2018 ᠣᠨ ᠤ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/1/12
                         2018 ᠣᠨ ᠤ 1 ᠰᠠᠷ᠎ᠠ ᠶᠢᠨ 6᠎ ᠤ ᠡᠳᠦᠷ  ᠰᠢᠯᠤᠭᠤᠨ ᠬᠦᠬᠡ ᠬᠤᠰᠢᠭᠤᠨ ᠤ ᠠᠷᠪᠠᠨ ᠲᠠᠪᠤᠳᠣᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠣᠭᠡᠷ ᠬᠤᠷᠠᠯᠳᠣᠭᠠᠨ ᠲᠡᠭᠡᠷ᠎ᠡ                                        ᠬᠤᠰᠢᠭᠤ ᠲᠠᠷᠤᠭ᠎ᠠ  ᠪᠤᠶᠠᠨᠳᠤᠲᠦᠯᠦᠭᠡᠯᠡᠭᠴᠢᠳ ᠡ᠄        ᠣᠳᠣ᠂ ᠪᠢ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠎ ᠤᠨ ᠣᠷᠳᠣᠨ ᠢ ᠲᠦᠯᠦᠭᠡᠯᠡᠵᠤ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠭᠦ ᠪᠤᠯᠪᠠᠣ᠂ ᠮᠦᠨᠴᠦ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠠ ᠬᠤᠷᠠᠯ ᠳᠤ ᠰᠣᠯᠠ ᠣᠷᠣᠯᠴᠠᠵᠤ ᠪᠠᠶᠢᠭ᠎ᠠ ᠪᠤᠰᠣᠳ ᠨᠦᠬᠦᠳ ᠨᠠᠷ ᠰᠠᠨᠠᠯ ᠢᠶᠠᠨ ᠲᠡᠪᠰᠢᠭᠦᠯᠬᠦ ᠶᠢ ᠬᠦᠰᠡᠵᠦ ᠪᠠᠶᠢᠨ᠎ᠠ᠃       ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠦᠯ       ᠲᠤᠰ ᠬᠤᠭᠤᠴᠠᠭᠠᠨ ᠤ ᠵᠠᠰᠠᠭ ᠤᠨ ᠣᠷᠳᠣᠨ ᠳᠣᠰᠢᠶᠠᠯ ᠡᠭᠦᠷᠭᠡᠯᠡᠭᠰᠡᠨ ᠠᠴᠠ ᠨᠠᠰᠢ᠂ ᠪᠢᠳᠠ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠭᠡᠷ᠂ ᠳᠠᠪᠤᠳᠣᠭᠠᠷ᠂ ᠵᠢᠷᠭᠤᠳᠣᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠡᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠢᠴᠢᠭᠡᠰᠦ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠳᠣᠣᠷ᠎ᠠ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠢᠳᠡᠪᠬᠢᠳᠠᠢ ᠵᠤᠬᠢᠴᠠᠨ᠂ ︽ᠠᠷᠪᠠᠨ ᠬᠤᠶᠠᠳᠣᠭᠠᠷ ᠳᠠᠪᠤᠨ ᠵᠢᠯ︾᠎ ᠤᠨ ᠲᠦᠯᠦᠪᠵᠢᠭᠦᠯᠭᠡ ᠶᠢᠨ ᠡᠯ᠎ᠡ ᠲᠦᠷᠦᠯ ᠤᠨ ᠡᠭᠦᠷᠭᠡ ᠬᠠᠷᠠᠯᠳᠠ ᠪᠠᠨ ᠲᠡᠭᠦᠰ ᠠᠮᠵᠢᠯᠳᠠᠳᠠᠢ ᠪᠡᠶᠡᠯᠡᠭᠦᠯᠵᠤ᠂ ︽ᠠᠷᠪᠠᠨ ᠭᠤᠷᠪᠠᠳᠣᠭᠠᠷ ᠳᠠᠪᠤᠨ ᠵᠢᠯ︾᠎ ᠤᠨ ᠲᠦᠯᠦᠪᠵᠢᠭᠦᠯᠭᠡ ᠶᠢ ᠡᠷᠴᠢᠮᠳᠠᠢ ᠡᠬᠢᠯᠡᠭᠦᠯᠪᠡ ᠃ ᠲᠠᠪᠤᠨ ᠵᠢᠯ ᠤᠨ ᠳᠣᠷᠰᠢ᠂ ᠪᠢᠳᠠ ᠬᠠᠶᠠᠭ᠎ᠠ ᠪᠠᠷᠠᠯᠠᠨ ᠬᠠᠷᠢᠯᠴᠠᠨ ᠲᠦᠰᠢᠯᠴᠡᠵᠦ᠂ ᠪᠦᠯᠬᠦᠮᠳᠠᠨ ᠴᠢᠷᠮᠠᠶᠢᠵᠤ᠂ ᠰᠢᠨ᠎ᠡ ᠶᠢ ᠡᠭᠦᠳᠦᠨ ᠣᠷᠣᠭᠰᠢᠯᠠᠵᠤ᠂ ᠬᠦᠴᠢᠷ ᠢ ᠢᠯᠠᠨ ᠳᠠᠪᠠᠵᠤ᠂ ᠬᠦᠭᠵᠢᠯᠳᠡ ᠶᠢᠨ ᠠᠷᠭ᠎ᠠ ᠬᠡᠯᠪᠡᠷᠢ ᠪᠠᠨ ᠨᠠᠩ ᠰᠢᠨᠵᠢᠯᠡᠬᠦ ᠣᠬᠠᠭᠠᠨᠴᠢ᠂ ᠬᠦᠭᠵᠢᠯᠳᠠ ᠶᠢᠨ ᠰᠠᠭᠤᠷᠢ ᠪᠠᠨ ᠨᠠᠩ ᠪᠠᠳᠣ ᠪᠠᠬᠢ᠂ ᠬᠦᠭᠵᠢᠯᠳᠠ ᠶᠢᠨ ᠣᠷᠴᠢᠨ ᠳᠣᠭᠤᠷᠢᠨ ᠢᠶᠠᠨ ᠨᠠᠩ ᠡᠶ᠎ᠡ ᠵᠤᠬᠢᠴᠠᠯᠳᠠᠢ ᠪᠤᠯᠭᠠᠭᠰᠠᠨ ᠠᠴᠠ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠣᠯᠣᠰ ᠲᠦᠷᠦ ᠶᠢᠨ ᠪᠦᠳᠦᠭᠡᠨ ᠪᠠᠶᠢᠭᠤᠯᠤᠯᠳᠠ᠂ ᠰᠣᠶᠣᠯ ᠤᠨ ᠪᠦᠳᠦᠭᠡᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠣᠨ ᠤ ᠪᠦᠳᠦᠭᠡᠨ ᠪᠠᠶᠢᠭᠤᠯᠤᠯᠳᠠ ᠪᠦᠬᠦ ᠳᠠᠯ᠎ᠠ ᠶᠢᠨ ᠠᠬᠢᠯᠳᠠ ᠶᠢ ᠪᠡᠶᠡᠯᠡᠭᠦᠯᠵᠦ᠂ ᠬᠤᠳᠠ ᠬᠦᠳᠡᠭᠡ ᠶᠢᠨ ᠲᠦᠷᠢ ᠲᠦᠷᠬᠦ ᠮᠡᠳᠡᠭᠳᠡᠮ᠎ᠡ  ᠰᠠᠶᠢᠵᠢᠷᠠᠵᠤ᠂ ᠠᠷᠠᠳ ᠣᠯᠠᠨ ᠤ ᠠᠮᠢᠳᠣᠷᠠᠯ ᠤᠨ ᠬᠢᠷᠢ ᠲᠦᠪᠰᠢᠨ ᠦᠷᠭᠦᠯᠵᠢᠯᠠᠨ ᠲᠡᠭᠡᠭᠰᠢᠯᠡᠵᠦ᠂ ᠠᠷᠠᠳ ᠢᠶᠠᠨ ᠪᠠᠶᠠᠵᠢᠭᠤᠯᠵᠤ᠂ ᠬᠤᠰᠢᠭᠤ ᠪᠠᠨ ᠬᠦᠴᠦᠷᠭᠡᠭᠵᠢᠭᠦᠯᠬᠦ ᠳᠠᠯ᠎ᠠ ᠪᠠᠷ ᠰᠢᠨ᠎ᠡ ᠠᠮᠵᠢᠯᠳᠠ ᠤᠯᠵᠤ᠂ ᠰᠢᠨ᠎ᠡ ᠠᠬᠤᠢ ᠪᠠᠶᠢᠳᠠᠯ ᠢ ᠡᠭᠦᠳᠪᠡ᠃       ᠲᠠᠪᠤᠨ ᠵᠢᠯ ᠤᠨ ᠳᠣᠷᠰᠢ᠂ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠣ ᠬᠦᠴᠦᠨ ᠳᠣᠭᠳᠠᠭᠤᠨ ᠢᠶᠠᠷ ᠨᠡᠮᠡᠭᠳᠡᠪᠡ᠃ ᠰᠢᠨ᠎ᠡ ᠬᠦᠭᠵᠢᠯᠳᠡ ᠶᠢᠨ ᠦᠵᠡᠯᠳᠡ ᠶᠢ ᠭᠤᠶᠢᠪᠢᠰᠢ ᠦᠭᠡᠢ ᠳᠣᠣᠱᠯᠠᠭᠤᠯᠤᠨ᠂ ᠬᠦᠭᠵᠢᠯᠳᠡ ᠶᠢᠨ ᠰᠠᠳᠬᠢᠴᠡ ᠪᠠᠨ ᠰᠢᠨᠡᠳᠭᠡᠵᠤ᠂ ᠬᠦᠭᠵᠢᠯᠳᠡ ᠶᠢᠨ ᠠᠷᠭ᠎ᠠ ᠬᠡᠮᠵᠢᠶ᠎ᠠ ᠪᠠᠨ ᠦᠭᠡᠷᠡᠴᠢᠯᠡᠨ᠂ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢᠶᠠᠨ ᠯᠠᠪᠳᠠᠭᠤᠨ ᠢᠶᠠᠷ ᠲᠡᠭᠡᠭᠰᠢᠯᠡᠬᠦᠯᠪᠡ᠃ ᠲᠠᠪᠤᠨ ᠵᠢᠯ ᠤᠨ ᠳᠣᠷᠰᠢ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤ ᠲᠡᠭᠰᠢᠳᠭᠡᠭᠡᠳ 6.5%᠎ ᠪᠠᠷ ᠨᠡᠮᠡᠭᠳᠡᠪᠠ᠃ ᠨᠠᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠳᠡᠭ ᠵᠢᠯ ᠳᠤ ᠲᠡᠭᠰᠢᠳᠭᠡᠭᠡᠳ 9.3%᠎ ᠪᠠᠷ ᠨᠡᠮᠡᠭᠳᠡᠪᠡ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠵᠢᠯ ᠤᠨ ᠬᠦᠮᠦᠨ ᠳᠣᠮᠳᠠᠴᠢ ᠶᠢᠨ ᠡᠵᠡᠮᠳᠡᠵᠣ ᠪᠤᠯᠬᠤᠶᠢᠴᠠ ᠣᠷᠣᠯᠭ᠎ᠠ 8.9 % ᠪᠠ 10.2%᠎ ᠪᠠᠷ ᠨᠡᠮᠡᠭᠳᠡᠪᠡ᠃ ᠨᠡᠶᠢᠳᠡ 23.2 ᠳ᠋ᠦᠩᠰᠢᠭᠤᠷ ᠲᠦᠭᠦᠷᠢᠭ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ ᠪᠡᠶᠡᠯᠡᠭᠦᠯᠪᠡ᠃ ᠪᠦᠬᠦ ᠨᠠᠶᠢᠭᠡᠮ ᠤᠨ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ ᠶᠢ ᠨᠡᠶᠢᠳᠡ 234.5 ᠳ᠋ᠦᠩᠰᠢᠭᠤᠷ ᠲᠦᠭᠦᠷᠢᠭ ᠪᠡᠶᠡᠯᠡᠭᠦᠯᠪᠡ᠃ ᠣᠳᠣᠬᠢᠴᠢᠯᠠᠭᠰᠠᠨ ᠳᠠᠷᠢᠶᠠᠯᠠᠩ ᠮᠠᠯ ᠠᠵᠤ ᠠᠬᠤᠢ ᠶᠢ ᠲᠦᠷᠭᠡᠨ ᠠᠬᠢᠭᠤᠯᠪᠠ᠃ ᠳᠠᠷᠢᠶᠠᠯᠠᠩ ᠮᠠᠯ ᠠᠵᠤ ᠠᠬᠤᠢ ᠠᠴᠠ ᠦᠷ᠎ᠡ ᠠᠰᠢᠭ ᠣᠯᠬᠤ᠂ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠤᠳᠠᠳᠠᠢ ᠠᠷᠭ᠎ᠠ ᠬᠡᠮᠵᠢᠶ᠎ᠡ ᠶᠢ ᠳᠠᠰᠣᠷᠠᠯᠳᠠ ᠦᠭᠡᠢ ᠪᠠᠳᠣᠵᠢᠭᠤᠯᠤᠨ ᠴᠢᠩᠭᠠᠳᠬᠠᠵᠤ᠂ ᠳᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠠ ᠶᠢ ᠴᠢᠬᠤᠯᠠᠴᠢᠯᠠᠳᠠᠭ ᠪᠠᠶᠢᠭᠰᠠᠨ ᠠᠴᠠ ᠪᠠᠨ ᠴᠢᠨᠡᠷ ᠴᠢᠨᠰᠠᠭ᠎ᠠ ᠶᠢ ᠴᠢᠬᠤᠯᠠᠴᠢᠯᠠᠬᠤ ᠪᠤᠯᠭᠠᠨ ᠬᠤᠪᠢᠷᠠᠭᠤᠯᠬᠤ ᠶᠢ ᠠᠬᠢᠭᠤᠯᠪᠠ᠃ ᠳᠠᠷᠢᠮᠠᠯ ᠤᠨ ᠪᠦᠳᠦᠴᠡ ᠶᠢ ᠣᠯᠠᠮ ᠰᠢᠯᠢᠳᠡᠭᠵᠢᠭᠦᠯᠵᠦ᠂ ᠳᠠᠷᠢᠮᠠᠯ ᠤᠨ ᠳᠠᠯᠠᠪᠠᠢ ᠶᠢ 31 ᠲᠦᠮᠡᠨ ᠮᠣ᠋ ᠣᠷᠴᠢᠮ ᠳᠤ ᠳᠣᠭᠳᠠᠪᠤᠷᠢᠵᠢᠭᠤᠯᠪᠠ᠃ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ᠂ ᠪᠠᠷᠢᠮᠵᠢᠶᠠᠵᠢᠯᠳᠠ᠂ ᠬᠡᠪᠴᠢᠶᠡᠵᠢᠯᠳᠡ ᠶᠢᠨ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠵᠦ᠂ ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠣᠯᠠᠮ ᠲᠡᠭᠦᠯᠳᠡᠷᠵᠢᠭᠦᠯᠦᠨ᠂ 34 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠳᠣᠯᠠᠭᠠᠨ ᠫᠧᠩ᠂ 5.3 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦᠨ ᠬᠤᠷᠤᠭ᠎ᠠ  ᠂ 3.3 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠳᠠᠷᠣᠰᠢ ᠶᠢᠨ ᠵᠤᠭᠤᠷᠢ  ᠂ 3.7 ᠲᠦᠮᠡᠨ ᠮᠤ᠋ ᠲᠠᠷᠢᠮᠠᠯ ᠪᠤᠷᠳᠤᠭᠠᠨ ᠤ ᠰᠠᠭᠤᠷᠢᠨ ᠭᠠᠵᠠᠷ᠂ 10 ᠲᠦᠮᠡᠨ ᠮᠤ᠋ ᠪᠢᠳᠡᠭᠦᠮᠵᠢᠯᠠᠨ ᠣᠷᠭᠤᠭᠤᠯᠬᠤ ᠭᠠᠵᠠᠷ ᠢ ᠪᠠᠶᠢᠭᠤᠯᠪᠠ᠃ ︽ᠬᠤᠨᠢ ᠶᠢ ᠴᠦᠭᠡᠴᠡᠯᠡᠵᠦ᠂ ᠦᠭᠡᠷ ᠮᠠᠯᠵᠢᠬᠤ︾ ᠲᠦᠷᠦ ᠶᠢᠨ ᠪᠤᠳᠣᠯᠭ᠎ᠠ ᠶᠢ ᠬᠦᠨᠵᠡᠭᠡᠢ ᠠᠬᠢᠭᠤᠯᠤᠨ᠂ ᠨᠡᠶᠢᠳᠡ 4325 ᠳᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠭᠡᠷ ᠣᠷᠣᠭᠤᠯᠪᠠ᠃ ᠡᠭᠦᠨ ᠳᠤ᠂ ᠰᠢᠮᠧᠨ᠋ᠲᠷ ᠦᠭᠡᠷ 2325 ᠳᠣᠯᠣᠭᠠᠢ᠂ ᠠᠩᠭᠧᠰ ᠦᠭᠡᠷ 2000 ᠳᠣᠯᠣᠭᠠᠢ ᠪᠠᠶᠢᠵᠦ᠂ ᠦᠭᠡᠷ ᠤᠨ ᠳᠤᠭ᠎ᠠ ᠳᠣᠯᠣᠭᠠᠢ 2012 ᠣᠨ ᠳᠤ 19 ᠲᠦᠮᠡᠨ ᠳᠣᠯᠣᠭᠠᠢ ᠪᠠᠶᠢᠭᠰᠠᠨ ᠠᠴᠠ 2017 ᠤᠨ ᠪᠤᠯᠬᠤ ᠳᠤ 23 ᠲᠦᠮᠡᠨ ᠳᠣᠯᠣᠭᠠᠢ ᠪᠤᠯᠤᠨ ᠨᠡᠮᠡᠭᠳᠡᠪᠡ᠃ ᠴᠡᠪᠡᠷ ᠡᠭᠦᠯᠳᠡᠷ ᠤᠨ ᠠᠩᠭᠧᠰ ᠦᠭᠡᠷ᠂ ᠰᠢᠮᠧᠨ᠋ᠲᠷ ᠮᠢᠬᠠᠨ ᠤ ᠦᠭᠡᠷ ᠢ ᠪᠤᠶᠢᠵᠢᠭᠤᠯᠬᠤ ᠰᠠᠭᠤᠷᠢᠨ ᠭᠠᠵᠠᠷ ᠪᠠ ᠣᠷᠣᠨ ᠨᠣᠳᠤᠭ ᠤᠨ ᠰᠠᠶᠢᠨ ᠡᠭᠦᠯᠳᠡᠷ ᠤᠨ ᠬᠤᠨᠢ᠂ ᠴᠠᠬᠠᠷ ᠬᠤᠨᠢ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠡᠷᠴᠢᠮᠳᠠᠢ ᠠᠬᠢᠭᠤᠯᠤᠨ᠂ ᠰᠢᠮᠧᠨ᠋ᠲᠷ ᠦᠭᠡᠷ ᠤᠨ ᠭᠤᠤᠯᠳᠠᠯᠭᠠᠳᠣ ᠰᠦᠷᠦᠭ 44᠎ ᠶᠢ ᠭᠠᠷᠭᠠᠵᠤ᠂ ᠴᠠᠬᠠᠷ ᠬᠤᠨᠢᠨ ᠤ  ᠭᠤᠤᠯᠳᠠᠯᠭᠠᠳᠣ ᠰᠦᠷᠦᠭ 41᠎ ᠶᠢ ᠭᠠᠷᠭᠠᠵᠤ᠂  ᠭᠡᠷ ᠪᠦᠯᠢ ᠶᠢᠨ ᠮᠠᠯᠵᠢᠯ ᠤᠨ ᠳᠠᠯᠠᠪᠠᠢ ᠶᠢ 76᠎ ᠶᠢ ᠪᠠᠶᠢᠭᠤᠯᠵᠦ᠂ ᠬᠡᠪᠴᠢᠶᠡᠵᠢᠭᠰᠡᠨ ᠰᠠᠭᠠᠯᠠᠢ ᠶᠢᠨ ᠦᠨᠢᠶᠠᠨ ᠤ ᠲᠡᠵᠢᠬᠡᠪᠤᠷᠢ ᠎ ᠶᠢᠨ ᠲᠠᠯᠠᠪᠠᠢ 13᠎ ᠶᠢ ᠪᠠᠶᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢ ᠯᠠᠪᠳᠠᠭᠤᠨ ᠠᠬᠢᠭᠤᠯᠪᠠ᠃ ᠳᠠᠪᠤᠨ ᠵᠢᠯ ᠎ ᠤᠨ ᠳᠣᠷᠰᠢ᠂ ᠨᠡᠶᠢᠳᠡ 196.7 ᠳ᠋ᠦᠩᠰᠢᠭᠤᠷ ᠲᠦᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠪᠡᠶᠡᠯᠡᠭᠦᠯᠤᠨ᠂  ᠵᠢᠯ ᠪᠦᠷᠢ ᠳᠣᠮᠳᠠᠴᠢ ᠪᠠᠷ 6.8%᠎ ᠪᠠᠷ ᠨᠡᠮᠡᠭᠳᠡᠪᠡ᠃ ᠱᠠᠩᠳᠣ ᠴᠠᠬᠢᠯᠭᠠᠨ ᠦᠢᠯᠡᠳᠪᠦᠷᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠳᠠᠭᠠᠮᠵᠢ 372 ᠲᠦᠮᠡᠨ ᠺᠢᠯᠤᠸᠠᠲ ᠪᠠᠶᠢᠵᠤ᠂ ᠲᠠᠪᠤᠨ ᠵᠢᠯ ᠳᠤ ᠨᠡᠶᠢᠳᠡ 932 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠨ᠂ ᠪᠦᠬᠦ ᠠᠶᠢᠮᠠᠭ ᠤᠨ ︽ᠨᠠᠭᠦᠷᠡᠰᠦ ᠴᠠᠬᠢᠯᠭᠠᠨ ᠵᠠᠮ︾᠎ ᠤᠨ ᠠᠵᠤ ᠦᠢᠯᠡᠳᠪᠦᠷᠢ ᠶᠢᠨ ᠬᠦᠭᠵᠢᠯᠳᠡ ᠶᠢᠨ ᠳᠣᠯᠣᠭᠠᠶᠢᠯᠠᠭᠴᠢ ᠠᠵᠤ ᠠᠬᠤᠶᠢᠯᠠᠯ ᠪᠤᠯᠪᠠ᠃ ᠰᠠᠯᠬᠢᠨ ᠪᠠ ᠭᠡᠷᠡᠯ ᠤᠨ ᠡᠨᠧᠷᠬᠢ ᠪᠠᠷ ᠴᠠᠬᠢᠯᠭᠠᠨ ᠭᠠᠷᠭᠠᠬᠤ 7 ᠲᠦᠷᠦᠯ ᠵᠦᠢᠯ ᠤᠨ ᠶᠡᠷᠦᠩᠬᠡᠢ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 35 ᠲᠦᠮᠡᠨ ᠺᠢᠯᠤᠸᠠᠲ ᠲᠤ ᠬᠦᠷᠴᠦ᠂ ᠪᠦᠬᠦᠨ ᠢ ᠠᠰᠢᠭᠯᠠᠯᠳᠠ ᠳᠤ ᠣᠷᠣᠭᠤᠯᠪᠠ᠃ ᠠᠵᠤ ᠦᠢᠯᠡᠳᠪᠦᠷᠢ ᠶᠢᠨ 23 ᠲᠦᠷᠦᠯ ᠵᠦᠢᠯ ᠢ ᠳᠠᠩᠰᠠᠯᠠᠪᠠ᠃ ᠡᠭᠦᠨ ᠳᠤ᠂ ᠦᠪᠡᠷᠳᠡᠭᠡᠨ  ᠵᠠᠰᠠᠬᠤ ᠤᠷᠤᠨ ᠤ ᠲᠡᠰ ᠤᠨ 1 ᠲᠦᠷᠦᠯ ᠵᠦᠢᠯ᠂ ᠠᠶᠢᠮᠠᠭ ᠤᠨ ᠲᠡᠰ ᠤᠨ 7 ᠲᠦᠷᠦᠯ ᠵᠦᠢᠯ ᠪᠠᠶᠢᠵᠤ᠂  ᠳᠠᠩᠰᠠᠨ ᠳᠤ ᠳᠡᠮᠳᠡᠭᠯᠡᠭᠰᠡᠨ ᠲᠦᠷᠦᠯ ᠵᠦᠢᠯ ᠤᠨ ᠪᠡᠯᠡ ᠣᠷᠣᠭᠤᠯᠤᠯᠳᠠ 26.7 ᠳ᠋ᠦᠩᠰᠢᠭᠤᠷ ᠲᠦᠭᠦᠷᠢᠭ ᠲᠤ ᠬᠦᠷᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠠᠨᠳᠤᠰᠢ ᠳᠤ ᠵᠠᠳᠠᠯᠤᠯᠳᠠ ᠬᠢᠬᠦ ᠪᠠ ᠡᠵᠡᠩᠨᠡᠯᠳᠡ ᠶᠢ ᠳᠣᠬᠢᠷᠠᠭᠤᠯᠬᠤ ᠶᠢ ᠦᠷᠭᠦᠯᠵᠢᠯᠠᠨ ᠴᠢᠩᠭᠠᠳᠬᠠᠵᠤ᠂ ᠭᠡᠪᠴᠢᠶᠡᠨ ᠠᠴᠠ ᠲᠡᠭᠡᠭᠰᠢᠬᠢ ᠠᠵᠤ ᠦᠢᠯᠡᠳᠪᠦᠷᠢ ᠎ ᠶᠢᠨ ᠠᠵᠤ ᠠᠬᠤᠶᠢᠯᠠᠯ 21 ᠡᠷᠦᠭᠡ ᠳᠤ ᠬᠦᠷᠴᠦ᠂ 133%᠎ ᠪᠠᠷ ᠨᠡᠮᠡᠭᠳᠡᠨ᠂ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠨᠡᠮᠡᠭᠳᠡᠯ ᠤᠨ ᠲᠤᠭ᠎ᠠ ᠨᠢ ᠪᠦᠬᠦ ᠠᠶᠢᠮᠠᠭ ᠤᠨ ᠲᠡᠷᠢᠭᠦᠨ ᠳᠤ ᠵᠢᠭᠰᠠᠭᠳᠠᠪᠠ᠃ ᠰᠢ ᠪᠧᠢ᠂ ᠴᠠᠩ ᠬᠤᠩ᠂ ᠱᠦᠨ ᠴᠧᠩ᠂ ᠱᠠᠩᠳᠣ ᠦᠭᠡᠷ ᠤᠨ ᠮᠢᠬ᠎ᠠ ᠵᠡᠷᠭᠡ ᠦᠨᠳᠦᠰᠦᠳᠠᠨ ᠤ ᠣᠨᠴᠠᠯᠢᠭᠳᠣ ᠠᠵᠤ ᠠᠬᠤᠶᠢᠯᠠᠯ ᠤᠨ ᠬᠦᠭᠵᠢᠯᠳᠡ ᠶᠢ ᠲᠡᠳᠬᠦᠨ ᠳᠡᠮᠵᠢᠵᠦ᠂ ᠮᠠᠯ ᠲᠡᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠪᠤᠯᠪᠠᠰᠣᠷᠠᠭᠤᠯᠬᠤ ᠠᠵᠤ ᠠᠬᠤᠶᠢᠯᠠᠯ ᠤᠨ ᠬᠡᠯᠬᠢᠶᠡᠰᠣ ᠶᠢ ᠣᠯᠠᠮ ᠣᠷᠳᠣᠳᠬᠠᠪᠠ᠃ ᠱᠠᠩᠳᠣ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠎ ᠶᠢᠨ ᠳᠠᠯᠠᠪᠠᠢ ᠨᠢ 14.3 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠪᠤᠬᠢᠷ ᠣᠰᠣ᠂ ᠪᠤᠷᠤᠭᠠᠨ ᠤ ᠣᠰᠣ ᠶᠢ ᠭᠠᠳᠠᠭᠰᠢᠯᠠᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠪᠦᠬᠦᠨ ᠢ ᠭᠦᠢᠴᠡᠳᠭᠡᠵᠦ᠂ ᠬᠦᠷᠢᠶᠡᠯᠡᠩ ᠤᠨ ᠳᠠᠭᠠᠭᠠᠴᠠ ᠶᠢᠨ ᠴᠢᠳᠠᠪᠬᠢ ᠶᠢ ᠣᠯᠠᠮ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠡᠩᠨᠡᠭᠡᠨ ᠳᠤ ᠵᠢᠭᠰᠠᠭᠠᠭᠳᠠᠪᠠ᠃ ᠶᠤᠸᠠᠨ ᠤ ᠲᠡᠭᠡᠳᠦ ᠨᠠᠶᠢᠰᠯᠠᠯ ᠦᠨᠳᠦᠰᠦᠳᠠᠨ ᠤ ᠰᠣᠶᠣᠯ ᠤᠨ ᠣᠨᠴᠠᠯᠢᠭᠳᠣ ᠠᠵᠤ ᠦᠢᠯᠡᠰ ᠤᠨ ᠬᠦᠷᠢᠶᠡᠯᠡᠩ ᠨᠢ ᠣᠯᠣᠰ ᠤᠨ ᠰᠣᠶᠣᠯ ᠤᠨ ᠶᠠᠮᠤᠨ ᠤ 2015 ᠣᠨ ᠤ ᠳᠣᠷᠭᠠᠨ ᠵᠠᠮ ᠤᠨ ᠰᠣᠶᠣᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠵᠢᠭᠰᠠᠭᠠᠭᠳᠠᠪᠠ᠃ ᠰᠣᠶᠣᠯ ᠵᠢᠭᠤᠯᠴᠢᠯᠠᠯ ᠤᠨ ᠦᠢᠯᠡᠰ ᠢ ᠲᠦᠷᠭᠡᠨ ᠠᠬᠢᠭᠤᠯᠪᠠ᠃ ᠰᠣᠶᠣᠯ ᠵᠢᠭᠤᠯᠴᠢᠯᠠᠯ ᠤᠨ ᠦᠢᠯᠡᠰ ᠢ ᠬᠡᠯᠪᠡᠷᠢ ᠪᠠᠨ ᠬᠤᠪᠢᠷᠠᠭᠤᠯᠤᠨ᠂ ᠪᠦᠳᠦᠴᠡ ᠪᠠᠨ ᠳᠣᠬᠢᠷᠠᠭᠤᠯᠬᠤ ᠴᠢᠬᠤᠯᠠ ᠪᠠᠶᠢᠯᠳᠣᠬᠤ ᠪᠤᠳᠣᠯᠭ᠎ᠠ ᠶᠢᠨ ᠡᠭᠦᠷᠭᠡ ᠪᠤᠯᠭᠠᠵᠤ ᠂ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ᠂ ᠪᠦᠬᠦ ᠣᠷᠣᠨ ᠪᠦᠰᠡ ᠶᠢᠨ ᠠᠵᠢᠯ ᠦᠢᠯᠡᠰ ᠪᠠ ᠲᠦᠷᠪᠡᠨ ᠣᠯᠠᠷᠢᠯ ᠤᠨ ᠵᠢᠭᠤᠯᠴᠢᠯᠠᠯ ᠤᠨ ᠦᠢᠯᠡᠰ ᠢ ᠪᠦᠳᠦᠬᠡᠨ ᠪᠠᠶᠢᠭᠤᠯᠤᠨ ᠬᠦᠭᠵᠢᠬᠦᠯᠵᠦ᠂ ︽ᠵᠢᠭᠤᠯᠴᠢᠯᠠᠯ ᠢ ᠲᠦᠯᠦᠪᠯᠡᠬᠦ᠂ ᠵᠢᠭᠤᠯᠴᠢᠯᠠᠯ ᠢ ᠠᠳᠬᠤᠬᠤ᠂ ᠵᠢᠭᠤᠯᠴᠢᠯᠠᠯ ᠢ ᠬᠦᠴᠦᠷᠭᠡᠭᠵᠢᠭᠦᠯᠬᠦ︾ ᠬᠦᠭᠵᠢᠯᠳᠡ ᠶᠢᠨ ᠦᠵᠡᠯᠳᠡ ᠶᠢ ᠪᠦᠷᠢᠯᠳᠦᠬᠦᠯᠦᠭᠰᠡᠨ ᠠᠴᠠ ᠰᠣᠶᠣᠯ ᠵᠢᠭᠤᠯᠴᠢᠯᠠᠯ ᠤᠨ ᠵᠤᠬᠢᠴᠠᠩᠭᠤᠢ ᠬᠦᠭᠵᠢᠯᠳᠡ ᠮᠡᠳᠡᠭᠳᠡᠮ᠎ᠡ ᠲᠡᠭᠡᠭᠰᠢᠯᠡᠪᠡ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠎ ᠶᠢᠨ ᠦᠵᠡᠮᠵᠢᠳᠣ ᠣᠷᠣᠨ ᠨᠢ ᠣᠯᠣᠰ ᠤᠨ 4A ᠲᠡᠰ ᠤᠨ ᠦᠵᠡᠮᠵᠢᠳᠣ ᠣᠷᠣᠨ ᠢᠶᠠᠷ ᠦᠨᠡᠯᠡᠭᠳᠡᠨ᠂ ︽ ᠪᠦᠬᠦ ᠣᠯᠣᠰ ᠎ ᠤᠨ 2015 ᠣᠨ ᠤ ᠰᠢᠯᠢᠳᠡᠭ ᠵᠢᠭᠤᠯᠴᠢᠯᠠᠯ ᠤᠨ ᠲᠦᠷᠦᠯ ᠵᠦᠢᠯ ᠤᠨ ᠨᠡᠷᠡᠰ︾᠎ ᠲᠤ ᠵᠢᠭᠰᠠᠭᠠᠭᠳᠠᠵᠤ᠂ ᠪᠦᠬᠦ ᠣᠷᠣᠨ ᠤ ᠵᠢᠭᠤᠯᠴᠢᠯᠠᠯ ᠤᠨ ᠨᠡᠷᠡᠳᠣ ᠳᠡᠮᠳᠡᠭ ᠢ ᠡᠭᠦᠳᠦᠨ ᠪᠠᠶᠢᠭᠤᠯᠤᠭᠰᠠᠨ 14 ᠦᠵᠡᠮᠵᠢᠳᠣ ᠣᠷᠣᠨ ᠤ ᠨᠢᠭᠡ ᠪᠠᠷ ᠦᠨᠡᠯᠡᠭᠳᠡᠵᠦ᠂ 5A ᠲᠡᠰ ᠤᠨ ᠦᠵᠡᠮᠵᠢᠳᠣ ᠣᠷᠣᠨ ᠢ ᠡᠷᠡᠮᠡᠯᠵᠡᠯᠡᠬᠦ ᠠᠵᠢᠯ ᠣᠷᠣᠭᠰᠢᠳᠠᠢ ᠶᠠᠪᠤᠭᠳᠠᠵᠤ ᠪᠠᠶᠢᠨ᠎ᠡ᠃ ᠬᠤᠪᠢᠯᠠᠢ ᠺᠢᠨᠤ᠋ ᠲᠧᠯᠸᠢᠰ ᠤᠨ ᠰᠠᠭᠤᠷᠢᠨ ᠭᠠᠵᠠᠷ᠂ ᠱᠠᠩᠳᠣ ᠨᠠᠭᠤᠷ ᠪᠠᠶᠢᠭᠠᠯᠢᠯᠢᠭ ᠵᠢᠭᠤᠯᠴᠢᠯᠠᠯ ᠤᠨ ᠮᠠᠯᠵᠢᠯ ᠤᠨ ᠳᠠᠯᠠᠪᠠᠢ ᠵᠡᠷᠭᠡ ᠲᠦᠷᠦᠯ ᠵᠦᠢᠯ ᠢ ᠯᠠᠪᠳᠠᠭᠤᠨ ᠭᠡᠷᠡᠭᠵᠢᠭᠦᠯᠦᠨ᠂ ᠦᠷᠭᠦᠯᠵᠢᠯᠡᠭᠰᠡᠨ ᠲᠧᠯᠸᠢᠰ ᠵᠦᠴᠦᠭᠡ ︽ᠬᠤᠪᠢᠯᠠᠢ ᠬᠠᠭᠠᠨ︾  ᠎ ᠤ ᠡᠮᠤᠨᠡᠬᠢ ᠬᠤᠭᠤᠴᠠᠭᠠᠨ ᠤ ᠰᠡᠭᠦᠳᠡᠷᠯᠡᠨ ᠦᠢᠯᠡᠳᠬᠦ ᠠᠵᠢᠯ ᠢ ᠳᠠᠭᠤᠰᠬᠠᠵᠤ᠂ ᠮᠤᠩᠭᠤᠯ ᠶᠤᠸᠠᠨ ᠤ ᠲᠡᠤᠬᠡ ᠶᠢᠨ ᠳᠠᠭᠤᠯᠠᠯᠳᠣ ᠵᠦᠴᠦᠭᠡ ︽ᠲᠡᠭᠡᠳᠦ ᠨᠡᠶᠢᠰᠯᠠᠯ︾᠎ ᠢ ᠡᠬᠢᠯᠡᠨ ᠳᠣᠭᠯᠠᠪᠠ᠃ ᠦᠨᠳᠦᠰᠦᠳᠠᠨ ᠤ ᠬᠤᠪᠴᠠᠰᠣ ᠵᠠᠰᠠᠯ᠂ ᠭᠠᠷ ᠣᠷᠠᠯᠠᠯ᠂ ᠰᠦ ᠮᠢᠬᠠᠨ ᠤ ᠪᠦᠳᠦᠭᠡᠭᠳᠡᠭᠦᠨ ᠵᠢᠴᠢ ᠡᠯᠡᠰᠦᠨ ᠵᠢᠷᠤᠭ᠂ ᠦᠨᠳᠦᠰᠦᠨ ᠣᠷᠠᠯᠠᠯ᠂ ᠠᠯᠳᠠ ᠮᠦᠩᠭᠦᠨ ᠤ ᠡᠳ᠋ᠯᠡᠯ ᠵᠡᠷᠭᠡ ᠣᠨᠴᠠᠯᠢᠭᠳᠣ ᠵᠢᠭᠤᠯᠴᠢᠯᠠᠯ ᠤᠨ ᠪᠦᠳᠦᠭᠡᠭᠳᠡᠭᠦᠨ ᠢ ᠪᠤᠯᠪᠠᠰᠣᠷᠠᠭᠤᠯᠤᠨ ᠪᠤᠷᠤᠯᠠᠭᠤᠯᠬᠤ ᠠᠵᠤ ᠦᠢᠯᠡᠰ ᠤᠨ ᠬᠡᠯᠬᠢᠶᠡᠰᠣ ᠶᠢ ᠦᠨᠳᠦᠰᠦᠨ ᠳᠡᠭᠡᠨ ᠪᠦᠷᠢᠯᠳᠦᠭᠦᠯᠦᠨ᠂ ᠨᠡᠶᠢᠳᠡ 1 ᠳ᠋ᠦᠩᠰᠢᠭᠤᠷ ᠢᠯᠡᠭᠦᠦ ᠲᠦᠭᠦᠷᠢᠭ ᠤᠨ ᠦᠷᠳᠡᠭ ᠪᠦᠬᠦᠢ ᠰᠣᠯᠢᠯᠴᠠᠭ᠎ᠠ ᠎ ᠶᠢ ᠪᠡᠶᠡᠯᠡᠭᠦᠯᠵᠦ᠂ ᠬᠤᠳᠠ ᠪᠠᠯᠭᠠᠰᠣᠨ ᠤ 2000 ᠭᠠᠷᠣᠢ ᠦᠯᠡᠭᠦᠦ ᠬᠦᠳᠡᠯᠮᠤᠷᠢ ᠬᠦᠴᠦᠨ ᠤ ᠠᠵᠢᠯ ᠣᠯᠭᠤᠯᠳᠠ ᠶᠢ ᠳᠠᠶᠢᠴᠢᠯᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠰᠣᠷᠠᠯᠳᠠ ᠦᠭᠡᠢ ᠴᠢᠩᠭᠠᠳᠬᠠᠪᠠ᠃ ︽ᠳᠣᠮᠳᠠᠳᠣ ᠣᠯᠣᠰ᠂ ᠶᠤᠸᠠᠨ ᠤ ᠲᠡᠭᠡᠳᠦ ᠨᠠᠶᠢᠰᠯᠠᠯ︾ ᠰᠣᠶᠣᠯ ᠵᠢᠭᠤᠯᠴᠢᠯᠠᠯ ᠎ ᠤᠨ ᠨᠠᠶᠢᠷ᠂ ︽ᠬᠤᠯᠠᠨ ᠰᠢᠷᠭ᠎ᠠ ᠲᠠᠭ᠎ᠠ︾ ᠬᠠᠪᠤᠷ ᠡᠪᠤᠯ ᠤᠨ ᠨᠡᠶᠢᠷ᠂ ︽ᠶᠤᠸᠠᠨ ᠤ ᠲᠡᠭᠡᠳᠦ ᠨᠠᠶᠢᠰᠯᠠᠯ︾ ᠬᠠᠭᠠᠨ ᠤ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠡᠶᠢᠷ᠂ ᠶᠤᠸᠠᠨ ᠤ ᠲᠡᠭᠡᠳᠦ ᠨᠠᠶᠢᠰᠯᠠᠯ ᠣᠯᠠᠨ ᠣᠯᠣᠰ ᠤᠨ ︽ᠬᠦᠶᠦᠭᠴᠢ︾᠎ ᠶᠢᠨ ᠣᠷᠣᠯᠳᠣᠭᠠᠨ ᠵᠡᠷᠭᠡ ᠣᠷᠣᠨ ᠨᠤᠳᠤᠭ ᠤᠨ ᠤᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭᠠᠨ ᠤ ᠨᠡᠷᠡᠳᠣ ᠳᠡᠮᠳᠡᠭ ᠤᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠪᠡ᠃ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ ᠶᠢ ᠪᠦᠬᠦ ᠳᠠᠯ᠎ᠠ ᠪᠠᠷ ᠴᠢᠩᠭᠠᠳᠬᠠᠨ᠂ ᠰᠣᠮᠣ ᠪᠠᠯᠭᠠᠰᠣ ᠳᠠᠯᠠᠪᠠᠢ ᠶᠢᠨ ᠵᠢᠭᠤᠯᠴᠢᠯᠠᠯ ᠤᠨ ᠠᠵᠢᠯ ᠤᠨ ᠠᠯᠪᠠᠨ ᠭᠡᠷ ᠢ ᠪᠠᠶᠢᠭᠤᠯᠤᠨ᠂ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ ᠢ ᠬᠢᠨᠠᠨ ᠬᠠᠮᠢᠶᠠᠷᠬᠤ᠂ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠦᠨ᠎ᠡ ᠬᠠᠩᠰᠢ ᠶᠢ ᠬᠢᠨᠠᠨ ᠬᠠᠮᠢᠶᠠᠷᠬᠤ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢᠳᠣ ᠣᠷᠣᠨ ︶᠎ ᠤ ᠳᠠᠯ᠎ᠠ ᠨᠤᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠢ ᠬᠢᠨᠠᠨ ᠬᠠᠮᠢᠶᠠᠷᠬᠤ ᠵᠡᠷᠭᠡ ᠲᠦᠷᠢᠮ ᠢ ᠳᠣᠭᠳᠠᠭᠠᠨ ᠭᠡᠷᠡᠭᠵᠢᠭᠦᠯᠵᠦ᠂ ︽ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠬᠠᠮᠠᠭᠠᠯᠠᠬᠤ ᠲᠦᠷᠢᠮ︾᠎ ᠢ ᠰᠠᠶᠢᠳᠣᠷ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠦᠬᠦ ᠬᠤᠰᠢᠭᠤᠨ ᠳᠤ 280 ᠭᠠᠷᠣᠢ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ ᠪᠠᠶᠢᠵᠤ᠂ ᠵᠢᠭᠤᠯᠴᠢᠯᠠᠯ ᠤᠨ ᠣᠯᠠᠷᠢᠯ ᠳᠤ 1.48 ᠲᠦᠮᠡᠨ ᠬᠤᠨᠤᠭ ᠤᠨ ᠣᠷᠣ ᠬᠠᠩᠭᠠᠵᠤ ᠳᠠᠶᠢᠯᠤᠨ᠎ᠠ᠃ ᠲᠠᠪᠤᠨ ᠵᠢᠯ ᠤᠨ ᠳᠣᠷᠰᠢ᠂  ᠨᠡᠶᠢᠳᠡ 205 ᠲᠦᠮᠡᠨ ᠬᠦᠮᠦᠨ ᠣᠳᠠᠭᠠᠨ ᠤ  ᠵᠢᠭᠤᠯᠴᠢᠨ ᠢ ᠬᠦᠯᠢᠶᠡᠨ ᠲᠤᠰᠴᠤ᠂ 12.5 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠬᠠᠮᠢᠶᠠᠳᠠᠢ ᠣᠷᠣᠯᠭ᠎ᠠ ᠶᠢ ᠪᠡᠶᠡᠯᠡᠭᠦᠯᠦᠨ᠂ ᠵᠢᠭᠤᠯᠴᠢᠯᠠᠯ ᠤᠨ ᠦᠢᠯᠡᠰ ᠨᠢ ᠢᠳᠡᠭ ᠢᠳᠡᠭ ᠢᠶᠠᠷ ᠪᠦᠬᠦ ᠬᠤᠰᠢᠭᠤᠨ ᠤ ᠬᠦᠭᠵᠢᠯᠳᠡ ᠶᠢ ᠳᠠᠶᠢᠴᠢᠯᠠᠬᠤ ᠰᠢᠨ᠎ᠡ ᠬᠢᠯᠠᠰ ᠴᠡᠭ ᠪᠤᠯᠤᠭᠰᠠᠨ ᠪᠠᠶᠢᠨ᠎ᠡ᠃ ᠡᠯᠧᠺᠲᠷᠤᠨ ᠬᠤᠳᠠᠯᠳᠤᠭ᠎ᠠ ᠲᠦᠷᠭᠡᠨ ᠬᠦᠭᠵᠢᠵᠦ᠂ 2015 ᠣᠨ ᠳᠤ ︽ᠣᠯᠣᠰ ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ ᠳᠣᠰᠬᠤᠨ ᠳᠤ ᠣᠷᠣᠭᠤᠯᠤᠭᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾᠎ ᠤ ᠡᠩᠨᠡᠭᠡᠨ ᠳᠤ ᠵᠢᠭᠰᠠᠭᠠᠭᠳᠠᠪᠠ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠬᠠᠷᠢᠴᠠᠯ ᠤᠯᠠᠮ ᠨᠡᠮᠡᠭᠳᠡᠵᠦ᠂ ᠪᠦᠬᠦ ᠬᠤᠰᠢᠭᠤᠨ ᠤ ᠭᠡᠪᠴᠢᠶᠡᠨ ᠠᠴᠠ ᠲᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠳᠤᠭ᠎ᠠ 13 ᠡᠷᠦᠭᠡ ᠳᠤ ᠬᠦᠷᠴᠦ᠂ 200%᠎ ᠠᠴᠠ ᠲᠡᠭᠡᠭᠰᠢ ᠪᠠᠷ ᠨᠡᠮᠡᠭᠳᠡᠪᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠭᠡᠷᠡᠭᠵᠢᠭᠦᠯᠪᠡ᠃ ᠯᠠᠪᠳᠠᠭᠤᠨ ᠢᠶᠠᠷ ᠣᠷᠣᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠵᠠᠷᠴᠢᠮ ᠢ ᠪᠠᠷᠢᠮᠳᠠᠯᠠᠨ᠂ ᠣᠯᠣᠰ ᠎ ᠤᠨ ᠠᠵᠤ ᠦᠢᠯᠡᠰ ᠢ ᠰᠢᠯᠵᠢᠭᠦᠯᠬᠦ ᠠᠰᠢᠭᠳᠠᠢ ᠳᠣᠬᠢᠶᠠᠯ ᠢ ᠠᠳᠬᠤᠨ᠂ ᠠᠵᠤ ᠠᠬᠤᠢ ᠣᠷᠣᠭᠤᠳᠠᠵᠤ ᠪᠠᠶᠢᠭ᠎ᠠ ᠠᠰᠢᠭ ᠦᠭᠡᠢ ᠡᠯᠧᠮᠧᠨ᠋ᠲ ᠢ ᠢᠯᠠᠨ ᠳᠠᠪᠠᠵᠤ᠂ ᠲᠦᠷᠦᠯ ᠵᠦᠢᠯ  ᠎ ᠳᠤ ᠨᠤᠳᠠᠯᠠᠯᠳᠠ ᠬᠢᠬᠦ᠂ ᠬᠠᠳᠠᠭᠠᠯᠠᠬᠤ᠂ ᠰᠣᠷᠳᠠᠯᠴᠢᠯᠠᠨ ᠳᠠᠨᠢᠯᠴᠠᠭᠤᠯᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠨ᠂ ᠰᠠᠨ ᠰᠢᠶᠠ᠂ ᠭᠥᠸᠧ ᠳ᠋ᠢᠶᠠᠨ᠂ ᠰᠢᠨ ᠹᠧᠩ ᠰᠢᠨ᠎ᠡ ᠡᠨᠧᠷᠬᠢ ᠎ ᠪᠠᠷ ᠴᠠᠬᠢᠯᠭᠠᠨ ᠭᠠᠷᠭᠠᠬᠤ ᠪᠠ ᠵᠥᠩ ᠪᠣᠣ ᠰᠢᠨ᠎ᠡ ᠬᠡᠯᠪᠡᠷᠢ ᠶᠢᠨ ᠪᠤᠭᠤᠳᠠᠯᠯᠠᠬᠤ ᠮᠠᠲ᠋ᠧᠷᠢᠶᠠᠯ᠂  ᠹᠦ᠋ ᠶᠠᠩ ᠬᠦᠬᠦᠷ ᠦᠭᠡᠶᠢᠳᠡᠭᠦᠯᠦᠭᠰᠡᠨ ᠵᠣᠭᠠᠩ ᠢ ᠪᠤᠯᠪᠠᠰᠣᠷᠠᠭᠤᠯᠬᠤ ᠦᠢᠯᠡᠳᠪᠦᠷᠢ᠂ 10 ᠲᠦᠮᠡᠨ ᠺᠢᠯᠤᠸᠠᠲ ᠤᠨ ᠰᠦᠯᠵᠢᠶᠠᠨ ᠪᠤᠳᠣᠯᠳᠠ᠂ ᠰᠢ ᠪᠧᠢ ᠢᠳᠡᠭᠡᠨ ᠣᠮᠳᠠᠭᠠᠨ ᠤ ᠰᠠᠭᠤᠷᠢᠨ ᠭᠠᠵᠠᠷ᠂ ᠳᠠᠯ᠎ᠠ ᠨᠤᠳᠤᠭ ᠤᠨ ᠲᠢᠶᠠᠨ ᠮᠦ ᠰᠦᠨ ᠤ ᠪᠦᠳᠦᠭᠡᠭᠳᠡᠭᠦᠨ ᠪᠤᠯᠪᠠᠰᠣᠷᠠᠭᠤᠯᠬᠤ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠣᠷᠣᠭᠤᠯᠪᠠ᠃ ᠳᠠᠪᠤᠨ ᠵᠢᠯ ᠤᠨ ᠳᠣᠷᠰᠢ᠂ ᠨᠡᠶᠢᠳᠡ 220 ᠬᠤᠳᠠᠯᠳᠣᠭᠠᠴᠢᠨ ᠣᠷᠢᠵᠦ ᠪᠠᠯᠡ ᠳᠠᠳᠠᠬᠤ ᠲᠦᠷᠦᠯ ᠵᠦᠢᠯ ᠢ ᠭᠡᠷᠡᠭᠵᠢᠭᠦᠯᠵᠦ᠂ ᠠᠶᠢᠮᠠᠭ ᠤᠨ ᠭᠠᠳᠠᠨ᠎ᠠ ᠠᠴᠠ 153 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠶᠢ ᠳᠠᠳᠠᠨ ᠠᠪᠴᠢᠷᠠᠪᠠ᠃       ᠳᠠᠪᠤᠨ ᠵᠢᠯ ᠤᠨ ᠳᠣᠷᠰᠢ᠂ ᠠᠮᠢ ᠠᠬᠤᠢ ᠶᠢᠨ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢᠨ ᠠᠵᠢᠯ ᠳᠣᠪᠣᠶᠢᠮ᠎ᠠ ᠠᠮᠵᠢᠯᠳᠠ ᠤᠯᠪᠠ᠃ ᠡᠬᠢ ᠪᠠᠶᠠᠯᠢᠭ ᠢ ᠵᠠᠷᠣᠴᠠᠭᠤᠯᠬᠤ ᠬᠡᠮᠵᠢᠶ᠎ᠡ᠂ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠣᠭᠤᠮ᠂ ᠣᠷᠴᠢᠨ ᠳᠣᠭᠤᠷᠢᠨ ᠤ ᠴᠢᠨᠠᠷ ᠴᠢᠨᠰᠠᠭᠠᠨ ᠤ ᠰᠡᠷᠡᠮᠵᠢ ᠶᠢᠨ ᠱᠣᠭᠤᠮ ᠢ ᠪᠠᠳᠣ ᠰᠠᠬᠢᠵᠤ᠂ ᠴᠠᠩᠭᠡᠷ ᠣᠭᠳᠠᠷᠭᠤᠢ ᠂ ᠨᠣᠮᠢᠨ ᠳᠠᠯ᠎ᠠ᠂ ᠳᠣᠩᠭᠠᠯᠠᠭ ᠣᠰᠣ ᠲᠠᠢ ᠰᠠᠶᠢᠨ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠵᠤ᠂  ᠪᠤᠬᠢᠷᠳᠦᠯ ᠦᠬᠡᠢ ᠬᠦᠭᠵᠢᠯᠳᠡ ᠶᠢᠨ ᠦᠵᠡᠯᠳᠡ ᠶᠢ ᠳᠣᠣᠱᠯᠠᠭᠤᠯᠬᠤ ᠣᠬᠠᠮᠰᠠᠷᠳᠣ ᠴᠢᠨᠠᠷ ᠪᠠ ᠢᠳᠡᠪᠬᠢ ᠴᠢᠨᠠᠷ ᠮᠡᠳᠡᠭᠳᠡᠮ᠎ᠡ ᠴᠢᠩᠭᠠᠷᠠᠪᠠ᠃ ᠠᠮᠢ ᠠᠬᠤᠢ ᠶᠢᠨ ᠬᠠᠮᠠᠭᠠᠯᠠᠯᠳᠠ ᠶᠢᠨ ᠲᠦᠷᠢᠮ ᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠎ ᠶᠢᠨ ᠪᠤᠯᠪᠠᠰᠣᠨ ᠤ ᠲᠦᠷᠢᠮ ᠢ ᠪᠠᠶᠢᠭᠤᠯᠬᠤ ᠳᠣᠷᠰᠢᠯᠳᠠ ᠶᠢᠨ ᠴᠡᠭ ᠤᠨ ᠠᠵᠢᠯ ᠢ ᠡᠷᠴᠢᠮᠳᠠᠢ ᠠᠬᠢᠭᠤᠯᠪᠠ᠃ ᠠᠮᠢ ᠠᠬᠤᠢ ᠎ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠠᠮᠵᠢᠯᠳᠠᠳᠠᠢ ᠦᠷᠨᠢᠭᠦᠯᠵᠦ᠂ ᠲᠠᠪᠤᠨ ᠵᠢᠯ ᠤᠨ ᠳᠣᠷᠰᠢ᠂ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠣᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 48 ᠲᠦᠮᠡᠨ ᠮᠤ᠋ ᠪᠡᠶᠡᠯᠡᠭᠦᠯᠵᠦ᠂ ᠳᠠᠷᠢᠶᠠᠯᠠᠬᠤ ᠶᠢ ᠵᠤᠭᠰᠣᠭᠠᠨ ᠣᠶᠢᠵᠢᠭᠤᠯᠤᠭᠰᠠᠨ ᠳᠠᠯᠠᠪᠠᠢ 3.2 ᠲᠦᠮᠡᠨ ᠮᠤ᠋᠂ ᠣᠶᠢᠵᠢᠭᠤᠯᠤᠯᠳᠠ ᠶᠢᠨ ᠨᠦᠬᠦᠪᠦᠷᠢ ᠮᠦᠩᠭᠦᠨ ᠤ ᠲᠦᠷᠦᠯ ᠵᠦᠢᠯ ᠢᠶᠠᠷ ᠣᠶᠢᠵᠢᠭᠤᠯᠤᠭᠰᠠᠨ ᠳᠠᠯᠠᠪᠠᠢ ᠶᠢ 5.6 ᠲᠦᠮᠡᠨ ᠮᠤ᠋᠂ ᠭᠤᠤᠯᠳᠠᠯᠭ᠎ᠠ ᠲᠠᠢ ᠣᠷᠣᠨ ᠢ ᠨᠤᠭᠤᠭᠠᠷᠠᠭᠤᠯᠤᠭᠰᠠᠨ ᠳᠠᠯᠠᠪᠠᠢ 2.1 ᠲᠦᠮᠡᠨ ᠮᠤ᠋᠂ ᠣᠰᠣ ᠬᠦᠷᠦᠰᠦ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠳᠠ 3.15 ᠲᠦᠮᠡᠨ ᠮᠤ᠋ ᠶᠢ ᠪᠡᠶᠡᠯᠡᠭᠦᠯᠪᠡ᠃ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠠᠵᠢᠯ ᠳᠣᠪᠣᠶᠢᠮ᠎ᠠ ᠠᠮᠵᠢᠯᠳᠠ ᠣᠯᠵᠤ᠂ ᠣᠢ ᠰᠢᠭᠤᠢ ᠶᠢᠨ ᠡᠬᠢ ᠪᠠᠶᠠᠯᠢᠭ ᠵᠢᠯ ᠳᠠᠷᠠᠭᠠᠯᠠᠨ ᠨᠡᠮᠡᠭᠳᠡᠨ᠂ ᠣᠢ ᠰᠢᠭᠤᠢ ᠶᠢᠨ ᠳᠠᠯᠠᠪᠠᠢ 672.4 ᠲᠦᠮᠡᠨ ᠮᠤ᠋ ᠳᠤ ᠬᠦᠷᠴᠦ᠂ ᠣᠢ ᠰᠢᠭᠤᠢ ᠶᠢᠨ ᠪᠦᠷᠬᠦᠴᠡ ᠶᠢᠨ ᠨᠤᠷᠮ᠎ᠠ 20.5%᠎ ᠳᠤ ᠬᠦᠷᠪᠡ᠃ ᠨᠤᠭᠤ ᠭᠠᠵᠠᠷ ᠤᠨ ᠬᠠᠮᠠᠭᠠᠯᠠᠯᠳᠠ ᠶᠢᠨ ᠠᠵᠢᠯ ᠢ ᠳᠠᠰᠣᠷᠠᠯᠳᠠ ᠦᠭᠡᠢ ᠴᠢᠩᠭᠠᠳᠬᠠᠨ᠂ ᠱᠠᠩᠳᠣ ᠶᠢᠨ ᠭᠤᠤᠯ ᠣᠯᠣᠰ ᠤᠨ ᠨᠤᠭᠤ ᠭᠠᠵᠠᠷ ᠤᠨ ᠴᠡᠴᠡᠷᠯᠢᠭ ᠢ ᠡᠷᠡᠮᠡᠯᠵᠡᠯᠡᠨ ᠠᠮᠵᠢᠯᠳᠠ ᠣᠯᠪᠠ᠃ ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠣᠯᠭ᠎ᠠ ᠶᠢ ᠣᠷᠣᠭᠰᠢᠳᠠᠢ ᠭᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠤᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ᠬᠢᠨᠠᠨ ᠬᠠᠮᠢᠶᠠᠷᠣᠯᠳᠠ ᠶᠢᠨ ᠡᠷᠴᠢᠮ ᠢᠶᠠᠨ ᠳᠠᠰᠣᠷᠠᠯᠳᠠ ᠦᠭᠡᠢ ᠴᠢᠩᠭᠠᠳᠬᠠᠵᠦ᠂ ᠦᠨᠳᠦᠷ ᠤᠨᠠᠯᠳᠠᠳᠤ ᠲᠡᠵᠢᠬᠡᠯ ᠪᠤᠷᠳᠤᠭᠠᠨ ᠤ ᠰᠠᠭᠤᠷᠢᠨ ᠭᠠᠵᠠᠷ ᠤᠨ ᠬᠠᠮᠢᠶᠠᠷᠤᠯᠳᠠ ᠪᠠᠨ ᠦᠨᠡᠨᠬᠦ ᠴᠢᠩᠭᠠᠳᠬᠠᠨ᠂ ᠲᠦᠷᠢᠮ ᠠᠴᠠ ᠵᠦᠷᠢᠴᠡᠨ ᠲᠦᠮᠦᠰᠦ ᠮᠡᠳᠦ ᠶᠢᠨ ᠠᠮᠤ ᠪᠤᠳᠠᠭ᠎ᠠ ᠪᠠ ᠠᠵᠦ ᠠᠬᠤᠢ ᠶᠢᠨ ᠲᠠᠷᠢᠮᠠᠯ ᠲᠠᠷᠢᠬᠤ ᠶᠢ ᠪᠦᠬᠦᠨ ᠢ ᠬᠤᠷᠢᠭᠯᠠᠪᠠ᠃ ᠭᠠᠵᠠᠷ ᠰᠢᠨᠵᠢᠯᠡᠭᠡᠨ ᠤ ᠣᠷᠴᠢᠨ ᠳᠣᠭᠤᠷᠢᠨ ᠢ ᠵᠠᠰᠠᠬᠤ ᠢᠨᠵᠧᠨᠧᠷᠢᠩ ᠢ ᠢᠳᠡᠪᠬᠢᠳᠠᠢ ᠠᠬᠢᠭᠤᠯᠤᠨ᠂ ᠪᠤᠬᠢᠷᠳᠣᠯ ᠢ ᠰᠡᠷᠭᠡᠶᠢᠯᠡᠬᠦ ᠠᠵᠢᠯ ᠢ ᠳᠠᠰᠣᠷᠠᠯᠳᠠ ᠦᠭᠡᠢ ᠴᠢᠩᠭᠠᠳᠬᠠᠵᠤ᠂ ᠱᠠᠩᠳᠣ ᠴᠠᠬᠢᠯᠭᠠᠨ ᠦᠢᠯᠡᠳᠪᠦᠷᠢ ᠶᠢᠨ 6 ᠢᠵᠢ ᠮᠠᠰᠢᠨ ᠳᠤ ᠪᠤᠬᠢᠷᠳᠣᠯ ᠢ ᠪᠠᠭᠠᠰᠬᠠᠬᠤ ᠦᠭᠡᠷᠡᠴᠢᠯᠡᠯᠳᠡ ᠬᠢᠵᠦ᠂ ᠦᠪᠦᠷ ᠮᠤᠩᠭᠤᠯ ᠤᠨ ᠪᠠᠭᠰᠢ ᠶᠢᠨ ᠶᠡᠭᠡ ᠰᠣᠷᠭᠠᠭᠤᠯᠢ ᠨᠢ ᠮᠠᠨ ᠤ ᠬᠤᠰᠢᠭᠤᠨ ᠳᠤ ᠣᠷᠴᠢᠨ ᠳᠣᠭᠤᠷᠢᠨ ᠤ ᠰᠢᠨᠵᠢᠯᠡᠬᠦ ᠣᠬᠠᠭᠠᠨ ᠤ ᠳᠣᠰᠬᠠᠢ ᠦᠢᠯᠡᠳᠦᠯᠬᠡ ᠶᠢᠨ ᠰᠣᠷᠭᠠᠨ ᠬᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ᠃ ᠠᠮᠢ ᠠᠬᠤᠢ ᠶᠢᠨ ᠣᠷᠴᠢᠨ ᠳᠣᠭᠤᠷᠢᠨ ᠎ ᠤ ᠳᠣᠪᠣᠶᠢᠮ᠎ᠠ ᠠᠰᠠᠭᠤᠳᠠᠯ ᠢ ᠵᠠᠰᠠᠬᠤ ᠡᠷᠴᠢᠮ ᠢᠶᠠᠨ ᠳᠠᠰᠣᠷᠠᠯᠳᠠ ᠦᠭᠡᠢ ᠨᠡᠮᠡᠭᠳᠡᠭᠦᠯᠦᠨ᠂ ᠣᠷᠴᠢᠨ ᠳᠣᠭᠤᠷᠢᠨ ᠤ ᠪᠣᠬᠢᠷᠳᠣᠯ ᠤᠨ ᠳᠣᠬᠠᠢ ᠵᠠᠭᠠᠯᠳᠣᠯᠭ᠎ᠠ ᠶᠢ ᠰᠢᠢᠳᠪᠦᠷᠢᠯᠡᠭᠰᠡᠨ ᠨᠤᠷᠮ᠎ᠠ ᠶᠢ 95%᠎ ᠳᠤ ᠬᠦᠷᠭᠡᠪᠡ᠃ ᠪᠦᠬᠦ ᠬᠤᠰᠢᠭᠤᠨ ᠤ ᠠᠮᠢ ᠠᠬᠤᠢ ᠣᠷᠴᠢᠨ ᠳᠣᠭᠤᠷᠢᠨ  ᠮᠡᠳᠡᠭᠳᠡᠮ᠎ᠡ ᠰᠠᠶᠢᠵᠢᠷᠠᠵᠤ᠂ ᠠᠮᠢ ᠠᠬᠤᠢ ᠶᠢ ᠰᠡᠷᠭᠡᠶᠢᠯᠡᠨ ᠬᠠᠮᠠᠭᠠᠯᠠᠬᠤ ᠰᠢᠰᠲ᠋ᠧᠮ ᠠᠩᠬ᠎ᠠ ᠠᠯᠬᠤᠮ ᠪᠦᠷᠢᠯᠳᠦᠪᠠ᠃       ᠲᠠᠪᠤᠨ ᠵᠢᠯ ᠤᠨ ᠳᠣᠷᠰᠢ᠂ ᠨᠡᠶᠢᠭᠡᠮ ᠤᠨ ᠠᠷᠠᠳ ᠤᠨ ᠠᠮᠢᠳᠣᠷᠠᠯ ᠢ ᠬᠠᠯᠠᠮᠵᠢᠯᠠᠬᠤ ᠠᠵᠢᠯ ᠨᠢ ᠠᠷᠠᠳ ᠣᠯᠠᠨ ᠤ ᠰᠡᠳᠬᠢᠯ ᠳᠤ ᠬᠦᠷᠪᠡ᠃  ᠠᠩᠬᠠᠨ ᠤ ᠵᠤᠷᠢᠯᠳᠠ ᠪᠠᠨ ᠦᠯᠦ ᠤᠮᠠᠷᠳᠠᠨ᠂ ᠠᠷᠠᠳ ᠤᠨ ᠠᠮᠢᠳᠣᠷᠠᠯ ᠢᠶᠠᠷ ᠭᠤᠤᠯᠳᠠᠯᠭ᠎ᠠ ᠪᠤᠯᠭᠠᠭᠰᠠᠨ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠨ᠂ ᠠᠷᠠᠳ ᠲᠤ ᠠᠰᠢᠭ ᠬᠦᠷᠳᠡᠭᠡᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ ᠭᠡᠷᠡᠭᠵᠢᠭᠦᠯᠬᠦ ᠶᠢ ᠠᠬᠢᠭᠤᠯᠵᠤ᠂ ᠠᠷᠠᠳ ᠤᠨ ᠠᠮᠢᠳᠣᠷᠠᠯ ᠤᠨ ᠬᠦᠷᠢᠶ᠎ᠡ ᠬᠡᠪᠴᠢᠶᠡᠨ ᠳᠤ ᠨᠡᠶᠢᠳᠡ 35.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ᠂ ᠠᠷᠠᠳ ᠣᠯᠠᠨ ᠤ ᠰᠡᠳᠬᠢᠯ ᠢ ᠤᠯᠤᠭᠰᠠᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠢᠨᠵᠧᠨᠧᠷᠢᠩ ᠢ ᠪᠦᠬᠦ ᠳᠠᠯ᠎ᠠ ᠪᠠᠷ ᠦᠷᠨᠢᠭᠦᠯᠵᠦ᠂ 2014 ᠣᠨ ᠎ ᠠᠴᠠ ᠨᠠᠰᠢ᠂ ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠭᠡ ᠪᠦᠯᠦᠭ︾᠎ ᠤᠨ ᠱᠭᠠᠷᠳᠠᠯᠭ᠎ᠠ ᠶᠤᠰᠣᠭᠠᠷ᠂ ᠨᠠᠷᠢᠯᠢᠭ ᠣᠨᠣᠪᠴᠢᠳᠠᠢ ᠪᠠᠷ ᠢᠯᠭᠠᠨ ᠳᠠᠨᠢᠵᠤ᠂ ᠨᠠᠷᠢᠯᠢᠭ ᠣᠨᠣᠪᠴᠢᠳᠠᠢ ᠪᠠᠷ ᠲᠡᠳᠬᠦᠨ ᠳᠡᠮᠵᠢᠵᠤ᠂ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠤᠨ᠂ ᠣᠳᠣ ᠪᠤᠯᠬᠤ ᠳᠤ ᠳᠠᠩᠰᠠ ᠡᠪᠬᠡᠮᠡᠯ᠂ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠢ ᠬᠦᠮᠦᠨ 1883 ᠡᠷᠦᠭᠡ ᠶᠢᠨ 4579 ᠬᠦᠮᠦᠨ ᠪᠠᠶᠢᠵᠤ᠂ ᠭᠤᠷᠪᠠ ᠶᠢ ᠭᠠᠴᠠᠭ᠎ᠠ ᠳᠣᠰᠬᠤᠨ ᠪᠠ ᠡᠷᠦᠭᠡ ᠳᠤ ᠬᠦᠷᠭᠡᠬᠦ᠂ ᠶᠠᠳᠠᠭᠤ ᠶᠢ ᠲᠡᠳᠬᠦᠵᠤ ᠨᠡᠭᠦᠯᠭᠡᠨ ᠰᠢᠯᠵᠢᠭᠦᠯᠬᠦ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠤ ᠠᠷᠠᠳ ᠢ ᠴᠢᠨᠡᠭᠡᠯᠢᠭᠵᠢᠭᠦᠯᠬᠦ ᠢᠨᠵᠧᠨᠧᠷᠢᠩ ᠵᠡᠷᠭᠡ ᠳᠣᠰᠬᠠᠢ ᠲᠦᠷᠦᠯ ᠤᠨ ᠶᠠᠳᠠᠭᠤ ᠶᠢ ᠲᠡᠳᠬᠦᠬᠦ ᠲᠦᠷᠦᠯ ᠵᠦᠢᠯ ᠢ ᠭᠡᠷᠡᠭᠵᠢᠭᠦᠯᠦᠨ᠂ ᠠᠵᠤ ᠦᠢᠯᠡᠰ᠂ ᠰᠣᠷᠭᠠᠨ ᠬᠦᠮᠦᠵᠢᠯ᠂ ᠡᠷᠡᠭᠦᠯ ᠮᠡᠨᠳᠣ ᠵᠡᠷᠭᠡ ᠶᠠᠳᠠᠭᠤ ᠶᠢ ᠲᠡᠳᠬᠦᠬᠦ ᠲᠦᠷᠦ ᠎ ᠶᠢᠨ ᠪᠤᠳᠣᠯᠭ᠎ᠠ ᠵᠢᠴᠢ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠂ 1461 ᠡᠷᠦᠭᠡ ᠶᠢᠨ 3594 ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠪᠠ᠃ ᠠᠷᠠᠳ ᠤᠨ ᠠᠮᠢᠳᠣᠷᠠᠯ ᠢ ᠪᠠᠳᠣᠯᠠᠬᠤ ᠬᠢᠷᠢ ᠲᠦᠪᠰᠢᠨ ᠳᠠᠰᠣᠷᠠᠯᠳᠠ ᠦᠢᠭᠡᠢ ᠲᠡᠭᠡᠭᠰᠢᠯᠡᠵᠦ᠂ ᠬᠤᠳᠠ ᠬᠦᠳᠡᠭᠡ ᠶᠢᠨ ᠳᠣᠣᠷ᠎ᠠ ᠪᠠᠳᠣᠯᠠᠭᠠᠳᠣ ᠡᠷᠦᠭᠡ  ᠎ ᠶᠢᠨ ᠠᠮᠢᠳᠤᠯᠢᠭ ᠬᠠᠮᠢᠶᠠᠷᠣᠯᠳᠠ ᠪᠠᠷ ᠪᠦᠬᠦᠨ ᠢ ᠪᠠᠳᠤᠯᠠᠭᠠᠨ ᠳᠤ ᠤᠷᠤᠭᠤᠯᠵᠦ᠂ ᠳᠣᠣᠷ᠎ᠠ ᠪᠠᠳᠣᠯᠠᠭ᠎ᠠ ᠶᠢᠨ ᠪᠠᠷᠢᠮᠵᠢᠶ᠎ᠠ ᠶᠢ ᠵᠢᠯ ᠤᠨ ᠬᠦᠮᠦᠨ ᠳᠣᠮᠳᠠᠴᠢ ᠶᠢᠨ 7800 ᠲᠦᠭᠦᠷᠢᠭ ᠪᠤᠯᠭᠠᠨ ᠨᠡᠮᠡᠭᠳᠡᠭᠦᠯᠵᠦ᠂ ᠲᠠᠪᠤᠨ ᠪᠠᠳᠣᠯᠠᠭᠠᠳᠣ ᠡᠷᠦᠭᠡ ᠶᠢ ᠲᠦᠪᠯᠡᠷᠡᠭᠦᠯᠦᠨ ᠠᠰᠠᠷᠠᠬᠤ ᠪᠠ ᠬᠡᠷ ᠲᠤ ᠨᠢ ᠠᠰᠠᠷᠠᠬᠤ ᠪᠠᠷᠢᠮᠵᠢᠶ᠎ᠠ ᠶᠢ ᠵᠢᠯ ᠪᠦᠷᠢ ᠶᠢᠨ ᠬᠦᠮᠦᠨ ᠳᠣᠮᠳᠠᠴᠢ ᠶᠢᠨ 1 ᠲᠦᠮᠡᠨ ᠲᠦᠭᠦᠷᠢᠭ ᠪᠤᠯᠭᠠᠨ ᠨᠡᠮᠡᠭᠳᠡᠭᠦᠯᠵᠦ᠂ ᠦᠨᠳᠦᠷ ᠨᠠᠰᠣᠨ ᠤ ᠨᠦᠬᠦᠪᠦᠷᠢ ᠬᠦᠷᠳᠡᠬᠦ ᠬᠡᠪᠴᠢᠶ᠎ᠠ ᠶᠢ 80 ᠨᠠᠰᠣᠨ ᠠᠴᠠ 77 ᠨᠠᠰᠣ ᠪᠤᠯᠭᠠᠨ ᠦᠷᠭᠡᠳᠭᠡᠵᠦ᠂ ᠭᠡᠷ ᠲᠤ ᠪᠠᠨ ᠬᠤᠴᠤᠷᠤᠭᠰᠠᠨ ᠭᠡᠣᠭᠡᠳ᠂ ᠬᠦᠴᠢᠷᠳᠡᠢ ᠭᠡᠤᠭᠡᠳ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠡᠷᠴᠢᠮᠳᠠᠢ ᠲᠡᠭᠡᠭᠰᠢᠯᠡᠭᠦᠯᠪᠡ᠃ ᠭᠠᠮᠰᠢᠭ ᠠᠴᠠ ᠠᠪᠤᠷᠠᠬᠤ ᠪᠤᠳᠠᠰ ᠤᠨ ᠬᠠᠳᠠᠭᠠᠯᠠᠮᠵᠢ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠵᠤ᠂ ᠭᠠᠮᠰᠢᠭ ᠢ ᠪᠠᠭᠠᠰᠬᠠᠵᠤ᠂ ᠭᠠᠮᠰᠢᠭ ᠠᠴᠠ ᠠᠪᠤᠷᠠᠬᠤ ᠴᠢᠳᠠᠪᠬᠢ ᠶᠢ ᠤᠯᠠᠮ ᠨᠢᠭᠡ ᠠᠯᠬᠤᠮ ᠨᠡᠮᠡᠭᠳᠡᠭᠦᠯᠤᠨ᠂ ᠶᠠᠳᠠᠭᠤ ᠬᠦᠴᠢᠷᠳᠠᠢ ᠣᠯᠠᠨ ᠲᠦᠮᠡᠨ ᠤ ᠠᠮᠢᠳᠣᠷᠠᠯ ᠪᠠᠳᠣᠯᠠᠭ᠎ᠠ ᠲᠠᠢ ᠪᠤᠯᠵᠤ᠂ ᠡᠨᠡ ᠲᠠᠪᠤᠨ ᠵᠢᠯ ᠳᠤ ᠨᠡᠶᠢᠳᠡ 1661 ᠲᠦᠮᠡᠨ ᠲᠦᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠦᠩᠬᠦ ᠪᠠᠭᠤᠯᠭᠠᠨ᠂ 4.4 ᠲᠦᠮᠡᠨ ᠬᠦᠮᠦᠨ ᠤᠳᠠᠭ᠎ᠠ ᠳᠤ ᠠᠰᠢᠭ ᠬᠦᠷᠳᠡᠭᠡᠪᠡ᠃  ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠦᠨᠳᠦᠰᠦᠨ ᠳᠡᠭᠡᠨ ᠪᠠᠶᠢᠭᠤᠯᠤᠭᠳᠠᠵᠤ᠂ ᠨᠠᠰᠣᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ ᠤᠨ ᠰᠢᠷᠬᠠᠳᠣᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠪᠦᠷᠬᠦᠴᠡ ᠶᠢ ᠳᠠᠰᠣᠷᠠᠯᠳᠠ ᠦᠭᠡᠢ ᠦᠷᠭᠡᠳᠭᠡᠵᠦ᠂ ᠪᠤᠰᠣᠳ ᠭᠠᠵᠠᠷ ᠲᠤ ᠡᠮᠨᠡᠭᠦᠯᠦᠭᠰᠡᠨ ᠴᠦ ᠰᠢᠭᠤᠳ ᠳᠠᠩᠰᠠ ᠳᠠᠶᠢᠯᠠᠵᠤ ᠦᠭᠬᠦ ᠶᠢ ᠪᠡᠶᠡᠯᠡᠭᠦᠯᠪᠡ᠃ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠪᠤᠰᠬᠠᠬᠤ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠬᠤᠰᠢᠭᠤ ᠶᠢ ᠡᠷᠴᠢᠮᠳᠠᠢ ᠪᠠᠶᠢᠭᠤᠯᠤᠨ᠂ ᠣᠯᠠᠨ ᠲᠦᠮᠡᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠨᠢᠭᠡᠳᠣᠯᠳᠠᠢ ᠲᠦᠯᠦᠪᠯᠡᠨ ᠠᠬᠢᠭᠤᠯᠵᠤ᠂ ᠦᠢᠯᠡᠰ ᠪᠤᠰᠬᠠᠵᠤ ᠠᠵᠢᠯ ᠣᠯᠭᠤᠬᠤ ᠬᠦᠷᠢᠶᠡᠯᠡᠩ 3᠎ ᠶᠢ ᠪᠠᠶᠢᠭᠤᠯᠤᠨ᠂ 1.65 ᠳ᠋ᠦᠩᠰᠢᠭᠤᠷ ᠲᠦᠭᠦᠷᠢᠭ ᠤᠨ ᠦᠢᠯᠡᠰ ᠪᠤᠰᠬᠠᠬᠤ ᠪᠠᠳᠣᠯᠠᠭ᠎ᠠ ᠶᠢᠨ ᠵᠢᠭᠡᠯᠡᠯᠭᠡ ᠳᠠᠯᠪᠢᠵᠤ᠂ ᠡᠯ᠎ᠡ ᠲᠦᠷᠦᠯ ᠤᠨ ᠪᠤᠯᠪᠠᠰᠣᠷᠠᠯ ᠎ ᠢ 1 ᠲᠦᠮᠡᠨ ᠬᠦᠮᠦᠨ ᠣᠳᠠᠭ᠎ᠠ ᠵᠤᠬᠢᠶᠠᠨ ᠪᠠᠶᠢᠭᠤᠯᠤᠨ᠂ 3.6 ᠲᠦᠮᠡᠨ ᠠᠵᠢᠯ ᠤᠨ ᠪᠠᠶᠢᠷᠢ ᠬᠠᠩᠭᠠᠨ᠂ ᠬᠤᠳᠠ ᠪᠠᠯᠭᠠᠰᠣᠨ ᠤ 1.5 ᠲᠦᠮᠡᠨ ᠬᠦᠮᠦᠨ ᠳᠤ ᠠᠵᠢᠯ ᠣᠯᠭᠤᠵᠤ᠂ 2.1 ᠲᠦᠮᠡᠨ ᠮᠠᠯᠴᠢᠨ ᠳᠠᠷᠢᠶᠠᠴᠢᠨ ᠢ ᠨᠡᠭᠦᠯᠭᠡᠨ ᠰᠢᠯᠵᠢᠭᠦᠯᠵᠦ ᠠᠵᠢᠯ ᠣᠯᠭᠤᠬᠤ ᠶᠢ ᠪᠡᠶᠡᠯᠡᠭᠦᠯᠦᠨ᠂ ᠬᠤᠳᠠ ᠪᠠᠯᠭᠠᠰᠣᠨ ᠤ ᠳᠠᠩᠰᠠᠨ ᠳᠤ ᠪᠠᠶᠢᠭ᠎ᠠ ᠠᠵᠢᠯ ᠠᠯᠳᠠᠭᠰᠠᠳ ᠎ ᠤᠨ ᠨᠤᠷᠮ᠎ᠠ ᠶᠢ 3.4% ᠳᠣᠳᠣᠷ᠎ᠠ ᠬᠢᠵᠠᠭᠠᠷᠯᠠᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠨ ᠤ ᠪᠠᠶᠢᠭᠤᠯᠤᠯᠳᠠ ᠪᠠᠷ ᠮᠠᠯᠴᠢᠨ ᠳᠠᠷᠢᠶᠠᠴᠢᠨ ᠤ ᠨᠤᠳᠤᠭ ᠲᠠᠭᠠᠨ ᠪᠤᠴᠠᠨ ᠦᠢᠯᠡᠰ ᠪᠤᠰᠬᠠᠬᠤ ᠶᠢ ᠲᠡᠮᠵᠢᠭᠰᠡᠨ ᠣᠯᠣᠰ ᠤᠨ ᠭᠤᠷᠪᠠᠳᠣᠭᠠᠷ ᠪᠦᠯᠦᠭ ᠳᠣᠷᠰᠢᠯᠳᠠ ᠶᠢᠨ ᠤᠷᠤᠨ ᠢᠶᠠᠷ ᠵᠢᠭᠰᠠᠭᠠᠭᠳᠠᠪᠠ᠃ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠭᠦᠯᠵᠦ᠂ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠷ ᠳᠣᠮᠳᠠᠳᠣ ᠶᠢᠨ ᠰᠣᠷᠭᠠᠨ ᠬᠦᠮᠦᠵᠢᠯ᠂  ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠲᠡᠩᠴᠡᠭᠦᠷᠢᠳᠡᠢ ᠬᠦᠭᠵᠢᠭᠦᠯᠪᠡ᠃ ᠦᠨᠳᠦᠷ ᠳᠣᠮᠳᠠᠳᠣ ᠳᠤ ᠤᠷᠤᠬᠤ ᠨᠤᠷᠮ᠎ᠠ 94%᠎ ᠳᠤ ᠬᠦᠷᠴᠦ᠂ 9%᠎ ᠪᠠᠷ ᠨᠡᠮᠡᠭᠳᠡᠪᠡ᠃ ᠦᠨᠳᠦᠰᠦᠳᠠᠨ ᠤ ᠰᠣᠷᠭᠠᠨ ᠬᠦᠮᠦᠵᠢᠯ ᠤᠨ ᠰᠣᠳᠣᠨ ᠰᠣᠷᠭᠠᠭᠤᠯᠢ ᠶᠢ ᠪᠠᠶᠢᠭᠤᠯᠬᠤ ᠠᠵᠢᠯ ᠳᠣᠪᠣᠶᠢᠮ᠎ᠠ ᠠᠮᠵᠢᠯᠳᠠ ᠣᠯᠵᠤ᠂ ᠨᠠᠷᠢᠯᠢᠭᠵᠢᠭᠤᠯᠤᠭᠰᠠᠨ ᠬᠠᠮᠢᠶᠠᠷᠣᠯᠳᠠ ᠶᠢ ᠳᠠᠰᠣᠷᠠᠯᠳᠠ ᠦᠭᠡᠢ ᠴᠢᠩᠭᠠᠳᠬᠠᠨ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠳᠠᠰᠣᠷᠠᠯᠳᠠ ᠦᠭᠡᠢ ᠲᠡᠭᠡᠭᠰᠢᠯᠡᠪᠡ᠃ ᠣᠯᠣᠰ ᠪᠠ ᠦᠪᠡᠷᠳᠡᠭᠡᠨ ᠵᠠᠰᠠᠬᠤ ᠤᠷᠤᠨ ᠎ ᠤ ᠲᠡᠰ ᠤᠨ ᠬᠦᠯ ᠪᠦᠮᠪᠦᠭᠡ ᠶᠢᠨ ᠣᠨᠴᠠᠯᠢᠭᠳᠣ ᠰᠣᠷᠭᠠᠭᠤᠯᠢ 3᠎ ᠶᠢ ᠪᠠᠶᠢᠭᠤᠯᠪᠠ᠃ ᠨᠠᠶᠢᠳᠠ 148 ᠨᠡᠷ᠎ᠡ ᠳᠣᠮᠳᠠᠳᠣ ᠪᠠᠭ᠎ᠠ ᠰᠣᠷᠭᠠᠭᠤᠯᠢ ᠪᠠ ᠴᠡᠴᠡᠷᠯᠢᠭ ᠤᠨ ᠪᠠᠭᠰᠢ ᠡᠯᠰᠡᠵᠦ᠂ ᠨᠡᠷᠡᠳᠣ ᠪᠠᠭᠰᠢ ᠶᠢᠨ ᠠᠵᠢᠯᠯᠠᠬᠤ ᠳᠠᠰᠤᠭ 25᠎ ᠶᠢ ᠪᠠᠶᠢᠭᠤᠯᠤᠨ᠂ ᠪᠠᠭᠰᠢ ᠠᠵᠢᠯᠳᠠᠨ ᠤ ᠬᠡᠪ ᠪᠤᠯᠪᠠᠰᠣᠷᠠᠯ ᠢ ᠳᠣᠭᠳᠠᠭᠤᠨ ᠢᠶᠠᠷ ᠲᠡᠭᠡᠭᠰᠢᠯᠡᠭᠦᠯᠪᠡ᠃ ᠰᠣᠷᠭᠠᠨ ᠬᠦᠮᠦᠵᠢᠯ ᠤᠨ ᠤᠷᠤᠨ ᠪᠦᠰᠡ ᠶᠢᠨ ᠰᠤᠷᠠᠭ ᠵᠠᠩᠬᠢᠴᠢᠯᠠᠯᠳᠠ ᠶᠢᠨ ᠰᠦᠯᠵᠢᠶ᠎ᠡ ᠪᠠ ᠰᠣᠷᠣᠯᠴᠠᠯᠭ᠎ᠠ ᠶᠢᠨ ᠰᠦᠯᠵᠢᠶ᠎ᠡ ᠶᠢ ᠤᠶᠠᠯᠳᠤᠭᠤᠯᠵᠦ᠂ ᠪᠤᠬᠢᠷᠳᠣᠯ ᠦᠭᠡᠢ ᠬᠢᠴᠢᠶᠡᠯᠯᠡᠬᠦ ᠣᠷᠴᠢᠨ ᠳᠣᠭᠤᠷᠢᠨ ᠢ ᠪᠠᠶᠢᠭᠤᠯᠪᠠ᠃ ᠪᠦᠬᠦ ᠬᠤᠰᠢᠭᠤᠨ ᠤ ᠳᠣᠮᠳᠠᠳᠣ ᠪᠠᠭ᠎ᠠ ᠰᠣᠷᠭᠠᠭᠤᠯᠢ ᠶᠢᠨ ᠪᠦᠳᠦᠭᠡᠨ ᠪᠠᠶᠢᠭᠤᠯᠤᠯᠳᠠ ᠨᠢ ᠴᠦᠮ ᠠᠶᠢᠮᠠᠭ ᠤᠨ ᠲᠡᠰ ᠤᠨ ᠪᠠᠷᠢᠮᠵᠢᠶ᠎ᠠ ᠳᠤ ᠬᠦᠷᠦᠭᠰᠡᠨ ᠪᠦᠬᠡᠳ ᠪᠦᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠨ᠂ 2016 ᠣᠨ ᠳᠤ ᠠᠯᠪᠠᠨ ᠵᠢᠷᠣᠮ ᠤᠨ ᠰᠣᠷᠭᠠᠨ ᠬᠦᠮᠦᠵᠢᠯ ᠢ ᠲᠡᠩᠴᠡᠭᠦᠷᠢᠳᠡᠢ ᠬᠦᠭᠵᠢᠭᠦᠯᠦᠭᠰᠡᠨ ᠤᠷᠤᠨ ᠢᠶᠠᠷ ᠦᠨᠡᠯᠡᠭᠳᠠᠪᠠ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠵᠢᠯ ᠦᠢᠯᠡᠰ ᠢ ᠴᠢᠩᠭᠠᠳᠬᠠᠨ᠂ ᠬᠤᠰᠢᠭᠤᠨ ᠤ ᠲᠡᠰ ᠤᠨ ᠡᠮᠴᠢᠯᠡᠬᠡᠨ ᠤ ᠪᠠᠶᠢᠭᠤᠯᠤᠮᠵᠢ ᠪᠠᠷ ᠲᠦᠪ ᠪᠤᠯᠭᠠᠵᠤ᠂ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠵᠠᠩᠬᠢᠯᠠᠭ᠎ᠠ ᠪᠤᠯᠭᠠᠵᠤ᠂ ᠭᠠᠴᠠᠭ᠎ᠠ ᠳᠣᠰᠬᠤᠨ ᠤ ᠡᠷᠡᠭᠦᠯ ᠬᠠᠮᠠᠭᠠᠯᠠᠯ ᠎ ᠤᠨ ᠳᠠᠰᠤᠭ ᠢᠶᠠᠷ ᠰᠠᠭᠤᠷᠢ ᠪᠤᠯᠭᠠᠭᠰᠠᠨ ᠭᠤᠷᠪᠠᠨ ᠱᠠᠳᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ ᠬᠤᠰᠢᠭᠤ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ᠂ ᠳᠣᠮᠳᠠᠳᠣ ᠣᠯᠣᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠲᠠᠢ ᠬᠠᠮᠳᠣᠷᠠᠯᠴᠠᠭᠠᠨ ᠤ ᠬᠠᠷᠢᠴᠠᠭ᠎ᠠ ᠪᠠᠶᠢᠭᠤᠯᠤᠨ᠂ ᠳᠣᠰᠬᠠᠢ ᠮᠡᠷᠭᠡᠵᠢᠯᠳᠡᠨ ᠢ ᠣᠷᠢᠵᠤ ᠡᠪᠡᠳᠴᠢᠨ ᠣᠨᠣᠰᠢᠯᠠᠬᠤ ᠪᠤᠶᠤ ᠠᠯᠣᠰ ᠠᠴᠠ ᠬᠠᠮᠳᠣᠷᠠᠨ ᠣᠨᠣᠰᠢᠯᠠᠬᠤ ᠶᠢ ᠪᠡᠶᠡᠯᠡᠭᠦᠯᠪᠡ᠃ ᠮᠤᠩᠭᠤᠯ ᠡᠮ ᠡᠮᠨᠡᠯᠭᠡ ᠶᠢᠨ ᠠᠵᠢᠯ ᠦᠢᠯᠡᠰ ᠨᠢ ᠲᠦᠷᠭᠡᠨ ᠬᠦᠭᠵᠢᠵᠦ᠂ ᠬᠤᠰᠢᠭᠤ ᠮᠤᠩᠭᠤᠯ ᠡᠮᠨᠡᠯᠭᠡ ᠶᠢᠨ ᠬᠤᠷᠢᠶ᠎ᠠ ᠨᠢ ᠪᠦᠬᠦ ᠠᠶᠢᠮᠠᠭ ᠤᠨ ᠴᠣᠷ ᠤᠨ ᠭᠠᠭᠴᠠ ᠮᠤᠩᠭᠤᠯ ᠡᠮ ᠨᠠᠶᠢᠷᠠᠭᠤᠯᠬᠤ ᠬᠢᠷᠢ ᠬᠡᠮ ᠲᠠᠢ ᠬᠤᠰᠢᠭᠤ ᠱᠠᠳᠣᠨ ᠤ ᠡᠮᠨᠡᠯᠭᠡ ᠶᠢᠨ ᠬᠤᠷᠢᠶ᠎ᠠ ᠪᠤᠯᠪᠠ᠃ ᠬᠦᠳᠡᠭᠡ ᠳᠣᠰᠬᠤᠨ ᠳᠤ ᠨᠡᠶᠢᠳᠡ 1.2 ᠲᠦᠮᠡᠨ ︽ᠭᠡᠷ ᠪᠦᠯᠢ ᠎ ᠶᠢᠨ ᠡᠷᠡᠭᠦᠯ ᠮᠠᠨᠳᠣ ᠶᠢᠨ ᠪᠠᠳᠣᠯᠠᠭ᠎ᠠ ᠶᠢᠨ ᠵᠢᠵᠢᠭ ᠡᠮ ᠤᠨ ᠬᠠᠶᠢᠷᠴᠠᠭ︾ ᠳᠠᠷᠬᠠᠭᠠᠪᠠ᠃ ᠣᠯᠠᠨ ᠨᠡᠶᠢᠳᠡ ᠶᠢᠨ ᠰᠣᠶᠣᠯ ᠎ ᠤᠨ ᠦᠢᠯᠡᠴᠢᠯᠡᠭᠡᠨ ᠤ ᠳᠣᠭᠳᠠᠯᠴᠠᠭ᠎ᠠ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠰᠣᠶᠣᠯ ᠳᠠᠮᠢᠷ ᠤᠨ ᠲᠦᠪ᠂ ᠡᠯ᠎ᠡ ᠳᠣᠮᠳᠠᠳᠣ ᠪᠠᠭ᠎ᠠ ᠰᠣᠷᠭᠠᠭᠤᠯᠢ ᠶᠢᠨ ᠳᠠᠮᠢᠷ ᠤᠨ ᠣᠷᠳᠣᠨ ᠢ ᠵᠠᠯᠭᠠᠪᠠᠷ ᠪᠦᠳᠦᠭᠡᠨ ᠪᠠᠶᠢᠭᠤᠯᠤᠨ ᠠᠰᠢᠭᠯᠠᠯᠳᠠ ᠳᠤ ᠣᠷᠣᠭᠤᠯᠵᠤ᠂ ᠭᠠᠴᠠᠭ᠎ᠠ ᠳᠣᠰᠬᠤᠨ ᠪᠦᠬᠦᠨ ᠳᠤ ᠰᠣᠶᠣᠯ ᠤᠨ ᠠᠵᠢᠯᠯᠠᠭᠠᠨ ᠤ ᠳᠠᠰᠤᠭ ᠢ ᠪᠦᠷᠭᠦᠭᠦᠯᠵᠦ᠂ ᠷᠡᠳᠢᠣ᠋᠂ ᠲᠧᠯᠸᠢᠰ ᠤᠨ ᠶᠡᠷᠦᠩᠬᠡᠢ ᠪᠦᠷᠬᠦᠴᠡ ᠶᠢᠨ ᠨᠤᠷᠮ᠎ᠠ ᠪᠠ ᠬᠦᠯᠢᠶᠡᠨ ᠦᠵᠡᠭᠴᠢ ᠶᠢᠨ ᠨᠤᠷᠮ᠎ᠠ ᠪᠦᠷ 100%᠎ ᠳᠤ ᠬᠦᠷᠪᠡ᠃ ᠦᠪᠡᠷᠳᠡᠭᠡᠨ ᠡᠷᠬᠢᠯᠡᠭᠰᠡᠨ ᠮᠤᠩᠭᠤᠯ ᠬᠢᠳᠡᠳ ᠬᠤᠶᠠᠷ ᠬᠡᠯᠡᠨ ᠤ ᠷᠡᠳᠢᠣ᠋ ᠨᠡᠪᠳᠡᠷᠡᠭᠦᠯᠭᠡ ᠶᠢ ᠳᠠᠭᠠᠭᠤᠯᠢ ᠣᠳᠣ ᠪᠠᠷ ᠳᠠᠮᠵᠢᠭᠤᠯᠬᠤ ᠶᠢ ᠪᠡᠶᠡᠯᠡᠭᠦᠯᠦᠨ᠂ ︽ᠡᠯᠢᠭᠡᠨ ᠰᠠᠳᠣᠨ ᠰᠠᠶᠢᠨ ᠪᠠᠶᠢᠨᠠᠣ︾᠂ ︽ᠮᠢᠨᠤ ᠦᠪᠦᠷ ᠮᠤᠩᠭᠤᠯ︾ ᠬᠡᠮᠡᠬᠦ ᠬᠤᠶᠠᠷ ᠳᠠᠭᠤᠤ ᠨᠢ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠤᠶᠤᠨ ᠤ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢᠨ ︽ᠲᠠᠪᠤᠨ ᠨᠢᠭᠡ ᠶᠢᠨ ᠢᠨᠵᠧᠨᠧᠷᠢᠩ︾᠎ ᠤᠨ ᠰᠢᠯᠢᠳᠡᠭ ᠱᠠᠩᠨᠠᠯ ᠢ ᠬᠦᠷᠳᠡᠵᠦ᠂ ᠮᠠᠨ ᠤ ᠬᠤᠰᠢᠭᠤ ᠪᠠᠷ ᠨᠤᠳᠣᠭᠳᠠᠢ ᠳᠠᠮᠢᠷᠴᠢᠨ ᠰᠠᠶᠢᠨᠵᠢᠷᠭᠠᠯ ᠣᠯᠣᠰ ᠢᠶᠠᠨ ᠲᠦᠯᠦᠭᠡᠯᠡᠨ ᠭᠤᠴᠢᠨ ᠨᠢᠭᠡᠳᠣᠭᠡᠷ ᠬᠤᠭᠤᠴᠠᠭᠠᠨ ᠤ ᠵᠤᠨ ᠤ ᠣᠯᠠᠷᠢᠯ ᠤᠨ ᠣᠯᠢᠮᠫᠢᠺ ᠤᠨ ᠣᠷᠣᠯᠳᠣᠭᠠᠨ ᠳᠤ ᠣᠷᠣᠯᠴᠠᠪᠠ᠃ ᠪᠤᠳᠠᠰ ᠤᠨ ᠪᠤᠰᠣ ᠰᠣᠶᠣᠯ ᠤᠨ ᠦᠪ ᠢ ᠬᠠᠮᠠᠭᠠᠯᠠᠬᠤ ᠠᠵᠢᠯ ᠢ ᠣᠯᠠᠮ ᠴᠢᠩᠭᠠᠳᠬᠠᠵᠤ᠂ ᠣᠯᠣᠰ ᠤᠨ ᠪᠠ ᠤᠷᠤᠨ ᠤ ᠲᠡᠰ ᠤᠨ ᠪᠤᠳᠠᠰ ᠤᠨ ᠪᠤᠰᠣ ᠰᠣᠶᠣᠯ ᠤᠨ ᠦᠪ ᠤᠨ ᠲᠦᠷᠦᠯ ᠵᠦᠢᠯ ᠨᠢ ᠲᠤᠰ ᠲᠤᠰ 2 ᠪᠠ 15᠎ ᠳᠤ ᠬᠦᠷᠴᠦ᠂ 20 ᠬᠦᠮᠦᠨ ᠤᠷᠤᠨ ᠤ ᠲᠡᠰ ᠤᠨ ᠪᠤᠳᠠᠰ ᠤᠨ ᠪᠤᠰᠣ ᠰᠣᠶᠣᠯ ᠤᠨ ᠦᠪ ᠤᠨ ᠣᠯᠠᠮᠵᠢᠯᠠᠭᠴᠢ ᠪᠠᠷ ᠲᠤᠭᠳᠠᠭᠠᠭᠳᠠᠪᠠ᠃ ᠰᠢᠯᠤᠭᠤᠨ ᠬᠦᠬᠡ ᠬᠤᠰᠢᠭᠤᠨ ᠤ ᠬᠤᠷᠤᠳ᠂ ᠦᠷᠦᠮ᠎ᠡ᠂ ᠴᠠᠬᠠᠷ ᠬᠤᠨᠢᠨ ᠮᠢᠬ᠎ᠠ ᠶᠢ ᠣᠯᠣᠰ ᠤᠨ ᠭᠠᠵᠠᠷ ᠵᠦᠢ ᠶᠢᠨ ᠰᠢᠨᠵᠢ ᠳᠡᠮᠳᠡᠭ ᠶᠢ ᠬᠠᠮᠠᠭᠠᠯᠠᠬᠤ ᠪᠦᠳᠦᠭᠡᠭᠳᠡᠭᠦᠨ ᠎ ᠤ ᠳᠣᠰᠬᠠᠢ ᠳᠡᠮᠳᠡᠭ ᠢᠶᠠᠷ ᠡᠷᠡᠮᠡᠯᠵᠡᠯᠡᠪᠡ᠃ ᠠᠩᠬᠠᠳᠣᠭᠠᠷ ᠬᠤᠭᠤᠴᠠᠭᠠᠨ ᠤ ︽ᠬᠤᠰᠢᠭᠤ ᠳᠠᠷᠤᠭ᠎ᠠ︾ ᠴᠢᠨᠠᠷ ᠴᠢᠨᠰᠠᠭ᠎ᠠ ᠎ ᠶᠢᠨ ᠱᠠᠩᠨᠠᠯ ᠢ ᠡᠭᠦᠳᠪᠡ᠃ ᠶᠤᠸᠠᠨ ᠤ ᠲᠡᠭᠡᠳᠦ ᠨᠠᠶᠢᠰᠯᠠᠯ ᠪᠠ ᠮᠤᠩᠭᠤᠯ ᠶᠤᠸᠠᠨ ᠤ ᠰᠣᠶᠣᠯ ᠤᠨ ᠨᠡᠷᠡᠳᠣ ᠳᠡᠮᠳᠡᠭ ᠢ ᠡᠷᠴᠢᠮᠳᠠᠢ ᠴᠣᠭᠴᠠᠯᠠᠨ᠂ ᠤᠳᠤ ᠪᠤᠯᠬᠤ ᠳᠤ 2 ᠠᠯᠳᠠᠷᠳᠤ ᠲᠡᠮᠳᠡᠭᠳᠦ᠂ 9 ᠨᠡᠷᠡᠳᠦ ᠲᠡᠮᠳᠡᠭᠳᠦ ᠶᠢ ᠡᠬᠦᠳᠦᠭᠰᠡᠨ ᠪᠠᠶᠢᠨ᠎ᠠ᠃       ᠲᠠᠪᠤᠨ ᠵᠢᠯ ᠤᠨ ᠳᠣᠷᠰᠢ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠲᠡᠭᠦᠯᠳᠡᠷᠵᠢᠭᠦᠯᠪᠡ᠃ ᠬᠤᠳᠠ ᠪᠠᠯᠭᠠᠰᠣᠨ ᠤ ᠬᠦᠭᠵᠢᠯᠳᠡ ᠶᠢ ᠨᠢᠭᠡᠳᠣᠯᠳᠠᠢ ᠲᠦᠯᠦᠪᠯᠡᠨ᠂ ᠦᠨᠳᠦᠷ ᠪᠠᠷᠢᠮᠵᠢᠶ᠎ᠠ ᠪᠠᠷ ᠲᠦᠯᠦᠪᠯᠡᠵᠦ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ ᠪᠠᠷᠢᠮᠳᠠᠯᠠᠵᠤ᠂ ᠬᠦᠭᠵᠢᠯᠳᠡ ᠶᠢᠨ ᠰᠠᠭᠤᠷᠢ ᠶᠢ ᠳᠠᠰᠣᠷᠠᠯᠳᠠ ᠦᠭᠡᠢ ᠪᠠᠳᠣᠵᠢᠭᠤᠯᠪᠠ᠃ ᠱᠠᠩᠳᠣ ᠪᠠᠯᠭᠠᠰᠣᠨ ᠤ ᠬᠤᠳᠠ ᠶᠢᠨ ᠳᠣᠭᠤᠷᠢᠭ ᠤᠨ ᠬᠠᠳᠠᠭᠤᠷᠠᠭᠤᠯᠤᠯᠳᠠ᠂ ᠨᠤᠭᠤᠭᠠᠷᠠᠭᠤᠯᠤᠯᠳᠠ᠂ ᠬᠡᠷᠡᠯᠳᠦᠬᠦᠯᠬᠡ᠂ ᠭᠤᠸᠠᠵᠢᠭᠤᠯᠤᠯᠳᠠ ᠶᠢ ᠳᠠᠰᠣᠷᠠᠯᠳᠡ ᠦᠭᠡᠢ ᠰᠠᠶᠢᠵᠢᠷᠠᠭᠤᠯᠵᠤ᠂ ᠬᠤᠳᠠ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠨᠡᠶᠢᠳᠡ 7 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠨ᠂ ᠪᠦᠳᠦᠭᠡᠨ ᠪᠠᠶᠢᠭᠤᠯᠤᠭᠰᠠᠨ ᠳᠠᠯᠠᠪᠠᠢ ᠨᠢ 13.7 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠬᠤᠳᠠ ᠪᠠᠯᠭᠠᠰᠣᠵᠢᠯᠳᠠ ᠶᠢᠨ ᠨᠤᠷᠮ᠎ᠠ 52%᠎ ᠳᠤ ᠬᠦᠷᠴᠦ᠂ ᠣᠰᠣ᠂ ᠳᠣᠯᠠᠭᠠᠯᠭ᠎ᠠ ᠶᠢ ᠲᠦᠭᠡᠮᠡᠯᠵᠢᠭᠦᠯᠦᠭᠰᠡᠨ ᠨᠤᠷᠮ᠎ᠠ ᠲᠤᠰ ᠲᠤᠰ 96.4%᠂ 64 %᠎ ᠳᠤ ᠬᠦᠷᠴᠦ᠂ ᠬᠤᠳᠠ ᠪᠠᠯᠭᠠᠰᠣᠨ ᠤ ᠬᠡᠷᠡᠯᠳᠦᠬᠦᠯᠬᠡ ᠶᠢᠨ ᠨᠤᠷᠮ᠎ᠠ᠂ ᠵᠠᠰᠠᠮᠠᠯ ᠵᠠᠮ ᠤᠨ ᠬᠡᠷᠡᠯᠳᠦᠬᠦᠯᠬᠡ ᠶᠢᠨ ᠨᠤᠷᠮ᠎ᠠ᠂ ᠠᠮᠢᠳᠣᠷᠠᠯ ᠤᠨ ᠪᠤᠬᠢᠷ ᠣᠰᠣ ᠶᠢ ᠰᠢᠢᠳᠪᠦᠷᠢᠯᠡᠭᠰᠡᠨ ᠨᠤᠷᠮ᠎ᠠ ᠪᠠ ᠬᠤᠭ ᠨᠤᠪᠰᠢ ᠶᠢ ᠰᠢᠢᠳᠪᠦᠷᠢᠯᠡᠭᠰᠡᠨ ᠨᠤᠷᠮ᠎ᠠ ᠨᠢ ᠳᠣᠰ ᠲᠤᠰ 95%᠂ 100%᠂ 81% ᠪᠠ 90%᠎ ᠳᠤ ᠬᠦᠷᠪᠠ᠃ ᠬᠤᠳᠠ ᠪᠠᠯᠭᠠᠰᠣᠨ ᠤ ᠬᠠᠮᠢᠶᠠᠷᠣᠯᠳᠠ ᠶᠢᠨ ᠠᠷᠭ᠎ᠠ ᠬᠡᠯᠪᠡᠷᠢ ᠶᠢ ᠰᠢᠨᠡᠳᠭᠡᠨ᠂ ᠬᠤᠳᠠ ᠪᠠᠯᠭᠠᠰᠣᠨ ᠤ ᠲᠦᠷᠢ ᠲᠦᠷᠬᠦ ᠮᠡᠳᠡᠭᠳᠡᠮ᠎ᠡ ᠦᠭᠡᠷᠡᠴᠢᠯᠡᠭᠳᠡᠪᠡ᠃ ᠰᠠᠩ ᠤᠨ ᠳᠠᠯᠠᠢ ᠪᠠᠯᠭᠠᠰᠤ᠂ ᠬᠠᠪᠢᠷᠭ᠎ᠠ ᠪᠠᠯᠭᠠᠰᠤᠨ ᠤ ᠵᠢᠵᠢᠭ ᠪᠠᠯᠭᠠᠰᠣᠨ ᠤ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠵᠤ᠂ ᠲᠦᠯᠦᠪᠯᠡᠭᠡ ᠪᠠᠶᠢᠷᠢᠯᠠᠭᠤᠯᠤᠯᠳᠠ ᠶᠢ ᠣᠯᠠᠮ ᠲᠡᠭᠦᠯᠳᠡᠷᠵᠢᠭᠦᠯᠪᠡ᠃ ᠱᠠᠩᠳᠣ ᠴᠠᠬᠢᠯᠭᠠᠨ ᠦᠢᠯᠡᠳᠪᠦᠷᠢ ᠶᠢᠨ ᠢᠯᠡᠭᠦᠴᠡ ᠢᠯᠴᠢ ᠶᠢᠨ ᠳᠣᠯᠠᠭᠠᠯᠭ᠎ᠠ ᠬᠠᠩᠭᠠᠬᠤ ᠢᠨᠵᠧᠨᠧᠷᠢᠩ ᠢ ᠡᠷᠴᠢᠮᠳᠠᠢ ᠠᠬᠢᠭᠤᠯᠵᠤ᠂ ᠪᠤᠬᠢᠷ ᠣᠰᠣᠨ ᠤ ᠦᠢᠯᠡᠳᠪᠦᠷᠢ ᠶᠢ ᠦᠷᠭᠡᠳᠭᠡᠨ ᠦᠭᠡᠷᠡᠴᠢᠯᠡᠵᠦ ᠣᠰᠣ ᠴᠡᠪᠡᠷᠰᠢᠭᠦᠯᠬᠦ ᠦᠢᠯᠡᠳᠪᠦᠷᠢ ᠪᠤᠯᠭᠠᠬᠤ᠂ ᠬᠤᠭ ᠨᠤᠪᠰᠢ ᠶᠢ ᠪᠤᠯᠠᠬᠤ ᠳᠠᠯᠠᠪᠤᠷ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠪᠡ᠃ ᠬᠤᠯᠠᠨ ᠰᠢᠷᠭ᠎ᠠ ᠲᠠᠭ᠎ᠠ ᠠᠮᠢ ᠠᠬᠤᠢ ᠶᠢᠨ ᠴᠡᠴᠡᠷᠯᠢᠭ᠂ ᠰᠢᠷ᠎ᠠ ᠳᠠᠯ᠎ᠠ ᠶᠢᠨ ᠨᠤᠭᠤ ᠭᠠᠵᠠᠷ ᠤᠨ ᠴᠡᠴᠡᠷᠯᠢᠭ᠂ ᠮᠤᠷᠢᠨ ᠬᠤᠭᠤᠷ ᠤᠨ ᠠᠭᠤᠳᠠᠮ ᠳᠠᠯᠠᠪᠠᠢ ᠵᠡᠷᠭᠡ ᠰᠡᠯᠡᠭᠦᠴᠡᠯ ᠤᠨ ᠳᠠᠯᠠᠪᠤᠷ ᠢ ᠪᠦᠳᠦᠭᠡᠨ ᠪᠠᠶᠢᠭᠤᠯᠵᠤ ᠭᠡᠷᠡᠭᠯᠡᠯᠳᠡ ᠳᠤ ᠣᠷᠣᠭᠤᠯᠵᠤ᠂ ᠬᠤᠳᠠ ᠪᠠᠯᠭᠠᠰᠣᠨ ᠤ ᠦᠢᠯᠡᠴᠢᠯᠡᠭᠡ ᠪᠠ ᠳᠠᠭᠠᠭᠠᠴᠠ ᠶᠢᠨ ᠴᠢᠳᠠᠪᠬᠢ ᠶᠢ ᠣᠯᠠᠮ ᠨᠡᠮᠡᠭᠳᠡᠭᠦᠯᠪᠡ᠃ ᠪᠠᠶᠢᠷᠢᠯᠠᠭᠤᠯᠤᠯᠳᠠ ᠵᠤᠬᠢᠰᠳᠠᠢ᠂ ᠲᠡᠭᠦᠯᠳᠡᠷᠵᠢᠭᠰᠡᠨ ᠴᠢᠳᠠᠪᠬᠢ ᠲᠠᠢ᠂ ᠨᠡᠯᠢᠶᠡᠳ ᠳᠣᠮᠣ ᠬᠡᠪᠴᠢᠶ᠎ᠡ ᠲᠠᠢ ᠰᠠᠭᠤᠭᠠᠯᠢ ᠠᠷᠠᠳ ᠤᠨ ᠳᠣᠭᠤᠷᠢᠭ ᠢ  ᠪᠠᠶᠢᠭᠤᠯᠪᠠ᠃ ᠪᠠᠳᠣᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠠᠬᠢᠭᠤᠯᠤᠨ᠂ ᠲᠠᠪᠤᠨ ᠵᠢᠯ ᠤᠨ ᠳᠣᠷᠰᠢ᠂ ᠨᠡᠶᠢᠳᠡ ᠪᠤᠷᠤ ᠭᠡᠷ ᠤᠨ ᠳᠣᠭᠤᠷᠢᠭ ᠤᠨ 2840 ᠡᠷᠦᠭᠡ᠂ ᠬᠦᠳᠡᠭᠡ ᠳᠣᠰᠬᠤᠨ ᠤ ᠨᠤᠷᠠᠬᠤ ᠠᠶᠤᠯᠳᠠᠢ  6833 ᠡᠷᠦᠭᠡ ᠶᠢᠨ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ 746 ᠢᠵᠢ ᠣᠯᠠᠨ ᠨᠡᠶᠢᠳᠡ ᠶᠢᠨ ᠲᠦᠷᠢᠶᠡᠰᠦᠨ ᠭᠡᠷ᠂ 192 ᠢᠵᠢ ᠬᠢᠮᠳᠠ  ᠲᠦᠷᠢᠶᠡᠰᠦᠨ ᠭᠡᠷ ᠪᠠᠷᠢᠪᠠ᠃ ᠮᠠᠯᠵᠢᠬᠤ ᠳᠠᠷᠢᠶᠠᠯᠠᠬᠤ ᠤᠷᠤᠨ ᠤ ᠣᠣᠭᠤᠬᠤ ᠣᠰᠣᠨ ᠤ ᠠᠮᠤᠷ ᠲᠦᠪᠰᠢᠨ ᠢ ᠪᠠᠳᠣᠯᠠᠬᠤ ᠬᠢᠷᠢ ᠲᠦᠪᠰᠢᠨ ᠪᠠ ᠴᠢᠮᠡᠭᠡ ᠨᠡᠪᠳᠡᠷᠡᠯᠴᠡᠭᠡᠨ ᠤ ᠳᠣᠬᠢᠶ᠎ᠠ᠂ ᠰᠦᠯᠵᠢᠶᠠᠨ ᠤ ᠪᠦᠷᠬᠦᠴᠡ ᠶᠢ ᠰᠠᠶᠢᠵᠢᠷᠠᠭᠤᠯᠵᠤ᠂ ᠴᠠᠬᠢᠯᠭᠠᠨ ᠲᠣᠣᠷ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠨᠡᠶᠢᠳᠡ 154 ᠭᠡᠰᠡᠭ ᠭᠠᠵᠠᠷ ᠣᠣᠭᠤᠬᠤ ᠣᠰᠣᠨ ᠤ ᠠᠮᠤᠷ ᠲᠦᠪᠰᠢᠨ ᠤ ᠢᠨᠵᠧᠨᠧᠷᠢᠩ ᠢ ᠪᠦᠳᠦᠭᠡᠨ ᠪᠠᠶᠢᠭᠤᠯᠵᠤ᠂ ᠴᠢᠮᠡᠭᠡ ᠨᠡᠪᠳᠡᠷᠡᠯᠴᠡᠭᠡᠨ ᠤ ᠳᠣᠬᠢᠶ᠎ᠠ᠂ ᠰᠦᠯᠵᠢᠶᠡᠨ ᠤ ᠪᠦᠷᠬᠦᠴᠡ ᠶᠢᠨ ᠨᠤᠷᠮ᠎ᠠ ᠴᠦᠮ 80%᠎ ᠠᠴᠠ ᠲᠡᠭᠡᠭᠰᠢ ᠳᠤ ᠬᠦᠷᠴᠦ᠂ ᠴᠠᠬᠢᠯᠭᠠᠨ ᠬᠤᠪᠢᠰᠬᠠᠭᠤᠷ ᠤᠨ ᠦᠷᠳᠡᠭᠡ᠂ ᠴᠠᠬᠢᠯᠭᠠᠨ ᠱᠣᠭᠤᠮ ᠤᠨ ᠦᠭᠡᠷᠡᠴᠢᠯᠡᠯᠳᠡ ᠵᠡᠷᠭᠡ 14 ᠲᠦᠷᠦᠯ ᠵᠦᠢᠯ ᠢ ᠭᠡᠷᠡᠭᠵᠢᠭᠦᠯᠦᠨ᠂ ᠪᠤᠶᠢᠳᠠ ᠪᠦᠭᠯᠡᠭᠦᠦ ᠭᠠᠵᠠᠷ ᠣᠷᠣᠨ ᠤ 595 ᠮᠠᠯᠵᠢᠬᠤ ᠡᠷᠦᠭᠡ ᠳᠤ ᠰᠢᠨ᠎ᠡ ᠡᠨᠧᠷᠬᠢ ᠶᠢᠨ ᠴᠠᠬᠢᠯᠭᠠᠨ ᠭᠠᠷᠭᠠᠬᠤ ᠲᠦᠬᠦᠬᠡᠷᠦᠮᠵᠢ ᠤᠭᠰᠠᠷᠠᠪᠠ᠃ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠠᠷᠠᠳ ᠤᠨ ᠭᠡᠷᠡᠭᠯᠡᠭᠡᠨ ᠤ ᠨᠢᠰᠭᠡᠯ ᠤᠨ ᠪᠠᠭᠤᠳᠠᠯ ᠪᠠᠶᠢᠭᠤᠯᠬᠤ ᠠᠵᠢᠯ ᠢ ᠡᠷᠴᠢᠮᠳᠠᠢ ᠠᠬᠢᠭᠤᠯᠤᠨ᠂ ᠪᠡᠭᠡᠵᠢᠩ ᠳᠤ ᠬᠦᠷᠬᠦ ᠬᠤᠷᠳᠣᠨ ᠤ ᠲᠡᠮᠣᠷ ᠵᠠᠮ ᠤᠨ ᠡᠬᠢᠨ ᠤ ᠬᠤᠭᠤᠴᠠᠭᠠᠨ ᠤ ᠠᠵᠢᠯ ᠢ ᠠᠮᠵᠢᠯᠳᠠᠳᠠᠢ ᠦᠷᠨᠢᠭᠦᠯᠤᠨ᠂ ᠮᠠᠯᠵᠢᠬᠤ ᠳᠠᠷᠢᠶᠠᠯᠠᠬᠤ ᠤᠷᠤᠨ ᠳᠤ ᠲᠦᠷᠪᠡᠳᠦᠭᠡᠷ ᠲᠡᠰ ᠤᠨ ᠵᠠᠰᠠᠮᠠᠯ ᠵᠠᠮ ᠢ 620 ᠺᠢᠯᠤᠮᠧᠲᠷ ᠵᠠᠰᠠᠨ᠂ ᠭᠠᠴᠠᠭ᠎ᠠ ᠳᠣᠰᠬᠤᠨ ᠤ ᠵᠡᠭᠡᠯᠢ ᠭᠤᠳᠣᠮᠵᠢ ᠶᠢ 476 ᠺᠢᠯᠤᠮᠧᠲᠷ ᠬᠠᠳᠠᠭᠤᠷᠠᠭᠤᠯᠤᠨ᠂ ᠵᠢᠭᠤᠯᠴᠢᠯᠠᠯ ᠎ ᠤᠨ ᠵᠠᠮ ᠢ 38 ᠺᠢᠯᠤᠮᠧᠲᠷ ᠵᠠᠰᠠᠪᠠ᠃       ᠲᠠᠪᠤᠨ ᠵᠢᠯ ᠤᠨ ᠳᠣᠷᠰᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠪᠠ᠃ ︽ᠲᠦᠷᠪᠡᠨ ᠣᠬᠠᠮᠰᠠᠷ︾᠎ ᠢ ᠪᠠᠳᠣᠵᠢᠭᠤᠯᠤᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠎ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠨ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠤᠨ᠂ ᠨᠠᠮ ᠤᠨ ᠣᠯᠠᠮ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠤᠳᠠᠳᠠᠢ︾ ᠳᠣᠰᠬᠠᠢ ᠰᠡᠳᠣᠪᠳᠣ ᠰᠣᠷᠭᠠᠨ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠵᠦ᠂ ︽ᠬᠤᠶᠠᠷ ᠢ ᠰᠣᠷᠴᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠣᠷᠣᠯᠴᠠᠯᠭ᠎ᠠ ᠬᠦᠮᠦᠵᠢᠯ ᠤᠨ ᠪᠠᠶᠢᠩᠭᠤᠵᠢᠯᠳᠠ᠂ ᠲᠦᠷᠢᠮᠵᠢᠯᠳᠠ ᠶᠢ ᠠᠬᠢᠭᠤᠯᠤᠨ᠂ ᠲᠦᠪ ᠬᠤᠷᠢᠶᠠᠨ ᠤ ᠨᠠᠢᠮᠠᠨ ᠵᠤᠷᠪᠤᠰ ᠳᠣᠭᠳᠠᠭᠠᠯ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶᠠᠨ ᠤ ᠢᠵᠢ ᠪᠦᠷᠢᠳᠦᠭᠰᠡᠨ ᠲᠦᠷᠢᠮ ᠳᠣᠭᠳᠠᠭᠠᠯ ᠢ ᠪᠦᠳᠦᠮᠵᠢᠳᠠᠢ ᠨᠠᠶᠢᠳᠠᠪᠤᠷᠢᠵᠢᠭᠤᠯᠪᠠ᠃ ᠵᠢᠱᠢᠶ᠎ᠡ ᠦᠵᠡᠭᠦᠯᠦᠨ ᠳᠠᠶᠢᠴᠢᠯᠠᠬᠤ ᠪᠠ ᠭᠠᠴᠠᠭ᠎ᠠ ᠳᠣᠰᠬᠤᠨ ᠳᠤ ᠬᠦᠨᠵᠡᠭᠡᠶᠢᠷᠡᠬᠦ ᠠᠵᠢᠯ ᠢ ᠬᠦᠨᠵᠡᠭᠡᠢ ᠠᠬᠢᠭᠤᠯᠤᠨ᠂ ᠠᠵᠢᠯ ᠤᠨ ᠬᠡᠪ ᠰᠣᠷᠳᠠᠯ ᠢᠶᠠᠨ ᠳᠠᠰᠣᠷᠠᠯᠳᠡ ᠦᠭᠡᠢ ᠰᠠᠶᠢᠵᠢᠷᠠᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠨᠠᠮ ᠤᠨ ᠪᠤᠰᠣ ᠬᠦᠮᠦᠰ᠂ ᠦᠢᠯᠡᠳᠪᠦᠷᠢ ᠬᠤᠳᠠᠯᠳᠣᠭᠠᠨ ᠤ ᠬᠤᠯᠪᠤᠭ᠎ᠠ ᠎ ᠶᠢᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠣᠨᠣᠰᠣᠨ᠂ ᠨᠡᠶᠢᠳᠡ 532 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ᠂ 444 ᠬᠤᠪᠢ ᠣᠯᠣᠰ ᠲᠦᠷᠦ ᠶᠢᠨ ᠵᠦᠪᠯᠡᠯᠭᠡᠨ ᠤ ᠰᠠᠨᠠᠯ ᠳᠣᠷᠠᠳᠣᠯᠭ᠎ᠠ ᠶᠢ ᠰᠢᠢᠳᠪᠦᠷᠢᠯᠡᠪᠠ᠃ ︽ᠰᠣᠯᠠᠯᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠦᠷ᠎ᠡ ᠪᠦᠳᠦᠮᠵᠢ ᠳᠣᠪᠣᠶᠢᠮ᠎ᠠ ᠪᠠᠶᠢᠵᠤ᠂ ᠵᠠᠰᠠᠭ ᠵᠠᠬᠢᠷᠭᠠᠨ ᠎ ᠤ ᠵᠦᠪᠰᠢᠶᠡᠷᠡᠯ ᠤᠨ ᠲᠦᠷᠦᠯ ᠵᠦᠢᠯ 400᠎ ᠠᠴᠠ 267 ᠵᠤᠷᠪᠤᠰ ᠪᠤᠯᠤᠨ ᠬᠠᠰᠣᠭᠳᠠᠵᠤ᠂ ︽ᠨᠠᠢᠮᠠᠨ ᠨᠠᠷᠢᠨ ᠳᠠᠩᠰᠠ︾ ᠎ ᠶᠢᠨ ᠲᠦᠷᠢᠮ ᠢ ᠪᠠᠶᠢᠭᠤᠯᠤᠨ᠂ ︽ᠬᠤᠤᠰ ᠳᠠᠰᠢᠷᠠᠮ ᠢᠶᠠᠷ ᠪᠠᠶᠢᠴᠠᠭᠠᠵᠦ ᠨᠢᠭᠡ ᠶᠢ ᠢᠯᠡ ᠨᠡᠶᠢᠳᠡᠯᠡᠬᠦ︾ ᠬᠢᠨᠠᠨ ᠬᠠᠮᠢᠶᠠᠷᠣᠯᠳᠠ ᠶᠢ ᠯᠠᠪᠳᠠᠭᠤᠨ ᠠᠬᠢᠭᠤᠯᠤᠨ᠂ ᠵᠦᠪᠳᠡᠯᠴᠡᠨ ᠶᠠᠷᠢᠯᠴᠠᠬᠤ ᠲᠦᠷᠢᠮ ᠤᠨ ᠦᠭᠡᠷᠡᠴᠢᠯᠡᠯᠳᠡ ᠶᠢ ᠳᠠᠰᠣᠷᠠᠯᠳᠠ ᠦᠭᠡᠢ ᠬᠦᠨᠵᠡᠭᠡᠶᠢᠷᠡᠭᠦᠯᠵᠦ᠂ ︽ᠤᠯᠠᠨ ᠭᠡᠷᠡᠴᠢ ᠶᠢ ᠨᠢᠭᠡᠳᠭᠡᠵᠤ᠂ ᠨᠢᠭᠡ ᠦᠨᠡᠮᠯᠠᠯ ᠨᠢᠭᠡ ᠳ᠋ᠣᠭᠠᠷ︾ ᠪᠤᠯᠭᠠᠬᠤ ᠠᠵᠢᠯ ᠢ ᠪᠦᠬᠦ ᠳᠠᠯ᠎ᠠ ᠪᠠᠷ ᠠᠬᠢᠭᠤᠯᠪᠠ᠃ ᠬᠠᠣᠯᠢ  ᠲᠦᠭᠡᠮᠡᠯᠵᠢᠭᠦᠯᠬᠦ ᠣᠬᠠᠭᠤᠯᠭ᠎ᠠ ᠬᠦᠮᠦᠵᠢᠯ ᠢ ᠪᠦᠬᠦ ᠳᠠᠯ᠎ᠠ ᠪᠠᠷ ᠭᠡᠷᠡᠭᠵᠢᠭᠦᠯᠵᠦ᠂ ᠰᠣᠷᠬᠤ ᠠᠷᠭ᠎ᠠ ᠬᠡᠯᠪᠡᠷᠢ ᠪᠠ ᠠᠴᠢᠶᠠᠯᠠᠪᠤᠷᠢ ᠶᠢ ᠳᠠᠰᠣᠷᠠᠯᠳᠠ ᠦᠭᠡᠢ ᠰᠢᠨᠡᠳᠭᠡᠨ᠂ ᠬᠠᠣᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠳᠠᠰᠣᠷᠠᠯᠳᠠ ᠦᠭᠡᠢ ᠲᠦᠷᠭᠡᠳᠭᠡᠪᠡ᠃ ᠬᠦᠳᠡᠯᠮᠤᠷᠢ ᠶᠢᠨ ᠪᠠᠳᠣᠯᠠᠭ᠎ᠠ ᠶᠢ ᠬᠢᠨᠠᠨ ᠪᠠᠶᠢᠴᠠᠭᠠᠬᠤ ᠳᠣᠭᠳᠠᠯᠴᠠᠭ᠎ᠠ ᠎ ᠶᠢ ᠣᠯᠠᠮ ᠲᠡᠭᠦᠯᠳᠡᠷᠵᠢᠭᠦᠯᠵᠦ᠂ ᠬᠦᠳᠡᠯᠮᠤᠷᠢᠴᠢᠳ ᠤᠨ ᠬᠠᠣᠯᠢ ᠶᠤᠰᠣᠨ ᠤ ᠠᠰᠢᠭ ᠳᠣᠰᠠ ᠶᠢ ᠬᠦᠴᠦᠳᠠᠢ ᠪᠠᠳᠣᠯᠠᠪᠠ᠃ ᠠᠮᠣᠷ ᠲᠦᠪᠰᠢᠨ ᠤ ᠭᠡᠮ ᠠᠷᠬᠠᠭ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠳᠠᠰᠣᠷᠠᠯᠳᠠ ᠦᠭᠡᠢ ᠴᠢᠩᠭᠠᠳᠬᠠᠨ᠂ ᠠᠶᠤᠯᠬᠦᠢ ᠦᠢᠯᠡᠳᠪᠦᠷᠢᠯᠡᠯ ᠤᠨ ᠳᠣᠭᠳᠠᠭᠤᠨ ᠪᠠᠶᠢᠳᠠᠯ ᠢ ᠦᠷᠭᠦᠯᠵᠢᠯᠠᠨ ᠪᠠᠳᠣᠯᠠᠪᠠ᠃ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠳᠠ ᠶᠢ ᠪᠦᠬᠦ ᠳᠠᠯ᠎ᠠ ᠪᠠᠷ ᠴᠢᠩᠭᠠᠳᠬᠠᠨ᠂ ᠳᠤᠭ᠎ᠠ ᠪᠦᠷᠢᠳᠭᠡᠯ ᠤᠨ ᠠᠵᠢᠯ ᠳᠣᠪᠣᠶᠢᠮ᠎ᠠ ᠦᠷ᠎ᠡ ᠪᠦᠳᠦᠮᠵᠢ ᠣᠯᠵᠤ᠂ ᠢᠳᠡᠭᠡᠨ ᠣᠮᠳᠠᠭᠠᠨ ᠡᠮ ᠤᠨ ᠵᠦᠢᠯᠡᠰ ᠤᠨ ᠵᠠᠬ᠎ᠠ ᠲᠡᠯᠭᠡᠭᠦᠷ ᠳᠠᠰᠣᠷᠠᠯᠳᠠ ᠦᠭᠡᠢ ᠲᠦᠷᠢᠮᠵᠢᠵᠦ᠂ ᠠᠷᠠᠳ ᠤᠨ ᠵᠡᠪᠰᠡᠭᠳᠣ ᠬᠦᠴᠦᠨ᠂ ᠣᠯᠣᠰ ᠤᠨ ᠪᠠᠳᠣᠯᠠᠨ ᠬᠠᠮᠠᠭᠠᠯᠠᠯᠳᠠ ᠪᠠ  ᠬᠤᠶᠠᠷ ᠢ ᠬᠦᠷᠢᠶᠠᠯᠠᠵᠦ ᠬᠠᠮᠳᠣ ᠳᠠᠭᠠᠨ ᠪᠠᠶᠢᠭᠤᠯᠬᠤ ᠠᠵᠢᠯ ᠢ ᠯᠠᠪᠳᠠᠭᠤᠨ ᠪᠠᠳᠣᠳᠠᠢ ᠦᠷᠨᠢᠭᠦᠯᠵᠦ᠂ ᠭᠠᠵᠠᠷ ᠬᠦᠳᠡᠯᠣᠯᠳᠠ᠂ ᠴᠠᠭ ᠠᠭᠤᠷ᠂ ᠳᠠᠩᠰᠠ ᠡᠪᠭᠡᠮᠡᠯ᠂ ᠲᠡᠣᠭᠡ ᠣᠶᠢᠯᠠᠯᠭ᠎ᠠ᠂ ᠭᠠᠵᠠᠷ ᠰᠢᠷᠣᠢ ᠶᠢᠨ ᠬᠠᠮᠠᠭᠠᠯᠠᠯᠳᠠ᠂ ᠳᠠᠯ᠎ᠠ ᠨᠤᠳᠤᠭ ᠤᠨ ᠣᠢ ᠰᠢᠭᠤᠢ ᠶᠢᠨ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠵᠤ᠂ ᠣᠯᠠᠭᠠᠨ ᠵᠠᠭᠠᠯᠮᠠᠶᠢᠳᠠᠨ᠂ ᠡᠮᠡᠭᠳᠠᠶᠢᠴᠣᠳ ᠭᠡᠣᠭᠡᠳ᠂ ᠨᠠᠰᠣᠵᠢᠯ ᠪᠠ ᠵᠠᠮᠳᠡᠭᠴᠣᠳ ᠤᠨ ᠠᠵᠢᠯ ᠦᠢᠯᠡᠰ ᠰᠢᠨ᠎ᠡ ᠠᠬᠢᠯᠳᠠ ᠶᠢ ᠪᠡᠶᠡᠯᠡᠭᠦᠯᠪᠠ᠃᠂ ᠦᠨᠳᠦᠰᠦᠳᠠᠨ ᠤ ᠪᠦᠯᠬᠦᠮᠳᠠᠯ ᠳᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠡᠭᠦᠳᠴᠦ᠂ ᠱᠠᠰᠢᠨ ᠰᠣᠷᠳᠠᠬᠤᠨ ᠤ ᠬᠦᠷᠢᠶ᠎ᠡ ᠴᠠᠷ᠎ᠠ ᠡᠶ᠎ᠡ ᠵᠤᠬᠢᠴᠠᠩᠭᠤᠢ ᠳᠣᠭᠳᠠᠭᠤᠨ ᠪᠠᠶᠢᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ᠂ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠭᠡᠷᠡᠭᠯᠡᠬᠦ ᠠᠵᠢᠯ ᠢ ᠨᠠᠩ ᠲᠦᠷᠢᠮᠵᠢᠭᠦᠯᠦᠨ᠂ ᠳᠣᠮᠳᠠᠳᠣ ᠣᠯᠣᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠦᠵᠡᠭᠦᠯᠦᠯᠭᠡ ᠶᠢᠨ ᠲᠢᠩᠬᠢᠮ ᠢ ᠠᠰᠢᠭᠯᠠᠯᠳᠠ ᠳᠤ ᠣᠷᠣᠭᠤᠯᠪᠠ᠃ ︽ᠭᠤᠷᠪᠠᠨ ᠴᠢᠬᠤᠯᠠ ᠨᠢᠭᠡ ᠳᠣᠮᠣ︾  ᠎ ᠳᠤ ᠬᠠᠮᠳᠣ ᠪᠠᠷ ᠰᠢᠢᠳᠪᠦᠷᠢ ᠭᠠᠷᠭᠠᠬᠤ᠂ ᠵᠠᠰᠠᠭ ᠤᠨ ᠣᠷᠳᠣᠨ ᠤ ᠣᠴᠢᠷ ᠵᠦᠪᠯᠡᠬᠦ ᠲᠦᠷᠢᠮ᠂ ᠵᠠᠰᠠᠭ ᠤᠨ ᠣᠷᠳᠣᠨ ᠤ ᠬᠠᠣᠯᠢ ᠶᠢᠨ ᠵᠦᠪᠯᠡᠭᠴᠢ ᠵᠡᠷᠭᠡ ᠲᠦᠷᠢᠮ ᠢ ᠲᠡᠭᠦᠯᠳᠡᠷᠵᠢᠭᠦᠯᠵᠤ᠂ ᠬᠢᠨᠠᠨ ᠪᠠᠶᠢᠴᠠᠭᠠᠬᠤ᠂ ᠬᠢᠨᠠᠨ ᠪᠤᠳᠣᠬᠤ ᠡᠷᠴᠢᠮ ᠢᠶᠠᠨ ᠴᠢᠩᠭᠠᠳᠬᠠᠨ᠂ ᠳᠣᠰᠬᠠᠢ ᠲᠦᠷᠦᠯ ᠤᠨ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠤ᠂ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠮᠡᠳᠡᠭᠳᠡᠮ᠎ᠡ ᠴᠢᠩᠭᠠᠷᠠᠵᠤ᠂ ᠵᠠᠰᠠᠭ ᠤᠨ ᠣᠷᠳᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠴᠢᠳᠠᠪᠤᠷᠢ ᠪᠠ ᠦᠷ᠎ᠡ ᠪᠦᠳᠦᠮᠵᠢ ᠳᠣᠪᠣᠶᠢᠮ᠎ᠠ ᠲᠡᠭᠡᠭᠰᠢᠯᠡᠪᠡ᠃       ᠲᠦᠯᠦᠭᠡᠯᠡᠭᠴᠢᠳ ᠡ᠂ ᠦᠩᠭᠡᠷᠡᠭᠰᠡᠨ ᠳᠠᠪᠤᠨ ᠵᠢᠯ ᠪᠤᠯ ᠰᠢᠯᠤᠭᠤᠨ ᠬᠦᠬᠡ ᠬᠤᠰᠢᠭᠤᠨ ᠤ ᠬᠦᠭᠵᠢᠯᠳᠡ ᠶᠢᠨ ᠵᠠᠮ ᠲᠡᠭᠡᠷᠡᠬᠢ ᠳᠣᠶᠢᠯ ᠤᠨ ᠴᠢᠬᠤᠯᠠ ᠳᠠᠪᠤᠨ ᠵᠢᠯ ᠪᠤᠯᠤᠨ᠎ᠠ᠃ ᠲᠠᠪᠤᠨ ᠵᠢᠯ ᠤᠨ ᠳᠣᠷᠰᠢ᠂ ᠪᠢᠳᠠ ᠠᠩᠬᠠᠨ ᠤ ᠵᠤᠷᠢᠯᠳᠠ ᠪᠠᠨ ᠦᠯᠦ ᠤᠮᠠᠷᠳᠠᠨ᠂ ᠲᠡᠮᠡᠴᠡᠨ ᠣᠷᠣᠭᠰᠢᠯᠡᠵᠤ᠂ ᠡᠯ᠎ᠡ ᠵᠦᠢᠯ ᠤᠨ ᠲᠦᠭᠰᠢᠭᠦᠷᠢ ᠰᠢᠯᠭᠠᠯᠳᠠ ᠪᠠ ᠦᠷᠢᠰᠦᠯᠳᠦᠭᠡᠨ ᠢ ᠢᠯᠠᠨ ᠳᠠᠪᠠᠵᠤ ᠢᠯᠭᠤᠮ ᠠᠮᠵᠢᠯᠳᠠ ᠣᠯᠪᠠ᠃ ᠪᠢᠳᠠ ᠪᠦᠯᠬᠦᠮᠳᠠᠨ ᠨᠢᠭᠳᠠᠷᠠᠵᠤ᠂ ᠯᠠᠪᠳᠠᠭᠤᠨ ᠠᠵᠢᠯᠯᠠᠨ᠂ ᠨᠠᠮ ᠳᠠᠭᠠᠨ ᠰᠢᠳᠣᠷᠭᠤ᠂ ᠠᠵᠢᠯ ᠳᠠᠭᠠᠨ ᠬᠠᠷᠢᠭᠤᠴᠠᠯᠭ᠎ᠠ ᠲᠠᠢ ᠺᠠᠳ᠋ᠷᠴᠣᠳ ᠤᠨ ᠡᠩᠨᠡᠭᠡ ᠶᠢ ᠪᠠᠶᠢᠭᠤᠯᠪᠠ᠃ ᠪᠢᠳᠡ ᠶᠡᠭᠡ ᠳᠠᠯ᠎ᠠ ᠶᠢ ᠬᠠᠮᠠᠭᠠᠯᠠᠵᠤ᠂ ᠬᠦᠴᠦ ᠵᠤᠷᠢᠭ ᠢᠶᠠᠨ ᠬᠠᠮᠳᠣᠳᠬᠠᠨ᠂ ᠪᠦᠯᠬᠦᠮᠳᠠᠨ ᠨᠢᠭᠳᠠᠷᠠᠭᠰᠠᠨ᠂ ᠢᠯᠠᠭᠳᠠᠰᠢ ᠦᠭᠡᠢ ᠬᠦᠴᠦᠨ ᠢ ᠪᠤᠢ ᠪᠤᠯᠭᠠᠭᠰᠠᠨ ᠪᠠᠶᠢᠨ᠎ᠡ᠃       ᠦᠩᠭᠡᠷᠡᠭᠰᠡᠨ ᠳᠠᠪᠤᠨ ᠵᠢᠯ ᠤᠨ ᠬᠦᠭᠵᠢᠯᠳᠡ ᠪᠠᠨ ᠡᠷᠬᠢᠴᠡᠭᠦᠯᠪᠠᠯ᠄ ᠠᠵᠤ ᠠᠬᠤᠢ ᠶᠢᠨ ᠰᠠᠭᠤᠷᠢ ᠨᠠᠩ ᠪᠠᠳᠣᠵᠢᠪᠠ ᠂ ᠠᠵᠤ ᠠᠬᠤᠢ ᠦᠷᠭᠦᠯᠵᠢᠯᠠᠨ ᠤᠷᠤᠭᠤᠳᠠᠵᠦ ᠪᠠᠶᠢᠭ᠎ᠠ ᠪᠠᠶᠢᠳᠠᠯ ᠢ ᠠᠮᠵᠢᠯᠳᠠᠳᠠᠢ ᠬᠤᠷᠢᠭᠯᠠᠨ᠂ ᠡᠯ᠎ᠡ ᠲᠦᠷᠦᠯ ᠤᠨ ᠠᠵᠤ ᠠᠬᠤᠢ ᠶᠢᠨ ᠭᠤᠤᠯ ᠵᠢᠭᠠᠯᠳᠠ ᠳᠤᠭ᠎ᠠ ᠴᠦᠮ ᠠᠳᠠᠯᠢ ᠪᠤᠰᠣ ᠬᠡᠮᠵᠢᠶ᠎ᠠ ᠪᠠᠷ ᠨᠡᠮᠡᠭᠳᠡᠨ᠂ ᠪᠦᠬᠦᠶᠢᠯᠡ ᠠᠵᠤ ᠠᠬᠤᠢ ᠶᠢᠨ ᠪᠤᠳᠠᠳᠠᠢ ᠬᠦᠴᠦᠨ ᠪᠦᠬᠦ ᠠᠶᠢᠮᠠᠭ ᠤᠨ ᠳᠣᠮᠳᠠ ᠠᠴᠠ ᠲᠡᠭᠡᠭᠰᠢ ᠬᠢᠷᠢ ᠲᠦᠪᠰᠢᠨ ᠳᠤ ᠪᠠᠶᠢᠷᠢᠯᠠᠵᠤ᠂ ᠠᠵᠤ ᠠᠬᠤᠢ ᠶᠢᠨ ᠬᠦᠭᠵᠢᠯᠳᠡ ᠳᠣᠭᠳᠠᠭᠤᠨ ᠢᠶᠠᠷ ᠣᠷᠣᠭᠰᠢᠯᠠᠬᠤ ᠶᠢ ᠪᠡᠶᠡᠯᠡᠭᠦᠯᠪᠡ᠃ ᠠᠷᠠᠳ ᠤᠨ ᠠᠮᠢᠳᠣᠷᠠᠯ ᠤᠨ ᠪᠠᠳᠣᠯᠠᠭ᠎ᠠ ᠨᠠᠩ ᠴᠢᠩᠭᠠᠷᠠᠪᠠ᠃ ᠡᠵᠡᠮᠳᠡᠵᠦ ᠪᠤᠯᠬᠤᠶᠢᠴᠠ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠬᠤ ᠳᠠᠷᠣᠯᠳᠠ ᠳᠣᠣᠷ᠎ᠠ᠂ ᠦᠨᠳᠦᠰᠦᠨ ᠱᠠᠳᠣ ᠪᠠ ᠠᠷᠠᠳ ᠤᠨ ᠠᠮᠢᠳᠣᠷᠠᠯ ᠤᠨ ᠳᠠᠯ᠎ᠠ ᠳᠤ ᠨᠠᠩ ᠤᠯᠠᠨ ᠪᠡᠯᠡ ᠮᠦᠩᠬᠦ ᠵᠠᠷᠣᠴᠠᠭᠤᠯᠵᠤ᠂ ᠲᠠᠪᠤᠨ ᠵᠢᠯ ᠎ ᠤᠨ ᠳᠣᠷᠰᠢ᠂ ᠠᠷᠠᠳ ᠤᠨ ᠠᠮᠢᠳᠣᠷᠠᠯ ᠤᠨ ᠵᠠᠷᠣᠯᠭ᠎ᠠ ᠶᠢ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 52% ᠎ ᠠᠴᠠ ᠲᠡᠭᠡᠭᠰᠢ ᠪᠠᠶᠢᠯᠭᠠᠪᠠ᠃ ᠡᠭᠦᠨ ᠳᠤ 2015 ᠣᠨ ᠳᠤ 9.34 ᠳ᠋ᠦᠩᠰᠢᠭᠤᠷ ᠲᠦᠭᠦᠷᠢᠭ ᠲᠤ ᠬᠦᠷᠴᠦ᠂ ᠶᠡᠷᠦᠩᠬᠡᠢ ᠵᠠᠷᠤᠯᠭ᠎ᠠ ᠶᠢᠨ 61.7%᠎ ᠶᠢ ᠡᠵᠡᠯᠡᠨ᠂ ᠲᠡᠣᠭᠡ ᠶᠢᠨ ᠰᠢᠨ᠎ᠡ ᠳᠡᠮᠳᠡᠭᠯᠡᠯ ᠡᠭᠦᠳᠪᠡ᠃ ᠠᠵᠤ ᠦᠢᠯᠡᠰ ᠤᠨ ᠪᠦᠳᠦᠴᠡ ᠶᠢ ᠨᠡᠩ ᠰᠢᠯᠢᠳᠡᠭᠵᠢᠭᠦᠯᠪᠡ᠃ ᠠᠵᠤ ᠦᠢᠯᠡᠰ ᠤᠨ ᠬᠦᠭᠵᠢᠯᠳᠡ ᠬᠠᠷᠢᠴᠠᠩᠭᠤᠢ ᠬᠤᠴᠤᠷᠠᠩᠭᠤᠢ ᠪᠠᠶᠢᠬᠤ ᠳᠠᠷᠣᠯᠳᠠ ᠶᠢ ᠳᠣᠯᠵᠤ᠂ ᠮᠠᠯ ᠤᠨ ᠪᠦᠳᠦᠭᠡᠭᠳᠡᠭᠦᠨ ᠢ ᠪᠤᠯᠪᠠᠰᠣᠷᠠᠭᠤᠯᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠬᠡᠪᠴᠢᠶᠡᠨ ᠳᠠᠬᠢ ᠣᠯᠠᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠂ ᠭᠤᠷᠪᠠᠨ ᠵᠦᠢᠯ ᠤᠨ ᠠᠵᠤ ᠦᠢᠯᠡᠰ ᠤᠨ ᠪᠦᠳᠦᠴᠡ ᠨᠢ 2012 ᠣᠨ ᠤ 11:69:20᠎ ᠠᠴᠠ13:57:30 ᠪᠤᠯᠵᠤ᠂ ᠬᠤᠶᠠᠳᠣᠭᠠᠷ ᠠᠵᠤ ᠦᠢᠯᠡᠰ ᠤᠨ ᠬᠠᠷᠢᠴᠠᠯ ᠨᠡᠩ ᠵᠦᠢ ᠵᠤᠬᠢᠰᠳᠠᠢ᠂ ᠭᠤᠷᠪᠠᠳᠣᠭᠠᠷ ᠠᠵᠤ ᠦᠢᠯᠡᠰ ᠤᠨ ᠬᠠᠷᠢᠴᠠᠯ ᠳᠣᠪᠣᠶᠢᠮ᠎ᠠ ᠲᠡᠭᠡᠭᠰᠢᠯᠡᠵᠦ᠂ ᠠᠵᠤ ᠦᠢᠯᠡᠰ ᠤᠨ ᠪᠦᠳᠦᠴᠡ ᠣᠯᠠᠮ ᠰᠢᠯᠢᠳᠡᠭᠵᠢᠨ᠂ ᠣᠯᠠᠨ ᠡᠰᠢᠳᠣ ᠬᠦᠭᠵᠢᠯᠳᠡ᠂ ᠣᠯᠠᠨ ᠠᠵᠤ ᠦᠢᠯᠡᠰ ᠳᠣᠯᠭᠠᠭᠤᠷᠢᠯᠠᠭᠰᠠᠨ ᠳᠣᠭᠳᠠᠴᠠ ᠵᠦᠭ ᠣᠯᠠᠮ ᠣᠶᠢᠷᠠᠳᠣᠪᠠ᠃ ᠦᠨᠳᠦᠰᠦᠨ ᠱᠠᠳᠣᠨ ᠤ ᠠᠵᠢᠯ ᠣᠯᠠᠮ ᠪᠠᠳᠣᠵᠢᠪᠠ᠃ ᠶᠠᠳᠠᠭᠤ ᠶᠢ ᠲᠡᠳᠬᠦᠬᠦ ᠰᠢᠪᠳᠣᠯᠣᠯᠳᠠ ᠶᠢᠨ ᠢᠨᠵᠧᠨᠧᠷᠢᠩ ᠢ ᠬᠦᠨᠵᠡᠭᠡᠢ ᠭᠡᠷᠡᠭᠵᠢᠭᠦᠯᠬᠦ ᠪᠠᠷ ᠳᠠᠮᠵᠢᠨ᠂ ᠮᠢᠩᠭᠠᠨ ᠺᠠᠳ᠋ᠷ ᠠᠵᠢᠯᠳᠠᠨ ᠦᠨᠳᠦᠰᠦᠨ ᠱᠠᠳᠣᠨ ᠳᠤ ᠪᠠᠭᠤᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠳᠠᠷᠠᠭᠤᠯᠤᠨ᠂ ᠡᠯ᠎ᠡ ᠦᠨᠳᠦᠰᠦᠳᠠᠨ ᠤ ᠠᠷᠠᠳ ᠲᠦᠮᠡᠨ ᠤ ᠮᠠᠭᠳᠠᠭᠠᠯ ᠰᠠᠶᠢᠰᠢᠶᠠᠯ ᠢ ᠣᠯᠵᠤ᠂ ᠬᠤᠳᠠ ᠬᠦᠳᠡᠭᠡ ᠶᠢᠨ ᠡᠶ᠎ᠡ ᠵᠤᠬᠢᠴᠠᠯᠳᠣ ᠬᠦᠭᠵᠢᠯᠳᠡ ᠶᠢ ᠡᠷᠴᠢᠮᠳᠠᠢ ᠠᠬᠢᠭᠤᠯᠪᠠ᠃ ᠬᠦᠭᠵᠢᠯᠳᠡ ᠶᠢᠨ ᠠᠮᠢᠵᠢᠷᠠᠯ ᠤᠨ ᠬᠦᠴᠦᠨ ᠨᠡᠩ ᠴᠢᠩᠭᠠᠷᠠᠪᠠ᠃ ᠣᠯᠣᠰ ᠤᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠧᠢ ᠲᠠᠢ ᠬᠠᠮᠳᠣᠷᠠᠯᠴᠠᠨ ᠬᠦᠭᠵᠢᠬᠦ ᠪᠠᠶᠢᠯᠳᠣᠬᠤ ᠪᠤᠳᠣᠯᠭ᠎ᠠ ᠳᠤ ᠢᠳᠡᠪᠬᠢᠳᠠᠢ ᠣᠷᠣᠯᠴᠠᠨ᠂ ᠬᠦᠷᠰᠢ ᠵᠡᠷᠬᠡᠯᠡᠳᠡᠭᠡ ᠮᠣᠵᠢ ᠣᠷᠣᠨ᠂ ᠬᠤᠳᠠ᠂ ᠬᠤᠰᠢᠭᠤ ᠰᠢᠶᠠᠨ ᠲᠠᠢ ᠬᠠᠷᠢᠯᠴᠠᠭ᠎ᠠ ᠪᠠᠨ ᠣᠯᠠᠮ ᠴᠢᠩᠭᠠᠳᠬᠠᠪᠠ᠃ ᠣᠮᠠᠷᠠᠳᠣ ᠵᠦᠭ ᠲᠤ ᠴᠢᠯᠦᠭᠡᠳᠡᠢ ᠶᠠᠪᠤᠯᠴᠠᠬᠤ ᠶᠢ ᠰᠠᠶᠢᠳᠣᠷ ᠠᠳᠬᠤᠵᠤ᠂ ᠮᠤᠩᠭᠤᠯ ᠤᠯᠤᠰ ᠤᠨ ᠴᠢᠩᠬᠢᠰ ᠬᠤᠳᠠ ᠲᠠᠢ ᠨᠦᠬᠦᠷᠰᠡᠭ ᠬᠠᠷᠢᠴᠠᠭ᠎ᠠ ᠪᠠᠶᠢᠭᠤᠯᠤᠨ᠂ ᠰᠣᠶᠣᠯ ᠣᠷᠠᠯᠢᠭ ᠤᠨ ᠰᠣᠯᠢᠯᠴᠠᠭ᠎ᠠ᠂ ᠵᠢᠭᠤᠯᠴᠢᠯᠠᠯ ᠬᠤᠳᠠᠯᠳᠤᠭ᠎ᠠ ᠵᠡᠷᠭᠡ ᠳᠠᠯ᠎ᠠ ᠪᠠᠷ ᠬᠢ ᠬᠦᠨᠵᠡᠭᠡᠢ ᠬᠠᠮᠳᠣᠷᠠᠯᠴᠠᠭ᠎ᠠ ᠳᠤ ᠰᠠᠭᠤᠷᠢ ᠳᠠᠯᠪᠢᠪᠠ᠃ ᠦᠭᠡᠷᠡᠴᠢᠯᠡᠯᠳᠡ ᠶᠢᠨ ᠬᠠᠷᠠᠯᠳᠠ ᠶᠢ ᠨᠠᠩ ᠳᠣᠳᠣᠷᠬᠠᠶᠢᠯᠠᠪᠠ᠃ ᠭᠠᠵᠠᠷ ᠰᠢᠷᠣᠢ ᠪᠠ ᠨᠤᠳᠤᠭ ᠪᠡᠯᠴᠢᠬᠡᠷ ᠤᠨ ᠡᠷᠭᠡ ᠶᠢ ᠳᠣᠳᠣᠯᠠᠨ ᠪᠠᠳᠣᠯᠠᠬᠤ ᠠᠵᠢᠯ ᠢ ᠯᠠᠪᠳᠠᠭᠤᠨ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠶᠡᠷᠤᠩᠬᠡᠶᠢᠯᠡᠭᠰᠡᠨ ᠢᠵᠢ ᠪᠦᠷᠢᠳᠦᠭᠰᠡᠨ ᠦᠭᠡᠷᠡᠴᠢᠯᠡᠯᠳᠡ ᠶᠢ ᠣᠯᠠᠮ ᠬᠦᠨᠵᠡᠭᠡᠶᠢᠷᠡᠭᠦᠯᠵᠦ᠂ ᠭᠠᠶᠢᠯᠢ ᠰᠦᠢᠳᠭᠡᠯ ᠢ ᠦᠭᠡᠷᠡᠴᠢᠯᠡᠬᠦ ᠲᠦᠷᠦ ᠶᠢᠨ ᠪᠤᠳᠣᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠨ᠂ ᠬᠦᠳᠡᠭᠡ ᠳᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠎ ᠶᠢᠨ ᠲᠦᠷᠢᠮ ᠢ ᠪᠦᠬᠦ ᠳᠠᠯ᠎ᠠ ᠪᠠᠷ ᠭᠡᠷᠡᠭᠵᠢᠭᠦᠯᠵᠦ᠂ ᠦᠭᠡᠷᠡᠴᠢᠯᠡᠯᠳᠡ ᠠᠴᠠ ᠪᠢᠳᠠᠨ ᠳᠤ ᠤᠯᠭᠤᠭᠰᠠᠨ ᠦᠷ᠎ᠡ ᠪᠦᠳᠦᠮᠵᠢ ᠎ ᠶᠢ ᠪᠦᠬᠦ ᠲᠠᠯ᠎ᠠ ᠪᠠᠷ ᠢᠯᠡᠷᠡᠬᠦᠯᠵᠦ ᠴᠢᠳᠠᠪᠠ᠃       ᠲᠦᠯᠦᠭᠡᠯᠡᠭᠴᠢᠳ ᠡ᠂ ᠡᠳᠡᠭᠡᠷ ᠠᠮᠵᠢᠯᠳᠠ ᠪᠦᠳᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠣᠳᠣᠷᠢᠳᠣᠯᠭ᠎ᠠ ᠶᠢᠨ ᠦᠷ᠎ᠡ ᠳ᠋ᠦᠩ ᠮᠦᠨ᠂ ᠮᠦᠨᠴᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠬᠠᠤᠯᠢ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠠᠴᠠ ᠠᠷᠠᠳᠴᠢᠯᠠᠯᠳᠣ ᠬᠢᠨᠠᠯᠳᠠ ᠳᠠᠯᠪᠢᠵᠤ᠂ ᠬᠠᠮᠳᠣᠷᠠᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠨᠡᠩ ᠴᠦ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠠᠨ ᠨᠢᠭᠳᠠᠷᠠᠵᠤ᠂ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠤ᠂ ᠡᠯ᠎ᠡ ᠲᠦᠯᠦᠭᠡᠯᠡᠭᠴᠢᠳ᠂ ᠭᠡᠰᠢᠭᠦᠳ ᠵᠢᠴᠢ ᠠᠷᠢᠭᠤᠨ ᠬᠦᠳᠡᠯᠮᠤᠷᠢ ᠪᠠᠨ ᠪᠢᠳᠠᠨ ᠤ ᠦᠢᠯᠡᠰ ᠲᠤ ᠬᠠᠷᠠᠮ ᠦᠬᠡᠢ ᠵᠣᠷᠢᠭᠤᠯᠤᠭᠰᠠᠨ ᠨᠦᠬᠦᠳ ᠪᠠ ᠰᠢᠯᠤᠭᠤᠨ ᠬᠦᠬᠡ ᠬᠤᠰᠢᠭᠤᠨ ᠤ ᠦᠭᠡᠷᠡᠴᠢᠯᠡᠯᠳᠡ᠂ ᠬᠦᠭᠵᠢᠯᠳᠡ᠂ ᠳᠣᠭᠳᠠᠭᠤᠨ ᠢ ᠬᠠᠯᠠᠮᠵᠢᠯᠠᠨ ᠳᠡᠮᠵᠢᠵᠦ ᠪᠠᠶᠢᠭ᠎ᠠ ᠲᠠ ᠪᠦᠬᠦᠨ ᠳᠤ ᠴᠢᠩ ᠰᠡᠳᠬᠢᠯ ᠤᠨ ᠳᠠᠯᠠᠷᠬᠠᠯ ᠪᠠ ᠡᠷᠬᠢᠮ ᠲᠡᠭᠡᠳᠦ ᠬᠦᠨᠳᠣᠳᠭᠡᠯ ᠢᠶᠠᠨ ᠲᠡᠪᠰᠢᠭᠦᠯᠦᠶ᠎ᠡ︕       ᠲᠦᠯᠦᠭᠡᠯᠡᠭᠴᠢᠳ ᠡ᠂ ᠲᠠᠪᠤᠨ ᠵᠢᠯ ᠤᠨ ᠦᠢᠯᠡᠳᠦᠯᠭᠡ ᠪᠢᠳᠠᠨ ᠳᠤ ᠣᠷᠣᠭᠰᠢᠯᠠᠬᠤ ᠵᠠᠮ ᠬᠡᠳᠣᠢ ᠬᠠᠳᠠᠭᠤ ᠪᠡᠷᠭᠡᠰᠢᠶᠡᠯᠳᠡᠢ᠂ ᠠᠰᠠᠭᠤᠳᠠᠯ ᠬᠡᠳᠣᠢ ᠲᠦᠪᠡᠭ ᠪᠤᠳᠤᠯᠢᠶᠠᠨᠳᠠᠢ ᠪᠠᠶᠢᠭᠰᠠᠨ ᠴᠦ᠂ ᠭᠠᠭᠴᠠᠬᠦ ᠵᠦᠪ ᠣᠨᠣᠪᠴᠢᠳᠠᠢ ᠣᠯᠣᠰ ᠲᠦᠷᠦ ᠶᠢᠨ ᠴᠢᠭᠯᠡᠯ ᠢ ᠡᠬᠦᠷᠢᠳᠡ ᠪᠠᠷᠢᠮᠳᠠᠯᠠᠨ᠂ ᠬᠦᠭᠵᠢᠯᠳᠡ ᠶᠢ ᠴᠠᠭ ᠢᠮᠬᠠᠳᠠ ᠲᠡᠷᠢᠭᠦᠨ ᠳᠤ ᠳᠠᠯᠪᠢᠵᠤ᠂ ᠠᠷᠠᠳ ᠲᠦᠮᠡᠨ ᠢ ᠬᠡᠵᠢᠶᠠᠳᠠ ᠣᠷᠢᠳᠡᠪᠡᠷ ᠪᠤᠳᠣᠯᠬᠢᠯᠠᠨ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠢᠷᠭᠠᠭᠤ ᠬᠠᠳᠠᠭᠤᠵᠢᠯᠳᠠᠢ ᠎ ᠪᠠᠷ ᠠᠵᠢᠯᠯᠠᠪᠠᠯ ᠰᠠᠶ᠋ᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠦᠪᠡᠷ ᠤᠨ ᠪᠡᠶ᠎ᠡ ᠪᠠ ᠠᠷᠠᠳ ᠲᠦᠮᠡᠨ ᠳᠡᠭᠡᠨ ᠤᠰᠤᠯᠳᠠᠯ ᠦᠭᠡᠢ᠂ ᠨᠠᠮ ᠳᠠᠭᠠᠨ ᠤᠰᠤᠯᠳᠠᠯ ᠦᠬᠡᠢ ᠪᠠᠷ ᠰᠢᠨ᠎ᠡ ᠠᠮᠵᠢᠯᠳᠠ ᠪᠦᠳᠦᠬᠡᠯ ᠡᠬᠦᠳᠴᠦ ᠴᠢᠳᠠᠬᠤ ᠨᠢ ᠯᠠᠪᠳᠠᠢ ᠬᠡᠳᠡᠭ ᠢ ᠤᠶᠢᠯᠠᠭᠠᠭᠤᠯᠪᠠ᠃       ᠪᠢᠳᠠ ᠠᠵᠢᠯ ᠤᠨ ᠦᠷ᠎ᠡ ᠪᠦᠳᠦᠮᠵᠢ ᠪᠠᠨ ᠣᠯᠵᠤ ᠬᠠᠷᠠᠬᠤ ᠶᠢᠨ ᠬᠠᠮᠳᠣ᠂ ᠠᠵᠤ ᠠᠬᠤᠢ ᠬᠤᠴᠤᠷᠠᠩᠭᠤᠢ ᠪᠦᠬᠡᠳ ᠬᠦᠭᠵᠢᠯᠳᠡ ᠲᠡᠩᠴᠡᠭᠦᠷᠢ ᠦᠭᠡᠢ ᠪᠠᠶᠢᠭ᠎ᠠ ᠮᠠᠨ ᠤ ᠬᠤᠰᠢᠭᠤᠨ ᠤ ᠪᠠᠨ ᠦᠨᠳᠦᠰᠦᠨ ᠪᠠᠶᠢᠳᠠᠯ ᠢ ᠤᠶᠢᠯᠠᠭᠠᠵᠦ᠂ ᠪᠤᠳᠠᠳᠠᠢ ᠲᠤᠯᠭᠠᠷᠠᠵᠦ ᠪᠠᠶᠢᠭ᠎ᠠ ᠬᠦᠴᠢᠷᠳᠡᠯ ᠢᠶᠠᠨ ᠰᠡᠷᠭᠡᠭ ᠢᠶᠠᠷ ᠤᠯᠵᠦ ᠲᠠᠨᠢᠬᠤ ᠬᠡᠷᠡᠭᠳᠡᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ ᠬᠦᠴᠦᠨ ᠪᠠᠭᠤᠷᠠᠢ᠂ ᠠᠶᠤᠯ ᠲᠦᠭᠰᠢᠭᠦᠷᠢ ᠪᠠ ᠭᠡᠯᠪᠡᠯᠵᠢᠯ ᠢ ᠰᠦᠷᠦᠬᠦ ᠴᠢᠳᠠᠪᠤᠷᠢ ᠬᠦᠷᠦᠯᠴᠡᠬᠦ ᠦᠭᠡᠢ᠂ ᠬᠤᠳᠠ ᠬᠦᠳᠡᠭᠡ ᠶᠢᠨ ᠬᠦᠭᠵᠢᠯᠳᠡ ᠵᠤᠬᠢᠴᠠᠩᠭᠤᠢ ᠪᠤᠰᠣ᠂ ᠦᠨᠳᠦᠰᠦᠨ ᠣᠯᠠᠨ ᠨᠡᠶᠢᠳᠡ ᠶᠢᠨ ᠦᠢᠯᠡᠴᠢᠯᠡᠭᠡ ᠬᠤᠴᠤᠷᠠᠩᠭᠤᠢ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠦᠨᠳᠦᠷ ᠪᠢᠰᠢ᠃ ᠠᠵᠤ ᠠᠬᠤᠢ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠪᠠᠭᠤᠷᠠᠢ᠂ ᠪᠠᠶᠢᠯᠳᠣᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠭᠰᠡᠨ ᠠᠵᠤ ᠦᠢᠯᠡᠰ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠬᠦᠷᠦᠯᠴᠡᠬᠦ ᠦᠭᠡᠢ᠂ ᠬᠦᠭᠵᠢᠯᠳᠡ ᠶᠢ ᠲᠦᠷᠭᠡᠳᠭᠡᠬᠦ ᠪᠤᠯᠤᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠬᠤᠶᠠᠷ ᠳᠠᠯ᠎ᠠ ᠶᠢᠨ ᠡᠭᠦᠷᠭᠡ ᠵᠡᠷᠭᠡᠪᠡᠷ ᠣᠷᠣᠰᠢᠵᠤ ᠪᠠᠶᠢᠨ᠎ᠡ᠃  ᠲᠠᠷᠢᠶᠠᠯᠠᠩ ᠮᠠᠯ ᠠᠵᠦ ᠠᠬᠤᠢ ᠶᠢᠨ  ᠣᠯᠠᠮᠵᠢᠯᠠᠯᠳᠣ ᠬᠦᠳᠡᠯᠭᠡᠬᠦ ᠬᠦᠴᠦᠨ ᠪᠠᠭᠤᠷᠠᠢ ᠪᠤᠯᠵᠤ᠂ ᠦᠢᠯᠡᠳᠪᠦᠷᠢᠯᠡᠯ ᠤᠨ ᠡᠵᠡᠩᠨᠡᠯᠳᠡ ᠶᠢᠨ ᠠᠷᠭ᠎ᠠ ᠬᠡᠯᠪᠡᠷᠢ ᠪᠦᠳᠦᠭᠦᠯᠢᠭ᠂ ᠨᠠᠷᠢᠯᠢᠭ ᠪᠤᠯᠪᠠᠰᠣᠷᠠᠭᠤᠯᠬᠤ ᠬᠢᠷᠢ ᠲᠦᠪᠰᠢᠨ ᠳᠣᠣᠷ᠎ᠠ ᠪᠠᠶᠢᠵᠦ᠂ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠣᠯᠠᠮ ᠲᠡᠭᠡᠭᠰᠢᠯᠡᠭᠦᠯᠬᠦ ᠴᠢᠬᠤᠯᠠᠳᠠᠢ ᠪᠠᠶᠢᠨ᠎ᠡ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠦᠭᠵᠢᠭᠦᠯᠦᠯᠳᠡ ᠬᠦᠷᠦᠯᠴᠡᠬᠦ ᠦᠭᠡᠢ᠂ ᠠᠵᠤ ᠦᠢᠯᠡᠰᠵᠢᠯᠳᠡ ᠶᠢᠨ ᠬᠢᠷᠢ ᠲᠦᠪᠰᠢᠨ ᠶᠢ ᠲᠡᠭᠡᠭᠰᠢᠯᠡᠭᠦᠯᠬᠦ ᠴᠢᠬᠤᠯᠠᠳᠠᠢ ᠪᠠᠶᠢᠨ᠎ᠡ᠃ ᠡᠬᠢ ᠪᠠᠶᠠᠯᠢᠭ ᠤᠨ ᠣᠷᠴᠢᠨ ᠳᠣᠭᠤᠷᠢᠨ ᠤ ᠪᠠᠶᠢᠳᠠᠯ ᠠᠴᠠ ᠠᠪᠴᠣ ᠦᠵᠡᠪᠡᠯ᠂ ᠪᠦᠬᠦ ᠬᠤᠰᠢᠭᠤᠨ ᠤ ᠠᠮᠢ ᠠᠬᠤᠢ ᠶᠢᠨ ᠰᠢᠰᠲ᠋ᠧᠮ ᠪᠠᠭᠤᠷᠠᠢ ᠪᠠᠶᠢᠭᠰᠠᠭᠠᠷ᠂ ᠣᠷᠴᠢᠨ ᠳᠣᠭᠤᠷᠢᠨ ᠤ ᠳᠠᠭᠠᠭᠠᠴᠠ ᠶᠢᠨ ᠴᠢᠳᠠᠪᠬᠢ ᠬᠦᠷᠦᠯᠴᠡᠬᠦ ᠦᠭᠡᠢ ᠪᠠᠶᠢᠨ᠎ᠡ᠃ ᠣᠯᠠᠨ ᠲᠦᠮᠡᠨ ᠤ ᠬᠦᠰᠡᠯ ᠮᠦᠷᠦᠭᠡᠳᠦᠯ ᠠᠴᠠ ᠠᠪᠴᠣ ᠦᠵᠡᠪᠡᠯ᠂ ᠣᠰᠣ᠂ ᠴᠠᠬᠢᠯᠭᠠᠨ᠂ ᠵᠠᠮ᠂ ᠰᠦᠯᠵᠢᠶ᠎ᠡ ᠲᠡᠭᠦᠯᠳᠡᠷ ᠪᠤᠰᠣ᠂ ᠰᠣᠷᠭᠠᠨ ᠬᠦᠮᠦᠵᠢᠯ᠂ ᠡᠮ ᠡᠮᠨᠡᠯᠭᠡ ᠶᠢᠨ ᠴᠢᠨᠠᠷ ᠴᠢᠨᠰᠠᠭ᠎ᠠ ᠶᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠨᠡᠯᠢᠶᠡᠳ ᠵᠦᠷᠢᠶ᠎ᠡ ᠲᠠᠢ ᠪᠠᠶᠢᠨ᠎ᠡ᠃ ᠡᠳ᠋ ᠤᠨ ᠵᠠᠰᠠᠭ ᠎ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠨᠡᠯᠢᠶᠡᠳ ᠳᠣᠪᠣᠶᠢᠮ᠎ᠠ ᠪᠠᠶᠢᠵᠤ᠂ ᠣᠷᠣᠨ ᠨᠤᠳᠤᠭ ᠤᠨ ᠵᠠᠰᠠᠭ ᠤᠨ ᠣᠷᠳᠣᠨ ᠤ ᠦᠷᠢ ᠦᠭᠴᠡᠭᠡ ᠨᠡᠯᠢᠶᠡᠳ ᠬᠦᠨᠳᠣ ᠪᠠᠶᠢᠨ᠎ᠡ᠃ ᠵᠠᠰᠠᠭ ᠤᠨ ᠣᠷᠳᠣᠨ ᠤ ᠴᠢᠳᠠᠪᠬᠢ ᠶᠢᠨ ᠬᠤᠪᠢᠷᠠᠯᠳᠠ ᠪᠠ ᠺᠠᠳ᠋ᠷ ᠠᠵᠢᠯᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠴᠢᠬᠤᠯᠠᠳᠠᠢ ᠪᠠᠶᠢᠵᠤ᠂ ᠠᠵᠤ ᠠᠬᠤᠢ ᠶᠢᠨ ᠳᠣᠬᠢᠷᠠᠭᠤᠯᠤᠯᠳᠠ ᠂ ᠣᠯᠠᠨ ᠨᠡᠶᠢᠳᠡ ᠶᠢᠨ ᠦᠢᠯᠡᠴᠢᠯᠡᠭᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠬᠡᠯᠪᠡᠷᠢ ᠶᠢᠨ ᠠᠷᠭ᠎ᠠ ᠬᠡᠮᠵᠢᠶ᠎ᠠ ᠎ ᠶᠢ ᠣᠯᠠᠮ ᠲᠡᠭᠦᠯᠳᠡᠷᠵᠢᠭᠦᠯᠬᠦ ᠴᠢᠬᠤᠯᠠᠳᠠᠢ ᠪᠠᠶᠢᠨ᠎ᠡ᠃ ᠡᠭᠦᠨ ᠳᠤ᠂ ᠪᠢᠳᠠ ᠲᠡᠭᠡᠳᠦ ᠬᠡᠮᠵᠢᠶᠠᠨ ᠤ ᠬᠠᠷᠢᠭᠤᠴᠠᠬᠤ ᠣᠪᠣᠷ ᠎ ᠢᠶᠠᠷ ᠠᠰᠠᠭᠤᠳᠠᠯ ᠳᠤ ᠬᠠᠨᠳᠣᠨ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠯᠠᠪᠳᠠᠭᠤᠨ ᠪᠦᠳᠦᠮᠵᠢᠳᠠᠢ ᠪᠠᠷ ᠠᠵᠢᠯᠯᠠᠬᠤ ᠪᠠ ᠴᠦᠭᠦᠷᠡᠰᠢ ᠦᠭᠡᠢ ᠴᠢᠷᠮᠠᠶᠢᠬᠤ ᠪᠠᠷ ᠲᠠᠮᠵᠢᠨ᠂ ᠬᠦᠴᠢᠷ ᠪᠦᠬᠦᠨ ᠢ ᠢᠯᠡᠨ ᠲᠠᠪᠠᠭ᠋ᠤ ᠴᠢᠬᠤᠯᠠᠳᠠᠢ᠃       ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠡᠭᠦᠷᠭᠡ       ᠲᠦᠯᠦᠭᠡᠯᠡᠭᠴᠢᠳ ᠡ᠂ ᠬᠤᠶᠢᠰᠢᠳᠠ ᠶᠢᠨ ᠳᠠᠪᠤᠨ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠢ ᠳᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠤᠨ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠣ ᠱᠠᠳᠣ ᠦᠶ᠎ᠡ ᠶᠢᠨ ᠢᠯᠡᠯᠳᠡ ᠶᠢ ᠲᠡᠮᠡᠴᠡᠨ ᠣᠯᠵᠤ᠂ ᠪᠠᠶᠠᠨ ᠴᠢᠨᠡᠭᠡᠯᠢᠭ᠂ ᠪᠤᠯᠪᠠᠰᠣᠨ᠂ ᠦᠵᠡᠰᠭᠦᠯᠡᠩᠳᠣ ᠰᠠᠶᠢᠬᠠᠨ᠂ ᠵᠤᠯ ᠵᠢᠷᠭᠠᠯᠳᠣ ᠰᠢᠯᠤᠭᠤᠨ ᠬᠦᠬᠡ ᠶᠢ ᠪᠠᠶᠢᠭᠤᠯᠬᠤ ᠵᠠᠩᠬᠢᠯᠭ᠎ᠠ ᠶᠢᠨ ᠬᠤᠭᠤᠴᠠᠭ᠎ᠠ ᠪᠤᠯᠤᠨ᠎ᠠ᠃ ᠬᠤᠰᠢᠭᠤ ᠠᠷᠪᠠᠨ ᠲᠦᠷᠪᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠠ ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠲᠦᠯᠦᠪᠵᠢᠭᠦᠯᠭᠡ ᠳᠤ ᠳᠣᠭᠳᠠᠭᠰᠠᠨ ᠬᠠᠷᠠᠯᠳᠠ ᠡᠭᠦᠷᠭᠡ ᠶᠢ ᠪᠡᠶᠡᠯᠡᠬᠦᠯᠬᠦ ᠶᠢᠨ ᠲᠤᠯᠠᠳᠠ ᠰᠢᠨ᠎ᠡ ᠨᠢᠭᠡ ᠬᠤᠭᠤᠴᠭᠠᠠᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠶᠢ ᠲᠤᠤᠷᠡᠬᠢ ᠮᠡᠳᠦ ᠲᠤᠭᠳᠠᠭᠠᠪᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠨ᠂ ᠨᠠᠮ ᠤᠨ ᠲᠦᠪ ᠬᠤᠷᠢᠶᠠᠨ ᠤ ᠶᠡᠭᠡ ᠪᠤᠳᠣᠯᠭ᠎ᠠ  ᠂ ᠴᠢᠭᠯᠡᠯᠳᠡ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠣ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤ ᠎ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠣᠯᠳᠠᠢ ᠲᠦᠯᠦᠪᠯᠡᠨ ᠠᠬᠢᠭᠤᠯᠵᠤ᠂ ︽ᠲᠦᠷᠪᠡᠨ ᠪᠦᠬᠦ ᠳᠠᠯ᠎ᠠ︾᠎ ᠶᠢᠨ ᠪᠠᠶᠢᠯᠳᠣᠬᠤ ᠪᠤᠳᠣᠯᠭ᠎ᠠ ᠶᠢ ᠵᠤᠬᠢᠴᠠᠭᠤᠯᠤᠨ ᠠᠬᠢᠭᠤᠯᠵᠤ᠂ ᠬᠦᠭᠵᠢᠯᠳᠡ ᠪᠤᠯ ᠲᠡᠷᠢᠭᠦᠨ ᠤ ᠴᠢᠬᠤᠯᠠ ᠡᠭᠦᠷᠭᠡ ᠪᠤᠯᠬᠤ ᠶᠢ ᠪᠠᠷᠢᠮᠳᠠᠯᠠᠨ᠂ ᠰᠢᠨ᠎ᠡ ᠶᠢ ᠡᠭᠦᠳᠬᠦ᠂ ᠵᠤᠬᠢᠴᠠᠩᠭᠤᠢ᠂ ᠪᠠᠶᠢᠭᠠᠯᠢᠯᠢᠭ᠂ ᠴᠢᠯᠦᠭᠡᠳᠡᠢ ᠶᠠᠪᠤᠯᠴᠠᠬᠤ᠂ ᠬᠠᠮᠳᠣ ᠪᠠᠷ ᠡᠳ᠋ᠯᠡᠬᠦ ᠬᠦᠭᠵᠢᠯᠳᠡ ᠶᠢᠨ ᠦᠵᠡᠯᠳᠡ ᠶᠢ ᠭᠤᠶᠢᠪᠢᠰᠢ ᠦᠭᠡᠢ ᠳᠣᠣᠱᠯᠠᠭᠤᠯᠤᠨ᠂ ᠬᠦᠭᠵᠢᠯᠳᠡ᠂ ᠠᠮᠢ ᠠᠬᠤᠢ ᠪᠠ ᠠᠷᠠᠳ ᠤᠨ ᠠᠮᠢᠳᠣᠷᠠᠯ ᠬᠡᠬᠦ ᠭᠤᠷᠪᠠᠨ ᠱᠣᠭᠤᠮ ᠢ ᠪᠠᠳᠣ ᠪᠠᠷᠢᠮᠳᠠᠯᠠᠵᠦ᠂ ᠣᠳᠣᠬᠢᠴᠢᠯᠠᠭᠰᠠᠨ ᠮᠠᠯ ᠠᠵᠤ ᠠᠬᠤᠢ᠂ ᠴᠡᠪᠡᠷ ᠡᠨᠧᠷᠬᠢ ᠪᠠ ᠰᠣᠶᠣᠯ ᠵᠢᠭᠤᠯᠴᠢᠯᠠᠯ ᠤᠨ ᠭᠤᠷᠪᠠᠨ ᠳᠣᠮᠣ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠭᠦᠯᠵᠦ᠂ ᠰᠣᠷᠠᠭ ᠵᠠᠩᠬᠢᠵᠢᠯᠳᠠ᠂ ᠬᠤᠳᠠ ᠪᠠᠯᠭᠠᠰᠣᠵᠢᠯᠳᠠ᠂ ᠪᠤᠬᠢᠷᠳᠦᠯ ᠦᠬᠡᠢ ᠬᠦᠭᠵᠢᠯᠳᠡ ᠶᠢ ᠵᠡᠷᠭᠡᠪᠡᠷ ᠠᠬᠢᠭᠤᠯᠵᠤ᠂ ᠠᠷᠠᠳᠴᠢᠯᠠᠯ ᠲᠠᠢ᠂ ᠳᠠᠪᠰᠢᠭᠰᠠᠨ ᠰᠣᠷᠭᠠᠨ ᠬᠦᠮᠦᠵᠢᠯ ᠲᠠᠢ᠂ ᠴᠡᠴᠡᠭᠯᠡᠨ ᠬᠦᠭᠵᠢᠭᠰᠡᠨ ᠰᠣᠶᠣᠯ ᠲᠠᠢ᠂ ᠡᠶ᠎ᠡ ᠵᠤᠬᠢᠴᠠᠩᠭᠤᠢ ᠨᠡᠶᠢᠭᠡᠮ ᠲᠠᠢ᠂ ᠣᠯᠠᠨ ᠲᠦᠮᠡᠨ ᠤ ᠠᠮᠢᠳᠣᠷᠠᠯ ᠤᠯᠠᠮ ᠵᠤᠯ ᠵᠢᠷᠭᠠᠯ ᠲᠠᠢ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠪᠡᠶ᠎ᠡ ᠎ ᠶᠢᠨ ᠵᠢᠱᠢᠶᠡᠴᠢ ᠬᠤᠰᠢᠭᠤ ᠶᠢ ᠴᠢᠷᠮᠠᠶᠢᠨ ᠪᠠᠶᠢᠭᠤᠯᠵᠤ᠂ ᠪᠠᠶᠠᠨ ᠴᠢᠨᠡᠭᠡᠯᠢᠭ᠂ ᠪᠤᠯᠪᠠᠰᠣᠨ᠂ ᠵᠤᠯ ᠵᠢᠷᠭᠠᠯᠳᠠᠢ ᠰᠢᠯᠤᠭᠤᠨ ᠬᠦᠬᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃       ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠡᠮᠡᠴᠡᠬᠦ ᠬᠠᠷᠠᠯᠳᠠ ᠪᠤᠯ᠄ ᠬᠤᠰᠢᠭᠤᠨ ᠤ ᠶᠡᠷᠦᠩᠬᠡᠢ ᠠᠵᠤ ᠠᠬᠤᠢ ᠶᠢᠨ ᠪᠤᠳᠠᠳᠣ ᠬᠦᠴᠦᠨ ᠢ ᠳᠠᠰᠣᠷᠠᠯᠳᠠ ᠦᠭᠡᠢ ᠨᠡᠮᠡᠭᠳᠡᠭᠦᠯᠵᠦ᠂ ᠠᠵᠤ ᠠᠬᠤᠢ ᠶᠢᠨ ᠲᠤᠮᠳᠠ᠂ ᠦᠨᠳᠦᠷ ᠬᠤᠷᠳᠣᠴᠠ ᠪᠠᠷ ᠬᠦᠭᠵᠢᠬᠦ ᠶᠢ ᠴᠢᠷᠮᠠᠶᠢᠨ ᠪᠠᠳᠣᠯᠠᠵᠤ᠂ ᠠᠵᠤ ᠦᠢᠯᠡᠰ ᠤᠨ ᠬᠦᠭᠵᠢᠯᠳᠡ ᠶᠢ ᠳᠣᠮᠳᠠ᠂ ᠦᠨᠳᠦᠷ ᠲᠡᠰ ᠵᠦᠭ ᠠᠬᠢᠭᠤᠯᠤᠨ᠂ ᠣᠯᠠᠨ ᠡᠰᠢᠳᠣ ᠬᠦᠭᠵᠢᠯᠳᠡ᠂ ᠣᠯᠠᠨ ᠳᠣᠶᠢᠯ ᠢᠶᠠᠷ ᠳᠣᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠳᠣᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠠᠯ ᠤᠨ ᠶᠡᠷᠦᠩᠬᠡᠢ ᠦᠷᠳᠡᠭ ᠢ ᠵᠢᠯ ᠳᠤ ᠳᠣᠮᠳᠠᠴᠢ ᠪᠠᠷ 9%᠎ ᠠᠴᠠ ᠲᠡᠭᠡᠭᠰᠢ᠂ ᠪᠦᠬᠦ ᠨᠡᠶᠢᠭᠡᠮ ᠤᠨ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ ᠶᠢ ᠵᠢᠯ ᠎ ᠳᠤ ᠳᠣᠮᠳᠠᠴᠢ ᠪᠠᠷ 10 %᠎ ᠠᠴᠠ ᠲᠡᠭᠡᠭᠰᠢ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ ᠵᠢᠯ ᠳᠤ ᠳᠣᠮᠳᠠᠴᠢ ᠪᠠᠷ 7%᠎ ᠠᠴᠠ ᠲᠡᠭᠡᠭᠰᠢ᠂ ᠨᠡᠶᠢᠭᠡᠮ ᠤᠨ ᠭᠡᠷᠡᠭᠯᠡᠭᠡᠨ ᠤ  ᠪᠤᠳᠠᠰ ᠤᠨ ᠵᠢᠵᠢᠭᠯᠡᠨ ᠪᠤᠷᠣᠯᠠᠭᠤᠯᠬᠤ ᠶᠡᠷᠦᠩᠬᠡᠢ ᠳᠤᠭ᠎ᠠ ᠶᠢ ᠵᠢᠯ ᠳᠤ ᠳᠣᠮᠳᠠᠴᠢ ᠪᠠᠷ 8%᠎ ᠠᠴᠠ ᠲᠡᠭᠡᠭᠰᠢ᠂ ᠬᠤᠳᠠ ᠬᠦᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠵᠢᠯ ᠳᠤ ᠳᠣᠮᠳᠠᠴᠢ ᠪᠠᠷ 8%᠎ ᠠᠴᠠ ᠲᠡᠭᠡᠭᠰᠢ ᠪᠠᠷ ᠨᠡᠮᠡᠭᠳᠡᠭᠦᠯᠦᠨ᠎ᠡ᠃       ᠢᠷᠡᠬᠡᠳᠦᠢ ᠶᠢᠨ ᠲᠠᠪᠤᠨ ᠵᠢᠯ ᠳᠤ ᠪᠢᠳᠡ ᠲᠤᠤᠷᠡᠬᠢ ᠬᠡᠳᠦᠨ ᠲᠠᠯ᠎ᠠ ᠶᠢᠨ ᠵᠠᠷᠴᠢᠮ ᠢ ᠪᠠᠷᠢᠮᠳᠠᠯᠠᠬᠤ ᠴᠢᠬᠤᠯᠠᠳᠠᠢ᠄ ᠬᠦᠭᠵᠢᠯᠳᠡ ᠶᠢ ᠰᠢᠨᠡᠴᠢᠯᠡᠬᠦ ᠶᠢ ᠪᠠᠷᠢᠮᠳᠠᠯᠠᠨ᠎ᠠ᠃ ᠬᠦᠭᠵᠢᠯᠳᠡ ᠶᠢᠨ ᠴᠢᠨᠡᠷ ᠪᠠ ᠦᠷ᠎ᠠ ᠠᠰᠢᠭ ᠢ ᠲᠡᠭᠡᠭᠰᠢᠯᠡᠬᠦᠯᠬᠦ ᠪᠠᠷ ᠴᠢᠷᠮᠠᠶᠢᠨ᠂ ᠪᠤᠬᠢᠷᠳᠦᠯ ᠦᠬᠡᠢ ᠮᠠᠯ ᠤᠨ ᠪᠦᠳᠦᠬᠡᠭᠳᠡᠬᠦᠨ ᠢ ᠨᠠᠷᠢᠯᠢᠭ ᠮᠦᠷᠳᠡᠬᠡᠨ ᠪᠦᠷᠢᠨ ᠪᠤᠯᠪᠠᠰᠤᠷᠠᠭᠤᠯᠬᠤ ᠠᠵᠦ ᠦᠢᠯᠡᠰ ᠢ ᠬᠦᠭᠵᠢᠬᠦᠯᠵᠦ᠂ ᠬᠦᠭᠵᠢᠯᠳᠡ ᠶᠢᠨ ᠬᠡᠯᠪᠡᠷᠢ ᠶᠢᠨ ᠢᠳᠡᠪᠬᠢᠳᠡᠢ ᠬᠤᠪᠢᠷᠠᠯᠳᠠ ᠶᠢ ᠴᠢᠷᠮᠠᠶᠢᠨ ᠪᠡᠶᠡᠯᠡᠬᠦᠯᠵᠦ᠂ ᠰᠢᠨ᠎ᠡ ᠶᠢ ᠡᠬᠦᠳᠬᠦ ᠪᠠᠷ ᠲᠤᠯᠭᠠᠭᠤᠷᠢ ᠪᠤᠯᠭᠠᠭᠰᠠᠨ ᠲᠠᠷᠢᠶᠠᠯᠠᠩ ᠮᠠᠯ ᠠᠵᠦ ᠠᠬᠤᠢ ᠶᠢᠨ ᠰᠢᠰᠲ᠋ᠧᠮ ᠪᠠ ᠬᠦᠭᠵᠢᠯᠳᠡ ᠶᠢᠨ ᠬᠡᠯᠪᠡᠷᠢ ᠶᠢ ᠪᠤᠢ ᠪᠤᠯᠭᠠᠨ᠎ᠠ᠃ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠨ᠎ᠠ᠃  ᠬᠤᠳᠠ ᠬᠦᠳᠡᠬᠡᠨ ᠤ ᠨᠢᠬᠡᠳᠦᠯᠳᠡᠢ ᠵᠤᠬᠢᠴᠠᠩᠭᠤᠢ ᠬᠦᠭᠵᠢᠯᠳᠡ ᠪᠠᠷ ᠰᠠᠭᠤᠷᠢ ᠪᠤᠯᠭᠠᠨ᠂ ᠬᠤᠳᠠ ᠬᠦᠳᠡᠬᠡᠨ ᠤ ᠨᠢᠬᠡ ᠴᠤᠭᠴᠠᠵᠢᠭᠰᠠᠨ ᠬᠦᠭᠵᠢᠯᠳᠡ ᠶᠢᠨ ᠠᠬᠢᠴᠠ ᠶᠢ ᠲᠦᠷᠬᠡᠳᠬᠡᠨ᠂ ᠠᠵᠦ ᠠᠬᠤᠢ ᠶᠢᠨ ᠬᠡᠯᠪᠡᠷᠢ ᠶᠢᠨ ᠬᠤᠪᠢᠷᠠᠯᠳᠠ ᠪᠠ ᠲᠡᠰ ᠲᠡᠪᠰᠢᠬᠦ ᠶᠢ ᠠᠬᠢᠭᠤᠯᠵᠦ᠂ ᠤᠷᠴᠢᠯ ᠠᠵᠦ ᠠᠬᠤᠢ ᠶᠢᠨ ᠲᠠᠭᠠᠭᠠᠮᠠᠭᠠᠢ ᠵᠤᠬᠢᠴᠠᠩᠭᠤᠢ ᠬᠦᠭᠵᠢᠯᠳᠡ ᠶᠢ ᠪᠡᠶᠡᠯᠡᠬᠦᠯᠦᠨ᠎ᠡ᠃ ᠴᠢᠯᠦᠬᠡᠳᠡᠢ ᠬᠦᠭᠵᠢᠯᠳᠡ ᠶᠢ ᠪᠠᠷᠢᠮᠳᠠᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠰᠤᠶᠤᠯ ᠤᠨ ᠠᠭᠤᠯᠤᠭᠳᠠᠴᠠ ᠪᠠ ᠵᠢᠭᠤᠯᠴᠢᠯᠠᠯ ᠤᠨ ᠦᠨ᠎ᠡ ᠦᠷᠳᠡᠭ ᠎ ᠢ ᠬᠦᠨ᠎ᠡ ᠠᠭᠤᠳᠠᠯᠯᠠᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠪᠠᠷ ᠲᠦᠪ ᠪᠤᠯᠭᠠᠭᠰᠠᠨ ᠰᠤᠶᠤᠯ ᠵᠢᠭᠤᠯᠴᠢᠯᠠᠯ ᠤᠨ ᠲᠠᠷᠬᠠᠨ ᠤᠷᠤᠨ ᠢ ᠪᠠᠶᠢᠭᠤᠯᠬᠤ ᠪᠠᠷ ᠴᠢᠷᠮᠠᠶᠢᠨ᠂ ᠭᠠᠳᠠᠭᠰᠢ ᠤᠬᠠᠭᠤᠯᠤᠨ ᠲᠠᠨᠢᠴᠯᠠᠭᠤᠯᠬᠤ ᠨᠡᠷᠡᠳᠦ ᠲᠡᠮᠳᠡᠭ ᠪᠠ ᠲᠠᠪᠴᠠᠩ ᠎ ᠢ ᠴᠤᠭᠴᠠᠯᠠᠨ ᠪᠠᠶᠢᠭᠤᠯᠤᠨ᠎ᠠ᠃ ᠪᠤᠬᠢᠷᠳᠦᠯ ᠦᠬᠡᠢ ᠬᠦᠭᠵᠢᠯᠳᠡ ᠶᠢ ᠪᠠᠷᠢᠮᠳᠠᠯᠠᠨ᠎ᠠ  ᠃ ᠠᠮᠢ ᠠᠬᠤᠢ ᠶᠢᠨ ᠠᠮᠤᠷ ᠲᠦᠪᠰᠢᠨ ᠎ ᠤ ᠬᠠᠯᠬᠠᠪᠴᠢ ᠶᠢ ᠬᠦᠴᠦᠯᠡᠨ ᠪᠠᠶᠢᠭᠤᠯᠵᠦ᠂ ᠲᠠᠯ᠎ᠠ ᠨᠤᠳᠤᠭ ᠤᠨ ᠤᠷᠭᠤᠮᠠᠯ ᠬᠤᠴᠢᠯᠭ᠎ᠠ ᠶᠢᠨ ᠪᠦᠷᠬᠦᠴᠡ ᠪᠠ ᠤᠢ ᠰᠢᠭᠤᠢ ᠶᠢᠨ ᠪᠦᠷᠬᠦᠯᠳᠡ ᠶᠢᠨ ᠨᠤᠷᠮ᠎ᠠ ᠶᠢ ᠲᠡᠭᠡᠭᠰᠢᠯᠡᠬᠦᠯᠵᠦ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠡᠷ ᠦᠷᠬᠦᠯᠵᠢᠯᠡᠨ ᠰᠠᠶᠢᠵᠢᠷᠠᠵᠦ᠂ ᠭᠤᠤᠯ ᠪᠤᠬᠢᠷᠳᠦᠯ ᠪᠤᠳᠠᠰ ᠢ ᠭᠠᠳᠠᠭᠰᠢᠯᠠᠭᠤᠯᠬᠤ ᠶᠡᠷᠤᠩᠬᠡᠢ ᠬᠡᠮᠵᠢᠶ᠎ᠠ ᠶᠢ ᠴᠢᠩᠭ᠎ᠠ ᠬᠢᠵᠠᠭᠠᠷᠯᠠᠨ᠂ ᠠᠮᠢ ᠠᠬᠤᠢ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠬᠦᠭᠵᠢᠯᠳᠡ ᠶᠢᠨ ᠦᠷ᠎ᠠ ᠪᠦᠳᠦᠬᠡᠯ ᠢ ᠬᠠᠮᠳᠤᠪᠡᠷ ᠡᠳ᠋ᠯᠡᠬᠦ ᠶᠢ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠬᠦᠭᠵᠢᠯᠳᠡ ᠶᠢᠨ ᠤᠭ ᠰᠠᠨᠠᠭ᠎ᠠ ᠪᠠ ᠡᠴᠦᠰ ᠤᠨ ᠵᠤᠷᠢᠯᠳᠠ ᠪᠤᠯᠭᠠᠨ᠂ ᠰᠤᠷᠭᠠᠨ ᠬᠦᠮᠦᠵᠢᠯ᠂ ᠡᠮ ᠡᠮᠨᠡᠯᠬᠡ᠂ ᠠᠵᠢᠯ ᠤᠯᠭᠤᠯᠳᠠ᠂ ᠨᠠᠰᠤᠵᠢᠯ ᠵᠡᠷᠬᠡ ᠠᠵᠢᠯ ᠦᠢᠯᠡᠰ ᠤᠨ ᠬᠦᠭᠵᠢᠯᠳᠡ ᠶᠢ ᠠᠬᠢᠭᠤᠯᠵᠦ᠂ ᠬᠤᠳᠠ ᠬᠦᠳᠡᠬᠡᠨ ᠤ ᠦᠨᠳᠦᠰᠦᠨ ᠤᠯᠠᠨ ᠨᠠᠶᠢᠳᠠ ᠶᠢᠨ ᠦᠢᠯᠡᠴᠢᠯᠡᠬᠡᠨ ᠤ ᠡᠬᠢ ᠪᠠᠶᠠᠯᠢᠭ ᠤᠨ ᠲᠠᠩᠴᠠᠬᠦᠷᠢᠳᠡᠢ ᠬᠦᠭᠵᠢᠯᠳᠡ ᠶᠢ ᠠᠬᠢᠭᠤᠯᠤᠨ᠂ ᠠᠷᠠᠳ ᠲᠦᠮᠡᠨ ᠤ ᠦᠵᠡᠯ ᠰᠠᠨᠠᠭ᠎ᠠ ᠶᠤᠰᠤ ᠮᠤᠷᠠᠯ᠂ ᠰᠢᠨᠵᠢᠯᠡᠬᠦ ᠤᠬᠠᠭᠠᠨ ᠰᠤᠶᠤᠯ ᠤᠨ ᠬᠢᠷᠢ ᠲᠦᠪᠰᠢᠨ ᠪᠠ ᠡᠷᠡᠬᠦᠯ ᠮᠡᠨᠳᠦ ᠶᠢᠨ ᠬᠡᠪ ᠴᠢᠨᠡᠷ ᠢ ᠲᠡᠭᠡᠭᠰᠢᠯᠡᠬᠦᠯᠵᠦ᠂ ᠡᠯ᠎ᠠ ᠦᠨᠳᠦᠰᠦᠳᠡᠨ ᠤ ᠤᠯᠠᠨ ᠲᠦᠮᠡᠨ ᠬᠠᠮᠳᠤᠪᠡᠷ  ᠴᠢᠨᠡᠬᠡᠯᠢᠭ ᠨᠡᠶᠢᠬᠡᠮ ᠳᠤ ᠠᠯᠬᠤᠨ ᠤᠷᠤᠬᠤ ᠶᠢ ᠪᠡᠶᠡᠯᠡᠬᠦᠯᠦᠨ᠎ᠡ᠃       ᠢᠷᠡᠬᠡᠳᠦᠢ ᠶᠢᠨ ᠲᠠᠪᠤᠨ ᠵᠢᠯ ᠳᠤ᠂ ᠪᠢᠳᠠ ᠭᠤᠤᠯᠳᠠᠯᠭ᠎ᠠ ᠪᠠᠨ ᠲᠤᠪᠤᠶᠢᠯᠭᠠᠨ᠂ ᠬᠦᠴᠢᠷ ᠢ ᠢᠯᠡᠵᠦ᠂ ᠰᠡᠳᠬᠢᠴᠡ ᠎ ᠪᠠᠨ ᠰᠢᠨᠡᠴᠢᠯᠡᠨ᠂ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠠ ᠪᠠ ᠵᠠᠩᠬᠢᠯᠠᠭ᠎ᠠ ᠶᠢᠨ ᠭᠤᠭᠴᠤᠭᠠᠨ ᠳᠤ ᠲᠠᠪᠠᠯᠳᠠ ᠲᠠᠢ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠡ᠃       ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ ᠪᠠᠶᠢᠭᠤᠯᠬᠤ ᠬᠤᠷᠳᠤᠴᠠ ᠪᠠᠨ ᠲᠦᠷᠬᠡᠳᠬᠡᠨ᠂ ᠬᠦᠭᠵᠢᠯᠳᠡ ᠎ ᠶᠢᠨ ᠶᠠᠰᠤ ᠴᠢᠨᠡᠷ᠂ ᠦᠷ᠎ᠠ  ᠠᠰᠢᠭ ᠢ ᠨᠡᠮᠡᠭᠳᠡᠬᠦᠯᠦᠨ᠎ᠡ᠃ ᠶᠠᠰᠤ ᠴᠢᠨᠡᠷ ᠤᠨ ᠬᠤᠪᠢᠰᠤᠯᠳᠠ᠂ ᠦᠷ᠎ᠠ ᠠᠰᠢᠭ ᠤᠨ ᠬᠤᠪᠢᠰᠤᠯᠳᠠ᠂ ᠬᠦᠳᠡᠯᠭᠡᠭᠴᠢ ᠬᠦᠴᠦᠨ ᠤ ᠬᠤᠪᠢᠰᠦᠯᠳᠠ ᠶᠢᠨ ᠦᠵᠡᠯ ᠤᠬᠠᠮᠰᠠᠷ ᠢ ᠪᠤᠢ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠠᠵᠦ ᠠᠬᠤᠢ ᠶᠢ ᠨᠡᠩ ᠦᠨᠳᠦᠷ ᠶᠠᠰᠤ ᠴᠢᠨᠡᠷ ᠲᠠᠢ᠂ ᠤᠯᠠᠮ ᠶᠡᠭᠡ ᠦᠷ᠎ᠡ ᠠᠰᠢᠭᠯᠠᠮᠵᠢ ᠲᠠᠢ᠂ ᠲᠦᠪ ᠭᠤᠤᠯᠴᠢ ᠪᠠᠷ ᠲᠠᠭᠠᠭᠠᠮᠠᠭᠠᠢ ᠬᠦᠭᠵᠢᠬᠦ ᠶᠢ ᠠᠬᠢᠭᠤᠯᠤᠨ᠎ᠠ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢ ᠲᠦᠷᠬᠡᠳᠬᠡᠨ᠂ ︽ᠬᠤᠨᠢ ᠶᠢ ᠴᠦᠬᠡᠴᠡᠯᠡᠵᠦ ᠦᠬᠡᠷ ᠮᠠᠯᠵᠢᠬᠤ ︾ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠠᠬᠢᠭᠤᠯᠤᠨ᠂ ᠡᠯᠡᠰᠦᠨ ᠭᠠᠵᠠᠷ ᠲᠤ ᠬᠤᠨᠢ ᠮᠠᠯᠵᠢᠬᠤ ᠶᠢ ᠬᠤᠷᠢᠭᠯᠠᠨ᠂ ᠲᠠᠷᠢᠶᠠᠯᠠᠬᠤ ᠤᠷᠤᠨ ᠳᠤ ᠪᠦᠬᠦ ᠵᠢᠯ ᠢᠶᠠᠷ ᠢᠶᠠᠨ ᠪᠡᠯᠴᠢᠬᠡᠷᠯᠡᠬᠦᠯᠬᠦ ᠶᠢ ᠵᠤᠭᠰᠤᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠠᠷᠠᠴᠢᠯᠠᠨ ᠲᠡᠵᠢᠬᠡᠬᠦ ᠬᠠᠮᠢᠶᠠᠷᠤᠯᠳᠠ ᠪᠠᠨ ᠴᠢᠩᠭᠠᠳᠬᠠᠨ᠂ ᠤᠳᠤᠬᠢᠴᠢᠯᠠᠭᠰᠠᠨ ᠮᠠᠯ ᠠᠵᠤ ᠠᠬᠤᠢ ᠎ ᠶᠢᠨ ᠠᠵᠦ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠦ᠂ ᠪᠤᠬᠢᠷᠳᠦᠯ ᠦᠬᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠢ ᠪᠤᠯᠪᠠᠰᠤᠷᠠᠭᠤᠯᠤᠨ ᠪᠤᠷᠤᠯᠠᠭᠤᠯᠬᠤ ᠰᠠᠭᠤᠷᠢᠨ ᠢ ᠪᠠᠶᠢᠭᠤᠯᠤᠨ᠂ ᠵᠢᠯ ᠳᠤ 300 ᠲᠤᠯᠤᠭᠠᠢ ᠦᠬᠡᠷ ᠪᠤᠷᠳᠤᠨ ᠲᠡᠵᠢᠬᠡᠵᠦ᠂ ᠪᠤᠷᠤᠯᠠᠭᠤᠯᠬᠤ ᠬᠡᠪᠴᠢᠶ᠎ᠠ ᠪᠦᠬᠦᠢ ᠲᠡᠵᠢᠬᠡᠨ ᠦᠷᠡᠵᠢᠬᠦᠯᠬᠦ ᠲᠠᠯᠠᠪᠠᠢ 25᠎ ᠶᠢ ᠪᠠᠶᠢᠭᠤᠯᠵᠦ᠂ ᠵᠢᠯ ᠎ ᠤᠨ ᠲᠦᠷᠪᠡᠨ ᠤᠯᠠᠷᠢᠯ ᠳᠠᠭᠠᠨ ᠵᠠᠬ᠎ᠠ ᠳᠤ ᠭᠠᠷᠭᠠᠬᠤ ᠶᠢ ᠪᠡᠶᠡᠯᠡᠬᠦᠯᠦᠨ᠎ᠡ᠃ ᠲᠠᠷᠢᠮᠠᠯ ᠤᠨ ᠦᠢᠯᠡᠰ ᠤᠨ ᠪᠦᠳᠦᠴᠡ ᠳᠤ ᠲᠤᠬᠢᠷᠠᠭᠤᠯᠤᠯᠳᠠ ᠬᠢᠵᠦ᠂ ᠠᠮᠢ ᠠᠬᠤᠢ ᠶᠢᠨ ᠲᠠᠷᠢᠮᠠᠯ ᠤᠨ ᠦᠢᠯᠡᠰ ᠪᠠ ᠲᠦᠬᠦᠬᠡᠷᠦᠮᠵᠢᠳᠦ ᠲᠠᠷᠢᠮᠠᠯ ᠤᠨ ᠦᠢᠯᠡᠰ ᠢ ᠬᠦᠭᠵᠢᠬᠦᠯᠵᠦ᠂ ᠲᠦᠮᠦᠰᠦ᠂ ᠢᠳᠡᠰᠢᠨ ᠨᠤᠭᠤᠭ᠎ᠠ᠂ ᠲᠡᠵᠢᠬᠡᠯ ᠪᠤᠷᠳᠤᠭ᠎ᠠ ᠵᠡᠷᠬᠡ ᠤᠷᠤᠨ ᠪᠦᠰᠡ ᠶᠢᠨ ᠲᠠᠪᠠᠭᠤᠯᠢᠭ ᠲᠠᠢ᠂ ᠦᠨᠳᠦᠷ ᠦᠷ᠎ᠠ ᠠᠰᠢᠭᠯᠠᠮᠵᠢᠳᠠᠢ ᠲᠠᠷᠢᠮᠠᠯ ᠤᠨ ᠦᠢᠯᠡᠰ ᠤᠨ ᠬᠡᠪᠴᠢᠶᠡᠵᠢᠭᠰᠡᠨ᠂ ᠲᠤᠰᠬᠠᠶᠢᠵᠢᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠪᠤᠬᠢᠷᠳᠤᠯ ᠦᠬᠡᠢ ᠴᠡᠪᠡᠷ ᠡᠨᠧᠷᠬᠢ ᠶᠢᠨ ᠠᠵᠦ ᠦᠢᠯᠡᠰ ᠢ ᠬᠦᠭᠵᠢᠬᠦᠯᠵᠦ᠂ ᠰᠢᠨ ᠹᠧᠩ᠂ ᠬᠤᠸᠠ ᠳ᠋ᠢᠶᠠᠨ᠂ ᠬᠤᠸᠠ ᠨᠧᠩ᠂ ᠺᠦᠨ ᠢᠦᠢ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠠᠶᠢᠭᠤᠯᠤᠯᠳᠠ ᠎ ᠶᠢ ᠲᠦᠷᠬᠡᠳᠬᠡᠨ᠂ ᠡᠬᠢ ᠪᠠᠶᠠᠯᠢᠭ ᠢ ᠤᠯᠠᠷᠢᠭᠤᠯᠬᠤ ᠨᠤᠷᠮ᠎ᠠ ᠶᠢ ᠲᠡᠭᠡᠭᠰᠢᠯᠡᠬᠦᠯᠵᠦ᠂ ᠴᠡᠪᠡᠷ ᠡᠨᠧᠷᠬᠢ ᠶᠢᠨ ᠰᠠᠭᠤᠷᠢᠨ ᠢ ᠪᠠᠶᠢᠭᠤᠯᠤᠨ᠎ᠠ᠃ ᠦᠢᠯᠡᠴᠢᠯᠡᠬᠡᠨ ᠤ ᠦᠢᠯᠡᠰ ᠢ ᠬᠦᠭᠵᠢᠬᠦᠯᠬᠦ ᠶᠢ ᠠᠵᠦ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠎ ᠶᠢᠨ ᠭᠤᠤᠯᠳᠠᠯᠭ᠎ᠠ ᠪᠤᠯᠭᠠᠨ ᠠᠳᠬᠤᠵᠦ᠂ ᠰᠤᠶᠤᠯ ᠵᠢᠭᠤᠯᠴᠢᠯᠠᠯ᠂ ᠲᠤᠭᠠᠴᠢᠯᠠᠭᠰᠠᠨ ᠠᠵᠤ ᠠᠬᠤᠢ᠂ ᠤᠳᠤᠬᠢᠴᠢᠯᠠᠭᠰᠠᠨ ᠪᠠᠷᠠᠭᠠᠨ ᠤ ᠬᠦᠢᠯᠬᠡᠬᠡ᠂ ᠡᠯᠧᠺᠲᠷᠤᠨ ᠬᠤᠳᠠᠯᠳᠤᠭ᠎ᠠ᠂ ᠡᠷᠡᠬᠦᠯ ᠮᠡᠨᠳᠦ ᠰᠡᠯᠡᠬᠦᠴᠡᠯ ᠤᠨ ᠠᠵᠦ ᠦᠢᠯᠡᠰ ᠤᠨ ᠲᠠᠯ᠎ᠠ ᠳᠤ ᠰᠢᠨ᠎ᠠ ᠶᠢ ᠡᠬᠦᠳᠬᠦ ᠪᠠᠷ ᠴᠢᠷᠮᠠᠶᠢᠨ᠎ᠠ᠃ ᠰᠤᠶᠤᠯ ᠵᠢᠭᠤᠯᠴᠢᠯᠠᠯ ᠤᠨ ᠬᠦᠭᠵᠢᠯᠳᠡ ᠶᠢᠨ ᠲᠠᠪᠠᠭᠤᠯᠢᠭ ᠲᠤ ᠪᠠᠨ‌‍ᠲ᠋ᠦ᠋ᠰᠢᠭᠯᠡᠵᠦ᠂ ᠮᠤᠩᠭᠤᠯ ᠶᠤᠸᠠᠨ ᠤ ᠰᠤᠶᠤᠯ᠂ ᠰᠤᠶᠤᠯ ᠢᠷᠬᠡᠨᠰᠢᠯ᠂ ᠨᠤᠮᠢᠨ ᠨᠤᠭᠤᠭᠠᠨ ᠲᠠᠯ᠎ᠠ ᠨᠤᠳᠤᠭ ᠤᠨ ᠤᠨᠴᠠᠯᠢᠭ ᠢᠶᠠᠨ ᠪᠠᠳᠠᠷᠠᠭᠤᠯᠤᠨ᠂ ︽ᠲᠦᠷᠪᠡᠨ ᠶᠡᠭᠡ ᠲᠠᠪᠠᠭᠤᠯᠢᠭ ᠲᠤ ᠪᠠᠨ ᠲᠦᠰᠢᠭᠯᠡᠨ᠂ ᠨᠢᠬᠡ ᠭᠤᠤᠯᠳᠠᠯᠭ᠎ᠠ ᠶᠢᠨ ᠲᠤᠭᠤᠷᠢᠨ ᠳᠤ᠂ ᠬᠤᠶᠠᠷ ᠶᠡᠭᠡ ᠤᠷᠤᠨ ᠪᠦᠰᠡ ᠶᠢ ᠪᠠᠶᠢᠭᠤᠯᠤᠨ᠂ ᠲᠠᠪᠤᠨ ᠲᠦᠷᠦᠯ ᠤᠨ ᠨᠡᠷᠡᠳᠦ ᠲᠡᠮᠳᠡᠭ ᠢ ᠪᠤᠢ ᠪᠤᠯᠭᠠᠨ᠂ ᠨᠢᠬᠡ ᠬᠠᠷᠠᠯᠳᠠ ᠎ ᠶᠢ ᠪᠡᠶᠡᠯᠡᠬᠦᠯᠬᠦ︾ ᠬᠦᠭᠵᠢᠯᠳᠡ ᠶᠢᠨ ᠰᠡᠳᠬᠢᠴᠡ ᠶᠤᠰᠤᠭᠠᠷ᠂ ᠰᠤᠶᠤᠯ ᠵᠢᠭᠤᠯᠴᠢᠯᠠᠯ ᠤᠨ ᠦᠢᠯᠡᠰ ᠢ ᠬᠦᠴᠦᠯᠡᠨ ᠬᠦᠭᠵᠢᠬᠦᠯᠵᠦ᠂ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠦᠨ᠂ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠵᠢᠭᠤᠯᠴᠢᠯᠠᠯ ᠤᠨ ᠪᠦᠳᠦᠬᠡᠭᠳᠡᠬᠦᠨ ᠢ ᠪᠠᠶᠠᠯᠢᠭᠵᠢᠭᠤᠯᠵᠦ᠂ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷ ᠲᠠᠢ ᠵᠢᠭᠤᠯᠴᠢᠯᠠᠯ ᠤᠨ ᠵᠤᠷᠢᠯᠳᠠ ᠶᠢᠨ ᠤᠷᠤᠨ ᠢ ᠪᠦᠳᠦᠬᠡᠨ ᠪᠠᠶᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ ᠰᠤᠶᠤᠯ ᠤᠷᠠᠯᠢᠭ ᠤᠨ ᠠᠵᠢᠯ ᠦᠢᠯᠡᠰ ᠤᠨ ᠰᠢᠨᠡᠴᠢᠯᠡᠯᠳᠡ ᠬᠦᠭᠵᠢᠯᠳᠡ ᠶᠢ ᠲᠦᠯᠬᠢᠨ ᠠᠬᠢᠭᠤᠯᠵᠦ᠂ ︽ᠲᠠᠯ᠎ᠠ ᠨᠤᠳᠤᠭ ᠤᠨ ᠤᠳᠬ᠎ᠠ ᠤᠷᠠᠯᠢᠭ ᠤᠨ ᠬᠦᠩᠬᠡᠨ ᠮᠤᠷᠢᠳᠦ ᠴᠡᠷᠢᠭ︾᠎ ᠤᠨ ᠪᠠᠶᠢᠭᠤᠯᠤᠯᠳᠠ ᠶᠢ ᠴᠢᠩᠭᠠᠳᠬᠠᠵᠦ᠂ ᠰᠢᠨ᠎ᠠ ᠴᠠᠭ ᠦᠶ᠎ᠠ ᠶᠢᠨ ᠤᠯᠠᠭᠠᠨᠮᠦ᠋ᠴᠢᠷ ᠢ ᠪᠠᠶᠢᠭᠤᠯᠤᠨ᠎ᠠ᠃ ᠤᠯᠠᠮᠵᠢᠯᠠᠯᠳᠤ ᠠᠵᠦ ᠦᠢᠯᠡᠰ ᠢ ᠰᠢᠨᠡᠴᠢᠯᠡᠨ ᠲᠡᠰ ᠲᠡᠪᠰᠢᠬᠦᠯᠵᠦ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠳ᠋ᠠᠶᠢᠲ᠋ᠠ ᠬᠦᠮᠦᠷᠬᠡ᠂ ᠲᠤᠨᠤᠭᠯᠠᠯ ᠦᠢᠯᠡᠳᠬᠦ᠂ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ᠂ ᠮᠤᠩᠭᠤᠯ ᠡᠮ ᠡᠮᠨᠡᠯᠬᠡ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠬᠦᠭᠵᠢᠨ ᠪᠤᠵᠠᠭᠠᠶᠢᠷᠠᠵᠦ ᠪᠠᠶᠢᠭ᠎ᠠ ᠠᠵᠦ ᠦᠢᠯᠡᠰ ᠤᠨ ᠬᠦᠭᠵᠢᠯᠳᠡ ᠶᠢ ᠲᠦᠷᠬᠡᠳᠬᠡᠨ᠂ ᠤᠯᠠᠨ ᠡᠰᠢᠴᠢᠯᠡᠭᠰᠡᠨ ᠬᠦᠭᠵᠢᠯᠳᠡ ᠲᠠᠢ᠂ ᠤᠯᠠᠨ ᠲᠠᠯ᠎ᠠ ᠶᠢᠨ ᠲᠤᠯᠭᠠᠭᠤᠷᠢᠯᠠᠬᠤ ᠴᠢᠭ ᠲᠠᠢ ᠤᠳᠤᠬᠢᠴᠢᠯᠠᠭᠰᠠᠨ ᠠᠵᠦ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃       ᠦᠬᠡᠷᠡᠴᠢᠯᠡᠯᠳᠡ ᠨᠡᠬᠡᠬᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠬᠦᠭᠵᠢᠯᠳᠡ ᠶᠢᠨ ᠬᠦᠳᠡᠯᠬᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ︽ᠰᠤᠯᠠᠯᠠᠬᠤ᠂ ᠬᠠᠮᠢᠶᠠᠷᠬᠤ᠂ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ ᠨᠠᠵᠠᠭᠠᠢ ᠲᠠᠩᠰᠠ ᠶᠢ ᠬᠢᠵᠠᠭᠠᠷᠯᠠᠬᠤ ᠵᠠᠬ᠎ᠠ ᠲᠡᠯᠬᠡᠬᠦᠷ ᠲᠤ ᠤᠷᠤᠭᠤᠯᠬᠤ ᠲᠦᠷᠢᠮ ᠢ ᠨᠠᠶᠢᠳᠠᠪᠤᠷᠢᠵᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠨ᠎ᠠ᠃ ᠮᠦᠩᠬᠦᠨ ᠬᠦᠢᠯᠬᠡᠬᠡ ᠪᠠ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ ᠨᠠᠶᠢᠳᠠᠪᠤᠷᠢᠵᠢᠭᠤᠯᠵᠦ᠂ ᠮᠦᠩᠬᠦᠨ ᠬᠦᠢᠯᠬᠡᠬᠡᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠦᠨ᠂ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠪᠤᠳᠠᠳᠤ ᠠᠵᠦ ᠠᠬᠤᠢ ᠶᠢᠨ ᠴᠢᠳᠠᠪᠤᠷᠢ ᠶᠢ ᠲᠡᠭᠡᠭᠰᠢᠯᠡᠬᠦᠯᠵᠦ᠂ ᠮᠦᠩᠬᠦᠨ ᠬᠦᠢᠯᠬᠡᠬᠡᠨ ᠤ ᠲᠦᠭᠰᠢᠬᠦᠷᠢ ᠶᠢ ᠪᠦᠳᠦᠮᠵᠢᠳᠠᠢ ᠪᠠᠷ ᠰᠡᠷᠬᠡᠶᠢᠯᠡᠨ᠎ᠡ᠃ ᠪᠡᠯᠡ ᠤᠷᠤᠭᠤᠯᠤᠨ ᠪᠡᠯᠡ ᠬᠤᠷᠠᠮᠳᠤᠭᠤᠯᠬᠤ ᠪᠠᠶᠢᠭᠤᠯᠤᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠨᠡᠮᠡᠭᠳᠡᠬᠦᠯᠦᠨ᠂ ᠪᠡᠯᠡ ᠤᠷᠤᠭᠤᠯᠬᠤ ᠭᠤᠤᠯ ᠴᠤᠭᠴᠠ ᠶᠢᠨ ᠤᠯᠠᠨ ᠡᠰᠢᠴᠢᠯᠡᠯᠳᠡ ᠶᠢ ᠲᠦᠯᠬᠢᠨ ᠠᠬᠢᠭᠤᠯᠤᠨ᠎ᠠ ᠃ ᠵᠠᠰᠠᠭ ᠤᠨ ᠤᠷᠳᠤᠨ ᠤ ᠦᠷᠢ ᠦᠭᠴᠡᠬᠡᠨ ᠤ ᠲᠦᠭᠰᠢᠬᠦᠷᠢ ᠶᠢᠨ ᠬᠠᠮᠢᠶᠠᠷᠤᠯᠳᠠ ᠡᠵᠡᠮᠰᠢᠯ ᠢ ᠴᠢᠩᠭᠠᠳᠬᠠᠨ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠬᠡᠨ ᠤ ᠲᠦᠭᠰᠢᠬᠦᠷᠢ ᠶᠢ ᠢᠳᠡᠪᠬᠢᠳᠡᠢ ᠠᠷᠢᠯᠭᠠᠨ᠂ ᠤᠤᠯ ᠤᠨ ᠪᠠᠶᠢᠭ᠎ᠠ ᠦᠷᠢ ᠪᠠᠨ ᠲᠤᠭᠳᠠᠭᠤᠨ ᠡᠮᠬᠢ ᠲᠠᠷᠠᠭᠠᠯᠠᠯ ᠲᠠᠢ ᠪᠠᠷ ᠪᠤᠴᠠᠭᠠᠵᠦ ᠰᠢᠯᠵᠢᠬᠦᠯᠦᠨ᠂ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠬᠡ ᠶᠢᠨ ᠬᠠᠮᠳᠤᠷᠠᠯᠴᠠᠭᠠᠨ ︵PPP︶᠎ ᠤ ᠬᠡᠯᠪᠡᠷᠢ ᠶᠢ ᠢᠳᠡᠪᠬᠢᠳᠡᠢ ᠠᠬᠢᠭᠤᠯᠵᠦ᠂ ᠬᠤᠳᠠ ᠪᠠᠯᠭᠠᠰᠤᠨ ᠤ ᠰᠠᠭᠤᠷᠢ ᠪᠦᠳᠦᠬᠡᠨ ᠪᠠᠶᠢᠭᠤᠯᠤᠯᠳᠠ ᠪᠠ ᠨᠡᠶᠢᠬᠡᠮ ᠤᠨ ᠠᠵᠢᠯ ᠦᠢᠯᠡᠰ ᠢ ᠤᠷᠢᠳᠠᠪᠠᠷ ᠲᠡᠮᠵᠢᠵᠦ᠂ ᠨᠡᠶᠢᠬᠡᠮ ᠤᠨ ᠬᠦᠷᠦᠩᠬᠡ ᠎ ᠶᠢ ᠲᠠᠳᠠᠨ ᠤᠷᠤᠭᠤᠯᠤᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ ᠬᠡᠪᠴᠢᠶ᠎ᠠ ᠶᠢ ᠦᠷᠬᠡᠳᠬᠡᠨ᠂ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠂ ᠭᠠᠶᠢᠯᠢ ᠶᠢᠨ ᠪᠤᠰᠤ ᠤᠷᠤᠯᠭ᠎ᠠ ᠶᠢ ᠲᠠᠳᠠᠪᠤᠷᠢᠯᠠᠨ ᠬᠠᠮᠢᠶᠠᠷᠬᠤ᠂ ᠬᠡᠷᠡᠭᠯᠡᠬᠦ᠂ ᠬᠢᠨᠠᠯᠳᠠ ᠲᠠᠯᠪᠢᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠭᠠᠶᠢᠯᠢ ᠶᠢᠨ ᠪᠤᠰᠤ ᠤᠷᠤᠯᠭ᠎ᠠ ᠶᠢ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠳᠠ ᠳᠤ ᠤᠷᠤᠭᠤᠯᠤᠨ᠎ᠠ᠃ ᠦᠪᠡᠷᠮᠢᠴᠡ ᠤᠷᠤᠨ ᠪᠠᠶᠢᠷᠢᠰᠢᠯ᠂ ᠠᠮᠢ ᠠᠬᠤᠢ ᠂ ᠰᠤᠶᠣᠯ ᠤᠨ ᠲᠠᠪᠠᠭᠤᠯᠢᠭ ᠲᠠᠭᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠸᠢ ᠶᠢᠨ ᠨᠢᠬᠡ ᠴᠤᠭᠴᠠᠵᠢᠭᠰᠠᠨ ᠬᠦᠭᠵᠢᠯᠳᠡ ᠲᠠᠢ ᠢᠳᠡᠪᠬᠢᠳᠡᠢ ᠠᠪᠴᠠᠯᠳᠤᠭᠤᠯᠤᠨ᠂ ᠡᠬᠢ ᠪᠠᠶᠠᠯᠢᠭ᠂ ᠪᠡᠯᠡ ᠮᠦᠩᠬᠦ᠂ ᠴᠢᠳᠠᠪᠤᠷᠢᠳᠠᠨ᠂ ᠮᠡᠷᠬᠡᠵᠢᠯ᠂ ᠰᠤᠷᠠᠭ ᠵᠠᠩᠬᠢ ᠵᠡᠷᠬᠡ ᠲᠠᠯ᠎ᠠ ᠶᠢᠨ ᠡᠯᠧᠮᠧᠨ᠋ᠲ ᠢ ᠬᠠᠮᠳᠤᠪᠡᠷ ᠡᠳ᠋ᠯᠡᠬᠦ ᠶᠢ ᠠᠬᠢᠭᠤᠯᠤᠨ᠎ᠠ᠃       ᠬᠦᠭᠵᠢᠯᠳᠡ ᠶᠢᠨ ᠨᠦᠬᠦᠴᠡᠯ ᠢ ᠴᠢᠷᠮᠠᠶᠢᠨ ᠰᠠᠶᠢᠵᠢᠷᠠᠭᠤᠯᠵᠦ᠂ ᠨᠢᠬᠡᠳᠦᠯᠳᠡᠢ ᠲᠦᠯᠦᠪᠵᠢᠬᠦᠯᠦᠭᠰᠡᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠠᠷ ᠬᠦᠭᠵᠢᠬᠦᠯᠬᠦ ᠶᠢ ᠪᠠᠷᠢᠮᠳᠠᠯᠠᠨ᠂ ᠠᠵᠦ ᠦᠢᠯᠡᠰ ᠬᠦᠭᠵᠢᠭᠰᠡᠨ᠂ ᠠᠮᠢ ᠠᠬᠤᠢ ᠰᠠᠶᠢᠵᠢᠷᠠᠵᠦ ᠤᠷᠤᠰᠢᠨ ᠰᠠᠭᠤᠷᠢᠰᠢᠬᠤ ᠳᠤ ᠲᠤᠬᠢᠷᠠᠭᠰᠠᠨ᠂ ᠪᠤᠯᠪᠠᠰᠤᠨ ᠵᠠᠩ ᠵᠠᠩᠰᠢᠯ ᠲᠠᠢ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠠ ᠪᠦᠳᠦᠮᠵᠢᠳᠠᠢ᠂ ᠠᠮᠢᠳᠤᠷᠠᠯ ᠪᠠᠶᠠᠨ ᠴᠢᠨᠡᠬᠡᠯᠢᠭ ᠪᠠᠶᠢᠬᠤ ᠶᠡᠷᠤᠩᠬᠡᠢ ᠱᠠᠭᠠᠷᠳᠠᠯᠭ᠎ᠠ ᠶᠤᠰᠤᠭᠠᠷ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠬᠡᠳᠬᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ᠂ ᠬᠠᠮᠳᠤᠷᠠᠨ ᠡᠵᠡᠩᠨᠡᠬᠦ᠂ ᠨᠠᠶᠢᠳᠠᠨ ᠬᠠᠮᠢᠶᠠᠷᠬᠤ ᠪᠠ ᠬᠤᠪᠢ ᠤᠷᠤᠭᠤᠯᠬᠤ ᠵᠡᠷᠬᠡ ᠬᠡᠯᠪᠡᠷᠢ ᠪᠠᠷ ᠲᠠᠮᠵᠢᠨ ᠲᠡᠳᠬᠦᠬᠦ ᠲᠦᠷᠦ ᠶᠢᠨ ᠪᠤᠳᠤᠯᠭ᠎ᠠ ᠪᠠ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠰᠠᠭᠤᠷᠢᠨ ᠤ ᠦᠷ᠎ᠠ ᠠᠰᠢᠭ ᠢ ᠬᠠᠮᠳᠤ ᠳᠤ ᠡᠳ᠋ᠯᠡᠬᠦᠯᠦᠨ᠎ᠡ᠃ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠭᠰᠠᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠬᠡᠷ ᠪᠦᠯᠢ ᠶᠢᠨ ᠡᠵᠡᠩᠨᠡᠯᠳᠡ ᠶᠢᠨ ᠬᠡᠯᠪᠡᠷᠢ ᠪᠤᠯᠤᠨ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ ᠤᠷᠭᠠᠨᠢᠭ ᠠᠪᠴᠠᠯᠳᠤᠯ ᠢ ᠠᠬᠢᠭᠤᠯᠤᠨ᠂ ᠮᠠᠯᠵᠢᠬᠤ ᠤᠷᠤᠨ ᠳᠤ ᠦᠷᠡᠵᠢᠬᠦᠯᠦᠨ ᠪᠤᠶᠢᠵᠢᠭᠤᠯᠬᠤ᠂ ᠲᠠᠷᠢᠶᠠᠯᠠᠬᠤ ᠤᠷᠤᠨ ᠳᠤ ᠪᠤᠷᠳᠤᠨ ᠲᠡᠵᠢᠬᠡᠬᠦ ᠬᠡᠯᠪᠡᠷᠢ ᠪᠠᠷ ᠬᠦᠳᠡᠭᠡ ᠲᠤᠰᠬᠤᠨ ᠳᠠᠬᠢ ᠨᠢᠬᠡ᠂ ᠬᠤᠶᠠᠷ᠂ ᠭᠤᠷᠪᠠᠳᠤᠭᠠᠷ ᠠᠵᠦ ᠦᠢᠯᠡᠰ ᠤᠨ ᠤᠷᠭᠠᠨᠢᠭ ᠬᠦᠭᠵᠢᠯᠳᠡ ᠶᠢ ᠲᠦᠷᠬᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠪᠦᠬᠦ ᠬᠡᠯᠬᠢᠶᠡᠰᠦ ᠶᠢᠨ ᠲᠡᠰ ᠲᠡᠪᠰᠢᠬᠦ ᠶᠢ ᠲᠦᠷᠬᠡᠳᠬᠡᠨ᠎ᠡ᠃ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠬᠠᠷᠢᠴᠠᠭᠠᠨ ᠤ ᠲᠤᠭᠳᠠᠭᠤᠨ ᠢ ᠪᠠᠳᠤᠯᠠᠵᠦ᠂ ᠬᠤᠶᠠᠳᠤᠭᠠᠷ ᠡᠬᠡᠯᠵᠢᠨ ᠤ ᠨᠤᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠬᠤᠶᠢᠨ᠎ᠠ ᠲᠠᠬᠢᠨ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠦᠳᠡᠭᠡ ᠲᠤᠰᠬᠤᠨ ᠤ ᠮᠦᠩᠬᠦᠨ ᠬᠦᠢᠯᠬᠡᠬᠡᠨ ᠤ ᠠᠵᠢᠯ ᠤᠨ ᠲᠠᠯ᠎ᠠ ᠪᠠᠷ ᠬᠢ ᠰᠢᠨᠡᠴᠢᠯᠡᠯᠳᠡ ᠶᠢ ᠲᠦᠷᠬᠡᠳᠬᠡᠨ᠂ ᠬᠦᠳᠡᠭᠡ ᠲᠤᠰᠬᠤᠨ ᠤ ᠠᠷᠠᠳ ᠤᠨ ᠲᠤᠮᠳᠠᠬᠢ ᠵᠢᠬᠡᠯᠡᠯᠬᠡ ᠶᠢᠨ ᠠᠵᠢᠯᠯᠠᠭ᠎ᠠ ᠶᠢ ᠴᠡᠭᠴᠡᠯᠡᠨ ᠲᠦᠷᠢᠮᠵᠢᠬᠦᠯᠵᠦ᠂ ᠮᠠᠯᠴᠢᠨ ᠲᠠᠷᠢᠶᠠᠴᠢᠨ ᠤ ᠡᠵᠡᠩᠨᠡᠯᠳᠡ ᠶᠢᠨ ᠲᠠᠩᠰᠠ ᠪᠠ ᠡᠳ᠋ ᠬᠦᠷᠦᠩᠬᠡ ᠶᠢᠨ ᠲᠠᠩᠰᠠ ᠪᠠᠨ ᠨᠠᠷᠢᠨ ᠪᠤᠳᠤᠬᠤ ᠶᠢ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠦᠨ ᠵᠠᠷᠤᠯᠭ᠎ᠠ ᠶᠢ ᠪᠠᠭᠠᠰᠬᠠᠬᠤ ᠶᠢ ᠠᠬᠢᠭᠤᠯᠤᠨ᠎ᠠ᠃ ᠦᠵᠡᠰᠬᠦᠯᠡᠩᠳᠦ ᠬᠦᠳᠡᠭᠡ ᠲᠤᠰᠬᠤᠨ ᠢ ᠪᠠᠶᠢᠭᠤᠯᠬᠤ ᠶᠢ ᠴᠢᠩᠭ᠎ᠠ ᠠᠳᠬᠤᠨ᠂ ᠰᠢᠨ᠎ᠠ ᠬᠦᠳᠡᠭᠡ ᠲᠤᠰᠬᠤᠨ ᠤ ᠪᠠᠶᠢᠭᠤᠯᠤᠯᠳᠠ ᠶᠢᠨ ᠲᠡᠰ ᠲᠡᠪᠰᠢᠬᠦ ᠶᠢ ᠠᠬᠢᠭᠤᠯᠤᠨ᠂ ︽ᠵᠤᠷᠯᠤᠩ ᠤᠨ ᠦᠬᠡᠷᠡᠴᠢᠯᠡᠯᠳᠡ︾᠎ ᠶᠢ ᠲᠦᠷᠬᠡᠳᠬᠡᠨ᠂ ᠬᠦᠮᠦᠰ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠬᠠᠮᠳᠤ ᠤᠯᠠᠨ ᠨᠠᠶᠢᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠭᠤᠯᠤᠯᠳᠠ ᠶᠢ ᠲᠦᠷᠬᠡᠳᠬᠡᠨ᠂ ᠦᠨᠳᠦᠷ ᠲᠡᠰ ᠤᠨ ᠲᠦᠯᠦᠪᠵᠢᠬᠦᠯᠬᠡ᠂ ᠦᠨᠳᠦᠷ ᠪᠠᠷᠢᠮᠵᠢᠶᠠᠨ ᠤ ᠪᠠᠶᠢᠭᠤᠯᠤᠯᠳᠠ᠂ ᠦᠨᠳᠦᠷ ᠪᠦᠳᠦᠮᠵᠢᠳᠦ ᠬᠠᠮᠢᠶᠠᠷᠤᠯᠳᠠ ᠶᠢ ᠪᠠᠷᠢᠮᠳᠠᠯᠠᠨ᠂ ᠬᠤᠳᠠ ᠪᠠᠯᠭᠠᠰᠤᠨ ᠤ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠲᠡᠰ ᠲᠡᠪᠰᠢᠬᠦ ᠶᠢ ᠬᠦᠨᠵᠡᠬᠡᠢ ᠬᠡᠷᠡᠭᠵᠢᠬᠦᠯᠵᠦ᠂ ᠬᠠᠳᠠᠭᠤᠷᠠᠭᠤᠯᠤᠯᠳᠠ᠂ ᠨᠤᠭᠤᠭᠠᠷᠠᠭᠤᠯᠤᠯᠳᠠ᠂ ᠬᠡᠷᠡᠯᠳᠦᠬᠦᠯᠬᠡ᠂ ᠭᠤᠸᠠᠵᠢᠭᠤᠯᠤᠯᠳᠠ᠂  ᠴᠡᠪᠡᠷᠯᠡᠯᠳᠡ ᠪᠠᠷ ᠭᠤᠤᠯᠳᠠᠯᠭ᠎ᠠ ᠪᠤᠯᠭᠠᠭᠰᠠᠨ ᠬᠤᠳᠠ ᠶᠢᠨ ᠦᠩᠬᠡ ᠲᠦᠷᠬᠦ ᠶᠢᠨ ᠴᠡᠭᠴᠡᠯᠡᠯᠳᠡ᠂ ᠤᠰᠤ᠂ ᠴᠠᠬᠢᠯᠭᠠᠨ᠂ ᠵᠠᠮ᠂ ᠬᠡᠢ᠂ ᠲᠤᠯᠠᠭᠠᠯᠭ᠎ᠠ᠂ ᠬᠡᠷ ᠪᠠᠶᠢᠰᠢᠩ ᠢᠶᠠᠷ ᠭᠤᠤᠯᠳᠠᠯᠭ᠎ᠠ ᠪᠤᠯᠭᠠᠭᠰᠠᠨ ᠬᠤᠳᠠ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠰᠤᠷᠭᠠᠨ ᠬᠦᠮᠦᠵᠢᠯ᠂ ᠰᠤᠶᠤᠯ᠂ ᠡᠮ ᠡᠮᠨᠡᠯᠬᠡ᠂ ᠨᠠᠰᠦᠵᠢᠯ᠂ ᠬᠤᠳᠠᠯᠳᠤᠭ᠎ᠠ ᠪᠠᠷ ᠭᠤᠤᠯᠳᠠᠯᠭ᠎ᠠ ᠪᠤᠯᠭᠠᠭᠰᠠᠨ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠬᠡᠨ ᠤ ᠰᠢᠰᠲ᠋ᠧᠮ ᠢ ᠲᠡᠰ ᠲᠡᠪᠰᠢᠬᠦᠯᠵᠦ᠂ ᠬᠤᠳᠠ ᠪᠠᠯᠭᠠᠰᠤᠨ ᠤ ᠤᠷᠤᠰᠢᠨ ᠰᠠᠭᠤᠬᠤ ᠤᠷᠴᠢᠨ ᠨᠦᠬᠦᠴᠡᠯ ᠢ ᠰᠠᠶᠢᠵᠢᠷᠠᠭᠤᠯᠵᠦ᠂ ᠬᠤᠳᠠ ᠪᠠᠯᠭᠠᠰᠤᠨ ᠤ ᠶᠡᠷᠤᠩᠬᠡᠶᠢᠯᠡᠭᠰᠡᠨ ᠠᠴᠢᠶᠠᠯᠠᠬᠤ ᠴᠢᠳᠠᠪᠬᠢ ᠶᠢ ᠲᠡᠭᠡᠭᠰᠢᠯᠡᠬᠦᠯᠦᠨ᠎ᠡ᠃ ᠬᠤᠭ ᠨᠤᠪᠰᠢ ᠶᠢ ᠪᠤᠯᠠᠬᠤ ᠲᠤᠰᠬᠠᠢ ᠲᠠᠯᠠᠪᠠᠢ ᠪᠠ ᠪᠤᠬᠢᠷ ᠤᠰᠤ ᠶᠢ ᠰᠢᠢᠳᠪᠤᠷᠢᠯᠡᠬᠦ ᠢᠨᠵᠧᠨᠧᠷᠢᠩ ᠢ ᠬᠡᠷᠡᠭᠵᠢᠬᠦᠯᠵᠦ᠂ ᠪᠤᠵᠠᠷ ᠰᠢᠪᠡᠷ ᠢ ᠪᠤᠬᠢᠷᠳᠦᠯ ᠦᠬᠡᠢ ᠪᠠᠷ ᠰᠢᠢᠳᠪᠤᠷᠢᠯᠡᠬᠦ ᠢᠨᠵᠧᠨᠧᠷᠢᠩ ᠢ ᠡᠬᠢᠯᠡᠵᠦ ᠬᠡᠷᠡᠭᠵᠢᠬᠦᠯᠦᠨ᠂ ᠪᠤᠬᠢᠷ ᠤᠰᠤᠨ ᠤ ᠴᠡᠪᠡᠷᠰᠢᠬᠦᠯᠦᠯᠳᠡ ᠶᠢᠨ ᠨᠤᠷᠮ᠎ᠠ ᠶᠢ 85%᠎ ᠠᠴᠠ ᠲᠡᠭᠡᠭᠰᠢ ᠪᠠᠶᠢᠯᠭᠠᠵᠦ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ ᠪᠦᠷᠢᠨ ᠪᠦᠷᠬᠦᠬᠦᠯᠵᠦ᠂ ᠲᠤᠯᠠᠭᠠᠯᠭ᠎ᠠ ᠶᠢᠨ ᠲᠦᠬᠡᠮᠡᠯᠵᠢᠭᠰᠡᠨ ᠨᠤᠷᠮ᠎ᠠ ᠶᠢ 75%᠎ ᠠᠴᠠ ᠲᠡᠭᠡᠭᠰᠢ ᠳᠤ ᠬᠦᠷᠬᠡᠨ᠎ᠡ᠃ ᠤᠳᠤᠬᠢᠴᠢᠯᠠᠭᠰᠠᠨ ᠰᠠᠭᠤᠷᠢ ᠲᠦᠬᠦᠬᠡᠷᠦᠮᠵᠢ ᠶᠢᠨ ᠲᠤᠤᠷᠴᠢᠯᠠᠭᠰᠠᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠂ ᠪᠡᠭᠡᠵᠢᠩ ᠳᠤ ᠨᠡᠪᠳᠡᠷᠡᠬᠦ ᠲᠦᠷᠬᠡᠨ ᠬᠤᠷᠳᠤᠴᠠᠳᠤ ᠲᠡᠮᠤᠷ ᠵᠠᠮ᠂ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠵᠢᠭᠤᠯᠴᠢᠯᠠᠯ ᠳᠤ ᠵᠤᠷᠢᠭᠤᠯᠤᠭᠰᠠᠨ ᠵᠠᠰᠠᠮᠠᠯ ᠵᠠᠮ᠂ ᠰᠢᠶᠠᠨ ᠤ ᠲᠡᠰ ᠤᠨ ᠵᠠᠰᠠᠮᠠᠯ ᠵᠠᠮ᠂ ᠭᠠᠴᠠᠭ᠎ᠠ ᠲᠤᠰᠬᠤᠨ ᠤ ᠵᠠᠮ ᠤᠨ ᠪᠠᠶᠢᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠦᠨ᠎ᠡ᠃ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠎ ᠤ ᠢᠨᠵᠧᠨᠧᠷᠢᠩ ᠪᠠ ᠤᠰᠤ ᠠᠷᠪᠢᠯᠠᠬᠤ ᠤᠰᠤᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠤᠰᠤᠨ ᠤ ᠠᠮᠢ ᠠᠬᠤᠢ ᠶᠢᠨ ᠴᠡᠭᠴᠡᠯᠡᠯᠳᠡ ᠪᠠ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢᠨ ᠠᠵᠢᠯ ᠢ ᠬᠦᠨᠵᠡᠬᠡᠢ ᠲᠦᠯᠬᠢᠨ ᠠᠬᠢᠭᠤᠯᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠯᠤᠭ᠎ᠠ ᠵᠤᠬᠢᠴᠠᠯᠳᠤᠭᠰᠠᠨ ᠤᠰᠤᠨ ᠤ ᠠᠮᠤᠷ ᠲᠦᠪᠰᠢᠨ ᠤ ᠪᠠᠳᠤᠯᠠᠭᠠᠨ ᠎ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ︽ᠢᠨᠲ᠋ᠧᠷᠨᠧᠲ ᠰᠦᠯᠵᠢᠶ᠎ᠠ +︾ ᠪᠠ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠠ ᠱᠠᠭᠠᠷᠳᠠᠯᠭ᠎ᠠ ᠳᠤ ᠵᠤᠬᠢᠴᠠᠨ᠂ ᠰᠤᠷᠠᠭ ᠵᠠᠩᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠠᠬᠢᠭᠤᠯᠤᠨ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠤᠯᠭᠠᠭᠤᠷᠢ ᠪᠠᠳᠤᠯᠠᠭ᠎ᠠ ᠎ ᠶᠢᠨ ᠴᠢᠳᠠᠪᠬᠢ ᠶᠢ ᠲᠡᠭᠡᠭᠰᠢᠯᠡᠬᠦᠯᠦᠨ᠎ᠡ᠃       ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠡᠶ᠎ᠡ ᠵᠤᠬᠢᠴᠠᠯ ᠲᠠᠢ ᠦᠵᠡᠰᠬᠦᠯᠡᠩᠳᠦ ᠬᠡᠷ ᠤᠷᠤᠨ ᠢᠶᠠᠨ ᠪᠦᠳᠦᠬᠡᠨ ᠪᠠᠶᠢᠭᠤᠯᠤᠨ᠎ᠠ᠃ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ︾ ᠬᠡᠮᠡᠬᠦ ᠤᠶᠢᠯᠠᠭᠠᠭᠳᠠᠬᠤᠨ ᠢ ᠪᠠᠳᠤᠵᠢᠭᠤᠯᠤᠨ ᠪᠡᠶᠡᠯᠡᠬᠦᠯᠵᠦ᠂ ᠦᠵᠡᠰᠬᠦᠯᠡᠩᠳᠦ ᠰᠢᠯᠤᠭᠤᠨ ᠬᠦᠬᠡ ᠬᠤᠰᠢᠭᠤ ᠶᠢ ᠪᠠᠶᠢᠭᠤᠯᠬᠤ ᠶᠢ ᠤᠷᠤᠨ ᠨᠤᠳᠤᠭ ᠤᠨ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠬᠦᠭᠵᠢᠯᠳᠡ ᠶᠢᠨ ᠲᠦᠯᠦᠪᠵᠢᠬᠦᠯᠬᠡ ᠳᠤ ᠤᠷᠤᠭᠤᠯᠬᠤ ᠶᠢ ᠪᠠᠷᠢᠮᠳᠠᠯᠠᠨ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠡᠯ᠎ᠡ ᠲᠦᠷᠦᠯ ᠤᠨ ᠠᠵᠢᠯ ᠤᠨ ᠴᠢᠬᠤᠯᠠ ᠤᠷᠢᠳᠠᠯ ᠪᠤᠯᠭᠠᠨ ᠠᠳᠬᠤᠵᠦ᠂ ᠪᠤᠬᠢᠷᠳᠦᠯ ᠦᠬᠡᠢ ᠬᠦᠭᠵᠢᠯᠳᠡ ᠶᠢᠨ ᠰᠢᠨ᠎ᠠ ᠬᠡᠯᠪᠡᠷᠢ ᠶᠢ ᠢᠳᠡᠪᠬᠢᠳᠡᠢ ᠰᠦᠪᠡᠭᠴᠢᠯᠡᠨ᠂ ᠰᠢᠯᠤᠭᠤᠨ ᠬᠦᠬᠡ ᠬᠤᠰᠢᠭᠤ ᠪᠠᠨ ᠠᠭᠠᠷ ᠨᠢ ᠨᠡᠩ ᠴᠡᠪᠡᠷ᠂ ᠤᠰᠤ ᠨᠢ ᠨᠡᠩ ᠲᠤᠩᠭᠠᠯᠠᠭ᠂ ᠲᠠᠯ᠎ᠠ ᠨᠢ ᠨᠤᠭᠤᠭᠠᠨ᠂ ᠲᠡᠭᠷᠢ ᠨᠢ ᠬᠦᠬᠡ ᠪᠤᠯᠭᠠᠬᠤ ᠪᠠᠷ ᠴᠢᠷᠮᠠᠶᠢᠨ᠎ᠠ᠃ ᠬᠢᠵᠠᠭᠠᠷᠯᠠᠬᠤ ᠪᠠ ᠵᠤᠷᠢᠭᠵᠢᠭᠤᠯᠬᠤ ᠶᠢ ᠬᠠᠮᠳᠤ ᠬᠡᠷᠡᠭᠵᠢᠬᠦᠯᠦᠭᠰᠡᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠂ ᠤᠷᠴᠢᠨ ᠲᠤᠭᠤᠷᠢᠨ ᠤ ᠬᠠᠮᠠᠭᠠᠯᠠᠯᠳᠠ ᠳᠤ ᠢᠳᠡᠬᠡᠮᠵᠢ ᠶᠢᠨ ᠦᠨᠡᠯᠡᠯᠳᠡ ᠬᠢᠬᠦ᠂ ᠰᠤᠷᠠᠭ ᠵᠠᠩᠬᠢ ᠶᠢ ᠨᠡᠶᠢᠳᠡᠯᠡᠬᠦ᠂ ᠴᠢᠩᠭ᠎ᠠ ᠰᠢᠢᠳᠬᠡᠵᠦ ᠬᠦᠨᠳᠦ ᠪᠠᠷ ᠲᠤᠷᠭᠤᠬᠤ ᠲᠦᠷᠢᠮ ᠢ ᠲᠡᠬᠦᠯᠳᠡᠷᠵᠢᠬᠦᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠎ ᠶᠢᠨ ᠱᠤᠭᠤᠮ ᠤᠨ ᠲᠦᠷᠢᠮ ᠢ ᠴᠢᠩᠭ᠎ᠠ ᠬᠡᠷᠡᠭᠵᠢᠬᠦᠯᠵᠦ᠂ ︽ᠭᠤᠤᠯ ᠤᠨ ᠲᠠᠷᠤᠭ᠎ᠠ︾᠎ ᠶᠢᠨ ᠲᠦᠷᠢᠮ ᠢ ᠠᠬᠢᠭᠤᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠬᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠰᠢᠯᠵᠢᠬᠦ ᠦᠶ᠎ᠡ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ  ᠎ ᠶᠢᠨ ᠬᠢᠨᠠᠨ ᠪᠤᠳᠤᠯᠳᠠ ᠶᠢ ᠬᠡᠷᠡᠭᠵᠢᠬᠦᠯᠦᠨ᠂ ᠠᠮᠢ ᠠᠬᠤᠢ ᠤᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠠᠵᠢᠯ ᠤᠨ ᠲᠦᠷᠢᠮ ᠢ ᠲᠡᠬᠦᠯᠳᠡᠷᠵᠢᠬᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠦᠬᠦᠪᠦᠷᠢᠯᠡᠬᠦ ᠨᠤᠳᠤᠭ ᠪᠡᠯᠴᠢᠬᠡᠷ ᠤᠨ ᠲᠡᠯᠡᠪᠡᠢ ᠨᠢ 1356.7 ᠲᠦᠮᠡᠨ ᠮᠤ᠋ ᠳᠤ ᠬᠦᠷᠴᠦ᠂ ᠨᠤᠳᠤᠭ ᠪᠡᠯᠴᠢᠬᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠭᠰᠠᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯ ᠦᠷᠨᠢᠬᠦᠯᠦᠨ᠂ ᠪᠠᠶᠢᠭᠠᠯᠢᠯᠢᠭ ᠨᠤᠳᠤᠭ ᠪᠡᠯᠴᠢᠬᠡᠷ ᠤᠨ ᠲᠠᠭᠠᠭᠠᠴᠠ ᠶᠢ ᠴᠢᠩᠭ᠎ᠠ ᠡᠵᠡᠮᠳᠡᠨ᠎ᠡ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠠᠭᠤᠯᠠ ᠤᠰᠤ ᠤᠢ ᠮᠤᠳᠤ ᠲᠠᠷᠢᠶ᠎ᠠ ᠨᠠᠭᠤᠷ ᠡᠪᠡᠰᠦ ᠡᠯᠡᠰᠦᠨ ᠤ ᠰᠢᠰᠲ᠋ᠧᠮ ᠤᠨ ᠴᠡᠭᠴᠡᠯᠡᠯᠳᠡ ᠶᠢ ᠨᠢᠬᠡᠳᠬᠡᠨ ᠲᠦᠯᠦᠪᠵᠢᠬᠦᠯᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠭᠤᠤᠯᠳᠠᠯᠭ᠎ᠠ ᠲᠠᠢ ᠤᠷᠤᠨ ᠢ ᠤᠶᠢᠵᠢᠭᠤᠯᠤᠨ ᠨᠤᠭᠤᠭᠠᠷᠠᠭᠤᠯᠬᠤ᠂ ᠨᠤᠭᠤ ᠭᠠᠵᠠᠷ ᠤᠨ ᠤᠰᠤᠨ ᠰᠢᠰᠲ᠋ᠧᠮ ᠤᠨ ᠬᠠᠮᠠᠭᠠᠯᠠᠯᠳᠠ ᠴᠡᠭᠴᠡᠯᠡᠯᠳᠡ᠂ ᠠᠭᠤᠷᠬᠠᠢ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠎ ᠤ ᠴᠡᠭᠴᠡᠯᠡᠯᠳᠡ ᠵᠡᠷᠬᠡ ᠭᠤᠤᠯᠳᠠᠯᠭ᠎ᠠ ᠲᠠᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠠ ᠰᠡᠷᠬᠦᠬᠡᠯᠳᠡ ᠶᠢᠨ ᠴᠢᠬᠤᠯᠠ ᠢᠨᠵᠧᠨᠧᠷᠢᠩ ᠢ ᠬᠡᠷᠡᠭᠵᠢᠬᠦᠯᠵᠦ᠂ ᠠᠮᠢ ᠠᠬᠤᠢ ᠤᠷᠴᠢᠨ ᠲᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠬᠡᠪᠴᠢᠶᠡᠵᠢᠭᠰᠡᠨ ᠤᠢ ᠶᠢᠨ ᠲᠠᠯᠠᠪᠠᠢ ᠪᠠᠶᠢᠭᠤᠯᠬᠤ ᠲᠦᠷᠦᠯ ᠵᠦᠢᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠨᠤᠭᠤ ᠭᠠᠵᠠᠷ ᠤᠨ ᠬᠠᠮᠢᠶᠠᠷᠤᠯᠳᠠ ᠪᠠ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠨ᠎ᠠ᠃ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠦᠭᠰᠡᠨ ᠬᠢᠨᠠᠨ ᠬᠠᠮᠢᠶᠠᠷᠤᠯᠳᠠ ᠶᠢᠨ ᠬᠦᠴᠦᠯᠡᠴᠡ ᠎ ᠪᠠᠨ ᠨᠡᠮᠡᠭᠳᠡᠬᠦᠯᠵᠦ᠂ ︽ᠨᠢᠬᠡ ᠶᠢ ᠴᠦ ᠬᠦᠯᠢᠴᠡᠬᠦ ᠦᠬᠡᠢ︾ ᠤᠪᠤᠷ ᠢᠶᠠᠷ ᠤᠷᠴᠢᠨ ᠲᠤᠭᠤᠷᠢᠨ ᠤ ᠬᠠᠤᠯᠢ ᠶᠢ ᠵᠦᠷᠢᠴᠡᠭᠰᠡᠨ ᠡᠯ᠎ᠠ ᠵᠦᠢᠯ ᠤᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠦ᠂ ᠲᠤᠪᠤᠶᠢᠮ᠎ᠠ ᠤᠷᠤᠰᠢᠵᠦ ᠪᠠᠶᠢᠭ᠎ᠠ ᠤᠷᠴᠢᠨ ᠲᠤᠭᠤᠷᠢᠨ ᠤ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠪᠠ ᠤᠯᠠᠨ ᠲᠦᠮᠡᠨ ᠎ ᠤ ᠦᠢᠯᠡᠳᠪᠤᠷᠢᠯᠡᠯ ᠠᠮᠢᠳᠤᠷᠠᠯ ᠳᠤ ᠰᠠᠶᠢᠨ ᠰᠠᠶᠢᠬᠠᠨ ᠤᠷᠴᠢᠨ ᠲᠤᠭᠤᠷᠢᠨ ᠪᠦᠷᠢᠯᠳᠦᠬᠦᠯᠵᠦ ᠦᠭᠬᠦᠨ᠎ᠡ᠃       ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠨᠡᠨᠬᠦ ᠪᠠᠳᠤᠯᠠᠵᠦ᠂ ᠤᠯᠠᠨ ᠲᠦᠮᠡᠨ ᠤ ᠰᠠᠶᠢᠨ ᠰᠠᠶᠢᠬᠠᠨ ᠬᠦᠰᠡᠯ ᠡᠷᠡᠮᠵᠡᠯᠡᠯ ᠢ ᠪᠡᠶᠡᠯᠡᠬᠦᠯᠦᠨ᠎ᠡ᠃ ᠠᠷᠠᠳ ᠲᠦᠮᠡᠨ ᠳᠤ ᠪᠠᠨ ᠪᠤᠶᠠᠨ ᠡᠳ᠋ᠯᠡᠬᠦᠯᠬᠦ ᠪᠤᠯ ᠬᠦᠭᠵᠢᠯᠳᠡ ᠶᠢᠨ ᠦᠨᠳᠦᠰᠦᠨ ᠬᠠᠷᠠᠯᠳᠠ ᠪᠤᠯᠬᠤᠷ ᠠᠷᠠᠳ ᠤᠨ ᠠᠮᠢᠳᠤᠷᠠᠯ ᠳᠤ ᠠᠰᠢᠭᠳᠠᠢ᠂ ᠠᠷᠠᠳ ᠤᠨ ᠬᠦᠴᠢᠷ ᠵᠤᠪᠠᠯᠠᠩ ᠢ ᠰᠢᠢᠳᠪᠤᠷᠢᠯᠡᠵᠦ ᠴᠢᠳᠠᠬᠤ ᠠᠷᠭ᠎ᠠ ᠪᠤᠳᠤᠯᠭ᠎ᠠ ᠶᠢ ᠡᠷᠬᠡᠪᠡᠰᠢ ᠢᠯᠡᠬᠦᠦ ᠪᠤᠳᠤᠯᠬᠢᠯᠠᠵᠦ᠂ ᠦᠬᠡᠷᠡᠴᠢᠯᠡᠯᠳᠡ ᠬᠦᠭᠵᠢᠯᠳᠡ ᠶᠢᠨ ᠦᠷ᠎ᠠ ᠪᠦᠳᠦᠮᠵᠢ ᠶᠢ ᠡᠯ᠎ᠠ ᠦᠨᠳᠦᠰᠦᠳᠡᠨ ᠤ ᠤᠯᠠᠨ ᠲᠦᠮᠡᠨ ᠳᠤ ᠡᠷᠬᠡ ᠲᠡᠭᠰᠢ ᠪᠠᠷ ᠡᠳ᠋ᠯᠡᠬᠦᠯᠬᠦ ᠪᠠᠷ ᠴᠢᠷᠮᠠᠶᠢᠨ᠎ᠠ᠃ ᠬᠢᠵᠠᠭᠠᠷ ᠱᠤᠭᠤᠮ ᠢ ᠪᠠᠷᠢᠮᠳᠠᠯᠠᠵᠦ᠂ ᠭᠤᠤᠯᠳᠠᠯᠭ᠎ᠠ ᠶᠢ ᠲᠤᠪᠤᠶᠢᠯᠭᠠᠨ᠂ ᠲᠦᠷᠢᠮ ᠢ ᠲᠡᠬᠦᠯᠳᠡᠷᠵᠢᠬᠦᠯᠵᠦ᠂ ᠤᠷᠢᠳᠴᠢᠯᠡᠨ ᠲᠦᠰᠦᠪᠯᠡᠭᠰᠡᠨ ᠬᠠᠷᠠᠯᠳᠠ ᠳᠠᠭᠠᠨ ᠬᠦᠷᠬᠦ ᠶᠢ ᠵᠢᠯᠤᠭᠤᠳᠤᠨ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠨᠡᠶᠢᠬᠡᠮ ᠤᠨ ᠪᠠᠳᠤᠯᠠᠭ᠎ᠠ ᠵᠡᠷᠬᠡ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠤᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠵᠦᠢᠯ ᠳᠤ ᠪᠤᠳᠠᠳᠠᠢ ᠬᠠᠷᠢᠭᠤᠯᠳᠠ ᠦᠭᠬᠦᠨ᠂ ᠨᠢᠬᠡ ᠪᠦᠯᠦᠭ ᠠᠷᠠᠳ ᠤᠨ ᠠᠮᠢᠳᠤᠷᠠᠯ ‍ᠤᠨ‌‍ᠴᠢᠬᠤᠯᠠ ᠢᠨᠵᠧᠨᠧᠷᠢᠩ ᠢ ᠡᠮᠬᠢ ᠲᠢᠭᠯᠢᠮ ᠲᠠᠢ ᠬᠡᠷᠡᠭᠵᠢᠬᠦᠯᠵᠦ ᠰᠠᠭᠤᠬᠤ ᠠᠴᠠ ᠰᠤᠷᠭᠠᠭᠤᠯᠢ ᠲᠠᠢ᠂ ᠬᠦᠯᠦᠰᠦ ᠤᠯᠭᠤᠮᠵᠢ ᠶᠢᠨ ᠪᠠᠳᠤᠯᠠᠭ᠎ᠠ ᠲᠠᠢ᠂ ᠡᠮᠨᠡᠬᠦᠯᠬᠦ ᠠᠴᠠ ᠡᠮᠨᠡᠯᠬᠡ ᠲᠠᠢ᠂ ᠦᠳᠡᠯᠦᠬᠡ ᠨᠠᠰᠤᠨ ᠤ ᠠᠰᠠᠷᠠᠮᠵᠢ ᠲᠠᠢ᠂ ᠠᠮᠤᠭᠤᠯᠠᠩ ᠰᠠᠭᠤᠴᠠ ᠲᠠᠢ ᠪᠤᠯᠭᠠᠵᠦ᠂ ᠶᠠᠳᠠᠷ ᠲᠤᠷᠤᠢ ᠪᠠᠨ ᠲᠡᠮᠵᠢᠨ ᠲᠡᠳᠬᠦᠬᠦ ᠠᠵᠢᠯ ᠤᠨ ᠲᠠᠯ᠎ᠠ ᠪᠠᠷ ᠦᠷᠬᠦᠯᠵᠢᠯᠡᠨ ᠰᠢᠨ᠎ᠠ ᠠᠬᠢᠯᠳᠠ ᠲᠠᠢ ᠪᠤᠯᠭᠠᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠵᠦ᠂ ᠰᠢᠶᠠᠨ ᠤ ᠲᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢᠨ ᠦᠷ᠎ᠠ ᠪᠦᠳᠦᠮᠵᠢ ᠶᠢ ᠦᠷᠬᠦᠯᠵᠢᠯᠡᠨ ᠪᠠᠳᠤᠳᠬᠠᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢ ᠲᠦᠷᠬᠡᠳᠬᠡᠨ᠂ ᠦᠨᠳᠦᠰᠦᠳᠡᠨ ᠤ ᠰᠤᠷᠭᠠᠭᠤᠯᠢ ᠶᠢᠨ ᠪᠠᠷᠢᠮᠵᠢᠶᠠᠵᠢᠭᠰᠠᠨ᠂ ᠨᠠᠷᠢᠯᠢᠭᠵᠢᠭᠰᠠᠨ᠂ ᠤᠨᠴᠠᠯᠢᠭᠳᠤ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠨᠢᠬᠡᠳᠦᠯᠳᠡᠢ ᠠᠳᠬᠤᠵᠦ᠂ ᠠᠷᠠᠳ ᠠᠴᠠ ᠡᠷᠬᠢᠯᠡᠭᠰᠡᠨ ᠪᠠ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠬᠠᠮᠢᠶᠠᠷᠤᠯᠳᠠ ᠶᠢᠨ ᠠᠵᠢᠯ ᠢ ᠲᠦᠷᠢᠮᠵᠢᠬᠦᠯᠬᠦ ᠶᠢ ᠠᠬᠢᠭᠤᠯᠤᠨ᠎ᠠ᠃ ᠠᠵᠢᠯ ᠤᠯᠭᠤᠬᠤ ᠠᠵᠢᠯ ᠤᠨ ᠶᠠᠰᠤ ᠴᠢᠨᠡᠷ ᠪᠠ ᠬᠢᠷᠢ ᠲᠦᠪᠰᠢᠨ ᠢ ᠲᠡᠭᠡᠭᠰᠢᠯᠡᠬᠦᠯᠵᠦ᠂ ᠠᠵᠢᠯ ᠤᠯᠭᠤᠬᠤ ᠦᠢᠯᠡᠰ ᠪᠤᠰᠬᠠᠬᠤ ᠶᠢ ᠠᠬᠢᠭᠤᠯᠬᠤ ᠲᠦᠯᠦᠪᠯᠡᠭᠡ ᠶᠢ ᠬᠡᠷᠡᠭᠵᠢᠬᠦᠯᠦᠨ᠂ ᠶᠡᠭᠡ ᠲᠡᠬᠡᠳᠦ ᠰᠤᠷᠭᠠᠭᠤᠯᠢ ᠲᠡᠬᠦᠰᠦᠭᠰᠡᠨ ᠤᠶᠤᠳᠠᠨ᠂ ᠬᠤᠳᠠ ᠤᠷᠤᠵᠦ ᠬᠦᠯᠦᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠳ ᠤᠨ ᠠᠵᠢᠯ ᠤᠯᠵᠦ ᠦᠢᠯᠡᠰ ᠪᠤᠰᠬᠠᠬᠤ ᠠᠷᠭ᠎ᠠ ᠵᠠᠮ ᠢ ᠦᠷᠬᠡᠳᠬᠡᠨ᠎ᠡ᠃ ᠬᠠᠮᠤᠭ ᠲᠤᠤᠷᠠᠳᠤ ᠪᠠᠷᠢᠮᠵᠢᠶ᠎ᠠ ᠶᠢ ᠪᠠᠳᠤᠯᠠᠬᠤ᠂ ᠨᠠᠷᠢᠨ ᠲᠤᠤᠷ ᠪᠠᠶᠢᠭᠤᠯᠬᠤ᠂ ᠲᠤᠭᠳᠠᠯᠴᠠᠭ᠎ᠠ ᠪᠠᠶᠢᠭᠤᠯᠬᠤ ᠱᠠᠭᠠᠷᠳᠠᠯᠭ᠎ᠠ ᠪᠠᠷ ᠪᠦᠬᠦ ᠠᠷᠠᠳ ᠢ ᠬᠠᠮᠤᠷᠤᠭᠰᠠᠨ᠂ ᠬᠤᠳᠠ ᠬᠦᠳᠡᠭᠡ ᠶᠢ ᠨᠢᠬᠡᠳᠦᠯᠳᠡᠢ ᠲᠦᠯᠦᠪᠵᠢᠬᠦᠯᠦᠭᠰᠡᠨ᠂ ᠡᠷᠬᠡ ᠬᠠᠷᠢᠭᠤᠴᠠᠯᠭ᠎ᠠ ᠲᠤᠳᠤᠷᠬᠠᠢ᠂ ᠲᠤᠭᠳᠠᠭᠰᠠᠨ ᠪᠠᠳᠤᠯᠠᠭ᠎ᠠ ᠲᠠᠢ᠂ ᠲᠠᠭᠠᠭᠠᠮᠠᠭᠠᠢ ᠦᠷᠬᠦᠯᠵᠢᠯᠡᠬᠦ ᠤᠯᠠᠨ ᠲᠠᠪᠬᠤᠷᠭ᠎ᠠ ᠶᠢᠨ ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠪᠠᠶᠢᠭᠤᠯᠵᠦ᠂ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠡᠷᠡᠭᠵᠢᠬᠦᠯᠦᠨ᠂ ᠨᠡᠶᠢᠬᠡᠮ ᠤᠨ ᠲᠠᠭᠠᠳᠬᠠᠯ᠂ ᠨᠡᠶᠢᠬᠡᠮ ᠨᠠᠶᠢᠳᠠ ᠶᠢᠨ ᠠᠪᠤᠷᠠᠨ ᠲᠤᠰᠠᠯᠠᠯᠳᠠ᠂ ᠨᠡᠶᠢᠬᠡᠮ ᠤᠨ ᠠᠰᠠᠷᠠᠮᠵᠢ᠂ ᠬᠠᠷᠠᠭᠠᠯᠵᠠᠨ ᠲᠤᠬᠢᠷᠠᠭᠤᠯᠬᠤ ᠲᠦᠷᠢᠮ ᠢ ᠲᠡᠬᠦᠯᠳᠡᠷᠵᠢᠬᠦᠯᠦᠨ᠂ ᠨᠤᠳᠤᠭ ᠲᠤ ᠪᠠᠨ ᠬᠤᠴᠤᠷᠤᠭᠰᠠᠨ ᠬᠡᠤᠬᠡᠳ᠂ ᠶᠠᠳᠠᠭᠤ ᠬᠦᠴᠢᠷᠳᠡᠢ ᠬᠡᠤᠬᠡᠳ᠂ ᠨᠠᠰᠤᠳᠠᠶᠢᠴᠤᠳ ᠢ ᠬᠠᠯᠠᠮᠵᠢᠯᠠᠬᠤ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠵᠡᠮᠳᠡᠭᠴᠤᠳ ᠤᠨ ᠠᠵᠢᠯ ᠦᠢᠯᠡᠰ ᠢ ᠬᠦᠭᠵᠢᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢ  ᠪᠦᠬᠦ ᠲᠠᠯ᠎ᠠ ᠪᠠᠷ ᠬᠦᠨᠵᠡᠬᠡᠢ ᠦᠷᠨᠢᠬᠦᠯᠵᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠨ ᠬᠢᠵᠦ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠬᠦᠯ ᠮᠠᠨᠳᠤ ᠪᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠠ ᠶᠢ ᠪᠤᠳᠠᠳᠠᠶᠢᠵᠢᠭᠤᠯᠤᠨ᠎ᠠ᠃ ᠡᠷᠡᠬᠦᠯ ᠡᠩᠬᠡ ᠰᠢᠯᠤᠭᠤᠨ ᠬᠦᠬᠡ ᠬᠤᠰᠢᠭᠤ ᠶᠢ ᠬᠦᠴᠦᠯᠡᠨ ᠪᠠᠶᠢᠭᠤᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠦᠨᠳᠦᠰᠦᠨ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠷᠢᠮ᠂ ᠡᠮᠴᠢᠯᠡᠬᠡᠨ ᠤ ᠪᠠᠳᠤᠯᠠᠭᠠᠨ ᠤ ᠲᠦᠷᠢᠮ ᠪᠠ ᠡᠮ ᠡᠮᠨᠡᠯᠬᠡ ᠡᠷᠡᠬᠦᠯ ᠬᠠᠮᠠᠭᠠᠯᠠᠯ ᠎ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠡᠮᠴᠢᠯᠡᠬᠡᠨ ᠤ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠦᠨ᠂ ᠤᠯᠠᠨ ᠲᠦᠮᠡᠨ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠮᠤᠩᠭᠤᠯ᠂ ᠬᠢᠳᠡᠳ ᠡᠮ ᠡᠮᠨᠡᠯᠬᠡ ᠶᠢᠨ ᠦᠢᠯᠡᠰ ᠤᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠬᠦᠯᠵᠦ᠂ ᠮᠤᠩᠭᠤᠯ ᠬᠢᠳᠡᠳ ᠡᠮ ᠡᠮᠨᠡᠯᠬᠡ ᠶᠢᠨ ᠰᠢᠨᠵᠢᠯᠡᠭᠡ ᠮᠡᠷᠬᠡᠵᠢᠯ ᠤᠨ ᠦᠷ᠎ᠠ ᠪᠦᠳᠦᠬᠡᠯ᠂ ᠡᠮ ᠤᠨ ᠮᠠᠲ᠋ᠧᠷᠢᠶᠠᠯ ᠤᠨ ᠬᠠᠮᠠᠭᠠᠯᠠᠯᠳᠠ ᠶᠢᠨ ᠰᠠᠭᠤᠷᠢᠨ ᠢ ᠪᠠᠶᠢᠭᠤᠯᠬᠤ ᠲᠦᠷᠦᠯ ᠵᠦᠢᠯ ᠢ ᠢᠳᠡᠪᠬᠢᠳᠡᠢ ᠡᠷᠡᠮᠡᠯᠵᠡᠯᠡᠨ᠎ᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ︽ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾᠎ ᠢ ᠨᠢᠮᠪᠠᠢ ᠬᠡᠷᠡᠭᠵᠢᠬᠦᠯᠦᠨ ᠨᠠᠶᠢᠳᠠᠪᠤᠷᠢᠵᠢᠭᠤᠯᠵᠦ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠤ ᠵᠢᠱᠢᠶ᠎ᠡ ᠦᠵᠡᠬᠦᠯᠬᠦ ᠦᠢᠯᠡᠳᠦᠯ ᠢ ᠪᠦᠷᠢᠨ ᠪᠠᠳᠠᠷᠠᠭᠤᠯᠵᠦ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠦᠷᠬᠦᠯᠵᠢᠯᠡᠨ ᠡᠷᠡᠬᠦᠯ ᠎ ᠢᠶᠠᠷ ᠬᠦᠭᠵᠢᠬᠦ ᠶᠢ ᠠᠬᠢᠭᠤᠯᠤᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠶᠡᠭᠡ ᠤᠷᠴᠢᠨ ᠢ ᠪᠠᠬᠢᠵᠡᠬᠦᠯᠦᠨ᠎ᠡ᠃ ᠦᠨᠳᠦᠰᠦᠳᠠᠨ ᠤ ᠱᠠᠰᠢᠨ ᠰᠤᠷᠳᠠᠬᠤᠨ ᠤ ᠠᠵᠢᠯ ᠤᠨ ︽ᠭᠤᠷᠪᠠᠨ ᠱᠠᠳᠤᠨ ᠤ ᠬᠤᠯᠪᠤᠭ᠎ᠠ︾᠎ ᠶᠢᠨ ᠦᠢᠯᠡᠳᠦᠯ ᠢ ᠪᠦᠷᠢᠨ ᠪᠠᠳᠠᠷᠠᠭᠤᠯᠵᠦ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠩᠭᠤᠢ᠂ ᠱᠠᠰᠢᠨ ᠰᠤᠷᠳᠠᠬᠤᠨ ᠤ ᠠᠵᠢᠯ ᠤᠨ ᠬᠤᠯᠪᠤᠭ᠎ᠠ ᠎ ᠶᠢ ᠪᠦᠷᠢᠯᠳᠦᠬᠦᠯᠦᠨ᠎ᠡ᠃ ᠬᠠᠤᠯᠢ ᠪᠠᠷ ᠬᠤᠰᠢᠭᠤ ᠪᠠᠨ ᠵᠠᠰᠠᠬᠤ ᠪᠠᠶᠢᠭᠤᠯᠤᠯᠳᠠ ᠶᠢ ᠲᠦᠷᠬᠡᠳᠬᠡᠵᠦ᠂ ᠬᠠᠤᠯᠢ ᠪᠠᠷ ᠵᠠᠰᠠᠬᠤ ᠎ ᠶᠢ ᠪᠠᠷᠢᠮᠳᠠᠯᠠᠨ᠂ ᠴᠢᠩᠭ᠎ᠠ ᠨᠢᠮᠪᠠᠢ᠂ ᠲᠦᠪ ᠭᠤᠤᠯᠴᠢ ᠪᠠᠷ ᠬᠠᠤᠯᠢ ᠴᠠᠭᠠᠵᠠ ᠶᠢ ᠬᠡᠷᠡᠭᠵᠢᠬᠦᠯᠦᠨ᠂ ᠪᠦᠬᠦ ᠠᠷᠠᠳ ᠢᠶᠠᠷ ᠎ ᠢᠶᠠᠨ ᠬᠠᠤᠯᠢ ᠵᠢᠷᠤᠮᠯᠠᠬᠤ ᠶᠢ ᠲᠦᠯᠬᠢᠨ ᠠᠬᠢᠭᠤᠯᠤᠨ᠎ᠠ᠃ ᠨᠡᠶᠢᠬᠡᠮ ᠤᠨ ᠠᠮᠤᠷ ᠲᠤᠭᠳᠠᠭᠤᠨ ᠢ ᠬᠠᠮᠳᠤᠪᠡᠷ ᠪᠠᠶᠢᠭᠤᠯᠵᠦ ᠬᠠᠮᠳᠤᠪᠡᠷ ᠴᠡᠭᠴᠡᠯᠡᠨ ᠬᠠᠮᠳᠤᠪᠡᠷ ᠡᠳ᠋ᠯᠡᠬᠦ ᠲᠤᠭᠳᠠᠴᠠ ᠶᠢ ᠪᠠᠶᠢᠭᠤᠯᠤᠨ᠂ ︽ᠠᠮᠤᠭᠤᠯᠠᠩ ᠰᠢᠯᠤᠭᠤᠨ ᠬᠦᠬᠡ ᠬᠤᠰᠢᠭᠤ︾ ᠎ ᠶᠢᠨ ᠪᠠᠶᠢᠭᠤᠯᠤᠯᠳᠠ ᠶᠢ ᠠᠬᠢᠭᠤᠯᠵᠦ᠂ ᠨᠡᠶᠢᠬᠡᠮ ᠤᠨ ᠴᠡᠭᠴᠡᠯᠡᠯᠳᠡ ᠶᠢᠨ ᠰᠢᠰᠲ᠋ᠧᠮ ᠤᠨ ᠪᠠᠶᠢᠭᠤᠯᠤᠯᠳᠠ᠂ ᠵᠦᠷᠢᠴᠡᠯ ᠵᠢᠭᠤᠷᠭᠠᠨ ᠢ ᠤᠷᠢᠳᠴᠢᠯᠡᠨ ᠰᠡᠷᠬᠡᠶᠢᠯᠡᠬᠦ ᠪᠠ ᠠᠷᠢᠯᠭᠠᠬᠤ᠂ ᠠᠶᠤᠯᠬᠦᠢ ᠦᠢᠯᠡᠳᠪᠤᠷᠢᠯᠡᠯ᠂ ᠢᠳᠡᠬᠡᠨ ᠤᠮᠳᠠᠭᠠᠨ ᠪᠠ ᠡᠮ ᠎ ᠤᠨ ᠵᠦᠢᠯᠡᠰ ᠲᠤ ᠬᠢᠨᠠᠯᠳᠠ ᠲᠠᠯᠪᠢᠬᠤ᠂ ᠤᠯᠤᠰ ᠤᠨ ᠠᠮᠤᠷ ᠲᠦᠪᠰᠢᠨ ᠤ ᠬᠦᠮᠦᠵᠢᠯ ᠵᠡᠷᠬᠡ ᠡᠯ᠎ᠡ ᠲᠠᠯ᠎ᠠ ᠶᠢᠨ ᠠᠵᠢᠯ ᠢ ᠦᠨᠡᠨᠬᠦ ᠰᠠᠶᠢᠨ ᠠᠳᠬᠤᠵᠦ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ ᠶᠢ ᠪᠠᠬᠢᠵᠡᠬᠦᠯᠦᠨ᠎ᠠ᠃       ᠭᠤᠷᠪᠠ᠂ 2018 ᠤᠨ ᠤ ᠠᠵᠢᠯ ᠤᠨ ᠪᠠᠶᠢᠷᠢᠯᠠᠭᠤᠯᠤᠯᠳᠠ       2018 ᠤᠨ ᠪᠤᠯ ᠰᠢᠨ᠎ᠡ ᠨᠢᠬᠡ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ  ᠂ ᠮᠦᠨᠴᠦ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢ ᠬᠡᠷᠡᠭᠵᠢᠬᠦᠯᠬᠦ᠂ ᠪᠠᠶᠠᠨ ᠬᠦᠴᠦᠷᠭᠡᠭ᠂ ᠪᠤᠯᠪᠠᠰᠤᠨ᠂ ᠦᠵᠡᠰᠬᠦᠯᠡᠩᠳᠤ᠂ ᠵᠤᠯ ᠵᠢᠷᠭᠠᠯᠳᠤ ᠰᠢᠯᠤᠭᠤᠨ ᠬᠦᠬᠡ  ᠬᠤᠰᠢᠭᠤ ᠶᠢ ᠪᠠᠶᠢᠭᠤᠯᠬᠤ ᠴᠢᠬᠤᠯᠠ ᠨᠢᠬᠡᠨ ᠵᠢᠯ ᠪᠤᠯᠤᠨ᠎ᠠ᠃ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 65 ᠳ᠋ᠦᠩᠰᠢᠭᠤᠷ ᠲᠦᠬᠦᠷᠢᠭ ᠲᠤ ᠬᠦᠷᠬᠡᠨ᠂ 3.2%᠎ ᠪᠠᠷ ᠨᠡᠮᠡᠭᠳᠡᠬᠦᠯᠦᠨ᠎ᠡ ᠃ ᠡᠬᠦᠨ ᠳᠤ᠄ ᠨᠢᠬᠡᠳᠦᠬᠡᠷ ᠠᠵᠦ ᠦᠢᠯᠡᠰ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 8.4 ᠳ᠋ᠦᠩᠰᠢᠭᠤᠷ ᠲᠦᠬᠦᠷᠢᠭ ᠲᠤ ᠬᠦᠷᠬᠡᠨ᠂ 3.1%᠎ ᠪᠠᠷ ᠨᠡᠮᠡᠭᠳᠡᠬᠦᠯᠦᠨ᠎ᠡ︔ ᠬᠤᠶᠠᠳᠤᠭᠠᠷ ᠠᠵᠦ ᠦᠢᠯᠡᠰ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 35.4 ᠳ᠋ᠦᠩᠰᠢᠭᠤᠷ ᠲᠦᠬᠦᠷᠢᠭ ᠲᠤ ᠬᠦᠷᠬᠡᠨ᠂1.6%᠎ ᠪᠠᠷ ᠨᠡᠮᠡᠭᠳᠡᠬᠦᠯᠦᠨ᠎ᠡ︔ ᠭᠤᠷᠪᠠᠳᠤᠭᠠᠷ ᠠᠵᠦ ᠦᠢᠯᠡᠰ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 21.2 ᠳ᠋ᠦᠩᠰᠢᠭᠤᠷ ᠲᠦᠬᠦᠷᠢᠭ ᠲᠤ ᠬᠦᠷᠬᠡᠨ᠂ 7.6%᠎ ᠪᠠᠷ ᠨᠡᠮᠡᠭᠳᠡᠬᠦᠯᠦᠨ᠎ᠡ︔ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠶᠡᠷᠤᠩᠬᠡᠢ ᠦᠷᠳᠡᠭ ᠢ 40 ᠳ᠋ᠦᠩᠰᠢᠭᠤᠷ ᠲᠦᠬᠦᠷᠢᠭ ᠪᠡᠶᠡᠯᠡᠬᠦᠯᠵᠦ᠂ 17.6%᠎ ᠪᠠᠷ ᠨᠡᠮᠡᠭᠳᠡᠬᠦᠯᠦᠨ᠎ᠡ︔ ᠤᠯᠠᠨ ᠨᠠᠶᠢᠳᠠ ᠶᠢᠨ ᠡᠳ᠋ ᠎ ᠤᠨ ᠵᠠᠰᠠᠭ ᠤᠨ ᠲᠦᠰᠦᠪ ᠤᠨ ᠤᠷᠤᠯᠭ᠎ᠠ ᠶᠢ 3.