ᠰᠢᠯᠤᠭᠤᠨ ᠬᠥᠬᠡ ᠲᠠᠢ ᠳᠠᠨᠢᠯᠴᠠᠨ᠂ ︽ᠪᠠᠶᠢᠭᠠᠯᠢ︾ ᠠᠮᠢ ᠠᠬᠤᠢ ᠶᠢᠨ ᠮᠠᠯᠵᠢᠯ ᠤᠨ ᠳᠠᠯᠠᠪᠠᠢ ᠪᠠᠷ ᠠᠶᠠᠯᠠᠶ᠎ᠠ
ᠨᠡᠶᠢᠲᠡᠯᠡᠭᠰᠡᠨ ᠴᠠᠭ᠄
2017/6/5

           ︽ᠪᠠᠶᠢᠭᠠᠯᠢ︾ ᠠᠮᠢ ᠠᠬᠤᠢ ᠶᠢᠨ ᠮᠠᠯᠵᠢᠯ ᠤᠨ ᠳᠠᠯᠠᠪᠠᠢ ᠪᠤᠯ ᠰᠠᠶᠢᠨᠬᠤᠳᠳᠤᠭ ᠰᠤᠮᠤᠨ ᠤ ᠪᠠᠶᠠᠨᠬᠤᠰᠢᠭᠤ

ᠭᠠᠴᠠᠭᠠᠨ ᠤ ᠮᠠᠯᠴᠢᠨ ᠵᠠᠯᠠᠭᠤ ᠬᠥᠬᠡᠳᠤᠭ 16 ᠮᠠᠯᠴᠢᠨ ᠡᠷᠥᠬᠡ ᠶᠢᠨ ᠬᠢᠨ ᠲᠠᠢ ᠬᠤᠯᠪᠤᠭᠠᠯᠠᠨ 2010 ᠤᠨ ᠳᠤ

ᠳᠠᠩᠰᠠᠯᠠᠭᠤᠯᠤᠨ ᠪᠠᠶᠢᠭᠤᠯᠤᠭᠰᠠᠨ ᠠᠮᠢ ᠠᠬᠤᠢ᠂ ᠰᠤᠶᠤᠯ ᠵᠢᠭᠤᠯᠴᠢᠯᠠᠯ᠂ ᠲᠠᠸᠠᠷ ᠡᠵᠡᠭᠨᠡᠯᠳᠡ ᠶᠢ ᠨᠢᠭᠡ

ᠴᠤᠭᠴᠠᠵᠢᠭᠤᠯᠤᠭᠰᠠᠨ ᠬᠤᠷᠰᠢᠶᠠᠵᠢᠯ ᠤᠨ ᠬᠡᠯᠪᠡᠷᠢ ᠪᠥᠬᠦᠢ ᠡᠵᠡᠭᠨᠡᠯᠳᠡ ᠶᠢᠨ ᠨᠢᠭᠡᠴᠡ ᠪᠤᠯᠬᠤ ᠶᠤᠮ᠃

           ᠳᠤᠰ ᠠᠮᠢ ᠠᠬᠤᠢ ᠶᠢᠨ ᠮᠠᠯᠵᠢᠯ ᠤᠨ ᠳᠠᠯᠠᠪᠠᠢ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ

ᠬᠥᠷᠢᠶᠡᠯᠡᠩ ᠤᠨ ᠳᠠᠯ᠎ᠠ ᠨᠤᠳᠤᠭ ᠤᠨ ᠳᠠᠬᠢᠶ᠎ᠠ ᠮᠠᠯᠵᠢᠬᠤ ᠰᠠᠭᠤᠷᠢᠨ ᠢᠶᠠᠷ ᠥᠨᠳᠥᠰᠥᠨ ᠠᠵᠦ ᠥᠢᠯᠡᠰ ᠪᠤᠯᠭᠠᠵᠦ᠂

ᠭᠤᠤᠯᠳᠠᠭᠤ ᠳᠠᠯ᠎ᠠ ᠨᠤᠳᠤᠭ ᠤᠨ ᠳᠠᠬᠢᠶᠠᠨ ᠤ ᠪᠥᠳᠥᠭᠡᠭᠳᠡᠬᠦᠨ ᠢ ᠥᠢᠯᠡᠳᠪᠥᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ

᠎ ᠪᠠᠷ ᠠᠩᠬ᠎ᠠ ᠵᠠᠬ᠎ᠠ ᠳᠤ ᠬᠠᠨᠳᠤᠵᠦ ᠪᠠᠶᠢᠭᠰᠠᠨ ᠪᠤᠯ ᠬᠡᠳᠥᠨ ᠵᠢᠯ ᠤᠨ ᠴᠢᠷᠮᠠᠶᠢᠯᠳᠠ ᠪᠠᠷ ᠳᠠᠮᠵᠢᠨ ᠤᠳᠤ ᠪᠤᠯᠬᠤ ᠳᠤ ᠤᠯᠠᠨ

ᠡᠰᠢᠵᠢᠭᠰᠡᠨ ᠥᠢᠯᠡᠳᠪᠥᠷᠢᠯᠡᠯ ᠡᠵᠡᠭᠨᠡᠯᠳᠡ ᠶᠢᠨ ᠵᠠᠭᠪᠤᠷ ᠲᠤ ᠰᠢᠯᠵᠢᠵᠦ᠂ ᠬᠡᠷᠡᠭᠯᠡᠭᠴᠢᠳ᠂ ᠵᠢᠭᠤᠯᠴᠢᠯᠠᠭᠰᠠᠳ ᠤᠨ

ᠰᠢᠯᠤᠭᠤᠨ ᠬᠥᠬᠡ ᠶᠢ ᠳᠠᠨᠢᠬᠤ᠂ ᠬᠤᠯᠠᠨ ᠰᠢᠷᠭ᠎ᠠ ᠶᠢ ᠳᠠᠨᠢᠬᠤ ᠨᠢᠭᠡᠨ ᠬᠢᠯᠢᠰ ᠴᠢᠭ ᠪᠤᠯᠵᠠᠢ᠃

           ᠬᠡᠳᠥᠨ ᠵᠢᠯ ᠤᠨ ᠡᠵᠡᠭᠨᠡᠯᠳᠡ ᠪᠠ ᠰᠤᠳᠤᠯᠭᠠᠨ ᠪᠠᠷ ᠳᠠᠮᠵᠢᠨ ᠬᠥᠬᠡᠳᠤᠭ ᠠᠮᠢ ᠠᠬᠤᠢ ᠶᠢᠨ ᠤᠷᠴᠢᠨ

ᠳᠤᠭᠤᠷᠢᠨ ᠪᠠ ᠠᠮᠢ ᠠᠬᠤᠢ ᠶᠢᠨ ᠪᠥᠳᠥᠭᠡᠭᠳᠡᠬᠦᠨ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ

ᠪᠤᠷᠤᠯᠠᠭᠤᠯᠤᠯᠳᠠ ᠶᠢᠨ ᠥᠷ᠎ᠡ ᠠᠰᠢᠭ ᠢ ᠨᠡᠮᠡᠭᠳᠡᠬᠦᠯᠬᠦ ᠰᠢᠨ᠎ᠡ ᠠᠷᠭ᠎ᠠ ᠬᠡᠯᠪᠡᠷᠢ ᠶᠢ ᠰᠥᠪᠡᠭᠴᠢᠯᠡᠨ ᠤᠯᠵᠦ᠂ 2016 ᠤᠨ

᠎ ᠳᠤ 200 ᠭᠠᠷᠤᠢ ᠲᠥᠮᠡᠨ ᠲᠥᠭᠦᠷᠢᠭ ᠤᠨ ᠪᠡᠯᠡ ᠤᠷᠤᠭᠤᠯᠵᠦ᠂1800 ᠮᠥ ᠳᠠᠯᠠᠪᠠᠢ ᠪᠥᠬᠦᠢ ᠡᠯᠡᠰᠥ ᠮᠠᠩᠬᠠᠨ ᠤ

ᠵᠤᠭᠠᠴᠠᠯ ᠤᠨ ᠭᠠᠵᠠᠷ ᠢ ᠪᠠᠶᠢᠭᠤᠯᠤᠭᠰᠠᠨ ᠪᠠᠶᠢᠨ᠎ᠠ᠃ ᠪᠤᠰᠤᠳ ᠵᠢᠭᠤᠴᠢᠯᠠᠯ ᠤᠨ ᠴᠢᠭ ᠲᠠᠢ ᠠᠳᠠᠯᠢ ᠥᠬᠡᠢ ᠨᠢ ᠬᠡᠪᠡᠯ

ᠳᠡᠷᠡ ᠵᠤᠭᠠᠴᠠᠯ ᠤᠨ ᠭᠠᠵᠠᠷ ᠤᠨ ᠢᠶᠠᠨ15 ᠮᠤᠩᠭᠤᠯ ᠬᠡᠷ ᠢ ᠴᠥᠮ ᠮᠠᠩᠬᠠᠨ ᠤ ᠤᠷᠤᠢ ᠳᠡᠭᠡᠷ᠎ᠡ ᠪᠤᠰᠬᠠᠭᠰᠠᠨ ᠢᠶᠠᠷ ᠢᠶᠠᠨ

