ᠦᠢᠯᠡᠰ ᠤᠨ ᠬᠠᠷᠭᠤᠢ ᠳᠤ ᠬᠢᠯᠠᠷᠠᠭᠤᠯᠵᠤ ᠶᠠᠪᠤᠭ᠎ᠠ ᠮᠠᠯᠴᠢᠨ ᠪᠦᠰᠡᠭᠦᠢ
ᠨᠡᠶᠢᠲᠡᠯᠡᠭᠰᠡᠨ ᠴᠠᠭ᠄
2017/3/13
                       —— ᠮᠤᠩᠭᠤᠯ ᠶᠤᠸᠠᠨ ᠤ ᠵᠡᠭᠡᠯᠢ ᠳᠠᠬᠢ ︽ᠭᠡᠭᠡᠨ ᠮᠤᠩᠭᠤᠯ ᠴᠠᠢ                                      ᠎ ᠶᠢᠨ ᠦᠷᠤᠭᠡ︾᠎ ᠶᠢᠨ ᠡᠵᠡᠨᠳᠡᠨ ᠰᠠᠷᠠᠡᠭᠡᠷᠡᠯ ᠢ ᠲᠡᠮᠳᠡᠭᠯᠡᠪᠡ           ᠬᠤᠳᠠ ᠤᠷᠤᠵᠤ ᠦᠪᠡᠷ ᠤᠨ ᠢᠶᠠᠨ ᠤᠶᠤᠨ ᠤᠬᠠᠭᠠᠨ᠂ ᠭᠦᠴᠤ ᠭᠦᠳᠡᠯᠮᠤᠷᠢ ᠪᠠᠷ ᠢᠶᠠᠨ ᠠᠳᠠᠯ ᠦᠢᠯᠡᠰ ᠎ ᠢᠶᠠᠨ ᠪᠤᠰᠬᠠᠵᠤ᠂ ᠦᠭᠡᠳᠡ ᠡᠰᠡᠷᠡᠭ ᠠᠮᠢᠳᠤᠷᠠᠯ ᠲᠠᠢ ᠶᠠᠪᠤᠭ᠎ᠠ ᠮᠠᠯᠴᠢᠤᠨ ᠵᠦᠩᠳᠡᠭᠡᠨ᠃ ᠮᠠᠨ ᠤ ᠬᠤᠰᠢᠭᠤᠨ ᠤ ᠮᠤᠩᠭᠤᠯ ᠶᠤᠸᠠᠨ ᠤ ᠵᠡᠭᠡᠯᠢ ᠳᠠᠬᠢ ᠵᠡᠭᠡᠯᠢ ᠨᠢᠭᠤᠷᠯᠠᠭᠰᠠᠨ‌ᠬᠤᠶᠠᠷ ᠲᠠᠪᠬᠤᠷ ᠠᠰᠠᠷ ᠲᠤ ︽ᠭᠡᠭᠡᠨ ᠮᠤᠩᠭᠤᠯ ᠴᠠᠢ ᠶᠢᠨ ᠦᠷᠤᠭᠡ﹀﹀᠎ ᠶᠢ ᠡᠷᠬᠢᠯᠡᠵᠤ ᠪᠠᠶᠢᠭ᠎ᠠ ᠮᠠᠯᠴᠢᠨ ᠰᠠᠷᠠᠡᠭᠡᠷᠡᠯ ᠪᠤᠯ ᠲᠡᠳᠡᠨ ᠤ ᠲᠤᠳᠤᠷᠠᠬᠢ ᠨᠢᠭᠡ ᠨᠢ ᠪᠢᠯᠡ᠃
          ᠰᠠᠷᠠᠡᠭᠡᠷᠡᠯ ᠪᠤᠯ ᠰᠢᠯᠤᠭᠤᠨ ᠭᠦᠭᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠤᠷᠳᠤ ᠶᠢᠨ ᠤᠪᠤᠭ᠎ᠠ ᠭᠠᠴᠠᠭ᠎ᠠ ᠪᠠᠷ ᠨᠤᠳᠤᠭᠳᠠᠢ ᠮᠠᠯᠴᠢᠨ ᠶᠤᠮ᠃ ᠤᠶᠢᠷ᠎ᠠ ᠶᠢᠨ ᠵᠢᠯ ᠠᠴᠠ ᠭᠠᠨᠭ᠌ ᠭᠠᠴᠢᠭ ᠶᠡᠭᠡᠳᠡᠵᠤ ᠨᠤᠳᠤᠭ ᠪᠠᠯᠴᠢᠭᠡᠷ ᠲᠠᠴᠢᠷᠳᠠᠭᠰᠠᠨ ᠠᠴᠠ ᠪᠤᠯᠵᠤ᠂ ᠤᠯᠠᠨ ᠮᠠᠯ ᠮᠠᠯᠵᠢᠬᠤ ᠶᠢᠨ ᠠᠷᠭ᠎ᠠ ᠦᠭᠡᠢ ᠪᠤᠯᠤᠭᠰᠠᠨ ᠪᠠᠶᠢᠳᠠᠯ ᠲᠤᠤᠷ᠎ᠠ ᠲᠡᠷᠡ ᠨᠦᠭᠦᠷ ᠮᠦᠩᠭᠡ ᠲᠠᠢ ᠪᠠᠨ ᠵᠦᠪᠳᠡᠯᠴᠡᠨ 840 ᠮᠤ᠋ ᠨᠤᠳᠤᠭ ᠪᠡᠯᠴᠢᠭᠡᠷ ᠢᠶᠠᠨ ᠪᠦᠭᠦᠨ ᠢ ᠪᠢᠳᠡᠭᠦᠮᠵᠢᠯᠡᠨ᠂ ᠦᠭᠡᠷ ᠤᠨ ᠢᠶᠠᠨ ᠲᠤᠭ᠎ᠠ ᠲᠤᠯᠤᠭᠠᠢ ᠶᠢ ᠴᠦᠭᠡᠴᠢᠯᠡᠨ᠂ ᠮᠠᠯᠵᠢᠯ ᠤᠨ ᠪᠤᠰᠤ ᠤᠷᠤᠯᠭ᠎ᠠ ᠡᠭᠦᠳᠭᠦ ᠪᠤᠳᠤᠯ ᠤᠷᠤᠵᠠᠢ᠃ ᠰᠠᠷᠠᠡᠭᠡᠷᠡᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ 5 ᠲᠦᠮᠡᠨ ᠲᠦᠭᠦᠷᠢᠭ ᠤᠨ ᠨᠦᠭᠦᠪᠤᠷᠢ ᠭᠦᠷᠳᠡᠨ᠂13 ᠲᠦᠮᠡᠨ ᠲᠦᠭᠦᠷᠢᠭ ᠤᠨ ᠪᠡᠯᠡ ᠵᠠᠷᠤᠴᠠᠭᠤᠯᠤᠨ᠂ 2007 ᠤᠨ ᠤ 8 ᠰᠠᠷ᠎ᠠ ᠳᠤ ᠮᠤᠩᠭᠤᠯ ᠶᠤᠸᠠᠨ ᠤ ᠵᠡᠭᠡᠯᠢ ᠠᠴᠠ122 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠬᠤᠶᠠᠷ ᠲᠠᠪᠬᠤᠷ ᠵᠡᠭᠡᠯᠢ ᠨᠢᠭᠤᠷᠯᠠᠭᠰᠠᠨ ᠠᠰᠠᠷ ᠬᠤᠳᠠᠯᠳᠤᠨ ᠠᠪᠴᠤ᠂ ︽ᠭᠡᠭᠡᠨ ᠮᠤᠩᠭᠤᠯ ᠴᠠᠢ ᠶᠢᠨ ᠦᠷᠤᠭᠡ︾᠎ ᠪᠠᠨ ᠨᠡᠭᠡᠭᠡᠭᠰᠡᠨ ᠪᠠᠶᠢᠨ᠎ᠠ᠃ ᠠᠩᠬ᠎ᠠ ᠡᠬᠢᠯᠡᠭᠦ ᠳᠡᠭᠡᠨ ᠠᠵᠤ ᠠᠬᠤᠢ ᠶᠢᠨ ᠡᠵᠡᠩᠨᠡᠯᠳᠡ ᠶᠢᠨ ᠠᠷᠭ᠎ᠠ ᠮᠠᠶ᠋ᠢᠭ ᠤᠨ ᠲᠤᠬᠠᠢ ᠤᠶᠢᠯᠠᠭᠠᠯᠳᠠ ᠲᠤᠳᠠᠮᠠᠭ᠂ ᠲᠤᠷᠰᠢᠯᠭ᠎ᠠ ᠮᠡᠭᠦᠰ ᠠᠴᠠ ᠪᠤᠯᠵᠤ᠂ ᠤᠯᠠᠨ ᠠᠷᠪᠢᠨ ᠭᠦᠴᠢᠷᠳᠡᠯ ᠲᠤᠯᠭᠠᠷᠠᠵᠤ ᠪᠠᠶᠢᠯ᠎ᠠ᠃ ᠭᠡᠳᠡᠯ᠎ᠡ ᠲᠡᠷᠡ ᠭᠦᠴᠢᠷ ᠤᠨ ᠡᠮᠤᠨ᠎ᠡ ᠭᠠᠷ ᠨᠤᠬᠤᠯᠠᠨ ᠭᠠᠴᠢᠭᠳᠠᠵᠤ ᠰᠠᠭᠤᠭᠰᠠᠨ ᠦᠭᠡᠢ᠂ ᠬᠤᠰᠢᠭᠤᠨ ᠤ ᠠᠵᠢᠯ ᠤᠯᠭᠤᠬᠤ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠡ ᠠᠴᠠ ᠡᠷᠬᠢᠯᠡᠭᠰᠡᠨ ᠬᠤᠳᠠ ᠤᠷᠤᠭᠰᠠᠨ ᠮᠠᠯᠴᠢᠤᠨ ᠤᠨ ᠠᠵᠤ ᠠᠬᠤᠢ ᠶᠢᠨ ᠡᠵᠡᠩᠨᠡᠯᠳᠡ ᠶᠢᠨ ᠠᠷᠭ᠎ᠠ ᠮᠠᠶ᠋ᠢᠭ ᠤᠨ ᠪᠤᠯᠪᠠᠰᠤᠷᠠᠯ ᠤᠨ ᠠᠩᠭᠢ ᠳᠤ ᠢᠳᠡᠪᠬᠢᠯᠡᠨ ᠤᠷᠤᠯᠴᠠᠵᠤ᠂ ᠮᠡᠳᠡᠯᠭᠡ ᠮᠡᠷᠭᠡᠵᠢᠯ ᠢᠶᠠᠨ ᠤᠯᠠᠮ ᠢᠶᠠᠷ ᠲᠡᠭᠡᠭᠰᠢᠯᠡᠭᠦᠯᠤᠨ ᠠᠷᠭ᠎ᠠ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠠᠩᠬ᠎ᠠ ᠡᠬᠢᠯᠡᠭᠦ ᠳᠡᠭᠡᠨ ᠲᠡᠷᠡ 6 ᠲᠦᠮᠡᠨ ᠲᠦᠭᠦᠷᠢᠭ ᠵᠠᠷᠤᠴᠠᠭᠤᠯᠤᠨ ᠴᠠᠢ ᠶᠢᠨ ᠦᠷᠤᠭᠡ ᠪᠠᠨ ᠮᠤᠩᠭᠤᠯ ᠮᠠᠶ᠋ᠢᠭ ᠢᠶᠠᠷ ᠵᠠᠰᠠᠨ ᠦᠷᠭᠡᠳᠭᠡᠵᠤ᠂ ᠴᠤᠯᠤ ᠪᠠᠶᠢᠭᠠᠯᠢᠯᠢᠭ ᠢᠳᠡᠭᠡᠨ ᠢᠶᠠᠷ ᠭᠤᠤᠯᠯᠠᠭᠤᠯᠵᠤ᠂ ᠡᠳ᠋ᠯᠡᠯ ᠭᠡᠷᠡᠭᠰᠡᠯ ᠢᠶᠠᠨ ᠤᠨᠴᠠᠯᠢᠬᠳᠤ ᠮᠠᠶ᠋ᠢᠭ ᠢᠶᠠᠷ ᠰᠢᠨᠡᠳᠭᠡᠨ ᠵᠠᠰᠠᠵᠤ ᠮᠠᠯᠵᠢᠯ ᠤᠨ ᠪᠤᠰᠤ ᠤᠷᠤᠯᠭ᠎ᠠ ᠡᠭᠦᠳᠭᠦ ᠳᠡᠭᠡᠨ ᠰᠠᠭᠤᠷᠢ ᠲᠠᠯᠪᠢᠭᠰᠠᠨ ᠪᠠᠶᠢᠨ᠎ᠠ᠃ ᠤᠳᠤ ᠪᠤᠯᠬᠤ ᠳᠤ ᠲᠡᠷᠡ ᠮᠤᠩᠭᠤᠯ ᠶᠤᠸᠠᠨ ᠤ ᠵᠡᠭᠡᠯᠢ ᠳᠠᠬᠢ122 ᠲᠡᠭᠰᠢ ᠲᠦᠷᠪᠡᠯᠵᠢᠨ ᠮᠧᠲᠷ ᠲᠠᠯᠠᠪᠠᠢ ᠪᠦᠭᠦᠢ ᠬᠤᠶᠠᠷ ᠲᠠᠪᠬᠤᠷ ᠠᠰᠠᠷ ᠢᠶᠠᠨ190 ᠲᠡᠭᠰᠢ ᠲᠦᠷᠪᠡᠯᠵᠢᠨ ᠮᠧᠲᠷ ᠪᠤᠯᠭᠠᠨ ᠦᠷᠭᠡᠳᠭᠡᠨ ᠵᠠᠰᠠᠵᠤ᠂ ᠤᠷᠢᠤᠨ ᠬᠤᠵᠢᠤᠨ30 ᠲᠦᠮᠡᠨ ᠲᠦᠭᠦᠷᠢᠭ ᠵᠠᠷᠤᠴᠠᠭᠤᠯᠵᠤ᠂ ᠮᠤᠩᠭᠤᠯ ᠪᠤᠤᠵᠠ ᠪᠠᠩᠰᠢ᠂ ᠰᠢᠷ᠎ᠠ ᠲᠤᠰᠤᠨ ᠤᠷᠢᠶᠠᠮᠠᠭ᠂ ᠵᠦᠭᠡᠭᠡᠢ ᠶᠢᠨ ᠱᠦᠯᠤ ᠵᠡᠷᠭᠡ ᠮᠤᠩᠭᠤᠯ ᠢᠳᠡᠭᠡᠨ ᠢᠶᠠᠷ ᠭᠤᠤᠯᠯᠠᠭᠤᠯᠵᠤ᠂ ᠬᠠᠭᠠᠷᠢᠭᠰᠠᠨ ᠪᠤᠤᠪᠤ᠂ ᠪᠤᠷᠠᠮ ᠲᠠᠢ ᠪᠤᠤᠪᠤ᠂ ᠦᠪᠡᠷᠳᠡᠭᠡᠨ ᠡᠰᠭᠡᠭᠰᠡᠨ ᠲᠠᠷᠠᠭ ᠨᠢ ᠬᠤᠳᠠ ᠶᠢᠨ ᠭᠦᠮᠤᠰ ᠤᠨ ᠭᠦᠰᠡᠯ ᠭᠦᠭᠡᠭᠡᠴᠡᠯᠳᠤᠯ ᠳᠤ ᠵᠤᠬᠢᠴᠠᠵᠤ᠂ ᠤᠯᠠᠨ ᠤ ᠰᠡᠳᠬᠢᠯ ᠳᠤ ᠭᠦᠷᠦᠭᠰᠡᠨ ᠪᠠᠶᠢᠨ᠎ᠠ᠃ ᠡᠭᠦᠨ ᠤ ᠬᠠᠮᠳᠤ ᠲᠡᠷᠡ ᠨᠡᠶᠢᠭᠡᠮ ᠨᠡᠶᠢᠳᠡ ᠶᠢᠨ ᠬᠠᠨᠳᠢᠪ ᠡᠷᠭᠦᠭᠦ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠶᠠᠳᠠᠭᠤ ᠭᠦᠴᠢᠷᠳᠠᠢ ᠰᠤᠷᠤᠭᠴᠢ ᠶᠢ ᠤᠯᠠᠨ ᠤᠳᠠᠭ᠎ᠠ ᠲᠤᠰᠠᠯᠠᠵᠤ᠂ ᠵᠢᠩᠭᠢᠨᠢ ᠡᠨᠧᠷᠬᠢ ᠤᠯᠠᠮᠵᠢᠯᠠᠵᠤ ᠶᠠᠪᠤᠵᠠᠢ᠃ ᠰᠠᠷᠡᠡᠭᠡᠷᠡᠯ ᠭᠡᠯᠡᠭᠦ ᠳᠡᠭᠡᠨ᠄ ︽ᠪᠢ ᠴᠠᠢ ᠶᠢᠨ ᠦᠷᠦᠭᠡᠨ ᠳᠡᠭᠡᠨ ᠭᠡᠷᠡᠭᠰᠡᠭᠦ ᠤᠯᠠᠭᠠᠨ᠂ ᠴᠠᠭᠠᠨ ᠢᠳᠡᠭᠡ ᠪᠠᠨ ᠦᠪᠡᠷᠳᠡᠭᠡᠨ ᠬᠠᠩᠭᠠᠭᠰᠠᠨ ᠢᠶᠠᠷ ᠵᠠᠬ᠎ᠠ ᠲᠡᠯᠭᠡᠭᠦᠷ ᠠᠴᠠ ᠬᠤᠳᠠᠯᠳᠤᠵᠤ ᠠᠪᠬᠤ ᠶᠢ ᠪᠤᠳᠤᠪᠠᠯ ᠠᠰᠢᠭ ᠤᠷᠤᠯᠭ᠎ᠠ ᠦᠨᠳᠤᠷ ᠢᠶᠠᠷ ᠦᠯᠤ ᠪᠠᠷᠠᠮ ᠴᠡᠪᠡᠷ ᠪᠠᠶᠢᠭᠠᠯᠢᠯᠢᠭ ᠢᠳᠡᠭᠡᠨ ᠤᠮᠳᠠᠭᠠᠨ ᠭᠡᠷᠡᠭᠯᠡᠭᠴᠢᠤᠨ ᠤᠨ ᠲᠠᠭᠠᠰᠢᠶᠠᠯ ᠳᠤ ᠭᠦᠷᠴᠤ᠂ ᠤᠯᠠᠨ ᠤ ᠭᠦᠨᠳᠤᠳᠭᠡᠯ ᠢ ᠤᠯᠤᠭᠰᠠᠨ ᠢᠶᠠᠷ ᠵᠠᠬ᠎ᠠ ᠲᠡᠯᠭᠡᠭᠦᠷ ᠤᠨ ᠦᠷᠢᠰᠤᠯᠳᠤᠭᠡᠨ ᠳᠤ ᠭᠦᠯ ᠲᠤᠭᠳᠠᠵᠤ ᠴᠢᠳᠠᠯ᠎ᠠ︾ ᠭᠡᠵᠤ ᠪᠠᠶᠢᠯ᠎ᠠ᠃
