ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠬᠦᠷᠴᠦ ᠢᠷᠡᠬᠦ  ᠲᠠᠰᠢᠷᠠᠮ ᠳᠤ ᠡᠷᠭᠡ ᠰᠦᠷ ᠪᠦᠬᠦᠢ ᠰᠠᠯᠠᠭ᠎ᠠ ᠮᠦᠴᠢᠷ ᠠᠴᠠ ︽ᠲᠠᠷᠢᠬᠢ ᠰᠠᠶᠢᠵᠢᠷᠠᠭᠤᠯᠬᠤ︾  ᠡᠷᠡᠬᠦᠯᠵᠢᠯ ᠤᠨ ᠢᠳᠡᠭᠡᠨ ᠳᠤ ᠬᠠᠭᠤᠷᠳᠠᠬᠤ ᠠᠴᠠ ᠪᠤᠯᠭᠤᠮᠵᠢᠯᠠᠭᠠᠷᠠᠢ ᠭᠡᠵᠤ ᠰᠠᠨᠠᠭᠤᠯᠵᠤ ᠪᠤᠢ
ᠨᠡᠶᠢᠲᠡᠯᠡᠭᠰᠡᠨ ᠴᠠᠭ᠄
2017/6/5
         ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 5᠎ ᠤ ᠡᠳᠤᠷ ᠤᠨ ᠮᠡᠳᠡᠭᠡ ︵ᠰᠤᠷᠪᠤᠯᠵᠢᠯᠠᠭᠴᠢ ᠴᠧᠨ  ᠼᠦᠩ︶ 2017 ᠤᠨ ᠤ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠤᠢᠢᠷᠠᠳᠬᠤ  ᠎ ᠪᠠᠷ  ᠵᠠᠷᠢᠮ  ᠭᠡᠷ ᠤᠨ ᠠᠬᠠᠮᠠᠳ ᠰᠢᠯᠭᠠᠯᠲᠠ ᠳᠤ ᠪᠡᠯᠡᠳᠭᠡᠵᠤ ᠪᠠᠶᠢᠭ᠎ᠠ ᠬᠡᠤᠭᠡᠳ ᠲᠡᠭᠡᠨ ᠡᠯ᠎ᠡ ᠵᠦᠢᠯ ᠤᠨ ᠡᠷᠡᠬᠦᠯᠵᠢᠯ ᠤᠨ ᠢᠳᠡᠭᠡᠨ ᠬᠤᠳᠠᠯᠳᠤᠨ ᠠᠪᠴᠦ ᠦᠭᠴᠦ ᠪᠠᠶᠢᠨ᠎ᠠ᠃ ᠤᠯᠤᠰ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ  ᠶᠡᠷᠦᠩᠭᠡᠢ  ᠲᠤᠪᠴᠢᠶ᠎ᠠ ᠲᠦᠷᠦᠬᠦᠭᠡᠨ ᠳᠤ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠵᠦᠢᠯ ᠤᠨ ᠬᠡᠷᠡᠭᠯᠡᠭᠡᠨ ᠤ ᠰᠠᠨᠠᠭᠤᠯᠤᠮᠵᠢ ᠶᠢ ᠨᠡᠶᠢᠲᠡᠯᠡᠵᠤ᠂ ᠮᠠᠨ ᠤ ᠤᠯᠤᠰ ᠶᠡᠷᠦ ᠠᠴᠠ ᠶᠠᠮᠠᠷ ᠴᠦ ︽ᠲᠠᠷᠢᠬᠢ ᠰᠠᠶᠢᠵᠢᠷᠠᠭᠤᠯᠬᠤ︾ ᠡᠷᠡᠬᠦᠯᠵᠢᠯ ᠤᠨ ᠴᠢᠳᠠᠮᠵᠢ ᠪᠦᠬᠦᠢ ᠡᠷᠡᠬᠦᠯᠵᠢᠯ ᠤᠨ ᠢᠳᠡᠭᠡᠨ ᠢ ᠵᠦᠪᠰᠢᠶᠡᠷᠡᠭᠡ ᠦᠭᠡᠢ᠂  ᠵᠠᠬ᠎ᠠ  ᠲᠡᠯᠭᠡᠬᠦᠷ  ᠲᠡᠭᠡᠷᠡᠬᠢ ︽ᠲᠠᠷᠢᠬᠢ ᠰᠠᠶᠢᠵᠢᠷᠠᠭᠤᠯᠬᠤ︾ ᠴᠢᠳᠠᠮᠵᠢ ᠲᠠᠢ ᠭᠡᠳᠡᠭ ᠡᠷᠡᠬᠦᠯᠵᠢᠯ ᠤᠨ ᠢᠳᠡᠭᠡᠨ  ᠎ ᠳᠤ  ᠬᠡᠷᠡᠭᠯᠡᠭᠴᠢᠳ ᠢ  ᠬᠠᠭᠤᠷᠬᠤ  ᠪᠠᠶᠢᠳᠠᠯ  ᠤᠷᠤᠰᠢᠵᠤ ᠪᠠᠶᠢᠨ᠎ᠠ ᠭᠡᠵᠤ ᠵᠢᠭᠠᠵᠤ ᠭᠠᠷᠭᠠᠵᠠᠢ᠃         ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ  ᠎ ᠶᠢᠨ  ᠶᠡᠷᠦᠩᠭᠡᠢ  ᠲᠤᠪᠴᠢᠶ᠎ᠠ ᠵᠢᠭᠠᠵᠤ ᠭᠠᠷᠭᠠᠬᠤ ᠳᠠᠭᠠᠨ᠂ ᠤᠳᠤᠬᠠᠨ ᠪᠤᠯᠳᠠᠯ᠎ᠠ ᠮᠠᠨ ᠤ ᠤᠯᠤᠰ ᠤᠨ ᠨᠢᠭᠡᠨᠲᠡ ᠵᠦᠪᠰᠢᠶᠡᠷᠡᠭᠰᠡᠨ 27 ᠲᠦᠷᠦᠯ ᠤᠨ ᠡᠷᠡᠬᠦᠯᠵᠢᠯ ᠤᠨ  ᠢᠳᠡᠭᠡᠨ ᠤ ᠡᠷᠡᠬᠦᠯᠵᠢᠯ ᠤᠨ ᠴᠢᠳᠠᠮᠵᠢ ᠶᠢᠨ ᠢᠯᠡᠷᠭᠡᠶᠢᠯᠡᠯ ᠳᠤ ᠴᠦᠮ ︽ᠲᠠᠷᠢᠬᠢ ᠰᠠᠶᠢᠵᠢᠷᠠᠭᠤᠯᠤᠨ᠎ᠠ︾ ᠭᠡᠰᠡᠨ  ᠴᠢᠳᠠᠮᠵᠢ ᠎ ᠶᠢᠨ ᠢᠯᠡᠷᠭᠡᠶᠢᠯᠡᠯ ᠦᠭᠡᠢ᠂ ᠰᠢᠯᠭᠠᠭᠤᠯᠤᠭᠴᠢ ᠶᠢᠨ ᠬᠢᠷᠢ ᠪᠦᠲᠦᠮᠵᠢ ᠪᠤᠯ ᠡᠩ ᠤᠨ ᠴᠠᠭ ᠤᠨ ᠰᠢᠷᠭᠠᠭᠤ ᠰᠤᠷᠤᠯᠴᠠᠯᠭ᠎ᠠ ᠪᠠ ᠬᠤᠷᠠᠮᠳᠤᠭᠤᠯᠭ᠎ᠠ  ᠎ ᠳᠤ ᠲᠦᠰᠢᠭᠯᠡᠳᠡᠭ ᠠᠴᠠ ᠪᠢᠰᠢ ᠤᠬᠤᠷᠬᠠᠨ ᠴᠠᠭ ᠤᠨ ᠲᠤᠳᠤᠷ᠎ᠠ ᠤᠶᠤᠨ ᠴᠢᠳᠠᠪᠤᠷᠢ ᠪᠠ ᠰᠤᠷᠤᠯᠭ᠎ᠠ ᠎ ᠶᠢᠨ ᠬᠢᠷᠢ ᠪᠦᠲᠦᠮᠵᠢ ᠶᠢ  ᠎ ᠨᠢ ᠰᠠᠶᠢᠵᠢᠷᠠᠭᠤᠯᠬᠤ ︽ᠡᠷᠳᠡᠨᠢ ᠶᠢᠨ ᠦᠷᠢᠯ︾ ᠭᠡᠵᠤ ᠪᠠᠶᠢᠳᠠᠭ  ᠦᠭᠡᠢ  ᠶᠤᠮ᠂  ᠭᠡᠷ ᠤᠨ  ᠠᠬᠠᠮᠠᠳ  ᠪᠤᠯᠤᠨ ᠰᠢᠯᠭᠠᠭᠤᠯᠤᠭᠴᠢ ︽ᠲᠠᠷᠢᠬᠢ ᠰᠠᠶᠢᠵᠢᠷᠠᠭᠤᠯᠬᠤ︾ ᠦᠢᠯᠡᠳᠬᠦᠨ ᠭᠡᠭᠴᠢ ᠶᠢ ᠪᠢᠳᠡᠭᠡᠢ ᠰᠤᠬᠤᠷ ᠪᠠᠯᠠᠢ ᠪᠠᠷ ᠢᠲᠡᠭᠡᠭᠡᠷᠠᠢ ᠭᠡᠵᠠᠢ᠃         ᠲᠡᠭᠡᠪᠡᠯ ᠬᠡᠦᠭᠡᠳ ᠲᠡᠭᠡᠨ ᠡᠷᠡᠬᠦᠯᠵᠢᠯ ᠤᠨ  ᠢᠳᠡᠭᠡᠨ  ᠬᠤᠳᠠᠯᠳᠤᠨ  ᠠᠪᠴᠦ  ᠦᠭᠬᠦ  ᠎ ᠳᠤ  ᠶᠠᠭᠤ  ᠎ ᠶᠢ  ᠠᠩᠬᠠᠷᠬᠤ ᠴᠢᠬᠤᠯᠠᠲᠠᠢ ᠪᠤᠢ︖ ᠡᠨᠡ ᠲᠤᠬᠠᠢ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠭᠡᠢ  ᠲᠤᠪᠴᠢᠶ᠎ᠠ ᠭᠡᠷ ᠤᠨ ᠠᠬᠠᠮᠠᠳ ᠪᠤᠯᠤᠭᠰᠠᠳ ᠲᠤ ᠲᠤᠤᠷᠠᠬᠢ ᠭᠤᠷᠪᠠᠨ ᠵᠦᠢᠯ ᠢ ᠰᠠᠨᠠᠭᠤᠯᠵᠤ ᠪᠠᠶᠢᠨ᠎ᠠ᠃         ᠨᠢᠭᠡ ᠳᠤ  ᠪᠠᠶᠢᠴᠠᠭᠠᠬᠤ  ᠬᠡᠷᠡᠭᠲᠠᠢ᠃  ᠲᠠᠷᠤᠢ  ᠡᠷᠡᠬᠦᠯᠵᠢᠯ ᠤᠨ  ᠢᠳᠡᠭᠡᠨ ᠤ  ᠪᠤᠭᠤᠳᠠᠯ  ᠲᠡᠭᠡᠷ᠎ᠡ  ᠡᠷᠡᠬᠦᠯᠵᠢᠯ ᠤᠨ ᠢᠳᠡᠭᠡᠨ ᠤ ᠲᠡᠮᠳᠡᠭ ᠵᠢᠴᠢ ᠡᠷᠡᠬᠦᠯᠵᠢᠯ ᠤᠨ ᠢᠳᠡᠭᠡᠨ ᠤ ᠵᠦᠪᠰᠢᠶᠡᠷᠡᠭᠰᠡᠨ ᠪᠢᠴᠢᠭ ᠤᠨ ᠳ᠋ᠤᠭᠠᠷ ᠪᠠᠶᠢᠬᠤ ᠡᠰᠡᠬᠦ  ᠎ ᠶᠢ  ᠪᠠᠶᠢᠴᠠᠭᠠᠬᠤ ᠬᠡᠷᠡᠭᠲᠠᠢ᠃          ᠬᠤᠶᠠᠷ ᠲᠤ ᠦᠵᠡᠬᠦ ᠬᠡᠷᠡᠭᠲᠠᠢ᠃ ᠲᠠᠷᠤᠢ ᠡᠷᠡᠬᠦᠯᠵᠢᠯ ᠤᠨ ᠢᠳᠡᠭᠡᠨ ᠤ ᠪᠤᠭᠤᠳᠠᠯ ᠲᠡᠭᠡᠷ᠎ᠡ ᠦᠢᠯᠡᠳᠪᠤᠷᠢᠯᠡᠭᠰᠡᠨ  ᠠᠵᠤ ᠠᠬᠤᠢᠢᠯᠠᠯ ᠤᠨ ᠨᠡᠷᠡᠶᠢᠳᠤᠯ ᠵᠢᠴᠢ ᠲᠡᠬᠦᠨ ᠤ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ ᠤᠨ  ᠳ᠋ᠤᠭᠠᠷ ᠢ  ᠲᠤᠳᠤᠷᠬᠠᠢᠢᠯᠠᠭᠰᠠᠨ ᠡᠰᠡᠬᠦ ᠶᠢ ᠦᠵᠡᠬᠦ ᠬᠡᠷᠡᠭᠲᠠᠢ᠂ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ ᠤᠨ ᠳ᠋ᠤᠭᠠᠷ ᠢ  ᠎ ᠨᠢ  ᠲᠤᠰ  ᠠᠵᠤ  ᠠᠬᠤᠢᠢᠯᠠᠯ ᠤᠨ ᠪᠠᠶᠢᠭ᠎ᠠ ᠭᠠᠵᠠᠷ ᠤᠨ ᠮᠤᠵᠢ ᠶᠢᠨ ᠱᠠᠳᠤᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠰᠦᠯᠵᠢᠶᠡᠨ  ᠎ ᠠᠴᠠ  ᠯᠠᠪᠯᠠᠵᠤ  ᠬᠠᠤᠯᠢ ᠳᠤ ᠨᠡᠶᠢᠴᠡᠬᠦ ᠡᠰᠡᠬᠦ ᠶᠢ ᠨᠢ ᠲᠤᠳᠤᠯᠠᠵᠤ ᠪᠤᠯᠤᠨ᠎ᠠ᠃          ᠭᠤᠷᠪᠠ ᠳᠤ ᠦᠪᠡᠷ ᠤᠨ ᠬᠡᠷᠡᠭᠴᠡᠭᠡ ᠳᠡᠭᠡᠨ  ᠲᠠᠭᠠᠷᠠᠭᠤᠯᠬᠤ  ᠬᠡᠷᠡᠭᠲᠠᠢ᠃  ᠲᠠᠷᠤᠢ  ᠦᠪᠡᠷ ᠤᠨ  ᠪᠠᠶᠢᠳᠠᠯ  ᠪᠤᠯᠤᠨ ᠲᠠᠩᠰᠠᠯᠠᠭᠤᠯᠵᠤ ᠪᠦᠷᠢᠳᠭᠡᠬᠦᠯᠦᠭᠰᠡᠨ ᠦᠢᠯᠡᠳᠬᠦᠨ ᠤ ᠡᠷᠡᠬᠦᠯᠵᠢᠯ ᠤᠨ ᠴᠢᠳᠠᠮᠵᠢ ᠶᠢ ᠦᠨᠳᠦᠰᠦᠯᠡᠵᠤ  ᠰᠤᠩᠭᠤᠬᠤ  ᠬᠡᠷᠡᠭᠲᠠᠢ᠃ ᠦᠷᠤᠭᠡᠰᠤᠭᠡᠯ ᠢᠶᠠᠷ ᠥᠨᠠᠮᠰᠢᠨ ᠢᠳᠠᠭᠡᠵᠤ᠂ ᠰᠤᠬᠤᠷ ᠪᠠᠯᠠᠢ ᠪᠠᠷ ᠬᠡᠷᠡᠭᠯᠡᠬᠦ ᠪᠤᠶᠤ ᠬᠠᠮᠢᠶ᠎ᠠ ᠨᠠᠮᠢᠶ᠎ᠠ ᠦᠭᠡᠢ ᠬᠡᠷᠡᠭᠯᠡᠵᠤ ᠶᠠᠭᠠᠬᠢᠭᠰᠠᠨ ᠴᠦ ᠪᠤᠯᠬᠤ ᠦᠭᠡᠢ᠃          ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ  ᠎ ᠠᠴᠠ  ᠰᠢᠯᠭᠠᠭᠤᠯᠤᠭᠴᠢ ᠶᠢᠨ ᠭᠡᠷ ᠤᠨ ᠠᠬᠠᠮᠠᠳ ᠲᠤ ᠰᠠᠨᠠᠭᠤᠯᠬᠤ ᠨᠢ᠄ ᠡᠷᠡᠬᠦᠯᠵᠢᠯ ᠤᠨ ᠢᠳᠡᠭᠡᠨ ᠪᠤᠯ ᠤᠨᠴᠠᠭᠠᠢ  ᠢᠳᠡᠭᠡᠨ ᠤ  ᠨᠢᠭᠡ  ᠵᠦᠢᠯ  ᠮᠦᠨ᠂ ᠲᠡᠬᠦᠨ ᠢᠶᠠᠷ ᠡᠮ ᠤᠨ ᠵᠦᠢᠯ ᠢ ᠤᠷᠤᠯᠠᠭᠤᠯᠵᠤ ᠪᠤᠯᠬᠤ ᠦᠭᠡᠢ᠂ ᠡᠪᠡᠳᠴᠢᠨ ᠡᠮᠭᠡᠭ ᠰᠡᠷᠭᠡᠶᠢᠯᠡᠵᠤ ᠵᠠᠰᠠᠬᠤ ᠦᠢᠯᠡᠳᠦᠯ ᠲᠠᠢ ᠭᠡᠵᠤ ᠤᠬᠠᠭᠤᠯᠵᠤ ᠪᠤᠯᠬᠤ ᠦᠭᠡᠢ᠃     
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号