2014 ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/3/10
        ᠵᠠᠰᠠᠭ ᠤᠨ ᠤᠷᠳᠤᠨ ᠤ ᠠᠵᠢᠯ ᠤᠨ ᠢᠯᠡᠳᠬᠡᠯ    2014 ᠤᠨ ᠤ 3 ᠰᠠᠷ᠎ᠠ ᠶᠢᠨ 8 ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                                                                                                  ᠬᠤᠰᠢᠭᠤ ᠲᠠᠷᠤᠭ᠎ᠠ    ᠪᠤᠶᠠᠨᠳᠤ ᠲᠦᠯᠦᠬᠡᠯᠡᠭᠴᠢᠳ ᠡ᠄       ᠤᠳᠤ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠠᠯ  ᠳᠤ ᠠᠵᠢᠯ ᠤᠨ ᠮᠡᠳᠡᠬᠦᠯᠦᠯᠳᠡ ᠬᠢᠶ᠎ᠠ᠃ ᠬᠢᠨᠠᠨ ᠵᠦᠪᠯᠡᠬᠦ ᠪᠤᠯᠪᠠᠤ︕ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠵᠢᠴᠢ ᠬᠤᠷᠠᠯ ᠤᠨ ᠪᠤᠰᠤᠳ ᠬᠡᠰᠢᠬᠦᠳ ᠰᠠᠨᠠᠯ ᠢᠶᠠᠨ ᠲᠡᠪᠰᠢᠬᠦᠯᠬᠦ ᠪᠤᠯᠪᠠᠤ︕       ᠨᠢᠬᠡ᠂ 2013 ᠤᠨ ᠤ ᠠᠵᠢᠯ ᠤᠨ ᠡᠷᠬᠢᠴᠠᠬᠦᠯᠦᠯ       2013 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ᠂ ᠮᠦᠨᠴᠦ ᠬᠦᠴᠢᠷ ᠪᠡᠷᠭᠡᠰᠢᠶᠠᠯ ᠢ ᠢᠯᠡᠨ ᠲᠠᠪᠠᠵᠦ᠂ ᠵᠤᠷᠢᠭᠳᠠᠢ ᠪᠠᠷ ᠰᠢᠨ᠎ᠠ ᠶᠢ ᠡᠬᠦᠳᠦᠭᠰᠡᠨ ᠨᠢᠬᠡ ᠵᠢᠯ ᠪᠤᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠬᠤᠰᠢᠭᠤ ᠠᠷᠠᠳ ᠤᠨ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠦ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠠᠳᠬᠢᠴᠡ ᠪᠠ ᠪᠦᠬᠦ ᠠᠶᠢᠮᠠᠭ ᠤᠨ ︽3456︾ ᠠᠵᠤ ᠠᠬᠤᠢ ᠶᠢᠨ ᠬᠦᠭᠵᠢᠯᠳᠡ ᠶᠢᠨ ᠬᠠᠷᠠᠯᠳᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠦᠨᠳᠦᠰᠦᠨ ᠵᠠᠷᠴᠢᠮ ᠶᠤᠰᠤᠭᠠᠷ ᠲᠤᠭᠳᠠᠭᠤᠨ ᠦᠰᠦᠯᠳᠡ᠂ ᠪᠦᠳᠦᠴᠡ ᠶᠢᠨ ᠲᠤᠬᠢᠷᠠᠭᠤᠯᠤᠯᠳᠠ᠂ ᠦᠬᠡᠷᠡᠴᠢᠯᠡᠯᠳᠡ ᠶᠢᠨ ᠠᠬᠢᠭᠤᠯᠤᠯᠳᠠ ᠶᠢ ᠴᠢᠩᠭᠠᠳᠬᠠᠵᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠬᠡ ᠡᠯ᠎ᠠ ᠲᠦᠷᠦᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ᠂ ᠰᠢᠨᠵᠢᠯᠡᠬᠦ ᠤᠬᠠᠭᠠᠨᠴᠢ ᠬᠦᠭᠵᠢᠯᠳᠡ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠭᠡᠭᠵᠢᠬᠦᠯᠬᠦ ᠲᠠᠯ᠎ᠠ ᠪᠠᠷ ᠰᠢᠨ᠎ᠠ ᠠᠮᠵᠢᠯᠳᠠ ᠤᠯᠪᠠ᠃       ︵ᠨᠢᠬᠡ︶ ᠪᠦᠬᠦᠶᠢᠯᠡ ᠴᠤᠭᠴᠠ ᠶᠢᠨ ᠪᠠᠶᠢᠳᠠᠯ ᠲᠤᠭᠳᠠᠭᠤᠨ ᠤ ᠲᠤᠮᠳᠠ ᠰᠠᠶᠢᠵᠢᠷᠠᠬᠤ ᠬᠠᠨᠳᠤᠰᠢ ᠢᠯᠡᠷᠡᠪᠡ᠃       ᠦᠩᠬᠡᠷᠡᠭᠰᠡᠨ ᠨᠢᠬᠡ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠡ ᠶᠢᠨ ᠶᠡᠷᠤᠩᠬᠡᠢ ᠬᠠᠨᠳᠤᠰᠢ ᠤᠷᠤᠭᠤᠳᠠᠵᠦ᠂ ᠬᠦᠭᠵᠢᠯᠳᠡ ᠶᠢᠨ ᠬᠤᠷᠳᠤᠴᠠ ᠤᠳᠠᠭᠠᠰᠢᠷᠠᠨ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠬᠦᠴᠢᠷᠳᠡᠯ ᠶᠡᠬᠡᠳᠦᠭᠰᠡᠨ ᠪᠠᠶᠢᠳᠠᠯ ᠲᠤᠤᠷ᠎ᠠ᠂ ᠮᠠᠨ ᠤ ᠬᠤᠰᠢᠭᠤ ᠨᠢ ᠪᠤᠳᠠᠳᠠᠢ ᠠᠴᠠ ᠡᠬᠦᠰᠴᠦ᠂ ᠲᠤᠬᠢᠳᠠᠢ ᠲᠦᠯᠦᠪᠯᠡᠨ᠂ ᠠᠷᠭ᠎ᠠ ᠪᠤᠳᠤᠯᠭ᠎ᠠ ᠪᠠᠨ ᠲᠠᠰᠤᠷᠠᠯᠳᠠ ᠦᠬᠡᠢ ᠰᠢᠨᠡᠳᠬᠡᠭᠰᠡᠨ ᠠᠴᠠ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠲᠤᠭᠳᠠᠪᠤᠷᠢᠵᠢᠭᠤᠯᠵᠦ᠂ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭᠠᠨ ᠤ ᠦᠰᠦᠯᠳᠡ ᠶᠢᠨ ᠬᠤᠷᠳᠤᠴᠠ ᠨᠢ ᠬᠡᠪ ᠤᠨ ᠪᠠᠶᠢᠳᠠᠯ ᠳᠤ ᠤᠷᠤᠪᠠ᠃ ᠨᠢᠳᠦᠨᠦᠨ ᠤ ᠪᠦᠬᠦ ᠵᠢᠯ ᠤᠨ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ ᠨᠢ 60.1 ᠳ᠋ᠦᠩᠰᠢᠭᠤᠷ ᠲᠦᠬᠦᠷᠢᠭ ᠲᠤ ᠬᠦᠷᠴᠦ᠂ 7.4% ᠶᠢᠨ ᠦᠰᠦᠯᠳᠡ ᠶᠢ ᠪᠡᠶᠡᠯᠡᠬᠦᠯᠪᠡ᠃ ᠡᠬᠦᠨ ᠳᠤ᠂ ᠨᠢᠬᠡᠳᠦᠬᠡᠷ ᠠᠵᠤ ᠦᠢᠯᠡᠰ ᠤᠨ ᠦᠰᠦᠯᠳᠡ ᠶᠢᠨ ᠬᠡᠮᠵᠢᠶ᠎ᠠ ᠨᠢ 6 ᠳ᠋ᠦᠩᠰᠢᠭᠤᠷ ᠲᠦᠬᠦᠷᠢᠭ᠂ ᠦᠰᠦᠯᠳᠡ  ᠶᠢᠨ ᠨᠤᠷᠮ᠎ᠠ ᠨᠢ 5.4%᠂ ᠬᠤᠶᠠᠳᠤᠭᠠᠷ ᠠᠵᠤ ᠦᠢᠯᠡᠰ ᠤᠨ ᠦᠰᠦᠯᠳᠡ ᠶᠢᠨ ᠬᠡᠮᠵᠢᠶ᠎ᠠ ᠨᠢ 42.3 ᠳ᠋ᠦᠩᠰᠢᠭᠤᠷ ᠲᠦᠬᠦᠷᠢᠭ᠂ ᠦᠰᠦᠯᠳᠡ ᠶᠢᠨ ᠨᠤᠷᠮ᠎ᠠ ᠨᠢ 7.7%᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ 11.7 ᠳ᠋ᠦᠩᠰᠢᠭᠤᠷ ᠲᠦᠬᠦᠷᠢᠭ᠂ ᠦᠰᠦᠯᠳᠡ ᠶᠢᠨ ᠨᠤᠷᠮ᠎ᠠ ᠨᠢ 7.4% ᠳᠤ ᠬᠦᠷᠪᠡ᠃ ᠤᠷᠤᠨ ᠨᠤᠳᠤᠭ ᠤᠨ ᠡᠳ᠋ ᠤᠨ ᠵᠠᠰᠠᠭ  ᠤᠨ ᠶᠡᠷᠤᠩᠬᠡᠢ ᠤᠷᠤᠯᠭ᠎ᠠ ᠨᠢ 11.93 ᠳ᠋ᠦᠩᠰᠢᠭᠤᠷ ᠲᠦᠬᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 12.1% ᠳᠤ ᠬᠦᠷᠴᠡᠢ᠃ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠨᠢ 45.1 ᠳ᠋ᠦᠩᠰᠢᠭᠤᠷ ᠲᠦᠬᠦᠷᠢᠭ ᠲᠤ ᠬᠦᠷᠴᠦ᠂ 5% ᠶᠢᠨ ᠦᠰᠦᠯᠳᠡ ᠶᠢ ᠪᠡᠶᠡᠯᠡᠬᠦᠯᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠪᠤᠯᠤᠨ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠨᠢ ᠲᠤᠰ ᠲᠤᠰ 22394 ᠲᠦᠬᠦᠷᠢᠭ ᠪᠤᠯᠤᠨ 11262 ᠲᠦᠬᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ ᠲᠤᠰ ᠲᠤᠰ 10.8%᠂ 14% ᠳᠤ ᠬᠦᠷᠦᠭᠰᠡᠨ ᠪᠠᠶᠢᠨ᠎ᠠ᠃        ︵ᠬᠤᠶᠠᠷ︶ ᠠᠵᠤ ᠠᠬᠤᠢ ᠶᠢᠨ ᠪᠦᠳᠦᠴᠡ ᠰᠢᠯᠢᠳᠡᠭᠵᠢᠨ ᠲᠡᠰ ᠲᠡᠪᠰᠢᠪᠠ᠃        ᠡᠬᠢ ᠪᠠᠶᠠᠯᠢᠭ ᠢ ᠶᠡᠷᠤᠩᠬᠡᠶᠢᠯᠡᠨ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠦ᠂ ᠠᠵᠤ ᠦᠢᠯᠡᠰ ᠤᠨ ᠪᠦᠳᠦᠴᠡ ᠶᠢᠨ ᠲᠡᠰ ᠲᠡᠪᠰᠢᠯᠳᠠ ᠶᠢ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ  ᠶᠢᠨ ᠦᠨᠳᠦᠰᠦ ᠪᠤᠯᠬᠤ ᠪᠠᠶᠢᠷᠢ ᠰᠠᠭᠤᠷᠢ ᠤᠯᠠᠮ ᠨᠢᠬᠡ ᠠᠯᠬᠤᠮ ᠪᠠᠬᠢᠵᠢᠪᠡ᠃ ᠲᠠᠷᠢᠶᠠᠯᠠᠩ ᠮᠠᠯ ᠠᠵᠤ ᠠᠬᠤᠢ ᠶᠢᠨ ᠶᠡᠷᠤᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠬᠢ ᠲᠤᠭᠳᠠᠭᠤᠨ ᠨᠡᠮᠡᠭᠳᠡᠵᠦ᠂ ᠮᠠᠯ ᠤᠨ ᠲᠤᠭ᠎ᠠ ᠲᠤᠯᠤᠭᠠᠢ 37.9 ᠲᠦᠮᠡ  ᠳᠤ ᠬᠦᠷᠴᠦ᠂ 28.4 ᠲᠦᠮᠡᠨ ᠲᠤᠯᠤᠭᠠᠢ ᠲᠦᠯ ᠲᠤᠰᠤᠨ᠂ 31.5 ᠲᠦᠮᠡᠨ ᠲᠤᠯᠤᠭᠠᠢ ᠮᠠᠯ ᠵᠠᠷᠤᠴᠠᠭᠤᠯᠪᠠ᠃ ᠤᠰᠤᠨ  ᠳᠤ ᠭᠠᠮᠳᠠᠢ ᠤᠰᠤᠯᠠᠯᠳᠠ ᠶᠢᠨ ᠲᠠᠷᠢᠶ᠎ᠠ ᠶᠢ 4.35 ᠲᠦᠮᠡᠨ ᠮᠤ᠋ ᠨᠡᠮᠡᠭᠳᠡᠬᠦᠯᠦᠨ᠂ ᠠᠮᠤ ᠪᠤᠳᠠᠭᠠᠨ ᠤ ᠶᠡᠷᠤᠩᠬᠡᠢ ᠤᠨᠠᠯᠳᠠ 4 ᠲᠦᠮᠡᠨ ᠲᠤᠨ ᠳᠤ ᠬᠦᠷᠪᠡ᠃ ᠠᠵᠤ ᠦᠢᠯᠡᠳᠪᠤᠷᠢ ᠶᠢᠨ ᠠᠵᠤ ᠠᠬᠤᠢ ᠶᠢᠨ ᠭᠤᠤᠯ ᠴᠤᠭᠴᠠ ᠶᠢᠨ ᠪᠠᠶᠢᠷᠢ ᠰᠠᠭᠤᠷᠢ ᠤᠯᠠᠮ ᠪᠠᠳᠤᠵᠢᠪᠠ᠃ ᠪᠦᠬᠦ ᠵᠢᠯ ᠤᠨ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢ 38.9 ᠳ᠋ᠦᠩᠰᠢᠭᠤᠷ ᠲᠦᠬᠦᠷᠢᠭ  ᠲᠤ ᠬᠦᠷᠴᠦ᠂ ᠦᠰᠦᠯᠳᠡ ᠶᠢᠨ ᠨᠤᠷᠮ᠎ᠠ ᠨᠢ 8.2% ᠪᠠᠶᠢᠵᠦ᠂ ᠪᠦᠬᠦ GDP ᠤᠨ 64% ᠠᠴᠠ ᠲᠡᠭᠡᠭᠰᠢᠬᠢ ᠬᠤᠪᠢ  ᠶᠢ ᠡᠵᠡᠯᠡᠨ᠂ ᠲᠤᠯᠭᠠᠭᠤᠷᠢᠯᠠᠬᠤ ᠠᠵᠤ ᠦᠢᠯᠡᠰ ᠤᠨ ᠲᠠᠪᠠᠭᠤᠯᠢᠭ ᠢᠶᠠᠨ ᠪᠠᠳᠤᠯᠠᠪᠠ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠠ ᠨᠢ196 ᠳ᠋ᠦᠩᠰᠢᠭᠤᠷ ᠭᠷᠡᠳᠦ᠋ᠰ ᠢ ᠲᠠᠪᠠᠭᠰᠠᠨ ᠪᠠ ᠬᠤᠩ ᠵᠢᠶᠠᠩ᠂ ᠷᠧᠨ ᠴᠤᠸᠠᠩ᠂ ᠾᠧ ᠡᠸ᠋ᠨ ᠵᠡᠷᠬᠡ ᠪᠠᠷᠢᠯᠭ᠎ᠠ ᠶᠢᠨ ᠰᠢᠨ᠎ᠠ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠳ  ᠨᠢ ᠪᠦᠷ ᠠᠰᠢᠭᠯᠠᠯᠳᠠ ᠳᠤ ᠤᠷᠤᠨ᠂ ᠠᠵᠤ ᠦᠢᠯᠡᠳᠪᠤᠷᠢ ᠶᠢᠨ ᠪᠠᠶᠢᠷᠢᠰᠢᠯᠳᠠ‌‍ᠲ᠋ᠡᠬᠦᠯᠳᠡᠷᠵᠢᠵᠦ᠂ ᠦᠢᠯᠡᠳᠪᠤᠷᠢᠯᠡᠯ ᠤᠨ ᠬᠡᠯᠪᠡᠷᠢ ᠶᠢᠨ ᠬᠤᠪᠢᠷᠠᠯᠳᠠ ᠶᠢ ᠠᠬᠢᠭᠤᠯᠬᠤ ᠳᠤ ᠴᠢᠬᠤᠯᠠ ᠲᠦᠯᠬᠢᠴᠠ ᠬᠦᠴᠦᠨ ᠪᠤᠯᠵᠠᠢ᠃ ᠦᠢᠯᠡᠴᠢᠯᠡᠬᠡᠨ ᠤ ᠦᠢᠯᠡᠰ  ᠤᠨ ᠬᠦᠭᠵᠢᠯᠳᠡ ᠤᠯᠠᠮ ᠨᠢᠬᠡ ᠠᠯᠬᠤᠮ ᠲᠦᠷᠬᠡᠳᠪᠡ᠃ ᠶᠤᠸᠠᠨ ᠤ ᠲᠡᠭᠡᠳᠦ ᠨᠡᠶᠢᠰᠯᠠᠯ ᠤᠨ ᠰᠤᠶᠤᠯ ᠵᠢᠭᠤᠯᠴᠢᠯᠠᠯ ᠢᠶᠠᠷ ᠲᠦᠪ ᠪᠤᠯᠭᠠᠭᠰᠠᠨ ᠪᠦᠬᠦ ᠬᠤᠰᠢᠭᠤᠨ ᠤ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠦᠯᠦᠪᠯᠡᠭᠡ ᠶᠢ ᠲᠤᠭᠤᠷᠪᠢᠨ ᠲᠡᠬᠦᠯᠳᠡᠷᠵᠢᠬᠦᠯᠵᠦ᠂ ᠠᠷᠠᠯᠵᠢᠶ᠎ᠠ ᠬᠤᠳᠠᠯᠳᠤᠭ᠎ᠠ᠂ ᠮᠦᠩᠬᠦᠨ ᠬᠦᠢᠯᠬᠡᠬᠡ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ  ᠤᠨ ᠬᠡᠪᠴᠢᠶ᠎ᠠ ᠶᠢ ᠦᠷᠬᠦᠯᠵᠢᠯᠡᠨ ᠦᠷᠬᠡᠳᠬᠡᠭᠰᠡᠨ ᠠᠴᠠ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ ᠨᠢ 10 ᠳ᠋ᠦᠩᠰᠢᠭᠤᠷ ᠲᠦᠬᠦᠷᠢᠭ ᠢ ᠲᠠᠪᠠᠵᠦ᠂ ᠦᠰᠦᠯᠳᠡ ᠶᠢᠨ ᠨᠤᠷᠮ᠎ᠠ ᠨᠢ 12% ᠶᠢ ᠲᠠᠪᠠᠨ᠂ ᠮᠦᠩᠬᠦᠨ ᠬᠦᠢᠯᠬᠡᠬᠡᠨ ᠤ ᠦᠢᠯᠡᠰ ᠤᠨ ᠬᠠᠳᠠᠭᠠᠯᠠᠮᠵᠢ ᠪᠤᠯᠤᠨ ᠵᠢᠬᠡᠯᠡᠯᠬᠡ ᠶᠢᠨ ᠦᠯᠡᠳᠡᠪᠦᠷᠢ ᠮᠦᠩᠬᠦ ᠨᠢ ᠲᠤᠰ ᠲᠤᠰ 24 ᠳ᠋ᠦᠩᠰᠢᠭᠤᠷ ᠲᠦᠬᠦᠷᠢᠭ ᠪᠠ 58 ᠳ᠋ᠦᠩᠰᠢᠭᠤᠷ ᠲᠦᠬᠦᠷᠢᠭ ᠢ ᠲᠠᠪᠠᠭᠰᠠᠨ ᠪᠠᠶᠢᠨ᠎ᠠ᠃ ᠵᠢᠭᠤᠯᠴᠢᠯᠠᠯ᠂ ᠪᠠᠷᠠᠭᠠᠨ ᠤ ᠲᠡᠬᠡᠬᠡᠪᠦᠷᠢ ᠵᠡᠷᠬᠡ ᠰᠢᠨ᠎ᠠ ᠪᠠᠷ ᠬᠦᠭᠵᠢᠵᠦ ᠪᠠᠶᠢᠭ᠎ᠠ ᠦᠢᠯᠡᠴᠢᠯᠡᠬᠡᠨ ᠤ ᠦᠢᠯᠡᠰ ᠲᠦᠷᠬᠡᠨ ᠬᠦᠭᠵᠢᠵᠦ ᠪᠠᠶᠢᠭ᠎ᠠ ᠪᠦᠬᠡᠳ ᠨᠢᠳᠦᠨᠦᠨ ᠮᠠᠨ ᠤ ᠬᠤᠰᠢᠭᠤᠨ ᠳᠤ ᠤᠷᠤᠵᠦ ᠢᠷᠡᠭᠰᠡᠨ ᠵᠢᠭᠤᠯᠴᠢᠳ ᠤᠨ ᠲᠤᠭ᠎ᠠ ᠨᠠᠶᠢᠳᠠ 37 ᠲᠦᠮᠡᠨ ᠬᠦᠮᠦᠨ ᠤᠳᠠᠭ᠎ᠠ  ᠳᠤ ᠬᠦᠷᠴᠦ᠂ 1.9 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠡᠭᠦᠳᠪᠡ᠃ ᠭᠤᠷᠪᠠᠨ ᠠᠵᠤ ᠦᠢᠯᠡᠰ ᠤᠨ ᠪᠦᠳᠦᠴᠡ  ᠶᠢᠨ ᠬᠠᠷᠢᠴᠠᠯ ᠨᠢ ᠤᠯᠠᠮ ᠨᠢᠬᠡ ᠠᠯᠬᠤᠮ ᠰᠢᠯᠢᠳᠡᠭᠵᠢᠵᠦ 10᠄ 70.4᠄ 19.6 ᠪᠤᠯᠵᠠᠢ᠃ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢ ᠶᠡᠬᠡᠪᠡᠷ ᠬᠦᠭᠵᠢᠬᠦᠯᠪᠡ᠃ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢᠨ ᠬᠦᠭᠵᠢᠯᠳᠡ ᠶᠢ ᠲᠡᠮᠵᠢᠬᠦ ᠲᠤᠬᠠᠢ ᠲᠡᠭᠡᠳᠦ ᠱᠠᠳᠤᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠦ ᠲᠡᠮᠵᠢᠨ ᠠᠬᠢᠭᠤᠯᠤᠭᠰᠠᠨ ᠠᠴᠠ ᠮᠠᠨ ᠤ ᠬᠤᠰᠢᠭᠤᠨ ᠤ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠶᠢᠯᠠᠯ ᠡᠷᠬᠢᠯᠡᠭᠰᠡᠳ ᠤᠨ ᠲᠤᠭ᠎ᠠ ᠨᠡᠮᠡᠭᠳᠡᠵᠦ 535 ᠡᠷᠦᠬᠡ ᠳᠤ ᠬᠦᠷᠴᠦ᠂ ᠲᠠᠩᠰᠠᠯᠠᠭᠤᠯᠤᠭᠰᠠᠨ ᠬᠦᠷᠦᠩᠬᠡ ᠨᠢ 19 ᠳ᠋ᠦᠩᠰᠢᠭᠤᠷ ᠲᠦᠬᠦᠷᠢᠭ ᠢ ᠲᠠᠪᠠᠭᠰᠠᠨ ᠪᠦᠬᠡᠳ ᠠᠵᠢᠯᠴᠢᠨ ᠠᠵᠢᠯᠳᠠᠳ ᠤᠨ ᠬᠢᠨᠢ ᠨᠠᠶᠢᠳᠠ ᠲᠤᠭ᠎ᠠ ᠨᠢ ᠪᠦᠬᠦ ᠬᠤᠰᠢᠭᠤᠨ  ᠤ ᠠᠵᠢᠯ ᠤᠯᠤᠭᠰᠠᠨ ᠬᠦᠮᠦᠨ ᠤ 35% ᠠᠴᠠ ᠲᠡᠭᠡᠭᠰᠢᠬᠢ ᠶᠢ ᠡᠵᠡᠯᠡᠵᠦ ᠪᠤᠢ᠃ ᠵᠢᠵᠢᠭ ᠠᠵᠤ ᠠᠬᠤᠶᠢᠯᠠᠯ ᠢ ᠲᠡᠮᠵᠢᠬᠦ ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠪᠡ᠃ ᠱᠠᠩᠳᠤ ᠪᠠᠳᠤᠯᠠᠭ᠎ᠠ ᠶᠢᠨ ᠺᠤᠮᠫᠠᠨᠢ ᠶᠢᠨ ᠪᠡᠯᠡ ᠬᠤᠷᠠᠮᠳᠤᠭᠤᠯᠬᠤ ᠲᠡᠪᠴᠡᠩ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠨᠠᠶᠢᠳᠠ 37 ᠠᠵᠤ ᠠᠬᠤᠶᠢᠯᠠᠯ ᠳᠤ 5310 ᠲᠦᠮᠡᠨ ᠲᠦᠬᠦᠷᠢᠭ ᠤᠨ ᠪᠠᠳᠤᠯᠠᠭ᠎ᠠ ᠶᠢᠨ ᠵᠢᠬᠡᠯᠡᠯᠬᠡ ᠤᠯᠭᠤᠵᠦ᠂ ᠵᠢᠵᠢᠭ ᠠᠵᠤ ᠠᠬᠤᠶᠢᠯᠠᠯ ᠪᠡᠯᠡ ᠬᠤᠷᠠᠮᠳᠤᠭᠤᠯᠬᠤ ᠲᠠᠯ᠎ᠠ ᠪᠠᠷ ᠬᠦᠴᠢᠷᠳᠡᠵᠦ ᠪᠠᠶᠢᠭ᠎ᠠ ᠠᠰᠠᠭᠤᠳᠠᠯ ᠢ ᠵᠤᠬᠢᠬᠤ ᠬᠡᠮᠵᠢᠶᠠᠨ ᠳᠤ ᠰᠢᠢᠳᠪᠤᠷᠢᠯᠡᠵᠦ ᠴᠢᠳᠠᠭᠰᠠᠨ ᠪᠦᠬᠡᠳ ᠦᠢᠯᠡᠴᠢᠯᠡᠬᠡᠨ ᠤ ᠲᠦᠷᠦᠯ ᠤᠨ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ ᠭᠤᠤᠯᠳᠠᠯᠭ᠎ᠠ ᠲᠠᠢ ᠠᠬᠢᠭᠤᠯᠵᠦ᠂ ᠪᠠᠳᠤᠯᠠᠭ᠎ᠠ ᠶᠢᠨ ᠬᠠᠷᠢᠴᠠᠯ  ᠨᠢ 58% ᠠᠴᠠ ᠲᠡᠭᠡᠭᠰᠢ ᠳᠤ ᠬᠦᠷᠴᠠᠢ᠃        ︵ᠭᠤᠷᠪᠠ︶ ᠲᠦᠰᠦᠯ ᠤᠨ ᠪᠠᠶᠢᠭᠤᠯᠤᠯᠳᠠ ᠨᠢ ᠰᠢᠪᠳᠤᠯᠤᠯᠳᠠ ᠶᠢᠨ ᠴᠢᠨᠡᠷᠳᠡᠢ ᠠᠬᠢᠯᠳᠠ ᠲᠠᠢ ᠪᠤᠯᠪᠠ᠃        ᠪᠡᠯᠡ ᠤᠷᠤᠭᠤᠯᠤᠯᠳᠠ ᠪᠠ ᠲᠦᠰᠦᠯ ᠤᠨ ᠪᠠᠶᠢᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠨ᠂ ᠭᠠᠵᠠᠷ ᠤᠨ ᠲᠡᠰ ᠤᠨ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠦᠰᠦᠯ ᠢ ᠭᠠᠷᠳᠠᠨ ᠬᠦᠢᠴᠡᠳᠬᠡᠬᠦ ᠲᠦᠷᠢᠮ ᠢ ᠦᠷᠬᠦᠯᠵᠢᠯᠡᠨ ᠬᠡᠷᠡᠭᠵᠢᠬᠦᠯᠵᠦ᠂ ᠲᠦᠰᠦᠯ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠨ ᠬᠢᠪᠠ᠃ ᠨᠠᠶᠢᠳᠠ 149 ᠲᠦᠷᠦᠯ  ᠤᠨ ᠲᠦᠰᠦᠯ ᠢ ᠪᠦᠳᠦᠮᠵᠢᠳᠡᠢ ᠠᠬᠢᠭᠤᠯᠵᠦ᠂ ᠡᠬᠦᠨ ᠳᠤ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠦᠰᠦᠯ 38 ᠲᠦᠷᠦᠯ᠂ ᠪᠤᠳᠠᠳᠠᠢ ᠪᠡᠯᠡ ᠤᠷᠤᠭᠤᠯᠤᠯᠳᠠ ᠨᠢ 20.5 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ ︽ᠲᠠᠪᠤᠨ ᠵᠠᠭᠤᠨ ᠳ᠋ᠦᠩᠰᠢᠭᠤᠷ ᠤᠨ ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠪᠠ᠃ ᠰᠢᠨ᠎ᠠ ᠡᠨᠧᠷᠬᠢ ᠶᠢ ᠨᠡᠬᠡᠬᠡᠨ ᠬᠦᠭᠵᠢᠬᠦᠯᠬᠦ ᠢᠨᠵᠧᠨᠧᠷᠢᠩ ᠲᠦᠷᠬᠡᠨ ᠢᠶᠠᠷ ᠬᠦᠭᠵᠢᠵᠦ᠂ ᠯᠦᠩ ᠶᠤᠸᠠᠨ ᠤᠯᠤᠰ ᠤᠨ ᠴᠠᠬᠢᠯᠭᠠᠨ ᠤ ᠲᠦᠰᠦᠯ᠂ ︽ᠤᠣ ᠬᠦᠳᠦᠯ︾ ᠪᠤᠯᠤᠨ ︽ᠬᠤᠸᠠ ᠢ︾ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠰᠦᠯ ᠨᠢᠬᠡᠨᠳᠡ ᠠᠵᠢᠯ ᠢᠶᠠᠨ ᠡᠬᠢᠯᠡᠬᠦᠯᠦᠭᠰᠡᠨ ᠪᠦᠬᠡᠳ ᠰᠠᠨ ᠰᠢᠶᠠ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠤᠨ ᠪᠡᠯᠡᠳᠬᠡᠯ ᠠᠵᠢᠯ ᠤᠷᠤᠭᠰᠢᠳᠠᠢ ᠶᠠᠪᠤᠭᠳᠠᠵᠦ ᠪᠤᠢ᠃ ᠴᠢᠯᠠᠭᠤᠨ ᠲᠤᠰᠤ ᠬᠠᠶᠢᠨ ᠮᠠᠯᠳᠠᠬᠤ ᠠᠵᠢᠯ ᠤᠨ ᠲᠠᠯ᠎ᠠ ᠪᠠᠷ᠂ ᠤᠳᠤᠬᠠᠨ ᠪᠤᠯᠳᠠᠯ᠎ᠠ ᠨᠠᠶᠢᠳᠠ 40 ᠬᠤᠳᠳᠤᠭ ᠦᠷᠦᠮᠳᠡᠵᠦ᠂ 3.59 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ ᠡᠯᠡᠰᠦᠨ ᠤ ᠦᠢᠯᠡᠰ ᠤᠨ ᠡᠷᠬᠢᠯᠳᠡᠳᠦ ᠠᠵᠤ ᠠᠬᠤᠢ ᠶᠢᠨ ᠬᠦᠭᠵᠢᠯᠳᠡ ᠶᠢᠨ ᠲᠦᠯᠦᠪᠵᠢᠬᠦᠯᠬᠡ ᠲᠤᠭᠳᠠᠭᠠᠨ᠂ ᠷᠧᠨ ᠴᠤᠸᠠᠩ ᠡᠯᠡᠰᠦᠨ ᠤ ᠦᠢᠯᠡᠰ ᠤᠨ ᠠᠵᠤ ᠠᠬᠤᠶᠢᠯᠠᠯ ᠤᠨ ᠲᠤᠯᠤᠭᠠᠨ ᠵᠤᠷᠪᠤᠰ ᠦᠢᠯᠡᠳᠪᠤᠷᠢᠯᠡᠯ ᠤᠨ ᠱᠤᠭᠤᠮ ᠨᠢ ᠨᠢᠬᠡᠨᠳᠡ ᠠᠰᠢᠭᠯᠠᠯᠳᠠ ᠳᠤ ᠤᠷᠤᠵᠦ᠂ ᠨᠠᠶᠢᠳᠠ 7000 ᠲᠦᠮᠡᠨ ᠲᠦᠬᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ ᠠᠵᠤ ᠦᠢᠯᠡᠳᠪᠤᠷᠢ ᠶᠢᠨ ᠲᠤᠭᠤᠷᠢᠭ ᠲᠠᠰᠤᠷᠠᠯᠳᠠ ᠦᠬᠡᠢ ᠪᠤᠵᠠᠭᠠᠶᠢᠷᠠᠨ ᠦᠷᠬᠡᠵᠢᠵᠦ᠂ ᠨᠠᠶᠢᠳᠠ 74 ᠳ᠋ᠦᠩᠰᠢᠭᠤᠷ ᠭᠠᠷᠤᠢ ᠲᠦᠬᠦᠷᠢᠭ ᠤᠨ ᠦᠢᠯᠡᠳᠪᠤᠷᠢᠯᠡᠯ ᠤᠨ ᠦᠷᠳᠡᠭ ᠢ ᠡᠬᠦᠳᠴᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠡᠷᠬᠢᠯᠳᠡᠳᠦ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠪᠠᠶᠢᠭᠤᠯᠬᠤ ᠡᠷᠡᠮᠡᠯᠵᠢᠯᠡᠯ ᠤᠨ ᠠᠵᠢᠯ ᠠᠬᠢᠯᠳᠠ ᠲᠠᠢ ᠪᠤᠯᠪᠠ᠃ ︽ᠶᠤᠸᠠᠨ ᠱᠠᠩ ᠲᠢᠶᠠᠨ ᠳ᠋ᠢ︾ ᠵᠢᠭᠤᠯᠴᠢᠯᠠᠯ ᠤᠨ ᠦᠢᠯᠡᠰ ᠤᠨ ᠲᠦᠰᠦᠯ ᠤᠷᠤᠭᠰᠢᠳᠠᠢ ᠶᠠᠪᠤᠭᠳᠠᠵᠦ᠂ ᠶᠤᠸᠠᠨ  ᠤ ᠲᠡᠭᠡᠳᠦ ᠨᠡᠶᠢᠰᠯᠠᠯ ᠤᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠤᠭᠤᠷᠢᠭ ᠢ ᠪᠠᠶᠢᠭᠤᠯᠬᠤ᠂ ︽ᠲᠤᠮᠳᠠᠳᠤ ᠤᠯᠤᠰ᠂ ᠶᠤᠸᠠᠨ ᠤ ᠲᠡᠭᠡᠳᠦ ᠨᠠᠶᠢᠰᠯᠠᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠢ ᠡᠬᠦᠳᠬᠦ ᠳᠤ ᠤᠬᠢ ᠰᠠᠶᠢᠨ ᠡᠬᠢᠯᠡᠯᠳᠡ ᠪᠤᠯᠵᠠᠢ᠃ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠬᠢ ᠲᠦᠰᠦᠯ ᠢ ᠢᠳᠡᠪᠬᠢᠳᠡᠢ ᠦᠷᠨᠢᠬᠦᠯᠪᠡ᠃ ᠱᠠᠩᠳᠤ ᠨᠢᠰᠬᠡᠯ ᠤᠨ ᠪᠠᠭᠤᠳᠠᠯ ᠢ ᠪᠠᠶᠢᠭᠤᠯᠬᠤ ᠡᠮᠤᠨᠡᠬᠢ ᠬᠤᠭᠤᠴᠠᠭᠠᠨ ᠤ ᠠᠵᠢᠯ ᠤᠨ ᠡᠷᠴᠢᠮ ᠢ ᠠᠬᠢᠭᠤᠯᠵᠦ ᠪᠠᠶᠢᠭ᠎ᠠ ᠪᠦᠬᠡᠳ 207 ᠤᠯᠤᠰ ᠤᠨ ᠵᠠᠮ ᠤᠨ ᠰᠠᠩ ᠤᠨ ᠲᠠᠯᠠᠢ ᠠᠴᠠ ᠪᠤᠤᠴᠠᠩ ᠬᠦᠷᠬᠦ ᠲᠦᠷᠬᠡᠨ ᠤ ᠵᠠᠮ ᠲᠡᠷᠭᠡ ᠨᠡᠪᠳᠡᠷᠡᠭᠰᠡᠨ ᠪᠠ ᠰᠢᠯᠢ ᠶᠢᠨ ᠬᠤᠳᠠ ᠠᠴᠠ ᠰᠠᠩ ᠤᠨ ᠲᠠᠯᠠᠢ ᠬᠦᠷᠬᠦ ᠲᠦᠷᠬᠡᠨ ᠤ ᠵᠠᠮ ᠵᠡᠷᠬᠡ ᠲᠠᠪᠤᠨ ᠵᠤᠷᠪᠤᠰ ᠵᠠᠰᠠᠮᠠᠯ ᠵᠠᠮ᠂ ᠲᠠᠮᠤᠷ ᠵᠠᠮ ᠨᠢ ᠲᠡᠷᠬᠡ ᠨᠡᠪᠳᠡᠷᠡᠬᠦ ᠨᠦᠬᠦᠴᠡᠯ ᠢ ᠪᠦᠷᠢᠯᠳᠦᠬᠦᠯᠦᠭᠰᠡᠨ ᠪᠦᠬᠡᠳ ᠪᠤᠰᠤᠳ ᠵᠠᠰᠠᠮᠠᠯ ᠵᠠᠮ ᠪᠤᠶᠤ ᠲᠡᠮᠤᠷ ᠵᠠᠮ ᠤᠨ ᠲᠦᠰᠦᠯ ᠴᠦ ᠲᠦᠯᠦᠪᠯᠡᠭᠡ ᠶᠤᠰᠤᠭᠠᠷ ᠶᠠᠪᠤᠭᠳᠠᠵᠦ ᠪᠤᠢ᠃ ᠱᠠᠩ ᠴᠧᠨ 500 ᠺᠢᠯᠤᠸᠤᠯᠲ ᠤᠨ ᠴᠠᠬᠢᠯᠭᠠᠨ ᠲᠠᠮᠵᠢᠭᠤᠯᠬᠤ ᠢᠨᠵᠧᠨᠧᠷᠢᠩ ᠤᠨ ᠰᠢᠯᠤᠭᠤᠨ ᠬᠦᠬᠡ ᠬᠤᠰᠢᠭᠤᠨ ᠳᠠᠬᠢ ᠪᠦᠳᠦᠬᠡᠨ ᠪᠠᠶᠢᠭᠤᠯᠤᠯᠳᠠ ᠶᠢᠨ ᠠᠵᠢᠯ ᠨᠢᠬᠡᠨᠳᠡ ᠲᠠᠭᠤᠰᠴᠤ᠂ ᠪᠠᠶᠠᠠᠭᠤᠤᠯ ᠤᠨ 500 ᠺᠢᠯᠤᠸᠤᠯᠲ ᠤᠨ ᠬᠦᠴᠦᠳᠠᠯ ᠦᠬᠡᠷᠡᠴᠢᠯᠡᠭᠴᠢ ᠦᠷᠳᠡᠬᠡᠨ ᠤ ᠲᠦᠰᠦᠯ ᠤᠷᠤᠭᠰᠢᠳᠠᠢ ᠶᠠᠪᠤᠭᠳᠠᠵᠦ᠂ ᠰᠠᠩ ᠤᠨ ᠲᠠᠯᠠᠢ ᠶᠢᠨ 110 ᠺᠢᠯᠤᠸᠤᠯᠲ ᠤᠨ ᠬᠦᠴᠦᠳᠡᠯ ᠦᠬᠡᠷᠡᠴᠢᠯᠡᠭᠴᠢ ᠦᠷᠳᠡᠭᠡ ᠵᠡᠷᠬᠡ ᠭᠤᠷᠪᠠᠨ ᠬᠦᠴᠦᠳᠡᠯ ᠦᠬᠡᠷᠡᠴᠢᠯᠡᠬᠦ ᠦᠷᠳᠡᠬᠡᠨ ᠤ ᠪᠠᠶᠢᠭᠤᠯᠤᠯᠳᠠ ᠶᠢᠨ ᠠᠵᠢᠯ ᠨᠢᠬᠡᠨᠳᠡ ᠲᠠᠭᠤᠰᠴᠤ ᠪᠦᠬᠦᠨ ᠢᠶᠠᠷ ᠢᠶᠠᠨ ᠠᠰᠢᠭᠯᠠᠯᠳᠠ ᠳᠤ ᠤᠷᠤᠵᠠᠢ᠃ ᠠᠷᠠᠯᠵᠢᠶᠠᠴᠢᠨ ᠤᠷᠢᠵᠦ ᠪᠡᠯᠡ ᠲᠠᠳᠠᠬᠤ ᠠᠵᠢᠯ ᠢ ᠭᠤᠤᠯᠳᠠᠯᠭ᠎ᠠ ᠲᠠᠢ ᠬᠢᠪᠠ᠃ ᠨᠠᠶᠢᠳᠠ 50 ᠭᠠᠷᠤᠢ ᠲᠦᠷᠦᠯ ᠤᠨ ᠠᠷᠠᠯᠵᠢᠶᠠᠴᠢᠨ ᠤᠷᠢᠬᠤ ᠲᠦᠰᠦᠯ ᠢ ᠬᠡᠷᠡᠭᠵᠢᠬᠦᠯᠵᠦ᠂ 28.3 ᠳ᠋ᠦᠩᠰᠢᠭᠤᠷ ᠲᠦᠬᠦᠷᠢᠭ ᠤᠨ ᠠᠶᠢᠮᠠᠭ ᠤᠨ ᠭᠠᠳᠠᠨᠠᠬᠢ ᠪᠡᠯᠡ ᠤᠷᠤᠭᠤᠯᠤᠯᠳᠠ ᠶᠢ ᠰᠢᠭᠤᠳ ᠠᠰᠢᠭᠯᠠᠨ᠂ ᠠᠳᠠᠯᠢ ᠬᠤᠭᠤᠴᠠᠭᠠᠨ ᠤ ᠬᠢ ᠠᠴᠠ 46% ᠠᠴᠠ ᠲᠡᠭᠡᠭᠰᠢ ᠨᠡᠮᠡᠭᠳᠡᠪᠡ᠃        ︵ᠲᠦᠷᠪᠡ︶ ᠠᠮᠢ ᠠᠬᠤᠢ ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠪᠠ᠃        ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠡᠬᠢ ᠪᠠᠶᠠᠯᠢᠭ ᠤᠨ ᠨᠡᠬᠡᠬᠡᠯᠳᠡ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠵᠤᠬᠢᠴᠠᠩᠭᠤᠢ ᠬᠦᠭᠵᠢᠬᠦᠯᠬᠦ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠦᠭᠰᠡᠨ ᠠᠴᠠ ᠨᠡᠯᠢᠶᠠᠳ ᠲᠤᠭᠳᠠᠩᠭᠤᠢ ᠠᠮᠢ ᠠᠬᠤᠢ ᠶᠢᠨ ᠬᠠᠮᠠᠭᠠᠯᠠᠯᠳᠠ  ᠶᠢᠨ ᠰᠢᠰᠲ᠋ᠧᠮ ᠪᠤᠢ ᠪᠤᠯᠤᠭᠰᠠᠨ ᠪᠠᠶᠢᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠲᠦᠰᠦᠯ ᠢ ᠢᠳᠡᠪᠬᠢᠯᠡᠨ ᠬᠡᠷᠡᠭᠵᠢᠬᠦᠯᠪᠡ ᠃ ᠡᠯ᠎ᠠ ᠵᠦᠢᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠳᠤ ᠬᠤᠯᠪᠤᠭᠳᠠᠭᠰᠠᠨ ᠲᠦᠰᠦᠯ ᠳᠤ ᠨᠠᠶᠢᠳᠠ 7600 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠤᠶᠢᠵᠢᠭᠤᠯᠤᠯᠳᠠ ᠶᠢᠨ ᠲᠠᠯᠠᠪᠠᠢ ᠨᠠᠶᠢᠳᠠ 29.06 ᠲᠦᠮᠡᠨ ᠮᠤ᠋ ᠳᠤ ᠬᠦᠷᠪᠠ᠃ ᠡᠬᠦᠨ ᠳᠤ 2012 ᠤᠨ ᠳᠤ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢᠶᠠᠷ 28.5 ᠲᠦᠮᠡᠨ ᠮᠤ᠋ ᠤᠢ ᠮᠤᠳᠤ ᠲᠠᠷᠢᠵᠦ᠂ ᠬᠤᠳᠠ ᠪᠠᠯᠭᠠᠰᠤᠨ ᠤ ᠡᠷᠬᠢᠨ ᠲᠤᠭᠤᠷᠢᠨ ᠤ ᠭᠤᠤᠯᠳᠠᠯᠭ᠎ᠠ ᠲᠠᠢ ᠤᠷᠤᠨ ᠳᠤ 5600 ᠮᠤ᠋ ᠮᠤᠳᠤ ᠲᠠᠷᠢᠪᠠ᠃ ᠱᠠᠩᠳᠤ ᠶᠢᠨ ᠭᠤᠤᠯ ᠤᠨ ᠰᠠᠪᠠ ᠭᠠᠵᠠᠷ ᠢ ᠴᠡᠪᠡᠷᠯᠡᠵᠦ᠂ ᠲᠤᠮᠳᠠ ᠪᠠᠭ᠎ᠠ ᠭᠤᠤᠯ ᠤᠨ ᠤᠷᠤᠰᠬᠠᠯ ᠢ ᠲᠤᠩᠭᠠᠯᠠᠭᠰᠢᠭᠤᠯᠬᠤ ᠢᠨᠵᠧᠨᠧᠷᠢᠩ ᠢᠶᠠᠷ ᠱᠠᠩᠳᠤ ᠶᠢᠨ ᠭᠤᠤᠯ ᠪᠠᠯᠭᠠᠰᠤᠨ ᠤ ᠬᠡᠰᠡᠭ ᠲᠤ ᠨᠠᠶᠢᠳᠠ 1521 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠶᠤᠸᠠᠨ ᠤ ᠲᠡᠭᠡᠳᠦ ᠨᠠᠶᠢᠰᠯᠠᠯ  ᠤᠨ ᠪᠠᠭᠤᠷᠢ ᠶᠢᠨ ᠬᠠᠪᠢ ᠳᠠᠬᠢ ᠭᠤᠤᠯ ᠤᠨ ᠤᠰᠤ ᠶᠢ ᠨᠦᠬᠦᠪᠦᠷᠢᠯᠡᠬᠦ ᠢᠨᠵᠧᠨᠧᠷᠢᠩ ᠳᠤ 114 ᠲᠦᠮᠡᠨ ᠲᠦᠬᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠪᠠᠷᠢᠮᠳᠠᠯᠠᠨ᠂ 1457 ᠲᠦᠮᠡᠨ ᠮᠤ᠋ ᠲᠠᠯᠠᠪᠠᠢ ᠳᠤ ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠢ ᠬᠡᠷᠡᠭᠵᠢᠬᠦᠯᠵᠦ᠂ ᠡᠯ᠎ᠠ ᠲᠦᠷᠦᠯ ᠤᠨ ᠨᠦᠬᠦᠪᠦᠷᠢ ᠮᠦᠩᠬᠦ ᠶᠢ 8267 ᠲᠦᠮᠡᠨ ᠲᠦᠬᠦᠷᠢᠭ ᠪᠠᠭᠤᠯᠭᠠᠪᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠪᠠ᠃ 11.35 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠲᠤᠯᠠᠭᠠᠨ ᠰᠠᠷᠠᠪᠴᠢ᠂ ᠬᠤᠨᠢ ᠪᠤᠷᠳᠤᠬᠤ ᠬᠠᠰᠢᠶ᠎ᠠ᠂ ᠮᠠᠯ  ᠤᠨ ᠬᠠᠰᠢᠶ᠎ᠠ ᠰᠠᠷᠠᠪᠴᠢ ᠵᠢᠴᠢ 2.1 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠡᠪᠡᠰᠦᠨ ᠬᠤᠷᠤᠭ᠎ᠠ᠂ 2 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠠ ᠪᠠᠷ ᠪᠠᠶᠢᠭᠤᠯᠤᠨ᠂ 1.29 ᠲᠦᠮᠡᠨ ᠮᠤ᠋ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠢ ᠪᠠᠶᠢᠭᠤᠯᠵᠦ᠂ ᠶᠡᠷᠤᠩᠬᠡᠢ ᠪᠡᠯᠡ ᠤᠷᠤᠭᠤᠯᠤᠯᠳᠠ 1800 ᠲᠦᠮᠡᠨ ᠲᠦᠬᠦᠷᠢᠭ ᠲᠤ ᠬᠦᠷᠴᠡᠢ᠃ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠬᠦᠯᠪᠡ᠃ ᠠᠶᠢᠮᠠᠭ ᠤᠨ ᠬᠢᠵᠠᠭᠠᠷᠯᠠᠭᠰᠠᠨ ᠡᠬᠦᠷᠬᠡ ᠶᠤᠰᠤᠭᠠᠷ ᠡᠨᠧᠷᠬᠢ ᠠᠷᠪᠢᠯᠠᠵᠦ᠂ ᠪᠤᠬᠢᠷᠳᠤᠯ ᠪᠠᠭᠠᠰᠬᠠᠬᠤ ᠠᠵᠢᠯ ᠢ ᠰᠠᠶᠢᠳᠦᠷ ᠬᠢᠭᠰᠡᠨ ᠠᠴᠠ ᠨᠢᠬᠡᠴᠢ GDP ᠤᠨ ᠡᠨᠧᠷᠬᠢ ᠶᠢᠨ ᠬᠤᠷᠤᠭᠳᠠᠯ ᠪᠠ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ  ᠶᠢᠨ ᠬᠡᠮᠵᠢᠶ᠎ᠠ ᠨᠢ ᠲᠤᠰ ᠪᠦᠷᠢ 5.6% ᠪᠠᠷ ᠪᠠᠭᠤᠷᠠᠭᠰᠠᠨ ᠪᠠᠶᠢᠨ᠎ᠠ᠃ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠤ ᠴᠡᠭᠴᠡᠯᠡᠯᠳᠡ ᠶᠢᠨ ᠠᠵᠢᠯ ᠢ ᠴᠢᠩᠭᠠᠳᠬᠠᠵᠦ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠲᠡᠰ ᠲᠠᠷᠠᠭᠠᠯᠠᠯ ᠢ ᠲᠦᠷᠢᠮᠵᠢᠬᠦᠯᠦᠨ᠂ ᠬᠠᠤᠯᠢ ᠪᠤᠰᠤ ᠪᠠᠷ ᠨᠤᠳᠤᠭ ᠪᠡᠯᠴᠢᠬᠡᠷ ᠢ ᠬᠠᠭᠠᠯᠪᠤᠷᠢᠯᠠᠭᠰᠠᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ ᠠᠭᠤᠯᠠᠨ ᠦᠶᠡᠷ ᠤᠨ ᠭᠠᠢ ᠭᠠᠮᠰᠢᠭ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠰᠡᠷᠡᠮᠵᠢ ᠶᠢᠨ ᠲᠦᠬᠦᠬᠡᠷᠦᠮᠵᠢ  ᠶᠢ ᠲᠤᠷᠰᠢᠨ ᠠᠵᠢᠯᠯᠠᠭᠤᠯᠤᠭᠰᠠᠨ ᠪᠠᠶᠢᠨ᠎ᠠ᠃ ᠲᠠᠯ᠎ᠠ ᠨᠤᠳᠤᠭ ᠤᠨ ᠭᠠᠯ ᠰᠡᠷᠬᠡᠶᠢᠯᠡᠬᠦ ᠠᠵᠢᠯ ᠢ ᠬᠢᠨᠠᠮᠠᠭᠠᠢ ᠵᠤᠬᠢᠶᠠᠨ ᠪᠠᠶᠢᠭᠤᠯᠤᠭᠰᠠᠨ ᠤ ᠬᠠᠮᠳᠤ ᠠᠮᠢᠳᠠᠨ ᠤ ᠬᠢᠵᠢᠭ ᠬᠡᠮ ᠢ ᠰᠡᠷᠬᠡᠶᠢᠯᠡᠨ ᠬᠤᠷᠢᠭᠯᠠᠬᠤ ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠦᠨ᠂ ᠪᠧᠷᠦ᠋ᠰᠧᠯ ᠡᠪᠡᠳᠴᠢᠨ ᠬᠦᠮᠦᠨ ᠳᠤ ᠬᠠᠯᠳᠠᠪᠤᠷᠢᠯᠠᠬᠤ ᠶᠢ ᠪᠦᠳᠦᠮᠵᠢᠳᠠᠢ ᠬᠤᠷᠢᠭᠯᠠᠵᠦ ᠴᠢᠳᠠᠭᠰᠠᠨ ᠪᠠᠶᠢᠨ᠎ᠠ᠃        ︵ᠲᠠᠪᠤ︶ ᠠᠷᠠᠳ ᠤᠨ ᠠᠮᠢᠳᠤᠷᠠᠯ ᠤᠨ ᠢᠵᠧᠨᠧᠷᠢᠩ ᠪᠦᠬᠦ ᠲᠠᠯ᠎ᠠ ᠪᠠᠷ ᠠᠬᠢᠯᠳᠠ ᠲᠠᠢ ᠪᠤᠯᠪᠠ᠃        ᠡᠵᠡᠮᠳᠡᠵᠦ ᠪᠤᠯᠬᠤᠶᠢᠴᠡ ᠡᠳ᠋ ᠤᠨ ᠬᠦᠴᠦᠨ ᠲᠤᠶᠢᠯ ᠤᠨ ᠬᠢᠵᠠᠭᠠᠷᠳᠠᠢ ᠪᠠᠶᠢᠳᠠᠯ ᠲᠤᠤᠷ᠎ᠠ ᠴᠦ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠶᠢ ᠪᠦᠬᠦ ᠬᠦᠴᠦᠨ ᠢᠶᠠᠷ ᠢᠶᠠᠨ ᠪᠠᠳᠤᠯᠠᠪᠠ᠃ ᠪᠦᠬᠦ ᠵᠢᠯ ᠤᠨ ᠡᠳ᠋ ᠤᠨ ᠵᠠᠰᠠᠭ  ᠠᠴᠠ ᠭᠠᠷᠭᠠᠭᠰᠠᠨ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ ᠶᠢᠨ ᠶᠠᠷᠤᠩᠬᠡᠢ ᠬᠡᠮᠵᠢᠶ᠎ᠠ ᠨᠢ 5.59 ᠳ᠋ᠦᠩᠰᠢᠭᠤᠷ ᠲᠦᠬᠦᠷᠢᠭ ᠬᠦᠷᠴᠦ᠂ ᠪᠦᠬᠦ ᠬᠤᠰᠢᠭᠤᠨ ᠤ ᠤᠯᠠᠨ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠦᠪ ᠤᠨ 52.8% ᠶᠢ ᠡᠵᠡᠯᠡᠪᠡ᠃ ᠵᠢᠯ ᠤᠨ ᠡᠬᠢᠨ ᠳᠤ ᠠᠷᠠᠳ ᠲᠤ ᠠᠮᠠᠯᠳᠤᠭᠰᠠᠨ ᠠᠷᠪᠠᠨ ᠵᠦᠢᠯ ᠤᠨ ᠪᠤᠳᠠᠳᠠᠢ ᠠᠵᠢᠯ ᠯᠠᠪᠳᠠᠭᠤᠨ ᠨᠠᠶᠢᠳᠠᠪᠤᠷᠢᠵᠢᠭᠳᠠᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢᠨ ᠨᠡᠮᠡᠭᠳᠡᠯ  ᠤᠨ ᠬᠤᠷᠳᠤᠴᠠ ᠨᠢ ᠴᠦᠮ ᠠᠵᠤ ᠠᠬᠤᠢ ᠶᠢᠨ ᠦᠰᠦᠯᠳᠡ ᠶᠢᠨ ᠬᠤᠷᠳᠤᠴᠠ ᠠᠴᠠ ᠲᠠᠪᠠᠭᠰᠠᠨ ᠪᠠᠶᠢᠨ᠎ᠠ᠃ ᠦᠢᠯᠡᠰ ᠪᠤᠰᠬᠠᠵᠦ ᠠᠵᠢᠯ ᠤᠯᠭᠤᠬᠤ ᠠᠵᠢᠯ ᠢ ᠰᠠᠶᠢᠳᠦᠷ ᠭᠢᠪᠡ᠃ ᠠᠵᠢᠯ ᠤᠯᠭᠤᠬᠤ ᠪᠤᠯᠪᠠᠰᠤᠷᠠᠯ ᠤᠨ ᠬᠦᠴᠦᠯᠡᠴᠡ ᠶᠢ ᠨᠡᠮᠡᠭᠳᠡᠬᠦᠯᠵᠦ᠂ 8700 ᠠᠵᠢᠯ ᠤᠨ ᠪᠠᠶᠢᠷᠢ ᠴᠤᠭᠯᠠᠭᠤᠯᠤᠨ᠂ ᠬᠤᠳᠠ ᠪᠠᠯᠭᠠᠰᠤᠨ ᠤ 1823 ᠬᠦᠮᠦᠨ ᠳᠤ ᠰᠢᠨ᠎ᠠ ᠪᠠᠷ ᠠᠵᠢᠯ ᠤᠯᠭᠤᠨ᠂ ᠬᠤᠳᠠ ᠪᠠᠯᠭᠠᠰᠤᠨ ᠤ ᠠᠵᠢᠯ ᠦᠬᠡᠶᠢᠴᠤᠳ ᠤᠨ ᠲᠤᠭ᠎ᠠ ᠨᠤᠷᠮ᠎ᠠ ᠶᠢ 3.48% ᠤᠨ ᠲᠤᠳᠤᠷ᠎ᠠ ᠬᠢᠵᠠᠭᠠᠷᠯᠠᠪᠠ᠃ ᠶᠡᠭᠡ ᠲᠡᠭᠡᠳᠦ ᠰᠤᠷᠭᠠᠭᠤᠯᠢ ᠲᠡᠬᠦᠰᠦᠭᠰᠡᠨ 82 ᠤᠶᠤᠳᠠᠨ ᠤ ᠬᠤᠪᠢ ᠶᠢᠨ ᠤᠶᠢᠯᠡᠰ ᠢ ᠲᠡᠮᠵᠢᠭᠰᠡᠨ ᠪᠦᠬᠡᠳ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠪᠠ ᠠᠵᠢᠯ ᠮᠡᠷᠬᠡᠵᠢᠯ ᠤᠨ ᠰᠤᠷᠭᠠᠭᠤᠯᠢ ᠲᠡᠬᠦᠰᠦᠭᠰᠡᠨ 296 ᠬᠦᠮᠦᠨ᠂ ᠴᠡᠷᠢᠭ ᠠᠴᠠ ᠬᠠᠯᠠᠭᠳᠠᠭᠰᠠᠨ 27 ᠬᠦᠮᠦᠨ ᠳᠤ ᠠᠵᠢᠯ ᠤᠯᠭᠤᠵᠦ ᠦᠭᠪᠡ᠃ ᠨᠡᠶᠢᠬᠡᠮ ᠤᠨ ᠪᠠᠳᠤᠯᠠᠭ᠎ᠠ  ᠶᠢᠨ ᠬᠢᠷᠢ ᠲᠦᠪᠰᠢᠨ ᠲᠤᠭᠳᠠᠭᠤᠨ ᠢᠶᠠᠷ ᠲᠡᠭᠡᠭᠰᠢᠯᠡᠪᠡ᠃ ᠬᠤᠳᠠ ᠪᠠᠯᠭᠠᠰᠤ᠂ ᠮᠠᠯᠵᠢᠬᠤ ᠲᠡᠷᠢᠶᠠᠯᠠᠬᠤ ᠤᠷᠤᠨ ᠤ ᠲᠤᠤᠷ᠎ᠠ ᠪᠠᠳᠤᠯᠭᠠᠳᠤ ᠡᠷᠦᠬᠡ ᠶᠢᠨ ᠨᠦᠬᠦᠪᠦᠷᠢ᠂ ᠲᠠᠪᠤᠨ ᠪᠠᠳᠤᠯᠭᠠᠳᠤ ᠡᠷᠦᠬᠡ ᠶᠢ ᠲᠦᠪᠯᠡᠷᠡᠬᠦᠯᠦᠨ ᠬᠠᠷᠠᠭᠠᠯᠵᠠᠬᠤ ᠨᠦᠬᠦᠪᠦᠷᠢ ᠶᠢᠨ ᠪᠠᠷᠢᠮᠵᠢᠶ᠎ᠠ ᠵᠢᠴᠢ ᠲᠤᠰ ᠲᠤᠨᠢ ᠠᠰᠠᠷᠠᠨ ᠬᠠᠷᠠᠭᠠᠯᠵᠠᠬᠤ ᠨᠦᠬᠦᠪᠦᠷᠢ ᠶᠢᠨ ᠪᠠᠷᠢᠮᠵᠢᠶ᠎ᠠ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠮᠦᠩᠬᠦ ᠪᠤᠯᠤᠨ ᠭᠠᠴᠠᠭ᠎ᠠ ᠲᠤᠰᠬᠤᠨ ᠤ ᠺᠠᠳ᠋ᠷ ᠤᠨ ᠴᠡᠯᠢᠩ ᠤᠨ ᠪᠠᠷᠢᠮᠵᠢᠶ᠎ᠠ ᠶᠢ ᠴᠦᠮ ᠵᠤᠬᠢᠬᠤ ᠬᠡᠮᠵᠢᠶ᠎ᠠ ᠪᠠᠷ ᠦᠰᠭᠡᠪᠡ᠃ ᠶᠠᠳᠠᠭᠤ ᠬᠦᠴᠢᠷᠳᠡᠢ ᠤᠶᠤᠳᠠᠨ ᠪᠠ ᠤᠨᠴᠠ ᠬᠦᠴᠢᠷᠳᠡᠢ ᠤᠯᠠᠨ ᠲᠦᠮᠡᠨ ᠢ ᠭᠤᠤᠯᠳᠠᠯᠭ᠎ᠠ ᠲᠠᠢ ᠲᠡᠮᠵᠢᠵᠦ᠂ 301 ᠨᠡᠷ᠎ᠡ ᠶᠠᠳᠠᠭᠤ ᠬᠦᠴᠢᠷᠳᠡᠢ ᠤᠶᠤᠳᠠᠨ ᠳᠤ ᠨᠠᠶᠢᠳᠠ 56 ᠲᠦᠮᠡᠨ ᠲᠦᠬᠦᠷᠢᠭ ᠤᠨ ᠲᠤᠰᠠᠯᠠᠮᠵᠢ ᠶᠢᠨ ᠮᠦᠩᠬᠦ ᠭᠠᠷᠳᠠᠭᠤᠯᠵᠦ᠂ ᠶᠠᠳᠠᠭᠤ ᠬᠦᠴᠢᠷᠳᠡᠢ ᠡᠷᠦᠬᠡ ᠳᠤ ᠡᠪᠤᠯ ᠤᠨ ᠲᠦᠯᠡᠰᠢᠨ ᠤ ᠨᠦᠬᠦᠪᠦᠷᠢ 626 ᠲᠦᠮᠡᠨ ᠲᠦᠬᠦᠷᠢᠭ ᠪᠠᠭᠤᠯᠭᠠᠵᠦ ᠦᠭᠬᠦᠭᠰᠡᠨ ᠪᠠᠶᠢᠨ᠎ᠠ᠃ ᠶᠠᠳᠠᠭᠤ ᠶᠢ ᠲᠡᠳᠬᠦᠬᠦ ᠠᠵᠢᠯ ᠢ ᠦᠷᠬᠦᠯᠵᠢᠯᠡᠨ ᠠᠬᠢᠭᠤᠯᠪᠠ᠃ ᠲᠡᠬᠡᠳᠦ ᠱᠠᠳᠤᠨ ᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠦ᠂ ᠭᠠᠵᠠᠷ ᠤᠨ ᠲᠡᠰ ᠤᠨ ᠤᠳᠤᠷᠢᠳᠤᠯᠭ᠎ᠠ ᠶᠠᠳᠠᠭᠤ ᠬᠦᠴᠢᠷᠳᠡᠢ ᠭᠠᠴᠠᠭ᠎ᠠ ᠲᠤᠰᠬᠤᠨ ᠲᠠᠢ ᠬᠠᠷᠢᠯᠴᠠᠬᠤ ᠲᠦᠷᠢᠮ ᠢ ᠬᠡᠷᠡᠭᠵᠢᠬᠦᠯᠦᠨ᠂ ᠲᠠᠪᠤᠨ ᠵᠢᠯ ᠤᠨ ᠶᠠᠳᠠᠭᠤ ᠶᠢ ᠲᠡᠳᠬᠦᠬᠦ ᠠᠵᠢᠯ ᠤᠨ ᠲᠦᠯᠦᠪᠵᠢᠬᠦᠯᠬᠡ ᠶᠢ ᠲᠤᠭᠳᠠᠭᠠᠵᠦ᠂ ᠨᠡᠶᠢᠬᠡᠮ ᠤᠨ ᠡᠯ᠎ᠠ ᠲᠠᠯ᠎ᠠ ᠶᠢᠨ ᠬᠦᠴᠦᠨ ᠢ ᠲᠠᠶᠢᠴᠢᠯᠠᠨ ᠶᠠᠳᠠᠭᠤ ᠶᠢ ᠲᠡᠳᠬᠦᠬᠦ ᠠᠵᠢᠯ ᠢ ᠬᠦᠨᠵᠡᠬᠡᠢ ᠦᠷᠨᠢᠬᠦᠯᠦᠨ᠂ ᠨᠠᠶᠢᠳᠠ 238 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠨᠠᠶᠢᠳᠠᠪᠤᠷᠢᠵᠢᠭᠤᠯᠤᠨ᠂ 276 ᠶᠠᠳᠠᠭᠤ ᠡᠷᠦᠬᠡ ᠶᠢᠨ 941 ᠬᠦᠮᠦᠨ ᠤ ᠠᠮᠢᠳᠤᠷᠠᠯ ᠢ ᠰᠠᠶᠢᠵᠢᠷᠠᠭᠤᠯᠪᠠ᠃ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠪᠦᠬᠦ ᠬᠦᠴᠦᠨ ᠢᠶᠠᠷ  ᠢᠶᠠᠨ ᠲᠡᠭᠡᠭᠰᠢᠯᠡᠬᠦᠯᠪᠡ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠦᠷᠬᠦᠯᠵᠢᠯᠠᠨ ᠬᠡᠷᠡᠭᠵᠢᠬᠦᠯᠵᠦ᠂ ᠨᠠᠶᠢᠳᠠ ᠶᠢᠨ ᠲᠦᠷᠢᠶᠠᠰᠤᠨ ᠬᠡᠷ 160 ᠢᠵᠢ᠂ ᠪᠦᠷᠬᠡ ᠲᠤᠭᠤᠷᠢᠭ ᠢ ᠦᠬᠡᠷᠡᠴᠢᠯᠡᠨ ᠪᠠᠶᠢᠭᠤᠯᠤᠭᠰᠠᠨ ᠤᠷᠤᠨ ᠰᠠᠭᠤᠴᠠ 300 ᠢᠵᠢ ᠶᠢ ᠰᠢᠨ᠎ᠠ ᠪᠠᠷ ᠪᠠᠶᠢᠭᠤᠯᠤᠭᠰᠠᠨ ᠪᠠ ᠮᠠᠯᠵᠢᠬᠤ ᠲᠠᠷᠢᠶᠠᠯᠠᠬᠤ ᠤᠷᠤᠨ ᠤ ᠠᠶᠤᠯᠳᠠᠢ ᠬᠡᠷ ᠪᠠᠶᠢᠰᠢᠩ ᠢ ᠵᠠᠰᠠᠨ ᠰᠢᠨᠡᠴᠢᠯᠡᠬᠦ ᠬᠦᠴᠦᠯᠡᠴᠡ ᠪᠠᠨ ᠨᠡᠮᠡᠭᠳᠡᠬᠦᠯᠵᠦ᠂ ᠨᠠᠶᠢᠳᠠ 800 ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠵᠠᠰᠠᠨ ᠰᠢᠨᠡᠳᠬᠡᠭᠰᠡᠨ ᠪᠠᠶᠢᠨ᠎ᠠ᠃ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠭᠠᠴᠠᠭ᠎ᠠ ᠲᠤᠰᠬᠤᠨ ᠳᠤ ᠨᠠᠶᠢᠳᠠ 81.7 ᠺᠢᠯᠤᠮᠧᠲᠷ ᠼᠧᠮᠧᠨ᠋ᠲ ᠵᠠᠮ ᠵᠠᠰᠠᠵᠦ᠂ 376 ᠡᠷᠦᠬᠡ ᠳᠤ ᠴᠠᠬᠢᠯᠭᠠᠨ ᠨᠡᠪᠳᠡᠷᠡᠬᠦᠯᠵᠦ᠂ 2029 ᠡᠷᠦᠬᠡ ᠳᠤ ᠨᠠᠷᠠ ᠰᠠᠯᠬᠢᠨ ᠤ ᠬᠤᠤᠰ ᠡᠨᠧᠷᠬᠢᠳᠦ ᠴᠠᠬᠢᠯᠭᠠᠨ ᠭᠠᠷᠭᠠᠬᠤ ᠮᠠᠰᠢᠨ ᠤᠭᠰᠠᠷᠠᠪᠠ᠃ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠤᠰᠤᠨ ᠠᠰᠢᠭᠯᠠᠯᠳᠠ ᠶᠢᠨ ᠢᠨᠵᠧᠨᠧᠷᠢᠩ ᠢ ᠰᠠᠶᠢᠳᠦᠷ ᠶᠠᠪᠤᠭᠳᠠᠭᠤᠯᠵᠦ᠂ 2700 ᠭᠠᠷᠤᠢ ᠬᠦᠮᠦᠨ ᠠᠷᠠᠳ ᠵᠢᠴᠢ 18000 ᠲᠤᠯᠤᠭᠠᠢ ᠮᠠᠯ ᠤᠨᠤᠭᠠᠨ ᠤ ᠤᠤᠭᠤᠬᠤ ᠤᠰᠤᠨ  ᠤ ᠠᠰᠠᠭᠤᠳᠠᠯ ᠢ ᠰᠢᠢᠳᠪᠤᠷᠢᠯᠡᠪᠡ᠃ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠲᠦᠰᠦᠯ ᠤᠨ ᠪᠡᠯᠡ ᠮᠦᠩᠬᠦ  ᠶᠢ 230 ᠲᠦᠮᠡᠨ ᠲᠦᠬᠦᠷᠢᠭ ᠬᠤᠷᠠᠮᠳᠤᠭᠤᠯᠵᠦ᠂ ᠮᠠᠯᠴᠢᠨ ᠲᠠᠷᠢᠶᠠᠴᠢᠨ ᠤ 8 ᠬᠤᠷᠰᠢᠶᠠᠵᠢᠯ ᠢ ᠲᠡᠮᠵᠢᠪᠠ᠃ ᠬᠤᠳᠠ ᠪᠠᠯᠭᠠᠰᠦᠵᠢᠯᠳᠡ ᠶᠢᠨ ᠠᠬᠢᠴᠠ ᠶᠢ ᠲᠦᠷᠬᠡᠳᠬᠡᠨ᠂ ᠬᠤᠳᠠ ᠶᠢᠨ ᠪᠦᠳᠦᠬᠡᠨ ᠪᠠᠶᠢᠭᠤᠯᠤᠯᠳᠠ ᠳᠤ 1.