ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ︽ᠶᠤᠸᠠᠨ ᠤ ᠲᠡᠭᠡᠳᠦ ᠨᠡᠶᠢᠰᠯᠡᠯ︾ ᠬᠠᠭᠠᠨ ᠤᠷᠳᠤᠨ ᠤ ᠴᠠᠭᠠᠨ ᠢᠳᠡᠬᠡᠨ ᠤ ᠰᠤᠶᠤᠯ ᠤᠨ ᠨᠠᠶᠢᠷ ᠤᠨ ᠠᠬᠤᠢ ᠲᠠᠯᠠᠪᠠᠢ ᠳᠤ ᠬᠤᠷᠤᠳ ᠲᠦᠳ᠋ ᠬᠢᠬᠦ ᠤᠷᠤᠯᠳᠤᠭᠠᠨ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2017/9/29
       9 ᠳ᠋ᠤᠬᠡᠷ ᠰᠠᠷ᠎ᠠ ᠶᠢᠨ28᠎ ᠤ ᠡᠳᠦᠷ᠂ ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ︽ᠶᠤᠸᠠᠨ ᠤ ᠲᠡᠭᠡᠳᠦ ᠨᠡᠶᠢᠰᠯᠡᠯ︾ ᠬᠠᠭᠠᠨ ᠤᠷᠳᠤᠨ ᠤ ᠴᠠᠭᠠᠨ ᠢᠳᠡᠬᠡᠨ ᠤ ᠰᠤᠶᠤᠯ ᠤᠨ ᠨᠠᠶᠢᠷ ᠤᠨ ᠠᠬᠤᠢ ᠲᠠᠯᠠᠪᠠᠢ ᠳᠤ ᠬᠤᠷᠤᠳ᠂ ᠲᠦᠳ᠋ ᠬᠢᠬᠦ ᠤᠷᠤᠯᠳᠤᠭᠠᠨ ᠠᠮᠵᠢᠯᠳᠠᠳᠠᠢ ᠶᠠᠪᠤᠭᠳᠠᠯ᠎ᠠ᠃
      ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡ ᠨᠢ ᠦᠨᠢ ᠡᠷᠳᠡᠨ ᠤ ᠲᠡᠦᠬᠡ ᠲᠠᠢ᠂ ᠦᠪᠡᠷᠮᠢᠴᠡ ᠰᠤᠳᠤᠨ ᠦᠨᠦᠷ ᠠᠮᠳᠠᠳᠠᠢ ᠪᠠᠷ ᠢᠶᠠᠨ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷ ᠢᠶᠠᠨ ᠮᠠᠨᠳᠤᠭᠤᠯᠵᠦ ᠢᠷᠡᠭᠰᠡᠨ ᠮᠦᠷᠳᠡᠬᠡᠨ ᠰᠢᠯᠤᠭᠤᠨ ᠬᠦᠬᠡ ᠨᠤᠳᠤᠭ ᠨᠢ ᠶᠤᠸᠠᠨ᠂ ᠴᠢᠩ ᠤᠨ ᠦᠶ᠎ᠡ ᠳᠤ ᠬᠠᠭᠠᠨ ᠤᠷᠳᠤᠨ ᠤ ᠴᠠᠭᠠᠨ ᠢᠳᠡᠬᠡᠨ ᠤ ᠬᠠᠩᠭᠠᠯᠭ᠎ᠠ ᠶᠢᠨ ᠭᠠᠵᠠᠷ ᠪᠤᠯᠵᠦ ᠪᠠᠶᠢᠵᠠᠢ᠃ ᠰᠢᠯᠤᠭᠤᠨ ᠬᠦᠬᠡ ᠶᠢᠨ ᠴᠠᠭᠠᠨ ᠢᠳᠡᠬᠡᠨ ᠤ ᠲᠦᠷᠦᠯ ᠵᠦᠢᠯ ᠨᠢ ᠠᠷᠪᠢᠨ᠂ ᠶᠡᠷᠦᠩᠬᠡᠢ ᠳᠡᠭᠡᠨ ᠬᠤᠷᠤᠳ᠂ ᠦᠷᠦᠮ᠎ᠠ᠂ ᠵᠦᠬᠡᠬᠡᠢ᠂ ᠰᠢᠷ᠎ᠠ ᠲᠤᠰᠤ᠂ ᠲᠦᠳ᠋᠂ ᠠᠭᠠᠷᠤᠤᠯ᠂ ᠴᠤᠷ᠎ᠠ᠂ ᠴᠦᠴᠦᠬᠡᠢ ᠵᠡᠷᠬᠡ ᠬᠡᠳᠦᠨ ᠠᠷᠪᠠᠨ ᠵᠦᠢᠯ ᠤᠨ ᠪᠦᠳᠦᠬᠡᠭᠳᠡᠬᠦᠨ ᠪᠠᠶᠢᠳᠠᠭ᠃ ᠦᠨᠦᠳᠦᠷ ᠤᠨ ᠨᠠᠶᠢᠷ ᠲᠤ ᠤᠯᠠᠮᠵᠢᠯᠠᠯᠳᠤ ᠴᠠᠭᠠᠨ ᠢᠳᠡᠭᠡ ᠶᠢ ᠡᠳ᠋ᠰᠢᠬᠦᠯᠦᠨ ᠪᠤᠯᠪᠠᠰᠤᠷᠠᠭᠤᠯᠬᠤ ᠤᠷᠤᠯᠳᠤᠭᠠᠨ ᠡᠷᠴᠢᠮᠳᠠᠢ ᠶᠠᠪᠤᠭᠳᠠᠵᠦ  ᠂ ᠨᠠᠩ ᠤᠨᠴᠠᠭᠠᠶᠢᠯᠠᠨ ᠠᠬᠤᠢ ᠲᠠᠯᠠᠪᠠᠢ ᠳᠤ ᠬᠤᠷᠤᠳ᠂ ᠲᠦᠳ᠋ ᠬᠢᠬᠦ ᠤᠷᠤᠯᠳᠤᠭᠠᠨ ᠨᠢ ᠰᠤᠨᠢᠨ ᠮᠡᠳᠡᠭᠡ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠳᠠᠵᠦ ᠲᠤᠰ ᠨᠠᠶᠢᠷ ᠤᠨ ᠪᠠᠰᠠ ᠨᠢᠬᠡᠨ ᠤᠨᠴᠠᠯᠢᠭ ᠪᠤᠯᠵᠠᠢ᠃
     ᠠᠬᠤᠢ ᠲᠠᠯᠠᠪᠠᠢ ᠳᠤ ᠬᠤᠷᠤᠳ ᠬᠢᠬᠦ ᠤᠷᠤᠯᠳᠤᠭᠠᠨ ᠳᠤ ᠰᠢᠯᠢ ᠶᠢᠨ ᠬᠤᠳᠠ᠂ ᠰᠢᠯᠤᠭᠤᠨ ᠬᠦᠪᠡᠬᠡᠳᠦ ᠴᠠᠭᠠᠨ ᠬᠤᠰᠢᠭᠤ᠂ ᠲᠠᠶᠢᠹᠤᠰᠧ ᠬᠤᠰᠢᠭᠤ ᠪᠠ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤᠨ ᠲᠠᠯᠠᠪᠠᠢ ᠠᠴᠠ ᠬᠦᠷᠦᠯᠴᠡᠨ ᠢᠷᠡᠭᠰᠡᠨ ᠨᠠᠶᠢᠳᠠ35 ᠰᠠᠭᠠᠯᠢᠴᠢᠨ ᠡᠷᠦᠬᠡ ᠤᠷᠤᠯᠴᠠᠵᠦ᠂ ᠤᠷᠤᠯᠳᠤᠭᠠᠨ ᠳᠤ ᠤᠷᠤᠯᠴᠠᠭᠰᠠᠳ30 ᠵᠢᠩ ᠡᠭᠡᠳᠡᠭᠰᠡᠨ ᠰᠦ ᠪᠠᠨ ᠠᠪᠴᠦ 40 ᠮᠢᠨᠦ᠋ᠲ ᠲᠤ ᠬᠢᠵᠦ ᠲᠠᠭᠤᠰᠬᠠᠬᠤ ᠱᠠᠭᠠᠷᠳᠠᠯᠭ᠎ᠠ ᠲᠠᠢ᠂ ᠤᠷᠤᠯᠳᠤᠭᠠᠨ ᠎ ᠳᠤ ᠤᠷᠤᠯᠴᠠᠭᠰᠠᠳ ᠲᠤᠭᠳᠠᠭᠰᠠᠨ ᠴᠠᠭ ᠲᠠᠭᠠᠨ ᠬᠢᠵᠦ ᠪᠠᠷᠠᠬᠤ ᠪᠠ ᠦᠩᠬᠡ᠂ ᠦᠨᠦᠷ ᠠᠮᠳᠠ ᠶᠢ ᠪᠠᠳᠤᠯᠠᠬᠤ ᠪᠠᠷ ᠬᠤᠷᠴᠠ ᠱᠠᠯᠠᠮᠠᠭᠠᠢ᠂ ᠨᠠᠷᠢᠨ ᠬᠢᠨᠠᠮᠠᠭᠠᠢ ᠬᠤᠷᠤᠳ ᠢᠶᠠᠨ ᠬᠢᠨ᠎ᠠ᠃ ᠰᠢᠯᠤᠭᠤᠨ ᠬᠦᠬᠡ ᠬᠤᠰᠢᠭᠤᠨ ᠤ ᠪᠤᠱᠤᠤᠳᠠᠢ ᠰᠤᠮᠤᠨ ᠤ ᠰᠢᠷᠠᠨᠠᠭᠤᠷ ᠭᠠᠴᠠᠭ᠎ᠠ ᠪᠠᠷ ᠨᠤᠳᠤᠭᠳᠠᠢ ᠲᠠᠪᠠᠯᠭᠠᠨ ᠪᠤᠯ ᠲᠤᠰ ᠲᠦᠷᠦᠯ ᠤᠨ ᠤᠷᠤᠯᠳᠤᠭᠠᠨ ᠳᠤ ᠤᠷᠤᠯᠴᠠᠭᠰᠠᠨ ᠴᠤᠷ ᠤᠨ ᠭᠠᠭᠴᠠ ᠡᠷᠭᠳᠡᠢ ᠤᠷᠤᠯᠴᠠᠭᠴᠢ ᠪᠤᠯᠤᠨ᠎ᠠ᠂ ᠲᠡᠷᠡ ᠪᠤᠯᠪᠠᠰᠤᠷᠠᠭᠤᠯᠬᠤ ᠶᠠᠪᠤᠴᠠ ᠳᠠᠬᠢ ᠠᠯᠬᠤᠮ ᠲᠠᠷᠠᠭ᠎ᠠ ᠲᠦᠷᠢᠮᠵᠢᠬᠦᠨ᠂ ᠡᠮᠬᠢ ᠴᠡᠭᠴᠡᠳᠡᠢ᠂ ᠬᠦᠳᠡᠯᠦᠯ ᠪᠠᠷᠢᠯ ᠪᠤᠰᠢᠭᠤ ᠱᠠᠯᠠᠮᠠᠭᠠᠢ ᠪᠠᠷ ᠢᠶᠠᠨ ᠤᠨᠴᠠᠯᠢᠬᠳᠠᠯ᠎ᠠ᠃      ᠲᠦᠳ᠋ ᠬᠢᠬᠦ ᠤᠷᠤᠯᠳᠤᠭᠠᠨ ᠳᠤ ᠰᠢᠯᠢ ᠶᠢᠨ ᠬᠤᠳᠠ᠂ ᠲᠠᠶᠢᠹᠤᠰᠧ ᠬᠤᠰᠢᠭᠤ᠂ ᠵᠡᠬᠦᠨ ᠦᠵᠦᠮᠦᠴᠢᠨ ᠬᠤᠰᠢᠭᠤ  ᠪᠠ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠢ ᠠᠴᠠ ᠬᠦᠷᠦᠯᠴᠡᠨ ᠢᠷᠡᠭᠰᠡᠨ40 ᠰᠠᠭᠠᠯᠢᠴᠢᠨ ᠡᠷᠦᠬᠡ ᠤᠷᠤᠯᠴᠠᠵᠦ᠂ 1 ᠵᠢᠩ ᠬᠤᠷᠤᠳ᠂ 3 ᠯᠠᠩ ᠪᠤᠯᠭᠤᠭᠰᠠᠨ ᠭᠤᠯᠢᠷ᠂ ᠰᠢᠷ᠎ᠠ ᠲᠤᠰᠤ᠂ ᠴᠦᠴᠦᠬᠡᠢ᠂ ᠴᠠᠭᠠᠨ ᠰᠢᠬᠢᠷ᠂ ᠪᠤᠷᠠᠮ ᠵᠡᠷᠬᠡ ᠲᠦᠬᠦᠬᠡᠢ ᠮᠠᠲ᠋ᠧᠷᠢᠶᠠᠯ ᠢᠶᠠᠨ ᠠᠪᠴᠦ ᠲᠤᠭᠳᠠᠭᠰᠠᠨ ᠴᠠᠭ ᠲᠤ ᠲᠦᠳ᠋ ᠬᠢᠵᠦ ᠤᠷᠤᠯᠳᠤᠯ᠎ᠠ᠃     ᠤᠷᠤᠯᠳᠤᠭᠠᠨ ᠨᠢ 7 ᠰᠢᠬᠦᠭᠴᠢ ᠶᠢᠨ ᠠᠬᠤᠢ ᠲᠠᠯᠠᠪᠠᠢ ᠳᠤ ᠠᠮᠰᠠᠬᠤ᠂ ᠦᠨᠦᠷᠳᠦᠬᠦ᠂ ᠦᠩᠬᠡ ᠪᠠᠶᠢᠳᠠᠯ ᠢ ᠦᠵᠡᠬᠦ ᠵᠡᠷᠬᠡ ᠠᠳᠠᠯᠢᠳᠬᠠᠨ ᠰᠢᠯᠭᠠᠷᠠᠭᠤᠯᠤᠯᠳᠠ ᠪᠠᠷ ᠲᠠᠮᠵᠢᠵᠦ᠂ ᠲᠦᠪ ᠭᠤᠤᠯᠴᠢ᠂ ᠡᠷᠴᠢᠮᠳᠠᠢ ᠰᠠᠶᠢᠬᠠᠨ ᠶᠠᠪᠤᠭᠳᠠᠭᠰᠠᠨ ᠪᠠᠶᠢᠨ᠎ᠠ᠃( ᠠᠯᠳᠠᠨᠰᠢᠭᠦᠷ)
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号