ᠰᠢᠯᠤᠭᠤᠨ ᠬᠥᠬᠡ ᠬᠤᠰᠢᠭᠤᠨ ᠤ ᠦᠬᠡᠯᠦᠨ ᠴᠡᠴᠡᠷᠯᠢᠭ ᠮᠣᠩᠭᠤᠯ ᠣᠯᠣᠰ ᠤᠨ ᠣᠯᠠᠭᠠᠨᠪᠠᠭᠠᠳᠣᠷ ᠲᠤ ᠪᠣᠯᠣᠭᠰᠠᠨ ︽  ᠬᠡᠣᠬᠡᠳ ᠎ ᠤᠨ ᠬᠦᠭᠵᠢᠯ ᠲᠦᠯᠦᠪᠰᠢᠷᠡᠯ  2017 ᠣᠯᠠᠨ ᠣᠯᠣᠰ ᠤᠨ ᠡᠷᠳᠡᠮ ᠰᠢᠨᠵᠢᠯᠡᠭᠡᠨ ᠤ ᠪᠠᠭ᠎ᠠ ᠬᠤᠷᠠᠯ︾᠎ ᠳᠤ ᠣᠷᠣᠯᠴᠠᠯ᠎ᠠ
ᠨᠡᠶᠢᠲᠡᠯᠡᠭᠰᠡᠨ ᠴᠠᠭ᠄
2017/4/27
   
      ᠰᠣᠷᠭᠠᠨ ᠬᠦᠮᠦᠵᠢᠯ ᠢ ᠢᠷᠡᠭᠡᠳᠦᠢ ᠳᠤ ᠬᠠᠨᠳᠣᠭᠤᠯᠣᠨ᠂ ᠲᠡᠯᠡᠬᠡᠢ ᠨᠡᠶᠢᠳᠡ ᠳᠤ ᠬᠦᠯ ᠵᠣᠭᠰᠣᠵᠣ ᠴᠢᠳᠠᠬᠤ ᠢᠷᠭᠡᠨ ᠢ ᠬᠦᠮᠦᠵᠢᠬᠦᠯᠬᠦ ᠪᠣᠯ ᠪᠢᠳᠠᠨ ᠤ ᠣᠳᠣ ᠦᠶ᠎ᠡ ᠶᠢᠨ ᠰᠣᠷᠭᠠᠨ ᠬᠦᠮᠦᠵᠢᠯ ᠤᠨ ᠴᠢᠭᠯᠡᠯᠳᠡ ᠪᠣᠯᠵᠣ ᠪᠠᠶᠢᠳᠠᠭ᠃ ᠴᠠᠭ ᠦᠶ᠎ᠡ ᠶᠢᠨ ᠰᠣᠷᠭᠠᠨ ᠬᠦᠮᠦᠵᠢᠯ ᠤᠨ ᠬᠦᠭᠵᠢᠯᠳᠠ ᠶᠢ ᠲᠠᠭᠠᠯᠳᠣᠨ ᠨᠡᠶᠢᠭᠡᠮ ᠠᠴᠠ ᠰᠣᠷᠭᠠᠭᠤᠯᠢ ᠴᠡᠴᠡᠷᠯᠢᠭ  ᠂ ᠪᠠᠭᠰᠢ ᠳᠤ  ᠲᠠᠯᠪᠢᠬᠤ ᠱᠠᠭᠠᠷᠳᠠᠯᠭ᠎ᠠ ᠣᠯᠠᠮ ᠦᠨᠳᠦᠷᠵᠢᠨ᠂ ᠰᠣᠳᠣᠯᠣᠯᠳᠠ ᠲᠠᠢ ᠪᠠᠷ ᠠᠵᠢᠯᠯᠠᠬᠤ ᠴᠢᠬᠤᠯᠴᠢᠯᠠᠭ᠎ᠠ ᠪᠢᠳᠠᠨ ᠳᠤ ᠲᠣᠯᠵᠣ ᠢᠷᠡᠭᠰᠡᠨ ᠪᠠᠶᠢᠨ᠎ᠠ᠃
