ᠤᠤᠭᠠᠨ ᠤᠯᠠᠭᠠᠨᠮᠥ᠋ᠴᠢᠷ
ᠨᠡᠶᠢᠲᠡᠯᠡᠭᠰᠡᠨ ᠴᠠᠭ᠄
2017/8/28
      ᠲᠦᠪ ᠷᠡᠳᠢᠤ᠋ ᠶᠢᠨ ᠰᠤᠷᠪᠤᠯᠵᠢᠯᠠᠭᠴᠢ ᠰᠠᠷᠠᠭᠤᠯ ᠤᠨ ᠮᠡᠳᠡᠭᠡᠯᠡᠭᠰᠡᠨ ᠢᠶᠠᠷ᠄ ᠦᠪᠤᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠤ 70 ᠵᠢᠯ ᠤᠨ ᠤᠢ ᠪᠠ ᠤᠯᠠᠭᠠᠨᠮᠦ᠋ᠴᠢᠷ ᠪᠠᠶᠢᠭᠤᠯᠤᠭᠳᠠᠭᠰᠠᠨ ᠤ 60 ᠵᠢᠯ ᠤᠨ ᠤᠢ ᠳᠤ ᠵᠤᠷᠢᠭᠤᠯᠵᠦ᠂ ᠤᠤᠭᠠᠨ ᠤᠯᠠᠭᠠᠨᠮᠦ᠋ᠴᠢᠷ ᠪᠣᠯᠬᠤ ᠰᠦᠨᠢᠦᠨ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠤᠨ ᠤᠨ ᠠᠮᠢᠳᠤᠷᠠᠯ ᠠᠵᠤ ᠦᠢᠯᠡᠰ ᠢᠶᠠᠷ ᠭᠤᠣᠯ ᠰᠡᠳᠤᠪ ᠪᠤᠯᠭᠠᠵᠦ ᠵᠢᠷᠤᠭᠯᠠᠨ ᠦᠢᠯᠡᠳᠦᠭᠰᠡᠨ ︽ᠬᠦᠩᠬᠡᠨ ᠮᠤᠷᠢᠲᠦ ᠴᠡᠷᠢᠭ ᠤᠨ ᠬᠦᠨᠳᠦᠳᠡᠢ ᠦᠢᠯᠡᠰ︾ ᠭᠡᠰᠡᠨ ᠲᠠᠪᠤᠨ ᠪᠦᠯᠦᠭᠲᠦ ᠰᠢᠷᠢᠰ ᠹᠢᠯᠢᠮ ᠢ ᠠᠩᠬ᠎ᠠ ᠳᠠᠷᠬᠠᠭᠠᠬᠤ ᠶᠤᠰᠤᠯᠠᠯ 2017 ᠣᠨ ᠤ 8 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ ᠰᠦᠨᠢᠦᠨ ᠪᠠᠷᠠᠭᠤᠨ ᠬᠤᠰᠢᠭᠤᠨ ᠤ ᠲᠦᠪ ᠰᠠᠶᠢᠬᠠᠨᠲᠠᠯ᠎ᠠ ᠪᠠᠯᠭᠠᠰᠤᠨ ᠳᠤ ᠪᠤᠯᠤᠯ᠎ᠠ᠃       ᠲᠤᠮᠳᠠᠳᠤ ᠤᠯᠤᠰ ᠤᠨ ᠤᠤᠭᠠᠨ ᠤᠯᠠᠭᠠᠨᠮᠦ᠋ᠴᠢᠷ ᠪᠤᠯᠬᠤ ᠦᠪᠤᠷ ᠮᠤᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠤᠨ ᠪᠠᠷᠠᠭᠤᠨ ᠬᠤᠰᠢᠭᠤᠨ ᠤ ᠤᠯᠠᠭᠠᠨᠮᠦ᠋ᠴᠢᠷ 1957 ᠣᠨ ᠤ 6 ᠳ᠋ᠤᠭᠠᠷ ᠰᠠᠷ᠎ᠠ ᠶᠢᠨ 17 ᠤ ᠡᠳᠦᠷ ᠪᠠᠶᠢᠭᠤᠯᠤᠭᠳᠠᠭᠰᠠᠨ ᠶᠤᠮ᠃ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠲᠤᠷᠰᠢ᠂ ᠨᠠᠮ ᠤᠨ ᠤᠤᠠᠬ᠎ᠠ ᠤᠷᠠᠯᠢᠭ ᠤᠨ ᠴᠢᠭᠯᠡᠯᠳᠡ ᠪᠠ ᠦᠨᠳᠦᠰᠦᠳᠡᠨ ᠤ ᠳᠤᠬᠠᠢ ᠲᠥᠷᠦ ᠶᠢᠨ ᠪᠣᠳᠣᠯᠭ᠎ᠠ ᠶᠢᠨ ᠵᠢᠯᠤᠭᠤᠳᠤᠯᠭ᠎ᠠ ᠲᠤᠤᠷ᠎ᠠ᠂ ᠲᠤᠭᠯᠠᠬᠤ᠂ ᠤᠬᠠᠭᠤᠯᠬᠤ᠂ ᠵᠢᠭᠠᠨ ᠵᠢᠯᠤᠭᠤᠤᠨᠬᠤ᠂ ᠦᠢᠯᠡᠴᠢᠯᠡᠬᠦ ᠪᠠᠷ ᠭᠤᠣᠯ ᠡᠭᠦᠷᠭᠡ ᠪᠠᠨ ᠪᠤᠯᠭᠠᠵᠦ᠂ ᠦᠨᠳᠦᠰᠦᠨ ᠱᠠᠳᠤᠨ ᠳᠤ ᠬᠦᠨᠵᠡᠭᠡᠶᠢᠷᠡᠵᠦ᠂ ᠦᠨᠳᠦᠰᠦᠳᠡᠨ ᠤ ᠤᠷᠤᠨ ᠤ ᠰᠣᠶᠣᠯ ᠤᠨ ᠦᠢᠯᠡᠰ ᠤᠨ ᠴᠡᠴᠡᠭᠯᠡᠯ ᠬᠦᠭᠵᠢᠯ ᠪᠠ ᠠᠵᠤ ᠠᠬᠤᠢ ᠶᠢᠨ ᠪᠠᠶᠢᠭᠤᠯᠤᠯᠳᠠ ᠶᠢ ᠠᠬᠢᠭᠤᠯᠵᠤ᠂ ᠦᠨᠳᠦᠰᠦᠳᠡᠨ ᠤ ᠪᠦᠯᠬᠦᠮᠳᠡᠯ ᠲᠡᠪᠰᠢᠯᠳᠠ᠂ ᠢᠯᠠᠩᠭᠤᠶ᠎ᠠ ᠴᠡᠷᠢᠭ ᠴᠠᠭᠳᠠᠭ᠎ᠠ ᠠᠷᠠᠤᠨ ᠤᠨ ︽ᠬᠤᠶᠠᠷ ᠢ ᠬᠦᠷᠢᠶᠡᠯᠡᠬᠦ︾ ᠪᠠᠶᠢᠭᠤᠯᠤᠯᠳᠠ ᠶᠢᠨ ᠦᠢᠯᠡᠰ ᠲᠤ ᠭᠠᠷᠭᠠᠬᠤ ᠶᠤᠰᠤᠳᠠᠢ ᠬᠤᠪᠢ ᠨᠡᠮᠡᠭᠦᠷᠢ ᠪᠠᠨ ᠡᠷᠬᠦᠵᠦ ᠢᠷᠡᠭᠰᠡᠨ ᠶᠤᠮ᠃       ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠳᠣ 47 ᠲᠣᠭᠯᠠᠭᠴᠢ ᠲᠠᠢ᠃ ᠵᠢᠯ ᠪᠤᠯᠭᠠᠨ ᠦᠨᠳᠦᠰᠦᠨ ᠱᠠᠳᠤᠨ ᠳᠤ 100 ᠭᠠᠷᠤᠢ ᠤᠳᠠᠭᠠᠨ ᠤ ᠲᠤᠭᠯᠠᠯᠳᠠ ᠭᠠᠷᠭᠠᠵᠦ᠂ ᠦᠨᠳᠦᠰᠦᠨ ᠱᠠᠳᠤᠨ ᠳᠤ ᠬᠦᠨᠵᠡᠭᠡᠶᠢᠷᠡᠵᠦ᠂ ᠦᠨᠳᠦᠰᠦᠨ ᠱᠠᠳᠤᠨ ᠳᠤ ᠦᠢᠯᠡᠴᠢᠯᠡᠬᠦ ᠪᠠᠷ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠤᠯᠭᠠᠵᠦ᠂ ᠮᠠᠯᠴᠢᠨ ᠠᠷᠠᠤᠨ ᠤᠨ ᠰᠡᠦᠨᠬᠢᠯ ᠳᠤ ᠲᠠᠭᠠᠰᠢᠶᠠᠭᠳᠠᠭᠰᠠᠨ ᠤᠷᠠᠨ ᠰᠠᠶᠢᠬᠠᠨ ᠤ ᠪᠦᠲᠦᠭᠡᠯ ᠢ ᠵᠤᠬᠢᠶᠠᠨ ᠪᠦᠲᠦᠭᠡᠵᠦ᠂ ᠲᠡᠲᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ᠃ ᠰᠥᠨᠢᠦᠨ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠪᠦᠬᠦ ᠤᠷᠤᠨ ᠤ ︽ᠰᠢᠯᠢᠳᠡᠭ ᠤᠯᠠᠭᠠᠨᠮᠦ᠋ᠴᠢᠷ︾ ᠵᠡᠷᠬᠡ ᠤᠯᠤᠰ ᠪᠠ ᠤᠷᠤᠨ ᠤ ᠱᠠᠩᠨᠠᠯ ᠬᠦᠬᠢᠬᠦᠯᠦᠯ ᠢ ᠤᠯᠠᠨ ᠤᠳᠠᠭ᠎ᠠ ᠬᠦᠷᠳᠡᠵᠦ᠂ ᠤᠯᠤᠰ ᠪᠠ ᠤᠷᠤᠨ ᠤ ᠤᠳᠤᠷᠢᠤᠨᠬᠤ ᠬᠦᠮᠦᠨ ᠤ ᠬᠢᠨᠡᠨ ᠰᠢᠯᠭᠠᠯᠳᠠ ᠶᠢ ᠲᠦᠬᠦᠷᠡᠩ ᠬᠤᠪᠢ ᠪᠠᠷ ᠬᠦᠯᠢᠶᠡᠭᠰᠡᠨ ᠶᠤᠮ᠃ ᠳᠤᠰ ᠤᠯᠠᠭᠠᠨᠮᠦ᠋ᠴᠢᠷ ᠤᠨ ᠬᠢᠨ ᠤᠯᠤᠰ ᠤᠨ ᠳᠤᠳᠤᠭᠠᠳᠤ ᠶᠢᠨ ᠮᠤᠵᠢ ᠤᠷᠤᠨ ᠪᠤᠯᠤᠨ ᠠᠮᠧᠷᠢᠺᠠ᠂ ᠠᠦ᠋ᠰᠲᠷᠠᠯᠢᠶ᠎ᠠ᠂ ᠮᠤᠩᠭᠤᠯ ᠵᠡᠷᠭᠡ ᠭᠠᠳᠠᠭᠠᠳᠤ ᠶᠢᠨ ᠤᠯᠤᠰ ᠤᠷᠤᠨ ᠢᠶᠠᠷ ᠠᠶᠢᠯᠴᠢᠯᠠᠨ ᠲᠤᠭᠯᠠᠵᠤ᠂ ᠤᠷᠠᠨ ᠰᠠᠶᠢᠬᠠᠨ ᠤ 2400 ᠭᠠᠷᠤᠢ ᠪᠦᠳᠦᠭᠡᠯ ᠢᠶᠠᠨ ᠪᠦᠬᠦ ᠳᠤᠮᠳᠠᠳᠤ ᠶᠢᠨ ᠦᠨᠳᠦᠰᠦᠳᠡᠨ ᠨᠦᠭᠦᠳ᠂ ᠴᠢᠨᠠᠭᠰᠢᠯᠠᠨ ᠳᠡᠯᠡᠬᠡᠢ ᠶᠢᠨ ᠤᠯᠠᠨ ᠠᠷᠠᠰᠤᠳᠠᠨ ᠶᠠᠰᠤᠳᠠᠨ ᠨᠤᠭᠤᠳ ᠤᠨ ᠠᠷᠠᠤᠨ ᠲᠦᠮᠡᠨ ᠳᠤ ᠰᠣᠨᠢᠷᠬᠠᠭᠤᠯᠵᠦ ᠢᠷᠡᠭᠰᠡᠨ ᠪᠦᠬᠡᠳ ᠡᠬᠦᠳᠦᠯᠳᠡ ᠰᠢᠨᠡᠴᠢᠯᠡᠯᠳᠡ ᠶᠢᠨ ᠰᠢᠨ᠎ᠡ ᠡᠷᠡᠨ ᠳᠤ ᠨᠡᠩ ᠰᠢᠯᠢᠳᠡᠭ ᠤᠷᠠᠨ ᠪᠦᠳᠦᠭᠡᠯ ᠢᠶᠠᠨ ᠳᠡᠯᠡᠬᠡᠢ ᠶᠢᠨ ᠤᠷᠠᠨ ᠪᠦᠳᠦᠬᠡᠯ ᠤᠨ ᠳᠠᠪᠴᠠᠩ ᠳᠤ ᠡᠷᠬᠦᠵᠦ᠂ ᠠᠷᠠᠤᠨ ᠲᠦᠮᠡᠨ ᠳᠡᠭᠡᠨ ᠲᠡᠪᠰᠢᠭᠦᠯᠬᠦ ᠪᠠᠷ ᠮᠡᠷᠡᠶᠢᠨ ᠴᠢᠷᠮᠠᠶᠢᠵᠦ ᠪᠠᠶᠢᠨ᠎ᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号