨᠠᠶᠢᠭᠡᠮ ᠤᠨ ᠬᠡᠷᠡᠭ ᠣᠴᠢᠷ ᠡᠭᠦᠰᠬᠦ ᠠᠴᠠ ᠰᠡᠷᠭᠡᠶᠢᠯᠡᠨ᠎ᠡ᠃ ᠢᠳᠡᠭᠡᠨ ᠪᠤᠯᠤᠨ ᠡᠮ ᠤᠨ ᠵᠤᠶᠢᠯᠡᠰ ᠤᠨ | ᠬᠢᠨᠡᠨ ᠬᠠᠮᠢᠶᠠᠷᠣᠯᠳᠠ ᠶᠢ ᠴᠢᠩᠭᠠᠳᠬᠠᠵᠤ᠂ ᠢᠳᠡᠭᠡᠨ ᠣᠮᠳᠠᠭᠠᠨ ᠪᠤᠯᠤᠨ ᠡᠮ ᠲᠠᠩ ᠣᠷᠣᠭᠤᠯᠵᠤ ᠪᠤᠷᠤᠯᠠᠭᠤᠯᠬᠤ ᠡᠯ᠎ᠡ | ᠶᠠᠪᠤᠴᠠ ᠳᠤ ᠳᠣᠰᠬᠠᠢ ᠴᠡᠭᠴᠡᠯᠡᠬᠦ ᠠᠵᠢᠯᠯᠠᠭ᠎ᠠ ᠦᠷᠨᠢᠭᠦᠯᠵᠦ᠂ ᠣᠯᠠᠨ ᠲᠦᠮᠡᠨ ᠤ ᠡᠷᠡᠭᠦᠯ ᠡᠩᠬᠡ ᠶᠢ ᠪᠠᠳᠣᠯᠠᠨ᠎ᠠ᠃ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠣᠯᠳᠠ ᠶᠢ ᠬᠠᠤᠯᠢ ᠶᠤᠰᠣᠭᠠᠷ ᠴᠢᠩᠭᠠᠳᠬᠠᠵᠤ᠂ ᠬᠦᠮᠦᠰ ᠤᠨ ᠶᠠᠪᠤᠵᠤ | ᠰᠠᠭᠤᠬᠤ ᠠᠮᠤᠷ ᠲᠦᠪᠰᠢᠨ ᠢ ᠪᠠᠳᠣᠯᠠᠨ᠎ᠠ᠃ ᠳᠤᠭ᠎ᠠ ᠪᠦᠷᠢᠳᠬᠡᠯ ᠤᠨ ᠠᠵᠢᠯ ᠤᠨ ᠬᠦᠴᠦᠨ ᠪᠠ ᠬᠢᠷᠢ ᠲᠦᠪᠰᠢᠨ ᠢ | ᠳᠠᠰᠣᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠳᠣᠨ ᠤ ᠳᠤᠭ᠎ᠠ ᠪᠦᠷᠢᠳᠭᠡᠯ ᠤᠨ ᠵᠤᠬᠢᠶᠠᠨ ᠪᠠᠶᠢᠭᠤᠯᠤᠯᠳᠠ ᠶᠢᠨ | ᠲᠠᠪᠤᠨ ᠤᠳᠣᠨ ᠲᠡᠰ ᠬᠦᠷᠦᠭᠰᠡᠨ ᠪᠠᠶᠢᠷᠢ ᠰᠠᠭᠤᠷᠢ ᠶᠢ ᠪᠠᠬᠢᠵᠢᠭᠦᠯᠵᠦ᠂ ᠪᠦᠬᠦ ᠣᠯᠣᠰ ᠤᠨ ᠭᠤᠷᠪᠠᠳᠣᠭᠠᠷ ᠣᠳᠠᠭᠠᠨ ᠤ | ᠠᠵᠤ ᠠᠬᠤᠢ ᠶᠢᠨ ᠨᠠᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠦᠨ᠎ᠡ᠃ ᠬᠦᠮᠦᠨ ᠠᠮᠠ ᠪᠠ | ᠲᠦᠯᠦᠪᠯᠡᠭᠡᠳᠦ ᠦᠷᠡᠵᠢᠯ ᠤᠨ ᠠᠵᠢᠯ ᠢ ᠴᠢᠩᠭᠠᠳᠬᠠᠨ᠎ᠡ᠃ ᠠᠷᠠᠳ ᠤᠨ ᠵᠡᠪᠰᠡᠭᠳᠦ ᠬᠦᠴᠦᠨ ᠤ ᠡᠩᠨᠡᠭᠡᠨ ᠤ | ᠪᠠᠶᠢᠭᠤᠯᠤᠯᠳᠠ ᠶᠢ ᠳᠡᠮᠵᠢᠵᠦ᠂ ᠵᠠᠰᠠᠭ ᠨᠢ ᠴᠡᠷᠢᠭ ᠢᠶᠠᠨ ᠬᠠᠶᠢᠷᠠᠯᠠᠵᠤ᠂ ᠴᠡᠷᠢᠭ ᠠᠩᠬᠢ ᠨᠢ ᠵᠠᠰᠠᠭ ᠢᠶᠠᠨ ᠬᠦᠷᠢᠶᠠᠯᠠᠬᠦ ᠶᠢ | ᠪᠠᠷᠢᠮᠳᠠᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠠᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠶᠡᠷᠦᠩᠬᠡᠶᠢᠯᠡᠭᠰᠡᠨ ᠴᠡᠭᠴᠡᠯᠡᠨ ᠬᠠᠮᠢᠶᠠᠷᠣᠯᠳᠠ ᠶᠢ ᠴᠢᠩᠭᠠᠳᠬᠠᠵᠤ᠂ | ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠨ ᠬᠢᠬᠦ︾ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠲᠠᠯ᠎ᠠ ᠪᠠᠷ ᠢᠯᠡᠭᠦᠦ ᠰᠡᠳᠬᠢᠯ ᠲᠠᠯᠪᠢᠵᠤ᠂ ᠳᠡᠭᠡᠭᠰᠢ | ᠮᠡᠳᠡᠭᠦᠯᠬᠦ ᠶᠢ ᠨᠢ ᠬᠦᠯᠢᠶᠡᠵᠦ ᠰᠠᠭᠤᠳᠠᠭ ᠳᠠᠳᠬᠠᠯ ᠢ ᠳᠣᠷᠣᠭᠰᠢ ᠪᠠᠭᠤᠨ ᠠᠰᠠᠭᠤᠨ ᠬᠠᠯᠠᠮᠵᠢᠯᠠᠳᠠᠭ ᠪᠤᠯᠭᠠᠨ | ᠬᠤᠪᠢᠷᠠᠭᠤᠯᠵᠤ᠂ ᠣᠯᠠᠨ ᠲᠦᠮᠡᠨ ᠤ ᠳᠣᠰᠬᠠᠭᠰᠠᠨ ᠠᠰᠠᠭᠤᠳᠠᠯ ᠢ ᠴᠠᠭ ᠳᠣᠬᠠᠢ ᠳᠤᠨᠢ ᠪᠦᠳᠦᠮᠵᠢᠳᠠᠢ ᠰᠢᠢᠳᠪᠦᠷᠢᠯᠡᠨ᠎ᠡ᠃ | ︽ᠠᠮᠤᠷ ᠲᠦᠪᠰᠢᠨ ᠰᠢᠯᠤᠭᠤᠨ ᠬᠦᠬᠡ︾ ᠢ ᠴᠣᠭᠴᠠᠯᠠᠨ ᠪᠠᠶᠢᠭᠤᠯᠬᠤ ᠢᠨᠵᠧᠨᠧᠷᠢᠩ ᠢ ᠨᠠᠷᠢᠨ ᠨᠢᠮᠪᠠᠢ ᠬᠡᠷᠡᠭᠵᠢᠭᠦᠯᠵᠦ᠂ | ᠨᠠᠶᠢᠭᠡᠮ ᠤᠨᠠᠮᠤᠷ ᠲᠦᠪᠰᠢᠨ ᠢ ᠰᠡᠷᠭᠡᠶᠢᠯᠡᠨ ᠵᠠᠰᠠᠬᠤ ᠬᠦᠴᠦᠨ ᠢᠶᠠᠨ ᠨᠡᠮᠡᠭᠳᠡᠭᠦᠯᠵᠦ᠂ ᠲᠤᠤᠷ ᠰᠦᠯᠵᠢᠶᠠᠨ ᠳᠡᠭᠡᠷᠡᠬᠢ | ᠶᠡᠷᠢᠶ᠎ᠠ ᠬᠡᠯᠡᠯᠴᠡᠭᠡ ᠶᠢ ᠬᠢᠨᠡᠨ ᠡᠵᠡᠮᠰᠢᠬᠦ ᠶᠢᠨ ᠬᠠᠮᠳᠣ ᠡᠯ᠎ᠡ ᠵᠦᠢᠯ ᠤᠨ ᠬᠠᠣᠯᠢ ᠪᠤᠰᠣ ᠶᠠᠯᠠᠳᠣ ᠠᠵᠢᠯᠯᠠᠭᠠᠨ ᠳᠤ ᠴᠢᠩᠭ᠎ᠠ | ᠴᠤᠬᠢᠯᠳᠠ ᠦᠭᠴᠦ᠂ ᠣᠯᠠᠨ ᠲᠦᠮᠡᠨ ᠳᠤ ᠠᠮᠤᠷ ᠲᠦᠪᠰᠢᠨ᠂ ᠡᠶ᠎ᠡ ᠵᠤᠬᠢᠴᠠᠯᠳᠠᠢ᠂ ᠳᠣᠭᠳᠠᠪᠤᠷᠢᠳᠠᠢ ᠠᠮᠢᠳᠣᠷᠠᠯ ᠤᠨ | ᠣᠷᠴᠢᠨ ᠠᠬᠤᠢ ᠶᠢ ᠬᠠᠩᠭᠠᠬᠤ ᠪᠠᠷ ᠴᠢᠷᠮᠠᠶᠢᠨ᠎ᠠ᠃ | ︵ᠶᠢᠰᠣ︶ ᠵᠠᠰᠠᠭ ᠤᠨ ᠣᠷᠳᠣᠨ ᠤ ᠡᠬᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠬᠠᠣᠯᠢ ᠶᠤᠰᠣᠭᠠᠷ | ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠬᠡᠢ | ᠦᠷᠨᠢᠭᠦᠯᠬᠦ ᠶᠢᠨ ᠬᠠᠮᠳᠣ ᠡᠨᠡᠬᠦ ᠠᠵᠢᠯ ᠢ ᠵᠠᠰᠠᠭ ᠤᠨ ᠣᠷᠳᠣᠨ ᠤ ᠪᠤᠰᠣᠳ ᠠᠵᠢᠯ ᠯᠤᠭ᠎ᠠ ᠬᠠᠮᠳᠣ ᠳᠤᠨᠢ ᠠᠬᠢᠭᠤᠯᠤᠨ᠂ | ᠬᠠᠮᠳᠣ ᠳᠤᠨᠢ ᠨᠠᠶᠢᠳᠠᠪᠤᠷᠢᠵᠢᠭᠤᠯᠵᠤ᠂ ᠴᠣ ᠰᠢᠨ᠎ᠡ ᠰᠣᠷᠳᠠᠯ ᠤᠨ ᠪᠠᠶᠢᠭᠤᠯᠤᠯᠳᠠ ᠪᠠᠷ ᠠᠷᠠᠳ ᠣᠯᠠᠨ ᠤ ᠢᠳᠡᠭᠡᠯ ᠢ | ᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠡᠪᠬᠢ ᠶᠢ ᠲᠦᠷᠭᠡᠨ ᠬᠤᠪᠢᠷᠠᠭᠤᠯᠵᠤ᠂ ᠵᠠᠰᠠᠭ ᠤᠨ ᠣᠷᠳᠣᠨ ᠪᠤᠯᠤᠨ | ᠵᠠᠬ᠎ᠠ ᠲᠡᠯᠭᠡᠭᠦᠷ ᠯᠦᠭᠡ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠣᠷ ᠰᠢᠢᠳᠪᠦᠷᠢᠯᠡᠵᠦ᠂ ᠬᠠᠮᠢᠶᠠᠷᠬᠤ ᠴᠢᠬᠤᠯᠠ ᠦᠭᠡᠢ | ᠵᠦᠢᠯ ᠢ ᠳᠣᠳᠠᠭᠤ ᠬᠠᠮᠢᠶᠠᠷᠴᠣ᠂ ᠬᠠᠮᠢᠶᠠᠷᠬᠤ ᠶᠤᠰᠣᠳᠠᠢ ᠪᠠᠨ ᠴᠢᠩᠭ᠎ᠠ ᠬᠠᠮᠢᠶᠠᠷᠤᠨ᠂ ᠣᠯᠠᠨ ᠨᠠᠶᠢᠳᠠ ᠶᠢᠨ ᠦᠢᠯᠡᠴᠢᠯᠡᠭᠡ᠂ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ᠂ ᠨᠠᠶᠢᠭᠡᠮ ᠤᠨ ᠬᠠᠮᠢᠶᠠᠷᠤᠯᠳᠠ᠂ ᠣᠷᠴᠢᠨ ᠲᠤᠭᠤᠷᠢᠨ ᠤ ᠬᠠᠮᠠᠭᠠᠯᠠᠯᠳᠠ ᠵᠡᠷᠭᠡ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠠᠶᠠᠯᠠᠭᠦᠯᠵᠦ᠂ ᠬᠡᠷᠡᠭ ᠶᠠᠪᠤᠳᠠᠯ ᠤᠨ ᠡᠬᠢᠯᠡᠯ᠂ ᠦᠷᠨᠢᠯ᠂ | ᠲᠡᠭᠦᠰᠬᠡᠯ ᠭᠤᠷᠪᠠᠨ ᠶᠠᠪᠤᠴᠠ ᠶᠢ ᠴᠢᠩᠭ᠎ᠠ ᠬᠢᠨᠠᠨ ᠬᠠᠮᠢᠶᠠᠷᠤᠨ᠎ᠠ᠃ ᠬᠠᠣᠯᠢ ᠪᠠᠷ ᠵᠠᠰᠠᠭ ᠶᠠᠪᠤᠭᠤᠯᠬᠤ ᠬᠢᠷᠢ ᠲᠦᠪᠰᠢᠨ ᠪᠠ | ᠬᠠᠣᠯᠢ ᠶᠢᠨ ᠳᠠᠭᠠᠤ ᠠᠰᠠᠭᠤᠳᠠᠯ ᠰᠢᠢᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ᠂ ᠨᠠᠶᠢᠭᠡᠮ ᠤᠨ ᠡᠯ᠎ᠡ ᠡᠳᠡᠭᠡᠳ ᠤᠨ ᠬᠢᠨᠡᠯᠳᠠ ᠶᠢ | ᠣᠬᠠᠮᠰᠠᠷ ᠠᠴᠠ ᠪᠠᠨ ᠬᠦᠯᠢᠶᠠᠨ᠂ ᠣᠯᠠᠨ ᠲᠦᠮᠡᠨ ᠤ ᠣᠶᠢᠯᠠᠭᠠᠬᠤ ᠡᠷᠭᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ | ᠬᠢᠨᠠᠯᠳᠠ ᠲᠠᠯᠪᠢᠬᠤ ᠡᠷᠭᠡ ᠶᠢ ᠦᠨᠡᠨᠬᠦ ᠪᠠᠳᠣᠯᠠᠨ᠎ᠠ᠃ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠡᠰ ᠳᠠᠷᠠᠭᠠᠯᠠᠯ ᠢ | ᠲᠦᠷᠢᠮᠵᠢᠭᠦᠯᠵᠦ᠂ ᠵᠠᠰᠠᠭ ᠵᠠᠬᠢᠷᠭᠠᠨ ᠤ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠢᠨᠠᠯᠳᠠ ᠪᠠᠨ ᠴᠢᠩᠭᠠᠳᠬᠠᠨ᠂ | ᠬᠠᠷᠢᠭᠤᠴᠠᠯᠭ᠎ᠠ ᠪᠠᠨ ᠣᠮᠳᠣᠭᠠᠶᠢᠯᠠᠬᠤ᠂ ᠳᠣᠷ᠎ᠠ ᠪᠠᠷ ᠢᠶᠠᠨ ᠡᠵᠡᠨ ᠮᠡᠳᠡᠬᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ | ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠪᠠ | ᠳᠣᠪᠣᠶᠢᠮ᠎ᠠ ᠠᠰᠠᠭᠤᠳᠠᠯ ᠳᠡᠭᠡᠷ᠎ᠡ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠶᠢᠨ ᠴᠡᠭᠴᠡᠯᠡᠯᠳᠡ ᠦᠷᠨᠢᠭᠦᠯᠵᠦ᠂ ︽ | ᠲᠣᠷᠭᠠᠭᠤᠯᠢ ᠪᠠᠷ ᠬᠠᠮᠢᠶᠠᠷᠣᠯᠳᠠ ᠶᠢ ᠣᠷᠣᠯᠠᠭᠤᠯᠬᠤ︾ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠵᠠᠰᠠᠨ | ᠴᠡᠭᠴᠡᠯᠡᠵᠦ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠂ ᠨᠠᠶᠢᠭᠡᠮ ᠤᠨ ᠡᠷᠬᠡ ᠳᠡᠭᠰᠢ᠂ | ᠰᠢᠳᠣᠷᠭᠤ ᠶᠤᠰᠤ ᠶᠢ ᠬᠠᠮᠠᠭᠠᠯᠠᠨ᠎ᠠ᠃ ᠡᠯᠧᠲ᠋ᠣᠷᠣᠨᠴᠢᠯᠠᠭᠰᠠᠨ ᠵᠠᠰᠠᠭ ᠤᠨ ᠶᠠᠪᠤᠳᠠᠯ ᠢ ᠴᠢᠩᠭᠠᠳᠬᠠᠵᠤ᠂ ᠴᠢᠬᠤᠯᠠ ᠶᠡᠭᠡ | ᠰᠢᠢᠳᠪᠦᠷᠢ ᠪᠠᠶᠢᠷᠢᠯᠠᠭᠤᠯᠤᠯᠳᠠ ᠶᠢ ᠬᠢᠨᠡᠨ ᠪᠠᠶᠢᠴᠠᠭᠠᠬᠤ ᠳᠣᠰᠬᠠᠢ ᠳᠦᠷᠢᠮ ᠢ ᠣᠯᠠᠮ ᠨᠢᠭᠡ ᠠᠯᠬᠤᠮ ᠨᠠᠶᠢᠳᠠᠪᠤᠷᠢᠵᠢᠭᠤᠯᠵᠤ | ᠂ ᠵᠠᠰᠠᠭ ᠤᠨ ᠵᠠᠷᠯᠢᠭ ᠢ ᠰᠠᠭᠠᠳ ᠦᠭᠡᠢ ᠨᠡᠪᠳᠡᠷᠡᠭᠦᠯᠬᠦ ᠶᠢ ᠪᠠᠳᠣᠯᠠᠨ᠎ᠡ᠃ ᠵᠠᠰᠠᠭ ᠵᠠᠬᠢᠷᠭᠠᠨ ᠤ ᠦᠢᠯᠡᠴᠢᠯᠡᠭᠡᠨ ᠤ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠨᠠᠶᠢᠳᠠ ᠶᠢᠨ ᠦᠢᠯᠡᠴᠢᠯᠡᠭᠡᠨ ᠤ ᠪᠦᠬᠦᠶᠢᠯᠡ ᠪᠠᠶᠢᠭᠤᠯᠭ᠎ᠠ ᠨᠢᠭᠡᠴᠡ | ᠠᠴᠠ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠦᠢᠯᠡᠴᠢᠯᠡᠬᠦ ᠴᠢᠭ ᠭᠠᠷᠭᠠᠵᠤ ᠣᠯᠠᠨ ᠲᠦᠮᠡᠨ ᠳᠤ ᠳᠦᠭᠦᠮ | ᠦᠵᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠬᠦᠨᠵᠡᠬᠡᠢ ᠠᠬᠢᠭᠤᠯᠵᠤ᠂ ︽ᠨᠠᠮ ᠵᠠᠰᠠᠭ ᠤᠨ | ᠪᠠᠶᠢᠭᠤᠯᠭ᠎ᠠ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠦᠷᠢᠮ︾ ᠢ ᠴᠢᠩᠭ᠎ᠠ | ᠪᠠᠷᠢᠮᠳᠠᠯᠠᠨ᠂ ︽ᠭᠤᠷᠪᠠᠨ ᠲᠦᠷᠦᠯ ᠤᠨ ᠠᠯᠪᠠᠨ ᠵᠠᠷᠣᠳᠠᠯ︾ ᠪᠠ ᠪᠠᠶᠢᠩᠭᠤ ᠶᠢᠨ ᠴᠢᠨᠠᠷᠳᠠᠢ ᠵᠠᠷᠣᠳᠠᠯ ᠢ ᠣᠯᠠᠮ ᠨᠢᠭᠡ | ᠠᠯᠬᠤᠮ ᠪᠠᠭᠠᠰᠬᠠᠵᠤ᠂ ᠪᠠᠷᠢᠮᠵᠢᠶᠠᠨ ᠠᠴᠠ ᠪᠠᠨ ᠬᠡᠳᠦᠷᠦᠭᠰᠡᠨ ᠠᠯᠪᠠᠨ ᠭᠡᠷ ᠪᠠ ᠠᠯᠪᠠᠨ ᠤ ᠲᠡᠷᠭᠡ ᠶᠢ ᠪᠦᠬᠦᠨ ᠢ | ᠬᠤᠷᠢᠶᠠᠨ᠎ᠠ᠃ ᠵᠠᠰᠠᠭ ᠤᠨ ᠰᠣᠷᠳᠠᠯ ᠤᠨ ᠪᠠᠶᠢᠭᠤᠯᠤᠯᠳᠠ ᠶᠢᠨ ᠠᠵᠢᠯ ᠢ ᠢᠯᠵᠢᠷᠠᠯ ᠢ ᠡᠰᠠᠷᠭᠦᠴᠡᠨ ᠠᠷᠢᠭᠤᠨ ᠴᠢᠭᠡᠴᠢ ᠶᠢ | ᠰᠣᠷᠳᠠᠯᠴᠢᠯᠠᠬᠤ ᠰᠠᠭᠤᠷᠢ ᠠᠵᠢᠯ ᠪᠤᠯᠭᠠᠨ᠂ ᠨᠠᠢᠮᠠᠨ ᠵᠤᠷᠪᠤᠰ ᠳᠣᠭᠳᠠᠭᠠᠯ ᠪᠠ ᠪᠤᠰᠣᠳ ᠬᠠᠣᠯᠢ ᠲᠦᠷᠢᠮ ᠢ ᠴᠢᠩᠭ᠎ᠠ | ᠬᠡᠷᠡᠭᠵᠢᠭᠦᠯᠵᠦ᠂ ᠠᠷᠢᠭᠤᠨ ᠴᠢᠭᠡᠴᠢ ᠶᠢ ᠡᠷᠬᠢᠮᠯᠡᠬᠦ ᠪᠠ ᠢᠯᠵᠢᠷᠠᠯ ᠢ ᠡᠰᠠᠷᠭᠦᠴᠡᠬᠦ ᠠᠵᠢᠯ ᠢ ᠪᠣᠳᠠᠳᠠᠢ ᠨᠠᠶᠢᠳᠠᠪᠤᠷᠢᠵᠢᠭᠤᠯᠨᠠ | ᠃ ︽ᠨᠢᠭᠡ ᠳᠣᠰᠢᠶᠠᠯ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠭᠡ | ᠶᠢ ᠬᠢᠵᠠᠭᠠᠷᠯᠠᠨ ᠬᠢᠨᠠᠯᠳᠠ ᠲᠠᠯᠪᠢᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ | ᠲᠦᠰᠦᠯ ᠪᠠ ᠴᠢᠬᠤᠯᠠ ᠪᠠᠯᠡ ᠮᠦᠩᠬᠦ ᠶᠢ ᠬᠢᠨᠡᠨ ᠪᠤᠳᠣᠬᠤ ᠬᠦᠴᠦᠯᠡᠴᠡ ᠪᠠᠨ ᠨᠡᠮᠡᠭᠳᠡᠭᠦᠯᠦᠨ᠂ ᠲᠦᠷᠢᠮ ᠢ ᠵᠦᠷᠢᠴᠡᠭᠰᠡᠨ | ᠠᠵᠢᠯᠯᠠᠭ᠎ᠠ ᠠᠴᠠ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠤ᠂ ᠣᠯᠠᠨ ᠨᠠᠶᠢᠳᠡ ᠶᠢᠨ ᠡᠬᠢ ᠪᠠᠶᠠᠯᠢᠭ ᠤᠨ | ᠰᠣᠯᠢᠯᠴᠠᠭᠠᠨ ᠳᠣᠮᠳᠠᠬᠢ ᠲᠦᠷᠢᠮᠵᠢᠭᠰᠡᠨ᠂ ᠢᠯᠡ ᠳᠣᠳᠣᠷᠬᠠᠢ ᠪᠠᠶᠢᠳᠠᠯ ᠢ ᠠᠬᠢᠭᠤᠯᠤᠨ᠂ ᠡᠷᠬᠡ ᠳᠡᠭᠰᠢ᠂ ᠲᠦᠪ ᠭᠤᠤᠯᠴᠢ | ᠬᠦᠭᠵᠢᠯᠳᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃ ᠦᠷᠭᠡᠨ ᠣᠯᠠᠨ ᠺᠡᠳ᠋ᠷ ᠣᠯᠠᠨ ᠲᠦᠮᠡᠨ ᠤ ᠬᠠᠷᠢᠭᠤᠴᠠᠯᠭᠠᠳᠣ | ᠰᠡᠳᠬᠢᠯᠬᠡ ᠪᠠ ᠣᠶᠢᠯᠠᠰᠴᠢ ᠰᠡᠳᠬᠢᠯᠭᠡ ᠶᠢ ᠤᠯᠠᠮ ᠨᠡᠮᠡᠭᠳᠡᠭᠦᠯᠵᠦ᠂ ᠪᠦᠳᠦᠮᠵᠢᠳᠠᠢ ᠠᠷᠭ᠎ᠠ ᠬᠡᠮᠵᠢᠶ᠎ᠠ ᠠᠪᠴᠣ ᠪᠦᠳᠦᠭᠡᠯᠴᠢ | ᠪᠠᠷ ᠠᠵᠢᠯ ᠢᠶᠠᠨ ᠦᠷᠨᠢᠭᠦᠯᠦᠨ᠂ ᠵᠠᠰᠠᠭ ᠤᠨ ᠣᠷᠳᠣᠨ ᠤ ᠠᠵᠢᠯᠴᠢ ᠠᠷᠪᠢᠴᠢ᠂ ᠦᠨᠡᠨᠴᠢ ᠢᠳᠡᠭᠡᠮᠵᠢᠳᠠᠢ ᠲᠦᠷᠢ ᠲᠦᠷᠬᠦ | ᠶᠢ ᠴᠣᠭᠴᠠᠯᠠᠬᠤ ᠪᠠᠷ ᠴᠢᠷᠮᠠᠶᠢᠨ᠎ᠠ᠃ | ᠲᠦᠯᠦᠭᠡᠯᠡᠭᠴᠢᠳ ᠡ︕ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠡ ᠬᠤᠷᠠᠯ | ᠳᠡᠭᠡᠷ᠎ᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠬᠠᠷᠠᠯᠳᠠ ᠡᠭᠦᠷᠭᠡ ᠶᠢ ᠳᠣᠷᠠᠳᠴᠣ᠂ ᠣᠳᠣᠬᠢᠴᠢᠯᠡᠯᠳᠡ | ᠨᠡᠭᠡᠭᠡᠯᠳᠡ ᠶᠢᠨ ᠰᠢᠨ᠎ᠡ ᠵᠠᠮ ᠢ ᠨᠡᠭᠡᠭᠡᠵᠦ ᠦᠭᠭᠦᠯ᠎ᠡ᠃ ᠪᠢᠳᠡ ᠬᠤᠪᠤᠷᠬᠠᠨ ᠳᠣᠬᠢᠶᠠᠯᠳᠣᠬᠤ ᠠᠵᠠ ᠳᠣᠬᠢᠶᠠᠯ ᠢ ᠠᠳᠬᠤᠵᠤ | ᠪᠠᠶᠢᠭ᠎ᠠ ᠮᠦᠷᠳᠡᠭᠡᠨ ᠴᠠᠭ ᠦᠶ᠎ᠡ ᠠᠴᠠ ᠪᠢᠳᠡᠨ ᠳᠤ ᠣᠯᠭᠤᠭᠰᠠᠨ ᠳᠡᠤᠬᠡᠳᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ | ᠶᠣᠮ᠃ ᠪᠢᠳᠡ ᠬᠤᠰᠢᠭᠤ ᠨᠠᠮ ᠤᠨ ᠬᠤᠷᠢᠶᠠᠨ ᠤ ᠭᠤᠶᠢᠪᠢᠰᠢ ᠦᠭᠡᠢ ᠣᠳᠣᠷᠢᠳᠣᠯᠭ᠎ᠠ ᠳᠣᠣᠷ᠎ᠠ᠂ ᠪᠦᠬᠦ ᠬᠤᠰᠢᠭᠤᠨ ᠤ | ᠡᠯ᠎ᠡ ᠦᠨᠳᠦᠰᠦᠳᠡᠨ ᠤ ᠠᠷᠠᠳ ᠲᠦᠮᠡᠨ ᠯᠦᠭᠡ ᠪᠦᠯᠬᠦᠮᠳᠡᠨ᠂ ᠭᠠᠷ ᠭᠠᠷ ᠢᠶᠠᠨ ᠬᠤᠯᠪᠤᠯᠴᠠᠨ᠂ ᠰᠡᠳᠬᠢᠯ ᠰᠠᠨᠠᠭ᠎ᠠ ᠪᠠᠨ | ᠨᠢᠭᠡᠳᠭᠡᠵᠦ᠂ ᠰᠢᠯᠤᠭᠤᠨ ᠬᠦᠬᠡ ᠬᠤᠰᠢᠭᠤᠨ ᠤ ᠪᠠᠨ ᠮᠠᠷᠭᠠᠰᠢ ᠶᠢᠨ ᠰᠠᠶᠢᠨ ᠰᠠᠶᠢᠬᠠᠨ ᠤ ᠲᠦᠯᠦᠭᠡ ᠬᠠᠮᠳᠣᠪᠠᠷ | ᠣᠷᠣᠭᠰᠢᠯᠠᠴᠠᠭᠠᠶᠠ︕ |