ᠰᠢᠯᠤᠭᠤᠨ ᠭᠥᠭᠡ ᠬᠤᠰᠢᠭᠤᠨ ᠤ ᠰᠤᠩᠭᠤᠭᠤᠯᠢ ᠶᠢᠨ ᠠᠷᠠᠳ ᠲᠤ ᠢᠯᠡᠭᠡᠭᠰᠡᠨ ᠢᠯᠡ ᠵᠠᠬᠢᠳᠠᠯ
ᠨᠡᠶᠢᠲᠡᠯᠡᠭᠰᠡᠨ ᠴᠠᠭ᠄
2017/9/30
       ᠰᠤᠩᠭᠤᠭᠤᠯᠢ ᠶᠢᠨ ᠠᠷᠠᠳ ᠲᠤ᠄       ᠰᠢᠯᠤᠭᠤᠨ ᠭᠥᠭᠡ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠨᠢ 2017 ᠤᠨ ᠤ 9 ᠰᠠᠷ᠎ᠠ ᠠᠴᠠ ᠡᠬᠢᠯᠡᠵᠥ ᠶᠠᠪᠤᠭᠳᠠᠨ᠎ᠠ᠃ ᠡᠨᠡ ᠪᠤᠯ ᠪᠥᠭᠦ ᠬᠤᠰᠢᠭᠤᠨ ᠤ ᠡᠯ᠎ᠡ ᠥᠨᠳᠥᠰᠥᠳᠡᠨ ᠤ ᠠᠷᠠᠳ ᠲᠥᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠴᠢᠬᠤᠯᠠ ᠶᠠᠪᠤᠳᠠᠯ ᠮᠥᠨ᠃ ᠲᠤᠰ ᠤᠳᠠᠭᠠᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢ ᠰᠠᠶᠢᠳᠤᠷ ᠬᠢᠬᠦ ᠨᠢ ᠨᠡᠮ ᠤᠨ ᠵᠠᠰᠠᠭ ᠪᠠᠷᠢᠬᠤ ᠰᠠᠭᠤᠷᠢ ᠶᠢ ᠪᠠᠳᠤᠳᠬᠠᠨ᠂ ᠥᠨᠳᠥᠰᠥᠨ ᠱᠠᠳᠤᠨ ᠤ ᠵᠠᠰᠠᠭ ᠤᠨ ᠡᠷᠭᠡ ᠶᠢᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠷᠢᠮ ᠢ ᠪᠠᠷᠢᠮᠳᠠᠯᠠᠨ ᠲᠡᠭᠦᠯᠳᠡᠷᠵᠢᠭᠦᠯᠵᠥ᠂ ᠤᠯᠤᠰ ᠢᠶᠠᠨ ᠵᠠᠰᠠᠬᠤ ᠲᠤᠭᠳᠠᠯᠴᠠᠭ᠎ᠠ ᠪᠠ ᠵᠠᠰᠠᠭ ᠢᠶᠠᠨ ᠬᠠᠮᠢᠶᠠᠷᠬᠤ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠤᠨ᠂ ︽ᠲᠠᠪᠤᠨ ᠪᠠᠶᠢᠭᠤᠯᠤᠯᠳᠠ ᠶᠢ ᠴᠤᠭᠴᠠᠯᠠᠬᠤ︾ ᠶᠠᠷᠥᠩᠭᠡᠢ ᠪᠠᠶᠢᠷᠢᠯᠠᠭᠤᠯᠤᠯᠳᠠ ᠶᠢ ᠨᠢᠭᠡᠳᠥᠯᠳᠠᠢ ᠲᠥᠯᠥᠪᠯᠡᠵᠥ᠂ ︽ᠲᠥᠷᠪᠡᠨ ᠪᠥᠭᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠎ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠎ ᠤ ᠨᠡᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠳᠠᠭᠠᠭᠰᠠᠨ ᠲᠡᠮᠡᠴᠡᠭᠦ ᠬᠠᠷᠠᠯᠳᠠ ᠶᠢ ᠪᠠᠶᠠᠯᠠᠭᠦᠯᠭᠦ ᠳᠤ ᠲᠤᠩ ᠴᠢᠬᠤᠯᠠ ᠠᠴᠢ ᠬᠤᠯᠪᠤᠭᠳᠠᠯ ᠲᠠᠢ ᠶᠤᠮ᠃       ᠬᠤᠰᠢᠭᠤ ᠰᠤᠩᠭᠤᠭᠤᠯᠢ ᠶᠢᠨ ᠵᠥᠪᠯᠡᠯ ᠠᠴᠠ 2017 ᠤᠨ ᠤ 10 ᠰᠠᠷ᠎ᠠ ᠶᠢᠨ 21᠎ ᠤ ᠡᠳᠥᠷ ᠢ ᠪᠥᠭᠦ ᠬᠤᠰᠢᠭᠤᠨ ᠤ ᠡᠯ᠎ᠡ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠤᠨ ᠨᠡᠷᠡᠰ ᠢ ᠨᠡᠶᠢᠳᠡᠯᠡᠭᠦ ᠡᠳᠥᠷ᠂ 10 ᠰᠠᠷ᠎ᠠ ᠶᠢᠨ 26᠎ ᠤ ᠡᠳᠥᠷ ᠢ ᠲᠥᠯᠥᠭᠡᠯᠡᠭᠴᠢᠳ ᠤᠨ ᠠᠩᠬ᠎ᠠ ᠠᠯᠬᠤᠮ ᠤᠨ ᠵᠢᠱᠢᠭᠳᠡᠭᠰᠡᠳ ᠤᠨ ᠨᠡᠷᠡᠰ ᠢ ᠨᠡᠶᠢᠳᠡᠯᠡᠭᠦ ᠡᠳᠥᠷ᠂ 11 ᠰᠠᠷ᠎ᠠ ᠶᠢᠨ 3᠎ ᠤ ᠡᠳᠥᠷ ᠢ ᠲᠥᠯᠥᠭᠡᠯᠡᠭᠴᠢᠳ ᠤᠨ ᠵᠢᠩᠬᠢᠨᠢ ᠵᠢᠱᠢᠭᠳᠡᠭᠰᠡᠳ ᠤᠨ ᠨᠡᠷᠡᠰ ᠢ ᠨᠡᠶᠢᠳᠡᠯᠡᠭᠦ ᠡᠳᠥᠷ᠂ 11 ᠰᠠᠷ᠎ᠠ ᠶᠢᠨ 10᠎ ᠤ ᠡᠳᠥᠷ ᠢ ᠰᠤᠩᠭᠤᠭᠤᠯᠢ ᠶᠢᠨ ᠡᠳᠥᠷ ᠢᠶᠠᠷ ᠲᠤᠭᠳᠠᠭᠠᠪᠠ᠃       ᠥᠨᠳᠥᠰᠥᠨ ᠬᠠᠤᠯᠢ ᠠᠴᠠ ︽ᠪᠥᠭᠦᠯᠢ ᠠᠷᠪᠠᠨ ᠨᠡᠢᠮᠡᠨ ᠨᠠᠰᠤ ᠭᠥᠷᠥᠭᠰᠡᠨ ᠪᠥᠭᠦᠳᠡ ᠨᠠᠶᠢᠷᠡᠮᠳᠠᠬᠤ ᠲᠤᠮᠳᠠᠳᠤ ᠠᠷᠠᠳ ᠤᠯᠤᠰ ᠤᠨ ᠡᠷᠭᠡᠳᠥ ᠠᠷᠠᠳ᠂ ᠥᠨᠳᠥᠰᠥᠳᠡᠨ ᠶᠠᠰᠤᠳᠠᠨ᠂ ᠴᠢᠨᠡᠷ ᠤᠨ ᠢᠯᠭᠠᠯ᠂ ᠡᠷᠬᠢᠯᠡᠭᠰᠡᠨ ᠠᠵᠢᠯ᠂ ᠭᠡᠷ ᠤᠨ ᠭᠠᠷᠤᠯ᠂ ᠱᠠᠰᠢᠨ ᠰᠢᠳᠥᠯᠭᠡ᠂ ᠰᠤᠷᠭᠠᠨ ᠭᠥᠮᠥᠵᠢᠯ ᠭᠥᠷᠳᠡᠭᠰᠡᠨ ᠭᠡᠮᠵᠢᠶ᠎ᠡ᠂ ᠡᠳ᠋ ᠭᠥᠷᠥᠩᠭᠡ ᠎ ᠶᠢᠨ ᠪᠠᠶᠢᠳᠠᠯ ᠪᠤᠯᠤᠨ ᠤᠷᠤᠰᠢᠨ ᠰᠠᠭᠤᠭᠰᠠᠨ ᠬᠤᠭᠤᠴᠠᠭ᠎ᠠ ᠬᠡᠵᠥ ᠢᠯᠭᠠᠯ ᠥᠭᠡᠢ ᠪᠠᠷ ᠴᠥᠮ ᠰᠤᠩᠭᠤᠬᠤ ᠪᠠ ᠰᠤᠩᠭᠤᠭᠳᠠᠬᠤ ᠡᠷᠭᠡ ᠲᠠᠢ᠂ ᠬᠠᠤᠯᠢ ᠶᠤᠰᠤᠭᠠᠷ ᠤᠯᠤᠰ ᠲᠥᠷᠥ ᠶᠢᠨ ᠡᠷᠭᠡ ᠪᠠᠨ ᠬᠠᠰᠤᠭᠤᠯᠤᠭᠰᠠᠳ ᠲᠤ ᠰᠤᠩᠭᠤᠬᠤ ᠡᠷᠭᠡ ᠪᠠ ᠰᠤᠩᠭᠤᠭᠳᠠᠬᠤ ᠡᠷᠭᠡ ᠪᠠᠶᠢᠬᠤ ᠥᠭᠡᠢ︾ ᠭᠡᠵᠥ ᠲᠤᠭᠳᠠᠭᠠᠪᠠ᠃ ᠲᠤᠰ ᠤᠳᠠᠭᠠᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠶᠠᠪᠤᠴᠠ ᠶᠢ ᠥᠷᠭᠡᠨ ᠤᠯᠡᠨ ᠰᠤᠩᠭᠤᠭᠤᠯᠢ ᠶᠢᠨ ᠠᠷᠠᠳ ᠨᠠᠷᠢᠨ ᠤᠶᠢᠯᠠᠭᠠᠨ ᠢᠳᠡᠪᠬᠢᠳᠠᠢ ᠤᠷᠤᠯᠴᠠᠬᠤ ᠶᠢ ᠭᠥᠰᠡᠵᠥ ᠪᠠᠶᠢᠨ᠎ᠠ᠃ ᠬᠠᠤᠯᠢ ᠶᠤᠰᠤᠭᠠᠷ ᠤᠯᠤᠰ ᠲᠥᠷᠥ ᠶᠢᠨ ᠡᠷᠭᠡ ᠪᠠᠨ  ᠬᠠᠰᠤᠭᠤᠯᠤᠭᠰᠠᠳ ᠢ ᠭᠠᠷᠭᠠᠪᠠᠯ᠂ ᠰᠤᠩᠭᠤᠭᠤᠯᠢ ᠶᠢᠨ ᠡᠳᠥᠷ ᠪᠥᠭᠦᠯᠢ ᠠᠷᠪᠠᠨ ᠨᠡᠢᠮᠡ ᠭᠥᠷᠥᠭᠰᠡᠨ᠂ ᠲᠠᠷᠤᠢ 1999 ᠤᠨ ᠤ 11 ᠰᠠᠷ᠎ᠠ ᠶᠢᠨ 10᠎ ᠤ ᠡᠳᠥᠷ ᠠᠴᠠ ᠡᠮᠥᠨ᠎ᠡ ᠲᠥᠷᠥᠭᠰᠡᠨ ᠰᠤᠩᠭᠤᠭᠤᠯᠢ ᠶᠢᠨ ᠠᠷᠠᠳ ᠰᠤᠩᠭᠤᠭᠤᠯᠢ ᠶᠢᠨ ᠠᠷᠠᠳ ᠤᠨ ᠨᠡᠷᠡᠰ ᠢ ᠨᠡᠶᠢᠳᠡᠯᠡᠭᠦ ᠡᠳᠥᠷ ︵2017 ᠤᠨ ᠤ 10 ᠰᠠᠷ᠎ᠠ ᠶᠢᠨ 21᠎ ᠤ ᠡᠳᠥᠷ︶᠎ ᠠᠴᠠ ᠡᠮᠥᠨ᠎ᠡ᠂ ᠥᠪᠡᠷ ᠤᠨ ᠪᠠᠶᠢᠭ᠎ᠠ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠢ ᠪᠥᠷᠢᠳᠭᠡᠭᠦ ᠪᠠ ᠬᠢᠨᠠᠨ ᠬᠠᠷᠭᠤᠭᠤᠯᠬᠤ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠥᠪᠡᠷ ᠤᠨ ᠬᠠᠤᠯᠢ ᠶᠤᠰᠤᠨ ᠤ ᠡᠷᠭᠡ ᠠᠰᠢᠭ ᠢᠶᠠᠨ  ᠬᠠᠮᠠᠭᠠᠯᠠᠬᠤ ᠭᠡᠷᠡᠭᠳᠠᠢ᠃ ᠪᠢᠯᠧᠲ ᠥᠭᠭᠦ ᠠᠵᠢᠯᠯᠠᠭᠠᠨ ᠳᠤ ᠢᠳᠡᠪᠬᠢᠳᠠᠢ ᠤᠷᠤᠯᠴᠠᠵᠤ᠂ ᠰᠤᠩᠭᠤᠭᠤᠯᠢ ᠶᠢᠨ ᠬᠤᠭᠤᠴᠠᠭᠠᠨ ᠳᠤ ᠭᠠᠳᠠᠭᠰᠢ ᠭᠠᠷᠪᠠᠯ ᠰᠤᠩᠭᠤᠭᠤᠯᠢ ᠶᠢᠨ ᠡᠷᠭᠡ ᠲᠠᠢ ᠤᠶᠢᠷ᠎ᠡ ᠲᠥᠷᠥᠯ ᠪᠤᠶᠤ ᠪᠤᠰᠤᠳ ᠰᠤᠩᠭᠤᠭᠤᠯᠢ ᠶᠢᠨ ᠠᠷᠠᠳ ᠢᠶᠠᠷ  ᠨᠠᠶᠢᠳᠠᠯᠭ᠎ᠠ ᠶᠢᠨ ᠪᠢᠯᠧᠲ ᠥᠭᠭᠦᠭᠦᠯᠵᠥ ᠪᠤᠯᠤᠨ᠎ᠠ᠃       ᠰᠤᠩᠭᠤᠭᠤᠯᠢ ᠶᠢᠨ ᠠᠷᠠᠳ ᠬᠠᠤᠯᠢ ᠶᠤᠰᠤᠭᠠᠷ ᠪᠢᠯᠧᠲ ᠥᠭᠴᠥ ᠠᠷᠠᠳ ᠤᠨ ᠲᠥᠯᠥᠭᠡᠯᠡᠭᠴᠢ ᠰᠤᠩᠭᠤᠬᠤ ᠪᠤᠯ᠂ ᠰᠤᠩᠭᠤᠭᠤᠯᠢ ᠶᠢᠨ ᠠᠷᠠᠳ ᠠᠴᠠ ᠠᠷᠠᠳᠴᠢᠯᠠᠯ ᠤᠨ ᠡᠷᠭᠡ ᠪᠠᠨ ᠭᠡᠷᠡᠭᠵᠢᠭᠦᠯᠥᠨ᠂ ᠥᠪᠡᠷ ᠤᠨ ᠵᠤᠷᠢᠯᠳᠡ ᠎ ᠪᠠᠨ ᠢᠯᠡᠳᠭᠡᠵᠥ᠂ ᠡᠷᠭᠡ ᠮᠡᠳᠡᠨ ᠡᠵᠡᠨ ᠰᠠᠭᠤᠬᠤ ᠪᠠ ᠲᠥᠷᠥ ᠶᠢᠨ ᠶᠠᠪᠤᠳᠠᠯ ᠢ ᠬᠠᠮᠢᠶᠠᠷᠬᠤ ᠶᠢ ᠪᠠᠶᠠᠯᠠᠭᠦᠯᠭᠦ ᠪᠤᠳᠠᠳᠠᠢ ᠠᠵᠢᠯᠯᠠᠭ᠎ᠠ ᠮᠥᠨ᠃ ᠰᠤᠩᠭᠤᠭᠤᠯᠢ ᠶᠢᠨ ᠠᠷᠠᠳ ᠨᠢᠭᠡᠪᠥᠷᠢ ᠥᠪᠡᠷ ᠤᠨ ᠠᠷᠠᠳᠴᠢᠯᠠᠯ ᠤᠨ ᠡᠷᠭᠡ ᠪᠠᠨ ᠭᠥᠨᠳᠥᠳᠭᠡᠨ ᠨᠠᠨᠳᠢᠩᠨᠠᠵᠥ᠂ ᠡᠵᠡᠨ ᠭᠥᠮᠥᠨ ᠤ ᠤᠪᠤᠷ ᠢᠶᠠᠷ᠂ ᠠᠷᠠᠳ ᠤᠨ ᠲᠥᠯᠥᠭᠡᠯᠡᠭᠴᠢ  ᠎ ᠪᠠᠨ ᠰᠤᠩᠭᠤᠨ᠂ ᠲᠡᠳᠡᠨ ᠤ ᠬᠠᠤᠯᠢ ᠶᠤᠰᠤᠭᠠᠷ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠥᠢᠴᠡᠳᠭᠡᠭᠦ ᠪᠠᠷ ᠲᠠᠮᠵᠢᠨ᠂ ᠥᠪᠡᠷ ᠎ ᠤᠨ ᠥᠨᠳᠥᠰᠥᠨ ᠠᠰᠢᠭ ᠲᠤᠰᠠ ᠪᠠᠨ ᠬᠠᠮᠠᠭᠠᠯᠠᠬᠤ ᠶᠢ ᠠᠷᠢᠭᠤᠨ ᠲᠠᠷᠬᠠᠨ ᠬᠠᠷᠢᠭᠤᠴᠠᠯᠭ᠎ᠠ ᠪᠤᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠡᠯ᠎ᠡ ᠲᠥᠷᠥᠯ ᠤᠨ ᠭᠥᠳᠡᠯᠪᠤᠷᠢ ᠳᠤ ᠲᠥᠪ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠳᠤ ᠤᠪᠤᠷ ᠪᠠ ᠤᠷᠬᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠳᠠᠢ ᠤᠷᠤᠯᠴᠠᠬᠤ ᠶᠢ ᠭᠥᠰᠡᠨ ᠨᠠᠶᠢᠳᠠᠵᠤ ᠪᠠᠶᠢᠨ᠎ᠠ᠃ ᠨᠡᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠤᠰᠤᠭᠠᠷ ᠠᠵᠢᠯᠯᠠᠬᠤ ᠪᠤᠯᠤᠨ ᠲᠠ ᠨᠡᠷ ᠤᠨ ᠢᠳᠡᠪᠬᠢᠳᠠᠢ ᠤᠷᠤᠯᠴᠠᠯᠭ᠎ᠠ ᠪᠠᠷ ᠲᠤᠰ ᠤᠳᠠᠭᠠᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ  ᠢᠯᠭᠤᠮ ᠤᠷᠤᠭᠰᠢᠳᠠᠢ ᠶᠠᠪᠤᠭᠳᠠᠨ᠎ᠠ ᠭᠡᠳᠡᠭ  ᠎ ᠲᠤ  ᠪᠢᠳᠡ ᠪᠠᠳᠤ ᠢᠳᠡᠭᠡᠵᠥ ᠪᠠᠶᠢᠨ᠎ᠠ᠃                  ᠡᠭᠦᠨ ᠤ ᠲᠤᠯᠠ                ᠰᠢᠯᠤᠭᠤᠨ ᠭᠥᠭᠡ ᠬᠤᠰᠢᠭᠤᠨ ᠤ ᠰᠤᠩᠭᠤᠭᠤᠯᠢ ᠶᠢᠨ ᠵᠥᠪᠯᠡᠯ                               2017 ᠤᠨ ᠤ  9 ᠰᠠᠷ᠎ᠠ ᠶᠢᠨ2 7᠎ ᠤ ᠡᠳᠥᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号