︽ᠬᠤᠨᠢ ᠶᠢ ᠴᠦᠭᠡᠴᠢᠯᠡᠵᠦ ᠦᠭᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ  ᠭᠡᠷᠡᠭᠵᠢᠭᠦᠯᠰᠦᠭᠡᠢ
ᠨᠡᠶᠢᠲᠡᠯᠡᠭᠰᠡᠨ ᠴᠠᠭ᠄
2017/6/7
      ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ  ᠠᠬᠢᠭᠤᠯᠬᠤ ᠳᠤ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠᠷ ᠤᠷᠢᠳᠠᠯ ᠪᠤᠯᠭᠠᠵᠦ᠂ ᠵᠠᠬ᠎ᠠ  ᠲᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠦ᠂ ᠪᠤᠬᠢᠷᠳᠤᠯ ᠦᠬᠡᠢ ᠮᠠᠯ ᠲᠠᠷᠢᠶᠠᠯᠠᠩ ᠤᠨ ᠠᠰᠢᠭ  ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠨᠡᠩ ᠵᠤᠬᠢᠰᠲᠠᠢ  ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠲᠦᠴᠡ ᠶᠢᠨ ᠰᠢᠰᠲᠧᠮ ᠢ ᠪᠠᠶᠢᠭᠤᠯᠬᠤ ᠬᠡᠷᠡᠭᠲᠡᠢ᠃ ᠤᠳᠤ  ᠦᠶ᠎ᠡ ᠶᠢᠨ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠰᠢᠰᠲᠧᠮ ᠢ ᠬᠡᠷᠬᠢᠨ ᠪᠠᠶᠢᠭᠤᠯᠬᠤ ᠪᠤᠢ ᠬᠡᠪᠡᠯ᠂ ︽ ᠬᠤᠨᠢ ᠶᠢ ᠴᠦᠬᠡᠴᠢᠯᠡᠵᠦ ᠦᠭᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠢᠯᠢᠳᠡᠭ ᠡᠭᠦᠯᠳᠡᠷ ᠤᠨ  ᠦᠭᠡᠷ ᠮᠠᠯᠵᠢᠬᠤ ᠦᠢᠯᠡᠰ ᠢ ᠭᠦᠭᠵᠢᠬᠦᠯᠵᠦ᠂ ᠪᠤᠬᠢᠷᠳᠤᠯ ᠦᠬᠡᠢ᠂ ᠤᠨᠴᠠᠯᠢᠭᠲᠤ᠂ ᠦᠷ᠎ᠡ ᠠᠰᠢᠭ ᠦᠨᠳᠦᠷ᠂  ᠡᠷᠴᠢᠮᠵᠢᠬᠦᠯᠦᠭᠰᠡᠨ ᠤᠳᠤ ᠦᠶ᠎ᠡ ᠶᠢᠨ ᠮᠠᠯ ᠠᠵᠦ ᠠᠬᠤᠢ ᠶᠢ ᠬᠦᠭᠵᠢᠬᠦᠯᠬᠦ ᠬᠡᠷᠡᠭᠲᠡᠢ᠃    ᠤᠳᠤᠬᠠᠨ ᠳᠤ᠂ ᠪᠦᠬᠦ ᠠᠶᠢᠮᠠᠭ ᠤᠨ ᠮᠠᠯ ᠠᠵᠦ ᠠᠬᠤᠢ ᠶᠢᠨ ᠭᠦᠭᠵᠢᠯᠲᠡ ᠳᠤ ᠠᠮᠢ ᠠᠬᠤᠢ ᠶᠢᠨ  ᠬᠠᠮᠠᠭᠠᠯᠠᠯᠲᠠ ᠶᠢᠨ ᠡᠬᠦᠷᠭᠡ ᠬᠦᠨᠳᠦ᠂ ᠤᠷᠴᠢᠨ ᠲᠤᠭᠤᠷᠢᠨ ᠤ ᠬᠢᠵᠠᠭᠠᠷᠯᠠᠯ ᠴᠢᠩᠭ᠎ᠠ᠂ ᠵᠠᠬ᠎ᠠ ᠲᠡᠯᠬᠡᠭᠦᠷ ᠤᠨ  ᠦᠷᠢᠰᠦᠯᠳᠦᠬᠡᠨ ᠰᠢᠷᠦᠭᠦᠨ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠤᠨ ᠤᠷᠤᠨ ᠵᠠᠢ ᠢᠪᠴᠤᠤᠷᠡᠵᠦ ᠪᠠᠶᠢᠭ᠎ᠠ  ᠵᠡᠷᠭᠡ ᠤᠯᠠᠨ ᠵᠦᠢᠯ ᠤᠨ ᠲᠠᠷᠤᠯᠲᠠ ᠤᠴᠠᠷᠠᠵᠦ ᠪᠠᠶᠢᠨ᠎ᠠ᠃ ᠡᠶᠢᠮᠦ ᠠᠴᠠ ︽ᠬᠤᠨᠢ ᠶᠢ ᠴᠦᠬᠡᠴᠢᠯᠡᠵᠦ ᠦᠬᠡᠷ  ᠮᠠᠯᠵᠢᠬᠤ︾ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠬᠡᠢ ᠠᠬᠢᠭᠤᠯᠵᠦ᠂ ᠰᠢᠯᠢᠳᠡᠭ ᠡᠭᠦᠯᠳᠡᠷ ᠤᠨ ᠦᠬᠡᠷ ᠤᠨ  ᠠᠵᠤ ᠦᠢᠯᠡᠰ ᠢ ᠶᠡᠬᠡᠪᠡᠷ ᠭᠦᠭᠵᠢᠬᠦᠯᠵᠦ᠂ ᠤᠯᠤᠰ ᠤᠨ ᠲᠡᠭᠡᠲᠦ ᠲᠡᠰ ᠤᠨ ᠮᠠᠯ ᠤᠨ ᠠᠰᠢᠭ ᠰᠢᠮ᠎ᠡ ᠶᠢᠨ  ᠪᠦᠲᠦᠭᠡᠭᠳᠡᠬᠦᠨ ᠤ ᠲᠦᠪ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠪᠤᠯ ᠲᠠᠯ᠎ᠠ ᠨᠤᠲᠤᠭ ᠤᠨ ᠠᠮᠢ  ᠠᠬᠤᠢ ᠶᠢᠨ ᠲᠠᠷᠤᠯᠲᠠ ᠶᠢ ᠪᠠᠭᠠᠰᠬᠠᠵᠦ᠂ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ  ᠴᠢᠨᠠᠷᠲᠠᠢ ᠦᠬᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠮᠠᠯᠴᠢᠳ ᠤᠨ ᠤᠷᠤᠯᠭ᠎ᠠ ᠶᠢ ᠲᠠᠰᠤᠷᠠᠯᠲᠠ ᠦᠬᠡᠢ ᠨᠡᠮᠡᠭᠳᠡᠬᠦᠯᠬᠦ  ᠵᠠᠶᠢᠯᠠᠰᠢ ᠦᠬᠡᠢ ᠰᠤᠩᠭᠤᠯᠲᠠ ᠪᠠᠶᠢᠵᠦ᠂ ᠮᠥᠨ ᠴᠦ ᠤᠯᠠᠮᠵᠢᠯᠠᠯᠲᠦ ᠮᠠᠯ ᠠᠵᠦ ᠠᠬᠤᠢ ᠠᠴᠠ ᠤᠳᠤ ᠦᠶ᠎ᠡ ᠶᠢᠨ  ᠮᠠᠯ ᠠᠵᠦ ᠠᠬᠤᠢ ᠲᠡᠰᠢ ᠬᠦᠭᠵᠢᠬᠦ ᠴᠢᠬᠤᠯᠡ ᠠᠷᠭ᠎ᠠ ᠵᠠᠮ ᠪᠤᠯᠤᠨ᠎ᠠ᠃     ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾᠎ ᠶᠢ ᠬᠡᠷᠡᠭᠵᠢᠬᠦᠯᠬᠦ ᠳᠤ᠂ ᠵᠢᠱᠢᠶ᠎ᠡ ᠦᠵᠡᠬᠦᠯᠵᠦ ᠲᠠᠶᠢᠴᠢᠯᠠᠨ  ᠲᠠᠭᠠᠭᠤᠯᠬᠤ ᠨᠢ ᠵᠠᠩᠬᠢᠯᠠᠭ᠎ᠠ ᠪᠤᠯᠤᠨ᠎ᠠ᠃ ᠡᠯ᠎ᠡ ᠭᠠᠵᠠᠷ ᠡᠷᠬᠡᠪᠰᠢ ᠦᠨᠡᠨ ᠪᠤᠳᠠᠳᠠᠢ ᠪᠦᠭᠡᠳ ᠤᠬᠠᠭᠤᠯᠤᠨ  ᠲᠡᠯᠭᠡᠷᠡᠬᠦᠯᠵᠦ ᠪᠤᠯᠬᠤ ᠨᠡᠶᠢᠲᠡᠯᠢᠭ ᠵᠢᠱᠢᠶ᠎ᠠ ᠡᠷᠦᠬᠡ ᠶᠢ ᠬᠦᠮᠦᠵᠢᠬᠦᠯᠵᠦ᠂ ᠲᠡᠲᠡᠨ ᠤ ᠵᠢᠱᠢᠶᠡᠴᠢ ᠲᠠᠭᠠᠭᠤᠯᠤᠭᠴᠢ  ᠦᠢᠯᠡᠳᠦᠯ ᠢ ᠪᠠᠲᠠᠷᠠᠭᠤᠯᠵᠦ᠂ ᠦᠷᠭᠡᠨ ᠤᠯᠠᠨ ᠮᠠᠯᠴᠢᠨ ᠲᠦᠮᠡᠨ ᠢ ᠲᠠᠭᠠᠭᠤᠯᠤᠨ ᠦᠢᠯᠡᠳᠪᠦᠷᠢᠯᠡᠯ ᠡᠵᠡᠩᠨᠡᠯᠲᠡ ᠶᠢᠨ  ᠬᠡᠯᠪᠡᠷᠢ ᠪᠠᠨ ᠬᠤᠪᠢᠷᠠᠭᠤᠯᠵᠦ᠂ ᠮᠠᠯ ᠠᠵᠦ ᠠᠬᠤᠢ ᠶᠢᠨ ᠪᠦᠲᠦᠴᠡ ᠳᠤ ᠲᠤᠬᠢᠷᠠᠭᠤᠯᠤᠯᠲᠠ ᠬᠢᠵᠦ᠂ ᠴᠦᠬᠡᠨ  ᠮᠠᠯ ᠠᠴᠠ ᠦᠯᠡᠮᠵᠢ ᠠᠰᠢᠭ ᠬᠦᠷᠲᠡᠬᠦ ᠬᠡᠯᠪᠡᠷᠢ ᠳᠡᠰᠢ ᠰᠢᠯᠵᠢᠬᠦ ᠭᠡᠷᠡᠭᠲᠡᠢ᠃      ᠮᠠᠯ ᠠᠵᠦ ᠠᠬᠤᠢ ᠨᠢ ᠰᠠᠭᠤᠷᠢ ᠠᠵᠦ ᠦᠢᠯᠡᠰ ᠪᠤᠯᠬᠤ ᠪᠠᠷ ᠪᠠᠷᠠᠬᠤ ᠦᠬᠡᠢ ᠮᠦᠨ ᠴᠤ ᠪᠠᠶᠢᠯᠳᠤᠬᠤ  ᠪᠤᠳᠤᠯᠭ᠎ᠠ ᠶᠢᠨ ᠠᠵᠦ ᠦᠢᠯᠡᠰ ᠪᠤᠯᠤᠨ᠎ᠠ᠃ ᠮᠠᠯ ᠠᠵᠦ ᠠᠬᠤᠢ ᠶᠢᠨ ᠳᠤᠮᠤ ᠠᠶᠢᠮᠠᠭ ᠪᠤᠯᠤᠭᠰᠠᠨ ᠤ ᠬᠤᠪᠢ ᠳᠤ᠂  ᠮᠠᠨ ᠤ ᠠᠶᠢᠮᠠᠭ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ  ᠰᠠᠭᠤᠷᠢ ᠲᠠᠢ᠂ ᠨᠦᠬᠦᠴᠡᠯ ᠲᠠᠢ᠂ ᠲᠠᠯᠲᠠ ᠭᠦᠴᠦᠨ ᠲᠠᠢ᠃ ᠪᠢᠳᠡ ᠵᠤᠷᠢᠭ ᠢᠶᠠᠨ ᠬᠦᠪᠴᠢᠯᠡᠨ ᠴᠢᠷᠮᠠᠶᠢᠨ  ᠠᠵᠢᠯᠯᠠᠵᠦ᠂ ᠤᠳᠤ ᠦᠶ᠎ᠡ ᠶᠢᠨ ᠮᠠᠯ ᠠᠵᠦ ᠠᠬᠤᠢ ᠶᠢ ᠬᠦᠭᠵᠢᠬᠦᠯᠬᠦ ᠬᠠᠮᠲᠤᠷᠠᠯ ᠬᠦᠴᠦᠨ ᠢ ᠪᠤᠢ ᠪᠤᠯᠭᠠᠵᠦ᠂  ᠮᠠᠨ ᠤ ᠠᠶᠢᠮᠠᠭ ᠤᠨ ᠤᠳᠤ ᠦᠶ᠎ᠡ ᠶᠢᠨ ᠮᠠᠯ ᠠᠵᠦ ᠠᠬᠤᠢ ᠶᠢᠨ ᠰᠢᠨ᠎ᠡ ᠬᠠᠭᠤᠳᠠᠰᠤ ᠶᠢ ᠪᠢᠴᠢᠭᠯᠡᠰᠤᠭᠡᠢ᠃      
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号