     ᠮᠠᠨ ᠤ ᠦᠬᠡᠯᠦᠨ ᠴᠡᠴᠡᠷᠯᠢᠭ ᠨᠢ ᠴᠠᠭ  ᠦᠶ᠎ᠡ ᠶᠢᠨ ᠱᠠᠭᠠᠷᠳᠠᠯᠭ᠎ᠠ ᠳᠤ ᠲᠣᠬᠢᠷᠠᠭᠰᠠᠨ᠂ ᠲᠡᠯᠡᠬᠡᠢ ᠨᠡᠶᠢᠳᠡ ᠶᠢᠨ ᠲᠡᠷᠢᠭᠦᠨ ᠤ ᠰᠣᠷᠭᠠᠨ ᠬᠦᠮᠦᠵᠢᠯ ᠤᠨ ᠬᠠᠨᠳᠣᠰᠢ ᠲᠠᠢ ᠵᠣᠬᠢᠴᠠᠭᠰᠠᠨ᠂ ᠰᠢᠨ᠎ᠠ ᠴᠠᠭ ᠦᠶ᠎ᠡ ᠶᠢᠨ ᠰᠢᠯᠢᠳᠡᠭ ᠲᠠᠷᠢᠭᠦᠨ ᠤ ᠴᠡᠴᠡᠷᠯᠢᠭ ᠢ ᠪᠠᠶᠢᠭᠤᠯᠬᠤ ᠵᠣᠷᠢᠯᠳᠠ ᠠᠴᠠ ᠴᠡᠴᠡᠷᠯᠢᠭ ᠤᠨ ᠬᠠᠮᠢᠶᠠᠷᠣᠯᠳᠠ᠂ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠣᠯᠳᠠ᠂ ᠵᠢᠭᠠᠨ ᠰᠣᠷᠭᠠᠯᠳᠠ᠂ ᠠᠷᠣ ᠲᠠᠯ᠎ᠠ ᠶᠢᠨ ᠦᠢᠯᠡᠴᠢᠯᠡᠭᠡᠨ ᠵᠡᠷᠭᠡ ᠪᠦᠬᠦ ᠲᠠᠯ᠎ᠠ ᠶᠢᠨ ᠬᠦᠭᠵᠢᠯᠳᠠ ᠶᠢ ᠠᠩᠬᠠᠷᠣᠨ᠂ ᠰᠣᠷᠬᠤ ᠪᠠ ᠰᠣᠳᠣᠯᠬᠤ ᠶᠢ ᠴᠡᠴᠡᠷᠯᠢᠭ ᠤᠨ ᠪᠦᠬᠦ ᠪᠠᠭᠰᠢ ᠠᠵᠢᠯᠳᠠᠨ ᠤ ᠠᠵᠢᠯᠯᠠᠬᠤ ᠰᠣᠷᠳᠠᠯ ᠪᠣᠯᠭᠠᠨ ᠬᠦᠮᠦᠵᠢᠬᠦᠯᠦᠭᠰᠡᠭᠡᠷ ᠢᠷᠡᠵᠡᠢ᠃
     2017 ᠣᠨ ᠤ 4  ᠰᠠᠷ᠎ᠠ ᠶᠢᠨ 21᠎ ᠳᠤ ᠮᠠᠨ ᠤ ᠴᠡᠴᠡᠷᠯᠢᠭ ᠨᠢ ᠣᠷᠢᠯᠭ᠎ᠠ ᠪᠠᠷ ᠮᠣᠩᠭᠤᠯ ᠣᠯᠣᠰ ᠤᠨ ᠣᠯᠠᠭᠠᠨᠪᠠᠭᠠᠳᠣᠷ ᠲᠤ ᠪᠣᠯᠣᠭᠰᠠᠨ ︽ ᠬᠡᠣᠬᠡᠳ  ᠎ ᠤᠨ ᠬᠦᠭᠵᠢᠯ ᠲᠦᠯᠦᠪᠰᠢᠷᠡᠯ  2017 ᠣᠯᠠᠨ ᠣᠯᠣᠰ ᠤᠨ ᠡᠷᠳᠡᠮ ᠰᠢᠨᠵᠢᠯᠡᠭᠡᠨ ᠤ ᠪᠠᠭ᠎ᠠ ᠬᠤᠷᠠᠯ︾᠎ ᠳᠤ ᠣᠷᠣᠯᠴᠠᠯ᠎ᠠ᠃  ᠬᠤᠷᠠᠯ  ᠎ ᠢ ᠮᠣᠩᠭᠤᠯ ᠣᠯᠣᠰ ᠤᠨ ᠣᠳᠬᠠᠨᠲᠡᠭᠷᠢ ᠶᠡᠭᠡ ᠰᠣᠷᠭᠠᠭᠤᠯᠢ ᠠᠴᠠ ᠵᠣᠬᠢᠶᠠᠨ ᠪᠠᠶᠢᠭᠤᠯᠣᠨ ᠡᠷᠬᠢᠯᠡᠵᠣ᠂ ᠲᠠᠪᠣᠨ ᠣᠯᠣᠰ ᠣᠷᠣᠨ ᠤ ᠡᠷᠳᠡᠮᠳᠡᠨ ᠳ᠋ᠣᠺᠲ᠋ᠣᠷ ᠵᠢᠴᠢ ᠪᠠᠭᠰᠢ ᠨᠠᠷ ᠣᠷᠣᠯᠴᠠᠭᠰᠠᠨ ᠪᠠᠶᠢᠨ᠎ᠠ᠃ ᠬᠤᠷᠠᠯ ᠳᠤ ᠡᠷᠳᠡᠮᠳᠡᠨ ᠪᠠᠭᠰᠢ ᠨᠠᠷ ᠠᠴᠠ ᠣᠳᠣᠬᠠᠨ ᠤ ᠰᠣᠷᠭᠠᠨ ᠬᠦᠮᠦᠵᠢᠯ ᠤᠨ ᠬᠠᠨᠳᠣᠰᠢ᠂ ᠬᠡᠣᠬᠡᠳ ᠤᠨ ᠬᠦᠭᠵᠢᠯ᠂ ᠬᠦᠨᠳᠣᠷᠡᠭᠦᠰᠢᠳᠠᠢ ᠨᠡᠶᠢᠭᠡᠮ ᠤᠨ ᠠᠰᠠᠭᠤᠳᠠᠯ᠂ ᠰᠣᠷᠭᠠᠭᠤᠯᠢ ᠴᠡᠴᠡᠷᠯᠢᠭ ᠤᠨ ᠵᠢᠭᠠᠬᠤ ᠠᠷᠭ᠎ᠠ ᠵᠦᠢ ᠶᠢᠨ ᠬᠠᠨᠳᠣᠯᠭ᠎ᠠ᠂ ᠬᠡᠣᠬᠡᠳ ᠤᠨ ᠡᠷᠭᠡ ᠶᠢ ᠬᠠᠮᠠᠭᠠᠯᠠᠬᠤ᠂ ᠪᠠᠭᠰᠢ ᠶᠢᠨ ᠠᠵᠢᠯ ᠤᠨ ᠰᠣᠳᠣᠯᠭᠠᠨ ᠵᠡᠷᠭᠡ ᠲᠠᠯ᠎ᠠ  ᠎ ᠠᠴᠠ ᠦᠨᠳᠣᠰᠣᠯᠠᠯ ᠢᠯᠡᠳᠭᠡᠯ ᠲᠠᠶᠢᠯᠣᠮᠵᠢ ᠬᠢᠯ᠎ᠡ᠃   ᠡᠭᠦᠨ ᠤ ᠲᠠᠭᠠᠣ ᠳᠤ  ᠬᠤᠷᠠᠯ ᠳᠤ ᠲᠠᠪᠰᠢᠬᠦᠯᠦᠭᠰᠡᠨ ᠡᠯ᠎ᠠ ᠣᠯᠣᠰ ᠣᠷᠣᠨ ᠤ ᠵᠠᠭᠤ ᠭᠠᠷᠣᠢ ᠰᠣᠳᠣᠯᠭᠠᠨ ᠤ ᠦᠬᠦᠯᠡᠯ ᠠᠴᠠ ᠰᠢᠯᠭᠠᠷᠠᠭᠰᠠᠨ᠂ 38 ᠬᠦᠮᠦᠨ ᠎ ᠤ ᠰᠣᠳᠣᠯᠭᠠᠨ ᠢ ᠰᠣᠩᠭᠤᠨ ᠠᠬᠤᠢ ᠲᠠᠯᠠᠪᠠᠢ ᠳᠤ ᠲᠠᠶᠢᠯᠣᠮᠵᠢ ᠢᠯᠡᠳᠬᠡᠯ ᠬᠢᠬᠦ  ᠣᠷᠣᠯᠳᠣᠭᠠᠨ ᠶᠠᠪᠣᠭᠳᠠᠭᠤᠯᠣᠯ᠎ᠠ᠃ ᠣᠷᠣᠯᠳᠣᠭᠠᠨ ᠨᠢ ᠢᠯᠡᠳᠬᠡᠯ ᠪᠠ ᠬᠠᠷᠢᠭᠤ ᠮᠠᠷᠭᠤᠯᠳᠠ ᠬᠤᠶᠠᠷ ᠠᠭᠤᠯᠭ᠎ᠠ ᠪᠠᠷ ᠮᠣᠩᠭᠤᠯ᠂ ᠲᠣᠮᠳᠠᠳᠣ᠂ ᠶᠠᠫᠦᠨ᠂ ᠲᠦᠷᠺ᠂ ᠣᠷᠣᠰ   ᠵᠡᠷᠭᠡ ᠣᠯᠣᠰ ᠣᠷᠣᠨ ᠤ 38 ᠨᠡᠷ᠎ᠡ ᠪᠠᠭᠰᠢ ᠨᠠᠷ ᠤᠨ  ᠲᠣᠮᠳᠠ ᠶᠠᠪᠣᠭᠳᠠᠵᠣ᠂ ᠡᠭᠦᠨ ᠳᠤ ᠮᠠᠨ ᠤ  ᠰᠢᠯᠣᠭᠤᠨ ᠬᠦᠬᠡ ᠬᠤᠰᠢᠭᠤᠨ ᠤ ᠦᠬᠡᠯᠦᠨ ᠬᠡᠣᠬᠡᠳ ᠤᠨ ᠴᠡᠴᠡᠷᠯᠢᠭ ᠤᠨ ᠲᠦᠯᠦᠭᠡᠯᠡᠭᠴᠢ᠂ ᠣᠷᠢᠬᠠᠨ ᠪᠠᠭᠰᠢ ︽ᠣᠯᠠᠮᠵᠢᠯᠠᠯᠳᠣ  ᠰᠣᠷᠭᠠᠨ  ᠬᠦᠮᠦᠵᠢᠯ ᠤᠨ ᠠᠷᠭ᠎ᠠ ᠪᠠᠷᠢᠯ ᠢ ᠣᠳᠣ ᠴᠠᠭ ᠤᠨ ᠴᠡᠴᠡᠷᠯᠢᠭ ᠤᠨ ᠰᠣᠷᠭᠠᠨ ᠬᠦᠮᠦᠵᠢᠯ ᠳᠤ ᠲᠣᠷᠰᠢᠨ ᠬᠡᠷᠡᠭᠯᠡᠬᠦ︾ ᠬᠡᠬᠦ  ᠰᠣᠳᠣᠯᠭᠠᠨ ᠤ ᠲᠠᠶᠢᠯᠣᠮᠵᠢ ᠢᠯᠡᠳᠭᠡᠯ ᠢᠶᠠᠷ ᠢᠶᠠᠨ ᠲᠣᠰ ᠣᠷᠣᠯᠳᠣᠭᠠᠨ ᠤ ᠭᠤᠳᠠᠭᠠᠷ ᠪᠠᠶᠢᠷᠢ ᠎ ᠶᠢ ᠡᠵᠡᠯᠡᠨ᠂   ᠡᠷᠭᠦᠮᠵᠢᠯᠡᠯ ᠬᠦᠷᠳᠡᠵᠡᠢ᠃  
     ᠡᠨᠡ ᠣᠳᠠᠭᠠᠨ ᠤ ᠮᠣᠩᠭᠤᠯ ᠣᠯᠣᠰ ᠲᠤ ᠲᠣᠭᠤᠷᠢᠨ ᠰᠣᠷᠣᠯᠴᠠᠬᠤ ᠠᠵᠢᠯᠯᠠᠭᠠᠨ  ᠎ ᠢᠶᠠᠷ ᠴᠡᠴᠡᠷᠯᠢᠭ ᠤᠨ ᠨᠠᠮ ᠤᠨ ᠡᠭᠦᠷ ᠤᠨ ᠱᠦᠵᠢ  ᠡᠷᠳᠡᠨᠢᠳᠦᠭᠦᠷᠡᠩ᠂ ᠴᠡᠴᠡᠷᠯᠢᠭ ᠤᠨ ᠡᠮᠴᠢ ᠰᠣᠪᠣᠳ ᠨᠠᠷ ᠠᠴᠠ ᠣᠯᠠᠭᠠᠨᠪᠠᠭᠠᠳᠣᠷ ᠤᠨ ᠴᠡᠴᠡᠷᠯᠢᠭ ᠎ ᠤᠳ ᠢᠶᠠᠷ ᠬᠦᠷᠴᠣ ᠮᠣᠩᠭᠤᠯ ᠣᠯᠣᠰ ᠤᠨ ᠴᠡᠴᠡᠷᠯᠢᠭ ᠤᠨ ᠠᠰᠠᠷᠠᠨ ᠬᠦᠮᠦᠵᠢᠬᠦᠯᠦᠯᠳᠠ᠂ ᠠᠷᠢᠭᠤᠨ ᠴᠡᠪᠡᠷ᠂ ᠡᠷᠡᠭᠦᠯ ᠬᠠᠮᠠᠭᠠᠯᠠᠯ᠂ ᠬᠡᠣᠬᠡᠳ ᠤᠨ ᠢᠳᠡᠭᠡᠨ ᠣᠮᠳᠠᠭᠠᠨ ᠢ ᠲᠣᠬᠢᠷᠠᠭᠤᠯᠬᠤ᠂ ᠰᠢᠮ᠎ᠠ ᠲᠡᠵᠢᠭᠡᠯ ᠤᠨ ᠪᠣᠳᠣᠯᠳᠠ᠂ ᠬᠡᠣᠬᠡᠳ ᠤᠨ ᠡᠷᠡᠬᠦᠯ ᠦᠰᠦᠯᠳᠡ ᠬᠦᠭᠵᠢᠯᠳᠠ ᠵᠡᠷᠭᠡ ᠲᠠᠯ᠎ᠠ ᠪᠠᠷ ᠲᠣᠭᠤᠷᠢᠨ  ᠰᠣᠷᠣᠯᠴᠠᠵᠠᠢ᠃ ᠲᠣᠰᠬᠠᠢ ᠴᠡᠴᠡᠷᠯᠢᠭ ᠤᠨ  ᠡᠮᠴᠢ᠂  ᠲᠣᠭᠤᠭᠠᠴᠢ᠂  ᠨᠢᠷᠪᠡ᠂ ᠡᠷᠬᠢᠯᠡᠭᠴᠢ ᠨᠠᠷ ᠲᠠᠢ ᠣᠴᠠᠷᠠᠨ ᠪᠣᠳᠠᠳᠠᠢ ᠠᠵᠢᠯᠯᠠᠵᠣ ᠪᠠᠶᠢᠭ᠎ᠠ ᠪᠠᠶᠢᠳᠠᠯ ᠢ ᠲᠠᠭᠠᠨ ᠦᠵᠡᠵᠣ᠂  ᠬᠤᠶᠠᠷ ᠣᠯᠣᠰ ᠤᠨ ᠴᠡᠴᠡᠷᠯᠢᠭ ᠤᠨ ᠠᠷᠣ ᠲᠠᠯ᠎ᠠ ᠶᠢᠨ ᠠᠵᠢᠯ ᠶᠢᠨ ᠲᠣᠬᠢᠷᠠᠭᠤᠯᠣᠯᠳᠠ᠂ ᠠᠵᠢᠯᠯᠠᠬᠤ ᠦᠨᠳᠣᠰᠦᠯᠡᠯ ᠰᠣᠳᠣᠯᠭᠠᠨ ᠤ ᠲᠠᠯ᠎ᠠ ᠪᠠᠷ ᠲᠣᠷᠰᠢᠯᠭ᠎ᠠ ᠪᠠᠨ ᠰᠣᠯᠢᠯᠴᠠᠨ᠂ ᠮᠣᠩᠭᠤᠯ ᠣᠯᠣᠰ ᠤᠨ ᠴᠡᠴᠡᠷᠯᠢᠭ ᠤᠨ ᠬᠡᠣᠬᠡᠳ ᠤᠨ ᠢᠳᠡᠭᠡᠨ ᠣᠮᠳᠠᠭᠠᠨ  ᠎ ᠤ ᠠᠮᠳᠠ᠂ ᠦᠡᠭᠭᠡ᠂ ᠬᠡᠮᠵᠢᠶ᠎ᠠ ᠵᠡᠷᠭᠡ ᠵᠢᠨ‌‍ᠲ᠋ᠣᠬᠢᠷᠠᠭᠤᠯᠣᠯᠳᠠ᠂ ᠪᠠᠶᠢᠭᠠᠯᠢᠭ ᠢᠳᠡᠭᠡᠨ ᠢ ᠴᠢᠬᠤᠯᠴᠢᠯᠠᠵᠣ ᠪᠠᠶᠢᠬᠤ᠂ ᠬᠡᠣᠬᠡᠳ ᠤᠨ ᠰᠢᠩᠭᠡᠭᠡᠯᠳᠡ ᠳᠤ ᠲᠣᠬᠢᠷᠠᠭᠰᠠᠨ ᠬᠦᠡᠭᠭᠡᠨ ᠢᠳᠡᠭᠡᠨ ᠢ ᠪᠣᠯᠪᠠᠰᠣᠷᠠᠭᠤᠯᠬᠤ᠂ ᠬᠡᠣᠬᠡᠳ ᠤᠨ ᠡᠳᠦᠷ ᠎ ᠤᠨ ᠬᠡᠷᠡᠭᠰᠡᠬᠦ  ᠰᠢᠮ᠎ᠡ ᠲᠡᠵᠢᠭᠡᠯ ᠤᠨ ᠨᠠᠷᠢᠯᠢᠭ ᠪᠣᠳᠣᠯᠳᠠ ᠬᠢᠵᠣ ᠪᠠᠶᠢᠬᠤ ᠵᠡᠷᠭᠡ ᠲᠠᠪᠠᠭᠤᠯᠢᠭ ᠲᠠᠯ᠎ᠠ ᠶᠢ ᠰᠣᠷᠣᠯᠴᠠᠨ᠂ ᠮᠠᠨ ᠤ ᠭᠠᠵᠠᠷ ᠣᠷᠣᠨ ᠤ ᠪᠠᠨ ᠪᠣᠳᠠᠳᠣ ᠪᠠᠶᠢᠳᠠᠯ ᠳᠤ ᠣᠶᠠᠯᠳᠣᠭᠤᠯᠣᠨ ᠴᠡᠴᠷᠯᠢᠭ ᠲᠤ ᠪᠠᠨ ᠬᠡᠷᠡᠭᠯᠡᠬᠦ ᠪᠠᠷ ᠪᠠᠶᠢᠨ᠎ᠠ᠃  
