ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠬᠠᠶᠢᠷ᠎ᠠ ᠬᠡᠯᠬᠢᠭᠰᠡᠨ ᠱᠠᠩᠳᠤ︾ ᠮᠤᠩᠭᠤᠯ ᠦᠨᠳᠦᠰᠦᠳᠡᠨ ᠤ ᠬᠤᠷᠢᠮ ᠤᠨ ᠶᠤᠰᠤᠯᠠᠯ ᠤᠨ ᠬᠤᠪᠴᠠᠰᠤᠨ ᠤ ᠵᠢᠷᠤᠭᠯᠠᠨ ᠪᠦᠳᠦᠬᠡᠬᠦ ᠤᠷᠤᠯᠳᠤᠭᠠᠨ ᠤ ᠰᠢᠢᠳᠪᠥᠷᠢᠳᠥ ᠣᠷᠣᠯᠳᠣᠭᠠᠨ ᠰᠢᠯᠤᠭᠤᠨ ᠬᠥᠬᠡ ᠬᠤᠰᠢᠭᠤᠨ ᠳᠤ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2017/8/2
         ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠬᠠᠶᠢᠷ᠎ᠠ ᠬᠡᠯᠬᠢᠭᠰᠡᠨ ᠱᠠᠩᠳᠤ︾ ᠮᠤᠩᠭᠤᠯ ᠦᠨᠳᠦᠰᠦᠳᠡᠨ ᠤ ᠬᠤᠷᠢᠮ ᠤᠨ ᠶᠤᠰᠤᠯᠠᠯ ᠤᠨ ᠬᠤᠪᠴᠠᠰᠤᠨ ᠤ ᠵᠢᠷᠤᠭᠯᠠᠨ ᠪᠦᠳᠦᠬᠡᠬᠦ ᠤᠷᠤᠯᠳᠤᠭᠠᠨ ᠤ ᠠᠩᠬᠠᠨ ᠤ ᠰᠢᠭᠰᠢᠬᠡ ᠤᠷᠤᠯᠳᠤᠭᠠᠨ ᠨᠢ 2017 ᠤᠨ ᠤ 7 ᠰᠠᠷ᠎ᠠ ᠶᠢᠨ 25᠎ ᠤ ᠡᠳᠦᠷ ᠠᠴᠠ 7 ᠰᠠᠷ᠎ᠠ ᠶᠢᠨ 26᠎ ᠤ ᠡᠳᠦᠷ ᠪᠤᠯᠳᠠᠯ᠎ᠠ ᠬᠦᠬᠡᠬᠤᠳᠠ ᠳᠤ ᠠᠮᠵᠢᠯᠳᠠ ᠲᠠᠢ ᠶᠠᠪᠤᠭᠳᠠᠵᠦ᠂ ᠦᠪᠡᠷᠳᠡᠬᠡᠨ ᠵᠠᠰᠠᠬᠤ ᠤᠷᠤᠨ ᠤ ᠨᠡᠷ᠎ᠡ ᠬᠦᠨᠳᠦᠳᠡᠢ 5 ᠲᠤᠰᠬᠠᠢ ᠮᠡᠷᠬᠡᠵᠢᠯᠳᠡᠨ ᠢ ᠤᠷᠢᠵᠦ ᠬᠢᠨᠠᠭᠴᠢ ᠪᠠᠷ ᠠᠵᠢᠯᠯᠠᠭᠤᠯᠪᠠ᠃
       
       ᠬᠤᠷᠴᠡ ᠰᠢᠷᠦᠬᠦᠨ ᠲᠡᠮᠴᠡᠬᠡᠨ ᠢᠶᠠᠷ ᠲᠠᠮᠵᠢᠵᠦ᠂ ᠨᠠᠶᠢᠳᠠ 29 ᠵᠠᠬ᠎ᠠ ᠬᠤᠪᠴᠠᠰᠤ ᠶᠢ ᠰᠢᠢᠳᠪᠤᠷᠢᠳᠦ ᠤᠷᠤᠯᠳᠤᠭᠠᠨ ᠳᠤ ᠰᠢᠭᠰᠢᠨ ᠦᠯᠡᠳᠡᠭᠡᠭᠰᠡᠨ ᠪᠠᠶᠢᠨ᠎ᠠ᠂ ᠡᠬᠦᠨ ᠳᠤ ᠮᠤᠩᠭᠤᠯ ᠦᠨᠳᠦᠰᠦᠳᠡᠨ ᠤ ᠤᠷᠳᠤᠨ ᠤ ᠬᠤᠪᠴᠠᠰᠤ 6 ᠵᠠᠬ᠎ᠠ᠂ ᠤᠯᠠᠮᠵᠢᠯᠠᠯᠳᠤ ᠬᠤᠷᠢᠮ ᠤᠨ ᠬᠤᠪᠴᠠᠰᠤ 9 ᠵᠠᠬ᠎ᠠ᠂ ᠮᠤᠩᠭᠤᠯ ᠦᠨᠳᠦᠰᠦᠳᠡᠨ ᠤ ᠤᠳᠤ ᠮᠠᠶ᠋ᠢᠭ ᠤᠨ ᠬᠤᠷᠢᠮ ᠤᠨ ᠬᠤᠪᠴᠠᠰᠤ 14 ᠵᠠᠬ᠎ᠠ ᠪᠠᠭᠳᠠᠵᠦ ᠪᠤᠢ᠃
               ᠮᠤᠩᠭᠤᠯ ᠦᠨᠳᠦᠰᠦᠳᠡᠨ ᠤ ᠤᠷᠳᠤᠨ ᠤ ᠬᠤᠪᠴᠠᠰᠤ   ↓
                                            ᠤᠯᠠᠮᠵᠢᠯᠠᠯᠳᠤ ᠬᠤᠷᠢᠮ ᠤᠨ ᠬᠤᠪᠴᠠᠰᠤ   ↓    
                        ᠮᠤᠩᠭᠤᠯ ᠦᠨᠳᠦᠰᠦᠳᠡᠨ ᠤ ᠤᠳᠤ ᠮᠠᠶ᠋ᠢᠭ ᠤᠨ ᠬᠤᠷᠢᠮ ᠤᠨ ᠬᠤᠪᠴᠠᠰᠤ   ↓             ᠰᠢᠢᠳᠪᠤᠷᠢᠳᠦ ᠤᠷᠤᠯᠳᠤᠭᠠᠨ  ᠎ ᠨᠢ 2017 ᠤᠨ ᠤ 7 ᠰᠠᠷ᠎ᠠ ᠶᠢᠨ 30᠎ ᠤ ᠡᠳᠦᠷ  ᠱᠠᠩᠳᠣ ᠪᠠᠯᠭᠠᠰᠣᠨ ᠤ ᠵᠥᠴᠥᠭᠡ ᠶᠢᠨ ᠲᠢᠶᠠᠲᠷ ᠲᠤ ᠥᠪᠡᠳᠡᠭᠰᠢ ᠶᠡᠭᠡ ᠪᠠᠷ ᠶᠠᠪᠣᠭᠳᠠᠭᠰᠠᠨ ᠪᠠᠶᠢᠨ᠎ᠠ᠃
            ᠮᠤᠩᠭᠤᠯ ᠦᠨᠳᠦᠰᠦᠳᠡᠨ ᠤ ᠤᠷᠳᠤᠨ ᠤ ᠬᠤᠪᠴᠠᠰᠤ ᠶᠢᠨ ᠨᠢᠭᠡᠳᠥᠬᠡᠷ ᠲᠤ ᠰᠢᠯᠤᠭᠤᠨ ᠬᠥᠬᠡ ᠬᠤᠰᠢᠭᠤᠨ ᠤ ᠮᠣᠩᠭᠤᠯ ᠬᠤᠷᠸ᠎ᠠ ᠤᠶᠤᠳᠠᠯ ᠤᠨ ᠭᠠᠵᠠᠷ ᠤᠨ ᠤᠶᠤᠨᠴᠢᠮᠡᠭ ᠤᠨ ᠪᠥᠳᠥᠭᠡᠯ ᠲᠣᠳᠣᠷᠠᠭᠰᠠᠨ ᠪᠠᠶᠢᠨ᠎ᠠ ᠃     ↑
           ᠮᠤᠩᠭᠤᠯ ᠦᠨᠳᠦᠰᠦᠳᠡᠨ ᠤ ᠤᠳᠤ ᠮᠠᠶ᠋ᠢᠭ ᠤᠨ ᠬᠤᠷᠢᠮ ᠤᠨ ᠬᠤᠪᠴᠠᠰᠤ ᠶᠢᠨ ᠨᠢᠭᠡᠳᠥᠬᠡᠷ ᠲᠤ ᠰᠢᠯᠢᠩᠬᠤᠳᠠ ᠶᠢᠨ ᠭᠠᠨᠳᠢᠷ ᠤᠨ ᠪᠥᠳᠥᠭᠡᠯ ᠲᠣᠳᠣᠷᠠᠭᠰᠠᠨ ᠪᠠᠶᠢᠨ᠎ᠠ᠃   ↑
           ᠤᠯᠠᠮᠵᠢᠯᠠᠯᠳᠤ ᠬᠤᠷᠢᠮ ᠤᠨ ᠬᠤᠪᠴᠠᠰᠤ ᠶᠢᠨ  ᠨᠢᠭᠡᠳᠥᠬᠡᠷ ᠲᠤ  ᠵᠡᠭᠦᠨ ᠥᠵᠥᠮᠥᠴᠢᠨ ᠬᠤᠰᠢᠭᠤᠨ ᠎ ᠤ ᠰᠡᠴᠡᠨᠴᠢᠮᠡᠭ ᠤᠨ ᠪᠥᠳᠥᠭᠡᠯ ᠲᠣᠳᠣᠷᠠᠭᠰᠠᠨ ᠪᠠᠶᠢᠨ᠎ᠠ᠃   ↑
            ᠬᠠᠮᠤᠭ ᠠᠴᠠ ᠲᠠᠭᠠᠰᠢᠶᠠᠭᠳᠠᠭᠰᠠᠨ ᠪᠦᠳᠦᠬᠡᠯ ᠤᠨ ᠱᠠᠩᠨᠠᠯ ᠢ ᠰᠤᠩᠭᠤᠬᠤ ︵2017 ᠤᠨ ᠤ 8 ᠰᠠᠷ᠎ᠠ ᠶᠢᠨ 1᠎ ᠠᠴᠠ 8 ᠰᠠᠷ᠎ᠠ ᠶᠢᠨ 10᠎ ᠤ ᠡᠳᠦᠷ ᠪᠤᠯᠳᠠᠯ᠎ᠠ︶᠃ ᠵᠤᠬᠢᠶᠠᠨ ᠪᠠᠶᠢᠭᠤᠯᠬᠤ ᠺᠤᠮᠢᠰ ᠠᠴᠠ ᠲᠤᠰᠬᠠᠢ ᠰᠡᠬᠦᠳᠡᠷᠯᠡᠬᠦ ᠲᠤᠭᠤᠶᠢᠯᠠᠩ ᠪᠠ ᠮᠤᠳᠧᠯ ᠲᠤᠬᠢᠷᠠᠭᠤᠯᠵᠦ᠂ ᠰᠢᠢᠳᠪᠤᠷᠢᠳᠦ ᠤᠷᠤᠯᠳᠤᠭᠠᠨ ᠳᠤ ᠰᠤᠩᠭᠤᠭᠳᠠᠭᠰᠠᠨ 30 ᠢᠵᠢ ᠬᠤᠪᠴᠠᠰᠦ ᠶᠢ ᠤᠷᠤᠯᠳᠤᠭᠠᠨ ᠤ ᠲᠦᠷᠦᠯ ᠵᠦᠢᠯ ᠤᠨ ᠬᠤᠪᠢᠶᠠᠷᠢᠯᠠᠯ ᠢᠶᠠᠷ ᠰᠢᠯᠤᠭᠤᠨ ᠬᠦᠬᠡ ᠬᠤᠰᠢᠭᠤᠨ ᠳᠤ ᠦᠵᠡᠮᠵᠢ ᠰᠤᠩᠭᠤᠵᠦ MV ᠪᠢᠴᠢᠯᠬᠡ ᠰᠡᠬᠦᠳᠡᠷᠯᠡᠨ᠂ ᠬᠤᠪᠴᠠᠰᠤᠨ ᠤ ᠭᠤᠸ᠎ᠠ ᠰᠠᠶᠢᠬᠠᠨ ᠪᠠ ᠨᠦᠯᠦᠬᠡᠯᠡᠬᠦ ᠬᠦᠴᠦᠨ ᠢ ᠲᠤᠭᠯᠠᠨ ᠬᠠᠷᠠᠭᠤᠯᠤᠨ᠎ᠠ᠃ ᠵᠤᠬᠢᠶᠠᠨ ᠦᠢᠯᠡᠳᠦᠭᠰᠡᠨ MV ᠪᠢᠴᠢᠯᠬᠡ ᠪᠠᠨ ᠸᠢᠴᠠᠲ ᠲᠠᠪᠴᠠᠩ ᠢᠶᠠᠷ ᠨᠠᠶᠢᠳᠠᠯᠠᠵᠦ᠂ 5 ᠡᠳᠦᠷ ᠤᠨ ᠬᠤᠭᠤᠴᠠᠭ᠎ᠠ ᠲᠠᠢ ᠪᠢᠯᠧᠲ ᠦᠭᠬᠦᠯᠳᠡ ᠶᠠᠪᠤᠭᠤᠯᠵᠦ᠂ ᠲᠦᠷᠦᠯ ᠵᠦᠢᠯ ᠢᠶᠠᠷ ᠨᠢ ᠠᠩᠬᠢᠯᠠᠨ ᠤᠯᠤᠭᠰᠠᠨ ᠪᠢᠯᠧᠲ ᠢᠶᠠᠷ ᠬᠠᠮᠤᠭ ᠤᠯᠠᠨ ᠨᠢᠬᠡ ᠨᠢ ᠬᠠᠮᠤᠭ ᠠᠴᠠ ᠲᠠᠭᠠᠰᠢᠶᠠᠭᠳᠠᠭᠰᠠᠨ ᠪᠦᠳᠦᠬᠡᠯ ᠤᠨ ᠱᠠᠩᠨᠠᠯ ᠢ ᠬᠦᠷᠳᠡᠬᠦ ᠪᠤᠯᠤᠨ᠎ᠠ᠃            ᠱᠠᠩᠨᠠᠯ ᠣᠯᠭᠤᠬᠤ ᠦᠳᠡᠰᠢᠯᠡᠭᠡ ︵2017 ᠣᠨ ᠤ 8 ᠰᠠᠷ᠎ᠠ ᠶᠢᠨ11᠎ ᠤ ᠡᠳᠦᠷ︶᠃ ᠦᠳᠡᠰᠢᠯᠡᠭᠡ ᠶᠢᠨ ᠳᠣᠬᠠᠢ ᠶᠢᠨ ᠳᠠᠯᠠᠪᠣᠷ ᠲᠤ ᠱᠠᠩᠨᠠᠯ ᠤᠯᠭᠤᠬᠤ ︵ᠱᠠᠩᠨᠠᠯ ᠬᠦᠷᠳᠡᠭᠰᠡᠨ  ᠪᠦᠳᠦᠬᠡᠯ ᠤᠨ MV ᠪᠢᠴᠢᠯᠬᠡ ᠶᠢ ᠨᠡᠪᠳᠡᠷᠡᠭᠦᠯᠬᠦ ᠶᠢᠨ ᠬᠠᠮᠳᠣ ᠮᠤᠳᠧᠯ ᠤᠳ ᠳᠣᠬᠠᠢ ᠶᠢᠨ ᠳᠠᠯᠠᠪᠤᠷ ᠲᠤ ᠬᠤᠪᠴᠠᠰᠣᠨ ᠤ ᠦᠵᠡᠭᠦᠯᠭᠡ ᠭᠠᠷᠭᠠᠨ᠎ᠠ︶᠎ ᠶᠢᠨ ᠬᠠᠮᠳᠣ ︽ᠦᠵᠡᠰᠭᠦᠯᠡᠩᠳᠣ ᠳᠠᠯ᠎ᠠ ᠨᠤᠳᠤᠭ᠂ ᠦᠨᠡᠨ ᠬᠠᠶᠢᠷ᠎ᠠ ᠶᠢᠨ ᠳᠣᠷᠠᠰᠣᠮᠵᠢ︾ ᠲᠠᠯ᠎ᠠ ᠨᠤᠳᠤᠭ ᠤᠨ ᠵᠢᠷᠣᠭᠯᠠᠨ ᠰᠡᠭᠦᠳᠡᠷᠯᠡᠬᠦ ᠰᠠᠭᠤᠷᠢᠨ ᠭᠠᠵᠠᠷ ᠢ ᠳᠠᠨᠢᠯᠴᠠᠭᠤᠯᠬᠤ ᠬᠤᠷᠠᠯ ᠢ  ᠥᠷᠨᠢᠭᠦᠯᠭᠦ ᠪᠠᠷ ᠪᠠᠶᠢᠨ᠎ᠠ᠃  ︵ᠤᠶᠤᠨᠬᠡᠷᠡᠯ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号