ᠰᠢᠯᠤᠭᠤᠨ ᠬᠥᠬᠡ ᠬᠤᠰᠢᠭᠤ ᠭᠤᠴᠢᠨ ᠭᠤᠷᠪᠠᠳᠠᠬᠢ ᠪᠠᠭᠰᠢ ᠶᠢᠨ ᠪᠠᠶᠠᠷ ᠢ ᠪᠡᠯᠭᠡᠯᠡᠭᠦ ᠱᠠᠩᠨᠠᠨ ᠭᠦᠭᠢᠭᠦᠯᠭᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/9/11
        ᠭᠤᠴᠢᠨ ᠭᠤᠷᠪᠠᠳᠠᠬᠢ ᠪᠠᠭᠰᠢ ᠶᠢᠨ ᠪᠠᠶᠠᠷ ᠢ ᠪᠡᠯᠭᠡᠯᠡᠵᠤ᠂ ᠰᠢᠯᠢᠳᠡᠭ ᠪᠠᠭᠰᠢ ᠪᠠ ᠰᠤᠷᠭᠠᠨ ᠭᠦᠮᠤᠵᠢᠯ ᠎ ᠤᠨ ᠠᠵᠢᠯᠳᠠᠨ ᠢ ᠱᠠᠩᠨᠠᠨ ᠭᠦᠭᠢᠭᠦᠯᠵᠤ᠂ ᠪᠦᠭᠦ ᠬᠤᠰᠢᠭᠤᠨ ᠳᠤ ᠪᠠᠭᠰᠢ᠂ ᠰᠤᠷᠭᠠᠨ ᠭᠦᠮᠤᠵᠢᠯ ᠢ ᠭᠦᠨᠳᠤᠳᠭᠡᠭᠦ ᠦᠨᠢᠷ ᠦᠳᠭᠡᠨ ᠠᠭᠤᠷ ᠠᠮᠢᠰᠬᠤᠯ ᠢ ᠪᠤᠢ ᠪᠤᠯᠭᠠᠨ᠂ ᠮᠠᠨ ᠤ ᠬᠤᠰᠢᠭᠤᠨ ᠤ ᠰᠤᠷᠭᠠᠨ ᠭᠦᠮᠤᠵᠢᠯ ᠤᠨ ᠭᠦᠭᠵᠢᠯᠳᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠭᠦ ᠶᠢᠨ ᠲᠦᠯᠦᠭᠡ᠂ 9 ᠳ᠋ᠤᠭᠡᠷ ᠰᠠᠷ᠎ᠠ ᠶᠢᠨ 8᠎ ᠤ ᠡᠳᠤᠷ ᠮᠠᠨ ᠤ ᠬᠤᠰᠢᠭᠤ ᠱᠠᠩᠨᠠᠨ ᠭᠦᠭᠢᠭᠦᠯᠭᠦ ᠬᠤᠷᠠᠯ ᠬᠤᠷᠠᠯᠳᠤᠭᠤᠯᠵᠤ᠂ ᠰᠢᠯᠢᠳᠡᠭ ᠰᠤᠷᠭᠠᠭᠤᠯᠢ ᠶᠢᠨ ᠵᠠᠬᠢᠷᠤᠯ᠂ ᠰᠢᠯᠢᠳᠡᠭ ᠰᠤᠷᠭᠠᠨ ᠭᠦᠮᠤᠵᠢᠯ ᠤᠨ ᠠᠵᠢᠯᠳᠠᠨ ᠵᠢᠴᠢ ᠰᠢᠯᠢᠳᠡᠭ ᠪᠠᠭᠰᠢ ᠶᠢ ᠱᠠᠩᠨᠠᠨ ᠭᠦᠭᠢᠭᠦᠯᠦᠭᠰᠡᠨ ᠪᠠᠶᠢᠨ᠎ᠠ᠃
        ᠬᠤᠰᠢᠭᠤ ᠨᠠᠮ ᠤᠨ ᠬᠤᠷᠢᠶᠠᠨ ᠤ ᠱᠦᠵᠢ ᠡᠾᠦ᠋ᠸᠧ ᠶᠢᠨ ᠪᠢᠡᠭ᠂ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠡᠴᠡᠨᠴᠢᠮᠡᠭ᠂ ᠤᠯᠤᠰ ᠲᠦᠷᠤ ᠶᠢᠨ ᠵᠦᠪᠯᠡᠯᠭᠡᠨ ᠤ ᠲᠡᠷᠢᠭᠦᠯᠡᠭᠴᠢ ᠰᠡᠴᠡᠨ᠂ ᠬᠤᠰᠢᠭᠤ ᠲᠡᠳ᠋ ᠲᠠᠷᠤᠭ᠎ᠠ ᠵᠤᠷᠢᠬᠳᠤ᠂ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠷᠠᠨᠳᠤᠶᠠᠭ᠎ᠠ ᠪᠠ ᠡᠯ᠎ᠡ ᠰᠤᠮᠤ ᠪᠠᠯᠭᠠᠰᠤ ᠲᠠᠯᠠᠪᠠᠢ᠂ ᠬᠤᠰᠢᠭᠤ ᠬᠠᠷᠢᠶ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠰᠤᠷᠭᠠᠨ ᠭᠦᠮᠤᠵᠢᠯ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠵᠢᠭᠠᠬᠤ ᠶᠢ ᠰᠤᠳᠤᠯᠬᠤ ᠲᠠᠰᠤᠭ᠂ ᠡᠯ᠎ᠡ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠱᠠᠩᠨᠠᠯ ᠭᠦᠷᠳᠡᠭᠰᠡᠨ ᠪᠠᠭᠰᠢ᠂ ᠭᠡᠰᠡᠭ ᠭᠡᠷ ᠤᠨ ᠠᠬᠠᠮᠠᠤᠨ᠂ ᠰᠤᠷᠤᠭᠴᠢ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠢᠯᠢᠭᠳᠦ ᠬᠤᠷᠠᠯ ᠢ ᠡᠷᠬᠢᠯᠡᠪᠡ᠃
        ᠬᠤᠷᠠᠯ ᠲᠡᠭᠡᠷ᠎ᠡ᠂ ᠡᠾᠦ᠋ᠸᠧ ᠶᠢᠨ ᠪᠢᠡᠭ ᠴᠢᠬᠤᠯᠠ ᠶᠠᠷᠢᠶ᠎ᠠ ᠲᠠᠯᠪᠢᠭᠰᠠᠨ ᠪᠠᠶᠢᠨ᠎ᠠ᠃
        ᠵᠤᠷᠢᠭᠳᠤ ᠮᠠᠨ ᠤ ᠬᠤᠰᠢᠭᠤᠨ ᠤ 5 ᠵᠢᠯ ᠤᠨ ᠰᠤᠷᠭᠠᠨ ᠭᠦᠮᠤᠵᠢᠯ ᠤᠨ ᠠᠵᠢᠯ ᠲᠡᠭᠡᠷ᠎ᠡ ᠤᠯᠤᠭᠰᠠᠨ ᠦᠷ᠎ᠡ ᠪᠦᠳᠤᠮᠵᠢ ᠶᠢ ᠡᠷᠬᠢᠴᠡᠭᠦᠯᠤᠨ ᠳ᠋ᠦᠩᠨᠡᠵᠠᠢ᠃
        ᠰᠠᠷᠠᠨᠳᠤᠶᠠᠭ᠎ᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠤᠭᠤᠨ ᠭᠦᠭᠡ ᠬᠤᠰᠢᠭᠤᠨ ᠤ ᠬᠤᠷᠢᠶ᠎ᠠ᠂ ᠰᠢᠯᠤᠭᠤᠨ ᠭᠦᠭᠡ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠪᠦᠭᠦ ᠬᠤᠰᠢᠭᠤᠨ ᠤ ᠰᠢᠯᠢᠳᠡᠭ ᠵᠠᠬᠢᠷᠤᠯ ︵ᠴᠡᠴᠡᠷᠯᠢᠭ ᠤᠨ ᠲᠠᠷᠤᠭ᠎ᠠ︶᠂ ᠰᠢᠯᠢᠳᠡᠭ ᠪᠠᠭᠰᠢ᠂ ᠰᠢᠯᠢᠳᠡᠭ ᠵᠠᠯᠠᠭᠤ ᠪᠠᠭᠰᠢ᠂ ᠰᠢᠯᠢᠳᠡᠭ ᠰᠤᠷᠭᠠᠨ ᠭᠦᠮᠤᠵᠢᠯ ᠤᠨ ᠠᠵᠢᠯᠳᠠᠨ ᠪᠠ ᠰᠢᠯᠢᠳᠡᠭ ᠠᠩᠭᠢ ᠶᠢᠨ ᠡᠷᠬᠢᠯᠡᠭᠴᠢ ᠶᠢ ᠱᠠᠩᠨᠠᠨ ᠭᠦᠭᠢᠭᠦᠯᠭᠦ ᠲᠤᠬᠠᠢ ᠲᠤᠭᠳᠠᠭᠠᠯ︾᠎ ᠢ ᠤᠩᠰᠢᠨ ᠨᠡᠶᠢᠳᠡᠯᠡᠪᠡ᠃
         ᠪᠤᠯᠤᠳᠪᠠᠭᠠᠳᠤᠷ᠂ ᠤᠳᠤᠨᠴᠢᠮᠡᠭ᠂ ᠭᠦᠸᠧ ᠬᠠᠢ ᠴᠠᠩ 3 ᠭᠦᠮᠤᠨ ᠢ ᠰᠢᠯᠢᠳᠡᠭ ᠵᠠᠬᠢᠷᠤᠯ ᠢᠶᠠᠷ᠂ ᠭᠦᠭᠵᠢᠯᠳᠤ᠂ ᠰᠠᠷᠠᠨ᠎ᠡ ᠵᠡᠷᠭᠡ 18 ᠭᠦᠮᠤᠨ ᠢ ᠰᠢᠯᠢᠳᠡᠭ ᠪᠠᠭᠰᠢ ᠪᠠᠷ᠂ ᠠᠮᠤᠷᠴᠤᠬᠳᠤ᠂ ᠤᠷᠴᠢᠯᠡᠩ ᠵᠡᠷᠭᠡ18 ᠭᠦᠮᠤᠨ ᠢ ᠰᠢᠯᠢᠳᠡᠭ ᠵᠠᠯᠠᠭᠤ ᠪᠠᠭᠰᠢ ᠪᠠᠷ᠂ ᠰᠤᠳᠤᠭᠡᠷᠡᠯ᠂ ᠵᠤᠷᠢᠭᠳᠤ ᠵᠡᠷᠭᠡ16 ᠭᠦᠮᠤᠨ ᠢ ᠲᠡᠷᠢᠭᠦᠨ ᠤ ᠰᠤᠷᠭᠠᠨ ᠭᠦᠮᠤᠵᠢᠯ ᠤᠨ ᠠᠵᠢᠯᠳᠠᠨ ᠢᠶᠠᠷ᠂ ᠪᠤᠯᠤᠤᠨ᠂ ᠰᠤᠯᠤᠩᠭᠤᠸ᠎ᠠ ᠵᠡᠷᠭᠡ 24 ᠭᠦᠮᠤᠨ ᠢ ᠰᠢᠯᠢᠳᠡᠭ ᠠᠩᠭᠢ ᠶᠢᠨ ᠡᠷᠬᠢᠯᠡᠭᠴᠢ ᠪᠠᠷ ᠲᠤᠰ ᠲᠤᠰ ᠱᠠᠩᠨᠠᠨ ᠭᠦᠭᠢᠭᠦᠯᠦᠭᠰᠡᠨ ᠪᠠᠶᠢᠨ᠎ᠠ᠃         ᠬᠤᠰᠢᠭᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠠᠭᠰᠢ ᠰᠢᠤᠢ ᠶᠠᠨ ᠪᠠ ᠰᠠᠩ ᠤᠨ ᠲᠠᠯᠠᠢ ᠮᠤᠩᠭᠤᠯ ᠦᠨᠳᠤᠰᠤᠳᠡᠨ ᠤ ᠰᠤᠷᠭᠠᠭᠤᠯᠢ ᠶᠢᠨ ᠪᠠᠭᠰᠢ ᠨᠠᠶᠢᠷᠠᠮᠳᠤ ᠱᠠᠩᠨᠠᠯ ᠭᠦᠷᠳᠡᠭᠰᠡᠨ ᠪᠠᠭᠰᠢ ᠶᠢ ᠲᠦᠯᠦᠭᠡᠯᠡᠨ ᠵᠤᠷᠢᠭ ᠢᠶᠠᠨ ᠢᠯᠡᠳᠭᠡᠭᠰᠡᠨ ᠪᠠᠶᠢᠨ᠎ᠠ᠃
        ᠡᠾᠦ᠋ᠸᠧ ᠶᠢᠨ ᠪᠢᠡᠭ ᠲᠦᠷᠪᠡᠨ ᠶᠡᠭᠡ ᠤᠳᠤᠷᠢᠳᠬᠤ ᠪᠠᠭ ᠢ ᠲᠦᠯᠦᠭᠡᠯᠡᠨ ᠪᠦᠭᠦ ᠬᠤᠰᠢᠭᠤᠨ ᠤ ᠦᠷᠭᠡᠨ ᠤᠯᠠᠨ ᠪᠠᠭᠰᠢ ᠪᠡ ᠰᠤᠷᠭᠠᠨ ᠭᠦᠮᠤᠵᠢᠯ ᠤᠨ ᠠᠵᠢᠯᠳᠠᠨ ᠳᠤ ᠪᠠᠶᠠᠷ ᠤᠨ ᠡᠳᠤᠷ ᠤᠨ ᠮᠡᠨᠳᠤᠴᠢᠯᠡᠯ ᠲᠡᠪᠰᠢᠭᠦᠯᠵᠤ᠂ ᠱᠠᠩᠨᠠᠨ ᠭᠦᠭᠢᠭᠦᠯᠦᠭᠳᠡᠭᠰᠡᠨ ᠰᠤᠷᠭᠠᠨ ᠭᠦᠮᠤᠵᠢᠯ ᠤᠨ ᠠᠵᠢᠯᠳᠠᠨ ᠳᠤ ᠪᠠᠶᠠᠷ ᠭᠦᠷᠭᠡᠵᠤ ᠪᠠᠶᠢᠬᠤ ᠎ ᠪᠠᠨ ᠢᠯᠡᠷᠭᠡᠶᠢᠯᠡᠭᠦ ᠶᠢᠨ ᠬᠠᠮᠳᠤ ᠤᠷᠳᠤ ᠬᠤᠭᠤᠴᠠᠭᠠᠨ ᠤ ᠲᠤᠷᠰᠢ ᠪᠦᠭᠦ ᠬᠤᠰᠢᠭᠤᠨ ᠤ ᠰᠤᠷᠭᠠᠨ ᠭᠦᠮᠤᠵᠢᠯ ᠤᠨ ᠦᠢᠯᠡᠰ ᠤᠨ ᠭᠦᠭᠵᠢᠯᠳᠡ ᠶᠢ ᠲᠡᠮᠵᠢᠵᠤ ᠬᠠᠯᠠᠮᠵᠢᠯᠠᠭᠰᠠᠨ ᠭᠦᠮᠤᠰ ᠲᠤ ᠪᠠᠶᠠᠷᠯᠠᠵᠤ ᠪᠠᠶᠢᠬᠤ ᠰᠡᠳᠬᠢᠯ ᠢᠶᠠᠨ ᠢᠯᠡᠳᠭᠰᠡᠨ ᠪᠠᠶᠢᠨ᠎ᠠ᠃         ᠡᠾᠦ᠋ᠸᠧ ᠶᠢᠨ ᠪᠢᠡᠭ ᠴᠢᠬᠤᠯᠠᠴᠢᠯᠠᠬᠤ ᠳᠠᠭᠠᠨ᠄ ᠨᠢᠭᠡ ᠳᠤ ᠤᠶᠢᠯᠠᠭᠠᠭᠳᠠᠬᠤᠨ ᠢᠶᠠᠨ ᠰᠢᠨᠡᠴᠢᠯᠡᠵᠤ᠂ ᠴᠢᠨᠠᠷ ᠴᠢᠨᠰᠠᠭ᠎ᠠ ᠶᠢ ᠴᠢᠬᠤᠯᠠᠴᠢᠯᠠᠨ᠂ ᠰᠤᠷᠭᠠᠨ ᠭᠦᠮᠤᠵᠢᠯ ᠢ ᠤᠷᠢᠳᠠᠪᠠᠷ ᠭᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠬᠤ ᠭᠡᠷᠡᠭᠳᠠᠢ᠃ ᠬᠤᠶᠠᠷ ᠲᠤ᠂ ᠪᠠᠶ᠎ᠡ ᠪᠠᠨ ᠴᠢᠩᠭ᠎ᠠ ᠵᠠᠰᠠᠬᠤ ᠶᠤᠰᠤ ᠰᠤᠷᠳᠠᠬᠤᠨ ᠢ ᠪᠤᠢ ᠪᠤᠯᠭᠠᠨ᠂ ᠨᠢᠭᠡ ᠰᠡᠳᠬᠢᠯ ᠢᠶᠠᠷ ᠰᠤᠳᠤᠯᠤᠨ᠂ ᠤᠬᠢ ᠰᠠᠶᠢᠨ ᠰᠤᠷᠭᠠᠨ ᠭᠦᠮᠤᠵᠢᠯ ᠤᠨ ᠡᠩᠨᠡᠭᠡ ᠶᠢ ᠪᠦᠷᠢᠯᠳᠦᠭᠦᠯᠭᠦ ᠭᠡᠷᠡᠭᠳᠠᠢ᠃ ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠤᠨ ᠲᠦᠮᠡᠨ ᠤ ᠬᠠᠨᠤᠮᠵᠢᠳᠠᠢ ᠰᠤᠷᠭᠠᠨ ᠭᠦᠮᠤᠵᠢᠯ ᠢ ᠪᠦᠭᠦ ᠭᠦᠴᠤᠨ ᠢᠶᠠᠷ ᠰᠠᠶᠢᠳᠤᠷ ᠡᠷᠬᠢᠯᠡᠭᠦ ᠭᠡᠷᠡᠭᠳᠠᠢ ᠭᠡᠰᠡᠨ ᠪᠠᠶᠢᠨ᠎ᠠ᠃ ︵ᠤᠶᠤᠩᠭᠤᠸ᠎ᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号