         ᠲᠣᠰ ᠣᠳᠠᠭᠠᠨ ᠤ ᠮᠣᠩᠭᠤᠯ ᠳᠤ ᠰᠣᠷᠣᠯᠴᠠᠬᠤ ᠠᠵᠢᠯᠯᠭᠠᠨ ᠳᠤ ᠵᠣᠬᠢᠴᠠᠭᠤᠯᠣᠨ᠂ ᠦᠬᠡᠯᠦᠨ ᠴᠡᠴᠡᠷᠯᠢᠭ ᠤᠨ ᠨᠠᠮ ᠤᠨ ᠡᠭᠦᠷ ᠤᠨ ᠱᠦᠵᠢ ᠡᠷᠳᠡᠨᠢᠳᠦᠭᠦᠷᠡᠩ ᠠᠴᠠ ᠨᠠᠮ ᠤᠨ ᠭᠡᠰᠢᠭᠦᠳ ᠢᠶᠠᠨ ᠲᠠᠶᠢᠴᠢᠯᠠᠨ᠂ ᠨᠠᠮ ᠤᠨ  ᠬᠡᠰᠢᠭᠦᠨ ᠤ ᠲᠡᠷᠢᠭᠦᠨ ᠤ ᠴᠢᠨᠠᠷ ᠢ ᠪᠠᠳᠠᠷᠠᠭᠤᠯᠣᠨ᠂ ᠦᠬᠡᠯᠦᠨ ᠴᠡᠴᠡᠷᠯᠢᠭ ᠤᠨ ᠪᠠᠭᠰᠢ ᠨᠠᠷ ᠪᠠ ᠭᠡᠷ ᠤᠨ ᠠᠬᠠᠮᠠᠳ ᠢᠶᠠᠨ ᠵᠣᠬᠢᠶᠠᠨ ᠪᠠᠶᠢᠭᠤᠯᠣᠨ  ︽ᠬᠠᠯᠠᠮᠵᠢ ᠶᠢᠨ ᠬᠤᠯᠪᠣᠭ᠎ᠠ︾ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠠ ᠶᠢᠨ ᠪᠠᠶᠠᠨᠵᠢᠷᠦᠭᠡ ᠲᠡᠭᠦᠷᠭᠡ ᠶᠢᠨ ᠬᠠᠷᠢᠴᠠᠭ᠎ᠠ ᠪᠠᠶᠢᠭᠤᠯᠵᠣ ᠪᠠᠶᠢᠭ᠎ᠠ ᠬᠤᠶᠠᠷ ᠴᠡᠴᠡᠷᠯᠢᠭ ᠤᠨ ᠢᠶᠠᠨ ᠦᠨᠦᠴᠢᠨ ᠬᠡᠣᠬᠡᠳ ᠤᠳ ᠪᠠ ᠭᠦᠭᠵᠢᠯ ᠎ ᠤᠨ ᠪᠡᠷᠭᠡᠰᠢᠶᠠᠯ ᠢᠶᠠᠷ ᠡᠮᠴᠢᠯᠡᠭᠦᠯᠵᠣ ᠪᠠᠶᠢᠭ᠎ᠠ ᠬᠡᠣᠬᠡᠳ ᠤᠳ ᠢ ᠲᠣᠰᠠᠯᠠᠨ ᠲᠡᠮᠵᠢᠬᠦ ᠠᠵᠢᠯᠯᠠᠭ᠎ᠠ  ᠦᠷᠨᠢᠬᠦᠯᠵᠣ᠂   ᠴᠣᠭᠯᠠᠭᠤᠯᠣᠭᠰᠠᠨ ᠨᠠᠮᠠᠷᠢ ᠬᠠᠨᠳᠢᠪ ᠢᠶᠠᠨ ᠡᠨᠡ ᠣᠳᠠᠭ᠎ᠠ ᠮᠣᠩᠭᠤᠯ  ᠎ ᠤᠨ ᠴᠡᠴᠡᠷᠯᠢᠭ ᠲᠤ ᠬᠦᠷᠭᠡᠵᠣ ᠣᠴᠢᠯ᠎ᠠ᠃ ᠲᠣᠰ ᠣᠳᠠᠭᠠᠨ ᠤ ᠨᠡᠮᠡᠷᠢ ᠬᠠᠨᠳᠢᠪ ᠴᠣᠭᠯᠠᠭᠤᠯᠬᠤ ᠠᠵᠢᠯᠯᠠᠭᠠᠨ ᠳᠤ ᠬᠡᠣᠬᠡᠳ ᠤᠨ ᠬᠤᠪᠴᠠᠰᠣ ᠬᠤᠨᠠᠷ ᠬᠠᠨᠪᠢᠪᠯᠠᠬᠤ ᠪᠠᠷ ᠭᠤᠣᠯ ᠪᠣᠯᠭᠠᠨ᠂ ᠡᠭᠦᠨ ᠤ ᠲᠠᠭᠠᠣ ᠳᠤ ᠴᠣᠭᠯᠠᠭᠰᠠᠨ5120 ᠲᠦᠭᠦᠷᠢᠭ ᠢ  ᠦᠨᠦᠴᠢᠨ ᠬᠡᠣᠬᠡᠳ ᠤᠨ ᠬᠦᠷᠢᠶᠡᠯᠡᠩ ᠳᠤ ᠠᠮᠢᠳᠣᠷᠠᠵᠣ᠂ ᠪᠠᠶᠠᠨᠵᠢᠷᠦᠭᠡ ᠲᠡᠭᠦᠷᠭᠡ ᠶᠢᠨ ᠴᠡᠴᠡᠷᠯᠢᠭ ᠲᠤ ᠰᠣᠷᠣᠯᠴᠠᠵᠣ ᠪᠠᠶᠢᠭ᠎ᠠ ᠠᠵᠠᠵᠢᠶᠠᠭ᠎ᠠ ᠵᠡᠷᠭᠡ ᠲᠦᠷᠪᠡᠨ ᠦᠨᠦᠴᠢᠨ ᠬᠡᠣᠬᠡᠳ  ᠪᠠ ᠰᠣᠨᠣᠷ ᠠᠯᠳᠠᠨ ᠡᠮᠴᠢᠯᠡᠭᠦᠯᠵᠣ ᠪᠠᠶᠢᠭ᠎ᠠ ᠪᠢᠴᠢᠬᠠᠨ ᠬᠦᠣ  ᠠᠩᠭᠠᠷᠠᠭ ᠨᠠᠷ ᠲᠤ ᠬᠤᠪᠢᠶᠠᠨ  ᠲᠣᠰᠠᠯᠠᠵᠣ᠂ ᠡᠳᠡᠨ ᠤ ᠰᠣᠷᠣᠯᠭ᠎ᠠ ᠠᠮᠢᠳᠣᠷᠠᠯ ᠳᠤ ᠨᠢ ᠲᠠᠮᠵᠢᠯᠭᠡ ᠪᠣᠯᠬᠤ ᠶᠢ ᠬᠦᠰᠡᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号