5 ᠳ᠋ᠤᠭᠠᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠰᠢᠯᠤᠭᠤᠨ ᠬᠦᠬᠡ ᠬᠤᠰᠢᠭᠤᠨ ᠤ ᠮᠤᠩᠭᠤᠯ | ᠡᠮᠨᠡᠯᠬᠡ ᠶᠢᠨ ᠬᠤᠷᠢᠶᠠᠨ ᠳᠤ ᠬᠦᠷᠬᠦ ᠳᠤ ᠡᠮᠨᠡᠯᠬᠡ ᠶᠢᠨ ᠬᠤᠷᠢᠶᠠᠨ ᠤ ᠡᠮᠴᠢ ᠰᠤᠪᠢᠯᠠᠭᠴᠢᠳ ᠶᠠᠳᠠᠭᠤ | ᠬᠦᠴᠢᠷᠳᠡᠯᠳᠡᠢ ᠡᠷᠦᠬᠡ ᠶᠢᠨ ᠬᠦᠮᠦᠰ ᠲᠤ ᠪᠠᠶ᠎ᠠ ᠶᠢᠨ ᠪᠠᠶᠢᠴᠠᠭᠠᠯᠳᠠ᠂ ᠡᠪᠡᠳᠴᠢᠨ ᠤ ᠤᠨᠤᠰᠢᠯᠠᠯᠳᠠ ᠬᠢᠭᠡᠳ | ᠶᠠᠭᠠᠷᠠᠵᠦ ᠪᠠᠶᠢᠯ᠎ᠠ᠃ ᠲᠡᠳᠡ ᠪᠠᠶᠢᠴᠠᠭᠠᠯᠳᠠ ᠤᠨᠤᠰᠢᠯᠠᠯᠳᠠ ᠬᠢᠯᠬᠡᠬᠦ ᠪᠠᠷ ᠢᠷᠡᠭᠰᠡᠨ ᠮᠠᠯᠴᠢᠳ ᠤᠨ ᠪᠠᠶ᠎ᠠ ᠶᠢᠨ | ᠪᠠᠶᠢᠳᠠᠯ ᠢ ᠨᠠᠷᠢᠨ ᠬᠢᠨᠠᠮᠠᠭᠠᠢ ᠰᠢᠨᠵᠢᠨ ᠤᠨᠤᠰᠢᠯᠠᠵᠦ᠂ ᠪᠠᠶ᠎ᠠ ᠶᠢᠨ ᠪᠠᠶᠢᠴᠠᠭᠠᠯᠳᠠ ᠶᠢᠨ ᠳ᠋ᠦᠡᠭ ᠳᠤ ᠲᠠᠶᠢᠯᠪᠤᠷᠢᠯᠠᠯᠳᠠ | ᠬᠢᠵᠦ ᠡᠮᠴᠢᠯᠡᠬᠡᠨ ᠤ ᠰᠠᠨᠠᠯ ᠵᠦᠪᠯᠡᠯᠬᠡ ᠪᠠᠨ ᠦᠭᠴᠦ ᠪᠠᠶᠢᠯ᠎ᠠ᠃ | | ᠤᠶᠢᠯᠠᠭᠠᠭᠰᠠᠨ ᠢᠶᠠᠷ᠂ ᠰᠢᠯᠤᠭᠤᠨ ᠬᠦᠬᠡ ᠬᠤᠰᠢᠭᠤ ︽ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ︾ ᠲᠦᠷᠦ | ᠶᠢᠨ ᠪᠤᠳᠤᠯᠭ᠎ᠠ ᠲᠠᠢ ᠤᠶᠠᠯᠳᠤᠭᠤᠯᠤᠨ ᠮᠠᠯᠴᠢᠳ ᠤᠨ ᠡᠪᠡᠳᠴᠢᠨ ᠠᠴᠠ ᠪᠤᠯᠵᠦ ᠶᠠᠳᠠᠭᠤᠷᠠᠬᠤ ᠪᠤᠯᠤᠯᠴᠠᠭ᠎ᠠ ᠶᠢ | ᠦᠨᠳᠦᠰᠦᠨ ᠠᠴᠠ ᠨᠢ ᠰᠡᠷᠬᠡᠶᠢᠯᠡᠬᠦ ᠶᠢᠨ ᠲᠦᠯᠦᠬᠡ᠂ ᠪᠦᠬᠦ ᠬᠤᠰᠢᠭᠤᠨ ᠤ ᠶᠠᠳᠠᠭᠤ ᠬᠦᠴᠢᠷᠳᠡᠯᠳᠡᠢ188 ᠡᠷᠦᠬᠡ | ᠶᠢᠨ 411 ᠬᠦᠮᠦᠨ ᠳᠤ ᠦᠨ᠎ᠡ ᠲᠦᠯᠦᠪᠦᠷᠢ ᠦᠬᠡᠢ ᠪᠠᠶ᠎ᠠ ᠶᠢᠨ ᠪᠠᠶᠢᠴᠠᠭᠠᠯᠳᠠ ᠬᠢᠵᠦ ᠦᠭᠬᠦᠨ᠂ ᠭᠤᠤᠯᠳᠠᠭᠤ | ᠴᠢᠰᠦ ᠪᠠᠶᠢᠴᠠᠭᠠᠬᠤ᠂ ᠵᠢᠷᠦᠬᠡᠨ ᠤ ᠴᠠᠬᠢᠯᠭᠠᠨ ᠵᠢᠷᠤᠭ ᠬᠢᠬᠦ᠂ ᠡᠯᠢᠬᠡᠨ ᠤ ᠠᠵᠢᠯᠯᠠᠭ᠎ᠠ ᠶᠢᠨ ᠪᠠᠶᠢᠴᠠᠭᠠᠯᠳᠠ᠂ | ᠴᠢᠰᠦᠨ ᠤ ᠰᠢᠬᠢᠷ᠂ ᠴᠢᠰᠦᠨ ᠤ ᠦᠬᠡᠬᠦ ᠶᠢᠨ ᠪᠠᠶᠢᠴᠠᠭᠠᠯᠳᠠ᠂X ᠰᠠᠴᠤᠷᠠᠭ᠂B ᠬᠡᠳᠦ ᠲᠤᠯᠬᠢᠶᠠᠨ᠂ ᠡᠮᠡᠭᠳᠡᠢ ᠶᠢᠨ | ᠬᠤᠶᠠᠷ ᠦᠮᠡᠨ ᠤ ᠪᠠᠶᠢᠴᠠᠭᠠᠯᠳᠠ ᠵᠡᠷᠬᠡ ᠬᠦᠨᠳᠦ ᠡᠪᠡᠳᠴᠢᠨ ᠤ ᠪᠠᠶᠢᠴᠠᠭᠠᠯᠳᠠ ᠤᠨᠤᠰᠢᠯᠠᠯᠳᠠ ᠶᠢᠨ ᠲᠦᠷᠦᠯ ᠵᠦᠢᠯ | ᠢ ᠲᠤᠭᠢᠷᠠᠭᠤᠯᠵᠦ᠂ ᠮᠠᠯᠴᠢᠨ ᠲᠠᠷᠢᠶᠠᠴᠢᠳ ᠤᠨ ᠡᠪᠡᠳᠴᠢᠨ ᠪᠠᠶᠢᠪᠠᠯ ᠡᠷᠳᠡ ᠮᠡᠳᠡᠵᠦ᠂ ᠡᠷᠳᠡ ᠵᠠᠰᠠᠵᠦ᠂ ᠡᠷᠳᠡ | ᠰᠡᠷᠬᠡᠶᠢᠯᠡᠬᠦ ᠳᠤ ᠲᠦᠬᠦᠮ ᠨᠦᠬᠦᠴᠡᠯ ᠬᠠᠩᠭᠠᠵᠦ ᠦᠭᠬᠦᠯ᠎ᠠ᠃ | | | | ᠡᠨᠡᠬᠦ ᠠᠵᠢᠯᠯᠠᠭ᠎ᠠ ᠶᠢ ᠦᠨᠦᠳᠦᠷ ᠠᠴᠠ ᠡᠬᠢᠯᠡᠨ 5 ᠳ᠋ᠤᠭᠠᠷ ᠰᠠᠷ᠎ᠠ ᠶᠢᠨ16 ᠤ ᠡᠳᠦᠷ ᠪᠤᠯᠳᠠᠯ᠎ᠠ | ᠶᠠᠪᠤᠭᠳᠠᠭᠤᠯᠵᠦ᠂ ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠠᠴᠠ ᠭᠠᠳᠠᠨ᠎ᠠ ᠰᠠᠩ ᠤᠨ ᠲᠠᠯᠠᠢ ᠪᠠᠯᠭᠠᠰᠤᠨ ᠤ | ᠲᠦᠪ ᠡᠮᠨᠡᠯᠬᠡ ᠶᠢᠨ ᠬᠤᠷᠢᠶ᠎ᠠ᠂ ᠬᠠᠪᠢᠷᠭ᠎ᠠ ᠪᠠᠯᠭᠠᠰᠦᠨ ᠤ ᠲᠦᠪ ᠡᠮᠨᠡᠯᠬᠡ ᠶᠢᠨ ᠬᠤᠷᠢᠶᠠᠨ ᠳᠤ ᠪᠠᠶᠢᠴᠠᠭᠠᠯᠳᠠ | ᠤᠨᠤᠰᠢᠯᠠᠯᠳᠠ ᠶᠢᠨ ᠴᠡᠭ ᠲᠤᠭᠳᠠᠭᠠᠭᠰᠠᠨ ᠢᠶᠠᠷ ᠮᠠᠯᠴᠢᠨ ᠲᠠᠷᠢᠶᠠᠴᠢᠳ ᠠᠯᠢ ᠤᠶᠢᠷᠠᠬᠠᠨ ᠭᠠᠵᠠᠷ ᠲᠠᠭᠠᠨ ᠤᠴᠢᠵᠦ | ᠪᠠᠶᠢᠴᠠᠭᠠᠯᠳᠠ ᠬᠢᠯᠬᠡᠵᠦ ᠪᠤᠯᠬᠤ ᠲᠦᠬᠦᠮ ᠨᠦᠬᠦᠴᠡᠯ ᠬᠠᠩᠭᠠᠵᠠᠢ᠃ ︵ᠠᠯᠳᠠᠨᠰᠢᠬᠦᠷ︶ | | | | |