ᠤᠨᠴᠠᠯᠢᠭ ᠲᠠᠢ᠃ ᠡᠨᠡᠬᠦ ᠨᠠᠷᠢᠯᠢᠭ ᠬᠢᠴᠡ ᠲᠠᠢ᠂ ᠤᠯᠠᠮᠵᠢᠯᠠᠯ ᠪᠠ ᠰᠢᠨ᠎ᠡ ᠮᠠᠶ᠋ᠢᠭ ᠢ ᠤᠶᠠᠯᠳᠤᠭᠤᠯᠤᠭᠰᠠᠨ ᠤᠳᠤᠬᠢᠴᠢ

ᠵᠠᠭᠪᠤᠷ ᠤᠨ ᠮᠤᠩᠭᠤᠯ ᠬᠡᠷ ᠤᠳ ᠨᠢ 24 ᠴᠠᠭ ᠢᠶᠠᠷ ᠬᠠᠯᠠᠭᠤᠨ ᠤᠰᠤ ᠬᠠᠩᠭᠠᠬᠤ ᠪᠤᠯᠤᠮᠵᠢ ᠲᠠᠢ᠂ ᠵᠤᠷᠯᠤᠩ᠂

ᠤᠬᠢᠶᠠᠯᠭ᠎ᠠ ᠶᠢᠨ ᠳᠠᠰᠤᠭ ᠢ ᠪᠥᠷᠢᠳᠥᠬᠦᠯᠥᠭᠰᠡᠨ ᠤᠳᠤᠨ ᠳᠡᠰ ᠤᠨ ᠪᠠᠭᠤᠳᠠᠯ ᠤᠨ ᠪᠠᠷᠢᠮᠵᠢᠶ᠎ᠠ ᠲᠠᠢ ᠪᠠᠶᠢᠵᠦ᠂

ᠵᠤᠭᠠᠴᠠᠭᠰᠠᠳ ᠳᠤ ᠬᠤᠭᠤᠯᠠ ᠤᠮᠳᠠ᠂ ᠤᠷᠤᠨ ᠰᠠᠭᠤᠴᠠ᠂ ᠰᠡᠯᠡᠬᠦᠴᠡᠯ ᠠᠮᠠᠷᠠᠯᠳᠠ ᠵᠡᠷᠭᠡ ᠤᠯᠠᠨ ᠳᠠᠯ᠎ᠠ ᠶᠢᠨ

ᠥᠢᠯᠡᠴᠢᠯᠡᠭᠡ ᠬᠠᠩᠭᠠᠵᠦ ᠪᠠᠶᠢᠨ᠎ᠠ᠃

           ︽ᠪᠠᠶᠢᠭᠠᠯᠢ︾ ᠠᠮᠢ ᠠᠬᠤᠢ ᠶᠢᠨ ᠮᠠᠯᠵᠢᠯ ᠤᠨ ᠳᠠᠯᠠᠪᠠᠢ ᠶᠢᠨ ᠬᠥᠭᠵᠢᠯᠳᠡ ᠨᠢ ᠳᠤᠬᠠᠢ ᠶᠢᠨ ᠭᠠᠵᠠᠷ

ᠤᠷᠤᠨ ᠤ ᠪᠠᠨ ᠵᠢᠭᠤᠯᠴᠢᠯᠠᠯ ᠤᠨ ᠥᠢᠯᠡᠰ ᠤᠨ ᠬᠥᠭᠵᠢᠯᠳᠡ ᠶᠢ ᠳᠠᠶᠢᠴᠢᠯᠠᠭᠰᠠᠨ ᠢᠶᠠᠷ ᠪᠠᠷᠠᠬᠤ ᠥᠬᠡᠢ ᠨᠡᠩ ᠤᠯᠠᠨ

ᠮᠠᠯᠴᠢᠳ ᠢ ᠵᠤᠭᠠᠴᠠᠯ ᠤᠨ ᠭᠠᠵᠠᠷ ᠤᠨ ᠪᠠᠶᠢᠭᠤᠯᠤᠯᠳᠠ ᠪᠠ ᠪᠥᠳᠥᠭᠡᠭᠳᠡᠬᠦᠨ ᠤ ᠡᠵᠡᠭᠨᠡᠯᠳᠡ ᠶᠢᠨ ᠳᠤᠮᠳᠠ ᠪᠠᠨ

ᠤᠷᠤᠯᠴᠠᠭᠤᠯᠤᠨ ᠠᠵᠢᠯ ᠤᠯᠭᠤᠯᠳᠠ ᠶᠢ ᠠᠬᠢᠭᠤᠯᠤᠨ ᠤᠷᠤᠯᠭ᠎ᠠ ᠶᠢ ᠨᠢ ᠨᠡᠮᠡᠭᠳᠡᠬᠦᠯᠵᠡᠢ᠃

                                               ᠮᠥᠴᠢᠷ

 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号