ᠥᠪᠦᠷ ᠮᠣᠩᠭᠤᠯ ᠤᠨ 2017 ᠣᠨ ᠤ ᠨᠠᠰᠣᠨ ᠳᠤ ᠬᠦᠷᠦᠭᠰᠡᠳ ᠤᠨ ᠶᠡᠭᠡ  ᠰᠣᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ᠂ 18᠎ ᠤ ᠡᠳᠦᠷ ᠠᠴᠠ ᠡᠬᠢᠯᠡᠵᠦ  ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2017/9/18
         ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠎ ᠤ ᠰᠣᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ  ᠤᠨ ᠠᠯᠪᠠᠨ ᠤ ᠸᠢᠴᠠᠲ ᠢᠶᠠᠷ ᠳᠠᠮᠵᠢᠨ ᠨᠡᠶᠢᠲᠡᠯᠡᠭᠰᠡᠨ ᠮᠡᠳᠡᠭᠡ ᠳᠤ ᠪᠠᠨ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ  ᠎ ᠤ  ᠨᠠᠰᠤᠨ  ᠎ ᠳᠤ  ᠬᠦᠷᠦᠭᠰᠡᠳ ᠤᠨ  ᠶᠡᠭᠡ ᠰᠣᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ 9 ᠰᠠᠷ᠎ᠠ ᠶᠢᠨ18᠎ ᠤ ᠡᠳᠦᠷ ᠠᠴᠠ 9 ᠰᠠᠷ᠎ᠠ ᠶᠢᠨ24᠎ ᠤ  ᠡᠳᠦᠷ  ᠪᠣᠯᠲᠠᠯ᠎ᠠ ᠨᠡᠷ᠎ᠡ ᠮᠡᠳᠡᠭᠦᠯᠦᠨ᠎ᠡ᠃ ᠬᠤᠴᠣᠷᠠᠪᠠᠯ ᠬᠦᠯᠢᠶᠡᠵᠦ ᠠᠪᠬᠤ ᠦᠭᠡᠢ ᠭᠡᠵᠡᠢ᠃         ᠰᠢᠯᠭᠠᠭᠤᠯᠣᠭᠰᠠᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠣᠶᠣ ᠠᠵᠢᠯᠯᠠᠵᠤ ᠪᠠᠶᠢᠭ᠎ᠠ ᠭᠠᠵᠠᠷ ᠤᠨ  ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠣᠮᠵᠢ  ᠠᠴᠠ ᠨᠡᠷ᠎ᠡ ᠮᠡᠳᠡᠭᠦᠯᠵᠦ ᠪᠣᠯᠣᠨ᠎ᠠ᠃ ᠡᠷᠦᠬᠡ ᠠᠮᠠ ᠶᠢᠨ ᠳᠠᠩᠰᠠ ᠨᠢ  ᠬᠠᠷᠢᠶᠠᠯᠠᠭᠳᠠᠬᠤ ᠦᠭᠡᠢ ᠭᠠᠵᠠᠷ ᠣᠷᠣᠨ ᠠᠴᠠ ᠨᠡᠷ᠎ᠡ ᠮᠡᠳᠡᠭᠦᠯᠦᠭᠰᠡᠨ ᠰᠢᠯᠭᠠᠭᠤᠯᠣᠭᠰᠠᠳ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠵᠠᠪᠠᠯ ᠠᠳᠠᠯᠢ ᠨᠢᠭᠡᠨ ᠬᠤᠰᠢᠭᠤ ᠰᠢᠶᠠᠨ ᠪᠠᠶᠢᠬᠤ ᠬᠡᠷᠡᠭᠳᠡᠢ᠃ 31 ᠬᠢᠯᠢ ᠬᠢᠵᠠᠭᠠᠷ ᠤᠨ ᠬᠤᠰᠢᠭᠤ ᠰᠢᠶᠠᠨ  ᠎ ᠤ  ᠬᠤᠪᠢ ᠨᠡᠮᠡᠬᠦ ᠲᠥᠷᠦ ᠶᠢᠨ ᠪᠣᠳᠣᠯᠭ᠎ᠠ ᠎ ᠲᠠᠢ ᠰᠢᠯᠭᠠᠭᠤᠯᠣᠭᠰᠠᠳ ᠡᠷᠬᠡᠪᠰᠢ ᠡᠷᠦᠬᠡ ᠠᠮᠠ ᠶᠢᠨ ᠳᠠᠩᠰᠠ ᠪᠠᠶᠢᠭ᠎ᠠ ᠬᠤᠰᠢᠭᠤ ᠰᠢᠶᠠᠨ ᠳᠤ ᠨᠡᠷ᠎ᠡ ᠮᠡᠳᠡᠬᠦᠯᠬᠦ ᠭᠠᠷ ᠭᠦᠢᠴᠡᠳᠭᠡᠯ  ᠬᠢᠬᠦ ᠬᠡᠷᠡᠭᠲᠡᠢ᠃ ᠦᠭᠡᠢ  ᠪᠣᠯ  ᠬᠤᠪᠢ  ᠨᠡᠮᠡᠬᠦ  ᠲᠥᠷᠦ ᠶᠢᠨ  ᠪᠣᠳᠣᠯᠭ᠎ᠠ ᠶᠢ  ᠡᠳ᠋ᠯᠡᠵᠦ ᠳᠡᠶᠢᠯᠬᠦ ᠦᠭᠡᠢ᠃         ᠨᠡᠷ᠎ᠡ ᠮᠡᠳᠡᠭᠦᠯᠬᠦ ᠦᠨᠳᠦᠰᠦᠨ ᠨᠥᠬᠦᠴᠡᠯ᠄ 2017 ᠣᠨ ᠤ 9 ᠰᠠᠷ᠎ᠠ ᠶᠢᠨ17᠎ ᠤ  ᠡᠳᠦᠷ  ᠪᠣᠯᠲᠠᠯ᠎ᠠ᠂  ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠪᠣᠶᠣ ᠥᠪᠦᠷ  ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠠᠵᠢᠯᠯᠠᠵᠤ ᠪᠠᠶᠢᠭ᠎ᠠ ᠭᠠᠵᠠᠷ ᠤᠨ ᠬᠠᠣᠯᠢ ᠳᠤ ᠨᠡᠶᠢᠴᠡᠬᠦ ᠳᠣᠭᠲᠠᠭᠰᠠᠨ  ᠣᠷᠣᠨ  ᠰᠠᠭᠤᠴᠠ ᠲᠠᠢ ︵ᠲᠦᠷᠢᠶᠡᠰᠦᠯᠡᠬᠦ ᠶᠢ ᠪᠠᠭᠲᠠᠭᠠᠨ᠎ᠠ︶ ᠪᠦᠭᠡᠳ ᠦᠷᠭᠦᠯᠵᠢᠯᠡᠨ ᠰᠠᠭᠤᠬᠤ᠂ ᠬᠠᠣᠯᠢ ᠳᠤ ᠨᠡᠶᠢᠴᠡᠭᠰᠡᠨ ᠠᠵᠢᠯ  ᠎ ᠲᠠᠢ  ᠪᠥᠭᠡᠳ ᠭᠠᠶᠢᠯᠢ ᠲᠣᠰᠢᠶᠠᠭᠠᠳ ︵ᠪᠣᠶᠣ ᠣᠯᠣᠰ ᠤᠨ ᠳᠣᠭᠲᠠᠭᠠᠯ ᠶᠣᠰᠣᠭᠠᠷ ᠨᠡᠶᠢᠭᠡᠮ ᠤᠨ ᠪᠠᠲᠣᠯᠠᠭ᠎ᠠ ᠳᠤ ᠣᠷᠣᠯᠴᠠᠭᠠᠳ︶ ᠬᠤᠶᠠᠷ  ᠵᠢᠯ ᠪᠣᠯᠣᠭᠰᠠᠨ ᠪᠣᠯ ᠨᠡᠷ᠎ᠡ ᠮᠡᠳᠡᠭᠦᠯᠵᠦ ᠪᠣᠯᠣᠨ᠎ᠠ᠃         ᠡᠭᠦᠨ ᠠᠴᠠ ᠭᠠᠳᠠᠨ᠎ᠠ᠂ ᠦᠨᠳᠦᠷ ᠳᠣᠮᠳᠠ ᠠᠴᠠ ᠵᠢᠩᠬᠢᠨᠢ ᠠᠩᠭᠢ᠂  ᠲᠣᠰᠬᠠᠢ  ᠮᠡᠷᠭᠡᠵᠢᠯ ᠤᠨ  ᠠᠩᠭᠢ  ᠎ ᠳᠤ  ᠳᠡᠰ ᠳᠡᠪᠰᠢᠬᠦ ᠰᠢᠯᠭᠠᠭᠤᠯᠠᠭᠰᠠᠳ ᠦᠨᠳᠦᠷ ᠳᠣᠮᠳᠠ ︵ᠡᠩ ᠤᠨ ᠦᠨᠳᠦᠷ ᠳᠤᠮᠳᠠ᠂  ᠠᠵᠢᠯ  ᠮᠡᠷᠭᠡᠵᠢᠯ ᠤᠨ  ᠥᠨᠳᠦᠷ  ᠳᠣᠮᠳᠠ᠂ ᠳᠣᠮᠳᠠ ᠵᠡᠷᠭᠡ ᠶᠢᠨ ᠲᠣᠰᠬᠠᠢ ᠮᠡᠷᠭᠡᠵᠢᠯ᠂ ᠮᠡᠷᠭᠡᠵᠢᠯ ᠤᠨ ᠰᠣᠷᠭᠠᠭᠤᠯᠢ ᠵᠡᠷᠭᠡ ᠶᠢ ᠪᠠᠭᠲᠠᠭᠠᠨ᠎ᠠ︶ ᠲᠡᠭᠦᠰᠦᠭᠰᠡᠨ ᠰᠣᠶᠣᠯ ᠤᠨ ᠬᠢᠷᠢ ᠬᠡᠮ ᠲᠠᠢ ᠪᠠᠶᠢᠬᠤ ᠬᠡᠷᠡᠭᠲᠡᠢ᠃ ᠲᠣᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠭᠤᠯᠠᠭᠰᠠᠳ  ᠵᠠᠪᠠᠯ  ᠰᠣᠷᠭᠠᠨ ᠬᠥᠮᠦᠵᠢᠯ ᠤᠨ ᠶᠠᠮᠣᠨ ᠤ ᠬᠢᠨᠠᠨ ᠵᠦᠪᠰᠢᠶᠡᠷᠡᠭᠰᠡᠨ ᠣᠯᠣᠰ ᠤᠨ ᠠᠷᠠᠳ ᠤᠨ ᠰᠣᠷᠭᠠᠨ  ᠬᠥᠮᠦᠵᠢᠯ ᠤᠨ  ᠦᠨᠳᠦᠷ  ᠵᠡᠷᠭᠡ ᠶᠢᠨ ᠰᠣᠷᠭᠠᠭᠤᠯᠢ᠂ ᠦᠨᠳᠦᠷ ᠵᠡᠷᠭᠡ ᠶᠢᠨ ᠰᠣᠷᠭᠠᠨ ᠬᠥᠮᠦᠵᠢᠯ ᠤᠨ ᠥᠪᠡᠷᠲᠡᠭᠡᠨ ᠰᠣᠷᠣᠯᠴᠠᠬᠤ  ᠪᠠᠶᠢᠭᠤᠯᠣᠮᠵᠢ ᠠᠴᠠ  ᠣᠯᠭᠤᠭᠰᠠᠨ ᠲᠣᠰᠬᠠᠢ ᠮᠡᠷᠭᠡᠵᠢᠯ ᠤᠨ ᠲᠡᠭᠦᠰᠦᠭᠰᠡᠨ ᠦᠨᠡᠮᠯᠡᠯ᠂  ᠵᠢᠩᠬᠢᠨᠢ  ᠠᠩᠭᠢ  ᠎ ᠳᠤ  ᠰᠤᠷᠤᠯᠴᠠᠵᠤ  ᠦᠡᠭᠭᠡᠷᠡᠭᠰᠡᠨ  ᠦᠨᠡᠮᠯᠡᠯ  ᠪᠣᠶᠣ ᠳᠡᠭᠡᠷᠡᠬᠢ ᠦᠨᠡᠮᠯᠡᠯ ᠲᠠᠢ ᠬᠥᠮᠦᠰ ᠪᠠᠶᠢᠬᠤ ᠬᠡᠷᠡᠭᠲᠡᠢ᠃         ᠠᠨᠠᠭᠠᠬᠤ  ᠣᠬᠠᠭᠠᠨ  ᠎ ᠤ  ᠲᠥᠷᠦᠯ ᠤᠨ  ᠲᠣᠰᠬᠠᠢ  ᠮᠡᠷᠭᠡᠵᠢᠯ  ᠎ ᠳᠤ  ᠰᠢᠯᠭᠠᠭᠤᠯᠠᠭᠰᠠᠳ  ᠪᠣᠰᠣᠳ  ᠬᠢᠵᠠᠭᠠᠷᠯᠠᠬᠤ ᠱᠠᠭᠠᠷᠳᠠᠯᠭ᠎ᠠ ᠲᠠᠢ᠃  
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号