2015 ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/3/9
ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ          ᠵᠠᠰᠠᠭ ᠤᠨ ᠤᠷᠳᠤᠨ ᠤ ᠠᠵᠢᠯ ᠤᠨ ᠢᠯᠡᠳᠬᠡᠯ     2015 ᠤᠨ ᠤ 4 ᠰᠠᠷ᠎ᠠ ᠶᠢᠨ ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                                               ᠬᠤᠰᠢᠭᠤ ᠲᠠᠷᠤᠭ᠎ᠠ    ᠪᠤᠶᠠᠨᠳᠤᠲᠦᠯᠦᠭᠡᠯᠡᠭᠴᠢᠳ ᠡ᠄        ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ ᠂ ᠬᠢᠨᠠᠨ ᠵᠦᠪᠯᠡᠬᠦ ᠪᠤᠯᠪᠠᠤ︖ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠬᠰᠠᠨ ᠨᠦᠬᠦᠳ ᠰᠠᠨᠠᠯ ᠢᠶᠠᠨ ᠲᠡᠪᠰᠢᠭᠦᠯᠬᠦ ᠪᠤᠯᠪᠠᠤ︖        ᠨᠢᠭᠡ᠂ 2014 ᠤᠨ ᠤ ᠠᠵᠢᠯ ᠤᠨ ᠡᠷᠭᠢᠴᠡᠭᠦᠯᠦᠯ        2014 ᠤᠨ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠶᠠᠪᠤᠬᠳᠠᠭᠤᠯᠤᠬᠰᠠᠨ‌ᠡᠬᠢᠯᠡᠯᠳᠡ  ᠶᠢᠨ ᠵᠢᠯ ᠮᠦᠨ︔ ᠪᠠᠰᠠᠴᠤ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠤᠨ᠂ ᠬᠤᠰᠢᠭᠤᠨ ᠤ ᠪᠠᠨ ︽ᠠᠷᠪᠠᠨ ᠬᠤᠶᠠᠳᠤᠭᠠᠷ ᠲᠠᠪᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠪᠠᠷ ᠴᠢᠷᠮᠠᠶᠢᠬᠰᠠᠨ ᠴᠢᠬᠤᠯᠠ ᠨᠢᠭᠡ ᠵᠢᠯ ᠮᠦᠨ᠃ ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠬᠤᠰᠢᠭᠤ ᠲᠠᠶᠠᠭᠠᠷ  ᠢᠶᠠᠨ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ᠂ ᠠᠵᠤ ᠠᠬᠤᠢ ᠶᠢᠨ ᠬᠦᠭᠵᠢᠯᠳᠡ ᠶᠢᠨ ᠤᠳᠠᠭᠠᠰᠢᠷᠠᠯ᠂ ᠵᠠᠬ᠎ᠠ ᠲᠡᠯᠭᠡᠭᠦᠷ ᠤᠨ ᠱᠠᠭᠠᠷᠳᠠᠯᠭ᠎ᠠ ᠶᠢᠨ ᠬᠦᠳᠡᠯᠭᠡᠬᠦ ᠬᠦᠴᠦᠨ ᠤ ᠪᠠᠭᠤᠷᠠᠯᠳᠠ ᠵᠡᠷᠭᠡ ᠪᠤᠳᠤᠯᠢᠶᠠᠨᠳᠠᠢ ᠨᠦᠬᠦᠴᠡᠯ ᠪᠠᠶᠢᠳᠠᠯ  ᠤᠨ ᠲᠤᠤᠷ᠎ᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠪᠠ ᠦᠪᠦᠷ ᠮᠤᠩᠭᠤᠯ ᠳᠤ ᠲᠤᠭᠤᠷᠢᠨ ᠪᠠᠶᠢᠴᠠᠭᠠᠵᠤ ᠪᠠᠶᠢᠬᠤ ᠳᠠᠭᠠᠨ ᠬᠢᠭᠰᠡᠨ ᠶᠠᠷᠢᠶᠠᠨ ᠤ ᠵᠤᠷᠢᠭ ᠰᠠᠨᠠᠭ᠎ᠠ ᠶᠤᠰᠤᠭᠠᠷ ᠲᠤᠬᠳᠠᠭᠤᠨ ᠤ ᠲᠤᠮᠳᠠ ᠤᠷᠤᠬᠰᠢᠯᠠᠬᠤ ᠠᠵᠢᠯ ᠤᠨ ᠵᠠᠷᠴᠢᠮ ᠢ ᠪᠠᠷᠢᠮᠳᠠᠯᠠᠵᠤ᠂ ᠲᠤᠬᠳᠠᠭᠤᠨ ᠢᠶᠠᠷ ᠨᠡᠮᠡᠭᠳᠡᠭᠦᠯᠬᠦ᠂ ᠪᠦᠳᠦᠴᠡ ᠶᠢ ᠲᠤᠬᠢᠷᠠᠭᠤᠯᠬᠤ᠂ ᠬᠦᠭᠵᠢᠯᠳᠡ ᠶᠢ ᠠᠬᠢᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠠᠯ᠎ᠠ ᠶᠢᠨ ᠠᠵᠢᠯ ᠢ ᠬᠠᠮᠳᠤ  ᠳᠤᠨᠢ ᠠᠬᠢᠭᠤᠯᠤᠬᠰᠠᠨ ᠢᠶᠠᠷ ᠤᠬᠢ ᠰᠠᠶᠢᠨ ᠬᠦᠭᠵᠢᠯᠳᠡ ᠶᠢᠨ ᠪᠠᠶᠢᠳᠠᠯ ᠢ ᠪᠠᠳᠤᠯᠠᠵᠤ᠂ ᠰᠢᠨ᠎ᠡ ᠰᠢᠪᠳᠤᠯᠤᠯᠳᠠ᠂ ᠰᠢᠨ᠎ᠡ ᠠᠮᠵᠢᠯᠳᠠ ᠭᠠᠷᠭᠠᠬᠰᠠᠨ ᠪᠠᠶᠢᠨ᠎ᠠ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 67.1 ᠳ᠋ᠦᠩᠰᠢᠭᠤᠷ ᠲᠦᠭᠦᠷᠢᠭ ᠲᠤ ᠬᠦᠷᠴᠦ᠂ 8 % ᠶᠢᠨ ᠦᠰᠦᠯᠳᠡ ᠶᠢ ᠪᠡᠶᠡᠯᠡᠭᠦᠯᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 6.5 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ 4%᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 47.4 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ 9.3%᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 13.24 ᠳ᠋ᠦᠩᠰᠢᠭᠤᠷ ᠲᠦᠭᠦᠷᠢᠭ᠂ ᠦᠰᠦᠯᠳᠡ ᠶᠢᠨ ᠨᠤᠷᠮ᠎ᠠ ᠨᠢ 5.6% ᠳᠤ ᠲᠤᠰ ᠲᠤᠰ ᠬᠦᠷᠪᠡ︔ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 12.7 ᠳ᠋ᠦᠩᠰᠢᠭᠤᠷ ᠲᠦᠭᠦᠷᠢᠭ ᠲᠤ ᠬᠦᠷᠴᠦ᠂ ᠦᠰᠦᠯᠳᠡ ᠶᠢᠨ ᠨᠤᠷᠮ᠎ᠠ ᠨᠢ 6.4% ᠳᠤ ᠬᠦᠷᠴᠠᠢ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 4.7 ᠳ᠋ᠦᠩᠰᠢᠭᠤᠷ ᠲᠦᠭᠦᠷᠢᠭ ᠲᠤ ᠬᠦᠷᠴᠦ᠂ 12.9% ᠪᠠᠷ ᠨᠡᠮᠡᠭᠳᠡᠵᠦ ᠂ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 45.4 ᠳ᠋ᠦᠩᠰᠢᠭᠤᠷ ᠲᠦᠭᠦᠷᠢᠭ ᠲᠤ ᠬᠦᠷᠴᠦ᠂ 20.7% ᠶᠢᠨ ᠦᠰᠦᠯᠳᠡ ᠶᠢ ᠪᠡᠶᠡᠯᠡᠭᠦᠯᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠲᠤᠰᠪᠤᠷᠢ 27690 ᠲᠦᠭᠦᠷᠢᠭ ᠪᠤᠯᠤᠨ 12664 ᠲᠦᠭᠦᠷᠢᠭ ᠲᠤ ᠬᠦᠷᠴᠦ᠂ ᠲᠤᠰ ᠲᠤᠰ 9.4% ᠪᠠ 13.1% ᠪᠠᠷ ᠨᠡᠮᠡᠭᠳᠡᠵᠠᠢ᠃        ︵ᠨᠢᠭᠡ︶ ᠠᠵᠤ ᠠᠬᠤᠢ ᠶᠢᠨ ᠬᠦᠭᠵᠢᠯᠳᠡ ᠶᠢᠨ ᠲᠦᠪᠰᠢᠨ ᠦᠷᠭᠦᠯᠵᠢᠯᠡᠨ ᠲᠤᠬᠳᠠᠭᠤᠨ ᠢᠶᠠᠷ ᠲᠡᠭᠡᠭᠰᠢᠯᠡᠪᠡ         ᠤᠳᠤᠬᠢᠴᠢᠯᠠᠬᠰᠠᠨ ᠮᠠᠯ ᠲᠠᠷᠢᠶᠠᠯᠠᠩ ᠤᠨ ᠬᠦᠭᠵᠢᠯᠳᠡ ᠲᠤᠪᠤᠶᠢᠮ᠎ᠠ ᠦᠷ᠎ᠡ ᠪᠦᠳᠦᠮᠵᠢ ᠤᠯᠵᠤ᠂ ᠠᠵᠤ ᠦᠢᠯᠡᠰᠵᠢᠯᠳᠡ ᠶᠢᠨ ᠬᠡᠮᠵᠢᠶ᠎ᠡ ᠲᠤᠬᠳᠠᠭᠤᠨ ᠢᠶᠠᠷ ᠨᠡᠮᠡᠭᠳᠡᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠬᠤᠷᠢᠬᠯᠠᠬᠤ ᠴᠢᠳᠠᠪᠤᠷᠢ ᠢᠯᠡᠳᠳᠡ ᠴᠢᠩᠭᠠᠷᠠᠪᠠ᠃ ᠮᠠᠯ ᠠᠵᠤ ᠠᠬᠤᠢ ᠶᠢᠨ ᠤᠨ ᠤ ᠲᠤᠭᠠᠯᠠᠯᠭ᠎ᠠ ᠶᠢᠨ ᠦᠷ᠎ᠡ ᠳ᠋ᠦᠩ ᠠᠴᠠ ᠦᠵᠡᠪᠡᠯ᠂ ᠮᠠᠯ ᠤᠨ ᠲᠤᠭ᠎ᠠ ᠲᠤᠯᠤᠭᠠᠢ 68.8 ᠲᠦᠮᠡ ᠳᠤ ᠬᠦᠷᠴᠦ᠂ ᠵᠠᠷᠤᠴᠠᠭᠤᠯᠤᠬᠰᠠᠨ ᠮᠠᠯ ᠤᠨ ᠲᠤᠭ᠎ᠠ ᠲᠤᠯᠤᠭᠠᠢ 39 ᠲᠦᠮᠡ ᠳᠤ ᠬᠦᠷᠪᠡ︔ ᠰᠠᠭᠠᠯᠢ ᠶᠢᠨ ᠦᠨᠢᠶ᠎ᠡ ᠮᠠᠯᠵᠢᠬᠤ ᠪᠠᠷᠢᠮᠵᠢᠶᠠᠵᠢᠬᠰᠠᠨ ᠲᠠᠯᠠᠪᠠᠢ 13 ᠪᠤᠯᠵᠤ᠂ ᠰᠠᠭᠠᠯᠢ ᠶᠢᠨ ᠦᠨᠢᠶᠡᠨ ᠤ ᠨᠡᠶᠢᠳᠡ ᠲᠤᠭ᠎ᠠ 2.1ᠲᠦᠮᠡ ᠳᠤ ᠬᠦᠷᠴᠠᠢ᠃ ᠮᠢᠬᠠᠨ ᠤ ᠦᠬᠡᠷ ᠮᠠᠯᠵᠢᠬᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ 100 ᠶᠢ ᠪᠠᠶᠢᠭᠤᠯᠤᠨ᠂ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ 27 ᠶᠢ᠂ ᠴᠠᠬᠠᠷ ᠬᠤᠨᠢᠨ ᠤ ᠭᠤᠤᠯᠳᠠᠯᠭᠠᠳᠤ ᠰᠦᠷᠦᠭ 12 ᠢ ᠭᠠᠷᠭᠠᠪᠠ᠃ ᠬᠦᠮᠦᠨ ᠤ ᠬᠦᠴᠦ ᠪᠠᠷ ᠪᠤᠷᠳᠤᠭ᠎ᠠ ᠲᠠᠷᠢᠬᠤ ᠰᠠᠭᠤᠷᠢᠨ ᠢ 0.4 ᠲᠦᠮᠡᠨ ᠮᠤ᠋᠂ ᠤᠰᠤᠨ ᠳᠤ ᠭᠠᠮᠳᠠᠢ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ ᠢ 1.43 ᠲᠦᠮᠡᠨ ᠮᠤ᠋ ᠰᠢᠨ᠎ᠡ ᠪᠠᠷ ᠪᠠᠶᠢᠭᠤᠯᠤᠬᠰᠠᠨ ᠪᠠ ᠨᠢᠳᠤᠨᠤᠨ ᠨᠡᠶᠢᠳᠡ 2.65 ᠳ᠋ᠦᠩᠰᠢᠭᠤᠷ ᠺᠢᠯᠦᠭᠷᠠᠮ ᠡᠪᠡᠰᠦ ᠬᠠᠳᠤᠵᠤ ᠨᠦᠭᠡᠴᠡᠯᠡᠪᠡ︔ ᠠᠮᠤ ᠪᠤᠳᠠᠭᠠᠨ ᠤ ᠶᠡᠷᠦᠩᠬᠡᠢ ᠤᠨᠠᠯᠳᠠ 3.15 ᠲᠦᠮᠡᠨ ᠲᠤᠨ ᠳᠤ ᠬᠦᠷᠪᠡ᠃ ᠨᠡᠶᠢᠳᠡ 9.15 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠪᠠᠷᠢᠮᠵᠢᠶᠠᠵᠢᠬᠰᠠᠨ ᠮᠠᠯ ᠤᠨ ᠫᠧᠩ᠂ 13.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ᠂ 1.48 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠡᠪᠡᠰᠦ ᠬᠠᠳᠠᠭᠠᠯᠠᠬᠤ ᠰᠠᠷᠠᠪᠴᠢ ᠪᠠ 0.28 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠪᠦᠬᠦᠢ ᠨᠤᠭᠤᠭᠠᠨ ᠲᠠᠷᠤᠰᠢ ᠶᠢᠨ ᠵᠤᠭᠤᠷᠢ ᠶᠢ ᠲᠤᠰ ᠲᠤᠰ ᠪᠠᠶᠢᠭᠤᠯᠪᠠ᠃ ᠰᠢᠨ᠎ᠡ ᠬᠡᠯᠪᠡᠷᠢ ᠶᠢᠨ ᠦᠢᠯᠡᠳᠪᠦᠷᠢ ᠶᠢᠨ ᠠᠵᠤ ᠠᠬᠤᠢ ᠶᠢᠨ ᠪᠦᠳᠦᠴᠡ ᠤᠯᠠᠮ ᠨᠢᠭᠡ ᠠᠯᠬᠤᠮ ᠲᠡᠭᠦᠯᠳᠡᠷᠵᠢᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠨᠤᠷᠮ᠎ᠠ ᠲᠠᠰᠤᠷᠠᠯᠳᠠ ᠦᠭᠡᠢ ᠲᠡᠭᠡᠭᠰᠢᠯᠡᠨ᠂ ᠠᠵᠤ ᠦᠢᠯᠡᠰ  ᠤᠨ ᠪᠦᠳᠦᠴᠡ ᠶᠢ ᠰᠢᠯᠢᠳᠡᠭᠵᠢᠭᠦᠯᠬᠦ ᠳᠤ ᠲᠤᠯᠭᠠᠭᠤᠷᠢ ᠬᠦᠴᠦᠨ ᠪᠤᠯᠵᠠᠢ᠃ ᠪᠦᠬᠦ ᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 43.3 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 8.5% ᠪᠠᠷ ᠨᠡᠮᠡᠭᠳᠡᠨ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠶᠢᠳᠡ ᠬᠡᠮᠵᠢᠶᠡᠨ ᠤ ᠭᠤᠷᠪᠠᠨ ᠤ ᠬᠤᠶᠠᠷ ᠬᠤᠪᠢ ᠳᠤ ᠬᠦᠷᠪᠡ᠃ ᠡᠭᠦᠨ  ᠳᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 37.5 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 8.9% ᠪᠠᠷ ᠨᠡᠮᠡᠭᠳᠡᠵᠠᠢ᠃ ᠱᠠᠩᠳᠤ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠡ 207 ᠳ᠋ᠦᠩᠰᠢᠭᠤᠷ ᠭᠷᠡᠳᠦ᠋ᠰ ᠢ ᠲᠠᠪᠠᠵᠤ᠂ 4 ᠡᠷᠦᠬᠡ ᠰᠢᠨ᠎ᠡ ᠡᠨᠧᠷᠬᠢ ᠶᠢᠨ ᠠᠵᠤ ᠠᠬᠤᠶᠢᠯᠠᠯ ᠤᠯᠤᠰ ᠤᠨ ᠴᠠᠬᠢᠯᠭᠠᠨ ᠰᠦᠯᠵᠢᠶᠡᠨ ᠳᠤ ᠠᠮᠵᠢᠯᠳᠠ ᠲᠠᠢ ᠨᠢᠭᠡᠳᠪᠡ᠃ ᠦᠢᠯᠡᠳᠪᠦᠷᠢ ᠶᠢᠨ ᠠᠵᠤ ᠠᠬᠤᠢ ᠡᠷᠬᠢᠯᠡᠵᠦ ᠪᠠᠶᠢᠬᠤ 2 ᠠᠵᠤ ᠠᠬᠤᠶᠢᠯᠠᠯ  ᠤᠨ ᠬᠡᠪᠴᠢᠶ᠎ᠡ ᠨᠢ ᠪᠠᠷᠢᠮᠵᠢᠶᠠᠨ ᠳᠤ ᠬᠦᠷᠴᠦ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠨᠡᠮᠡᠭᠳᠡᠨ 11 ᠪᠤᠯᠪᠠ᠃ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠲᠠᠰᠤᠷᠠᠯᠳᠠ ᠦᠭᠡᠢ ᠰᠢᠨᠡᠴᠢᠯᠡᠭᠳᠡᠵᠦ᠂ ᠤᠳᠤᠬᠢᠴᠢᠯᠠᠬᠰᠠᠨ ᠦᠢᠯᠡᠴᠢᠯᠡᠭᠡᠨ ᠤ ᠦᠢᠯᠡᠰ ᠦᠳᠳᠡᠷ ᠲᠦᠷᠭᠡᠨ ᠬᠦᠭᠵᠢᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠭᠤᠯᠤᠯᠳᠠ ᠶᠢᠨ ᠶᠡᠷᠦᠩᠬᠡᠢ ᠦᠷᠳᠡᠭ 11 ᠳ᠋ᠦᠩᠰᠢᠭᠤᠷ ᠲᠦᠭᠦᠷᠢᠭ ᠢ ᠲᠠᠪᠠᠪᠠ᠃ ︽ᠲᠤᠮᠳᠠᠳᠤ ᠤᠯᠤᠰ᠂ ᠶᠤᠸᠠᠨ ᠤ ᠲᠡᠭᠡᠳᠦ ᠨᠡᠶᠢᠰᠯᠡᠯ︾ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠤᠨ ᠨᠦᠯᠦᠭᠡᠯᠡᠬᠦ ᠬᠦᠴᠦᠨ ᠤᠯᠠᠮ ᠨᠢᠭᠡ ᠠᠯᠬᠤᠮ ᠦᠷᠭᠡᠳᠴᠦ᠂ ᠪᠦᠬᠦ ᠵᠢᠯ ᠤᠨ ᠬᠦᠯᠢᠶᠡᠨ ᠠᠪᠤᠬᠰᠠᠨ ᠵᠢᠭᠤᠯᠴᠢᠳ ᠤᠨ ᠲᠤᠭ᠎ᠠ 50 ᠲᠦᠮᠡᠨ ᠬᠦᠮᠦᠨ ᠤᠳᠠᠭ᠎ᠠ ᠶᠢ ᠲᠠᠪᠠᠨ ᠂ 3 ᠳ᠋ᠦᠩᠰᠢᠭᠤᠷ ᠭᠠᠷᠤᠢ ᠲᠦᠭᠦᠷᠢᠭ ᠤᠨ ᠤᠷᠤᠯᠭ᠎ᠠ ᠡᠭᠦᠳᠪᠡ᠃ ᠮᠦᠩᠭᠦᠨ ᠬᠦᠢᠯᠬᠡᠬᠡᠨ ᠤ ᠦᠢᠯᠡᠰ ᠤᠨ ᠬᠠᠳᠠᠭᠠᠯᠠᠮᠵᠢ ᠪᠤᠯᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠲᠤᠰ ᠲᠤᠰ 23 ᠳ᠋ᠦᠩᠰᠢᠭᠤᠷ ᠪᠠ 62 ᠳ᠋ᠦᠩᠰᠢᠭᠤᠷ ᠲᠦᠭᠦᠷᠢᠭ ᠢ ᠲᠠᠪᠠᠭᠰᠠᠨ ᠪᠠᠶᠢᠨ᠎ᠠ᠃ ᠲᠦᠰᠦᠯ ᠤᠨ ᠪᠦᠳᠦᠭᠡᠨ ᠪᠠᠶᠢᠭᠤᠯᠤᠯᠳᠠ ᠢᠯᠡᠳᠳᠡ ᠠᠬᠢᠯᠳᠠ ᠲᠠᠢ ᠪᠤᠯᠵᠤ᠂ ᠪᠦᠬᠦ ᠵᠢᠯ ᠳᠤ ᠬᠡᠷᠡᠭᠵᠢᠭᠦᠯᠦᠭᠰᠡᠨ 50 ᠲᠦᠮᠡᠨ ᠲᠦᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠲᠠᠢ ᠲᠦᠰᠦᠯ ᠨᠡᠶᠢᠳᠡ 107 ᠳᠤ ᠬᠦᠷᠴᠦ ᠵᠢᠯ ᠤᠨ ᠡᠬᠢᠨ ᠤ ᠲᠦᠯᠦᠪᠯᠡᠭᠡ ᠠᠴᠠ 22 ᠪᠠᠷ ᠢᠯᠡᠭᠦᠤ ᠬᠡᠷᠡᠭᠵᠢᠭᠦᠯᠦᠭᠳᠡᠪᠡ᠃ ᠡᠭᠦᠨ ᠤ ᠲᠤᠳᠤᠷ᠎ᠠ ᠤᠷᠢᠵᠦ ᠤᠷᠤᠭᠤᠯᠤᠬᠰᠠᠨ ᠲᠦᠰᠦᠯ 34 ᠪᠠᠶᠢᠵᠤ᠂ ᠪᠤᠳᠠᠳᠠᠢ ᠨᠠᠶᠢᠳᠠᠪᠤᠷᠢᠵᠢᠬᠳᠠᠬᠰᠠᠨ ᠠᠶᠢᠮᠠᠭ ᠤᠨ ᠭᠠᠳᠠᠨᠠᠬᠢ ᠪᠡᠯᠡ ᠮᠦᠩᠭᠦ 33.74 ᠳ᠋ᠦᠩᠰᠢᠭᠤᠷ ᠲᠦᠭᠦᠷᠢᠭ ᠲᠤ ᠬᠦᠷᠪᠡ᠃ ᠠᠵᠤ ᠤᠶᠢᠯᠡᠳᠪᠤᠷᠢ ᠶᠢᠨ ᠲᠤᠭᠤᠷᠢᠭ ᠲᠠᠬᠢ ᠠᠵᠤ ᠤᠶᠢᠯᠠᠰ ᠤᠨ ᠲᠦᠪᠯᠡᠷᠡᠯ ᠨᠦᠯᠦᠭᠡᠯᠡᠯ ᠤᠨ ᠦᠷ᠎ᠡ ᠠᠰᠢᠭ ᠲᠠᠰᠤᠷᠠᠯᠳᠠ ᠦᠭᠡᠢ ᠨᠡᠮᠡᠭᠳᠡᠨ᠂ ᠪᠦᠬᠦ ᠵᠢᠯ ᠳᠤ 107 ᠳ᠋ᠦᠩᠰᠢᠭᠤᠷ ᠲᠦᠭᠦᠷᠢᠭ ᠤᠨ ᠠᠵᠤ ᠤᠶᠢᠯᠠᠳᠪᠤᠷᠢ ᠶᠢᠨ ᠶᠡᠷᠦᠩᠬᠡᠢ ᠦᠷᠳᠡᠭ ᠢ ᠪᠡᠶᠡᠯᠡᠭᠦᠯᠦᠨ᠂ 4400 ᠭᠠᠷᠤᠢ ᠬᠦᠮᠦᠨ ᠳᠤ ᠠᠵᠢᠯ ᠤᠯᠭᠤᠵᠤ᠂ ᠮᠠᠨ ᠤ ᠬᠤᠰᠢᠭᠤᠨ ᠤ ᠠᠵᠤ ᠤᠶᠢᠯᠡᠳᠪᠤᠷᠢ ᠶᠢᠨ ᠲᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠱᠠᠳᠤᠨ  ᠤ ᠤᠷᠴᠢᠯᠳᠦ ᠠᠵᠤ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠠᠮᠵᠢᠯᠳᠠ ᠲᠠᠢ ᠪᠦᠷᠢᠳᠬᠡᠭᠦᠯᠵᠡᠢ᠃ ᠲᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠳᠡ ᠶᠢ ᠠᠬᠢᠭᠤᠯᠬᠤ ᠡᠭᠦᠳᠡᠨ ᠠᠴᠠ ᠮᠦᠩᠭᠦᠨ ᠬᠦᠢᠯᠬᠡᠬᠡᠨ ᠤ ᠨᠢᠭᠡᠴᠡ ᠪᠤᠯᠤᠨ ᠠᠵᠤ ᠠᠬᠤᠶᠢᠯᠠᠯ ᠤᠨ ᠬᠤᠭᠤᠷᠤᠨᠳᠤ ᠬᠠᠮᠳᠤᠷᠠᠯᠴᠠᠨ ᠪᠡᠯᠡ ᠨᠡᠶᠢᠯᠡᠭᠦᠯᠦᠭᠰᠡᠨ 800 ᠲᠦᠮᠡᠨ ᠲᠦᠭᠦᠷᠢᠭ ᠤᠨ ᠪᠡᠯᠡ ᠮᠦᠩᠭᠦ ᠪᠠᠷ ᠲᠠᠮᠵᠢᠭᠤᠯᠤᠨ ᠲᠡᠭᠡᠳᠦ ᠱᠠᠳᠤᠨ ᠠᠴᠠ 558 ᠲᠦᠮᠡᠨ ᠲᠦᠭᠦᠷᠢᠭ ᠤᠨ ᠱᠠᠩᠨᠠᠯ ᠤᠨ ᠮᠦᠩᠭᠦ ᠤᠯᠤᠬᠰᠠᠨ ᠪᠦᠭᠡᠳ ᠱᠠᠩᠳᠤ ᠪᠠᠳᠤᠯᠠᠭ᠎ᠠ ᠶᠢᠨ ᠺᠤᠮᠫᠠᠨᠢ ᠶᠢᠨ ᠪᠡᠯᠡ ᠬᠤᠷᠠᠮᠳᠤᠭᠤᠯᠬᠤ ᠲᠠᠪᠴᠠᠩ ᠨᠢ 1460 ᠲᠦᠮᠡᠨ ᠲᠦᠭᠦᠷᠢᠭ ᠤᠨ ᠪᠠᠳᠤᠯᠠᠭ᠎ᠠ ᠶᠢᠨ ᠵᠢᠭᠡᠯᠡᠯᠭᠡ ᠲᠠᠯᠪᠢᠵᠦ ᠡᠳᠡᠭᠡᠷ ᠵᠢᠭᠡᠯᠡᠯᠭᠡ ᠶᠢ ᠲᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠬᠦ ᠳᠤ ᠵᠤᠷᠢᠭᠤᠯᠪᠠ᠃         ︵ᠬᠤᠶᠠᠷ︶ ᠬᠦᠭᠵᠢᠯᠳᠡ ᠶᠢᠨ ᠤᠷᠴᠢᠨ ᠠᠬᠤᠢ ᠢᠯᠡᠳᠳᠡ ᠰᠠᠶᠢᠵᠢᠷᠠᠪᠠ         ᠴᠢᠬᠤᠯᠠ ᠴᠢᠬᠤᠯᠠ ᠲᠤᠮᠤᠬᠠᠨ ᠬᠡᠮᠵᠢᠶᠡᠨ ᠤ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠲᠦᠰᠦᠯ ᠢ ᠵᠤᠬᠢᠴᠠᠭᠤᠯᠤᠨ ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠪᠡ᠃ ᠱᠠᠩᠳᠤ ᠨᠢᠰᠬᠡᠯ ᠤᠨ ᠪᠠᠭᠤᠳᠠᠯ ᠤᠨ ᠪᠠᠶᠢᠷᠢ ᠶᠢ ᠨᠢᠭᠡᠨᠳᠡ ᠲᠤᠬᠳᠠᠭᠠᠬᠰᠠᠨ ᠪᠦᠭᠡᠳ 207 ᠳ᠋ᠤᠭᠠᠷ ᠤᠯᠤᠰ ᠤᠨ ᠵᠠᠮ ᠤᠨ ᠰᠢᠯᠢᠩᠬᠤᠳᠠ ᠠᠴᠠ ᠰᠠᠩ ᠤᠨ ᠲᠠᠯᠠᠢ ᠬᠦᠷᠬᠦ ᠲᠦᠷᠭᠡᠨ  ᠤ ᠵᠠᠮ᠂ ᠰᠠᠩ ᠤᠨ ᠲᠠᠯᠠᠢ ᠠᠴᠠ ᠪᠤᠥᠴᠠᠩ ᠬᠦᠷᠬᠦ ᠲᠦᠷᠭᠡᠨ ᠤ ᠵᠠᠮ᠂ ᠪᠡᠭᠡᠵᠢᠩ ᠬᠦᠷᠬᠦ ᠵᠠᠰᠠᠮᠠᠯ ᠵᠠᠮ ᠤᠨ ᠰᠠᠩ ᠤᠨ ᠲᠠᠯᠠᠢ ᠠᠴᠠ ᠲᠤᠯᠤᠨ ᠨᠠᠭᠤᠷ ᠤᠨ ᠱᠢ ᠡᠥ ᠬᠤᠥ ᠰᠢᠶᠠᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠵᠡᠷᠭᠡ ᠮᠠᠨ ᠤ ᠬᠤᠰᠢᠭᠤᠨ ᠤ ᠬᠢᠯᠢ ᠲᠤᠳᠤᠷᠠᠬᠢ ᠵᠠᠮ ᠱᠤᠭᠤᠮ ᠤᠳ ᠪᠦᠬᠦᠨ ᠢᠶᠠᠷ ᠢᠶᠠᠨ ᠠᠰᠢᠬᠯᠠᠯᠳᠠ ᠳᠤ ᠤᠷᠤᠪᠠ᠃ ᠵᠢᠨᠢᠩ ᠠᠴᠠ ᠲᠦᠩᠯᠢᠶᠤᠥ ᠬᠦᠷᠬᠦ ᠲᠡᠮᠦᠷ ᠵᠠᠮ ᠤᠨ ᠲᠠᠳ᠋ ᠱᠤᠭᠤᠮ᠂ ᠰᠢᠯᠤᠭᠤᠨ ᠬᠦᠬᠡ ᠠᠴᠠ ᠴᠢᠭᠤᠯᠤᠯᠳᠤ ᠬᠠᠭᠠᠯᠭ᠎ᠠ ᠬᠦᠷᠬᠦ ᠲᠡᠮᠦᠷ ᠵᠠᠮ᠂ ᠰᠢᠯᠢᠩᠬᠤᠳᠠ ᠠᠴᠠ ᠲᠤᠯᠤᠨ ᠨᠠᠭᠤᠷ ᠬᠦᠷᠬᠦ ᠲᠡᠮᠦᠷ ᠵᠠᠮ ᠤᠨ ᠲᠠᠪᠬᠤᠷ ᠱᠤᠭᠤᠮ ᠤᠨ ᠲᠦᠰᠦᠯ ᠴᠦ ᠲᠦᠯᠦᠪᠯᠡᠭᠡ ᠶᠤᠰᠤᠭᠠᠷ ᠶᠠᠪᠤᠬᠳᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠳᠤ ᠨᠡᠶᠢᠳᠡ 111 ᠺᠢᠯᠦᠮᠧᠲᠷ ᠤᠨ ᠼᠧᠮᠧᠨ᠋ᠲ ᠵᠠᠮ ᠵᠠᠰᠠᠬᠰᠠᠨ ᠪᠦᠭᠡᠳ ᠱᠠᠩᠳᠤ ᠪᠠᠯᠭᠠᠰᠤᠨ ᠤ 110 ᠺᠢᠯᠤᠸᠤᠯᠲ᠂ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ ᠪᠤᠯᠤᠨ ᠪᠤᠷᠤᠬᠤᠳᠠ ᠵᠢᠱᠢᠶ᠎ᠡ ᠦᠵᠡᠭᠦᠯᠬᠦ ᠲᠤᠭᠤᠷᠢᠭ ᠤᠨ 35 ᠺᠢᠯᠤᠸᠤᠯᠲ ᠤᠨ ᠴᠠᠬᠢᠯᠭᠠᠨ ᠤᠷᠤᠭᠤᠯᠬᠤ ᠢᠨᠵᠧᠨᠧᠷᠢᠩ ᠪᠦᠬᠦᠨ  ᠢᠶᠠᠷ ᠵᠶ᠋ᠠᠨ‌ᠠᠰᠢᠬᠯᠠᠯᠳᠠ ᠳᠤ ᠤᠷᠤᠪᠠ᠃ ᠴᠠᠬᠢᠯᠭᠠᠨ ᠱᠤᠭᠤᠮ ᠤᠨ ᠦᠭᠡᠷᠡᠴᠢᠯᠡᠯᠳᠡ ᠳᠤ ᠤᠷᠤᠭᠤᠯᠤᠬᠰᠠᠨ ᠪᠡᠯᠡ ᠤᠷᠤᠭᠤᠯᠤᠯᠳᠠ 1 ᠳ᠋ᠦᠩᠰᠢᠭᠤᠷ ᠲᠦᠭᠦᠷᠢᠭ ᠢ ᠲᠠᠪᠠᠵᠤ᠂ ᠴᠠᠬᠢᠯᠭᠠᠨ ᠡᠷᠴᠢᠮ ᠬᠦᠴᠦᠨ ᠤ ᠬᠠᠩᠭᠠᠯᠭ᠎ᠠ ᠶᠢ ᠪᠦᠳᠦᠮᠵᠢᠳᠠᠢ ᠪᠠᠳᠤᠯᠠᠪᠠ᠃ ᠬᠤᠳᠠ ᠶᠢᠨ ᠪᠦᠳᠦᠭᠡᠨ ᠪᠠᠶᠢᠭᠤᠯᠤᠯᠳᠠ ᠳᠤ 1.38 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ  ᠶᠢ ᠪᠡᠶᠡᠯᠡᠭᠦᠯᠵᠦ᠂ 31.5 ᠲᠦᠮᠡᠨ ᠲᠡᠭᠰᠢ ᠲᠦᠷᠪᠡᠯᠵᠢᠨ ᠮᠧᠲᠷ ᠤᠨ ᠬᠤᠳᠠ ᠪᠠᠯᠭᠠᠰᠤᠨ ᠤ ᠵᠠᠮ ︵ᠶᠠᠪᠠᠭᠠᠨ ᠬᠦᠮᠦᠨ ᠤ ᠵᠠᠮ︶ ᠢ ᠵᠠᠰᠠᠵᠤ ᠬᠠᠮᠠᠭᠠᠯᠠᠨ᠂ ᠪᠤᠬᠢᠷ ᠤᠰᠤ ᠭᠠᠳᠠᠬᠰᠢᠯᠠᠭᠤᠯᠬᠤ ᠰᠤᠪᠠᠭ᠂ ᠲᠦᠬᠡᠭᠡᠯ ᠤᠰᠤ᠂ ᠨᠡᠶᠢᠳᠡ ᠶᠢᠨ ᠲᠤᠯᠠᠭᠠᠯᠭ᠎ᠠ ᠂ ᠰᠢᠳᠠᠮᠠᠬᠠᠢ ᠬᠡᠢ ᠶᠢᠨ ᠬᠤᠭᠤᠯᠠᠢ ᠵᠡᠷᠭᠡ ᠶᠢ ᠨᠡᠶᠢᠳᠡ 19.7 ᠤᠷᠳᠤᠭᠠᠰᠢ ᠺᠢᠯᠦᠮᠧᠲᠷ ᠤᠭᠰᠠᠷᠠᠯᠳᠠ ᠶᠠᠪᠤᠭᠤᠯᠤᠭᠰᠠᠨ  ᠢᠶᠠᠷ ᠪᠠᠯᠭᠠᠰᠤᠨ ᠲᠤᠭᠤᠷᠢᠭ ᠤᠨ ᠦᠨᠳᠦᠰᠦᠨ ᠨᠦᠬᠦᠴᠡᠯ ᠢᠯᠡᠳᠳᠡ ᠰᠠᠶᠢᠵᠢᠷᠠᠯᠳᠠ ᠲᠠᠢ ᠪᠤᠯᠪᠠ᠃ ᠬᠢᠵᠠᠭᠠᠷᠯᠠᠬᠰᠠᠨ ᠲᠤᠭ᠎ᠠ ᠨᠤᠷᠮ᠎ᠠ ᠶᠤᠰᠤᠭᠠᠷ ᠡᠨᠧᠷᠭᠢ ᠶᠢ ᠠᠷᠪᠢᠯᠠᠵᠤ ᠪᠤᠬᠢᠷᠳᠤᠯ ᠢ ᠪᠠᠭᠠᠰᠬᠠᠬᠤ ᠠᠵᠢᠯ ᠢ ᠰᠠᠶᠢᠳᠤᠷ ᠬᠢᠭᠰᠡᠨ ᠤ ᠳ᠋ᠦᠩ ᠳᠤ ᠨᠢᠭᠡᠴᠢ GDP ᠶᠢᠨ ᠡᠨᠧᠷᠬᠢ ᠶᠢᠨ ᠵᠠᠷᠤᠴᠠᠭᠤᠯᠤᠯᠳᠠ 5.5 % ᠪᠠᠷ ᠲᠤᠷᠤᠬᠰᠢᠯᠠᠵᠠᠢ᠃ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠠᠯ᠎ᠠ ᠪᠠᠷ ᠲᠠᠰᠤᠷᠠᠯᠳᠠ ᠦᠭᠡᠢ ᠴᠢᠩᠭᠠᠳᠬᠠᠵᠤ᠂ 1.9 ᠲᠦᠮᠡᠨ ᠮᠤ᠋ ᠲᠠᠯᠠᠪᠠᠢ ᠳᠤ ᠡᠯᠡᠰᠤᠨ ᠤ ᠡᠬᠢ ᠶᠢ ᠵᠠᠰᠠᠵᠤ ᠤᠶᠢᠵᠢᠭᠤᠯᠬᠤ ᠪᠦᠳᠦᠭᠡᠨ ᠪᠠᠶᠢᠭᠤᠯᠤᠯᠳᠠ ᠶᠢ ᠦᠷᠨᠢᠭᠦᠯᠵᠦ᠂ ᠭᠤᠥᠯᠳᠠᠯᠭ᠎ᠠ ᠲᠠᠢ ᠤᠷᠤᠨ ᠲᠤᠭᠤᠷᠢᠭ  ᠲᠤ 6300 ᠮᠤ᠋ ᠤᠶᠢᠵᠢᠭᠤᠯᠤᠯᠳᠠ ᠬᠢᠵᠦ᠂ 6000 ᠮᠤ᠋ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠰᠠᠨ ᠪᠦᠭᠡᠳ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠪᠢ ᠳᠠᠬᠢ ᠭᠤᠥᠯ ᠤᠨ ᠤᠰᠤ ᠶᠢ ᠵᠠᠰᠠᠬᠤ ᠪᠠ ᠱᠠᠩᠳᠤ ᠶᠢᠨ ᠭᠤᠥᠯ  ᠤᠨ ᠪᠤᠷᠤᠬᠤᠳᠠ ᠤᠷᠴᠢᠮ ᠤᠨ ᠤᠷᠤᠰᠬᠠᠯ ᠢ ᠵᠠᠰᠠᠬᠤ ᠵᠡᠷᠭᠡ ᠤᠰᠤᠨ ᠠᠰᠢᠬᠯᠠᠯᠳᠠ ᠶᠢᠨ ᠢᠨᠵᠧᠨᠧᠷᠢᠩ ᠢ ᠬᠡᠷᠡᠭᠵᠢᠭᠦᠯᠪᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠤᠷᠤᠭᠤᠯᠤᠬᠰᠠᠨ ᠡᠯ᠎ᠡ ᠲᠦᠷᠦᠯ ᠤᠨ ᠲᠦᠰᠦᠯ ᠤᠨ ᠪᠡᠯᠡ ᠮᠦᠩᠭᠦ ᠨᠡᠶᠢᠳᠡ 7700 ᠲᠦᠮᠡᠨ ᠲᠦᠭᠦᠷᠢᠭ ᠠᠴᠠ ᠲᠡᠭᠡᠭᠰᠢ ᠳᠤ ᠬᠦᠷᠴᠠᠢ︔ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠡᠶᠢᠳᠡ 1442 ᠲᠦᠮᠡᠨ ᠮᠤ᠋ ᠨᠤᠳᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠬᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠷᠠᠭᠠᠯᠵᠠᠬᠰᠠᠨ ᠨᠦᠬᠦᠪᠦᠷᠢ ᠮᠦᠩᠭᠦ ᠶᠢ ᠨᠡᠶᠢᠳᠡ 8035 ᠲᠦᠮᠡᠨ ᠲᠦᠭᠦᠷᠢᠭ ᠪᠠᠭᠤᠯᠭᠠᠬᠰᠠᠨ ᠪᠠᠶᠢᠨ᠎ᠠ᠃ ᠠᠮᠢᠳᠠᠨ ᠤ ᠬᠢᠵᠢᠭ ᠬᠡᠮ ᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ᠂ ᠪᠷᠦ᠋ᠽᠧᠯ ᠡᠪᠡᠳᠴᠢᠨ ᠢ ᠪᠦᠳᠦᠮᠵᠢᠳᠠᠢ ᠬᠤᠷᠢᠬᠯᠠᠵᠤ ᠴᠢᠳᠠᠪᠠ᠃ ᠠᠭᠤᠯᠠᠨ ᠦᠶᠡᠷ ᠢ ᠰᠡᠷᠭᠡᠶᠢᠯᠡᠨ ᠵᠠᠰᠠᠬᠤ᠂ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭ᠎ᠠ ᠬᠢᠨᠠᠮᠠᠭᠠᠢ ᠶᠠᠪᠤᠬᠳᠠᠭᠤᠯᠤᠬᠰᠠᠨ ᠪᠦᠭᠡᠳ ᠭᠠᠵᠠᠷ ᠰᠢᠨᠵᠢᠯᠡᠭᠡᠨ  ᠤ ᠤᠷᠴᠢᠨ ᠲᠤᠭᠤᠷᠢᠨ ᠤ ᠴᠡᠭᠴᠡᠯᠡᠯᠳᠡ ᠶᠢᠨ ᠠᠵᠢᠯ ᠢ ᠴᠢᠩᠭᠠᠳᠬᠠᠨ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠶᠢ ᠲᠦᠷᠢᠮᠵᠢᠭᠦᠯᠵᠦ᠂ ᠬᠠᠤᠯᠢ ᠪᠤᠰᠤ ᠪᠠᠷ ᠨᠤᠳᠤᠭ ᠪᠡᠯᠴᠢᠭᠡᠷ ᠢ ᠬᠠᠭᠠᠯᠪᠤᠷᠢᠯᠠᠬᠰᠠᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ ᠠᠮᠢ ᠠᠬᠤᠢ ᠶᠢᠨ ᠤᠷᠴᠢᠨ ᠰᠠᠶᠢᠵᠢᠷᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠡᠬᠢ ᠪᠠᠶᠠᠯᠢᠭ ᠤᠨ ᠨᠡᠭᠡᠭᠡᠯᠳᠡ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠭᠤᠷᠤᠨᠳᠤᠬᠢ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠬᠠᠷᠢᠴᠠᠩᠭᠤᠢ ᠲᠤᠬᠳᠠᠪᠤᠷᠢᠳᠠᠢ ᠠᠮᠢ ᠠᠬᠤᠢ ᠶᠢᠨ ᠬᠠᠮᠠᠭᠠᠯᠠᠯᠳᠠ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃         ︵ᠭᠤᠷᠪᠠ︶ ᠠᠷᠠᠳ ᠤᠨ ᠠᠮᠢᠳᠤᠷᠠᠯ ᠢ ᠬᠠᠷᠠᠭᠠᠯᠵᠠᠬᠤ ᠢᠨᠵᠧᠨᠧᠷᠢᠩ ᠴᠢᠬᠤᠯᠠ ᠠᠬᠢᠯᠳᠠ ᠲᠠᠢ ᠪᠤᠯᠪᠠ         ᠪᠦᠬᠦ ᠵᠢᠯ ᠳᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠤᠬᠰᠠᠨ ᠵᠠᠷᠤᠯᠭ᠎ᠠ ᠶᠢᠨ ᠬᠡᠮᠵᠢᠶ᠎ᠡ 6.79 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠬᠤᠰᠢᠭᠤᠨ ᠤ ᠤᠯᠠᠨ ᠨᠡᠶᠢᠳᠡ ᠶᠢᠨ ᠡᠳ᠋ ᠤᠨ ᠵᠠᠰᠠᠭ  ᠤᠨ ᠵᠠᠷᠤᠯᠭ᠎ᠠ ᠶᠢᠨ ᠲᠦᠰᠦᠪ ᠤᠨ 55 % ᠶᠢ ᠡᠵᠡᠯᠡᠪᠡ᠃ ᠦᠪᠡᠷ ᠲᠤ ᠪᠠᠨ ᠡᠵᠡᠮᠰᠢᠬᠦ ᠡᠳ᠋ ᠤᠨ ᠬᠦᠴᠦᠨ ᠲᠦᠢᠯ ᠤᠨ ᠬᠢᠵᠠᠭᠠᠷᠳᠠᠢ ᠪᠠᠶᠢᠳᠠᠯ ᠲᠤᠤᠷ᠎ᠠ ᠵᠢᠯ ᠤᠨ ᠡᠬᠢᠨ ᠳᠤ ᠠᠷᠠᠳ ᠲᠤ ᠠᠮᠠᠯᠳᠤᠬᠰᠠᠨ ᠬᠡᠳᠦᠨ ᠵᠦᠢᠯ ᠤᠨ ᠪᠤᠳᠠᠳᠠᠢ ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠠᠳᠤᠯᠠᠬᠰᠠᠨ ᠪᠦᠭᠡᠳ ᠡᠨᠡ ᠬᠤᠷᠳᠤᠴᠠ ᠨᠢ ᠨᠢᠭᠡᠨᠳᠡ ᠠᠵᠤ ᠠᠬᠤᠢ ᠶᠢᠨ ᠨᠡᠮᠡᠭᠳᠡᠯ ᠬᠤᠷᠳᠤᠴᠠ ᠶᠢ ᠲᠠᠪᠠᠭᠰᠠᠨ ᠪᠠᠶᠢᠨ᠎ᠠ᠃ ᠨᠠᠶᠢᠳᠠ 1.58 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ 19 ᠭᠠᠴᠠᠭ᠎ᠠ ᠲᠤᠰᠬᠤᠨ ᠳᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠨᠠᠢᠮᠠᠨ ᠵᠢᠱᠢᠶ᠎ᠡ ᠦᠵᠡᠭᠦᠯᠬᠦ ᠲᠤᠰᠬᠤᠨ᠂ ᠵᠢᠷᠭᠤᠭᠠᠨ ᠪᠠᠷᠢᠮᠵᠢᠶᠠᠵᠢᠬᠰᠠᠨ ᠲᠤᠰᠬᠤᠨ ᠪᠤᠯᠤᠨ ᠲᠠᠪᠤᠨ ᠬᠢᠷᠢ ᠲᠡᠩᠴᠡᠭᠰᠡᠨ ᠲᠤᠰᠬᠤᠨ ᠢ ᠭᠤᠤᠯᠳᠠᠯᠭ᠎ᠠ ᠲᠠᠢ ᠪᠦᠳᠦᠭᠡᠨ ᠪᠠᠶᠢᠭᠤᠯᠪᠠ ᠃ ᠮᠠᠯᠵᠢᠬᠤ ᠲᠠᠷᠢᠶᠠᠯᠠᠬᠤ ᠤᠷᠤᠨ ᠤ 1600 ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠪᠤᠯᠤᠨ ᠲᠠᠷᠢᠶ᠎ᠠ ᠲᠠᠷᠢᠵᠤ ᠪᠠᠶᠢᠬᠤ ᠭᠠᠵᠠᠷ ᠤᠨ 320 ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠬᠡᠵᠦ᠂ 1937 ᠬᠦᠮᠦᠨ ᠵᠢᠴᠢ 1.14 ᠲᠦᠮᠡᠨ ᠲᠤᠯᠤᠭᠠᠢ ᠮᠠᠯ ᠤᠨᠤᠭᠠᠨ ᠤ ᠤᠰᠤ ᠤᠮᠳᠠᠨ ᠤ ᠠᠮᠤᠷ ᠲᠦᠪᠰᠢᠨ ᠤ ᠠᠰᠠᠭᠤᠳᠠᠯ ᠪᠠ 450 ᠬᠦᠮᠦᠨ᠂ 6960 ᠲᠤᠯᠤᠭᠠᠢ ᠮᠠᠯ ᠤᠨᠤᠭᠠᠨ ᠤ ᠤᠥᠭᠤᠬᠤ ᠤᠰᠤ ᠲᠤᠳᠠᠬᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ ᠃ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠳᠤ ᠨᠡᠶᠢᠳᠡ 71.9 ᠺᠢᠯᠤᠮᠧᠲᠷ ᠤᠨ ᠬᠠᠳᠠᠭᠤᠷᠠᠭᠤᠯᠤᠯᠳᠠ ᠬᠢᠵᠦ᠂ 3452 ᠡᠷᠦᠬᠡ ︵ᠡᠭᠦᠨ ᠳᠤ 77 ᠡᠷᠦᠬᠡ ᠳᠤ ᠰᠢᠨ᠎ᠡ ᠪᠠᠷ ᠤᠬᠰᠠᠷᠠᠪᠠ︶ ᠶᠢᠨ ᠨᠠᠷᠠ ᠰᠠᠯᠬᠢᠨ ᠤ ᠬᠤᠤᠰ ᠡᠨᠧᠷᠬᠢ ᠶᠢᠨ ᠴᠠᠬᠢᠯᠭᠠᠨ ᠭᠠᠷᠭᠠᠬᠤ ᠲᠦᠬᠦᠭᠡᠷᠦᠮᠵᠢ ᠶᠢ ᠦᠭᠡᠷᠡᠴᠢᠯᠡᠨ ᠰᠢᠨᠡᠴᠢᠯᠡᠵᠦ᠂ 78 ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠭᠦᠯᠪᠡ︔ 4 ᠰᠤᠷᠭᠠᠭᠤᠯᠢ ᠳᠤ ᠰᠢᠨ᠎ᠡ ᠪᠠᠷ ᠪᠤᠶᠤ ᠦᠷᠭᠡᠳᠭᠡᠬᠦ ᠪᠠᠷᠢᠯᠭ᠎ᠠ ᠶᠠᠪᠤᠬᠳᠠᠭᠤᠯᠵᠤ ᠨᠡᠶᠢᠳᠡ 1.23 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠪᠠᠶᠢᠷᠢ ᠶᠢᠨ ᠠᠰᠠᠷ ᠪᠠᠶᠢᠭᠤᠯᠪᠠ︔ ᠷᠠᠳᠢᠤ᠋ ᠲᠧᠯᠸᠢᠰ ᠴᠢᠮᠡᠭᠡ ᠨᠡᠪᠳᠡᠷᠡᠭᠦᠯᠭᠡ ᠶᠢᠨ ᠲᠦᠬᠦᠭᠡᠷᠦᠮᠵᠢ ᠶᠢ 2000 ᠢᠵᠢ ᠲᠠᠷᠬᠠᠭᠠᠨ᠂ ᠷᠠᠳᠢᠤ᠋ ᠲᠧᠯᠸᠢᠰ ᠤᠨ ᠪᠦᠷᠬᠦᠴᠡ ᠶᠢᠨ ᠬᠡᠮᠵᠢᠶ᠎ᠡ ᠲᠤᠰ ᠲᠤᠰ 96% ᠪᠠ 97% ᠳᠤ ᠬᠦᠷᠪᠡ︔ ᠭᠠᠴᠠᠭ᠎ᠠ ᠲᠤᠰᠬᠤᠨ ᠳᠤ ᠪᠠᠷᠢᠮᠵᠢᠶᠠᠵᠢᠬᠰᠠᠨ ᠡᠮᠨᠡᠯᠭᠡ ᠶᠢᠨ ᠲᠠᠰᠤᠭ 20 ᠶᠢ ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠤ ᠰᠤᠶᠤᠯ ᠬᠦᠳᠦᠯᠪᠦᠷᠢ ᠶᠢᠨ ᠲᠠᠰᠤᠭ ᠤᠳ ᠢᠶᠠᠷ ᠨᠡᠶᠢᠳᠡ 80 ᠢᠵᠢ ᠲᠦᠬᠦᠭᠡᠷᠦᠮᠵᠢ ᠤᠬᠰᠠᠷᠠᠵᠤ᠂ ᠠᠷᠠᠳ ᠲᠤ ᠲᠦᠭᠦᠮ ᠦᠵᠡᠭᠦᠯᠬᠦ ᠬᠤᠷᠰᠢᠶ᠎ᠠ ᠲᠡᠯᠭᠡᠭᠦᠷ ᠢ ᠰᠢᠨ᠎ᠡ ᠪᠠᠷ ᠪᠤᠶᠤ ᠦᠷᠭᠡᠳᠭᠡᠵᠦ 11 ᠶᠢ ᠪᠠᠶᠢᠭᠤᠯᠪᠠ᠃ ᠮᠠᠯᠵᠢᠬᠤ ᠲᠠᠷᠢᠶᠠᠯᠠᠬᠤ ᠤᠷᠤᠨ ᠤ ᠬᠤᠷᠰᠢᠬᠰᠠᠨ ᠡᠮᠨᠡᠯᠭᠡ ᠳᠤ ᠤᠷᠤᠯᠴᠠᠬᠰᠠᠨ ᠬᠦᠮᠦᠨ ᠤ ᠲᠤᠭ᠎ᠠ 4.9 ᠲᠦᠮᠡ ᠳᠤ ᠬᠦᠷᠴᠦ᠂ 3768 ᠬᠦᠮᠦᠨ ︵ᠤᠳᠠᠭ᠎ᠠ︶ ᠳᠤ 1285 ᠲᠦᠮᠡᠨ ᠲᠦᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠨᠢ ᠲᠠᠩᠰᠠᠨ ᠠᠴᠠ ᠲᠠᠶᠢᠯᠤᠨ ᠦᠭᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 3.8 ᠲᠦᠮᠡ ᠳᠤ ᠬᠦᠷᠦᠨ᠂ 6455 ᠬᠦᠮᠦᠨ ᠳᠤ ᠨᠡᠶᠢᠳᠡ 1059 ᠲᠦᠮᠡᠨ ᠲᠦᠭᠦᠷᠢᠭ ᠤᠨ ᠲᠡᠳᠬᠦᠪᠦᠷᠢ ᠶᠢᠨ ᠮᠦᠩᠭᠦ ᠲᠠᠷᠬᠠᠭᠠᠵᠤ᠂ 1392 ᠬᠦᠮᠦᠨ ᠳᠤ 138 ᠲᠦᠮᠡᠨ ᠲᠦᠭᠦᠷᠢᠭ ᠤᠨ ᠦᠨᠳᠦᠷ ᠨᠠᠰᠤᠨ ᠤ ᠨᠦᠬᠦᠪᠦᠷᠢ ᠮᠦᠩᠭᠦ ᠲᠠᠷᠬᠠᠭᠠᠪᠠ᠃ ᠦᠢᠯᠡᠰ ᠪᠤᠰᠬᠠᠵᠤ ᠠᠵᠢᠯ ᠤᠯᠭᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠪᠡ᠃ ᠬᠤᠳᠠ ᠪᠠᠯᠭᠠᠰᠤᠨ ᠤ ᠠᠵᠢᠯ ᠤᠯᠭᠤᠬᠰᠠᠨ ᠬᠦᠮᠦᠨ ᠤ ᠲᠤᠭ᠎ᠠ ᠰᠢᠨ᠎ᠡ ᠪᠠᠷ 1825 ᠬᠦᠮᠦᠨ ᠨᠡᠮᠡᠭᠳᠡᠵᠦ᠂ ᠮᠠᠯᠵᠢᠬᠤ ᠲᠠᠷᠢᠶᠠᠯᠠᠬᠤ ᠤᠷᠤᠨ ᠤ 2300 ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ ᠠᠵᠢᠯ ᠦᠬᠡᠶᠢᠴᠤᠳ ᠤᠨ ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠵᠤ ᠴᠢᠳᠠᠪᠠ︔ ᠦᠢᠯᠡᠰ ᠪᠤᠰᠬᠠᠬᠴᠢᠳ ᠲᠤ ᠵᠤᠷᠢᠭᠤᠯᠤᠬᠰᠠᠨ ᠪᠠᠭ᠎ᠠ ᠲᠤᠭᠠᠨ ᠤ ᠲᠠᠮ ᠬᠦᠤ ᠲᠠᠢ ᠵᠢᠭᠡᠯᠡᠯᠭᠡ ᠶᠢ 2492 ᠲᠦᠮᠡᠨ ᠲᠦᠭᠦᠷᠢᠭ ᠲᠠᠯᠪᠢᠨ᠂ ᠦᠪᠡᠷᠰᠡᠳ ᠢᠶᠠᠨ ᠦᠢᠯᠡᠰ ᠪᠤᠰᠬᠠᠬᠰᠠᠨ 467 ᠬᠦᠮᠦᠨ ᠢ ᠲᠡᠮᠵᠢᠪᠡ︔ ᠬᠦᠳᠡᠯᠮᠦᠷᠢ ᠬᠦᠴᠦ ᠤᠯᠠᠨ ᠲᠠᠢ ᠠᠵᠤ ᠠᠬᠤᠶᠢᠯᠠᠯ ᠳᠤ 3000 ᠲᠦᠮᠡᠨ ᠲᠦᠭᠦᠷᠢᠭ ᠤᠨ ᠵᠢᠭᠡᠯᠡᠯᠭᠡ ᠲᠠᠯᠪᠢᠨ᠂ ᠨᠡᠶᠢᠳᠡ17 ᠡᠷᠦᠬᠡ ᠠᠵᠤ ᠠᠬᠤᠶᠢᠯᠠᠯ ᠳᠤ ᠲᠡᠮᠵᠢᠯᠭᠡ ᠬᠦᠷᠳᠡᠭᠡᠪᠡ᠃ ᠨᠡᠶᠢᠭᠡᠮ ᠤᠨ ᠪᠠᠳᠤᠯᠠᠭ᠎ᠠ ᠶᠢᠨ ᠬᠦᠴᠦᠨ ᠢᠯᠡᠳᠳᠡ ᠴᠢᠩᠭᠠᠷᠠᠨ᠂ ᠠᠵᠤ ᠠᠬᠤᠶᠢᠯᠠᠯ ᠤᠨ ᠠᠵᠢᠯ  ᠠᠴᠠ ᠪᠠᠨ ᠠᠮᠠᠷᠠᠬᠰᠠᠳ ᠤᠨ ᠨᠠᠰᠤᠵᠢᠯ ᠤᠨ ᠲᠠᠭᠠᠳᠬᠠᠯ ᠵᠡᠷᠭᠡ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠠᠷᠳᠠᠢ ᠨᠦᠬᠦᠪᠦᠷᠢ  ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠡᠮ ᠡᠮᠨᠡᠯᠭᠡ᠂ ᠨᠠᠰᠤᠵᠢᠯ ᠤᠨ ᠲᠠᠭᠠᠳᠬᠠᠯ ᠤᠨ ᠪᠦᠷᠬᠦᠴᠡ  ᠶᠢᠨ ᠬᠡᠮᠵᠢᠶ᠎ᠡ ᠶᠢ ᠤᠯᠠᠮ ᠢᠶᠠᠷ ᠨᠡᠮᠡᠭᠳᠡᠭᠦᠯᠪᠡ︔ ᠬᠤᠳᠠ ᠬᠦᠳᠡᠭᠡ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠭ᠎ᠠ᠂ ᠲᠠᠪᠤᠨ ᠪᠠᠳᠤᠯᠭᠠᠳᠤ ᠡᠷᠦᠬᠡ ᠶᠢᠨ ᠬᠠᠷᠠᠭᠠᠯᠵᠠᠯᠠᠯ᠂ ᠰᠤᠷᠤᠯᠭ᠎ᠠ ᠶᠢᠨ ᠲᠡᠳᠬᠦᠮᠵᠢ  ᠶᠢᠨ ᠮᠦᠩᠭᠦ ᠵᠡᠷᠭᠡ ᠡᠯ᠎ᠡ ᠲᠦᠷᠦᠯ ᠤᠨ ᠨᠦᠬᠦᠪᠦᠷᠢ ᠶᠢ ᠨᠡᠶᠢᠳᠡ 4100 ᠲᠦᠮᠨ ᠤᠷᠴᠢᠮ ᠲᠦᠭᠦᠷᠢᠭ ᠪᠠᠭᠤᠯᠭᠠᠵᠤ᠂ ᠨᠡᠶᠢᠳᠡ 11900 ᠬᠦᠮᠦᠨ ︵ᠤᠳᠠᠭ᠎ᠠ︶ ᠳᠤ ᠠᠰᠢᠭ ᠬᠦᠷᠳᠡᠭᠡᠭᠰᠡᠨ ᠤ ᠬᠠᠮᠳᠤ ᠮᠠᠯᠵᠢᠬᠤ ᠲᠠᠷᠢᠶᠠᠯᠠᠬᠤ ᠤᠷᠤᠨ ᠤ ᠲᠤᠤᠷ᠎ᠠ ᠤᠷᠤᠯᠭ᠎ᠠ ᠲᠠᠢ 8867 ᠡᠷᠦᠭᠡ ᠳᠤ ᠡᠪᠦᠯ ᠤᠨ ᠲᠦᠯᠡᠰᠢᠨ ᠤ ᠨᠦᠬᠦᠪᠦᠷᠢ ᠪᠠᠷ 532 ᠲᠦᠮᠡᠨ ᠲᠦᠭᠦᠷᠢᠭ ᠲᠤᠰᠠᠯᠠᠪᠠ᠃ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠠᠬᠢᠭᠤᠯᠤᠨ᠂ ᠭᠠᠵᠠᠷ ᠤᠨ ᠲᠡᠰ ᠤᠨ ᠤᠳᠤᠷᠢᠳᠤᠯᠭ᠎ᠠ ᠶᠠᠳᠠᠭᠤ ᠬᠦᠴᠢᠷᠳᠠᠢ ᠭᠠᠴᠠᠭ᠎ᠠ ᠲᠤᠰᠬᠤᠨ ᠲᠠᠢ ᠬᠠᠷᠢᠯᠴᠠᠬᠤ ᠲᠦᠷᠢᠮ ᠢ ᠬᠡᠷᠡᠭᠵᠢᠭᠦᠯᠵᠦ᠂ ᠡᠯ᠎ᠡ ᠲᠦᠷᠦᠯ  ᠤᠨ ᠶᠠᠳᠠᠭᠤ ᠶᠢ ᠲᠡᠳᠬᠦᠬᠦ ᠲᠦᠰᠦᠯ ᠤᠨ ᠪᠡᠯᠡ ᠮᠦᠩᠭᠦ ᠶᠢ ᠨᠢᠭᠡᠳᠭᠡᠭᠰᠡᠨ ᠪᠦᠭᠡᠳ ᠲᠠᠩᠰᠠ ᠡᠪᠬᠡᠮᠡᠯ ᠪᠠᠶᠢᠭᠤᠯᠬᠤ ᠠᠵᠢᠯ  ᠢ ᠦᠷᠨᠢᠭᠦᠯᠦᠨ᠂ ︽ᠭᠤᠷᠪᠠ ᠶᠢ ᠲᠤᠰᠬᠤᠨ ᠳᠤ ᠪᠠᠭᠤᠯᠭᠠᠵᠤ ᠭᠤᠷᠪᠠ ᠶᠢ ᠡᠷᠦᠬᠡ ᠳᠤ ᠪᠠᠭᠤᠯᠭᠠᠬᠤ︾ ᠪᠤᠳᠤᠯᠭ᠎ᠠ ᠶᠢ ᠬᠡᠷᠡᠭᠵᠢᠭᠦᠯᠵᠦ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠶᠠᠳᠠᠭᠤ ᠶᠢ ᠲᠤᠰᠠᠯᠠᠬᠤ ᠵᠢᠭᠡᠯᠡᠯᠭᠡ 9258 ᠲᠦᠮᠡᠨ ᠲᠦᠭᠦᠷᠢᠭ ᠪᠠᠭᠤᠯᠭᠠᠵᠤ᠂ 12000 ᠬᠦᠮᠦᠨ ᠢ ᠶᠠᠳᠠᠭᠤ ᠪᠠᠶᠢᠳᠠᠯ ᠠᠴᠠ ᠨᠢ ᠰᠠᠯᠭᠠᠪᠠ᠃ ᠦᠨᠳᠦᠰᠦᠳᠡᠨ ᠤ ᠠᠵᠤ ᠠᠬᠤᠢ ᠶᠢ ᠬᠦᠭᠵᠢᠭᠦᠯᠬᠦ ᠡᠭᠦᠳᠡᠨ ᠠᠴᠠ ᠴᠦᠭᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠲᠦᠰᠦᠯ ᠤᠨ ᠪᠡᠯᠡ ᠮᠦᠩᠭᠦ ᠶᠢ 200 ᠲᠦᠮᠡᠨ ᠲᠦᠭᠦᠷᠢᠭ ᠨᠠᠶᠢᠳᠠᠪᠤᠷᠢᠵᠢᠭᠤᠯᠪᠠ᠃ ᠤᠷᠤᠨ ᠰᠠᠭᠤᠴᠠ ᠶᠢᠨ ᠨᠦᠬᠦᠴᠡᠯ ᠢ ᠴᠢᠷᠮᠠᠶᠢᠨ ᠰᠠᠶᠢᠵᠢᠷᠠᠭᠤᠯᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ ᠨᠢᠳᠤᠨᠤᠨ 126 ᠢᠵᠢ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠪᠠ 300 ᠢᠵᠢ ᠬᠢᠮᠳᠠ ᠲᠦᠷᠢᠶᠡᠰᠦᠨ ᠤᠷᠤᠨ ᠰᠠᠭᠤᠴᠠ ᠶᠢ ᠪᠠᠶᠢᠭᠤᠯᠪᠠ᠃         ︵ᠲᠦᠷᠪᠡ︶ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ ᠪᠠᠶᠢᠳᠠᠯ ᠲᠤᠬᠳᠠᠭᠤᠨ ᠪᠠᠶᠢᠨ᠎ᠠ         ᠰᠤᠶᠤᠯ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠂ ᠨᠡᠶᠢᠳᠡ 1.8 ᠳ᠋ᠦᠩᠰᠢᠭᠤᠷ ᠭᠠᠷᠤᠢ ᠲᠦᠭᠦᠷᠢᠭ ᠤᠨ ᠪᠡᠯᠡ ᠤᠷᠤᠭᠤᠯᠵᠤ ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠬᠢᠵᠢᠭ ᠢ ᠰᠡᠷᠭᠡᠶᠢᠯᠡᠬᠦ ᠲᠦᠪ ᠤᠨ ᠶᠡᠷᠦᠩᠬᠡᠶᠢᠯᠡᠭᠰᠡᠨ ᠠᠰᠠᠷ ᠪᠠ ᠬᠤᠶᠠᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ ᠠᠰᠢᠬᠯᠠᠯᠳᠠ ᠳᠤ ᠤᠷᠤᠭᠤᠯᠪᠠ᠃ ᠮᠤᠩᠭᠤᠯ ᠳᠤᠮᠳᠠᠳᠤ ᠰᠤᠷᠭᠠᠭᠤᠯᠢ ᠪᠤᠯᠤᠨ ᠬᠤᠰᠢᠭᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠶᠠᠳᠤᠭᠠᠷ ᠪᠠᠭ᠎ᠠ ᠰᠤᠷᠭᠠᠭᠤᠯᠢ ᠪᠤᠯᠤᠨ ᠪᠤᠷᠤᠬᠤᠳᠠ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠵᠢᠴᠢ ᠱᠠᠩᠳᠤ ᠪᠠᠯᠭᠠᠰᠤᠨ ᠤ ᠬᠤᠶᠠᠷ ᠬᠡᠤᠬᠡᠳ ᠤᠨ ᠴᠡᠴᠡᠷᠯᠢᠭ᠂ ᠰᠠᠩ ᠤᠨ ᠲᠠᠯᠠᠢ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠪᠠᠶᠢᠷᠢ ᠵᠡᠷᠭᠡ ᠶᠢ ᠪᠦᠬᠦᠨ ᠢ ᠪᠠᠶᠢᠭᠤᠯᠵᠤ ᠲᠠᠭᠤᠰᠬᠠᠬᠰᠠᠨ ᠤ ᠬᠠᠮᠳᠤ ᠪᠦᠬᠦ ᠬᠤᠰᠢᠭᠤᠨ ᠤ ᠡᠯ᠎ᠡ ᠰᠤᠷᠭᠠᠭᠤᠯᠢ ᠤᠳ ᠤᠨ ᠬᠢᠮᠡᠯ ᠬᠦᠷᠦᠰᠦ ᠲᠠᠢ ᠲᠠᠮᠢᠷ ᠤᠨ ᠲᠠᠯᠠᠪᠠᠢ ᠶᠢ ᠪᠦᠬᠦᠨ ᠢ ᠠᠰᠢᠬᠯᠠᠯᠳᠠ ᠳᠤ ᠤᠷᠤᠭᠤᠯᠪᠠ᠃ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ᠂ ᠰᠤᠶᠤᠯ ᠲᠠᠮᠢᠷ ᠤᠨ ᠲᠦᠪ ᠤᠷᠳᠤᠨ ᠵᠢᠴᠢ ᠠᠵᠢᠯᠴᠢᠨ ᠤ ᠡᠪᠯᠡᠯ ᠤᠨ ᠰᠤᠶᠤᠯ ᠤᠨ ᠬᠦᠳᠦᠯᠪᠤᠷᠢ ᠠᠵᠢᠯᠯᠠᠭᠠᠨ ᠤ ᠰᠠᠭᠤᠷᠢᠨ ᠭᠠᠵᠠᠷ ᠤᠨ ᠪᠠᠶᠢᠭᠤᠯᠤᠯᠳᠠ ᠲᠠᠭᠤᠰᠴᠤ ᠤᠳᠠᠯ ᠦᠭᠡᠢ ᠠᠰᠢᠬᠯᠠᠯᠳᠠ ᠳᠤ ᠤᠷᠤᠬᠤ ᠪᠠᠷ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ  ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠡᠮ ᠲᠠᠩ ᠢ ᠬᠠᠮᠢᠶᠠᠷᠬᠤ ᠦᠨᠳᠦᠰᠦᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠬᠰᠠᠨ ᠪᠦᠭᠡᠳ ᠡᠮᠴᠢ ᠪᠤᠯᠤᠨ ᠡᠪᠡᠳᠴᠢᠳᠡᠨ ᠤ ᠬᠤᠭᠤᠷᠤᠨᠳᠤᠬᠢ ᠨᠠᠶᠢᠷᠰᠠᠭ ᠬᠠᠷᠢᠴᠠᠭ᠎ᠠ ᠶᠢ ᠴᠢᠷᠮᠠᠶᠢᠨ ᠪᠠᠶᠢᠭᠤᠯᠵᠤ᠂ ᠡᠮᠴᠢᠯᠡᠭᠡᠨ ᠤ ᠠᠵᠢᠯᠳᠠᠳ ᠤᠨ ᠲᠤᠬᠠᠶᠢᠯᠠᠬᠰᠠᠨ ᠠᠵᠢᠯ ᠤᠨ ᠴᠢᠳᠠᠪᠤᠷᠢ ᠶᠢ ᠲᠡᠭᠡᠭᠰᠢᠯᠡᠭᠦᠯᠦᠭᠰᠡᠨ  ᠢᠶᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠲᠦᠷᠢᠮ ᠲᠤᠬᠳᠠᠯᠴᠠᠭ᠎ᠠ ᠶᠢ ᠲᠡᠭᠦᠯᠳᠡᠷᠵᠢᠭᠦᠯᠦᠭᠰᠡᠨ ᠤ ᠤᠯᠠᠮ ᠢᠶᠠᠷ ᠵᠢᠭᠠᠨ ᠰᠤᠷᠭᠠᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠨ᠂ ᠰᠤᠷᠤᠬᠴᠢᠳ ᠤᠨ ᠪᠢᠴᠢᠭ ᠨᠤᠮ ᠳᠤ ᠰᠢᠮᠳᠠᠬᠤ ᠤᠷᠮ᠎ᠠ ᠵᠤᠷᠢᠭ ᠬᠦᠭᠵᠢᠵᠦ᠂ ᠮᠤᠩᠭᠤᠯ ᠲᠤᠮᠳᠠᠳᠤ ᠰᠤᠷᠭᠠᠭᠤᠯᠢ᠂ ᠮᠤᠩᠭᠤᠯ ᠪᠠᠭ᠎ᠠ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠨᠢ ᠪᠦᠬᠦ ᠠᠶᠢᠮᠠᠭ ᠤᠨ ᠨᠠᠷᠢᠯᠢᠭᠵᠢᠭᠰᠠᠨ ᠬᠠᠮᠢᠶᠠᠷᠤᠯᠳᠠ ᠶᠢᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ  ᠪᠠᠷ ᠦᠨᠡᠯᠡᠭᠳᠡᠪᠡ︔ ᠬᠤᠰᠢᠭᠤ ᠦᠨᠳᠦᠰᠦᠳᠡᠨ ᠤ ᠶᠡᠷᠤᠩᠬᠡᠶᠢᠯᠡᠭᠰᠡᠨ ᠲᠡᠭᠡᠳᠦ ᠲᠤᠮᠳᠠᠳᠤ ᠰᠤᠷᠭᠠᠭᠤᠯᠢ ᠶᠢ ᠲᠡᠭᠡᠳᠦ ᠲᠡᠰ  ᠤᠨ ᠲᠤᠮᠳᠠᠳᠤ ᠰᠤᠷᠭᠠᠭᠤᠯᠢ ᠭᠡᠵᠦ ᠨᠡᠷ᠎ᠡ ᠬᠠᠯᠠᠬᠰᠠᠨ ᠪᠦᠭᠡᠳ ᠪᠤᠱᠤᠤᠳᠠᠢ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠭᠡᠰᠡᠨ ᠲᠠᠪᠬᠤᠷ ᠨᠡᠷᠡᠶᠢᠳᠤᠯ ᠤᠯᠭᠤᠪᠠ᠃ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠭᠠᠳᠠᠬᠰᠢ ᠶᠠᠪᠤᠬᠰᠠᠨ ᠰᠤᠷᠤᠬᠴᠢᠳ  ᠤᠨ ᠪᠤᠴᠠᠨ ᠢᠷᠡᠵᠦ ᠰᠤᠷᠤᠯᠴᠠᠵᠤ ᠪᠠᠶᠢᠭ᠎ᠠ ᠲᠤᠭ᠎ᠠ ᠤᠶᠢᠷ᠎ᠠ ᠶᠢᠨ ᠠᠷᠪᠠᠨ ᠵᠢᠯ ᠤᠨ ᠬᠠᠮᠤᠭ ᠦᠨᠳᠦᠷ ᠬᠡᠮᠵᠢᠶᠡᠨ ᠳᠤ ᠬᠦᠷᠪᠡ᠃ ᠰᠤᠶᠤᠯ ᠤᠨ ᠠᠵᠤ ᠦᠢᠯᠡᠰ ᠦᠷᠨᠢᠭᠦᠨ ᠬᠦᠭᠵᠢᠵᠦ᠂ ᠲᠠᠪᠤᠳᠤᠭᠠᠷ ᠬᠤᠭᠤᠴᠠᠭᠠᠨ ᠤ ︽ᠲᠤᠮᠳᠠᠳᠤ ᠤᠯᠤᠰ᠂ ᠶᠤᠸᠠᠨ ᠤ ᠲᠡᠭᠡᠳᠦ ᠨᠡᠶᠢᠰᠯᠡᠯ︾ ᠰᠤᠶᠤᠯ ᠵᠢᠭᠤᠯᠴᠢᠯᠠᠯ ᠤᠨ ᠨᠠᠶᠢᠷ᠂ ︽ᠶᠤᠸᠠᠨ ᠤ ᠲᠡᠤᠬᠡ︾ ᠶᠢ ᠮᠤᠩᠭᠤᠯ ᠬᠡᠯᠡᠨ ᠳᠤ ᠤᠷᠴᠢᠭᠤᠯᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠵᠡᠷᠭᠡ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭ᠎ᠠ ᠨᠤᠭᠤᠳ  ᠢ ᠠᠮᠵᠢᠯᠳᠠ ᠲᠠᠢ ᠡᠷᠬᠢᠯᠡᠨ ᠶᠠᠪᠤᠬᠳᠠᠭᠤᠯᠤᠬᠰᠠᠨ ᠪᠦᠭᠡᠳ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠴᠦ ᠤᠯᠠᠮ ᠨᠢᠭᠡ ᠠᠯᠬᠤᠮ ᠲᠦᠷᠢᠮᠵᠢᠪᠡ᠃ ᠠᠷᠠᠳ ᠤᠨ ᠵᠡᠪᠰᠡᠭᠳᠦ ᠬᠦᠴᠦᠨ ᠤ ᠲᠠᠶᠢᠴᠢᠯᠠᠯᠳᠠ ᠶᠢᠨ ᠠᠵᠢᠯ ᠪᠤᠯᠤᠨ ᠤᠯᠤᠰ  ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠠᠵᠢᠯ ᠢ ᠢᠳᠡᠪᠬᠢᠳᠠᠢ ᠲᠡᠮᠵᠢᠪᠡ᠃ ᠠᠷᠠᠳ ᠤᠨ ᠠᠭᠠᠷ ᠤᠨ ᠰᠡᠷᠭᠡᠶᠢᠯᠡᠯᠳᠡ᠂ ᠭᠠᠯ ᠰᠡᠷᠭᠡᠶᠢᠯᠡᠬᠦ ᠡᠩᠨᠡᠭᠡᠨ ᠤ ᠪᠠᠶᠢᠭᠤᠯᠤᠯᠳᠠ ᠰᠢᠨ᠎ᠡ ᠠᠬᠢᠯᠳᠠ ᠲᠠᠢ ᠪᠤᠯᠵᠤ᠂ ᠦᠨᠳᠦᠰᠦᠳᠡᠨ ᠱᠠᠰᠢᠨ ᠰᠤᠷᠳᠠᠬᠤᠨ᠂ ᠲᠦᠯᠦᠪᠯᠡᠭᠡᠳᠦ ᠦᠷᠡᠵᠢᠯ᠂ ᠪᠦᠬᠦ ᠠᠷᠠᠳ ᠤᠨ ᠪᠡᠶ᠎ᠡ ᠴᠢᠬᠢᠷᠠᠬᠵᠢᠯ᠂ ᠡᠮᠡᠭᠳᠠᠶᠢᠴᠤᠳ ᠪᠤᠯᠤᠨ ᠬᠡᠤᠬᠡᠳ ᠪᠠᠭᠠᠴᠤᠳ ᠵᠢᠴᠢ ᠨᠠᠰᠤᠳᠠᠶᠢᠴᠤᠳ ᠵᠡᠷᠭᠡ ᠡᠯ᠎ᠡ ᠲᠠᠯ᠎ᠠ ᠶᠢᠨ ᠠᠵᠢᠯ ᠴᠦ ᠴᠦᠮ ᠶᠡᠬᠡᠬᠡᠨ ᠰᠠᠶᠢᠵᠢᠷᠠᠪᠠ᠃ ᠭᠠᠵᠠᠷ ᠰᠢᠷᠤᠢ  ᠶᠢᠨ ᠬᠢᠨᠠᠨ ᠪᠠᠶᠢᠴᠠᠭᠠᠯᠳᠠ᠂ ᠴᠠᠭ ᠠᠭᠤᠷ ᠤᠨ ᠤᠷᠢᠳᠴᠢᠯᠠᠬᠰᠠᠨ ᠰᠡᠷᠭᠡᠶᠢᠯᠡᠯᠳᠡ᠂ ᠤᠷᠴᠢᠨ ᠲᠤᠭᠤᠷᠢᠨ ᠤ ᠬᠢᠨᠠᠨ ᠬᠡᠮᠵᠢᠯᠳᠡ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠪᠤᠳᠠᠰ ᠤᠨ ᠦᠨ᠎ᠡ ᠶᠢᠨ ᠬᠢᠨᠠᠨ ᠬᠠᠮᠢᠶᠠᠷᠤᠯᠳᠠ᠂ ᠠᠮᠤ ᠪᠤᠳᠠᠭᠠᠨ ᠤ ᠨᠦᠭᠡᠴᠡ ᠵᠡᠷᠭᠡ ᠠᠵᠢᠯ ᠤᠯᠠᠮ ᠨᠢᠭᠡ ᠠᠯᠬᠤᠮ ᠴᠢᠩᠭᠠᠷᠠᠪᠠ᠃ 135 ᠵᠦᠷᠢᠴᠡᠯ ᠮᠦᠷᠭᠦᠯᠳᠦᠭᠡᠨ ᠲᠠᠢ ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ 97 ᠠᠰᠠᠭᠤᠳᠠᠯ ᠢ ᠵᠤᠬᠢᠴᠠᠭᠤᠯᠵᠤ ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ 72% ᠲᠤ ᠬᠦᠷᠴᠠᠢ᠃ ᠠᠮᠤᠷ ᠲᠦᠪᠰᠢᠨ ᠰᠢᠯᠤᠭᠤᠨ ᠬᠦᠬᠡ ᠶᠢ ᠪᠦᠳᠦᠭᠡᠨ ᠪᠠᠶᠢᠭᠤᠯᠬᠤ ᠠᠵᠢᠯ ᠢ ᠠᠬᠢᠭᠤᠯᠤᠨ᠂ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠭᠰᠡᠨ ᠢᠶᠠᠷ ᠬᠡᠷᠡᠭ ᠤᠨ ᠲᠤᠭ᠎ᠠ ᠢᠯᠡᠳᠳᠡ ᠴᠦᠬᠡᠷᠡᠨ᠂ ᠨᠡᠶᠢᠭᠡᠮ ᠤᠨ ᠬᠠᠨᠳᠤᠰᠢ ᠶᠡᠷᠦᠩᠬᠡᠢ ᠳᠤ ᠪᠠᠨ ᠲᠤᠬᠳᠠᠭᠤᠨ ᠪᠠᠶᠢᠬᠤ ᠶᠢ ᠪᠠᠳᠤᠯᠠᠪᠠ᠃         ︵ᠲᠠᠪᠤ︶ ᠲᠤᠰ ᠪᠡᠶ᠎ᠡ ᠶᠢᠨ ᠪᠦᠳᠦᠭᠡᠨ ᠪᠠᠶᠢᠭᠤᠯᠤᠳᠠ ᠰᠢᠨ᠎ᠡ ᠠᠬᠢᠯᠳᠠ ᠲᠠᠢ ᠪᠤᠯᠪᠠ         ᠲᠦᠪ ᠤᠨ ᠨᠠᠢᠮᠠᠨ ᠵᠤᠷᠪᠤᠰ ᠲᠤᠬᠳᠠᠭᠠᠯ᠂ ᠦᠪᠡᠷᠳᠡᠭᠡᠨ ᠵᠠᠰᠠᠬᠤ ᠤᠷᠤᠨ ᠤ 28 ᠵᠤᠷᠪᠤᠰ ᠲᠤᠬᠳᠠᠭᠠᠯ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠦᠷᠢᠮ ᠲᠤᠬᠳᠠᠭᠠᠯ ᠤᠳ ᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠦ᠂ ︽ᠲᠦᠷᠪᠡᠨ ᠰᠤᠷᠳᠠᠯ︾ ᠲᠠᠢ ᠬᠤᠯᠪᠤᠬᠳᠠᠬᠰᠠᠨ ᠲᠤᠪᠤᠶᠢᠮ᠎ᠠ ᠠᠰᠠᠭᠤᠳᠠᠯ ᠢ ᠵᠤᠷᠢᠬᠳᠠᠢ ᠢᠯᠡᠷᠡᠭᠦᠯᠦᠨ᠂ ᠰᠢᠯᠳᠠᠭᠠᠨ ᠢ ᠨᠢ ᠵᠠᠳᠠᠯᠵᠤ᠂ ᠨᠠᠮᠴᠢ ᠴᠢᠨᠠᠷ ᠤᠨ ᠬᠦᠮᠦᠵᠢᠯ ᠢ ᠡᠷᠴᠢᠮᠳᠠᠢ ᠦᠷᠨᠢᠭᠦᠯᠦᠭᠰᠡᠨ ᠢᠶᠠᠷ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠪᠤᠷ ᠰᠤᠷᠳᠠᠯ ᠢᠯᠡᠳᠳᠡ ᠰᠠᠶᠢᠵᠢᠷᠠᠪᠠ᠃ ︽ᠬᠤᠶᠠᠷ ᠲᠦᠰᠦᠪ ᠨᠢᠭᠡ ᠲᠦᠯᠦᠪᠯᠡᠭᠡ︾ ᠶᠢ ᠲᠤᠬᠳᠠᠭᠠᠨ᠂ ᠬᠤᠷᠠᠯ ᠴᠤᠬᠯᠠᠭ᠎ᠠ ᠪᠢᠴᠢᠭ ᠮᠠᠲ᠋ᠧᠷᠢᠶᠠᠯ ᠠᠷᠪᠢᠳᠬᠤ᠂ ᠠᠯᠪᠠᠨ ᠪᠠᠶᠢᠭᠤᠯᠭ᠎ᠠ ᠳᠤ ︽ᠪᠤᠱᠤᠭ᠎ᠠ ᠶᠢ ᠨᠢ ᠠᠯᠬᠤᠬᠤ ᠳᠤ ᠬᠦᠴᠢᠷ᠂ ᠴᠢᠷᠠᠢ ᠶᠢ ᠨᠢ ᠬᠠᠷᠠᠬᠤ ᠳᠤ ᠮᠠᠭᠤᠬᠠᠢ᠂ ᠶᠠᠪᠤᠳᠠᠯ ᠤᠴᠢᠷ ᠢᠶᠠᠨ ᠪᠦᠳᠦᠭᠡᠬᠦ ᠳᠤ ᠪᠡᠷᠬᠡ︾ ᠪᠠᠶᠢᠳᠠᠯ ᠤᠷᠤᠰᠢᠬᠤ᠂ ᠠᠯᠪᠠᠨ  ᠤ ᠵᠤᠭᠤᠰ ᠢ ᠵᠠᠷᠤᠬᠤ᠂ ᠠᠯᠪᠠᠨ ᠤ ᠭᠡᠷ ᠲᠡᠷᠭᠡ ᠶᠢ ᠪᠠᠷᠢᠮᠵᠢᠶ᠎ᠠ ᠠᠴᠠ ᠬᠡᠳᠦᠷᠡᠭᠦᠯᠵᠦ ᠬᠡᠷᠡᠭᠯᠡᠬᠦ ᠵᠡᠷᠭᠡ ᠠᠰᠠᠭᠤᠳᠠᠯ ᠪᠠ ︽ᠭᠤᠷᠪᠠᠨ ᠲᠦᠷᠦᠯ ᠤᠨ ᠠᠯᠪᠠᠨ ᠵᠠᠷᠤᠳᠠᠯ︾ ᠤᠨ ᠬᠡᠷᠡᠭᠯᠡᠭᠡ᠂ ᠲᠦᠷᠢ ᠲᠦᠷᠬᠦ ᠶᠢᠨ ᠢᠨᠵᠧᠨᠧᠷᠢᠩ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠵᠢᠴᠢ ᠲᠦᠪ ᠪᠤᠰᠤ ᠰᠤᠷᠳᠠᠯ ᠵᠡᠷᠭᠡ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠵᠤᠷᠪᠤᠰ ᠲᠠᠷᠠᠭᠠᠯᠠᠨ ᠬᠠᠯᠠᠨ ᠰᠠᠶᠢᠵᠢᠷᠠᠭᠤᠯᠪᠠ᠃ ᠵᠠᠰᠠᠭ ᠤᠨ ᠤᠷᠳᠤᠨ ᠠᠴᠠ ᠡᠷᠬᠢᠯᠡᠬᠦ ᠬᠤᠷᠠᠯ ᠪᠠ ᠪᠠᠭᠤᠯᠭᠠᠬᠤ ᠪᠢᠴᠢᠭ ᠮᠠᠲ᠋ᠧᠷᠢᠶᠠᠯ ᠤᠨ ᠲᠤᠭ᠎ᠠ ᠶᠢ ᠲᠤᠰ ᠲᠤᠰ 9% ᠪᠠᠷ ᠪᠠᠭᠠᠰᠬᠠᠵᠤ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠨ ᠭᠡᠷ ᠪᠠ ᠠᠯᠪᠠᠨ ᠤ ᠮᠠᠰᠢᠨ ᠢ ᠪᠦᠬᠦᠨ ᠢ ᠬᠠᠰᠤᠵᠤ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠢ ᠪᠠᠭᠠᠰᠬᠠᠪᠠ᠃ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ ᠢ ᠴᠢᠩᠭᠠᠳᠬᠠᠨ᠂ ᠺᠠᠳ᠋ᠷ ᠤᠯᠠᠨ ᠲᠦᠮᠡᠨ ᠤ ᠬᠠᠤᠯᠢ ᠴᠠᠭᠠᠵᠠ ᠶᠢᠨ ᠲᠠᠨᠢᠯᠳᠠ ᠪᠠ ᠬᠠᠤᠯᠢ ᠪᠠᠷ ᠵᠠᠰᠠᠬᠤ ᠤᠶᠢᠯᠠᠭᠠᠯᠳᠠ ᠤᠬᠠᠮᠰᠠᠷ ᠢᠯᠡᠳᠳᠡ ᠲᠡᠭᠡᠭᠰᠢᠯᠡᠪᠡ᠃ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠡᠬᠢᠯᠡᠨ ᠶᠠᠪᠤᠬᠳᠠᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠤᠳ ᠢ ᠪᠦᠬᠦᠨ ᠢ ᠪᠠᠶᠢᠴᠠᠭᠠᠵᠤ᠂ ᠨᠡᠶᠢᠳᠡ 91 ᠵᠤᠷᠪᠤᠰ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠦᠯ ᠢ ᠬᠦᠴᠦᠨ ᠦᠭᠡᠢ ᠪᠤᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠦᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂108 ᠬᠤᠪᠢ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ 96 ᠬᠤᠪᠢ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠤᠷᠠᠳᠤᠯᠭ᠎ᠠ ᠶᠢ ᠰᠢᠢᠳᠪᠦᠷᠢᠯᠡᠨ᠂ ᠬᠠᠷᠢᠭᠤᠯᠵᠤ ᠰᠢᠢᠳᠪᠦᠷᠢᠯᠡᠭᠰᠡᠨ ᠨᠤᠷᠮ᠎ᠠ 100 % ᠳᠤ ᠬᠦᠷᠴᠠᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠡᠷᠴᠢᠮᠵᠢᠭᠦᠯᠦᠨ᠂ ᠵᠠᠰᠠᠭ ᠤᠨ ᠤᠷᠳᠤᠨ ᠤ ᠠᠯᠪᠠᠨ ᠶᠤᠰᠤᠨ ᠤ ᠰᠦᠯᠵᠢᠶᠡᠨ ᠲᠡᠭᠡᠷ᠎ᠡ 1200 ᠭᠠᠷᠤᠢ ᠬᠤᠪᠢ ᠵᠠᠰᠠᠭ ᠤᠨ ᠶᠠᠪᠤᠳᠠᠯ ᠤᠨ ᠮᠡᠳᠡᠭᠡ ᠨᠡᠶᠢᠳᠡᠯᠡᠪᠡ᠃ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠦᠯᠢᠶᠡᠨ ᠠᠪᠤᠬᠰᠠᠨ 4.8 ᠲᠦᠮᠡᠨ ᠬᠤᠪᠢ ᠬᠡᠷᠡᠭ ᠤᠴᠢᠷ ᠤᠨ 90 % ᠠᠴᠠ ᠲᠡᠭᠡᠭᠰᠢᠬᠢ ᠶᠢ ᠦᠢᠯᠡᠴᠢᠯᠡᠭᠡᠨ ᠤ ᠲᠢᠩᠬᠢᠮ ᠳᠤ ᠨᠢᠭᠡ ᠲᠤᠤᠷ᠎ᠠ ᠰᠢᠢᠳᠪᠦᠷᠢᠯᠡᠵᠦ ᠦᠭᠭᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠪᠠᠶᠢᠴᠠᠭᠠᠯᠳᠠ ᠬᠢᠬᠦ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠨᠡᠶᠢᠭᠡᠮ ᠠᠴᠠ ᠬᠢᠨᠠᠯᠳᠠ ᠲᠠᠯᠪᠢᠬᠤ ᠠᠵᠢᠯ ᠢ ᠴᠢᠩᠭᠠᠳᠬᠠᠨ᠂ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠲᠠᠰᠤᠷᠠᠯᠳᠠ ᠦᠭᠡᠢ ᠭᠦᠨᠵᠡᠭᠡᠶᠢᠷᠡᠪᠡ᠃         ᠲᠦᠯᠦᠭᠡᠯᠡᠭᠴᠢᠳ ᠡ᠂ 2014 ᠤᠨ ᠳᠤ ᠪᠢᠳᠡ ᠬᠢᠯᠪᠡᠷ ᠪᠤᠰᠤ ᠠᠮᠵᠢᠯᠳᠠ ᠶᠢ ᠲᠡᠮᠡᠴᠡᠨ ᠤᠯᠤᠬᠰᠠᠨ ᠶᠤᠮ᠃ ᠡᠨᠡᠬᠦ ᠠᠮᠵᠢᠯᠳᠠ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠴᠢᠩᠭ᠎ᠠ ᠬᠢᠨᠠᠯᠳᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠦᠴᠦᠳᠠᠢ ᠲᠡᠮᠵᠢᠯᠭᠡ ᠪᠠᠷ ᠤᠯᠵᠤ ᠢᠷᠡᠭᠰᠡᠨ ᠠᠮᠵᠢᠯᠳᠠ ᠪᠤᠯᠬᠤ ᠶᠤᠮ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠲᠦᠯᠦᠭᠡᠯᠡᠭᠴᠢᠳ ᠲᠤ ᠪᠠᠨ᠂ ᠬᠡᠰᠢᠭᠦᠳ ᠲᠤ ᠪᠠᠨ᠂ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ ᠬᠦᠳᠡᠯᠮᠦᠷᠢᠯᠡᠵᠦ ᠪᠠᠶᠢᠭ᠎ᠠ ᠨᠦᠬᠦᠳ ᠤᠳ ᠲᠤ ᠪᠠᠨ᠂ ᠮᠦᠨᠴᠦ ᠮᠠᠨ ᠤ ᠰᠢᠯᠤᠭᠤᠨ ᠬᠦᠬᠡ ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ  ᠶᠢ ᠬᠠᠯᠠᠮᠵᠢᠯᠠᠨ ᠲᠡᠮᠵᠢᠵᠦ ᠪᠠᠶᠢᠭ᠎ᠠ ᠪᠦᠬᠦᠶᠢᠯᠡ ᠬᠠᠯᠠᠭᠤᠨ ᠰᠡᠳᠬᠢᠯᠳᠦ ᠬᠦᠮᠦᠰ ᠲᠤ ᠴᠢᠩ ᠰᠡᠳᠬᠢᠯ ᠤᠨ ᠲᠠᠯᠠᠷᠬᠠᠯ ᠲᠡᠪᠰᠢᠭᠦᠯᠵᠦ ᠪᠠᠶᠢᠨ᠎ᠠ︕         ᠪᠢᠳᠡ ᠠᠮᠵᠢᠯᠳᠠ ᠪᠠᠨ ᠨᠤᠳᠠᠯᠠᠬᠤ ᠶᠢᠨ ᠬᠠᠮᠳᠤ ᠠᠵᠤ ᠠᠬᠤᠢ ᠨᠡᠶᠢᠭᠡᠮ ᠤᠨ ᠬᠦᠭᠵᠢᠯᠳᠡ ᠲᠤᠮᠳᠠ ᠪᠠᠰᠠ ᠤᠯᠠᠨ ᠤᠯᠠᠨ ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠭ᠎ᠠ ᠭᠡᠳᠡᠭ ᠢ ᠰᠡᠷᠭᠡᠭ ᠢᠶᠠᠷ ᠤᠯᠵᠤ ᠲᠠᠨᠢᠬᠤ ᠴᠢᠬᠤᠯᠠᠳᠠᠢ᠃ ᠨᠢᠭᠡ ᠳᠤ᠂ ᠬᠦᠭᠵᠢᠭᠰᠡᠨ ᠬᠤᠰᠢᠭᠤ ᠰᠢᠶᠠᠨ ᠲᠠᠢ ᠬᠠᠷᠢᠴᠠᠭᠤᠯᠪᠠᠯ ᠮᠠᠨ ᠤ ᠬᠤᠰᠢᠭᠤ ᠨᠢ ᠠᠵᠤ ᠦᠢᠯᠡᠰ ᠤᠨ ᠬᠡᠪᠴᠢᠶ᠎ᠡ᠂ ᠦᠨᠳᠦᠰᠦᠨ ᠨᠦᠬᠦᠴᠡᠯ᠂ ᠠᠷᠠᠳ ᠤᠯᠠᠨ ᠤ ᠠᠮᠢᠳᠤᠷᠠᠯ ᠤᠨ ᠨᠦᠬᠦᠴᠡᠯ ᠵᠡᠷᠭᠡ ᠲᠠᠯ᠎ᠠ ᠪᠠᠷ ᠮᠦᠨ ᠯᠡ ᠪᠠᠭ᠎ᠠ ᠪᠤᠰᠤ ᠵᠦᠷᠢᠶ᠎ᠡ ᠤᠷᠤᠰᠢᠵᠤ᠂ ᠲᠡᠳᠡᠨ ᠢ ᠨᠡᠬᠡᠨ ᠬᠦᠢᠴᠡᠬᠦ ᠳᠤ ᠪᠠᠰᠠ ᠵᠤᠬᠢᠬᠤ ᠴᠠᠭ ᠬᠤᠭᠤᠴᠠᠭ᠎ᠠ ᠬᠡᠷᠡᠭᠰᠡᠬᠦ ᠪᠤᠯᠤᠨ᠎ᠠ︔ ᠬᠤᠶᠠᠷ  ᠲᠤ᠂ ᠤᠳᠤᠬᠠᠨ ᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠮᠦᠨ᠎ᠡ ᠲᠤᠯᠭᠠᠷᠠᠵᠤ ᠪᠠᠶᠢᠭ᠎ᠠ ᠬᠢᠵᠠᠭᠠᠷᠳᠠᠮᠠᠯ ᠬᠦᠴᠦᠨ ᠵᠦᠢᠯ ᠢ ᠤᠬᠤᠷᠬᠠᠨ ᠬᠤᠭᠤᠴᠠᠭᠠᠨ ᠳᠤ ᠠᠷᠢᠯᠭᠠᠵᠤ ᠲᠡᠶᠢᠯᠬᠦ ᠦᠭᠡᠢ ᠶᠢᠨ ᠲᠡᠭᠡᠷ᠎ᠡ ᠭᠠᠳᠠᠭᠠᠳᠤ ᠬᠦᠭᠵᠢᠯᠳᠡ ᠶᠢᠨ ᠤᠷᠴᠢᠨ ᠴᠠᠭ ᠢᠮᠠᠬᠳᠠ ᠬᠤᠪᠢᠷᠠᠵᠤ᠂ ᠡᠭᠦᠨ ᠤ ᠤᠯᠠᠮ ᠢᠶᠠᠷ ᠨᠡᠶᠢᠭᠡᠮ ᠤᠨ ᠪᠦᠳᠦᠴᠡ ᠶᠢᠨ ᠬᠤᠭᠤᠷᠤᠨᠳᠤᠬᠢ ᠲᠠᠯᠳᠠ ᠵᠦᠷᠢᠴᠡᠯ ᠢᠮᠠᠬᠳᠠ ᠢᠯᠡᠷᠡᠭᠰᠡᠭᠡᠷ ᠪᠤᠢ᠃ ᠭᠤᠷᠪᠠ ᠳᠤ᠂ ᠪᠦᠬᠦᠶᠢᠯᠡ ᠠᠵᠤ ᠠᠬᠤᠢ ᠶᠢᠨ ᠬᠦᠭᠵᠢᠯ ᠤᠨ ᠲᠦᠪᠰᠢᠨ ᠤᠷᠤᠭᠤᠳᠠᠬᠤ ᠪᠠᠶᠢᠳᠠᠯ ᠳᠤ ᠤᠷᠤᠵᠤ᠂ ᠵᠠᠬ᠎ᠠ ᠲᠡᠯᠭᠡᠭᠦᠷ ᠤᠨ ᠬᠡᠷᠡᠭᠴᠡᠭᠡ ᠶᠢ ᠬᠠᠩᠭᠠᠬᠤ ᠬᠦᠳᠡᠯᠭᠡᠬᠦ ᠬᠦᠴᠦᠨ ᠬᠦᠷᠦᠯᠴᠡᠬᠦ ᠦᠭᠡᠢ᠂ ᠲᠦᠰᠦᠯ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠬᠤᠮᠰᠠᠳᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠬᠤᠷᠴᠠᠳᠤᠨ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠪᠠᠳᠤᠯᠠᠭ᠎ᠠ ᠳᠤ ᠲᠠᠯᠳᠠ ᠲᠦᠭᠰᠢᠭᠦᠷᠢ ᠲᠤᠯᠭᠠᠷᠠᠵᠤ ᠪᠠᠶᠢᠬᠤ ᠪᠦᠭᠡᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠰᠡᠬᠦ ᠪᠡᠯᠡ ᠮᠦᠩᠬᠦ ᠲᠤᠳᠠᠬᠳᠠᠵᠤ ᠪᠠᠶᠢᠨ᠎ᠠ᠃ ᠲᠦᠷᠪᠡ ᠳᠤ᠂ ︽ᠲᠦᠷᠪᠡᠨ ᠰᠤᠷᠳᠠᠯ︾ ᠤᠨ ᠠᠰᠠᠭᠤᠳᠠᠯ ᠮᠦᠨ ᠯᠡ ᠤᠷᠤᠰᠢᠵᠦ ᠪᠠᠶᠢᠬᠤ ᠪᠦᠭᠡᠳ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠬᠳᠠᠬᠰᠠᠨ ᠲᠤᠩ ᠤᠯᠠᠨ ᠠᠰᠠᠭᠤᠳᠠᠯ ᠪᠠ ᠤᠯᠠᠨ ᠲᠦᠮᠡᠨ ᠲᠠᠢ ᠬᠠᠷᠢᠯᠴᠠᠵᠦ ᠲᠡᠳᠡᠨ ᠳᠤ ᠦᠢᠯᠡᠴᠢᠯᠡᠬᠦ ︽ᠰᠡᠭᠦᠯᠴᠢ  ᠶᠢᠨ ᠨᠢᠭᠡ ᠠᠯᠬᠤᠮ︾ ᠤᠨ ᠠᠰᠠᠭᠤᠳᠠᠯ ᠢ ᠴᠤ ᠲᠤᠤᠱᠳᠠᠢ ᠰᠢᠢᠤᠪᠦᠷᠢᠯᠡᠭᠡᠳᠦᠢ ᠪᠠᠶᠢᠵᠤ᠂ ᠰᠤᠷᠳᠠᠯ ᠴᠡᠭᠴᠡᠯᠡᠬᠦ ᠡᠭᠦᠷᠭᠡ ᠮᠠᠰᠢ ᠬᠦᠨᠳᠦ᠂ ᠵᠠᠮ ᠪᠠᠰᠠ ᠬᠤᠯᠠ ᠪᠠᠶᠢᠬᠰᠠᠭᠠᠷ᠃ ᠡᠶᠢᠮᠦ ᠠᠴᠠ ᠪᠢᠳᠡ ᠡᠳᠡᠭᠡᠷ ᠢ ᠦᠭᠡᠷᠡᠴᠢᠯᠡᠬᠦ ᠠᠷᠭ᠎ᠠ ᠪᠤᠳᠤᠯᠭ᠎ᠠ ᠪᠠᠨ ᠲᠡᠭᠦᠯᠳᠡᠷᠵᠢᠭᠦᠯᠵᠦ᠂ ᠰᠠᠶᠢᠳᠤᠷ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃        ᠬᠤᠶᠠᠷ᠂ 2015 ᠤᠨ ᠤ ᠭᠤᠤᠯ ᠠᠵᠢᠯ ᠡᠭᠦᠷᠭᠡ        ᠡᠨᠡ ᠵᠢᠯ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠵᠠᠩᠬᠢᠯᠭ᠎ᠠ ᠶᠢᠨ ᠵᠢᠯ ᠮᠦᠨ︔ ᠪᠠᠰᠠᠴᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠰᠡᠭᠦᠯᠴᠢ ᠶᠢᠨ ᠨᠢᠭᠡ ᠵᠢᠯ ᠪᠤᠯᠬᠤ ᠪᠦᠭᠡᠳ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠶᠢᠨ ᠠᠩᠬᠠᠨ ᠤ ᠵᠢᠯ ᠪᠤᠯᠵᠤ ᠪᠠᠶᠢᠭ᠎ᠠ ᠶᠤᠮ᠃ ᠪᠢᠳᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ ᠤᠳᠤᠬᠠᠨ ᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠳᠠᠳᠤ ᠪᠠᠶᠢᠳᠠᠯ ᠢᠶᠠᠷ ᠢᠶᠠᠨ ᠦᠨᠳᠦᠰᠦ ᠪᠤᠯᠭᠠᠵᠤ᠂ ᠰᠢᠨᠵᠢᠯᠡᠬᠦ ᠤᠬᠠᠭᠠᠨᠴᠢ ᠪᠠᠷ ᠬᠦᠭᠵᠢᠯᠳᠡ ᠶᠢ ᠲᠦᠯᠦᠪᠯᠡᠨ᠂ ᠠᠰᠠᠭᠤᠳᠠᠯ ᠳᠤ ᠢᠳᠡᠪᠬᠢᠳᠠᠢ ᠬᠠᠨᠳᠤᠵᠤ᠂ ᠡᠯ᠎ᠡ ᠲᠦᠷᠦᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠠᠳᠬᠤᠬᠤ ᠴᠢᠬᠤᠯᠠᠳᠠᠢ᠃        ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠪᠤᠯᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠦᠬᠦ ᠬᠡᠰᠢᠭᠦᠳ ᠤᠨ ᠦᠷᠭᠡᠳᠭᠡᠭᠰᠡᠨ ᠬᠤᠷᠠᠯᠳᠤᠭᠠᠨ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ︽8337︾ ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠢᠮᠠᠭ ᠤᠨ ᠨᠠᠮ ᠤᠨ ᠬᠤᠷᠢᠶᠠᠨ ᠤ ︽ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠬᠦ ᠲᠤᠯᠤᠭᠠᠨ ᠱᠠᠭᠠᠷᠳᠠᠯᠭ᠎ᠠ︾ ᠶᠢᠨ ᠦᠨᠳᠦᠰᠦᠨ ᠪᠠᠶᠢᠷᠢᠯᠠᠭᠤᠯᠤᠯᠳᠠ ᠶᠤᠰᠤᠭᠠᠷ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠢᠳᠡᠪᠬᠢᠳᠠᠢ ᠵᠤᠬᠢᠴᠠᠨ᠂ ᠲᠤᠬᠳᠠᠭᠤᠨ ᠤ ᠲᠤᠮᠳᠠ ᠤᠷᠤᠬᠰᠢᠯᠠᠬᠤ ᠦᠨᠳᠦᠰᠦᠨ ᠬᠡᠮᠨᠡᠯ ᠢ ᠪᠠᠷᠢᠮᠳᠠᠯᠠᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠪᠠᠷ ᠬᠦᠳᠡᠯᠬᠡᠭᠦ ᠬᠦᠴᠦᠨ ᠪᠤᠯᠭᠠᠨ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠵᠤ᠂ ᠬᠡᠪ ᠰᠤᠷᠳᠠᠯ ᠢ ᠦᠷᠭᠦᠯᠵᠢᠯᠡᠨ ᠦᠭᠡᠷᠡᠴᠢᠯᠡᠬᠦ ᠪᠠᠷ ᠪᠠᠳᠤᠯᠠᠭ᠎ᠠ ᠪᠤᠯᠭᠠᠨ᠂ ᠦᠭᠡᠷᠡᠴᠢᠯᠡᠯᠳᠡ ᠶᠢ ᠴᠢᠩᠭ᠎ᠠ ᠠᠳᠬᠤᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠬᠡᠨ᠂ ᠪᠦᠳᠦᠭᠡᠯᠴᠢ ᠬᠦᠴᠦᠨ ᠢ ᠴᠢᠬᠤᠯᠠᠴᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠩᠭᠠᠳᠬᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠳᠤᠯᠠᠨ᠎ᠠ᠃ ︽ᠬᠦᠭᠵᠢᠯᠳᠡ ᠶᠢ ᠦᠷᠭᠦᠯᠵᠢᠯᠡᠭᠦᠯᠬᠦ᠂ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ᠂ ᠬᠦᠭᠵᠢᠯᠳᠡ ᠶᠢ ᠵᠤᠬᠢᠴᠠᠭᠤᠯᠬᠤ᠂ ᠡᠶ᠎ᠡ ᠨᠠᠶᠢᠷᠠᠮᠳᠠᠭᠤ ᠬᠦᠭᠵᠢᠬᠦ︾ ᠠᠵᠢᠯ ᠤᠨ ᠱᠠᠭᠠᠷᠳᠠᠯᠭ᠎ᠠ ᠶᠤᠰᠤᠭᠠᠷ ︽ᠵᠢᠷᠭᠤᠭᠠᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠪᠤᠯᠤᠨ ︽ᠵᠠᠭᠤᠨ ᠳ᠋ᠦᠩᠰᠢᠭᠤᠷ  ᠤᠨ ᠲᠦᠷᠪᠡᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠠᠵᠤ ᠠᠬᠤᠢ ᠶᠢᠨ ᠡᠷᠡᠭᠦᠯ ᠲᠤᠬᠳᠠᠪᠤᠷᠢᠳᠠᠢ ᠬᠦᠭᠵᠢᠯᠳᠡ ᠪᠤᠯᠤᠨ ᠨᠡᠶᠢᠭᠡᠮ ᠤᠨ ᠨᠠᠶᠢᠷᠰᠠᠭ ᠲᠤᠬᠳᠠᠭᠤᠨ ᠪᠠᠶᠢᠳᠠᠯ ᠢ ᠲᠦᠯᠬᠢᠨ ᠠᠬᠢᠭᠤᠯᠤᠨ᠎ᠠ᠃        ᠭᠤᠤᠯ ᠲᠦᠰᠦᠪᠯᠡᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 74.3 ᠳ᠋ᠦᠩᠰᠢᠭᠤᠷ ᠲᠦᠭᠦᠷᠢᠭ ᠲᠤ ᠬᠦᠷᠭᠡᠵᠦ᠂ 9.6% ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ  ᠤᠨ ᠨᠡᠮᠡᠭᠳᠡᠯ ᠦᠷᠳᠡᠭ ᠢ 7.1 ᠳ᠋ᠦᠩᠰᠢᠭᠤᠷ ᠲᠦᠭᠦᠷᠢᠭ ᠲᠤ ᠬᠦᠷᠭᠡᠵᠦ᠂ 5.7% ᠪᠠᠷ ᠨᠡᠮᠡᠭᠳᠡᠭᠦᠯᠦᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 52.4 ᠳ᠋ᠦᠩᠰᠢᠭᠤᠷ ᠲᠦᠭᠦᠷᠢᠭ ᠲᠤ ᠬᠦᠷᠭᠡᠨ᠂ 10.7% ᠪᠠᠷ ᠨᠡᠮᠡᠭᠳᠡᠭᠦᠯᠵᠦ ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 14.8 ᠳ᠋ᠦᠩᠰᠢᠭᠤᠷ ᠲᠦᠭᠦᠷᠢᠭ ᠲᠤ ᠬᠦᠷᠭᠡᠨ᠂ 9.2%  ᠢᠶᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 52.2 ᠳ᠋ᠦᠩᠰᠢᠭᠤᠷ ᠲᠦᠭᠦᠷᠢᠭ ᠲᠤ ᠬᠦᠷᠭᠡᠨ᠂ 15 % ᠪᠠᠷ ᠨᠡᠮᠡᠭᠳᠡᠭᠦᠯᠵᠦ᠂ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 13.35 ᠳ᠋ᠦᠩᠰᠢᠭᠤᠷ ᠲᠦᠭᠦᠷᠢᠭ ᠲᠤ ᠬᠦᠷᠭᠡᠵᠦ᠂ 5. % ᠪᠠᠷ ᠨᠡᠮᠡᠭᠳᠡᠭᠦᠯᠦᠨ᠎ᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.05 ᠳ᠋ᠦᠩᠰᠢᠭᠤᠷ ᠲᠦᠭᠦᠷᠢᠭ ᠲᠤ ᠬᠦᠷᠭᠡᠵᠦ᠂ 7% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ ᠢ 12.7 ᠳ᠋ᠦᠩᠰᠢᠭᠤᠷ ᠲᠦᠭᠦᠷᠢᠭ ᠲᠤ ᠬᠦᠷᠭᠡᠨ᠂ 11% ᠪᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠤᠨ ᠪᠦᠷᠢ ᠶᠢᠨ ᠲᠡᠭᠰᠢᠳᠭᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 30597 ᠲᠦᠭᠦᠷᠢᠭ ᠲᠤ ᠬᠦᠷᠭᠡᠵᠦ᠂ 10.5% ᠪᠠᠷ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 14298 ᠲᠦᠭᠦᠷᠢᠭ ᠲᠤ ᠬᠦᠷᠭᠡᠵᠦ᠂ 12.9 % ᠪᠠᠷ ᠨᠡᠮᠡᠭᠳᠡᠭᠦᠯᠦᠨ᠎ᠡ᠃ᠲᠡᠭᠡᠷ᠎ᠡ ᠲᠤᠷᠠᠳᠤᠬᠰᠠᠨ ᠬᠠᠷᠠᠯᠳᠠ ᠡᠭᠦᠷᠭᠡ ᠪᠤᠯ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠪᠤᠯᠤᠨ ᠰᠠᠶᠢᠨ ᠮᠠᠭᠤ ᠬᠦᠴᠦᠨ ᠵᠦᠢᠯ ᠤᠨ ᠨᠦᠯᠦᠭᠡᠯᠡᠯ ᠢ ᠬᠦᠢᠴᠡᠳ ᠪᠤᠳᠤᠯᠬᠢᠯᠠᠬᠰᠠᠨ ᠤ ᠲᠠᠷᠠᠭ᠎ᠠ ᠲᠤᠷᠠᠳᠤᠨ ᠭᠠᠷᠭᠠᠬᠰᠠᠨ ᠰᠢᠢᠳᠪᠦᠷᠢᠳᠦ ᠪᠤᠳᠤᠯᠭ᠎ᠠ ᠪᠤᠯᠬᠤ ᠶᠤᠮ᠃ ᠡᠳᠡᠭᠡᠷ ᠬᠠᠷᠠᠯᠳᠠ ᠡᠭᠦᠷᠭᠡ ᠨᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠬᠤᠪᠢᠷᠭᠠᠬᠤ ᠬᠤᠭᠤᠴᠠᠭ᠎ᠠ᠂ ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ ᠬᠠᠮᠤᠭ ᠪᠡᠷᠬᠡᠰᠢᠶᠡᠯ ᠲᠠᠢ ᠬᠤᠭᠤᠴᠠᠭ᠎ᠠ᠂ ᠢᠳᠡᠪᠬᠢᠵᠢᠭᠦᠯᠬᠦ ᠪᠤᠳᠤᠯᠭ᠎ᠠ ᠪᠠᠨ ᠨᠠᠶᠢᠳᠠᠪᠤᠷᠢᠵᠢᠭᠤᠯᠬᠤ ᠬᠤᠭᠤᠴᠠᠭ᠎ᠠ ᠵᠡᠷᠭᠡ ᠭᠤᠷᠪᠠᠨ ᠵᠠᠩᠬᠢᠯᠭ᠎ᠠ ᠶᠢᠨ ᠦᠶ᠎ᠡ ᠳᠤ ᠤᠷᠤᠬᠰᠠᠨ ᠤ ᠲᠠᠷᠠᠭᠠᠬᠢ ᠦᠷᠭᠦᠯᠵᠢᠯᠡᠭᠰᠡᠨ ᠬᠦᠭᠵᠢᠯᠳᠡ ᠶᠢᠨ ᠪᠤᠰᠤᠳᠴᠢ ᠱᠠᠭᠠᠷᠳᠠᠯᠭ᠎ᠠ ᠶᠢ ᠲᠤᠰᠬᠠᠵᠤ ᠪᠠᠶᠢᠭ᠎ᠠ ᠶᠤᠮ᠃ ᠪᠢᠳᠡᠨ ᠤ ᠬᠠᠷᠠᠯᠳᠠ ᠬᠦᠰᠡᠯ ᠢᠳᠡᠭᠡᠯ ᠢᠶᠠᠷ ᠲᠦᠭᠦᠷᠡᠩ ᠪᠠᠶᠢᠨ᠎ᠠ᠃ ᠬᠠᠷᠢᠨ ᠡᠭᠦᠨ ᠢ ᠪᠡᠶᠡᠯᠡᠭᠦᠯᠬᠦ ᠳᠤ ᠬᠠᠳᠠᠭᠤᠵᠢᠯᠳᠠᠢ ᠴᠢᠷᠮᠠᠶᠢᠯᠭ᠎ᠠ ᠴᠢᠬᠤᠯᠠᠳᠠᠢ᠃ ᠡᠶᠢᠮᠦ ᠠᠴᠠ ᠪᠢᠳᠡ ᠤᠬᠠᠮᠰᠠᠷ᠂ ᠲᠠᠨᠢᠯᠳᠠ ᠪᠤᠯᠤᠨ ᠠᠷᠭ᠎ᠠ ᠰᠡᠳᠬᠢᠴᠡ ᠶᠢᠨ ᠲᠠᠯ᠎ᠠ ᠲᠡᠭᠡᠷ᠎ᠡ ᠴᠦᠮ ︽ᠲᠤᠬᠳᠠᠭᠤᠨ︾ ᠢᠶᠠᠷ ᠰᠠᠭᠤᠷᠢ ᠪᠤᠯᠭᠠᠵᠤ᠂ ᠲᠤᠬᠳᠠᠭᠤᠨ ᠤ ᠲᠤᠮᠳᠠ ᠨᠡᠮᠡᠭᠳᠡᠯ ᠢ ᠪᠠᠳᠤᠯᠠᠵᠤ᠂ ᠲᠤᠬᠳᠠᠭᠤᠨ ᠤ ᠲᠤᠮᠳᠠ ᠦᠷ᠎ᠡ ᠠᠰᠢᠭ ᠡᠭᠦᠳᠬᠦ ᠪᠠᠷ ᠪᠠᠷᠠᠬᠤ ᠦᠭᠡᠢ ︽ᠤᠷᠤᠬᠰᠢᠯᠠᠯᠳᠠ︾ ᠶᠢ ᠪᠠᠰᠠ ᠴᠢᠬᠤᠯᠠᠴᠢᠯᠠᠨ᠂ ᠤᠷᠤᠬᠰᠢᠯᠠᠯᠳᠠ  ᠶᠢᠨ ᠲᠤᠮᠳᠠ ᠰᠢᠨ᠎ᠡ ᠵᠠᠮ ᠨᠡᠭᠡᠭᠡᠵᠦ᠂ ᠰᠢᠨ᠎ᠡ ᠬᠦᠭᠵᠢᠯᠳᠡ ᠶᠢ ᠡᠷᠢᠯᠬᠢᠯᠡᠬᠦ ᠬᠡᠷᠡᠭᠳᠠᠢ᠃         ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢ ᠰᠢᠨᠵᠢᠯᠡᠬᠦ ᠤᠬᠠᠭᠠᠨᠴᠢ ᠪᠠᠷ ᠲᠤᠭᠤᠷᠪᠢᠵᠦ᠂ ᠬᠦᠭᠵᠢᠯᠳᠡ ᠶᠢᠨ ᠬᠠᠷᠠᠯᠳᠠ ᠪᠠᠨ ᠵᠤᠬᠢᠰᠳᠠᠢ ᠲᠤᠬᠢᠷᠠᠭᠤᠯᠤᠭᠰᠠᠨ ᠰᠠᠭᠤᠷᠢᠨ ᠲᠡᠭᠡᠷ᠎ᠡ᠂ ᠦᠨᠦ ᠵᠢᠯ ᠲᠤᠤᠷᠠᠬᠢ ᠨᠠᠢᠮᠠᠨ ᠵᠦᠢᠯ ᠤᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃         ︵ᠨᠢᠬᠡ︶ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠬᠦᠴᠦᠯᠡᠨ ᠬᠦᠭᠵᠢᠬᠦᠯᠵᠦ᠂ ᠠᠮᠢ ᠠᠬᠤᠢ  ᠶᠢᠨ ᠬᠠᠯᠬᠠᠪᠴᠢ ᠶᠢ ᠪᠦᠳᠦᠬᠡᠨ ᠪᠠᠶᠢᠭᠤᠯᠤᠨ᠎ᠠ         ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠳᠡ ᠶᠢ ᠲᠦᠯᠬᠢᠨ ᠠᠬᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠶᠠᠰᠤ ᠴᠢᠨᠡᠷ ᠪᠠ ᠦᠷ᠎ᠡ ᠠᠰᠢᠭ ᠢ ᠲᠡᠭᠡᠭᠰᠢᠯᠡᠬᠦᠯᠦᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠦᠨ᠎ᠡ᠃ ᠦᠷ᠎ᠡ ᠠᠰᠢᠭ ᠢᠶᠠᠷ ᠦᠨᠳᠦᠷ ᠮᠠᠯ ᠠᠵᠤ ᠠᠬᠤᠢ ᠶᠢ ᠬᠦᠴᠦᠯᠡᠨ ᠬᠦᠭᠵᠢᠬᠦᠯᠵᠦ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠮᠠᠯᠵᠢᠬᠤ ᠭᠤᠷᠪᠠᠨ ᠲᠤᠮᠤ ᠠᠵᠦ ᠦᠢᠯᠡᠰ ᠢᠶᠠᠷ ᠲᠤᠯᠭᠠᠭᠤᠷᠢ ᠪᠤᠯᠭᠠᠨ᠂ ᠭᠤᠤᠯᠳᠠᠯᠭ᠎ᠠ ᠲᠠᠢ ᠲᠡᠮᠵᠢᠵᠦ᠂ ᠲᠦᠷᠦᠯ ᠬᠤᠪᠢᠶᠠᠨ ᠨᠠᠶᠢᠳᠠᠪᠤᠷᠢᠵᠢᠭᠤᠯᠵᠦ᠂ ᠪᠡᠯᠴᠢᠬᠡᠷᠯᠡᠬᠦᠯᠬᠦ ᠶᠢ ᠵᠤᠭᠰᠤᠭᠠᠭᠰᠠᠨ ᠤᠷᠤᠨ ᠳᠤ ︽ᠠᠵᠤ ᠠᠬᠤᠶᠢᠯᠠᠯ — ᠬᠤᠷᠰᠢᠶᠠᠵᠢᠯ — ᠮᠠᠯᠴᠢᠨ ᠲᠠᠷᠢᠶᠠᠴᠢᠨ ᠡᠷᠦᠬᠡ︾ ᠬᠠᠮᠳᠤᠷᠠᠭᠰᠠᠨ ᠡᠵᠡᠩᠨᠡᠯᠳᠡ ᠶᠢᠨ ᠬᠡᠯᠪᠡᠷᠢ ᠶᠢ ᠲᠦᠬᠡᠮᠡᠯᠵᠢᠯᠡᠬᠦᠯᠦᠨ᠂ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠳᠤ ᠬᠤᠳᠠ ᠪᠠᠷ ᠨᠢᠬᠡᠴᠡ ᠪᠤᠯᠭᠠᠨ ᠡᠷᠦᠬᠡ ᠬᠤᠯᠪᠤᠭᠠᠯᠠᠭᠰᠠᠨ ᠡᠵᠡᠩᠨᠡᠯᠳᠡ ᠶᠢᠨ ᠬᠡᠯᠪᠡᠷᠢ ᠶᠢ ᠠᠪᠴᠤ᠂ ᠮᠢᠬᠠᠨ ᠤ ᠦᠬᠡᠷ ᠮᠠᠯᠵᠢᠬᠤ ᠬᠡᠷ ᠪᠦᠯᠢ ᠶᠢᠨ ᠮᠠᠯᠵᠢᠯ ᠤᠨ ᠲᠠᠯᠠᠪᠠᠢ 50᠂ ᠮᠢᠬᠠᠨ ᠤ ᠬᠤᠨᠢ ᠮᠠᠯᠵᠢᠬᠤ ᠬᠡᠷ ᠪᠦᠯᠢ ᠶᠢᠨ ᠮᠠᠯᠵᠢᠯ ᠤᠨ ᠲᠠᠯᠠᠪᠠᠢ 15 ᠶᠢ ᠰᠢᠨ᠎ᠠ ᠪᠠᠷ ᠪᠠᠶᠢᠭᠤᠯᠵᠦ᠂ ᠰᠠᠭᠠᠯᠢ ᠶᠢᠨ ᠦᠨᠢᠶᠠᠨ ᠤ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ 8 ᠶᠢ ᠰᠢᠨ᠎ᠠ ᠪᠠᠷ ᠪᠠᠶᠢᠭᠤᠯᠤᠨ᠂ 5 ᠶᠢ ᠦᠷᠭᠡᠳᠬᠡᠨ ᠪᠠᠶᠢᠭᠤᠯᠤᠨ᠎ᠠ᠃ ᠡᠨᠡ ᠵᠢᠯ 30 ᠰᠢᠮᠧᠨ᠋ᠲᠷ ᠦᠬᠡᠷ ᠤᠨ ᠰᠦᠷᠦᠭ᠂ 10 ᠴᠠᠬᠠᠷ ᠬᠤᠨᠢᠨ ᠤ ᠰᠦᠷᠦᠭ ᠢ ᠨᠡᠮᠡᠵᠦ ᠭᠠᠷᠭᠠᠨ᠂ ᠮᠠᠯᠵᠢᠯ ᠤᠨ ᠤᠨ ᠤ ᠮᠠᠯ ᠤᠨ ᠲᠤᠭ᠎ᠠ ᠶᠢ 70 ᠲᠦᠮᠡᠨ ᠲᠤᠯᠤᠭᠠᠢ ᠤᠷᠴᠢᠮ ᠪᠠᠶᠢᠯᠭᠠᠬᠤ ᠶᠢ ᠪᠠᠳᠤᠯᠠᠨ᠎ᠠ᠃ ᠮᠦᠨ 5 ᠲᠦᠮᠡᠨ ᠦᠬᠡᠷ᠂ 8 ᠲᠦᠮᠡᠨ ᠬᠤᠨᠢ ᠶᠢ ᠲᠡᠵᠢᠬᠡᠨ ᠪᠤᠷᠳᠤᠵᠦ ᠵᠠᠬ᠎ᠠ ᠳᠤ ᠭᠠᠷᠭᠠᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠲᠦᠰᠦᠯ ᠤᠨ ᠪᠡᠯᠡ ᠮᠦᠩᠬᠦ ᠶᠢ ᠬᠤᠷᠠᠮᠳᠤᠭᠤᠯᠤᠨ᠂ ᠨᠠᠶᠢᠳᠠ ᠲᠠᠯᠠᠪᠠᠢ ᠨᠢ 6.3 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠲᠤᠯᠠᠭᠠᠨ ᠰᠠᠷᠠᠪᠴᠢ᠂ 9.1 ᠲᠦᠮᠡᠨ ᠲᠡᠭᠰᠢ ᠲᠦᠷᠪᠡᠯᠵᠢᠨ ᠮᠧᠲᠷ ᠤᠨ ᠮᠠᠯ ᠤᠨ ᠬᠠᠰᠢᠶ᠎ᠠ ᠰᠠᠷᠠᠪᠴᠢ᠂ 0.4 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦᠨ ᠤ ᠫᠧᠩ ᠰᠠᠷᠠᠪᠴᠢ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠲᠠᠯᠠᠪᠠᠢ ᠪᠦᠬᠦᠢ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠠ ᠪᠠᠷ ᠪᠠᠶᠢᠭᠤᠯᠤᠨ᠎ᠠ︔ ᠪᠠᠭ᠎ᠠ ᠬᠡᠯᠪᠡᠷᠢ ᠶᠢᠨ ᠤᠰᠤᠯᠠᠯᠳᠠ ᠶᠢᠨ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠤ ᠲᠦᠰᠦᠯ ᠢ ᠰᠠᠶᠢᠳᠦᠷ ᠨᠠᠶᠢᠳᠠᠪᠤᠷᠢᠵᠢᠭᠤᠯᠤᠨ᠎ᠠ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ ᠠᠬᠢᠴᠠ ᠶᠢ ᠲᠦᠷᠬᠡᠳᠬᠡᠨ᠂ ᠮᠠᠯ ᠠᠵᠤ ᠠᠬᠤᠢ ᠶᠢᠨ ᠰᠢᠨᠵᠢᠯᠡᠭᠡ ᠮᠡᠷᠬᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠳᠠᠬᠢ ᠦᠬᠡᠷ ᠬᠤᠨᠢ ᠪᠤᠷᠳᠤᠨ ᠲᠠᠷᠭᠤᠯᠠᠭᠤᠯᠬᠤ ᠦᠢᠯᠡᠰ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ ᠬᠤᠷᠰᠢᠶᠠᠵᠢᠯ ᠢ ᠲᠡᠮᠵᠢᠬᠦ  ᠶᠢᠨ ᠬᠠᠮᠳᠤ ᠶᠤᠸᠠᠨ ᠵᠢᠢ ᠲᠡᠵᠢᠬᠡᠯ ᠪᠤᠷᠳᠤᠭᠠᠨ ᠤ ᠦᠢᠯᠡᠳᠪᠤᠷᠢ᠂ ᠺᠦᠨ ᠶᠤᠸᠠᠨ ᠲᠠᠢ ᠾᠧ ᠲᠦᠮᠦᠰᠦ ᠲᠠᠷᠢᠬᠤ ᠰᠠᠭᠤᠷᠢᠨ᠂ ᠱᠠᠩᠳᠤ ᠦᠬᠡᠷ ᠤᠨ ᠮᠢᠬ᠎ᠠ ᠪᠤᠯᠪᠠᠰᠤᠷᠠᠭᠤᠯᠬᠤ ᠦᠢᠯᠡᠳᠪᠤᠷᠢ᠂ ᠹᠧᠩ ᠰᠢ ᠲᠠᠷᠢᠶᠠᠯᠠᠩ ᠮᠠᠯ ᠠᠵᠤ ᠠᠬᠤᠢ ᠶᠢᠨ ᠺᠤᠮᠫᠠᠨᠢ᠂ ᠵᠢᠶᠧ ᠯᠢᠨ — ᠯᠢ ᠮᠤ᠋ ᠽᠠᠨ ᠦᠬᠡᠷ ᠮᠠᠯᠵᠢᠬᠤ ᠭᠠᠵᠠᠷ᠂ ᠠᠩᠬᠢᠰ ᠮᠢᠬᠠᠨ ᠤ ᠦᠬᠡᠷ ᠲᠡᠵᠢᠬᠡᠨ ᠪᠤᠷᠳᠤᠬᠤ ᠭᠠᠵᠠᠷ᠂ ᠳ᠋ᠠᠨᠮᠠᠷᠺ ᠤᠨ ᠪᠦᠯᠢᠶᠡᠨ ᠴᠢᠰᠦᠳᠦ ᠠᠳᠤᠭᠤ ᠶᠢ ᠦᠷᠡᠵᠢᠬᠦᠯᠬᠦ ᠰᠠᠭᠤᠷᠢᠨ ᠵᠡᠷᠬᠡ ᠲᠦᠰᠦᠯ ᠤᠳ ᠢ ᠭᠤᠤᠯᠳᠠᠯᠭ᠎ᠠ  ᠲᠠᠢ ᠲᠡᠮᠵᠢᠨ᠎ᠠ᠃ ᠨᠤᠳᠤᠭ ᠪᠡᠯᠴᠢᠬᠡᠷ ᠤᠨ ᠦᠮᠴᠢᠯᠠᠯ ᠤᠨ ᠡᠷᠬᠡ ᠪᠠ ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠨ ᠡᠵᠡᠩᠨᠡᠯᠳᠡ ᠶᠢᠨ ᠬᠡᠷᠡᠴᠢ ᠤᠯᠭᠤᠬᠤ ᠠᠵᠢᠯ ᠢ ᠰᠠᠶᠢᠳᠦᠷ ᠬᠢᠨ᠎ᠠ᠃ ᠠᠮᠢᠳᠠᠨ ᠤ ᠬᠢᠵᠢᠭ ᠬᠡᠮ ᠢ ᠰᠡᠷᠬᠡᠶᠢᠯᠡᠬᠦ ᠠᠵᠢᠯ ᠢ ᠴᠢᠩᠭᠠᠳᠬᠠᠵᠦ᠂ ᠬᠢᠵᠢᠭ ᠤᠨ ᠲᠠᠷᠢᠯᠭ᠎ᠠ ᠲᠠᠯᠪᠢᠭᠰᠠᠨ ᠨᠤᠷᠮ᠎ᠠ ᠶᠢ 100% ᠳᠤ ᠬᠦᠷᠬᠡᠨ᠎ᠡ᠃ ᠤᠯᠤᠰ ᠤᠨ ᠭᠠᠵᠠᠷ ᠤᠷᠤᠨ ᠤ ᠴᠢᠨᠡᠷᠳᠡᠢ ᠪᠦᠳᠦᠬᠡᠭᠳᠡᠬᠦᠨ ᠪᠤᠯᠤᠭᠰᠠᠨ ᠬᠤᠷᠤᠳ᠂ ᠦᠷᠦᠮ᠎ᠠ ᠶᠢ ᠤᠬᠠᠭᠤᠯᠤᠨ ᠲᠠᠨᠢᠯᠴᠠᠭᠤᠯᠬᠤ ᠵᠢᠴᠢ ᠬᠠᠮᠠᠭᠠᠯᠠᠬᠤ ᠠᠵᠢᠯ ᠢ ᠰᠠᠶᠢᠳᠦᠷ ᠬᠢᠵᠦ᠂ ᠤᠷᠤᠨ ᠨᠤᠳᠤᠭ ᠤᠨ ᠤᠯᠠᠮᠵᠢᠯᠠᠯᠳᠤ ᠤᠯᠠᠭᠠᠨ ᠢᠳᠡᠭᠡ᠂ ᠴᠠᠭᠠᠨ ᠢᠳᠡᠬᠡᠨ ᠤ ᠦᠢᠯᠡᠰ ᠤᠨ ᠬᠦᠭᠵᠢᠯᠳᠡ ᠶᠢ ᠲᠡᠮᠵᠢᠨ᠎ᠠ᠃ ᠲᠠᠷᠢᠶᠠᠴᠢᠳ ᠤᠨ ᠪᠤᠬᠢᠷᠳᠦᠯ ᠦᠬᠡᠢ ᠨᠤᠭᠤᠭ᠎ᠠ ᠵᠢᠮᠢᠰ ᠲᠠᠷᠢᠬᠤ ᠶᠢ ᠵᠤᠷᠢᠭᠵᠢᠭᠤᠯᠤᠨ᠂ ᠡᠨᠡ ᠵᠢᠯ ᠳᠤ 1 ᠠᠴᠠ 2 ᠵᠢᠱᠢᠶ᠎ᠠ ᠦᠵᠡᠬᠦᠯᠬᠦ ᠲᠤᠭᠤᠷᠢᠭ ᠭᠠᠷᠭᠠᠬᠤ ᠪᠠᠷ ᠪᠤᠢ᠃ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠪᠤᠷᠤᠯᠠᠭᠤᠯᠭ᠎ᠠ ᠶᠢᠨ ᠵᠠᠮ ᠢ ᠰᠢᠯᠤᠭᠤᠳᠬᠠᠨ᠂ ᠪᠦᠳᠦᠭᠡᠭᠳᠡᠬᠦᠨ ᠢ ᠰᠢᠯᠭᠠᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃         ︽8337︾ ᠬᠦᠭᠵᠢᠯᠳᠡ ᠶᠢᠨ ᠰᠡᠳᠬᠢᠴᠡ ᠳᠠᠬᠢ ︽ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠴᠢᠬᠤᠯᠠ ᠬᠠᠯᠬᠠᠪᠴᠢ︾ ᠶᠢ ᠪᠦᠳᠦᠬᠡᠨ ᠪᠠᠶᠢᠭᠤᠯᠬᠤ ᠶᠡᠷᠤᠩᠬᠡᠢ ᠪᠠᠶᠢᠷᠢᠯᠠᠭᠤᠯᠤᠯᠳᠠ ᠶᠤᠰᠤᠭᠠᠷ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ ᠤᠨ ᠠᠵᠢᠯ ᠢ ᠰᠠᠶᠢᠳᠦᠷ ᠠᠳᠬᠤᠵᠦ᠂ ᠠᠮᠢ ᠠᠬᠤᠢ  ᠶᠢᠨ ᠬᠠᠮᠠᠭᠠᠯᠠᠯᠳᠠ ᠶᠢᠨ ᠬᠤᠷᠢᠭᠠᠳᠤ ᠱᠤᠭᠤᠮ ᠤᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠦ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠵᠦ᠂ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ ᠲᠤ ᠠᠵᠤ ᠠᠬᠤᠢ ᠶᠢᠨ ᠲᠠᠷᠢᠮᠠᠯ ᠲᠠᠷᠢᠬᠤ ᠮᠡᠳᠦ ᠶᠢᠨ ᠲᠠᠯ᠎ᠠ ᠨᠤᠳᠤᠭ ᠤᠨ ᠠᠮᠢ ᠠᠬᠤᠢ ᠶᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠦᠬᠡ ᠲᠡᠭᠷᠢ ᠬᠦᠬᠡᠮᠳᠦᠭ ᠤᠰᠤ ᠲᠠᠢ᠂ ᠨᠤᠮᠢᠨ ᠲᠠᠯ᠎ᠠ ᠨᠤᠭᠤᠭᠠᠨ ᠵᠦᠯᠬᠡ  ᠲᠠᠢ ᠤᠷᠤᠨ ᠨᠤᠳᠤᠭ ᠢᠶᠠᠨ ᠪᠠᠶᠢᠭᠤᠯᠬᠤ ᠪᠠᠷ ᠴᠢᠷᠮᠠᠶᠢᠨ ᠲᠡᠮᠡᠴᠡᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠪᠡᠯᠴᠢᠬᠡᠷᠯᠡᠬᠦᠯᠬᠦ ᠶᠢ ᠵᠤᠭᠰᠤᠭᠠᠭᠰᠠᠨ ᠨᠦᠬᠦᠪᠦᠷᠢ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠭᠰᠠᠨ ᠨᠦᠬᠦᠪᠦᠷᠢ᠂ ᠰᠢᠯᠢᠳᠡᠭ ᠲᠡᠵᠢᠬᠡᠯ ᠡᠪᠡᠰᠦᠨ ᠤ ᠨᠦᠬᠦᠪᠦᠷᠢ ᠵᠡᠷᠬᠡ 8035 ᠲᠦᠮᠡᠨ ᠲᠦᠬᠦᠷᠢᠭ ᠤᠨ ᠨᠦᠬᠦᠪᠦᠷᠢ ᠮᠦᠩᠬᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠪᠠᠭᠤᠯᠭᠠᠬᠤ ᠶᠢ ᠪᠠᠳᠤᠯᠠᠨ᠎ᠠ᠃ ᠬᠤᠯᠠᠨ ᠰᠢᠷᠭ᠎ᠠ ᠶᠢᠨ ᠡᠯᠡᠰᠦ ᠶᠢ ᠲᠤᠭᠳᠠᠪᠤᠷᠢᠵᠢᠭᠤᠯᠬᠤ ᠠᠵᠢᠯ ᠤᠨ ᠬᠦᠴᠦᠯᠡᠴᠡ ᠪᠠᠨ ᠨᠡᠮᠡᠭᠳᠡᠬᠦᠯᠦᠨ᠂ ᠡᠯᠡᠰᠦᠨ ᠤ ᠡᠬᠢ ᠶᠢ ᠵᠠᠰᠠᠬᠤ ᠪᠠᠷ 5.9 ᠲᠦᠮᠡᠨ ᠮᠤ᠋ ᠮᠤᠳᠤ ᠲᠠᠷᠢᠵᠦ᠂ 2.36 ᠲᠦᠮᠡᠨ ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠨ ᠤᠢ ᠮᠤᠳᠤ ᠲᠠᠷᠢᠬᠤ ᠪᠤᠯᠤᠨ᠎ᠠ︔ ᠵᠠᠰᠠᠮᠠᠯ ᠵᠠᠮ ᠲᠠᠭᠠᠤ᠂ ᠬᠤᠳᠠ ᠪᠠᠯᠭᠠᠰᠤᠨ ᠤ ᠤᠶᠢᠷ᠎ᠡ ᠬᠠᠪᠢ᠂ ᠭᠠᠴᠠᠭ᠎ᠠ ᠲᠤᠰᠬᠤᠨ ᠵᠢᠴᠢ ᠦᠢᠯᠡᠳᠪᠤᠷᠢ ᠠᠭᠤᠷᠬᠠᠢ ᠵᠡᠷᠬᠡ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠳᠠ ᠶᠢᠨ ᠲᠠᠯᠠᠪᠠᠢ ᠶᠢ 3000 ᠮᠤ᠋ ᠳᠤ ᠬᠦᠷᠬᠡᠨ᠎ᠡ᠃ ᠭᠤᠤᠯ ᠤᠨ ᠤᠰᠤᠨ ᠤ ᠰᠠᠪᠠ ᠭᠠᠵᠠᠷ  ᠢ ᠵᠠᠰᠠᠨ ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠠᠵᠢᠯ ᠢ ᠰᠠᠶᠢᠨ ᠬᠢᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠤᠰᠤᠨ ᠤ ᠤᠷᠴᠢᠨ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠦᠷᠬᠦᠯᠵᠢᠯᠡᠨ ᠶᠠᠪᠤᠭᠳᠠᠭᠤᠯᠬᠤ ᠶᠢᠨ ᠬᠠᠮᠳᠤ ᠱᠠᠩᠳᠤ ᠤᠰᠤᠨ ᠴᠦᠬᠦᠷᠦᠮ ᠪᠠᠶᠢᠭᠤᠯᠬᠤ ᠪᠡᠯᠡᠳᠬᠡᠯ ᠠᠵᠢᠯ ᠢ ᠡᠨᠡ ᠵᠢᠯ ᠳᠡᠭᠡᠨ ᠲᠠᠭᠤᠰᠬᠠᠬᠤ ᠪᠠᠷ ᠴᠢᠷᠮᠠᠶᠢᠨ᠎ᠠ᠃ ᠯᠤᠸᠠᠨ ᠾᠧ ᠭᠤᠤᠯ ᠤᠨ ᠡᠬᠢ ᠪᠤᠯᠤᠭᠰᠠᠨ ᠬᠡᠶᠢᠪᠡᠩ ᠭᠤᠤᠯ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠢ ᠰᠠᠶᠢᠨ ᠬᠢᠵᠦ᠂ 3 ᠲᠦᠮᠡᠨ ᠮᠤ᠋ ᠪᠡᠯᠴᠢᠬᠡᠷ ᠢ ᠬᠦᠷᠢᠶᠡᠯᠡᠨ ᠰᠡᠷᠬᠦᠬᠡᠬᠦ ᠪᠠᠷ ᠪᠤᠢ︔ ᠨᠠᠶᠢᠳᠠ 1.5 ᠲᠦᠮᠡᠨ ᠮᠤ᠋ ᠲᠠᠯᠠᠪᠠᠢ ᠪᠦᠬᠦᠢ ᠵᠢᠵᠢᠭ ᠰᠠᠪᠠ ᠭᠠᠵᠠᠷ ᠢ ᠵᠠᠰᠠᠨ ᠡᠳᠡᠬᠡᠷᠡᠬᠦᠯᠵᠦ᠂ 2 ᠭᠠᠵᠠᠷ ᠲᠤ ᠦᠶᠡᠷ  ᠤᠨ ᠤᠰᠤ ᠶᠢ ᠰᠡᠷᠬᠡᠶᠢᠯᠡᠬᠦ ᠪᠠᠷᠢᠯᠭ᠎ᠠ ᠪᠠᠶᠢᠭᠤᠯᠤᠨ ᠠᠭᠤᠯᠠᠨ ᠦᠶᠡᠷ ᠤᠨ ᠭᠠᠮᠰᠢᠭ ᠢ ᠪᠠᠭᠠᠰᠬᠠᠬᠤ ᠪᠠᠷ ᠴᠢᠷᠮᠠᠶᠢᠨ᠎ᠠ᠃ ᠤᠶᠢᠳᠦ ᠬᠡᠬᠡᠷ᠎ᠡ ᠨᠤᠳᠤᠭ ᠤᠨ ᠭᠠᠯ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠪᠦᠬᠦ ᠵᠢᠯ ᠳᠤ ᠶᠡᠭᠡ ᠲᠤᠶᠢᠮᠡᠷ ᠭᠠᠷᠭᠠᠬᠤ ᠦᠬᠡᠢ ᠪᠠᠷ ᠴᠢᠷᠮᠠᠶᠢᠨ ᠠᠵᠢᠯᠯᠠᠨ᠎ᠠ᠃         ︵ᠬᠤᠶᠠᠷ︶ ᠠᠵᠤ ᠦᠢᠯᠡᠳᠪᠤᠷᠢ ᠶᠢᠨ ᠭᠤᠤᠯᠯᠠᠭᠴᠢ ᠪᠠᠶᠢᠷᠢ ᠰᠠᠭᠤᠷᠢ ᠶᠢ ᠪᠠᠳᠤᠯᠠᠵᠦ᠂ ᠠᠵᠤ ᠦᠢᠯᠡᠳᠪᠤᠷᠢ  ᠶᠢᠨ ᠬᠦᠭᠵᠢᠯᠳᠡ ᠶᠢᠨ ᠪᠠᠶᠢᠷᠢᠯᠠᠭᠤᠯᠤᠯᠳᠠ ᠶᠢ ᠲᠡᠬᠦᠯᠳᠡᠷᠵᠢᠬᠦᠯᠦᠨ᠎ᠠ         ︽ᠤᠯᠠᠮᠵᠢᠯᠠᠯᠳᠤ ᠠᠵᠤ ᠦᠢᠯᠡᠰ ᠢ ᠰᠢᠨᠡᠴᠢᠯᠡᠵᠦ᠂ ᠰᠢᠨ᠎ᠠ ᠠᠵᠤ ᠦᠢᠯᠡᠰ ᠢ ᠬᠡᠪᠴᠢᠶᠡᠵᠢᠬᠦᠯᠦᠨ᠂ ᠭᠤᠤᠯᠯᠠᠭᠴᠢ ᠠᠵᠤ ᠦᠢᠯᠡᠰ ᠢ ᠤᠯᠠᠨ ᠡᠰᠢᠵᠢᠬᠦᠯᠬᠦ︾ ᠱᠠᠭᠠᠷᠳᠠᠯᠭ᠎ᠠ ᠶᠤᠰᠤᠭᠠᠷ᠂ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠲᠦᠷᠬᠡᠨ ᠬᠤᠪᠢᠷᠠᠭᠤᠯᠵᠦ᠂ ᠵᠠᠬ᠎ᠠ ᠲᠡᠯᠬᠡᠬᠦᠷ ᠢ ᠴᠢᠯᠦᠬᠡᠳᠡᠢ ᠪᠤᠯᠭᠠᠨ᠂ ᠬᠠᠷᠠᠭᠠᠯᠵᠠᠯ ᠤᠨ ᠪᠤᠳᠤᠯᠭ᠎ᠠ ᠶᠢ ᠶᠠᠪᠤᠭᠤᠯᠤᠨ᠂ ᠠᠵᠤ ᠠᠬᠤᠶᠢᠯᠠᠯ ᠢ ᠬᠦᠭᠵᠢᠬᠦᠯᠦᠨ᠂ ᠡᠵᠡᠩᠨᠡᠯᠳᠡ ᠶᠢᠨ ᠠᠵᠤ ᠠᠬᠤᠶᠢᠯᠠᠯ ᠢ ᠶᠡᠷᠤᠩᠬᠡᠶᠢᠯᠡᠨ ᠲᠤᠬᠢᠷᠠᠭᠤᠯᠬᠤ ᠪᠠ ᠪᠠᠳᠤᠯᠠᠭ᠎ᠠ ᠤᠯᠭᠤᠬᠤ ᠦᠢᠯᠡᠴᠢᠯᠡᠬᠡᠨ ᠤ ᠠᠵᠢᠯ ᠢ ᠰᠠᠶᠢᠨ ᠬᠢᠵᠦ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠵᠢᠬᠡᠯᠡᠯᠬᠡ ᠤᠯᠬᠤ᠂ ᠪᠦᠳᠦᠭᠡᠭᠳᠡᠬᠦᠨ ᠢᠶᠠᠨ ᠭᠠᠳᠠᠭᠰᠢ ᠭᠠᠷᠠᠭᠠᠬᠤ᠂ ᠠᠵᠢᠯᠳᠠᠨ ᠡᠯᠰᠡᠬᠦ᠂ ᠮᠡᠷᠬᠡᠵᠢᠯ ᠤᠨ ᠦᠬᠡᠷᠡᠴᠢᠯᠡᠯᠳᠡ ᠬᠢᠬᠦ ᠵᠡᠷᠬᠡ ᠠᠰᠠᠭᠤᠳᠠᠯ ᠢ ᠬᠠᠪᠰᠤᠷᠤᠨ ᠰᠢᠢᠳᠪᠤᠷᠢᠯᠡᠵᠦ᠂ ᠲᠠᠳᠠᠨ ᠤ ᠬᠦᠭᠵᠢᠯᠳᠡ ᠳᠤ ᠰᠠᠶᠢᠨ ᠰᠠᠶᠢᠬᠠᠨ ᠤᠷᠴᠢᠨ ᠨᠦᠬᠦᠴᠡᠯ ᠬᠠᠩᠭᠠᠬᠤ ᠶᠢᠨ ᠲᠠᠭᠠᠤ ᠦᠢᠯᠡᠳᠪᠤᠷᠢᠯᠡᠯ ᠤᠷᠤᠭᠰᠢᠳᠠᠢ ᠪᠠᠶᠢᠬᠤ ᠶᠢ ᠪᠠᠳᠤᠯᠠᠨ᠎ᠠ᠃ ᠪᠦᠬᠦᠶᠢᠯᠡ ᠠᠵᠤ ᠦᠢᠯᠡᠳᠪᠤᠷᠢᠯᠡᠯ ᠤᠨ ᠨᠡᠮᠡᠯᠳᠡ ᠦᠷᠳᠡᠭ ᠢ 47.6 ᠳ᠋ᠦᠩᠰᠢᠭᠤᠷ ᠲᠦᠬᠦᠷᠢᠭ ᠲᠤ ᠬᠦᠷᠬᠡᠵᠦ᠂ ᠨᠡᠮᠡᠯᠳᠡ ᠶᠢᠨ ᠨᠤᠷᠮ᠎ᠠ ᠶᠢ 11.3% ᠳᠤ ᠬᠦᠷᠬᠡᠬᠦ ᠪᠠᠷ ᠴᠢᠷᠮᠠᠶᠢᠨ᠎ᠠ᠃ ᠡᠬᠦᠨ ᠳᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠯᠳᠡ ᠦᠷᠳᠡᠭ ᠢ 41.4 ᠳ᠋ᠦᠩᠰᠢᠭᠤᠷ ᠲᠦᠬᠦᠷᠢᠭ ᠲᠤ ᠬᠦᠷᠬᠡᠵᠦ᠂ ᠨᠡᠮᠡᠯᠳᠡ ᠶᠢᠨ ᠨᠤᠷᠮ᠎ᠠ ᠨᠢ 10.3% ᠳᠤ ᠬᠦᠷᠬᠡᠨ᠎ᠡ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠪᠦᠬᠦ ᠵᠢᠯ ᠤᠨ ᠴᠠᠬᠢᠯᠭᠠᠨ ᠭᠠᠷᠭᠠᠯᠳᠠ ᠶᠢᠨ ᠬᠡᠮᠵᠢᠶ᠎ᠠ ᠶᠢ 200 ᠳ᠋ᠦᠩᠰᠢᠭᠤᠷ ᠭᠷᠡᠳᠦ᠋ᠰ ᠲᠠᠪᠠᠭᠤᠯᠵᠦ᠂ ᠲᠦᠷᠪᠡᠳᠦᠬᠡᠷ ᠬᠤᠭᠤᠴᠠᠭᠠᠨ ᠤ ᠪᠠᠷᠢᠯᠭ᠎ᠠ ᠪᠠᠶᠢᠭᠤᠯᠤᠯᠳᠠ ᠶᠢᠨ ᠠᠵᠢᠯ ᠢ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢᠨ ᠴᠠᠬᠢᠯᠭᠠᠨ ᠡᠬᠢ ᠰᠤᠷᠪᠤᠯᠵᠢ ᠶᠢᠨ ᠲᠦᠰᠦᠪ ᠲᠤ ᠤᠷᠤᠭᠤᠯᠬᠤ ᠪᠠᠷ ᠴᠢᠷᠮᠠᠶᠢᠨ᠎ᠠ︔ ᠯᠦᠩ ᠶᠤᠸᠠᠨ᠂ ᠬᠤᠸᠠ ᠳ᠋ᠢᠶᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠰᠦᠯ ᠪᠠ ᠰᠢᠶᠧ ᠰᠢᠨ᠂ ᠲᠤᠮᠳᠠᠳᠤ ᠤᠯᠤᠰ ᠤᠨ ᠴᠠᠬᠢᠯᠭᠠᠨ ᠡᠨᠧᠷᠬᠢ ᠶᠢᠨ ᠺᠤᠮᠫᠠᠨᠢ ᠶᠢᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠰᠦᠯ᠂ ᠮᠤ᠋ ᠯᠧ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠰᠦᠯ ᠵᠡᠷᠬᠡ ᠰᠢᠨ᠎ᠠ ᠡᠨᠧᠷᠬᠢ ᠶᠢᠨ ᠲᠦᠰᠦᠯ ᠢ ᠡᠨᠡ ᠵᠢᠯ ᠪᠦᠬᠦᠨ ᠢ ᠡᠬᠢᠯᠡᠬᠦᠯᠬᠦ ᠪᠠᠷ ᠬᠦᠴᠦᠯᠡᠵᠦ᠂ ᠢᠯᠴᠢᠨ ᠬᠦᠴᠦ᠂ ᠰᠠᠯᠬᠢᠨ ᠬᠦᠴᠦ᠂ ᠨᠠᠷᠠᠨ ᠡᠨᠧᠷᠬᠢ ᠶᠢ ᠬᠠᠷᠢᠯᠴᠠᠨ ᠤᠶᠠᠯᠳᠤᠭᠤᠯᠤᠭᠰᠠᠨ ᠴᠠᠬᠢᠯᠭᠠᠨ ᠤ ᠠᠵᠤ ᠦᠢᠯᠡᠰ ᠤᠨ ᠪᠦᠳᠦᠴᠡ ᠶᠢ ᠪᠤᠢ ᠪᠤᠯᠭᠠᠨ᠎ᠠ᠃ ᠪᠦᠳᠦᠬᠡᠯᠴᠢ ᠬᠦᠴᠦᠨ ᠢ ᠵᠦᠪ ᠵᠢᠯᠤᠭᠤᠳᠤᠨ᠂ ᠤᠷᠴᠢᠯᠳᠦ ᠠᠵᠤ ᠠᠬᠤᠢ ᠶᠢ ᠬᠦᠭᠵᠢᠬᠦᠯᠦᠨ᠂ ᠡᠯᠡᠰᠦᠨ ᠤ ᠦᠢᠯᠡᠰ ᠵᠡᠷᠬᠡ ᠰᠢᠨ᠎ᠠ ᠬᠡᠯᠪᠡᠷᠢ ᠶᠢᠨ ᠪᠠᠷᠢᠯᠭ᠎ᠠ  ᠶᠢᠨ ᠮᠠᠲ᠋ᠧᠷᠢᠶᠠᠯ ᠤᠨ ᠠᠵᠤ ᠦᠢᠯᠡᠰ ᠢ ᠲᠡᠮᠵᠢᠨ᠎ᠠ᠃ ᠡᠨᠡ ᠵᠢᠯ ᠦᠪᠦᠷ ᠮᠤᠩᠭᠤᠯ ᠤᠨ ᠴᠡᠬᠢᠭᠤᠷ ᠤᠨ ᠡᠯᠡᠰᠦᠨ ᠤ ᠡᠬᠢ ᠪᠠᠶᠠᠯᠢᠭ ᠢ ᠶᠡᠷᠤᠩᠬᠡᠶᠢᠯᠡᠭᠰᠡᠨ ᠠᠰᠢᠭᠯᠠᠬᠤ ᠰᠤᠳᠤᠯᠬᠤ ᠬᠦᠷᠢᠶᠡᠯᠠᠩ ᠢ ᠪᠠᠶᠢᠭᠤᠯᠵᠦ᠂ ᠡᠯᠡᠰᠦᠨ ᠤ ᠦᠢᠯᠡᠰ ᠤᠨ ︽ᠦᠢᠯᠡᠳᠪᠤᠷᠢᠯᠡᠯ᠂ ᠪᠤᠯᠪᠠᠰᠤᠷᠠᠯ᠂ ᠰᠤᠳᠤᠯᠭ᠎ᠠ︾ ᠶᠢ ᠶᠡᠷᠤᠩᠬᠡᠶᠢᠯᠨᠨ ᠬᠦᠭᠵᠢᠬᠦᠯᠵᠦ᠂ ᠪᠤᠬᠢᠷᠳᠦᠯ ᠦᠬᠡᠢ ᠰᠢᠨ᠎ᠠ ᠬᠡᠯᠪᠡᠷᠢ  ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠢ ᠪᠦᠳᠦᠬᠡᠨ ᠪᠠᠶᠢᠭᠤᠯᠤᠨ᠎ᠠ᠃ ᠬᠤᠩ ᠵᠢᠶᠠᠩ ᠺᠤᠮᠫᠠᠨᠢ ᠶᠢ ᠬᠠᠪᠰᠤᠷᠴᠤ ᠡᠷᠳᠡ ᠨᠢᠬᠡ ᠡᠳᠦᠷ ᠦᠢᠯᠡᠳᠪᠤᠷᠢᠯᠡᠯ ᠢ ᠨᠢ ᠰᠡᠷᠬᠦᠬᠡᠨ᠎ᠡ︔ ᠴᠢᠯᠠᠭᠤᠨ ᠲᠤᠰᠤ ᠬᠠᠶᠢᠨ ᠦᠷᠦᠮᠳᠡᠬᠦ ᠲᠦᠯᠦᠪᠯᠡᠭᠡ ᠪᠠᠷ ᠡᠨᠡ ᠵᠢᠯ ᠬᠦᠴᠦᠨ ᠢᠶᠠᠨ ᠨᠡᠮᠡᠭᠳᠡᠬᠦᠯᠵᠦ᠂ ᠬᠠᠶᠢᠨ ᠰᠢᠨᠵᠢᠯᠡᠬᠡᠨ ᠤ 28 ᠰᠠᠤᠷᠢ ᠬᠤᠳᠳᠤᠭ ᠢ ᠦᠷᠦᠮᠳᠡᠵᠦ᠂ ᠲᠦᠬᠦᠬᠡᠢ ᠴᠢᠯᠠᠭᠤᠨ ᠲᠤᠰᠤᠨ ᠤ ᠭᠠᠷᠤᠯᠳᠠ ᠶᠢ 2 ᠲᠦᠮᠡᠨ ᠲᠤᠨ ᠳᠤ ᠬᠦᠷᠬᠡᠬᠦ ᠪᠠᠷ ᠪᠠᠶᠢᠨ᠎ᠠ︔ ᠪᠠᠶᠠᠠᠭᠤᠤᠯ ᠤᠨ 500 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠵᠢᠴᠢ ᠬᠠᠩᠭᠠᠢ ᠠᠴᠠ ᠪᠠᠶᠠᠠᠭᠤᠤᠯ᠂ ᠪᠠᠶᠠᠠᠭᠤᠤᠯ ᠠᠴᠠ ᠬᠦᠢᠳᠡᠨ ᠰᠢᠯᠢ ᠬᠦᠷᠳᠡᠯᠡᠬᠢ ᠴᠠᠬᠢᠯᠭᠠᠨ ᠲᠠᠮᠵᠢᠭᠤᠯᠬᠤ ᠠᠵᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠎ᠡ᠃ ᠲᠤᠮᠳᠠᠳᠤ ᠤᠯᠤᠰ ᠤᠨ ᠪᠤᠭᠤᠳᠠᠯ ᠤᠨ ᠺᠤᠮᠫᠠᠨᠢ ᠶᠢᠨ ᠰᠢᠨ᠎ᠠ ᠬᠡᠯᠪᠡᠷᠢ ᠶᠢᠨ ᠪᠤᠭᠤᠳᠠᠯ ᠤᠨ ᠮᠡᠲ᠋ᠧᠷᠢᠶᠠᠯ ᠦᠢᠯᠡᠳᠪᠤᠷᠢᠯᠡᠬᠦ ᠲᠦᠰᠦᠯ ᠢ ᠨᠠᠶᠢᠳᠠᠪᠤᠷᠢᠵᠢᠭᠤᠯᠵᠦ᠂ ᠬᠤᠸᠠ ᠶᠢ ᠰᠠᠯᠬᠢᠨ ᠬᠦᠷᠳᠦ ᠤᠭᠰᠠᠷᠠᠬᠤ ᠺᠤᠮᠫᠠᠨᠢ ᠶᠢ ᠦᠢᠯᠡᠳᠪᠤᠷᠢᠯᠡᠯ ᠡᠬᠢᠯᠡᠬᠦᠯᠦᠨ᠎ᠡ᠃ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠨᠢᠭᠤᠭᠳᠠᠮᠠᠯ ᠬᠦᠴᠦᠨ ᠢ ᠬᠠᠶᠢᠨ ᠰᠦᠪᠡᠭᠴᠢᠯᠡᠵᠦ᠂ ᠭᠤᠤᠯᠯᠠᠭᠴᠢ ᠠᠵᠤ ᠦᠢᠯᠡᠰ ᠪᠠ ᠠᠵᠤ ᠠᠬᠤᠢ ᠶᠢᠨ ᠰᠢᠨ᠎ᠠ ᠦᠰᠦᠯᠳᠡ ᠶᠢᠨ ᠴᠢᠭ ᠢ ᠪᠤᠢ ᠪᠤᠯᠭᠠᠨ᠂ ᠮᠠᠨ ᠤ ᠬᠤᠰᠢᠭᠤᠨ  ᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠪᠦᠬᠦᠯᠢ ᠴᠤᠭᠴᠠ ᠶᠢᠨ ᠬᠦᠴᠦᠨ ᠢ ᠨᠡᠮᠡᠭᠳᠡᠬᠦᠯᠦᠨ᠎ᠡ᠃ ᠾᠧ ᠡᠸ᠋ᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ᠂ ᠯᠦᠩ ᠶᠤᠸᠠᠨ ᠰᠢᠨ᠎ᠠ ᠡᠨᠧᠷᠬᠢ ᠶᠢᠨ ᠠᠵᠤ ᠠᠬᠤᠶᠢᠯᠠᠯ ᠤᠨ ᠦᠢᠯᠡᠳᠪᠤᠷᠢᠯᠡᠯ ᠢ ᠨᠢ ᠦᠷᠬᠡᠳᠬᠡᠨ ᠬᠡᠪᠴᠢᠶᠠᠵᠢᠯ ᠠᠴᠠ ᠲᠡᠭᠡᠭᠰᠢ ᠳᠤ ᠬᠦᠷᠬᠡᠨ᠎ᠡ᠃ ᠠᠵᠤ ᠦᠢᠯᠡᠳᠪᠤᠷᠢ ᠶᠢᠨ ᠲᠤᠭᠤᠷᠢᠭ  ᠢ ᠦᠪᠡᠷᠳᠡᠬᠡᠨ ᠵᠠᠰᠠᠬᠤ ᠤᠷᠤᠨ ᠤ ᠲᠡᠰ ᠤᠨ ᠤᠷᠴᠢᠯᠳᠦ ᠠᠵᠤ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠪᠤᠯᠭᠠᠨ ᠲᠡᠰ ᠲᠡᠪᠰᠢᠬᠦᠯᠬᠦ ᠰᠠᠶᠢᠨ ᠲᠤᠬᠢᠶᠠᠯ ᠢ ᠵᠡᠪᠳᠤᠵᠦ᠂ ᠬᠦᠷᠢᠶᠡᠯᠡᠩ ᠤᠨ ᠵᠠᠮ ᠱᠤᠭᠤᠮ᠂ ᠤᠰᠤ ᠲᠤᠯᠠᠭᠠᠯᠭ᠎ᠠ ᠶᠢᠨ ᠬᠠᠩᠭᠠᠯᠭ᠎ᠠ᠂ ᠪᠤᠬᠢᠷ ᠤᠰᠤ ᠭᠠᠳᠠᠭᠰᠢᠯᠠᠭᠤᠯᠬᠤ ᠲᠦᠬᠦᠬᠡᠷᠦᠮᠵᠢ ᠵᠡᠷᠬᠡ ᠲᠡᠳ᠋ ᠪᠦᠳᠦᠴᠡ ᠶᠢᠨ ᠪᠦᠳᠦᠬᠡᠨ ᠪᠠᠶᠢᠭᠤᠯᠤᠯᠳᠠ  ᠶᠢ ᠴᠢᠩᠭᠠᠳᠬᠠᠨ᠂ ᠠᠵᠤ ᠦᠢᠯᠡᠳᠪᠤᠷᠢ ᠶᠢᠨ ᠬᠦᠷᠢᠶᠡᠯᠡᠩ ᠢ ᠰᠢᠨ᠎ᠠ ᠬᠡᠯᠪᠡᠷᠢ ᠶᠢᠨ ᠠᠵᠦ ᠦᠢᠯᠡᠰ ᠲᠦᠪᠯᠡᠷᠡᠭᠰᠡᠨ ᠰᠠᠭᠤᠷᠢᠨ ᠪᠤᠯᠭᠠᠬᠤ ᠪᠠᠷ ᠲᠠᠶᠢᠴᠢᠯᠠᠨ ᠵᠢᠯᠤᠭᠤᠳᠴᠤ᠂ ᠡᠨᠡ ᠵᠢᠯ ᠤᠷᠤᠨ ᠤ ᠲᠡᠰ ᠤᠨ ᠠᠵᠤ ᠦᠢᠯᠡᠳᠪᠤᠷᠢ ᠶᠢᠨ ᠬᠦᠷᠢᠶᠡᠯᠡᠩ ᠪᠤᠯᠭᠠᠬᠤ ᠪᠠᠷ ᠡᠷᠡᠮᠡᠯᠵᠡᠯᠡᠨ᠎ᠡ᠃         ︵ᠭᠤᠷᠪᠠ︶ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠬᠠᠶᠢᠨ ᠰᠦᠪᠡᠭᠴᠢᠯᠡᠵᠦ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠢᠷᠢ ᠲᠦᠪᠰᠢᠨ ᠢ ᠠᠬᠢᠭᠤᠯᠤᠨ᠎ᠠ         ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠤᠩᠬᠡᠢ ᠰᠠᠶᠢᠳ ᠯᠢᠦ ᠶᠠᠨ ᠳ᠋ᠦᠩ ᠪᠤᠯᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠶᠦᠨ ᠭᠤᠸᠠᠩ ᠵᠦᠩ ᠨᠦᠬᠦᠷ ᠨᠢᠳᠤᠨᠤᠨ ᠮᠠᠨ ᠤ ᠬᠤᠰᠢᠭᠤᠨ ᠳᠤ ᠠᠵᠢᠯ ᠪᠠᠶᠢᠴᠠᠭᠠᠬᠤ ᠳᠠᠭᠠᠨ ᠲᠤᠷᠠᠳᠤᠭᠰᠠᠨ ᠴᠢᠬᠤᠯᠠ ᠵᠢᠭᠠᠪᠤᠷᠢ ᠶᠢᠨ ᠲᠠᠭᠠᠤ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠪᠠᠷ ᠲᠦᠪ ᠪᠤᠯᠭᠠᠵᠦ᠂ ᠰᠤᠶᠤᠯ ᠵᠢᠭᠤᠯᠴᠢᠯᠠᠯ ᠤᠨ ᠦᠢᠯᠡᠰ ᠤᠨ ᠲᠦᠷᠬᠡᠨ ᠬᠦᠭᠵᠢᠯᠳᠡ ᠶᠢ ᠪᠡᠶᠡᠯᠡᠬᠦᠯᠦᠨ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠤᠷᠳᠤᠴᠠ ᠶᠢ ᠲᠦᠷᠬᠡᠳᠬᠡᠵᠦ᠂ ᠬᠢᠷᠢ ᠲᠦᠪᠰᠢᠨ ᠢ ᠨᠢ ᠲᠡᠭᠡᠭᠰᠢᠯᠡᠬᠦᠯᠦᠨ᠎ᠡ᠃ ︽ᠰᠢᠯᠤᠭᠤᠨ ᠬᠦᠬᠡ ᠬᠤᠰᠢᠭᠤᠨ ᠤ ᠲᠡᠤᠬᠡ ᠶᠢᠨ ᠦᠯᠡᠳᠡᠭᠳᠡᠯ ᠢ ᠬᠠᠮᠠᠭᠠᠯᠠᠬᠤ ᠪᠠ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠶᠡᠷᠤᠩᠬᠡᠢ ᠲᠦᠯᠦᠪᠯᠡᠭᠡ︾ ᠶᠤᠰᠤᠭᠠᠷ ᠶᠤᠸᠠᠨ ᠤ ᠲᠡᠭᠡᠳᠦ ᠨᠠᠶᠢᠰᠯᠠᠯ ᠤᠨ ᠤᠨᠴᠠᠯᠢᠭᠳᠤ ᠰᠤᠶᠤᠯ ᠤᠨ ᠠᠵᠤ ᠦᠢᠯᠡᠰ ᠤᠨ ᠬᠤᠯᠪᠤᠭᠠᠰᠤ ᠶᠢ ᠪᠦᠷᠢᠯᠳᠦᠬᠦᠯᠵᠦ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠤᠨ᠎ᠠ᠃ ᠡᠨᠡ ᠵᠢᠯ ᠳᠤ ᠲᠡᠭᠡᠳᠦ ᠨᠠᠶᠢᠰᠯᠠᠯ ᠤᠨ ᠦᠵᠡᠮᠵᠢ ᠶᠢᠨ ᠤᠷᠤᠨ ᠢ 4A ᠲᠡᠰ ᠤᠨ ᠵᠢᠭᠤᠯᠴᠢᠯᠠᠯ ᠤᠨ ᠤᠷᠤᠨ ᠪᠤᠯᠭᠠᠨ ᠪᠦᠳᠦᠬᠡᠨ ᠪᠠᠶᠢᠭᠤᠯᠵᠦ᠂ ᠵᠢᠭᠤᠯᠴᠢᠳ ᠤᠨ ᠲᠤᠭ᠎ᠠ ᠶᠢ 60 ᠲᠦᠮᠡᠨ ᠬᠦᠮᠦᠨ ᠤᠳᠠᠭ᠎ᠠ ᠳᠤ ᠬᠦᠷᠬᠡᠬᠦ  ᠪᠠᠷ ᠴᠢᠷᠮᠠᠶᠢᠬᠤ ᠶᠢᠨ ᠬᠠᠮᠳᠤ 3 ᠵᠢᠯ ᠤᠨ ᠲᠤᠳᠤᠷ᠎ᠠ 5A ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠪᠠᠷ ᠮᠡᠷᠡᠶᠢᠨ᠎ᠠ᠃ ᠤᠬᠠᠭᠤᠯᠭ᠎ᠠ ᠰᠤᠷᠳᠠᠯᠴᠢᠯᠠᠭᠠᠨ ᠤ ᠠᠵᠢᠯ ᠢ ᠴᠢᠩᠭᠠᠳᠬᠠᠵᠦ᠂ ᠤᠬᠠᠭᠤᠯᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠲᠡᠯᠡᠬᠡᠢ ᠶᠢᠨ ᠰᠤᠶᠤᠯ ᠤᠨ ᠦᠪ ᠤᠨ ᠨᠡᠷ᠎ᠡ ᠨᠦᠯᠦᠬᠡ ᠶᠢ ᠨᠡᠮᠡᠭᠳᠡᠬᠦᠯᠦᠨ᠎ᠠ᠃ ᠤᠯᠤᠰ ᠤᠨ ᠵᠢᠭᠤᠯᠴᠢᠯᠠᠯ  ᠤᠨ ᠲᠤᠪᠴᠢᠶ᠎ᠠ᠂ ᠤᠯᠤᠰ ᠤᠨ ᠬᠦᠭᠵᠢᠯᠳᠡ ᠶᠢᠨ ᠪᠠᠩᠬᠢ ᠶᠢᠨ ︽2014 ᠤᠨ ᠤ ᠪᠦᠬᠦ ᠤᠯᠤᠰ ᠤᠨ ᠰᠢᠯᠢᠳᠡᠭ ᠵᠢᠭᠤᠯᠴᠢᠯᠠᠯ ᠤᠨ ᠲᠦᠷᠦᠯ ᠵᠦᠢᠯ ᠤᠨ ᠨᠡᠷᠡᠰ︾ ᠲᠤ ᠵᠢᠭᠰᠠᠭᠠᠭᠳᠠᠭᠰᠠᠨ᠂ ᠲᠡᠷᠡ ᠮᠦᠷᠳᠡᠬᠡᠨ ᠪᠦᠬᠦ ᠤᠷᠤᠨ ᠤ 14 ᠵᠢᠭᠤᠯᠴᠢᠯᠠᠯ ᠤᠨ ᠦᠵᠡᠮᠵᠢ ᠶᠢᠨ ᠤᠨᠴᠠᠯᠢᠭᠳᠤ ᠤᠷᠤᠨ ᠢ ᠪᠦᠳᠦᠬᠡᠨ ᠪᠠᠶᠢᠭᠤᠯᠬᠤ ᠲᠦᠰᠦᠯ ᠳᠤ ᠪᠠᠭᠳᠠᠭᠰᠠᠨ ︽ᠶᠤᠸᠠᠨ  ᠤ ᠲᠡᠭᠡᠳᠦ ᠨᠠᠶᠢᠰᠯᠠᠯ ᠤᠨ ᠪᠠᠭᠤᠷᠢ ᠶᠢᠨ ᠠᠶᠠᠯᠠᠯ ᠵᠢᠭᠤᠯᠴᠢᠯᠠᠯ ᠤᠨ ᠨᠡᠬᠡᠬᠡᠯᠳᠡ ᠶᠢᠨ ᠲᠦᠷᠦᠯ ᠵᠦᠢᠯ︾ ᠢ ᠭᠤᠤᠯᠳᠠᠯᠭ᠎ᠠ  ᠲᠠᠢ ᠠᠬᠢᠭᠤᠯᠤᠨ᠂ ᠲᠡᠭᠡᠳᠦ ᠱᠠᠳᠤᠨ ᠤ ᠵᠢᠭᠤᠯᠴᠢᠯᠠᠯ ᠤᠨ ᠰᠠᠯᠠᠭ᠎ᠠ ᠮᠦᠴᠢᠷ ᠪᠠ ᠤᠯᠤᠰ ᠤᠨ ᠬᠦᠭᠵᠢᠯᠳᠡ ᠶᠢᠨ ᠪᠠᠩᠬᠢ  ᠲᠠᠢ ᠬᠠᠷᠢᠴᠠᠵᠦ᠂ ᠡᠨᠡ ᠵᠢᠯ ᠠᠯᠢ ᠪᠤᠯᠬᠤ ᠪᠠᠷ 5 ᠳ᠋ᠦᠩᠰᠢᠭᠤᠷ ᠲᠦᠬᠦᠷᠢᠭ ᠤᠨ ᠪᠡᠯᠡ ᠬᠤᠷᠠᠮᠳᠤᠭᠤᠯᠤᠨ᠂ ᠵᠢᠭᠤᠯᠴᠢᠳ  ᠲᠤ ᠦᠢᠯᠡᠴᠢᠯᠡᠬᠦ ᠲᠦᠪ᠂ 4D ᠮᠡᠷᠬᠡᠵᠢᠯ ᠳᠤ ᠰᠠᠭᠤᠷᠢᠯᠠᠭᠰᠠᠨ ᠺᠢᠨᠤ᠋ ᠰᠢᠰᠲ᠋ᠧᠮ ᠪᠠ ᠶᠣᠸᠠᠨ ᠤ ᠲᠡᠭᠡᠳᠦ ᠨᠠᠶᠢᠰᠯᠠᠯ ᠤᠨ ᠵᠠᠭᠪᠤᠷ ᠤᠨ ᠤᠷᠳᠤᠨ ᠵᠢᠴᠢ ᠠᠦ᠋ᠲ᠋ᠤ᠋ ᠲᠠᠶᠢᠯᠪᠤᠷᠢᠯᠠᠬᠤ ᠰᠢᠰᠲ᠋ᠧᠮ ᠢ ᠠᠰᠢᠭᠯᠠᠯᠳᠠ ᠳᠤ ᠤᠷᠤᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠮᠦᠽᠸᠢ ᠶᠢ ᠡᠬᠡ ᠤᠷᠤᠨᠴᠢ ᠦᠵᠡᠯ ᠢ ᠬᠦᠮᠦᠵᠢᠬᠦᠯᠬᠦ ᠰᠠᠭᠤᠷᠢᠨ ᠪᠤᠯᠭᠠᠬᠤ ᠲᠦᠰᠦᠯ᠂ ᠶᠤᠸᠠᠨ ᠱᠠᠩ ᠲᠢᠶᠠᠨ ᠳ᠋ᠢ ᠵᠢᠭᠤᠯᠴᠢᠯᠠᠯ ᠤᠨ ᠦᠢᠯᠡᠰ ᠤᠨ ᠲᠦᠰᠦᠯ᠂ ︽ᠭᠤᠷᠪᠠᠨ ᠨᠠᠶᠢᠰᠯᠠᠯ︾ ᠢ ᠰᠤᠨᠳᠠᠯᠠᠭᠰᠠᠨ ᠵᠢᠭᠤᠯᠴᠢᠯᠠᠯ  ᠤᠨ ᠤᠯᠠᠭ᠎ᠠ ᠦᠷᠳᠡᠬᠡᠨ ᠤ ᠵᠠᠮ ᠱᠤᠭᠤᠮ ᠪᠠ ᠴᠢᠯᠦᠬᠡᠳᠦ ᠵᠢᠭᠤᠯᠴᠢᠯᠠᠯ ᠤᠨ ᠰᠠᠭᠤᠷᠢᠨ ᠪᠤᠯᠭᠠᠬᠤ ᠲᠦᠰᠦᠯ ᠢ ᠲᠦᠯᠬᠢᠨ ᠠᠬᠢᠭᠤᠯᠤᠨ᠎ᠠ︔ ᠶᠤᠸᠠᠨ ᠤ ᠲᠡᠬᠡᠳᠦ ᠨᠠᠶᠢᠰᠯᠠᠯ ᠤᠨ ᠮᠦᠽᠸᠢ ᠶᠢ ᠠᠰᠢᠭᠯᠠᠯᠳᠠ ᠳᠤ ᠤᠷᠤᠭᠤᠯᠤᠨ ᠶᠤᠸᠠᠨ ᠤ ᠲᠡᠭᠡᠳᠤ ᠨᠡᠶᠢᠰᠯᠡᠯ ᠤᠨ ᠮᠦᠽᠸᠢ ᠶᠢ ᠦᠵᠡᠮᠵᠢ ᠶᠢᠨ ᠤᠷᠤᠨ ᠲᠠᠢ ᠬᠠᠷᠢᠯᠴᠠᠨ ᠤᠶᠠᠯᠳᠤᠵᠦ᠂ ᠬᠠᠷᠢᠯᠴᠠᠨ ᠲᠦᠰᠢᠯᠴᠡᠭᠰᠡᠨ ᠨᠢᠬᠡ ᠴᠤᠭᠴᠠ ᠪᠤᠯᠭᠠᠨ᠎ᠠ᠃ ᠤᠷᠤᠨ ᠠᠯᠤᠰᠯᠠᠭᠰᠠᠨ ᠬᠠᠷᠢᠴᠠᠭ᠎ᠠ ᠪᠠᠨ ᠬᠦᠭᠵᠢᠬᠦᠯᠵᠦ᠂ ᠶᠤᠸᠠᠨ ᠤ ᠲᠡᠭᠡᠳᠦ ᠨᠠᠶᠢᠰᠯᠠᠯ ᠤᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠤᠨ ᠰᠲ᠋ᠤᠺ ᠤᠨ ᠵᠠᠬ᠎ᠠ ᠳᠤ ᠭᠠᠷᠬᠤ ᠪᠠ ᠮᠠᠨ ᠤ ᠬᠤᠰᠢᠭᠤ ᠪᠠᠨ ︽ᠲᠠᠯ᠎ᠠ ᠨᠤᠳᠤᠭ ᠤᠨ ᠰᠤᠶᠤᠯ ᠢ ᠬᠠᠷᠠᠭᠤᠯᠤᠭᠰᠠᠨ᠂ ᠤᠮᠠᠷᠠᠳᠤ ᠬᠢᠯᠢ ᠶᠢᠨ ᠵᠢᠭᠤᠯᠴᠢᠯᠠᠯ᠂ ᠠᠮᠠᠷᠠᠯᠳᠠ ᠰᠡᠯᠡᠬᠦᠴᠡᠯ ᠤᠨ ᠤᠨᠴᠠᠯᠢᠭᠳᠤ ᠤᠷᠤᠨ︾ ᠪᠤᠯᠭᠠᠨ ᠪᠦᠳᠦᠬᠡᠨ ᠪᠠᠶᠢᠭᠤᠯᠬᠤ ᠪᠠᠷ ᠲᠡᠮᠡᠴᠡᠨ᠎ᠡ᠃ ᠦᠪᠡᠷᠮᠢᠴᠡ ᠤᠨᠴᠠᠯᠢᠭ ᠲᠠᠢ ᠮᠦᠷᠳᠡᠬᠡᠨ ᠪᠤᠳᠠᠰ ᠤᠨ ᠪᠤᠰᠤ ᠰᠤᠶᠤᠯ ᠤᠨ ᠦᠪ ᠤᠨ ᠦᠨ᠎ᠡ ᠦᠷᠳᠡᠭ ᠢ ᠬᠠᠷᠠᠭᠤᠯᠤᠭᠰᠠᠨ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ  ᠢ ᠦᠢᠯᠡᠳᠦᠨ ᠪᠤᠷᠤᠯᠠᠭᠤᠯᠬᠤ ᠠᠵᠤ ᠠᠬᠤᠶᠢᠯᠠᠯ ᠢ ᠲᠡᠮᠵᠢᠬᠦ ᠶᠢᠨ ᠬᠠᠮᠳᠤ ᠨᠦᠬᠦᠴᠡᠯ ᠰᠠᠶᠢᠳᠠᠢ ᠮᠠᠯᠴᠢᠨ ᠲᠠᠷᠢᠶᠠᠴᠢᠨ ᠦᠪᠡᠷ  ᠤᠨ ᠤᠨᠴᠠᠯᠢᠭᠳᠤ ᠵᠢᠭᠤᠯᠴᠢᠯᠠᠯ ᠤᠨ ᠦᠢᠯᠡᠰ ᠡᠷᠬᠢᠯᠡᠬᠦ ᠶᠢ ᠲᠡᠮᠵᠢᠬᠦ ᠪᠠᠷ ᠲᠠᠮᠵᠢᠭᠤᠯᠤᠨ ᠮᠠᠯᠴᠢᠨ ᠲᠠᠷᠢᠶᠠᠴᠢᠨ ᠤ ᠤᠷᠤᠯᠭ᠎ᠠ  ᠶᠢ ᠨᠡᠮᠡᠭᠳᠡᠬᠦᠯᠬᠦ ᠪᠠᠷ ᠴᠢᠷᠮᠠᠶᠢᠨ᠎ᠠ᠃ ᠲᠠᠸᠠᠷ ᠤᠨ ᠬᠦᠢᠯᠬᠡᠬᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠲᠠᠸᠠᠷ ᠤᠨ ᠨᠦᠬᠡᠴᠡᠯᠡᠯᠳᠡ ᠪᠠ ᠭᠠᠷᠭᠠᠯᠳᠠ ᠶᠢᠨ ᠬᠡᠮᠵᠢᠶ᠎ᠠ ᠶᠢ ᠨᠡᠮᠡᠭᠳᠡᠬᠦᠯᠵᠦ᠂ ᠵᠠᠬ᠎ᠠ ᠲᠡᠯᠬᠡᠬᠦᠷ ᠤᠨ ᠪᠠᠷᠠᠭᠠᠨ ᠤ ᠬᠠᠩᠭᠠᠯᠭ᠎ᠠ ᠶᠢᠨ ᠲᠡᠩᠴᠡᠬᠦᠷᠢ ᠶᠢ ᠪᠠᠳᠤᠯᠠᠵᠦ᠂ ᠠᠮᠢᠳᠤᠷᠠᠯ ᠤᠨ ᠬᠡᠷᠡᠭᠯᠡᠬᠡᠨ ᠤ ᠵᠦᠢᠯ ᠤᠨ ᠦᠨ᠎ᠡ ᠦᠷᠳᠡᠭ ᠤᠨ ᠲᠤᠭᠳᠠᠭᠤᠨ ᠢ ᠪᠠᠳᠤᠯᠠᠨ᠎ᠠ︔ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠢ ᠬᠦᠭᠵᠢᠬᠦᠯᠬᠦ ᠢᠨᠵᠧᠨᠧᠷᠢᠩ︾ ᠢ ᠬᠡᠷᠡᠭᠵᠢᠬᠦᠯᠵᠦ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠡᠯᠧᠺᠲᠷᠤᠨ ᠬᠤᠳᠠᠯᠳᠤᠭᠠᠨ ᠤ ᠦᠢᠯᠡᠰ ᠤᠨ ᠬᠦᠭᠵᠢᠯᠳᠡ  ᠶᠢᠨ ᠵᠠᠮ ᠢ ᠢᠳᠡᠪᠬᠢᠯᠡᠨ ᠰᠦᠪᠡᠭᠴᠢᠯᠡᠵᠦ᠂ ᠤᠨᠴᠠᠯᠢᠭᠳᠤ ᠪᠦᠳᠦᠭᠡᠭᠳᠡᠬᠦᠨ ᠢᠶᠠᠨ ᠢᠨᠲ᠋ᠧᠷᠨ᠋ᠲ ᠢᠶᠠᠷ ᠪᠤᠷᠤᠯᠠᠭᠤᠯᠬᠤ ᠶᠢ ᠵᠤᠷᠢᠭᠵᠢᠭᠤᠯᠤᠨ ᠲᠡᠮᠵᠢᠨ᠎ᠠ︔ ᠠᠮᠤ ᠪᠤᠳᠠᠭᠠᠨ ᠤ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠵᠦ᠂ ᠤᠯᠤᠰ ᠤᠨ ᠪᠠ ᠭᠠᠵᠠᠷ ᠤᠷᠤᠨ ᠤ ᠰᠠᠩ ᠬᠦᠮᠦᠷᠬᠡ ᠳᠤ ᠠᠮᠤ ᠪᠤᠳᠠᠭ᠎ᠠ ᠨᠦᠬᠡᠴᠡᠯᠡᠬᠦ ᠡᠬᠦᠷᠬᠡ ᠶᠢ ᠴᠠᠭ ᠲᠤᠬᠠᠢ ᠳᠤᠨᠢ ᠪᠡᠶᠡᠯᠡᠬᠦᠯᠦᠨ᠎ᠡ᠃ ᠤᠳᠤᠬᠢᠴᠢᠯᠠᠭᠰᠠᠨ ᠪᠠᠷᠠᠭᠠᠨ ᠤ ᠬᠦᠢᠯᠬᠡᠬᠡ᠂ ᠵᠠᠮ ᠲᠡᠭᠡᠭᠡᠪᠤᠷᠢ᠂ ᠮᠦᠩᠬᠦᠨ ᠬᠦᠢᠯᠬᠡᠬᠡ᠂ ᠲᠠᠭᠠᠳᠬᠠᠯ᠂ ᠰᠤᠷᠠᠭ ᠵᠠᠩᠬᠢ᠂ ᠲᠤᠤᠷ ᠰᠦᠯᠵᠢᠶ᠎ᠠ᠂ ᠨᠡᠶᠢᠬᠡᠮ ᠤᠨ ᠠᠰᠠᠷᠠᠮᠵᠢ ᠶᠢᠨ ᠠᠵᠢᠯ ᠵᠡᠷᠬᠡ ᠰᠢᠨ᠎ᠠ ᠬᠡᠯᠪᠡᠷᠢ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠡᠮᠵᠢᠵᠦ᠂ ᠠᠵᠤ ᠦᠢᠯᠡᠰ ᠤᠨ ᠲᠡᠬᠦᠯᠳᠡᠷᠵᠢᠭᠰᠡᠨ ᠬᠡᠮᠵᠢᠶ᠎ᠠ ᠵᠢᠴᠢ ᠬᠠᠮᠵᠢᠯᠴᠠᠭᠠᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃         ︵ᠲᠦᠷᠪᠡ︶ ᠪᠠᠳᠤᠯᠠᠭ᠎ᠠ ᠶᠢᠨ ᠠᠷᠭ᠎ᠠ ᠬᠡᠮᠵᠢᠶ᠎ᠠ ᠶᠢ ᠴᠢᠩᠭᠠᠳᠬᠠᠵᠦ᠂ ᠠᠵᠤ ᠠᠬᠤᠢ ᠶᠢᠨ ᠲᠤᠭᠳᠠᠭᠤᠨ ᠦᠰᠦᠯᠳᠡ ᠶᠢ ᠠᠬᠢᠭᠤᠯᠤᠨ᠎ᠠ         ᠡᠨᠡ ᠵᠢᠯ ᠮᠠᠨ ᠤ ᠬᠤᠰᠢᠭᠤ ᠨᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠲᠠᠢ 74 ᠲᠦᠰᠦᠯ ᠢ ᠠᠬᠢᠭᠤᠯᠬᠤ ᠪᠠᠷ ᠲᠦᠯᠦᠪᠯᠡᠵᠦ ᠪᠤᠢ᠃ ᠡᠬᠦᠨ ᠳᠤ ᠬᠤᠰᠢᠭᠤ ᠲᠡᠰ ᠤᠨ ᠭᠤᠤᠯᠳᠠᠯᠭ᠎ᠠ ᠲᠠᠢ ᠲᠦᠰᠦᠯ 50 ᠪᠠᠶᠢᠵᠦ᠂ ᠶᠡᠷᠤᠩᠬᠡᠢ ᠪᠡᠯᠡ ᠤᠷᠤᠭᠤᠯᠤᠯᠳᠠ ᠶᠢ 36.7 ᠳ᠋ᠦᠩᠰᠢᠭᠤᠷ ᠲᠦᠬᠦᠷᠢᠭ ᠲᠤ ᠬᠦᠷᠬᠡᠨ᠂ ᠦᠰᠦᠯᠳᠡ ᠶᠢᠨ ᠨᠤᠷᠮ᠎ᠠ ᠶᠢ 5.5% ᠳᠤ ᠬᠦᠷᠬᠡᠬᠦ ᠪᠠᠷ ᠪᠤᠢ᠃ ᠭᠠᠵᠠᠷ ᠤᠨ ᠲᠡᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠦᠰᠦᠯ ᠢ ᠬᠠᠷᠢᠭᠤᠴᠠᠬᠤ ᠠᠵᠢᠯ ᠤᠨ ᠲᠦᠷᠢᠮ ᠢ ᠦᠷᠬᠦᠯᠵᠢᠯᠡᠨ ᠬᠡᠷᠡᠭᠵᠢᠬᠦᠯᠵᠦ᠂ ᠲᠦᠰᠦᠯ ᠢ ᠵᠢᠯᠤᠭᠤᠳᠤᠨ ᠵᠤᠬᠢᠴᠠᠭᠤᠯᠬᠤ ᠲᠠᠯ᠎ᠠ ᠪᠠᠷ ᠴᠢᠩᠭᠠᠳᠬᠠᠵᠦ᠂ ᠲᠦᠰᠦᠯ ᠤᠨ ᠬᠡᠷᠡᠭᠵᠢᠬᠦᠯᠦᠯᠳᠡ ᠶᠢᠨ ᠲᠤᠮᠳᠠ ᠲᠤᠬᠢᠶᠠᠯᠳᠤᠭᠰᠠᠨ ᠠᠰᠠᠭᠤᠳᠠᠯ ᠢ ᠨᠢᠬᠡᠳ ᠨᠢᠬᠡ ᠪᠠᠷ ᠰᠢᠢᠳᠪᠤᠷᠢᠯᠡᠨ᠂ ᠠᠵᠢᠯ ᠤᠨ ᠠᠬᠢᠴᠠ ᠶᠢ ᠪᠠᠳᠤᠯᠠᠨ᠎ᠠ᠃ ᠲᠦᠰᠦᠯ ᠤᠨ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠤ ︽ᠨᠢᠬᠡ ᠵᠢᠯ ᠳᠤ ᠨᠢᠬᠡ ᠲᠤᠰᠢᠶᠠᠯ ᠤᠨ ᠲᠤᠭᠠᠴᠢᠯᠳᠠ ᠬᠢᠬᠦ᠂ ᠬᠠᠭᠠᠰ ᠵᠢᠯ ᠳᠤ ᠨᠢᠬᠡ ᠤᠳᠠᠭ᠎ᠠ ᠳ᠋ᠦᠩᠨᠡᠯᠳᠡ ᠬᠢᠬᠦ᠂ ᠤᠯᠠᠷᠢᠯ ᠪᠤᠯᠭᠠᠨ ᠳᠤ ᠵᠠᠳᠠᠯᠦᠯᠳᠠ ᠬᠢᠬᠦ᠂ ᠰᠠᠷ᠎ᠠ ᠪᠤᠯᠭᠠᠨ ᠳᠤ ᠲᠤᠬᠢᠷᠠᠭᠤᠯᠤᠯᠳᠠ ᠬᠢᠬᠦ︾ ᠵᠠᠷᠴᠢᠮ ᠢ ᠪᠠᠷᠢᠮᠳᠠᠯᠠᠨ᠂ ᠬᠦᠴᠢᠷ ᠲᠦᠪᠡᠭ ᠲᠠᠢ᠂ ᠭᠤᠤᠯᠳᠠᠯᠭ᠎ᠠ ᠲᠠᠢ ᠠᠰᠠᠭᠤᠳᠠᠯ ᠢ ᠬᠠᠮᠳᠤᠪᠠᠷ ᠵᠠᠳᠠᠯᠤᠨ᠂ ᠬᠠᠮᠳᠤᠪᠠᠷ ᠰᠢᠢᠳᠪᠤᠷᠢᠯᠡᠬᠦ ᠠᠷᠭ᠎ᠠ ᠪᠤᠳᠤᠯᠭ᠎ᠠ ᠭᠠᠷᠭᠠᠨ᠎ᠠ᠃ ᠰᠠᠭᠤᠷᠢ ᠪᠦᠳᠦᠬᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ᠂ ᠨᠡᠶᠢᠬᠡᠮ ᠤᠨ ᠠᠵᠢᠯ ᠦᠢᠯᠡᠰ ᠲᠠᠢ ᠬᠤᠯᠪᠤᠭᠳᠠᠭᠰᠠᠨ ᠴᠢᠬᠤᠯᠠ ᠲᠦᠰᠦᠯ ᠢ ᠡᠷᠡᠮᠡᠯᠵᠡᠯᠡᠨ ᠤᠯᠬᠤ ᠪᠠᠷ ᠴᠢᠷᠮᠠᠶᠢᠵᠦ᠂ ᠱᠠᠩᠳᠤ ᠨᠢᠰᠬᠡᠯ ᠤᠨ ᠪᠠᠭᠤᠳᠠᠯ᠂ ᠰᠢᠯᠢ  ᠶᠢᠨ ᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠬᠡᠨ ᠤ ᠲᠠᠮᠤᠷ ᠵᠠᠮ ᠤᠨ ᠪᠠᠶᠢᠭᠤᠯᠤᠯᠳᠠ ᠵᠡᠷᠬᠡ ᠴᠢᠬᠤᠯᠠ ᠲᠦᠰᠦᠯ ᠤᠨ ᠲᠤᠬᠠᠢ ᠲᠡᠭᠡᠳᠦ ᠱᠠᠳᠤ ᠲᠠᠢ ᠬᠠᠷᠢᠯᠴᠠᠬᠤ ᠠᠵᠢᠯ ᠢ ᠰᠠᠶᠢᠳᠦᠷ ᠬᠢᠨ᠎ᠠ᠃ ᠮᠠᠨ ᠤ ᠬᠤᠰᠢᠭᠤᠨ ᠤ ᠬᠤᠳᠠᠯᠳᠤᠭᠠᠴᠢᠨ ᠤᠷᠢᠵᠦ ᠪᠡᠯᠡ ᠲᠠᠳᠠᠬᠤ ᠠᠰᠢᠭᠳᠠᠢ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢ ᠨᠡᠮᠡᠭᠳᠡᠬᠦᠯᠦᠨ᠂ ᠰᠤᠶᠤᠯ ᠵᠢᠭᠤᠯᠴᠢᠯᠠᠯ᠂ ᠰᠢᠨ᠎ᠠ ᠡᠨᠧᠷᠬᠢ᠂ ᠰᠢᠨ᠎ᠠ ᠬᠡᠯᠪᠡᠷᠢ ᠶᠢᠨ ᠪᠠᠷᠢᠯᠭ᠎ᠠ  ᠶᠢᠨ ᠮᠠᠲ᠋ᠧᠷᠢᠶᠠᠯ᠂ ᠲᠤᠨᠤᠭᠯᠠᠯ ᠤᠨ ᠦᠢᠯᠡᠳᠪᠤᠷᠢᠯᠡᠯ ᠵᠢᠴᠢ ᠪᠤᠬᠢᠷᠳᠤᠯ ᠦᠬᠡᠢ ᠢᠳᠡᠬᠡᠨ ᠤ ᠦᠢᠯᠡᠳᠪᠤᠷᠢᠯᠡᠯ ᠵᠡᠷᠬᠡ ᠠᠵᠤ ᠦᠢᠯᠡᠰ ᠢᠶᠠᠷ ᠭᠤᠤᠯ ᠪᠤᠯᠭᠠᠭᠰᠠᠨ᠂ ᠲᠠᠷᠠ ᠲᠤᠰᠤᠮ ᠢᠶᠠᠨ ᠮᠠᠨ ᠤ ᠬᠤᠰᠢᠭᠤᠨ ᠤ ᠦᠢᠯᠡᠳᠪᠤᠷᠢᠯᠡᠯ ᠤᠨ ᠪᠦᠳᠦᠴᠡ ᠪᠠ ᠬᠦᠭᠵᠢᠯᠳᠡ ᠶᠢᠨ ᠲᠦᠯᠦᠪᠵᠢᠬᠦᠯᠬᠡ ᠲᠠᠢ ᠲᠤᠬᠢᠷᠠᠯᠴᠠᠭᠰᠠᠨ᠂ ᠪᠠᠶᠢᠯᠳᠤᠬᠤ ᠪᠤᠳᠤᠯᠭ᠎ᠠ ᠶᠢᠨ ᠴᠢᠨᠡᠷᠳᠡᠢ᠂ ᠲᠠᠶᠢᠴᠢᠯᠠᠬᠤ ᠬᠦᠴᠦᠨ ᠪᠦᠬᠦᠢ ᠦᠷ᠎ᠡ ᠠᠰᠢᠭ ᠢᠶᠠᠷ ᠦᠨᠳᠦᠷ ᠨᠢᠬᠡ ᠪᠦᠯᠦᠭ ᠲᠦᠰᠦᠯ ᠤᠳ ᠢ ᠬᠠᠨᠳᠤᠯᠭ᠎ᠠ ᠲᠠᠢ ᠪᠠᠷ ᠲᠠᠳᠠᠨ ᠤᠷᠤᠭᠤᠯᠬᠤ ᠪᠠᠷ ᠴᠢᠷᠮᠠᠶᠢᠬᠤ ᠪᠤᠯᠤᠨ᠎ᠠ᠃ ︽ᠭᠠᠳᠠᠭᠰᠢ ᠭᠠᠷᠴᠤ ᠪᠠᠶᠢᠴᠠᠭᠠᠯᠳᠠ ᠬᠢᠭᠰᠡᠨ ᠤ ᠲᠠᠷᠠᠭ᠎ᠠ ᠤᠷᠢᠵᠦ ᠠᠪᠴᠢᠷᠠᠬᠤ ︾ ᠠᠷᠭ᠎ᠠ ᠬᠡᠯᠪᠡᠷᠢ ᠪᠠᠷ ᠰᠦᠯᠵᠢᠶᠡᠨ ᠲᠡᠭᠡᠷ᠎ᠡ ᠬᠤᠳᠠᠯᠳᠤᠭᠠᠴᠢᠨ ᠤᠷᠢᠬᠤ ᠪᠠ ᠲᠤᠭᠳᠠᠭᠰᠠᠨ ᠬᠠᠷᠠᠯᠳᠠ ᠲᠠᠢ ᠬᠤᠳᠠᠯᠳᠤᠭᠠᠴᠢᠨ ᠤᠷᠢᠬᠤ ᠬᠡᠯᠪᠡᠷᠢ ᠪᠠᠷ ᠬᠦᠴᠦᠨ ᠴᠢᠳᠠᠯ ᠪᠦᠬᠦᠢ ᠠᠵᠤ ᠠᠬᠤᠶᠢᠯᠠᠯ ᠢ ᠲᠠᠳᠠᠨ ᠤᠷᠤᠭᠤᠯᠵᠦ᠂ ᠠᠶᠢᠮᠠᠭ  ᠤᠨ ᠭᠠᠳᠠᠨᠠᠬᠢ ᠬᠦᠷᠦᠩᠬᠡ ᠤᠷᠤᠭᠤᠯᠤᠯᠳᠠ ᠶᠢ ᠡᠨᠡ ᠵᠢᠯ 35 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠪᠤᠢ᠃ ᠨᠠᠶᠢᠳᠠ ᠶᠢᠨ ᠪᠤᠰᠤ ᠦᠮᠴᠢᠯᠠᠯ ᠤᠨ ᠠᠵᠤ ᠠᠬᠤᠢ ᠶᠢᠨ ᠪᠤᠳᠠᠳᠤ ᠴᠤᠭᠴᠠ ᠶᠢ ᠬᠠᠤᠯᠢ ᠶᠤᠰᠤᠭᠠᠷ ᠬᠠᠮᠠᠭᠠᠯᠠᠵᠦ᠂ ᠬᠠᠷᠠᠭᠠᠯᠵᠠᠭᠰᠠᠨ ᠲᠦᠷᠦ ᠶᠢᠨ ᠪᠤᠳᠤᠯᠭ᠎ᠠ ᠶᠢ ᠴᠢᠯᠦᠬᠡᠳᠡᠢ ᠲᠠᠯᠪᠢᠨ᠂ ᠰᠢᠶᠠᠨ ᠤ ᠲᠡᠰ ᠤᠨ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠪᠡᠯᠡ ᠬᠤᠷᠠᠮᠳᠤᠭᠤᠯᠬᠤ ᠳᠤ ᠬᠠᠨᠳᠤᠭᠤᠯᠤᠭᠰᠠᠨ ᠪᠠᠳᠤᠯᠠᠨ ᠲᠠᠭᠠᠭᠠᠴᠢᠯᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠂ ᠡᠯ᠎ᠠ ᠱᠠᠳᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠲᠠᠢ ᠢᠳᠡᠪᠬᠢᠳᠡᠢ ᠵᠦᠪᠳᠡᠯᠴᠡᠵᠦ᠂ ᠢᠳᠡᠬᠡᠮᠵᠢᠳᠦ ᠵᠢᠬᠡᠯᠡᠯᠬᠡ ᠶᠢᠨ ᠬᠡᠪᠴᠢᠶ᠎ᠠ ᠶᠢ ᠦᠷᠬᠡᠳᠬᠡᠨ᠂ ᠵᠢᠬᠡᠯᠡᠯᠬᠡ  ᠶᠢᠨ ᠮᠦᠩᠬᠦ ᠶᠢ ᠨᠡᠮᠡᠭᠳᠡᠬᠦᠯᠵᠦ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠦᠪᠡᠭ ᠲᠠᠢ ᠪᠠᠶᠢᠭ᠎ᠠ ᠠᠰᠠᠭᠤᠳᠠᠯ ᠢ ᠰᠢᠢᠳᠪᠤᠷᠢᠯᠡᠨ᠎ᠡ᠃ ᠱᠠᠩᠳᠤ ᠪᠡᠯᠡ ᠬᠤᠷᠠᠮᠳᠤᠭᠤᠯᠬᠤ ᠲᠠᠪᠴᠠᠩ ᠤᠨ ᠪᠠᠳᠤᠯᠠᠭᠠᠨ ᠤ ᠬᠢᠷᠢ ᠲᠦᠪᠰᠢᠨ ᠪᠠ ᠲᠦᠭᠰᠢᠬᠦᠷᠢ ᠶᠢ ᠰᠦᠷᠦᠬᠦ ᠬᠢᠷᠢ ᠲᠦᠪᠰᠢᠨ ᠢ ᠲᠡᠭᠡᠭᠰᠢᠯᠡᠬᠦᠯᠵᠦ᠂ ᠬᠠᠮᠤᠭ ᠶᠡᠭᠡ ᠬᠦᠴᠦᠨ ᠢᠶᠠᠷ ᠢᠶᠠᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠡᠮᠵᠢᠯᠬᠡ ᠦᠵᠡᠬᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠪᠡᠯᠡ ᠮᠦᠩᠬᠦᠨ ᠤ ᠤᠶᠢᠯᠡᠳᠦᠯ ᠢ ᠬᠦᠢᠴᠡᠳ ᠪᠠᠳᠠᠷᠠᠭᠤᠯᠵᠦ᠂ ᠲᠦᠰᠦᠯ ᠤᠨ ᠪᠡᠯᠡ ᠮᠦᠩᠬᠦ ᠶᠢ ᠵᠤᠬᠢᠰᠳᠠᠢ ᠬᠤᠷᠠᠮᠳᠤᠭᠤᠯᠵᠦ᠂ ᠲᠠᠷᠢᠶᠠᠯᠠᠩ ᠮᠠᠯ ᠠᠵᠤ ᠠᠬᠤᠢ  ᠶᠢᠨ ᠬᠦᠭᠵᠢᠯᠳᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠵᠢᠯ ᠦᠢᠯᠡᠰ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠰᠦᠯ ᠤᠳ ᠢ ᠭᠤᠤᠯᠳᠠᠯᠭ᠎ᠠ ᠲᠠᠢ ᠪᠤᠯᠪᠠᠰᠤᠷᠠᠭᠤᠯᠵᠦ᠂ ᠲᠡᠭᠡᠷ᠎ᠡ ᠱᠠᠳᠤᠨ ᠠᠴᠠ ᠨᠡᠩ ᠤᠯᠠᠨ ᠲᠤᠳᠤᠭᠠᠳᠤ ᠪᠡᠯᠡ ᠤᠯᠬᠤ ᠪᠠᠷ ᠴᠢᠷᠮᠠᠶᠢᠨ᠎ᠠ᠃         ︵ᠲᠠᠪᠤ︶ ᠠᠷᠠᠳ ᠤᠨ ᠠᠮᠢᠳᠤᠷᠠᠯ ᠤᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠵᠦ᠂ ᠬᠤᠳᠠ ᠪᠠᠯᠭᠠᠰᠤᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ          ︽ᠵᠢᠱᠢᠶ᠎ᠠ ᠦᠵᠡᠬᠦᠯᠬᠦ ᠲᠤᠰᠬᠤᠨ ᠳᠤ ᠪᠦᠬᠦᠨ ᠢ ᠲᠤᠤᠱᠯᠠᠭᠤᠯᠤᠨ᠂ ᠪᠠᠷᠢᠮᠵᠢᠶᠠᠵᠢᠭᠰᠠᠨ ᠲᠤᠰᠬᠤᠨ ᠳᠤ ᠪᠦᠬᠦ ᠬᠦᠴᠦᠨ ᠢᠶᠠᠷ ᠢᠶᠠᠨ ᠲᠤᠤᠱᠯᠠᠭᠤᠯᠵᠦ᠂ ᠬᠢᠷᠢ ᠲᠡᠩᠴᠡᠭᠰᠡᠨ ᠲᠤᠰᠬᠤᠨ ᠳᠤ ᠴᠢᠳᠠᠯ ᠢᠶᠠᠷ ᠢᠶᠠᠨ ᠲᠤᠤᠱᠯᠠᠭᠤᠯᠬᠤ︾ ᠵᠠᠷᠴᠢᠮ ᠪᠠ ︽ᠶᠠᠭᠤ ᠲᠤᠳᠠᠪᠠᠯ ᠶᠠᠭᠤ ᠶᠢ ᠨᠦᠬᠦᠪᠦᠷᠢᠯᠡᠬᠦ︾ ᠵᠠᠷᠴᠢᠮ ᠢᠶᠠᠷ ᠲᠦᠰᠦᠯ ᠤᠨ ᠪᠡᠯᠡ ᠮᠦᠩᠬᠦ ᠶᠢ ᠬᠤᠷᠠᠮᠳᠤᠭᠤᠯᠬᠤ ᠬᠦᠴᠦᠯᠡᠴᠡ ᠪᠠᠨ ᠨᠡᠮᠡᠭᠳᠡᠬᠦᠯᠦᠨ᠂ 76 ᠭᠠᠴᠠᠭ᠎ᠠ ᠲᠤᠰᠬᠤᠨ ᠳᠤ ︽ᠠᠷᠪᠠ ᠶᠢ ᠪᠦᠷᠬᠦᠬᠦᠯᠬᠦ ᠢᠨᠵᠧᠨᠧᠷᠢᠩ︾ ᠢ ᠬᠡᠷᠡᠭᠵᠢᠬᠦᠯᠵᠦ᠂ 19 ᠵᠢᠱᠢᠶ᠎ᠠ ᠦᠵᠡᠬᠦᠯᠬᠦ ᠲᠤᠰᠬᠤᠨ᠂ 35 ᠪᠠᠷᠢᠮᠵᠢᠶᠠᠵᠢᠭᠰᠠᠨ ᠲᠤᠰᠬᠤᠨ ᠪᠠ 22 ᠬᠢᠷᠢ ᠲᠡᠩᠴᠡᠭᠰᠡᠨ ᠲᠤᠰᠬᠤᠨ ᠢ ᠪᠠᠶᠢᠭᠤᠯᠤᠨ᠎ᠠ᠃ ᠡᠨᠡ ᠵᠢᠯ ᠪᠦᠬᠦ ᠨᠠᠶᠢᠳᠠ 3.43 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 2930 ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠰᠠᠯᠪᠢᠨ ᠵᠠᠰᠠᠬᠤ ᠶᠢᠨ ᠬᠠᠮᠳᠤ ᠬᠦᠳᠡᠭᠡ ᠲᠤᠰᠬᠤᠨ ᠳᠤ 163 ᠺᠢᠯᠤᠮᠧᠲᠷ ᠤᠨ ᠵᠠᠰᠠᠮᠠᠯ ᠵᠠᠮ ᠢ ᠰᠢᠨ᠎ᠠ ᠪᠠᠷ ᠵᠠᠰᠠᠵᠦ᠂ 258 ᠺᠢᠯᠤᠮᠧᠲᠷ ᠤᠨ ᠵᠡᠬᠡᠯᠢ ᠭᠤᠳᠤᠮᠵᠢ ᠶᠢ ᠬᠠᠳᠠᠭᠤᠷᠠᠭᠤᠯᠤᠨ᠂ 1474 ᠬᠦᠮᠦᠨ ᠪᠠ 4900 ᠲᠤᠯᠤᠭᠠᠢ ᠮᠠᠯ ᠤᠨᠤᠭᠠᠨ ᠤ ᠤᠰᠤ ᠤᠮᠳᠠᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠵᠦ᠂ 487 ᠮᠠᠯᠴᠢᠨ ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠦᠨ᠎ᠡ᠃ 1500 ᠮᠠᠯᠴᠢᠨ ᠲᠠᠷᠢᠶᠠᠴᠢᠨ ᠡᠷᠦᠬᠡ ᠳᠤ ᠲᠧᠯᠸᠢᠰ ᠤᠨ ᠨᠡᠪᠳᠡᠷᠡᠬᠦᠯᠬᠡ ᠲᠠᠮᠵᠢᠭᠤᠯᠬᠤ ᠬᠤᠤᠰ ᠴᠢᠳᠠᠮᠵᠢ ᠲᠠᠢ ᠲᠦᠬᠦᠬᠡᠷᠦᠮᠵᠢ ᠤᠭᠰᠠᠷᠠᠬᠤ ᠪᠦᠬᠡᠳ 3 ᠭᠠᠵᠠᠷ ᠲᠤ ᠲᠤᠭᠠᠴᠢᠯᠠᠭᠰᠠᠨ ᠲᠧᠯᠸᠢᠰ ᠤᠨ ᠲᠤᠬᠢᠶᠠᠨ ᠤ ᠰᠤᠪᠤᠷᠭ᠎ᠠ ᠪᠠᠶᠢᠭᠤᠯᠤᠨ᠎ᠠ᠃ ᠨᠦᠬᠦᠴᠡᠯ ᠪᠠᠷᠤᠭᠳᠠᠢ ᠰᠤᠷᠭᠠᠭᠤᠯᠢ ᠶᠢ ᠰᠢᠨᠡᠳᠬᠡᠵᠦ ᠵᠠᠰᠠᠬᠤ ᠶᠢᠨ ᠬᠠᠮᠳᠤ 28 ᠭᠠᠴᠠᠭ᠎ᠠ ᠲᠤᠰᠬᠤᠨ ᠳᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠤᠨ᠂ 23 ᠭᠠᠴᠠᠭ᠎ᠠ ᠲᠤᠰᠬᠤᠨ ᠤ ᠰᠤᠶᠤᠯ ᠤᠨ ᠬᠦᠳᠦᠯᠪᠦᠷᠢ ᠶᠢᠨ ᠲᠠᠰᠤᠭ ᠤᠨ ᠲᠤᠨᠤᠭ ᠲᠦᠬᠦᠬᠡᠷᠦᠮᠵᠢ ᠶᠢ ᠪᠦᠷᠢᠨᠰᠢᠬᠦᠯᠦᠨ᠎ᠡ᠃ ᠠᠷᠠᠳ ᠲᠤ ᠲᠦᠬᠦᠮ ᠦᠵᠡᠬᠦᠯᠬᠦ ᠬᠤᠷᠰᠢᠶ᠎ᠠ ᠲᠡᠯᠬᠡᠬᠦᠷ ᠢ ᠰᠢᠨ᠎ᠠ ᠪᠠᠷ ᠪᠤᠶᠤ ᠦᠷᠬᠡᠳᠬᠡᠨ 30 ᠶᠢ ᠪᠠᠶᠢᠭᠤᠯᠤᠨ᠎ᠠ᠃ ᠨᠠᠰᠤᠳᠠᠶᠢᠴᠤᠳ ᠤᠨ ᠠᠰᠠᠷᠠᠮᠵᠢ᠂ ᠠᠮᠢᠳᠤᠷᠠᠯ ᠤᠨ ᠬᠠᠮᠤᠭ ᠲᠤᠤᠷ᠎ᠠ ᠪᠠᠳᠤᠯᠠᠭ᠎ᠠ᠂ ᠦᠨᠳᠦᠷ ᠨᠠᠰᠤᠳᠠᠳ ᠤᠨ ᠠᠮᠢᠳᠤᠷᠠᠯ ᠤᠨ ᠨᠦᠬᠦᠪᠦᠷᠢ ᠵᠡᠷᠬᠡ ᠨᠠᠶᠢᠬᠡᠮ ᠤᠨ ᠪᠠᠳᠤᠯᠠᠭᠠᠨ ᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠵᠢᠯ ᠤᠨ ᠡᠴᠤᠰ ᠪᠤᠯᠳᠠᠯ᠎ᠠ ᠭᠠᠴᠠᠭ᠎ᠠ ᠲᠤᠰᠬᠤᠨ ᠤ ᠲᠦᠷᠰᠦ ᠪᠠᠶᠢᠳᠠᠯ ᠢ ᠢᠯᠡᠳᠳᠡ ᠦᠬᠡᠷᠡᠴᠢᠯᠡᠨ ᠠᠷᠠᠳ ᠤᠯᠠᠨ ᠤ ᠠᠮᠢᠳᠤᠷᠠᠯ ᠤᠨ ᠬᠢᠷᠢ ᠲᠦᠪᠰᠢᠨ ᠢ ᠮᠡᠳᠡᠭᠳᠡᠮ᠎ᠡ ᠲᠡᠭᠡᠭᠰᠢᠯᠡᠯᠳᠡ ᠲᠠᠢ ᠪᠤᠯᠭᠠᠬᠤ ᠪᠠᠷ ᠴᠢᠷᠮᠠᠶᠢᠨ᠎ᠠ᠃ ᠬᠦᠮᠦᠨ ᠢᠶᠠᠷ ᠦᠨᠳᠦᠰᠦ ᠪᠤᠯᠭᠠᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠵᠦ᠂ ᠲᠡᠤᠬᠡ ᠰᠤᠶᠤᠯ ᠢ ᠤᠯᠠᠮᠵᠢᠯᠠᠨ ᠬᠦᠭᠵᠢᠬᠦᠯᠬᠦ ᠠᠵᠢᠯ ᠤᠨ ᠰᠡᠳᠬᠢᠴᠡ ᠶᠢ ᠪᠠᠷᠢᠮᠳᠠᠯᠠᠨ ᠱᠠᠩᠳᠤ ᠪᠠᠯᠭᠠᠰᠤᠨ ᠤ ᠲᠦᠪ ᠪᠤᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠵᠦ᠂ ᠰᠠᠩ ᠤᠨ ᠲᠠᠯᠠᠢ᠂ ᠬᠠᠪᠢᠷᠭ᠎ᠠ ᠬᠤᠶᠠᠷ ᠪᠠᠯᠭᠠᠰᠤᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠪᠠᠯᠭᠠᠰᠤ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ ᠶᠢ ᠴᠢᠩᠭᠠᠳᠬᠠᠨ᠂ ᠭᠤᠤᠯ ᠪᠤᠯᠬᠤ ᠵᠡᠬᠡᠯᠢ ᠭᠤᠳᠤᠮᠵᠢ᠂ ᠬᠡᠷ ᠪᠠᠷᠢᠯᠭ᠎ᠠ ᠶᠢᠨ ᠭᠠᠳᠠᠨᠠᠬᠢ ᠦᠵᠡᠮᠵᠢ ᠪᠠ ᠵᠠᠬ᠎ᠠ ᠵᠡᠬᠡᠯᠢ ᠶᠢᠨ ᠦᠩᠬᠡ ᠦᠵᠡᠮᠵᠢ ᠶᠢ ᠰᠢᠨᠡᠴᠢᠯᠡᠬᠦ ᠠᠵᠢᠯ ᠢ ᠰᠠᠶᠢᠨ ᠬᠢᠵᠦ᠂ ᠵᠡᠬᠡᠯᠢ ᠭᠤᠳᠤᠮᠵᠢ᠂ ᠰᠠᠭᠤᠭᠠᠯᠢ ᠠᠷᠠᠳ ᠤᠨ ᠲᠤᠭᠤᠷᠢᠭ ᠲᠤᠳᠤᠷᠡᠬᠢ ᠳ᠋ᠧᠩ ᠬᠡᠷᠡᠯᠳᠦᠬᠦᠯᠬᠡ ᠶᠢ ᠪᠦᠷᠢᠨ ᠤᠭᠰᠠᠷᠠᠨ᠎ᠠ᠃ 5.4 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠤᠭᠰᠢᠨ ᠵᠠᠮ᠂ 0.91 ᠲᠦᠮᠡᠨ ᠲᠡᠭᠰᠢ ᠲᠦᠷᠪᠡᠯᠵᠢᠨ ᠮᠧᠲᠷ ᠤᠨ ᠽᠧᠮᠧᠨ᠋ᠲ ᠵᠠᠮ ᠢ ᠰᠢᠨ᠎ᠠ ᠪᠠᠷ ᠲᠠᠪᠢᠰᠴᠦ᠂ 22.3 ᠲᠦᠮᠡᠨ ᠲᠡᠭᠰᠢ ᠲᠦᠷᠪᠡᠯᠵᠢᠨ ᠮᠧᠲᠷ ᠵᠠᠮ ᠤᠨ ᠨᠢᠭᠤᠷ ᠢ ᠲᠡᠬᠢᠵᠦ ᠰᠢᠨᠡᠳᠬᠡᠨ᠂ 2.75 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠨᠠᠷᠢᠨ ᠭᠤᠳᠤᠮᠵᠢ ᠶᠢ ᠵᠠᠰᠠᠨ᠂ 2.16 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠶᠠᠪᠠᠭᠠᠨ ᠬᠦᠮᠦᠨ ᠤ ᠵᠠᠮ ᠢ ᠲᠡᠪᠢᠰᠬᠦ ᠪᠠᠷ ᠪᠤᠢ᠃ ︽ᠭᠤᠷᠪᠠᠨ ᠴᠡᠴᠡᠷᠯᠢᠭ ᠨᠢᠬᠡ ᠠᠭᠤᠳᠠᠮ ᠲᠠᠯᠠᠪᠠᠢ︾ ︵ᠵᠦᠯᠬᠡᠨ ᠴᠡᠴᠡᠷᠯᠢᠭ᠂ ᠠᠮᠢ ᠠᠬᠤᠢ ᠶᠢᠨ ᠬᠦᠷᠢᠶᠡᠯᠡᠩ᠂ ᠤᠪᠤᠭᠠᠨ ᠰᠢᠷᠡᠭᠡ ᠴᠡᠴᠡᠷᠯᠢᠭ ᠪᠠ ᠬᠤᠪᠢᠯᠠᠢ ᠠᠭᠤᠳᠠᠮ ᠲᠠᠯᠠᠪᠠᠢ︶ ᠳᠤ ᠮᠤᠩᠭᠤᠯ ᠶᠤᠸᠠᠨ ᠤ ᠰᠤᠶᠤᠯ ᠲᠡᠤᠬᠡ ᠶᠢᠨ ᠬᠠᠮᠢᠶ᠎ᠠ ᠲᠠᠢ ᠪᠠᠷᠢᠯᠭ᠎ᠠ ᠶᠢᠨ ᠡᠯᠧᠮᠧᠨ᠋ᠲ ᠨᠡᠮᠡᠷᠢᠯᠡᠵᠦ᠂ ᠦᠨᠳᠦᠰᠦᠳᠡᠨ ᠤ ᠤᠨᠴᠠᠯᠢᠭ ᠢ ᠲᠤᠪᠤᠶᠢᠯᠭᠠᠨ᠂ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠨ᠂ ᠠᠵᠢᠯ ᠠᠮᠢᠳᠤᠷᠠᠯ ᠪᠤᠯᠤᠨ ᠬᠦᠭᠵᠢᠯᠳᠡ  ᠶᠢᠨ ᠤᠷᠴᠢᠨ ᠨᠦᠬᠦᠴᠡᠯ ᠢ ᠤᠯᠠᠮ ᠢᠶᠠᠷ ᠰᠠᠶᠢᠵᠢᠷᠠᠭᠤᠯᠤᠨ᠎ᠠ᠃ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠭᠤᠤᠯᠳᠠᠯᠭ᠎ᠠ  ᠲᠠᠢ ᠲᠦᠰᠦᠯ ᠢ ᠠᠬᠢᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠵᠢᠨᠢᠩ ᠠᠴᠠ ᠲᠦᠩᠯᠢᠶᠤᠤ ᠬᠦᠷᠬᠦ ᠲᠠᠮᠤᠷ ᠵᠠᠮ ᠤᠨ ᠲᠡᠳ᠋ ᠱᠤᠭᠤᠮ᠂ ᠰᠢᠯᠤᠭᠤᠨ ᠬᠦᠬᠡ ᠠᠴᠠ ᠴᠢᠭᠤᠯᠤᠯᠳᠦ ᠬᠠᠭᠠᠯᠭ᠎ᠠ ᠬᠦᠷᠬᠦ ᠲᠠᠮᠤᠷ ᠵᠠᠮ᠂ ᠰᠢᠯᠢᠩᠬᠤᠳᠠ ᠠᠴᠠ ᠲᠤᠯᠤᠨᠨᠠᠭᠤᠷ ᠬᠦᠷᠬᠦ ᠲᠠᠮᠤᠷ ᠵᠠᠮ ᠤᠨ ᠲᠠᠪᠬᠤᠷ ᠱᠤᠭᠤᠮ ᠤᠨ ᠪᠠᠶᠢᠭᠤᠯᠤᠯᠳᠠ ᠶᠢ ᠠᠬᠢᠭᠤᠯᠵᠦ᠂ ᠪᠡᠭᠡᠵᠢᠩ ᠳᠤ ᠨᠡᠪᠳᠡᠷᠡᠬᠦ ᠵᠠᠮ ᠤᠨ ᠰᠠᠩ ᠤᠨ ᠲᠠᠯᠠᠢ ᠠᠴᠠ ᠱᠠᠩᠳᠤ ᠪᠠᠯᠭᠠᠰᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠲᠡᠷᠭᠡ ᠨᠡᠪᠳᠡᠷᠡᠬᠦᠯᠦᠨ᠂ ᠤᠯᠤᠰ ᠤᠨ ᠵᠠᠮ ᠤᠨ 510 ᠳ᠋ᠤᠭᠠᠷ ᠱᠤᠭᠤᠮ ᠤᠨ ᠱᠠᠩᠳᠤ ᠪᠠᠯᠭᠠᠰᠤ ᠠᠴᠠ ᠰᠢᠯᠤᠭᠤᠨ ᠴᠠᠭᠠᠨ ᠬᠤᠰᠢᠭᠤ ᠬᠦᠷᠬᠦ ᠵᠠᠮ ᠵᠠᠰᠠᠬᠤ ᠠᠵᠢᠯ ᠢ ᠡᠬᠢᠯᠡᠬᠦᠯᠬᠦ ᠪᠤᠯᠤᠨ᠎ᠠ︔ 502 ᠳ᠋ᠤᠭᠠᠷ ᠰᠢᠶᠠᠨ ᠤ ᠲᠡᠰ ᠤᠨ ᠵᠠᠮ ᠢ ᠦᠷᠬᠡᠳᠬᠡᠨ ᠪᠠᠶᠢᠭᠤᠯᠬᠤ ᠠᠵᠢᠯ ᠢ ᠡᠷᠳᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃        ︵ᠵᠢᠷᠭᠤᠭ᠎ᠠ︶ ᠨᠡᠶᠢᠬᠡᠮ ᠤᠨ ᠠᠵᠣ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃        ᠪᠦᠬᠦ ᠵᠢᠯ ᠤᠨ ᠨᠡᠶᠢᠬᠡᠮ ᠤᠨ ᠠᠷᠠᠳ ᠤᠨ ᠠᠮᠢᠳᠣᠷᠠᠯ ᠳᠤ ᠵᠠᠷᠣᠴᠠᠭᠤᠯᠬᠤ ᠵᠠᠷᠣᠯᠭ᠎ᠠ ᠶᠢᠨ ᠬᠡᠮᠵᠢᠶ᠎ᠠ ᠶᠢ ᠪᠦᠬᠦ ᠬᠤᠰᠢᠭᠤᠨ ᠤ ᠡᠳ᠋ ᠤᠨ ᠵᠠᠰᠠᠭ ᠤᠨ ᠲᠦᠰᠦᠪᠯᠡᠭᠰᠡᠨ ᠵᠠᠷᠣᠯᠭ᠎ᠠ ᠶᠢᠨ 55% ᠣᠷᠴᠢᠮ ᠪᠠᠶᠢᠬᠤ ᠶᠢ ᠪᠠᠳᠣᠯᠠᠨ᠎ᠠ᠃ ᠠᠷᠠᠳ  ᠢ ᠲᠡᠳᠬᠦᠨ ᠬᠠᠷᠠᠭᠠᠯᠵᠠᠬᠤ ᠠᠷᠪᠠᠨ ᠪᠣᠳᠠᠳᠣ ᠣᠴᠢᠷ ᠢ ᠪᠠᠶᠠᠯᠠᠭᠦᠯᠬᠦ ᠶᠢᠨ ᠬᠠᠮᠳᠣ ᠠᠷᠠᠳ ᠤᠨ ᠠᠮᠢᠳᠣᠷᠠᠯ ᠳᠠᠬᠢ ᠵᠠᠷᠣᠯᠭ᠎ᠠ  ᠶᠢ ᠦᠨᠡᠨᠬᠦ ᠪᠠᠳᠣᠯᠠᠵᠤ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠠᠷᠠᠳ ᠣᠯᠠᠨ ᠳᠤ ᠬᠦᠷᠳᠡᠭᠡᠨ᠎ᠡ᠃ ᠨᠢᠭᠡ ᠳᠤ᠂ ᠶᠡᠭᠡ ᠰᠣᠷᠭᠠᠭᠤᠯᠢ ᠶᠢᠨ ᠵᠢᠩᠬᠢᠨᠢ ᠠᠩᠭᠢ ᠪᠤᠶᠤ ᠳᠣᠰᠬᠠᠢ ᠮᠠᠷᠭᠡᠵᠢᠯ ᠤᠨ ᠠᠩᠬᠢ ᠳᠤ ᠰᠢᠯᠭᠠᠭᠳᠠᠨ ᠣᠷᠣᠭᠰᠠᠨ ᠬᠦᠴᠢᠷᠳᠡᠢ ᠭᠡᠷ ᠪᠦᠯᠢ ᠶᠢᠨ ᠣᠶᠣᠳᠠᠨ ᠳᠤ ᠲᠣᠰ ᠲᠣᠰ 3000 ᠪᠤᠯᠤᠨ 2000 ᠲᠦᠬᠦᠷᠢᠭ ᠤᠨ ᠨᠦᠬᠦᠪᠣᠷᠢ ᠶᠢ ᠨᠢᠭᠡ ᠣᠳᠠᠭ᠎ᠠ ᠣᠯᠭᠤᠨ᠎ᠠ᠃ ᠬᠤᠶᠠᠷ ᠲᠤ᠂ ᠲᠣᠮᠳᠠᠳᠣ ᠪᠠᠭ᠎ᠠ ᠰᠣᠷᠭᠠᠭᠤᠯᠢ ᠶᠢᠨ ᠪᠠᠭᠰᠢ ᠨᠠᠷ ᠲᠤ ᠵᠢᠯ ᠤᠨ ᠪᠣᠯᠪᠠᠰᠣᠷᠠᠯ ᠤᠨ ᠨᠦᠬᠦᠪᠤᠷᠢ ᠶᠢ 2000 ᠲᠦᠭᠦᠷᠢᠭ ᠠᠴᠠ ᠳᠡᠭᠡᠭᠰᠢ ᠣᠯᠭᠤᠵᠤ᠂ ᠦᠨᠳᠣᠰᠣᠳᠡᠨ ᠤ ᠰᠣᠷᠭᠠᠭᠤᠯᠢ ᠶᠢᠨ ᠪᠠᠭᠰᠢᠨᠠᠷ ᠲᠤ 2500 ᠲᠦᠬᠦᠷᠢᠭ ᠠᠴᠠ ᠳᠡᠭᠡᠭᠰᠢ ᠣᠯᠭᠤᠨ᠎ᠠ᠃ ᠦᠨᠳᠣᠰᠣᠳᠡᠨ ᠤ ᠰᠣᠷᠭᠠᠭᠤᠯᠢ ᠶᠢᠨ ᠰᠣᠷᠣᠭᠴᠢᠳ ᠤᠨ ᠨᠡᠶᠢᠳᠡ ᠶᠢᠨ ᠬᠡᠷᠡᠭᠯᠡᠭᠡᠨ ᠤ ᠵᠠᠷᠣᠳᠠᠯ ᠤᠨ ᠨᠦᠬᠦᠪᠣᠷᠢ ᠶᠢᠨ ᠪᠠᠷᠢᠮᠵᠢᠶ᠎ᠠ ᠶᠢ 50% ᠪᠠᠷ ᠲᠡᠭᠡᠭᠰᠢᠯᠡᠭᠦᠯᠦᠨ᠎ᠡ᠃ ᠱᠠᠩᠳᠣ ᠪᠠᠯᠭᠠᠰᠣ᠂ ᠬᠠᠪᠢᠷᠭ᠎ᠠ ᠪᠠᠯᠭᠠᠰᠣ ᠪᠣᠯᠣᠨ ᠪᠤᠷᠤᠬᠤᠳᠠ ᠵᠢᠱᠢᠶ᠎ᠠ ᠦᠵᠡᠭᠦᠯᠬᠦ ᠲᠣᠭᠤᠷᠢᠭ ᠤᠨ 3 ᠬᠡᠣᠭᠡᠳ ᠤᠨ ᠴᠡᠴᠡᠷᠯᠢᠭ ᠢ ᠠᠰᠢᠭᠯᠠᠯᠳᠠ ᠳᠤ ᠣᠷᠣᠭᠤᠯᠤᠨ᠎ᠡ᠃ ᠭᠤᠷᠪᠠ ᠳᠤ᠂ ᠰᠠᠩ ᠤᠨ ᠲᠠᠯᠠᠢ ᠪᠠᠯᠭᠠᠰᠣᠨ ᠤ ᠨᠠᠰᠣᠳᠠᠶᠢᠴᠣᠳ ᠢ ᠠᠰᠠᠷᠠᠬᠤ 60 ᠲᠠᠰᠤᠯᠭ᠎ᠠ ᠪᠠᠶᠢᠷᠢ ᠶᠢ ᠵᠠᠰᠠᠨ ᠪᠠᠶᠢᠭᠤᠯᠵᠣ᠂ ᠮᠠᠯᠵᠢᠬᠤ ᠣᠷᠣᠨ ᠳᠠᠬᠢ ᠨᠠᠰᠣᠳᠠᠶᠢᠴᠣᠳ ᠢ ᠠᠰᠠᠷᠠᠬᠤ ᠵᠢᠱᠢᠶ᠎ᠠ ᠦᠵᠡᠭᠦᠯᠬᠦ ᠴᠢᠭ ᠪᠤᠯᠭᠠᠨ᠎ᠠ᠃ ᠲᠦᠷᠪᠡ ᠳᠤ᠂ ᠬᠤᠰᠢᠭᠤᠨ ᠤ ᠡᠮᠨᠡᠯᠬᠡ ᠶᠢᠨ ᠬᠤᠷᠢᠶᠠᠨ ᠳᠤ ᠮᠠᠨ ᠤ ᠠᠶᠢᠮᠠᠭ ᠤᠨ ᠠᠩᠬᠠᠳᠠᠭᠴᠢ ᠵᠢᠷᠣᠬᠡᠨ ᠰᠣᠳᠠᠯ ᠳᠤ ᠲᠡᠯᠡᠭᠡᠰᠦ ᠲᠠᠯᠪᠢᠬᠤ ᠲᠠᠰᠤᠭ ᠢ  ᠪᠠᠶᠢᠭᠤᠯᠵᠤ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ  ᠤ ᠲᠣᠰᠬᠠᠢ ᠮᠡᠷᠭᠡᠵᠢᠯᠳᠡᠨ ᠢ ᠣᠷᠢᠵᠤ ᠡᠮᠴᠢᠯᠠᠭᠦᠯᠦᠨ᠎ᠡ᠃ ᠲᠠᠪᠤ ᠳᠤ᠂ ᠪᠠᠳᠣᠯᠠᠭ᠎ᠠ ᠶᠢᠨ ᠴᠢᠨᠠᠷᠳᠡᠢ ︽ᠠᠮᠤᠭᠤᠯᠠᠩ ᠰᠠᠭᠤᠴᠠ︾ ᠶᠢᠨ ᠢᠨᠵᠧᠨᠧᠷᠢᠩ ᠢ ᠰᠠᠶᠢᠳᠣᠷ ᠭᠡᠷᠡᠭᠵᠢᠬᠦᠯᠵᠤ᠂ ᠰᠢᠨ᠎ᠡ ᠪᠠᠷ ᠬᠢᠮᠳᠠ ᠲᠦᠷᠢᠶᠡᠰᠣᠨ ᠭᠡᠷ 120 ᠢᠵᠢ᠂ ᠨᠡᠶᠢᠳᠡ ᠶᠢᠨ ᠲᠦᠷᠢᠶᠠᠰᠣᠨ ᠭᠡᠷ 160 ᠢᠵᠢ ᠪᠠᠶᠢᠭᠤᠯᠵᠣ᠂ ᠭᠡᠷ ᠬᠤᠷᠢᠶᠠᠯᠠᠯ ᠤᠨ 450 ᠡᠷᠣᠭᠡ ᠶᠢ ᠨᠡᠭᠦᠯᠭᠡᠨ ᠲᠤᠬᠢᠵᠢᠭᠤᠯᠤᠨ᠎ᠠ᠃ ᠵᠢᠷᠭᠤᠭ᠎ᠠ ᠳᠤ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ ᠦᠨᠳᠣᠰᠣᠨ ᠨᠦᠬᠦᠪᠣᠷᠢ ᠶᠢ 25 ᠲᠦᠬᠦᠷᠢᠭ ᠨᠡᠮᠡᠭᠳᠡᠭᠦᠯᠦᠨ᠎ᠡ᠃ ᠬᠤᠳᠠ ᠪᠠᠯᠭᠠᠰᠣᠨ ᠤ ᠬᠠᠮᠤᠭ ᠲᠣᠣᠷ᠎ᠠ ᠠᠮᠢᠳᠣᠷᠠᠯ ᠤᠨ ᠪᠠᠳᠣᠯᠠᠭ᠎ᠠ ᠦᠭᠬᠦ ᠪᠠᠷᠢᠮᠵᠢᠶ᠎ᠠ ᠶᠢ 15% ᠪᠠᠷ ᠨᠡᠮᠡᠭᠳᠡᠭᠦᠯᠵᠤ᠂ ᠬᠦᠮᠦᠨ ᠲᠣᠮᠳᠠᠴᠢ ᠪᠠᠷ ᠰᠠᠷ᠎ᠠ ᠪᠦᠷᠢ 15 ᠲᠦᠬᠦᠷᠢᠭ ᠨᠡᠮᠡᠭᠳᠡᠭᠦᠯᠬᠦ ᠶᠢᠨ ᠬᠠᠮᠳᠣ ᠲᠠᠪᠣᠨ ᠪᠠᠳᠣᠯᠭᠠᠳᠣ ᠡᠷᠣᠭᠡ ᠶᠢ ᠲᠦᠪᠯᠡᠷᠡᠭᠦᠯᠦᠨ ᠠᠰᠠᠷᠠᠬᠤ ᠨᠦᠬᠦᠪᠦᠷᠢ ᠶᠢᠨ ᠪᠠᠷᠢᠮᠵᠢᠶ᠎ᠠ ᠶᠢ 15% ᠪᠠᠷ ᠨᠡᠮᠡᠭᠳᠡᠭᠦᠯᠦᠨ᠎ᠡ᠃ ᠲᠣᠯᠤᠭ᠎ᠠ ᠳᠤ᠂ ᠦᠢᠯᠡᠰ ᠪᠦᠳᠦᠭᠡᠬᠦ ᠴᠢᠳᠠᠪᠣᠷᠢ ᠶᠢᠨ ᠪᠣᠯᠪᠠᠰᠣᠷᠠᠯ ᠢ 220 ᠬᠦᠮᠦᠨ ᠣᠳᠠᠭ᠎ᠠ ᠦᠷᠨᠢᠬᠦᠯᠦᠨ᠂ 2400 ᠲᠦᠮᠡᠨ ᠲᠦᠭᠦᠷᠢᠭ ᠤᠨ ᠲᠠᠮ ᠬᠦᠦ ᠲᠠᠢ ᠵᠢᠭᠡᠯᠡᠯᠭᠡ ᠲᠠᠯᠪᠢᠨ᠎ᠡ᠃ ᠨᠠᠢᠮᠠ ᠳᠤ᠂ ᠲᠣᠣᠷ᠎ᠠ ᠣᠷᠣᠯᠭ᠎ᠠ ᠲᠠᠢ ᠮᠠᠯᠴᠢᠨ ᠲᠠᠷᠢᠶᠠᠴᠢᠨ ᠡᠷᠣᠭᠡ ᠳᠤ ᠡᠪᠣᠯ ᠤᠨ ᠣᠯᠠᠷᠢᠯ ᠤᠨ ᠰᠢᠳᠠᠭᠠᠯᠭ᠎ᠠ ᠶᠢᠨ ᠨᠦᠬᠦᠪᠦᠷᠢ 600 ᠲᠦᠬᠦᠷᠢᠭ ᠦᠭᠭᠦᠨ᠎ᠡ᠃ ᠶᠢᠰᠣ ᠳᠤ᠂ ᠱᠠᠩᠳᠣ ᠪᠠᠯᠭᠠᠰᠣᠨ ᠤ 652 ᠡᠷᠣᠭᠡ ᠳᠤ ᠪᠠᠶᠢᠭᠠᠯᠢ ᠶᠢᠨ ᠰᠢᠳᠠᠮᠠᠬᠠᠢ ᠬᠡᠢ ᠨᠡᠪᠳᠡᠷᠡᠭᠦᠯᠦᠨ᠎ᠡ᠃ ᠠᠷᠪᠠ ᠳᠤ᠂ ᠪᠦᠬᠦ ᠬᠤᠰᠢᠭᠤᠨ ᠤ 65 ᠨᠠᠰᠣᠨ ᠠᠴᠠ ᠳᠡᠭᠡᠭᠰᠢᠬᠢ ᠨᠠᠰᠣᠳᠠᠶᠢᠴᠣᠳ ᠲᠤ ᠨᠢᠭᠡ ᠣᠳᠠᠭ᠎ᠠ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠤ ᠦᠭᠭᠦᠨ᠎ᠡ᠃         ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠯᠠᠪᠳᠠᠭᠤᠨ ᠪᠠᠳᠣᠳᠠᠢ ᠠᠬᠢᠭᠤᠯᠤᠨ᠎ᠡ᠃ ᠰᠣᠷᠭᠠᠨ ᠬᠦᠮᠦᠵᠢᠯ ᠤᠨ ᠲᠠᠯ᠎ᠠ ᠪᠠᠷ᠂ ᠪᠡᠯᠡ ᠣᠷᠣᠭᠤᠯᠣᠯᠳᠠ ᠶᠢᠨ ᠭᠡᠮᠵᠢᠶ᠎ᠡ ᠶᠢ ᠨᠡᠮᠡᠭᠳᠡᠭᠦᠯᠵᠦ᠂ ᠰᠣᠷᠭᠠᠨ ᠬᠦᠮᠦᠵᠢᠯ ᠤᠨ ᠵᠠᠷᠣᠳᠠᠯ  ᠤᠨ《 ᠭᠤᠷᠪᠠᠨ ᠨᠡᠮᠡᠭᠳᠡᠯ》 ᠢ ᠪᠠᠳᠣᠯᠠᠨ᠎ᠠ᠃ ᠰᠣᠷᠭᠠᠨ ᠬᠦᠮᠦᠵᠢᠯ᠂ ᠵᠢᠭᠠᠨ ᠰᠣᠷᠭᠠᠯᠳᠠ ᠶᠢᠨ ᠴᠢᠨᠠᠷ ᠢ ᠲᠡᠭᠡᠭᠰᠢᠯᠡᠬᠦᠯᠦᠨ᠂ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠣᠷᠣᠬᠤ ᠨᠣᠷᠮ᠎ᠠ ᠶᠢ 36 % ᠠᠴᠠ ᠲᠡᠭᠡᠭᠰᠢ ᠳᠤ ᠬᠦᠷᠭᠡᠬᠦ  ᠪᠠᠷ ᠴᠢᠷᠮᠠᠶᠢᠨ᠎ᠠ᠃ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠣᠨ᠂ ᠬᠤᠶᠠᠳᠣᠭᠠᠷ ᠲᠣᠮᠳᠠᠳᠣ ᠰᠣᠷᠭᠠᠭᠤᠯᠢ᠂ ᠮᠣᠩᠭᠤᠯ ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠵᠢᠴᠢ ᠮᠣᠩᠭᠤᠯ ᠲᠣᠮᠳᠠᠳᠣ ᠰᠣᠷᠭᠠᠭᠤᠯᠢ ᠪᠤᠯᠤᠨ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠪᠠᠶᠢᠷᠢ ᠶᠢᠨ ᠠᠰᠠᠷ ᠢ ᠪᠠᠶᠢᠭᠤᠯᠬᠤ ᠶᠢᠨ ᠬᠠᠮᠳᠣ᠂ 4 ᠲᠠᠮᠢᠷ ᠤᠨ ᠣᠷᠳᠣᠨ ᠪᠤᠯᠤᠨ ᠮᠣᠩᠭᠤᠯ ᠬᠡᠣᠭᠡᠳ ᠤᠨ ᠴᠡᠴᠡᠷᠯᠢᠭ ᠤᠨ ᠦᠷᠭᠡᠳᠭᠡᠭᠰᠡᠨ ᠪᠠᠷᠢᠯᠭ᠎ᠠ ᠶᠢ ᠪᠠᠷᠢᠵᠤ ᠳᠠᠭᠤᠰᠬᠠᠨ᠎ᠠ᠃ ᠡᠷᠡᠭᠦᠯ ᠬᠠᠮᠠᠭᠠᠯᠠᠯ ᠤᠨ ᠲᠠᠯ᠎ᠠ ᠪᠠᠷ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠭ᠎ᠠ ᠪᠠᠨ ᠨᠢᠭᠳᠠᠷᠠᠭᠤᠯᠵᠤ᠂ ᠳᠣᠰᠬᠠᠢ ᠮᠡᠷᠭᠡᠵᠢᠯ ᠤᠨ ᠴᠢᠳᠠᠪᠣᠷᠢᠳᠠᠨ ᠢ ᠣᠷᠢᠨ ᠵᠠᠯᠠᠵᠤ᠂ ᠠᠵᠢᠯᠳᠠᠨ ᠳᠣᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠢᠯᠡᠨ᠎ᠡ᠃ ᠴᠢᠳᠠᠪᠣᠷᠢᠳᠠᠨ ᠤ ᠰᠣᠯᠢᠯᠴᠠᠭ᠎ᠠ ᠪᠣᠯᠣᠨ ᠪᠣᠯᠪᠠᠰᠣᠷᠠᠯ ᠢ ᠴᠢᠩᠭᠠᠳᠬᠠᠨ᠂ ᠡᠮᠴᠢᠯᠠᠭᠡᠨ ᠤ ᠠᠵᠢᠯᠳᠠᠨ ᠤ ᠲᠣᠬᠠᠶᠢᠯᠠᠭᠰᠠᠨ ᠠᠵᠢᠯ ᠤᠨ ᠴᠢᠳᠠᠪᠣᠷᠢ ᠪᠠ ᠬᠡᠪ ᠰᠣᠷᠳᠠᠯ ᠢ ᠳᠡᠭᠡᠭᠰᠢᠯᠡᠭᠦᠯᠵᠦ ᠡᠮᠴᠢᠯᠡᠭᠡᠨ ᠤ ᠠᠵᠢᠯᠳᠠᠳ ᠤᠨ ᠲᠤᠬᠠᠶᠢᠯᠠᠭᠰᠠᠨ ᠠᠵᠢᠯ ᠤᠨ ᠲᠠᠳᠣᠯᠭ᠎ᠠ ᠪᠣᠯᠪᠠᠰᠣᠷᠠᠯ  ᠢ ᠳᠡᠭᠡᠭᠰᠢᠯᠡᠭᠦᠯᠦᠨ᠎ᠡ᠃ ᠦᠨᠳᠣᠰᠣᠨ ᠱᠠᠳᠣᠨ ᠤ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠨᠦᠬᠦᠴᠡᠯ ᠢ ᠰᠠᠶᠢᠵᠢᠷᠠᠭᠤᠯᠣᠨ᠂ ᠮᠠᠯᠴᠢᠨ ᠲᠠᠷᠢᠶᠠᠴᠢᠨ ᠤ ᠡᠪᠡᠳᠴᠢᠨ ᠦᠵᠡᠬᠦᠯᠬᠦ ᠳᠤ ᠬᠦᠴᠢᠷᠳᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠡᠨᠡ ᠵᠢᠯ 6000 ᠡᠮ ᠤᠨ ᠬᠠᠶᠢᠷᠴᠠᠭ ᠳᠣᠷᠣᠭᠰᠢ ᠳᠠᠷᠬᠠᠭᠠᠨ᠎ᠠ᠃ ᠰᠣᠶᠣᠯ ᠤᠨ ᠲᠠᠯ᠎ᠠ ᠪᠠᠷ᠂ ᠰᠣᠶᠣᠯ ᠤᠨ ᠠᠵᠣ ᠦᠢᠯᠡᠰ ᠪᠣᠯᠣᠨ ᠰᠣᠶᠣᠯ ᠤᠨ ᠦᠪ ᠤᠨ ᠬᠦᠭᠵᠢᠯᠳᠡ ᠶᠢ ᠣᠯᠠᠮ ᠨᠢᠭᠡ ᠠᠯᠬᠤᠮ ᠠᠬᠢᠭᠤᠯᠵᠣ᠂ ᠦᠨᠳᠣᠰᠣᠳᠡᠨ ᠤ ᠦᠪᠡᠷᠮᠢᠴᠡ ᠣᠨᠴᠠᠯᠢᠭᠳᠣ ᠦᠢᠯᠡᠳᠪᠦᠷᠢᠯᠡᠯ ᠵᠢᠴᠢ ᠭᠠᠵᠠᠷ ᠣᠷᠣᠨ ᠤ ᠰᠣᠶᠣᠯ ᠤᠨ ᠨᠡᠷᠡᠳᠣ ᠲᠡᠮᠳᠡᠭ ᠢ ᠬᠦᠭᠵᠢᠭᠦᠯᠦᠨ᠎ᠡ᠃ ᠲᠣᠮᠳᠠᠳᠣ ᠣᠯᠣᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠬᠤ ᠶᠢᠨ ᠬᠠᠮᠳᠣ ᠰᠣᠷᠳᠠᠯᠴᠢᠯᠠᠭ᠎ᠠ ᠣᠬᠠᠭᠤᠯᠭ᠎ᠠ ᠪᠠᠨ ᠨᠡᠮᠡᠭᠳᠡᠭᠦᠯᠵᠦ᠂ ᠵᠢᠯ ᠤᠨ ᠳᠣᠳᠣᠷ᠎ᠠ 1 ᠠᠴᠠ 2 ᠣᠳᠠᠭᠠᠨ ᠤ ᠦᠪᠡᠷᠳᠡᠭᠡᠨ ᠵᠠᠰᠠᠬᠤ ᠣᠷᠣᠨ ᠤ ᠲᠠᠰ ᠤᠨ ᠲᠣᠰᠬᠠᠢ ᠰᠡᠳᠣᠪᠳᠣ ᠰᠣᠳᠣᠯᠭᠠᠨ ᠤ ᠬᠤᠷᠠᠯ ᠢ ᠬᠤᠷᠠᠯᠳᠣᠭᠤᠯᠵᠣ᠂ ᠮᠣᠩᠭᠤᠯ ᠬᠡᠯᠡᠨ ᠤ ᠬᠡᠷᠡᠭᠯᠡᠬᠡᠨ  ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠡᠣᠭᠡᠨ ᠳᠣᠷᠠᠰᠬᠠᠯᠳᠣ ᠵᠦᠢᠯᠡᠰ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠨ᠂ ᠰᠣᠶᠣᠯ ᠣᠷᠠᠯᠢᠭ ᠤᠨ ᠲᠠᠯ᠎ᠠ ᠪᠠᠷ ᠬᠢ ᠰᠢᠯᠢᠳᠡᠭ ᠵᠣᠬᠢᠶᠠᠨ ᠪᠦᠳᠦᠭᠡᠯᠭᠡ  ᠶᠢ ᠰᠠᠶᠢᠰᠢᠶᠠᠨ ᠵᠤᠷᠢᠭᠵᠢᠭᠤᠯᠤᠨ᠎ᠠ᠃ ᠷᠠᠳᠢᠣ᠋ ᠲᠧᠯᠸᠢᠰ ᠬᠤᠷᠢᠶᠠᠨ ᠤ ᠦᠪᠡᠷᠳᠡᠭᠡᠨ ᠦᠢᠯᠡᠳᠦᠭᠰᠡᠨ ᠫᠷᠦᠭᠷᠡᠮ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠢ ᠦᠷᠨᠢᠬᠦᠯᠵᠣ᠂ ᠪᠦᠬᠡ ᠵᠡᠷᠭᠡ ᠦᠨᠳᠦᠰᠦᠳᠡᠨ ᠤ ᠰᠣᠶᠣᠯ ᠲᠠᠮᠢᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠬᠡᠮ ᠪᠣᠯᠣᠨ ᠰᠣᠷᠭᠠᠭᠤᠯᠢ ᠳᠤ ᠬᠦᠯ ᠪᠦᠮᠪᠦᠭᠡ ᠶᠢᠨ ᠬᠦᠳᠡᠯᠭᠡᠭᠡᠨ ᠢ ᠲᠦᠭᠡᠮᠡᠯᠵᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠲᠠᠯ᠎ᠠ ᠪᠠᠷ᠂ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠠ ᠦᠵᠡᠭᠦᠯᠬᠦ ᠭᠦᠷᠢᠶᠠᠯᠡᠩ ᠵᠢᠴᠢ ᠵᠢᠱᠢᠶ᠎ᠠ ᠦᠵᠡᠭᠦᠯᠬᠦ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠣ᠂ ᠰᠢᠨᠵᠢᠯᠡᠭᠡ ᠮᠡᠷᠭᠡᠵᠢᠯ ᠤᠨ ᠪᠣᠳᠠᠳᠣ ᠬᠡᠷᠡᠭᠯᠡᠭᠡ ᠶᠢ ᠨᠡᠮᠡᠭᠳᠡᠭᠦᠯᠦᠨ᠎ᠡ᠃ ᠰᠢᠨᠵᠢᠯᠡᠬᠦ ᠣᠬᠠᠭᠠᠨ ᠤ ᠰᠣᠳᠣᠯᠭᠠᠨ ᠤ ᠴᠢᠳᠠᠪᠣᠷᠢᠳᠠᠨ ᠢ ᠣᠷᠢᠨ ᠠᠪᠴᠢᠷᠠᠬᠤ ᠲᠠᠯ᠎ᠠ ᠪᠠᠷ ᠬᠦᠴᠦᠯᠡᠬᠦ ᠶᠢᠨ ᠬᠠᠮᠳᠣ ᠰᠢᠨᠵᠢᠯᠡᠭᠡ ᠮᠡᠷᠭᠡᠵᠢᠯ ᠤᠨ ᠲᠦᠰᠦᠯ ᠢ ᠪᠤᠯᠪᠠᠰᠣᠷᠠᠭᠤᠯᠬᠤ᠂ ᠳᠡᠭᠡᠭᠰᠢ ᠮᠡᠳᠡᠭᠦᠯᠬᠦ ᠠᠵᠢᠯ ᠢ ᠰᠠᠶᠢᠳᠣᠷ ᠬᠢᠨ᠎ᠡ᠃ ᠠᠵᠢᠯ ᠣᠯᠭᠤᠯᠳᠠ ᠶᠢᠨ ᠲᠠᠯ᠎ᠠ ᠪᠠᠷ᠂ ᠦᠢᠯᠡᠰ ᠡᠷᠬᠢᠯᠡᠬᠦ ᠪᠠᠷ ᠳᠠᠮᠵᠢᠭᠤᠯᠵᠤ ᠠᠵᠢᠯ ᠣᠯᠭᠤᠯᠳᠠ ᠶᠢ ᠠᠬᠢᠭᠤᠯᠬᠤ ᠲᠦᠷᠦ ᠶᠢᠨ ᠪᠤᠳᠣᠯᠭ᠎ᠠ᠂ ᠲᠣᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ᠂ ᠮᠠᠯᠴᠢᠠ ᠲᠠᠷᠢᠶᠠᠴᠢᠨ ᠢ ᠨᠡᠭᠦᠯᠭᠡᠨ ᠠᠵᠢᠯ ᠣᠯᠭᠤᠬᠤ ᠲᠦᠷᠦ ᠶᠢᠨ ᠪᠤᠳᠣᠯᠭ᠎ᠠ ᠵᠡᠷᠭᠡ ᠠᠷᠭ᠎ᠠ ᠪᠣᠳᠣᠯᠭ᠎ᠠ ᠤᠳ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠦᠨᠳᠣᠰᠣᠳᠡᠨ ᠤ ᠣᠨᠴᠠᠯᠢᠭᠳᠣ ᠠᠵᠣ ᠦᠢᠯᠡᠰ ᠤᠨ ᠭᠦᠷᠢᠶᠠᠯᠡᠩ ᠪᠣᠯᠣᠨ ︽ᠰᠡᠭᠡᠭᠡᠳᠡᠨ︾ ᠬᠤᠳᠠᠯᠳᠣᠭᠠᠨ ᠤ ᠵᠡᠭᠡᠯᠢ ᠶᠢᠨ ᠠᠵᠢᠯ ᠣᠯᠭᠤᠯᠳᠠ ᠶᠢ ᠲᠠᠶᠢᠴᠢᠯᠠᠬᠤ ᠦᠢᠯᠡᠳᠣᠯ ᠢ ᠪᠠᠳᠠᠷᠠᠭᠤᠯᠵᠣ᠂ ᠦᠪᠠᠷᠳᠡᠭᠡᠨ ᠦᠢᠯᠡᠰ ᠡᠷᠬᠢᠯᠡᠭᠰᠡᠳ ᠲᠤ ᠦᠢᠯᠡᠳᠪᠦᠷᠢᠯᠡᠯ ᠡᠵᠡᠩᠨᠡᠯᠳᠡ ᠪᠠᠨ ᠶᠠᠪᠤᠭᠤᠯᠬᠤ ᠲᠠᠯᠠᠪᠤᠷ ᠬᠠᠩᠭᠠᠨ᠎ᠠ᠃ ᠪᠦᠬᠦ ᠵᠢᠯ ᠳᠤ ᠬᠤᠳᠠ ᠪᠠᠯᠭᠠᠰᠣᠨ ᠤ 1900 ᠬᠦᠮᠦᠨ᠂ ᠨᠡᠭᠦᠨ ᠰᠢᠯᠵᠢᠭᠰᠡᠨ 2300 ᠮᠠᠯᠴᠢᠨ ᠲᠠᠷᠢᠶᠠᠴᠢᠨ ᠳᠤ ᠠᠵᠢᠯ ᠣᠯᠭᠤᠨ᠂ ᠬᠤᠳᠠ ᠪᠠᠯᠭᠠᠰᠣᠨ ᠳᠤ ᠪᠦᠷᠢᠳᠭᠡᠭᠦᠯᠦᠭᠰᠡᠨ ᠠᠵᠢᠯ ᠦᠭᠡᠶᠢᠴᠣᠳ ᠤᠨ ᠨᠣᠷᠮ᠎ᠠ ᠶᠢ 3.5% ᠶᠢᠨ ᠲᠣᠳᠣᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ ᠨᠡᠶᠢᠬᠡᠮ ᠤᠨ ᠪᠠᠳᠣᠯᠠᠭ᠎ᠠ ᠶᠢᠨ ᠲᠠᠯ᠎ᠠ ᠪᠠᠷ᠂ ᠨᠡᠶᠢᠬᠡᠮ ᠤᠨ ᠲᠠᠭᠠᠳᠬᠠᠯ ᠤᠨ ᠬᠠᠮᠤᠷᠬᠤ ᠬᠡᠮᠵᠢᠶ᠎ᠠ ᠶᠢ ᠣᠯᠠᠮ ᠨᠢᠭᠡ ᠠᠯᠬᠤᠮ ᠦᠷᠭᠡᠳᠭᠡᠨ᠂ ᠬᠤᠪᠢ ᠶᠢᠨ ᠠᠵᠣ ᠠᠬᠤᠶᠢᠯᠠᠯ ᠤᠨ ᠠᠵᠢᠯᠳᠠᠨ ᠪᠤᠯᠤᠨ ᠨᠠᠶᠢᠳᠠ ᠶᠢᠨ ᠪᠤᠰᠣ ᠦᠮᠴᠢᠯᠠᠯ ᠤᠨ ᠠᠵᠤ ᠠᠬᠤᠢ ᠶᠢᠨ ᠬᠢᠨ ᠢ ᠪᠦᠭᠦᠳᠡ ᠶᠢ ᠨᠡᠶᠢᠬᠡᠮ ᠤᠨ ᠲᠠᠭᠠᠳᠬᠠᠯ  ᠲᠤ ᠣᠷᠣᠭᠤᠯᠣᠨ᠎ᠠ᠃ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ ᠨᠦᠬᠦᠪᠦᠷᠢ ᠣᠯᠭᠤᠮᠵᠢ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ ᠳᠠᠭᠠᠳᠬᠠᠯ ᠳᠤ ᠣᠷᠣᠵᠤ ᠪᠤᠯᠬᠤ ᠬᠦᠮᠦᠰ ᠢ ᠪᠦᠬᠦᠨ ᠢ ᠣᠷᠣᠭᠤᠯᠤᠨ᠎ᠠ᠃ ᠣᠯᠣᠰ ᠤᠨ ᠪᠠᠶᠢᠭᠤᠯᠭ᠎ᠠ ᠨᠢᠭᠡᠴᠡ ᠪᠤᠯᠤᠨ ᠲᠦᠷᠦ ᠶᠢᠨ ᠠᠯᠪᠠᠳᠠᠨ ᠤ ᠲᠦᠷᠢᠮ ᠢ ᠮᠦᠷᠳᠡᠨ ᠬᠡᠷᠡᠭᠵᠢᠭᠦᠯᠵᠤ ᠪᠠᠶᠢᠭ᠎ᠠ ᠪᠠᠶᠢᠭᠤᠯᠭ᠎ᠠ ᠶᠢᠨ ᠠᠵᠢᠯᠳᠠᠨ ᠢ ᠠᠵᠢᠯ ᠠᠴᠠ ᠪᠤᠯᠤᠭᠰᠠᠨ ᠭᠡᠮᠳᠣᠯ ᠤᠨ ᠳᠠᠭᠠᠳᠬᠠᠯ ᠳᠤ ᠣᠷᠣᠭᠤᠯᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠶᠠᠳᠠᠭᠤ ᠶᠢ ᠲᠡᠳᠬᠦᠬᠦ ᠲᠠᠯ᠎ᠠ ᠪᠠᠷ᠂ ᠳᠠᠩᠰᠠ ᠡᠪᠭᠡᠮᠡᠯ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠭᠠᠴᠠᠭ᠎ᠠ ᠲᠤᠰᠬᠤᠨ ᠳᠤ ᠪᠠᠭᠤᠭᠰᠠᠨ ᠠᠵᠢᠯᠯᠠᠬᠤ ᠲᠤᠭᠤᠶᠢᠯᠠᠩ ᠤᠨ ᠠᠵᠢᠯ ᠤᠨ ᠪᠦᠳᠦᠮᠵᠢ ᠶᠢ ᠲᠡᠭᠡᠭᠰᠢᠯᠡᠬᠦᠯᠦᠨ᠂《 ᠭᠤᠷᠪᠠ ᠶᠢ ᠲᠣᠰᠬᠤᠨ ᠳᠤ ᠪᠠᠭᠤᠯᠭᠠᠵᠤ᠂ ᠭᠤᠷᠪᠠ ᠶᠢ ᠡᠷᠣᠭᠡ ᠳᠤ ᠪᠠᠭᠤᠬᠤ︾ ᠪᠤᠳᠣᠯᠭ᠎ᠠ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠶᠠᠳᠠᠭᠤ ᠶᠢ ᠲᠡᠳᠬᠦᠨ ᠠᠷᠠᠳ ᠢᠶᠠᠨ ᠴᠢᠨᠡᠭᠡᠯᠢᠭᠵᠢᠬᠦᠯᠬᠦ ᠢᠨᠵᠧᠨᠧᠷᠢᠩ ᠢ ᠴᠢᠩᠭ᠎ᠠ ᠭᠡᠷᠡᠭᠵᠢᠬᠦᠯᠦᠨ᠂ ᠵᠢᠯ ᠤᠨ ᠳᠣᠳᠣᠷ᠎ᠠ᠂ 5000 ᠲᠦᠮᠡᠨ ᠲᠦᠭᠦᠷᠢᠭ ᠤᠨ ᠮᠦᠩᠭᠦᠨ ᠬᠦᠢᠯᠭᠡᠭᠡᠨ ᠤ ᠵᠢᠭᠡᠯᠡᠯᠭᠡ ᠲᠠᠯᠪᠢᠵᠤ᠂ 1380 ᠭᠦᠮᠦᠨ ᠢ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃         ︵ᠲᠣᠯᠤᠭ᠎ᠠ︶ ᠨᠡᠶᠢᠬᠡᠮ ᠤᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠬᠦᠯᠦᠨ᠂ ᠨᠠᠶᠢᠬᠡᠮ ᠤᠨ ᠠᠮᠣᠷ ᠲᠣᠭᠳᠠᠭᠤᠨ ᠡᠶ᠎ᠡ ᠵᠣᠬᠢᠴᠠᠯ ᠢ ᠬᠠᠮᠠᠭᠠᠯᠠᠨ᠎ᠠ᠃        ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠨᠢᠭᠡᠨᠳᠡ ᠭᠠᠷᠭᠠᠭᠰᠠᠨ ᠦᠭᠡᠷᠡᠴᠢᠯᠡᠯᠳᠡ  ᠶᠢᠨ ᠲᠦᠰᠦᠯ ᠢ ᠮᠠᠨ ᠤ ᠬᠤᠰᠢᠭᠤᠨ ᠤ ᠪᠣᠳᠠᠳᠡᠢ ᠪᠠᠶᠢᠳᠠᠯ ᠲᠠᠢ ᠣᠶᠠᠯᠳᠣᠭᠤᠯᠣᠨ᠂ ᠪᠦᠷᠢᠨ ᠲᠡᠭᠦᠯᠳᠡᠷ ᠠᠷᠭ᠎ᠠ ᠲᠦᠰᠦᠯ ᠲᠣᠭᠳᠠᠭᠠᠨ᠂ ᠦᠭᠡᠷᠡᠴᠢᠯᠡᠯᠳᠡ ᠶᠢᠨ ᠰᠡᠳᠬᠢᠮᠵᠢ ᠪᠣᠯᠣᠨ ᠱᠠᠭᠠᠷᠳᠠᠯᠭ᠎ᠠ ᠶᠢ ᠬᠡᠷᠡᠭᠵᠢᠬᠦᠯᠵᠤ ᠪᠤᠯᠬᠤ ᠲᠦᠯᠦᠪᠯᠡᠭᠡ ᠪᠣᠯᠣᠨ ᠠᠷᠭ᠎ᠠ ᠲᠦᠰᠦᠯ ᠪᠣᠯᠭᠠᠨ ᠬᠤᠪᠢᠷᠠᠭᠤᠯᠵᠣ᠂ ᠦᠭᠡᠷᠡᠴᠢᠯᠡᠯᠳᠡ ᠪᠠᠷ ᠳᠠᠮᠵᠢᠭᠤᠯᠵᠤ ᠣᠯᠠᠨ ᠲᠦᠮᠡᠨ ᠳᠤ ᠪᠣᠳᠠᠳᠡᠢ ᠠᠰᠢᠭ ᠭᠦᠷᠳᠡᠭᠡᠨ᠎ᠡ᠃ ᠵᠠᠰᠠᠭ ᠤᠨ ᠣᠷᠳᠣᠨ ᠤ ᠭᠤᠣᠯ ᠣᠳᠣᠷᠢᠳᠬᠤ ᠦᠢᠯᠡᠳᠣᠯ ᠢ ᠬᠦᠢᠴᠡᠳ ᠪᠠᠳᠠᠷᠠᠭᠤᠯᠣᠨ᠂ ᠪᠡᠯᠡ ᠮᠦᠩᠭᠦᠨ  ᠤ ᠪᠠᠳᠣᠯᠠᠭ᠎ᠠ ᠪᠠᠨ ᠨᠡᠮᠡᠭᠳᠡᠭᠦᠯᠵᠦ᠂ ᠡᠳ᠋ ᠤᠨ ᠵᠠᠰᠠᠭ ᠤᠨ ᠭᠠᠶᠢᠯᠢ ᠶᠢ ᠰᠢᠨᠵᠢᠯᠡᠬᠦ ᠣᠬᠠᠭᠠᠨᠴᠢ ᠪᠠᠷ ᠨᠠᠷᠢᠯᠢᠭ ᠬᠠᠮᠢᠶᠠᠷᠬᠤ ᠬᠢᠷᠢ ᠲᠦᠪᠰᠢᠨ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠠᠵᠢᠯ ᠢ ᠬᠢᠨᠠᠨ ᠪᠤᠳᠣᠬᠤ᠂ ᠬᠢᠨᠠᠯᠳᠠ ᠲᠠᠯᠪᠢᠬᠤ ᠲᠠᠯ᠎ᠠ ᠪᠠᠷ ᠴᠢᠩᠭᠠᠳᠬᠠᠨ᠂ ᠦᠷᠢ ᠦᠭᠴᠡᠭᠡᠨ ᠤ ᠲᠠᠯ᠎ᠠ ᠪᠠᠷ ᠡᠭᠦᠰᠴᠦ ᠮᠡᠳᠡᠬᠦ ᠲᠦᠭᠰᠢᠬᠦᠷᠢ ᠶᠢ ᠨᠠᠷᠢᠨ ᠡᠵᠡᠮᠰᠢᠵᠤ᠂ ᠣᠳᠣ ᠶᠢᠨ ᠪᠠᠶᠢᠭ᠎ᠠ ᠦᠷᠢ ᠶᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠢᠨ᠎ᠡ ᠦᠷᠢ ᠭᠠᠷᠬᠤ ᠶᠢ ᠴᠢᠩᠭ᠎ᠠ ᠬᠢᠵᠠᠭᠠᠷᠯᠠᠨ᠎ᠡ᠃ ᠣᠷᠣᠯᠭ᠎ᠠ ᠶᠢᠨ ᠰᠠᠭᠤᠷᠢ ᠪᠠᠨ ᠣᠯᠠᠮ ᠨᠢᠭᠡ ᠠᠯᠬᠤᠮ ᠪᠠᠬᠢᠵᠢᠬᠦᠯᠵᠤ᠂ ᠭᠤᠣᠯᠳᠠᠯᠭᠠᠳᠣ ᠠᠵᠢᠯ ᠲᠦᠷᠦᠯ ᠪᠤᠯᠤᠨ ᠭᠤᠤᠯ ᠪᠤᠯᠬᠤ ᠭᠠᠶᠢᠯᠢ ᠳᠣᠰᠢᠶᠠᠭᠴᠢᠳ᠂ ᠴᠢᠬᠤᠯᠠ ᠭᠠᠶᠢᠯᠢ ᠲᠡᠳᠠᠪᠤᠷᠢ ᠶᠢᠨ ᠲᠦᠷᠦᠯ ᠵᠦᠢᠯ ᠳᠠᠬᠢ ᠬᠠᠮᠢᠶᠠᠷᠣᠯᠳᠠ ᠶᠢ ᠴᠢᠩᠭᠠᠳᠬᠠᠨ ᠬᠤᠷᠢᠶᠠᠬᠤ ᠵᠤᠬᠢᠰᠳᠠᠢ ᠭᠠᠶᠢᠯᠢ ᠶᠢ ᠪᠦᠬᠦᠨ ᠢ ᠬᠤᠷᠢᠶᠠᠨ᠎ᠠ᠃ ᠵᠠᠷᠣᠯᠭ᠎ᠠ ᠶᠢᠨ ᠪᠦᠳᠣᠴᠡ  ᠶᠢ ᠰᠢᠯᠢᠳᠡᠭᠵᠢᠬᠦᠯᠦᠨ ᠡᠳ᠋ ᠤᠨ ᠵᠠᠰᠠᠭ ᠤᠨ ᠪᠡᠯᠡ ᠮᠦᠩᠭᠦ ᠶᠢ ᠵᠣᠬᠢᠰᠳᠡᠢ ᠬᠡᠷᠡᠭᠯᠡᠨ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠪᠠᠳᠣᠯᠠᠭᠠᠨ ᠤ ᠴᠢᠳᠠᠪᠣᠷᠢ ᠶᠢ ᠲᠡᠭᠡᠭᠰᠢᠯᠡᠬᠦᠯᠦᠨ᠂ ᠠᠷᠠᠳ ᠤᠨ ᠠᠮᠢᠳᠣᠷᠠᠯ᠂ ᠠᠵᠤ ᠠᠬᠤᠢ ᠶᠢᠨ ᠡᠷᠬᠢᠯᠳᠡ᠂ ᠠᠮᠣᠷ ᠲᠣᠭᠳᠠᠭᠤᠨ ᠵᠡᠷᠭᠡ ᠶᠢ ᠵᠠᠪᠠᠯ ᠪᠠᠳᠣᠯᠠᠨ᠎ᠠ᠃ ᠣᠯᠣᠰ ᠤᠨ ᠠᠯᠪᠠᠳᠠᠨ ᠪᠣᠯᠣᠨ ᠲᠣᠰᠬᠠᠢ ᠮᠡᠷᠭᠡᠵᠢᠯ ᠤᠨ ᠠᠵᠢᠯᠳᠠᠨ ᠤ ᠡᠩᠨᠡᠭᠡᠨ ᠤ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠂ ᠠᠳᠠᠯᠢ ᠪᠣᠰᠣ ᠠᠵᠢᠯ ᠲᠦᠷᠦᠯ ᠳᠤ ᠲᠣᠬᠢᠷᠠᠬᠤ ᠠᠵᠢᠯᠳᠠᠨ ᠡᠯᠰᠡᠬᠦ ᠠᠷᠭ᠎ᠠ ᠪᠤᠳᠣᠯᠭ᠎ᠠ ᠳᠣᠭᠳᠠᠭᠠᠨ᠎ᠠ᠃ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠴᠡᠭᠴᠡᠯᠡᠨ᠂ ᠡᠯ᠎ᠡ ᠲᠦᠷᠦᠯ ᠤᠨ ᠠᠵᠢᠯ ᠬᠢᠵᠤ ᠪᠠᠶᠢᠭ᠎ᠠ ᠠᠵᠢᠯᠴᠢᠳ ᠤᠨ ᠬᠦᠯᠦᠰᠦ ᠤᠯᠭᠤᠮᠵᠢ ᠶᠢ ᠪᠠᠳᠤᠯᠠᠬᠤ ᠪᠠᠷᠢᠴᠠᠭᠠᠨ ᠤ ᠮᠦᠩᠭᠦ ᠬᠤᠷᠢᠶᠠᠬᠤ ᠲᠦᠷᠢᠮ ᠢ ᠴᠢᠩᠭ᠎ᠠ ᠬᠡᠷᠡᠭᠵᠢᠬᠦᠯᠦᠨ᠂ ᠬᠦᠳᠡᠯᠮᠦᠷᠢᠴᠢᠨ ᠤ ᠬᠠᠣᠯᠢ ᠶᠣᠰᠣᠨ ᠤ ᠡᠷᠭᠡ ᠠᠰᠢᠭ ᠢ ᠦᠨᠡᠨᠬᠦ ᠪᠠᠳᠣᠯᠠᠨ᠎ᠠ᠃ ᠴᠦᠭᠡᠨ ᠳᠣᠭᠠᠨᠳᠣ ᠦᠨᠳᠦᠰᠦᠳᠡᠨ ᠳᠤ ᠣᠯᠭᠤᠬᠤ ᠲᠦᠰᠦᠯ ᠤᠨ ᠪᠡᠯᠡ ᠮᠦᠩᠬᠦ ᠶᠢ ᠡᠷᠡᠮᠵᠢᠯᠡᠬᠦ ᠬᠦᠴᠦᠨ  ᠢᠶᠠᠨ ᠨᠡᠮᠡᠭᠳᠡᠭᠦᠯᠵᠦ᠂ ᠦᠨᠳᠦᠰᠦᠳᠡᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ ᠦᠨᠳᠣᠰᠣᠳᠡᠨ ᠤ ᠪᠦᠯᠬᠦᠮᠳᠠᠯ ᠢ ᠠᠬᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠡᠷᠭᠡ ᠲᠡᠭᠰᠢ ᠡᠶ᠎ᠡ ᠨᠠᠶᠢᠷᠳᠡᠢ᠂ ᠦᠨᠡᠨᠴᠢ ᠨᠦᠭᠦᠷᠰᠡᠭ ᠪᠠᠶᠢᠬᠤ ᠦᠨᠳᠣᠰᠣᠳᠡᠨ ᠤ ᠬᠠᠷᠢᠴᠠᠭ᠎ᠠ ᠶᠢ ᠪᠠᠬᠢᠵᠢᠬᠦᠯᠦᠨ ᠬᠦᠭᠵᠢᠬᠦᠯᠵᠤ᠂ ᠱᠠᠰᠢᠨ ᠰᠢᠳᠥᠯᠬᠡ ᠶᠢᠨ ᠡᠷᠭᠡ ᠴᠢᠯᠦᠭᠡᠳᠡᠢ ᠪᠠᠶᠢᠬᠤ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ᠂ ᠱᠠᠰᠢᠨ ᠤ ᠦᠢᠯᠡ ᠠᠵᠢᠯᠯᠠᠭᠠᠨ ᠳᠠᠬᠢ ᠬᠠᠮᠢᠶᠠᠷᠣᠯᠳᠠ  ᠶᠢ ᠬᠠᠣᠯᠢ ᠶᠣᠰᠣᠭᠠᠷ ᠴᠢᠩᠭᠠᠳᠬᠠᠨ᠎ᠠ᠃ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢ ᠰᠠᠶᠢᠳᠣᠷ ᠠᠳᠬᠤᠨ᠂ ᠨᠡᠶᠢᠬᠡᠮ ᠵᠢᠷᠣᠮᠳᠣ ᠨᠡᠶᠢᠬᠡᠮ ᠤᠨ ᠦᠷᠳᠡᠭ ᠤᠨ ᠦᠵᠡᠯᠳᠡ ᠶᠢ ᠪᠠᠳᠠᠷᠠᠭᠤᠯᠵᠣ᠂ ᠣᠯᠠᠨ ᠨᠡᠶᠢᠳᠡ ᠶᠢᠨ ᠶᠣᠰᠣ ᠰᠣᠷᠳᠠᠬᠤᠨ᠂ ᠠᠵᠢᠯ ᠮᠡᠷᠭᠡᠵᠢᠯ ᠤᠨ ᠶᠣᠰᠣ ᠪᠤᠯᠪᠠᠰᠣᠷᠠᠯ᠂ ᠬᠡᠷ ᠪᠦᠯᠢ ᠶᠢᠨ ᠡᠷᠬᠢᠮ ᠰᠣᠷᠳᠠᠯ ᠪᠣᠯᠣᠨ ᠬᠤᠪᠢ ᠬᠦᠮᠦᠨ ᠤ ᠵᠠᠩ ᠮᠣᠷᠠᠯ ᠢ ᠲᠦᠯᠦᠪᠰᠢᠭᠦᠯᠬᠦ ᠲᠠᠯ᠎ᠠ ᠪᠠᠷ ᠴᠢᠩᠭ᠎ᠠ ᠱᠠᠭᠠᠷᠳᠠᠨ᠂ ᠪᠦᠬᠦ ᠠᠶᠢᠮᠠᠭ ᠤᠨ ︽ᠣᠶᠣᠨ ᠤ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢᠨ ᠳᠣᠷᠰᠢᠯᠭ᠎ᠠ ᠰᠣᠯᠢᠯᠴᠠᠬᠤ ᠬᠤᠷᠠᠯ︾ ᠢ ᠠᠮᠵᠢᠯᠳᠠ ᠲᠠᠢ ᠡᠷᠬᠢᠯᠡᠬᠦ ᠪᠠᠷ ᠴᠢᠷᠮᠠᠶᠢᠨ᠎ᠠ᠃ ᠪᠣᠯᠪᠠᠰᠣᠨ ᠰᠣᠮᠣ ᠪᠠᠯᠭᠠᠰᠣ᠂ ᠭᠠᠴᠠᠭ᠎ᠠ ᠲᠣᠰᠬᠤᠨ ᠵᠢᠴᠢ ᠪᠣᠯᠪᠠᠰᠣᠨ ᠠᠵᠢᠯ ᠦᠢᠯᠡᠰ᠂ ᠪᠣᠯᠪᠠᠰᠣᠨ ᠪᠠᠶᠢᠭᠤᠯᠭ᠎ᠠ ᠨᠢᠬᠡᠴᠡ᠂ ᠪᠣᠯᠪᠠᠰᠣᠨ ᠨᠡᠶᠢᠭᠡᠮ ᠲᠣᠭᠤᠷᠢᠭ᠂ ᠪᠣᠯᠪᠠᠰᠣᠨ ᠡᠷᠣᠬᠡ᠂ ᠪᠣᠯᠪᠠᠰᠣᠨ ᠢᠷᠭᠡᠨ ᠢ ᠦᠨᠡᠯᠡᠨ ᠰᠣᠩᠭᠤᠬᠤ ᠠᠵᠢᠯᠯᠠᠭ᠎ᠠ ᠦᠷᠨᠢᠬᠦᠯᠵᠤ᠂《 ᠡᠭᠡᠯ ᠬᠦᠮᠦᠨ ᠤ ᠡᠷᠬᠢᠮ ᠦᠢᠯᠡᠰ︾ ᠢ ᠰᠣᠷᠳᠠᠯᠴᠢᠯᠠᠨ ᠣᠬᠠᠭᠤᠯᠵᠤ᠂ ᠨᠡᠶᠢᠬᠡᠮ ᠳᠠᠶᠠᠭᠠᠷ ᠪᠤᠯᠪᠠᠰᠣᠨ ᠶᠤᠰᠣᠷᠬᠠᠭ ᠢ ᠡᠷᠬᠢᠮᠯᠡᠬᠦ ᠬᠠᠷᠢᠯᠴᠠᠭᠠᠨ ᠤ ᠣᠷᠴᠢᠨ ᠢ ᠪᠦᠷᠢᠯᠳᠦᠭᠦᠯᠦᠨ᠎ᠡ᠃ ︽ᠤᠯᠤᠰ ᠤᠨ ᠠᠮᠢ ᠠᠬᠤᠢ ᠶᠢᠨ ᠣᠷᠣᠨ ᠪᠦᠰᠡ ᠳᠣᠳᠣᠷᠠᠬᠢ ᠬᠤᠰᠢᠭᠤ ᠰᠢᠶᠠᠨ ᠤ ᠠᠮᠢ ᠠᠬᠤᠢ ᠶᠢᠨ ᠣᠷᠴᠢᠨ ᠲᠤᠭᠤᠷᠢᠨ ᠤ ᠶᠡᠰᠣ ᠴᠢᠨᠠᠷ ᠢ ᠬᠢᠨᠠᠨ ᠰᠢᠯᠭᠠᠬᠤ ᠠᠷᠭ᠎ᠠ︾ ᠵᠡᠷᠭᠡ ᠳᠣᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠤᠭᠤᠷᠢᠨ ᠤ ᠬᠢᠨᠠᠨ ᠬᠠᠮᠢᠶᠠᠷᠣᠯᠳᠠ ᠪᠠ ᠬᠠᠷᠢᠭᠤᠴᠠᠯᠭ᠎ᠠ ᠨᠡᠭᠡᠮᠵᠢᠯᠡᠬᠦ ᠱᠠᠭᠠᠷᠳᠠᠯᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠮᠢ ᠠᠬᠤᠢ ᠶᠢᠨ ᠣᠷᠴᠢᠨ ᠲᠤᠭᠤᠷᠢᠨ  ᠤ ᠡᠪᠳᠡᠭᠳᠡᠯ ᠢ ᠰᠡᠷᠭᠡᠶᠢᠯᠡᠨ ᠬᠤᠷᠢᠭᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠡᠶᠢᠳᠡᠪᠣᠷᠢᠵᠢᠭᠤᠯᠤᠨ᠂ ᠰᠢᠨ᠎ᠡ ᠪᠠᠷ ᠪᠣᠬᠢᠷᠳᠡᠯᠳᠣ ᠪᠣᠳᠠᠰ ᠭᠠᠳᠠᠭᠰᠢᠯᠠᠭᠤᠯᠬᠤ ᠶᠢ ᠡᠷᠡᠰ ᠬᠢᠵᠠᠭᠠᠷᠯᠠᠵᠤ᠂ ᠪᠦᠬᠦ ᠵᠢᠯ ᠤᠨ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠬᠠᠷᠠᠯᠳᠠᠳᠣ ᠡᠭᠦᠷᠭᠡ ᠪᠠᠨ ᠪᠠᠳᠣᠳᠠᠢ ᠪᠠᠶᠠᠯᠡᠭᠦᠯᠦᠨ᠎ᠡ᠃ ᠭᠠᠵᠠᠷ ᠰᠢᠷᠣᠢ ᠶᠢ ᠶᠡᠷᠣᠩᠬᠡᠶᠢᠯᠡᠨ ᠠᠰᠢᠭᠯᠠᠬᠤ ᠬᠠᠮᠢᠶᠠᠷᠣᠯᠳᠠ ᠶᠢᠨ ᠠᠵᠢᠯ ᠢ ᠦᠨᠡᠨᠬᠦ ᠴᠢᠩᠭᠠᠳᠬᠠᠨ᠂ ᠠᠭᠤᠷᠬᠠᠢ ᠨᠡᠭᠡᠭᠡᠭᠰᠡᠨ ᠭᠠᠵᠠᠷ ᠣᠷᠣᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠠᠬᠢᠭᠤᠯᠵᠣ᠂ ᠪᠠᠶᠢᠭᠠᠯᠢ ᠣᠷᠴᠢᠨ᠂ ᠬᠦᠮᠦᠨ ᠠᠮᠢᠳᠠᠨ ᠳᠤ ᠰᠦᠷᠭᠡᠣ ᠨᠦᠯᠦᠭᠡ ᠪᠠᠭ᠎ᠠ ᠲᠠᠢ ᠡᠶ᠎ᠡ ᠵᠣᠬᠢᠴᠡᠯᠳᠣ ᠠᠭᠤᠷᠬᠠᠢ ᠶᠢᠨ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠡ᠃ ᠪᠠᠴᠢᠮ ᠠᠪᠣᠷᠠᠯᠳᠠ ᠶᠢᠨ ᠰᠢᠰᠲ᠋ᠧᠮ ᠢ ᠲᠡᠭᠦᠯᠳᠡᠷᠵᠢᠬᠦᠯᠦᠨ᠂ ᠭᠠᠮᠰᠢᠭ ᠢ ᠰᠡᠷᠭᠡᠶᠢᠯᠡᠬᠦ ᠪᠣᠯᠣᠨ ᠴᠠᠭ ᠠᠭᠤᠷ ᠤᠨ ᠭᠠᠮᠰᠢᠭ ᠢ ᠣᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠨ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠣᠷᠠᠬᠤ ᠬᠦᠴᠦᠨ ᠴᠢᠳᠠᠯ ᠢᠶᠠᠨ ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠤᠨ ᠠᠶᠣᠯᠬᠦᠢ ᠶᠢ ᠪᠠᠳᠣᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠢᠳᠡᠭᠡᠨ ᠤᠮᠳᠠᠭᠠᠨ᠂ ᠡᠮ ᠲᠠᠩ ᠪᠣᠯᠣᠨ ᠵᠠᠮ ᠬᠠᠷᠢᠯᠴᠠᠭᠠᠨ ᠤ ᠬᠦᠷᠢᠶ᠎ᠡ ᠬᠡᠪᠴᠢᠶᠠᠨ ᠳᠠᠬᠢ ᠬᠢᠨᠠᠨ ᠬᠠᠮᠢᠶᠠᠷᠣᠯᠳᠠ ᠪᠠᠨ ᠬᠠᠣᠯᠢ ᠶᠣᠰᠣᠭᠠᠷ ᠴᠢᠩᠭᠠᠳᠬᠠᠵᠤ᠂ ᠣᠯᠠᠨ ᠲᠦᠮᠠᠨ ᠤ ᠠᠮᠣᠷ ᠲᠦᠪᠰᠢᠨ ᠢ ᠪᠠᠳᠣᠯᠠᠨ᠂ ᠣᠨᠴᠠ ᠶᠡᠭᠡ ᠬᠡᠨᠡᠳᠠᠯ᠂ ᠨᠡᠶᠢᠬᠡᠮ ᠤᠨ ᠬᠦᠨᠳᠦ ᠨᠤᠴᠢᠳᠠᠢ ᠭᠡᠷᠡᠭ ᠤᠴᠢᠷ ᠡᠭᠦᠰᠬᠦ ᠠᠴᠠ ᠴᠢᠩᠭ᠎ᠠ ᠰᠡᠷᠭᠡᠶᠢᠯᠡᠨ᠎ᠡ᠃ ᠡᠯ᠎ᠡ ᠲᠦᠷᠦᠯ ᠤᠨ ᠨᠡᠶᠢᠬᠡᠮᠯᠢᠭ᠂ ᠪᠦᠯᠬᠦᠮ ᠤᠨ ᠦᠢᠯᠡᠳᠦᠯ ᠢ ᠪᠠᠳᠠᠷᠠᠭᠤᠯᠣᠨ᠂ ᠠᠵᠢᠯᠴᠢᠨ ᠠᠵᠢᠯᠳᠠᠨ ᠤ ᠬᠦᠳᠦᠯᠪᠤᠷᠢ ᠠᠵᠢᠯᠯᠠᠭᠠᠨ ᠤ ᠲᠠᠯᠠᠪᠤᠷ ᠤᠨ ᠪᠦᠳᠦᠬᠡᠨ ᠪᠠᠶᠢᠭᠤᠯᠣᠯᠳᠠ ᠶᠢ ᠠᠬᠢᠭᠤᠯᠵᠣ᠂ ᠠᠵᠢᠯᠳᠠᠨ ᠤ ᠡᠷᠭᠡ ᠠᠰᠢᠭ ᠢᠶᠠᠨ ᠬᠠᠮᠠᠭᠠᠯᠠᠬᠤ ᠪᠠᠳᠣᠯᠠᠭ᠎ᠠ ᠶᠢ ᠴᠢᠩᠭᠠᠳᠬᠠᠨ᠎ᠠ᠃ ᠵᠠᠯᠠᠭᠤᠴᠤᠳ ᠤᠨ ᠦᠵᠡᠯ ᠰᠠᠨᠠᠭᠠᠨ ᠤ ᠵᠢᠯᠤᠭᠤᠳᠣᠯᠭ᠎ᠠ ᠶᠢ ᠰᠠᠶᠢᠳᠣᠷ ᠬᠢᠵᠤ᠂ ᠳᠡᠳᠡᠨ ᠤ ᠣᠷᠮ᠎ᠠ ᠢᠳᠡᠭᠡᠯ ᠢ ᠲᠠᠶᠢᠴᠢᠯᠠᠨ᠎ᠠ᠃ ᠡᠮᠡᠭᠳᠡᠶᠢᠴᠣᠳ ᠪᠠ ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠦᠨᠡᠨᠬᠦ ᠬᠠᠮᠠᠭᠠᠯᠠᠬᠤ ᠶᠢᠨ ᠳᠠᠭᠠᠣ ᠨᠠᠰᠣᠳᠠᠶᠢᠴᠣᠳ ᠤᠨ ᠠᠮᠢᠳᠣᠷᠠᠯ ᠢ ᠬᠠᠯᠠᠮᠵᠢᠯᠠᠨ᠂ ᠨᠠᠰᠤᠳᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠵᠠᠮᠳᠡᠭᠴᠣᠳ  ᠤᠨ ᠠᠵᠢᠯ ᠦᠢᠯᠡᠰ ᠢ ᠲᠦᠯᠬᠢᠨ ᠠᠬᠢᠭᠤᠯᠵᠤ᠂ ᠵᠠᠮᠳᠡᠭᠴᠣᠳ ᠲᠤ ᠨᠡᠶᠢᠬᠡᠮ ᠤᠨ ᠬᠠᠶᠢᠷ᠎ᠠ ᠬᠠᠯᠠᠮᠵᠢ ᠶᠢ ᠬᠦᠷᠭᠡᠨ᠎ᠡ᠃ ᠬᠦᠮᠦᠨ ᠠᠮᠠ ᠪᠣᠯᠣᠨ ᠲᠦᠯᠦᠪᠯᠡᠭᠡᠳᠦ ᠦᠷᠡᠵᠢᠯ ᠤᠨ ᠠᠵᠢᠯ ᠢ ᠰᠠᠶᠢᠳᠣᠷ ᠬᠢᠵᠤ᠂《 ᠡᠴᠢᠭᠡ ᠡᠬᠡ ᠪᠤᠯᠤᠭᠰᠠᠳ ᠤᠨ ᠨᠢᠭᠡ ᠨᠢ ᠠᠶᠢᠯ ᠤᠨ ᠭᠠᠭᠴᠠ ᠭᠡᠤᠭᠡᠳ ᠪᠤᠯ ᠬᠤᠶᠠᠷ ᠬᠡᠤᠭᠡᠳ ᠠᠪᠴᠤ ᠪᠤᠯᠬᠤ︾ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠤᠨ᠎ᠠ᠃ ᠲᠤᠭ᠎ᠠ ᠪᠦᠷᠢᠳᠬᠡᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠦᠨᠠᠮᠰᠢᠭᠦᠯᠬᠦ ᠭᠦᠴᠦᠨ ᠢ ᠳᠡᠭᠡᠭᠰᠢᠯᠡᠭᠦᠯᠦᠨ᠎ᠡ᠃ ᠨᠡᠶᠢᠬᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠬᠠᠮᠳᠣ ᠨᠡᠶᠢᠭᠡᠮ ᠤᠨ ᠡᠮ ᠡᠮᠨᠡᠯᠬᠡ ᠶᠢᠨ ᠠᠪᠣᠷᠠᠨ ᠳᠣᠰᠠᠯᠠᠭ᠎ᠠ ᠪᠣᠯᠣᠨ ᠴᠡᠷᠢᠭ ᠤᠨ ᠭᠡᠷ ᠪᠦᠯᠢ ᠶᠢ ᠲᠤᠬᠢᠨᠠᠭᠤᠯᠬᠤ ᠠᠵᠢᠯ ᠢ ᠰᠠᠶᠢᠳᠣᠷ ᠬᠢᠨ᠎ᠠ᠃ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠵᠢᠯ ᠤᠨ ᠬᠦᠴᠦᠨ ᠢ ᠰᠢᠯᠢᠳᠡᠭᠵᠢᠬᠦᠯᠵᠤ᠂ ᠠᠷᠠᠳ ᠤᠨ ᠵᠡᠪᠰᠡᠭᠳᠣ ᠬᠦᠴᠦᠨ  ᠤ ᠡᠩᠨᠡᠭᠡᠨ ᠤ ᠪᠠᠶᠢᠭᠤᠯᠣᠯᠳᠠ ᠶᠢ ᠲᠠᠮᠵᠢᠨ᠂ ᠴᠡᠷᠢᠭ ᠠᠷᠠᠳ ᠬᠠᠷᠢᠯᠴᠠᠨ ᠬᠦᠷᠢᠶᠠᠯᠠᠵᠦ ᠬᠠᠮᠳᠣᠪᠠᠷ ᠴᠣᠭᠴᠠᠯᠠᠬᠤ ᠠᠵᠢᠯ ᠢ ᠰᠠᠶᠢᠳᠣᠷ ᠬᠢᠨ᠎ᠡ᠃         ︵ᠨᠠᠢᠮᠠ︶ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠬᠤ ᠠᠬᠢᠴᠠ ᠪᠠ ᠬᠠᠣᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠭᠡᠨ᠎ᠡ᠃        ᠣᠯᠠᠨ ᠨᠡᠶᠢᠳᠡ ᠳᠤ ᠦᠢᠯᠡᠴᠢᠯᠡᠬᠦ᠂ ᠵᠠᠬ᠎ᠠ ᠲᠡᠯᠬᠡᠭᠦᠷ ᠢ ᠬᠢᠨᠠᠨ ᠬᠠᠮᠢᠶᠠᠷᠬᠤ᠂ ᠨᠡᠶᠢᠭᠡᠮ ᠢ ᠬᠠᠮᠢᠶᠠᠷᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠡᠯ᠎ᠠ ᠪᠠᠷ ᠡᠭᠦᠷᠭᠡ ᠲᠣᠰᠢᠶᠠᠯ ᠢᠶᠠᠨ ᠬᠦᠢᠴᠡᠳᠬᠡᠨ᠂ ᠣᠬᠠᠮᠰᠠᠷ ᠠᠴᠠ ᠪᠠᠨ ᠠᠷᠠᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠬᠢᠨᠠᠯᠳᠠ ᠶᠢ ᠬᠦᠯᠢᠶᠡᠵᠣ᠂ ᠣᠯᠠᠨ ᠲᠦᠮᠡᠨ ᠤ ᠣᠶᠢᠯᠠᠭᠠᠬᠤ ᠡᠷᠭᠡ᠂ ᠣᠷᠣᠯᠴᠠᠬᠤ ᠡᠷᠭᠡ᠂ ᠢᠯᠡᠳᠬᠡᠬᠦ ᠡᠷᠬᠡ ᠪᠣᠯᠣᠨ ᠬᠢᠨᠠᠯᠳᠠ ᠲᠠᠯᠪᠢᠬᠤ ᠡᠷᠭᠡ ᠶᠢ ᠪᠠᠳᠣᠯᠠᠨ᠎ᠠ᠃ ᠨᠠᠶᠢᠭᠡᠮ ᠵᠢᠷᠣᠮᠳᠣ ᠨᠠᠶᠢᠭᠡᠮ ᠤᠨ ᠬᠠᠤᠯᠢ ᠪᠠᠷ ᠵᠠᠰᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦ ᠲᠦᠷᠢᠮ ᠤᠨ ᠦᠭᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠵᠢᠯ ᠤᠨ ᠲᠣᠳᠣᠷ᠎ᠠ᠂ ᠵᠠᠰᠠᠭ ᠵᠠᠬᠢᠷᠭᠠᠨ ᠤ ᠡᠷᠭᠡ ᠳᠣᠰᠢᠶᠠᠯ ᠪᠣᠯᠣᠨ ᠬᠠᠷᠢᠭᠤᠴᠠᠯᠭ᠎ᠠ ᠶᠢᠨ ᠲᠦᠷᠦᠯ ᠠᠩᠬᠢᠯᠠᠯ ᠢᠶᠠᠨ ᠳᠣᠳᠣᠷᠬᠠᠢ ᠳᠣᠭᠳᠠᠭᠠᠬᠤ ᠲᠦᠷᠢᠮ ᠢ ᠬᠡᠷᠡᠭᠵᠢᠭᠦᠯᠵᠤ᠂ ᠡᠷᠭᠡ ᠲᠣᠰᠢᠶᠠᠯ ᠢᠶᠠᠨ ᠬᠠᠣᠯᠢ ᠶᠣᠰᠣᠭᠠᠷ ᠭᠡᠷᠡᠭᠵᠢᠬᠦᠯᠦᠨ᠎ᠡ᠃ ᠡᠯᠺᠲᠷᠣᠨᠴᠢᠯᠠᠭᠰᠠᠨ ᠵᠠᠰᠠᠭ ᠤᠨ ᠶᠠᠪᠣᠳᠠᠯ ᠤᠨ ᠠᠵᠢᠯ ᠢ ᠴᠢᠩᠭᠠᠳᠬᠠᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠵᠠᠰᠠᠭ ᠤᠨ ᠶᠠᠪᠣᠳᠠᠯ ᠢ ᠢᠯᠡ ᠳᠣᠳᠣ ᠪᠣᠯᠭᠠᠬᠤ ᠲᠠᠯ᠎ᠠ ᠪᠠᠷ ᠴᠢᠩᠭᠠᠳᠬᠠᠨ᠂ ᠨᠡᠶᠢᠭᠡᠮ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢ ᠲᠦᠷᠢᠮᠵᠢᠬᠦᠯᠦᠨ᠎ᠡ᠃ ᠬᠠᠤᠯᠢ ᠴᠠᠭᠠᠵᠠ ᠶᠢᠨ ᠲᠦᠪ ᠭᠤᠣᠯᠴᠢ ᠪᠠ ᠢᠯᠡ ᠳᠣᠳᠣ ᠪᠠᠶᠢᠬᠤ ᠶᠢ ᠪᠠᠳᠣᠯᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠬᠠᠣᠯᠢ ᠶᠣᠰᠣᠭᠠᠷ ᠨᠡᠶᠢᠭᠡᠮ ᠤᠨ ᠵᠦᠷᠢᠴᠡᠯ ᠢ ᠰᠢᠢᠳᠪᠦᠷᠢᠯᠡᠬᠦ ᠠᠵᠢᠯ ᠤᠨ ᠪᠠᠶᠢᠭᠤᠯᠣᠮᠵᠢ ᠶᠢ ᠲᠡᠭᠦᠯᠳᠡᠷᠵᠢᠬᠦᠯᠦᠨ᠎ᠡ᠃ ᠨᠡᠶᠢᠬᠡᠮ ᠤᠨ ᠶᠡᠷᠦᠩᠭᠡᠶᠢᠯᠡᠨ ᠵᠠᠰᠠᠬᠤ ᠠᠵᠢᠯ ᠢ ᠴᠢᠩᠭᠠᠳᠬᠠᠨ᠂《1328》ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠡᠳᠣᠷ ᠤᠨ ᠲᠦᠷᠢᠮ ᠢ ᠴᠢᠩᠭ᠎ᠠ ᠨᠢᠮᠪᠠᠢ ᠲᠣᠣᠱᠯᠠᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠭᠡᠷᠡᠭ ᠣᠴᠢᠷ ᠢ ᠰᠢᠢᠳᠪᠦᠷᠢᠯᠡᠬᠦ ᠨᠤᠷᠮ᠎ᠠ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠤ᠂ ᠣᠯᠠᠨ ᠲᠦᠮᠡᠨ ᠤ ᠡᠷᠭᠡ ᠠᠰᠢᠭ ᠲᠤ ᠬᠤᠯᠪᠣᠭᠳᠠᠭᠰᠠᠨ ᠬᠡᠷᠡᠭ ᠤᠴᠢᠷ ᠢ ᠴᠠᠭ ᠲᠣᠬᠠᠢ ᠳᠤᠨᠢ ᠪᠦᠳᠦᠮᠵᠢᠳᠡᠢ ᠰᠢᠢᠳᠪᠦᠷᠢᠯᠡᠨ᠎ᠡ᠃ ᠰᠢᠢᠳᠪᠦᠷᠢ  ᠶᠢ ᠢᠯᠡ ᠳᠣᠳᠣ ᠪᠠᠶᠢᠯᠭᠠᠬᠤ ᠬᠠᠣᠯᠢ ᠴᠠᠭᠠᠵᠠ ᠶᠢᠨ ᠳᠣᠭᠳᠠᠯᠴᠠᠭ᠎ᠠ ᠶᠢ ᠪᠠᠶᠢᠭᠤᠯᠣᠨ《 ᠵᠢᠷᠭᠤᠭ᠎ᠠ ᠳᠤ ᠬᠦᠷᠭᠡᠭᠦ》ᠬᠠᠣᠯᠢ ᠪᠠᠷ ᠵᠠᠰᠠᠬᠤ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠬᠠᠣᠯᠢ ᠪᠠᠷ ᠵᠠᠰᠠᠭ ᠪᠠᠷᠢᠬᠤ ᠬᠢᠷᠢ ᠲᠦᠪᠰᠢᠨ ᠪᠠ ᠬᠠᠣᠯᠢ ᠪᠠᠷ ᠬᠡᠷᠡᠭ ᠬᠦᠢᠴᠡᠳᠬᠡᠬᠦ ᠴᠢᠳᠡᠪᠣᠷᠢ ᠶᠢ ᠦᠨᠡᠨᠬᠦ ᠲᠡᠭᠡᠭᠰᠢᠯᠡᠬᠦᠯᠦᠨ᠂ ᠬᠠᠣᠯᠢ ᠶᠢᠨ ᠳᠣᠬᠠᠢ ᠵᠦᠪ ᠣᠶᠢᠯᠠᠭᠠᠯᠳᠠ᠂ ᠵᠦᠪ ᠣᠬᠠᠮᠰᠠᠷ ᠪᠦᠬᠦᠢ ᠨᠡᠶᠢᠬᠡᠮ ᠤᠨ ᠣᠷᠴᠢᠨ ᠢ ᠪᠦᠷᠢᠯᠳᠣᠭᠦᠯᠦᠨ᠎ᠡ᠃ ᠠᠮᠣᠷ ᠲᠠᠶᠢᠪᠣᠩ ᠰᠢᠯᠣᠭᠤᠨ ᠬᠦᠭᠡ ᠬᠤᠰᠢᠭᠤ ᠶᠢ ᠪᠠᠶᠢᠭᠤᠯᠬᠤ  ᠪᠠᠷ ᠬᠦᠴᠦᠨ ᠢᠶᠠᠨ ᠨᠢᠭᠡᠳᠭᠡᠵᠦ᠂ ᠨᠡᠶᠢᠬᠡᠮ ᠤᠨ ᠠᠮᠣᠷ ᠢ ᠬᠠᠮᠠᠭᠠᠯᠠᠬᠤ᠂ ᠣᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠨ᠂ ᠬᠠᠣᠯᠢ ᠵᠦᠷᠢᠴᠡᠭᠰᠡᠨ ᠡᠯ᠎ᠡ ᠵᠦᠢᠯ ᠤᠨ ᠶᠠᠯᠠᠳᠣ ᠠᠵᠢᠯᠯᠠᠭ᠎ᠠ ᠳᠤ ᠡᠷᠡᠰ ᠴᠣᠬᠢᠯᠳᠠ ᠦᠭᠴᠣ᠂ ᠣᠯᠠᠨ ᠲᠦᠮᠡᠨ ᠤ ᠠᠮᠣᠷ ᠲᠦᠪᠰᠢᠨ᠂ ᠡᠶ᠎ᠡ ᠵᠣᠬᠢᠴᠠᠯᠳᠡᠢ᠂ ᠲᠣᠭᠳᠠᠭᠤᠨ ᠠᠮᠢᠳᠣᠷᠠᠯ ᠢ ᠬᠠᠮᠠᠬᠭᠠᠯᠠᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠤ ᠪᠦᠳᠦᠮᠵᠢ ᠶᠢ ᠲᠠᠰᠣᠷᠠᠯᠳᠠ ᠦᠭᠡᠢ ᠪᠠᠬᠢᠵᠢᠬᠦᠯᠦᠨ᠂ ︽ᠦᠪᠡᠷ ᠢ ᠪᠠᠨ ᠬᠢᠨᠠᠬᠤ︾ ᠠᠵᠢᠯᠯᠠᠭ᠎ᠠ ᠶᠢ ᠯᠠᠪᠳᠠᠭᠤᠨ ᠦᠷᠨᠢᠭᠦᠯᠵᠦ᠂ ᠴᠤ᠋ ᠰᠢᠨ᠎ᠡ ᠰᠣᠷᠳᠠᠯ ᠤᠨ ᠪᠠᠶᠢᠭᠤᠯᠣᠯᠳᠠ ᠪᠠᠷ ᠠᠷᠠᠳ ᠲᠦᠮᠡᠨ ᠤ ᠢᠳᠡᠭᠡᠯ ᠢ ᠣᠯᠣᠨ᠎ᠠ᠃《 ᠨᠠᠮ ᠵᠠᠰᠠᠭ ᠤᠨ ᠠᠯᠪᠠᠨ ᠪᠠᠶᠢᠭᠤᠯᠭ᠎ᠠ ᠠᠷᠪᠢᠯᠠᠵᠤ ᠭᠠᠮᠨᠠᠬᠤ ᠶᠢ ᠡᠷᠬᠢᠮᠨᠡᠨ᠂ ᠱᠠᠯᠢᠨ ᠪᠦᠷᠢᠯᠬᠡᠬᠦ ᠶᠢ ᠡᠰᠡᠷᠭᠦᠴᠡᠬᠦ ᠳᠣᠬᠠᠢ ᠳᠣᠭᠳᠠᠭᠠᠯ》 ᠢ ᠴᠢᠩᠭ᠎ᠠ ᠵᠢᠷᠣᠮᠯᠠᠨ᠂《 ᠭᠤᠷᠪᠠᠨ ᠠᠯᠪᠠᠨ ᠵᠠᠷᠣᠳᠠᠯ》ᠪᠣᠯᠣᠨ ᠶᠡᠷᠣᠳᠡ ᠶᠢᠨ ᠵᠠᠷᠣᠳᠠᠯ ᠢ ᠣᠯᠠᠮ ᠨᠢᠭᠡ ᠠᠯᠬᠤᠮ ᠰᠢᠭᠰᠢᠨ ᠴᠣᠮᠬᠠᠳᠬᠠᠵᠤ᠂ ᠨᠠᠢᠮᠠᠨ ᠵᠣᠷᠪᠣᠰ ᠲᠣᠭᠳᠠᠭᠠᠯ ᠤᠨ ᠳᠠᠭᠠᠣ ᠠᠷᠢᠭᠤᠨ ᠴᠢᠭᠡᠴᠢ ᠪᠠᠷ ᠵᠠᠰᠠᠭ ᠪᠠᠷᠢᠬᠤ ᠪᠣᠯᠣᠨ ᠱᠠᠮᠰᠢᠬᠤ ᠶᠢ ᠡᠰᠡᠷᠭᠦᠴᠡᠬᠦ ᠠᠵᠢᠯ ᠢ ᠪᠣᠳᠠᠳᠡᠢ ᠨᠠᠶᠢᠳᠠᠪᠣᠷᠢᠵᠢᠭᠤᠯᠣᠨ᠎ᠠ᠃《ᠨᠢᠬᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ》ᠲᠦᠷᠢᠮ ᠢ ᠴᠢᠩᠭ᠎ᠠ ᠮᠦᠷᠳᠡᠵᠦ᠂ ᠵᠠᠰᠠᠭ ᠵᠠᠬᠢᠷᠠᠭᠠᠨ ᠤ ᠡᠷᠭᠡ ᠶᠢ ᠬᠢᠵᠠᠭᠠᠷᠯᠠᠨ ᠬᠢᠨᠠᠯᠳᠠ ᠲᠠᠯᠪᠢᠬᠤ᠂ ᠠᠵᠤ ᠠᠬᠤᠢ ᠶᠢᠨ ᠬᠠᠷᠢᠭᠤᠴᠠᠯᠭ᠎ᠠ  ᠶᠢ ᠬᠢᠨᠠᠨ ᠪᠣᠳᠣᠬᠤ ᠪᠣᠯᠣᠨ ᠲᠣᠭᠳᠠᠭᠠᠯ ᠵᠦᠷᠢᠴᠡᠭᠰᠡᠳ ᠠᠴᠠ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ ᠴᠢᠩᠭᠠᠳᠬᠠᠨ᠂ ᠦᠷᠭᠡᠨ ᠣᠯᠠᠨ ᠺᠠᠳ᠋ᠷᠴᠣᠳ ᠤᠨ ᠬᠠᠷᠢᠭᠤᠴᠠᠯᠭᠠᠳᠣ ᠤᠪᠤᠷ ᠢ ᠲᠠᠰᠣᠷᠠᠯᠳᠠ ᠦᠭᠡᠢ ᠲᠡᠭᠡᠭᠰᠢᠯᠡᠬᠦᠯᠦᠨ᠂ ᠦᠪᠡᠷᠰᠡᠳ ᠤᠨ ᠪᠣᠷᠣᠭᠵᠢᠭᠤᠨ ᠰᠣᠷᠳᠠᠯ ᠪᠣᠯᠣᠨ ᠯᠠᠪᠳᠠᠭᠤᠨ ᠤᠪᠤᠷ ᠢᠶᠠᠷ ᠠᠷᠠᠳ ᠤᠨ ᠲᠦᠯᠦᠭᠡ ᠠᠷᠢᠭᠤᠨ ᠴᠢᠭᠡᠴᠢ ᠪᠠᠷ ᠦᠢᠯᠡᠴᠢᠯᠡᠭᠴᠢ ᠵᠠᠰᠠᠭ ᠤᠨ ᠣᠷᠳᠣᠨ ᠤ ᠲᠦᠷᠢ ᠲᠦᠷᠬᠦ ᠶᠢ ᠴᠣᠭᠴᠠᠯᠠᠨ᠎ᠠ᠃         ᠲᠦᠯᠦᠭᠡᠯᠡᠭᠴᠢᠳ ᠡ᠂ ᠰᠠᠶ᠋ᠢ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ  ᠤᠨ ᠮᠡᠳᠡᠭᠦᠯᠦᠯᠳᠡ ᠬᠢᠯ᠎ᠠ᠃ ᠬᠦᠨᠳᠣᠳᠣ ᠭᠡᠰᠢᠭᠦᠳ ᠨᠠᠷ ᠪᠢᠳᠠᠨ ᠳᠤ ᠣᠯᠠᠨ ᠰᠠᠶᠢᠨ ᠰᠠᠨᠠᠯ ᠵᠦᠪᠯᠡᠯᠭᠡ ᠦᠭᠭᠦᠨ᠎ᠡ ᠭᠡᠳᠡᠭ  ᠲᠤ ᠢᠳᠡᠬᠡᠵᠦ ᠪᠠᠶᠢᠨ᠎ᠡ᠂ ᠲᠠ ᠪᠦᠭᠦᠳᠡ ᠶᠢᠨ ᠰᠠᠨᠠᠯ ᠢ ᠪᠢᠳᠠ ᠬᠢᠴᠢᠶᠡᠩᠭᠦᠶᠢᠯᠡᠨ ᠰᠣᠨᠣᠰᠴᠣ ᠬᠤᠶᠢᠰᠢᠳᠡ ᠶᠢᠨ ᠠᠵᠢᠯ ᠳᠤ  ᠪᠠᠨ ᠯᠠᠪᠯᠠᠯᠳᠠ ᠪᠤᠯᠭᠠᠬᠤ ᠨᠢ ᠯᠠᠪᠳᠠᠢ᠃ᠬᠤᠰᠢᠭᠤ ᠵᠠᠰᠠᠭ ᠤᠨ ᠣᠷᠳᠣᠨ ᠨᠢ ᠨᠠᠮ ᠤᠨ ᠬᠤᠷᠢᠶᠠᠨ ᠤ ᠪᠠᠳᠣ ᠣᠳᠣᠷᠢᠳᠣᠯᠭ᠎ᠠ ᠲᠣᠣᠷ᠎ᠠ ᠦᠷᠭᠡᠨ ᠣᠯᠠᠨ ᠲᠦᠮᠡᠨ  ᠢᠶᠠᠨ ᠲᠠᠶᠢᠴᠢᠯᠠᠨ ᠣᠳᠣᠷᠢᠳᠴᠣ ᠬᠦᠴᠢᠷ ᠪᠡᠷᠭᠡ ᠠᠴᠠ ᠰᠦᠷᠳᠡᠯ ᠦᠭᠡᠢ ᠪᠦᠯᠭᠦᠮᠳᠡᠨ ᠣᠷᠣᠭᠰᠢᠯᠠᠵᠤ᠂ ᠰᠢᠯᠤᠭᠤᠨ ᠬᠦᠬᠡ  ᠶᠢᠨ ᠮᠠᠷᠭᠠᠰᠢ ᠶᠢᠨ ᠰᠠᠶᠢᠨ ᠰᠠᠶᠢᠬᠠᠨ ᠢ ᠬᠠᠮᠳᠣ ᠪᠠᠷ ᠢᠶᠠᠨ ᠴᠣᠭᠴᠠᠯᠠᠵᠤ ᠴᠢᠳᠠᠨ᠎ᠠ ᠭᠡᠳᠡᠭ ᠲᠤ ᠬᠦᠨ᠎ᠡ ᠢᠳᠡᠭᠡᠵᠦ ᠪᠠᠶᠢᠨ᠎ᠡ        ᠲᠠ ᠪᠦᠬᠦᠨ ᠳᠤ ᠪᠠᠶᠠᠷᠯᠠᠯ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号