| ︽ᠪᠠᠶᠢᠭᠠᠯᠢ︾ ᠠᠮᠢ ᠠᠬᠤᠢ ᠶᠢᠨ ᠮᠠᠯᠵᠢᠯ ᠤᠨ ᠳᠠᠯᠠᠪᠠᠢ ᠪᠤᠯ ᠰᠠᠶᠢᠨᠬᠤᠳᠳᠤᠭ ᠰᠤᠮᠤᠨ ᠤ ᠪᠠᠶᠠᠨᠬᠤᠰᠢᠭᠤ | ᠭᠠᠴᠠᠭᠠᠨ ᠤ ᠮᠠᠯᠴᠢᠨ ᠵᠠᠯᠠᠭᠤ ᠬᠥᠬᠡᠳᠤᠭ 16 ᠮᠠᠯᠴᠢᠨ ᠡᠷᠥᠬᠡ ᠶᠢᠨ ᠬᠢᠨ ᠲᠠᠢ ᠬᠤᠯᠪᠤᠭᠠᠯᠠᠨ 2010 ᠤᠨ ᠳᠤ | ᠳᠠᠩᠰᠠᠯᠠᠭᠤᠯᠤᠨ ᠪᠠᠶᠢᠭᠤᠯᠤᠭᠰᠠᠨ ᠠᠮᠢ ᠠᠬᠤᠢ᠂ ᠰᠤᠶᠤᠯ ᠵᠢᠭᠤᠯᠴᠢᠯᠠᠯ᠂ ᠲᠠᠸᠠᠷ ᠡᠵᠡᠭᠨᠡᠯᠳᠡ ᠶᠢ ᠨᠢᠭᠡ | ᠴᠤᠭᠴᠠᠵᠢᠭᠤᠯᠤᠭᠰᠠᠨ ᠬᠤᠷᠰᠢᠶᠠᠵᠢᠯ ᠤᠨ ᠬᠡᠯᠪᠡᠷᠢ ᠪᠥᠬᠦᠢ ᠡᠵᠡᠭᠨᠡᠯᠳᠡ ᠶᠢᠨ ᠨᠢᠭᠡᠴᠡ ᠪᠤᠯᠬᠤ ᠶᠤᠮ᠃ | ᠳᠤᠰ ᠠᠮᠢ ᠠᠬᠤᠢ ᠶᠢᠨ ᠮᠠᠯᠵᠢᠯ ᠤᠨ ᠳᠠᠯᠠᠪᠠᠢ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠥᠷᠢᠶᠡᠯᠡᠩ ᠤᠨ ᠳᠠᠯ᠎ᠠ ᠨᠤᠳᠤᠭ ᠤᠨ ᠳᠠᠬᠢᠶ᠎ᠠ ᠮᠠᠯᠵᠢᠬᠤ ᠰᠠᠭᠤᠷᠢᠨ ᠢᠶᠠᠷ ᠥᠨᠳᠥᠰᠥᠨ ᠠᠵᠦ ᠥᠢᠯᠡᠰ ᠪᠤᠯᠭᠠᠵᠦ᠂ | ᠭᠤᠤᠯᠳᠠᠭᠤ ᠳᠠᠯ᠎ᠠ ᠨᠤᠳᠤᠭ ᠤᠨ ᠳᠠᠬᠢᠶᠠᠨ ᠤ ᠪᠥᠳᠥᠭᠡᠭᠳᠡᠬᠦᠨ ᠢ ᠥᠢᠯᠡᠳᠪᠥᠷᠢᠯᠡᠬᠦ᠂ ᠪᠤᠯᠪᠠᠰᠤᠷᠠᠭᠤᠯᠬᠤ᠂ | ᠪᠤᠷᠤᠯᠠᠭᠤᠯᠬᠤ ᠪᠠᠷ ᠠᠩᠬ᠎ᠠ ᠵᠠᠬ᠎ᠠ ᠳᠤ ᠬᠠᠨᠳᠤᠵᠦ ᠪᠠᠶᠢᠭᠰᠠᠨ ᠪᠤᠯ ᠬᠡᠳᠥᠨ ᠵᠢᠯ ᠤᠨ ᠴᠢᠷᠮᠠᠶᠢᠯᠳᠠ ᠪᠠᠷ ᠳᠠᠮᠵᠢᠨ | ᠤᠳᠤ ᠪᠤᠯᠬᠤ ᠳᠤ ᠤᠯᠠᠨ ᠡᠰᠢᠵᠢᠭᠰᠡᠨ ᠥᠢᠯᠡᠳᠪᠥᠷᠢᠯᠡᠯ ᠡᠵᠡᠭᠨᠡᠯᠳᠡ ᠶᠢᠨ ᠵᠠᠭᠪᠤᠷ ᠲᠤ ᠰᠢᠯᠵᠢᠵᠦ᠂ ᠬᠡᠷᠡᠭᠯᠡᠭᠴᠢᠳ᠂ | ᠵᠢᠭᠤᠯᠴᠢᠯᠠᠭᠰᠠᠳ ᠤᠨ ᠰᠢᠯᠤᠭᠤᠨ ᠬᠥᠬᠡ ᠶᠢ ᠳᠠᠨᠢᠬᠤ᠂ ᠬᠤᠯᠠᠨ ᠰᠢᠷᠭ᠎ᠠ ᠶᠢ ᠳᠠᠨᠢᠬᠤ ᠨᠢᠭᠡᠨ ᠬᠢᠯᠢᠰ ᠴᠢᠭ | ᠪᠤᠯᠵᠠᠢ᠃ | ᠬᠡᠳᠥᠨ ᠵᠢᠯ ᠤᠨ ᠡᠵᠡᠭᠨᠡᠯᠳᠡ ᠪᠠ ᠰᠤᠳᠤᠯᠭᠠᠨ ᠪᠠᠷ ᠳᠠᠮᠵᠢᠨ ᠬᠥᠬᠡᠳᠤᠭ ᠠᠮᠢ ᠠᠬᠤᠢ ᠶᠢᠨ ᠤᠷᠴᠢᠨ | ᠳᠤᠭᠤᠷᠢᠨ ᠪᠠ ᠠᠮᠢ ᠠᠬᠤᠢ ᠶᠢᠨ ᠪᠥᠳᠥᠭᠡᠭᠳᠡᠬᠦᠨ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ | ᠪᠤᠷᠤᠯᠠᠭᠤᠯᠤᠯᠳᠠ ᠶᠢᠨ ᠥᠷ᠎ᠡ ᠠᠰᠢᠭ ᠢ ᠨᠡᠮᠡᠭᠳᠡᠬᠦᠯᠬᠦ ᠰᠢᠨ᠎ᠡ ᠠᠷᠭ᠎ᠠ ᠬᠡᠯᠪᠡᠷᠢ ᠶᠢ ᠰᠥᠪᠡᠭᠴᠢᠯᠡᠨ ᠤᠯᠵᠦ᠂ | 2016 ᠤᠨ ᠳᠤ 200 ᠭᠠᠷᠤᠢ ᠲᠥᠮᠡᠨ ᠲᠥᠭᠦᠷᠢᠭ ᠤᠨ ᠪᠡᠯᠡ ᠤᠷᠤᠭᠤᠯᠵᠦ᠂1800 ᠮᠥ ᠳᠠᠯᠠᠪᠠᠢ ᠪᠥᠬᠦᠢ | ᠡᠯᠡᠰᠥ ᠮᠠᠩᠬᠠᠨ ᠤ ᠵᠤᠭᠠᠴᠠᠯ ᠤᠨ ᠭᠠᠵᠠᠷ ᠢ ᠪᠠᠶᠢᠭᠤᠯᠤᠭᠰᠠᠨ ᠪᠠᠶᠢᠨ᠎ᠠ᠃ ᠪᠤᠰᠤᠳ ᠵᠢᠭᠤᠴᠢᠯᠠᠯ ᠤᠨ ᠴᠢᠭ ᠲᠠᠢ | ᠠᠳᠠᠯᠢ ᠥᠬᠡᠢ ᠨᠢ ᠬᠡᠪᠡᠯ ᠳᠡᠷᠡ ᠵᠤᠭᠠᠴᠠᠯ ᠤᠨ ᠭᠠᠵᠠᠷ ᠤᠨ ᠢᠶᠠᠨ15 ᠮᠤᠩᠭᠤᠯ ᠬᠡᠷ ᠢ ᠴᠥᠮ ᠮᠠᠩᠬᠠᠨ ᠤ ᠤᠷᠤᠢ | ᠳᠡᠭᠡᠷ᠎ᠡ ᠪᠤᠰᠬᠠᠭᠰᠠᠨ ᠢᠶᠠᠷ ᠢᠶᠠᠨ ᠤᠨᠴᠠᠯᠢᠭ ᠲᠠᠢ᠃ ᠡᠨᠡᠬᠦ ᠨᠠᠷᠢᠯᠢᠭ ᠬᠢᠴᠡ ᠲᠠᠢ᠂ ᠤᠯᠠᠮᠵᠢᠯᠠᠯ ᠪᠠ ᠰᠢᠨ᠎ᠡ ᠮᠠᠶ᠋ᠢᠭ | ᠢ ᠤᠶᠠᠯᠳᠤᠭᠤᠯᠤᠭᠰᠠᠨ ᠤᠳᠤᠬᠢᠴᠢ ᠵᠠᠭᠪᠤᠷ ᠤᠨ ᠮᠤᠩᠭᠤᠯ ᠬᠡᠷ ᠤᠳ ᠨᠢ 24 ᠴᠠᠭ ᠢᠶᠠᠷ ᠬᠠᠯᠠᠭᠤᠨ ᠤᠰᠤ | ᠬᠠᠩᠭᠠᠬᠤ ᠪᠤᠯᠤᠮᠵᠢ ᠲᠠᠢ᠂ ᠵᠤᠷᠯᠤᠩ᠂ ᠤᠬᠢᠶᠠᠯᠭ᠎ᠠ ᠶᠢᠨ ᠳᠠᠰᠤᠭ ᠢ ᠪᠥᠷᠢᠳᠥᠬᠦᠯᠥᠭᠰᠡᠨ ᠤᠳᠤᠨ ᠳᠡᠰ ᠤᠨ | ᠪᠠᠭᠤᠳᠠᠯ ᠤᠨ ᠪᠠᠷᠢᠮᠵᠢᠶ᠎ᠠ ᠲᠠᠢ ᠪᠠᠶᠢᠵᠦ᠂ ᠵᠤᠭᠠᠴᠠᠭᠰᠠᠳ ᠳᠤ ᠬᠤᠭᠤᠯᠠ ᠤᠮᠳᠠ᠂ ᠤᠷᠤᠨ ᠰᠠᠭᠤᠴᠠ᠂ ᠰᠡᠯᠡᠬᠦᠴᠡᠯ | ᠠᠮᠠᠷᠠᠯᠳᠠ ᠵᠡᠷᠭᠡ ᠤᠯᠠᠨ ᠳᠠᠯ᠎ᠠ ᠶᠢᠨ ᠥᠢᠯᠡᠴᠢᠯᠡᠭᠡ ᠬᠠᠩᠭᠠᠵᠦ ᠪᠠᠶᠢᠨ᠎ᠠ᠃ | ︽ᠪᠠᠶᠢᠭᠠᠯᠢ︾ ᠠᠮᠢ ᠠᠬᠤᠢ ᠶᠢᠨ ᠮᠠᠯᠵᠢᠯ ᠤᠨ ᠳᠠᠯᠠᠪᠠᠢ ᠶᠢᠨ ᠬᠥᠭᠵᠢᠯᠳᠡ ᠨᠢ ᠳᠤᠬᠠᠢ ᠶᠢᠨ ᠭᠠᠵᠠᠷ | ᠤᠷᠤᠨ ᠤ ᠪᠠᠨ ᠵᠢᠭᠤᠯᠴᠢᠯᠠᠯ ᠤᠨ ᠥᠢᠯᠡᠰ ᠤᠨ ᠬᠥᠭᠵᠢᠯᠳᠡ ᠶᠢ ᠳᠠᠶᠢᠴᠢᠯᠠᠭᠰᠠᠨ ᠢᠶᠠᠷ ᠪᠠᠷᠠᠬᠤ ᠥᠬᠡᠢ ᠨᠡᠩ ᠤᠯᠠᠨ | ᠮᠠᠯᠴᠢᠳ ᠢ ᠵᠤᠭᠠᠴᠠᠯ ᠤᠨ ᠭᠠᠵᠠᠷ ᠤᠨ ᠪᠠᠶᠢᠭᠤᠯᠤᠯᠳᠠ ᠪᠠ ᠪᠥᠳᠥᠭᠡᠭᠳᠡᠬᠦᠨ ᠤ ᠡᠵᠡᠭᠨᠡᠯᠳᠡ ᠶᠢᠨ ᠳᠤᠮᠳᠠ ᠪᠠᠨ | ᠤᠷᠤᠯᠴᠠᠭᠤᠯᠤᠨ ᠠᠵᠢᠯ ᠤᠯᠭᠤᠯᠳᠠ ᠶᠢ ᠠᠬᠢᠭᠤᠯᠤᠨ ᠤᠷᠤᠯᠭ᠎ᠠ ᠶᠢ ᠨᠢ ᠨᠡᠮᠡᠭᠳᠡᠬᠦᠯᠵᠡᠢ᠃ | ᠮᠥᠴᠢᠷ |