ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ | ᠵᠠᠰᠠᠭ ᠤᠨ ᠤᠷᠳᠤᠨ ᠤ ᠠᠵᠢᠯ ᠤᠨ ᠢᠯᠡᠳᠬᠡᠯ | 2015 ᠤᠨ ᠤ 4 ᠰᠠᠷ᠎ᠠ ᠶᠢᠨ ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ | ᠲᠡᠭᠡᠷ᠎ᠡ | ᠬᠤᠰᠢᠭᠤ ᠲᠠᠷᠤᠭ᠎ᠠ ᠪᠤᠶᠠᠨᠳᠤ | ᠲᠦᠯᠦᠭᠡᠯᠡᠭᠴᠢᠳ ᠡ᠄ | ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ | ᠂ ᠬᠢᠨᠠᠨ ᠵᠦᠪᠯᠡᠬᠦ ᠪᠤᠯᠪᠠᠤ︖ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ | ᠤᠷᠤᠯᠴᠠᠬᠰᠠᠨ ᠨᠦᠬᠦᠳ ᠰᠠᠨᠠᠯ ᠢᠶᠠᠨ ᠲᠡᠪᠰᠢᠭᠦᠯᠬᠦ ᠪᠤᠯᠪᠠᠤ︖ | ᠨᠢᠭᠡ᠂ 2014 ᠤᠨ ᠤ ᠠᠵᠢᠯ ᠤᠨ ᠡᠷᠭᠢᠴᠡᠭᠦᠯᠦᠯ | 2014 ᠤᠨ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠶᠠᠪᠤᠬᠳᠠᠭᠤᠯᠤᠬᠰᠠᠨᠡᠬᠢᠯᠡᠯᠳᠡ | ᠶᠢᠨ ᠵᠢᠯ ᠮᠦᠨ︔ ᠪᠠᠰᠠᠴᠤ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠢ ᠦᠷᠨᠢᠭᠦᠯᠵᠦ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠤᠨ᠂ ᠬᠤᠰᠢᠭᠤᠨ ᠤ ᠪᠠᠨ ︽ᠠᠷᠪᠠᠨ ᠬᠤᠶᠠᠳᠤᠭᠠᠷ ᠲᠠᠪᠤᠨ ᠵᠢᠯ︾ ᠤᠨ ᠲᠡᠮᠡᠴᠡᠬᠦ ᠬᠠᠷᠠᠯᠳᠠ ᠶᠢ | ᠪᠡᠶᠡᠯᠡᠭᠦᠯᠬᠦ ᠪᠠᠷ ᠴᠢᠷᠮᠠᠶᠢᠬᠰᠠᠨ ᠴᠢᠬᠤᠯᠠ ᠨᠢᠭᠡ ᠵᠢᠯ ᠮᠦᠨ᠃ ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠬᠤᠰᠢᠭᠤ ᠲᠠᠶᠠᠭᠠᠷ | ᠢᠶᠠᠨ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ᠂ ᠠᠵᠤ ᠠᠬᠤᠢ ᠶᠢᠨ ᠬᠦᠭᠵᠢᠯᠳᠡ ᠶᠢᠨ ᠤᠳᠠᠭᠠᠰᠢᠷᠠᠯ᠂ | ᠵᠠᠬ᠎ᠠ ᠲᠡᠯᠭᠡᠭᠦᠷ ᠤᠨ ᠱᠠᠭᠠᠷᠳᠠᠯᠭ᠎ᠠ ᠶᠢᠨ ᠬᠦᠳᠡᠯᠭᠡᠬᠦ ᠬᠦᠴᠦᠨ ᠤ ᠪᠠᠭᠤᠷᠠᠯᠳᠠ ᠵᠡᠷᠭᠡ ᠪᠤᠳᠤᠯᠢᠶᠠᠨᠳᠠᠢ ᠨᠦᠬᠦᠴᠡᠯ ᠪᠠᠶᠢᠳᠠᠯ | ᠤᠨ ᠲᠤᠤᠷ᠎ᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠪᠠ ᠦᠪᠦᠷ ᠮᠤᠩᠭᠤᠯ ᠳᠤ ᠲᠤᠭᠤᠷᠢᠨ | ᠪᠠᠶᠢᠴᠠᠭᠠᠵᠤ ᠪᠠᠶᠢᠬᠤ ᠳᠠᠭᠠᠨ ᠬᠢᠭᠰᠡᠨ ᠶᠠᠷᠢᠶᠠᠨ ᠤ ᠵᠤᠷᠢᠭ ᠰᠠᠨᠠᠭ᠎ᠠ ᠶᠤᠰᠤᠭᠠᠷ ᠲᠤᠬᠳᠠᠭᠤᠨ ᠤ ᠲᠤᠮᠳᠠ ᠤᠷᠤᠬᠰᠢᠯᠠᠬᠤ | ᠠᠵᠢᠯ ᠤᠨ ᠵᠠᠷᠴᠢᠮ ᠢ ᠪᠠᠷᠢᠮᠳᠠᠯᠠᠵᠤ᠂ ᠲᠤᠬᠳᠠᠭᠤᠨ ᠢᠶᠠᠷ ᠨᠡᠮᠡᠭᠳᠡᠭᠦᠯᠬᠦ᠂ ᠪᠦᠳᠦᠴᠡ ᠶᠢ ᠲᠤᠬᠢᠷᠠᠭᠤᠯᠬᠤ᠂ ᠬᠦᠭᠵᠢᠯᠳᠡ ᠶᠢ | ᠠᠬᠢᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠠᠯ᠎ᠠ ᠶᠢᠨ ᠠᠵᠢᠯ ᠢ ᠬᠠᠮᠳᠤ | ᠳᠤᠨᠢ ᠠᠬᠢᠭᠤᠯᠤᠬᠰᠠᠨ ᠢᠶᠠᠷ ᠤᠬᠢ ᠰᠠᠶᠢᠨ ᠬᠦᠭᠵᠢᠯᠳᠡ ᠶᠢᠨ ᠪᠠᠶᠢᠳᠠᠯ ᠢ ᠪᠠᠳᠤᠯᠠᠵᠤ᠂ ᠰᠢᠨ᠎ᠡ ᠰᠢᠪᠳᠤᠯᠤᠯᠳᠠ᠂ ᠰᠢᠨ᠎ᠡ | ᠠᠮᠵᠢᠯᠳᠠ ᠭᠠᠷᠭᠠᠬᠰᠠᠨ ᠪᠠᠶᠢᠨ᠎ᠠ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 67.1 | ᠳ᠋ᠦᠩᠰᠢᠭᠤᠷ ᠲᠦᠭᠦᠷᠢᠭ ᠲᠤ ᠬᠦᠷᠴᠦ᠂ 8 % ᠶᠢᠨ ᠦᠰᠦᠯᠳᠡ ᠶᠢ ᠪᠡᠶᠡᠯᠡᠭᠦᠯᠪᠡ᠃ ᠡᠭᠦᠨ ᠳᠤ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠦᠷᠳᠡᠭ 6.5 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ 4%᠂ ᠬᠤᠶᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ 47.4 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ 9.3%᠂ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 13.24 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ | 5.6% ᠳᠤ ᠲᠤᠰ ᠲᠤᠰ ᠬᠦᠷᠪᠡ︔ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 12.7 | ᠳ᠋ᠦᠩᠰᠢᠭᠤᠷ ᠲᠦᠭᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 6.4% ᠳᠤ ᠬᠦᠷᠴᠠᠢ︔ ᠤᠯᠠᠨ ᠨᠡᠶᠢᠳᠡ ᠶᠢᠨ | ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 4.7 ᠳ᠋ᠦᠩᠰᠢᠭᠤᠷ ᠲᠦᠭᠦᠷᠢᠭ ᠲᠤ ᠬᠦᠷᠴᠦ᠂ 12.9% ᠪᠠᠷ ᠨᠡᠮᠡᠭᠳᠡᠵᠦ | ᠂ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 45.4 ᠳ᠋ᠦᠩᠰᠢᠭᠤᠷ ᠲᠦᠭᠦᠷᠢᠭ ᠲᠤ ᠬᠦᠷᠴᠦ᠂ | 20.7% ᠶᠢᠨ ᠦᠰᠦᠯᠳᠡ ᠶᠢ ᠪᠡᠶᠡᠯᠡᠭᠦᠯᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠴᠡᠪᠡᠷ ᠤᠷᠤᠯᠭ᠎ᠠ ᠲᠤᠰᠪᠤᠷᠢ 27690 ᠲᠦᠭᠦᠷᠢᠭ ᠪᠤᠯᠤᠨ 12664 ᠲᠦᠭᠦᠷᠢᠭ ᠲᠤ ᠬᠦᠷᠴᠦ᠂ ᠲᠤᠰ ᠲᠤᠰ 9.4% | ᠪᠠ 13.1% ᠪᠠᠷ ᠨᠡᠮᠡᠭᠳᠡᠵᠠᠢ᠃ | ︵ᠨᠢᠭᠡ︶ ᠠᠵᠤ ᠠᠬᠤᠢ ᠶᠢᠨ ᠬᠦᠭᠵᠢᠯᠳᠡ ᠶᠢᠨ ᠲᠦᠪᠰᠢᠨ ᠦᠷᠭᠦᠯᠵᠢᠯᠡᠨ ᠲᠤᠬᠳᠠᠭᠤᠨ ᠢᠶᠠᠷ ᠲᠡᠭᠡᠭᠰᠢᠯᠡᠪᠡ | ᠤᠳᠤᠬᠢᠴᠢᠯᠠᠬᠰᠠᠨ ᠮᠠᠯ ᠲᠠᠷᠢᠶᠠᠯᠠᠩ ᠤᠨ ᠬᠦᠭᠵᠢᠯᠳᠡ ᠲᠤᠪᠤᠶᠢᠮ᠎ᠠ ᠦᠷ᠎ᠡ ᠪᠦᠳᠦᠮᠵᠢ ᠤᠯᠵᠤ᠂ ᠠᠵᠤ | ᠦᠢᠯᠡᠰᠵᠢᠯᠳᠡ ᠶᠢᠨ ᠬᠡᠮᠵᠢᠶ᠎ᠡ ᠲᠤᠬᠳᠠᠭᠤᠨ ᠢᠶᠠᠷ ᠨᠡᠮᠡᠭᠳᠡᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠬᠤᠷᠢᠬᠯᠠᠬᠤ ᠴᠢᠳᠠᠪᠤᠷᠢ | ᠢᠯᠡᠳᠳᠡ ᠴᠢᠩᠭᠠᠷᠠᠪᠠ᠃ ᠮᠠᠯ ᠠᠵᠤ ᠠᠬᠤᠢ ᠶᠢᠨ ᠤᠨ ᠤ ᠲᠤᠭᠠᠯᠠᠯᠭ᠎ᠠ ᠶᠢᠨ ᠦᠷ᠎ᠡ ᠳ᠋ᠦᠩ ᠠᠴᠠ ᠦᠵᠡᠪᠡᠯ᠂ ᠮᠠᠯ ᠤᠨ | ᠲᠤᠭ᠎ᠠ ᠲᠤᠯᠤᠭᠠᠢ 68.8 ᠲᠦᠮᠡ ᠳᠤ ᠬᠦᠷᠴᠦ᠂ ᠵᠠᠷᠤᠴᠠᠭᠤᠯᠤᠬᠰᠠᠨ ᠮᠠᠯ ᠤᠨ ᠲᠤᠭ᠎ᠠ ᠲᠤᠯᠤᠭᠠᠢ 39 ᠲᠦᠮᠡ ᠳᠤ | ᠬᠦᠷᠪᠡ︔ ᠰᠠᠭᠠᠯᠢ ᠶᠢᠨ ᠦᠨᠢᠶ᠎ᠡ ᠮᠠᠯᠵᠢᠬᠤ ᠪᠠᠷᠢᠮᠵᠢᠶᠠᠵᠢᠬᠰᠠᠨ ᠲᠠᠯᠠᠪᠠᠢ 13 ᠪᠤᠯᠵᠤ᠂ ᠰᠠᠭᠠᠯᠢ ᠶᠢᠨ ᠦᠨᠢᠶᠡᠨ ᠤ | ᠨᠡᠶᠢᠳᠡ ᠲᠤᠭ᠎ᠠ 2.1ᠲᠦᠮᠡ ᠳᠤ ᠬᠦᠷᠴᠠᠢ᠃ ᠮᠢᠬᠠᠨ ᠤ ᠦᠬᠡᠷ ᠮᠠᠯᠵᠢᠬᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ | ᠰᠢᠨ᠎ᠡ ᠪᠠᠷ 100 ᠶᠢ ᠪᠠᠶᠢᠭᠤᠯᠤᠨ᠂ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ 27 ᠶᠢ᠂ ᠴᠠᠬᠠᠷ ᠬᠤᠨᠢᠨ ᠤ | ᠭᠤᠤᠯᠳᠠᠯᠭᠠᠳᠤ ᠰᠦᠷᠦᠭ 12 ᠢ ᠭᠠᠷᠭᠠᠪᠠ᠃ ᠬᠦᠮᠦᠨ ᠤ ᠬᠦᠴᠦ ᠪᠠᠷ ᠪᠤᠷᠳᠤᠭ᠎ᠠ ᠲᠠᠷᠢᠬᠤ ᠰᠠᠭᠤᠷᠢᠨ ᠢ 0.4 ᠲᠦᠮᠡᠨ | ᠮᠤ᠋᠂ ᠤᠰᠤᠨ ᠳᠤ ᠭᠠᠮᠳᠠᠢ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ ᠢ 1.43 ᠲᠦᠮᠡᠨ ᠮᠤ᠋ ᠰᠢᠨ᠎ᠡ ᠪᠠᠷ | ᠪᠠᠶᠢᠭᠤᠯᠤᠬᠰᠠᠨ ᠪᠠ ᠨᠢᠳᠤᠨᠤᠨ ᠨᠡᠶᠢᠳᠡ 2.65 ᠳ᠋ᠦᠩᠰᠢᠭᠤᠷ ᠺᠢᠯᠦᠭᠷᠠᠮ ᠡᠪᠡᠰᠦ ᠬᠠᠳᠤᠵᠤ ᠨᠦᠭᠡᠴᠡᠯᠡᠪᠡ︔ ᠠᠮᠤ | ᠪᠤᠳᠠᠭᠠᠨ ᠤ ᠶᠡᠷᠦᠩᠬᠡᠢ ᠤᠨᠠᠯᠳᠠ 3.15 ᠲᠦᠮᠡᠨ ᠲᠤᠨ ᠳᠤ ᠬᠦᠷᠪᠡ᠃ ᠨᠡᠶᠢᠳᠡ 9.15 ᠲᠦᠮᠡᠨ ᠲᠡᠭᠰᠢ ᠲᠦᠷᠪᠡᠯᠵᠢᠨ | ᠮᠧᠲᠷ ᠲᠠᠯᠠᠪᠠᠢ ᠪᠦᠬᠦᠢ ᠪᠠᠷᠢᠮᠵᠢᠶᠠᠵᠢᠬᠰᠠᠨ ᠮᠠᠯ ᠤᠨ ᠫᠧᠩ᠂ 13.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ | ᠮᠠᠯ ᠤᠨ ᠬᠤᠷᠤᠭ᠎ᠠ᠂ 1.48 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠡᠪᠡᠰᠦ ᠬᠠᠳᠠᠭᠠᠯᠠᠬᠤ ᠰᠠᠷᠠᠪᠴᠢ ᠪᠠ | 0.28 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠪᠦᠬᠦᠢ ᠨᠤᠭᠤᠭᠠᠨ ᠲᠠᠷᠤᠰᠢ ᠶᠢᠨ ᠵᠤᠭᠤᠷᠢ ᠶᠢ ᠲᠤᠰ ᠲᠤᠰ | ᠪᠠᠶᠢᠭᠤᠯᠪᠠ᠃ ᠰᠢᠨ᠎ᠡ ᠬᠡᠯᠪᠡᠷᠢ ᠶᠢᠨ ᠦᠢᠯᠡᠳᠪᠦᠷᠢ ᠶᠢᠨ ᠠᠵᠤ ᠠᠬᠤᠢ ᠶᠢᠨ ᠪᠦᠳᠦᠴᠡ ᠤᠯᠠᠮ ᠨᠢᠭᠡ ᠠᠯᠬᠤᠮ | ᠲᠡᠭᠦᠯᠳᠡᠷᠵᠢᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠨᠤᠷᠮ᠎ᠠ ᠲᠠᠰᠤᠷᠠᠯᠳᠠ ᠦᠭᠡᠢ ᠲᠡᠭᠡᠭᠰᠢᠯᠡᠨ᠂ ᠠᠵᠤ ᠦᠢᠯᠡᠰ | ᠤᠨ ᠪᠦᠳᠦᠴᠡ ᠶᠢ ᠰᠢᠯᠢᠳᠡᠭᠵᠢᠭᠦᠯᠬᠦ ᠳᠤ ᠲᠤᠯᠭᠠᠭᠤᠷᠢ ᠬᠦᠴᠦᠨ ᠪᠤᠯᠵᠠᠢ᠃ ᠪᠦᠬᠦ ᠵᠢᠯ ᠤᠨ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ 43.3 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 8.5% ᠪᠠᠷ ᠨᠡᠮᠡᠭᠳᠡᠨ᠂ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠶᠢᠳᠡ ᠬᠡᠮᠵᠢᠶᠡᠨ ᠤ ᠭᠤᠷᠪᠠᠨ ᠤ ᠬᠤᠶᠠᠷ ᠬᠤᠪᠢ ᠳᠤ ᠬᠦᠷᠪᠡ᠃ ᠡᠭᠦᠨ | ᠳᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 37.5 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ 8.9% ᠪᠠᠷ ᠨᠡᠮᠡᠭᠳᠡᠵᠠᠢ᠃ ᠱᠠᠩᠳᠤ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠡ | 207 ᠳ᠋ᠦᠩᠰᠢᠭᠤᠷ ᠭᠷᠡᠳᠦ᠋ᠰ ᠢ ᠲᠠᠪᠠᠵᠤ᠂ 4 ᠡᠷᠦᠬᠡ ᠰᠢᠨ᠎ᠡ ᠡᠨᠧᠷᠬᠢ ᠶᠢᠨ ᠠᠵᠤ ᠠᠬᠤᠶᠢᠯᠠᠯ ᠤᠯᠤᠰ ᠤᠨ ᠴᠠᠬᠢᠯᠭᠠᠨ | ᠰᠦᠯᠵᠢᠶᠡᠨ ᠳᠤ ᠠᠮᠵᠢᠯᠳᠠ ᠲᠠᠢ ᠨᠢᠭᠡᠳᠪᠡ᠃ ᠦᠢᠯᠡᠳᠪᠦᠷᠢ ᠶᠢᠨ ᠠᠵᠤ ᠠᠬᠤᠢ ᠡᠷᠬᠢᠯᠡᠵᠦ ᠪᠠᠶᠢᠬᠤ 2 ᠠᠵᠤ ᠠᠬᠤᠶᠢᠯᠠᠯ | ᠤᠨ ᠬᠡᠪᠴᠢᠶ᠎ᠡ ᠨᠢ ᠪᠠᠷᠢᠮᠵᠢᠶᠠᠨ ᠳᠤ ᠬᠦᠷᠴᠦ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ | ᠨᠡᠮᠡᠭᠳᠡᠨ 11 ᠪᠤᠯᠪᠠ᠃ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠲᠠᠰᠤᠷᠠᠯᠳᠠ ᠦᠭᠡᠢ ᠰᠢᠨᠡᠴᠢᠯᠡᠭᠳᠡᠵᠦ᠂ | ᠤᠳᠤᠬᠢᠴᠢᠯᠠᠬᠰᠠᠨ ᠦᠢᠯᠡᠴᠢᠯᠡᠭᠡᠨ ᠤ ᠦᠢᠯᠡᠰ ᠦᠳᠳᠡᠷ ᠲᠦᠷᠭᠡᠨ ᠬᠦᠭᠵᠢᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ | ᠪᠤᠷᠤᠭᠤᠯᠤᠯᠳᠠ ᠶᠢᠨ ᠶᠡᠷᠦᠩᠬᠡᠢ ᠦᠷᠳᠡᠭ 11 ᠳ᠋ᠦᠩᠰᠢᠭᠤᠷ ᠲᠦᠭᠦᠷᠢᠭ ᠢ ᠲᠠᠪᠠᠪᠠ᠃ ︽ᠲᠤᠮᠳᠠᠳᠤ ᠤᠯᠤᠰ᠂ ᠶᠤᠸᠠᠨ ᠤ | ᠲᠡᠭᠡᠳᠦ ᠨᠡᠶᠢᠰᠯᠡᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠤᠨ ᠨᠦᠯᠦᠭᠡᠯᠡᠬᠦ ᠬᠦᠴᠦᠨ ᠤᠯᠠᠮ ᠨᠢᠭᠡ ᠠᠯᠬᠤᠮ | ᠦᠷᠭᠡᠳᠴᠦ᠂ ᠪᠦᠬᠦ ᠵᠢᠯ ᠤᠨ ᠬᠦᠯᠢᠶᠡᠨ ᠠᠪᠤᠬᠰᠠᠨ ᠵᠢᠭᠤᠯᠴᠢᠳ ᠤᠨ ᠲᠤᠭ᠎ᠠ 50 ᠲᠦᠮᠡᠨ ᠬᠦᠮᠦᠨ ᠤᠳᠠᠭ᠎ᠠ ᠶᠢ ᠲᠠᠪᠠᠨ | ᠂ 3 ᠳ᠋ᠦᠩᠰᠢᠭᠤᠷ ᠭᠠᠷᠤᠢ ᠲᠦᠭᠦᠷᠢᠭ ᠤᠨ ᠤᠷᠤᠯᠭ᠎ᠠ ᠡᠭᠦᠳᠪᠡ᠃ ᠮᠦᠩᠭᠦᠨ ᠬᠦᠢᠯᠬᠡᠬᠡᠨ ᠤ ᠦᠢᠯᠡᠰ ᠤᠨ ᠬᠠᠳᠠᠭᠠᠯᠠᠮᠵᠢ | ᠪᠤᠯᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠲᠤᠰ ᠲᠤᠰ 23 ᠳ᠋ᠦᠩᠰᠢᠭᠤᠷ ᠪᠠ 62 ᠳ᠋ᠦᠩᠰᠢᠭᠤᠷ ᠲᠦᠭᠦᠷᠢᠭ ᠢ | ᠲᠠᠪᠠᠭᠰᠠᠨ ᠪᠠᠶᠢᠨ᠎ᠠ᠃ ᠲᠦᠰᠦᠯ ᠤᠨ ᠪᠦᠳᠦᠭᠡᠨ ᠪᠠᠶᠢᠭᠤᠯᠤᠯᠳᠠ ᠢᠯᠡᠳᠳᠡ ᠠᠬᠢᠯᠳᠠ ᠲᠠᠢ ᠪᠤᠯᠵᠤ᠂ ᠪᠦᠬᠦ ᠵᠢᠯ ᠳᠤ | ᠬᠡᠷᠡᠭᠵᠢᠭᠦᠯᠦᠭᠰᠡᠨ 50 ᠲᠦᠮᠡᠨ ᠲᠦᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠲᠠᠢ ᠲᠦᠰᠦᠯ ᠨᠡᠶᠢᠳᠡ 107 ᠳᠤ | ᠬᠦᠷᠴᠦ ᠵᠢᠯ ᠤᠨ ᠡᠬᠢᠨ ᠤ ᠲᠦᠯᠦᠪᠯᠡᠭᠡ ᠠᠴᠠ 22 ᠪᠠᠷ ᠢᠯᠡᠭᠦᠤ ᠬᠡᠷᠡᠭᠵᠢᠭᠦᠯᠦᠭᠳᠡᠪᠡ᠃ ᠡᠭᠦᠨ ᠤ ᠲᠤᠳᠤᠷ᠎ᠠ ᠤᠷᠢᠵᠦ | ᠤᠷᠤᠭᠤᠯᠤᠬᠰᠠᠨ ᠲᠦᠰᠦᠯ 34 ᠪᠠᠶᠢᠵᠤ᠂ ᠪᠤᠳᠠᠳᠠᠢ ᠨᠠᠶᠢᠳᠠᠪᠤᠷᠢᠵᠢᠬᠳᠠᠬᠰᠠᠨ ᠠᠶᠢᠮᠠᠭ ᠤᠨ ᠭᠠᠳᠠᠨᠠᠬᠢ ᠪᠡᠯᠡ ᠮᠦᠩᠭᠦ 33. | 74 ᠳ᠋ᠦᠩᠰᠢᠭᠤᠷ ᠲᠦᠭᠦᠷᠢᠭ ᠲᠤ ᠬᠦᠷᠪᠡ᠃ ᠠᠵᠤ ᠤᠶᠢᠯᠡᠳᠪᠤᠷᠢ ᠶᠢᠨ ᠲᠤᠭᠤᠷᠢᠭ ᠲᠠᠬᠢ ᠠᠵᠤ ᠤᠶᠢᠯᠠᠰ ᠤᠨ | ᠲᠦᠪᠯᠡᠷᠡᠯ ᠨᠦᠯᠦᠭᠡᠯᠡᠯ ᠤᠨ ᠦᠷ᠎ᠡ ᠠᠰᠢᠭ ᠲᠠᠰᠤᠷᠠᠯᠳᠠ ᠦᠭᠡᠢ ᠨᠡᠮᠡᠭᠳᠡᠨ᠂ ᠪᠦᠬᠦ ᠵᠢᠯ ᠳᠤ 107 ᠳ᠋ᠦᠩᠰᠢᠭᠤᠷ | ᠲᠦᠭᠦᠷᠢᠭ ᠤᠨ ᠠᠵᠤ ᠤᠶᠢᠯᠠᠳᠪᠤᠷᠢ ᠶᠢᠨ ᠶᠡᠷᠦᠩᠬᠡᠢ ᠦᠷᠳᠡᠭ ᠢ ᠪᠡᠶᠡᠯᠡᠭᠦᠯᠦᠨ᠂ 4400 ᠭᠠᠷᠤᠢ ᠬᠦᠮᠦᠨ ᠳᠤ ᠠᠵᠢᠯ | ᠤᠯᠭᠤᠵᠤ᠂ ᠮᠠᠨ ᠤ ᠬᠤᠰᠢᠭᠤᠨ ᠤ ᠠᠵᠤ ᠤᠶᠢᠯᠡᠳᠪᠤᠷᠢ ᠶᠢᠨ ᠲᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠱᠠᠳᠤᠨ | ᠤ ᠤᠷᠴᠢᠯᠳᠦ ᠠᠵᠤ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠠᠮᠵᠢᠯᠳᠠ ᠲᠠᠢ ᠪᠦᠷᠢᠳᠬᠡᠭᠦᠯᠵᠡᠢ᠃ ᠲᠤᠮᠳᠠ | ᠪᠠᠭ᠎ᠠ ᠠᠵᠤ ᠠᠬᠤᠶᠢᠯᠠᠯ ᠤᠨ ᠬᠦᠭᠵᠢᠯᠳᠡ ᠶᠢ ᠠᠬᠢᠭᠤᠯᠬᠤ ᠡᠭᠦᠳᠡᠨ ᠠᠴᠠ ᠮᠦᠩᠭᠦᠨ ᠬᠦᠢᠯᠬᠡᠬᠡᠨ ᠤ ᠨᠢᠭᠡᠴᠡ ᠪᠤᠯᠤᠨ | ᠠᠵᠤ ᠠᠬᠤᠶᠢᠯᠠᠯ ᠤᠨ ᠬᠤᠭᠤᠷᠤᠨᠳᠤ ᠬᠠᠮᠳᠤᠷᠠᠯᠴᠠᠨ ᠪᠡᠯᠡ ᠨᠡᠶᠢᠯᠡᠭᠦᠯᠦᠭᠰᠡᠨ 800 ᠲᠦᠮᠡᠨ ᠲᠦᠭᠦᠷᠢᠭ ᠤᠨ ᠪᠡᠯᠡ | ᠮᠦᠩᠭᠦ ᠪᠠᠷ ᠲᠠᠮᠵᠢᠭᠤᠯᠤᠨ ᠲᠡᠭᠡᠳᠦ ᠱᠠᠳᠤᠨ ᠠᠴᠠ 558 ᠲᠦᠮᠡᠨ ᠲᠦᠭᠦᠷᠢᠭ ᠤᠨ ᠱᠠᠩᠨᠠᠯ ᠤᠨ ᠮᠦᠩᠭᠦ ᠤᠯᠤᠬᠰᠠᠨ | ᠪᠦᠭᠡᠳ ᠱᠠᠩᠳᠤ ᠪᠠᠳᠤᠯᠠᠭ᠎ᠠ ᠶᠢᠨ ᠺᠤᠮᠫᠠᠨᠢ ᠶᠢᠨ ᠪᠡᠯᠡ ᠬᠤᠷᠠᠮᠳᠤᠭᠤᠯᠬᠤ ᠲᠠᠪᠴᠠᠩ ᠨᠢ 1460 ᠲᠦᠮᠡᠨ ᠲᠦᠭᠦᠷᠢᠭ ᠤᠨ | ᠪᠠᠳᠤᠯᠠᠭ᠎ᠠ ᠶᠢᠨ ᠵᠢᠭᠡᠯᠡᠯᠭᠡ ᠲᠠᠯᠪᠢᠵᠦ ᠡᠳᠡᠭᠡᠷ ᠵᠢᠭᠡᠯᠡᠯᠭᠡ ᠶᠢ ᠲᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ | ᠲᠡᠮᠵᠢᠬᠦ ᠳᠤ ᠵᠤᠷᠢᠭᠤᠯᠪᠠ᠃ | ︵ᠬᠤᠶᠠᠷ︶ ᠬᠦᠭᠵᠢᠯᠳᠡ ᠶᠢᠨ ᠤᠷᠴᠢᠨ ᠠᠬᠤᠢ ᠢᠯᠡᠳᠳᠡ ᠰᠠᠶᠢᠵᠢᠷᠠᠪᠠ | ᠴᠢᠬᠤᠯᠠ ᠴᠢᠬᠤᠯᠠ ᠲᠤᠮᠤᠬᠠᠨ ᠬᠡᠮᠵᠢᠶᠡᠨ ᠤ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠲᠦᠰᠦᠯ ᠢ | ᠵᠤᠬᠢᠴᠠᠭᠤᠯᠤᠨ ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠪᠡ᠃ ᠱᠠᠩᠳᠤ ᠨᠢᠰᠬᠡᠯ ᠤᠨ ᠪᠠᠭᠤᠳᠠᠯ ᠤᠨ ᠪᠠᠶᠢᠷᠢ ᠶᠢ ᠨᠢᠭᠡᠨᠳᠡ | ᠲᠤᠬᠳᠠᠭᠠᠬᠰᠠᠨ ᠪᠦᠭᠡᠳ 207 ᠳ᠋ᠤᠭᠠᠷ ᠤᠯᠤᠰ ᠤᠨ ᠵᠠᠮ ᠤᠨ ᠰᠢᠯᠢᠩᠬᠤᠳᠠ ᠠᠴᠠ ᠰᠠᠩ ᠤᠨ ᠲᠠᠯᠠᠢ ᠬᠦᠷᠬᠦ ᠲᠦᠷᠭᠡᠨ | ᠤ ᠵᠠᠮ᠂ ᠰᠠᠩ ᠤᠨ ᠲᠠᠯᠠᠢ ᠠᠴᠠ ᠪᠤᠥᠴᠠᠩ ᠬᠦᠷᠬᠦ ᠲᠦᠷᠭᠡᠨ ᠤ ᠵᠠᠮ᠂ ᠪᠡᠭᠡᠵᠢᠩ ᠬᠦᠷᠬᠦ ᠵᠠᠰᠠᠮᠠᠯ ᠵᠠᠮ ᠤᠨ ᠰᠠᠩ ᠤᠨ | ᠲᠠᠯᠠᠢ ᠠᠴᠠ ᠲᠤᠯᠤᠨ ᠨᠠᠭᠤᠷ ᠤᠨ ᠱᠢ ᠡᠥ ᠬᠤᠥ ᠰᠢᠶᠠᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠵᠡᠷᠭᠡ ᠮᠠᠨ ᠤ | ᠬᠤᠰᠢᠭᠤᠨ ᠤ ᠬᠢᠯᠢ ᠲᠤᠳᠤᠷᠠᠬᠢ ᠵᠠᠮ ᠱᠤᠭᠤᠮ ᠤᠳ ᠪᠦᠬᠦᠨ ᠢᠶᠠᠷ ᠢᠶᠠᠨ ᠠᠰᠢᠬᠯᠠᠯᠳᠠ ᠳᠤ ᠤᠷᠤᠪᠠ᠃ ᠵᠢᠨᠢᠩ ᠠᠴᠠ | ᠲᠦᠩᠯᠢᠶᠤᠥ ᠬᠦᠷᠬᠦ ᠲᠡᠮᠦᠷ ᠵᠠᠮ ᠤᠨ ᠲᠠᠳ᠋ ᠱᠤᠭᠤᠮ᠂ ᠰᠢᠯᠤᠭᠤᠨ ᠬᠦᠬᠡ ᠠᠴᠠ ᠴᠢᠭᠤᠯᠤᠯᠳᠤ ᠬᠠᠭᠠᠯᠭ᠎ᠠ ᠬᠦᠷᠬᠦ ᠲᠡᠮᠦᠷ | ᠵᠠᠮ᠂ ᠰᠢᠯᠢᠩᠬᠤᠳᠠ ᠠᠴᠠ ᠲᠤᠯᠤᠨ ᠨᠠᠭᠤᠷ ᠬᠦᠷᠬᠦ ᠲᠡᠮᠦᠷ ᠵᠠᠮ ᠤᠨ ᠲᠠᠪᠬᠤᠷ ᠱᠤᠭᠤᠮ ᠤᠨ ᠲᠦᠰᠦᠯ ᠴᠦ ᠲᠦᠯᠦᠪᠯᠡᠭᠡ | ᠶᠤᠰᠤᠭᠠᠷ ᠶᠠᠪᠤᠬᠳᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠳᠤ ᠨᠡᠶᠢᠳᠡ 111 ᠺᠢᠯᠦᠮᠧᠲᠷ ᠤᠨ ᠼᠧᠮᠧᠨ᠋ᠲ ᠵᠠᠮ | ᠵᠠᠰᠠᠬᠰᠠᠨ ᠪᠦᠭᠡᠳ ᠱᠠᠩᠳᠤ ᠪᠠᠯᠭᠠᠰᠤᠨ ᠤ 110 ᠺᠢᠯᠤᠸᠤᠯᠲ᠂ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ ᠪᠤᠯᠤᠨ | ᠪᠤᠷᠤᠬᠤᠳᠠ ᠵᠢᠱᠢᠶ᠎ᠡ ᠦᠵᠡᠭᠦᠯᠬᠦ ᠲᠤᠭᠤᠷᠢᠭ ᠤᠨ 35 ᠺᠢᠯᠤᠸᠤᠯᠲ ᠤᠨ ᠴᠠᠬᠢᠯᠭᠠᠨ ᠤᠷᠤᠭᠤᠯᠬᠤ ᠢᠨᠵᠧᠨᠧᠷᠢᠩ ᠪᠦᠬᠦᠨ | ᠢᠶᠠᠷ ᠵᠶ᠋ᠠᠨᠠᠰᠢᠬᠯᠠᠯᠳᠠ ᠳᠤ ᠤᠷᠤᠪᠠ᠃ ᠴᠠᠬᠢᠯᠭᠠᠨ ᠱᠤᠭᠤᠮ ᠤᠨ ᠦᠭᠡᠷᠡᠴᠢᠯᠡᠯᠳᠡ ᠳᠤ ᠤᠷᠤᠭᠤᠯᠤᠬᠰᠠᠨ ᠪᠡᠯᠡ | ᠤᠷᠤᠭᠤᠯᠤᠯᠳᠠ 1 ᠳ᠋ᠦᠩᠰᠢᠭᠤᠷ ᠲᠦᠭᠦᠷᠢᠭ ᠢ ᠲᠠᠪᠠᠵᠤ᠂ ᠴᠠᠬᠢᠯᠭᠠᠨ ᠡᠷᠴᠢᠮ ᠬᠦᠴᠦᠨ ᠤ ᠬᠠᠩᠭᠠᠯᠭ᠎ᠠ ᠶᠢ ᠪᠦᠳᠦᠮᠵᠢᠳᠠᠢ | ᠪᠠᠳᠤᠯᠠᠪᠠ᠃ ᠬᠤᠳᠠ ᠶᠢᠨ ᠪᠦᠳᠦᠭᠡᠨ ᠪᠠᠶᠢᠭᠤᠯᠤᠯᠳᠠ ᠳᠤ 1.38 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ | ᠶᠢ ᠪᠡᠶᠡᠯᠡᠭᠦᠯᠵᠦ᠂ 31.5 ᠲᠦᠮᠡᠨ ᠲᠡᠭᠰᠢ ᠲᠦᠷᠪᠡᠯᠵᠢᠨ ᠮᠧᠲᠷ ᠤᠨ ᠬᠤᠳᠠ ᠪᠠᠯᠭᠠᠰᠤᠨ ᠤ ᠵᠠᠮ ︵ᠶᠠᠪᠠᠭᠠᠨ ᠬᠦᠮᠦᠨ ᠤ | ᠵᠠᠮ︶ ᠢ ᠵᠠᠰᠠᠵᠤ ᠬᠠᠮᠠᠭᠠᠯᠠᠨ᠂ ᠪᠤᠬᠢᠷ ᠤᠰᠤ ᠭᠠᠳᠠᠬᠰᠢᠯᠠᠭᠤᠯᠬᠤ ᠰᠤᠪᠠᠭ᠂ ᠲᠦᠬᠡᠭᠡᠯ ᠤᠰᠤ᠂ ᠨᠡᠶᠢᠳᠡ ᠶᠢᠨ ᠲᠤᠯᠠᠭᠠᠯᠭ᠎ᠠ | ᠂ ᠰᠢᠳᠠᠮᠠᠬᠠᠢ ᠬᠡᠢ ᠶᠢᠨ ᠬᠤᠭᠤᠯᠠᠢ ᠵᠡᠷᠭᠡ ᠶᠢ ᠨᠡᠶᠢᠳᠡ 19.7 ᠤᠷᠳᠤᠭᠠᠰᠢ ᠺᠢᠯᠦᠮᠧᠲᠷ ᠤᠭᠰᠠᠷᠠᠯᠳᠠ ᠶᠠᠪᠤᠭᠤᠯᠤᠭᠰᠠᠨ | ᠢᠶᠠᠷ ᠪᠠᠯᠭᠠᠰᠤᠨ ᠲᠤᠭᠤᠷᠢᠭ ᠤᠨ ᠦᠨᠳᠦᠰᠦᠨ ᠨᠦᠬᠦᠴᠡᠯ ᠢᠯᠡᠳᠳᠡ ᠰᠠᠶᠢᠵᠢᠷᠠᠯᠳᠠ ᠲᠠᠢ ᠪᠤᠯᠪᠠ᠃ ᠬᠢᠵᠠᠭᠠᠷᠯᠠᠬᠰᠠᠨ | ᠲᠤᠭ᠎ᠠ ᠨᠤᠷᠮ᠎ᠠ ᠶᠤᠰᠤᠭᠠᠷ ᠡᠨᠧᠷᠭᠢ ᠶᠢ ᠠᠷᠪᠢᠯᠠᠵᠤ ᠪᠤᠬᠢᠷᠳᠤᠯ ᠢ ᠪᠠᠭᠠᠰᠬᠠᠬᠤ ᠠᠵᠢᠯ ᠢ ᠰᠠᠶᠢᠳᠤᠷ ᠬᠢᠭᠰᠡᠨ ᠤ ᠳ᠋ᠦᠩ ᠳᠤ | ᠨᠢᠭᠡᠴᠢ GDP ᠶᠢᠨ ᠡᠨᠧᠷᠬᠢ ᠶᠢᠨ ᠵᠠᠷᠤᠴᠠᠭᠤᠯᠤᠯᠳᠠ 5.5 % ᠪᠠᠷ ᠲᠤᠷᠤᠬᠰᠢᠯᠠᠵᠠᠢ᠃ ᠠᠮᠢ ᠠᠬᠤᠢ ᠶᠢᠨ ᠤᠷᠴᠢᠨ | ᠲᠤᠭᠤᠷᠢᠨ ᠢ ᠬᠠᠮᠠᠭᠠᠯᠠᠬᠤ ᠲᠠᠯ᠎ᠠ ᠪᠠᠷ ᠲᠠᠰᠤᠷᠠᠯᠳᠠ ᠦᠭᠡᠢ ᠴᠢᠩᠭᠠᠳᠬᠠᠵᠤ᠂ 1.9 ᠲᠦᠮᠡᠨ ᠮᠤ᠋ ᠲᠠᠯᠠᠪᠠᠢ ᠳᠤ ᠡᠯᠡᠰᠤᠨ ᠤ | ᠡᠬᠢ ᠶᠢ ᠵᠠᠰᠠᠵᠤ ᠤᠶᠢᠵᠢᠭᠤᠯᠬᠤ ᠪᠦᠳᠦᠭᠡᠨ ᠪᠠᠶᠢᠭᠤᠯᠤᠯᠳᠠ ᠶᠢ ᠦᠷᠨᠢᠭᠦᠯᠵᠦ᠂ ᠭᠤᠥᠯᠳᠠᠯᠭ᠎ᠠ ᠲᠠᠢ ᠤᠷᠤᠨ ᠲᠤᠭᠤᠷᠢᠭ | ᠲᠤ 6300 ᠮᠤ᠋ ᠤᠶᠢᠵᠢᠭᠤᠯᠤᠯᠳᠠ ᠬᠢᠵᠦ᠂ 6000 ᠮᠤ᠋ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠰᠠᠨ ᠪᠦᠭᠡᠳ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠪᠢ ᠳᠠᠬᠢ ᠭᠤᠥᠯ ᠤᠨ ᠤᠰᠤ ᠶᠢ ᠵᠠᠰᠠᠬᠤ ᠪᠠ ᠱᠠᠩᠳᠤ ᠶᠢᠨ ᠭᠤᠥᠯ | ᠤᠨ ᠪᠤᠷᠤᠬᠤᠳᠠ ᠤᠷᠴᠢᠮ ᠤᠨ ᠤᠷᠤᠰᠬᠠᠯ ᠢ ᠵᠠᠰᠠᠬᠤ ᠵᠡᠷᠭᠡ ᠤᠰᠤᠨ ᠠᠰᠢᠬᠯᠠᠯᠳᠠ ᠶᠢᠨ ᠢᠨᠵᠧᠨᠧᠷᠢᠩ ᠢ ᠬᠡᠷᠡᠭᠵᠢᠭᠦᠯᠪᠡ᠃ | ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠤᠷᠤᠭᠤᠯᠤᠬᠰᠠᠨ ᠡᠯ᠎ᠡ ᠲᠦᠷᠦᠯ ᠤᠨ ᠲᠦᠰᠦᠯ ᠤᠨ ᠪᠡᠯᠡ ᠮᠦᠩᠭᠦ | ᠨᠡᠶᠢᠳᠡ 7700 ᠲᠦᠮᠡᠨ ᠲᠦᠭᠦᠷᠢᠭ ᠠᠴᠠ ᠲᠡᠭᠡᠭᠰᠢ ᠳᠤ ᠬᠦᠷᠴᠠᠢ︔ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠡᠶᠢᠳᠡ 1442 ᠲᠦᠮᠡᠨ | ᠮᠤ᠋ ᠨᠤᠳᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠬᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ | ᠴᠢᠩᠭ᠎ᠠ ᠬᠡᠷᠡᠭᠵᠢᠭᠦᠯᠵᠦ᠂ ᠬᠠᠷᠠᠭᠠᠯᠵᠠᠬᠰᠠᠨ ᠨᠦᠬᠦᠪᠦᠷᠢ ᠮᠦᠩᠭᠦ ᠶᠢ ᠨᠡᠶᠢᠳᠡ 8035 ᠲᠦᠮᠡᠨ ᠲᠦᠭᠦᠷᠢᠭ | ᠪᠠᠭᠤᠯᠭᠠᠬᠰᠠᠨ ᠪᠠᠶᠢᠨ᠎ᠠ᠃ ᠠᠮᠢᠳᠠᠨ ᠤ ᠬᠢᠵᠢᠭ ᠬᠡᠮ ᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ᠂ | ᠪᠷᠦ᠋ᠽᠧᠯ ᠡᠪᠡᠳᠴᠢᠨ ᠢ ᠪᠦᠳᠦᠮᠵᠢᠳᠠᠢ ᠬᠤᠷᠢᠬᠯᠠᠵᠤ ᠴᠢᠳᠠᠪᠠ᠃ ᠠᠭᠤᠯᠠᠨ ᠦᠶᠡᠷ ᠢ ᠰᠡᠷᠭᠡᠶᠢᠯᠡᠨ ᠵᠠᠰᠠᠬᠤ᠂ ᠲᠠᠯ᠎ᠠ | ᠨᠤᠳᠤᠭ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭ᠎ᠠ ᠬᠢᠨᠠᠮᠠᠭᠠᠢ ᠶᠠᠪᠤᠬᠳᠠᠭᠤᠯᠤᠬᠰᠠᠨ ᠪᠦᠭᠡᠳ ᠭᠠᠵᠠᠷ ᠰᠢᠨᠵᠢᠯᠡᠭᠡᠨ | ᠤ ᠤᠷᠴᠢᠨ ᠲᠤᠭᠤᠷᠢᠨ ᠤ ᠴᠡᠭᠴᠡᠯᠡᠯᠳᠡ ᠶᠢᠨ ᠠᠵᠢᠯ ᠢ ᠴᠢᠩᠭᠠᠳᠬᠠᠨ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ | ᠠᠰᠢᠬᠯᠠᠯᠳᠠ ᠶᠢ ᠲᠦᠷᠢᠮᠵᠢᠭᠦᠯᠵᠦ᠂ ᠬᠠᠤᠯᠢ ᠪᠤᠰᠤ ᠪᠠᠷ ᠨᠤᠳᠤᠭ ᠪᠡᠯᠴᠢᠭᠡᠷ ᠢ ᠬᠠᠭᠠᠯᠪᠤᠷᠢᠯᠠᠬᠰᠠᠨ ᠠᠵᠢᠯᠯᠠᠭ᠎ᠠ ᠳᠤ | ᠴᠢᠩᠭ᠎ᠠ ᠴᠤᠬᠢᠯᠳᠠ ᠦᠭᠪᠡ᠃ ᠠᠮᠢ ᠠᠬᠤᠢ ᠶᠢᠨ ᠤᠷᠴᠢᠨ ᠰᠠᠶᠢᠵᠢᠷᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ | ᠡᠬᠢ ᠪᠠᠶᠠᠯᠢᠭ ᠤᠨ ᠨᠡᠭᠡᠭᠡᠯᠳᠡ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠭᠤᠷᠤᠨᠳᠤᠬᠢ ᠵᠤᠬᠢᠴᠠᠩᠭᠤᠢ | ᠬᠦᠭᠵᠢᠯᠳᠡ ᠶᠢ ᠠᠬᠢᠭᠤᠯᠵᠤ᠂ ᠬᠠᠷᠢᠴᠠᠩᠭᠤᠢ ᠲᠤᠬᠳᠠᠪᠤᠷᠢᠳᠠᠢ ᠠᠮᠢ ᠠᠬᠤᠢ ᠶᠢᠨ ᠬᠠᠮᠠᠭᠠᠯᠠᠯᠳᠠ ᠶᠢᠨ ᠰᠢᠰᠲ᠋ᠧᠮ ᠢ ᠠᠩᠬ᠎ᠠ | ᠠᠯᠬᠤᠮ ᠪᠦᠷᠢᠯᠳᠦᠭᠦᠯᠪᠡ᠃ | ︵ᠭᠤᠷᠪᠠ︶ ᠠᠷᠠᠳ ᠤᠨ ᠠᠮᠢᠳᠤᠷᠠᠯ ᠢ ᠬᠠᠷᠠᠭᠠᠯᠵᠠᠬᠤ ᠢᠨᠵᠧᠨᠧᠷᠢᠩ ᠴᠢᠬᠤᠯᠠ ᠠᠬᠢᠯᠳᠠ ᠲᠠᠢ ᠪᠤᠯᠪᠠ | ᠪᠦᠬᠦ ᠵᠢᠯ ᠳᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠤᠬᠰᠠᠨ ᠵᠠᠷᠤᠯᠭ᠎ᠠ ᠶᠢᠨ | ᠬᠡᠮᠵᠢᠶ᠎ᠡ 6.79 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠬᠤᠰᠢᠭᠤᠨ ᠤ ᠤᠯᠠᠨ ᠨᠡᠶᠢᠳᠡ ᠶᠢᠨ ᠡᠳ᠋ ᠤᠨ ᠵᠠᠰᠠᠭ | ᠤᠨ ᠵᠠᠷᠤᠯᠭ᠎ᠠ ᠶᠢᠨ ᠲᠦᠰᠦᠪ ᠤᠨ 55 % ᠶᠢ ᠡᠵᠡᠯᠡᠪᠡ᠃ ᠦᠪᠡᠷ ᠲᠤ ᠪᠠᠨ ᠡᠵᠡᠮᠰᠢᠬᠦ ᠡᠳ᠋ ᠤᠨ ᠬᠦᠴᠦᠨ ᠲᠦᠢᠯ ᠤᠨ | ᠬᠢᠵᠠᠭᠠᠷᠳᠠᠢ ᠪᠠᠶᠢᠳᠠᠯ ᠲᠤᠤᠷ᠎ᠠ ᠵᠢᠯ ᠤᠨ ᠡᠬᠢᠨ ᠳᠤ ᠠᠷᠠᠳ ᠲᠤ ᠠᠮᠠᠯᠳᠤᠬᠰᠠᠨ ᠬᠡᠳᠦᠨ ᠵᠦᠢᠯ ᠤᠨ ᠪᠤᠳᠠᠳᠠᠢ ᠠᠵᠢᠯ ᠢ | ᠪᠦᠳᠦᠮᠵᠢᠳᠠᠢ ᠨᠠᠶᠢᠳᠠᠪᠤᠷᠢᠵᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ | ᠬᠤᠷᠳᠤᠴᠠ ᠶᠢ ᠪᠠᠳᠤᠯᠠᠬᠰᠠᠨ ᠪᠦᠭᠡᠳ ᠡᠨᠡ ᠬᠤᠷᠳᠤᠴᠠ ᠨᠢ ᠨᠢᠭᠡᠨᠳᠡ ᠠᠵᠤ ᠠᠬᠤᠢ ᠶᠢᠨ ᠨᠡᠮᠡᠭᠳᠡᠯ ᠬᠤᠷᠳᠤᠴᠠ ᠶᠢ | ᠲᠠᠪᠠᠭᠰᠠᠨ ᠪᠠᠶᠢᠨ᠎ᠠ᠃ ᠨᠠᠶᠢᠳᠠ 1.58 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ 19 ᠭᠠᠴᠠᠭ᠎ᠠ ᠲᠤᠰᠬᠤᠨ ᠳᠤ | ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠨᠠᠢᠮᠠᠨ ᠵᠢᠱᠢᠶ᠎ᠡ ᠦᠵᠡᠭᠦᠯᠬᠦ ᠲᠤᠰᠬᠤᠨ᠂ ᠵᠢᠷᠭᠤᠭᠠᠨ | ᠪᠠᠷᠢᠮᠵᠢᠶᠠᠵᠢᠬᠰᠠᠨ ᠲᠤᠰᠬᠤᠨ ᠪᠤᠯᠤᠨ ᠲᠠᠪᠤᠨ ᠬᠢᠷᠢ ᠲᠡᠩᠴᠡᠭᠰᠡᠨ ᠲᠤᠰᠬᠤᠨ ᠢ ᠭᠤᠤᠯᠳᠠᠯᠭ᠎ᠠ ᠲᠠᠢ ᠪᠦᠳᠦᠭᠡᠨ ᠪᠠᠶᠢᠭᠤᠯᠪᠠ | ᠃ ᠮᠠᠯᠵᠢᠬᠤ ᠲᠠᠷᠢᠶᠠᠯᠠᠬᠤ ᠤᠷᠤᠨ ᠤ 1600 ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠪᠤᠯᠤᠨ ᠲᠠᠷᠢᠶ᠎ᠠ ᠲᠠᠷᠢᠵᠤ | ᠪᠠᠶᠢᠬᠤ ᠭᠠᠵᠠᠷ ᠤᠨ 320 ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠬᠡᠵᠦ᠂ 1937 ᠬᠦᠮᠦᠨ | ᠵᠢᠴᠢ 1.14 ᠲᠦᠮᠡᠨ ᠲᠤᠯᠤᠭᠠᠢ ᠮᠠᠯ ᠤᠨᠤᠭᠠᠨ ᠤ ᠤᠰᠤ ᠤᠮᠳᠠᠨ ᠤ ᠠᠮᠤᠷ ᠲᠦᠪᠰᠢᠨ ᠤ ᠠᠰᠠᠭᠤᠳᠠᠯ ᠪᠠ 450 | ᠬᠦᠮᠦᠨ᠂ 6960 ᠲᠤᠯᠤᠭᠠᠢ ᠮᠠᠯ ᠤᠨᠤᠭᠠᠨ ᠤ ᠤᠥᠭᠤᠬᠤ ᠤᠰᠤ ᠲᠤᠳᠠᠬᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ | ᠃ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠳᠤ ᠨᠡᠶᠢᠳᠡ 71.9 ᠺᠢᠯᠤᠮᠧᠲᠷ ᠤᠨ ᠬᠠᠳᠠᠭᠤᠷᠠᠭᠤᠯᠤᠯᠳᠠ ᠬᠢᠵᠦ᠂ | 3452 ᠡᠷᠦᠬᠡ ︵ᠡᠭᠦᠨ ᠳᠤ 77 ᠡᠷᠦᠬᠡ ᠳᠤ ᠰᠢᠨ᠎ᠡ ᠪᠠᠷ ᠤᠬᠰᠠᠷᠠᠪᠠ︶ ᠶᠢᠨ ᠨᠠᠷᠠ ᠰᠠᠯᠬᠢᠨ ᠤ ᠬᠤᠤᠰ ᠡᠨᠧᠷᠬᠢ ᠶᠢᠨ | ᠴᠠᠬᠢᠯᠭᠠᠨ ᠭᠠᠷᠭᠠᠬᠤ ᠲᠦᠬᠦᠭᠡᠷᠦᠮᠵᠢ ᠶᠢ ᠦᠭᠡᠷᠡᠴᠢᠯᠡᠨ ᠰᠢᠨᠡᠴᠢᠯᠡᠵᠦ᠂ 78 ᠡᠷᠦᠬᠡ ᠳᠤ ᠪᠠᠶᠢᠩᠭᠤ ᠶᠢᠨ ᠴᠠᠬᠢᠯᠭᠠᠨ | ᠨᠡᠪᠳᠡᠷᠡᠭᠦᠯᠪᠡ︔ 4 ᠰᠤᠷᠭᠠᠭᠤᠯᠢ ᠳᠤ ᠰᠢᠨ᠎ᠡ ᠪᠠᠷ ᠪᠤᠶᠤ ᠦᠷᠭᠡᠳᠭᠡᠬᠦ ᠪᠠᠷᠢᠯᠭ᠎ᠠ ᠶᠠᠪᠤᠬᠳᠠᠭᠤᠯᠵᠤ ᠨᠡᠶᠢᠳᠡ 1.23 | ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠪᠠᠶᠢᠷᠢ ᠶᠢᠨ ᠠᠰᠠᠷ ᠪᠠᠶᠢᠭᠤᠯᠪᠠ︔ ᠷᠠᠳᠢᠤ᠋ ᠲᠧᠯᠸᠢᠰ ᠴᠢᠮᠡᠭᠡ | ᠨᠡᠪᠳᠡᠷᠡᠭᠦᠯᠭᠡ ᠶᠢᠨ ᠲᠦᠬᠦᠭᠡᠷᠦᠮᠵᠢ ᠶᠢ 2000 ᠢᠵᠢ ᠲᠠᠷᠬᠠᠭᠠᠨ᠂ ᠷᠠᠳᠢᠤ᠋ ᠲᠧᠯᠸᠢᠰ ᠤᠨ ᠪᠦᠷᠬᠦᠴᠡ ᠶᠢᠨ ᠬᠡᠮᠵᠢᠶ᠎ᠡ | ᠲᠤᠰ ᠲᠤᠰ 96% ᠪᠠ 97% ᠳᠤ ᠬᠦᠷᠪᠡ︔ ᠭᠠᠴᠠᠭ᠎ᠠ ᠲᠤᠰᠬᠤᠨ ᠳᠤ ᠪᠠᠷᠢᠮᠵᠢᠶᠠᠵᠢᠬᠰᠠᠨ ᠡᠮᠨᠡᠯᠭᠡ ᠶᠢᠨ ᠲᠠᠰᠤᠭ | 20 ᠶᠢ ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠤ ᠰᠤᠶᠤᠯ ᠬᠦᠳᠦᠯᠪᠦᠷᠢ ᠶᠢᠨ ᠲᠠᠰᠤᠭ ᠤᠳ ᠢᠶᠠᠷ ᠨᠡᠶᠢᠳᠡ 80 | ᠢᠵᠢ ᠲᠦᠬᠦᠭᠡᠷᠦᠮᠵᠢ ᠤᠬᠰᠠᠷᠠᠵᠤ᠂ ᠠᠷᠠᠳ ᠲᠤ ᠲᠦᠭᠦᠮ ᠦᠵᠡᠭᠦᠯᠬᠦ ᠬᠤᠷᠰᠢᠶ᠎ᠠ ᠲᠡᠯᠭᠡᠭᠦᠷ ᠢ ᠰᠢᠨ᠎ᠡ ᠪᠠᠷ ᠪᠤᠶᠤ | ᠦᠷᠭᠡᠳᠭᠡᠵᠦ 11 ᠶᠢ ᠪᠠᠶᠢᠭᠤᠯᠪᠠ᠃ ᠮᠠᠯᠵᠢᠬᠤ ᠲᠠᠷᠢᠶᠠᠯᠠᠬᠤ ᠤᠷᠤᠨ ᠤ ᠬᠤᠷᠰᠢᠬᠰᠠᠨ ᠡᠮᠨᠡᠯᠭᠡ ᠳᠤ ᠤᠷᠤᠯᠴᠠᠬᠰᠠᠨ | ᠬᠦᠮᠦᠨ ᠤ ᠲᠤᠭ᠎ᠠ 4.9 ᠲᠦᠮᠡ ᠳᠤ ᠬᠦᠷᠴᠦ᠂ 3768 ᠬᠦᠮᠦᠨ ︵ᠤᠳᠠᠭ᠎ᠠ︶ ᠳᠤ 1285 ᠲᠦᠮᠡᠨ ᠲᠦᠭᠦᠷᠢᠭ ᠤᠨ | ᠡᠮ ᠡᠮᠨᠡᠯᠭᠡ ᠶᠢᠨ ᠵᠠᠷᠤᠳᠠᠯ ᠢ ᠨᠢ ᠲᠠᠩᠰᠠᠨ ᠠᠴᠠ ᠲᠠᠶᠢᠯᠤᠨ ᠦᠭᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 3.8 ᠲᠦᠮᠡ ᠳᠤ ᠬᠦᠷᠦᠨ᠂ 6455 ᠬᠦᠮᠦᠨ ᠳᠤ | ᠨᠡᠶᠢᠳᠡ 1059 ᠲᠦᠮᠡᠨ ᠲᠦᠭᠦᠷᠢᠭ ᠤᠨ ᠲᠡᠳᠬᠦᠪᠦᠷᠢ ᠶᠢᠨ ᠮᠦᠩᠭᠦ ᠲᠠᠷᠬᠠᠭᠠᠵᠤ᠂ 1392 ᠬᠦᠮᠦᠨ ᠳᠤ 138 | ᠲᠦᠮᠡᠨ ᠲᠦᠭᠦᠷᠢᠭ ᠤᠨ ᠦᠨᠳᠦᠷ ᠨᠠᠰᠤᠨ ᠤ ᠨᠦᠬᠦᠪᠦᠷᠢ ᠮᠦᠩᠭᠦ ᠲᠠᠷᠬᠠᠭᠠᠪᠠ᠃ ᠦᠢᠯᠡᠰ ᠪᠤᠰᠬᠠᠵᠤ ᠠᠵᠢᠯ ᠤᠯᠭᠤᠬᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠪᠡ᠃ ᠬᠤᠳᠠ ᠪᠠᠯᠭᠠᠰᠤᠨ ᠤ ᠠᠵᠢᠯ ᠤᠯᠭᠤᠬᠰᠠᠨ ᠬᠦᠮᠦᠨ ᠤ ᠲᠤᠭ᠎ᠠ | ᠰᠢᠨ᠎ᠡ ᠪᠠᠷ 1825 ᠬᠦᠮᠦᠨ ᠨᠡᠮᠡᠭᠳᠡᠵᠦ᠂ ᠮᠠᠯᠵᠢᠬᠤ ᠲᠠᠷᠢᠶᠠᠯᠠᠬᠤ ᠤᠷᠤᠨ ᠤ 2300 ᠬᠦᠮᠦᠨ ᠳᠤ ᠠᠵᠢᠯ ᠤᠯᠭᠤᠵᠤ᠂ | ᠬᠤᠳᠠ ᠪᠠᠯᠭᠠᠰᠤᠨ ᠤ ᠠᠵᠢᠯ ᠦᠬᠡᠶᠢᠴᠤᠳ ᠤᠨ ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠵᠤ ᠴᠢᠳᠠᠪᠠ︔ ᠦᠢᠯᠡᠰ | ᠪᠤᠰᠬᠠᠬᠴᠢᠳ ᠲᠤ ᠵᠤᠷᠢᠭᠤᠯᠤᠬᠰᠠᠨ ᠪᠠᠭ᠎ᠠ ᠲᠤᠭᠠᠨ ᠤ ᠲᠠᠮ ᠬᠦᠤ ᠲᠠᠢ ᠵᠢᠭᠡᠯᠡᠯᠭᠡ ᠶᠢ 2492 ᠲᠦᠮᠡᠨ ᠲᠦᠭᠦᠷᠢᠭ | ᠲᠠᠯᠪᠢᠨ᠂ ᠦᠪᠡᠷᠰᠡᠳ ᠢᠶᠠᠨ ᠦᠢᠯᠡᠰ ᠪᠤᠰᠬᠠᠬᠰᠠᠨ 467 ᠬᠦᠮᠦᠨ ᠢ ᠲᠡᠮᠵᠢᠪᠡ︔ ᠬᠦᠳᠡᠯᠮᠦᠷᠢ ᠬᠦᠴᠦ ᠤᠯᠠᠨ ᠲᠠᠢ | ᠠᠵᠤ ᠠᠬᠤᠶᠢᠯᠠᠯ ᠳᠤ 3000 ᠲᠦᠮᠡᠨ ᠲᠦᠭᠦᠷᠢᠭ ᠤᠨ ᠵᠢᠭᠡᠯᠡᠯᠭᠡ ᠲᠠᠯᠪᠢᠨ᠂ ᠨᠡᠶᠢᠳᠡ17 ᠡᠷᠦᠬᠡ ᠠᠵᠤ ᠠᠬᠤᠶᠢᠯᠠᠯ ᠳᠤ | ᠲᠡᠮᠵᠢᠯᠭᠡ ᠬᠦᠷᠳᠡᠭᠡᠪᠡ᠃ ᠨᠡᠶᠢᠭᠡᠮ ᠤᠨ ᠪᠠᠳᠤᠯᠠᠭ᠎ᠠ ᠶᠢᠨ ᠬᠦᠴᠦᠨ ᠢᠯᠡᠳᠳᠡ ᠴᠢᠩᠭᠠᠷᠠᠨ᠂ ᠠᠵᠤ ᠠᠬᠤᠶᠢᠯᠠᠯ ᠤᠨ ᠠᠵᠢᠯ | ᠠᠴᠠ ᠪᠠᠨ ᠠᠮᠠᠷᠠᠬᠰᠠᠳ ᠤᠨ ᠨᠠᠰᠤᠵᠢᠯ ᠤᠨ ᠲᠠᠭᠠᠳᠬᠠᠯ ᠵᠡᠷᠭᠡ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠠᠷᠳᠠᠢ ᠨᠦᠬᠦᠪᠦᠷᠢ | ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠡᠮ ᠡᠮᠨᠡᠯᠭᠡ᠂ ᠨᠠᠰᠤᠵᠢᠯ ᠤᠨ ᠲᠠᠭᠠᠳᠬᠠᠯ ᠤᠨ ᠪᠦᠷᠬᠦᠴᠡ | ᠶᠢᠨ ᠬᠡᠮᠵᠢᠶ᠎ᠡ ᠶᠢ ᠤᠯᠠᠮ ᠢᠶᠠᠷ ᠨᠡᠮᠡᠭᠳᠡᠭᠦᠯᠪᠡ︔ ᠬᠤᠳᠠ ᠬᠦᠳᠡᠭᠡ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ | ᠡᠮ ᠡᠮᠨᠡᠯᠭᠡ ᠶᠢᠨ ᠠᠪᠤᠷᠠᠨ ᠲᠤᠰᠠᠯᠠᠭ᠎ᠠ᠂ ᠲᠠᠪᠤᠨ ᠪᠠᠳᠤᠯᠭᠠᠳᠤ ᠡᠷᠦᠬᠡ ᠶᠢᠨ ᠬᠠᠷᠠᠭᠠᠯᠵᠠᠯᠠᠯ᠂ ᠰᠤᠷᠤᠯᠭ᠎ᠠ ᠶᠢᠨ ᠲᠡᠳᠬᠦᠮᠵᠢ | ᠶᠢᠨ ᠮᠦᠩᠭᠦ ᠵᠡᠷᠭᠡ ᠡᠯ᠎ᠡ ᠲᠦᠷᠦᠯ ᠤᠨ ᠨᠦᠬᠦᠪᠦᠷᠢ ᠶᠢ ᠨᠡᠶᠢᠳᠡ 4100 ᠲᠦᠮᠨ ᠤᠷᠴᠢᠮ ᠲᠦᠭᠦᠷᠢᠭ ᠪᠠᠭᠤᠯᠭᠠᠵᠤ᠂ | ᠨᠡᠶᠢᠳᠡ 11900 ᠬᠦᠮᠦᠨ ︵ᠤᠳᠠᠭ᠎ᠠ︶ ᠳᠤ ᠠᠰᠢᠭ ᠬᠦᠷᠳᠡᠭᠡᠭᠰᠡᠨ ᠤ ᠬᠠᠮᠳᠤ ᠮᠠᠯᠵᠢᠬᠤ ᠲᠠᠷᠢᠶᠠᠯᠠᠬᠤ ᠤᠷᠤᠨ ᠤ | ᠲᠤᠤᠷ᠎ᠠ ᠤᠷᠤᠯᠭ᠎ᠠ ᠲᠠᠢ 8867 ᠡᠷᠦᠭᠡ ᠳᠤ ᠡᠪᠦᠯ ᠤᠨ ᠲᠦᠯᠡᠰᠢᠨ ᠤ ᠨᠦᠬᠦᠪᠦᠷᠢ ᠪᠠᠷ 532 ᠲᠦᠮᠡᠨ ᠲᠦᠭᠦᠷᠢᠭ | ᠲᠤᠰᠠᠯᠠᠪᠠ᠃ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠠᠬᠢᠭᠤᠯᠤᠨ᠂ ᠭᠠᠵᠠᠷ ᠤᠨ ᠲᠡᠰ ᠤᠨ | ᠤᠳᠤᠷᠢᠳᠤᠯᠭ᠎ᠠ ᠶᠠᠳᠠᠭᠤ ᠬᠦᠴᠢᠷᠳᠠᠢ ᠭᠠᠴᠠᠭ᠎ᠠ ᠲᠤᠰᠬᠤᠨ ᠲᠠᠢ ᠬᠠᠷᠢᠯᠴᠠᠬᠤ ᠲᠦᠷᠢᠮ ᠢ ᠬᠡᠷᠡᠭᠵᠢᠭᠦᠯᠵᠦ᠂ ᠡᠯ᠎ᠡ ᠲᠦᠷᠦᠯ | ᠤᠨ ᠶᠠᠳᠠᠭᠤ ᠶᠢ ᠲᠡᠳᠬᠦᠬᠦ ᠲᠦᠰᠦᠯ ᠤᠨ ᠪᠡᠯᠡ ᠮᠦᠩᠭᠦ ᠶᠢ ᠨᠢᠭᠡᠳᠭᠡᠭᠰᠡᠨ ᠪᠦᠭᠡᠳ ᠲᠠᠩᠰᠠ ᠡᠪᠬᠡᠮᠡᠯ ᠪᠠᠶᠢᠭᠤᠯᠬᠤ ᠠᠵᠢᠯ | ᠢ ᠦᠷᠨᠢᠭᠦᠯᠦᠨ᠂ ︽ᠭᠤᠷᠪᠠ ᠶᠢ ᠲᠤᠰᠬᠤᠨ ᠳᠤ ᠪᠠᠭᠤᠯᠭᠠᠵᠤ ᠭᠤᠷᠪᠠ ᠶᠢ ᠡᠷᠦᠬᠡ ᠳᠤ ᠪᠠᠭᠤᠯᠭᠠᠬᠤ︾ ᠪᠤᠳᠤᠯᠭ᠎ᠠ ᠶᠢ | ᠬᠡᠷᠡᠭᠵᠢᠭᠦᠯᠵᠦ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠶᠠᠳᠠᠭᠤ ᠶᠢ ᠲᠤᠰᠠᠯᠠᠬᠤ ᠵᠢᠭᠡᠯᠡᠯᠭᠡ 9258 ᠲᠦᠮᠡᠨ | ᠲᠦᠭᠦᠷᠢᠭ ᠪᠠᠭᠤᠯᠭᠠᠵᠤ᠂ 12000 ᠬᠦᠮᠦᠨ ᠢ ᠶᠠᠳᠠᠭᠤ ᠪᠠᠶᠢᠳᠠᠯ ᠠᠴᠠ ᠨᠢ ᠰᠠᠯᠭᠠᠪᠠ᠃ ᠦᠨᠳᠦᠰᠦᠳᠡᠨ ᠤ ᠠᠵᠤ | ᠠᠬᠤᠢ ᠶᠢ ᠬᠦᠭᠵᠢᠭᠦᠯᠬᠦ ᠡᠭᠦᠳᠡᠨ ᠠᠴᠠ ᠴᠦᠭᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠲᠦᠰᠦᠯ ᠤᠨ ᠪᠡᠯᠡ | ᠮᠦᠩᠭᠦ ᠶᠢ 200 ᠲᠦᠮᠡᠨ ᠲᠦᠭᠦᠷᠢᠭ ᠨᠠᠶᠢᠳᠠᠪᠤᠷᠢᠵᠢᠭᠤᠯᠪᠠ᠃ ᠤᠷᠤᠨ ᠰᠠᠭᠤᠴᠠ ᠶᠢᠨ ᠨᠦᠬᠦᠴᠡᠯ ᠢ ᠴᠢᠷᠮᠠᠶᠢᠨ | ᠰᠠᠶᠢᠵᠢᠷᠠᠭᠤᠯᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ | ᠨᠢᠳᠤᠨᠤᠨ 126 ᠢᠵᠢ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠪᠠ 300 ᠢᠵᠢ ᠬᠢᠮᠳᠠ ᠲᠦᠷᠢᠶᠡᠰᠦᠨ ᠤᠷᠤᠨ | ᠰᠠᠭᠤᠴᠠ ᠶᠢ ᠪᠠᠶᠢᠭᠤᠯᠪᠠ᠃ | ︵ᠲᠦᠷᠪᠡ︶ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ ᠪᠠᠶᠢᠳᠠᠯ ᠲᠤᠬᠳᠠᠭᠤᠨ ᠪᠠᠶᠢᠨ᠎ᠠ | ᠰᠤᠶᠤᠯ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠂ ᠨᠡᠶᠢᠳᠡ | 1.8 ᠳ᠋ᠦᠩᠰᠢᠭᠤᠷ ᠭᠠᠷᠤᠢ ᠲᠦᠭᠦᠷᠢᠭ ᠤᠨ ᠪᠡᠯᠡ ᠤᠷᠤᠭᠤᠯᠵᠤ ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠠᠰᠠᠷ᠂ ᠬᠢᠵᠢᠭ ᠢ ᠰᠡᠷᠭᠡᠶᠢᠯᠡᠬᠦ ᠲᠦᠪ ᠤᠨ ᠶᠡᠷᠦᠩᠬᠡᠶᠢᠯᠡᠭᠰᠡᠨ ᠠᠰᠠᠷ ᠪᠠ ᠬᠤᠶᠠᠷ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢ ᠪᠠᠶᠢᠭᠤᠯᠵᠤ ᠠᠰᠢᠬᠯᠠᠯᠳᠠ ᠳᠤ ᠤᠷᠤᠭᠤᠯᠪᠠ᠃ ᠮᠤᠩᠭᠤᠯ ᠳᠤᠮᠳᠠᠳᠤ ᠰᠤᠷᠭᠠᠭᠤᠯᠢ ᠪᠤᠯᠤᠨ ᠬᠤᠰᠢᠭᠤ | ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠶᠠᠳᠤᠭᠠᠷ ᠪᠠᠭ᠎ᠠ ᠰᠤᠷᠭᠠᠭᠤᠯᠢ ᠪᠤᠯᠤᠨ ᠪᠤᠷᠤᠬᠤᠳᠠ | ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠵᠢᠴᠢ ᠱᠠᠩᠳᠤ ᠪᠠᠯᠭᠠᠰᠤᠨ ᠤ ᠬᠤᠶᠠᠷ ᠬᠡᠤᠬᠡᠳ ᠤᠨ ᠴᠡᠴᠡᠷᠯᠢᠭ᠂ | ᠰᠠᠩ ᠤᠨ ᠲᠠᠯᠠᠢ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠪᠠᠶᠢᠷᠢ ᠵᠡᠷᠭᠡ ᠶᠢ ᠪᠦᠬᠦᠨ ᠢ ᠪᠠᠶᠢᠭᠤᠯᠵᠤ ᠲᠠᠭᠤᠰᠬᠠᠬᠰᠠᠨ ᠤ | ᠬᠠᠮᠳᠤ ᠪᠦᠬᠦ ᠬᠤᠰᠢᠭᠤᠨ ᠤ ᠡᠯ᠎ᠡ ᠰᠤᠷᠭᠠᠭᠤᠯᠢ ᠤᠳ ᠤᠨ ᠬᠢᠮᠡᠯ ᠬᠦᠷᠦᠰᠦ ᠲᠠᠢ ᠲᠠᠮᠢᠷ ᠤᠨ ᠲᠠᠯᠠᠪᠠᠢ ᠶᠢ ᠪᠦᠬᠦᠨ ᠢ | ᠠᠰᠢᠬᠯᠠᠯᠳᠠ ᠳᠤ ᠤᠷᠤᠭᠤᠯᠪᠠ᠃ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ᠂ ᠰᠤᠶᠤᠯ ᠲᠠᠮᠢᠷ ᠤᠨ ᠲᠦᠪ | ᠤᠷᠳᠤᠨ ᠵᠢᠴᠢ ᠠᠵᠢᠯᠴᠢᠨ ᠤ ᠡᠪᠯᠡᠯ ᠤᠨ ᠰᠤᠶᠤᠯ ᠤᠨ ᠬᠦᠳᠦᠯᠪᠤᠷᠢ ᠠᠵᠢᠯᠯᠠᠭᠠᠨ ᠤ ᠰᠠᠭᠤᠷᠢᠨ ᠭᠠᠵᠠᠷ ᠤᠨ | ᠪᠠᠶᠢᠭᠤᠯᠤᠯᠳᠠ ᠲᠠᠭᠤᠰᠴᠤ ᠤᠳᠠᠯ ᠦᠭᠡᠢ ᠠᠰᠢᠬᠯᠠᠯᠳᠠ ᠳᠤ ᠤᠷᠤᠬᠤ ᠪᠠᠷ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠡᠮ ᠲᠠᠩ ᠢ ᠬᠠᠮᠢᠶᠠᠷᠬᠤ ᠦᠨᠳᠦᠰᠦᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠬᠰᠠᠨ ᠪᠦᠭᠡᠳ ᠡᠮᠴᠢ ᠪᠤᠯᠤᠨ ᠡᠪᠡᠳᠴᠢᠳᠡᠨ ᠤ ᠬᠤᠭᠤᠷᠤᠨᠳᠤᠬᠢ ᠨᠠᠶᠢᠷᠰᠠᠭ ᠬᠠᠷᠢᠴᠠᠭ᠎ᠠ ᠶᠢ | ᠴᠢᠷᠮᠠᠶᠢᠨ ᠪᠠᠶᠢᠭᠤᠯᠵᠤ᠂ ᠡᠮᠴᠢᠯᠡᠭᠡᠨ ᠤ ᠠᠵᠢᠯᠳᠠᠳ ᠤᠨ ᠲᠤᠬᠠᠶᠢᠯᠠᠬᠰᠠᠨ ᠠᠵᠢᠯ ᠤᠨ ᠴᠢᠳᠠᠪᠤᠷᠢ ᠶᠢ ᠲᠡᠭᠡᠭᠰᠢᠯᠡᠭᠦᠯᠦᠭᠰᠡᠨ | ᠢᠶᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠰᠤᠷᠭᠠᠨ | ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠲᠦᠷᠢᠮ ᠲᠤᠬᠳᠠᠯᠴᠠᠭ᠎ᠠ ᠶᠢ ᠲᠡᠭᠦᠯᠳᠡᠷᠵᠢᠭᠦᠯᠦᠭᠰᠡᠨ ᠤ ᠤᠯᠠᠮ ᠢᠶᠠᠷ | ᠵᠢᠭᠠᠨ ᠰᠤᠷᠭᠠᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠨ᠂ ᠰᠤᠷᠤᠬᠴᠢᠳ ᠤᠨ ᠪᠢᠴᠢᠭ ᠨᠤᠮ ᠳᠤ | ᠰᠢᠮᠳᠠᠬᠤ ᠤᠷᠮ᠎ᠠ ᠵᠤᠷᠢᠭ ᠬᠦᠭᠵᠢᠵᠦ᠂ ᠮᠤᠩᠭᠤᠯ ᠲᠤᠮᠳᠠᠳᠤ ᠰᠤᠷᠭᠠᠭᠤᠯᠢ᠂ ᠮᠤᠩᠭᠤᠯ ᠪᠠᠭ᠎ᠠ ᠰᠤᠷᠭᠠᠭᠤᠯᠢ᠂ ᠨᠢᠭᠡᠳᠦᠭᠡᠷ | ᠪᠠᠭ᠎ᠠ ᠰᠤᠷᠭᠠᠭᠤᠯᠢ ᠨᠢ ᠪᠦᠬᠦ ᠠᠶᠢᠮᠠᠭ ᠤᠨ ᠨᠠᠷᠢᠯᠢᠭᠵᠢᠭᠰᠠᠨ ᠬᠠᠮᠢᠶᠠᠷᠤᠯᠳᠠ ᠶᠢᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ | ᠪᠠᠷ ᠦᠨᠡᠯᠡᠭᠳᠡᠪᠡ︔ ᠬᠤᠰᠢᠭᠤ ᠦᠨᠳᠦᠰᠦᠳᠡᠨ ᠤ ᠶᠡᠷᠤᠩᠬᠡᠶᠢᠯᠡᠭᠰᠡᠨ ᠲᠡᠭᠡᠳᠦ ᠲᠤᠮᠳᠠᠳᠤ ᠰᠤᠷᠭᠠᠭᠤᠯᠢ ᠶᠢ ᠲᠡᠭᠡᠳᠦ ᠲᠡᠰ | ᠤᠨ ᠲᠤᠮᠳᠠᠳᠤ ᠰᠤᠷᠭᠠᠭᠤᠯᠢ ᠭᠡᠵᠦ ᠨᠡᠷ᠎ᠡ ᠬᠠᠯᠠᠬᠰᠠᠨ ᠪᠦᠭᠡᠳ ᠪᠤᠱᠤᠤᠳᠠᠢ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ | ᠭᠡᠰᠡᠨ ᠲᠠᠪᠬᠤᠷ ᠨᠡᠷᠡᠶᠢᠳᠤᠯ ᠤᠯᠭᠤᠪᠠ᠃ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠭᠠᠳᠠᠬᠰᠢ ᠶᠠᠪᠤᠬᠰᠠᠨ ᠰᠤᠷᠤᠬᠴᠢᠳ | ᠤᠨ ᠪᠤᠴᠠᠨ ᠢᠷᠡᠵᠦ ᠰᠤᠷᠤᠯᠴᠠᠵᠤ ᠪᠠᠶᠢᠭ᠎ᠠ ᠲᠤᠭ᠎ᠠ ᠤᠶᠢᠷ᠎ᠠ ᠶᠢᠨ ᠠᠷᠪᠠᠨ ᠵᠢᠯ ᠤᠨ ᠬᠠᠮᠤᠭ ᠦᠨᠳᠦᠷ ᠬᠡᠮᠵᠢᠶᠡᠨ ᠳᠤ | ᠬᠦᠷᠪᠡ᠃ ᠰᠤᠶᠤᠯ ᠤᠨ ᠠᠵᠤ ᠦᠢᠯᠡᠰ ᠦᠷᠨᠢᠭᠦᠨ ᠬᠦᠭᠵᠢᠵᠦ᠂ ᠲᠠᠪᠤᠳᠤᠭᠠᠷ ᠬᠤᠭᠤᠴᠠᠭᠠᠨ ᠤ ︽ᠲᠤᠮᠳᠠᠳᠤ ᠤᠯᠤᠰ᠂ | ᠶᠤᠸᠠᠨ ᠤ ᠲᠡᠭᠡᠳᠦ ᠨᠡᠶᠢᠰᠯᠡᠯ︾ ᠰᠤᠶᠤᠯ ᠵᠢᠭᠤᠯᠴᠢᠯᠠᠯ ᠤᠨ ᠨᠠᠶᠢᠷ᠂ ︽ᠶᠤᠸᠠᠨ ᠤ ᠲᠡᠤᠬᠡ︾ ᠶᠢ ᠮᠤᠩᠭᠤᠯ ᠬᠡᠯᠡᠨ ᠳᠤ | ᠤᠷᠴᠢᠭᠤᠯᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠵᠡᠷᠭᠡ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭ᠎ᠠ ᠨᠤᠭᠤᠳ | ᠢ ᠠᠮᠵᠢᠯᠳᠠ ᠲᠠᠢ ᠡᠷᠬᠢᠯᠡᠨ ᠶᠠᠪᠤᠬᠳᠠᠭᠤᠯᠤᠬᠰᠠᠨ ᠪᠦᠭᠡᠳ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠴᠦ | ᠤᠯᠠᠮ ᠨᠢᠭᠡ ᠠᠯᠬᠤᠮ ᠲᠦᠷᠢᠮᠵᠢᠪᠡ᠃ ᠠᠷᠠᠳ ᠤᠨ ᠵᠡᠪᠰᠡᠭᠳᠦ ᠬᠦᠴᠦᠨ ᠤ ᠲᠠᠶᠢᠴᠢᠯᠠᠯᠳᠠ ᠶᠢᠨ ᠠᠵᠢᠯ ᠪᠤᠯᠤᠨ ᠤᠯᠤᠰ | ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠠᠵᠢᠯ ᠢ ᠢᠳᠡᠪᠬᠢᠳᠠᠢ ᠲᠡᠮᠵᠢᠪᠡ᠃ ᠠᠷᠠᠳ ᠤᠨ ᠠᠭᠠᠷ ᠤᠨ | ᠰᠡᠷᠭᠡᠶᠢᠯᠡᠯᠳᠡ᠂ ᠭᠠᠯ ᠰᠡᠷᠭᠡᠶᠢᠯᠡᠬᠦ ᠡᠩᠨᠡᠭᠡᠨ ᠤ ᠪᠠᠶᠢᠭᠤᠯᠤᠯᠳᠠ ᠰᠢᠨ᠎ᠡ ᠠᠬᠢᠯᠳᠠ ᠲᠠᠢ ᠪᠤᠯᠵᠤ᠂ ᠦᠨᠳᠦᠰᠦᠳᠡᠨ ᠱᠠᠰᠢᠨ | ᠰᠤᠷᠳᠠᠬᠤᠨ᠂ ᠲᠦᠯᠦᠪᠯᠡᠭᠡᠳᠦ ᠦᠷᠡᠵᠢᠯ᠂ ᠪᠦᠬᠦ ᠠᠷᠠᠳ ᠤᠨ ᠪᠡᠶ᠎ᠡ ᠴᠢᠬᠢᠷᠠᠬᠵᠢᠯ᠂ ᠡᠮᠡᠭᠳᠠᠶᠢᠴᠤᠳ ᠪᠤᠯᠤᠨ ᠬᠡᠤᠬᠡᠳ | ᠪᠠᠭᠠᠴᠤᠳ ᠵᠢᠴᠢ ᠨᠠᠰᠤᠳᠠᠶᠢᠴᠤᠳ ᠵᠡᠷᠭᠡ ᠡᠯ᠎ᠡ ᠲᠠᠯ᠎ᠠ ᠶᠢᠨ ᠠᠵᠢᠯ ᠴᠦ ᠴᠦᠮ ᠶᠡᠬᠡᠬᠡᠨ ᠰᠠᠶᠢᠵᠢᠷᠠᠪᠠ᠃ ᠭᠠᠵᠠᠷ ᠰᠢᠷᠤᠢ | ᠶᠢᠨ ᠬᠢᠨᠠᠨ ᠪᠠᠶᠢᠴᠠᠭᠠᠯᠳᠠ᠂ ᠴᠠᠭ ᠠᠭᠤᠷ ᠤᠨ ᠤᠷᠢᠳᠴᠢᠯᠠᠬᠰᠠᠨ ᠰᠡᠷᠭᠡᠶᠢᠯᠡᠯᠳᠡ᠂ ᠤᠷᠴᠢᠨ ᠲᠤᠭᠤᠷᠢᠨ ᠤ ᠬᠢᠨᠠᠨ | ᠬᠡᠮᠵᠢᠯᠳᠡ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠪᠤᠳᠠᠰ ᠤᠨ ᠦᠨ᠎ᠡ ᠶᠢᠨ ᠬᠢᠨᠠᠨ | ᠬᠠᠮᠢᠶᠠᠷᠤᠯᠳᠠ᠂ ᠠᠮᠤ ᠪᠤᠳᠠᠭᠠᠨ ᠤ ᠨᠦᠭᠡᠴᠡ ᠵᠡᠷᠭᠡ ᠠᠵᠢᠯ ᠤᠯᠠᠮ ᠨᠢᠭᠡ ᠠᠯᠬᠤᠮ ᠴᠢᠩᠭᠠᠷᠠᠪᠠ᠃ 135 ᠵᠦᠷᠢᠴᠡᠯ | ᠮᠦᠷᠭᠦᠯᠳᠦᠭᠡᠨ ᠲᠠᠢ ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ 97 ᠠᠰᠠᠭᠤᠳᠠᠯ ᠢ ᠵᠤᠬᠢᠴᠠᠭᠤᠯᠵᠤ ᠰᠢᠢᠳᠪᠦᠷᠢᠯᠡᠨ᠂ | ᠰᠢᠢᠳᠪᠦᠷᠢᠯᠡᠭᠰᠡᠨ ᠨᠤᠷᠮ᠎ᠠ 72% ᠲᠤ ᠬᠦᠷᠴᠠᠢ᠃ ᠠᠮᠤᠷ ᠲᠦᠪᠰᠢᠨ ᠰᠢᠯᠤᠭᠤᠨ ᠬᠦᠬᠡ ᠶᠢ ᠪᠦᠳᠦᠭᠡᠨ ᠪᠠᠶᠢᠭᠤᠯᠬᠤ | ᠠᠵᠢᠯ ᠢ ᠠᠬᠢᠭᠤᠯᠤᠨ᠂ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠭᠦᠭᠰᠡᠨ ᠢᠶᠠᠷ ᠬᠡᠷᠡᠭ ᠤᠨ ᠲᠤᠭ᠎ᠠ ᠢᠯᠡᠳᠳᠡ ᠴᠦᠬᠡᠷᠡᠨ᠂ ᠨᠡᠶᠢᠭᠡᠮ ᠤᠨ ᠬᠠᠨᠳᠤᠰᠢ ᠶᠡᠷᠦᠩᠬᠡᠢ ᠳᠤ ᠪᠠᠨ ᠲᠤᠬᠳᠠᠭᠤᠨ | ᠪᠠᠶᠢᠬᠤ ᠶᠢ ᠪᠠᠳᠤᠯᠠᠪᠠ᠃ | ︵ᠲᠠᠪᠤ︶ ᠲᠤᠰ ᠪᠡᠶ᠎ᠡ ᠶᠢᠨ ᠪᠦᠳᠦᠭᠡᠨ ᠪᠠᠶᠢᠭᠤᠯᠤᠳᠠ ᠰᠢᠨ᠎ᠡ ᠠᠬᠢᠯᠳᠠ ᠲᠠᠢ ᠪᠤᠯᠪᠠ | ᠲᠦᠪ ᠤᠨ ᠨᠠᠢᠮᠠᠨ ᠵᠤᠷᠪᠤᠰ ᠲᠤᠬᠳᠠᠭᠠᠯ᠂ ᠦᠪᠡᠷᠳᠡᠭᠡᠨ ᠵᠠᠰᠠᠬᠤ ᠤᠷᠤᠨ ᠤ 28 ᠵᠤᠷᠪᠤᠰ ᠲᠤᠬᠳᠠᠭᠠᠯ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠦᠷᠢᠮ ᠲᠤᠬᠳᠠᠭᠠᠯ ᠤᠳ ᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ | ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠦ᠂ ︽ | ᠲᠦᠷᠪᠡᠨ ᠰᠤᠷᠳᠠᠯ︾ ᠲᠠᠢ ᠬᠤᠯᠪᠤᠬᠳᠠᠬᠰᠠᠨ ᠲᠤᠪᠤᠶᠢᠮ᠎ᠠ ᠠᠰᠠᠭᠤᠳᠠᠯ ᠢ ᠵᠤᠷᠢᠬᠳᠠᠢ ᠢᠯᠡᠷᠡᠭᠦᠯᠦᠨ᠂ ᠰᠢᠯᠳᠠᠭᠠᠨ ᠢ ᠨᠢ | ᠵᠠᠳᠠᠯᠵᠤ᠂ ᠨᠠᠮᠴᠢ ᠴᠢᠨᠠᠷ ᠤᠨ ᠬᠦᠮᠦᠵᠢᠯ ᠢ ᠡᠷᠴᠢᠮᠳᠠᠢ ᠦᠷᠨᠢᠭᠦᠯᠦᠭᠰᠡᠨ ᠢᠶᠠᠷ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ | ᠤᠪᠤᠷ ᠰᠤᠷᠳᠠᠯ ᠢᠯᠡᠳᠳᠡ ᠰᠠᠶᠢᠵᠢᠷᠠᠪᠠ᠃ ︽ᠬᠤᠶᠠᠷ ᠲᠦᠰᠦᠪ ᠨᠢᠭᠡ ᠲᠦᠯᠦᠪᠯᠡᠭᠡ︾ ᠶᠢ ᠲᠤᠬᠳᠠᠭᠠᠨ᠂ ᠬᠤᠷᠠᠯ | ᠴᠤᠬᠯᠠᠭ᠎ᠠ ᠪᠢᠴᠢᠭ ᠮᠠᠲ᠋ᠧᠷᠢᠶᠠᠯ ᠠᠷᠪᠢᠳᠬᠤ᠂ ᠠᠯᠪᠠᠨ ᠪᠠᠶᠢᠭᠤᠯᠭ᠎ᠠ ᠳᠤ ︽ᠪᠤᠱᠤᠭ᠎ᠠ ᠶᠢ ᠨᠢ ᠠᠯᠬᠤᠬᠤ ᠳᠤ ᠬᠦᠴᠢᠷ᠂ | ᠴᠢᠷᠠᠢ ᠶᠢ ᠨᠢ ᠬᠠᠷᠠᠬᠤ ᠳᠤ ᠮᠠᠭᠤᠬᠠᠢ᠂ ᠶᠠᠪᠤᠳᠠᠯ ᠤᠴᠢᠷ ᠢᠶᠠᠨ ᠪᠦᠳᠦᠭᠡᠬᠦ ᠳᠤ ᠪᠡᠷᠬᠡ︾ ᠪᠠᠶᠢᠳᠠᠯ ᠤᠷᠤᠰᠢᠬᠤ᠂ ᠠᠯᠪᠠᠨ | ᠤ ᠵᠤᠭᠤᠰ ᠢ ᠵᠠᠷᠤᠬᠤ᠂ ᠠᠯᠪᠠᠨ ᠤ ᠭᠡᠷ ᠲᠡᠷᠭᠡ ᠶᠢ ᠪᠠᠷᠢᠮᠵᠢᠶ᠎ᠠ ᠠᠴᠠ ᠬᠡᠳᠦᠷᠡᠭᠦᠯᠵᠦ ᠬᠡᠷᠡᠭᠯᠡᠬᠦ ᠵᠡᠷᠭᠡ ᠠᠰᠠᠭᠤᠳᠠᠯ ᠪᠠ ︽ | ᠭᠤᠷᠪᠠᠨ ᠲᠦᠷᠦᠯ ᠤᠨ ᠠᠯᠪᠠᠨ ᠵᠠᠷᠤᠳᠠᠯ︾ ᠤᠨ ᠬᠡᠷᠡᠭᠯᠡᠭᠡ᠂ ᠲᠦᠷᠢ ᠲᠦᠷᠬᠦ ᠶᠢᠨ ᠢᠨᠵᠧᠨᠧᠷᠢᠩ ᠪᠠ ᠤᠯᠠᠨ ᠲᠦᠮᠡᠨ ᠤ | ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠵᠢᠴᠢ ᠲᠦᠪ ᠪᠤᠰᠤ ᠰᠤᠷᠳᠠᠯ ᠵᠡᠷᠭᠡ ᠲᠠᠯ᠎ᠠ ᠪᠠᠷ ᠬᠢ ᠲᠤᠪᠤᠶᠢᠮ᠎ᠠ | ᠠᠰᠠᠭᠤᠳᠠᠯ ᠢ ᠵᠤᠷᠪᠤᠰ ᠲᠠᠷᠠᠭᠠᠯᠠᠨ ᠬᠠᠯᠠᠨ ᠰᠠᠶᠢᠵᠢᠷᠠᠭᠤᠯᠪᠠ᠃ ᠵᠠᠰᠠᠭ ᠤᠨ ᠤᠷᠳᠤᠨ ᠠᠴᠠ ᠡᠷᠬᠢᠯᠡᠬᠦ ᠬᠤᠷᠠᠯ ᠪᠠ | ᠪᠠᠭᠤᠯᠭᠠᠬᠤ ᠪᠢᠴᠢᠭ ᠮᠠᠲ᠋ᠧᠷᠢᠶᠠᠯ ᠤᠨ ᠲᠤᠭ᠎ᠠ ᠶᠢ ᠲᠤᠰ ᠲᠤᠰ 9% ᠪᠠᠷ ᠪᠠᠭᠠᠰᠬᠠᠵᠤ᠂ ᠪᠠᠷᠢᠮᠵᠢᠶ᠎ᠠ ᠠᠴᠠ ᠬᠡᠳᠦᠷᠡᠭᠰᠡᠨ | ᠠᠯᠪᠠᠨ ᠭᠡᠷ ᠪᠠ ᠠᠯᠪᠠᠨ ᠤ ᠮᠠᠰᠢᠨ ᠢ ᠪᠦᠬᠦᠨ ᠢ ᠬᠠᠰᠤᠵᠤ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠢ | ᠪᠠᠭᠠᠰᠬᠠᠪᠠ᠃ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ ᠢ ᠴᠢᠩᠭᠠᠳᠬᠠᠨ᠂ ᠺᠠᠳ᠋ᠷ ᠤᠯᠠᠨ ᠲᠦᠮᠡᠨ ᠤ ᠬᠠᠤᠯᠢ | ᠴᠠᠭᠠᠵᠠ ᠶᠢᠨ ᠲᠠᠨᠢᠯᠳᠠ ᠪᠠ ᠬᠠᠤᠯᠢ ᠪᠠᠷ ᠵᠠᠰᠠᠬᠤ ᠤᠶᠢᠯᠠᠭᠠᠯᠳᠠ ᠤᠬᠠᠮᠰᠠᠷ ᠢᠯᠡᠳᠳᠡ ᠲᠡᠭᠡᠭᠰᠢᠯᠡᠪᠡ᠃ ᠵᠠᠰᠠᠭ ᠵᠠᠬᠢᠷᠭᠠᠨ | ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠡᠬᠢᠯᠡᠨ ᠶᠠᠪᠤᠬᠳᠠᠭᠤᠯᠵᠤ᠂ ᠪᠦᠬᠦ ᠬᠤᠰᠢᠭᠤᠨ ᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠤᠳ ᠢ ᠪᠦᠬᠦᠨ ᠢ ᠪᠠᠶᠢᠴᠠᠭᠠᠵᠤ᠂ ᠨᠡᠶᠢᠳᠡ 91 ᠵᠤᠷᠪᠤᠰ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯ ᠤᠨ ᠲᠦᠷᠦᠯ ᠢ ᠬᠦᠴᠦᠨ ᠦᠭᠡᠢ ᠪᠤᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠦᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠡᠵᠦ᠂108 ᠬᠤᠪᠢ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ 96 ᠬᠤᠪᠢ ᠤᠯᠤᠰ | ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠤᠷᠠᠳᠤᠯᠭ᠎ᠠ ᠶᠢ ᠰᠢᠢᠳᠪᠦᠷᠢᠯᠡᠨ᠂ ᠬᠠᠷᠢᠭᠤᠯᠵᠤ ᠰᠢᠢᠳᠪᠦᠷᠢᠯᠡᠭᠰᠡᠨ ᠨᠤᠷᠮ᠎ᠠ | 100 % ᠳᠤ ᠬᠦᠷᠴᠠᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠡᠷᠴᠢᠮᠵᠢᠭᠦᠯᠦᠨ᠂ ᠵᠠᠰᠠᠭ ᠤᠨ ᠤᠷᠳᠤᠨ ᠤ | ᠠᠯᠪᠠᠨ ᠶᠤᠰᠤᠨ ᠤ ᠰᠦᠯᠵᠢᠶᠡᠨ ᠲᠡᠭᠡᠷ᠎ᠡ 1200 ᠭᠠᠷᠤᠢ ᠬᠤᠪᠢ ᠵᠠᠰᠠᠭ ᠤᠨ ᠶᠠᠪᠤᠳᠠᠯ ᠤᠨ ᠮᠡᠳᠡᠭᠡ ᠨᠡᠶᠢᠳᠡᠯᠡᠪᠡ᠃ | ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ | ᠬᠦᠯᠢᠶᠡᠨ ᠠᠪᠤᠬᠰᠠᠨ 4.8 ᠲᠦᠮᠡᠨ ᠬᠤᠪᠢ ᠬᠡᠷᠡᠭ ᠤᠴᠢᠷ ᠤᠨ 90 % ᠠᠴᠠ ᠲᠡᠭᠡᠭᠰᠢᠬᠢ ᠶᠢ ᠦᠢᠯᠡᠴᠢᠯᠡᠭᠡᠨ ᠤ | ᠲᠢᠩᠬᠢᠮ ᠳᠤ ᠨᠢᠭᠡ ᠲᠤᠤᠷ᠎ᠠ ᠰᠢᠢᠳᠪᠦᠷᠢᠯᠡᠵᠦ ᠦᠭᠭᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠪᠠᠶᠢᠴᠠᠭᠠᠯᠳᠠ ᠬᠢᠬᠦ᠂ ᠠᠵᠤ | ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠨᠡᠶᠢᠭᠡᠮ ᠠᠴᠠ ᠬᠢᠨᠠᠯᠳᠠ ᠲᠠᠯᠪᠢᠬᠤ ᠠᠵᠢᠯ ᠢ ᠴᠢᠩᠭᠠᠳᠬᠠᠨ᠂ | ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠲᠠᠰᠤᠷᠠᠯᠳᠠ ᠦᠭᠡᠢ ᠭᠦᠨᠵᠡᠭᠡᠶᠢᠷᠡᠪᠡ᠃ | ᠲᠦᠯᠦᠭᠡᠯᠡᠭᠴᠢᠳ ᠡ᠂ 2014 ᠤᠨ ᠳᠤ ᠪᠢᠳᠡ ᠬᠢᠯᠪᠡᠷ ᠪᠤᠰᠤ ᠠᠮᠵᠢᠯᠳᠠ ᠶᠢ ᠲᠡᠮᠡᠴᠡᠨ ᠤᠯᠤᠬᠰᠠᠨ ᠶᠤᠮ᠃ | ᠡᠨᠡᠬᠦ ᠠᠮᠵᠢᠯᠳᠠ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ | ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠴᠢᠩᠭ᠎ᠠ ᠬᠢᠨᠠᠯᠳᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ | ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠦᠴᠦᠳᠠᠢ ᠲᠡᠮᠵᠢᠯᠭᠡ ᠪᠠᠷ | ᠤᠯᠵᠤ ᠢᠷᠡᠭᠰᠡᠨ ᠠᠮᠵᠢᠯᠳᠠ ᠪᠤᠯᠬᠤ ᠶᠤᠮ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ | ᠲᠦᠯᠦᠭᠡᠯᠡᠭᠴᠢᠳ ᠲᠤ ᠪᠠᠨ᠂ ᠬᠡᠰᠢᠭᠦᠳ ᠲᠤ ᠪᠠᠨ᠂ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ ᠬᠦᠳᠡᠯᠮᠦᠷᠢᠯᠡᠵᠦ ᠪᠠᠶᠢᠭ᠎ᠠ | ᠨᠦᠬᠦᠳ ᠤᠳ ᠲᠤ ᠪᠠᠨ᠂ ᠮᠦᠨᠴᠦ ᠮᠠᠨ ᠤ ᠰᠢᠯᠤᠭᠤᠨ ᠬᠦᠬᠡ ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ | ᠶᠢ ᠬᠠᠯᠠᠮᠵᠢᠯᠠᠨ ᠲᠡᠮᠵᠢᠵᠦ ᠪᠠᠶᠢᠭ᠎ᠠ ᠪᠦᠬᠦᠶᠢᠯᠡ ᠬᠠᠯᠠᠭᠤᠨ ᠰᠡᠳᠬᠢᠯᠳᠦ ᠬᠦᠮᠦᠰ ᠲᠤ ᠴᠢᠩ ᠰᠡᠳᠬᠢᠯ ᠤᠨ ᠲᠠᠯᠠᠷᠬᠠᠯ | ᠲᠡᠪᠰᠢᠭᠦᠯᠵᠦ ᠪᠠᠶᠢᠨ᠎ᠠ︕ | ᠪᠢᠳᠡ ᠠᠮᠵᠢᠯᠳᠠ ᠪᠠᠨ ᠨᠤᠳᠠᠯᠠᠬᠤ ᠶᠢᠨ ᠬᠠᠮᠳᠤ ᠠᠵᠤ ᠠᠬᠤᠢ ᠨᠡᠶᠢᠭᠡᠮ ᠤᠨ ᠬᠦᠭᠵᠢᠯᠳᠡ ᠲᠤᠮᠳᠠ ᠪᠠᠰᠠ | ᠤᠯᠠᠨ ᠤᠯᠠᠨ ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠭ᠎ᠠ ᠭᠡᠳᠡᠭ ᠢ ᠰᠡᠷᠭᠡᠭ ᠢᠶᠠᠷ ᠤᠯᠵᠤ ᠲᠠᠨᠢᠬᠤ ᠴᠢᠬᠤᠯᠠᠳᠠᠢ᠃ | ᠨᠢᠭᠡ ᠳᠤ᠂ ᠬᠦᠭᠵᠢᠭᠰᠡᠨ ᠬᠤᠰᠢᠭᠤ ᠰᠢᠶᠠᠨ ᠲᠠᠢ ᠬᠠᠷᠢᠴᠠᠭᠤᠯᠪᠠᠯ ᠮᠠᠨ ᠤ ᠬᠤᠰᠢᠭᠤ ᠨᠢ ᠠᠵᠤ ᠦᠢᠯᠡᠰ ᠤᠨ ᠬᠡᠪᠴᠢᠶ᠎ᠡ᠂ | ᠦᠨᠳᠦᠰᠦᠨ ᠨᠦᠬᠦᠴᠡᠯ᠂ ᠠᠷᠠᠳ ᠤᠯᠠᠨ ᠤ ᠠᠮᠢᠳᠤᠷᠠᠯ ᠤᠨ ᠨᠦᠬᠦᠴᠡᠯ ᠵᠡᠷᠭᠡ ᠲᠠᠯ᠎ᠠ ᠪᠠᠷ ᠮᠦᠨ ᠯᠡ ᠪᠠᠭ᠎ᠠ ᠪᠤᠰᠤ | ᠵᠦᠷᠢᠶ᠎ᠡ ᠤᠷᠤᠰᠢᠵᠤ᠂ ᠲᠡᠳᠡᠨ ᠢ ᠨᠡᠬᠡᠨ ᠬᠦᠢᠴᠡᠬᠦ ᠳᠤ ᠪᠠᠰᠠ ᠵᠤᠬᠢᠬᠤ ᠴᠠᠭ ᠬᠤᠭᠤᠴᠠᠭ᠎ᠠ ᠬᠡᠷᠡᠭᠰᠡᠬᠦ ᠪᠤᠯᠤᠨ᠎ᠠ︔ ᠬᠤᠶᠠᠷ | ᠲᠤ᠂ ᠤᠳᠤᠬᠠᠨ ᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠮᠦᠨ᠎ᠡ ᠲᠤᠯᠭᠠᠷᠠᠵᠤ ᠪᠠᠶᠢᠭ᠎ᠠ | ᠬᠢᠵᠠᠭᠠᠷᠳᠠᠮᠠᠯ ᠬᠦᠴᠦᠨ ᠵᠦᠢᠯ ᠢ ᠤᠬᠤᠷᠬᠠᠨ ᠬᠤᠭᠤᠴᠠᠭᠠᠨ ᠳᠤ ᠠᠷᠢᠯᠭᠠᠵᠤ ᠲᠡᠶᠢᠯᠬᠦ ᠦᠭᠡᠢ ᠶᠢᠨ ᠲᠡᠭᠡᠷ᠎ᠡ ᠭᠠᠳᠠᠭᠠᠳᠤ | ᠬᠦᠭᠵᠢᠯᠳᠡ ᠶᠢᠨ ᠤᠷᠴᠢᠨ ᠴᠠᠭ ᠢᠮᠠᠬᠳᠠ ᠬᠤᠪᠢᠷᠠᠵᠤ᠂ ᠡᠭᠦᠨ ᠤ ᠤᠯᠠᠮ ᠢᠶᠠᠷ ᠨᠡᠶᠢᠭᠡᠮ ᠤᠨ ᠪᠦᠳᠦᠴᠡ ᠶᠢᠨ | ᠬᠤᠭᠤᠷᠤᠨᠳᠤᠬᠢ ᠲᠠᠯᠳᠠ ᠵᠦᠷᠢᠴᠡᠯ ᠢᠮᠠᠬᠳᠠ ᠢᠯᠡᠷᠡᠭᠰᠡᠭᠡᠷ ᠪᠤᠢ᠃ ᠭᠤᠷᠪᠠ ᠳᠤ᠂ ᠪᠦᠬᠦᠶᠢᠯᠡ ᠠᠵᠤ ᠠᠬᠤᠢ ᠶᠢᠨ | ᠬᠦᠭᠵᠢᠯ ᠤᠨ ᠲᠦᠪᠰᠢᠨ ᠤᠷᠤᠭᠤᠳᠠᠬᠤ ᠪᠠᠶᠢᠳᠠᠯ ᠳᠤ ᠤᠷᠤᠵᠤ᠂ ᠵᠠᠬ᠎ᠠ ᠲᠡᠯᠭᠡᠭᠦᠷ ᠤᠨ ᠬᠡᠷᠡᠭᠴᠡᠭᠡ ᠶᠢ ᠬᠠᠩᠭᠠᠬᠤ | ᠬᠦᠳᠡᠯᠭᠡᠬᠦ ᠬᠦᠴᠦᠨ ᠬᠦᠷᠦᠯᠴᠡᠬᠦ ᠦᠭᠡᠢ᠂ ᠲᠦᠰᠦᠯ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ | ᠬᠤᠮᠰᠠᠳᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠬᠤᠷᠴᠠᠳᠤᠨ᠂ ᠤᠯᠠᠨ ᠨᠡᠶᠢᠳᠡ ᠶᠢᠨ ᠡᠳ᠋ ᠤᠨ | ᠵᠠᠰᠠᠭ ᠤᠨ ᠪᠠᠳᠤᠯᠠᠭ᠎ᠠ ᠳᠤ ᠲᠠᠯᠳᠠ ᠲᠦᠭᠰᠢᠭᠦᠷᠢ ᠲᠤᠯᠭᠠᠷᠠᠵᠤ ᠪᠠᠶᠢᠬᠤ ᠪᠦᠭᠡᠳ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠬᠡᠷᠡᠭᠰᠡᠬᠦ ᠪᠡᠯᠡ ᠮᠦᠩᠬᠦ ᠲᠤᠳᠠᠬᠳᠠᠵᠤ ᠪᠠᠶᠢᠨ᠎ᠠ᠃ ᠲᠦᠷᠪᠡ ᠳᠤ᠂ ︽ᠲᠦᠷᠪᠡᠨ ᠰᠤᠷᠳᠠᠯ︾ ᠤᠨ | ᠠᠰᠠᠭᠤᠳᠠᠯ ᠮᠦᠨ ᠯᠡ ᠤᠷᠤᠰᠢᠵᠦ ᠪᠠᠶᠢᠬᠤ ᠪᠦᠭᠡᠳ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠤᠬᠳᠠᠬᠰᠠᠨ ᠲᠤᠩ ᠤᠯᠠᠨ ᠠᠰᠠᠭᠤᠳᠠᠯ ᠪᠠ ᠤᠯᠠᠨ ᠲᠦᠮᠡᠨ ᠲᠠᠢ ᠬᠠᠷᠢᠯᠴᠠᠵᠦ ᠲᠡᠳᠡᠨ ᠳᠤ ᠦᠢᠯᠡᠴᠢᠯᠡᠬᠦ ︽ᠰᠡᠭᠦᠯᠴᠢ | ᠶᠢᠨ ᠨᠢᠭᠡ ᠠᠯᠬᠤᠮ︾ ᠤᠨ ᠠᠰᠠᠭᠤᠳᠠᠯ ᠢ ᠴᠤ ᠲᠤᠤᠱᠳᠠᠢ ᠰᠢᠢᠤᠪᠦᠷᠢᠯᠡᠭᠡᠳᠦᠢ ᠪᠠᠶᠢᠵᠤ᠂ ᠰᠤᠷᠳᠠᠯ ᠴᠡᠭᠴᠡᠯᠡᠬᠦ ᠡᠭᠦᠷᠭᠡ | ᠮᠠᠰᠢ ᠬᠦᠨᠳᠦ᠂ ᠵᠠᠮ ᠪᠠᠰᠠ ᠬᠤᠯᠠ ᠪᠠᠶᠢᠬᠰᠠᠭᠠᠷ᠃ ᠡᠶᠢᠮᠦ ᠠᠴᠠ ᠪᠢᠳᠡ ᠡᠳᠡᠭᠡᠷ ᠢ ᠦᠭᠡᠷᠡᠴᠢᠯᠡᠬᠦ ᠠᠷᠭ᠎ᠠ ᠪᠤᠳᠤᠯᠭ᠎ᠠ ᠪᠠᠨ | ᠲᠡᠭᠦᠯᠳᠡᠷᠵᠢᠭᠦᠯᠵᠦ᠂ ᠰᠠᠶᠢᠳᠤᠷ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃ | ᠬᠤᠶᠠᠷ᠂ 2015 ᠤᠨ ᠤ ᠭᠤᠤᠯ ᠠᠵᠢᠯ ᠡᠭᠦᠷᠭᠡ | ᠡᠨᠡ ᠵᠢᠯ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠵᠠᠩᠬᠢᠯᠭ᠎ᠠ ᠶᠢᠨ ᠵᠢᠯ | ᠮᠦᠨ︔ ᠪᠠᠰᠠᠴᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ | ᠰᠡᠭᠦᠯᠴᠢ ᠶᠢᠨ ᠨᠢᠭᠡ ᠵᠢᠯ ᠪᠤᠯᠬᠤ ᠪᠦᠭᠡᠳ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠶᠢᠨ ᠠᠩᠬᠠᠨ ᠤ ᠵᠢᠯ | ᠪᠤᠯᠵᠤ ᠪᠠᠶᠢᠭ᠎ᠠ ᠶᠤᠮ᠃ ᠪᠢᠳᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠨᠢᠭᠡᠳᠦᠯᠳᠠᠢ ᠪᠠᠶᠢᠷᠢᠯᠠᠭᠤᠯᠤᠯᠳᠠ | ᠶᠤᠰᠤᠭᠠᠷ ᠤᠳᠤᠬᠠᠨ ᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠳᠠᠳᠤ ᠪᠠᠶᠢᠳᠠᠯ ᠢᠶᠠᠷ ᠢᠶᠠᠨ ᠦᠨᠳᠦᠰᠦ ᠪᠤᠯᠭᠠᠵᠤ᠂ | ᠰᠢᠨᠵᠢᠯᠡᠬᠦ ᠤᠬᠠᠭᠠᠨᠴᠢ ᠪᠠᠷ ᠬᠦᠭᠵᠢᠯᠳᠡ ᠶᠢ ᠲᠦᠯᠦᠪᠯᠡᠨ᠂ ᠠᠰᠠᠭᠤᠳᠠᠯ ᠳᠤ ᠢᠳᠡᠪᠬᠢᠳᠠᠢ ᠬᠠᠨᠳᠤᠵᠤ᠂ ᠡᠯ᠎ᠡ ᠲᠦᠷᠦᠯ ᠤᠨ | ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠠᠳᠬᠤᠬᠤ ᠴᠢᠬᠤᠯᠠᠳᠠᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ | ᠪᠤᠯᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠦᠬᠦ ᠬᠡᠰᠢᠭᠦᠳ ᠤᠨ | ᠦᠷᠭᠡᠳᠭᠡᠭᠰᠡᠨ ᠬᠤᠷᠠᠯᠳᠤᠭᠠᠨ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ︽8337︾ | ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠮᠠᠭ ᠤᠨ ᠨᠠᠮ ᠤᠨ ᠬᠤᠷᠢᠶᠠᠨ ᠤ ︽ᠪᠦᠬᠦ | ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠬᠦ ᠲᠤᠯᠤᠭᠠᠨ ᠱᠠᠭᠠᠷᠳᠠᠯᠭ᠎ᠠ︾ ᠶᠢᠨ ᠦᠨᠳᠦᠰᠦᠨ ᠪᠠᠶᠢᠷᠢᠯᠠᠭᠤᠯᠤᠯᠳᠠ ᠶᠤᠰᠤᠭᠠᠷ | ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠢᠳᠡᠪᠬᠢᠳᠠᠢ ᠵᠤᠬᠢᠴᠠᠨ᠂ ᠲᠤᠬᠳᠠᠭᠤᠨ ᠤ ᠲᠤᠮᠳᠠ | ᠤᠷᠤᠬᠰᠢᠯᠠᠬᠤ ᠦᠨᠳᠦᠰᠦᠨ ᠬᠡᠮᠨᠡᠯ ᠢ ᠪᠠᠷᠢᠮᠳᠠᠯᠠᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠪᠠᠷ | ᠬᠦᠳᠡᠯᠬᠡᠭᠦ ᠬᠦᠴᠦᠨ ᠪᠤᠯᠭᠠᠨ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ | ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠵᠤ᠂ ᠬᠡᠪ ᠰᠤᠷᠳᠠᠯ ᠢ ᠦᠷᠭᠦᠯᠵᠢᠯᠡᠨ ᠦᠭᠡᠷᠡᠴᠢᠯᠡᠬᠦ ᠪᠠᠷ ᠪᠠᠳᠤᠯᠠᠭ᠎ᠠ ᠪᠤᠯᠭᠠᠨ᠂ | ᠦᠭᠡᠷᠡᠴᠢᠯᠡᠯᠳᠡ ᠶᠢ ᠴᠢᠩᠭ᠎ᠠ ᠠᠳᠬᠤᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠬᠡᠨ᠂ | ᠪᠦᠳᠦᠭᠡᠯᠴᠢ ᠬᠦᠴᠦᠨ ᠢ ᠴᠢᠬᠤᠯᠠᠴᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠩᠭᠠᠳᠬᠠᠨ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠳᠤᠯᠠᠨ᠎ᠠ᠃ ︽ᠬᠦᠭᠵᠢᠯᠳᠡ ᠶᠢ ᠦᠷᠭᠦᠯᠵᠢᠯᠡᠭᠦᠯᠬᠦ᠂ ᠬᠦᠭᠵᠢᠯᠳᠡ ᠶᠢᠨ | ᠬᠡᠯᠪᠡᠷᠢ ᠶᠢ ᠬᠤᠪᠢᠷᠠᠭᠤᠯᠬᠤ᠂ ᠬᠦᠭᠵᠢᠯᠳᠡ ᠶᠢ ᠵᠤᠬᠢᠴᠠᠭᠤᠯᠬᠤ᠂ ᠡᠶ᠎ᠡ ᠨᠠᠶᠢᠷᠠᠮᠳᠠᠭᠤ ᠬᠦᠭᠵᠢᠬᠦ︾ ᠠᠵᠢᠯ ᠤᠨ | ᠱᠠᠭᠠᠷᠳᠠᠯᠭ᠎ᠠ ᠶᠤᠰᠤᠭᠠᠷ ︽ᠵᠢᠷᠭᠤᠭᠠᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠪᠤᠯᠤᠨ ︽ᠵᠠᠭᠤᠨ ᠳ᠋ᠦᠩᠰᠢᠭᠤᠷ | ᠤᠨ ᠲᠦᠷᠪᠡᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠠᠵᠤ ᠠᠬᠤᠢ ᠶᠢᠨ ᠡᠷᠡᠭᠦᠯ | ᠲᠤᠬᠳᠠᠪᠤᠷᠢᠳᠠᠢ ᠬᠦᠭᠵᠢᠯᠳᠡ ᠪᠤᠯᠤᠨ ᠨᠡᠶᠢᠭᠡᠮ ᠤᠨ ᠨᠠᠶᠢᠷᠰᠠᠭ ᠲᠤᠬᠳᠠᠭᠤᠨ ᠪᠠᠶᠢᠳᠠᠯ ᠢ ᠲᠦᠯᠬᠢᠨ ᠠᠬᠢᠭᠤᠯᠤᠨ᠎ᠠ᠃ | ᠭᠤᠤᠯ ᠲᠦᠰᠦᠪᠯᠡᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 74. | 3 ᠳ᠋ᠦᠩᠰᠢᠭᠤᠷ ᠲᠦᠭᠦᠷᠢᠭ ᠲᠤ ᠬᠦᠷᠭᠡᠵᠦ᠂ 9.6% ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ | ᠤᠨ ᠨᠡᠮᠡᠭᠳᠡᠯ ᠦᠷᠳᠡᠭ ᠢ 7.1 ᠳ᠋ᠦᠩᠰᠢᠭᠤᠷ ᠲᠦᠭᠦᠷᠢᠭ ᠲᠤ ᠬᠦᠷᠭᠡᠵᠦ᠂ 5.7% ᠪᠠᠷ ᠨᠡᠮᠡᠭᠳᠡᠭᠦᠯᠦᠨ᠂ ᠬᠤᠶᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ ᠢ 52.4 ᠳ᠋ᠦᠩᠰᠢᠭᠤᠷ ᠲᠦᠭᠦᠷᠢᠭ ᠲᠤ ᠬᠦᠷᠭᠡᠨ᠂ 10.7% ᠪᠠᠷ ᠨᠡᠮᠡᠭᠳᠡᠭᠦᠯᠵᠦ | ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 14.8 ᠳ᠋ᠦᠩᠰᠢᠭᠤᠷ ᠲᠦᠭᠦᠷᠢᠭ ᠲᠤ ᠬᠦᠷᠭᠡᠨ᠂ 9.2% | ᠢᠶᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 52.2 ᠳ᠋ᠦᠩᠰᠢᠭᠤᠷ | ᠲᠦᠭᠦᠷᠢᠭ ᠲᠤ ᠬᠦᠷᠭᠡᠨ᠂ 15 % ᠪᠠᠷ ᠨᠡᠮᠡᠭᠳᠡᠭᠦᠯᠵᠦ᠂ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ | ᠤᠷᠤᠯᠭ᠎ᠠ ᠶᠢ 13.35 ᠳ᠋ᠦᠩᠰᠢᠭᠤᠷ ᠲᠦᠭᠦᠷᠢᠭ ᠲᠤ ᠬᠦᠷᠭᠡᠵᠦ᠂ 5. % ᠪᠠᠷ ᠨᠡᠮᠡᠭᠳᠡᠭᠦᠯᠦᠨ᠎ᠡ︔ ᠤᠯᠠᠨ ᠨᠡᠶᠢᠳᠡ ᠶᠢᠨ | ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.05 ᠳ᠋ᠦᠩᠰᠢᠭᠤᠷ ᠲᠦᠭᠦᠷᠢᠭ ᠲᠤ ᠬᠦᠷᠭᠡᠵᠦ᠂ 7% ᠪᠠᠷ | ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠢ 12.7 | ᠳ᠋ᠦᠩᠰᠢᠭᠤᠷ ᠲᠦᠭᠦᠷᠢᠭ ᠲᠤ ᠬᠦᠷᠭᠡᠨ᠂ 11% ᠪᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠩᠭᠤ ᠶᠢᠨ | ᠰᠠᠭᠤᠭᠠᠯᠢ ᠠᠷᠠᠳ ᠤᠨ ᠬᠦᠮᠤᠨ ᠪᠦᠷᠢ ᠶᠢᠨ ᠲᠡᠭᠰᠢᠳᠭᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 30597 | ᠲᠦᠭᠦᠷᠢᠭ ᠲᠤ ᠬᠦᠷᠭᠡᠵᠦ᠂ 10.5% ᠪᠠᠷ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ | ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 14298 | ᠲᠦᠭᠦᠷᠢᠭ ᠲᠤ ᠬᠦᠷᠭᠡᠵᠦ᠂ 12.9 % ᠪᠠᠷ ᠨᠡᠮᠡᠭᠳᠡᠭᠦᠯᠦᠨ᠎ᠡ᠃ | ᠲᠡᠭᠡᠷ᠎ᠡ ᠲᠤᠷᠠᠳᠤᠬᠰᠠᠨ ᠬᠠᠷᠠᠯᠳᠠ ᠡᠭᠦᠷᠭᠡ ᠪᠤᠯ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠪᠤᠯᠤᠨ ᠰᠠᠶᠢᠨ | ᠮᠠᠭᠤ ᠬᠦᠴᠦᠨ ᠵᠦᠢᠯ ᠤᠨ ᠨᠦᠯᠦᠭᠡᠯᠡᠯ ᠢ ᠬᠦᠢᠴᠡᠳ ᠪᠤᠳᠤᠯᠬᠢᠯᠠᠬᠰᠠᠨ ᠤ ᠲᠠᠷᠠᠭ᠎ᠠ ᠲᠤᠷᠠᠳᠤᠨ ᠭᠠᠷᠭᠠᠬᠰᠠᠨ ᠰᠢᠢᠳᠪᠦᠷᠢᠳᠦ | ᠪᠤᠳᠤᠯᠭ᠎ᠠ ᠪᠤᠯᠬᠤ ᠶᠤᠮ᠃ ᠡᠳᠡᠭᠡᠷ ᠬᠠᠷᠠᠯᠳᠠ ᠡᠭᠦᠷᠭᠡ ᠨᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠬᠤᠪᠢᠷᠭᠠᠬᠤ | ᠬᠤᠭᠤᠴᠠᠭ᠎ᠠ᠂ ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ ᠬᠠᠮᠤᠭ ᠪᠡᠷᠬᠡᠰᠢᠶᠡᠯ ᠲᠠᠢ ᠬᠤᠭᠤᠴᠠᠭ᠎ᠠ᠂ | ᠢᠳᠡᠪᠬᠢᠵᠢᠭᠦᠯᠬᠦ ᠪᠤᠳᠤᠯᠭ᠎ᠠ ᠪᠠᠨ ᠨᠠᠶᠢᠳᠠᠪᠤᠷᠢᠵᠢᠭᠤᠯᠬᠤ ᠬᠤᠭᠤᠴᠠᠭ᠎ᠠ ᠵᠡᠷᠭᠡ ᠭᠤᠷᠪᠠᠨ ᠵᠠᠩᠬᠢᠯᠭ᠎ᠠ ᠶᠢᠨ ᠦᠶ᠎ᠡ ᠳᠤ | ᠤᠷᠤᠬᠰᠠᠨ ᠤ ᠲᠠᠷᠠᠭᠠᠬᠢ ᠦᠷᠭᠦᠯᠵᠢᠯᠡᠭᠰᠡᠨ ᠬᠦᠭᠵᠢᠯᠳᠡ ᠶᠢᠨ ᠪᠤᠰᠤᠳᠴᠢ ᠱᠠᠭᠠᠷᠳᠠᠯᠭ᠎ᠠ ᠶᠢ ᠲᠤᠰᠬᠠᠵᠤ ᠪᠠᠶᠢᠭ᠎ᠠ ᠶᠤᠮ᠃ | ᠪᠢᠳᠡᠨ ᠤ ᠬᠠᠷᠠᠯᠳᠠ ᠬᠦᠰᠡᠯ ᠢᠳᠡᠭᠡᠯ ᠢᠶᠠᠷ ᠲᠦᠭᠦᠷᠡᠩ ᠪᠠᠶᠢᠨ᠎ᠠ᠃ ᠬᠠᠷᠢᠨ ᠡᠭᠦᠨ ᠢ ᠪᠡᠶᠡᠯᠡᠭᠦᠯᠬᠦ ᠳᠤ ᠬᠠᠳᠠᠭᠤᠵᠢᠯᠳᠠᠢ | ᠴᠢᠷᠮᠠᠶᠢᠯᠭ᠎ᠠ ᠴᠢᠬᠤᠯᠠᠳᠠᠢ᠃ ᠡᠶᠢᠮᠦ ᠠᠴᠠ ᠪᠢᠳᠡ ᠤᠬᠠᠮᠰᠠᠷ᠂ ᠲᠠᠨᠢᠯᠳᠠ ᠪᠤᠯᠤᠨ ᠠᠷᠭ᠎ᠠ ᠰᠡᠳᠬᠢᠴᠡ ᠶᠢᠨ ᠲᠠᠯ᠎ᠠ ᠲᠡᠭᠡᠷ᠎ᠡ | ᠴᠦᠮ ︽ᠲᠤᠬᠳᠠᠭᠤᠨ︾ ᠢᠶᠠᠷ ᠰᠠᠭᠤᠷᠢ ᠪᠤᠯᠭᠠᠵᠤ᠂ ᠲᠤᠬᠳᠠᠭᠤᠨ ᠤ ᠲᠤᠮᠳᠠ ᠨᠡᠮᠡᠭᠳᠡᠯ ᠢ ᠪᠠᠳᠤᠯᠠᠵᠤ᠂ ᠲᠤᠬᠳᠠᠭᠤᠨ ᠤ | ᠲᠤᠮᠳᠠ ᠦᠷ᠎ᠡ ᠠᠰᠢᠭ ᠡᠭᠦᠳᠬᠦ ᠪᠠᠷ ᠪᠠᠷᠠᠬᠤ ᠦᠭᠡᠢ ︽ᠤᠷᠤᠬᠰᠢᠯᠠᠯᠳᠠ︾ ᠶᠢ ᠪᠠᠰᠠ ᠴᠢᠬᠤᠯᠠᠴᠢᠯᠠᠨ᠂ ᠤᠷᠤᠬᠰᠢᠯᠠᠯᠳᠠ | ᠶᠢᠨ ᠲᠤᠮᠳᠠ ᠰᠢᠨ᠎ᠡ ᠵᠠᠮ ᠨᠡᠭᠡᠭᠡᠵᠦ᠂ ᠰᠢᠨ᠎ᠡ ᠬᠦᠭᠵᠢᠯᠳᠡ ᠶᠢ ᠡᠷᠢᠯᠬᠢᠯᠡᠬᠦ ᠬᠡᠷᠡᠭᠳᠠᠢ᠃ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢ ᠰᠢᠨᠵᠢᠯᠡᠬᠦ ᠤᠬᠠᠭᠠᠨᠴᠢ ᠪᠠᠷ ᠲᠤᠭᠤᠷᠪᠢᠵᠦ᠂ | ᠬᠦᠭᠵᠢᠯᠳᠡ ᠶᠢᠨ ᠬᠠᠷᠠᠯᠳᠠ ᠪᠠᠨ ᠵᠤᠬᠢᠰᠳᠠᠢ ᠲᠤᠬᠢᠷᠠᠭᠤᠯᠤᠭᠰᠠᠨ ᠰᠠᠭᠤᠷᠢᠨ ᠲᠡᠭᠡᠷ᠎ᠡ᠂ ᠦᠨᠦ ᠵᠢᠯ ᠲᠤᠤᠷᠠᠬᠢ ᠨᠠᠢᠮᠠᠨ | ᠵᠦᠢᠯ ᠤᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃ | ︵ᠨᠢᠬᠡ︶ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠬᠦᠴᠦᠯᠡᠨ ᠬᠦᠭᠵᠢᠬᠦᠯᠵᠦ᠂ ᠠᠮᠢ ᠠᠬᠤᠢ | ᠶᠢᠨ ᠬᠠᠯᠬᠠᠪᠴᠢ ᠶᠢ ᠪᠦᠳᠦᠬᠡᠨ ᠪᠠᠶᠢᠭᠤᠯᠤᠨ᠎ᠠ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠳᠡ ᠶᠢ ᠲᠦᠯᠬᠢᠨ ᠠᠬᠢᠭᠤᠯᠵᠦ᠂ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠶᠠᠰᠤ ᠴᠢᠨᠡᠷ ᠪᠠ ᠦᠷ᠎ᠡ ᠠᠰᠢᠭ ᠢ ᠲᠡᠭᠡᠭᠰᠢᠯᠡᠬᠦᠯᠦᠨ᠂ ᠮᠠᠯᠴᠢᠨ | ᠲᠠᠷᠢᠶᠠᠴᠢᠨ ᠤ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠦᠨ᠎ᠡ᠃ ᠦᠷ᠎ᠡ ᠠᠰᠢᠭ ᠢᠶᠠᠷ ᠦᠨᠳᠦᠷ ᠮᠠᠯ ᠠᠵᠤ ᠠᠬᠤᠢ ᠶᠢ | ᠬᠦᠴᠦᠯᠡᠨ ᠬᠦᠭᠵᠢᠬᠦᠯᠵᠦ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠮᠠᠯᠵᠢᠬᠤ ᠭᠤᠷᠪᠠᠨ ᠲᠤᠮᠤ | ᠠᠵᠦ ᠦᠢᠯᠡᠰ ᠢᠶᠠᠷ ᠲᠤᠯᠭᠠᠭᠤᠷᠢ ᠪᠤᠯᠭᠠᠨ᠂ ᠭᠤᠤᠯᠳᠠᠯᠭ᠎ᠠ ᠲᠠᠢ ᠲᠡᠮᠵᠢᠵᠦ᠂ ᠲᠦᠷᠦᠯ ᠬᠤᠪᠢᠶᠠᠨ ᠨᠠᠶᠢᠳᠠᠪᠤᠷᠢᠵᠢᠭᠤᠯᠵᠦ᠂ | ᠪᠡᠯᠴᠢᠬᠡᠷᠯᠡᠬᠦᠯᠬᠦ ᠶᠢ ᠵᠤᠭᠰᠤᠭᠠᠭᠰᠠᠨ ᠤᠷᠤᠨ ᠳᠤ ︽ᠠᠵᠤ ᠠᠬᠤᠶᠢᠯᠠᠯ — ᠬᠤᠷᠰᠢᠶᠠᠵᠢᠯ — ᠮᠠᠯᠴᠢᠨ ᠲᠠᠷᠢᠶᠠᠴᠢᠨ | ᠡᠷᠦᠬᠡ︾ ᠬᠠᠮᠳᠤᠷᠠᠭᠰᠠᠨ ᠡᠵᠡᠩᠨᠡᠯᠳᠡ ᠶᠢᠨ ᠬᠡᠯᠪᠡᠷᠢ ᠶᠢ ᠲᠦᠬᠡᠮᠡᠯᠵᠢᠯᠡᠬᠦᠯᠦᠨ᠂ ᠮᠠᠯ ᠪᠡᠯᠴᠢᠬᠡᠷ ᠢ ᠲᠡᠩᠴᠡᠬᠦᠷᠢᠰᠢᠬᠦᠯᠬᠦ | ᠤᠷᠤᠨ ᠳᠤ ᠬᠤᠳᠠ ᠪᠠᠷ ᠨᠢᠬᠡᠴᠡ ᠪᠤᠯᠭᠠᠨ ᠡᠷᠦᠬᠡ ᠬᠤᠯᠪᠤᠭᠠᠯᠠᠭᠰᠠᠨ ᠡᠵᠡᠩᠨᠡᠯᠳᠡ ᠶᠢᠨ ᠬᠡᠯᠪᠡᠷᠢ ᠶᠢ ᠠᠪᠴᠤ᠂ ᠮᠢᠬᠠᠨ ᠤ | ᠦᠬᠡᠷ ᠮᠠᠯᠵᠢᠬᠤ ᠬᠡᠷ ᠪᠦᠯᠢ ᠶᠢᠨ ᠮᠠᠯᠵᠢᠯ ᠤᠨ ᠲᠠᠯᠠᠪᠠᠢ 50᠂ ᠮᠢᠬᠠᠨ ᠤ ᠬᠤᠨᠢ ᠮᠠᠯᠵᠢᠬᠤ ᠬᠡᠷ ᠪᠦᠯᠢ ᠶᠢᠨ ᠮᠠᠯᠵᠢᠯ ᠤᠨ | ᠲᠠᠯᠠᠪᠠᠢ 15 ᠶᠢ ᠰᠢᠨ᠎ᠠ ᠪᠠᠷ ᠪᠠᠶᠢᠭᠤᠯᠵᠦ᠂ ᠰᠠᠭᠠᠯᠢ ᠶᠢᠨ ᠦᠨᠢᠶᠠᠨ ᠤ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ 8 ᠶᠢ | ᠰᠢᠨ᠎ᠠ ᠪᠠᠷ ᠪᠠᠶᠢᠭᠤᠯᠤᠨ᠂ 5 ᠶᠢ ᠦᠷᠭᠡᠳᠬᠡᠨ ᠪᠠᠶᠢᠭᠤᠯᠤᠨ᠎ᠠ᠃ ᠡᠨᠡ ᠵᠢᠯ 30 ᠰᠢᠮᠧᠨ᠋ᠲᠷ ᠦᠬᠡᠷ ᠤᠨ ᠰᠦᠷᠦᠭ᠂ 10 | ᠴᠠᠬᠠᠷ ᠬᠤᠨᠢᠨ ᠤ ᠰᠦᠷᠦᠭ ᠢ ᠨᠡᠮᠡᠵᠦ ᠭᠠᠷᠭᠠᠨ᠂ ᠮᠠᠯᠵᠢᠯ ᠤᠨ ᠤᠨ ᠤ ᠮᠠᠯ ᠤᠨ ᠲᠤᠭ᠎ᠠ ᠶᠢ 70 ᠲᠦᠮᠡᠨ ᠲᠤᠯᠤᠭᠠᠢ | ᠤᠷᠴᠢᠮ ᠪᠠᠶᠢᠯᠭᠠᠬᠤ ᠶᠢ ᠪᠠᠳᠤᠯᠠᠨ᠎ᠠ᠃ ᠮᠦᠨ 5 ᠲᠦᠮᠡᠨ ᠦᠬᠡᠷ᠂ 8 ᠲᠦᠮᠡᠨ ᠬᠤᠨᠢ ᠶᠢ ᠲᠡᠵᠢᠬᠡᠨ ᠪᠤᠷᠳᠤᠵᠦ ᠵᠠᠬ᠎ᠠ ᠳᠤ | ᠭᠠᠷᠭᠠᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ | ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠲᠦᠰᠦᠯ ᠤᠨ ᠪᠡᠯᠡ ᠮᠦᠩᠬᠦ ᠶᠢ ᠬᠤᠷᠠᠮᠳᠤᠭᠤᠯᠤᠨ᠂ | ᠨᠠᠶᠢᠳᠠ ᠲᠠᠯᠠᠪᠠᠢ ᠨᠢ 6.3 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠲᠤᠯᠠᠭᠠᠨ ᠰᠠᠷᠠᠪᠴᠢ᠂ 9.1 | ᠲᠦᠮᠡᠨ ᠲᠡᠭᠰᠢ ᠲᠦᠷᠪᠡᠯᠵᠢᠨ ᠮᠧᠲᠷ ᠤᠨ ᠮᠠᠯ ᠤᠨ ᠬᠠᠰᠢᠶ᠎ᠠ ᠰᠠᠷᠠᠪᠴᠢ᠂ 0.4 ᠲᠦᠮᠡᠨ ᠲᠡᠭᠰᠢ ᠲᠦᠷᠪᠡᠯᠵᠢᠨ ᠮᠧᠲᠷ ᠤᠨ | ᠡᠪᠡᠰᠦᠨ ᠤ ᠫᠧᠩ ᠰᠠᠷᠠᠪᠴᠢ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠲᠠᠯᠠᠪᠠᠢ ᠪᠦᠬᠦᠢ ᠨᠤᠭᠤᠭᠠᠨ ᠲᠠᠷᠤᠰᠢ ᠶᠢᠨ | ᠵᠤᠭᠤᠷᠢ ᠶᠢ ᠰᠢᠨ᠎ᠠ ᠪᠠᠷ ᠪᠠᠶᠢᠭᠤᠯᠤᠨ᠎ᠠ︔ ᠪᠠᠭ᠎ᠠ ᠬᠡᠯᠪᠡᠷᠢ ᠶᠢᠨ ᠤᠰᠤᠯᠠᠯᠳᠠ ᠶᠢᠨ ᠲᠠᠷᠢᠶᠠᠯᠠᠩ ᠤᠨ ᠭᠤᠤᠯᠳᠠᠯᠭ᠎ᠠ ᠲᠠᠢ | ᠰᠢᠶᠠᠨ ᠤ ᠲᠦᠰᠦᠯ ᠢ ᠰᠠᠶᠢᠳᠦᠷ ᠨᠠᠶᠢᠳᠠᠪᠤᠷᠢᠵᠢᠭᠤᠯᠤᠨ᠎ᠠ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ | ᠠᠬᠢᠴᠠ ᠶᠢ ᠲᠦᠷᠬᠡᠳᠬᠡᠨ᠂ ᠮᠠᠯ ᠠᠵᠤ ᠠᠬᠤᠢ ᠶᠢᠨ ᠰᠢᠨᠵᠢᠯᠡᠭᠡ ᠮᠡᠷᠬᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠳᠠᠬᠢ | ᠦᠬᠡᠷ ᠬᠤᠨᠢ ᠪᠤᠷᠳᠤᠨ ᠲᠠᠷᠭᠤᠯᠠᠭᠤᠯᠬᠤ ᠦᠢᠯᠡᠰ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ ᠬᠤᠷᠰᠢᠶᠠᠵᠢᠯ ᠢ ᠲᠡᠮᠵᠢᠬᠦ | ᠶᠢᠨ ᠬᠠᠮᠳᠤ ᠶᠤᠸᠠᠨ ᠵᠢᠢ ᠲᠡᠵᠢᠬᠡᠯ ᠪᠤᠷᠳᠤᠭᠠᠨ ᠤ ᠦᠢᠯᠡᠳᠪᠤᠷᠢ᠂ ᠺᠦᠨ ᠶᠤᠸᠠᠨ ᠲᠠᠢ ᠾᠧ ᠲᠦᠮᠦᠰᠦ ᠲᠠᠷᠢᠬᠤ | ᠰᠠᠭᠤᠷᠢᠨ᠂ ᠱᠠᠩᠳᠤ ᠦᠬᠡᠷ ᠤᠨ ᠮᠢᠬ᠎ᠠ ᠪᠤᠯᠪᠠᠰᠤᠷᠠᠭᠤᠯᠬᠤ ᠦᠢᠯᠡᠳᠪᠤᠷᠢ᠂ ᠹᠧᠩ ᠰᠢ ᠲᠠᠷᠢᠶᠠᠯᠠᠩ ᠮᠠᠯ ᠠᠵᠤ ᠠᠬᠤᠢ ᠶᠢᠨ | ᠺᠤᠮᠫᠠᠨᠢ᠂ ᠵᠢᠶᠧ ᠯᠢᠨ — ᠯᠢ ᠮᠤ᠋ ᠽᠠᠨ ᠦᠬᠡᠷ ᠮᠠᠯᠵᠢᠬᠤ ᠭᠠᠵᠠᠷ᠂ ᠠᠩᠬᠢᠰ ᠮᠢᠬᠠᠨ ᠤ ᠦᠬᠡᠷ ᠲᠡᠵᠢᠬᠡᠨ ᠪᠤᠷᠳᠤᠬᠤ | ᠭᠠᠵᠠᠷ᠂ ᠳ᠋ᠠᠨᠮᠠᠷᠺ ᠤᠨ ᠪᠦᠯᠢᠶᠡᠨ ᠴᠢᠰᠦᠳᠦ ᠠᠳᠤᠭᠤ ᠶᠢ ᠦᠷᠡᠵᠢᠬᠦᠯᠬᠦ ᠰᠠᠭᠤᠷᠢᠨ ᠵᠡᠷᠬᠡ ᠲᠦᠰᠦᠯ ᠤᠳ ᠢ ᠭᠤᠤᠯᠳᠠᠯᠭ᠎ᠠ | ᠲᠠᠢ ᠲᠡᠮᠵᠢᠨ᠎ᠠ᠃ ᠨᠤᠳᠤᠭ ᠪᠡᠯᠴᠢᠬᠡᠷ ᠤᠨ ᠦᠮᠴᠢᠯᠠᠯ ᠤᠨ ᠡᠷᠬᠡ ᠪᠠ ᠬᠦᠳᠡᠭᠡ ᠲᠤᠰᠬᠤᠨ ᠤ ᠭᠠᠵᠠᠷ ᠰᠢᠷᠦᠢ ᠶᠢᠨ | ᠲᠠᠭᠠᠭᠠᠴᠢᠯᠠᠨ ᠡᠵᠡᠩᠨᠡᠯᠳᠡ ᠶᠢᠨ ᠬᠡᠷᠡᠴᠢ ᠤᠯᠭᠤᠬᠤ ᠠᠵᠢᠯ ᠢ ᠰᠠᠶᠢᠳᠦᠷ ᠬᠢᠨ᠎ᠠ᠃ ᠠᠮᠢᠳᠠᠨ ᠤ ᠬᠢᠵᠢᠭ ᠬᠡᠮ ᠢ ᠰᠡᠷᠬᠡᠶᠢᠯᠡᠬᠦ | ᠠᠵᠢᠯ ᠢ ᠴᠢᠩᠭᠠᠳᠬᠠᠵᠦ᠂ ᠬᠢᠵᠢᠭ ᠤᠨ ᠲᠠᠷᠢᠯᠭ᠎ᠠ ᠲᠠᠯᠪᠢᠭᠰᠠᠨ ᠨᠤᠷᠮ᠎ᠠ ᠶᠢ 100% ᠳᠤ ᠬᠦᠷᠬᠡᠨ᠎ᠡ᠃ ᠤᠯᠤᠰ ᠤᠨ | ᠭᠠᠵᠠᠷ ᠤᠷᠤᠨ ᠤ ᠴᠢᠨᠡᠷᠳᠡᠢ ᠪᠦᠳᠦᠬᠡᠭᠳᠡᠬᠦᠨ ᠪᠤᠯᠤᠭᠰᠠᠨ ᠬᠤᠷᠤᠳ᠂ ᠦᠷᠦᠮ᠎ᠠ ᠶᠢ ᠤᠬᠠᠭᠤᠯᠤᠨ ᠲᠠᠨᠢᠯᠴᠠᠭᠤᠯᠬᠤ ᠵᠢᠴᠢ | ᠬᠠᠮᠠᠭᠠᠯᠠᠬᠤ ᠠᠵᠢᠯ ᠢ ᠰᠠᠶᠢᠳᠦᠷ ᠬᠢᠵᠦ᠂ ᠤᠷᠤᠨ ᠨᠤᠳᠤᠭ ᠤᠨ ᠤᠯᠠᠮᠵᠢᠯᠠᠯᠳᠤ ᠤᠯᠠᠭᠠᠨ ᠢᠳᠡᠭᠡ᠂ ᠴᠠᠭᠠᠨ ᠢᠳᠡᠬᠡᠨ ᠤ | ᠦᠢᠯᠡᠰ ᠤᠨ ᠬᠦᠭᠵᠢᠯᠳᠡ ᠶᠢ ᠲᠡᠮᠵᠢᠨ᠎ᠠ᠃ ᠲᠠᠷᠢᠶᠠᠴᠢᠳ ᠤᠨ ᠪᠤᠬᠢᠷᠳᠦᠯ ᠦᠬᠡᠢ ᠨᠤᠭᠤᠭ᠎ᠠ ᠵᠢᠮᠢᠰ ᠲᠠᠷᠢᠬᠤ ᠶᠢ | ᠵᠤᠷᠢᠭᠵᠢᠭᠤᠯᠤᠨ᠂ ᠡᠨᠡ ᠵᠢᠯ ᠳᠤ 1 ᠠᠴᠠ 2 ᠵᠢᠱᠢᠶ᠎ᠠ ᠦᠵᠡᠬᠦᠯᠬᠦ ᠲᠤᠭᠤᠷᠢᠭ ᠭᠠᠷᠭᠠᠬᠤ ᠪᠠᠷ ᠪᠤᠢ᠃ ᠲᠠᠷᠢᠶᠠᠯᠠᠩ ᠮᠠᠯ | ᠠᠵᠤ ᠠᠬᠤᠢ ᠶᠢᠨ ᠪᠦᠳᠦᠬᠡᠭᠳᠡᠬᠦᠨ ᠤ ᠪᠤᠷᠤᠯᠠᠭᠤᠯᠭ᠎ᠠ ᠶᠢᠨ ᠵᠠᠮ ᠢ ᠰᠢᠯᠤᠭᠤᠳᠬᠠᠨ᠂ ᠪᠦᠳᠦᠭᠡᠭᠳᠡᠬᠦᠨ ᠢ ᠰᠢᠯᠭᠠᠨ | ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠨ᠎ᠠ᠃ | ︽8337︾ ᠬᠦᠭᠵᠢᠯᠳᠡ ᠶᠢᠨ ᠰᠡᠳᠬᠢᠴᠡ ᠳᠠᠬᠢ ︽ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ | ᠴᠢᠬᠤᠯᠠ ᠬᠠᠯᠬᠠᠪᠴᠢ︾ ᠶᠢ ᠪᠦᠳᠦᠬᠡᠨ ᠪᠠᠶᠢᠭᠤᠯᠬᠤ ᠶᠡᠷᠤᠩᠬᠡᠢ ᠪᠠᠶᠢᠷᠢᠯᠠᠭᠤᠯᠤᠯᠳᠠ ᠶᠤᠰᠤᠭᠠᠷ ᠠᠮᠢ ᠠᠬᠤᠢ ᠶᠢᠨ | ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ ᠤᠨ ᠠᠵᠢᠯ ᠢ ᠰᠠᠶᠢᠳᠦᠷ ᠠᠳᠬᠤᠵᠦ᠂ ᠠᠮᠢ ᠠᠬᠤᠢ | ᠶᠢᠨ ᠬᠠᠮᠠᠭᠠᠯᠠᠯᠳᠠ ᠶᠢᠨ ᠬᠤᠷᠢᠭᠠᠳᠤ ᠱᠤᠭᠤᠮ ᠤᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠦ᠂ ᠲᠠᠯ᠎ᠠ ᠨᠤᠳᠤᠭ ᠤᠨ ᠠᠮᠢ | ᠠᠬᠤᠢ ᠤᠷᠴᠢᠨ ᠲᠤᠭᠤᠷᠢᠨ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠵᠦ᠂ ᠦᠨᠳᠦᠷ ᠤᠨᠠᠯᠳᠠᠳᠤ ᠪᠤᠷᠳᠤᠭᠠᠨ | ᠰᠠᠭᠤᠷᠢᠨ ᠭᠠᠵᠠᠷ ᠲᠤ ᠠᠵᠤ ᠠᠬᠤᠢ ᠶᠢᠨ ᠲᠠᠷᠢᠮᠠᠯ ᠲᠠᠷᠢᠬᠤ ᠮᠡᠳᠦ ᠶᠢᠨ ᠲᠠᠯ᠎ᠠ ᠨᠤᠳᠤᠭ ᠤᠨ ᠠᠮᠢ ᠠᠬᠤᠢ ᠶᠢ ᠡᠪᠳᠡᠭᠰᠡᠨ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠦᠬᠡ ᠲᠡᠭᠷᠢ ᠬᠦᠬᠡᠮᠳᠦᠭ ᠤᠰᠤ ᠲᠠᠢ᠂ ᠨᠤᠮᠢᠨ ᠲᠠᠯ᠎ᠠ ᠨᠤᠭᠤᠭᠠᠨ ᠵᠦᠯᠬᠡ | ᠲᠠᠢ ᠤᠷᠤᠨ ᠨᠤᠳᠤᠭ ᠢᠶᠠᠨ ᠪᠠᠶᠢᠭᠤᠯᠬᠤ ᠪᠠᠷ ᠴᠢᠷᠮᠠᠶᠢᠨ ᠲᠡᠮᠡᠴᠡᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠪᠡᠯᠴᠢᠬᠡᠷᠯᠡᠬᠦᠯᠬᠦ ᠶᠢ ᠵᠤᠭᠰᠤᠭᠠᠭᠰᠠᠨ ᠨᠦᠬᠦᠪᠦᠷᠢ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠭᠰᠠᠨ ᠨᠦᠬᠦᠪᠦᠷᠢ᠂ | ᠰᠢᠯᠢᠳᠡᠭ ᠲᠡᠵᠢᠬᠡᠯ ᠡᠪᠡᠰᠦᠨ ᠤ ᠨᠦᠬᠦᠪᠦᠷᠢ ᠵᠡᠷᠬᠡ 8035 ᠲᠦᠮᠡᠨ ᠲᠦᠬᠦᠷᠢᠭ ᠤᠨ ᠨᠦᠬᠦᠪᠦᠷᠢ ᠮᠦᠩᠬᠦ ᠶᠢ ᠴᠠᠭ | ᠲᠤᠬᠠᠢ ᠳᠤᠨᠢ ᠲᠤᠭ᠎ᠠ ᠶᠤᠰᠤᠭᠠᠷ ᠪᠠᠭᠤᠯᠭᠠᠬᠤ ᠶᠢ ᠪᠠᠳᠤᠯᠠᠨ᠎ᠠ᠃ ᠬᠤᠯᠠᠨ ᠰᠢᠷᠭ᠎ᠠ ᠶᠢᠨ ᠡᠯᠡᠰᠦ ᠶᠢ ᠲᠤᠭᠳᠠᠪᠤᠷᠢᠵᠢᠭᠤᠯᠬᠤ | ᠠᠵᠢᠯ ᠤᠨ ᠬᠦᠴᠦᠯᠡᠴᠡ ᠪᠠᠨ ᠨᠡᠮᠡᠭᠳᠡᠬᠦᠯᠦᠨ᠂ ᠡᠯᠡᠰᠦᠨ ᠤ ᠡᠬᠢ ᠶᠢ ᠵᠠᠰᠠᠬᠤ ᠪᠠᠷ 5.9 ᠲᠦᠮᠡᠨ ᠮᠤ᠋ ᠮᠤᠳᠤ ᠲᠠᠷᠢᠵᠦ᠂ | 2.36 ᠲᠦᠮᠡᠨ ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠨ ᠤᠢ ᠮᠤᠳᠤ ᠲᠠᠷᠢᠬᠤ ᠪᠤᠯᠤᠨ᠎ᠠ︔ ᠵᠠᠰᠠᠮᠠᠯ ᠵᠠᠮ ᠲᠠᠭᠠᠤ᠂ | ᠬᠤᠳᠠ ᠪᠠᠯᠭᠠᠰᠤᠨ ᠤ ᠤᠶᠢᠷ᠎ᠡ ᠬᠠᠪᠢ᠂ ᠭᠠᠴᠠᠭ᠎ᠠ ᠲᠤᠰᠬᠤᠨ ᠵᠢᠴᠢ ᠦᠢᠯᠡᠳᠪᠤᠷᠢ ᠠᠭᠤᠷᠬᠠᠢ ᠵᠡᠷᠬᠡ ᠭᠤᠤᠯᠳᠠᠯᠭ᠎ᠠ ᠲᠠᠢ | ᠤᠷᠤᠨ ᠤ ᠨᠤᠭᠤᠭᠠᠷᠠᠭᠤᠯᠤᠯᠳᠠ ᠶᠢᠨ ᠲᠠᠯᠠᠪᠠᠢ ᠶᠢ 3000 ᠮᠤ᠋ ᠳᠤ ᠬᠦᠷᠬᠡᠨ᠎ᠡ᠃ ᠭᠤᠤᠯ ᠤᠨ ᠤᠰᠤᠨ ᠤ ᠰᠠᠪᠠ ᠭᠠᠵᠠᠷ | ᠢ ᠵᠠᠰᠠᠨ ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠠᠵᠢᠯ ᠢ ᠰᠠᠶᠢᠨ ᠬᠢᠵᠦ᠂ ᠶᠤᠸᠠᠨ ᠤ ᠲᠡᠭᠡᠳᠦ | ᠨᠠᠶᠢᠰᠯᠠᠯ ᠤᠨ ᠪᠠᠭᠤᠷᠢ ᠶᠢᠨ ᠤᠰᠤᠨ ᠤ ᠤᠷᠴᠢᠨ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠦᠷᠬᠦᠯᠵᠢᠯᠡᠨ | ᠶᠠᠪᠤᠭᠳᠠᠭᠤᠯᠬᠤ ᠶᠢᠨ ᠬᠠᠮᠳᠤ ᠱᠠᠩᠳᠤ ᠤᠰᠤᠨ ᠴᠦᠬᠦᠷᠦᠮ ᠪᠠᠶᠢᠭᠤᠯᠬᠤ ᠪᠡᠯᠡᠳᠬᠡᠯ ᠠᠵᠢᠯ ᠢ ᠡᠨᠡ ᠵᠢᠯ ᠳᠡᠭᠡᠨ | ᠲᠠᠭᠤᠰᠬᠠᠬᠤ ᠪᠠᠷ ᠴᠢᠷᠮᠠᠶᠢᠨ᠎ᠠ᠃ ᠯᠤᠸᠠᠨ ᠾᠧ ᠭᠤᠤᠯ ᠤᠨ ᠡᠬᠢ ᠪᠤᠯᠤᠭᠰᠠᠨ ᠬᠡᠶᠢᠪᠡᠩ ᠭᠤᠤᠯ ᠤᠨ ᠠᠮᠢ ᠠᠬᠤᠢ ᠶᠢᠨ | ᠪᠦᠳᠦᠬᠡᠨ ᠪᠠᠶᠢᠭᠤᠯᠤᠯᠳᠠ ᠶᠢᠨ ᠠᠵᠢᠯ ᠢ ᠰᠠᠶᠢᠨ ᠬᠢᠵᠦ᠂ 3 ᠲᠦᠮᠡᠨ ᠮᠤ᠋ ᠪᠡᠯᠴᠢᠬᠡᠷ ᠢ ᠬᠦᠷᠢᠶᠡᠯᠡᠨ ᠰᠡᠷᠬᠦᠬᠡᠬᠦ ᠪᠠᠷ ᠪᠤᠢ︔ | ᠨᠠᠶᠢᠳᠠ 1.5 ᠲᠦᠮᠡᠨ ᠮᠤ᠋ ᠲᠠᠯᠠᠪᠠᠢ ᠪᠦᠬᠦᠢ ᠵᠢᠵᠢᠭ ᠰᠠᠪᠠ ᠭᠠᠵᠠᠷ ᠢ ᠵᠠᠰᠠᠨ ᠡᠳᠡᠬᠡᠷᠡᠬᠦᠯᠵᠦ᠂ 2 ᠭᠠᠵᠠᠷ ᠲᠤ ᠦᠶᠡᠷ | ᠤᠨ ᠤᠰᠤ ᠶᠢ ᠰᠡᠷᠬᠡᠶᠢᠯᠡᠬᠦ ᠪᠠᠷᠢᠯᠭ᠎ᠠ ᠪᠠᠶᠢᠭᠤᠯᠤᠨ ᠠᠭᠤᠯᠠᠨ ᠦᠶᠡᠷ ᠤᠨ ᠭᠠᠮᠰᠢᠭ ᠢ ᠪᠠᠭᠠᠰᠬᠠᠬᠤ ᠪᠠᠷ ᠴᠢᠷᠮᠠᠶᠢᠨ᠎ᠠ᠃ | ᠤᠶᠢᠳᠦ ᠬᠡᠬᠡᠷ᠎ᠡ ᠨᠤᠳᠤᠭ ᠤᠨ ᠭᠠᠯ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠪᠦᠬᠦ ᠵᠢᠯ ᠳᠤ ᠶᠡᠭᠡ ᠲᠤᠶᠢᠮᠡᠷ ᠭᠠᠷᠭᠠᠬᠤ | ᠦᠬᠡᠢ ᠪᠠᠷ ᠴᠢᠷᠮᠠᠶᠢᠨ ᠠᠵᠢᠯᠯᠠᠨ᠎ᠠ᠃ | ︵ᠬᠤᠶᠠᠷ︶ ᠠᠵᠤ ᠦᠢᠯᠡᠳᠪᠤᠷᠢ ᠶᠢᠨ ᠭᠤᠤᠯᠯᠠᠭᠴᠢ ᠪᠠᠶᠢᠷᠢ ᠰᠠᠭᠤᠷᠢ ᠶᠢ ᠪᠠᠳᠤᠯᠠᠵᠦ᠂ ᠠᠵᠤ ᠦᠢᠯᠡᠳᠪᠤᠷᠢ | ᠶᠢᠨ ᠬᠦᠭᠵᠢᠯᠳᠡ ᠶᠢᠨ ᠪᠠᠶᠢᠷᠢᠯᠠᠭᠤᠯᠤᠯᠳᠠ ᠶᠢ ᠲᠡᠬᠦᠯᠳᠡᠷᠵᠢᠬᠦᠯᠦᠨ᠎ᠠ | ︽ᠤᠯᠠᠮᠵᠢᠯᠠᠯᠳᠤ ᠠᠵᠤ ᠦᠢᠯᠡᠰ ᠢ ᠰᠢᠨᠡᠴᠢᠯᠡᠵᠦ᠂ ᠰᠢᠨ᠎ᠠ ᠠᠵᠤ ᠦᠢᠯᠡᠰ ᠢ ᠬᠡᠪᠴᠢᠶᠡᠵᠢᠬᠦᠯᠦᠨ᠂ | ᠭᠤᠤᠯᠯᠠᠭᠴᠢ ᠠᠵᠤ ᠦᠢᠯᠡᠰ ᠢ ᠤᠯᠠᠨ ᠡᠰᠢᠵᠢᠬᠦᠯᠬᠦ︾ ᠱᠠᠭᠠᠷᠳᠠᠯᠭ᠎ᠠ ᠶᠤᠰᠤᠭᠠᠷ᠂ ᠦᠢᠯᠡᠳᠪᠤᠷᠢ ᠶᠢᠨ ᠠᠵᠤ ᠠᠬᠤᠢ ᠶᠢᠨ | ᠬᠦᠭᠵᠢᠯᠳᠡ ᠶᠢᠨ ᠬᠡᠯᠪᠡᠷᠢ ᠶᠢ ᠲᠦᠷᠬᠡᠨ ᠬᠤᠪᠢᠷᠠᠭᠤᠯᠵᠦ᠂ ᠵᠠᠬ᠎ᠠ ᠲᠡᠯᠬᠡᠬᠦᠷ ᠢ ᠴᠢᠯᠦᠬᠡᠳᠡᠢ ᠪᠤᠯᠭᠠᠨ᠂ ᠬᠠᠷᠠᠭᠠᠯᠵᠠᠯ ᠤᠨ | ᠪᠤᠳᠤᠯᠭ᠎ᠠ ᠶᠢ ᠶᠠᠪᠤᠭᠤᠯᠤᠨ᠂ ᠠᠵᠤ ᠠᠬᠤᠶᠢᠯᠠᠯ ᠢ ᠬᠦᠭᠵᠢᠬᠦᠯᠦᠨ᠂ ᠡᠵᠡᠩᠨᠡᠯᠳᠡ ᠶᠢᠨ ᠠᠵᠤ ᠠᠬᠤᠶᠢᠯᠠᠯ ᠢ ᠶᠡᠷᠤᠩᠬᠡᠶᠢᠯᠡᠨ | ᠲᠤᠬᠢᠷᠠᠭᠤᠯᠬᠤ ᠪᠠ ᠪᠠᠳᠤᠯᠠᠭ᠎ᠠ ᠤᠯᠭᠤᠬᠤ ᠦᠢᠯᠡᠴᠢᠯᠡᠬᠡᠨ ᠤ ᠠᠵᠢᠯ ᠢ ᠰᠠᠶᠢᠨ ᠬᠢᠵᠦ᠂ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠵᠢᠬᠡᠯᠡᠯᠬᠡ ᠤᠯᠬᠤ᠂ ᠪᠦᠳᠦᠭᠡᠭᠳᠡᠬᠦᠨ ᠢᠶᠠᠨ ᠭᠠᠳᠠᠭᠰᠢ ᠭᠠᠷᠠᠭᠠᠬᠤ᠂ ᠠᠵᠢᠯᠳᠠᠨ ᠡᠯᠰᠡᠬᠦ᠂ ᠮᠡᠷᠬᠡᠵᠢᠯ ᠤᠨ | ᠦᠬᠡᠷᠡᠴᠢᠯᠡᠯᠳᠡ ᠬᠢᠬᠦ ᠵᠡᠷᠬᠡ ᠠᠰᠠᠭᠤᠳᠠᠯ ᠢ ᠬᠠᠪᠰᠤᠷᠤᠨ ᠰᠢᠢᠳᠪᠤᠷᠢᠯᠡᠵᠦ᠂ ᠲᠠᠳᠠᠨ ᠤ ᠬᠦᠭᠵᠢᠯᠳᠡ ᠳᠤ ᠰᠠᠶᠢᠨ ᠰᠠᠶᠢᠬᠠᠨ | ᠤᠷᠴᠢᠨ ᠨᠦᠬᠦᠴᠡᠯ ᠬᠠᠩᠭᠠᠬᠤ ᠶᠢᠨ ᠲᠠᠭᠠᠤ ᠦᠢᠯᠡᠳᠪᠤᠷᠢᠯᠡᠯ ᠤᠷᠤᠭᠰᠢᠳᠠᠢ ᠪᠠᠶᠢᠬᠤ ᠶᠢ ᠪᠠᠳᠤᠯᠠᠨ᠎ᠠ᠃ ᠪᠦᠬᠦᠶᠢᠯᠡ ᠠᠵᠤ | ᠦᠢᠯᠡᠳᠪᠤᠷᠢᠯᠡᠯ ᠤᠨ ᠨᠡᠮᠡᠯᠳᠡ ᠦᠷᠳᠡᠭ ᠢ 47.6 ᠳ᠋ᠦᠩᠰᠢᠭᠤᠷ ᠲᠦᠬᠦᠷᠢᠭ ᠲᠤ ᠬᠦᠷᠬᠡᠵᠦ᠂ ᠨᠡᠮᠡᠯᠳᠡ ᠶᠢᠨ ᠨᠤᠷᠮ᠎ᠠ ᠶᠢ | 11.3% ᠳᠤ ᠬᠦᠷᠬᠡᠬᠦ ᠪᠠᠷ ᠴᠢᠷᠮᠠᠶᠢᠨ᠎ᠠ᠃ ᠡᠬᠦᠨ ᠳᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ | ᠨᠡᠮᠡᠯᠳᠡ ᠦᠷᠳᠡᠭ ᠢ 41.4 ᠳ᠋ᠦᠩᠰᠢᠭᠤᠷ ᠲᠦᠬᠦᠷᠢᠭ ᠲᠤ ᠬᠦᠷᠬᠡᠵᠦ᠂ ᠨᠡᠮᠡᠯᠳᠡ ᠶᠢᠨ ᠨᠤᠷᠮ᠎ᠠ ᠨᠢ 10.3% ᠳᠤ | ᠬᠦᠷᠬᠡᠨ᠎ᠡ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠪᠦᠬᠦ ᠵᠢᠯ ᠤᠨ ᠴᠠᠬᠢᠯᠭᠠᠨ ᠭᠠᠷᠭᠠᠯᠳᠠ ᠶᠢᠨ ᠬᠡᠮᠵᠢᠶ᠎ᠠ ᠶᠢ | 200 ᠳ᠋ᠦᠩᠰᠢᠭᠤᠷ ᠭᠷᠡᠳᠦ᠋ᠰ ᠲᠠᠪᠠᠭᠤᠯᠵᠦ᠂ ᠲᠦᠷᠪᠡᠳᠦᠬᠡᠷ ᠬᠤᠭᠤᠴᠠᠭᠠᠨ ᠤ ᠪᠠᠷᠢᠯᠭ᠎ᠠ ᠪᠠᠶᠢᠭᠤᠯᠤᠯᠳᠠ ᠶᠢᠨ ᠠᠵᠢᠯ ᠢ | ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ | ᠲᠦᠯᠦᠪᠯᠡᠭᠡ︾ ᠶᠢᠨ ᠴᠠᠬᠢᠯᠭᠠᠨ ᠡᠬᠢ ᠰᠤᠷᠪᠤᠯᠵᠢ ᠶᠢᠨ ᠲᠦᠰᠦᠪ ᠲᠤ ᠤᠷᠤᠭᠤᠯᠬᠤ ᠪᠠᠷ ᠴᠢᠷᠮᠠᠶᠢᠨ᠎ᠠ︔ ᠯᠦᠩ ᠶᠤᠸᠠᠨ᠂ | ᠬᠤᠸᠠ ᠳ᠋ᠢᠶᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠰᠦᠯ ᠪᠠ | ᠰᠢᠶᠧ ᠰᠢᠨ᠂ ᠲᠤᠮᠳᠠᠳᠤ ᠤᠯᠤᠰ ᠤᠨ ᠴᠠᠬᠢᠯᠭᠠᠨ ᠡᠨᠧᠷᠬᠢ ᠶᠢᠨ ᠺᠤᠮᠫᠠᠨᠢ ᠶᠢᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ | ᠲᠦᠰᠦᠯ᠂ ᠮᠤ᠋ ᠯᠧ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠵᠡᠷᠬᠡ ᠰᠢᠨ᠎ᠠ ᠡᠨᠧᠷᠬᠢ ᠶᠢᠨ ᠲᠦᠰᠦᠯ ᠢ ᠡᠨᠡ | ᠵᠢᠯ ᠪᠦᠬᠦᠨ ᠢ ᠡᠬᠢᠯᠡᠬᠦᠯᠬᠦ ᠪᠠᠷ ᠬᠦᠴᠦᠯᠡᠵᠦ᠂ ᠢᠯᠴᠢᠨ ᠬᠦᠴᠦ᠂ ᠰᠠᠯᠬᠢᠨ ᠬᠦᠴᠦ᠂ ᠨᠠᠷᠠᠨ ᠡᠨᠧᠷᠬᠢ ᠶᠢ ᠬᠠᠷᠢᠯᠴᠠᠨ | ᠤᠶᠠᠯᠳᠤᠭᠤᠯᠤᠭᠰᠠᠨ ᠴᠠᠬᠢᠯᠭᠠᠨ ᠤ ᠠᠵᠤ ᠦᠢᠯᠡᠰ ᠤᠨ ᠪᠦᠳᠦᠴᠡ ᠶᠢ ᠪᠤᠢ ᠪᠤᠯᠭᠠᠨ᠎ᠠ᠃ ᠪᠦᠳᠦᠬᠡᠯᠴᠢ ᠬᠦᠴᠦᠨ ᠢ ᠵᠦᠪ | ᠵᠢᠯᠤᠭᠤᠳᠤᠨ᠂ ᠤᠷᠴᠢᠯᠳᠦ ᠠᠵᠤ ᠠᠬᠤᠢ ᠶᠢ ᠬᠦᠭᠵᠢᠬᠦᠯᠦᠨ᠂ ᠡᠯᠡᠰᠦᠨ ᠤ ᠦᠢᠯᠡᠰ ᠵᠡᠷᠬᠡ ᠰᠢᠨ᠎ᠠ ᠬᠡᠯᠪᠡᠷᠢ ᠶᠢᠨ ᠪᠠᠷᠢᠯᠭ᠎ᠠ | ᠶᠢᠨ ᠮᠠᠲ᠋ᠧᠷᠢᠶᠠᠯ ᠤᠨ ᠠᠵᠤ ᠦᠢᠯᠡᠰ ᠢ ᠲᠡᠮᠵᠢᠨ᠎ᠠ᠃ ᠡᠨᠡ ᠵᠢᠯ ᠦᠪᠦᠷ ᠮᠤᠩᠭᠤᠯ ᠤᠨ ᠴᠡᠬᠢᠭᠤᠷ ᠤᠨ ᠡᠯᠡᠰᠦᠨ ᠤ ᠡᠬᠢ | ᠪᠠᠶᠠᠯᠢᠭ ᠢ ᠶᠡᠷᠤᠩᠬᠡᠶᠢᠯᠡᠭᠰᠡᠨ ᠠᠰᠢᠭᠯᠠᠬᠤ ᠰᠤᠳᠤᠯᠬᠤ ᠬᠦᠷᠢᠶᠡᠯᠠᠩ ᠢ ᠪᠠᠶᠢᠭᠤᠯᠵᠦ᠂ ᠡᠯᠡᠰᠦᠨ ᠤ ᠦᠢᠯᠡᠰ ᠤᠨ ︽ | ᠦᠢᠯᠡᠳᠪᠤᠷᠢᠯᠡᠯ᠂ ᠪᠤᠯᠪᠠᠰᠤᠷᠠᠯ᠂ ᠰᠤᠳᠤᠯᠭ᠎ᠠ︾ ᠶᠢ ᠶᠡᠷᠤᠩᠬᠡᠶᠢᠯᠨᠨ ᠬᠦᠭᠵᠢᠬᠦᠯᠵᠦ᠂ ᠪᠤᠬᠢᠷᠳᠦᠯ ᠦᠬᠡᠢ ᠰᠢᠨ᠎ᠠ ᠬᠡᠯᠪᠡᠷᠢ | ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠢ ᠪᠦᠳᠦᠬᠡᠨ ᠪᠠᠶᠢᠭᠤᠯᠤᠨ᠎ᠠ᠃ ᠬᠤᠩ ᠵᠢᠶᠠᠩ ᠺᠤᠮᠫᠠᠨᠢ ᠶᠢ ᠬᠠᠪᠰᠤᠷᠴᠤ | ᠡᠷᠳᠡ ᠨᠢᠬᠡ ᠡᠳᠦᠷ ᠦᠢᠯᠡᠳᠪᠤᠷᠢᠯᠡᠯ ᠢ ᠨᠢ ᠰᠡᠷᠬᠦᠬᠡᠨ᠎ᠡ︔ ᠴᠢᠯᠠᠭᠤᠨ ᠲᠤᠰᠤ ᠬᠠᠶᠢᠨ ᠦᠷᠦᠮᠳᠡᠬᠦ ᠲᠦᠯᠦᠪᠯᠡᠭᠡ ᠪᠠᠷ ᠡᠨᠡ | ᠵᠢᠯ ᠬᠦᠴᠦᠨ ᠢᠶᠠᠨ ᠨᠡᠮᠡᠭᠳᠡᠬᠦᠯᠵᠦ᠂ ᠬᠠᠶᠢᠨ ᠰᠢᠨᠵᠢᠯᠡᠬᠡᠨ ᠤ 28 ᠰᠠᠤᠷᠢ ᠬᠤᠳᠳᠤᠭ ᠢ ᠦᠷᠦᠮᠳᠡᠵᠦ᠂ ᠲᠦᠬᠦᠬᠡᠢ | ᠴᠢᠯᠠᠭᠤᠨ ᠲᠤᠰᠤᠨ ᠤ ᠭᠠᠷᠤᠯᠳᠠ ᠶᠢ 2 ᠲᠦᠮᠡᠨ ᠲᠤᠨ ᠳᠤ ᠬᠦᠷᠬᠡᠬᠦ ᠪᠠᠷ ᠪᠠᠶᠢᠨ᠎ᠠ︔ ᠪᠠᠶᠠᠠᠭᠤᠤᠯ ᠤᠨ 500 | ᠺᠢᠯᠤᠸᠤᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠵᠢᠴᠢ ᠬᠠᠩᠭᠠᠢ ᠠᠴᠠ ᠪᠠᠶᠠᠠᠭᠤᠤᠯ᠂ ᠪᠠᠶᠠᠠᠭᠤᠤᠯ ᠠᠴᠠ ᠬᠦᠢᠳᠡᠨ | ᠰᠢᠯᠢ ᠬᠦᠷᠳᠡᠯᠡᠬᠢ ᠴᠠᠬᠢᠯᠭᠠᠨ ᠲᠠᠮᠵᠢᠭᠤᠯᠬᠤ ᠠᠵᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠎ᠡ᠃ | ᠲᠤᠮᠳᠠᠳᠤ ᠤᠯᠤᠰ ᠤᠨ ᠪᠤᠭᠤᠳᠠᠯ ᠤᠨ ᠺᠤᠮᠫᠠᠨᠢ ᠶᠢᠨ ᠰᠢᠨ᠎ᠠ ᠬᠡᠯᠪᠡᠷᠢ ᠶᠢᠨ ᠪᠤᠭᠤᠳᠠᠯ ᠤᠨ ᠮᠡᠲ᠋ᠧᠷᠢᠶᠠᠯ ᠦᠢᠯᠡᠳᠪᠤᠷᠢᠯᠡᠬᠦ | ᠲᠦᠰᠦᠯ ᠢ ᠨᠠᠶᠢᠳᠠᠪᠤᠷᠢᠵᠢᠭᠤᠯᠵᠦ᠂ ᠬᠤᠸᠠ ᠶᠢ ᠰᠠᠯᠬᠢᠨ ᠬᠦᠷᠳᠦ ᠤᠭᠰᠠᠷᠠᠬᠤ ᠺᠤᠮᠫᠠᠨᠢ ᠶᠢ ᠦᠢᠯᠡᠳᠪᠤᠷᠢᠯᠡᠯ | ᠡᠬᠢᠯᠡᠬᠦᠯᠦᠨ᠎ᠡ᠃ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠨᠢᠭᠤᠭᠳᠠᠮᠠᠯ ᠬᠦᠴᠦᠨ ᠢ ᠬᠠᠶᠢᠨ ᠰᠦᠪᠡᠭᠴᠢᠯᠡᠵᠦ᠂ | ᠭᠤᠤᠯᠯᠠᠭᠴᠢ ᠠᠵᠤ ᠦᠢᠯᠡᠰ ᠪᠠ ᠠᠵᠤ ᠠᠬᠤᠢ ᠶᠢᠨ ᠰᠢᠨ᠎ᠠ ᠦᠰᠦᠯᠳᠡ ᠶᠢᠨ ᠴᠢᠭ ᠢ ᠪᠤᠢ ᠪᠤᠯᠭᠠᠨ᠂ ᠮᠠᠨ ᠤ ᠬᠤᠰᠢᠭᠤᠨ | ᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠪᠦᠬᠦᠯᠢ ᠴᠤᠭᠴᠠ ᠶᠢᠨ ᠬᠦᠴᠦᠨ ᠢ ᠨᠡᠮᠡᠭᠳᠡᠬᠦᠯᠦᠨ᠎ᠡ᠃ ᠾᠧ | ᠡᠸ᠋ᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ᠂ ᠯᠦᠩ ᠶᠤᠸᠠᠨ ᠰᠢᠨ᠎ᠠ ᠡᠨᠧᠷᠬᠢ ᠶᠢᠨ ᠠᠵᠤ ᠠᠬᠤᠶᠢᠯᠠᠯ ᠤᠨ | ᠦᠢᠯᠡᠳᠪᠤᠷᠢᠯᠡᠯ ᠢ ᠨᠢ ᠦᠷᠬᠡᠳᠬᠡᠨ ᠬᠡᠪᠴᠢᠶᠠᠵᠢᠯ ᠠᠴᠠ ᠲᠡᠭᠡᠭᠰᠢ ᠳᠤ ᠬᠦᠷᠬᠡᠨ᠎ᠡ᠃ ᠠᠵᠤ ᠦᠢᠯᠡᠳᠪᠤᠷᠢ ᠶᠢᠨ ᠲᠤᠭᠤᠷᠢᠭ | ᠢ ᠦᠪᠡᠷᠳᠡᠬᠡᠨ ᠵᠠᠰᠠᠬᠤ ᠤᠷᠤᠨ ᠤ ᠲᠡᠰ ᠤᠨ ᠤᠷᠴᠢᠯᠳᠦ ᠠᠵᠤ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠪᠤᠯᠭᠠᠨ | ᠲᠡᠰ ᠲᠡᠪᠰᠢᠬᠦᠯᠬᠦ ᠰᠠᠶᠢᠨ ᠲᠤᠬᠢᠶᠠᠯ ᠢ ᠵᠡᠪᠳᠤᠵᠦ᠂ ᠬᠦᠷᠢᠶᠡᠯᠡᠩ ᠤᠨ ᠵᠠᠮ ᠱᠤᠭᠤᠮ᠂ ᠤᠰᠤ ᠲᠤᠯᠠᠭᠠᠯᠭ᠎ᠠ ᠶᠢᠨ | ᠬᠠᠩᠭᠠᠯᠭ᠎ᠠ᠂ ᠪᠤᠬᠢᠷ ᠤᠰᠤ ᠭᠠᠳᠠᠭᠰᠢᠯᠠᠭᠤᠯᠬᠤ ᠲᠦᠬᠦᠬᠡᠷᠦᠮᠵᠢ ᠵᠡᠷᠬᠡ ᠲᠡᠳ᠋ ᠪᠦᠳᠦᠴᠡ ᠶᠢᠨ ᠪᠦᠳᠦᠬᠡᠨ ᠪᠠᠶᠢᠭᠤᠯᠤᠯᠳᠠ | ᠶᠢ ᠴᠢᠩᠭᠠᠳᠬᠠᠨ᠂ ᠠᠵᠤ ᠦᠢᠯᠡᠳᠪᠤᠷᠢ ᠶᠢᠨ ᠬᠦᠷᠢᠶᠡᠯᠡᠩ ᠢ ᠰᠢᠨ᠎ᠠ ᠬᠡᠯᠪᠡᠷᠢ ᠶᠢᠨ ᠠᠵᠦ ᠦᠢᠯᠡᠰ ᠲᠦᠪᠯᠡᠷᠡᠭᠰᠡᠨ | ᠰᠠᠭᠤᠷᠢᠨ ᠪᠤᠯᠭᠠᠬᠤ ᠪᠠᠷ ᠲᠠᠶᠢᠴᠢᠯᠠᠨ ᠵᠢᠯᠤᠭᠤᠳᠴᠤ᠂ ᠡᠨᠡ ᠵᠢᠯ ᠤᠷᠤᠨ ᠤ ᠲᠡᠰ ᠤᠨ ᠠᠵᠤ ᠦᠢᠯᠡᠳᠪᠤᠷᠢ ᠶᠢᠨ | ᠬᠦᠷᠢᠶᠡᠯᠡᠩ ᠪᠤᠯᠭᠠᠬᠤ ᠪᠠᠷ ᠡᠷᠡᠮᠡᠯᠵᠡᠯᠡᠨ᠎ᠡ᠃ | ︵ᠭᠤᠷᠪᠠ︶ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠬᠠᠶᠢᠨ ᠰᠦᠪᠡᠭᠴᠢᠯᠡᠵᠦ᠂ ᠦᠢᠯᠡᠴᠢᠯᠡᠬᠡᠨ ᠤ | ᠦᠢᠯᠡᠰ ᠤᠨ ᠬᠦᠭᠵᠢᠯᠳᠡ ᠶᠢᠨ ᠬᠢᠷᠢ ᠲᠦᠪᠰᠢᠨ ᠢ ᠠᠬᠢᠭᠤᠯᠤᠨ᠎ᠠ | ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠤᠩᠬᠡᠢ ᠰᠠᠶᠢᠳ ᠯᠢᠦ ᠶᠠᠨ ᠳ᠋ᠦᠩ ᠪᠤᠯᠤᠨ ᠦᠪᠡᠷᠳᠡᠬᠡᠨ | ᠵᠠᠰᠠᠬᠤ ᠤᠷᠤᠨ ᠤ ᠲᠡᠳ᠋ ᠲᠡᠷᠢᠬᠦᠯᠡᠭᠴᠢ ᠶᠦᠨ ᠭᠤᠸᠠᠩ ᠵᠦᠩ ᠨᠦᠬᠦᠷ ᠨᠢᠳᠤᠨᠤᠨ ᠮᠠᠨ ᠤ ᠬᠤᠰᠢᠭᠤᠨ ᠳᠤ ᠠᠵᠢᠯ | ᠪᠠᠶᠢᠴᠠᠭᠠᠬᠤ ᠳᠠᠭᠠᠨ ᠲᠤᠷᠠᠳᠤᠭᠰᠠᠨ ᠴᠢᠬᠤᠯᠠ ᠵᠢᠭᠠᠪᠤᠷᠢ ᠶᠢᠨ ᠲᠠᠭᠠᠤ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠪᠠᠷ | ᠲᠦᠪ ᠪᠤᠯᠭᠠᠵᠦ᠂ ᠰᠤᠶᠤᠯ ᠵᠢᠭᠤᠯᠴᠢᠯᠠᠯ ᠤᠨ ᠦᠢᠯᠡᠰ ᠤᠨ ᠲᠦᠷᠬᠡᠨ ᠬᠦᠭᠵᠢᠯᠳᠡ ᠶᠢ ᠪᠡᠶᠡᠯᠡᠬᠦᠯᠦᠨ᠂ ᠦᠢᠯᠡᠴᠢᠯᠡᠬᠡᠨ ᠤ | ᠦᠢᠯᠡᠰ ᠤᠨ ᠬᠦᠭᠵᠢᠯᠳᠡ ᠶᠢᠨ ᠬᠤᠷᠳᠤᠴᠠ ᠶᠢ ᠲᠦᠷᠬᠡᠳᠬᠡᠵᠦ᠂ ᠬᠢᠷᠢ ᠲᠦᠪᠰᠢᠨ ᠢ ᠨᠢ ᠲᠡᠭᠡᠭᠰᠢᠯᠡᠬᠦᠯᠦᠨ᠎ᠡ᠃ ︽ | ᠰᠢᠯᠤᠭᠤᠨ ᠬᠦᠬᠡ ᠬᠤᠰᠢᠭᠤᠨ ᠤ ᠲᠡᠤᠬᠡ ᠶᠢᠨ ᠦᠯᠡᠳᠡᠭᠳᠡᠯ ᠢ ᠬᠠᠮᠠᠭᠠᠯᠠᠬᠤ ᠪᠠ ᠵᠢᠭᠤᠯᠴᠢᠯᠠᠯ ᠤᠨ ᠦᠢᠯᠡᠰ ᠢ ᠬᠦᠭᠵᠢᠬᠦᠯᠬᠦ | ᠶᠡᠷᠤᠩᠬᠡᠢ ᠲᠦᠯᠦᠪᠯᠡᠭᠡ︾ ᠶᠤᠰᠤᠭᠠᠷ ᠶᠤᠸᠠᠨ ᠤ ᠲᠡᠭᠡᠳᠦ ᠨᠠᠶᠢᠰᠯᠠᠯ ᠤᠨ ᠤᠨᠴᠠᠯᠢᠭᠳᠤ ᠰᠤᠶᠤᠯ ᠤᠨ ᠠᠵᠤ ᠦᠢᠯᠡᠰ ᠤᠨ | ᠬᠤᠯᠪᠤᠭᠠᠰᠤ ᠶᠢ ᠪᠦᠷᠢᠯᠳᠦᠬᠦᠯᠵᠦ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠳᠦᠬᠡᠨ | ᠪᠠᠶᠢᠭᠤᠯᠤᠨ᠎ᠠ᠃ ᠡᠨᠡ ᠵᠢᠯ ᠳᠤ ᠲᠡᠭᠡᠳᠦ ᠨᠠᠶᠢᠰᠯᠠᠯ ᠤᠨ ᠦᠵᠡᠮᠵᠢ ᠶᠢᠨ ᠤᠷᠤᠨ ᠢ 4A ᠲᠡᠰ ᠤᠨ ᠵᠢᠭᠤᠯᠴᠢᠯᠠᠯ ᠤᠨ | ᠤᠷᠤᠨ ᠪᠤᠯᠭᠠᠨ ᠪᠦᠳᠦᠬᠡᠨ ᠪᠠᠶᠢᠭᠤᠯᠵᠦ᠂ ᠵᠢᠭᠤᠯᠴᠢᠳ ᠤᠨ ᠲᠤᠭ᠎ᠠ ᠶᠢ 60 ᠲᠦᠮᠡᠨ ᠬᠦᠮᠦᠨ ᠤᠳᠠᠭ᠎ᠠ ᠳᠤ ᠬᠦᠷᠬᠡᠬᠦ | ᠪᠠᠷ ᠴᠢᠷᠮᠠᠶᠢᠬᠤ ᠶᠢᠨ ᠬᠠᠮᠳᠤ 3 ᠵᠢᠯ ᠤᠨ ᠲᠤᠳᠤᠷ᠎ᠠ 5A ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠪᠠᠷ | ᠮᠡᠷᠡᠶᠢᠨᠠ᠃ ᠤᠬᠠᠭᠤᠯᠭ᠎ᠠ ᠰᠤᠷᠳᠠᠯᠴᠢᠯᠠᠭᠠᠨ ᠤ ᠠᠵᠢᠯ ᠢ ᠴᠢᠩᠭᠠᠳᠬᠠᠵᠦ᠂ ᠤᠬᠠᠭᠤᠯᠬᠤ ᠠᠷᠭ᠎ᠠ ᠬᠡᠯᠪᠡᠷᠢ ᠪᠠᠨ | ᠰᠢᠨᠡᠴᠢᠯᠡᠵᠦ᠂ ᠲᠡᠯᠡᠬᠡᠢ ᠶᠢᠨ ᠰᠤᠶᠤᠯ ᠤᠨ ᠦᠪ ᠤᠨ ᠨᠡᠷ᠎ᠡ ᠨᠦᠯᠦᠬᠡ ᠶᠢ ᠨᠡᠮᠡᠭᠳᠡᠬᠦᠯᠦᠨ᠎ᠠ᠃ ᠤᠯᠤᠰ ᠤᠨ ᠵᠢᠭᠤᠯᠴᠢᠯᠠᠯ | ᠤᠨ ᠲᠤᠪᠴᠢᠶ᠎ᠠ᠂ ᠤᠯᠤᠰ ᠤᠨ ᠬᠦᠭᠵᠢᠯᠳᠡ ᠶᠢᠨ ᠪᠠᠩᠬᠢ ᠶᠢᠨ ︽2014 ᠤᠨ ᠤ ᠪᠦᠬᠦ ᠤᠯᠤᠰ ᠤᠨ ᠰᠢᠯᠢᠳᠡᠭ | ᠵᠢᠭᠤᠯᠴᠢᠯᠠᠯ ᠤᠨ ᠲᠦᠷᠦᠯ ᠵᠦᠢᠯ ᠤᠨ ᠨᠡᠷᠡᠰ︾ ᠲᠤ ᠵᠢᠭᠰᠠᠭᠠᠭᠳᠠᠭᠰᠠᠨ᠂ ᠲᠡᠷᠡ ᠮᠦᠷᠳᠡᠬᠡᠨ ᠪᠦᠬᠦ ᠤᠷᠤᠨ ᠤ 14 | ᠵᠢᠭᠤᠯᠴᠢᠯᠠᠯ ᠤᠨ ᠦᠵᠡᠮᠵᠢ ᠶᠢᠨ ᠤᠨᠴᠠᠯᠢᠭᠳᠤ ᠤᠷᠤᠨ ᠢ ᠪᠦᠳᠦᠬᠡᠨ ᠪᠠᠶᠢᠭᠤᠯᠬᠤ ᠲᠦᠰᠦᠯ ᠳᠤ ᠪᠠᠭᠳᠠᠭᠰᠠᠨ ︽ᠶᠤᠸᠠᠨ | ᠤ ᠲᠡᠭᠡᠳᠦ ᠨᠠᠶᠢᠰᠯᠠᠯ ᠤᠨ ᠪᠠᠭᠤᠷᠢ ᠶᠢᠨ ᠠᠶᠠᠯᠠᠯ ᠵᠢᠭᠤᠯᠴᠢᠯᠠᠯ ᠤᠨ ᠨᠡᠬᠡᠬᠡᠯᠳᠡ ᠶᠢᠨ ᠲᠦᠷᠦᠯ ᠵᠦᠢᠯ︾ ᠢ ᠭᠤᠤᠯᠳᠠᠯᠭ᠎ᠠ | ᠲᠠᠢ ᠠᠬᠢᠭᠤᠯᠤᠨ᠂ ᠲᠡᠭᠡᠳᠦ ᠱᠠᠳᠤᠨ ᠤ ᠵᠢᠭᠤᠯᠴᠢᠯᠠᠯ ᠤᠨ ᠰᠠᠯᠠᠭ᠎ᠠ ᠮᠦᠴᠢᠷ ᠪᠠ ᠤᠯᠤᠰ ᠤᠨ ᠬᠦᠭᠵᠢᠯᠳᠡ ᠶᠢᠨ ᠪᠠᠩᠬᠢ | ᠲᠠᠢ ᠬᠠᠷᠢᠴᠠᠵᠦ᠂ ᠡᠨᠡ ᠵᠢᠯ ᠠᠯᠢ ᠪᠤᠯᠬᠤ ᠪᠠᠷ 5 ᠳ᠋ᠦᠩᠰᠢᠭᠤᠷ ᠲᠦᠬᠦᠷᠢᠭ ᠤᠨ ᠪᠡᠯᠡ ᠬᠤᠷᠠᠮᠳᠤᠭᠤᠯᠤᠨ᠂ ᠵᠢᠭᠤᠯᠴᠢᠳ | ᠲᠤ ᠦᠢᠯᠡᠴᠢᠯᠡᠬᠦ ᠲᠦᠪ᠂ 4D ᠮᠡᠷᠬᠡᠵᠢᠯ ᠳᠤ ᠰᠠᠭᠤᠷᠢᠯᠠᠭᠰᠠᠨ ᠺᠢᠨᠤ᠋ ᠰᠢᠰᠲ᠋ᠧᠮ ᠪᠠ ᠶᠣᠸᠠᠨ ᠤ ᠲᠡᠭᠡᠳᠦ ᠨᠠᠶᠢᠰᠯᠠᠯ ᠤᠨ | ᠵᠠᠭᠪᠤᠷ ᠤᠨ ᠤᠷᠳᠤᠨ ᠵᠢᠴᠢ ᠠᠦ᠋ᠲ᠋ᠤ᠋ ᠲᠠᠶᠢᠯᠪᠤᠷᠢᠯᠠᠬᠤ ᠰᠢᠰᠲ᠋ᠧᠮ ᠢ ᠠᠰᠢᠭᠯᠠᠯᠳᠠ ᠳᠤ ᠤᠷᠤᠭᠤᠯᠤᠨ᠎ᠠ᠃ ᠶᠤᠸᠠᠨ ᠤ | ᠲᠡᠭᠡᠳᠦ ᠨᠠᠶᠢᠰᠯᠠᠯ ᠤᠨ ᠮᠦᠽᠸᠢ ᠶᠢ ᠡᠬᠡ ᠤᠷᠤᠨᠴᠢ ᠦᠵᠡᠯ ᠢ ᠬᠦᠮᠦᠵᠢᠬᠦᠯᠬᠦ ᠰᠠᠭᠤᠷᠢᠨ ᠪᠤᠯᠭᠠᠬᠤ ᠲᠦᠰᠦᠯ᠂ ᠶᠤᠸᠠᠨ | ᠱᠠᠩ ᠲᠢᠶᠠᠨ ᠳ᠋ᠢ ᠵᠢᠭᠤᠯᠴᠢᠯᠠᠯ ᠤᠨ ᠦᠢᠯᠡᠰ ᠤᠨ ᠲᠦᠰᠦᠯ᠂ ︽ᠭᠤᠷᠪᠠᠨ ᠨᠠᠶᠢᠰᠯᠠᠯ︾ ᠢ ᠰᠤᠨᠳᠠᠯᠠᠭᠰᠠᠨ ᠵᠢᠭᠤᠯᠴᠢᠯᠠᠯ | ᠤᠨ ᠤᠯᠠᠭ᠎ᠠ ᠦᠷᠳᠡᠬᠡᠨ ᠤ ᠵᠠᠮ ᠱᠤᠭᠤᠮ ᠪᠠ ᠴᠢᠯᠦᠬᠡᠳᠦ ᠵᠢᠭᠤᠯᠴᠢᠯᠠᠯ ᠤᠨ ᠰᠠᠭᠤᠷᠢᠨ ᠪᠤᠯᠭᠠᠬᠤ ᠲᠦᠰᠦᠯ ᠢ ᠲᠦᠯᠬᠢᠨ | ᠠᠬᠢᠭᠤᠯᠤᠨ᠎ᠠ︔ ᠶᠤᠸᠠᠨ ᠤ ᠲᠡᠬᠡᠳᠦ ᠨᠠᠶᠢᠰᠯᠠᠯ ᠤᠨ ᠮᠦᠽᠸᠢ ᠶᠢ ᠠᠰᠢᠭᠯᠠᠯᠳᠠ ᠳᠤ ᠤᠷᠤᠭᠤᠯᠤᠨ ᠶᠤᠸᠠᠨ ᠤ ᠲᠡᠭᠡᠳᠤ | ᠨᠡᠶᠢᠰᠯᠡᠯ ᠤᠨ ᠮᠦᠽᠸᠢ ᠶᠢ ᠦᠵᠡᠮᠵᠢ ᠶᠢᠨ ᠤᠷᠤᠨ ᠲᠠᠢ ᠬᠠᠷᠢᠯᠴᠠᠨ ᠤᠶᠠᠯᠳᠤᠵᠦ᠂ ᠬᠠᠷᠢᠯᠴᠠᠨ ᠲᠦᠰᠢᠯᠴᠡᠭᠰᠡᠨ ᠨᠢᠬᠡ | ᠴᠤᠭᠴᠠ ᠪᠤᠯᠭᠠᠨ᠎ᠠ᠃ ᠤᠷᠤᠨ ᠠᠯᠤᠰᠯᠠᠭᠰᠠᠨ ᠬᠠᠷᠢᠴᠠᠭ᠎ᠠ ᠪᠠᠨ ᠬᠦᠭᠵᠢᠬᠦᠯᠵᠦ᠂ ᠶᠤᠸᠠᠨ ᠤ ᠲᠡᠭᠡᠳᠦ ᠨᠠᠶᠢᠰᠯᠠᠯ ᠤᠨ | ᠰᠤᠶᠤᠯ ᠤᠨ ᠠᠵᠤ ᠦᠢᠯᠡᠰ ᠤᠨ ᠬᠦᠷᠢᠶᠡᠯᠡᠩ ᠤᠨ ᠰᠲ᠋ᠤᠺ ᠤᠨ ᠵᠠᠬ᠎ᠠ ᠳᠤ ᠭᠠᠷᠬᠤ ᠪᠠ ᠮᠠᠨ ᠤ ᠬᠤᠰᠢᠭᠤ ᠪᠠᠨ ︽ᠲᠠᠯ᠎ᠠ | ᠨᠤᠳᠤᠭ ᠤᠨ ᠰᠤᠶᠤᠯ ᠢ ᠬᠠᠷᠠᠭᠤᠯᠤᠭᠰᠠᠨ᠂ ᠤᠮᠠᠷᠠᠳᠤ ᠬᠢᠯᠢ ᠶᠢᠨ ᠵᠢᠭᠤᠯᠴᠢᠯᠠᠯ᠂ ᠠᠮᠠᠷᠠᠯᠳᠠ ᠰᠡᠯᠡᠬᠦᠴᠡᠯ ᠤᠨ ᠤᠨᠴᠠᠯᠢᠭᠳᠤ | ᠤᠷᠤᠨ︾ ᠪᠤᠯᠭᠠᠨ ᠪᠦᠳᠦᠬᠡᠨ ᠪᠠᠶᠢᠭᠤᠯᠬᠤ ᠪᠠᠷ ᠲᠡᠮᠡᠴᠡᠨ᠎ᠡ᠃ ᠦᠪᠡᠷᠮᠢᠴᠡ ᠤᠨᠴᠠᠯᠢᠭ ᠲᠠᠢ ᠮᠦᠷᠳᠡᠬᠡᠨ ᠪᠤᠳᠠᠰ ᠤᠨ | ᠪᠤᠰᠤ ᠰᠤᠶᠤᠯ ᠤᠨ ᠦᠪ ᠤᠨ ᠦᠨ᠎ᠡ ᠦᠷᠳᠡᠭ ᠢ ᠬᠠᠷᠠᠭᠤᠯᠤᠭᠰᠠᠨ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ | ᠢ ᠦᠢᠯᠡᠳᠦᠨ ᠪᠤᠷᠤᠯᠠᠭᠤᠯᠬᠤ ᠠᠵᠤ ᠠᠬᠤᠶᠢᠯᠠᠯ ᠢ ᠲᠡᠮᠵᠢᠬᠦ ᠶᠢᠨ ᠬᠠᠮᠳᠤ ᠨᠦᠬᠦᠴᠡᠯ ᠰᠠᠶᠢᠳᠠᠢ ᠮᠠᠯᠴᠢᠨ ᠲᠠᠷᠢᠶᠠᠴᠢᠨ ᠦᠪᠡᠷ | ᠤᠨ ᠤᠨᠴᠠᠯᠢᠭᠳᠤ ᠵᠢᠭᠤᠯᠴᠢᠯᠠᠯ ᠤᠨ ᠦᠢᠯᠡᠰ ᠡᠷᠬᠢᠯᠡᠬᠦ ᠶᠢ ᠲᠡᠮᠵᠢᠬᠦ ᠪᠠᠷ ᠲᠠᠮᠵᠢᠭᠤᠯᠤᠨ ᠮᠠᠯᠴᠢᠨ ᠲᠠᠷᠢᠶᠠᠴᠢᠨ ᠤ ᠤᠷᠤᠯᠭ᠎ᠠ | ᠶᠢ ᠨᠡᠮᠡᠭᠳᠡᠬᠦᠯᠬᠦ ᠪᠠᠷ ᠴᠢᠷᠮᠠᠶᠢᠨ᠎ᠠ᠃ ᠲᠠᠸᠠᠷ ᠤᠨ ᠬᠦᠢᠯᠬᠡᠬᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠲᠠᠸᠠᠷ ᠤᠨ | ᠨᠦᠬᠡᠴᠡᠯᠡᠯᠳᠡ ᠪᠠ ᠭᠠᠷᠭᠠᠯᠳᠠ ᠶᠢᠨ ᠬᠡᠮᠵᠢᠶ᠎ᠠ ᠶᠢ ᠨᠡᠮᠡᠭᠳᠡᠬᠦᠯᠵᠦ᠂ ᠵᠠᠬ᠎ᠠ ᠲᠡᠯᠬᠡᠬᠦᠷ ᠤᠨ ᠪᠠᠷᠠᠭᠠᠨ ᠤ ᠬᠠᠩᠭᠠᠯᠭ᠎ᠠ ᠶᠢᠨ | ᠲᠡᠩᠴᠡᠬᠦᠷᠢ ᠶᠢ ᠪᠠᠳᠤᠯᠠᠵᠦ᠂ ᠠᠮᠢᠳᠤᠷᠠᠯ ᠤᠨ ᠬᠡᠷᠡᠭᠯᠡᠬᠡᠨ ᠤ ᠵᠦᠢᠯ ᠤᠨ ᠦᠨ᠎ᠡ ᠦᠷᠳᠡᠭ ᠤᠨ ᠲᠤᠭᠳᠠᠭᠤᠨ ᠢ ᠪᠠᠳᠤᠯᠠᠨ᠎ᠠ︔ | ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠢ ᠬᠦᠭᠵᠢᠬᠦᠯᠬᠦ ᠢᠨᠵᠧᠨᠧᠷᠢᠩ︾ ᠢ ᠬᠡᠷᠡᠭᠵᠢᠬᠦᠯᠵᠦ᠂ | ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠡᠯᠧᠺᠲᠷᠤᠨ ᠬᠤᠳᠠᠯᠳᠤᠭᠠᠨ ᠤ ᠦᠢᠯᠡᠰ ᠤᠨ ᠬᠦᠭᠵᠢᠯᠳᠡ | ᠶᠢᠨ ᠵᠠᠮ ᠢ ᠢᠳᠡᠪᠬᠢᠯᠡᠨ ᠰᠦᠪᠡᠭᠴᠢᠯᠡᠵᠦ᠂ ᠤᠨᠴᠠᠯᠢᠭᠳᠤ ᠪᠦᠳᠦᠭᠡᠭᠳᠡᠬᠦᠨ ᠢᠶᠠᠨ ᠢᠨᠲ᠋ᠧᠷᠨ᠋ᠲ ᠢᠶᠠᠷ ᠪᠤᠷᠤᠯᠠᠭᠤᠯᠬᠤ ᠶᠢ | ᠵᠤᠷᠢᠭᠵᠢᠭᠤᠯᠤᠨ ᠲᠡᠮᠵᠢᠨ᠎ᠠ︔ ᠠᠮᠤ ᠪᠤᠳᠠᠭᠠᠨ ᠤ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠵᠦ᠂ ᠤᠯᠤᠰ ᠤᠨ ᠪᠠ | ᠭᠠᠵᠠᠷ ᠤᠷᠤᠨ ᠤ ᠰᠠᠩ ᠬᠦᠮᠦᠷᠬᠡ ᠳᠤ ᠠᠮᠤ ᠪᠤᠳᠠᠭ᠎ᠠ ᠨᠦᠬᠡᠴᠡᠯᠡᠬᠦ ᠡᠬᠦᠷᠬᠡ ᠶᠢ ᠴᠠᠭ ᠲᠤᠬᠠᠢ ᠳᠤᠨᠢ ᠪᠡᠶᠡᠯᠡᠬᠦᠯᠦᠨ᠎ᠡ᠃ | ᠤᠳᠤᠬᠢᠴᠢᠯᠠᠭᠰᠠᠨ ᠪᠠᠷᠠᠭᠠᠨ ᠤ ᠬᠦᠢᠯᠬᠡᠬᠡ᠂ ᠵᠠᠮ ᠲᠡᠭᠡᠭᠡᠪᠤᠷᠢ᠂ ᠮᠦᠩᠬᠦᠨ ᠬᠦᠢᠯᠬᠡᠬᠡ᠂ ᠲᠠᠭᠠᠳᠬᠠᠯ᠂ ᠰᠤᠷᠠᠭ ᠵᠠᠩᠬᠢ᠂ | ᠲᠤᠤᠷ ᠰᠦᠯᠵᠢᠶ᠎ᠠ᠂ ᠨᠡᠶᠢᠬᠡᠮ ᠤᠨ ᠠᠰᠠᠷᠠᠮᠵᠢ ᠶᠢᠨ ᠠᠵᠢᠯ ᠵᠡᠷᠬᠡ ᠰᠢᠨ᠎ᠠ ᠬᠡᠯᠪᠡᠷᠢ ᠶᠢᠨ ᠦᠢᠯᠡᠴᠢᠯᠡᠬᠡᠨ ᠤ ᠦᠢᠯᠡᠰ ᠤᠨ | ᠬᠦᠭᠵᠢᠯᠳᠡ ᠶᠢ ᠲᠡᠮᠵᠢᠵᠦ᠂ ᠠᠵᠤ ᠦᠢᠯᠡᠰ ᠤᠨ ᠲᠡᠬᠦᠯᠳᠡᠷᠵᠢᠭᠰᠡᠨ ᠬᠡᠮᠵᠢᠶ᠎ᠠ ᠵᠢᠴᠢ ᠬᠠᠮᠵᠢᠯᠴᠠᠭᠠᠨ ᠤ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ | ︵ᠲᠦᠷᠪᠡ︶ ᠪᠠᠳᠤᠯᠠᠭ᠎ᠠ ᠶᠢᠨ ᠠᠷᠭ᠎ᠠ ᠬᠡᠮᠵᠢᠶ᠎ᠠ ᠶᠢ ᠴᠢᠩᠭᠠᠳᠬᠠᠵᠦ᠂ ᠠᠵᠤ ᠠᠬᠤᠢ ᠶᠢᠨ ᠲᠤᠭᠳᠠᠭᠤᠨ | ᠦᠰᠦᠯᠳᠡ ᠶᠢ ᠠᠬᠢᠭᠤᠯᠤᠨ᠎ᠠ | ᠡᠨᠡ ᠵᠢᠯ ᠮᠠᠨ ᠤ ᠬᠤᠰᠢᠭᠤ ᠨᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠲᠠᠢ 74 ᠲᠦᠰᠦᠯ ᠢ | ᠠᠬᠢᠭᠤᠯᠬᠤ ᠪᠠᠷ ᠲᠦᠯᠦᠪᠯᠡᠵᠦ ᠪᠤᠢ᠃ ᠡᠬᠦᠨ ᠳᠤ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ 50 ᠪᠠᠶᠢᠵᠦ᠂ | ᠶᠡᠷᠤᠩᠬᠡᠢ ᠪᠡᠯᠡ ᠤᠷᠤᠭᠤᠯᠤᠯᠳᠠ ᠶᠢ 36.7 ᠳ᠋ᠦᠩᠰᠢᠭᠤᠷ ᠲᠦᠬᠦᠷᠢᠭ ᠲᠤ ᠬᠦᠷᠬᠡᠨ᠂ ᠦᠰᠦᠯᠳᠡ ᠶᠢᠨ ᠨᠤᠷᠮ᠎ᠠ ᠶᠢ 5. | 5% ᠳᠤ ᠬᠦᠷᠬᠡᠬᠦ ᠪᠠᠷ ᠪᠤᠢ᠃ ᠭᠠᠵᠠᠷ ᠤᠨ ᠲᠡᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠦᠰᠦᠯ ᠢ ᠬᠠᠷᠢᠭᠤᠴᠠᠬᠤ | ᠠᠵᠢᠯ ᠤᠨ ᠲᠦᠷᠢᠮ ᠢ ᠦᠷᠬᠦᠯᠵᠢᠯᠡᠨ ᠬᠡᠷᠡᠭᠵᠢᠬᠦᠯᠵᠦ᠂ ᠲᠦᠰᠦᠯ ᠢ ᠵᠢᠯᠤᠭᠤᠳᠤᠨ ᠵᠤᠬᠢᠴᠠᠭᠤᠯᠬᠤ ᠲᠠᠯ᠎ᠠ ᠪᠠᠷ | ᠴᠢᠩᠭᠠᠳᠬᠠᠵᠦ᠂ ᠲᠦᠰᠦᠯ ᠤᠨ ᠬᠡᠷᠡᠭᠵᠢᠬᠦᠯᠦᠯᠳᠡ ᠶᠢᠨ ᠲᠤᠮᠳᠠ ᠲᠤᠬᠢᠶᠠᠯᠳᠤᠭᠰᠠᠨ ᠠᠰᠠᠭᠤᠳᠠᠯ ᠢ ᠨᠢᠬᠡᠳ ᠨᠢᠬᠡ ᠪᠠᠷ | ᠰᠢᠢᠳᠪᠤᠷᠢᠯᠡᠨ᠂ ᠠᠵᠢᠯ ᠤᠨ ᠠᠬᠢᠴᠠ ᠶᠢ ᠪᠠᠳᠤᠯᠠᠨ᠎ᠠ᠃ ᠲᠦᠰᠦᠯ ᠤᠨ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠤ ︽ | ᠨᠢᠬᠡ ᠵᠢᠯ ᠳᠤ ᠨᠢᠬᠡ ᠲᠤᠰᠢᠶᠠᠯ ᠤᠨ ᠲᠤᠭᠠᠴᠢᠯᠳᠠ ᠬᠢᠬᠦ᠂ ᠬᠠᠭᠠᠰ ᠵᠢᠯ ᠳᠤ ᠨᠢᠬᠡ ᠤᠳᠠᠭ᠎ᠠ ᠳ᠋ᠦᠩᠨᠡᠯᠳᠡ ᠬᠢᠬᠦ᠂ ᠤᠯᠠᠷᠢᠯ | ᠪᠤᠯᠭᠠᠨ ᠳᠤ ᠵᠠᠳᠠᠯᠦᠯᠳᠠ ᠬᠢᠬᠦ᠂ ᠰᠠᠷ᠎ᠠ ᠪᠤᠯᠭᠠᠨ ᠳᠤ ᠲᠤᠬᠢᠷᠠᠭᠤᠯᠤᠯᠳᠠ ᠬᠢᠬᠦ︾ ᠵᠠᠷᠴᠢᠮ ᠢ ᠪᠠᠷᠢᠮᠳᠠᠯᠠᠨ᠂ ᠬᠦᠴᠢᠷ | ᠲᠦᠪᠡᠭ ᠲᠠᠢ᠂ ᠭᠤᠤᠯᠳᠠᠯᠭ᠎ᠠ ᠲᠠᠢ ᠠᠰᠠᠭᠤᠳᠠᠯ ᠢ ᠬᠠᠮᠳᠤᠪᠠᠷ ᠵᠠᠳᠠᠯᠤᠨ᠂ ᠬᠠᠮᠳᠤᠪᠠᠷ ᠰᠢᠢᠳᠪᠤᠷᠢᠯᠡᠬᠦ ᠠᠷᠭ᠎ᠠ ᠪᠤᠳᠤᠯᠭ᠎ᠠ | ᠭᠠᠷᠭᠠᠨ᠎ᠠ᠃ ᠰᠠᠭᠤᠷᠢ ᠪᠦᠳᠦᠬᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ᠂ ᠨᠡᠶᠢᠬᠡᠮ ᠤᠨ ᠠᠵᠢᠯ ᠦᠢᠯᠡᠰ ᠲᠠᠢ | ᠬᠤᠯᠪᠤᠭᠳᠠᠭᠰᠠᠨ ᠴᠢᠬᠤᠯᠠ ᠲᠦᠰᠦᠯ ᠢ ᠡᠷᠡᠮᠡᠯᠵᠡᠯᠡᠨ ᠤᠯᠬᠤ ᠪᠠᠷ ᠴᠢᠷᠮᠠᠶᠢᠵᠦ᠂ ᠱᠠᠩᠳᠤ ᠨᠢᠰᠬᠡᠯ ᠤᠨ ᠪᠠᠭᠤᠳᠠᠯ᠂ ᠰᠢᠯᠢ | ᠶᠢᠨ ᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠬᠡᠨ ᠤ ᠲᠠᠮᠤᠷ ᠵᠠᠮ ᠤᠨ ᠪᠠᠶᠢᠭᠤᠯᠤᠯᠳᠠ ᠵᠡᠷᠬᠡ ᠴᠢᠬᠤᠯᠠ | ᠲᠦᠰᠦᠯ ᠤᠨ ᠲᠤᠬᠠᠢ ᠲᠡᠭᠡᠳᠦ ᠱᠠᠳᠤ ᠲᠠᠢ ᠬᠠᠷᠢᠯᠴᠠᠬᠤ ᠠᠵᠢᠯ ᠢ ᠰᠠᠶᠢᠳᠦᠷ ᠬᠢᠨ᠎ᠠ᠃ ᠮᠠᠨ ᠤ ᠬᠤᠰᠢᠭᠤᠨ ᠤ | ᠬᠤᠳᠠᠯᠳᠤᠭᠠᠴᠢᠨ ᠤᠷᠢᠵᠦ ᠪᠡᠯᠡ ᠲᠠᠳᠠᠬᠤ ᠠᠰᠢᠭᠳᠠᠢ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠲᠦᠷᠦ ᠶᠢᠨ | ᠪᠤᠳᠤᠯᠭ᠎ᠠ ᠶᠢᠨ ᠲᠡᠮᠵᠢᠯᠬᠡ ᠶᠢ ᠨᠡᠮᠡᠭᠳᠡᠬᠦᠯᠦᠨ᠂ ᠰᠤᠶᠤᠯ ᠵᠢᠭᠤᠯᠴᠢᠯᠠᠯ᠂ ᠰᠢᠨ᠎ᠠ ᠡᠨᠧᠷᠬᠢ᠂ ᠰᠢᠨ᠎ᠠ ᠬᠡᠯᠪᠡᠷᠢ ᠶᠢᠨ ᠪᠠᠷᠢᠯᠭ᠎ᠠ | ᠶᠢᠨ ᠮᠠᠲ᠋ᠧᠷᠢᠶᠠᠯ᠂ ᠲᠤᠨᠤᠭᠯᠠᠯ ᠤᠨ ᠦᠢᠯᠡᠳᠪᠤᠷᠢᠯᠡᠯ ᠵᠢᠴᠢ ᠪᠤᠬᠢᠷᠳᠤᠯ ᠦᠬᠡᠢ ᠢᠳᠡᠬᠡᠨ ᠤ ᠦᠢᠯᠡᠳᠪᠤᠷᠢᠯᠡᠯ ᠵᠡᠷᠬᠡ ᠠᠵᠤ | ᠦᠢᠯᠡᠰ ᠢᠶᠠᠷ ᠭᠤᠤᠯ ᠪᠤᠯᠭᠠᠭᠰᠠᠨ᠂ ᠲᠠᠷᠠ ᠲᠤᠰᠤᠮ ᠢᠶᠠᠨ ᠮᠠᠨ ᠤ ᠬᠤᠰᠢᠭᠤᠨ ᠤ ᠦᠢᠯᠡᠳᠪᠤᠷᠢᠯᠡᠯ ᠤᠨ ᠪᠦᠳᠦᠴᠡ ᠪᠠ | ᠬᠦᠭᠵᠢᠯᠳᠡ ᠶᠢᠨ ᠲᠦᠯᠦᠪᠵᠢᠬᠦᠯᠬᠡ ᠲᠠᠢ ᠲᠤᠬᠢᠷᠠᠯᠴᠠᠭᠰᠠᠨ᠂ ᠪᠠᠶᠢᠯᠳᠤᠬᠤ ᠪᠤᠳᠤᠯᠭ᠎ᠠ ᠶᠢᠨ ᠴᠢᠨᠡᠷᠳᠡᠢ᠂ ᠲᠠᠶᠢᠴᠢᠯᠠᠬᠤ | ᠬᠦᠴᠦᠨ ᠪᠦᠬᠦᠢ ᠦᠷ᠎ᠡ ᠠᠰᠢᠭ ᠢᠶᠠᠷ ᠦᠨᠳᠦᠷ ᠨᠢᠬᠡ ᠪᠦᠯᠦᠭ ᠲᠦᠰᠦᠯ ᠤᠳ ᠢ ᠬᠠᠨᠳᠤᠯᠭ᠎ᠠ ᠲᠠᠢ ᠪᠠᠷ ᠲᠠᠳᠠᠨ | ᠤᠷᠤᠭᠤᠯᠬᠤ ᠪᠠᠷ ᠴᠢᠷᠮᠠᠶᠢᠬᠤ ᠪᠤᠯᠤᠨ᠎ᠠ᠃ ︽ᠭᠠᠳᠠᠭᠰᠢ ᠭᠠᠷᠴᠤ ᠪᠠᠶᠢᠴᠠᠭᠠᠯᠳᠠ ᠬᠢᠭᠰᠡᠨ ᠤ ᠲᠠᠷᠠᠭ᠎ᠠ ᠤᠷᠢᠵᠦ ᠠᠪᠴᠢᠷᠠᠬᠤ | ︾ ᠠᠷᠭ᠎ᠠ ᠬᠡᠯᠪᠡᠷᠢ ᠪᠠᠷ ᠰᠦᠯᠵᠢᠶᠡᠨ ᠲᠡᠭᠡᠷ᠎ᠡ ᠬᠤᠳᠠᠯᠳᠤᠭᠠᠴᠢᠨ ᠤᠷᠢᠬᠤ ᠪᠠ ᠲᠤᠭᠳᠠᠭᠰᠠᠨ ᠬᠠᠷᠠᠯᠳᠠ ᠲᠠᠢ | ᠬᠤᠳᠠᠯᠳᠤᠭᠠᠴᠢᠨ ᠤᠷᠢᠬᠤ ᠬᠡᠯᠪᠡᠷᠢ ᠪᠠᠷ ᠬᠦᠴᠦᠨ ᠴᠢᠳᠠᠯ ᠪᠦᠬᠦᠢ ᠠᠵᠤ ᠠᠬᠤᠶᠢᠯᠠᠯ ᠢ ᠲᠠᠳᠠᠨ ᠤᠷᠤᠭᠤᠯᠵᠦ᠂ ᠠᠶᠢᠮᠠᠭ | ᠤᠨ ᠭᠠᠳᠠᠨᠠᠬᠢ ᠬᠦᠷᠦᠩᠬᠡ ᠤᠷᠤᠭᠤᠯᠤᠯᠳᠠ ᠶᠢ ᠡᠨᠡ ᠵᠢᠯ 35 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠪᠤᠢ᠃ | ᠨᠠᠶᠢᠳᠠ ᠶᠢᠨ ᠪᠤᠰᠤ ᠦᠮᠴᠢᠯᠠᠯ ᠤᠨ ᠠᠵᠤ ᠠᠬᠤᠢ ᠶᠢᠨ ᠪᠤᠳᠠᠳᠤ ᠴᠤᠭᠴᠠ ᠶᠢ ᠬᠠᠤᠯᠢ ᠶᠤᠰᠤᠭᠠᠷ ᠬᠠᠮᠠᠭᠠᠯᠠᠵᠦ᠂ | ᠬᠠᠷᠠᠭᠠᠯᠵᠠᠭᠰᠠᠨ ᠲᠦᠷᠦ ᠶᠢᠨ ᠪᠤᠳᠤᠯᠭ᠎ᠠ ᠶᠢ ᠴᠢᠯᠦᠬᠡᠳᠡᠢ ᠲᠠᠯᠪᠢᠨ᠂ ᠰᠢᠶᠠᠨ ᠤ ᠲᠡᠰ ᠤᠨ ᠠᠵᠤ ᠠᠬᠤᠢ ᠶᠢᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠪᠡᠯᠡ ᠬᠤᠷᠠᠮᠳᠤᠭᠤᠯᠬᠤ ᠳᠤ ᠬᠠᠨᠳᠤᠭᠤᠯᠤᠭᠰᠠᠨ ᠪᠠᠳᠤᠯᠠᠨ | ᠲᠠᠭᠠᠭᠠᠴᠢᠯᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠂ ᠡᠯ᠎ᠠ ᠱᠠᠳᠤᠨ ᠤ ᠮᠦᠩᠬᠦᠨ ᠬᠦᠢᠯᠬᠡᠬᠡᠨ ᠤ | ᠪᠠᠶᠢᠭᠤᠯᠤᠮᠵᠢ ᠲᠠᠢ ᠢᠳᠡᠪᠬᠢᠳᠡᠢ ᠵᠦᠪᠳᠡᠯᠴᠡᠵᠦ᠂ ᠢᠳᠡᠬᠡᠮᠵᠢᠳᠦ ᠵᠢᠬᠡᠯᠡᠯᠬᠡ ᠶᠢᠨ ᠬᠡᠪᠴᠢᠶ᠎ᠠ ᠶᠢ ᠦᠷᠬᠡᠳᠬᠡᠨ᠂ ᠵᠢᠬᠡᠯᠡᠯᠬᠡ | ᠶᠢᠨ ᠮᠦᠩᠬᠦ ᠶᠢ ᠨᠡᠮᠡᠭᠳᠡᠬᠦᠯᠵᠦ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠦᠪᠡᠭ ᠲᠠᠢ ᠪᠠᠶᠢᠭ᠎ᠠ ᠠᠰᠠᠭᠤᠳᠠᠯ ᠢ | ᠰᠢᠢᠳᠪᠤᠷᠢᠯᠡᠨ᠎ᠡ᠃ ᠱᠠᠩᠳᠤ ᠪᠡᠯᠡ ᠬᠤᠷᠠᠮᠳᠤᠭᠤᠯᠬᠤ ᠲᠠᠪᠴᠠᠩ ᠤᠨ ᠪᠠᠳᠤᠯᠠᠭᠠᠨ ᠤ ᠬᠢᠷᠢ ᠲᠦᠪᠰᠢᠨ ᠪᠠ ᠲᠦᠭᠰᠢᠬᠦᠷᠢ ᠶᠢ | ᠰᠦᠷᠦᠬᠦ ᠬᠢᠷᠢ ᠲᠦᠪᠰᠢᠨ ᠢ ᠲᠡᠭᠡᠭᠰᠢᠯᠡᠬᠦᠯᠵᠦ᠂ ᠬᠠᠮᠤᠭ ᠶᠡᠭᠡ ᠬᠦᠴᠦᠨ ᠢᠶᠠᠷ ᠢᠶᠠᠨ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠳᠤ ᠲᠡᠮᠵᠢᠯᠬᠡ ᠦᠵᠡᠬᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠪᠡᠯᠡ ᠮᠦᠩᠬᠦᠨ ᠤ ᠤᠶᠢᠯᠡᠳᠦᠯ ᠢ | ᠬᠦᠢᠴᠡᠳ ᠪᠠᠳᠠᠷᠠᠭᠤᠯᠵᠦ᠂ ᠲᠦᠰᠦᠯ ᠤᠨ ᠪᠡᠯᠡ ᠮᠦᠩᠬᠦ ᠶᠢ ᠵᠤᠬᠢᠰᠳᠠᠢ ᠬᠤᠷᠠᠮᠳᠤᠭᠤᠯᠵᠦ᠂ ᠲᠠᠷᠢᠶᠠᠯᠠᠩ ᠮᠠᠯ ᠠᠵᠤ ᠠᠬᠤᠢ | ᠶᠢᠨ ᠬᠦᠭᠵᠢᠯᠳᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠵᠢᠯ ᠦᠢᠯᠡᠰ᠂ ᠠᠷᠠᠳ ᠤᠨ | ᠠᠮᠢᠳᠤᠷᠠᠯ ᠳᠤ ᠬᠤᠯᠪᠤᠭᠳᠠᠭᠰᠠᠨ ᠲᠦᠰᠦᠯ ᠤᠳ ᠢ ᠭᠤᠤᠯᠳᠠᠯᠭ᠎ᠠ ᠲᠠᠢ ᠪᠤᠯᠪᠠᠰᠤᠷᠠᠭᠤᠯᠵᠦ᠂ ᠲᠡᠭᠡᠷ᠎ᠡ ᠱᠠᠳᠤᠨ ᠠᠴᠠ ᠨᠡᠩ | ᠤᠯᠠᠨ ᠲᠤᠳᠤᠭᠠᠳᠤ ᠪᠡᠯᠡ ᠤᠯᠬᠤ ᠪᠠᠷ ᠴᠢᠷᠮᠠᠶᠢᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠵᠦ᠂ ᠬᠤᠳᠠ | ᠪᠠᠯᠭᠠᠰᠤᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ | ︽ᠵᠢᠱᠢᠶ᠎ᠠ ᠦᠵᠡᠬᠦᠯᠬᠦ ᠲᠤᠰᠬᠤᠨ ᠳᠤ ᠪᠦᠬᠦᠨ ᠢ ᠲᠤᠤᠱᠯᠠᠭᠤᠯᠤᠨ᠂ ᠪᠠᠷᠢᠮᠵᠢᠶᠠᠵᠢᠭᠰᠠᠨ ᠲᠤᠰᠬᠤᠨ ᠳᠤ ᠪᠦᠬᠦ | ᠬᠦᠴᠦᠨ ᠢᠶᠠᠷ ᠢᠶᠠᠨ ᠲᠤᠤᠱᠯᠠᠭᠤᠯᠵᠦ᠂ ᠬᠢᠷᠢ ᠲᠡᠩᠴᠡᠭᠰᠡᠨ ᠲᠤᠰᠬᠤᠨ ᠳᠤ ᠴᠢᠳᠠᠯ ᠢᠶᠠᠷ ᠢᠶᠠᠨ ᠲᠤᠤᠱᠯᠠᠭᠤᠯᠬᠤ︾ ᠵᠠᠷᠴᠢᠮ | ᠪᠠ ︽ᠶᠠᠭᠤ ᠲᠤᠳᠠᠪᠠᠯ ᠶᠠᠭᠤ ᠶᠢ ᠨᠦᠬᠦᠪᠦᠷᠢᠯᠡᠬᠦ︾ ᠵᠠᠷᠴᠢᠮ ᠢᠶᠠᠷ ᠲᠦᠰᠦᠯ ᠤᠨ ᠪᠡᠯᠡ ᠮᠦᠩᠬᠦ ᠶᠢ ᠬᠤᠷᠠᠮᠳᠤᠭᠤᠯᠬᠤ | ᠬᠦᠴᠦᠯᠡᠴᠡ ᠪᠠᠨ ᠨᠡᠮᠡᠭᠳᠡᠬᠦᠯᠦᠨ᠂ 76 ᠭᠠᠴᠠᠭ᠎ᠠ ᠲᠤᠰᠬᠤᠨ ᠳᠤ ︽ᠠᠷᠪᠠ ᠶᠢ ᠪᠦᠷᠬᠦᠬᠦᠯᠬᠦ ᠢᠨᠵᠧᠨᠧᠷᠢᠩ︾ ᠢ | ᠬᠡᠷᠡᠭᠵᠢᠬᠦᠯᠵᠦ᠂ 19 ᠵᠢᠱᠢᠶ᠎ᠠ ᠦᠵᠡᠬᠦᠯᠬᠦ ᠲᠤᠰᠬᠤᠨ᠂ 35 ᠪᠠᠷᠢᠮᠵᠢᠶᠠᠵᠢᠭᠰᠠᠨ ᠲᠤᠰᠬᠤᠨ ᠪᠠ 22 ᠬᠢᠷᠢ ᠲᠡᠩᠴᠡᠭᠰᠡᠨ | ᠲᠤᠰᠬᠤᠨ ᠢ ᠪᠠᠶᠢᠭᠤᠯᠤᠨ᠎ᠠ᠃ ᠡᠨᠡ ᠵᠢᠯ ᠪᠦᠬᠦ ᠨᠠᠶᠢᠳᠠ 3.43 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ | 2930 ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠰᠠᠯᠪᠢᠨ ᠵᠠᠰᠠᠬᠤ ᠶᠢᠨ ᠬᠠᠮᠳᠤ ᠬᠦᠳᠡᠭᠡ ᠲᠤᠰᠬᠤᠨ ᠳᠤ | 163 ᠺᠢᠯᠤᠮᠧᠲᠷ ᠤᠨ ᠵᠠᠰᠠᠮᠠᠯ ᠵᠠᠮ ᠢ ᠰᠢᠨ᠎ᠠ ᠪᠠᠷ ᠵᠠᠰᠠᠵᠦ᠂ 258 ᠺᠢᠯᠤᠮᠧᠲᠷ ᠤᠨ ᠵᠡᠬᠡᠯᠢ ᠭᠤᠳᠤᠮᠵᠢ ᠶᠢ | ᠬᠠᠳᠠᠭᠤᠷᠠᠭᠤᠯᠤᠨ᠂ 1474 ᠬᠦᠮᠦᠨ ᠪᠠ 4900 ᠲᠤᠯᠤᠭᠠᠢ ᠮᠠᠯ ᠤᠨᠤᠭᠠᠨ ᠤ ᠤᠰᠤ ᠤᠮᠳᠠᠨ ᠤ ᠠᠮᠤᠷ ᠲᠦᠪᠰᠢᠨ ᠤ | ᠠᠰᠠᠭᠤᠳᠠᠯ ᠢ ᠰᠢᠢᠳᠪᠤᠷᠢᠯᠡᠵᠦ᠂ 487 ᠮᠠᠯᠴᠢᠨ ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠦᠨ᠎ᠡ᠃ 1500 | ᠮᠠᠯᠴᠢᠨ ᠲᠠᠷᠢᠶᠠᠴᠢᠨ ᠡᠷᠦᠬᠡ ᠳᠤ ᠲᠧᠯᠸᠢᠰ ᠤᠨ ᠨᠡᠪᠳᠡᠷᠡᠬᠦᠯᠬᠡ ᠲᠠᠮᠵᠢᠭᠤᠯᠬᠤ ᠬᠤᠤᠰ ᠴᠢᠳᠠᠮᠵᠢ ᠲᠠᠢ ᠲᠦᠬᠦᠬᠡᠷᠦᠮᠵᠢ | ᠤᠭᠰᠠᠷᠠᠬᠤ ᠪᠦᠬᠡᠳ 3 ᠭᠠᠵᠠᠷ ᠲᠤ ᠲᠤᠭᠠᠴᠢᠯᠠᠭᠰᠠᠨ ᠲᠧᠯᠸᠢᠰ ᠤᠨ ᠲᠤᠬᠢᠶᠠᠨ ᠤ ᠰᠤᠪᠤᠷᠭ᠎ᠠ ᠪᠠᠶᠢᠭᠤᠯᠤᠨ᠎ᠠ᠃ | ᠨᠦᠬᠦᠴᠡᠯ ᠪᠠᠷᠤᠭᠳᠠᠢ ᠰᠤᠷᠭᠠᠭᠤᠯᠢ ᠶᠢ ᠰᠢᠨᠡᠳᠬᠡᠵᠦ ᠵᠠᠰᠠᠬᠤ ᠶᠢᠨ ᠬᠠᠮᠳᠤ 28 ᠭᠠᠴᠠᠭ᠎ᠠ ᠲᠤᠰᠬᠤᠨ ᠳᠤ | ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠤᠨ᠂ 23 ᠭᠠᠴᠠᠭ᠎ᠠ ᠲᠤᠰᠬᠤᠨ ᠤ ᠰᠤᠶᠤᠯ ᠤᠨ | ᠬᠦᠳᠦᠯᠪᠦᠷᠢ ᠶᠢᠨ ᠲᠠᠰᠤᠭ ᠤᠨ ᠲᠤᠨᠤᠭ ᠲᠦᠬᠦᠬᠡᠷᠦᠮᠵᠢ ᠶᠢ ᠪᠦᠷᠢᠨᠰᠢᠬᠦᠯᠦᠨ᠎ᠡ᠃ ᠠᠷᠠᠳ ᠲᠤ ᠲᠦᠬᠦᠮ ᠦᠵᠡᠬᠦᠯᠬᠦ | ᠬᠤᠷᠰᠢᠶ᠎ᠠ ᠲᠡᠯᠬᠡᠬᠦᠷ ᠢ ᠰᠢᠨ᠎ᠠ ᠪᠠᠷ ᠪᠤᠶᠤ ᠦᠷᠬᠡᠳᠬᠡᠨ 30 ᠶᠢ ᠪᠠᠶᠢᠭᠤᠯᠤᠨ᠎ᠠ᠃ ᠨᠠᠰᠤᠳᠠᠶᠢᠴᠤᠳ ᠤᠨ ᠠᠰᠠᠷᠠᠮᠵᠢ᠂ | ᠠᠮᠢᠳᠤᠷᠠᠯ ᠤᠨ ᠬᠠᠮᠤᠭ ᠲᠤᠤᠷ᠎ᠠ ᠪᠠᠳᠤᠯᠠᠭ᠎ᠠ᠂ ᠦᠨᠳᠦᠷ ᠨᠠᠰᠤᠳᠠᠳ ᠤᠨ ᠠᠮᠢᠳᠤᠷᠠᠯ ᠤᠨ ᠨᠦᠬᠦᠪᠦᠷᠢ ᠵᠡᠷᠬᠡ ᠨᠠᠶᠢᠬᠡᠮ ᠤᠨ | ᠪᠠᠳᠤᠯᠠᠭᠠᠨ ᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠵᠢᠯ ᠤᠨ ᠡᠴᠤᠰ ᠪᠤᠯᠳᠠᠯ᠎ᠠ ᠭᠠᠴᠠᠭ᠎ᠠ | ᠲᠤᠰᠬᠤᠨ ᠤ ᠲᠦᠷᠰᠦ ᠪᠠᠶᠢᠳᠠᠯ ᠢ ᠢᠯᠡᠳᠳᠡ ᠦᠬᠡᠷᠡᠴᠢᠯᠡᠨ ᠠᠷᠠᠳ ᠤᠯᠠᠨ ᠤ ᠠᠮᠢᠳᠤᠷᠠᠯ ᠤᠨ ᠬᠢᠷᠢ ᠲᠦᠪᠰᠢᠨ ᠢ | ᠮᠡᠳᠡᠭᠳᠡᠮ᠎ᠡ ᠲᠡᠭᠡᠭᠰᠢᠯᠡᠯᠳᠡ ᠲᠠᠢ ᠪᠤᠯᠭᠠᠬᠤ ᠪᠠᠷ ᠴᠢᠷᠮᠠᠶᠢᠨ᠎ᠠ᠃ ᠬᠦᠮᠦᠨ ᠢᠶᠠᠷ ᠦᠨᠳᠦᠰᠦ ᠪᠤᠯᠭᠠᠵᠦ᠂ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠤᠨ᠂ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠵᠦ᠂ ᠲᠡᠤᠬᠡ ᠰᠤᠶᠤᠯ ᠢ ᠤᠯᠠᠮᠵᠢᠯᠠᠨ | ᠬᠦᠭᠵᠢᠬᠦᠯᠬᠦ ᠠᠵᠢᠯ ᠤᠨ ᠰᠡᠳᠬᠢᠴᠡ ᠶᠢ ᠪᠠᠷᠢᠮᠳᠠᠯᠠᠨ ᠱᠠᠩᠳᠤ ᠪᠠᠯᠭᠠᠰᠤᠨ ᠤ ᠲᠦᠪ ᠪᠤᠯᠬᠤ ᠦᠢᠯᠡᠳᠦᠯ ᠢ ᠬᠦᠢᠴᠡᠳ | ᠪᠠᠳᠠᠷᠠᠭᠤᠯᠤᠨ᠂ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ | ᠲᠦᠷᠬᠡᠳᠬᠡᠵᠦ᠂ ᠰᠠᠩ ᠤᠨ ᠲᠠᠯᠠᠢ᠂ ᠬᠠᠪᠢᠷᠭ᠎ᠠ ᠬᠤᠶᠠᠷ ᠪᠠᠯᠭᠠᠰᠤᠨ ᠤ ᠬᠠᠮᠢᠶᠠᠷᠤᠯᠳᠠ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠠ᠃ ᠪᠠᠯᠭᠠᠰᠤ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ | ᠬᠦᠴᠦᠯᠡᠴᠡ ᠶᠢ ᠴᠢᠩᠭᠠᠳᠬᠠᠨ᠂ ᠭᠤᠤᠯ ᠪᠤᠯᠬᠤ ᠵᠡᠬᠡᠯᠢ ᠭᠤᠳᠤᠮᠵᠢ᠂ ᠬᠡᠷ ᠪᠠᠷᠢᠯᠭ᠎ᠠ ᠶᠢᠨ ᠭᠠᠳᠠᠨᠠᠬᠢ ᠦᠵᠡᠮᠵᠢ ᠪᠠ ᠵᠠᠬ᠎ᠠ | ᠵᠡᠬᠡᠯᠢ ᠶᠢᠨ ᠦᠩᠬᠡ ᠦᠵᠡᠮᠵᠢ ᠶᠢ ᠰᠢᠨᠡᠴᠢᠯᠡᠬᠦ ᠠᠵᠢᠯ ᠢ ᠰᠠᠶᠢᠨ ᠬᠢᠵᠦ᠂ ᠵᠡᠬᠡᠯᠢ ᠭᠤᠳᠤᠮᠵᠢ᠂ ᠰᠠᠭᠤᠭᠠᠯᠢ ᠠᠷᠠᠳ ᠤᠨ | ᠲᠤᠭᠤᠷᠢᠭ ᠲᠤᠳᠤᠷᠡᠬᠢ ᠳ᠋ᠧᠩ ᠬᠡᠷᠡᠯᠳᠦᠬᠦᠯᠬᠡ ᠶᠢ ᠪᠦᠷᠢᠨ ᠤᠭᠰᠠᠷᠠᠨ᠎ᠠ᠃ 5.4 ᠲᠦᠮᠡᠨ ᠲᠡᠭᠰᠢ ᠲᠦᠷᠪᠡᠯᠵᠢᠨ ᠮᠧᠲᠷ ᠤᠨ | ᠪᠠᠷᠤᠭᠰᠢᠨ ᠵᠠᠮ᠂ 0.91 ᠲᠦᠮᠡᠨ ᠲᠡᠭᠰᠢ ᠲᠦᠷᠪᠡᠯᠵᠢᠨ ᠮᠧᠲᠷ ᠤᠨ ᠽᠧᠮᠧᠨ᠋ᠲ ᠵᠠᠮ ᠢ ᠰᠢᠨ᠎ᠠ ᠪᠠᠷ ᠲᠠᠪᠢᠰᠴᠦ᠂ 22.3 | ᠲᠦᠮᠡᠨ ᠲᠡᠭᠰᠢ ᠲᠦᠷᠪᠡᠯᠵᠢᠨ ᠮᠧᠲᠷ ᠵᠠᠮ ᠤᠨ ᠨᠢᠭᠤᠷ ᠢ ᠲᠡᠬᠢᠵᠦ ᠰᠢᠨᠡᠳᠬᠡᠨ᠂ 2.75 ᠲᠦᠮᠡᠨ ᠲᠡᠭᠰᠢ ᠲᠦᠷᠪᠡᠯᠵᠢᠨ | ᠮᠧᠲᠷ ᠤᠨ ᠲᠠᠯᠠᠪᠠᠢ ᠪᠦᠬᠦᠢ ᠨᠠᠷᠢᠨ ᠭᠤᠳᠤᠮᠵᠢ ᠶᠢ ᠵᠠᠰᠠᠨ᠂ 2.16 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ | ᠪᠦᠬᠦᠢ ᠶᠠᠪᠠᠭᠠᠨ ᠬᠦᠮᠦᠨ ᠤ ᠵᠠᠮ ᠢ ᠲᠡᠪᠢᠰᠬᠦ ᠪᠠᠷ ᠪᠤᠢ᠃ ︽ᠭᠤᠷᠪᠠᠨ ᠴᠡᠴᠡᠷᠯᠢᠭ ᠨᠢᠬᠡ ᠠᠭᠤᠳᠠᠮ ᠲᠠᠯᠠᠪᠠᠢ︾ ︵ | ᠵᠦᠯᠬᠡᠨ ᠴᠡᠴᠡᠷᠯᠢᠭ᠂ ᠠᠮᠢ ᠠᠬᠤᠢ ᠶᠢᠨ ᠬᠦᠷᠢᠶᠡᠯᠡᠩ᠂ ᠤᠪᠤᠭᠠᠨ ᠰᠢᠷᠡᠭᠡ ᠴᠡᠴᠡᠷᠯᠢᠭ ᠪᠠ ᠬᠤᠪᠢᠯᠠᠢ ᠠᠭᠤᠳᠠᠮ ᠲᠠᠯᠠᠪᠠᠢ︶ | ᠳᠤ ᠮᠤᠩᠭᠤᠯ ᠶᠤᠸᠠᠨ ᠤ ᠰᠤᠶᠤᠯ ᠲᠡᠤᠬᠡ ᠶᠢᠨ ᠬᠠᠮᠢᠶ᠎ᠠ ᠲᠠᠢ ᠪᠠᠷᠢᠯᠭ᠎ᠠ ᠶᠢᠨ ᠡᠯᠧᠮᠧᠨ᠋ᠲ ᠨᠡᠮᠡᠷᠢᠯᠡᠵᠦ᠂ ᠦᠨᠳᠦᠰᠦᠳᠡᠨ ᠤ | ᠤᠨᠴᠠᠯᠢᠭ ᠢ ᠲᠤᠪᠤᠶᠢᠯᠭᠠᠨ᠂ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠨ᠂ ᠠᠵᠢᠯ ᠠᠮᠢᠳᠤᠷᠠᠯ ᠪᠤᠯᠤᠨ ᠬᠦᠭᠵᠢᠯᠳᠡ | ᠶᠢᠨ ᠤᠷᠴᠢᠨ ᠨᠦᠬᠦᠴᠡᠯ ᠢ ᠤᠯᠠᠮ ᠢᠶᠠᠷ ᠰᠠᠶᠢᠵᠢᠷᠠᠭᠤᠯᠤᠨ᠎ᠠ᠃ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠭᠤᠤᠯᠳᠠᠯᠭ᠎ᠠ | ᠲᠠᠢ ᠲᠦᠰᠦᠯ ᠢ ᠠᠬᠢᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠵᠢᠨᠢᠩ ᠠᠴᠠ ᠲᠦᠩᠯᠢᠶᠤᠤ ᠬᠦᠷᠬᠦ ᠲᠠᠮᠤᠷ ᠵᠠᠮ ᠤᠨ | ᠲᠡᠳ᠋ ᠱᠤᠭᠤᠮ᠂ ᠰᠢᠯᠤᠭᠤᠨ ᠬᠦᠬᠡ ᠠᠴᠠ ᠴᠢᠭᠤᠯᠤᠯᠳᠦ ᠬᠠᠭᠠᠯᠭ᠎ᠠ ᠬᠦᠷᠬᠦ ᠲᠠᠮᠤᠷ ᠵᠠᠮ᠂ ᠰᠢᠯᠢᠩᠬᠤᠳᠠ ᠠᠴᠠ | ᠲᠤᠯᠤᠨᠨᠠᠭᠤᠷ ᠬᠦᠷᠬᠦ ᠲᠠᠮᠤᠷ ᠵᠠᠮ ᠤᠨ ᠲᠠᠪᠬᠤᠷ ᠱᠤᠭᠤᠮ ᠤᠨ ᠪᠠᠶᠢᠭᠤᠯᠤᠯᠳᠠ ᠶᠢ ᠠᠬᠢᠭᠤᠯᠵᠦ᠂ ᠪᠡᠭᠡᠵᠢᠩ ᠳᠤ ᠨᠡᠪᠳᠡᠷᠡᠬᠦ | ᠵᠠᠮ ᠤᠨ ᠰᠠᠩ ᠤᠨ ᠲᠠᠯᠠᠢ ᠠᠴᠠ ᠱᠠᠩᠳᠤ ᠪᠠᠯᠭᠠᠰᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠲᠡᠷᠭᠡ ᠨᠡᠪᠳᠡᠷᠡᠬᠦᠯᠦᠨ᠂ | ᠤᠯᠤᠰ ᠤᠨ ᠵᠠᠮ ᠤᠨ 510 ᠳ᠋ᠤᠭᠠᠷ ᠱᠤᠭᠤᠮ ᠤᠨ ᠱᠠᠩᠳᠤ ᠪᠠᠯᠭᠠᠰᠤ ᠠᠴᠠ ᠰᠢᠯᠤᠭᠤᠨ ᠴᠠᠭᠠᠨ ᠬᠤᠰᠢᠭᠤ ᠬᠦᠷᠬᠦ ᠵᠠᠮ | ᠵᠠᠰᠠᠬᠤ ᠠᠵᠢᠯ ᠢ ᠡᠬᠢᠯᠡᠬᠦᠯᠬᠦ ᠪᠤᠯᠤᠨ᠎ᠠ︔ 502 ᠳ᠋ᠤᠭᠠᠷ ᠰᠢᠶᠠᠨ ᠤ ᠲᠡᠰ ᠤᠨ ᠵᠠᠮ ᠢ ᠦᠷᠬᠡᠳᠬᠡᠨ ᠪᠠᠶᠢᠭᠤᠯᠬᠤ ᠠᠵᠢᠯ ᠢ | ᠡᠷᠳᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ︵ᠵᠢᠷᠭᠤᠭ᠎ᠠ︶ ᠨᠡᠶᠢᠬᠡᠮ ᠤᠨ ᠠᠵᠣ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠨᠡᠶᠢᠳᠡ ᠶᠢᠨ ᠦᠢᠯᠡᠴᠢᠯᠡᠭᠡᠨ ᠤ | ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠪᠦᠬᠦ ᠵᠢᠯ ᠤᠨ ᠨᠡᠶᠢᠬᠡᠮ ᠤᠨ ᠠᠷᠠᠳ ᠤᠨ ᠠᠮᠢᠳᠣᠷᠠᠯ ᠳᠤ ᠵᠠᠷᠣᠴᠠᠭᠤᠯᠬᠤ ᠵᠠᠷᠣᠯᠭ᠎ᠠ ᠶᠢᠨ ᠬᠡᠮᠵᠢᠶ᠎ᠠ ᠶᠢ ᠪᠦᠬᠦ | ᠬᠤᠰᠢᠭᠤᠨ ᠤ ᠡᠳ᠋ ᠤᠨ ᠵᠠᠰᠠᠭ ᠤᠨ ᠲᠦᠰᠦᠪᠯᠡᠭᠰᠡᠨ ᠵᠠᠷᠣᠯᠭ᠎ᠠ ᠶᠢᠨ 55% ᠣᠷᠴᠢᠮ ᠪᠠᠶᠢᠬᠤ ᠶᠢ ᠪᠠᠳᠣᠯᠠᠨ᠎ᠠ᠃ ᠠᠷᠠᠳ | ᠢ ᠲᠡᠳᠬᠦᠨ ᠬᠠᠷᠠᠭᠠᠯᠵᠠᠬᠤ ᠠᠷᠪᠠᠨ ᠪᠣᠳᠠᠳᠣ ᠣᠴᠢᠷ ᠢ ᠪᠠᠶᠠᠯᠠᠭᠦᠯᠬᠦ ᠶᠢᠨ ᠬᠠᠮᠳᠣ ᠠᠷᠠᠳ ᠤᠨ ᠠᠮᠢᠳᠣᠷᠠᠯ ᠳᠠᠬᠢ ᠵᠠᠷᠣᠯᠭ᠎ᠠ | ᠶᠢ ᠦᠨᠡᠨᠬᠦ ᠪᠠᠳᠣᠯᠠᠵᠤ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠠᠷᠠᠳ ᠣᠯᠠᠨ ᠳᠤ ᠬᠦᠷᠳᠡᠭᠡᠨ᠎ᠡ᠃ | ᠨᠢᠭᠡ ᠳᠤ᠂ ᠶᠡᠭᠡ ᠰᠣᠷᠭᠠᠭᠤᠯᠢ ᠶᠢᠨ ᠵᠢᠩᠬᠢᠨᠢ ᠠᠩᠭᠢ ᠪᠤᠶᠤ ᠳᠣᠰᠬᠠᠢ ᠮᠠᠷᠭᠡᠵᠢᠯ ᠤᠨ ᠠᠩᠬᠢ ᠳᠤ ᠰᠢᠯᠭᠠᠭᠳᠠᠨ ᠣᠷᠣᠭᠰᠠᠨ | ᠬᠦᠴᠢᠷᠳᠡᠢ ᠭᠡᠷ ᠪᠦᠯᠢ ᠶᠢᠨ ᠣᠶᠣᠳᠠᠨ ᠳᠤ ᠲᠣᠰ ᠲᠣᠰ 3000 ᠪᠤᠯᠤᠨ 2000 ᠲᠦᠬᠦᠷᠢᠭ ᠤᠨ ᠨᠦᠬᠦᠪᠣᠷᠢ ᠶᠢ ᠨᠢᠭᠡ | ᠣᠳᠠᠭ᠎ᠠ ᠣᠯᠭᠤᠨ᠎ᠠ᠃ ᠬᠤᠶᠠᠷ ᠲᠤ᠂ ᠲᠣᠮᠳᠠᠳᠣ ᠪᠠᠭ᠎ᠠ ᠰᠣᠷᠭᠠᠭᠤᠯᠢ ᠶᠢᠨ ᠪᠠᠭᠰᠢ ᠨᠠᠷ ᠲᠤ ᠵᠢᠯ ᠤᠨ ᠪᠣᠯᠪᠠᠰᠣᠷᠠᠯ ᠤᠨ | ᠨᠦᠬᠦᠪᠤᠷᠢ ᠶᠢ 2000 ᠲᠦᠭᠦᠷᠢᠭ ᠠᠴᠠ ᠳᠡᠭᠡᠭᠰᠢ ᠣᠯᠭᠤᠵᠤ᠂ ᠦᠨᠳᠣᠰᠣᠳᠡᠨ ᠤ ᠰᠣᠷᠭᠠᠭᠤᠯᠢ ᠶᠢᠨ ᠪᠠᠭᠰᠢᠨᠠᠷ ᠲᠤ | 2500 ᠲᠦᠬᠦᠷᠢᠭ ᠠᠴᠠ ᠳᠡᠭᠡᠭᠰᠢ ᠣᠯᠭᠤᠨ᠎ᠠ᠃ ᠦᠨᠳᠣᠰᠣᠳᠡᠨ ᠤ ᠰᠣᠷᠭᠠᠭᠤᠯᠢ ᠶᠢᠨ ᠰᠣᠷᠣᠭᠴᠢᠳ ᠤᠨ ᠨᠡᠶᠢᠳᠡ ᠶᠢᠨ | ᠬᠡᠷᠡᠭᠯᠡᠭᠡᠨ ᠤ ᠵᠠᠷᠣᠳᠠᠯ ᠤᠨ ᠨᠦᠬᠦᠪᠣᠷᠢ ᠶᠢᠨ ᠪᠠᠷᠢᠮᠵᠢᠶ᠎ᠠ ᠶᠢ 50% ᠪᠠᠷ ᠲᠡᠭᠡᠭᠰᠢᠯᠡᠭᠦᠯᠦᠨ᠎ᠡ᠃ ᠱᠠᠩᠳᠣ ᠪᠠᠯᠭᠠᠰᠣ᠂ | ᠬᠠᠪᠢᠷᠭ᠎ᠠ ᠪᠠᠯᠭᠠᠰᠣ ᠪᠣᠯᠣᠨ ᠪᠤᠷᠤᠬᠤᠳᠠ ᠵᠢᠱᠢᠶ᠎ᠠ ᠦᠵᠡᠭᠦᠯᠬᠦ ᠲᠣᠭᠤᠷᠢᠭ ᠤᠨ 3 ᠬᠡᠣᠭᠡᠳ ᠤᠨ ᠴᠡᠴᠡᠷᠯᠢᠭ ᠢ | ᠠᠰᠢᠭᠯᠠᠯᠳᠠ ᠳᠤ ᠣᠷᠣᠭᠤᠯᠤᠨ᠎ᠡ᠃ ᠭᠤᠷᠪᠠ ᠳᠤ᠂ ᠰᠠᠩ ᠤᠨ ᠲᠠᠯᠠᠢ ᠪᠠᠯᠭᠠᠰᠣᠨ ᠤ ᠨᠠᠰᠣᠳᠠᠶᠢᠴᠣᠳ ᠢ ᠠᠰᠠᠷᠠᠬᠤ 60 | ᠲᠠᠰᠤᠯᠭ᠎ᠠ ᠪᠠᠶᠢᠷᠢ ᠶᠢ ᠵᠠᠰᠠᠨ ᠪᠠᠶᠢᠭᠤᠯᠵᠣ᠂ ᠮᠠᠯᠵᠢᠬᠤ ᠣᠷᠣᠨ ᠳᠠᠬᠢ ᠨᠠᠰᠣᠳᠠᠶᠢᠴᠣᠳ ᠢ ᠠᠰᠠᠷᠠᠬᠤ ᠵᠢᠱᠢᠶ᠎ᠠ ᠦᠵᠡᠭᠦᠯᠬᠦ | ᠴᠢᠭ ᠪᠤᠯᠭᠠᠨ᠎ᠠ᠃ ᠲᠦᠷᠪᠡ ᠳᠤ᠂ ᠬᠤᠰᠢᠭᠤᠨ ᠤ ᠡᠮᠨᠡᠯᠬᠡ ᠶᠢᠨ ᠬᠤᠷᠢᠶᠠᠨ ᠳᠤ ᠮᠠᠨ ᠤ ᠠᠶᠢᠮᠠᠭ ᠤᠨ ᠠᠩᠬᠠᠳᠠᠭᠴᠢ | ᠵᠢᠷᠣᠬᠡᠨ ᠰᠣᠳᠠᠯ ᠳᠤ ᠲᠡᠯᠡᠭᠡᠰᠦ ᠲᠠᠯᠪᠢᠬᠤ ᠲᠠᠰᠤᠭ ᠢ ᠪᠠᠶᠢᠭᠤᠯᠵᠤ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ | ᠤ ᠲᠣᠰᠬᠠᠢ ᠮᠡᠷᠭᠡᠵᠢᠯᠳᠡᠨ ᠢ ᠣᠷᠢᠵᠤ ᠡᠮᠴᠢᠯᠠᠭᠦᠯᠦᠨᠡ᠃ ᠲᠠᠪᠤ ᠳᠤ᠂ ᠪᠠᠳᠣᠯᠠᠭ᠎ᠠ ᠶᠢᠨ ᠴᠢᠨᠠᠷᠳᠡᠢ ︽ᠠᠮᠤᠭᠤᠯᠠᠩ | ᠰᠠᠭᠤᠴᠠ︾ ᠶᠢᠨ ᠢᠨᠵᠧᠨᠧᠷᠢᠩ ᠢ ᠰᠠᠶᠢᠳᠣᠷ ᠭᠡᠷᠡᠭᠵᠢᠬᠦᠯᠵᠤ᠂ ᠰᠢᠨ᠎ᠡ ᠪᠠᠷ ᠬᠢᠮᠳᠠ ᠲᠦᠷᠢᠶᠡᠰᠣᠨ ᠭᠡᠷ 120 ᠢᠵᠢ᠂ | ᠨᠡᠶᠢᠳᠡ ᠶᠢᠨ ᠲᠦᠷᠢᠶᠠᠰᠣᠨ ᠭᠡᠷ 160 ᠢᠵᠢ ᠪᠠᠶᠢᠭᠤᠯᠵᠣ᠂ ᠭᠡᠷ ᠬᠤᠷᠢᠶᠠᠯᠠᠯ ᠤᠨ 450 ᠡᠷᠣᠭᠡ ᠶᠢ ᠨᠡᠭᠦᠯᠭᠡᠨ | ᠲᠤᠬᠢᠵᠢᠭᠤᠯᠤᠨᠠ᠃ ᠵᠢᠷᠭᠤᠭ᠎ᠠ ᠳᠤ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ | ᠦᠨᠳᠣᠰᠣᠨ ᠨᠦᠬᠦᠪᠣᠷᠢ ᠶᠢ 25 ᠲᠦᠬᠦᠷᠢᠭ ᠨᠡᠮᠡᠭᠳᠡᠭᠦᠯᠦᠨ᠎ᠡ᠃ ᠬᠤᠳᠠ ᠪᠠᠯᠭᠠᠰᠣᠨ ᠤ ᠬᠠᠮᠤᠭ ᠲᠣᠣᠷ᠎ᠠ ᠠᠮᠢᠳᠣᠷᠠᠯ ᠤᠨ | ᠪᠠᠳᠣᠯᠠᠭ᠎ᠠ ᠦᠭᠬᠦ ᠪᠠᠷᠢᠮᠵᠢᠶ᠎ᠠ ᠶᠢ 15% ᠪᠠᠷ ᠨᠡᠮᠡᠭᠳᠡᠭᠦᠯᠵᠤ᠂ ᠬᠦᠮᠦᠨ ᠲᠣᠮᠳᠠᠴᠢ ᠪᠠᠷ ᠰᠠᠷ᠎ᠠ ᠪᠦᠷᠢ 15 ᠲᠦᠬᠦᠷᠢᠭ | ᠨᠡᠮᠡᠭᠳᠡᠭᠦᠯᠬᠦ ᠶᠢᠨ ᠬᠠᠮᠳᠣ ᠲᠠᠪᠣᠨ ᠪᠠᠳᠣᠯᠭᠠᠳᠣ ᠡᠷᠣᠭᠡ ᠶᠢ ᠲᠦᠪᠯᠡᠷᠡᠭᠦᠯᠦᠨ ᠠᠰᠠᠷᠠᠬᠤ ᠨᠦᠬᠦᠪᠦᠷᠢ ᠶᠢᠨ ᠪᠠᠷᠢᠮᠵᠢᠶ᠎ᠠ ᠶᠢ | 15% ᠪᠠᠷ ᠨᠡᠮᠡᠭᠳᠡᠭᠦᠯᠦᠨ᠎ᠡ᠃ ᠲᠣᠯᠤᠭ᠎ᠠ ᠳᠤ᠂ ᠦᠢᠯᠡᠰ ᠪᠦᠳᠦᠭᠡᠬᠦ ᠴᠢᠳᠠᠪᠣᠷᠢ ᠶᠢᠨ ᠪᠣᠯᠪᠠᠰᠣᠷᠠᠯ ᠢ 220 ᠬᠦᠮᠦᠨ | ᠣᠳᠠᠭ᠎ᠠ ᠦᠷᠨᠢᠬᠦᠯᠦᠨ᠂ 2400 ᠲᠦᠮᠡᠨ ᠲᠦᠭᠦᠷᠢᠭ ᠤᠨ ᠲᠠᠮ ᠬᠦᠦ ᠲᠠᠢ ᠵᠢᠭᠡᠯᠡᠯᠭᠡ ᠲᠠᠯᠪᠢᠨ᠎ᠡ᠃ ᠨᠠᠢᠮᠠ ᠳᠤ᠂ | ᠲᠣᠣᠷ᠎ᠠ ᠣᠷᠣᠯᠭ᠎ᠠ ᠲᠠᠢ ᠮᠠᠯᠴᠢᠨ ᠲᠠᠷᠢᠶᠠᠴᠢᠨ ᠡᠷᠣᠭᠡ ᠳᠤ ᠡᠪᠣᠯ ᠤᠨ ᠣᠯᠠᠷᠢᠯ ᠤᠨ ᠰᠢᠳᠠᠭᠠᠯᠭ᠎ᠠ ᠶᠢᠨ ᠨᠦᠬᠦᠪᠦᠷᠢ 600 | ᠲᠦᠬᠦᠷᠢᠭ ᠦᠭᠭᠦᠨ᠎ᠡ᠃ ᠶᠢᠰᠣ ᠳᠤ᠂ ᠱᠠᠩᠳᠣ ᠪᠠᠯᠭᠠᠰᠣᠨ ᠤ 652 ᠡᠷᠣᠭᠡ ᠳᠤ ᠪᠠᠶᠢᠭᠠᠯᠢ ᠶᠢᠨ ᠰᠢᠳᠠᠮᠠᠬᠠᠢ ᠬᠡᠢ | ᠨᠡᠪᠳᠡᠷᠡᠭᠦᠯᠦᠨ᠎ᠡ᠃ ᠠᠷᠪᠠ ᠳᠤ᠂ ᠪᠦᠬᠦ ᠬᠤᠰᠢᠭᠤᠨ ᠤ 65 ᠨᠠᠰᠣᠨ ᠠᠴᠠ ᠳᠡᠭᠡᠭᠰᠢᠬᠢ ᠨᠠᠰᠣᠳᠠᠶᠢᠴᠣᠳ ᠲᠤ ᠨᠢᠭᠡ | ᠣᠳᠠᠭ᠎ᠠ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠤ ᠦᠭᠭᠦᠨ᠎ᠡ᠃ | ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠯᠠᠪᠳᠠᠭᠤᠨ ᠪᠠᠳᠣᠳᠠᠢ ᠠᠬᠢᠭᠤᠯᠤᠨ᠎ᠡ᠃ ᠰᠣᠷᠭᠠᠨ | ᠬᠦᠮᠦᠵᠢᠯ ᠤᠨ ᠲᠠᠯ᠎ᠠ ᠪᠠᠷ᠂ ᠪᠡᠯᠡ ᠣᠷᠣᠭᠤᠯᠣᠯᠳᠠ ᠶᠢᠨ ᠭᠡᠮᠵᠢᠶ᠎ᠡ ᠶᠢ ᠨᠡᠮᠡᠭᠳᠡᠭᠦᠯᠵᠦ᠂ ᠰᠣᠷᠭᠠᠨ ᠬᠦᠮᠦᠵᠢᠯ ᠤᠨ ᠵᠠᠷᠣᠳᠠᠯ | ᠤᠨ《 ᠭᠤᠷᠪᠠᠨ ᠨᠡᠮᠡᠭᠳᠡᠯ》 ᠢ ᠪᠠᠳᠣᠯᠠᠨ᠎ᠠ᠃ ᠰᠣᠷᠭᠠᠨ ᠬᠦᠮᠦᠵᠢᠯ᠂ ᠵᠢᠭᠠᠨ ᠰᠣᠷᠭᠠᠯᠳᠠ ᠶᠢᠨ ᠴᠢᠨᠠᠷ ᠢ ᠲᠡᠭᠡᠭᠰᠢᠯᠡᠬᠦᠯᠦᠨ᠂ | ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠣᠷᠣᠬᠤ ᠨᠣᠷᠮ᠎ᠠ ᠶᠢ 36 % ᠠᠴᠠ ᠲᠡᠭᠡᠭᠰᠢ ᠳᠤ ᠬᠦᠷᠭᠡᠬᠦ | ᠪᠠᠷ ᠴᠢᠷᠮᠠᠶᠢᠨ᠎ᠠ᠃ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠣᠨ᠂ ᠬᠤᠶᠠᠳᠣᠭᠠᠷ ᠲᠣᠮᠳᠠᠳᠣ ᠰᠣᠷᠭᠠᠭᠤᠯᠢ᠂ | ᠮᠣᠩᠭᠤᠯ ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠵᠢᠴᠢ ᠮᠣᠩᠭᠤᠯ ᠲᠣᠮᠳᠠᠳᠣ ᠰᠣᠷᠭᠠᠭᠤᠯᠢ ᠪᠤᠯᠤᠨ ᠬᠤᠶᠠᠳᠣᠭᠠᠷ | ᠲᠣᠮᠳᠠᠳᠣ ᠰᠣᠷᠭᠠᠭᠤᠯᠢ ᠶᠢᠨ ᠪᠠᠶᠢᠷᠢ ᠶᠢᠨ ᠠᠰᠠᠷ ᠢ ᠪᠠᠶᠢᠭᠤᠯᠬᠤ ᠶᠢᠨ ᠬᠠᠮᠳᠣ᠂ 4 ᠲᠠᠮᠢᠷ ᠤᠨ ᠣᠷᠳᠣᠨ ᠪᠤᠯᠤᠨ ᠮᠣᠩᠭᠤᠯ | ᠬᠡᠣᠭᠡᠳ ᠤᠨ ᠴᠡᠴᠡᠷᠯᠢᠭ ᠤᠨ ᠦᠷᠭᠡᠳᠭᠡᠭᠰᠡᠨ ᠪᠠᠷᠢᠯᠭ᠎ᠠ ᠶᠢ ᠪᠠᠷᠢᠵᠤ ᠳᠠᠭᠤᠰᠬᠠᠨ᠎ᠠ᠃ ᠡᠷᠡᠭᠦᠯ ᠬᠠᠮᠠᠭᠠᠯᠠᠯ ᠤᠨ ᠲᠠᠯ᠎ᠠ ᠪᠠᠷ᠂ | ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠭ᠎ᠠ ᠪᠠᠨ ᠨᠢᠭᠳᠠᠷᠠᠭᠤᠯᠵᠤ᠂ ᠳᠣᠰᠬᠠᠢ ᠮᠡᠷᠭᠡᠵᠢᠯ ᠤᠨ | ᠴᠢᠳᠠᠪᠣᠷᠢᠳᠠᠨ ᠢ ᠣᠷᠢᠨ ᠵᠠᠯᠠᠵᠤ᠂ ᠠᠵᠢᠯᠳᠠᠨ ᠳᠣᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠢᠯᠡᠨᠡ᠃ ᠴᠢᠳᠠᠪᠣᠷᠢᠳᠠᠨ ᠤ | ᠰᠣᠯᠢᠯᠴᠠᠭ᠎ᠠ ᠪᠣᠯᠣᠨ ᠪᠣᠯᠪᠠᠰᠣᠷᠠᠯ ᠢ ᠴᠢᠩᠭᠠᠳᠬᠠᠨ᠂ ᠡᠮᠴᠢᠯᠠᠭᠡᠨ ᠤ ᠠᠵᠢᠯᠳᠠᠨ ᠤ ᠲᠣᠬᠠᠶᠢᠯᠠᠭᠰᠠᠨ ᠠᠵᠢᠯ ᠤᠨ ᠴᠢᠳᠠᠪᠣᠷᠢ | ᠪᠠ ᠬᠡᠪ ᠰᠣᠷᠳᠠᠯ ᠢ ᠳᠡᠭᠡᠭᠰᠢᠯᠡᠭᠦᠯᠵᠦ ᠡᠮᠴᠢᠯᠡᠭᠡᠨ ᠤ ᠠᠵᠢᠯᠳᠠᠳ ᠤᠨ ᠲᠤᠬᠠᠶᠢᠯᠠᠭᠰᠠᠨ ᠠᠵᠢᠯ ᠤᠨ ᠲᠠᠳᠣᠯᠭ᠎ᠠ ᠪᠣᠯᠪᠠᠰᠣᠷᠠᠯ | ᠢ ᠳᠡᠭᠡᠭᠰᠢᠯᠡᠭᠦᠯᠦᠨ᠎ᠡ᠃ ᠦᠨᠳᠣᠰᠣᠨ ᠱᠠᠳᠣᠨ ᠤ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠨᠦᠬᠦᠴᠡᠯ ᠢ ᠰᠠᠶᠢᠵᠢᠷᠠᠭᠤᠯᠣᠨ᠂ | ᠮᠠᠯᠴᠢᠨ ᠲᠠᠷᠢᠶᠠᠴᠢᠨ ᠤ ᠡᠪᠡᠳᠴᠢᠨ ᠦᠵᠡᠬᠦᠯᠬᠦ ᠳᠤ ᠬᠦᠴᠢᠷᠳᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠡᠨᠡ ᠵᠢᠯ | 6000 ᠡᠮ ᠤᠨ ᠬᠠᠶᠢᠷᠴᠠᠭ ᠳᠣᠷᠣᠭᠰᠢ ᠳᠠᠷᠬᠠᠭᠠᠨ᠎ᠠ᠃ ᠰᠣᠶᠣᠯ ᠤᠨ ᠲᠠᠯ᠎ᠠ ᠪᠠᠷ᠂ ᠰᠣᠶᠣᠯ ᠤᠨ ᠠᠵᠣ ᠦᠢᠯᠡᠰ ᠪᠣᠯᠣᠨ | ᠰᠣᠶᠣᠯ ᠤᠨ ᠦᠪ ᠤᠨ ᠬᠦᠭᠵᠢᠯᠳᠡ ᠶᠢ ᠣᠯᠠᠮ ᠨᠢᠭᠡ ᠠᠯᠬᠤᠮ ᠠᠬᠢᠭᠤᠯᠵᠣ᠂ ᠦᠨᠳᠣᠰᠣᠳᠡᠨ ᠤ ᠦᠪᠡᠷᠮᠢᠴᠡ | ᠣᠨᠴᠠᠯᠢᠭᠳᠣ ᠦᠢᠯᠡᠳᠪᠦᠷᠢᠯᠡᠯ ᠵᠢᠴᠢ ᠭᠠᠵᠠᠷ ᠣᠷᠣᠨ ᠤ ᠰᠣᠶᠣᠯ ᠤᠨ ᠨᠡᠷᠡᠳᠣ ᠲᠡᠮᠳᠡᠭ ᠢ ᠬᠦᠭᠵᠢᠭᠦᠯᠦᠨ᠎ᠡ᠃ ᠲᠣᠮᠳᠠᠳᠣ | ᠣᠯᠣᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠬᠤ ᠶᠢᠨ ᠬᠠᠮᠳᠣ | ᠰᠣᠷᠳᠠᠯᠴᠢᠯᠠᠭ᠎ᠠ ᠣᠬᠠᠭᠤᠯᠭ᠎ᠠ ᠪᠠᠨ ᠨᠡᠮᠡᠭᠳᠡᠭᠦᠯᠵᠦ᠂ ᠵᠢᠯ ᠤᠨ ᠳᠣᠳᠣᠷ᠎ᠠ 1 ᠠᠴᠠ 2 ᠣᠳᠠᠭᠠᠨ ᠤ ᠦᠪᠡᠷᠳᠡᠭᠡᠨ ᠵᠠᠰᠠᠬᠤ | ᠣᠷᠣᠨ ᠤ ᠲᠠᠰ ᠤᠨ ᠲᠣᠰᠬᠠᠢ ᠰᠡᠳᠣᠪᠳᠣ ᠰᠣᠳᠣᠯᠭᠠᠨ ᠤ ᠬᠤᠷᠠᠯ ᠢ ᠬᠤᠷᠠᠯᠳᠣᠭᠤᠯᠵᠣ᠂ ᠮᠣᠩᠭᠤᠯ ᠬᠡᠯᠡᠨ ᠤ ᠬᠡᠷᠡᠭᠯᠡᠬᠡᠨ | ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠡᠣᠭᠡᠨ ᠳᠣᠷᠠᠰᠬᠠᠯᠳᠣ ᠵᠦᠢᠯᠡᠰ᠂ ᠪᠣᠳᠠᠰ ᠤᠨ ᠪᠣᠰᠣ ᠰᠣᠶᠣᠯ ᠤᠨ ᠦᠪ ᠢ | ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠨ᠂ ᠰᠣᠶᠣᠯ ᠣᠷᠠᠯᠢᠭ ᠤᠨ ᠲᠠᠯ᠎ᠠ ᠪᠠᠷ ᠬᠢ ᠰᠢᠯᠢᠳᠡᠭ ᠵᠣᠬᠢᠶᠠᠨ ᠪᠦᠳᠦᠭᠡᠯᠭᠡ | ᠶᠢ ᠰᠠᠶᠢᠰᠢᠶᠠᠨ ᠵᠤᠷᠢᠭᠵᠢᠭᠤᠯᠤᠨ᠎ᠠ᠃ ᠷᠠᠳᠢᠣ᠋ ᠲᠧᠯᠸᠢᠰ ᠬᠤᠷᠢᠶᠠᠨ ᠤ ᠦᠪᠡᠷᠳᠡᠭᠡᠨ ᠦᠢᠯᠡᠳᠦᠭᠰᠡᠨ ᠫᠷᠦᠭᠷᠡᠮ ᠤᠨ ᠴᠢᠨᠠᠷ | ᠴᠢᠨᠰᠠᠭ᠎ᠠ ᠶᠢ ᠰᠠᠶᠢᠵᠢᠷᠠᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠢ ᠦᠷᠨᠢᠬᠦᠯᠵᠣ᠂ ᠪᠦᠬᠡ | ᠵᠡᠷᠭᠡ ᠦᠨᠳᠦᠰᠦᠳᠡᠨ ᠤ ᠰᠣᠶᠣᠯ ᠲᠠᠮᠢᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠬᠡᠮ ᠪᠣᠯᠣᠨ ᠰᠣᠷᠭᠠᠭᠤᠯᠢ ᠳᠤ | ᠬᠦᠯ ᠪᠦᠮᠪᠦᠭᠡ ᠶᠢᠨ ᠬᠦᠳᠡᠯᠭᠡᠭᠡᠨ ᠢ ᠲᠦᠭᠡᠮᠡᠯᠵᠡᠭᠦᠯᠦᠨᠡ᠃ ᠰᠢᠨᠵᠢᠯᠡᠭᠡ ᠮᠡᠷᠭᠡᠵᠢᠯ ᠤᠨ ᠲᠠᠯ᠎ᠠ ᠪᠠᠷ᠂ ᠲᠠᠷᠢᠶᠠᠯᠠᠩ ᠮᠠᠯ | ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠠ ᠦᠵᠡᠭᠦᠯᠬᠦ ᠭᠦᠷᠢᠶᠠᠯᠡᠩ ᠵᠢᠴᠢ ᠵᠢᠱᠢᠶ᠎ᠠ ᠦᠵᠡᠭᠦᠯᠬᠦ ᠰᠠᠭᠤᠷᠢᠨ | ᠭᠠᠵᠠᠷ ᠢ ᠪᠦᠳᠦᠬᠡᠨ ᠪᠠᠶᠢᠭᠤᠯᠵᠣ᠂ ᠰᠢᠨᠵᠢᠯᠡᠭᠡ ᠮᠡᠷᠭᠡᠵᠢᠯ ᠤᠨ ᠪᠣᠳᠠᠳᠣ ᠬᠡᠷᠡᠭᠯᠡᠭᠡ ᠶᠢ ᠨᠡᠮᠡᠭᠳᠡᠭᠦᠯᠦᠨ᠎ᠡ᠃ ᠰᠢᠨᠵᠢᠯᠡᠬᠦ | ᠣᠬᠠᠭᠠᠨ ᠤ ᠰᠣᠳᠣᠯᠭᠠᠨ ᠤ ᠴᠢᠳᠠᠪᠣᠷᠢᠳᠠᠨ ᠢ ᠣᠷᠢᠨ ᠠᠪᠴᠢᠷᠠᠬᠤ ᠲᠠᠯ᠎ᠠ ᠪᠠᠷ ᠬᠦᠴᠦᠯᠡᠬᠦ ᠶᠢᠨ ᠬᠠᠮᠳᠣ ᠰᠢᠨᠵᠢᠯᠡᠭᠡ | ᠮᠡᠷᠭᠡᠵᠢᠯ ᠤᠨ ᠲᠦᠰᠦᠯ ᠢ ᠪᠤᠯᠪᠠᠰᠣᠷᠠᠭᠤᠯᠬᠤ᠂ ᠳᠡᠭᠡᠭᠰᠢ ᠮᠡᠳᠡᠭᠦᠯᠬᠦ ᠠᠵᠢᠯ ᠢ ᠰᠠᠶᠢᠳᠣᠷ ᠬᠢᠨ᠎ᠡ᠃ ᠠᠵᠢᠯ ᠣᠯᠭᠤᠯᠳᠠ ᠶᠢᠨ | ᠲᠠᠯ᠎ᠠ ᠪᠠᠷ᠂ ᠦᠢᠯᠡᠰ ᠡᠷᠬᠢᠯᠡᠬᠦ ᠪᠠᠷ ᠳᠠᠮᠵᠢᠭᠤᠯᠵᠤ ᠠᠵᠢᠯ ᠣᠯᠭᠤᠯᠳᠠ ᠶᠢ ᠠᠬᠢᠭᠤᠯᠬᠤ ᠲᠦᠷᠦ ᠶᠢᠨ ᠪᠤᠳᠣᠯᠭ᠎ᠠ᠂ | ᠲᠣᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ᠂ ᠮᠠᠯᠴᠢᠠ ᠲᠠᠷᠢᠶᠠᠴᠢᠨ ᠢ ᠨᠡᠭᠦᠯᠭᠡᠨ ᠠᠵᠢᠯ ᠣᠯᠭᠤᠬᠤ ᠲᠦᠷᠦ ᠶᠢᠨ | ᠪᠤᠳᠣᠯᠭ᠎ᠠ ᠵᠡᠷᠭᠡ ᠠᠷᠭ᠎ᠠ ᠪᠣᠳᠣᠯᠭ᠎ᠠ ᠤᠳ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠦᠨᠳᠣᠰᠣᠳᠡᠨ ᠤ ᠣᠨᠴᠠᠯᠢᠭᠳᠣ ᠠᠵᠣ | ᠦᠢᠯᠡᠰ ᠤᠨ ᠭᠦᠷᠢᠶᠠᠯᠡᠩ ᠪᠣᠯᠣᠨ ︽ᠰᠡᠭᠡᠭᠡᠳᠡᠨ︾ ᠬᠤᠳᠠᠯᠳᠣᠭᠠᠨ ᠤ ᠵᠡᠭᠡᠯᠢ ᠶᠢᠨ ᠠᠵᠢᠯ ᠣᠯᠭᠤᠯᠳᠠ ᠶᠢ ᠲᠠᠶᠢᠴᠢᠯᠠᠬᠤ | ᠦᠢᠯᠡᠳᠣᠯ ᠢ ᠪᠠᠳᠠᠷᠠᠭᠤᠯᠵᠣ᠂ ᠦᠪᠠᠷᠳᠡᠭᠡᠨ ᠦᠢᠯᠡᠰ ᠡᠷᠬᠢᠯᠡᠭᠰᠡᠳ ᠲᠤ ᠦᠢᠯᠡᠳᠪᠦᠷᠢᠯᠡᠯ ᠡᠵᠡᠩᠨᠡᠯᠳᠡ ᠪᠠᠨ ᠶᠠᠪᠤᠭᠤᠯᠬᠤ | ᠲᠠᠯᠠᠪᠤᠷ ᠬᠠᠩᠭᠠᠨ᠎ᠠ᠃ ᠪᠦᠬᠦ ᠵᠢᠯ ᠳᠤ ᠬᠤᠳᠠ ᠪᠠᠯᠭᠠᠰᠣᠨ ᠤ 1900 ᠬᠦᠮᠦᠨ᠂ ᠨᠡᠭᠦᠨ ᠰᠢᠯᠵᠢᠭᠰᠡᠨ 2300 ᠮᠠᠯᠴᠢᠨ | ᠲᠠᠷᠢᠶᠠᠴᠢᠨ ᠳᠤ ᠠᠵᠢᠯ ᠣᠯᠭᠤᠨ᠂ ᠬᠤᠳᠠ ᠪᠠᠯᠭᠠᠰᠣᠨ ᠳᠤ ᠪᠦᠷᠢᠳᠭᠡᠭᠦᠯᠦᠭᠰᠡᠨ ᠠᠵᠢᠯ ᠦᠭᠡᠶᠢᠴᠣᠳ ᠤᠨ ᠨᠣᠷᠮ᠎ᠠ ᠶᠢ 3. | 5% ᠶᠢᠨ ᠲᠣᠳᠣᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ ᠨᠡᠶᠢᠬᠡᠮ ᠤᠨ ᠪᠠᠳᠣᠯᠠᠭ᠎ᠠ ᠶᠢᠨ ᠲᠠᠯ᠎ᠠ ᠪᠠᠷ᠂ ᠨᠡᠶᠢᠬᠡᠮ ᠤᠨ | ᠲᠠᠭᠠᠳᠬᠠᠯ ᠤᠨ ᠬᠠᠮᠤᠷᠬᠤ ᠬᠡᠮᠵᠢᠶ᠎ᠠ ᠶᠢ ᠣᠯᠠᠮ ᠨᠢᠭᠡ ᠠᠯᠬᠤᠮ ᠦᠷᠭᠡᠳᠭᠡᠨ᠂ ᠬᠤᠪᠢ ᠶᠢᠨ ᠠᠵᠣ ᠠᠬᠤᠶᠢᠯᠠᠯ ᠤᠨ | ᠠᠵᠢᠯᠳᠠᠨ ᠪᠤᠯᠤᠨ ᠨᠠᠶᠢᠳᠠ ᠶᠢᠨ ᠪᠤᠰᠣ ᠦᠮᠴᠢᠯᠠᠯ ᠤᠨ ᠠᠵᠤ ᠠᠬᠤᠢ ᠶᠢᠨ ᠬᠢᠨ ᠢ ᠪᠦᠭᠦᠳᠡ ᠶᠢ ᠨᠡᠶᠢᠬᠡᠮ ᠤᠨ ᠲᠠᠭᠠᠳᠬᠠᠯ | ᠲᠤ ᠣᠷᠣᠭᠤᠯᠣᠨ᠎ᠠ᠃ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ ᠨᠦᠬᠦᠪᠦᠷᠢ | ᠣᠯᠭᠤᠮᠵᠢ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ ᠳᠠᠭᠠᠳᠬᠠᠯ ᠳᠤ ᠣᠷᠣᠵᠤ ᠪᠤᠯᠬᠤ ᠬᠦᠮᠦᠰ ᠢ ᠪᠦᠬᠦᠨ ᠢ | ᠣᠷᠣᠭᠤᠯᠤᠨ᠎ᠠ᠃ ᠣᠯᠣᠰ ᠤᠨ ᠪᠠᠶᠢᠭᠤᠯᠭ᠎ᠠ ᠨᠢᠭᠡᠴᠡ ᠪᠤᠯᠤᠨ ᠲᠦᠷᠦ ᠶᠢᠨ ᠠᠯᠪᠠᠳᠠᠨ ᠤ ᠲᠦᠷᠢᠮ ᠢ ᠮᠦᠷᠳᠡᠨ | ᠬᠡᠷᠡᠭᠵᠢᠭᠦᠯᠵᠤ ᠪᠠᠶᠢᠭ᠎ᠠ ᠪᠠᠶᠢᠭᠤᠯᠭ᠎ᠠ ᠶᠢᠨ ᠠᠵᠢᠯᠳᠠᠨ ᠢ ᠠᠵᠢᠯ ᠠᠴᠠ ᠪᠤᠯᠤᠭᠰᠠᠨ ᠭᠡᠮᠳᠣᠯ ᠤᠨ ᠳᠠᠭᠠᠳᠬᠠᠯ ᠳᠤ | ᠣᠷᠣᠭᠤᠯᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠶᠠᠳᠠᠭᠤ ᠶᠢ ᠲᠡᠳᠬᠦᠬᠦ ᠲᠠᠯ᠎ᠠ ᠪᠠᠷ᠂ ᠳᠠᠩᠰᠠ ᠡᠪᠭᠡᠮᠡᠯ | ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠭᠠᠴᠠᠭ᠎ᠠ ᠲᠤᠰᠬᠤᠨ ᠳᠤ ᠪᠠᠭᠤᠭᠰᠠᠨ ᠠᠵᠢᠯᠯᠠᠬᠤ ᠲᠤᠭᠤᠶᠢᠯᠠᠩ ᠤᠨ | ᠠᠵᠢᠯ ᠤᠨ ᠪᠦᠳᠦᠮᠵᠢ ᠶᠢ ᠲᠡᠭᠡᠭᠰᠢᠯᠡᠬᠦᠯᠦᠨ᠂《 ᠭᠤᠷᠪᠠ ᠶᠢ ᠲᠣᠰᠬᠤᠨ ᠳᠤ ᠪᠠᠭᠤᠯᠭᠠᠵᠤ᠂ ᠭᠤᠷᠪᠠ ᠶᠢ ᠡᠷᠣᠭᠡ ᠳᠤ | ᠪᠠᠭᠤᠬᠤ︾ ᠪᠤᠳᠣᠯᠭ᠎ᠠ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠶᠠᠳᠠᠭᠤ ᠶᠢ ᠲᠡᠳᠬᠦᠨ ᠠᠷᠠᠳ ᠢᠶᠠᠨ | ᠴᠢᠨᠡᠭᠡᠯᠢᠭᠵᠢᠬᠦᠯᠬᠦ ᠢᠨᠵᠧᠨᠧᠷᠢᠩ ᠢ ᠴᠢᠩᠭ᠎ᠠ ᠭᠡᠷᠡᠭᠵᠢᠬᠦᠯᠦᠨ᠂ ᠵᠢᠯ ᠤᠨ ᠳᠣᠳᠣᠷ᠎ᠠ᠂ 5000 ᠲᠦᠮᠡᠨ ᠲᠦᠭᠦᠷᠢᠭ ᠤᠨ | ᠮᠦᠩᠭᠦᠨ ᠬᠦᠢᠯᠭᠡᠭᠡᠨ ᠤ ᠵᠢᠭᠡᠯᠡᠯᠭᠡ ᠲᠠᠯᠪᠢᠵᠤ᠂ 1380 ᠭᠦᠮᠦᠨ ᠢ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃ | | ︵ᠲᠣᠯᠤᠭ᠎ᠠ︶ ᠨᠡᠶᠢᠬᠡᠮ ᠤᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠬᠦᠯᠦᠨ᠂ ᠨᠠᠶᠢᠬᠡᠮ ᠤᠨ | ᠠᠮᠣᠷ ᠲᠣᠭᠳᠠᠭᠤᠨ ᠡᠶ᠎ᠡ ᠵᠣᠬᠢᠴᠠᠯ ᠢ ᠬᠠᠮᠠᠭᠠᠯᠠᠨ᠎ᠠ᠃ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠣᠳᠣᠷᠢᠳᠣᠯᠭ᠎ᠠ ᠪᠠᠨ ᠦᠨᠡᠨᠬᠦ | ᠴᠢᠩᠭᠠᠳᠬᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠨᠢᠭᠡᠨᠳᠡ ᠭᠠᠷᠭᠠᠭᠰᠠᠨ ᠦᠭᠡᠷᠡᠴᠢᠯᠡᠯᠳᠡ | ᠶᠢᠨ ᠲᠦᠰᠦᠯ ᠢ ᠮᠠᠨ ᠤ ᠬᠤᠰᠢᠭᠤᠨ ᠤ ᠪᠣᠳᠠᠳᠡᠢ ᠪᠠᠶᠢᠳᠠᠯ ᠲᠠᠢ ᠣᠶᠠᠯᠳᠣᠭᠤᠯᠣᠨ᠂ ᠪᠦᠷᠢᠨ ᠲᠡᠭᠦᠯᠳᠡᠷ ᠠᠷᠭ᠎ᠠ ᠲᠦᠰᠦᠯ | ᠲᠣᠭᠳᠠᠭᠠᠨ᠂ ᠦᠭᠡᠷᠡᠴᠢᠯᠡᠯᠳᠡ ᠶᠢᠨ ᠰᠡᠳᠬᠢᠮᠵᠢ ᠪᠣᠯᠣᠨ ᠱᠠᠭᠠᠷᠳᠠᠯᠭ᠎ᠠ ᠶᠢ ᠬᠡᠷᠡᠭᠵᠢᠬᠦᠯᠵᠤ ᠪᠤᠯᠬᠤ ᠲᠦᠯᠦᠪᠯᠡᠭᠡ ᠪᠣᠯᠣᠨ | ᠠᠷᠭ᠎ᠠ ᠲᠦᠰᠦᠯ ᠪᠣᠯᠭᠠᠨ ᠬᠤᠪᠢᠷᠠᠭᠤᠯᠵᠣ᠂ ᠦᠭᠡᠷᠡᠴᠢᠯᠡᠯᠳᠡ ᠪᠠᠷ ᠳᠠᠮᠵᠢᠭᠤᠯᠵᠤ ᠣᠯᠠᠨ ᠲᠦᠮᠡᠨ ᠳᠤ ᠪᠣᠳᠠᠳᠡᠢ ᠠᠰᠢᠭ | ᠭᠦᠷᠳᠡᠭᠡᠨ᠎ᠡ᠃ ᠵᠠᠰᠠᠭ ᠤᠨ ᠣᠷᠳᠣᠨ ᠤ ᠭᠤᠣᠯ ᠣᠳᠣᠷᠢᠳᠬᠤ ᠦᠢᠯᠡᠳᠣᠯ ᠢ ᠬᠦᠢᠴᠡᠳ ᠪᠠᠳᠠᠷᠠᠭᠤᠯᠣᠨ᠂ ᠪᠡᠯᠡ ᠮᠦᠩᠭᠦᠨ | ᠤ ᠪᠠᠳᠣᠯᠠᠭ᠎ᠠ ᠪᠠᠨ ᠨᠡᠮᠡᠭᠳᠡᠭᠦᠯᠵᠦ᠂ ᠡᠳ᠋ ᠤᠨ ᠵᠠᠰᠠᠭ ᠤᠨ ᠭᠠᠶᠢᠯᠢ ᠶᠢ ᠰᠢᠨᠵᠢᠯᠡᠬᠦ ᠣᠬᠠᠭᠠᠨᠴᠢ ᠪᠠᠷ ᠨᠠᠷᠢᠯᠢᠭ ᠬᠠᠮᠢᠶᠠᠷᠬᠤ | ᠬᠢᠷᠢ ᠲᠦᠪᠰᠢᠨ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠠᠵᠢᠯ ᠢ ᠬᠢᠨᠠᠨ ᠪᠤᠳᠣᠬᠤ᠂ | ᠬᠢᠨᠠᠯᠳᠠ ᠲᠠᠯᠪᠢᠬᠤ ᠲᠠᠯ᠎ᠠ ᠪᠠᠷ ᠴᠢᠩᠭᠠᠳᠬᠠᠨ᠂ ᠦᠷᠢ ᠦᠭᠴᠡᠭᠡᠨ ᠤ ᠲᠠᠯ᠎ᠠ ᠪᠠᠷ ᠡᠭᠦᠰᠴᠦ ᠮᠡᠳᠡᠬᠦ ᠲᠦᠭᠰᠢᠬᠦᠷᠢ ᠶᠢ ᠨᠠᠷᠢᠨ | ᠡᠵᠡᠮᠰᠢᠵᠤ᠂ ᠣᠳᠣ ᠶᠢᠨ ᠪᠠᠶᠢᠭ᠎ᠠ ᠦᠷᠢ ᠶᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠢᠨ᠎ᠡ ᠦᠷᠢ ᠭᠠᠷᠬᠤ ᠶᠢ ᠴᠢᠩᠭ᠎ᠠ | ᠬᠢᠵᠠᠭᠠᠷᠯᠠᠨ᠎ᠡ᠃ ᠣᠷᠣᠯᠭ᠎ᠠ ᠶᠢᠨ ᠰᠠᠭᠤᠷᠢ ᠪᠠᠨ ᠣᠯᠠᠮ ᠨᠢᠭᠡ ᠠᠯᠬᠤᠮ ᠪᠠᠬᠢᠵᠢᠬᠦᠯᠵᠤ᠂ ᠭᠤᠣᠯᠳᠠᠯᠭᠠᠳᠣ ᠠᠵᠢᠯ ᠲᠦᠷᠦᠯ | ᠪᠤᠯᠤᠨ ᠭᠤᠤᠯ ᠪᠤᠯᠬᠤ ᠭᠠᠶᠢᠯᠢ ᠳᠣᠰᠢᠶᠠᠭᠴᠢᠳ᠂ ᠴᠢᠬᠤᠯᠠ ᠭᠠᠶᠢᠯᠢ ᠲᠡᠳᠠᠪᠤᠷᠢ ᠶᠢᠨ ᠲᠦᠷᠦᠯ ᠵᠦᠢᠯ ᠳᠠᠬᠢ | ᠬᠠᠮᠢᠶᠠᠷᠣᠯᠳᠠ ᠶᠢ ᠴᠢᠩᠭᠠᠳᠬᠠᠨ ᠬᠤᠷᠢᠶᠠᠬᠤ ᠵᠤᠬᠢᠰᠳᠠᠢ ᠭᠠᠶᠢᠯᠢ ᠶᠢ ᠪᠦᠬᠦᠨ ᠢ ᠬᠤᠷᠢᠶᠠᠨ᠎ᠠ᠃ ᠵᠠᠷᠣᠯᠭ᠎ᠠ ᠶᠢᠨ ᠪᠦᠳᠣᠴᠡ | ᠶᠢ ᠰᠢᠯᠢᠳᠡᠭᠵᠢᠬᠦᠯᠦᠨ ᠡᠳ᠋ ᠤᠨ ᠵᠠᠰᠠᠭ ᠤᠨ ᠪᠡᠯᠡ ᠮᠦᠩᠭᠦ ᠶᠢ ᠵᠣᠬᠢᠰᠳᠡᠢ ᠬᠡᠷᠡᠭᠯᠡᠨ᠂ ᠣᠯᠠᠨ ᠨᠡᠶᠢᠳᠡ ᠶᠢᠨ ᠡᠳ᠋ ᠤᠨ | ᠵᠠᠰᠠᠭ ᠤᠨ ᠪᠠᠳᠣᠯᠠᠭᠠᠨ ᠤ ᠴᠢᠳᠠᠪᠣᠷᠢ ᠶᠢ ᠲᠡᠭᠡᠭᠰᠢᠯᠡᠬᠦᠯᠦᠨ᠂ ᠠᠷᠠᠳ ᠤᠨ ᠠᠮᠢᠳᠣᠷᠠᠯ᠂ ᠠᠵᠤ ᠠᠬᠤᠢ ᠶᠢᠨ ᠡᠷᠬᠢᠯᠳᠡ᠂ | ᠠᠮᠣᠷ ᠲᠣᠭᠳᠠᠭᠤᠨ ᠵᠡᠷᠭᠡ ᠶᠢ ᠵᠠᠪᠠᠯ ᠪᠠᠳᠣᠯᠠᠨ᠎ᠠ᠃ ᠣᠯᠣᠰ ᠤᠨ ᠠᠯᠪᠠᠳᠠᠨ ᠪᠣᠯᠣᠨ ᠲᠣᠰᠬᠠᠢ ᠮᠡᠷᠭᠡᠵᠢᠯ ᠤᠨ ᠠᠵᠢᠯᠳᠠᠨ ᠤ | ᠡᠩᠨᠡᠭᠡᠨ ᠤ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠂ ᠠᠳᠠᠯᠢ ᠪᠣᠰᠣ ᠠᠵᠢᠯ ᠲᠦᠷᠦᠯ ᠳᠤ ᠲᠣᠬᠢᠷᠠᠬᠤ ᠠᠵᠢᠯᠳᠠᠨ | ᠡᠯᠰᠡᠬᠦ ᠠᠷᠭ᠎ᠠ ᠪᠤᠳᠣᠯᠭ᠎ᠠ ᠳᠣᠭᠳᠠᠭᠠᠨ᠎ᠠ᠃ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠴᠡᠭᠴᠡᠯᠡᠨ᠂ | ᠡᠯ᠎ᠡ ᠲᠦᠷᠦᠯ ᠤᠨ ᠠᠵᠢᠯ ᠬᠢᠵᠤ ᠪᠠᠶᠢᠭ᠎ᠠ ᠠᠵᠢᠯᠴᠢᠳ ᠤᠨ ᠬᠦᠯᠦᠰᠦ ᠤᠯᠭᠤᠮᠵᠢ ᠶᠢ ᠪᠠᠳᠤᠯᠠᠬᠤ ᠪᠠᠷᠢᠴᠠᠭᠠᠨ ᠤ ᠮᠦᠩᠭᠦ | ᠬᠤᠷᠢᠶᠠᠬᠤ ᠲᠦᠷᠢᠮ ᠢ ᠴᠢᠩᠭ᠎ᠠ ᠬᠡᠷᠡᠭᠵᠢᠬᠦᠯᠦᠨ᠂ ᠬᠦᠳᠡᠯᠮᠦᠷᠢᠴᠢᠨ ᠤ ᠬᠠᠣᠯᠢ ᠶᠣᠰᠣᠨ ᠤ ᠡᠷᠭᠡ ᠠᠰᠢᠭ ᠢ ᠦᠨᠡᠨᠬᠦ | ᠪᠠᠳᠣᠯᠠᠨ᠎ᠠ᠃ ᠴᠦᠭᠡᠨ ᠳᠣᠭᠠᠨᠳᠣ ᠦᠨᠳᠦᠰᠦᠳᠡᠨ ᠳᠤ ᠣᠯᠭᠤᠬᠤ ᠲᠦᠰᠦᠯ ᠤᠨ ᠪᠡᠯᠡ ᠮᠦᠩᠬᠦ ᠶᠢ ᠡᠷᠡᠮᠵᠢᠯᠡᠬᠦ ᠬᠦᠴᠦᠨ | ᠢᠶᠠᠨ ᠨᠡᠮᠡᠭᠳᠡᠭᠦᠯᠵᠦ᠂ ᠦᠨᠳᠦᠰᠦᠳᠡᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ ᠦᠨᠳᠣᠰᠣᠳᠡᠨ ᠤ | ᠪᠦᠯᠬᠦᠮᠳᠠᠯ ᠢ ᠠᠬᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠡᠷᠭᠡ ᠲᠡᠭᠰᠢ ᠡᠶ᠎ᠡ ᠨᠠᠶᠢᠷᠳᠡᠢ᠂ ᠦᠨᠡᠨᠴᠢ | ᠨᠦᠭᠦᠷᠰᠡᠭ ᠪᠠᠶᠢᠬᠤ ᠦᠨᠳᠣᠰᠣᠳᠡᠨ ᠤ ᠬᠠᠷᠢᠴᠠᠭ᠎ᠠ ᠶᠢ ᠪᠠᠬᠢᠵᠢᠬᠦᠯᠦᠨ ᠬᠦᠭᠵᠢᠬᠦᠯᠵᠤ᠂ ᠱᠠᠰᠢᠨ ᠰᠢᠳᠥᠯᠬᠡ ᠶᠢᠨ ᠡᠷᠭᠡ | ᠴᠢᠯᠦᠭᠡᠳᠡᠢ ᠪᠠᠶᠢᠬᠤ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ᠂ ᠱᠠᠰᠢᠨ ᠤ ᠦᠢᠯᠡ ᠠᠵᠢᠯᠯᠠᠭᠠᠨ ᠳᠠᠬᠢ ᠬᠠᠮᠢᠶᠠᠷᠣᠯᠳᠠ | ᠶᠢ ᠬᠠᠣᠯᠢ ᠶᠣᠰᠣᠭᠠᠷ ᠴᠢᠩᠭᠠᠳᠬᠠᠨ᠎ᠠ᠃ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢ ᠰᠠᠶᠢᠳᠣᠷ ᠠᠳᠬᠤᠨ᠂ | ᠨᠡᠶᠢᠬᠡᠮ ᠵᠢᠷᠣᠮᠳᠣ ᠨᠡᠶᠢᠬᠡᠮ ᠤᠨ ᠦᠷᠳᠡᠭ ᠤᠨ ᠦᠵᠡᠯᠳᠡ ᠶᠢ ᠪᠠᠳᠠᠷᠠᠭᠤᠯᠵᠣ᠂ ᠣᠯᠠᠨ ᠨᠡᠶᠢᠳᠡ ᠶᠢᠨ ᠶᠣᠰᠣ ᠰᠣᠷᠳᠠᠬᠤᠨ᠂ | ᠠᠵᠢᠯ ᠮᠡᠷᠭᠡᠵᠢᠯ ᠤᠨ ᠶᠣᠰᠣ ᠪᠤᠯᠪᠠᠰᠣᠷᠠᠯ᠂ ᠬᠡᠷ ᠪᠦᠯᠢ ᠶᠢᠨ ᠡᠷᠬᠢᠮ ᠰᠣᠷᠳᠠᠯ ᠪᠣᠯᠣᠨ ᠬᠤᠪᠢ ᠬᠦᠮᠦᠨ ᠤ ᠵᠠᠩ ᠮᠣᠷᠠᠯ ᠢ | ᠲᠦᠯᠦᠪᠰᠢᠭᠦᠯᠬᠦ ᠲᠠᠯ᠎ᠠ ᠪᠠᠷ ᠴᠢᠩᠭ᠎ᠠ ᠱᠠᠭᠠᠷᠳᠠᠨ᠂ ᠪᠦᠬᠦ ᠠᠶᠢᠮᠠᠭ ᠤᠨ ︽ᠣᠶᠣᠨ ᠤ ᠪᠤᠯᠪᠠᠰᠣᠨ ᠤ ᠪᠦᠳᠦᠭᠡᠨ | ᠪᠠᠶᠢᠭᠤᠯᠤᠯᠳᠠ ᠶᠢᠨ ᠳᠣᠷᠰᠢᠯᠭ᠎ᠠ ᠰᠣᠯᠢᠯᠴᠠᠬᠤ ᠬᠤᠷᠠᠯ︾ ᠢ ᠠᠮᠵᠢᠯᠳᠠ ᠲᠠᠢ ᠡᠷᠬᠢᠯᠡᠬᠦ ᠪᠠᠷ ᠴᠢᠷᠮᠠᠶᠢᠨ᠎ᠠ᠃ ᠪᠣᠯᠪᠠᠰᠣᠨ | ᠰᠣᠮᠣ ᠪᠠᠯᠭᠠᠰᠣ᠂ ᠭᠠᠴᠠᠭ᠎ᠠ ᠲᠣᠰᠬᠤᠨ ᠵᠢᠴᠢ ᠪᠣᠯᠪᠠᠰᠣᠨ ᠠᠵᠢᠯ ᠦᠢᠯᠡᠰ᠂ ᠪᠣᠯᠪᠠᠰᠣᠨ ᠪᠠᠶᠢᠭᠤᠯᠭ᠎ᠠ ᠨᠢᠬᠡᠴᠡ᠂ | ᠪᠣᠯᠪᠠᠰᠣᠨ ᠨᠡᠶᠢᠭᠡᠮ ᠲᠣᠭᠤᠷᠢᠭ᠂ ᠪᠣᠯᠪᠠᠰᠣᠨ ᠡᠷᠣᠬᠡ᠂ ᠪᠣᠯᠪᠠᠰᠣᠨ ᠢᠷᠭᠡᠨ ᠢ ᠦᠨᠡᠯᠡᠨ ᠰᠣᠩᠭᠤᠬᠤ ᠠᠵᠢᠯᠯᠠᠭ᠎ᠠ | ᠦᠷᠨᠢᠬᠦᠯᠵᠤ᠂《 ᠡᠭᠡᠯ ᠬᠦᠮᠦᠨ ᠤ ᠡᠷᠬᠢᠮ ᠦᠢᠯᠡᠰ︾ ᠢ ᠰᠣᠷᠳᠠᠯᠴᠢᠯᠠᠨ ᠣᠬᠠᠭᠤᠯᠵᠤ᠂ ᠨᠡᠶᠢᠬᠡᠮ ᠳᠠᠶᠠᠭᠠᠷ ᠪᠤᠯᠪᠠᠰᠣᠨ | ᠶᠤᠰᠣᠷᠬᠠᠭ ᠢ ᠡᠷᠬᠢᠮᠯᠡᠬᠦ ᠬᠠᠷᠢᠯᠴᠠᠭᠠᠨ ᠤ ᠣᠷᠴᠢᠨ ᠢ ᠪᠦᠷᠢᠯᠳᠦᠭᠦᠯᠦᠨ᠎ᠡ᠃ ︽ᠤᠯᠤᠰ ᠤᠨ ᠠᠮᠢ ᠠᠬᠤᠢ ᠶᠢᠨ ᠣᠷᠣᠨ | ᠪᠦᠰᠡ ᠳᠣᠳᠣᠷᠠᠬᠢ ᠬᠤᠰᠢᠭᠤ ᠰᠢᠶᠠᠨ ᠤ ᠠᠮᠢ ᠠᠬᠤᠢ ᠶᠢᠨ ᠣᠷᠴᠢᠨ ᠲᠤᠭᠤᠷᠢᠨ ᠤ ᠶᠡᠰᠣ ᠴᠢᠨᠠᠷ ᠢ ᠬᠢᠨᠠᠨ ᠰᠢᠯᠭᠠᠬᠤ | ᠠᠷᠭ᠎ᠠ︾ ᠵᠡᠷᠭᠡ ᠳᠣᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠤᠭᠤᠷᠢᠨ ᠤ ᠬᠢᠨᠠᠨ ᠬᠠᠮᠢᠶᠠᠷᠣᠯᠳᠠ ᠪᠠ | ᠬᠠᠷᠢᠭᠤᠴᠠᠯᠭ᠎ᠠ ᠨᠡᠭᠡᠮᠵᠢᠯᠡᠬᠦ ᠱᠠᠭᠠᠷᠳᠠᠯᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠮᠢ ᠠᠬᠤᠢ ᠶᠢᠨ ᠣᠷᠴᠢᠨ ᠲᠤᠭᠤᠷᠢᠨ | ᠤ ᠡᠪᠳᠡᠭᠳᠡᠯ ᠢ ᠰᠡᠷᠭᠡᠶᠢᠯᠡᠨ ᠬᠤᠷᠢᠭᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠲᠦᠷᠦ ᠶᠢᠨ | ᠪᠣᠳᠣᠯᠭ᠎ᠠ ᠶᠢ ᠴᠢᠩᠭ᠎ᠠ ᠨᠡᠶᠢᠳᠡᠪᠣᠷᠢᠵᠢᠭᠤᠯᠤᠨ᠂ ᠰᠢᠨ᠎ᠡ ᠪᠠᠷ ᠪᠣᠬᠢᠷᠳᠡᠯᠳᠣ ᠪᠣᠳᠠᠰ ᠭᠠᠳᠠᠭᠰᠢᠯᠠᠭᠤᠯᠬᠤ ᠶᠢ ᠡᠷᠡᠰ | ᠬᠢᠵᠠᠭᠠᠷᠯᠠᠵᠤ᠂ ᠪᠦᠬᠦ ᠵᠢᠯ ᠤᠨ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠬᠠᠷᠠᠯᠳᠠᠳᠣ ᠡᠭᠦᠷᠭᠡ ᠪᠠᠨ ᠪᠠᠳᠣᠳᠠᠢ | ᠪᠠᠶᠠᠯᠡᠭᠦᠯᠦᠨ᠎ᠡ᠃ ᠭᠠᠵᠠᠷ ᠰᠢᠷᠣᠢ ᠶᠢ ᠶᠡᠷᠣᠩᠬᠡᠶᠢᠯᠡᠨ ᠠᠰᠢᠭᠯᠠᠬᠤ ᠬᠠᠮᠢᠶᠠᠷᠣᠯᠳᠠ ᠶᠢᠨ ᠠᠵᠢᠯ ᠢ ᠦᠨᠡᠨᠬᠦ ᠴᠢᠩᠭᠠᠳᠬᠠᠨ᠂ | ᠠᠭᠤᠷᠬᠠᠢ ᠨᠡᠭᠡᠭᠡᠭᠰᠡᠨ ᠭᠠᠵᠠᠷ ᠣᠷᠣᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠠᠬᠢᠭᠤᠯᠵᠣ᠂ ᠪᠠᠶᠢᠭᠠᠯᠢ | ᠣᠷᠴᠢᠨ᠂ ᠬᠦᠮᠦᠨ ᠠᠮᠢᠳᠠᠨ ᠳᠤ ᠰᠦᠷᠭᠡᠣ ᠨᠦᠯᠦᠭᠡ ᠪᠠᠭ᠎ᠠ ᠲᠠᠢ ᠡᠶ᠎ᠡ ᠵᠣᠬᠢᠴᠡᠯᠳᠣ ᠠᠭᠤᠷᠬᠠᠢ ᠶᠢᠨ ᠣᠷᠣᠨ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠤᠨ᠎ᠡ᠃ ᠪᠠᠴᠢᠮ ᠠᠪᠣᠷᠠᠯᠳᠠ ᠶᠢᠨ ᠰᠢᠰᠲ᠋ᠧᠮ ᠢ ᠲᠡᠭᠦᠯᠳᠡᠷᠵᠢᠬᠦᠯᠦᠨ᠂ ᠭᠠᠮᠰᠢᠭ ᠢ | ᠰᠡᠷᠭᠡᠶᠢᠯᠡᠬᠦ ᠪᠣᠯᠣᠨ ᠴᠠᠭ ᠠᠭᠤᠷ ᠤᠨ ᠭᠠᠮᠰᠢᠭ ᠢ ᠣᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠨ᠂ ᠭᠠᠮᠰᠢᠭ ᠢ | ᠰᠡᠷᠭᠡᠶᠢᠯᠡᠨ ᠭᠠᠮᠰᠢᠭ ᠠᠴᠠ ᠠᠪᠣᠷᠠᠬᠤ ᠬᠦᠴᠦᠨ ᠴᠢᠳᠠᠯ ᠢᠶᠠᠨ ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠤᠨ ᠠᠶᠣᠯᠬᠦᠢ ᠶᠢ | ᠪᠠᠳᠣᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠢᠳᠡᠭᠡᠨ ᠤᠮᠳᠠᠭᠠᠨ᠂ ᠡᠮ ᠲᠠᠩ ᠪᠣᠯᠣᠨ ᠵᠠᠮ | ᠬᠠᠷᠢᠯᠴᠠᠭᠠᠨ ᠤ ᠬᠦᠷᠢᠶ᠎ᠡ ᠬᠡᠪᠴᠢᠶᠠᠨ ᠳᠠᠬᠢ ᠬᠢᠨᠠᠨ ᠬᠠᠮᠢᠶᠠᠷᠣᠯᠳᠠ ᠪᠠᠨ ᠬᠠᠣᠯᠢ ᠶᠣᠰᠣᠭᠠᠷ ᠴᠢᠩᠭᠠᠳᠬᠠᠵᠤ᠂ ᠣᠯᠠᠨ | ᠲᠦᠮᠠᠨ ᠤ ᠠᠮᠣᠷ ᠲᠦᠪᠰᠢᠨ ᠢ ᠪᠠᠳᠣᠯᠠᠨ᠂ ᠣᠨᠴᠠ ᠶᠡᠭᠡ ᠬᠡᠨᠡᠳᠠᠯ᠂ ᠨᠡᠶᠢᠬᠡᠮ ᠤᠨ ᠬᠦᠨᠳᠦ ᠨᠤᠴᠢᠳᠠᠢ ᠭᠡᠷᠡᠭ ᠤᠴᠢᠷ | ᠡᠭᠦᠰᠬᠦ ᠠᠴᠠ ᠴᠢᠩᠭ᠎ᠠ ᠰᠡᠷᠭᠡᠶᠢᠯᠡᠨ᠎ᠡ᠃ ᠡᠯ᠎ᠡ ᠲᠦᠷᠦᠯ ᠤᠨ ᠨᠡᠶᠢᠬᠡᠮᠯᠢᠭ᠂ ᠪᠦᠯᠬᠦᠮ ᠤᠨ ᠦᠢᠯᠡᠳᠦᠯ ᠢ ᠪᠠᠳᠠᠷᠠᠭᠤᠯᠣᠨ᠂ | ᠠᠵᠢᠯᠴᠢᠨ ᠠᠵᠢᠯᠳᠠᠨ ᠤ ᠬᠦᠳᠦᠯᠪᠤᠷᠢ ᠠᠵᠢᠯᠯᠠᠭᠠᠨ ᠤ ᠲᠠᠯᠠᠪᠤᠷ ᠤᠨ ᠪᠦᠳᠦᠬᠡᠨ ᠪᠠᠶᠢᠭᠤᠯᠣᠯᠳᠠ ᠶᠢ ᠠᠬᠢᠭᠤᠯᠵᠣ᠂ | ᠠᠵᠢᠯᠳᠠᠨ ᠤ ᠡᠷᠭᠡ ᠠᠰᠢᠭ ᠢᠶᠠᠨ ᠬᠠᠮᠠᠭᠠᠯᠠᠬᠤ ᠪᠠᠳᠣᠯᠠᠭ᠎ᠠ ᠶᠢ ᠴᠢᠩᠭᠠᠳᠬᠠᠨ᠎ᠠ᠃ ᠵᠠᠯᠠᠭᠤᠴᠤᠳ ᠤᠨ ᠦᠵᠡᠯ ᠰᠠᠨᠠᠭᠠᠨ ᠤ | ᠵᠢᠯᠤᠭᠤᠳᠣᠯᠭ᠎ᠠ ᠶᠢ ᠰᠠᠶᠢᠳᠣᠷ ᠬᠢᠵᠤ᠂ ᠳᠡᠳᠡᠨ ᠤ ᠣᠷᠮ᠎ᠠ ᠢᠳᠡᠭᠡᠯ ᠢ ᠲᠠᠶᠢᠴᠢᠯᠠᠨ᠎ᠠ᠃ ᠡᠮᠡᠭᠳᠡᠶᠢᠴᠣᠳ ᠪᠠ ᠨᠠᠰᠣᠨ ᠳᠤ | ᠦᠯᠦ ᠬᠦᠷᠦᠭᠰᠡᠳ ᠤᠨ ᠡᠷᠭᠡ ᠠᠰᠢᠭ ᠢ ᠦᠨᠡᠨᠬᠦ ᠬᠠᠮᠠᠭᠠᠯᠠᠬᠤ ᠶᠢᠨ ᠳᠠᠭᠠᠣ ᠨᠠᠰᠣᠳᠠᠶᠢᠴᠣᠳ ᠤᠨ ᠠᠮᠢᠳᠣᠷᠠᠯ ᠢ | ᠬᠠᠯᠠᠮᠵᠢᠯᠠᠨ᠂ ᠨᠠᠰᠤᠳᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠵᠠᠮᠳᠡᠭᠴᠣᠳ | ᠤᠨ ᠠᠵᠢᠯ ᠦᠢᠯᠡᠰ ᠢ ᠲᠦᠯᠬᠢᠨ ᠠᠬᠢᠭᠤᠯᠵᠤ᠂ ᠵᠠᠮᠳᠡᠭᠴᠣᠳ ᠲᠤ ᠨᠡᠶᠢᠬᠡᠮ ᠤᠨ ᠬᠠᠶᠢᠷ᠎ᠠ ᠬᠠᠯᠠᠮᠵᠢ ᠶᠢ ᠬᠦᠷᠭᠡᠨ᠎ᠡ᠃ | ᠬᠦᠮᠦᠨ ᠠᠮᠠ ᠪᠣᠯᠣᠨ ᠲᠦᠯᠦᠪᠯᠡᠭᠡᠳᠦ ᠦᠷᠡᠵᠢᠯ ᠤᠨ ᠠᠵᠢᠯ ᠢ ᠰᠠᠶᠢᠳᠣᠷ ᠬᠢᠵᠤ᠂《 ᠡᠴᠢᠭᠡ ᠡᠬᠡ ᠪᠤᠯᠤᠭᠰᠠᠳ ᠤᠨ | ᠨᠢᠭᠡ ᠨᠢ ᠠᠶᠢᠯ ᠤᠨ ᠭᠠᠭᠴᠠ ᠭᠡᠤᠭᠡᠳ ᠪᠤᠯ ᠬᠤᠶᠠᠷ ᠬᠡᠤᠭᠡᠳ ᠠᠪᠴᠤ ᠪᠤᠯᠬᠤ︾ ᠲᠦᠷᠦ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠤᠨ᠎ᠠ᠃ ᠲᠤᠭ᠎ᠠ ᠪᠦᠷᠢᠳᠬᠡᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠦᠨᠠᠮᠰᠢᠭᠦᠯᠬᠦ ᠭᠦᠴᠦᠨ ᠢ ᠳᠡᠭᠡᠭᠰᠢᠯᠡᠭᠦᠯᠦᠨ᠎ᠡ᠃ ᠨᠡᠶᠢᠬᠡᠮ ᠲᠣᠭᠤᠷᠢᠭ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠬᠠᠮᠳᠣ ᠨᠡᠶᠢᠭᠡᠮ ᠤᠨ ᠡᠮ | ᠡᠮᠨᠡᠯᠬᠡ ᠶᠢᠨ ᠠᠪᠣᠷᠠᠨ ᠳᠣᠰᠠᠯᠠᠭᠠ ᠪᠣᠯᠣᠨ ᠴᠡᠷᠢᠭ ᠤᠨ ᠭᠡᠷ ᠪᠦᠯᠢ ᠶᠢ ᠲᠤᠬᠢᠨᠠᠭᠤᠯᠬᠤ ᠠᠵᠢᠯ ᠢ ᠰᠠᠶᠢᠳᠣᠷ ᠬᠢᠨ᠎ᠠ᠃ | ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠵᠢᠯ ᠤᠨ ᠬᠦᠴᠦᠨ ᠢ ᠰᠢᠯᠢᠳᠡᠭᠵᠢᠬᠦᠯᠵᠤ᠂ ᠠᠷᠠᠳ ᠤᠨ ᠵᠡᠪᠰᠡᠭᠳᠣ ᠬᠦᠴᠦᠨ | ᠤ ᠡᠩᠨᠡᠭᠡᠨ ᠤ ᠪᠠᠶᠢᠭᠤᠯᠣᠯᠳᠠ ᠶᠢ ᠲᠠᠮᠵᠢᠨ᠂ ᠴᠡᠷᠢᠭ ᠠᠷᠠᠳ ᠬᠠᠷᠢᠯᠴᠠᠨ ᠬᠦᠷᠢᠶᠠᠯᠠᠵᠦ ᠬᠠᠮᠳᠣᠪᠠᠷ ᠴᠣᠭᠴᠠᠯᠠᠬᠤ ᠠᠵᠢᠯ ᠢ | ᠰᠠᠶᠢᠳᠣᠷ ᠬᠢᠨ᠎ᠡ᠃ | ︵ᠨᠠᠢᠮᠠ︶ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠬᠤ ᠠᠬᠢᠴᠠ ᠪᠠ ᠬᠠᠣᠯᠢ ᠪᠠᠷ ᠬᠤᠰᠢᠭᠤ ᠪᠠᠨ | ᠵᠠᠰᠠᠬᠤ ᠠᠬᠢᠴᠠ ᠶᠢ ᠲᠦᠷᠭᠡᠳᠭᠡᠨ᠎ᠡ᠃ | ᠣᠯᠠᠨ ᠨᠡᠶᠢᠳᠡ ᠳᠤ ᠦᠢᠯᠡᠴᠢᠯᠡᠬᠦ᠂ ᠵᠠᠬ᠎ᠠ ᠲᠡᠯᠬᠡᠭᠦᠷ ᠢ ᠬᠢᠨᠠᠨ ᠬᠠᠮᠢᠶᠠᠷᠬᠤ᠂ ᠨᠡᠶᠢᠭᠡᠮ ᠢ ᠬᠠᠮᠢᠶᠠᠷᠬᠤ᠂ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠲᠡᠯ᠎ᠠ ᠪᠠᠷ ᠡᠭᠦᠷᠭᠡ ᠲᠣᠰᠢᠶᠠᠯ ᠢᠶᠠᠨ ᠬᠦᠢᠴᠡᠳᠬᠡᠨ᠂ ᠣᠬᠠᠮᠰᠠᠷ ᠠᠴᠠ ᠪᠠᠨ ᠠᠷᠠᠳ ᠤᠨ | ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠬᠢᠨᠠᠯᠳᠠ ᠶᠢ ᠬᠦᠯᠢᠶᠡᠵᠣ᠂ ᠣᠯᠠᠨ ᠲᠦᠮᠡᠨ ᠤ | ᠣᠶᠢᠯᠠᠭᠠᠬᠤ ᠡᠷᠭᠡ᠂ ᠣᠷᠣᠯᠴᠠᠬᠤ ᠡᠷᠭᠡ᠂ ᠢᠯᠡᠳᠬᠡᠬᠦ ᠡᠷᠬᠡ ᠪᠣᠯᠣᠨ ᠬᠢᠨᠠᠯᠳᠠ ᠲᠠᠯᠪᠢᠬᠤ ᠡᠷᠭᠡ ᠶᠢ ᠪᠠᠳᠣᠯᠠᠨ᠎ᠠ᠃ | ᠨᠠᠶᠢᠭᠡᠮ ᠵᠢᠷᠣᠮᠳᠣ ᠨᠠᠶᠢᠭᠡᠮ ᠤᠨ ᠬᠠᠤᠯᠢ ᠪᠠᠷ ᠵᠠᠰᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠭᠦ ᠲᠦᠷᠢᠮ ᠤᠨ ᠦᠭᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ | ᠵᠢᠯ ᠤᠨ ᠲᠣᠳᠣᠷ᠎ᠠ᠂ ᠵᠠᠰᠠᠭ ᠵᠠᠬᠢᠷᠭᠠᠨ ᠤ ᠡᠷᠭᠡ ᠳᠣᠰᠢᠶᠠᠯ ᠪᠣᠯᠣᠨ ᠬᠠᠷᠢᠭᠤᠴᠠᠯᠭ᠎ᠠ ᠶᠢᠨ ᠲᠦᠷᠦᠯ ᠠᠩᠬᠢᠯᠠᠯ ᠢᠶᠠᠨ | ᠳᠣᠳᠣᠷᠬᠠᠢ ᠳᠣᠭᠳᠠᠭᠠᠬᠤ ᠲᠦᠷᠢᠮ ᠢ ᠬᠡᠷᠡᠭᠵᠢᠭᠦᠯᠵᠤ᠂ ᠡᠷᠭᠡ ᠲᠣᠰᠢᠶᠠᠯ ᠢᠶᠠᠨ ᠬᠠᠣᠯᠢ ᠶᠣᠰᠣᠭᠠᠷ ᠭᠡᠷᠡᠭᠵᠢᠬᠦᠯᠦᠨ᠎ᠡ᠃ | ᠡᠯᠺᠲᠷᠣᠨᠴᠢᠯᠠᠭᠰᠠᠨ ᠵᠠᠰᠠᠭ ᠤᠨ ᠶᠠᠪᠣᠳᠠᠯ ᠤᠨ ᠠᠵᠢᠯ ᠢ ᠴᠢᠩᠭᠠᠳᠬᠠᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠬᠢᠷᠢ | ᠲᠦᠪᠰᠢᠨ ᠢ ᠲᠡᠭᠡᠭᠰᠢᠯᠡᠬᠦᠯᠵᠤ᠂ ᠵᠠᠰᠠᠭ ᠤᠨ ᠶᠠᠪᠣᠳᠠᠯ ᠢ ᠢᠯᠡ ᠳᠣᠳᠣ ᠪᠣᠯᠭᠠᠬᠤ ᠲᠠᠯ᠎ᠠ ᠪᠠᠷ ᠴᠢᠩᠭᠠᠳᠬᠠᠨ᠂ ᠨᠡᠶᠢᠭᠡᠮ | ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠲᠦᠷᠢᠮᠵᠢᠬᠦᠯᠦᠨ᠎ᠡ᠃ ᠬᠠᠤᠯᠢ ᠴᠠᠭᠠᠵᠠ ᠶᠢᠨ ᠲᠦᠪ ᠭᠤᠣᠯᠴᠢ ᠪᠠ | ᠢᠯᠡ ᠳᠣᠳᠣ ᠪᠠᠶᠢᠬᠤ ᠶᠢ ᠪᠠᠳᠣᠯᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠬᠠᠣᠯᠢ | ᠶᠣᠰᠣᠭᠠᠷ ᠨᠡᠶᠢᠭᠡᠮ ᠤᠨ ᠵᠦᠷᠢᠴᠡᠯ ᠢ ᠰᠢᠢᠳᠪᠦᠷᠢᠯᠡᠬᠦ ᠠᠵᠢᠯ ᠤᠨ ᠪᠠᠶᠢᠭᠤᠯᠣᠮᠵᠢ ᠶᠢ ᠲᠡᠭᠦᠯᠳᠡᠷᠵᠢᠬᠦᠯᠦᠨ᠎ᠡ᠃ ᠨᠡᠶᠢᠬᠡᠮ ᠤᠨ | ᠶᠡᠷᠦᠩᠭᠡᠶᠢᠯᠡᠨ ᠵᠠᠰᠠᠬᠤ ᠠᠵᠢᠯ ᠢ ᠴᠢᠩᠭᠠᠳᠬᠠᠨ᠂《1328》ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠡᠳᠣᠷ ᠤᠨ | ᠲᠦᠷᠢᠮ ᠢ ᠴᠢᠩᠭ᠎ᠠ ᠨᠢᠮᠪᠠᠢ ᠲᠣᠣᠱᠯᠠᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠭᠡᠷᠡᠭ ᠣᠴᠢᠷ ᠢ ᠰᠢᠢᠳᠪᠦᠷᠢᠯᠡᠬᠦ ᠨᠤᠷᠮ᠎ᠠ | ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠤ᠂ ᠣᠯᠠᠨ ᠲᠦᠮᠡᠨ ᠤ ᠡᠷᠭᠡ ᠠᠰᠢᠭ ᠲᠤ ᠬᠤᠯᠪᠣᠭᠳᠠᠭᠰᠠᠨ ᠬᠡᠷᠡᠭ ᠤᠴᠢᠷ ᠢ | ᠴᠠᠭ ᠲᠣᠬᠠᠢ ᠳᠤᠨᠢ ᠪᠦᠳᠦᠮᠵᠢᠳᠡᠢ ᠰᠢᠢᠳᠪᠦᠷᠢᠯᠡᠨ᠎ᠡ᠃ ᠰᠢᠢᠳᠪᠦᠷᠢ ᠶᠢ ᠢᠯᠡ ᠳᠣᠳᠣ ᠪᠠᠶᠢᠯᠭᠠᠬᠤ ᠬᠠᠣᠯᠢ ᠴᠠᠭᠠᠵᠠ ᠶᠢᠨ | ᠳᠣᠭᠳᠠᠯᠴᠠᠭ᠎ᠠ ᠶᠢ ᠪᠠᠶᠢᠭᠤᠯᠣᠨ《 ᠵᠢᠷᠭᠤᠭ᠎ᠠ ᠳᠤ ᠬᠦᠷᠭᠡᠭᠦ》ᠬᠠᠣᠯᠢ ᠪᠠᠷ ᠵᠠᠰᠠᠬᠤ ᠣᠬᠠᠭᠤᠯᠭ᠎ᠠ ᠬᠦᠮᠦᠵᠢᠯ ᠤᠨ | ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠬᠠᠣᠯᠢ ᠪᠠᠷ ᠵᠠᠰᠠᠭ ᠪᠠᠷᠢᠬᠤ ᠬᠢᠷᠢ ᠲᠦᠪᠰᠢᠨ ᠪᠠ ᠬᠠᠣᠯᠢ ᠪᠠᠷ ᠬᠡᠷᠡᠭ | ᠬᠦᠢᠴᠡᠳᠬᠡᠬᠦ ᠴᠢᠳᠡᠪᠣᠷᠢ ᠶᠢ ᠦᠨᠡᠨᠬᠦ ᠲᠡᠭᠡᠭᠰᠢᠯᠡᠬᠦᠯᠦᠨ᠂ ᠬᠠᠣᠯᠢ ᠶᠢᠨ ᠳᠣᠬᠠᠢ ᠵᠦᠪ ᠣᠶᠢᠯᠠᠭᠠᠯᠳᠠ᠂ ᠵᠦᠪ ᠣᠬᠠᠮᠰᠠᠷ | ᠪᠦᠬᠦᠢ ᠨᠡᠶᠢᠬᠡᠮ ᠤᠨ ᠣᠷᠴᠢᠨ ᠢ ᠪᠦᠷᠢᠯᠳᠣᠭᠦᠯᠦᠨ᠎ᠡ᠃ ᠠᠮᠣᠷ ᠲᠠᠶᠢᠪᠣᠩ ᠰᠢᠯᠣᠭᠤᠨ ᠬᠦᠭᠡ ᠬᠤᠰᠢᠭᠤ ᠶᠢ ᠪᠠᠶᠢᠭᠤᠯᠬᠤ | ᠪᠠᠷ ᠬᠦᠴᠦᠨ ᠢᠶᠠᠨ ᠨᠢᠭᠡᠳᠭᠡᠵᠦ᠂ ᠨᠡᠶᠢᠬᠡᠮ ᠤᠨ ᠠᠮᠣᠷ ᠢ ᠬᠠᠮᠠᠭᠠᠯᠠᠬᠤ᠂ ᠣᠷᠢᠳᠴᠢᠯᠠᠨ ᠰᠡᠷᠭᠡᠶᠢᠯᠡᠬᠦ ᠠᠵᠢᠯ ᠢ | ᠴᠢᠩᠭᠠᠳᠬᠠᠨ᠂ ᠬᠠᠣᠯᠢ ᠵᠦᠷᠢᠴᠡᠭᠰᠡᠨ ᠡᠯ᠎ᠡ ᠵᠦᠢᠯ ᠤᠨ ᠶᠠᠯᠠᠳᠣ ᠠᠵᠢᠯᠯᠠᠭ᠎ᠠ ᠳᠤ ᠡᠷᠡᠰ ᠴᠣᠬᠢᠯᠳᠠ ᠦᠭᠴᠣ᠂ ᠣᠯᠠᠨ | ᠲᠦᠮᠡᠨ ᠤ ᠠᠮᠣᠷ ᠲᠦᠪᠰᠢᠨ᠂ ᠡᠶ᠎ᠡ ᠵᠣᠬᠢᠴᠠᠯᠳᠡᠢ᠂ ᠲᠣᠭᠳᠠᠭᠤᠨ ᠠᠮᠢᠳᠣᠷᠠᠯ ᠢ ᠬᠠᠮᠠᠬᠭᠠᠯᠠᠨᠠ᠃ ᠨᠠᠮ ᠤᠨ ᠣᠯᠠᠨ | ᠲᠦᠮᠡᠨᠴᠢ ᠱᠣᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠤ ᠪᠦᠳᠦᠮᠵᠢ ᠶᠢ ᠲᠠᠰᠣᠷᠠᠯᠳᠠ ᠦᠭᠡᠢ ᠪᠠᠬᠢᠵᠢᠬᠦᠯᠦᠨ᠂ | ︽ᠦᠪᠡᠷ ᠢ ᠪᠠᠨ ᠬᠢᠨᠠᠬᠤ︾ ᠠᠵᠢᠯᠯᠠᠭ᠎ᠠ ᠶᠢ ᠯᠠᠪᠳᠠᠭᠤᠨ ᠦᠷᠨᠢᠭᠦᠯᠵᠦ᠂ ᠴᠤ᠋ ᠰᠢᠨ᠎ᠡ ᠰᠣᠷᠳᠠᠯ ᠤᠨ ᠪᠠᠶᠢᠭᠤᠯᠣᠯᠳᠠ ᠪᠠᠷ | ᠠᠷᠠᠳ ᠲᠦᠮᠡᠨ ᠤ ᠢᠳᠡᠭᠡᠯ ᠢ ᠣᠯᠣᠨ᠎ᠠ᠃《 ᠨᠠᠮ ᠵᠠᠰᠠᠭ ᠤᠨ ᠠᠯᠪᠠᠨ ᠪᠠᠶᠢᠭᠤᠯᠭ᠎ᠠ ᠠᠷᠪᠢᠯᠠᠵᠤ ᠭᠠᠮᠨᠠᠬᠤ ᠶᠢ ᠡᠷᠬᠢᠮᠨᠡᠨ᠂ | ᠱᠠᠯᠢᠨ ᠪᠦᠷᠢᠯᠬᠡᠬᠦ ᠶᠢ ᠡᠰᠡᠷᠭᠦᠴᠡᠬᠦ ᠳᠣᠬᠠᠢ ᠳᠣᠭᠳᠠᠭᠠᠯ》 ᠢ ᠴᠢᠩᠭ᠎ᠠ ᠵᠢᠷᠣᠮᠯᠠᠨ᠂《 ᠭᠤᠷᠪᠠᠨ ᠠᠯᠪᠠᠨ | ᠵᠠᠷᠣᠳᠠᠯ》ᠪᠣᠯᠣᠨ ᠶᠡᠷᠣᠳᠡ ᠶᠢᠨ ᠵᠠᠷᠣᠳᠠᠯ ᠢ ᠣᠯᠠᠮ ᠨᠢᠭᠡ ᠠᠯᠬᠤᠮ ᠰᠢᠭᠰᠢᠨ ᠴᠣᠮᠬᠠᠳᠬᠠᠵᠤ᠂ ᠨᠠᠢᠮᠠᠨ ᠵᠣᠷᠪᠣᠰ | ᠲᠣᠭᠳᠠᠭᠠᠯ ᠤᠨ ᠳᠠᠭᠠᠣ ᠠᠷᠢᠭᠤᠨ ᠴᠢᠭᠡᠴᠢ ᠪᠠᠷ ᠵᠠᠰᠠᠭ ᠪᠠᠷᠢᠬᠤ ᠪᠣᠯᠣᠨ ᠱᠠᠮᠰᠢᠬᠤ ᠶᠢ ᠡᠰᠡᠷᠭᠦᠴᠡᠬᠦ ᠠᠵᠢᠯ ᠢ ᠪᠣᠳᠠᠳᠡᠢ | ᠨᠠᠶᠢᠳᠠᠪᠣᠷᠢᠵᠢᠭᠤᠯᠣᠨ᠎ᠠ᠃《ᠨᠢᠬᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ》ᠲᠦᠷᠢᠮ ᠢ ᠴᠢᠩᠭ᠎ᠠ | ᠮᠦᠷᠳᠡᠵᠦ᠂ ᠵᠠᠰᠠᠭ ᠵᠠᠬᠢᠷᠠᠭᠠᠨ ᠤ ᠡᠷᠭᠡ ᠶᠢ ᠬᠢᠵᠠᠭᠠᠷᠯᠠᠨ ᠬᠢᠨᠠᠯᠳᠠ ᠲᠠᠯᠪᠢᠬᠤ᠂ ᠠᠵᠤ ᠠᠬᠤᠢ ᠶᠢᠨ ᠬᠠᠷᠢᠭᠤᠴᠠᠯᠭ᠎ᠠ ᠶᠢ | ᠬᠢᠨᠠᠨ ᠪᠣᠳᠣᠬᠤ ᠪᠣᠯᠣᠨ ᠲᠣᠭᠳᠠᠭᠠᠯ ᠵᠦᠷᠢᠴᠡᠭᠰᠡᠳ ᠠᠴᠠ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ ᠴᠢᠩᠭᠠᠳᠬᠠᠨ᠂ | ᠦᠷᠭᠡᠨ ᠣᠯᠠᠨ ᠺᠠᠳ᠋ᠷᠴᠣᠳ ᠤᠨ ᠬᠠᠷᠢᠭᠤᠴᠠᠯᠭᠠᠳᠣ ᠤᠪᠤᠷ ᠢ ᠲᠠᠰᠣᠷᠠᠯᠳᠠ ᠦᠭᠡᠢ ᠲᠡᠭᠡᠭᠰᠢᠯᠡᠬᠦᠯᠦᠨ᠂ ᠦᠪᠡᠷᠰᠡᠳ ᠤᠨ | ᠪᠣᠷᠣᠭᠵᠢᠭᠤᠨ ᠰᠣᠷᠳᠠᠯ ᠪᠣᠯᠣᠨ ᠯᠠᠪᠳᠠᠭᠤᠨ ᠤᠪᠤᠷ ᠢᠶᠠᠷ ᠠᠷᠠᠳ ᠤᠨ ᠲᠦᠯᠦᠭᠡ ᠠᠷᠢᠭᠤᠨ ᠴᠢᠭᠡᠴᠢ ᠪᠠᠷ ᠦᠢᠯᠡᠴᠢᠯᠡᠭᠴᠢ | ᠵᠠᠰᠠᠭ ᠤᠨ ᠣᠷᠳᠣᠨ ᠤ ᠲᠦᠷᠢ ᠲᠦᠷᠬᠦ ᠶᠢ ᠴᠣᠭᠴᠠᠯᠠᠨ᠎ᠠ᠃ | ᠲᠦᠯᠦᠭᠡᠯᠡᠭᠴᠢᠳ ᠡ᠂ ᠰᠠᠶ᠋ᠢ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ | ᠤᠨ ᠮᠡᠳᠡᠭᠦᠯᠦᠯᠳᠡ ᠬᠢᠯ᠎ᠠ᠃ ᠬᠦᠨᠳᠣᠳᠣ ᠭᠡᠰᠢᠭᠦᠳ ᠨᠠᠷ ᠪᠢᠳᠠᠨ ᠳᠤ ᠣᠯᠠᠨ ᠰᠠᠶᠢᠨ ᠰᠠᠨᠠᠯ ᠵᠦᠪᠯᠡᠯᠭᠡ ᠦᠭᠭᠦᠨ᠎ᠡ ᠭᠡᠳᠡᠭ | ᠲᠤ ᠢᠳᠡᠬᠡᠵᠦ ᠪᠠᠶᠢᠨ᠎ᠡ᠂ ᠲᠠ ᠪᠦᠭᠦᠳᠡ ᠶᠢᠨ ᠰᠠᠨᠠᠯ ᠢ ᠪᠢᠳᠠ ᠬᠢᠴᠢᠶᠡᠩᠭᠦᠶᠢᠯᠡᠨ ᠰᠣᠨᠣᠰᠴᠣ ᠬᠤᠶᠢᠰᠢᠳᠡ ᠶᠢᠨ ᠠᠵᠢᠯ ᠳᠤ | ᠪᠠᠨ ᠯᠠᠪᠯᠠᠯᠳᠠ ᠪᠤᠯᠭᠠᠬᠤ ᠨᠢ ᠯᠠᠪᠳᠠᠢ᠃ | ᠬᠤᠰᠢᠭᠤ ᠵᠠᠰᠠᠭ ᠤᠨ ᠣᠷᠳᠣᠨ ᠨᠢ ᠨᠠᠮ ᠤᠨ ᠬᠤᠷᠢᠶᠠᠨ ᠤ ᠪᠠᠳᠣ ᠣᠳᠣᠷᠢᠳᠣᠯᠭ᠎ᠠ ᠲᠣᠣᠷ᠎ᠠ ᠦᠷᠭᠡᠨ ᠣᠯᠠᠨ ᠲᠦᠮᠡᠨ | ᠢᠶᠠᠨ ᠲᠠᠶᠢᠴᠢᠯᠠᠨ ᠣᠳᠣᠷᠢᠳᠴᠣ ᠬᠦᠴᠢᠷ ᠪᠡᠷᠭᠡ ᠠᠴᠠ ᠰᠦᠷᠳᠡᠯ ᠦᠭᠡᠢ ᠪᠦᠯᠭᠦᠮᠳᠡᠨ ᠣᠷᠣᠭᠰᠢᠯᠠᠵᠤ᠂ ᠰᠢᠯᠤᠭᠤᠨ ᠬᠦᠬᠡ | ᠶᠢᠨ ᠮᠠᠷᠭᠠᠰᠢ ᠶᠢᠨ ᠰᠠᠶᠢᠨ ᠰᠠᠶᠢᠬᠠᠨ ᠢ ᠬᠠᠮᠳᠣ ᠪᠠᠷ ᠢᠶᠠᠨ ᠴᠣᠭᠴᠠᠯᠠᠵᠤ ᠴᠢᠳᠠᠨ᠎ᠠ ᠭᠡᠳᠡᠭ ᠲᠤ ᠬᠦᠨ᠎ᠡ ᠢᠳᠡᠭᠡᠵᠦ ᠪᠠᠶᠢᠨ᠎ᠡ | ︕ | ᠲᠠ ᠪᠦᠬᠦᠨ ᠳᠤ ᠪᠠᠶᠠᠷᠯᠠᠯ᠎ᠠ᠃ |