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠬᠤᠳᠠ ᠪᠠᠯᠭᠠᠰᠤᠨ ᠤ ᠲᠦᠷᠢ ᠲᠦᠷᠬᠦ ᠶᠢ ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃        ︵ᠵᠢᠷᠭᠤᠭ᠎ᠠ︶ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠶᠢᠨ ᠬᠦᠭᠵᠢᠯᠳᠡ ᠲᠠᠢ ᠪᠤᠯᠪᠠ᠃        ᠨᠡᠶᠢᠬᠡᠮ ᠤᠨ ᠡᠶ᠎ᠡ ᠲᠤᠭᠳᠠᠭᠤᠨ ᠢ ᠬᠠᠮᠠᠭᠠᠯᠠᠨ᠂ ᠠᠮᠤᠷ ᠲᠦᠪᠰᠢᠨ ᠰᠢᠯᠤᠭᠤᠨ ᠬᠦᠬᠡ ᠶᠢ ᠪᠦᠳᠦᠬᠡᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠦ᠂ ᠡᠯ᠎ᠠ ᠵᠦᠢᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠴᠦᠳᠠᠢ ᠴᠤᠬᠢᠯᠳᠠ ᠦᠭᠬᠦᠭᠰᠡᠨ ᠠᠴᠠ ᠬᠡᠷᠡᠭ ᠡᠬᠦᠰᠬᠦ ᠨᠤᠷᠮ᠎ᠠ ᠢᠯᠡᠳᠳᠡ ᠪᠠᠭᠤᠷᠠᠪᠠ᠃ ᠵᠦᠷᠢᠴᠡᠯ ᠵᠢᠭᠤᠷᠭᠠᠨ ᠢ ᠬᠢᠨᠠᠮᠠᠭᠠᠢ ᠪᠠᠶᠢᠴᠠᠭᠠᠨ ᠰᠢᠢᠳᠪᠤᠷᠢᠯᠡᠵᠦ᠂ ᠨᠠᠶᠢᠳᠠ ᠪᠠᠶᠢᠴᠠᠭᠠᠭᠰᠠᠨ 353 ᠬᠤᠪᠢ ᠵᠦᠷᠢᠴᠡᠯ ᠵᠢᠭᠤᠷᠭᠠᠨ ᠠᠴᠠ 340 ᠶᠢ  ᠨᠢ ᠨᠢᠬᠡᠨᠳᠡ ᠰᠢᠢᠳᠪᠤᠷᠢᠯᠡᠵᠦ᠂ ᠰᠢᠢᠳᠪᠤᠷᠢᠯᠡᠯᠳᠡ ᠶᠢᠨ ᠨᠤᠷᠮ᠎ᠠ 96% ᠳᠤ ᠬᠦᠷᠴᠡᠢ᠃ ᠨᠢᠬᠡ ᠪᠦᠯᠦᠭ ᠭᠤᠤᠯᠳᠠᠯᠭ᠎ᠠ  ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠬᠢᠳᠠᠢ ᠰᠢᠢᠳᠪᠤᠷᠢᠯᠡᠭᠰᠡᠨ ᠢᠶᠠᠷ ᠵᠠᠬᠢᠳᠠᠯ ᠰᠤᠷᠪᠤᠯᠵᠢᠯᠠᠭ᠎ᠠ ᠶᠢᠨ ᠶᠡᠷᠤᠩᠬᠡᠢ ᠬᠡᠮᠵᠢᠶ᠎ᠠ ᠨᠢ ᠠᠳᠠᠯᠢ ᠬᠤᠭᠤᠴᠠᠭᠠᠨ ᠤ ᠬᠢ ᠠᠴᠠ 20% ᠪᠠᠷ ᠪᠠᠭᠤᠷᠠᠭᠰᠠᠨ ᠪᠠᠶᠢᠨ᠎ᠠ᠃ ᠦᠢᠯᠡᠳᠪᠤᠷᠢᠯᠡᠯ ᠪᠤᠯᠤᠨ ᠢᠳᠡᠬᠡᠨ ᠤᠮᠳᠠᠭᠠᠨ ᠡᠮ ᠲᠠᠩ ᠤᠨ ᠠᠶᠤᠯᠬᠦᠢ ᠪᠠᠶᠢᠳᠠᠯ ᠢ ᠬᠢᠨᠠᠨ ᠬᠠᠮᠢᠶᠠᠷᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠂ ᠨᠡᠶᠢᠬᠡᠮ ᠤᠨ ᠪᠦᠬᠦᠯᠢ ᠴᠤᠭᠴᠠ ᠶᠢᠨ ᠲᠤᠭᠳᠠᠭᠤᠨ ᠢ ᠪᠠᠳᠤᠯᠠᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠡᠳᠦᠷ ᠢᠷᠡᠬᠦᠶ᠎ᠠ ᠲᠡᠬᠦᠯᠳᠡᠷᠵᠢᠪᠠ᠃ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠬᠡ  ᠨᠢ ᠨᠠᠶᠢᠳᠠ ᠲᠠᠪᠬᠤᠷᠳᠠᠭᠰᠠᠨ ᠲᠤᠭ᠎ᠠ ᠪᠠᠷ 3872 ᠬᠦᠮᠦᠨ ᠤ 1200 ᠲᠦᠮᠡᠨ ᠲᠦᠬᠦᠷᠢᠭ ᠤᠨ ᠡᠮᠴᠢᠯᠡᠬᠡᠨ ᠤ ᠵᠠᠷᠤᠳᠠᠯ  ᠢ ᠲᠠᠩᠰᠠᠨ ᠠᠴᠠ ᠲᠠᠶᠢᠯᠤᠨ ᠦᠭᠪᠡ᠃ ᠬᠤᠰᠢᠭᠤ ᠡᠮᠨᠡᠯᠬᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ᠂ ᠵᠢᠭᠠᠰᠤᠳᠠᠢ ᠰᠤᠮᠤᠨ ᠤ ᠡᠮᠨᠡᠯᠬᠡ ᠶᠢᠨ ᠬᠤᠷᠢᠶ᠎ᠠ ᠨᠢ ᠨᠢᠬᠡᠨᠳᠡ ᠠᠰᠢᠭᠯᠠᠯᠳᠠ ᠳᠤ ᠤᠷᠤᠵᠦ᠂ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠮᠤᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠤᠨ ᠪᠠᠶᠢᠭᠤᠯᠤᠯᠳᠠ ᠶᠢᠨ ᠠᠵᠢᠯ ᠤᠷᠤᠭᠰᠢᠳᠠᠢ ᠶᠠᠪᠤᠭᠳᠠᠵᠦ ᠪᠤᠢ᠃ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠬᠢᠷᠢ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃ ᠰᠢᠨ᠎ᠠ ᠪᠠᠷ ᠪᠠᠷᠢᠭᠰᠠᠨ ᠮᠤᠩᠭᠤᠯ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠰᠠᠷ᠂ ᠮᠤᠩᠭᠤᠯ ᠪᠠᠭ᠎ᠠ ᠰᠤᠷᠭᠠᠭᠤᠯᠢ ᠶᠢᠨ ᠠᠯᠪᠠᠨ ᠠᠰᠠᠷ ᠨᠢ ᠨᠢᠬᠡᠨᠳᠡ ᠠᠰᠢᠭᠯᠠᠯᠳᠠ ᠳᠤ ᠤᠷᠤᠪᠠ᠃ ᠰᠤᠷᠭᠠᠭᠤᠯᠢ ᠶᠢᠨ ᠬᠦᠷᠢᠶᠠᠨ ᠤ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠶᠢᠨ ᠨᠠᠶᠢᠳᠠ ᠲᠠᠯᠠᠪᠠᠢ ᠨᠢ 59600 ᠲᠡᠭᠰᠢ ᠲᠦᠷᠪᠡᠯᠵᠢᠨ ᠮᠧᠲᠷ ᠲᠤ ᠬᠦᠷᠴᠦ᠂ 7 ᠰᠤᠷᠭᠠᠭᠤᠯᠢ ᠳᠤ 78000 ᠲᠡᠭᠰᠢ ᠲᠦᠷᠪᠡᠯᠵᠢᠨ ᠮᠧᠲᠷ ᠪᠦᠬᠦᠢ ᠲᠠᠯᠠᠪᠠᠢ ᠲᠠᠢ ᠬᠤᠪᠠᠨᠴᠠᠷ ᠲᠠᠮᠢᠷ ᠤᠨ ᠲᠠᠯᠠᠪᠤᠷ ᠪᠠᠶᠢᠭᠤᠯᠪᠠ᠃ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢ ᠠᠬᠢᠭᠤᠯᠵᠦ᠂ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠪᠠᠷ ᠲᠤᠷᠰᠢᠯᠳᠠ ᠶᠢᠨ ᠴᠢᠭ ᠪᠤᠯᠭᠠᠨ ᠰᠤᠷᠭᠠᠭᠤᠯᠢ ᠶᠢᠨ ᠵᠠᠬᠢᠷᠦᠯ ᠢ ᠤᠷᠢᠨ ᠬᠡᠷᠡᠭᠯᠡᠬᠦ ᠲᠦᠷᠢᠮ ᠢ ᠬᠡᠷᠡᠭᠵᠢᠬᠦᠯᠦᠨ ᠵᠤᠬᠢᠬᠤ ᠠᠮᠵᠢᠯᠳᠠ ᠤᠯᠪᠠ᠃ ᠵᠢᠭᠠᠨ ᠰᠤᠷᠭᠠᠯᠳᠠ ᠶᠢᠨ ᠶᠠᠰᠤ ᠴᠢᠨᠡᠷ ᠢ ᠰᠠᠶᠢᠳᠦᠷ ᠠᠳᠬᠤᠭᠰᠠᠨ ᠠᠴᠠ ᠮᠤᠩᠭᠤᠯ ᠢᠶᠠᠷ ᠬᠢᠴᠢᠶᠡᠯᠯᠡᠭᠰᠡᠨ ᠰᠤᠷᠤᠭᠴᠢᠳ ᠤᠨ ᠶᠡᠭᠡ ᠲᠡᠭᠡᠳᠦ ᠰᠤᠷᠭᠠᠭᠤᠯᠢ᠂ ᠦᠨᠳᠦᠷ ᠲᠤᠮᠳᠠᠳᠤ  ᠳᠤ ᠲᠠᠪᠰᠢᠬᠤ ᠰᠢᠯᠭᠠᠯᠳᠠ ᠶᠢᠨ ᠬᠢᠷᠢ ᠪᠦᠳᠦᠮᠵᠢ ᠲᠡᠭᠡᠭᠰᠢᠯᠡᠭᠰᠡᠨ ᠮᠦᠷᠳᠡᠬᠡᠨ ᠭᠠᠳᠠᠨ᠎ᠠ ᠰᠤᠷᠤᠯᠴᠠᠵᠦ ᠪᠠᠶᠢᠭ᠎ᠠ ᠬᠢᠳᠠᠳ ᠰᠤᠷᠤᠭᠴᠢᠳ ᠴᠦ ᠬᠤᠰᠢᠭᠤᠨ ᠳᠤ ᠪᠠᠨ ᠲᠡᠬᠢᠨ ᠪᠤᠴᠠᠨ ᠢᠷᠡᠵᠦ ᠪᠠᠶᠢᠭ᠎ᠠ ᠬᠠᠨᠳᠤᠰᠢ ᠲᠠᠢ ᠪᠤᠯᠤᠭᠰᠠᠨ ᠢᠶᠠᠷ ᠨᠡᠶᠢᠬᠡᠮ ᠤᠨ ᠡᠯ᠎ᠡ ᠡᠳᠡᠬᠡᠳ ᠤᠨ ᠬᠢᠨ ᠰᠢᠯᠤᠭᠤᠨ ᠬᠦᠬᠡ ᠬᠤᠰᠢᠭᠤᠨ ᠤ ᠰᠤᠷᠭᠠᠨ ᠬᠦᠮᠦᠵᠢᠯ ᠳᠤ ᠢᠳᠡᠬᠡᠯ ᠡᠷᠡᠮᠡᠯᠵᠢᠯᠡᠯ ᠲᠠᠢ ᠪᠤᠯᠵᠠᠢ᠃ ᠰᠤᠶᠤᠯ ᠤᠨ ᠪᠦᠳᠦᠬᠡᠨ ᠪᠠᠶᠢᠭᠤᠯᠤᠯᠳᠠ ᠰᠢᠨ᠎ᠠ ᠠᠮᠵᠢᠯᠳᠠ ᠤᠯᠪᠠ᠃ 8400 ᠮᠠᠯᠴᠢᠨ ᠲᠠᠷᠢᠶᠠᠴᠢᠨ ᠡᠷᠦᠬᠡ ᠳᠤ ᠲᠠᠭᠠᠭᠤᠯᠢ ᠤᠳᠤᠨ ᠤ ᠲᠤᠬᠢᠶ᠎ᠠ ᠬᠤᠷᠢᠶᠠᠭᠴᠢ ᠤᠭᠰᠠᠷᠠᠭᠰᠠᠨ ᠤ ᠤᠯᠠᠮ ᠢᠶᠠᠷ ᠷᠠᠳᠢᠤ᠋᠂ ᠲᠧᠯᠸᠢᠰ ᠤᠨ ᠪᠦᠷᠬᠦᠴᠡ ᠶᠢᠨ ᠨᠤᠷᠮ᠎ᠠ ᠨᠢ ᠲᠤᠰᠪᠤᠷᠢ 95%᠂ 90% ᠳᠤ ᠬᠦᠷᠦᠭᠰᠡᠨ ᠪᠠᠶᠢᠨ᠎ᠠ᠃ ᠰᠤᠶᠤᠯ ᠲᠠᠮᠢᠷ ᠤᠨ ᠲᠦᠪ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠮᠦᠽᠸᠢ ᠵᠡᠷᠬᠡ ᠴᠢᠬᠤᠯᠠ ᠲᠦᠰᠦᠯ ᠤᠳ ᠤᠷᠤᠭᠰᠢᠳᠠᠢ ᠶᠠᠪᠤᠭᠳᠠᠵᠦ ᠪᠤᠢ᠃ ᠲᠤᠯᠤᠳᠤᠭᠠᠷ ᠬᠤᠭᠤᠴᠠᠭᠠᠨ ᠤ ᠴᠠᠭᠠᠨ ᠢᠳᠡᠬᠡᠨ ᠤ ᠰᠤᠶᠤᠯ ᠤᠨ ᠨᠠᠶᠢᠷ ᠵᠡᠷᠬᠡ ᠤᠯᠠᠨ ᠲᠦᠮᠡᠨᠴᠢ ᠠᠵᠢᠯᠯᠠᠭ᠎ᠠ ᠶᠢ ᠲᠠᠭᠠᠭᠠᠴᠢᠯᠠᠨ ᠶᠠᠪᠤᠭᠳᠠᠭᠤᠯᠪᠠ᠃ ᠠᠷᠠᠳ ᠤᠨ ᠵᠡᠪᠰᠡᠭᠳᠦ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠤᠬᠠᠢ ᠲᠠᠶᠢᠴᠢᠯᠠᠯᠳᠠ  ᠶᠢᠨ ᠠᠵᠢᠯ ᠢ ᠢᠳᠡᠪᠬᠢᠳᠡᠢ ᠲᠡᠮᠵᠢᠵᠦ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠰᠢᠨ᠎ᠠ ᠠᠬᠢᠯᠳᠠ ᠲᠠᠢ ᠪᠤᠯᠪᠠ᠃ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠤᠯᠠᠮ ᠨᠢᠬᠡ ᠠᠯᠬᠤᠮ ᠵᠢᠷᠤᠮᠵᠢᠭᠤᠯᠵᠦ᠂ ᠲᠦᠷᠢᠮᠵᠢᠬᠦᠯᠵᠦ᠂ ᠬᠠᠤᠯᠢᠵᠢᠭᠤᠯᠤᠭᠰᠠᠨ ᠪᠠᠶᠢᠨ᠎ᠠ᠃ ᠬᠦᠮᠦᠨ ᠠᠮᠠ ᠪᠤᠯᠤᠨ ᠲᠦᠯᠦᠪᠯᠡᠬᠡᠳᠦ ᠦᠷᠡᠵᠢᠯ  ᠤᠨ ᠠᠵᠢᠯ ᠢ ᠯᠠᠪᠳᠠᠭᠤᠨ ᠢᠶᠠᠷ ᠶᠠᠪᠤᠭᠳᠠᠭᠤᠯᠵᠦ᠂ ᠦᠨᠳᠦᠰᠦᠳᠡᠨ ᠱᠠᠰᠢᠨ ᠰᠤᠷᠳᠠᠬᠤᠨ ᠤ ᠠᠵᠢᠯ ᠢᠯᠡᠳᠳᠡ ᠠᠮᠵᠢᠯᠳᠠ ᠤᠯᠪᠠ᠃ ᠴᠠᠭ ᠠᠭᠤᠷ᠂ ᠭᠠᠯ ᠰᠡᠷᠬᠡᠶᠢᠯᠡᠬᠦ᠂ ᠡᠮᠡᠭᠳᠡᠶᠢᠴᠤᠳ᠂ ᠬᠡᠤᠬᠡᠳ᠂ ᠨᠠᠰᠤᠳᠠᠶᠢᠴᠤᠳ ᠤᠨ ᠠᠵᠢᠯ ᠮᠡᠳᠡᠭᠳᠡᠮ᠎ᠡ ᠰᠠᠶᠢᠵᠢᠷᠠᠪᠠ᠃        ︵ᠲᠤᠯᠤᠭ᠎ᠠ︶ ᠬᠤᠪᠢ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠠᠨ ᠴᠢᠩᠭᠠᠳᠬᠠᠪᠠ᠃        ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠢᠨᠠᠮᠠᠭᠠᠢ ᠦᠷᠨᠢᠬᠦᠯᠦᠨ ᠂ ᠲᠦᠪ ᠤᠨ ᠨᠠᠢᠮᠠᠨ ᠵᠤᠷᠪᠤᠰ ᠲᠤᠭᠳᠠᠭᠠᠯ᠂ ᠦᠪᠡᠷᠳᠡᠬᠡᠨ ᠵᠠᠰᠠᠬᠤ ᠤᠷᠤᠨ ᠤ 28 ᠵᠤᠷᠪᠤᠰ ᠲᠤᠭᠳᠠᠭᠠᠯ ᠪᠤᠯᠤᠨ ᠠᠶᠢᠮᠠᠭ  ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ︽ᠲᠦᠷᠪᠡᠨ ᠰᠤᠷᠳᠠᠯ︾ ᠤᠨ ᠲᠠᠯ᠎ᠠ ᠳᠠᠬᠢ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠭᠰᠡᠨ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠪᠠ ᠺᠠᠳ᠋ᠷᠴᠤᠳ ᠤᠨ ᠠᠵᠢᠯ ᠤᠨ ᠤᠪᠤᠷ ᠰᠤᠷᠳᠠᠯ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ ᠢ ᠴᠢᠩᠭᠠᠳᠬᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠡᠷᠴᠢᠮᠵᠢᠬᠦᠯᠦᠨ᠂ 31 ᠲᠦᠷᠦᠯ ᠤᠨ ᠬᠢᠨᠠᠨ ᠵᠦᠪᠰᠢᠶᠡᠷᠡᠬᠦ ᠠᠵᠢᠯ ᠢ ᠲᠦᠬᠦᠮᠴᠢᠯᠡᠵᠦ᠂ ᠵᠠᠰᠠᠭ ᠵᠠᠬᠢᠷᠭᠠᠨ ᠤ ᠴᠢᠳᠠᠪᠬᠢ  ᠪᠠᠨ ᠲᠠᠰᠤᠷᠠᠯᠳᠠ ᠦᠬᠡᠢ ᠲᠡᠭᠡᠭᠰᠢᠯᠡᠬᠦᠯᠪᠠ᠃ ᠭᠤᠤᠯᠳᠠᠯᠭ᠎ᠠ ᠲᠠᠢ ᠬᠦᠷᠢᠶᠠᠨ ᠳᠠᠬᠢ ᠦᠬᠡᠷᠡᠴᠢᠯᠡᠯᠳᠡ ᠶᠢ ᠠᠬᠢᠭᠤᠯᠵᠦ᠂ ︽ᠰᠢᠯᠤᠭᠤᠨ ᠬᠦᠬᠡ ᠬᠤᠰᠢᠭᠤᠨ ᠤ ᠤᠯᠤᠰ ᠤᠨ ᠦᠮᠴᠢᠯᠡᠯᠳᠦ ᠭᠠᠵᠠᠷ ᠰᠢᠷᠦᠢ ᠬᠡᠷ ᠬᠦᠷᠦᠩᠬᠡ ᠶᠢ ᠲᠠᠳᠠᠪᠤᠷᠢᠯᠠᠬᠤ ᠲᠤᠬᠠᠢ ᠲᠦᠷ ᠬᠡᠷᠡᠭᠵᠢᠬᠦᠯᠬᠦ ᠠᠷᠭ᠎ᠠ︾᠂ ︽ᠰᠢᠯᠤᠭᠤᠨ ᠬᠦᠬᠡ ᠬᠤᠰᠢᠭᠤᠨ ᠤ ᠭᠠᠶᠢᠯᠢ ᠲᠠᠳᠠᠪᠤᠷᠢᠯᠠᠨ ᠬᠠᠮᠢᠶᠠᠷᠬᠤ᠂ ᠠᠵᠤ ᠠᠬᠤᠶᠢᠯᠠᠯ ᠳᠠᠬᠢ ᠬᠢᠨᠠᠨ ᠰᠢᠯᠭᠠᠯᠳᠠ ᠶᠢ ᠴᠢᠩᠭᠠᠳᠬᠠᠬᠤ ᠲᠤᠬᠠᠢ ᠠᠷᠭ᠎ᠠ ︵ᠲᠤᠷᠰᠢᠨ ᠬᠡᠷᠡᠭᠯᠡᠬᠦ︶︾ ᠶᠢ ᠲᠤᠭᠳᠠᠭᠠᠵᠦ᠂ ᠡᠯ᠎ᠠ ᠲᠦᠷᠦᠯ ᠤᠨ ᠠᠵᠢᠯ ᠤᠨ ᠲᠦᠷᠢᠮᠵᠢᠯ ᠢ ᠯᠠᠪᠳᠠᠭᠤᠨ ᠠᠬᠢᠭᠤᠯᠵᠦ ᠴᠢᠳᠠᠵᠠᠢ᠃ ᠠᠯᠪᠠᠨ ᠪᠢᠴᠢᠭ ᠪᠠᠭᠤᠯᠭᠠᠬᠤ᠂ ᠬᠤᠷᠠᠯ ᠴᠤᠭᠯᠠᠭ᠎ᠠ ᠬᠢᠬᠦ ᠲᠤᠭ᠎ᠠ ᠬᠡᠮᠵᠢᠶ᠎ᠠ ᠶᠢ ᠴᠡᠭᠴᠡᠯᠡᠭᠰᠡᠨ ᠠᠴᠠ ᠬᠤᠰᠢᠭᠤ ᠵᠠᠰᠠᠭ ᠤᠨ ᠤᠷᠳᠤᠨ ᠤ ᠬᠤᠷᠠᠯ ᠪᠤᠯᠤᠨ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠠ ᠨᠢ ᠴᠦᠮ 10% ᠪᠠᠷ ᠪᠠᠭᠤᠷᠠᠪᠠ᠃ ᠲᠤᠭᠳᠠᠭᠠᠯ ᠠᠴᠠ ᠬᠡᠳᠦᠷᠡᠭᠰᠡᠨ ᠠᠯᠪᠠᠨ ᠬᠡᠷ ᠪᠠ ᠠᠯᠪᠠᠨ ᠤ ᠲᠡᠷᠬᠡ ᠶᠢ ᠴᠡᠭᠴᠡᠯᠡᠨ ᠬᠢᠵᠠᠭᠠᠷᠯᠠᠵᠦ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠪᠤᠯᠤᠨ ᠡᠩ  ᠤᠨ ᠵᠠᠷᠤᠯᠭ᠎ᠠ ᠶᠢ ᠪᠠᠭᠠᠰᠬᠠᠭᠰᠠᠨ ᠠᠴᠠ ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢᠬᠡᠴᠡ ᠶᠢᠨ ︽ᠭᠤᠷᠪᠠᠨ ᠲᠦᠷᠦᠯ ᠤᠨ ᠠᠯᠪᠠᠨ ᠵᠠᠷᠤᠳᠠᠯ︾ ᠨᠢ 33.3% ᠪᠠᠷ ᠪᠠᠭᠠᠰᠴᠠᠢ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ  ᠤᠨ ᠲᠤᠭᠳᠠᠭᠠᠯ ᠢ ᠬᠢᠨᠠᠮᠠᠭᠠᠢ ᠬᠡᠷᠡᠭᠵᠢᠬᠦᠯᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ᠂ ᠠᠷᠠᠳ ᠤᠨ ᠲᠦᠯᠦᠬᠡᠯᠡᠭᠴᠢᠳ ᠤᠨ ᠲᠡᠪᠰᠢᠬᠦᠯᠦᠭᠰᠡᠨ 84 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠡᠪᠰᠢᠬᠦᠯᠦᠭᠰᠡᠨ 86 ᠬᠤᠪᠢ ᠲᠤᠷᠠᠳᠤᠯᠭ᠎ᠠ ᠶᠢ 100% ᠪᠠᠷ ᠰᠢᠢᠳᠪᠤᠷᠢᠯᠡᠭᠰᠡᠨ ᠪᠠᠶᠢᠨ᠎ᠠ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠤᠨ ᠬᠠᠮᠳᠤᠷᠠᠨ ᠠᠵᠢᠯᠯᠠᠬᠤ ᠲᠦᠷᠢᠮ ᠢ ᠲᠡᠬᠦᠯᠳᠡᠷᠵᠢᠬᠦᠯᠦᠨ᠂ ᠵᠠᠰᠠᠭ ᠵᠠᠬᠢᠷᠭᠠᠨ ᠤ ᠲᠠᠯ᠎ᠠ ᠪᠠᠷ ᠬᠢ ᠠᠵᠢᠯ ᠤᠨ ᠦᠷ᠎ᠡ ᠠᠰᠢᠭ ᠢ ᠲᠡᠭᠡᠭᠰᠢᠯᠡᠬᠦᠯᠵᠦ᠂ ᠬᠦᠯᠢᠶᠡᠨ ᠠᠪᠤᠭᠰᠠᠨ 53440 ᠠᠵᠢᠯ ᠬᠡᠷᠡᠭ ᠤᠨ 52910 ᠬᠤᠪᠢ ᠶᠢ ᠨᠢ ᠬᠢᠨᠠᠨ ᠵᠦᠪᠰᠢᠶᠡᠷᠡᠵᠦ᠂ ᠰᠢᠢᠳᠪᠤᠷᠢᠯᠡᠭᠰᠡᠨ ᠨᠤᠷᠮ᠎ᠠ  ᠨᠢ 99% ᠳᠤ ᠬᠦᠷᠴᠡᠢ᠃ ᠵᠠᠰᠠᠭ ᠤᠨ ᠶᠠᠪᠤᠳᠠᠯ ᠢ ᠢᠯᠡ ᠪᠤᠯᠭᠠᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠨᠡᠶᠢᠬᠡᠮ ᠤᠨ ᠬᠢᠨᠠᠨ ᠬᠠᠮᠢᠶᠠᠷᠤᠯᠳᠠ ᠶᠢ ᠵᠡᠷᠬᠡ ᠪᠠᠷ ᠴᠢᠩᠭ᠎ᠠ ᠠᠳᠬᠤᠵᠦ᠂ ᠴᠢᠭᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠠᠵᠢᠯ ᠢ ᠬᠦᠨᠵᠡᠬᠡᠢ ᠦᠷᠨᠢᠬᠦᠯᠪᠠ᠃       ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠪᠢᠳᠠ ᠬᠠᠳᠠᠭᠤᠵᠢᠯᠳᠠᠢ ᠠᠳᠠᠯ᠎ᠠ ᠪᠠᠨ ᠤᠯᠤᠯᠳᠠ ᠪᠠᠭ᠋ᠠᠷᠬᠠᠯ ᠲᠠᠢ ᠠᠵᠢᠯᠯᠠᠯ᠎ᠠ᠃ ᠪᠢᠳᠡᠨ ᠤ ᠤᠯᠤᠭᠰᠠᠨ ᠠᠮᠵᠢᠯᠳᠠ ᠪᠦᠳᠦᠬᠡᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠠᠴᠠ ᠰᠠᠯᠵᠦ ᠴᠢᠳᠠᠰᠢ ᠦᠬᠡᠢ ᠶᠤᠮ᠃ ᠮᠦᠨᠴᠦ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ᠂ ᠤᠯᠤᠰ ᠲᠦᠷᠦ ᠶᠢᠨ ᠵᠦᠪᠯᠡᠯᠬᠡᠨ ᠤ ᠴᠢᠩᠭ᠎ᠠ ᠬᠢᠨᠠᠯᠳᠠ ᠵᠢᠴᠢ ᠪᠦᠬᠦ ᠬᠤᠰᠢᠭᠤᠨ ᠤ ᠲᠦᠭ ᠲᠦᠮᠡᠨ ᠺᠡᠳ᠋ᠷ᠂ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠬᠠᠯᠠᠭᠤᠨ ᠲᠡᠮᠵᠢᠯᠬᠡ ᠠᠴᠠ ᠰᠠᠯᠵᠦ ᠴᠢᠳᠠᠰᠢ ᠦᠬᠡᠢ ᠶᠤᠮ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ ᠰᠢᠯᠤᠭᠤᠨ ᠬᠦᠬᠡ ᠬᠤᠰᠢᠭᠤᠨ ᠤ ᠬᠦᠭᠵᠢᠯᠳᠡ ᠪᠦᠳᠦᠬᠡᠨ ᠪᠠᠶᠢᠭᠤᠯᠤᠯᠳᠠ ᠳᠤ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ ᠲᠡᠮᠡᠴᠡᠵᠦ ᠪᠠᠶᠢᠭ᠎ᠠ ᠠᠷᠠᠳ ᠤᠯᠠᠨ ᠳᠤ ᠪᠠᠨ᠂ ᠲᠦᠯᠦᠬᠡᠯᠡᠭᠴᠢᠳ ᠲᠤ ᠪᠠᠨ᠂ ᠮᠦᠨ ᠪᠢᠳᠡᠨ ᠤ ᠦᠢᠯᠡᠰ ᠲᠤ ᠲᠡᠮᠵᠢᠯᠬᠡ ᠲᠤᠰᠠᠯᠠᠯᠴᠠᠭ᠎ᠠ ᠦᠵᠡᠬᠦᠯᠦᠭᠰᠡᠨ ᠨᠡᠶᠢᠬᠡᠮ ᠤᠨ ᠡᠯ᠎ᠠ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕        ᠪᠢᠳᠡ ᠠᠮᠵᠢᠯᠳᠠ ᠪᠠᠨ ᠨᠤᠳᠠᠯᠠᠬᠤ ᠶᠢᠨ ᠬᠠᠮᠳᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠮᠳᠠ ᠤᠷᠤᠰᠢᠵᠦ ᠪᠠᠶᠢᠭ᠎ᠠ ᠠᠰᠠᠭᠤᠳᠠᠯ᠂ ᠬᠦᠴᠢᠷᠳᠡᠯ ᠢᠶᠠᠨ ᠴᠦ ᠰᠡᠷᠭᠡᠭ ᠢᠶᠠᠷ ᠤᠯᠵᠦ ᠲᠠᠨᠢᠬᠤ ᠴᠢᠬᠤᠯᠠᠳᠠᠢ᠃ ᠨᠢᠬᠡ᠂ ᠠᠵᠤ ᠠᠬᠤᠢ ᠶᠢᠨ ᠶᠡᠷᠤᠩᠬᠡᠢ ᠲᠦᠪᠰᠢᠨ ᠪᠠᠭᠤᠷᠠᠵᠦ ᠪᠠᠶᠢᠭ᠎ᠠ ᠪᠠᠶᠢᠳᠠᠯ ᠲᠡᠶᠢᠮᠦ ᠲᠦᠷᠬᠡᠨ ᠦᠬᠡᠷᠡᠴᠢᠯᠡᠭᠳᠡᠬᠦ ᠦᠬᠡᠢ᠂ ᠠᠵᠤ ᠠᠬᠤᠢ ᠶᠢᠨ ᠦᠰᠦᠯᠳᠡ ᠶᠢᠨ ᠬᠤᠷᠳᠤᠴᠠ ᠤᠳᠠᠭᠠᠰᠢᠷᠠᠵᠦ᠂ ᠵᠠᠬ᠎ᠠ ᠲᠡᠯᠬᠡᠬᠦᠷ ᠤᠨ ᠤᠷᠤᠨ ᠵᠠᠢ ᠪᠠᠭᠠᠰᠤᠨ᠂ ᠵᠠᠷᠢᠮ ᠲᠦᠰᠦᠯ ᠤᠳ ᠲᠡᠭᠡᠷ᠎ᠡ ᠦᠷᠬᠦᠯᠵᠢᠯᠡᠨ ᠪᠡᠯᠡ ᠤᠷᠤᠭᠤᠯᠬᠤ ᠳᠤ ᠬᠦᠴᠦᠨ ᠮᠡᠬᠦᠰᠳᠡᠵᠦ ᠪᠠᠶᠢᠭ᠎ᠠ ᠪᠦᠬᠡᠳ ᠬᠦᠭᠵᠢᠯᠳᠡ ᠶᠢᠨ ᠬᠦᠳᠡᠯᠬᠡᠭᠴᠢ ᠬᠦᠴᠦᠨ ᠪᠠ ᠨᠦᠬᠡᠴᠡ ᠬᠦᠴᠦᠨ ᠲᠤᠳᠠᠮᠠᠭ ᠪᠤᠢ᠃ ᠬᠤᠶᠠᠷ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠳᠤ ᠬᠦᠴᠢᠷ᠂ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠪᠠᠳᠤᠯᠠᠭ᠎ᠠ ᠠᠨᠠᠢ᠂ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾  ᠤ ᠠᠵᠢᠯ ᠵᠢᠴᠢ ᠠᠷᠠᠳ ᠤᠨ ᠠᠮᠢᠳᠤᠷᠠᠯ᠂ ᠨᠡᠶᠢᠬᠡᠮ ᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠪᠡᠯᠡ ᠮᠦᠩᠬᠦ ᠬᠢᠵᠠᠭᠠᠷᠳᠠᠢ ᠪᠠᠶᠢᠨ᠎ᠠ᠃ ᠭᠤᠷᠪᠠ᠂ ᠬᠡᠰᠡᠭ ᠬᠦᠮᠦᠰ ᠤᠨ ᠠᠮᠢᠳᠤᠷᠠᠯ ᠪᠠᠰᠠ ᠨᠡᠯᠢᠶᠡᠳ ᠬᠦᠴᠢᠷᠳᠡᠢ ᠪᠠᠶᠢᠵᠦ᠂ ᠰᠤᠷᠭᠠᠨ ᠬᠦᠮᠦᠵᠢᠯ᠂ ᠡᠮ ᠡᠮᠨᠡᠯᠬᠡ᠂ ᠨᠡᠶᠢᠬᠡᠮ ᠤᠨ ᠪᠠᠳᠤᠯᠠᠭ᠎ᠠ᠂ ᠢᠳᠡᠬᠡᠨ ᠤᠮᠳᠠᠭᠠᠨ ᠡᠮ ᠲᠠᠩ ᠤᠨ ᠠᠮᠤᠷ ᠲᠦᠪᠰᠢᠨ ᠵᠡᠷᠬᠡ ᠲᠠᠯ᠎ᠠ ᠳᠤ ᠤᠯᠠᠨ ᠲᠦᠮᠡᠨ ᠤ ᠲᠤᠰᠬᠠᠭᠰᠠᠨ ᠨᠡᠯᠢᠶᠡᠳ ᠲᠤᠪᠤᠶᠢᠮ᠎ᠠ ᠠᠰᠠᠭᠤᠳᠠᠯ ᠤᠷᠤᠰᠢᠭᠰᠠᠭᠠᠷ ᠪᠠᠶᠢᠵᠦ᠂ ᠵᠠᠷᠢᠮ ᠬᠦᠨ ᠲᠠᠪᠬᠤᠷᠭ᠎ᠠ ᠶᠢᠨ ᠨᠠᠶᠢᠬᠡᠮ ᠤᠨ ᠵᠦᠷᠢᠴᠡᠯ ᠮᠦᠷᠬᠦᠯᠳᠦᠬᠡᠨ ᠪᠠᠰᠠ ᠦᠨᠳᠦᠰᠦᠨ ᠳᠡᠭᠡᠨ ᠰᠢᠢᠳᠪᠤᠷᠢᠯᠡᠭᠳᠡᠬᠡᠳᠦᠢ ᠪᠠᠶᠢᠭᠰᠠᠭᠠᠷ᠃ ᠲᠦᠷᠪᠡ᠂ ᠵᠠᠰᠠᠭ ᠤᠨ ᠤᠷᠳᠤᠨ ᠤ ᠴᠢᠳᠠᠪᠬᠢ ᠶᠢ ᠪᠦᠷᠢᠮᠦᠰᠦᠨ ᠬᠤᠪᠢᠷᠠᠭᠤᠯᠵᠦ ᠲᠡᠶᠢᠯᠦᠬᠡ ᠦᠬᠡᠢ᠂ ᠵᠠᠬ᠎ᠠ ᠲᠡᠯᠬᠡᠬᠦᠷ ᠪᠤᠯᠤᠨ ᠨᠡᠶᠢᠬᠡᠮ ᠤᠨ ᠬᠠᠷᠢᠴᠠᠭ᠎ᠠ ᠲᠡᠬᠦᠯᠳᠡᠷᠵᠢᠬᠡᠳᠦᠢ᠂ ᠤᠯᠠᠨ ᠨᠠᠶᠢᠳᠠ ᠶᠢᠨ ᠦᠢᠯᠡᠴᠢᠯᠡᠭᠡ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠴᠢᠳᠠᠪᠬᠢ ᠨᠢ ᠦᠢᠯᠡᠳᠦᠯ ᠢᠶᠠᠨ ᠪᠦᠷᠢᠨ ᠪᠠᠳᠠᠷᠠᠭᠤᠯᠵᠦ ᠲᠠᠶᠢᠯᠦᠬᠡ ᠦᠬᠡᠢ ᠪᠦᠬᠡᠳ ︽ᠲᠦᠷᠪᠡᠨ ᠰᠤᠷᠳᠠᠯ︾ ᠤᠨ ᠠᠰᠠᠭᠤᠳᠠᠯ ᠮᠦᠨ ᠯᠠ ᠠᠳᠠᠯᠢ ᠪᠤᠰᠤ ᠬᠡᠮᠵᠢᠶ᠎ᠠ ᠪᠠᠷ ᠤᠷᠤᠰᠢᠵᠦ ᠪᠤᠢ᠃ ᠡᠶᠢᠮᠦ ᠠᠴᠠ ᠪᠢᠳᠠ ᠡᠳᠡᠬᠡᠷ ᠢ ᠦᠬᠡᠷᠡᠴᠢᠯᠡᠬᠦ ᠠᠷᠭ᠎ᠠ ᠪᠤᠳᠤᠯᠭ᠎ᠠ ᠪᠠᠨ ᠲᠡᠬᠦᠯᠳᠡᠷᠵᠢᠬᠦᠯᠵᠦ᠂ ᠰᠠᠶᠢᠳᠦᠷ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃        ᠬᠤᠶᠠᠷ᠂ 2014 ᠤᠨ ᠤ ᠭᠤᠤᠯ ᠠᠵᠢᠯ ᠡᠭᠦᠷᠭᠡ        ᠡᠨᠡ ᠵᠢᠯ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠡᠬᠢᠯᠡᠯᠳᠡ ᠶᠢᠨ ᠵᠢᠯ ᠮᠦᠨ᠂ ᠪᠠᠰᠠᠴᠤ ᠦᠪᠡᠷᠳᠡᠭᠡᠨ ᠵᠠᠰᠠᠬᠤ ᠤᠷᠤᠨ ᠤ ︽8337︾ ᠭᠦᠭᠵᠢᠯᠳᠡ ᠶᠢᠨ ᠰᠠᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠠᠶᠢᠮᠠᠭ ᠤᠨ︽3456︾ ᠬᠠᠷᠠᠯᠳᠠ ᠡᠭᠦᠷᠭᠡ ᠶᠢ ᠮᠦᠷᠳᠡᠨ ᠤᠷᠤᠭᠰᠢᠯᠡᠵᠤ᠂ ᠮᠠᠨ ᠤ ᠬᠤᠰᠢᠭᠤᠨ ᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ ᠵᠠᠩᠬᠢᠯᠠᠭ᠎ᠠ ᠶᠢᠨ ᠨᠢᠭᠡ ᠵᠢᠯ ᠮᠦᠨ᠃ ᠪᠢᠳᠡ ᠦᠪᠡᠷᠰᠡᠳ ᠤᠨ ᠢᠶᠠᠨ ᠪᠤᠳᠠᠳᠠᠢ ᠪᠠᠶᠢᠳᠠᠯ ᠳᠤ ᠲᠤᠯᠭᠠᠭᠤᠷᠢᠭᠤᠯᠬᠤ ᠶᠢᠨ ᠬᠠᠮᠳᠤ ᠲᠡᠭᠡᠳᠦ ᠱᠠᠳᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠤᠳᠤ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠬᠤᠶᠢᠰᠢᠳᠠ ᠲᠤᠯᠭᠠᠷᠠᠵᠦ ᠮᠡᠳᠡᠬᠦ ᠬᠡᠷᠡᠭ ᠤᠴᠢᠷ ᠪᠠ ᠬᠦᠴᠢᠷ ᠲᠦᠪᠡᠭ ᠢ ᠤᠷᠢᠳᠴᠢᠯᠡᠨ ᠲᠦᠰᠦᠪᠯᠡᠵᠦ᠂ ᠰᠢᠢᠳᠪᠤᠷᠢᠯᠡᠬᠦ ᠠᠷᠭ᠎ᠠ ᠪᠤᠳᠤᠯᠭ᠎ᠠ ᠪᠠᠨ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ ᠭᠡᠷᠡᠭᠳᠡᠢ᠃        ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠡᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠪᠠ ᠪᠦᠬᠦ ᠠᠶᠢᠮᠠᠭ ᠤᠨ ᠦᠷᠭᠡᠳᠭᠡᠭᠰᠡᠨ ᠬᠤᠷᠠᠯ ᠪᠤᠯᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠵᠠᠷᠴᠢᠮ ᠢ ᠪᠠᠷᠢᠮᠳᠠᠯᠠᠨ᠂ ᠦᠭᠡᠷᠡᠴᠢᠯᠡᠯᠳᠡ ᠰᠢᠨᠡᠴᠢᠯᠡᠯᠳᠡ ᠬᠡᠮᠡᠬᠦ ᠬᠤᠤᠰ ᠰᠢᠵᠢᠮ ᠢᠶᠠᠷ ᠠᠵᠤ ᠠᠬᠤᠢ ᠨᠡᠶᠢᠭᠡᠮ ᠤᠨ ᠡᠯ᠎ᠠ ᠲᠠᠯ᠎ᠠ ᠶᠢᠨ ᠭᠦᠭᠵᠢᠯᠳᠡ ᠶᠢ ᠬᠤᠯᠪᠤᠵᠦ᠂ ︽ᠵᠢᠷᠭᠤᠭᠠᠨ ᠰᠠᠭᠤᠷᠢᠨ ᠭᠠᠵᠠᠷ︾᠂ ︽ᠲᠠᠪᠤᠨ ᠵᠠᠭᠤᠨ ᠳ᠋ᠦᠩᠰᠢᠭᠤᠷ ᠤᠨ ᠢᠨᠵᠧᠨᠧᠷᠢᠩ︾ ᠢᠶᠠᠷ ᠭᠤᠤᠯᠳᠠᠯᠭ᠎ᠠ ᠪᠤᠯᠭᠠᠨ ᠠᠵᠤ ᠦᠢᠯᠡᠰ ᠤᠨ ᠪᠦᠳᠦᠴᠡ ᠶᠢ ᠳᠣᠬᠢᠷᠠᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ  ᠪᠠᠷ ᠭᠤᠤᠯᠳᠠᠯᠭ᠎ᠠ ᠪᠤᠯᠭᠠᠨ᠂ ᠬᠤᠳᠠ ᠭᠦᠳᠡᠭᠡ ᠶᠢᠨ ᠭᠦᠭᠵᠢᠯᠳᠡ ᠶᠢ ᠲᠦᠯᠦᠪᠵᠢᠭᠦᠯᠵᠦ ᠠᠵᠤ ᠠᠬᠤᠢ ᠶᠢᠨ ᠪᠠᠶᠢᠭᠤᠯᠤᠮᠵᠢ  ᠶᠢᠨ ᠦᠭᠡᠷᠡᠴᠢᠯᠡᠯᠳᠡ ᠶᠢ ᠲᠦᠷᠭᠡᠳᠬᠡᠬᠦ ᠪᠠᠷ ᠭᠤᠤᠯᠳᠠᠯᠭ᠎ᠠ ᠪᠤᠯᠭᠠᠨ᠂ ᠦᠭᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃ ᠪᠢᠳᠡ ᠰᠠᠳᠬᠢᠯ ᠰᠠᠨᠠᠭ᠎ᠠ ᠪᠠᠨ ᠨᠢᠭᠡᠳᠭᠡᠨ᠂ ᠭᠦᠴᠦᠨ ᠴᠢᠳᠠᠯ ᠢᠶᠠᠨ ᠬᠠᠮᠳᠤᠳᠬᠠᠵᠤ᠂ ᠦᠨᠡᠨ ᠪᠤᠳᠠᠳᠠᠢ ᠶᠢ ᠡᠷᠬᠢᠮᠯᠡᠨ᠂ ᠯᠠᠪᠳᠠᠭᠤᠨ ᠲᠤᠭᠳᠠᠭᠤᠨ ᠠᠵᠢᠯᠯᠠᠵᠤ᠂ ᠰᠠᠭᠤᠷᠢ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠬᠡᠮ ᠤᠨ ᠵᠦᠷᠢᠴᠡᠯ ᠢ ᠨᠠᠮᠳᠠᠭᠤᠯᠤᠨ᠂ ᠵᠠᠰᠠᠭ ᠤᠨ ᠤᠷᠳᠤᠨ ᠤ ᠴᠢᠳᠠᠪᠬᠢ ᠶᠢ ᠲᠦᠷᠬᠡᠨ ᠬᠤᠪᠢᠷᠠᠭᠤᠯᠵᠦ᠂ ᠪᠦᠬᠦ ᠬᠤᠰᠢᠭᠤᠨ ᠤ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠭᠦᠭᠵᠢᠬᠦ ᠶᠢ ᠭᠦᠴᠦᠯᠡᠨ ᠠᠬᠢᠭᠤᠯᠤᠨ᠎ᠠ᠃       ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 69.1 ᠳ᠋ᠦᠩᠰᠢᠭᠤᠷ ᠲᠦᠭᠦᠷᠢᠭ ᠲᠤ ᠭᠦᠷᠭᠡᠵᠤ᠂ 13.1% ᠪᠠᠷ ᠨᠠᠮᠡᠭᠳᠠᠬᠦᠯᠦᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ  ᠤᠨ ᠨᠠᠮᠡᠭᠳᠠᠯ ᠦᠷᠳᠡᠭ ᠢ 6.8 ᠳ᠋ᠦᠩᠰᠢᠭᠤᠷ ᠲᠦᠭᠦᠷᠢᠭ ᠲᠤ ᠭᠦᠷᠭᠡᠵᠤ᠂ 7.2% ᠢᠶᠠᠷ ᠨᠡᠮᠡᠭᠳᠡᠭᠦᠯᠤᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 47.8 ᠳ᠋ᠦᠩᠰᠢᠭᠤᠷ ᠲᠦᠭᠦᠷᠢᠭ ᠲᠤ ᠭᠦᠷᠭᠡᠵᠤ᠂ 13.3% ᠪᠠᠷ ᠨᠡᠮᠡᠭᠳᠡᠬᠦᠯᠵᠦ᠂ ᠭᠤᠷᠪᠠᠳᠤᠭᠠᠷ ᠠᠵᠤ ᠦᠢᠯᠡᠰ ᠤᠨ ᠨᠠᠮᠡᠭᠳᠡᠯ ᠦᠷᠳᠡᠭ ᠢ 14.5 ᠳ᠋ᠦᠩᠰᠢᠭᠤᠷ ᠲᠦᠭᠦᠷᠢᠭ ᠲᠤ ᠭᠦᠷᠭᠡᠵᠤ ᠂ 19.9% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠠᠯᠡ ᠤᠷᠤᠭᠤᠯᠤᠯᠳᠠ ᠶᠢ 54.5 ᠳ᠋ᠦᠩᠰᠢᠭᠤᠷ ᠲᠦᠭᠦᠷᠢᠭ ᠲᠤ ᠭᠦᠷᠭᠡᠵᠤ᠂ 20.7% ᠪᠠᠷ ᠨᠠᠮᠡᠭᠳᠡᠭᠦᠯᠦᠨ᠂ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 12.88 ᠳ᠋ᠦᠩᠰᠢᠭᠤᠷ ᠲᠦᠭᠦᠷᠢᠭ ᠲᠤ ᠭᠦᠷᠭᠡᠵᠤ᠂ 8% ᠪᠠᠷ ᠨᠡᠮᠡᠭᠳᠡᠬᠦᠯᠦᠨ᠎ᠡ᠃ ᠠᠷᠠᠳ ᠨᠠᠶᠢᠳᠠ ᠶᠢᠨ ᠭᠡᠷᠡᠭᠯᠡᠭᠡᠨ ᠤ ᠪᠤᠳᠠᠰ ᠤᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠢ 12.4 ᠳ᠋ᠦᠩᠰᠢᠭᠤᠷ ᠲᠦᠬᠦᠷᠢᠭ  ᠲᠤ ᠭᠦᠷᠭᠡᠵᠤ᠂ 21.2% ᠢᠶᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠠᠵᠤ ᠪᠤᠯᠬᠤᠶᠢᠴᠠ ᠲᠡᠭᠰᠢᠳᠭᠡᠭᠰᠡᠨ ᠤᠷᠤᠯᠭ᠎ᠠ ᠶᠢ 25305 ᠲᠦᠭᠦᠷᠢᠭ ᠲᠤ ᠭᠦᠷᠭᠡᠵᠤ᠂ 13% ᠪᠠᠷ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠡᠭᠰᠢᠳᠬᠡᠭᠰᠡᠨ ᠴᠡᠪᠡᠷ ᠤᠷᠤᠯᠭ᠎ᠠ ᠶᠢ 12726 ᠲᠦᠭᠦᠷᠢᠭ ᠲᠤ ᠭᠦᠷᠭᠡᠵᠤ ᠂ 13% ᠪᠠᠷ ᠨᠡᠮᠡᠭᠳᠡᠬᠦᠯᠦᠨ᠎ᠠ᠃        ᠡᠳᠡᠬᠡᠷ ᠬᠠᠷᠠᠯᠳᠠ ᠡᠭᠦᠷᠭᠡ ᠶᠢ ᠪᠠᠶᠠᠯᠡᠬᠦᠯᠬᠦ ᠳᠤ ᠭᠤᠷᠪᠠᠨ ᠦᠨᠳᠦᠰᠦᠨ ᠵᠠᠷᠴᠢᠮ ᠢ ᠭᠤᠤᠯᠳᠠᠯᠭ᠎ᠠ ᠲᠠᠢ ᠪᠠᠷᠢᠮᠳᠠᠯᠠᠬᠤ ᠬᠡᠷᠡᠭᠳᠡᠢ᠃        ᠨᠢᠭᠡ ᠳᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠵᠡᠷᠴᠢᠮ ᠢ ᠪᠠᠷᠢᠮᠳᠠᠯᠠᠨ᠎ᠡ᠃ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠶᠢ ᠨᠦᠯᠦᠬᠡᠯᠡᠵᠦ ᠪᠠᠶᠢᠭ᠎ᠠ ᠬᠢᠵᠠᠭᠠᠷᠳᠤ ᠭᠦᠴᠦᠨ ᠵᠦᠢᠯ ᠪᠤᠯᠤᠨ ᠠᠵᠤ ᠦᠢᠯᠡᠰ ᠤᠨ ᠪᠦᠳᠦᠴᠡ ᠶᠢᠨ ᠲᠡᠩᠴᠡᠭᠦᠷᠢ ᠦᠬᠡᠢ ᠪᠠᠶᠢᠳᠠᠯ ᠤᠬᠤᠷᠬᠠᠨ ᠬᠤᠭᠤᠴᠠᠭᠠᠨ ᠳᠤ ᠦᠬᠡᠷᠡᠴᠢᠯᠡᠭᠳᠡᠬᠦ ᠦᠬᠡᠢ ᠪᠦᠬᠡᠳ ᠭᠠᠳᠠᠨᠠᠬᠢ ᠭᠦᠭᠵᠢᠯᠳᠡ ᠶᠢᠨ ᠤᠷᠴᠢᠨ ᠠᠬᠤᠢ ᠶᠢᠨ ᠬᠤᠪᠢᠷᠠᠯᠳᠠ ᠶᠡᠭᠡ ᠪᠠᠶᠢᠭ᠎ᠠ ᠲᠤᠯᠠ ᠴᠠᠭ ᠢᠮᠠᠭᠳᠠ ᠰᠢᠨ᠎ᠠ ᠠᠰᠠᠭᠤᠳᠠᠯ ᠡᠬᠦᠰᠬᠦ ᠪᠤᠯᠵᠤᠰᠢ ᠦᠬᠡᠢ᠃ ᠡᠶᠢᠮᠤ ᠠᠴᠠ ︽ᠲᠤᠭᠳᠠᠭᠤᠨ︾ ᠳᠤ ᠰᠠᠭᠤᠷᠢᠯᠠᠬᠤ ᠶᠢ ᠵᠠᠪᠠᠯ ᠪᠠᠷᠢᠮᠳᠠᠯᠠᠵᠤ᠂ ᠲᠤᠭᠳᠠᠭᠤᠨ ᠤ ᠲᠤᠮᠳᠠ ᠬᠦᠭᠵᠢᠬᠦ ᠶᠢ ᠡᠷᠬᠢᠮᠯᠡᠨ᠂ ᠲᠤᠭᠳᠠᠭᠤᠨ ᠤ ᠲᠤᠮᠳᠠ ᠠᠴᠠ ᠦᠷ᠎ᠡ ᠠᠰᠢᠭ ᠤᠯᠬᠤ ᠪᠠᠷ ᠴᠢᠷᠮᠠᠶᠢᠬᠤ ᠭᠡᠷᠡᠭᠳᠡᠢ᠃        ᠬᠤᠶᠠᠷ ᠲᠤ᠂ ᠦᠨᠡᠨ ᠪᠤᠳᠠᠳᠠᠢ ᠶᠢ ᠡᠷᠬᠢᠮᠯᠡᠨ᠂ ᠯᠠᠪᠳᠠᠭᠤᠨ ᠪᠠᠳᠤᠳᠠᠢ ᠪᠠᠶᠢᠬᠤ ᠠᠵᠢᠯ ᠤᠨ ᠰᠡᠳᠬᠢᠴᠡ ᠶᠢ ᠪᠠᠷᠢᠮᠳᠠᠯᠠᠨ᠎ᠠ᠃ ᠤᠯᠠᠨ ᠲᠦᠮᠡᠨ ᠤ ᠦᠨᠳᠦᠰᠦᠨ ᠠᠰᠢᠭ ᠲᠤᠰᠠ ᠠᠴᠠ ᠡᠭᠦᠰᠦᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠵᠤ᠂ ᠵᠦᠢ ᠵᠤᠬᠢᠰᠳᠠᠢ ᠲᠦᠯᠦᠪᠵᠢᠬᠦᠯᠬᠦ ᠭᠡᠷᠡᠭᠳᠡᠢ᠃ ᠮᠠᠨ ᠤ ᠬᠤᠰᠢᠭᠤᠨ ᠤ ᠪᠠᠨ ᠪᠤᠳᠠᠳᠠᠢ ᠠᠴᠠ ᠡᠭᠦᠰᠦᠨ᠂ ᠦᠨᠡᠨ ᠠᠴᠠ ᠵᠦᠪ ᠢ ᠡᠷᠢᠵᠤ᠂ ᠨᠢᠭᠡᠳᠦᠯᠳᠡᠢ ᠲᠦᠯᠦᠪᠵᠢᠬᠦᠯᠦᠨ ᠪᠠᠶᠢᠷᠢᠯᠠᠭᠤᠯᠬᠤ ᠬᠡᠷᠡᠭᠳᠡᠢ᠂ ᠬᠡᠯᠪᠡᠷᠢᠯ ᠤᠨ ᠦᠵᠡᠯ ᠪᠠ ᠨᠤᠶᠠᠨᠴᠢ ᠰᠣᠷᠳᠠᠯ ᠢ ᠡᠷᠡᠰ ᠲᠡᠪᠴᠢᠵᠦ᠂ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ ᠬᠤᠰᠢᠭᠤ ᠨᠤᠳᠤᠭ ᠤᠨ ᠠᠵᠤ ᠠᠬᠤᠢ ᠪᠠ ᠨᠠᠶᠢᠳᠠ ᠶᠢᠨ ᠦᠮᠴᠢᠯᠡᠯᠳᠦ ᠪᠤᠰᠤ ᠠᠵᠤ ᠠᠬᠤᠢ ᠶᠢᠨ ᠦᠳᠳᠡᠷ ᠲᠦᠷᠬᠡᠨ ᠡᠮᠬᠢ ᠲᠢᠭᠯᠢᠮ ᠲᠠᠢ ᠪᠠᠷ ᠬᠦᠭᠵᠢᠬᠦ ᠶᠢ ᠠᠬᠢᠭᠤᠯᠬᠤ ᠬᠡᠷᠡᠭᠳᠡᠢ᠃        ᠭᠤᠷᠪᠠ ᠳᠤ᠂ ᠠᠷᠠᠳ ᠤᠨ ᠠᠮᠢᠳᠣᠷᠠᠯ ᠢ ᠡᠩ ᠲᠡᠷᠢᠭᠦᠨ ᠳᠤ ᠪᠣᠳᠣᠯᠬᠢᠯᠠᠬᠤ ᠠᠵᠢᠯ ᠤᠨ ᠵᠡᠷᠴᠢᠮ ᠢ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠷᠦᠩᠬᠡ ᠤᠷᠤᠭᠤᠯᠤᠯᠳᠠ ᠶᠢ ᠦᠷᠬᠦᠯᠵᠢᠯᠠᠨ ᠨᠡᠮᠡᠭᠳᠡᠬᠦᠯᠵᠦ ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠤᠷᠤᠨ ᠰᠠᠭᠤᠴᠠ᠂ ᠨᠡᠶᠢᠬᠡᠮ ᠤᠨ ᠪᠠᠳᠤᠯᠠᠭ᠎ᠠ ᠵᠡᠷᠬᠡ ᠡᠯ᠎ᠠ ᠲᠦᠷᠦᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠤᠯᠠᠨ ᠲᠦᠮᠡᠨ ᠳᠤ ᠪᠤᠳᠠᠳᠠᠢ ᠠᠵᠢᠯ᠂ ᠰᠠᠶᠢᠨ ᠠᠵᠢᠯ ᠬᠢᠵᠦ᠂ ᠬᠦᠴᠢᠷ ᠲᠠᠢ ᠠᠰᠠᠭᠤᠳᠠᠯ ᠢ ᠨᠢ ᠰᠢᠢᠳᠪᠦᠷᠢᠯᠡᠨ᠂ ᠬᠦᠭᠵᠢᠯᠳᠡ ᠶᠢᠨ ᠲᠤᠮᠳᠠ ᠠᠴᠠ ᠠᠷᠠᠳ ᠤᠯᠠᠨ ᠠᠰᠢᠭ ᠬᠦᠷᠳᠡᠬᠦ ᠶᠢ ᠪᠠᠳᠤᠯᠠᠬᠤ ᠬᠡᠷᠡᠭᠳᠡᠢ᠃        ᠡᠨᠡ ᠵᠢᠯ ᠲᠤᠤᠷᠡᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠠᠳᠬᠤᠨ᠎ᠠ᠃        ︵ᠨᠢᠬᠡ︶ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠲᠦᠷᠬᠡᠳᠬᠡᠨ᠂ ᠠᠵᠤ ᠠᠬᠤᠢ ᠶᠢᠨ ᠲᠤᠭᠳᠠᠭᠤᠨ ᠨᠡᠮᠡᠭᠳᠡᠯ ᠢ ᠠᠬᠢᠭᠤᠯᠤᠨ᠎ᠠ᠃         ᠡᠨᠡ ᠵᠢᠯ ᠮᠠᠨ ᠤ ᠬᠤᠰᠢᠭᠤ 50 ᠲᠦᠮᠡᠨ ᠲᠦᠬᠦᠷᠢᠭ ᠠᠴᠠ ᠲᠡᠭᠡᠭᠰᠢᠬᠢ 85 ᠲᠦᠰᠦᠯ ᠢ ᠠᠬᠢᠭᠤᠯᠬᠤ ᠪᠠᠷ ᠲᠦᠯᠦᠪᠯᠡᠵᠦ ᠪᠠᠶᠢᠨ᠎ᠠ᠃  ᠡᠬᠦᠨ ᠤ ᠲᠤᠳᠤᠷ᠎ᠠ 46 ᠨᠢ ᠠᠶᠢᠮᠠᠭ ᠤᠨ ᠱᠠᠳᠤᠨ ᠤ ᠭᠤᠤᠯᠳᠠᠯᠭ᠎ᠠ ᠲᠠᠢ ᠲᠦᠰᠦᠯ ᠪᠤᠯᠬᠤ ᠪᠦᠬᠡᠳ ᠡᠨᠡ ᠵᠢᠯ 50.65 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 12% ᠠᠴᠠ ᠲᠡᠭᠡᠭᠰᠢ ᠨᠡᠮᠡᠭᠳᠡᠬᠦᠯᠬᠦ ᠪᠠᠷ ᠲᠦᠯᠦᠪᠯᠡᠵᠦ ᠪᠠᠶᠢᠨ᠎ᠠ᠃ ᠴᠢᠬᠤᠯᠠ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠲᠦᠰᠦᠯ ᠪᠠ ᠠᠷᠠᠳ ᠤᠨ ᠠᠮᠢᠳᠤᠷᠠᠯ᠂ ᠨᠡᠶᠢᠬᠡᠮ ᠤᠨ ᠠᠵᠢᠯ ᠦᠢᠯᠡᠰ ᠤᠨ ᠲᠦᠰᠦᠯ ᠢ ᠤᠯᠵᠦ ᠠᠪᠬᠤ ᠪᠠᠷ ᠪᠦᠬᠦ ᠬᠦᠴᠦᠨ ᠢᠶᠠᠷ ᠢᠶᠠᠨ ᠲᠡᠮᠡᠴᠡᠬᠦ ᠶᠢᠨ ᠬᠠᠮᠳᠤ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠴᠢᠬᠤᠯᠠ ᠶᠡᠭᠡ ᠲᠦᠰᠦᠯ ᠤᠳ ᠢ ᠪᠤᠯᠪᠠᠰᠤᠷᠠᠭᠤᠯᠤᠨ ᠬᠡᠷᠡᠭᠵᠢᠬᠦᠯᠵᠦ᠂ ᠬᠤᠰᠢᠭᠤ ᠨᠤᠳᠤᠭ ᠤᠨ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ᠃ ᠠᠷᠠᠯᠵᠢᠶᠠᠴᠢᠨ ᠤᠷᠢᠵᠦ ᠪᠡᠯᠡ ᠲᠠᠳᠠᠬᠤ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠦᠨ᠎ᠠ᠃ ᠨᠢᠬᠡ ᠪᠦᠯᠦᠭ ᠢ ᠪᠦᠳᠦᠬᠡᠨ ᠪᠠᠶᠢᠭᠤᠯᠬᠤ᠂ ᠨᠢᠬᠡ ᠪᠦᠯᠦᠭ ᠢ ᠲᠠᠳᠠᠨ ᠤᠷᠤᠭᠤᠯᠬᠤ᠂ ᠨᠢᠬᠡ ᠪᠦᠯᠦᠭ ᠢ ᠨᠦᠬᠡᠴᠡᠯᠡᠬᠦ ᠰᠡᠳᠬᠢᠴᠡ ᠶᠤᠰᠤᠭᠠᠷ ᠲᠤᠰ ᠪᠠᠶ᠎ᠠ ᠶᠢᠨ ᠨᠦᠬᠦᠴᠡᠯ  ᠢᠶᠠᠨ ᠤᠨᠤᠪᠴᠢᠳᠠᠢ ᠡᠵᠡᠮᠰᠢᠵᠦ᠂ ᠰᠢᠨ᠎ᠡ ᠡᠨᠧᠷᠬᠢ᠂ ᠪᠤᠬᠢᠷᠳᠤᠯ ᠦᠬᠡᠢ ᠪᠠᠷᠢᠯᠭ᠎ᠠ ᠶᠢᠨ ᠰᠢᠨ᠎ᠠ ᠮᠠᠲ᠋ᠧᠷᠢᠶᠠᠯ᠂ ᠡᠯᠡᠰᠦᠨ ᠤ ᠦᠢᠯᠡᠰ ᠤᠨ ᠨᠡᠬᠡᠬᠡᠯᠳᠡ᠂ ᠪᠤᠬᠢᠷᠳᠦᠯ ᠦᠬᠡᠢ ᠤᠷᠭᠠᠨᠢᠭ ᠢᠳᠡᠬᠡᠨ ᠤ ᠪᠤᠯᠪᠠᠰᠤᠷᠠᠭᠤᠯᠤᠯᠳᠠ᠂ ᠲᠤᠨᠤᠭ ᠲᠦᠬᠦᠬᠡᠷᠦᠮᠵᠢ ᠶᠢᠨ ᠦᠢᠯᠡᠳᠬᠡᠯ ᠪᠠ ᠴᠢᠯᠠᠭᠤᠨ ᠲᠤᠰᠤᠨ ᠤ ᠪᠤᠯᠪᠠᠰᠤᠷᠠᠭᠤᠯᠤᠯᠳᠠ ᠵᠢᠴᠢ ᠲᠠᠭᠠᠯᠳᠠ ᠪᠦᠳᠦᠬᠡᠭᠳᠡᠬᠦᠨ ᠤ ᠨᠡᠬᠡᠬᠡᠯᠳᠡ ᠶᠢᠨ ᠲᠤᠭᠤᠷᠢᠨ ᠳᠤ ᠨᠢᠬᠡ ᠪᠦᠯᠦᠭ ᠠᠵᠤ ᠦᠢᠯᠡᠰ ᠤᠨ ᠬᠡᠯᠬᠢᠶ᠎ᠡ ᠤᠷᠳᠤ᠂ ᠮᠡᠷᠬᠡᠵᠢᠯ ᠤᠨ ᠲᠦᠪᠰᠢᠨ ᠦᠨᠳᠦᠷ ᠲᠦᠰᠦᠯ ᠢ ᠠᠬᠢᠭᠤᠯᠬᠤ ᠪᠠᠷ ᠰᠡᠳᠦᠵᠦ᠂ ᠵᠢᠯ ᠤᠨ ᠲᠤᠳᠤᠷ᠎ᠠ 35 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠪᠦᠬᠦᠢ ᠠᠶᠢᠮᠠᠭ ᠤᠨ ᠭᠠᠳᠠᠨᠠᠬᠢ ᠲᠦᠰᠦᠯ ᠢ ᠲᠠᠳᠠᠨ ᠤᠷᠤᠭᠤᠯᠬᠤ ᠪᠠᠷ ᠲᠡᠮᠡᠴᠡᠨ᠎ᠡ᠃ ᠨᠠᠶᠢᠳᠠ ᠶᠢᠨ ᠪᠤᠰᠤ ᠦᠮᠴᠢᠯᠡᠯᠳᠦ ᠠᠵᠤ ᠠᠬᠤᠢ ᠶᠢ ᠬᠦᠭᠵᠢᠬᠦᠯᠬᠦ ᠶᠢ ᠲᠡᠮᠵᠢᠨ᠎ᠠ᠃ ᠨᠠᠶᠢᠳᠠ ᠶᠢᠨ ᠪᠤᠰᠤ ᠦᠮᠴᠢᠯᠡᠯᠳᠦ ᠠᠵᠤ ᠠᠬᠤᠢ ᠶᠢᠨ ᠡᠷᠡᠬᠦᠯ ᠬᠦᠭᠵᠢᠯᠳᠡ ᠶᠢ ᠬᠦᠴᠦ ᠭᠠᠷᠭᠠᠨ ᠲᠡᠮᠵᠢᠬᠦ ᠶᠢᠨ ᠬᠠᠮᠳᠤ ᠬᠠᠤᠯᠢ ᠶᠤᠰᠤᠭᠠᠷ ᠬᠠᠮᠠᠭᠠᠯᠠᠵᠦ᠂ ᠵᠢᠵᠢᠭ ᠠᠵᠤ ᠠᠬᠤᠶᠢᠯᠠᠯ ᠪᠠ ᠵᠢᠵᠢᠭ ᠲᠦᠰᠦᠯ ᠢ ᠨᠡᠮᠡᠭᠳᠡᠬᠦᠯᠬᠦ ᠪᠠᠷ ᠲᠠᠮᠵᠢᠨ ᠬᠦᠭᠵᠢᠯᠳᠡ ᠶᠢᠨ ᠤᠬᠢ ᠰᠠᠶᠢᠨ ᠤᠷᠴᠢᠨ ᠠᠬᠤᠢ ᠶᠢ ᠡᠬᠦᠳᠬᠦ ᠶᠢᠨ ᠵᠡᠷᠬᠡᠪᠡᠷ ᠪᠡᠯᠡ ᠤᠷᠤᠭᠤᠯᠤᠯᠳᠠ ᠶᠢᠨ ᠶᠡᠷᠤᠩᠬᠡᠢ ᠬᠡᠮᠵᠢᠶ᠎ᠠ ᠶᠢ ᠲᠡᠭᠡᠭᠰᠢᠯᠡᠬᠦᠯᠬᠦ ᠲᠡᠭᠡᠷ᠎ᠡ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ᠃ ᠲᠦᠰᠦᠯ ᠢ ᠠᠬᠢᠭᠤᠯᠬᠤ ᠠᠷᠭ᠎ᠠ ᠬᠡᠮᠵᠢᠶ᠎ᠠ ᠶᠢ ᠡᠷᠴᠢᠮᠵᠢᠬᠦᠯᠦᠨ᠎ᠠ᠃ ᠪᠡᠯᠡ ᠤᠷᠤᠭᠤᠯᠤᠯᠳᠠ ᠶᠢ ᠦᠷᠬᠡᠳᠬᠡᠬᠦ ᠲᠠᠯ᠎ᠠ ᠲᠡᠭᠡᠷ᠎ᠡ ᠦᠵᠡᠬᠦᠯᠬᠦ ᠡᠳ᠋ ᠤᠨ ᠵᠠᠰᠠᠭ ᠤᠨ ᠪᠡᠯᠡ ᠮᠦᠩᠬᠦᠨ ᠤ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠂ ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ ᠤ ᠠᠵᠢᠯ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠢᠴᠢ ᠶᠠᠳᠠᠭᠤ ᠶᠢ ᠲᠡᠳᠬᠦᠬᠦ ᠵᠡᠷᠬᠡ ᠲᠠᠯ᠎ᠠ ᠪᠠᠷ  ᠬᠢ ᠲᠦᠰᠦᠯ ᠢ ᠭᠤᠤᠯᠳᠠᠯᠭ᠎ᠠ ᠲᠠᠢ ᠲᠦᠯᠦᠪᠯᠡᠵᠦ᠂ ᠲᠡᠭᠡᠳᠦ ᠱᠠᠳᠤᠨ ᠤ ᠲᠦᠰᠦᠪ ᠠᠴᠠ ᠨᠡᠩ ᠤᠯᠠᠨ ᠪᠡᠯᠡ ᠮᠦᠩᠬᠦᠨ ᠤ ᠲᠡᠮᠵᠢᠯᠬᠡ ᠤᠯᠬᠤ ᠪᠠᠷ ᠢᠳᠡᠪᠬᠢᠳᠡᠢ ᠲᠡᠮᠡᠴᠡᠨ᠎ᠡ᠃ ︽ᠨᠢᠬᠡ ᠲᠦᠰᠦᠯ ᠢ ᠨᠢᠬᠡ ᠤᠳᠤᠷᠢᠳᠤᠯᠭ᠎ᠠ᠂ ᠨᠢᠬᠡ ᠪᠠᠶᠢᠭᠤᠯᠭ᠎ᠠ ᠨᠢᠬᠡᠴᠡ ᠡᠬᠢᠨ ᠠᠴᠠ ᠨᠢ ᠲᠠᠭᠤᠰᠳᠠᠯ᠎ᠠ ᠲᠤᠶᠢᠯᠪᠤᠷᠢᠳᠡᠢ ᠠᠳᠬᠤᠬᠤ︾ ᠠᠵᠢᠯ ᠤᠨ ᠲᠤᠭᠳᠠᠯᠴᠠᠭ᠎ᠠ ᠶᠢ ᠪᠠᠷᠢᠮᠳᠠᠯᠠᠵᠦ᠂ ᠭᠤᠤᠯᠳᠠᠯᠭ᠎ᠠ ᠲᠠᠢ ᠲᠦᠰᠦᠯ ᠳᠤ ᠡᠬᠦᠷᠬᠡ ᠶᠢᠨ ᠬᠤᠪᠢᠶᠠᠷᠢᠯᠠᠯ ᠬᠢᠵᠦ᠂ ᠨᠠᠶᠢᠳᠠᠪᠤᠷᠢᠵᠢᠭᠤᠯᠤᠯᠳᠠ ᠶᠢ ᠦᠨᠡᠨᠬᠦ ᠪᠠᠳᠤᠯᠠᠬᠤ ᠬᠡᠷᠡᠭᠳᠡᠢ᠃         ︵ᠬᠤᠶᠠᠷ︶ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠤ ᠠᠵᠢᠯ ᠢ ᠴᠢᠩᠭᠠᠳᠬᠠᠨ᠂ ᠠᠮᠢ ᠠᠬᠤᠢ ᠶᠢᠨ ᠪᠤᠯᠪᠠᠰᠤᠨ ᠢ ᠠᠬᠢᠭᠤᠯᠤᠨ᠎ᠠ᠃         ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠳᠤᠳᠬᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠳᠡ ᠶᠢ ᠠᠬᠢᠭᠤᠯᠬᠤ᠂ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠠᠬᠢᠭᠤᠯᠬᠤ ᠠᠴᠠ ᠭᠠᠷᠳᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠡᠷ ᠪᠤᠯᠤᠨ ᠦᠷ᠎ᠡ ᠠᠰᠢᠭ  ᠢ ᠪᠦᠬᠦ ᠬᠦᠴᠦᠨ ᠢᠶᠠᠷ ᠲᠡᠭᠡᠭᠰᠢᠯᠡᠬᠦᠯᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠪᠠᠷᠢᠮᠵᠢᠶᠠᠵᠢᠵᠦ ᠬᠡᠪᠴᠢᠶᠡᠵᠢᠭᠰᠡᠨ ᠲᠡᠵᠢᠬᠡᠨ ᠦᠷᠡᠵᠢᠬᠦᠯᠬᠦ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠡᠪᠡᠰᠦ ᠬᠠᠳᠠᠭᠠᠯᠠᠬᠤ ᠰᠠᠷᠠᠪᠴᠢ᠂ ᠮᠠᠯ ᠤᠨ ᠲᠤᠯᠠᠭᠠᠨ ᠬᠠᠰᠢᠶ᠎ᠠ ᠪᠡ ᠬᠡᠪᠴᠢᠶᠡᠵᠢᠭᠰᠡᠨ ᠡᠪᠡᠰᠦ ᠨᠦᠬᠡᠴᠡᠯᠡᠬᠦ ᠰᠠᠭᠤᠷᠢᠨ ᠭᠠᠵᠠᠷ ᠢ ᠪᠠᠶᠢᠭᠤᠯᠬᠤ ᠠᠵᠢᠯ ᠢ ᠠᠬᠢᠭᠤᠯᠬᠤ ᠶᠢᠨ ᠬᠠᠮᠳᠤ 19000 ᠮᠤ᠋ ᠶᠢᠨ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠭᠠᠮᠰᠢᠭ ᠢ ᠲᠤᠯᠬᠤ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠬᠡᠷᠡᠭᠳᠡᠢ᠃ ᠬᠠᠰᠢᠶᠠᠯᠠᠨ ᠮᠠᠯᠵᠢᠬᠤ ᠪᠠ ᠦᠬᠡᠷ ᠬᠤᠨᠢ ᠪᠤᠷᠳᠤᠨ ᠲᠠᠷᠭᠤᠯᠠᠭᠤᠯᠬᠤ ᠦᠢᠯᠡᠰ ᠢ ᠠᠬᠢᠭᠤᠯᠤᠨ᠂ 5 ᠲᠦᠮᠡᠨ ᠲᠤᠯᠤᠭᠠᠢ ᠦᠬᠡᠷ᠂ 8 ᠲᠦᠮᠡᠨ ᠬᠤᠨᠢ ᠶᠢ ᠪᠤᠷᠳᠤᠨ ᠲᠠᠷᠭᠤᠯᠠᠭᠤᠯᠵᠦ ᠲᠠᠸᠠᠷᠵᠢᠭᠤᠯᠬᠤ ᠪᠠᠷ ᠴᠢᠷᠮᠠᠶᠢᠨ᠎ᠠ᠃ ︽ᠪᠠᠭ᠎ᠠ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢ ᠬᠦᠭᠵᠢᠬᠦᠯᠬᠦ ᠭᠤᠤᠯᠳᠠᠯᠭ᠎ᠠ ᠲᠠᠢ ᠬᠤᠰᠢᠭᠤ ᠰᠢᠶᠠᠨ︾ ᠤ ᠲᠦᠰᠦᠯ ᠢ ᠠᠬᠢᠭᠤᠯᠤᠨ᠂ 19000 ᠮᠤ᠋ ᠶᠢᠨ ᠤᠰᠤᠯᠠᠯᠳᠠ  ᠶᠢᠨ ᠲᠠᠷᠢᠶ᠎ᠠ ᠶᠢ ᠰᠢᠨ᠎ᠠ ᠪᠠᠷ ᠨᠡᠮᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ ᠢ ᠲᠦᠷᠢᠮᠵᠢᠬᠦᠯᠦᠨ᠂ ᠡᠷᠦᠬᠡ  ᠤᠳ ᠢ ᠴᠤᠮᠬᠠᠳᠬᠠᠨ 42 ᠲᠦᠪᠯᠡᠷᠡᠬᠦᠯᠦᠨ ᠪᠤᠷᠳᠤᠬᠤ ᠴᠢᠭ ᠪᠠᠶᠢᠭᠤᠯᠬᠤ ᠶᠢᠨ ᠬᠠᠮᠳᠤ ︽ᠺᠤᠮᠫᠠᠨᠢ + ᠰᠠᠭᠤᠷᠢᠨ ᠭᠠᠵᠠᠷ + ᠮᠠᠯᠵᠢᠬᠤ ᠡᠷᠦᠬᠡ︾ ᠶᠢᠨ ᠬᠦᠭᠵᠢᠯᠳᠡ ᠶᠢᠨ ᠬᠡᠪ ᠵᠠᠭᠪᠤᠷ ᠢ ᠬᠡᠷᠡᠭᠵᠢᠬᠦᠯᠦᠨ᠂ ᠲᠤᠯᠤᠭᠠᠶᠢᠯᠠᠭᠴᠢ ᠠᠵᠤ ᠠᠬᠤᠶᠢᠯᠠᠯ  ᠯᠤᠭ᠎ᠠ ᠬᠤᠷᠰᠢᠯᠴᠠᠭᠰᠠᠨ ᠰᠢᠨ᠎ᠠ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ ᠪᠠᠶᠢᠭᠤᠯᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠯᠳᠠ ᠪᠠᠷ ᠲᠠᠮᠵᠢᠭᠤᠯᠤᠨ ᠠᠵᠤ ᠦᠢᠯᠡᠰ ᠤᠨ ᠬᠡᠯᠬᠢᠶᠡᠰᠦ  ᠶᠢ ᠪᠦᠷᠢᠯᠳᠦᠬᠦᠯᠵᠦ᠂ ᠡᠬᠦᠨ ᠤ ᠤᠯᠠᠮ ᠢᠶᠠᠷ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠂ ᠮᠠᠨ ᠤ ᠬᠤᠰᠢᠭᠤᠨ  ᠤ ᠮᠠᠯ ᠲᠠᠷᠢᠶ᠋ᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠪᠠ ᠵᠠᠬ᠎ᠠ ᠲᠡᠯᠬᠡᠬᠦᠷ ᠤᠨ ᠦᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠎ᠠ᠃ ᠦᠪᠡᠷᠮᠢᠴᠡ ᠤᠨᠴᠠᠯᠢᠭ ᠪᠦᠬᠦᠢ ᠮᠠᠯ ᠲᠠᠷᠢᠶᠠᠯᠠᠩ ᠤᠨ ᠠᠵᠤ ᠦᠢᠯᠡᠰ ᠢ ᠬᠦᠭᠵᠢᠬᠦᠯᠬᠦ ᠶᠢ ᠲᠡᠮᠵᠢᠨ᠎ᠠ᠃ ᠭᠠᠵᠠᠷ ᠵᠦᠢ ᠶᠢᠨ ᠪᠡᠯᠭᠡ ᠲᠡᠮᠳᠡᠭ ᠪᠤᠯᠤᠭᠰᠠᠨ ᠬᠤᠷᠤᠳ᠂ ᠦᠷᠦᠮ᠎ᠠ ᠵᠡᠷᠬᠡ ᠪᠦᠳᠦᠭᠡᠭᠳᠡᠬᠦᠨ ᠤ ᠨᠡᠷᠡᠳᠦ ᠳᠡᠮᠳᠡᠭ ᠢ ᠤᠬᠠᠭᠤᠯᠵᠦ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠵᠦ᠂ ᠤᠯᠠᠮᠵᠢᠯᠠᠯᠳᠤ ᠮᠢᠬᠠᠨ ᠤ ᠪᠦᠳᠦᠭᠡᠭᠳᠡᠬᠦᠨ᠂ ᠰᠦᠨ ᠤ ᠪᠦᠳᠦᠬᠡᠭᠳᠡᠬᠦᠨ ᠤ ᠠᠵᠤ ᠦᠢᠯᠡᠰ ᠪᠠ ᠦᠪᠡᠷᠮᠢᠴᠡ ᠤᠨᠴᠠᠯᠢᠭ ᠲᠠᠢ ᠲᠠᠷᠢᠮᠠᠯ ᠤᠨ ᠦᠢᠯᠡᠰ ᠤᠨ ᠬᠦᠭᠵᠢᠯᠳᠡ ᠶᠢ ᠵᠤᠷᠢᠭᠵᠢᠭᠤᠯᠤᠨ᠎ᠠ᠃ ᠨᠡᠷᠡᠳᠦ ᠲᠡᠮᠳᠡᠭ ᠢ ᠡᠬᠦᠳᠬᠦ ᠲᠠᠯ᠎ᠠ ᠪᠠᠷ᠂ ᠪᠤᠷᠤᠬᠤᠳᠠ ᠶᠢᠨ ᠦᠷ᠎ᠡ ᠲᠦᠮᠦᠰᠦᠨ ᠤ ᠰᠠᠭᠤᠷᠢᠨ᠂ ︽ ᠶᠢᠨ ᠱᠢ︾ ᠬᠤᠴᠠ ᠮᠠᠯᠵᠢᠬᠤ ᠲᠠᠯᠠᠪᠠᠢ᠂ ︽ᠱᠠᠩᠳᠤ︾ ᠦᠬᠡᠷ ᠤᠨ ᠴᠡᠪᠡᠷ ᠮᠢᠬ᠎ᠠ᠂ ᠮᠢᠬᠠᠨ ᠤ ᠪᠦᠳᠦᠭᠡᠭᠳᠡᠬᠦᠨ ᠤ ᠠᠵᠤ ᠦᠢᠯᠡᠰ᠂ ᠯᠢ ᠮᠤ᠋ ᠽᠠᠨ ᠦᠬᠡᠷ ᠢ ᠲᠡᠵᠢᠬᠡᠨ ᠦᠷᠡᠵᠢᠬᠦᠯᠬᠦ ᠰᠠᠭᠤᠷᠢᠨ᠂ ᠹᠧᠩ ᠰᠢ ᠮᠠᠯᠵᠢᠯ ᠤᠨ ᠲᠠᠯᠠᠪᠠᠢ ᠵᠢᠴᠢ ᠪᠡᠭᠡᠵᠢᠩ ᠤᠨ ᠤᠮᠠᠷᠠᠳᠤ ᠳᠠᠬᠢ ᠮᠠᠯ ᠤᠨ ᠭᠠᠷᠤᠯᠳᠠ ᠰᠤᠯᠢᠯᠴᠠᠬᠤ ᠲᠤᠮᠤ ᠵᠠᠬ᠎ᠠ ᠲᠡᠯᠬᠡᠬᠦᠷ ᠵᠡᠷᠬᠡ ᠭᠤᠤᠯᠳᠠᠯᠭ᠎ᠠ ᠲᠠᠢ ᠲᠦᠰᠦᠯ ᠤᠳ ᠢ ᠠᠬᠢᠭᠤᠯᠵᠦ᠂ ᠬᠤᠰᠢᠭᠤ ᠪᠠᠨ ᠪᠤᠬᠢᠷᠳᠦᠯ ᠦᠬᠡᠢ ᠮᠠᠯ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠤᠷᠢᠯᠡᠵᠦ᠂ ᠡᠳ᠋ᠰᠢᠬᠦᠯᠵᠦ᠂ ᠲᠠᠸᠠᠷᠵᠢᠭᠤᠯᠬᠤ ᠰᠠᠭᠤᠷᠢᠨ ᠭᠠᠵᠠᠷ ᠪᠤᠯᠭᠠᠨ ᠪᠦᠳᠦᠬᠡᠨ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠮᠠᠯ ᠲᠠᠷᠢᠶᠠᠯᠠᠩ ᠤᠨ ᠪᠦᠳᠦᠭᠡᠭᠳᠡᠬᠦᠨ ᠤ ᠠᠶᠤᠯᠬᠦᠢ ᠦᠢᠯᠡᠳᠪᠤᠷᠢᠯᠡᠯ ᠢ ᠦᠨᠡᠨᠬᠦ ᠪᠠᠳᠤᠯᠠᠨ᠎ᠠ᠃ 3 ᠵᠢᠯ ᠤᠨ ᠲᠤᠳᠤᠷ᠎ᠠ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ ᠦᠬᠡᠷᠡᠴᠢᠯᠡᠨ ᠵᠠᠰᠠᠬᠤ᠂ ᠴᠡᠪᠡᠷ ᠤᠰᠤ ᠬᠠᠩᠭᠠᠬᠤ ᠂ ᠭᠠᠴᠠᠭ᠎ᠠ ᠲᠤᠰᠬᠤᠨ ᠤ ᠵᠠᠮ ᠵᠡᠬᠡᠯᠢ ᠶᠢ ᠲᠠᠪᠢᠰᠬᠦ᠂ ᠴᠠᠬᠢᠯᠭᠠᠨ ᠨᠡᠪᠳᠡᠷᠡᠬᠦᠯᠬᠦ᠂ ᠷᠡᠳᠢᠤ᠋ ᠲᠧᠯᠸᠢᠰ ᠪᠠ ᠤᠳᠠᠰᠤ ᠰᠦᠯᠵᠢᠶ᠎ᠠ ᠨᠡᠪᠳᠡᠷᠡᠬᠦᠯᠬᠦ᠂ ᠰᠤᠷᠤᠭᠴᠢᠳ ᠤᠨ ᠪᠠᠶᠢᠷᠢ ᠶᠢᠨ ᠠᠶᠤᠯᠬᠦᠢ ᠪᠠᠶᠢᠳᠠᠯ ᠢ ᠪᠠᠳᠤᠯᠠᠬᠤ᠂ ᠭᠠᠴᠠᠭ᠎ᠠ ᠲᠤᠰᠬᠤᠨ ᠳᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠬᠤ᠂ ᠰᠤᠶᠤᠯ ᠤᠨ ᠦᠷᠬᠦᠬᠡ ᠪᠠᠶᠢᠭᠤᠯᠬᠤ᠂ ᠬᠡᠯᠬᠢᠶᠡᠵᠢᠭᠰᠡᠨ ᠴᠢᠯᠦᠬᠡᠳᠦ ᠲᠡᠯᠬᠡᠬᠦᠷ ᠭᠠᠷᠭᠠᠬᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠬᠦᠮᠦᠨ ᠠᠮᠠ ᠶᠢᠨ ᠨᠠᠰᠤᠵᠢᠯ ᠤᠨ ᠲᠠᠭᠠᠳᠬᠠᠯ᠂ ᠡᠮ ᠡᠮᠨᠡᠯᠬᠡ ᠶᠢᠨ ᠲᠠᠭᠠᠳᠬᠠᠯ ᠪᠤᠯᠤᠨ ᠨᠠᠭᠠᠳᠤ ᠵᠠᠬ᠎ᠠ ᠶᠢᠨ ᠠᠮᠢᠵᠢᠷᠠᠭᠠᠨ ᠤ ᠲᠡᠳᠬᠦᠮᠵᠢ ᠵᠡᠷᠬᠡ 10 ᠲᠦᠷᠦᠯ ᠤᠨ ᠨᠡᠶᠢᠬᠡᠮ ᠤᠨ ᠪᠠᠳᠤᠯᠠᠭᠠᠨ ᠤ ᠠᠵᠢᠯ ᠢ ᠨᠠᠶᠢᠳᠠᠮ ᠪᠡᠶᠡᠯᠡᠬᠦᠯᠦᠨ᠎ᠠ᠃ ᠠᠮᠢ ᠠᠬᠤᠢ ᠶᠢᠨ ᠤᠷᠴᠢᠨ ᠲᠤᠭᠤᠷᠢᠨ  ᠤ ᠬᠠᠮᠠᠭᠠᠯᠠᠯᠳᠠ ᠶᠢ ᠴᠢᠩᠭᠠᠳᠬᠠᠨ᠎ᠠ᠃ ︽8337︾ ᠬᠦᠭᠵᠢᠯᠳᠡ ᠶᠢᠨ ᠰᠡᠳᠬᠢᠴᠡ ᠳᠤ ᠲᠤᠷᠠᠳᠤᠭᠰᠠᠨ ᠮᠠᠨ ᠤ ᠤᠯᠤᠰ  ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠶᠡᠷᠦᠩᠬᠡᠢ ᠪᠠᠶᠢᠷᠢᠯᠠᠭᠤᠯᠤᠯᠳᠠ ᠶᠤᠰᠤᠭᠠᠷ ᠲᠠᠯ᠎ᠠ ᠨᠤᠳᠤᠭ ᠤᠨ ᠠᠮᠢ ᠠᠬᠤᠢ ᠳᠤ ᠡᠪᠳᠡᠯᠬᠡ ᠤᠴᠠᠷᠠᠭᠤᠯᠤᠭᠰᠠᠨ ᠡᠯ᠎ᠠ ᠵᠦᠢᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠴᠢᠬᠤᠯᠠ ᠶᠡᠭᠡ ᠬᠡᠷᠡᠭ ᠤᠴᠢᠷ ᠠᠴᠠ ᠪᠤᠯᠵᠦ ᠡᠬᠦᠰᠴᠦ ᠮᠡᠳᠡᠬᠦ ᠨᠡᠶᠢᠬᠡᠮ ᠤᠨ ᠨᠦᠯᠦᠬᠡ ᠲᠦᠭᠰᠢᠬᠦᠷᠢ ᠶᠢ ᠪᠠᠶᠢᠴᠠᠭᠠᠨ ᠦᠨᠡᠯᠡᠬᠦ ᠲᠤᠭᠳᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠰᠦᠯ ᠤᠨ ᠪᠠᠶᠢᠭᠤᠯᠤᠯᠳᠠ ᠶᠢᠨ ᠶᠠᠪᠤᠴᠠ ᠳᠤ ᠢᠯᠡᠷᠡᠵᠦ ᠮᠡᠳᠡᠬᠦ ᠠᠰᠠᠭᠤᠳᠠᠯ ᠢ ᠲᠤᠬᠢᠳᠠᠢ ᠰᠢᠢᠳᠪᠤᠷᠢᠯᠡᠵᠦ᠂ ᠦᠪᠡᠷᠰᠡᠳ ᠢᠶᠠᠨ ᠰᠠᠨᠠᠭᠠᠴᠢᠯᠠᠭ᠎ᠠ ᠲᠠᠢ᠂ ᠪᠡᠯᠡᠳᠬᠡᠯ ᠲᠠᠢ᠂ ᠦᠷ᠎ᠡ ᠠᠰᠢᠭ ᠲᠠᠢ ᠪᠠᠶᠢᠬᠤ ᠶᠢ ᠱᠠᠭᠠᠷᠳᠠᠵᠦ᠂ ᠮᠠᠯᠴᠢᠨ ᠲᠠᠷᠢᠶᠠᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠬᠦᠴᠦᠯᠡᠴᠡ ᠶᠢ ᠨᠡᠮᠡᠭᠳᠡᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠡᠶᠢᠳᠦᠷ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠤᠢ ᠰᠢᠭᠤᠢ  ᠶᠢᠨ ᠪᠦᠳᠦᠬᠡᠨ ᠪᠠᠶᠢᠭᠤᠯᠤᠯᠳᠠ ᠶᠢᠨ ᠲᠠᠯᠠᠪᠠᠢ ᠶᠢ ᠰᠢᠨ᠎ᠠ ᠪᠠᠷ 38.9 ᠲᠦᠮᠡᠨ ᠮᠤ᠋ ᠨᠡᠮᠡᠭᠳᠡᠬᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠬᠤᠶᠠᠷ ᠬᠠᠪᠢ᠂ ᠬᠤᠳᠠ ᠪᠠᠯᠭᠠᠰᠤᠨ ᠤ ᠡᠷᠬᠢᠨ ᠲᠤᠭᠤᠷᠢᠨ᠂ ᠭᠠᠴᠠᠭ᠎ᠠ ᠲᠤᠰᠬᠤᠨ ᠵᠢᠴᠢ ᠦᠢᠯᠡᠳᠪᠤᠷᠢ ᠠᠭᠤᠷᠬᠠᠢ ᠵᠡᠷᠬᠡ ᠭᠤᠤᠯᠳᠠᠯᠭ᠎ᠠ ᠲᠠᠢ ᠭᠠᠵᠠᠷ ᠤᠳ ᠲᠠᠬᠢ ᠨᠤᠭᠤᠭᠠᠷᠠᠭᠤᠯᠤᠯᠳᠠ ᠶᠢᠨ ᠠᠵᠢᠯ ᠢ ᠴᠢᠩᠭᠠᠳᠬᠠᠨ᠎ᠠ᠃ ᠭᠤᠤᠯ  ᠤᠨ ᠰᠠᠪᠠ ᠭᠠᠵᠠᠷ ᠢ ᠵᠠᠰᠠᠬᠤ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠰᠠᠶᠢᠳᠦᠷ ᠠᠳᠬᠤᠵᠦ᠂ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠤᠰᠤᠨ ᠠᠰᠢᠭᠯᠠᠯᠳᠠ ᠶᠢᠨ ᠬᠠᠮᠠᠭᠠᠯᠠᠯᠳᠠ ᠶᠢᠨ ᠲᠦᠰᠦᠯ ᠢ ᠢᠳᠡᠪᠬᠢᠳᠡᠢ ᠡᠷᠡᠮᠡᠯᠵᠢᠯᠡᠨ᠂ ᠱᠠᠩᠳᠤ ᠶᠢᠨ ᠭᠤᠤᠯ ᠠᠴᠠ ᠪᠤᠷᠤᠬᠤᠳᠠ ᠬᠦᠷᠬᠦ ᠭᠤᠤᠯ ᠤᠨ ᠬᠡᠰᠡᠭ ᠢ ᠵᠠᠰᠠᠬᠤ ᠪᠠᠷᠢᠯᠭ᠎ᠠ ᠶᠢ ᠪᠡᠶᠡᠯᠡᠬᠦᠯᠵᠦ᠂ ᠱᠠᠩᠳᠤ ᠶᠢᠨ ᠭᠤᠤᠯ ᠤᠨ ᠤᠰᠤ ᠨᠦᠬᠦᠪᠦᠷᠢᠯᠡᠬᠦ ᠢᠨᠵᠧᠨᠧᠷᠢᠩ ᠤᠨ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠠ᠃ ᠤᠷᠴᠢᠨ ᠲᠤᠭᠤᠷᠢᠨ ᠳᠤ ᠦᠵᠡᠭᠦᠯᠬᠦ ᠨᠦᠯᠦᠭᠡᠯᠡᠯ ᠢ ᠬᠢᠨᠡᠨ ᠦᠨᠡᠯᠡᠬᠦ ᠠᠵᠢᠯ ᠢ ᠴᠢᠩᠭᠠᠳᠬᠠᠵᠦ᠂ ᠪᠦᠬᠦ ᠵᠢᠯ ᠤᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠬᠠᠷᠠᠯᠳᠠ ᠶᠢ ᠪᠡᠶᠡᠯᠡᠬᠦᠯᠬᠦ ᠶᠢ ᠦᠨᠡᠨᠬᠦ ᠪᠠᠳᠤᠯᠠᠨ᠎ᠠ᠃        ︵ᠭᠤᠷᠪᠠ︶ ᠠᠵᠤ ᠦᠢᠯᠡᠳᠪᠤᠷᠢ ᠶᠢ ᠰᠢᠯᠢᠳᠡᠭᠵᠢᠭᠦᠯᠬᠦ ᠠᠬᠢᠴᠠ ᠶᠢ ᠲᠦᠷᠭᠡᠳᠭᠡᠵᠤ᠂ ᠠᠵᠤ ᠠᠬᠤᠢ ᠶᠢᠨ ᠬᠦᠭᠵᠢᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃         ︽ᠤᠯᠠᠮᠵᠢᠯᠠᠯᠳᠤ ᠠᠵᠤ ᠦᠢᠯᠡᠰ ᠤᠨ ᠰᠢᠨᠠᠴᠢᠯᠠᠯᠳᠠ᠂ ᠰᠢᠨ᠎ᠠ ᠠᠵᠤ ᠦᠢᠯᠡᠰ ᠤᠨ ᠬᠡᠪᠴᠢᠶᠡᠵᠢᠯᠳᠠ᠂ ᠲᠤᠯᠭᠠᠭᠤᠷᠢ ᠠᠵᠤ ᠦᠢᠯᠡᠰ ᠤᠨ ᠤᠯᠠᠨ ᠡᠰᠢᠳᠦ ᠬᠦᠭᠵᠢᠯᠳᠠ︾ ᠶᠢᠨ ᠱᠠᠭᠠᠷᠳᠠᠯᠭ᠎ᠠ ᠶᠤᠰᠤᠭᠠᠷ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠮᠠᠶ᠋ᠢᠭ ᠤᠨ ᠬᠤᠪᠢᠷᠠᠭᠤᠯᠤᠯᠳᠠ ᠶᠢ ᠲᠦᠷᠬᠡᠳᠬᠡᠵᠦ᠂ ᠪᠦᠬᠦ ᠵᠢᠯ ᠤᠨ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 43.8 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠵᠤ ᠦᠢᠯᠡᠳᠪᠤᠷᠢ ᠶᠢᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 34.2 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠴᠢᠷᠮᠠᠶᠢᠨ᠎ᠠ᠃ ᠵᠦᠬᠡᠬᠡᠪᠦᠷᠢ ᠶᠢᠨ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠨ᠎ᠠ᠃ ᠠᠵᠤ ᠠᠬᠤᠶᠢᠯᠠᠯ ᠤᠳ ᠢ ᠵᠤᠬᠢᠴᠠᠭᠤᠯᠬᠤ ᠦᠢᠯᠡᠴᠢᠯᠡᠭᠡᠨ ᠤ ᠠᠵᠢᠯ ᠢ ᠰᠠᠶᠢᠳᠦᠷ ᠬᠢᠨ᠂ ᠠᠵᠤ ᠠᠬᠤᠶᠢᠯᠠᠯ ᠪᠡᠯᠡ ᠨᠡᠶᠢᠯᠡᠭᠦᠯᠬᠦ᠂ ᠵᠢᠬᠡᠯᠡᠯᠬᠡ ᠲᠠᠯᠪᠢᠬᠤ᠂ ᠭᠠᠵᠠᠷ ᠲᠠᠳᠠᠪᠤᠷᠢᠯᠠᠬᠤ ᠵᠡᠷᠬᠡ ᠲᠠᠯ᠎ᠠ ᠪᠠᠷ ᠬᠦᠴᠢᠷᠳᠡᠵᠦ ᠪᠠᠶᠢᠳᠠᠭ ᠠᠰᠠᠭᠤᠳᠠᠯ ᠢ ᠰᠠᠶᠢᠳᠦᠷ ᠰᠢᠢᠳᠪᠤᠷᠢᠯᠡᠵᠦ᠂ ᠠᠵᠤ ᠠᠬᠤᠶᠢᠯᠠᠯ  ᠤᠨ ᠬᠦᠭᠵᠢᠯᠳᠡ ᠳᠤ ᠤᠬᠢ ᠰᠠᠶᠢᠨ ᠤᠷᠴᠢᠨ ᠠᠬᠤᠢ ᠶᠢ ᠡᠬᠦᠳᠦᠨ᠎ᠡ᠃ ᠱᠠᠩᠳᠤ ᠴᠠᠬᠢᠯᠭᠠᠨ ᠦᠢᠯᠡᠳᠪᠤᠷᠢ ᠶᠢᠨ ᠪᠦᠬᠦ ᠵᠢᠯ  ᠤᠨ ᠴᠠᠬᠢᠯᠭᠠᠨ ᠭᠠᠷᠭᠠᠬᠤ ᠬᠡᠮᠵᠢᠶ᠎ᠠ ᠶᠢ 219 ᠳ᠋ᠦᠩᠰᠢᠭᠤᠷ ᠭᠷᠡᠳᠦ᠋ᠰ ᠲᠤ ᠬᠦᠷᠬᠡᠬᠦ ᠪᠠᠷ ᠴᠢᠷᠮᠠᠶᠢᠬᠤ ᠶᠢᠨ ᠬᠠᠮᠳᠣ ︽ᠾᠧ ᠡᠸ᠋ᠨ︾ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢ᠂ ︽ᠷᠧᠨ ᠴᠤᠸᠠᠩ︾ ᠡᠯᠡᠰᠦᠨ ᠤ ᠦᠢᠯᠡᠰ ᠪᠤᠯᠤᠨ ︽ ᠲᠠᠢ ᠴᠢᠩ︾ ᠴᠢᠯᠠᠭᠤᠨ ᠲᠤᠰᠤᠨ ᠤ ᠺᠤᠮᠫᠠᠨᠢ ᠵᠡᠷᠬᠡ ᠠᠵᠤ ᠠᠬᠤᠶᠢᠯᠠᠯ ᠤᠨ ᠲᠡᠰ ᠢ ᠨᠡᠮᠡᠭᠳᠡᠭᠦᠯᠵᠦ ᠪᠠᠷᠢᠮᠵᠢᠶ᠎ᠠ ᠠᠴᠠ ᠲᠡᠭᠡᠭᠰᠢᠬᠢ ᠠᠵᠤ ᠠᠬᠤᠶᠢᠯᠠᠯ ᠪᠤᠯᠭᠠᠨ᠎ᠠ᠃ ᠠᠵᠤ ᠦᠢᠯᠡᠳᠪᠤᠷᠢ ᠶᠢᠨ ᠳᠣᠮᠳᠠᠬᠢ ᠲᠤᠯᠭᠠᠭᠤᠷᠢᠯᠠᠭᠴᠢ ᠠᠵᠤ ᠦᠢᠯᠡᠰ ᠢ ᠬᠦᠭᠵᠢᠭᠦᠯᠦᠨ᠎ᠡ᠃ ᠱᠠᠩᠳᠤ ᠴᠠᠬᠢᠯᠭᠠᠨ ᠦᠢᠯᠡᠳᠪᠤᠷᠢ ᠶᠢᠨ ᠲᠦᠷᠪᠡᠳᠦᠬᠡᠷ ᠬᠤᠭᠤᠴᠠᠭᠠᠨ ᠤ ᠲᠦᠰᠦᠯ ᠪᠤᠯᠤᠨ ︽ᠯᠦᠩ ᠶᠤᠸᠠᠨ︾ ᠤᠯᠤᠰ ᠤᠨ ᠴᠠᠬᠢᠯᠭᠠᠨ ᠤ ᠺᠤᠮᠫᠠᠨᠢ᠂ ︽ᠤᠦ ᠬᠦᠳᠦᠯ︾ ᠤᠨ ᠴᠠᠬᠢᠯᠭᠠᠨ ᠭᠠᠷᠭᠠᠬᠤ ᠺᠤᠮᠫᠠᠨᠢ᠂ ︽ᠬᠤᠸᠠ ᠢ ︾ ᠠᠷᠤ ᠬᠦᠪ ᠤᠨ ᠴᠠᠬᠢᠯᠭᠠᠨ ᠤ ᠺᠣᠮᠫᠠᠨᠢ ᠵᠡᠷᠭᠡ ᠭᠤᠷᠪᠠᠨ 4.95 ᠲᠦᠮᠡᠨ ᠺᠢᠯᠤᠸᠡᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠦᠰᠦᠯ ᠪᠠ ︽ᠰᠠᠨ ᠰᠢᠶᠠ︾ ᠺᠣᠮᠫᠠᠨᠢ ᠶᠢᠨ 100 ᠰᠠᠶ᠎ᠠ ᠸᠠᠲ᠂ ᠤᠯᠤᠰ ᠤᠨ ᠴᠠᠬᠢᠯᠭᠠᠨ ᠺᠣᠮᠫᠠᠨᠢ ᠶᠢᠨ 50 ᠰᠠᠶ᠎ᠠ ᠸᠠᠲ᠂ ᠬᠤᠸᠠ ᠨᠧᠩ ᠤᠨ 30 ᠰᠠᠶ᠎ᠠ ᠸᠠᠲ᠂ ᠶᠠ ᠨᠧᠩ ᠤᠨ 10 ᠰᠠᠶ᠎ᠠ ᠸᠠᠲ  ᠤᠨ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠵᠡᠷᠭᠡ ᠶᠢ ᠠᠬᠢᠭᠤᠯᠬᠤ ᠪᠠᠷ ᠳᠠᠮᠵᠢᠭᠤᠯᠵᠤ᠂ ᠢᠯᠴᠢᠨ ᠬᠦᠴᠦ᠂ ᠰᠠᠯᠬᠢᠨ ᠬᠦᠴᠦ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠰᠦᠯ ᠢ ᠬᠠᠮᠳᠤ ᠳᠤᠨᠢ ᠬᠦᠭᠵᠢᠬᠦᠯᠦᠭᠰᠡᠨ ᠠᠵᠤ ᠦᠢᠯᠡᠰ ᠤᠨ ᠪᠦᠳᠦᠴᠡ ᠶᠢ ᠲᠦᠷᠬᠡᠨ ᠪᠦᠷᠢᠯᠳᠦᠭᠦᠯᠦᠨ᠎ᠡ᠃ ᠨᠡᠬᠦᠷᠡᠰᠦᠨ ᠤ ᠦᠨᠡᠰᠦ ᠶᠢ ᠶᠡᠷᠤᠩᠬᠡᠶᠢᠯᠡᠨ ᠠᠰᠢᠭᠯᠠᠬᠤ ᠦᠢᠯᠡᠳᠪᠦᠷᠢ᠂ ᠡᠯᠡᠰᠦᠨ ᠤ ᠦᠢᠯᠡᠰ ᠵᠡᠷᠬᠡ ᠪᠠᠷᠢᠯᠭ᠎ᠠ ᠶᠢᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠨ ᠬᠦᠭᠵᠢᠯᠳᠡ ᠶᠢ ᠠᠬᠢᠭᠤᠯᠵᠦ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠴᠢᠯᠠᠭᠤᠨ ᠲᠤᠰᠤ ᠬᠠᠶᠢᠨ ᠮᠠᠯᠳᠠᠬᠤ ᠬᠦᠴᠦᠨ ᠢᠶᠠᠨ ᠨᠡᠮᠡᠭᠳᠡᠭᠦᠯᠵᠦ᠂ ᠡᠨᠡ ᠵᠢᠯ 100 ᠰᠠᠭᠤᠷᠢ ᠬᠤᠳᠳᠤᠭ ᠦᠷᠦᠮᠳᠡᠵᠦ᠂ ᠲᠤᠰᠤᠨ ᠤ ᠭᠠᠷᠤᠯᠳᠠ ᠶᠢ 3 ᠲᠦᠮᠡᠨ ᠲᠤᠨ ᠳᠠᠪᠠᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠤᠷᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠠᠵᠤ ᠦᠢᠯᠡᠳᠪᠤᠷᠢ ᠶᠢᠨ ᠲᠤᠭᠤᠷᠢᠭ ᠤᠨ ᠡᠯ᠎ᠠ ᠲᠦᠷᠦᠯ ᠤᠨ ᠲᠦᠯᠦᠪᠵᠢᠬᠦᠯᠬᠡ ᠶᠢ ᠲᠠᠷᠤᠢ ᠲᠦᠷᠬᠡᠨ ᠲᠡᠬᠦᠯᠳᠡᠷᠵᠢᠬᠦᠯᠵᠦ᠂ ᠲᠦᠷᠢᠮᠵᠢᠭᠰᠡᠨ ᠬᠠᠮᠢᠶᠠᠷᠤᠯᠳᠠ ᠶᠢ ᠠᠬᠢᠭᠤᠯᠤᠨ᠎ᠠ᠃ ᠵᠠᠮ ᠵᠡᠭᠡᠯᠢ᠂ ᠲᠦᠬᠡᠬᠡᠯ ᠤᠰᠤ᠂ ᠨᠠᠶᠢᠳᠠ ᠶᠢᠨ ᠲᠤᠯᠠᠭᠠᠯᠭ᠎ᠠ᠂ ᠪᠤᠬᠢᠷ ᠢ ᠭᠠᠳᠠᠭᠰᠢᠯᠠᠭᠤᠯᠬᠤ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠡᠬᠢ ᠪᠠᠶᠠᠯᠢᠭ ᠢ ᠲᠤᠬᠢᠷᠭᠤᠯᠬᠤ ᠬᠦᠴᠦᠨ ᠢᠶᠠᠨ ᠲᠤᠭᠤᠷᠢᠭ ᠲᠡᠰᠢ ᠲᠦᠪᠯᠡᠷᠡᠬᠦᠯᠦᠨ᠂ ᠠᠵᠤ ᠦᠢᠯᠡᠰ ᠢ ᠲᠠᠶᠢᠴᠢᠯᠠᠨ ᠲᠤᠭᠤᠷᠢᠭ ᠲᠡᠰᠢ ᠰᠢᠯᠵᠢᠭᠦᠯᠬᠦ ᠪᠠᠷ ᠬᠦᠴᠦᠯᠡᠬᠦ ᠶᠢᠨ ᠬᠠᠮᠳᠣ ᠡᠨᠡ ᠵᠢᠯ ᠤᠷᠤᠨ ᠤ ᠲᠡᠰ ᠤᠨ ᠡᠷᠬᠢᠯᠳᠡᠳᠦ ᠠᠵᠤ ᠠᠬᠤᠢ ᠶᠢᠨ ᠵᠢᠱᠢᠶ᠎ᠡ ᠦᠵᠡᠬᠦᠯᠬᠦ ᠲᠤᠭᠤᠷᠢᠭ ᠪᠤᠯᠭᠠᠬᠤ ᠪᠠᠷ ᠴᠢᠷᠮᠠᠶᠢᠨ᠎ᠠ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠡᠨ ᠤ ᠰᠤᠶᠤᠯ ᠤᠨ ᠤᠨᠴᠠᠯᠢᠭᠳᠤ ᠠᠵᠤ ᠦᠢᠯᠡᠰ ᠤᠨ ᠬᠦᠷᠢᠶᠡᠯᠡᠩ ᠵᠢᠴᠢ ᠡᠯᠡᠰᠦᠨ ᠤ ᠦᠢᠯᠡᠰ ᠤᠨ ᠡᠷᠬᠢᠯᠳᠡᠳᠦ ᠠᠵᠤ ᠠᠬᠤᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠬᠡᠨ᠎ᠡ᠃         ︵ᠲᠦᠷᠪᠡ︶ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠢ ᠲᠠᠶᠢᠴᠢᠯᠠᠨ ᠬᠦᠭᠵᠢᠭᠦᠯᠦᠨ᠎ᠡ᠃         ᠰᠤᠶᠤᠯ ᠤᠨ ᠵᠢᠭᠤᠯᠴᠢᠯᠠᠯ ᠢᠶᠠᠷ ᠭᠤᠤᠯ ᠴᠢᠮᠦᠬᠡ ᠪᠠ ᠰᠢᠪᠳᠤᠯᠤᠯᠳᠠ ᠶᠢᠨ ᠴᠢᠭ ᠪᠤᠯᠭᠠᠵᠦ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠤᠷᠳᠤᠴᠠ ᠶᠢ ᠲᠦᠷᠬᠡᠳᠬᠡᠨ᠂ ᠬᠠᠷᠢᠴᠠᠯ ᠢ ᠨᠡᠮᠡᠭᠳᠡᠬᠦᠯᠵᠦ᠂ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠮᠦᠽᠸᠢ ᠪᠤᠯᠤᠨ ᠵᠢᠭᠤᠯᠴᠢᠳ ᠢ ᠬᠦᠯᠢᠶᠠᠨ ᠠᠪᠬᠤ ᠲᠦᠪ ᠢ ᠪᠦᠳᠦᠬᠡᠨ ᠪᠠᠶᠢᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠵᠢᠭᠤᠯᠴᠢᠯᠠᠯ ᠤᠨ ᠤᠯᠠᠷᠢᠯ ᠪᠤᠯᠬᠤ ᠠᠴᠠ ᠡᠮᠤᠨ᠎ᠡ ᠠᠰᠢᠭᠯᠠᠯᠳᠠ ᠳᠤ ᠤᠷᠤᠭᠤᠯᠵᠤ᠂ ᠮᠦᠽᠸᠢ ᠪᠤᠯᠤᠨ ᠪᠠᠭᠤᠷᠢ ᠶᠢ ︽ᠬᠠᠷᠢᠯᠴᠠᠨ ᠴᠤᠭᠴᠠᠯᠠᠭᠰᠠᠨ︾ ᠵᠠᠭᠪᠤᠷ ᠪᠤᠯᠭᠠᠨ ᠪᠦᠳᠦᠭᠡᠨ ᠪᠠᠶᠢᠭᠤᠯᠤᠨ᠎ᠠ ᠃ ᠭᠠᠳᠠᠭᠰᠢ ᠤᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠣᠬᠠᠭᠤᠯᠭ᠎ᠠ ᠶᠢᠨ ᠬᠡᠯᠪᠡᠷᠢ ᠮᠠᠶ᠋ᠢᠭ ᠢᠶᠠᠨ ᠰᠢᠨᠡᠳᠬᠡᠨ᠂ ᠲᠡᠯᠡᠬᠡᠢ ᠶᠢᠨ ᠰᠤᠶᠤᠯ ᠤᠨ ᠦᠪ ᠤᠨ ᠨᠦᠯᠦᠬᠡᠯᠡᠬᠦ ᠬᠦᠴᠦᠨ ᠪᠠ ᠨᠡᠷ᠎ᠡ ᠠᠯᠳᠠᠷᠰᠢᠯ ᠢ ᠲᠡᠭᠡᠭᠰᠢᠯᠡᠬᠦᠯᠦᠨ᠎ᠡ᠃ ︽ᠲᠤᠮᠳᠠᠳᠤ ᠤᠯᠤᠰ᠂ ᠶᠤᠸᠠᠨ ᠤ ᠲᠡᠭᠡᠳᠦ ᠨᠠᠶᠢᠰᠯᠠᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠢ ᠣᠯᠠᠮ ᠠᠯᠳᠠᠷᠰᠢᠭᠤᠯᠵᠤ᠂ ᠶᠤᠸᠠᠨ ᠤ ᠲᠡᠭᠡᠳᠦ ᠨᠠᠶᠢᠰᠯᠠᠯ ᠤᠨ ᠰᠤᠶᠤᠯ ᠵᠢᠭᠤᠯᠴᠢᠯᠠᠯ ᠤᠨ ᠵᠠᠭᠤᠨ ᠳ᠋ᠦᠩᠰᠢᠭᠤᠷ ᠤᠨ ᠠᠵᠤ ᠦᠢᠯᠡᠰ ᠤᠨ ᠲᠤᠭᠤᠷᠢᠭ ᠪᠤᠯᠤᠨ ︽ᠳᠠᠶᠢᠳᠣ ᠨᠠᠶᠢᠰᠯᠠᠯ — — ᠳᠡᠭᠡᠳᠦ ᠨᠠᠶᠢᠰᠯᠠᠯ — — ᠠᠳᠣᠭᠤᠨ ᠨᠣᠳᠤᠭ︾ ︵ᠪᠡᠭᠡᠵᠢᠩ — ᠰᠢᠯᠤᠭᠤᠨ ᠬᠦᠭᠡ — ᠰᠢᠯᠢ ᠶᠢᠨ ᠬᠤᠳᠠ︶ ᠢᠶᠠᠷ ᠭᠤᠤᠯ ᠪᠤᠯᠭᠠᠭᠰᠠᠨ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ᠃ ᠦᠪᠡᠷᠮᠢᠴᠡ ᠰᠣᠳᠣᠨ ᠤᠨᠴᠠᠯᠢᠭ ᠲᠠᠢ᠂ ᠪᠤᠳᠠᠰ ᠤᠨ ᠪᠤᠰᠤ ᠰᠣᠶᠣᠯ ᠤᠨ ᠰᠢᠨᠵᠢ ᠶᠢ ᠠᠭᠤᠯᠤᠭᠰᠠᠨ ᠦᠨᠳᠦᠰᠦᠳᠡᠨ ᠤ ᠭᠠᠷ ᠤᠷᠠᠯᠠᠯ  ᠤᠨ ᠪᠦᠳᠦᠭᠡᠭᠳᠡᠬᠦᠨ ᠢ ᠦᠢᠯᠡᠳᠪᠦᠷᠢᠯᠡᠬᠦ ᠠᠵᠤ ᠠᠬᠤᠶᠢᠯᠠᠯ ᠢ ᠢᠳᠡᠪᠬᠢᠳᠡᠢ ᠲᠡᠮᠵᠢᠨ ᠬᠦᠭᠵᠢᠭᠦᠯᠦᠨ᠎ᠡ᠃ ᠡᠨᠡ ᠵᠢᠯ ᠬᠦᠯᠢᠶᠡᠨ ᠠᠪᠬᠤ ᠵᠢᠭᠤᠯᠴᠢᠳ ᠤᠨ ᠳᠤᠭ᠎ᠠ ᠵᠢᠴᠢ ᠵᠢᠭᠤᠯᠴᠢᠯᠠᠯ ᠤᠨ ᠤᠷᠤᠯᠭ᠎ᠠ ᠶᠢ ᠲᠤᠰᠪᠤᠷᠢ 60 ᠲᠦᠮᠡᠨ ᠬᠦᠮᠦᠨ ᠤᠳᠠᠭ᠎ᠠ ᠪᠠ 6 ᠳ᠋ᠦᠩᠰᠢᠭᠤᠷ ᠲᠦᠬᠦᠷᠢᠭ ᠤᠨ ᠪᠤᠭᠤᠮᠳᠠ ᠶᠢ ᠰᠢᠪᠳᠣᠯᠬᠤ ᠪᠠᠷ ᠴᠢᠷᠮᠠᠶᠢᠨ᠎ᠠ᠃ ᠭᠤᠤᠯ ᠵᠠᠰᠠᠮᠠᠯ ᠵᠠᠮ ᠲᠠᠢ ᠬᠤᠯᠪᠤᠭᠰᠠᠨ ᠵᠢᠭᠤᠯᠴᠢᠯᠠᠯ ᠤᠨ ᠱᠤᠭᠤᠮ ᠢ ᠢᠵᠢ ᠪᠦᠷᠢᠳᠦᠬᠦᠯᠦᠨ ᠪᠠᠶᠢᠭᠤᠯᠵᠦ᠂ ᠨᠡᠩ ᠤᠯᠠᠨ ᠨᠦᠬᠦᠴᠡᠯ ᠲᠠᠢ ᠮᠠᠯᠴᠢᠨ ᠲᠠᠷᠢᠶᠠᠴᠢᠨ ᠤ ︽ᠬᠦᠳᠡᠭᠡ ᠠᠶᠢᠯ ᠤᠨ ᠪᠠᠶᠠᠰᠤᠯ︾᠂ ︽ᠮᠠᠯᠴᠢᠨ ᠠᠶᠢᠯ︾ ᠵᠡᠷᠬᠡ ᠤᠨᠴᠠᠯᠢᠭᠳᠤ ᠵᠢᠭᠤᠯᠴᠢᠯᠠᠯ ᠤᠨ ᠦᠢᠯᠡᠰ ᠡᠷᠬᠢᠯᠡᠬᠦ ᠶᠢ ᠵᠤᠷᠢᠭᠵᠢᠭᠤᠯᠤᠨ᠂ ᠵᠤᠴᠢᠯᠠᠬᠤ ᠴᠢᠳᠠᠯ ᠪᠤᠯᠤᠨ ᠦᠢᠯᠡᠴᠢᠯᠡᠬᠦ ᠬᠢᠷᠢ ᠲᠦᠪᠰᠢᠨ ᠢ ᠨᠢ ᠲᠡᠭᠡᠭᠰᠢᠯᠡᠬᠦᠯᠵᠦ᠂ ᠵᠢᠭᠤᠯᠴᠢᠯᠠᠯ ᠤᠨ ᠦᠢᠯᠡᠰ ᠢᠶᠠᠷ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠲᠠᠶᠢᠴᠢᠯᠠᠬᠤ ᠦᠢᠯᠡᠳᠦᠯ ᠢ ᠤᠯᠠᠮ ᠨᠢᠬᠡ ᠠᠯᠬᠤᠮ ᠪᠠᠳᠠᠷᠠᠭᠤᠯᠵᠤ᠂ ︽ᠰᠤᠶᠤᠯ ᠢᠶᠠᠷ ᠬᠦᠷᠦᠰᠦ ᠬᠢᠵᠤ᠂ ᠵᠢᠭᠤᠯᠴᠢᠯᠠᠯ ᠢᠶᠠᠷ ᠲᠡᠵᠢᠭᠡᠯ ᠪᠤᠯᠭᠠᠨ᠂ ᠠᠷᠠᠳ ᠲᠤ ᠦᠷ᠎ᠡ ᠵᠢᠮᠢᠰ ᠢ ᠨᠢ ᠬᠦᠷᠳᠡᠭᠡᠬᠦ︾ ᠶᠠᠪᠤᠴᠠ ᠶᠢ ᠪᠡᠶᠡᠯᠡᠬᠦᠯᠦᠨ᠎ᠠ᠃ ᠡᠳ᠋ ᠪᠠᠷᠠᠭᠠᠨ ᠤ ᠬᠦᠢᠯᠭᠡᠭᠡᠨ ᠤ ᠰᠢᠰᠲ᠋ᠧᠮ ᠤᠨ ᠪᠠᠶᠢᠭᠤᠯᠣᠯᠳᠠ ᠶᠢ ᠲᠦᠯᠬᠢᠨ ᠠᠬᠢᠭᠤᠯᠤᠨ᠎ᠠ᠃ ᠲᠠᠸᠠᠷ ᠢ ᠨᠦᠬᠡᠴᠡᠯᠡᠬᠦ ᠬᠡᠮᠵᠢᠶ᠎ᠠ ᠪᠠ ᠵᠠᠬ᠎ᠠ ᠲᠡᠯᠭᠡᠭᠦᠷ ᠲᠤ ᠣᠷᠣᠭᠤᠯᠬᠤ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠭᠡᠨ᠂ ᠠᠮᠢᠳᠤᠷᠠᠯ ᠤᠨ ᠴᠢᠬᠤᠯᠠ ᠬᠡᠷᠡᠭᠴᠡᠬᠡᠨ ᠤ ᠵᠦᠢᠯ ᠢ ᠵᠠᠬ᠎ᠠ  ᠳᠤ ᠭᠠᠷᠭᠠᠬᠤ ᠬᠡᠮᠵᠢᠶ᠎ᠠ ᠶᠢ ᠨᠡᠮᠡᠭᠳᠡᠬᠦᠯᠦᠨ᠂ ᠵᠠᠬ᠎ᠠ ᠲᠡᠯᠬᠡᠬᠦᠷ ᠤᠨ ᠬᠠᠩᠭᠠᠯᠭ᠎ᠠ ᠶᠢᠨ ᠲᠡᠩᠴᠡᠬᠦᠷᠢ ᠪᠠ ᠦᠨ᠎ᠠ ᠬᠠᠩᠰᠢ ᠶᠢᠨ ᠲᠤᠭᠳᠠᠭᠤᠨ ᠢ ᠪᠠᠳᠤᠯᠠᠬᠤ ᠶᠢᠨ ᠬᠠᠮᠳᠣ ᠮᠠᠯ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠮ ᠱᠤᠭᠤᠮ ᠢ ᠰᠢᠯᠤᠭᠤᠳᠬᠠᠨ᠎ᠠ᠃ ︽ᠮᠧᠩ ᠯᠦᠩ︾ ᠲᠠᠷᠢᠶᠠᠯᠠᠩ ᠤᠨ ᠭᠠᠷᠣᠯᠳᠠ ᠪᠦᠳᠦᠭᠡᠭᠳᠡᠬᠦᠨ ᠢ ᠪᠦᠬᠡᠮ ᠢᠶᠠᠷ ᠪᠤᠷᠤᠯᠠᠭᠤᠯᠬᠤ ᠵᠠᠬ᠎ᠠ ᠲᠠᠯᠬᠡᠬᠦᠷ ᠤᠨ ᠬᠦᠷᠢᠶ᠎ᠡ ᠬᠡᠪᠴᠢᠶ᠎ᠠ ᠶᠢ ᠦᠷᠬᠡᠳᠬᠡᠵᠦ᠂ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ︾ ᠢ ᠠᠬᠢᠭᠤᠯᠤᠨ᠂ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠬᠡᠬᠦᠷ ᠪᠤᠯᠤᠨ ᠪᠠᠭᠤᠳᠠᠯ ᠤᠨ ᠪᠦᠷᠬᠦᠴᠡ ᠨᠤᠷᠮ᠎ᠠ ᠶᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠨ ᠲᠦᠮᠡᠨ ᠤ ᠬᠡᠷᠡᠭᠯᠡᠬᠡᠨ ᠤ ᠱᠠᠭᠠᠷᠳᠠᠯᠭ᠎ᠠ ᠶᠢ ᠬᠠᠩᠭᠠᠨ᠎ᠠ᠃ ᠡᠯᠧᠺᠲᠷᠤᠨᠴᠢᠯᠠᠭᠰᠠᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢᠨ ᠠᠷᠭ᠎ᠠ ᠵᠠᠮ ᠢ ᠰᠦᠪᠡᠭᠴᠢᠯᠡᠵᠦ᠂ ᠤᠨᠴᠠᠯᠢᠭᠳᠤ ᠪᠦᠳᠦᠭᠡᠭᠳᠡᠬᠦᠨ ᠤ ᠡᠯᠧᠺᠲᠷᠤᠨᠴᠢᠯᠠᠭᠰᠠᠨ ᠬᠤᠳᠠᠯᠳᠤᠭᠠᠨ ᠤ ᠵᠠᠮ ᠳᠤ ᠤᠷᠤᠬᠤ ᠶᠢ ᠵᠤᠷᠢᠭᠵᠢᠭᠤᠯᠤᠨ᠂ ᠠᠮᠤ ᠪᠤᠳᠠᠭᠠᠨ ᠤ ᠠᠶᠤᠯᠬᠦᠢ ᠶᠢᠨ ᠪᠠᠳᠤᠯᠠᠭ᠎ᠠ ᠶᠢ ᠡᠷᠴᠢᠮᠵᠢᠬᠦᠯᠵᠦ᠂ ᠵᠠᠮ ᠬᠠᠷᠢᠯᠴᠠᠭ᠎ᠠ᠂ ᠵᠦᠬᠡᠬᠡᠪᠦᠷᠢ᠂ ᠮᠦᠩᠬᠦᠨ ᠬᠦᠢᠯᠬᠡᠬᠡ᠂ ᠲᠠᠭᠠᠳᠬᠠᠯ ᠵᠡᠷᠬᠡ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠡᠮᠵᠢᠨ᠎ᠠ᠃ ᠤᠳᠤᠬᠢᠴᠢᠯᠠᠭᠰᠠᠨ ᠪᠠᠷᠠᠭᠠᠨ ᠤ ᠵᠦᠭᠡᠭᠡᠪᠦᠷᠢ ᠶᠢᠨ ᠦᠢᠯᠡᠰ ᠢ ᠬᠦᠭᠵᠢᠬᠦᠯᠦᠨ᠎ᠠ᠃ ᠱᠠᠩᠳᠤ ᠪᠠᠯᠭᠠᠰᠤ᠂ ᠰᠠᠩ ᠤᠨ ᠲᠠᠯᠠᠢ ᠪᠠᠯᠭᠠᠰᠤ᠂ ᠪᠤᠷᠤᠬᠤᠳᠠ ᠵᠢᠱᠢᠶ᠎ᠠ ᠦᠵᠡᠬᠦᠯᠬᠦ ᠲᠤᠭᠤᠷᠢᠭ ᠵᠡᠷᠬᠡ ᠭᠤᠷᠪᠠᠨ ᠭᠠᠵᠠᠷ ᠢᠶᠠᠷ ᠭᠤᠤᠯᠳᠠᠯᠭ᠎ᠠ ᠪᠤᠯᠭᠠᠨ᠂ ᠯᠢ ᠲᠦᠩ ᠨᠡᠬᠦᠷᠡᠰᠦᠨ ᠤ ᠵᠦᠭᠡᠭᠡᠪᠦᠷᠢ᠂ ᠪᠤᠷᠤᠬᠤᠳᠠ  ᠶᠢᠨ ᠱᠦᠨ ᠹᠧᠩ ᠪᠠᠷᠠᠭᠠᠨ ᠤ ᠬᠦᠢᠯᠬᠡᠬᠡ᠂ ᠰᠠᠩ ᠤᠨ ᠲᠠᠯᠠᠢ ᠶᠢᠨ ᠨᠡᠬᠦᠷᠡᠰᠦᠨ ᠤ ᠵᠦᠭᠡᠭᠡᠪᠦᠷᠢ ᠵᠡᠷᠬᠡ ᠲᠦᠰᠦᠯ ᠢ ᠠᠬᠢᠭᠤᠯᠵᠦ᠂ ᠠᠨ ᠲᠠᠢ ᠲᠠᠬᠢᠯᠳᠠ ᠡᠬᠢ ᠪᠠᠶᠠᠯᠢᠭ ᠤᠨ ᠵᠠᠬ᠎ᠠ ᠲᠡᠯᠬᠡᠬᠦᠷ ᠤᠨ ᠪᠠᠶᠢᠭᠤᠯᠤᠯᠳᠠ ᠶᠢ ᠠᠬᠢᠭᠤᠯᠤᠨ᠂ ᠤᠳᠤᠬᠠᠨ  ᠤ ᠠᠵᠤ ᠦᠢᠯᠡᠰ ᠤᠨ ᠬᠤᠷᠰᠢᠨ ᠠᠵᠢᠯᠯᠠᠬᠤ ᠬᠢᠷᠢ ᠲᠦᠪᠰᠢᠨ ᠲᠤᠤᠷ᠎ᠠ ᠪᠠᠶᠢᠭ᠎ᠠ ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠨ᠎ᠡ᠃         ︵ᠲᠠᠪᠤ︶ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠵᠠᠮ ᠢᠶᠠᠷ ᠵᠠᠮᠨᠠᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠤᠨ᠎ᠠ᠃        ᠬᠦᠮᠦᠨ ᠢᠶᠠᠷ ᠦᠨᠳᠦᠰᠦ ᠪᠤᠯᠭᠠᠭᠰᠠᠨ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠣᠭᠰᠠᠨ᠂ ᠡᠷᠡᠭᠦᠯ ᠢᠶᠠᠷ ᠬᠦᠭᠵᠢᠭᠰᠡᠨ᠂ ᠰᠣᠶᠣᠯ ᠤᠨ ᠤᠯᠠᠮᠵᠢᠯᠠᠯ ᠲᠠᠢ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠵᠠᠮ ᠢᠶᠠᠷ ᠵᠠᠮᠨᠠᠵᠤ᠂ ᠡᠶ᠎ᠡ ᠵᠤᠬᠢᠴᠠᠯᠳᠣ ᠬᠦᠭᠵᠢᠯᠳᠠ ᠶᠢᠨ ᠣᠷᠴᠢᠨ᠂ ᠣᠬᠢ ᠰᠠᠶᠢᠨ ᠠᠵᠢᠯ ᠣᠯᠭᠤᠯᠳᠠ ᠶᠢᠨ ᠣᠷᠴᠢᠨ ᠪᠠ ᠭᠤᠶᠤ ᠰᠠᠶᠢᠬᠠᠨ ᠠᠮᠢᠳᠣᠷᠠᠯ ᠤᠨ ᠣᠷᠴᠢᠨ ᠢ ᠪᠤᠢ ᠪᠤᠯᠭᠠᠨ᠎ᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠭᠵᠢᠯᠳᠠ ᠶᠢᠨ ᠲᠦᠯᠦᠪᠵᠢᠭᠦᠯᠬᠡ ᠳᠣᠬᠢᠷᠠᠮᠵᠢᠳᠠᠢ᠂ ᠪᠠᠷᠢᠯᠭ᠎ᠠ ᠪᠠᠶᠢᠭᠤᠯᠤᠯᠳᠠ  ᠨᠢ ᠡᠮᠬᠢ ᠴᠡᠭᠴᠡ ᠲᠠᠢ᠂ ᠬᠤᠳᠠ ᠪᠠᠯᠭᠠᠰᠣᠨ ᠤ ᠬᠠᠮᠢᠶᠠᠷᠣᠯᠳᠠ ᠣᠯᠠᠮ ᠨᠠᠷᠢᠯᠢᠭᠵᠢᠭᠰᠠᠨ ᠪᠠᠶᠢᠬᠤ ᠵᠠᠷᠴᠢᠮ ᠢ ᠵᠢᠷᠤᠮᠯᠠᠵᠤ᠂ ᠱᠠᠩᠳᠣ ᠪᠠᠯᠭᠠᠰᠣᠨ ᠤ ᠭᠤᠤᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠩ ᠤᠨ ᠲᠠᠯᠠᠢ ᠪᠤᠯᠤᠨ ᠬᠠᠪᠢᠷᠭ᠎ᠠ ᠪᠠᠯᠭᠠᠰᠣ ᠶᠢ ᠬᠠᠮᠤᠷᠤᠨ ᠲᠠᠶᠢᠴᠢᠯᠠᠵᠤ᠂ ᠪᠠᠯᠭᠠᠰᠣᠨ ᠤ ᠳᠦᠷᠢ ᠲᠦᠷᠬᠦ ᠶᠢ ᠨᠢ ᠰᠢᠨᠡᠳᠬᠡᠨ᠎ᠡ᠃ ᠪᠠᠯᠭᠠᠰᠣᠨ ᠳᠠᠬᠢ ᠵᠠᠮ ᠱᠤᠭᠤᠮ᠂ ᠬᠡᠷᠡᠯᠳᠦᠭᠦᠯᠭᠡ᠂ ᠨᠤᠭᠤᠭᠠᠷᠠᠭᠤᠯᠤᠯᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠨᠡᠮᠡᠭᠳᠡᠭᠦᠯᠵᠦ᠂ ᠰᠢᠨ᠎ᠡ  ᠪᠠᠷ 3 ᠵᠤᠷᠪᠤᠰ ᠼᠧᠮᠧᠨ᠋ᠲ ᠵᠠᠮ ᠢ ᠵᠠᠰᠠᠵᠤ᠂ 7 ᠵᠤᠷᠪᠤᠰ ᠭᠤᠤᠯ ᠪᠤᠯᠬᠤ ᠵᠡᠭᠡᠯᠢ ᠭᠤᠳᠤᠮᠵᠢ ᠪᠠ ᠬᠠᠭᠤᠴᠢᠨ ᠬᠤᠳᠠ ᠲᠤᠭᠤᠷᠢᠭ ᠤᠨ 11 ᠵᠤᠷᠪᠤᠰ ᠡᠪᠳᠡᠷᠡᠵᠦ ᠰᠦᠢᠳᠦᠭᠰᠡᠨ ᠼᠧᠮᠧᠨ᠋ᠲ ᠵᠠᠮ ᠢ ᠵᠠᠰᠠᠨ ᠰᠡᠯᠪᠢᠵᠦ᠂ 9.6 ᠺᠢᠯᠤᠮᠧᠲᠷ ᠤᠨ ᠪᠤᠬᠢᠷ ᠢ ᠭᠠᠳᠠᠭᠰᠢᠯᠠᠭᠤᠯᠬᠤ ᠰᠣᠪᠠᠭ᠂ 8 ᠺᠢᠯᠤᠮᠧᠲᠷ ᠤᠨ ᠨᠠᠶᠢᠳᠠ ᠶᠢᠨ ᠳᠣᠯᠠᠭᠠᠯᠭ᠎ᠠ ᠶᠢᠨ ᠰᠣᠪᠠᠭ᠂ 2700 ᠮᠧᠲᠷ  ᠤᠨ ᠰᠢᠳᠠᠭᠠᠯᠭ᠎ᠠ ᠬᠡᠢ ᠶᠢᠨ ᠱᠤᠭᠤᠮ᠂ 3450 ᠮᠧᠲᠷ ᠤᠨ ᠲᠦᠭᠡᠭᠡᠯ ᠣᠰᠣᠨ ᠤ ᠱᠤᠭᠤᠮ ᠢ ᠣᠭᠰᠠᠷᠠᠬᠤ ᠶᠢᠨ ᠬᠠᠮᠳᠣ ᠬᠠᠭᠤᠴᠢᠨ ᠬᠤᠳᠠ ᠲᠣᠭᠤᠷᠢᠭ ᠤᠨ ᠡᠪᠳᠡᠷᠡᠵᠦ ᠰᠦᠢᠳᠦᠭᠰᠡᠨ ᠵᠠᠮ ᠤᠨ ᠳ᠋ᠧᠩ ᠢ ᠪᠦᠬᠦᠨ ᠢ ᠵᠠᠰᠠᠨ ᠰᠡᠯᠪᠢᠵᠦ᠂ ᠭᠤᠤᠯ ᠪᠤᠯᠬᠤ ᠵᠠᠭᠡᠯᠢ ᠭᠤᠳᠤᠮᠵᠢ ᠶᠢᠨ ᠨᠤᠭᠤᠷᠠᠭᠤᠯᠤᠯᠳᠠ ᠳᠤ ᠭᠡᠰᠡᠭ ᠲᠠᠯ᠎ᠠ ᠶᠢᠨ ᠦᠭᠡᠷᠡᠴᠢᠯᠡᠯᠳᠡ ᠬᠢᠨ᠎ᠡ᠃ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠭᠠᠴᠠᠭ᠎ᠠ ᠲᠤᠰᠬᠤᠨ ᠤ ᠰᠠᠭᠤᠷᠢ ᠳᠦᠭᠦᠭᠡᠷᠦᠮᠵᠢ  ᠶᠢᠨ ᠨᠦᠭᠦᠴᠡᠯ ᠢ ᠪᠦᠬᠦ ᠬᠦᠴᠦᠨ ᠢᠶᠠᠷ ᠰᠠᠶᠢᠵᠢᠷᠠᠭᠤᠯᠵᠤ᠂ 57.8 ᠺᠢᠯᠤᠮᠧᠲᠷ ᠤᠨ ᠭᠠᠴᠠᠭ᠎ᠠ ᠲᠣᠰᠬᠤᠨ ᠤ ᠵᠠᠰᠠᠮᠠᠯ ᠵᠠᠮ  ᠢ ᠵᠠᠰᠠᠨ ᠰᠡᠯᠪᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠶᠤᠯᠭᠦᠢ ᠶᠢᠨ ᠢᠨᠵᠧᠨᠧᠷᠢᠩ ᠢ ᠬᠡᠷᠡᠭᠵᠢᠭᠦᠯᠵᠦ᠂ 2662 ᠬᠦᠮᠦᠨ ᠤ ᠴᠡᠪᠡᠷ ᠣᠰᠣᠨ ᠤ ᠠᠰᠠᠭᠤᠳᠠᠯ ᠪᠠ 3 ᠲᠦᠮᠡᠨ ᠲᠣᠯᠣᠭᠠᠢ ᠮᠠᠯ ᠳᠤ ᠣᠰᠣ ᠬᠠᠩᠭᠠᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠴᠠᠬᠢᠯᠭᠠᠨ ᠬᠦᠴᠦᠨ ᠤ ᠪᠠᠳᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠠᠬᠢᠯᠭᠠᠨ ᠲᠣᠣᠷ ᠢ ᠦᠭᠡᠷᠡᠴᠢᠯᠡᠨ ᠰᠢᠨᠠᠴᠢᠯᠠᠬᠦ ᠢᠨᠵᠧᠨᠧᠷᠢᠩ ᠢ ᠠᠬᠢᠭᠤᠯᠤᠨ᠂ ᠪᠤᠷᠤᠬᠤᠳᠠ᠂ ᠪᠣᠱᠣᠣᠳᠠᠢ᠂ ᠰᠠᠶᠢᠨᠬᠤᠳᠳᠤᠭ ᠰᠤᠮᠤᠨ ᠤ ᠭᠤᠷᠪᠠᠨ 35 ᠺᠢᠯᠤᠸᠣᠯᠲ ᠤᠨ ᠬᠦᠴᠦᠳᠡᠯ ᠬᠤᠪᠢᠰᠬᠠᠬᠤ ᠦᠷᠳᠡᠭᠡ ᠶᠢ ᠠᠰᠢᠭᠯᠠᠯᠳᠠ ᠳᠤ ᠣᠷᠣᠭᠤᠯᠣᠨ᠎ᠠ᠃ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠳᠠ ᠶᠢᠨ ᠳᠣᠷᠰᠢᠯᠳᠠ  ᠶᠢᠨ ᠴᠢᠭ ᠢ ᠠᠶᠢᠮᠠᠭ ᠤᠨ ᠲᠡᠰ ᠤᠨ ᠣᠷᠮᠠᠰᠢᠭᠤᠯᠤᠯ ᠤᠨ ᠳᠣᠭᠳᠠᠯᠴᠠᠭ᠎ᠠ ᠳᠤ ᠣᠷᠣᠭᠤᠯᠬᠤ ᠪᠠᠷ ᠴᠢᠷᠮᠠᠶᠢᠬᠤ ᠶᠢᠨ ᠬᠠᠮᠳᠣ ᠭᠠᠴᠠᠭ᠎ᠠ ᠲᠣᠰᠬᠤᠨ ᠤ ᠣᠯᠠᠨ ᠨᠠᠶᠢᠳᠡ ᠶᠢᠨ ᠦᠢᠯᠡᠴᠢᠯᠡᠭᠡᠨ ᠤ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠳᠤ ᠢᠳᠡᠪᠬᠢᠳᠠᠢ ᠪᠠᠷ ᠲᠦᠰᠦᠯ ᠣᠯᠵᠣ᠂ ᠨᠡᠶᠢᠭᠡᠮ ᠨᠡᠶᠢᠳᠡ ᠶᠢᠨ ᠪᠡᠯᠡ ᠮᠦᠩᠬᠦ ᠶᠢ ᠬᠤᠷᠠᠮᠳᠣᠭᠤᠯᠣᠨ᠂ ᠬᠤᠳᠠ ᠬᠦᠳᠡᠭᠡ ᠶᠢᠨ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠣᠯᠠᠨ ᠨᠠᠶᠢᠳᠡ ᠶᠢᠨ ᠦᠢᠯᠡᠴᠢᠯᠡᠭᠡ ᠶᠢ ᠨᠢᠭᠡ ᠴᠣᠭᠴᠠ ᠪᠤᠯᠭᠠᠨ᠎ᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢᠨ ᠭᠤᠣᠯᠳᠠᠯᠭ᠎ᠠ ᠲᠠᠢ ᠲᠦᠰᠦᠯ ᠢ ᠰᠠᠶᠢᠳᠣᠷ ᠠᠳᠬᠤᠨ᠎ᠠ᠃ ᠵᠦᠯᠭᠡᠳᠦ ᠴᠡᠴᠡᠷᠯᠢᠭ᠂ ᠰᠣᠶᠣᠯ ᠲᠠᠮᠢᠷ ᠤᠨ ᠣᠷᠳᠣᠨ ᠵᠡᠷᠭᠡ ᠦᠢᠯᠡᠴᠢᠯᠡᠭᠡᠨ ᠤ ᠳᠦᠰᠦᠯ ᠢ ᠡᠨᠡ ᠵᠢᠯ ᠪᠦᠬᠦᠨ ᠢ ᠪᠠᠶᠢᠭᠤᠯᠵᠤ ᠳᠠᠭᠤᠰᠬᠠᠨ᠎ᠠ᠃ ᠱᠠᠩᠳᠣ ᠴᠠᠬᠢᠯᠭᠠᠨ ᠦᠢᠯᠡᠳᠪᠦᠷᠢ ᠲᠠᠢ ᠢᠳᠡᠪᠬᠢᠳᠡᠢ ᠬᠠᠮᠵᠢᠯᠴᠢᠨ ᠰᠠᠭᠤᠭᠠᠯᠢ ᠠᠷᠠᠳ ᠲᠤ ᠳᠣᠯᠠᠭᠠᠯᠭ᠎ᠠ ᠬᠠᠩᠭᠠᠬᠤ ᠲᠦᠰᠦᠯ ᠢ ᠬᠡᠷᠡᠭᠵᠢᠭᠦᠯᠬᠦ ᠶᠢᠨ ᠬᠠᠮᠳᠣ ᠳᠣᠯᠠᠭᠠᠨ ᠬᠠᠩᠭᠠᠬᠤ ᠵᠤᠤᠬᠠᠨ ᠤ ᠮᠡᠷᠭᠡᠵᠢᠯ  ᠤᠨ ᠦᠭᠡᠷᠡᠴᠢᠯᠡᠯᠳᠡ ᠪᠠ ᠳᠣᠯᠠᠭᠠᠯᠭ᠎ᠠ ᠶᠢᠨ ᠱᠣᠭᠤᠮ ᠣᠭᠰᠠᠷᠠᠬᠤ ᠠᠵᠢᠯ ᠢ ᠪᠠᠶᠠᠯᠠᠬᠦᠯᠬᠦ ᠪᠠᠷ ᠴᠢᠷᠮᠠᠶᠢᠨ᠎ᠡ᠃ ᠭᠤᠣᠯᠳᠠᠯᠭ᠎ᠠ  ᠲᠠᠢ ᠰᠠᠭᠤᠷᠢ ᠲᠦᠭᠦᠬᠡᠷᠦᠮᠵᠢ ᠶᠢᠨ ᠲᠦᠰᠦᠯ ᠢ ᠵᠤᠬᠢᠴᠠᠩᠭᠤᠢ ᠠᠬᠢᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ ᠱᠠᠩᠳᠣ ᠨᠢᠰᠭᠡᠯ ᠤᠨ ᠪᠠᠭᠤᠳᠠᠯ ᠤᠨ ᠪᠠᠶᠢᠷᠢᠰᠢᠯ ᠢ ᠰᠣᠩᠭᠤᠬᠤ ᠪᠠ ᠬᠢᠨᠠᠨ ᠵᠦᠪᠰᠢᠶᠠᠷᠡᠭᠦᠯᠬᠦ ᠠᠵᠢᠯ ᠢ ᠲᠦᠷᠭᠡᠨ ᠳᠠᠭᠤᠰᠬᠠᠵᠤ᠂ 10 ᠰᠠᠷ᠎ᠠ ᠳᠤ ᠡᠬᠢᠯᠡᠨ ᠪᠠᠶᠢᠭᠤᠯᠬᠤ ᠪᠠᠷ ᠴᠢᠷᠮᠠᠶᠢᠨ᠎ᠡ᠃ ᠡᠨᠡ ᠵᠢᠯ ᠪᠠᠶᠠᠠᠭᠤᠣᠯ ᠤᠨ 500 ᠺᠢᠯᠤᠸᠤᠯᠲ ᠤᠨ ᠬᠦᠴᠦᠳᠡᠯ ᠬᠤᠪᠢᠰᠬᠠᠬᠤ ᠦᠷᠳᠡᠭᠡ ᠶᠢ ᠪᠠᠶᠢᠭᠤᠯᠵᠤ ᠳᠠᠭᠤᠰᠬᠠᠨ᠎ᠠ᠃ 207 ᠣᠯᠣᠰ ᠤᠨ ᠵᠠᠮ ᠤᠨ ᠰᠢᠯᠢᠩᠬᠤᠳᠠ ᠠᠴᠠ ᠰᠠᠩ ᠤᠨ ᠲᠠᠯᠠᠢ ᠬᠦᠷᠬᠦ ᠲᠦᠷᠭᠡᠨ ᠤ ᠵᠠᠮ᠂ ᠪᠡᠭᠡᠵᠢᠩ ᠣᠷᠣᠬᠤ ᠵᠠᠮ ᠤᠨ ᠰᠠᠩ ᠤᠨ ᠳᠠᠯᠠᠢ ᠠᠴᠠ ᠱᠠᠩᠳᠣ ᠬᠦᠷᠬᠦ ᠨᠢᠭᠡᠳᠦᠭᠡᠷ ᠲᠡᠰ  ᠤᠨ ᠵᠠᠰᠠᠮᠠᠯ ᠵᠠᠮ᠂ ᠵᠢᠨᠢᠩ ᠠᠴᠠ ᠲᠦᠩᠯᠢᠶᠣᠣ ᠬᠦᠷᠬᠦ ᠲᠠᠮᠦᠷ ᠵᠠᠮ ᠤᠨ ᠡᠪᠤᠷ ᠱᠤᠭᠤᠮ᠂ ᠰᠢᠯᠤᠭᠤᠨ ᠬᠦᠬᠡ ᠠᠴᠠ ᠳᠣᠯᠣᠨ ᠨᠠᠭᠤᠷ ᠬᠦᠷᠬᠦ ᠲᠡᠮᠦᠷ ᠵᠠᠮ ᠤᠨ ᠡᠪᠤᠷ ᠱᠣᠭᠤᠮ᠂ ᠰᠢᠯᠤᠭᠤᠨ ᠬᠦᠬᠡ ᠠᠴᠠ ᠴᠢᠭᠤᠯᠤᠯᠳᠣ ᠬᠠᠭᠠᠯᠭ᠎ᠠ ᠬᠦᠷᠬᠦ ᠲᠡᠮᠦᠷ ᠵᠠᠮ ᠵᠡᠷᠭᠡ ᠵᠠᠮ ᠱᠤᠭᠤᠮ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ 510 ᠣᠯᠣᠰ ᠤᠨ ᠵᠠᠮ ᠤᠨ ᠱᠠᠩᠳᠣ ᠪᠠᠯᠭᠠᠰᠣᠨ ᠠᠴᠠ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠳᠣᠯᠣᠭᠠᠨ ᠭᠤᠤᠯ ᠬᠦᠷᠬᠦ ᠭᠡᠰᠡᠭ ᠤᠨ ᠨᠢᠭᠡᠳᠦᠭᠡᠷ ᠲᠡᠰ ᠤᠨ ᠵᠠᠰᠠᠮᠠᠯ ᠵᠠᠮ ᠢ ᠵᠠᠰᠠᠬᠤ ᠠᠵᠢᠯ ᠢ ᠡᠷᠳᠡᠬᠡᠨ ᠡᠬᠢᠯᠡᠬᠦᠯᠬᠦ ᠪᠠᠷ ᠴᠢᠷᠮᠠᠶᠢᠨ᠎ᠠ᠃         ︵ᠵᠢᠷᠭᠤᠭ᠎ᠠ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠪᠠᠳᠣᠯᠠᠵᠤ᠂ ᠨᠠᠶᠢᠭᠡᠮ ᠤᠨ ᠠᠵᠢᠯ ᠦᠢᠯᠡᠰ  ᠤᠨ ᠬᠦᠭᠵᠢᠯᠳᠠ ᠶᠢ ᠠᠬᠢᠭᠤᠯᠤᠨ᠎ᠠ        ᠠᠷᠠᠳ ᠤᠨ ᠠᠮᠢᠳᠣᠷᠠᠯ ᠢ ᠪᠠᠳᠣᠯᠠᠬᠤ ᠪᠠ ᠰᠠᠶᠢᠵᠢᠷᠠᠭᠤᠯᠬᠤ ᠠᠴᠠ ᠭᠠᠷᠳᠠᠨ᠂ ᠴᠢᠳᠠᠯ ᠤᠨ ᠢᠶᠠᠨ ᠬᠢᠷᠢ ᠪᠠᠷ ᠬᠢᠬᠦ ᠵᠡᠷᠴᠢᠮ ᠶᠣᠰᠣᠭᠠᠷ ᠨᠠᠶᠢᠭᠡᠮ ᠤᠨ ᠡᠯ᠎ᠡ ᠲᠦᠷᠦᠯ ᠤᠨ ᠠᠵᠢᠯ ᠦᠢᠯᠠᠰ ᠤᠨ ᠵᠤᠬᠢᠴᠠᠩᠭᠤᠢ ᠳᠣᠭᠳᠠᠭᠤᠨ ᠢᠶᠠᠷ ᠬᠦᠭᠵᠢᠬᠦ ᠶᠢ ᠠᠬᠢᠭᠤᠯᠵᠤ᠂ ᠪᠦᠬᠦ ᠵᠢᠯ ᠤᠨ ᠠᠷᠠᠳ ᠤᠨ ᠠᠮᠢᠳᠣᠷᠠᠯ ᠳᠤ ᠵᠠᠷᠣᠴᠠᠭᠤᠯᠬᠤ ᠵᠠᠷᠣᠳᠠᠯ ᠢ ᠪᠦᠬᠦ ᠬᠤᠰᠢᠭᠤᠨ ᠤ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 52% ᠠᠴᠠ ᠳᠡᠭᠡᠭᠰᠢ ᠳᠤ ᠬᠦᠷᠭᠡᠬᠦ ᠶᠢ ᠪᠠᠳᠣᠯᠠᠵᠤ᠂ ᠦᠷᠭᠡᠨ ᠣᠯᠠᠨ ᠠᠷᠠᠳ ᠲᠦᠮᠡᠨ ᠳᠤ ᠠᠵᠤ ᠠᠬᠤᠢ ᠶᠢᠨ ᠬᠦᠭᠵᠢᠯᠳᠡ ᠶᠢᠨ ᠦᠷ᠎ᠡ ᠠᠰᠢᠭ ᠢ ᠬᠦᠷᠳᠡᠭᠡᠬᠦ ᠶᠢ ᠪᠠᠳᠣᠯᠠᠨ᠎ᠠ᠃ ᠠᠷᠠᠳ ᠲᠤ ᠠᠰᠢᠭᠳᠠᠢ ᠬᠡᠳᠦᠨ ᠪᠤᠳᠠᠳᠠᠢ ᠬᠡᠷᠡᠭ ᠢ ᠰᠠᠶᠢᠳᠣᠷ ᠪᠡᠶᠠᠯᠠᠭᠦᠯᠦᠨ᠎ᠡ᠃ ᠨᠢᠭᠡ ᠳᠤ᠂ ᠪᠦᠬᠦ ᠬᠤᠰᠢᠭᠤᠨ ᠤ ᠳᠣᠮᠳᠠ ᠪᠠᠭ᠎ᠠ ᠰᠣᠷᠭᠠᠭᠤᠯᠢ᠂ ᠴᠡᠴᠡᠷᠯᠢᠭ ᠤᠨ ᠰᠣᠷᠣᠭᠴᠢ ᠪᠠ 300 ᠨᠡᠷ᠎ᠡ ᠵᠡᠭᠡᠯᠢ ᠴᠡᠪᠡᠷᠯᠡᠭᠴᠢ ᠳᠤ ᠨᠢᠭᠡ ᠤᠳᠠᠭᠠᠨ ᠤ ᠦᠨ᠎ᠡ ᠲᠦᠯᠦᠪᠦᠷᠢ ᠦᠭᠡᠢ ᠪᠡᠶ᠎ᠠ ᠶᠢᠨ ᠪᠠᠶᠢᠴᠠᠭᠠᠯᠳᠠ ᠬᠢᠨ᠎ᠡ᠃ ᠬᠤᠶᠠᠷ ᠲᠤ᠂ ᠳᠣᠮᠳᠠ ᠪᠠᠭ᠎ᠠ ᠰᠣᠷᠭᠠᠭᠤᠯᠢ᠂ ᠴᠡᠴᠡᠷᠯᠢᠭ ᠤᠨ ᠠᠩᠬᠢ ᠶᠢᠨ ᠡᠷᠬᠢᠯᠡᠭᠴᠢ ᠶᠢᠨ ᠨᠦᠬᠦᠪᠦᠷᠢ ᠶᠢ 150 ᠲᠦᠭᠦᠷᠢᠭ ᠠᠴᠠ ᠳᠡᠭᠡᠭᠰᠢᠯᠡᠭᠦᠯᠦᠨ 400 ᠲᠦᠭᠦᠷᠢᠭ ᠪᠤᠯᠭᠠᠵᠤ᠂ ᠦᠨᠳᠦᠰᠦᠨ ᠱᠠᠳᠣᠨ ᠤ ᠪᠠᠭᠰᠢ ᠶᠢᠨ ᠵᠠᠮ ᠤᠨ ᠵᠠᠷᠣᠳᠠᠯ ᠤᠨ ᠨᠦᠬᠦᠪᠦᠷᠢ ᠮᠦᠩᠬᠦ ᠶᠢ 50 ᠲᠦᠭᠦᠷᠢᠭ ᠠᠴᠠ ᠳᠡᠭᠡᠭᠰᠢᠯᠡᠭᠦᠯᠦᠨ100 ᠲᠦᠭᠦᠷᠢᠭ ᠪᠤᠯᠭᠠᠨ᠎ᠡ᠃ ᠭᠤᠷᠪᠠ ᠳᠤ᠂ ᠪᠦᠬᠦᠯᠢ ᠡᠳᠦᠷ ᠢᠶᠠᠷ ᠬᠡᠴᠢᠶᠡᠯᠯᠡᠬᠦ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠣᠷᠣᠭᠰᠠᠨ ᠡᠨᠡ ᠵᠢᠯ ᠤᠨ ᠣᠨᠴᠠ ᠬᠦᠴᠢᠷᠳᠠᠢ ᠣᠶᠣᠳᠠᠨ ᠪᠠ ᠠᠮᠢᠳᠣᠷᠠᠯ ᠨᠢ ᠬᠦᠴᠢᠷᠳᠠᠢ ᠣᠶᠣᠳᠠᠨ ᠳᠤ ᠳᠣᠰᠪᠤᠷᠢ 3000 ᠲᠦᠭᠦᠷᠢᠭ ᠪᠠ 1500 ᠲᠦᠭᠦᠷᠢᠭ ᠤᠨ ᠨᠢᠭᠡ ᠣᠳᠠᠭᠠᠨ ᠤ ᠳᠡᠳᠬᠦᠮᠵᠢ ᠣᠯᠭᠤᠨ᠎ᠠ᠃ ᠲᠦᠷᠪᠡ ᠳᠤ ᠂ ᠬᠤᠳᠠ ᠪᠠᠯᠭᠠᠰᠣᠨ ᠤ ᠠᠵᠢᠯᠳᠠᠳ ᠤᠨ ᠡᠮᠨᠡᠯᠬᠡ ᠶᠢᠨ ᠳᠠᠭᠠᠳᠬᠠᠯ ᠤᠨ ᠶᠡᠷᠦᠩᠬᠡᠢ ᠬᠤᠷᠠᠮᠳᠣᠯᠭ᠎ᠠ ᠶᠢᠨ ᠮᠦᠩᠭᠦᠨ ᠠᠴᠠ ᠡᠪᠡᠳᠴᠢᠳᠡᠨ ᠳᠤ ᠣᠯᠭᠤᠬᠤ ᠬᠠᠮᠤᠭ ᠶᠡᠭᠡ ᠨᠤᠷᠮ᠎ᠠ ᠶᠢ 24 ᠲᠦᠮᠡᠨ ᠲᠦᠭᠦᠷᠢᠭ ᠠᠴᠠ ᠳᠡᠭᠡᠭᠰᠢᠯᠡᠭᠦᠯᠦᠨ 30 ᠲᠦᠮᠡᠨ ᠲᠦᠭᠦᠷᠢᠭ ᠪᠤᠯᠭᠠᠬᠤ ᠶᠢᠨ ᠬᠠᠮᠳᠣ ᠬᠤᠳᠠ ᠪᠠᠯᠭᠠᠰᠣᠨ ᠤ ᠰᠠᠭᠤᠭᠠᠯᠢᠴᠣᠣᠯ ᠤᠨ ᠬᠦᠨᠳᠦ ᠡᠪᠡᠳᠴᠢᠨ ᠤ ᠡᠮᠨᠡᠯᠭᠡ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠲᠠᠪᠤ ᠳᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠳᠡᠳᠬᠦᠪᠦᠷᠢ ᠮᠦᠩᠬᠦ ᠶᠢ 2013 ᠣᠨ ᠤ ᠰᠠᠭᠤᠷᠢᠨ ᠳᠡᠭᠡᠷ᠎ᠡ 10% ᠪᠠᠷ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠬᠤᠰᠢᠭᠤ ᠡᠳ᠋ ᠤᠨ ᠵᠠᠰᠠᠭ ᠠᠴᠠ 500 ᠲᠦᠮᠡᠨ ᠲᠦᠭᠦᠷᠢᠭ ᠤᠨ ᠣᠶᠣᠳᠠᠳ ᠤᠨ ᠦᠢᠯᠡᠰ ᠪᠤᠰᠬᠠᠬᠤ  ᠶᠢ ᠳᠡᠮᠵᠢᠬᠦ ᠪᠡᠯᠡ ᠮᠦᠩᠬᠦ ᠪᠠ 400 ᠲᠦᠮᠡᠨ ᠲᠦᠭᠦᠷᠢᠭ ᠤᠨ ᠪᠤᠳᠠᠰ ᠤᠨ ᠪᠤᠰᠣ ᠰᠣᠶᠣᠯ ᠤᠨ ᠦᠪ ᠤᠨ ᠬᠦᠭᠵᠢᠯᠳᠠ  ᠶᠢ ᠳᠡᠮᠵᠢᠬᠦ ᠳᠣᠰᠬᠠᠢ ᠪᠡᠯᠡ ᠮᠦᠩᠬᠦ ᠳᠣᠬᠢᠷᠠᠭᠤᠯᠵᠤ᠂ ᠶᠡᠭᠡ ᠰᠣᠷᠭᠠᠭᠤᠯᠢ ᠶᠢᠨ ᠣᠶᠣᠳᠠᠨ ᠪᠠ ᠪᠤᠳᠠᠰ ᠤᠨ ᠪᠣᠰᠣ ᠰᠣᠶᠣᠯ  ᠤᠨ ᠦᠪ ᠢ ᠵᠠᠯᠭᠠᠮᠵᠢᠯᠠᠭᠴᠢ ᠶᠢᠨ ᠦᠪᠡᠷᠰᠡᠳ ᠢᠶᠠᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠲᠤᠯᠤᠭ᠎ᠠ ᠳᠤ᠂ ᠪᠠᠳᠣᠯᠠᠭ᠎ᠠ ᠶᠢᠨ ᠴᠢᠨᠠᠷ ᠲᠠᠢ ᠣᠷᠣᠨ ᠰᠠᠭᠤᠴᠠ ᠶᠢᠨ ᠢᠨᠵᠧᠨᠧᠷᠢᠩ ᠢ ᠰᠠᠶᠢᠳᠣᠷ ᠬᠡᠷᠡᠭᠵᠢᠭᠦᠯᠵᠦ᠂ 126 ᠢᠵᠢ ᠨᠠᠶᠢᠳᠠ  ᠶᠢᠨ ᠳᠦᠷᠢᠶᠡᠰᠦᠨ ᠣᠷᠣᠨ ᠰᠠᠭᠤᠴᠠ᠂ 180 ᠢᠵᠢ ᠬᠢᠮᠳᠠ ᠳᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ 1400 ᠡᠷᠦᠬᠡ ᠶᠢᠨ ᠠᠶᠤᠯᠳᠠᠢ ᠭᠡᠷ ᠪᠠᠶᠢᠰᠢᠩ ᠢ ᠵᠠᠰᠠᠨ ᠦᠭᠡᠷᠡᠴᠢᠯᠡᠨ᠎ᠡ᠃ ᠨᠠᠢᠮᠠ ᠳᠤ᠂ ᠪᠦᠬᠦ ᠬᠤᠰᠢᠭᠤᠨ ᠤ ᠳᠣᠣᠷ᠎ᠠ ᠪᠠᠳᠣᠯᠭᠠᠳᠣ ᠡᠷᠦᠬᠡ᠂ ᠲᠠᠪᠤᠨ ᠪᠠᠳᠣᠯᠭᠠᠳᠣ ᠡᠷᠦᠬᠡ ᠶᠢᠨ ᠨᠢᠭᠤᠷᠯᠠᠯ ᠢ ᠪᠦᠬᠦᠨ ᠢ ᠬᠤᠳᠠ ᠬᠦᠳᠡᠭᠡ ᠶᠢᠨ ᠬᠦᠴᠢᠷᠳᠠᠢ ᠣᠯᠠᠨ ᠲᠦᠮᠡᠨ ᠳᠤ ᠣᠯᠭᠤᠬᠤ ᠡᠮ ᠡᠮᠨᠡᠯᠭᠡ ᠶᠢᠨ ᠨᠦᠬᠦᠪᠦᠷᠢ ᠳᠠᠭᠠᠳᠬᠠᠯ ᠤᠨ ᠬᠡᠪᠴᠢᠶᠠᠨ ᠳᠤ ᠣᠷᠣᠭᠤᠯᠵᠤ᠂ ᠬᠦᠮᠦᠨ ᠪᠦᠷᠢ ᠳᠤ ᠡᠮ ᠡᠮᠨᠡᠯᠭᠡ ᠶᠢᠨ ᠳᠠᠭᠠᠳᠬᠠᠯ ᠤᠨ ᠮᠦᠩᠬᠦ 80 ᠲᠦᠭᠦᠷᠢᠭ ᠨᠦᠬᠦᠪᠦᠷᠢᠯᠡᠵᠦ ᠦᠭᠬᠦ ᠶᠢᠨ ᠬᠠᠮᠳᠣ ᠨᠡᠶᠢᠭᠡᠮ ᠤᠨ ᠳᠠᠭᠠᠳᠬᠠᠯ᠂ ᠬᠤᠷᠰᠢᠭᠰᠠᠨ ᠡᠮᠨᠡᠯᠭᠡ ᠳᠠᠮᠵᠢᠵᠤ ᠵᠠᠷᠣᠳᠠᠯ  ᠢᠶᠠᠨ ᠴᠠᠶᠢᠷᠠᠭᠤᠯᠤᠭᠰᠠᠨ ᠤ ᠳᠠᠷᠠᠭᠠᠬᠢ ᠦᠯᠡᠳᠡᠭᠰᠡᠨ ᠡᠮᠨᠡᠯᠭᠡ ᠳᠤ ᠰᠠᠭᠤᠭᠰᠠᠨ ᠵᠠᠷᠣᠳᠠᠯ ᠤᠨ ᠬᠢᠨᠢ 75% ᠶᠢ ᠳᠠᠩᠰᠠᠨ  ᠠᠴᠠ ᠳᠠᠶᠢᠯᠵᠤ ᠦᠭᠭᠦᠨ᠎ᠡ᠃ ᠬᠠᠮᠤᠭ ᠶᠡᠭᠡ ᠳᠡᠭᠡᠨ 6.5 ᠲᠦᠮᠡᠨ ᠲᠦᠭᠦᠷᠢᠭ ᠪᠤᠳᠣᠵᠤ ᠦᠭᠭᠦᠨ᠎ᠡ᠃ ᠰᠣᠷᠭᠠᠨ ᠬᠦᠮᠦᠵᠢᠯ ᠤᠨ ᠲᠠᠯ᠎ᠠ ᠪᠠᠷ᠃ ᠰᠣᠷᠭᠠᠨ ᠬᠦᠮᠦᠵᠢᠯ ᠪᠤᠯᠤᠨ ᠵᠢᠭᠠᠨ ᠰᠣᠷᠭᠠᠯᠳᠠ ᠶᠢᠨ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠵᠤ᠂ ᠶᠡᠷᠦᠩᠬᠡᠢ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠨᠡ ᠵᠢᠯ ᠪᠤᠷᠤᠬᠤᠳᠠ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠣᠷᠭᠠᠯᠳᠠ ᠶᠢᠨ ᠠᠰᠠᠷ ᠪᠤᠯᠤᠨ ᠬᠠᠪᠢᠷᠭ᠎ᠠ ᠪᠠᠯᠭᠠᠰᠣᠨ ᠤ ᠪᠠᠭ᠎ᠠ ᠰᠣᠷᠭᠠᠭᠤᠯᠢ  ᠶᠢᠨ ᠭᠡᠣᠭᠡᠳ ᠤᠨ ᠴᠡᠴᠡᠷᠯᠢᠭ᠂ ᠬᠤᠰᠢᠭᠤ ᠮᠤᠩᠭᠤᠯ ᠭᠡᠣᠭᠡᠳ ᠤᠨ ᠴᠡᠴᠡᠷᠯᠢᠭ ᠪᠠ ︽ᠬᠦᠰᠡᠯᠡᠩ︾ ᠭᠡᠣᠭᠡᠳ ᠤᠨ ᠴᠡᠴᠡᠷᠯᠢᠭ ᠤᠨ ᠪᠠᠷᠢᠯᠭ᠎ᠠ ᠪᠠᠶᠢᠭᠤᠯᠤᠯᠳᠠ ᠶᠢ ᠳᠠᠭᠤᠰᠬᠠᠨ ᠠᠰᠢᠭᠯᠠᠯᠳᠠ ᠣᠷᠣᠭᠤᠯᠣᠨ᠎ᠠ᠃ ᠬᠤᠶᠠᠳᠣᠭᠠᠷ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠰᠠᠷ ᠪᠤᠯᠤᠨ ᠮᠤᠩᠭᠤᠯ ᠳᠣᠮᠳᠠᠳᠣ ᠰᠣᠷᠭᠠᠭᠤᠯᠢ ᠶᠢᠨ ᠪᠠᠶᠢᠷᠢ ᠶᠢᠨ ᠠᠰᠠᠷ ᠢ ᠳᠠᠬᠢᠵᠤ ᠪᠠᠶᠢᠭᠤᠯᠤᠨ᠂ ᠬᠠᠪᠢᠷᠭ᠎ᠠ ᠶᠢᠨ ᠪᠠᠭ᠎ᠠ ᠰᠣᠷᠭᠠᠭᠤᠯᠢ ᠪᠠ ᠰᠠᠩ ᠤᠨ ᠳᠠᠯᠠᠢ ᠶᠢᠨ ᠮᠤᠩᠭᠤᠯ ᠪᠠᠭ᠎ᠠ ᠰᠣᠷᠭᠠᠭᠤᠯᠢ ᠶᠢᠨ ᠪᠠᠭᠰᠢ ᠶᠢᠨ ᠣᠷᠣᠨ ᠰᠠᠭᠤᠴᠠ ᠶᠢᠨ ᠢᠨᠵᠧᠨᠧᠷᠢᠩ ᠢ ᠠᠬᠢᠭᠤᠯᠵᠤ᠂ ᠬᠤᠰᠢᠭᠤᠨ ᠳᠡᠭᠡᠷᠡᠬᠢ ᠡᠯ᠎ᠡ ᠰᠣᠷᠭᠠᠭᠤᠯᠢ ᠤᠳ ᠲᠤ ᠲᠠᠮᠢᠷ ᠤᠨ ᠣᠷᠳᠣᠨ ᠪᠠᠶᠢᠭᠤᠯᠬᠤ ᠪᠠ ᠵᠢᠭᠠᠨ ᠰᠣᠷᠭᠠᠯᠳᠠ ᠶᠢᠨ ᠳᠦᠭᠦᠭᠡᠷᠦᠮᠵᠢ ᠪᠤᠯᠤᠨ ᠰᠣᠷᠠᠭ ᠵᠠᠩᠬᠢ ᠶᠢᠨ ᠮᠡᠷᠭᠡᠵᠢᠯ ᠤᠨ ᠲᠦᠭᠦᠭᠡᠷᠦᠮᠵᠢ ᠶᠢ ᠳᠤᠬᠢᠷᠠᠭᠤᠯᠵᠤ᠂ ᠰᠠᠭᠤᠷᠢ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠠᠬᠢᠭᠤᠯᠤᠨ᠎ᠠ᠃ ᠡᠷᠡᠭᠦᠯ ᠬᠠᠮᠠᠭᠠᠯᠠᠯ ᠤᠨ ᠲᠠᠯ᠎ᠠ ᠪᠠᠷ᠃ ᠮᠤᠩᠭᠤᠯ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠬᠦ ᠲᠦᠪ ᠤᠨ ᠳᠣᠬᠠᠶᠢᠯᠠᠭᠰᠠᠨ ᠠᠵᠢᠯ ᠤᠨ ᠠᠰᠠᠷ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠭᠠᠵᠠᠷ ᠪᠠ ᠡᠮ ᠡᠮᠨᠡᠯᠭᠡ ᠶᠢᠨ ᠬᠢᠨᠠᠯᠳᠠ ᠲᠠᠯᠪᠢᠬᠤ ᠰᠠᠯᠪᠤᠷᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠪᠠᠷᠢᠯᠭ᠎ᠠ ᠶᠢᠨ ᠲᠦᠰᠦᠯ ᠢ ᠲᠦᠷᠭᠡᠨ ᠠᠬᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶᠠᠨ ᠤ ᠳᠣᠰᠬᠠᠢ ᠡᠮᠴᠢ ᠶᠢ ᠭᠠᠳᠠᠭᠰᠢ ᠶᠠᠪᠤᠭᠤᠯᠵᠤ ᠰᠣᠷᠣᠯᠴᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠡᠮᠨᠡᠯᠭᠡ  ᠶᠢᠨ ᠠᠵᠢᠯᠳᠠᠨ ᠤ ᠬᠡᠪ ᠪᠤᠯᠪᠠᠰᠣᠷᠠᠯ ᠪᠠ ᠳᠣᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠡᠨᠡ ᠵᠢᠯ ᠰᠢᠨ᠎ᠡ ᠪᠠᠷ 1 ᠰᠣᠮᠣᠨ ᠤ ᠡᠮᠨᠡᠯᠭᠡ ᠶᠢᠨ ᠬᠤᠷᠢᠶ᠎ᠠ᠂ 7 ᠭᠠᠴᠠᠭᠠᠨ ᠤ ᠡᠮᠨᠡᠯᠭᠡ ᠶᠢᠨ ᠳᠠᠰᠤᠭ ᠪᠠᠶᠢᠭᠤᠯᠵᠤ᠂ ᠮᠠᠯᠴᠢᠨ ᠲᠠᠷᠢᠶᠠᠴᠢᠨ ᠤ ᠡᠪᠡᠳᠴᠢᠨ ᠦᠵᠡᠭᠦᠯᠬᠦ ᠳᠤ ᠲᠦᠭᠦᠮ ᠬᠠᠩᠭᠠᠨ᠎ᠠ᠃ ᠰᠣᠶᠣᠯ ᠤᠨ ᠲᠠᠯ᠎ᠠ ᠪᠠᠷ᠃ ᠰᠣᠶᠣᠯ ᠤᠨ ᠬᠦᠭᠵᠢᠯᠳᠠ ᠪᠠ ᠰᠣᠶᠣᠯ ᠤᠨ ᠠᠵᠤ ᠦᠢᠯᠡᠰ ᠤᠨ ᠬᠦᠭᠵᠢᠯᠳᠠ ᠶᠢᠨ ᠠᠵᠢᠯ ᠢ ᠣᠯᠠᠮ ᠨᠢᠭᠡ ᠠᠯᠬᠤᠮ ᠰᠠᠶᠢᠳᠣᠷ ᠬᠢᠵᠤ᠂ ︽ᠳᠣᠮᠳᠠᠳᠣ ᠣᠯᠣᠰ᠂ ᠶᠤᠸᠠᠨ ᠤ ᠳᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ ᠨᠠᠶᠢᠷ ᠪᠠ ᠨᠠ᠊᠂ ᠰᠠᠶᠢᠨᠴᠣᠭᠳᠣ ᠶᠢᠨ ᠮᠡᠨᠳᠦᠯᠡᠭᠰᠡᠨ 100 ᠵᠢᠯ ᠤᠨ ᠣᠢ ᠶᠢ ᠳᠣᠷᠠᠰᠬᠠᠬᠤ ᠬᠦᠳᠦᠯᠪᠦᠷᠢ ᠠᠵᠢᠯᠯᠠᠭ᠎ᠠ ᠵᠡᠷᠭᠡ ᠣᠯᠠᠨ ᠲᠦᠮᠡᠨᠴᠢ ᠴᠢᠨᠠᠷᠳᠠᠢ ᠰᠣᠶᠣᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠶᠢᠨ ᠬᠠᠮᠳᠣ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠦᠨ᠂ ᠡᠯ᠎ᠡ ᠵᠤᠶᠢᠯ ᠤᠨ ᠲᠠᠮᠢᠷ ᠤᠨ ᠣᠷᠣᠯᠳᠣᠭᠠᠨ ᠢ ᠰᠠᠶᠢᠳᠣᠷ ᠡᠷᠬᠢᠯᠡᠵᠤ᠂ ᠠᠷᠠᠳ ᠣᠯᠠᠨ ᠤ ᠰᠣᠶᠣᠯ ᠤᠨ ᠠᠮᠢᠳᠣᠷᠠᠯ ᠢ ᠳᠠᠰᠣᠷᠠᠯᠳᠠ ᠦᠭᠡᠢ ᠪᠠᠶᠠᠯᠢᠭᠵᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠲᠠᠯ᠎ᠠ ᠪᠠᠷ᠃ ᠰᠢᠨᠵᠢᠯᠡᠭᠡ ᠮᠡᠷᠭᠡᠵᠢᠯ ᠢ ᠳᠡᠯᠭᠡᠷᠡᠭᠦᠯᠬᠦ ᠬᠦᠴᠦᠯᠡᠴᠡ ᠶᠢ ᠴᠢᠩᠭᠠᠳᠬᠠᠵᠤ᠂ ᠬᠡᠷᠡᠭᠯᠡᠭᠡᠨ ᠤ ᠴᠢᠨᠠᠷ ᠢᠶᠠᠷ ᠰᠠᠶᠢᠨ ᠬᠢᠴᠢᠶᠡᠯ ᠪᠤᠯᠪᠠᠰᠦᠷᠠᠯ ᠢ ᠨᠡᠮᠡᠭᠳᠡᠭᠦᠯᠬᠦ ᠶᠢᠨ ᠬᠠᠮᠳᠣ ︽ᠲᠠᠯ᠎ᠠ ᠨᠣᠳᠤᠭ ᠲᠤ ᠳᠠᠬᠢᠶ᠎ᠠ ᠲᠡᠵᠢᠭᠡᠬᠦ ᠳᠣᠬᠠᠢ︾ ᠭᠡᠬᠦ ᠮᠠᠳᠣ ᠶᠢᠨ ᠬᠡᠷᠡᠭᠯᠡᠭᠡᠨ ᠤ ᠮᠡᠷᠭᠡᠵᠢᠯ ᠤᠨ ᠲᠦᠰᠦᠯ ᠢ ᠭᠤᠤᠯᠳᠠᠯᠭ᠎ᠠ ᠲᠠᠢ ᠳᠡᠭᠡᠭᠰᠢ ᠮᠡᠳᠡᠭᠦᠯᠵᠦ᠂ ᠡᠷᠳᠡᠮ ᠰᠢᠨᠵᠢᠯᠡᠭᠡᠳᠡᠳ ᠮᠠᠨ ᠤ ᠬᠤᠰᠢᠭᠤᠨ ᠳᠤ ᠢᠷᠡᠵᠤ ᠰᠢᠨᠵᠢᠯᠡᠭᠡᠨ ᠤ ᠠᠵᠢᠯ ᠦᠷᠨᠢᠭᠦᠯᠬᠦ ᠶᠢ ᠵᠤᠷᠢᠭᠵᠢᠭᠤᠯᠤᠨ᠎ᠠ᠃ ᠠᠵᠢᠯ ᠣᠯᠭᠤᠯᠳᠠ ᠶᠢᠨ ᠲᠠᠯ᠎ᠠ ᠪᠠᠷ ᠃ ᠦᠢᠯᠡᠰ ᠪᠤᠰᠬᠠᠯᠳᠠ ᠪᠠᠷ ᠠᠵᠢᠯ ᠣᠯᠭᠤᠯᠳᠠ ᠶᠢ ᠲᠠᠶᠢᠴᠢᠯᠠᠬᠤ ᠳᠣᠬᠠᠢ᠂ ᠠᠵᠢᠯ ᠤᠨ ᠴᠢᠳᠠᠪᠤᠷᠢ ᠶᠢᠨ ᠪᠤᠯᠪᠠᠰᠣᠷᠠᠯ ᠤᠨ ᠳᠣᠬᠠᠢ ᠵᠢᠴᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠳᠣᠬᠠᠢ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠠᠵᠢᠯ ᠣᠯᠭᠤᠯᠳᠠ ᠶᠢᠨ ᠵᠢᠭᠡᠯᠡᠯᠭᠡ ᠶᠢᠨ ᠮᠦᠩᠬᠦ ᠶᠢ ᠳᠣᠬᠢᠷᠠᠮᠵᠢᠳᠠᠢ ᠠᠰᠢᠭᠯᠠᠨ᠂ ᠶᠡᠭᠡ ᠰᠣᠷᠭᠠᠭᠤᠯᠢ ᠪᠤᠯᠤᠨ ᠳᠣᠮᠳᠠ ᠵᠡᠷᠭᠡ ᠶᠢᠨ ᠳᠣᠰᠬᠠᠢ ᠮᠡᠷᠭᠡᠵᠢᠯ ᠳᠡᠭᠦᠰᠦᠭᠰᠡᠨ ᠰᠣᠷᠣᠭᠴᠢ᠂ ᠬᠤᠳᠠ ᠪᠠᠯᠭᠠᠰᠣᠨ ᠤ ᠬᠦᠴᠢᠷᠳᠡᠢ ᠭᠡᠷ ᠪᠦᠯᠢ᠂ ᠬᠤᠳᠠ ᠳᠤ ᠨᠡᠭᠦᠨ ᠰᠢᠯᠵᠢᠭᠰᠡᠨ ᠮᠠᠯᠴᠢᠨ ᠲᠠᠷᠢᠶᠠᠴᠢᠨ ᠵᠡᠷᠭᠡ ᠬᠦᠮᠦᠰ ᠤᠨ ᠠᠵᠢᠯ ᠣᠯᠭᠤᠯᠳᠠ ᠶᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠤᠳᠠ ᠳᠤ ᠨᠡᠭᠦᠨ ᠰᠢᠯᠵᠢᠭᠰᠡᠨ ᠮᠠᠯᠴᠢᠨ ᠲᠠᠷᠢᠶᠠᠴᠢᠨ ᠳᠤ ᠪᠤᠯᠪᠠᠰᠣᠷᠠᠯ ᠬᠦᠷᠳᠡᠭᠡᠬᠦ ᠲᠠᠯ᠎ᠠ ᠪᠠᠷ ᠣᠯᠠᠮ ᠴᠢᠩᠭᠠᠳᠬᠠᠵᠤ᠂ ᠡᠨᠡ ᠵᠢᠯ 800 ᠢᠯᠡᠭᠦᠣ ᠬᠦᠮᠦᠨ ᠳᠤ ᠪᠤᠯᠪᠠᠰᠣᠷᠠᠯ ᠬᠦᠷᠳᠡᠭᠡᠨ᠂ ᠬᠤᠳᠠ ᠪᠠᠯᠭᠠᠰᠣᠨ ᠤ ᠪᠦᠷᠢᠳᠭᠡᠭᠳᠡᠭᠰᠡᠨ ᠠᠵᠢᠯ ᠦᠭᠡᠶᠢᠴᠣᠳ ᠤᠨ ᠨᠤᠷᠮ᠎ᠠ ᠶᠢ 3.9% ᠶᠢᠨ ᠳᠣᠳᠣᠷ᠎ᠠ ᠬᠢᠵᠠᠭᠠᠷᠯᠠᠨ᠎ᠠ᠃ ᠨᠠᠶᠢᠭᠡᠮ ᠤᠨ ᠪᠠᠳᠣᠯᠠᠭ᠎ᠠ ᠶᠢᠨ ᠲᠠᠯ᠎ᠠ ᠪᠠᠷ᠃ ᠬᠤᠳᠠ ᠪᠠᠯᠭᠠᠰᠣᠨ ᠤ ᠰᠠᠭᠤᠭᠠᠯᠢᠴᠣᠣᠯ ᠤᠨ ᠦᠨᠳᠦᠰᠦᠨ ᠨᠠᠰᠣᠵᠢᠯ ᠤᠨ ᠳᠠᠭᠠᠳᠬᠠᠯ ᠤᠨ ᠨᠢᠭᠡᠳᠦᠯᠳᠠᠢ ᠲᠦᠷᠢᠮ ᠢ ᠬᠡᠷᠡᠭᠵᠢᠭᠦᠯᠵᠦ᠂ ᠨᠠᠰᠣᠵᠢᠯ ᠤᠨ ᠳᠠᠭᠠᠳᠬᠠᠯ ᠤᠨ ᠬᠠᠮᠤᠷᠬᠤ ᠬᠦᠷᠢᠶ᠎ᠠ ᠬᠡᠪᠴᠢᠢᠶ᠎ᠠ ᠶᠢ ᠣᠯᠡᠮ ᠨᠢᠭᠡ ᠠᠯᠬᠤᠮ ᠦᠷᠭᠡᠳᠬᠡᠨ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 80% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠠᠵᠢᠯ ᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠴᠠᠭ ᠳᠣᠬᠠᠢ ᠳᠤᠨᠢ ᠳᠠᠰᠣᠯᠤᠨ ᠪᠤᠳᠣᠬᠤ ᠲᠦᠷᠢᠮ ᠢ ᠬᠡᠷᠡᠭᠵᠢᠭᠦᠯᠦᠨ᠎ᠡ᠃ ᠬᠤᠳᠠ ᠪᠠᠯᠭᠠᠰᠣᠨ ᠤ ᠠᠵᠢᠯᠳᠠᠳ ᠪᠠ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠣᠨᠴᠠᠭᠠᠢ ᠠᠷᠬᠠᠭ ᠡᠪᠠᠳᠴᠢᠨ ᠤ ᠡᠮᠴᠢᠯᠡᠭᠡᠨ ᠤ ᠳᠠᠭᠠᠳᠬᠠᠯ ᠤᠨ ᠠᠵᠢᠯ ᠢ ᠦᠷᠭᠦᠯᠵᠢᠯᠡᠨ ᠰᠠᠶᠢᠳᠣᠷ ᠦᠷᠨᠢᠭᠦᠯᠦᠨ᠎ᠡ᠃ ᠶᠠᠳᠠᠭᠤ ᠶᠢ ᠳᠡᠳᠬᠦᠬᠦ ᠲᠠᠯ᠎ᠠ ᠪᠠᠷ᠃ ︽ᠭᠠᠴᠠᠭ᠎ᠠ ᠲᠤᠰᠬᠤᠨ ᠠᠴᠠ ᠠᠶᠢᠯ ᠡᠷᠦᠭᠡ ᠬᠦᠷᠳᠡᠯ᠎ᠡ ᠲᠦᠰᠦᠯ ᠲᠦᠯᠦᠪᠯᠡᠭᠡ ᠶᠢ ᠲᠣᠣᠱᠯᠠᠭᠤᠯᠵᠤ᠂ ᠺᠡᠳ᠋ᠷᠴᠣᠳ ᠠᠵᠢᠯᠳᠠᠳ ᠢ ᠭᠦᠨᠵᠡᠭᠡᠶᠢᠷᠡᠭᠦᠯᠬᠦ︾ ᠶᠠᠳᠠᠭᠤ ᠶᠢ ᠳᠡᠳᠬᠦᠬᠦ ᠰᠢᠪᠳᠣᠯᠣᠯᠳᠠ ᠶᠢᠨ ᠢᠨᠵᠧᠨᠧᠷᠢᠩ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠪᠠ ᠶᠠᠳᠠᠭᠤ  ᠶᠢ ᠳᠡᠳᠭᠦᠵᠤ ᠠᠷᠠᠳ ᠢ ᠨᠡᠭᠦᠯᠭᠡᠬᠦ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠪᠤᠰᠤᠳ ᠮᠠᠯ ᠲᠠᠷᠢᠶᠠᠯᠠᠩ ᠳᠤ ᠬᠠᠮᠢᠶᠠᠳᠠᠢ ᠪᠡᠯᠡ ᠮᠦᠩᠬᠦ ᠶᠢ ᠨᠠᠶᠢᠯᠠᠭᠦᠯᠦᠨ᠂ ᠦᠢᠯᠡᠳᠪᠦᠷᠢᠯᠡᠯ ᠡᠵᠡᠩᠨᠡᠯᠳᠡ ᠶᠢᠨ ᠴᠢᠳᠠᠪᠤᠷᠢ ᠪᠠᠷ ᠰᠠᠶᠢᠨ ᠮᠠᠯᠴᠢᠨ ᠲᠠᠷᠢᠶᠠᠴᠢᠨ ᠡᠷᠦᠬᠡ ᠪᠤᠯᠤᠨ ᠳᠣᠰᠬᠠᠢ ᠬᠤᠷᠰᠢᠶᠠᠵᠢᠯ ᠳᠤ ᠢᠯᠡᠭᠦᠭᠡᠨ ᠣᠯᠭᠤᠵᠣ᠂ ᠶᠠᠳᠠᠭᠤ ᠬᠦᠴᠢᠷᠳᠠᠢ ᠡᠷᠦᠭᠡ ᠶᠢᠨ ᠴᠢᠨᠡᠭᠡᠯᠢᠭᠵᠢᠬᠦ ᠶᠢ ᠲᠠᠶᠢᠴᠢᠯᠠᠨ᠎ᠠ᠃ ᠡᠨᠡ ᠵᠢᠯ 1192 ᠡᠷᠦᠬᠡ ᠶᠢᠨ 2498 ᠬᠦᠮᠦᠨ ᠢ ᠶᠠᠳᠠᠭᠤ ᠪᠠᠶᠢᠳᠠᠯ ᠠᠴᠠ ᠨᠢ ᠠᠩᠬᠢᠵᠢᠷᠠᠭᠤᠯᠬᠤ ᠪᠠᠷ ᠴᠢᠷᠮᠠᠶᠢᠨ᠎ᠠ᠃         ︵ᠳᠣᠯᠤᠭ᠎ᠠ︶ ᠭᠤᠤᠯᠳᠠᠯᠭ᠎ᠠ ᠲᠠᠢ ᠬᠦᠷᠢᠶᠠᠨ ᠳᠠᠬᠢ ᠦᠭᠡᠷᠡᠴᠢᠯᠡᠯᠳᠡ ᠶᠢ ᠲᠦᠷᠭᠡᠳᠭᠡᠵᠤ᠂ ᠨᠠᠶᠢᠭᠡᠮ ᠤᠨ ᠲᠦᠷᠰᠦ ᠪᠠᠶᠢᠳᠠᠯ ᠢ ᠣᠯᠠᠮ ᠢᠶᠠᠷ ᠰᠠᠶᠢᠵᠢᠷᠠᠭᠤᠯᠤᠨ᠎ᠠ             ᠮᠠᠨ ᠤ ᠬᠤᠰᠢᠭᠤᠨ ᠤ ᠪᠠᠨ ᠪᠤᠳᠠᠳᠣ ᠪᠠᠶᠢᠳᠠᠯ ᠢ ᠦᠨᠳᠦᠰᠦᠯᠡᠨ᠂ ᠲᠦᠷᠦᠯ ᠬᠤᠪᠢᠶᠠᠨ ᠠᠬᠢᠭᠤᠯᠬᠤ ᠦᠭᠡᠷᠡᠴᠢᠯᠡᠯᠳᠡ ᠶᠢᠨ ᠲᠦᠰᠦᠪ ᠢ ᠬᠤᠷᠳᠣᠬᠠᠨ ᠳᠣᠭᠳᠠᠭᠠᠵᠤ᠂ ᠦᠭᠡᠷᠡᠴᠢᠯᠡᠯᠳᠡ ᠶᠢᠨ ᠰᠠᠳᠬᠢᠴᠠ ᠱᠠᠭᠠᠷᠳᠠᠯᠭ᠎ᠠ ᠶᠢ ᠳᠠᠷᠣᠢ ᠲᠦᠷᠭᠡᠨ ᠪᠤᠳᠠᠳᠠᠢ ᠠᠷᠭ᠎ᠠ ᠬᠡᠮᠵᠢᠶ᠎ᠠ ᠪᠤᠯᠭᠠᠨ᠎ᠠ᠃ ᠬᠠᠷᠠᠯᠳᠠ ᠨᠢ ᠳᠣᠳᠣᠷᠬᠠᠢ᠂ ᠦᠷ᠎ᠡ ᠪᠦᠳᠦᠮᠵᠢ ᠨᠢ ᠢᠯᠡᠷᠬᠡᠢ ᠦᠭᠡᠷᠡᠴᠢᠯᠡᠯᠳᠡ ᠤᠳ ᠢ ᠲᠦᠷᠭᠡᠳᠭᠡᠨ ᠠᠬᠢᠭᠤᠯᠵᠤ᠂ ᠦᠭᠡᠷᠡᠴᠢᠯᠡᠯᠳᠡ ᠪᠠᠷ ᠳᠠᠮᠵᠢᠭᠤᠯᠤᠨ ᠣᠯᠠᠨ ᠲᠦᠮᠡᠨ ᠳᠤ ᠪᠣᠳᠠᠳᠠᠢ ᠠᠰᠢᠭ ᠬᠦᠷᠳᠡᠭᠡᠨ᠎ᠡ᠃ ᠡᠳ᠋ ᠤᠨ ᠵᠠᠰᠠᠭ ᠤᠨ ᠦᠭᠡᠷᠡᠴᠢᠯᠡᠯᠳᠡ ᠪᠤᠯᠤᠨ ᠭᠠᠶᠢᠯᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠣᠯᠳᠠ ᠶᠢᠨ ᠰᠢᠨᠵᠢᠯᠡᠬᠦ ᠣᠬᠠᠭᠠᠨᠴᠢ᠂ ᠨᠠᠷᠢᠯᠢᠭᠵᠢᠭᠰᠡᠨ ᠬᠢᠷᠢ ᠲᠦᠪᠰᠢᠨ ᠢ ᠳᠠᠰᠣᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠢ ᠬᠢᠨᠡᠨ ᠪᠤᠳᠤᠬᠤ ᠱᠠᠭᠠᠷᠳᠠᠯᠭ᠎ᠠ ᠪᠠᠨ ᠴᠢᠩᠭᠠᠳᠬᠠᠨ᠂ ᠦᠷᠢ ᠦᠭᠴᠢᠭᠡᠨ  ᠠᠴᠠ ᠪᠤᠯᠵᠤ ᠮᠡᠳᠡᠬᠦ ᠠᠶᠣᠯᠭᠦᠢ ᠪᠤᠰᠣ ᠪᠠᠶᠢᠳᠠᠯ ᠢ ᠴᠢᠩᠭ᠎ᠠ ᠬᠢᠨᠠᠵᠤ᠂ ᠨᠢᠭᠡᠨᠳᠡ ᠡᠭᠦᠰᠦᠭᠰᠡᠨ ᠵᠠᠰᠠᠭ ᠤᠨ ᠣᠷᠳᠣᠨ ᠤ ᠦᠷᠢ ᠶᠢ ᠠᠯᠭᠤᠷ ᠰᠢᠢᠳᠪᠦᠷᠢᠯᠡᠵᠤ᠂ ᠳᠠᠬᠢᠵᠤ ᠰᠢᠨ᠎ᠡ ᠦᠷᠢ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠡᠳ᠋ ᠤᠨ ᠵᠠᠰᠠᠭ  ᠤᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠭᠠᠶᠢᠯᠢ ᠳᠣᠰᠢᠶᠠᠭᠴᠢ᠂ ᠭᠤᠤᠯᠳᠠᠯᠭ᠎ᠠ ᠲᠠᠢ ᠳᠠᠳᠠᠪᠤᠷᠢᠯᠠᠬᠤ ᠭᠠᠶᠢᠯᠢ ᠶᠢᠨ ᠲᠦᠷᠦᠯ ᠵᠤᠶᠢᠯ ᠳᠠᠬᠢ ᠬᠠᠮᠢᠶᠠᠷᠣᠯᠳᠠ ᠪᠠᠨ ᠴᠢᠩᠭᠠᠳᠬᠠᠵᠤ᠂ ᠬᠤᠷᠢᠶᠠᠬᠤ ᠵᠤᠬᠢᠰᠳᠠᠢ ᠭᠠᠶᠢᠯᠢ ᠶᠢ ᠳᠠᠷᠣᠢ ᠲᠦᠷᠭᠡᠨ ᠬᠤᠷᠢᠶᠠᠨ᠎ᠠ᠃ ᠵᠠᠷᠣᠯᠭ᠎ᠠ ᠶᠢᠨ ᠪᠦᠳᠦᠴᠡ ᠶᠢ ᠳᠣᠬᠢᠷᠠᠭᠤᠯᠤᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠪᠡᠷ ᠤᠨ ᠵᠠᠷᠣᠳᠠᠯ ᠢ ᠪᠠᠭᠠᠰᠬᠠᠨ᠂ ᠣᠯᠠᠨ ᠨᠡᠶᠢᠳᠠ ᠶᠢᠨ ᠡᠳ᠋ ᠤᠨ ᠵᠠᠰᠠᠭ ᠤᠨ ᠪᠠᠳᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠷᠭᠠᠨ ᠬᠦᠮᠦᠵᠢᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠰᠣᠷᠭᠠᠨ ᠬᠦᠮᠦᠵᠢᠯ ᠤᠨ ᠬᠦᠭᠵᠢᠯᠳᠠ ᠶᠢᠨ ᠱᠠᠭᠠᠷᠳᠠᠯᠭ᠎ᠠ ᠶᠤᠰᠣᠭᠠᠷ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠠᠰᠣ ᠴᠢᠨᠠᠷ ᠢ ᠳᠡᠭᠡᠭᠰᠢᠯᠡᠭᠦᠯᠬᠦ ᠡᠭᠦᠳᠡᠨ ᠠᠴᠠ ᠬᠤᠶᠠᠳᠣᠭᠠᠷ ᠳᠣᠮᠳᠠᠳᠣ ᠰᠣᠷᠭᠠᠭᠤᠯᠢ ᠳᠤ ᠰᠣᠷᠭᠠᠭᠤᠯᠢ ᠶᠢᠨ ᠵᠠᠬᠢᠷᠤᠯ ᠣᠷᠢᠨ ᠬᠡᠷᠡᠭᠯᠡᠬᠦ ᠲᠦᠷᠢᠮ ᠢ ᠡᠬᠢᠯᠡᠨ ᠬᠡᠷᠡᠭᠵᠢᠭᠦᠯᠬᠦ ᠶᠢᠨ ᠵᠡᠷᠭᠡᠴᠡᠭᠡ ᠨᠠᠰᠣᠨ ᠳᠣᠷᠰᠢ ᠳᠣᠰᠢᠶᠠᠯ ᠬᠠᠷᠢᠭᠤᠴᠠᠬᠤ ᠲᠦᠷᠢᠮ ᠢ ᠦᠭᠡᠶᠢᠰᠬᠡᠵᠦ᠂ ᠡᠯ᠎ᠡ ᠰᠣᠷᠭᠠᠭᠤᠯᠢ ᠳᠤ ᠵᠠᠬᠢᠷᠦᠯ ᠣᠷᠢᠨ ᠬᠡᠷᠡᠭᠯᠡᠬᠦ ᠲᠦᠷᠢᠮ  ᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠦᠷ᠎ᠡ ᠪᠦᠳᠦᠮᠵᠢ ᠲᠠᠢ ᠣᠷᠮᠠᠰᠢᠭᠤᠯᠤᠯ ᠤᠨ ᠪᠤᠯᠤᠨ ᠬᠢᠨᠡᠨ ᠰᠢᠯᠭᠠᠬᠤ ᠪᠠ ᠦᠨᠡᠯᠡᠯᠭᠡ ᠬᠢᠬᠦ ᠲᠦᠷᠢᠮ ᠢ ᠳᠣᠭᠳᠠᠭᠠᠵᠤ᠂ ᠦᠷᠢᠰᠦᠯᠳᠦᠭᠡᠨ ᠢᠶᠠᠷ ᠳᠠᠮᠵᠢᠭᠤᠯᠵᠤ ᠠᠵᠢᠯ ᠳᠤ ᠠᠪᠬᠤ᠂ ᠰᠢᠯᠢᠳᠡᠭ ᠢ ᠰᠣᠩᠭᠤᠨ ᠬᠡᠷᠡᠭᠯᠡᠬᠦ ᠵᠡᠷᠴᠢᠮ ᠢ ᠨᠠᠶᠢᠳᠠᠪᠤᠷᠢᠵᠢᠭᠤᠯᠤᠨ᠎ᠠ᠃ ᠪᠠᠭᠰᠢ ᠡᠯᠰᠡᠬᠦ ᠳᠤ ᠪᠠᠨ ᠨᠣᠳᠤᠭ ᠣᠷᠣᠨ ᠢᠶᠠᠷ ᠬᠢᠵᠠᠭᠠᠷᠯᠠᠬᠤ  ᠶᠢ ᠲᠡᠪᠴᠢᠵᠦ᠂ ᠡᠯᠰᠡᠬᠦ ᠬᠦᠷᠢᠶ᠎ᠠ ᠬᠡᠪᠴᠢᠶ᠎ᠠ ᠶᠢ ᠦᠷᠭᠡᠳᠬᠡᠬᠦ ᠶᠢᠨ ᠬᠠᠮᠳᠣ ᠪᠠᠭᠰᠢ ᠶᠢᠨ ᠴᠠᠯᠢᠩ ᠣᠯᠭᠤᠮᠵᠢ ᠶᠢ ᠳᠡᠭᠡᠭᠰᠢᠯᠡᠭᠦᠯᠵᠦ᠂ ᠨᠡᠩ ᠣᠯᠠᠨ ᠴᠢᠳᠠᠪᠤᠷᠢᠳᠠᠢ ᠵᠠᠯᠠᠭᠤ ᠪᠠᠭᠰᠢ ᠮᠠᠨ ᠤ ᠬᠤᠰᠢᠭᠤᠨ ᠳᠤ ᠢᠷᠡᠵᠦ ᠠᠵᠢᠯᠯᠠᠬᠤ ᠶᠢ ᠵᠤᠷᠢᠭᠵᠢᠭᠤᠯᠤᠨ᠎ᠡ᠃ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠲᠦᠷᠦ ᠶᠢᠨ ᠠᠯᠪᠠᠳᠠᠨ ᠤ ᠬᠠᠮᠢᠶᠠᠷᠣᠯᠳᠠ ᠪᠠ ᠳᠣᠰᠬᠠᠢ ᠮᠡᠷᠭᠡᠵᠢᠯ ᠤᠨ ᠠᠵᠢᠯᠳᠠᠳ ᠤᠨ ᠡᠩᠨᠡᠭᠡᠨ ᠤ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠴᠠᠯᠢᠩ ᠠᠪᠴᠤ ᠠᠮᠠᠷᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠠᠵᠢᠯᠳᠠᠨ ᠠᠵᠢᠯᠴᠢᠨ ᠡᠯᠰᠡᠬᠦ ᠠᠵᠢᠯ  ᠢ ᠣᠯᠠᠮ ᠨᠢᠭᠡ ᠠᠯᠬᠤᠮ ᠲᠦᠷᠢᠮᠵᠢᠭᠦᠯᠵᠦ᠂ ᠬᠢᠨᠡᠨ ᠰᠢᠯᠭᠠᠬᠤ ᠳᠣᠭᠳᠠᠯᠴᠠᠭ᠎ᠠ ᠶᠢ ᠳᠡᠭᠦᠯᠳᠡᠷᠵᠢᠭᠦᠯᠦᠨ᠂ ᠠᠳᠠᠯᠢ ᠪᠤᠰᠤ ᠲᠦᠷᠦᠯ ᠤᠨ ᠠᠵᠢᠯ ᠦᠢᠯᠡᠰ ᠤᠨ ᠨᠢᠭᠡᠴᠡ ᠳᠤ ᠠᠳᠠᠯᠢ ᠪᠤᠰᠣ ᠰᠢᠯᠭᠠᠨ ᠡᠯᠰᠡᠬᠦ ᠠᠷᠭ᠎ᠠ ᠬᠡᠮᠵᠢᠶ᠎ᠠ ᠶᠢ ᠳᠣᠬᠢᠷᠠᠭᠤᠯᠤᠨ ᠬᠡᠷᠡᠭᠯᠡᠨ᠎ᠡ᠃ ᠠᠵᠢᠯ ᠦᠢᠯᠡᠰ ᠤᠨ ᠨᠢᠭᠡᠴᠡ ᠳᠤ ᠦᠷ᠎ᠡ ᠪᠦᠳᠦᠮᠵᠢ ᠶᠢᠨ ᠴᠡᠯᠢᠩ ᠬᠡᠷᠡᠭᠵᠢᠭᠦᠯᠬᠦ ᠲᠦᠷᠢᠮ ᠢ ᠣᠯᠠᠮ ᠨᠢᠭᠡ ᠠᠯᠬᠤᠮ ᠨᠠᠷᠢᠯᠢᠭᠵᠢᠭᠤᠯᠵᠤ᠂ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠣᠷᠮᠠᠰᠢᠭᠤᠯᠤᠯ ᠤᠨ ᠦᠢᠯᠡᠳᠦᠯ ᠢ ᠪᠠᠳᠠᠷᠠᠭᠤᠯᠤᠨ᠎ᠠ᠃ ᠬᠦᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠣᠯᠠᠮ ᠨᠢᠭᠡ ᠠᠯᠬᠤᠮ ᠴᠡᠭᠴᠡᠯᠡᠵᠤ᠂ ᠡᠯ᠎ᠡ ᠠᠵᠢᠯ ᠲᠦᠷᠦᠯ ᠳᠤ ᠪᠠᠶᠢᠭ᠎ᠠ ᠬᠦᠯᠦᠰᠦᠨ ᠠᠵᠢᠯᠴᠢᠨ ᠤ ᠴᠡᠯᠢᠩ ᠤᠨ ᠪᠠᠳᠣᠯᠠᠭ᠎ᠠ ᠶᠢᠨ ᠮᠦᠩᠭᠦᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠣᠯᠣᠰ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠠᠶᠢᠭᠡᠮ ᠤᠨ ᠡᠭᠦᠷᠭᠡ ᠬᠤᠪᠢᠶᠠᠷᠢᠯᠠᠯ ᠤᠨ ᠳᠣᠬᠠᠢ ᠦᠭᠡᠷᠡᠴᠢᠯᠡᠯᠳᠡ ᠶᠢ ᠠᠬᠢᠭᠤᠯᠤᠨ᠎ᠠ᠃ ᠬᠤᠶᠠᠷ ᠵᠢᠯ ᠤᠨ ᠳᠣᠳᠣᠷ᠎ᠠ ︽5.1︾ ᠦᠷ᠎ᠡ ᠶᠢᠨ ᠮᠠᠯ ᠤᠨ ᠲᠠᠯᠠᠪᠠᠢ᠂ ᠪᠤᠷᠤᠬᠤᠳᠠ ᠵᠢᠱᠢᠶ᠎ᠠ ᠦᠵᠡᠭᠦᠯᠬᠦ ᠲᠣᠭᠤᠷᠢᠭ ᠪᠠ ᠷᠡᠰᠢᠶᠠᠨᠳᠣ ᠮᠠᠯᠵᠢᠯ ᠤᠨ ᠲᠠᠯᠠᠪᠠᠢ ᠶᠢᠨ ᠨᠡᠶᠢᠭᠡᠮ ᠤᠨ ᠡᠭᠦᠷᠭᠡ ᠬᠤᠪᠢᠶᠠᠷᠢᠯᠠᠯ ᠢ ᠦᠭᠡᠷᠡᠴᠢᠯᠡᠵᠦ ᠂ ᠰᠢᠶᠠᠩ ᠪᠠᠯᠭᠠᠰᠣᠨ ᠤ ᠪᠠᠶᠢᠭᠤᠯᠤᠮᠵᠢ ᠶᠢᠨ ᠲᠦᠷᠢᠮ ᠢ ᠬᠡᠷᠡᠭᠵᠢᠭᠦᠯᠦᠨ᠂ ᠪᠠᠶᠢᠭᠤᠯᠤᠮᠵᠢ ᠨᠢ ᠭᠠᠵᠠᠷ ᠣᠷᠣᠨ ᠳᠤ ᠪᠠᠨ ᠳᠣᠬᠢᠷᠴᠣ᠂ ᠬᠠᠮᠢᠶᠠᠷᠣᠯᠳᠠ ᠨᠢ ᠨᠡᠶᠢᠭᠡᠮ ᠢᠶᠠᠨ ᠳᠠᠶᠢᠴᠢᠯᠠᠵᠤ᠂ ᠠᠵᠤ ᠠᠬᠤᠢ ᠨᠢ ᠵᠠᠬ᠎ᠠ ᠲᠡᠯᠭᠡᠭᠦᠷ ᠢᠶᠠᠷ ᠡᠷᠴᠢᠮᠵᠢᠭᠰᠡᠨ ᠭᠡᠪ ᠵᠠᠭᠪᠤᠷ ᠢ ᠪᠤᠢ ᠪᠤᠯᠭᠠᠨ᠎ᠠ᠃         ︵ᠨᠠᠢᠮᠡ︶ ᠨᠡᠶᠢᠭᠡᠮ ᠢ ᠬᠠᠮᠢᠶᠠᠷᠤᠨ ᠵᠠᠰᠠᠬᠤ ᠰᠢᠰᠲ᠋ᠧᠮ ᠢ ᠰᠢᠨᠡᠴᠢᠯᠡᠵᠦ᠂ ᠡᠶ᠎ᠡ ᠵᠤᠬᠢᠴᠠᠯᠳᠣ ᠳᠣᠭᠳᠠᠭᠤᠨ ᠪᠠᠶᠢᠳᠠᠯ ᠢ ᠠᠬᠢᠭᠤᠯᠤᠨ᠎ᠠ᠃         ᠣᠶᠣᠨ ᠤ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠤ᠂ ᠨᠠᠶᠢᠭᠡᠮ ᠤᠨ ᠪᠤᠯᠪᠠᠰᠣᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠳᠣᠮᠳᠠᠳᠣ ᠶᠢᠨ ᠬᠦᠰᠡᠯᠡᠩ︾ ᠭᠤᠣᠯ ᠰᠡᠳᠦᠪᠳᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠨᠡᠶᠢᠭᠡᠮ ᠨᠡᠶᠢᠳᠡ ᠶᠢᠨ ᠶᠣᠰᠣ ᠰᠣᠷᠳᠠᠬᠤᠨ᠂ ᠠᠵᠢᠯ ᠮᠡᠷᠭᠡᠵᠢᠯ ᠤᠨ ᠬᠡᠪ ᠰᠣᠷᠳᠠᠯ᠂ ᠭᠡᠷ ᠪᠦᠯᠢ ᠶᠢᠨ ᠪᠤᠯᠪᠠᠰᠣᠨ ᠰᠣᠷᠭᠠᠯ ᠪᠠ ᠬᠤᠪᠢ ᠬᠦᠮᠦᠨ ᠤ ᠮᠤᠷᠠᠯ ᠪᠤᠯᠪᠠᠰᠣᠷᠠᠯ ᠢ ᠴᠢᠷᠮᠠᠶᠢᠨ ᠳᠡᠭᠡᠭᠰᠢᠯᠡᠭᠦᠯᠦᠨ᠎ᠡ᠃ ᠬᠡᠪᠯᠡᠯ ᠮᠡᠳᠡᠭᠡᠯᠡᠯ ᠤᠨ ᠦᠢᠯᠡᠳᠦᠯ ᠢ ᠪᠠᠳᠠᠷᠠᠭᠤᠯᠵᠤ ᠵᠦᠪ ᠦᠢᠯᠡ᠂ ᠵᠦᠪ ᠤᠬᠠᠮᠰᠠᠷ ᠢ ᠰᠣᠷᠳᠠᠯᠴᠢᠯᠠᠨ᠂ ᠠᠷᠢᠭᠤᠨ ᠴᠢᠭᠡᠴᠢ᠂ ᠲᠦᠪ ᠭᠤᠤᠯᠴᠢ ᠨᠠᠶᠢᠭᠡᠮ ᠤᠨ ᠣᠷᠴᠢᠨ ᠠᠬᠤᠢ ᠶᠢ ᠪᠤᠢ ᠪᠤᠯᠭᠠᠨ᠎ᠠ᠃ ᠦᠨᠳᠦᠰᠦᠳᠡᠨ ᠤ ᠪᠦᠯᠬᠦᠮᠳᠠᠯ ᠢ ᠣᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠣᠬᠠᠭᠤᠯᠭ᠎ᠠ ᠪᠠ ᠰᠢᠯᠭᠠᠷᠠᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠭᠦᠯᠦᠨ᠂ ᠡᠷᠭᠡ ᠳᠡᠭᠰᠢ ᠪᠦᠯᠬᠦᠮᠳᠠᠯ ᠲᠠᠢ᠂ ᠬᠠᠷᠢᠯᠴᠠᠨ ᠬᠠᠪᠰᠣᠷᠣᠯᠴᠠᠨ ᠡᠶ᠎ᠡ ᠨᠠᠶᠢᠷᠳᠠᠢ ᠪᠠᠶᠢᠬᠤ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠬᠦ ᠶᠢᠨ ᠬᠠᠮᠳᠣ ᠱᠠᠰᠢᠨ ᠰᠢᠳᠣᠯᠭᠡ ᠶᠢᠨ ᠴᠢᠯᠦᠭᠡᠳᠠᠢ ᠪᠠᠶᠢᠬᠤ ᠲᠦᠷᠦ ᠶᠢᠨ ᠪᠤᠳᠣᠯᠭ᠎ᠠ ᠶᠢ ᠳᠣᠣᠱᠯᠠᠭᠤᠯᠵᠤ᠂ ᠱᠠᠰᠢᠨ ᠰᠣᠷᠳᠠᠬᠤᠨ  ᠤ ᠬᠡᠷᠡᠭ ᠶᠠᠪᠤᠳᠠᠯ ᠤᠨ ᠬᠠᠣᠯᠢ ᠶᠣᠰᠣᠨ ᠤ ᠬᠠᠮᠢᠶᠠᠷᠤᠯᠳᠠ ᠪᠠᠨ ᠴᠢᠩᠭᠠᠳᠬᠠᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ  ᠶᠢ ᠣᠬᠠᠭᠤᠯᠤᠨ ᠳᠡᠯᠭᠡᠷᠡᠭᠦᠯᠬᠦ ᠬᠦᠴᠦᠯᠡᠴᠡ ᠶᠢ ᠨᠡᠮᠡᠭᠳᠡᠭᠦᠯᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ  ᠤ ᠲᠦᠪᠰᠢᠨ ᠢ ᠳᠡᠭᠡᠭᠰᠢᠯᠡᠭᠦᠯᠦᠨ᠎ᠡ᠃ ᠨᠠᠰᠣᠳᠠᠶᠢᠴᠣᠳ ᠤᠨ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠵᠤ᠂ ᠡᠮᠡᠭᠳᠠᠶᠢᠴᠣᠳ ᠪᠤᠯᠤᠨ ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠦᠨᠡᠨᠬᠦ ᠪᠠᠳᠣᠯᠠᠨ ᠬᠠᠮᠠᠭᠠᠯᠠᠵᠤ᠂ ᠵᠡᠮᠳᠡᠭᠴᠣᠳ ᠤᠨ ᠠᠵᠢᠯ  ᠢ ᠬᠠᠯᠠᠮᠵᠢᠯᠠᠨ ᠳᠡᠮᠵᠢᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠴᠠ ᠵᠢᠯᠣᠭᠤᠳᠴᠣ᠂ ᠨᠠᠶᠢᠭᠡᠮ ᠢᠶᠠᠷ ᠢᠶᠠᠨ ᠣᠷᠣᠯᠴᠠᠨ᠂ ᠪᠠᠶ᠎ᠠ ᠪᠠᠨ ᠳᠠᠭᠠᠭᠠᠨ ᠠᠵᠢᠯᠯᠠᠬᠤ ᠠᠵᠢᠯ ᠤᠨ ᠳᠣᠭᠳᠠᠯᠴᠠᠭ᠎ᠠ ᠶᠢ ᠪᠠᠶᠢᠭᠤᠯᠵᠤ᠂ ᠡᠯ᠎ᠡ ᠨᠡᠶᠢᠭᠡᠮᠯᠢᠭ ᠪᠦᠯᠬᠦᠮ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠳᠠ ᠳᠤ ᠬᠤᠪᠢ ᠨᠡᠮᠡᠷᠢ ᠣᠷᠣᠭᠤᠯᠬᠤ ᠶᠢ ᠵᠤᠷᠢᠭᠵᠢᠭᠤᠯᠤᠨ ᠳᠡᠮᠵᠢᠨ᠎ᠡ᠃ ᠬᠠᠣᠯᠢ ᠪᠠᠷ ᠬᠤᠰᠢᠭᠤ ᠪᠠᠨ ᠵᠠᠰᠠᠬᠤ ᠠᠵᠢᠯ ᠢ ᠠᠬᠢᠭᠤᠯᠵᠤ᠂ ᠬᠠᠣᠯᠢ ᠳᠦᠷᠢᠮ ᠤᠨ ᠣᠬᠠᠭᠤᠯᠭ᠎ᠠ ᠬᠦᠮᠦᠵᠢᠯ ᠢ ᠴᠢᠩᠭᠠᠳᠬᠠᠨ᠂ ᠬᠠᠣᠯᠢ ᠲᠦᠭᠡᠮᠡᠯᠵᠢᠬᠦᠯᠬᠦ ᠪᠤᠯᠤᠨ ᠬᠠᠣᠯᠢ ᠪᠠᠷ ᠵᠠᠰᠠᠬᠤ ᠠᠵᠢᠯ ᠢ ᠬᠦᠨᠵᠡᠭᠡᠶᠢᠷᠡᠭᠦᠯᠵᠦ᠂ ᠪᠦᠬᠦ ᠨᠡᠶᠢᠭᠡᠮ ᠢᠶᠠᠷ ᠢᠶᠠᠨ ᠬᠠᠣᠯᠢ ᠰᠣᠷᠴᠣ᠂ ᠬᠠᠣᠯᠢ ᠶᠢ ᠰᠠᠬᠢᠵᠤ᠂ ᠬᠠᠣᠯᠢ ᠶᠢ ᠬᠡᠷᠡᠭᠯᠡᠭᠰᠡᠨ ᠣᠬᠢ ᠰᠠᠶᠢᠨ ᠣᠷᠴᠢᠨ ᠢ ᠪᠤᠢ ᠪᠤᠯᠭᠠᠨ᠎ᠠ᠃ ᠪᠠᠴᠢᠮ ᠪᠠᠶᠢᠳᠠᠯ ᠢ ᠰᠡᠷᠭᠡᠶᠢᠯᠡᠬᠦ ᠰᠠᠭᠤᠷᠢ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠳᠣᠰᠠᠯᠠᠬᠤ ᠰᠢᠰᠲ᠋ᠧᠮ ᠢ ᠳᠡᠭᠦᠯᠳᠡᠷᠵᠢᠭᠦᠯᠵᠦ᠂ ᠴᠠᠭ ᠠᠭᠤᠷ ᠤᠨ ᠭᠠᠢ ᠭᠠᠮᠰᠢᠭ ᠢ ᠣᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠨ᠂ ᠭᠠᠵᠠᠷ ᠬᠦᠳᠡᠯᠦᠯᠳᠡ ᠠᠴᠠ ᠰᠡᠷᠭᠡᠶᠢᠯᠡᠬᠦ ᠵᠢᠴᠢ ᠭᠠᠮᠰᠢᠭᠳᠠᠯ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠮᠰᠢᠭ ᠢ ᠰᠡᠷᠭᠡᠶᠢᠯᠡᠵᠦ ᠠᠪᠤᠷᠠᠨ ᠳᠣᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠳᠦᠮᠵᠢᠳᠦ ᠳᠣᠭᠳᠠᠯᠴᠠᠭ᠎ᠠ ᠶᠢ ᠪᠠᠶᠢᠭᠤᠯᠵᠤ᠂ ᠣᠨᠴᠠ ᠶᠡᠭᠡ ᠣᠰᠣᠯ ᠠᠳᠡᠯ ᠪᠠ ᠨᠠᠶᠢᠭᠡᠮ ᠤᠨ ᠬᠡᠷᠡᠭ ᠣᠴᠢᠷ ᠡᠭᠦᠰᠬᠦ ᠠᠴᠠ ᠰᠡᠷᠭᠡᠶᠢᠯᠡᠨ᠎ᠡ᠃ ᠢᠳᠡᠭᠡᠨ ᠪᠤᠯᠤᠨ ᠡᠮ ᠤᠨ ᠵᠤᠶᠢᠯᠡᠰ ᠤᠨ ᠬᠢᠨᠡᠨ ᠬᠠᠮᠢᠶᠠᠷᠣᠯᠳᠠ ᠶᠢ ᠴᠢᠩᠭᠠᠳᠬᠠᠵᠤ᠂ ᠢᠳᠡᠭᠡᠨ ᠣᠮᠳᠠᠭᠠᠨ ᠪᠤᠯᠤᠨ ᠡᠮ ᠲᠠᠩ ᠣᠷᠣᠭᠤᠯᠵᠤ ᠪᠤᠷᠤᠯᠠᠭᠤᠯᠬᠤ ᠡᠯ᠎ᠡ ᠶᠠᠪᠤᠴᠠ ᠳᠤ ᠳᠣᠰᠬᠠᠢ ᠴᠡᠭᠴᠡᠯᠡᠬᠦ ᠠᠵᠢᠯᠯᠠᠭ᠎ᠠ ᠦᠷᠨᠢᠭᠦᠯᠵᠦ᠂ ᠣᠯᠠᠨ ᠲᠦᠮᠡᠨ ᠤ ᠡᠷᠡᠭᠦᠯ ᠡᠩᠬᠡ ᠶᠢ ᠪᠠᠳᠣᠯᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠣᠯᠳᠠ ᠶᠢ ᠬᠠᠤᠯᠢ ᠶᠤᠰᠣᠭᠠᠷ ᠴᠢᠩᠭᠠᠳᠬᠠᠵᠤ᠂ ᠬᠦᠮᠦᠰ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠳᠣᠯᠠᠨ᠎ᠠ᠃ ᠳᠤᠭ᠎ᠠ ᠪᠦᠷᠢᠳᠬᠡᠯ ᠤᠨ ᠠᠵᠢᠯ ᠤᠨ ᠬᠦᠴᠦᠨ ᠪᠠ ᠬᠢᠷᠢ ᠲᠦᠪᠰᠢᠨ ᠢ ᠳᠠᠰᠣᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠳᠣᠨ ᠤ ᠳᠤᠭ᠎ᠠ ᠪᠦᠷᠢᠳᠭᠡᠯ ᠤᠨ ᠵᠤᠬᠢᠶᠠᠨ ᠪᠠᠶᠢᠭᠤᠯᠤᠯᠳᠠ ᠶᠢᠨ ᠲᠠᠪᠤᠨ ᠤᠳᠣᠨ ᠲᠡᠰ ᠬᠦᠷᠦᠭᠰᠡᠨ ᠪᠠᠶᠢᠷᠢ ᠰᠠᠭᠤᠷᠢ ᠶᠢ ᠪᠠᠬᠢᠵᠢᠭᠦᠯᠵᠦ᠂ ᠪᠦᠬᠦ ᠣᠯᠣᠰ ᠤᠨ ᠭᠤᠷᠪᠠᠳᠣᠭᠠᠷ ᠣᠳᠠᠭᠠᠨ ᠤ ᠠᠵᠤ ᠠᠬᠤᠢ ᠶᠢᠨ ᠨᠠᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠦᠨ᠎ᠡ᠃ ᠬᠦᠮᠦᠨ ᠠᠮᠠ ᠪᠠ ᠲᠦᠯᠦᠪᠯᠡᠭᠡᠳᠦ ᠦᠷᠡᠵᠢᠯ ᠤᠨ ᠠᠵᠢᠯ ᠢ ᠴᠢᠩᠭᠠᠳᠬᠠᠨ᠎ᠡ᠃ ᠠᠷᠠᠳ ᠤᠨ ᠵᠡᠪᠰᠡᠭᠳᠦ ᠬᠦᠴᠦᠨ ᠤ ᠡᠩᠨᠡᠭᠡᠨ ᠤ ᠪᠠᠶᠢᠭᠤᠯᠤᠯᠳᠠ ᠶᠢ ᠳᠡᠮᠵᠢᠵᠦ᠂ ᠵᠠᠰᠠᠭ ᠨᠢ ᠴᠡᠷᠢᠭ ᠢᠶᠠᠨ ᠬᠠᠶᠢᠷᠠᠯᠠᠵᠤ᠂ ᠴᠡᠷᠢᠭ ᠠᠩᠬᠢ ᠨᠢ ᠵᠠᠰᠠᠭ ᠢᠶᠠᠨ ᠬᠦᠷᠢᠶᠠᠯᠠᠬᠦ ᠶᠢ ᠪᠠᠷᠢᠮᠳᠠᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠶᠡᠷᠦᠩᠬᠡᠶᠢᠯᠡᠭᠰᠡᠨ ᠴᠡᠭᠴᠡᠯᠡᠨ ᠬᠠᠮᠢᠶᠠᠷᠣᠯᠳᠠ ᠶᠢ ᠴᠢᠩᠭᠠᠳᠬᠠᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠨ ᠬᠢᠬᠦ︾ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠲᠠᠯ᠎ᠠ ᠪᠠᠷ ᠢᠯᠡᠭᠦᠦ ᠰᠡᠳᠬᠢᠯ ᠲᠠᠯᠪᠢᠵᠤ᠂ ᠳᠡᠭᠡᠭᠰᠢ ᠮᠡᠳᠡᠭᠦᠯᠬᠦ ᠶᠢ ᠨᠢ ᠬᠦᠯᠢᠶᠡᠵᠦ ᠰᠠᠭᠤᠳᠠᠭ ᠳᠠᠳᠬᠠᠯ ᠢ ᠳᠣᠷᠣᠭᠰᠢ ᠪᠠᠭᠤᠨ ᠠᠰᠠᠭᠤᠨ ᠬᠠᠯᠠᠮᠵᠢᠯᠠᠳᠠᠭ ᠪᠤᠯᠭᠠᠨ ᠬᠤᠪᠢᠷᠠᠭᠤᠯᠵᠤ᠂ ᠣᠯᠠᠨ ᠲᠦᠮᠡᠨ ᠤ ᠳᠣᠰᠬᠠᠭᠰᠠᠨ ᠠᠰᠠᠭᠤᠳᠠᠯ ᠢ ᠴᠠᠭ ᠳᠣᠬᠠᠢ ᠳᠤᠨᠢ ᠪᠦᠳᠦᠮᠵᠢᠳᠠᠢ ᠰᠢᠢᠳᠪᠦᠷᠢᠯᠡᠨ᠎ᠡ᠃ ︽ᠠᠮᠤᠷ ᠲᠦᠪᠰᠢᠨ ᠰᠢᠯᠤᠭᠤᠨ ᠬᠦᠬᠡ︾ ᠢ ᠴᠣᠭᠴᠠᠯᠠᠨ ᠪᠠᠶᠢᠭᠤᠯᠬᠤ ᠢᠨᠵᠧᠨᠧᠷᠢᠩ ᠢ ᠨᠠᠷᠢᠨ ᠨᠢᠮᠪᠠᠢ ᠬᠡᠷᠡᠭᠵᠢᠭᠦᠯᠵᠦ᠂ ᠨᠠᠶᠢᠭᠡᠮ ‍ᠤᠨ‌ᠠᠮᠤᠷ ᠲᠦᠪᠰᠢᠨ ᠢ ᠰᠡᠷᠭᠡᠶᠢᠯᠡᠨ ᠵᠠᠰᠠᠬᠤ ᠬᠦᠴᠦᠨ ᠢᠶᠠᠨ ᠨᠡᠮᠡᠭᠳᠡᠭᠦᠯᠵᠦ᠂ ᠲᠤᠤᠷ ᠰᠦᠯᠵᠢᠶᠠᠨ ᠳᠡᠭᠡᠷᠡᠬᠢ ᠶᠡᠷᠢᠶ᠎ᠠ ᠬᠡᠯᠡᠯᠴᠡᠭᠡ ᠶᠢ ᠬᠢᠨᠡᠨ ᠡᠵᠡᠮᠰᠢᠬᠦ ᠶᠢᠨ ᠬᠠᠮᠳᠣ ᠡᠯ᠎ᠡ ᠵᠦᠢᠯ ᠤᠨ ᠬᠠᠣᠯᠢ ᠪᠤᠰᠣ ᠶᠠᠯᠠᠳᠣ ᠠᠵᠢᠯᠯᠠᠭᠠᠨ ᠳᠤ ᠴᠢᠩᠭ᠎ᠠ ᠴᠤᠬᠢᠯᠳᠠ ᠦᠭᠴᠦ᠂ ᠣᠯᠠᠨ ᠲᠦᠮᠡᠨ ᠳᠤ ᠠᠮᠤᠷ ᠲᠦᠪᠰᠢᠨ᠂ ᠡᠶ᠎ᠡ ᠵᠤᠬᠢᠴᠠᠯᠳᠠᠢ᠂ ᠳᠣᠭᠳᠠᠪᠤᠷᠢᠳᠠᠢ ᠠᠮᠢᠳᠣᠷᠠᠯ ᠤᠨ ᠣᠷᠴᠢᠨ ᠠᠬᠤᠢ ᠶᠢ ᠬᠠᠩᠭᠠᠬᠤ ᠪᠠᠷ ᠴᠢᠷᠮᠠᠶᠢᠨ᠎ᠠ᠃         ︵ᠶᠢᠰᠣ︶ ᠵᠠᠰᠠᠭ ᠤᠨ ᠣᠷᠳᠣᠨ ᠤ ᠡᠬᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠬᠠᠣᠯᠢ ᠶᠤᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃         ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠬᠡᠢ ᠦᠷᠨᠢᠭᠦᠯᠬᠦ ᠶᠢᠨ ᠬᠠᠮᠳᠣ ᠡᠨᠡᠬᠦ ᠠᠵᠢᠯ ᠢ ᠵᠠᠰᠠᠭ ᠤᠨ ᠣᠷᠳᠣᠨ ᠤ ᠪᠤᠰᠣᠳ ᠠᠵᠢᠯ ᠯᠤᠭ᠎ᠠ ᠬᠠᠮᠳᠣ ᠳᠤᠨᠢ ᠠᠬᠢᠭᠤᠯᠤᠨ᠂ ᠬᠠᠮᠳᠣ ᠳᠤᠨᠢ ᠨᠠᠶᠢᠳᠠᠪᠤᠷᠢᠵᠢᠭᠤᠯᠵᠤ᠂ ᠴᠣ ᠰᠢᠨ᠎ᠡ ᠰᠣᠷᠳᠠᠯ ᠤᠨ ᠪᠠᠶᠢᠭᠤᠯᠤᠯᠳᠠ ᠪᠠᠷ ᠠᠷᠠᠳ ᠣᠯᠠᠨ ᠤ ᠢᠳᠡᠭᠡᠯ ᠢ ᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠡᠪᠬᠢ ᠶᠢ ᠲᠦᠷᠭᠡᠨ ᠬᠤᠪᠢᠷᠠᠭᠤᠯᠵᠤ᠂ ᠵᠠᠰᠠᠭ ᠤᠨ ᠣᠷᠳᠣᠨ ᠪᠤᠯᠤᠨ ᠵᠠᠬ᠎ᠠ ᠲᠡᠯᠭᠡᠭᠦᠷ ᠯᠦᠭᠡ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠣᠷ ᠰᠢᠢᠳᠪᠦᠷᠢᠯᠡᠵᠦ᠂ ᠬᠠᠮᠢᠶᠠᠷᠬᠤ ᠴᠢᠬᠤᠯᠠ ᠦᠭᠡᠢ ᠵᠦᠢᠯ ᠢ ᠳᠣᠳᠠᠭᠤ ᠬᠠᠮᠢᠶᠠᠷᠴᠣ᠂ ᠬᠠᠮᠢᠶᠠᠷᠬᠤ ᠶᠤᠰᠣᠳᠠᠢ ᠪᠠᠨ ᠴᠢᠩᠭ᠎ᠠ ᠬᠠᠮᠢᠶᠠᠷᠤᠨ᠂ ᠣᠯᠠᠨ ᠨᠠᠶᠢᠳᠠ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ᠂ ᠨᠠᠶᠢᠭᠡᠮ ᠤᠨ ᠬᠠᠮᠢᠶᠠᠷᠤᠯᠳᠠ᠂ ᠣᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠠᠶᠠᠯᠠᠭᠦᠯᠵᠦ᠂ ᠬᠡᠷᠡᠭ ᠶᠠᠪᠤᠳᠠᠯ ᠤᠨ ᠡᠬᠢᠯᠡᠯ᠂ ᠦᠷᠨᠢᠯ᠂ ᠲᠡᠭᠦᠰᠬᠡᠯ ᠭᠤᠷᠪᠠᠨ ᠶᠠᠪᠤᠴᠠ ᠶᠢ ᠴᠢᠩᠭ᠎ᠠ ᠬᠢᠨᠠᠨ ᠬᠠᠮᠢᠶᠠᠷᠤᠨ᠎ᠠ᠃ ᠬᠠᠣᠯᠢ ᠪᠠᠷ ᠵᠠᠰᠠᠭ ᠶᠠᠪᠤᠭᠤᠯᠬᠤ ᠬᠢᠷᠢ ᠲᠦᠪᠰᠢᠨ ᠪᠠ ᠬᠠᠣᠯᠢ ᠶᠢᠨ ᠳᠠᠭᠠᠤ ᠠᠰᠠᠭᠤᠳᠠᠯ ᠰᠢᠢᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ᠂ ᠨᠠᠶᠢᠭᠡᠮ ᠤᠨ ᠡᠯ᠎ᠡ ᠡᠳᠡᠭᠡᠳ ᠤᠨ ᠬᠢᠨᠡᠯᠳᠠ ᠶᠢ ᠣᠬᠠᠮᠰᠠᠷ ᠠᠴᠠ ᠪᠠᠨ ᠬᠦᠯᠢᠶᠠᠨ᠂ ᠣᠯᠠᠨ ᠲᠦᠮᠡᠨ ᠤ ᠣᠶᠢᠯᠠᠭᠠᠬᠤ ᠡᠷᠭᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠭᠡ ᠶᠢ ᠦᠨᠡᠨᠬᠦ ᠪᠠᠳᠣᠯᠠᠨ᠎ᠠ᠃ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠡᠰ ᠳᠠᠷᠠᠭᠠᠯᠠᠯ ᠢ ᠲᠦᠷᠢᠮᠵᠢᠭᠦᠯᠵᠦ᠂ ᠵᠠᠰᠠᠭ ᠵᠠᠬᠢᠷᠭᠠᠨ ᠤ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠢᠨᠠᠯᠳᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠣᠮᠳᠣᠭᠠᠶᠢᠯᠠᠬᠤ᠂ ᠳᠣᠷ᠎ᠠ ᠪᠠᠷ ᠢᠶᠠᠨ ᠡᠵᠡᠨ ᠮᠡᠳᠡᠬᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠪᠠ ᠳᠣᠪᠣᠶᠢᠮ᠎ᠠ ᠠᠰᠠᠭᠤᠳᠠᠯ ᠳᠡᠭᠡᠷ᠎ᠡ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠶᠢᠨ ᠴᠡᠭᠴᠡᠯᠡᠯᠳᠡ ᠦᠷᠨᠢᠭᠦᠯᠵᠦ᠂ ︽ᠲᠣᠷᠭᠠᠭᠤᠯᠢ ᠪᠠᠷ ᠬᠠᠮᠢᠶᠠᠷᠣᠯᠳᠠ ᠶᠢ ᠣᠷᠣᠯᠠᠭᠤᠯᠬᠤ︾ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠵᠠᠰᠠᠨ ᠴᠡᠭᠴᠡᠯᠡᠵᠦ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠂ ᠨᠠᠶᠢᠭᠡᠮ ᠤᠨ ᠡᠷᠬᠡ ᠳᠡᠭᠰᠢ᠂ ᠰᠢᠳᠣᠷᠭᠤ ᠶᠤᠰᠤ ᠶᠢ ᠬᠠᠮᠠᠭᠠᠯᠠᠨ᠎ᠠ᠃ ᠡᠯᠧᠲ᠋ᠣᠷᠣᠨᠴᠢᠯᠠᠭᠰᠠᠨ ᠵᠠᠰᠠᠭ ᠤᠨ ᠶᠠᠪᠤᠳᠠᠯ ᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠤᠯᠳᠠ ᠶᠢ ᠬᠢᠨᠡᠨ ᠪᠠᠶᠢᠴᠠᠭᠠᠬᠤ ᠳᠣᠰᠬᠠᠢ ᠳᠦᠷᠢᠮ ᠢ ᠣᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠂ ᠵᠠᠰᠠᠭ ᠤᠨ ᠵᠠᠷᠯᠢᠭ ᠢ ᠰᠠᠭᠠᠳ ᠦᠭᠡᠢ ᠨᠡᠪᠳᠡᠷᠡᠭᠦᠯᠬᠦ ᠶᠢ ᠪᠠᠳᠣᠯᠠᠨ᠎ᠡ᠃ ᠵᠠᠰᠠᠭ ᠵᠠᠬᠢᠷᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠨᠠᠶᠢᠳᠠ ᠶᠢᠨ ᠦᠢᠯᠡᠴᠢᠯᠡᠭᠡᠨ ᠤ ᠪᠦᠬᠦᠶᠢᠯᠡ ᠪᠠᠶᠢᠭᠤᠯᠭ᠎ᠠ ᠨᠢᠭᠡᠴᠡ  ᠠᠴᠠ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠦᠢᠯᠡᠴᠢᠯᠡᠬᠦ‍ ᠴᠢᠭ ᠭᠠᠷᠭᠠᠵᠤ ᠣᠯᠠᠨ ᠲᠦᠮᠡᠨ ᠳᠤ ᠳᠦᠭᠦᠮ ᠦᠵᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠬᠦᠨᠵᠡᠬᠡᠢ ᠠᠬᠢᠭᠤᠯᠵᠤ᠂ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠦᠷᠢᠮ︾ ᠢ ᠴᠢᠩᠭ᠎ᠠ ᠪᠠᠷᠢᠮᠳᠠᠯᠠᠨ᠂ ︽ᠭᠤᠷᠪᠠᠨ ᠲᠦᠷᠦᠯ ᠤᠨ ᠠᠯᠪᠠᠨ ᠵᠠᠷᠣᠳᠠᠯ︾ ᠪᠠ ᠪᠠᠶᠢᠩᠭᠤ ᠶᠢᠨ ᠴᠢᠨᠠᠷᠳᠠᠢ ᠵᠠᠷᠣᠳᠠᠯ ᠢ ᠣᠯᠠᠮ ᠨᠢᠭᠡ ᠠᠯᠬᠤᠮ ᠪᠠᠭᠠᠰᠬᠠᠵᠤ᠂ ᠪᠠᠷᠢᠮᠵᠢᠶᠠᠨ ᠠᠴᠠ ᠪᠠᠨ ᠬᠡᠳᠦᠷᠦᠭᠰᠡᠨ ᠠᠯᠪᠠᠨ ᠭᠡᠷ ᠪᠠ ᠠᠯᠪᠠᠨ ᠤ ᠲᠡᠷᠭᠡ ᠶᠢ ᠪᠦᠬᠦᠨ ᠢ ᠬᠤᠷᠢᠶᠠᠨ᠎ᠠ᠃ ᠵᠠᠰᠠᠭ ᠤᠨ ᠰᠣᠷᠳᠠᠯ ᠤᠨ ᠪᠠᠶᠢᠭᠤᠯᠤᠯᠳᠠ ᠶᠢᠨ ᠠᠵᠢᠯ ᠢ ᠢᠯᠵᠢᠷᠠᠯ ᠢ ᠡᠰᠠᠷᠭᠦᠴᠡᠨ ᠠᠷᠢᠭᠤᠨ ᠴᠢᠭᠡᠴᠢ ᠶᠢ ᠰᠣᠷᠳᠠᠯᠴᠢᠯᠠᠬᠤ ᠰᠠᠭᠤᠷᠢ ᠠᠵᠢᠯ ᠪᠤᠯᠭᠠᠨ᠂ ᠨᠠᠢᠮᠠᠨ ᠵᠤᠷᠪᠤᠰ ᠳᠣᠭᠳᠠᠭᠠᠯ ᠪᠠ ᠪᠤᠰᠣᠳ ᠬᠠᠣᠯᠢ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠭᠡᠴᠢ ᠶᠢ ᠡᠷᠬᠢᠮᠯᠡᠬᠦ ᠪᠠ ᠢᠯᠵᠢᠷᠠᠯ ᠢ ᠡᠰᠠᠷᠭᠦᠴᠡᠬᠦ ᠠᠵᠢᠯ ᠢ ᠪᠣᠳᠠᠳᠠᠢ ᠨᠠᠶᠢᠳᠠᠪᠤᠷᠢᠵᠢᠭᠤᠯᠨ᠎ᠠ ᠃ ︽ᠨᠢᠭᠡ ᠳᠣᠰᠢᠶᠠᠯ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠭᠡ  ᠶᠢ ᠬᠢᠵᠠᠭᠠᠷᠯᠠᠨ ᠬᠢᠨᠠᠯᠳᠠ ᠲᠠᠯᠪᠢᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠲᠦᠰᠦᠯ ᠪᠠ ᠴᠢᠬᠤᠯᠠ ᠪᠠᠯᠡ ᠮᠦᠩᠬᠦ ᠶᠢ ᠬᠢᠨᠡᠨ ᠪᠤᠳᠣᠬᠤ ᠬᠦᠴᠦᠯᠡᠴᠡ ᠪᠠᠨ ᠨᠡᠮᠡᠭᠳᠡᠭᠦᠯᠦᠨ᠂ ᠲᠦᠷᠢᠮ ᠢ ᠵᠦᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠤ᠂ ᠣᠯᠠᠨ ᠨᠠᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠳᠣᠮᠳᠠᠬᠢ ᠲᠦᠷᠢᠮᠵᠢᠭᠰᠡᠨ᠂ ᠢᠯᠡ ᠳᠣᠳᠣᠷᠬᠠᠢ ᠪᠠᠶᠢᠳᠠᠯ ᠢ ᠠᠬᠢᠭᠤᠯᠤᠨ᠂ ᠡᠷᠬᠡ ᠳᠡᠭᠰᠢ᠂ ᠲᠦᠪ ᠭᠤᠤᠯᠴᠢ ᠬᠦᠭᠵᠢᠯᠳᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃ ᠦᠷᠭᠡᠨ ᠣᠯᠠᠨ ᠺᠡᠳ᠋ᠷ ᠣᠯᠠᠨ ᠲᠦᠮᠡᠨ ᠤ ᠬᠠᠷᠢᠭᠤᠴᠠᠯᠭᠠᠳᠣ ᠰᠡᠳᠬᠢᠯᠬᠡ ᠪᠠ ᠣᠶᠢᠯᠠᠰᠴᠢ ᠰᠡᠳᠬᠢᠯᠭᠡ ᠶᠢ ᠤᠯᠠᠮ ᠨᠡᠮᠡᠭᠳᠡᠭᠦᠯᠵᠦ᠂ ᠪᠦᠳᠦᠮᠵᠢᠳᠠᠢ ᠠᠷᠭ᠎ᠠ ᠬᠡᠮᠵᠢᠶ᠎ᠠ ᠠᠪᠴᠣ ᠪᠦᠳᠦᠭᠡᠯᠴᠢ  ᠪᠠᠷ ᠠᠵᠢᠯ ᠢᠶᠠᠨ ᠦᠷᠨᠢᠭᠦᠯᠦᠨ᠂ ᠵᠠᠰᠠᠭ ᠤᠨ ᠣᠷᠳᠣᠨ ᠤ ᠠᠵᠢᠯᠴᠢ ᠠᠷᠪᠢᠴᠢ᠂ ᠦᠨᠡᠨᠴᠢ ᠢᠳᠡᠭᠡᠮᠵᠢᠳᠠᠢ ᠲᠦᠷᠢ ᠲᠦᠷᠬᠦ  ᠶᠢ ᠴᠣᠭᠴᠠᠯᠠᠬᠤ ᠪᠠᠷ ᠴᠢᠷᠮᠠᠶᠢᠨ᠎ᠠ᠃        ᠲᠦᠯᠦᠭᠡᠯᠡᠭᠴᠢᠳ ᠡ︕ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠡ ᠬᠤᠷᠠᠯ ᠳᠡᠭᠡᠷ᠎ᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠬᠠᠷᠠᠯᠳᠠ ᠡᠭᠦᠷᠭᠡ ᠶᠢ ᠳᠣᠷᠠᠳᠴᠣ᠂ ᠣᠳᠣᠬᠢᠴᠢᠯᠡᠯᠳᠡ ᠨᠡᠭᠡᠭᠡᠯᠳᠡ ᠶᠢᠨ ᠰᠢᠨ᠎ᠡ ᠵᠠᠮ ᠢ ᠨᠡᠭᠡᠭᠡᠵᠦ ᠦᠭᠭᠦᠯ᠎ᠡ᠃ ᠪᠢᠳᠡ ᠬᠤᠪᠤᠷᠬᠠᠨ ᠳᠣᠬᠢᠶᠠᠯᠳᠣᠬᠤ ᠠᠵᠠ ᠳᠣᠬᠢᠶᠠᠯ ᠢ ᠠᠳᠬᠤᠵᠤ ᠪᠠᠶᠢᠭ᠎ᠠ ᠮᠦᠷᠳᠡᠭᠡᠨ ᠴᠠᠭ ᠦᠶ᠎ᠡ ᠠᠴᠠ ᠪᠢᠳᠡᠨ ᠳᠤ ᠣᠯᠭᠤᠭᠰᠠᠨ ᠳᠡᠤᠬᠡᠳᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠶᠣᠮ᠃ ᠪᠢᠳᠡ ᠬᠤᠰᠢᠭᠤ ᠨᠠᠮ ᠤᠨ ᠬᠤᠷᠢᠶᠠᠨ ᠤ ᠭᠤᠶᠢᠪᠢᠰᠢ ᠦᠭᠡᠢ ᠣᠳᠣᠷᠢᠳᠣᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠯᠦᠭᠡ ᠪᠦᠯᠬᠦᠮᠳᠡᠨ᠂ ᠭᠠᠷ ᠭᠠᠷ ᠢᠶᠠᠨ ᠬᠤᠯᠪᠤᠯᠴᠠᠨ᠂ ᠰᠡᠳᠬᠢᠯ ᠰᠠᠨᠠᠭ᠎ᠠ ᠪᠠᠨ ᠨᠢᠭᠡᠳᠭᠡᠵᠦ᠂ ᠰᠢᠯᠤᠭᠤᠨ ᠬᠦᠬᠡ ᠬᠤᠰᠢᠭᠤᠨ ᠤ ᠪᠠᠨ ᠮᠠᠷᠭᠠᠰᠢ ᠶᠢᠨ ᠰᠠᠶᠢᠨ ᠰᠠᠶᠢᠬᠠᠨ ᠤ ᠲᠦᠯᠦᠭᠡ ᠬᠠᠮᠳᠣᠪᠠᠷ ᠣᠷᠣᠭᠰᠢᠯᠠᠴᠠᠭᠠᠶ᠎ᠠ︕
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号