          ᠤᠳᠤ ᠰᠠᠷᠠᠡᠭᠡᠷᠡᠯ ᠴᠠᠢ ᠶᠢᠨ ᠦᠷᠤᠭᠡ ᠳᠠᠬᠢ 5 ᠭᠦᠮᠤᠨ ᠢᠶᠠᠨ ᠮᠠᠯᠴᠢᠨ ᠪᠤᠶᠤ ᠶᠠᠳᠠᠭᠤ ᠭᠦᠴᠢᠷᠳᠠᠢ ᠭᠦᠮᠤᠰ ᠎ ᠢ ᠭᠦᠯᠤᠰᠤᠯᠡᠭᠦ ᠪᠠᠷ ᠲᠡᠷᠢᠭᠦᠨ ᠪᠠᠶᠢᠷᠢᠨ ᠳᠤ ᠲᠠᠯᠪᠢᠵᠤ᠂ 5 ᠭᠦᠮᠤᠨ ᠳᠤ ᠰᠠᠷ᠎ᠠ ᠪᠦᠷᠢ 1.7 ᠲᠦᠮᠡᠨ ᠲᠦᠭᠦᠷᠢᠭ ᠤᠨ ᠴᠠᠯᠢᠩ ᠮᠦᠩᠭᠦ ᠤᠯᠭᠤᠵᠤ ᠪᠠᠶᠢᠨ᠎ᠠ᠃ ᠬᠤᠭᠤᠯᠠᠨ ᠭᠡᠷ ᠨᠢ ᠴᠦ ᠵᠢᠯ ᠤᠨ30 ᠭᠠᠷᠤᠢ ᠲᠦᠮᠡᠨ ᠲᠦᠭᠦᠷᠢᠭ ᠤᠨ ᠤᠷᠤᠯᠭ᠎ᠠ ᠡᠭᠦᠳᠴᠤ᠂ ᠦᠨᠡᠨᠴᠢ ᠢᠳᠡᠭᠡᠯ᠂ ᠬᠠᠯᠠᠭᠤᠮᠰᠤᠭ ᠦᠢᠯᠡᠴᠢᠯᠡᠭᠡ ᠪᠠᠷ ᠢᠶᠠᠨ ᠢᠷᠡᠭᠰᠡᠨ ᠵᠤᠴᠢᠤᠨ ᠢᠶᠠᠨ ᠪᠠᠶᠠᠷᠯᠠᠭᠤᠯᠵᠤ᠂ ᠰᠠᠭᠤᠬᠤ ᠠᠰᠠᠷ᠂ ᠮᠠᠰᠢᠨ ᠲᠡᠷᠭᠡ᠂ ᠠᠷᠠᠯᠵᠢᠶᠠᠨ ᠤ ᠠᠰᠠᠷ ᠵᠡᠷᠭᠡ ᠶᠢ ᠢᠵᠢ ᠪᠦᠷᠢᠯᠳᠦᠭᠦᠯᠵᠤ᠂ ᠬᠤᠳᠠ ᠶᠢᠨ ᠭᠦᠮᠤᠰ ᠲᠠᠢ ᠮᠦᠷᠤ ᠵᠡᠷᠭᠡᠴᠡᠨ ᠤᠷᠤᠭᠰᠢᠯᠠᠵᠤ᠂ ᠠᠮᠢᠳᠤᠷᠠᠯ ᠤᠨ ᠬᠠᠷᠭᠤᠢ ᠳᠤ ᠬᠢᠯᠠᠷᠠᠭᠤᠯᠵᠤ ᠶᠠᠪᠤᠨ᠎ᠠ᠃ ︵ᠤᠶᠤᠩᠭᠤᠸ᠎ᠠ︶
                    ᠰᠡᠭᠦᠳᠡᠷ ᠢ  ᠬᠥᠬᠡᠮᠦ᠋ᠴᠢᠷ ᠰᠡᠭᠦᠳᠡᠷᠯᠡᠪᠡ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号