50 ᠪᠦᠯᠦᠭᠳᠦ ᠦᠷᠬᠦᠯᠵᠢᠯᠡᠭᠰᠡᠨ ᠲᠧᠯᠸᠢᠰ ᠵᠦᠴᠦᠬᠡ ︽ᠬᠤᠪᠢᠯᠠᠢ︾᠎ ᠶᠢ ᠰᠢᠯᠤᠭᠤᠨ ᠬᠦᠬᠡ ᠬᠤᠰᠢᠭᠤᠨ ᠤ ᠬᠤᠪᠢᠯᠠᠢ ᠺᠢᠨᠤ᠋ ᠰᠡᠬᠦᠳᠡᠷᠯᠡᠨ ᠦᠢᠯᠡᠳᠬᠦ ᠰᠠᠭᠤᠷᠢᠨ ᠭᠠᠵᠠᠷ ᠲᠤ ᠰᠢᠩᠬᠡᠬᠡᠨ ᠰᠡᠬᠦᠳᠡᠷᠯᠡᠵᠦ ᠡᠬᠢᠯᠡᠪᠡ
ᠨᠡᠶᠢᠲᠡᠯᠡᠭᠰᠡᠨ ᠴᠠᠭ᠄
2017/3/24
     50 ᠪᠦᠯᠦᠭᠳᠦ ᠲᠡᠦᠬᠡᠨ ᠰᠡᠳᠦᠪᠳᠤ ᠦᠷᠬᠦᠯᠵᠢᠯᠡᠭᠰᠡᠨ ᠲᠧᠯᠸᠢᠰ ᠵᠦᠴᠦᠬᠡ ︽ᠬᠤᠪᠢᠯᠠᠢ︾᠎ ᠨᠢ ᠬᠡᠳᠦᠨ ᠵᠢᠯ ᠎ ᠤᠨ ᠪᠡᠯᠡᠳᠬᠡᠯ ᠢᠶᠠᠷ ᠲᠠᠮᠵᠢᠨ᠂3 ᠳ᠋ᠤᠭᠠᠷ ᠰᠠᠷ᠎ᠠ ᠶᠢᠨ9᠎ ᠤ ᠡᠳᠦᠷ᠂ ᠰᠢᠯᠤᠭᠤᠨ ᠬᠦᠬᠡ ᠬᠤᠰᠢᠭᠤᠨ ᠤ ᠬᠤᠪᠢᠯᠠᠢ ᠺᠢᠨᠤ᠋ ᠰᠡᠬᠦᠳᠡᠷᠯᠡᠨ ᠦᠢᠯᠡᠳᠬᠦ ᠰᠠᠭᠤᠷᠢᠨ ᠭᠠᠵᠠᠷ ᠲᠤ ᠰᠢᠩᠬᠡᠬᠡᠨ ᠦᠢᠯᠡᠳᠴᠦ ᠡᠬᠢᠯᠡᠪᠡ᠃
     ᠲᠧᠯᠸᠢᠰ ᠵᠦᠴᠦᠬᠡ ︽ᠬᠤᠪᠢᠯᠠᠢ︾  ᠪᠤᠯ ᠦᠪᠦᠷ ᠮᠤᠩᠭᠤᠯ ᠤᠨ ᠴᠢ ᠱᠢ ᠪᠦᠯᠦᠭᠯᠡᠯ ᠠᠴᠠ ᠪᠠᠯᠠ ᠤᠷᠤᠭᠤᠯᠤᠨ ᠬᠠᠮᠳᠤᠷᠠᠨ ᠰᠢᠩᠬᠡᠬᠡᠨ ᠦᠢᠯᠡᠳᠴᠦ ᠪᠠᠶᠢᠭ᠎ᠠ ᠲᠤᠮᠤ ᠬᠡᠯᠪᠡᠷᠢ ᠶᠢᠨ ᠦᠷᠬᠦᠯᠵᠢᠯᠡᠭᠰᠡᠨ ᠲᠧᠯᠸᠢᠰ ᠵᠦᠴᠦᠬᠡ ᠪᠤᠯᠤᠨ᠎ᠠ᠃ ᠲᠤᠰ ᠵᠦᠴᠦᠬᠡ ᠨᠢ ᠦᠨᠡᠨ ᠢᠶᠠᠷ ᠰᠡᠳᠦᠪᠯᠡᠵᠦ᠂ ᠤᠷᠠᠯᠢᠭ ᠤᠨ ᠭᠤᠸ᠎ᠠ ᠰᠠᠶᠢᠬᠠᠨ ᠢᠶᠠᠷ ᠶᠤᠸᠠᠨ ᠱᠢᠴᠦ ᠬᠤᠪᠢᠯᠠᠢ ᠬᠠᠭᠠᠨ ᠤ ᠠᠤᠭ᠎ᠠ ᠰᠤᠳᠤᠨ ᠨᠢᠬᠡ ᠨᠠᠰᠤᠨ ᠤ ᠦᠯᠢᠬᠡᠷ ᠢ ᠬᠠᠷᠠᠭᠤᠯᠤᠭᠰᠠᠨ ᠪᠠᠶᠢᠭ᠎ᠠ ᠶᠤᠮ ᠡ᠃
    ︽ᠬᠤᠪᠢᠯᠠᠢ︾ ᠺᠢᠨᠤ᠋ ᠶᠢ ᠠᠮᠵᠢᠯᠳᠠᠳᠠᠢ ᠰᠡᠬᠦᠳᠡᠷᠯᠡᠨ ᠦᠢᠯᠡᠳᠬᠦ ᠶᠢᠨ ᠲᠦᠯᠦᠬᠡ᠂ ᠦᠪᠦᠷ ᠮᠤᠩᠭᠤᠯ ᠤᠨ ᠴᠢ ᠱᠢ ᠪᠦᠯᠦᠭᠯᠡᠯ ᠨᠢ ᠰᠢᠯᠤᠭᠤᠨ ᠬᠦᠬᠡ ᠬᠤᠰᠢᠭᠤᠨ ᠤ ᠲᠡᠯᠡᠬᠡᠢ ᠶᠢᠨ ᠰᠤᠶᠤᠯ ᠤᠨ ᠦᠪ ᠪᠤᠯᠬᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠲᠤᠭᠤᠷᠢᠨ ᠳᠤ ᠺᠢᠨᠤ᠋ ᠰᠡᠬᠦᠳᠡᠷᠯᠡᠬᠦ ᠰᠠᠭᠤᠷᠢᠨ ᠭᠠᠵᠠᠷ ᠪᠠᠶᠢᠭᠤᠯᠵᠠᠢ᠃ ᠡᠬᠦᠨ ᠳᠤ ᠮᠤᠩᠭᠤᠯ ᠴᠡᠷᠢᠭ ᠤᠨ ᠬᠤᠸᠠᠷᠠᠨ᠂ ᠠᠯᠳᠠᠩᠬᠸ᠎ᠠ ᠶᠢᠨ ᠨᠡᠬᠦᠳᠡᠯ ᠤᠷᠳᠤᠨ᠂  ᠬᠡᠶᠢᠪᠤᠡᠭ ᠤᠷᠳᠤ ᠵᠡᠷᠬᠡ ᠶᠢ ᠪᠠᠶᠢᠭᠤᠯᠤᠭᠰᠠᠨ ᠪᠠᠶᠢᠨ᠎ᠠ᠃
    ᠰᠢᠯᠤᠭᠤᠨ ᠬᠦᠬᠡ ᠬᠤᠰᠢᠭᠤ ᠨᠢ ᠦᠨᠢ ᠡᠷᠳᠡᠨ ᠤ ᠰᠤᠶᠤᠯ ᠤᠨ ᠦᠪ ᠢ ᠬᠠᠳᠠᠭᠠᠯᠠᠬᠰᠠᠨ ᠰᠤᠶᠤᠯ ᠤᠨ ᠲᠠᠭᠰᠢᠨ ᠤᠷᠤᠨ᠂ ᠶᠡᠭᠡ ᠶᠤᠸᠠᠨ ᠤᠯᠤᠰ ᠤᠨ ᠬᠠᠭᠠᠨᠳᠦ ᠲᠦᠷᠦ ᠶᠢᠨ ᠮᠠᠨᠳᠤᠨ ᠬᠦᠭᠵᠢᠭᠰᠡᠨ ᠭᠤᠯᠤᠮᠳᠠ ᠤᠷᠤᠨ ᠪᠤᠯᠬᠤ ᠶᠢᠨ ᠵᠡᠷᠬᠡᠪᠡᠷ᠂ ᠶᠤᠸᠠᠨ ᠱᠢᠽᠥ ᠬᠤᠪᠢᠯᠠᠢ ᠬᠠᠭᠠᠨ ᠲᠦᠷᠦ ᠶᠢᠨ ᠨᠡᠶᠢᠰᠯᠡᠯ — — ᠶᠤᠸᠠᠨ ᠤ ᠲᠡᠭᠡᠳᠦ ᠨᠡᠶᠢᠰᠯᠡᠯ ᠢᠶᠠᠨ ᠠᠳᠡ ᠪᠠᠶᠢᠭᠤᠯᠵᠦ ᠪᠠᠶᠢᠭᠰᠠᠨ ᠪᠢᠯᠠ᠃ ᠬᠤᠪᠢᠯᠠᠢ ᠺᠢᠨᠤ᠋ ᠰᠡᠬᠦᠳᠡᠷᠯᠡᠨ ᠦᠢᠯᠡᠳᠬᠦ ᠰᠠᠭᠤᠷᠢᠨ ᠭᠠᠵᠠᠷ ᠎ ᠢ 2014 ᠤᠨ ᠠᠴᠠ ᠡᠬᠢᠯᠡᠨ ᠪᠠᠶᠢᠭᠤᠯᠵᠠᠢ᠃ ᠰᠡᠬᠦᠳᠡᠷᠯᠡᠨ ᠦᠢᠯᠡᠳᠬᠦ ᠭᠠᠵᠠᠷ ᠢ ᠬᠤᠪᠢᠯᠠᠢ ᠰᠡᠴᠡᠨ ᠬᠠᠭᠠᠨ ᠤ ᠠᠵᠦ ᠲᠦᠷᠦᠨ ᠠᠮᠢᠳᠤᠷᠠᠵᠦ᠂ ᠤᠯᠤᠰ ᠤᠷᠤᠨ ᠢᠶᠠᠨ ᠪᠠᠶᠢᠭᠤᠯᠵᠦ ᠪᠠᠶᠢᠭᠰᠠᠨ ᠰᠢᠯᠤᠭᠤᠨ ᠬᠦᠬᠡ ᠬᠤᠰᠢᠭᠤᠨ ᠳᠤ ᠲᠤᠰᠬᠠᠶᠢᠯᠠᠨ ᠰᠤᠩᠭᠤᠭᠰᠠᠨ ᠤ ᠵᠡᠷᠬᠡᠪᠡᠷ ᠪᠠᠷᠢᠯᠭ᠎ᠠ ᠶᠢᠨ ᠬᠡᠪ ᠵᠠᠬᠪᠤᠷ ᠵᠡᠷᠬᠡ ᠨᠢ ᠪᠦᠷ ᠲᠤᠬᠠᠢ ᠶᠢᠨ ᠦᠶ᠎ᠡ ᠶᠢᠨ ᠲᠡᠦᠬᠡ ᠶᠢᠨ ᠨᠠᠷᠢᠨ ᠰᠢᠷᠢᠨ᠂ ᠦᠨᠡᠨ ᠮᠦᠨ ᠢ ᠬᠠᠷᠠᠭᠤᠯᠵᠦ᠂ ᠶᠤᠸᠠᠨ ᠬᠦᠷᠦᠨ ᠤ ᠲᠡᠦᠬᠡᠨ ᠦᠨᠡᠨ ᠢ ᠦᠨᠦ ᠶᠢᠨ ᠬᠦᠮᠦᠰ ᠲᠤ ᠬᠠᠷᠠᠭᠤᠯᠬᠤ ᠪᠤᠯᠤᠨ᠎ᠠ᠃
   ᠲᠤᠰ ᠲᠦᠷᠦᠯ ᠵᠦᠢᠯ ᠤᠨ ᠪᠠᠶᠢᠭᠤᠯᠤᠯᠳᠠ ᠨᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠪᠠᠷ ᠠᠴᠢᠶᠠᠯᠠᠪᠤᠷᠢ ᠪᠤᠯᠭᠠᠵᠦ᠂ ᠮᠤᠩᠭᠤᠯ ᠶᠤᠸᠠᠨ ᠤ ᠰᠤᠶᠤᠯ᠂ ᠴᠠᠬᠠᠷ ᠰᠤᠶᠤᠯ᠂ ᠦᠨᠳᠦᠰᠦᠳᠡᠨ ᠤ ᠢᠳᠡᠬᠡᠨ ᠤᠮᠳᠠᠭᠠᠨ ᠤ ᠰᠤᠶᠤᠯ᠂ ᠰᠤᠶᠤᠯ ᠲᠠᠮᠢᠷ ᠤᠨ ᠤᠨ ᠦᠵᠡᠬᠦᠯᠦᠯᠬᠡ᠂ ᠰᠤᠶᠤᠯ ᠵᠢᠭᠤᠯᠴᠢᠯᠠᠯ᠂ ᠰᠡᠬᠦᠳᠡᠷᠯᠡᠨ ᠵᠢᠷᠤᠭᠯᠠᠬᠤ ᠵᠡᠷᠬᠡ ᠶᠢ ᠨᠢᠬᠡ ᠴᠤᠭᠴᠠᠵᠢᠭᠤᠯᠤᠭᠰᠠᠨ ᠤᠨᠴᠠᠯᠢᠬᠳᠤ ᠰᠤᠶᠤᠯ ᠤᠨ ᠠᠵᠦ ᠦᠢᠯᠡᠰ ᠤᠨ ᠬᠦᠷᠢᠶᠡᠯᠡᠩ ᠪᠤᠯᠤᠨ᠎ᠠ᠂ ᠡᠨᠡ ᠨᠢ ᠰᠢᠯᠤᠭᠤᠨ ᠬᠦᠬᠡ ᠬᠤᠰᠢᠭᠤᠨ ᠤ ᠰᠤᠶᠤᠯ ᠤᠨ ᠠᠵᠦ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠬᠡ ᠵᠢᠴᠢ ᠰᠢᠯᠢ ᠶᠢᠨ ᠭᠤᠤᠯ ᠠᠶᠢᠮᠠᠭ ᠤᠨ ᠰᠤᠶᠤᠯ ᠤᠨ ᠠᠵᠦ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠬᠡ ᠶᠢᠨ ᠴᠢᠬᠤᠯᠠ ᠠᠵᠦ ᠦᠢᠯᠡᠰ ᠤᠨ ᠲᠦᠷᠦᠯ ᠵᠦᠢᠯ ᠤᠨ ᠨᠢᠬᠡ ᠪᠤᠯᠤᠨ᠎ᠠ᠂ ᠲᠧᠯᠸᠢᠰ ᠵᠦᠴᠦᠬᠡ ︽ᠬᠤᠪᠢᠯᠠᠢ︾᠎ ᠶᠢᠨ ᠭᠤᠤᠯ ᠦᠵᠡᠭᠳᠡᠯ ᠢ ᠪᠦᠬᠦᠨ ᠢ ᠠᠳᠡ ᠰᠡᠬᠦᠳᠡᠷᠯᠡᠨ ᠦᠢᠯᠡᠳᠬᠦ ᠪᠤᠯᠤᠨ᠎ᠠ᠃ ︵ᠠᠯᠳᠠᠨᠰᠢᠬᠦᠷ  ᠬᠦᠬᠡᠮᠦ᠋ᠴᠢᠷ ᠰᠡᠬᠦᠳᠡᠷᠯᠡᠨ ᠮᠡᠳᠡᠬᠡᠯᠡᠪᠡ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号