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 5.5%᠎ ᠪᠠᠷ ᠨᠡᠮᠡᠭᠳᠡᠬᠦᠯᠦᠨ᠎ᠡ︔ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ  ᠪᠤᠷᠤᠯᠠᠭᠤᠯᠬᠤ ᠶᠡᠷᠤᠩᠬᠡᠢ ᠦᠷᠳᠡᠭ ᠢ 16 ᠳ᠋ᠦᠩᠰᠢᠭᠤᠷ ᠲᠦᠬᠦᠷᠢᠭ ᠲᠤ ᠬᠦᠷᠬᠡᠨ᠂ 8.1%᠎ ᠪᠠᠷ ᠨᠡᠮᠡᠭᠳᠡᠬᠦᠯᠦᠨ᠎ᠡ︔ ᠬᠤᠳᠠ ᠬᠦᠳᠡᠬᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ 37700 ᠲᠦᠬᠦᠷᠢᠭ ᠪᠠ 17230 ᠲᠦᠬᠦᠷᠢᠭ ᠲᠤ ᠬᠦᠷᠬᠡᠨ᠂ ᠲᠤᠰᠪᠤᠷᠢ 8%᠎ ᠪᠠᠷ ᠨᠡᠮᠡᠭᠳᠡᠬᠦᠯᠦᠨ᠎ᠡ᠃       ᠲᠡᠭᠡᠷᠡᠬᠢ ᠬᠠᠷᠠᠯᠳᠠ ᠪᠠᠨ ᠪᠡᠶᠡᠯᠡᠬᠦᠯᠬᠦ ᠶᠢᠨ ᠲᠤᠯᠠᠳᠠ ᠮᠠᠨ ᠤ ᠬᠤᠰᠢᠭᠤ ᠨᠢ ᠴᠢᠨᠡᠬᠡᠯᠢᠭ ᠨᠡᠶᠢᠬᠡᠮ ᠢ ᠪᠦᠬᠦ ᠲᠠᠯ᠎ᠠ ᠎ ᠪᠠᠷ ᠪᠡᠶᠡᠯᠡᠬᠦᠯᠬᠦ ᠠᠵᠢᠯ ᠤᠨ ᠲᠤᠭᠤᠷᠢᠨ ᠳᠤ ᠬᠦᠨᠳᠦ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠬᠡᠶᠢᠯᠡᠨ ᠵᠠᠰᠠᠬᠤ ᠭᠤᠷᠪᠠᠨ ᠶᠡᠭᠡ ᠰᠢᠪᠳᠤᠯᠤᠯᠳᠠ ᠎ ᠶᠢᠨ ᠢᠨᠵᠧᠨᠧᠷᠢᠩ ᠢ ᠭᠤᠤᠯᠳᠠᠯᠭ᠎ᠠ ᠪᠤᠯᠭᠠᠨ ᠠᠳᠬᠤᠵᠦ᠂ ᠲᠤᠤᠷᠡᠬᠢ ᠬᠡᠳᠦᠨ ᠲᠠᠯ᠎ᠠ ᠶᠢᠨ ᠠᠵᠢᠯ ᠢ ᠰᠠᠶᠢᠳᠦᠷ ᠦᠷᠨᠢᠬᠦᠯᠦᠨ᠎ᠡ᠄       ᠨᠢᠬᠡ ᠳᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠰᠠᠶᠢᠳᠦᠷ ᠠᠳᠬᠤᠨ᠎ᠠ᠃ ᠪᠡᠯᠡ ᠤᠷᠤᠭᠤᠯᠬᠤ ᠪᠠ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠮᠠᠨ ᠤ ᠬᠤᠰᠢᠭᠤᠨ ᠤ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠠᠵᠦ ᠠᠬᠤᠢ ᠨᠡᠶᠢᠬᠡᠮ ᠤᠨ ᠬᠦᠭᠵᠢᠯᠳᠡ ᠎ ᠶᠢ ᠲᠠᠶᠢᠴᠢᠯᠠᠬᠤ ᠬᠠᠮᠤᠭ ᠤᠨ ᠴᠢᠬᠤᠯᠠ᠂ ᠬᠠᠮᠤᠭ ᠤᠨ ᠪᠦᠳᠦᠮᠵᠢᠳᠡᠢ ᠠᠷᠭ᠎ᠠ ᠪᠠᠷᠢᠯ ᠪᠤᠯᠭᠠᠨ᠂ ᠤᠳᠤᠬᠢᠴᠢᠯᠠᠭᠰᠠᠨ ᠮᠠᠯ ᠠᠵᠤ ᠠᠬᠤᠢ᠂ ᠴᠡᠪᠡᠷ ᠡᠨᠧᠷᠬᠢ ᠪᠠ ᠰᠤᠶᠤᠯ ᠵᠢᠭᠤᠯᠴᠢᠯᠠᠯ ᠤᠨ ᠭᠤᠷᠪᠠᠨ ᠶᠡᠭᠡ ᠠᠵᠦ ᠦᠢᠯᠡᠰ ᠤᠨ ᠲᠤᠭᠤᠷᠢᠨ ᠳᠤ ᠮᠠᠨ ᠎ ᠤ ᠬᠤᠰᠢᠭᠤᠨ ᠤ ᠠᠵᠦ ᠦᠢᠯᠡᠰ ᠤᠨ ᠪᠠᠶᠢᠷᠢᠯᠠᠭᠤᠯᠤᠯᠳᠠ ᠳᠤ ᠲᠤᠬᠢᠷᠠᠭᠰᠠᠨ᠂ ᠲᠠᠶᠢᠴᠢᠯᠠᠬᠤ ᠬᠦᠴᠦᠨ ᠢᠶᠠᠷ ᠴᠢᠩᠭ᠎ᠠ᠂ ᠬᠦᠭᠵᠢᠯᠳᠡ ᠶᠢᠨ ᠨᠦᠬᠡᠴᠡ ᠬᠦᠴᠦᠨ ᠲᠠᠢ ᠴᠢᠬᠤᠯᠠ ᠲᠦᠷᠦᠯ ᠵᠦᠢᠯ ᠢ ᠲᠦᠯᠦᠪᠯᠡᠬᠦ ᠪᠠ ᠠᠬᠢᠭᠤᠯᠵᠦ᠂ ︽ᠨᠢᠬᠡᠳᠦᠬᠡᠷ ᠠᠵᠦ ᠦᠢᠯᠡᠰ ᠢ ᠰᠢᠯᠢᠳᠡᠭᠵᠢᠬᠦᠯᠵᠦ᠂ ᠬᠤᠶᠠᠳᠤᠭᠠᠷ ᠠᠵᠦ ᠦᠢᠯᠡᠰ ᠢ ᠬᠦᠴᠦᠷᠭᠡᠭᠵᠢᠬᠦᠯᠦᠨ᠂ ᠭᠤᠷᠪᠠᠳᠤᠭᠠᠷ ᠠᠵᠦ ᠦᠢᠯᠡᠰ ᠢ ᠪᠤᠵᠠᠭᠠᠶᠢᠷᠠᠭᠤᠯᠬᠤ︾ ᠬᠠᠷᠠᠯᠳᠠ ᠪᠠᠨ ᠪᠡᠶᠡᠯᠡᠬᠦᠯᠦᠨ᠎ᠡ᠃ ᠠᠷᠠᠯᠵᠢᠶᠠᠴᠢᠨ ᠤᠷᠢᠵᠦ ᠪᠡᠯᠡ ᠲᠠᠳᠠᠬᠤ ᠬᠦᠴᠦᠯᠡᠴᠡ ᠎ ᠪᠠᠨ ᠨᠡᠮᠡᠭᠳᠡᠬᠦᠯᠦᠨ᠂ ᠠᠷᠠᠯᠵᠢᠶᠠᠴᠢᠨ ᠤᠷᠢᠵᠦ ᠪᠡᠯᠡ ᠲᠠᠳᠠᠬᠤ ᠲᠠᠨᠢᠯᠳᠠ ᠪᠠᠨ ᠰᠢᠨᠡᠴᠢᠯᠡᠵᠦ᠂ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠠ ᠵᠠᠬ᠎ᠠ ᠲᠡᠯᠬᠡᠬᠦᠷ ᠤᠨ ᠬᠠᠨᠳᠤᠰᠢ ᠶᠢ ᠵᠦᠪ ᠤᠨᠤᠪᠴᠢᠳᠠᠢ ᠡᠵᠡᠮᠰᠢᠨ᠎ᠠ᠃ ᠲᠤᠰ ᠵᠢᠯ ᠤᠨ ᠲᠤᠳᠤᠷ᠎ᠠ 26 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠨ᠂ ᠡᠬᠦᠨ ᠳᠤ ᠠᠶᠢᠮᠠᠭ ᠤᠨ ᠲᠡᠰ ᠤᠨ10 ᠭᠤᠤᠯᠳᠠᠯᠭ᠎ᠠ ᠲᠠᠢ ᠲᠦᠷᠦᠯ ᠵᠦᠢᠯ ᠢ ᠡᠷᠡᠮᠡᠯᠵᠡᠯᠡᠨ᠂ ᠲᠤᠰ ᠵᠢᠯ ᠳᠤ ᠪᠠᠨ 15 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠬᠡ ᠶᠢᠨ ᠬᠠᠮᠳᠤᠷᠠᠯᠴᠠᠭᠠᠨ ᠤ ᠬᠡᠯᠪᠡᠷᠢ ᠶᠢ ᠲᠦᠬᠡᠮᠡᠯᠵᠢᠬᠦᠯᠦᠨ ᠬᠡᠷᠡᠭᠵᠢᠬᠦᠯᠵᠦ᠂ ᠮᠦᠩᠬᠦᠨ ᠬᠦᠢᠯᠬᠡᠬᠡᠨ ᠤ ᠰᠢᠨ᠎ᠠ ᠶᠢ ᠡᠬᠦᠳᠬᠦ ᠬᠦᠴᠦᠯᠡᠴᠡ ᠶᠢ ᠨᠡᠮᠡᠭᠳᠡᠬᠦᠯᠦᠨ᠂ ᠠᠷᠠᠳ ᠤᠨ ᠲᠤᠮᠳᠠᠬᠢ ᠬᠦᠷᠦᠩᠬᠡ ᠶᠢᠨ ᠠᠮᠢᠵᠢᠷᠠᠯ ᠤᠨ ᠬᠦᠴᠦᠨ ᠢ ᠬᠦᠭᠵᠢᠬᠡᠬᠦ ᠬᠡᠷᠡᠭᠳᠡᠢ᠃ ᠭᠠᠵᠠᠷ ᠤᠨ ᠲᠡᠰ ᠤᠨ ᠤᠳᠤᠷᠢᠳᠬᠤ ᠺᠠᠳ᠋ᠷ ᠠᠴᠠ ᠭᠤᠤᠯᠳᠠᠯᠭ᠎ᠠ ᠲᠠᠢ ᠲᠦᠷᠦᠯ ᠵᠦᠢᠯ ᠢ ᠬᠠᠷᠢᠯᠴᠠᠬᠤ ᠲᠦᠷᠢᠮ ᠎ ᠢ ᠦᠷᠬᠦᠯᠵᠢᠯᠡᠨ ᠬᠡᠷᠡᠭᠵᠢᠬᠦᠯᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠮᠳᠠ ᠤᠷᠤᠰᠢᠵᠦ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠰᠢᠢᠳᠪᠤᠷᠢᠯᠡᠵᠦ᠂ ᠲᠦᠷᠦᠯ ᠵᠦᠢᠯ ᠤᠨ ᠨᠠᠶᠢᠳᠠᠪᠤᠷᠢᠵᠢᠭᠳᠠᠨ ᠦᠢᠯᠡᠳᠪᠤᠷᠢᠯᠡᠯ ᠢᠶᠠᠨ ᠡᠬᠢᠯᠡᠬᠦᠯᠬᠦ ᠳᠤ ᠤᠬᠢ ᠰᠠᠶᠢᠨ  ᠤᠷᠴᠢᠨ ᠨᠦᠬᠦᠴᠡᠯ ᠬᠠᠩᠭᠠᠵᠦ ᠦᠭᠬᠦᠨ᠎ᠡ᠃       ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠤᠨ᠎ᠠ᠃ ᠪᠤᠬᠢᠷᠳᠦᠯ ᠦᠬᠡᠢ᠂ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠵᠠᠬ᠎ᠠ ᠲᠡᠯᠬᠡᠬᠦᠷ ᠤᠨ ᠴᠢᠭᠯᠡᠯ ᠢ ᠪᠠᠷᠢᠮᠳᠠᠯᠠᠨ᠂ ︽ᠬᠤᠨᠢ ᠶᠢ ᠴᠦᠬᠡᠴᠡᠯᠡᠵᠦ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠎ ᠢ ᠬᠦᠭᠵᠢᠬᠦᠯᠵᠦ᠂ 3000 ᠲᠤᠯᠤᠭᠠᠢ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠷᠤᠭᠤᠯᠬᠤ ᠪᠠᠷ ᠲᠦᠯᠦᠪᠯᠡᠨ᠂ ᠡᠬᠦᠨ ᠎ ᠳᠤ ᠭᠠᠳᠠᠭᠠᠳᠤ ᠠᠴᠠ 1000 ᠲᠤᠯᠤᠭᠠᠢ ᠦᠬᠡᠷ ᠤᠷᠤᠭᠤᠯᠬᠤ ᠪᠠᠷ ᠪᠤᠢ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠢ ᠡᠷᠦᠬᠡ᠂ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠬᠡ ᠡᠵᠡᠩᠨᠡᠯᠳᠡ ᠶᠢᠨ ᠭᠤᠤᠯ ᠴᠤᠭᠴᠠ ᠶᠢ ᠲᠡᠮᠵᠢᠨ᠂ ᠮᠠᠯ ᠠᠵᠤ ᠠᠬᠤᠢ ᠶᠢᠨ ᠲᠡᠰ ᠲᠡᠪᠰᠢᠨ ᠰᠢᠯᠢᠳᠡᠭᠵᠢᠬᠦ ᠠᠯᠬᠤᠭ᠎ᠠ ᠶᠢ ᠲᠦᠷᠬᠡᠳᠬᠡᠨ᠂ ᠮᠠᠯᠴᠢᠨ ᠲᠠᠷᠢᠶᠠᠴᠢᠨ ᠤ ᠨᠠᠷᠢᠯᠢᠭ ᠮᠠᠯᠵᠢᠵᠦ ᠴᠦᠬᠡᠨ ᠮᠠᠯᠵᠢᠬᠤ ᠪᠠ ᠰᠢᠯᠢᠳᠡᠭ ᠴᠢᠨᠡᠷ ᠲᠠᠢ ᠦᠨᠳᠦᠷ ᠦᠨ᠎ᠡ ᠲᠠᠢ ᠤᠳᠤᠬᠢᠴᠢᠯᠠᠭᠰᠠᠨ ᠪᠤᠬᠢᠷᠳᠦᠯ ᠦᠬᠡᠢ ᠪᠠᠶᠢᠭᠠᠯᠢᠯᠢᠭ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠵᠤᠷᠢᠭᠵᠢᠭᠤᠯᠤᠨ᠂ ᠰᠢᠮᠧᠨ᠋ᠲᠷ ᠦᠬᠡᠷ ᠲᠡᠵᠢᠬᠡᠨ ᠦᠷᠡᠵᠢᠬᠦᠯᠬᠦ ᠪᠠᠷ ᠭᠤᠤᠯ ᠪᠤᠯᠭᠠᠵᠦ᠂ ᠠᠩᠭᠧᠰ ᠦᠬᠡᠷ᠂ ᠯᠢᠮᠤᠽᠠᠨ ᠦᠬᠡᠷ ᠢ ᠵᠤᠬᠢᠰᠳᠠᠢ ᠪᠠᠷ ᠲᠡᠵᠢᠬᠡᠨ ᠦᠷᠡᠵᠢᠬᠦᠯᠵᠦ᠂ ᠠᠮᠢ ᠠᠬᠤᠢ ᠰᠠᠶᠢᠵᠢᠷᠠᠭᠰᠠᠨ᠂ ᠦᠢᠯᠡᠳᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠬᠡᠯᠢᠭᠵᠢᠭᠰᠡᠨ ᠤᠯᠠᠨ ᠠᠰᠢᠭᠳᠤ ᠬᠠᠷᠠᠯᠳᠠ ᠪᠠᠨ ᠪᠡᠶᠡᠯᠡᠬᠦᠯᠦᠨ᠎ᠡ᠃ ᠬᠠᠩᠭᠠᠨ ᠪᠤᠷᠤᠯᠠᠭᠤᠯᠬᠤ ᠬᠤᠷᠰᠢᠶᠠᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠢᠭ ᠲᠠᠢ ᠤᠶᠠᠯᠳᠤᠭᠤᠯᠵᠦ᠂ ᠨᠤᠳᠤᠭ ᠪᠡᠯᠴᠢᠬᠡᠷ ᠢᠶᠠᠨ ᠨᠠᠶᠢᠳᠠᠨ ᠬᠠᠮᠢᠶᠠᠷᠠᠭᠤᠯᠬᠤ ᠂ ᠰᠢᠯᠵᠢᠬᠦᠯᠦᠨ ᠦᠢᠯᠡᠴᠢᠯᠡᠬᠦ ᠡᠵᠡᠩᠨᠡᠯᠳᠡ ᠶᠢᠨ ᠬᠡᠯᠪᠡᠷᠢ ᠶᠢ ᠲᠦᠯᠬᠢᠨ ᠠᠬᠢᠭᠤᠯᠵᠦ᠂ ᠰᠠᠩ ᠤᠨ ᠲᠠᠯᠠᠢ ᠪᠠᠯᠭᠠᠰᠤᠨ ᠳᠠᠬᠢ ᠠᠮᠢᠳᠤ ᠮᠠᠯ ᠤᠨ ᠰᠤᠯᠢᠯᠴᠠᠭᠠᠨ ᠤ ᠵᠠᠬ᠎ᠠ᠂ ᠪᠤᠷᠤᠬᠤᠳᠠ ᠶᠢᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠰᠤᠯᠢᠯᠴᠠᠭᠠᠨ ᠤ ᠵᠠᠬ᠎ᠠ ᠶᠢᠨ ᠴᠢᠳᠠᠪᠬᠢ ᠶᠢ ᠲᠡᠬᠦᠯᠳᠡᠷᠵᠢᠬᠦᠯᠵᠦ᠂ ᠲᠤᠯᠤᠭᠠᠶᠢᠯᠠᠭᠴᠢ ᠠᠵᠦ ᠠᠬᠤᠶᠢᠯᠠᠯ ᠠᠴᠠ ᠰᠠᠭᠤᠷᠢᠨ ᠭᠠᠵᠠᠷ ᠢ ᠲᠠᠶᠢᠴᠢᠯᠠᠬᠤ᠂ ᠺᠤᠮᠫᠠᠨᠢ ᠪᠤᠯᠤᠨ ᠮᠠᠯᠴᠢᠨ ᠡᠷᠦᠬᠡ  ᠬᠤᠯᠪᠤᠭᠠᠯᠠᠭᠰᠠᠨ᠂ ᠦᠢᠯᠡᠳᠪᠤᠷᠢᠯᠡᠬᠦ᠂ ᠪᠤᠷᠤᠯᠠᠭᠤᠯᠬᠤ᠂ ᠬᠠᠩᠭᠠᠬᠤ ᠶᠢ ᠤᠶᠠᠯᠳᠤᠭᠤᠯᠤᠭᠰᠠᠨ ᠬᠦᠭᠵᠢᠯᠳᠡ ᠶᠢᠨ ᠬᠡᠯᠪᠡᠷᠢ ᠶᠢ ᠲᠦᠬᠡᠮᠡᠯᠵᠢᠬᠦᠯᠦᠨ᠎ᠠ᠃ ᠦᠬᠡᠷ ᠬᠤᠨᠢᠨ ᠮᠢᠬ᠎ᠠ ᠪᠠ ᠴᠠᠭᠠᠨ ᠢᠳᠡᠭᠡ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠲᠠᠳᠠᠨ ᠠᠪᠴᠢᠷᠠᠬᠤ ᠬᠤᠷᠳᠤᠴᠠ ᠪᠠᠨ ᠲᠦᠷᠬᠡᠳᠬᠡᠨ᠂ ᠤᠯᠠᠮᠵᠢᠯᠠᠯᠳᠤ ᠮᠠᠯ ᠎ ᠤᠨ ᠪᠦᠳᠦᠬᠡᠭᠳᠡᠬᠦᠨ ᠤ ᠠᠵᠦ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠶᠢ ᠲᠠᠶᠢᠴᠢᠯᠠᠨ᠂ ᠮᠠᠯ ᠤᠨ ᠪᠦᠳᠦᠬᠡᠭᠳᠡᠬᠦᠨ ᠤ ᠲᠠᠭᠠᠯᠳᠠ ᠦᠷᠳᠡᠭ ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠂ ᠮᠠᠨ ᠤ ᠬᠤᠰᠢᠭᠤᠨ ᠤ ᠪᠤᠬᠢᠷᠳᠦᠯ ᠦᠬᠡᠢ ᠦᠬᠡᠷ ᠬᠤᠨᠢᠨ ᠮᠢᠬ᠎ᠠ᠂ ᠴᠠᠭᠠᠨ ᠢᠳᠡᠬᠡᠨ ᠤ ᠤᠯᠤᠰ ᠤᠨ ᠲᠤᠳᠤᠭᠠᠳᠤ ᠳᠠᠬᠢ ᠨᠡᠷᠡᠳᠦ ᠲᠡᠮᠳᠡᠭ ᠢ ᠠᠯᠳᠠᠷᠰᠢᠭᠤᠯᠤᠨ᠂ ᠮᠠᠯ ᠠᠵᠤ ᠠᠬᠤᠢ ᠶᠢᠨ ᠶᠠᠰᠤ ᠴᠢᠨᠡᠷ ᠢ ᠲᠡᠭᠡᠭᠰᠢᠯᠡᠬᠦᠯᠦᠨ ᠤᠷᠤᠯᠭ᠎ᠠ ᠪᠠᠨ ᠨᠡᠮᠡᠭᠳᠡᠬᠦᠯᠬᠦ ᠶᠢ ᠲᠦᠯᠬᠢᠨ ᠠᠬᠢᠭᠤᠯᠤᠨ᠎ᠠ᠃       ᠭᠤᠷᠪᠠ ᠳᠤ᠂ ᠠᠵᠦ ᠦᠢᠯᠡᠳᠪᠤᠷᠢ ᠶᠢᠨ ᠦᠢᠯᠡᠴᠢᠯᠡᠬᠡᠨ ᠤ ᠦᠢᠯᠡᠰ ᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠤᠭᠳᠠᠭᠤᠨ ᠢᠶᠠᠷ ᠠᠬᠢᠭᠤᠯᠤᠨ᠎ᠠ᠃ ᠪᠡᠭᠡᠵᠢᠩ᠂ ᠲᠢᠶᠠᠨᠵᠢᠨ᠂ ᠾᠧᠪᠸᠢ ᠶᠢᠨ ᠵᠤᠬᠢᠴᠠᠩᠭᠤᠢ ᠬᠦᠭᠵᠢᠯᠳᠡ᠂ ︽ᠨᠢᠬᠡ ᠪᠦᠰᠡ ᠨᠢᠬᠡ ᠵᠠᠮ︾ ᠵᠡᠷᠬᠡ ᠤᠯᠤᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠦ᠂ ᠨᠡᠬᠦᠷᠡᠰᠦᠨ ᠨᠤᠨᠳᠠᠭ᠂ ᠬᠦᠬᠦᠷ ᠦᠬᠡᠶᠢᠳᠡᠬᠦᠯᠦᠭᠰᠡᠨ ᠵᠤᠭᠠᠩ ᠵᠡᠷᠬᠡ ᠠᠵᠦ ᠦᠢᠯᠡᠳᠪᠤᠷᠢ ᠶᠢᠨ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠤᠩᠬᠡᠶᠢᠯᠡᠨ ᠠᠰᠢᠭᠯᠠᠬᠤ ᠪᠠᠷ ᠭᠤᠤᠯᠳᠠᠯᠭ᠎ᠠ ᠪᠤᠯᠭᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠠᠵᠦ ᠦᠢᠯᠡᠰ ᠢ ᠰᠠᠶᠢᠨ ᠬᠢᠵᠦ ᠬᠦᠴᠦᠷᠭᠡᠭᠵᠢᠬᠦᠯᠦᠨ᠎ᠡ᠃ ᠠᠵᠦ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠨ᠂ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠪᠦᠬᠦᠨ ᠢᠶᠠᠷ ᠢᠶᠠᠨ ᠡᠵᠡᠩᠨᠡᠯᠳᠡ ᠬᠢᠬᠦ ᠶᠢ ᠪᠠᠳᠤᠯᠠᠭᠰᠠᠨ ᠰᠠᠭᠤᠷᠢᠨ ᠲᠡᠭᠡᠷ᠎ᠡ᠂ 3 ᠠᠵᠦ ᠠᠬᠤᠶᠢᠯᠠᠯ ᠢ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠡᠩᠨᠡᠬᠡᠨ ᠳᠤ ᠤᠷᠤᠭᠤᠯᠵᠦ᠂ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠬᠡᠪᠴᠢᠶ᠎ᠠ ᠶᠢ ᠤᠯᠠᠮ  ᠪᠤᠵᠠᠭᠠᠶᠢᠷᠠᠭᠤᠯᠤᠨ᠎ᠠ᠃ ᠠᠵᠦ ᠦᠢᠯᠡᠳᠪᠤᠷᠢ ᠎ ᠶᠢᠨ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠬᠦ ᠲᠤᠮᠤ ᠡᠷᠦᠬᠡ ᠶᠢ ᠦᠪᠡᠷᠳᠡᠬᠡᠨ ᠵᠠᠰᠠᠬᠤ ᠤᠷᠤᠨ ᠤ ᠴᠠᠬᠢᠯᠭᠠᠨ ᠬᠦᠴᠦᠨ ᠎ ᠤ ᠤᠯᠠᠨ ᠲᠠᠯᠠᠳᠤ ᠰᠤᠯᠢᠯᠴᠠᠭᠠᠨ ᠤ ᠵᠠᠬ᠎ᠠ ᠲᠡᠯᠬᠡᠬᠦᠷ ᠲᠤ ᠤᠷᠤᠭᠤᠯᠬᠤ ᠠᠵᠢᠯ ᠢ ᠰᠠᠶᠢᠨ ᠬᠢᠵᠦ᠂ ᠠᠵᠦ ᠠᠬᠤᠶᠢᠯᠠᠯ ᠤᠨ ᠦᠪᠡᠷ ᠤᠨ ᠦᠷᠳᠡᠭ ᠢ ᠲᠤᠷᠤᠭᠰᠢᠯᠠᠭᠤᠯᠤᠨ᠂ ᠦᠢᠯᠡᠳᠪᠤᠷᠢᠯᠡᠯ ᠤᠨ ᠦᠷ᠎ᠠ ᠠᠰᠢᠭᠯᠠᠮᠵᠢ ᠶᠢ ᠲᠡᠭᠡᠭᠰᠢᠯᠡᠬᠦᠯᠦᠨ᠎ᠡ᠃ ︽ᠢᠨᠲ᠋ᠧᠷᠨᠧᠲ +︾ ᠪᠤᠯᠤᠨ ᠡᠯᠧᠺᠲᠷᠤᠨ ᠬᠤᠳᠠᠯᠳᠤᠭᠠᠨ ᠤ ᠬᠡᠷᠡᠭᠯᠡᠬᠡᠨ ᠢᠶᠠᠷ ᠲᠠᠮᠵᠢᠭᠤᠯᠵᠦ᠂ ᠮᠠᠨ ᠤ ᠬᠤᠰᠢᠭᠤᠨ ᠤ ᠴᠠᠭᠠᠨ ᠢᠳᠡᠭᠡ᠂ ᠦᠬᠡᠷ ᠬᠤᠨᠢᠨ ᠮᠢᠬᠠᠨ ᠤ ᠤᠭ ᠭᠠᠷᠤᠯᠳᠠ ᠶᠢᠨ ᠭᠠᠵᠠᠷ ᠤᠨ ᠡᠬᠢ ᠶᠢ ᠰᠦᠪᠡᠭᠴᠢᠯᠡᠬᠦ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠦ᠂ ︽ᠴᠠᠭᠠᠨ ᠢᠳᠡᠭᠡ︾᠂ ︽ᠪᠤᠬᠢᠷᠳᠦᠯ ᠦᠬᠡᠢ ᠲᠠᠷᠢᠶᠠᠯᠠᠩ ᠤᠨ ᠪᠦᠳᠦᠭᠡᠭᠳᠡᠬᠦᠨ ᠤ ᠰᠠᠭᠤᠷᠢᠨ︾᠎ ᠤ ᠨᠡᠷᠡᠳᠦ ᠲᠡᠮᠳᠡᠭ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃ ᠡᠯᠧᠺᠲᠷᠤᠨ ᠬᠤᠳᠠᠯᠳᠤᠭ᠎ᠠ ᠎ ᠶᠢ ᠬᠦᠳᠡᠭᠡ ᠲᠤᠰᠬᠤᠨ ᠳᠤ ᠤᠷᠤᠭᠤᠯᠤᠭᠰᠠᠨ ᠶᠡᠷᠤᠩᠬᠡᠶᠢᠯᠡᠭᠰᠡᠨ ᠵᠢᠱᠢᠶ᠎ᠡ ᠦᠵᠡᠬᠦᠯᠬᠦ ᠰᠢᠶᠠᠨ ᠤ ᠲᠦᠷᠦᠯ ᠵᠦᠢᠯ ᠢ ᠴᠢᠩᠭ᠎ᠠ ᠠᠳᠬᠤᠵᠦ᠂ ᠭᠠᠳᠠᠭᠰᠢ ᠪᠤᠷᠤᠯᠠᠭᠤᠯᠬᠤ ᠪᠦᠳᠦᠬᠡᠭᠳᠡᠬᠦᠨ ᠤ ᠲᠤᠭ᠎ᠠ ᠬᠡᠮᠵᠢᠶ᠎ᠠ ᠪᠠ ᠦᠷ᠎ᠠ ᠠᠰᠢᠭ ᠢ ᠴᠢᠷᠮᠠᠶᠢᠨ ᠨᠡᠮᠡᠭᠳᠡᠬᠦᠯᠦᠨ᠎ᠡ᠃       ᠲᠦᠷᠪᠡ ᠳᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠦᠨᠵᠡᠬᠡᠢ ᠤᠶᠠᠯᠳᠤᠯ ᠢ ᠲᠦᠷᠬᠡᠳᠬᠡᠨ᠎ᠡ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠤᠯᠤᠰ ᠤᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠠᠵᠢᠯ ᠢ ᠲᠦᠷᠬᠡᠳᠬᠡᠵᠦ᠂ ᠲᠤᠮᠳᠠᠳᠤ ᠤᠯᠤᠰ ᠤᠨ ᠵᠠᠯᠠᠭᠤᠴᠤᠳ ᠤᠨ ᠵᠢᠭᠤᠯᠴᠢᠯᠠᠯ ᠤᠨ ᠨᠡᠶᠢᠬᠡᠮᠯᠢᠭ ᠯᠦᠭᠡ ᠎ ᠶᠢᠨ ᠬᠠᠮᠵᠢᠯᠴᠠᠭ᠎ᠠ ᠪᠠᠨ ᠨᠢᠭᠳᠠᠷᠠᠭᠤᠯᠵᠦ᠂ ᠵᠢᠭᠤᠯᠴᠢᠯᠠᠯ ᠤᠨ ᠲᠦᠯᠦᠪᠵᠢᠬᠦᠯᠬᠡ ᠶᠢᠨ ᠠᠵᠢᠯ ᠲᠦᠷᠦᠯ ᠤᠨ ᠨᠡᠷ᠎ᠡ ᠠᠯᠳᠠᠷ ᠎ ᠲᠠᠢ ᠪᠠᠶᠢᠭᠤᠯᠤᠮᠵᠢ ᠶᠢ ᠤᠷᠢᠨ᠂ ᠪᠦᠬᠦ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠲᠤ ᠨᠡᠶᠢᠳᠡᠮ ᠤᠨ ᠪᠠᠶᠢᠴᠠᠭᠠᠯᠳᠠ᠂ ᠵᠠᠳᠠᠯᠤᠯᠳᠠ ᠪᠠ ᠲᠡᠭᠡᠳᠦ ᠲᠡᠰ ᠤᠨ ᠵᠢᠷᠤᠭ ᠲᠦᠯᠦᠪᠯᠡᠭᠡ ᠬᠢᠯᠬᠡᠵᠦ᠂ ᠬᠤᠪᠢᠯᠠᠢ ᠺᠢᠨᠤ᠋ ᠲᠧᠯᠸᠢᠰ ᠰᠡᠬᠦᠳᠡᠷᠯᠡᠬᠦ ᠰᠠᠭᠤᠷᠢᠨ᠂ ᠱᠠᠩᠳᠤ ᠨᠠᠭᠤᠷ ᠪᠠᠶᠢᠭᠠᠯᠢᠯᠢᠭ ᠵᠢᠭᠤᠯᠴᠢᠯᠠᠯ ᠤᠨ ᠮᠠᠯᠵᠢᠯ ᠤᠨ ᠲᠠᠯᠠᠪᠠᠢ ᠵᠡᠷᠬᠡ ᠤᠳᠤ ᠶᠢᠨ ᠪᠠᠶᠢᠭ᠎ᠠ ᠭᠤᠤᠯᠳᠠᠯᠭ᠎ᠠ ᠲᠠᠢ ᠲᠦᠷᠦᠯ ᠵᠦᠢᠯ ᠢ ᠰᠢᠯᠢᠳᠡᠭᠵᠢᠬᠦᠯᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠬᠠᠮᠠᠭᠠᠯᠠᠯᠳᠠ ᠦᠵᠡᠬᠦᠯᠦᠯᠬᠡ ᠶᠢᠨ ᠲᠦᠷᠦᠯ ᠵᠦᠢᠯ ᠢ ᠬᠡᠷᠡᠭᠵᠢᠬᠦᠯᠦᠨ᠂ ᠲᠤᠬᠠᠢ ᠶᠢᠨ ᠭᠠᠵᠠᠷ ᠤᠨ ᠰᠤᠶᠤᠯ ᠵᠢᠭᠤᠯᠴᠢᠯᠠᠯ ᠤᠨ ᠲᠠᠪᠠᠭᠤᠯᠢᠭ ᠲᠤ ᠲᠤᠬᠢᠷᠠᠭᠰᠠᠨ ᠲᠡᠬᠡᠳᠦ ᠲᠡᠰ ᠤᠨ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠤᠨ᠎ᠠ᠃ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢ ᠤᠯᠠᠮ ᠴᠢᠩᠭᠠᠳᠬᠠᠵᠦ᠂ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ ᠤᠨ ᠡᠵᠡᠩᠨᠡᠯᠳᠡ ᠬᠠᠮᠢᠶᠠᠷᠤᠯᠳᠠ ᠶᠢ ᠲᠦᠷᠢᠮᠵᠢᠬᠦᠯᠦᠨ᠂ ᠲᠠᠯ᠎ᠠ ᠨᠤᠳᠤᠭ ᠤᠨ ᠵᠢᠭᠤᠯᠴᠢᠯᠠᠯ ᠤᠨ ᠦᠢᠯᠡᠰ ᠤᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠤᠯᠠᠨ ᠨᠠᠶᠢᠳᠠ ᠶᠢᠨ ᠰᠤᠶᠤᠯ ᠤᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠦ᠂ ᠵᠦᠴᠦᠬᠡ ᠶᠢᠨ ᠲᠢᠶᠡᠲᠷ ᠪᠠ ᠶᠡᠷᠤᠩᠬᠡᠶᠢᠯᠡᠭᠰᠡᠨ ᠲᠠᠮᠢᠷ ᠤᠨ ᠤᠷᠳᠤᠨ ᠤ ᠨᠢᠬᠡ ᠪᠡᠶᠡᠴᠢᠯᠡᠭᠰᠡᠨ ᠪᠠᠷᠢᠯᠭ᠎ᠠ ᠶᠢ ᠪᠠᠶᠢᠭᠤᠯᠤᠨ᠂ ᠲᠠᠭᠤᠯᠠᠯᠳᠤ ᠵᠦᠴᠦᠬᠡ  ︽ᠲᠡᠭᠡᠳᠦ ᠨᠠᠶᠢᠰᠯᠠᠯ︾᠎ ᠤᠨ ᠲᠤᠭᠯᠠᠯᠳᠠ ᠶᠢᠨ ᠲᠠᠯᠠᠪᠠᠢ ᠶᠢ ᠤᠯᠠᠮ ᠲᠡᠬᠦᠯᠳᠡᠷᠵᠢᠬᠦᠯᠵᠦ᠂ ︽ᠬᠤᠰᠢᠭᠤᠨ ᠤ ᠰᠦᠯᠳᠡ ᠲᠠᠭᠤᠤ︾᠂ ︽ᠤᠷᠤᠨ ᠨᠤᠳᠤᠭ ᠤᠨ ᠲᠠᠭᠤᠤ︾᠎ ᠶᠢ ᠵᠤᠬᠢᠶᠠᠨ ᠪᠦᠳᠦᠬᠡᠬᠦ ᠠᠵᠢᠯ ᠢ ᠰᠠᠶᠢᠨ ᠬᠢᠨ᠎ᠠ᠃ ᠤᠷᠤᠨ ᠨᠤᠳᠤᠭ ᠤᠨ ᠤᠨᠴᠠᠯᠢᠭᠳᠤ ᠰᠤᠶᠤᠯ ᠢ ᠬᠠᠮᠠᠭᠠᠯᠠᠬᠤ᠂ ᠠᠭᠤᠳᠠᠯᠯᠠᠬᠤ᠂ ᠤᠯᠠᠮᠵᠢᠯᠠᠬᠤ᠂ ᠪᠠᠳᠠᠷᠠᠭᠤᠯᠬᠤ ᠠᠵᠢᠯ ᠢ ᠰᠠᠶᠢᠨ ᠬᠢᠵᠦ᠂ ᠭᠠᠳᠠᠨᠠᠬᠢ ᠤᠷᠤᠨ ᠳᠤ ︽ᠶᠤᠸᠠᠨ ᠤ ᠲᠡᠭᠡᠳᠦ ᠨᠠᠶᠢᠰᠯᠠᠯ︾᠂ ᠮᠤᠩᠭᠤᠯ ᠶᠤᠸᠠᠨ ᠤ ᠰᠤᠶᠤᠯ᠂ ᠴᠠᠬᠠᠷ ᠵᠠᠩ ᠦᠢᠯᠡ᠂ ᠪᠠᠶᠢᠭᠠᠯᠢ ᠶᠢᠨ ᠡᠬᠢ ᠪᠠᠶᠠᠯᠢᠭ ᠢᠶᠠᠨ ᠤᠬᠠᠭᠤᠯᠤᠨ ᠲᠠᠨᠢᠯᠴᠠᠭᠤᠯᠵᠦ᠂ ᠵᠢᠭᠤᠯᠴᠢᠯᠠᠯ ᠤᠨ ᠲᠤᠷᠠᠰᠬᠠᠯ ᠎ ᠤᠨ ᠪᠤᠳᠠᠰ ᠲᠦᠰᠦᠪᠯᠡᠨ ᠦᠢᠯᠡᠳᠴᠦ᠂ ᠦᠷᠬᠡᠨ ᠤᠯᠠᠨ ᠮᠠᠯᠴᠢᠠ ᠲᠠᠷᠢᠶᠠᠴᠢᠨ ᠤ ᠵᠢᠭᠤᠯᠴᠢᠯᠠᠯ ᠤᠨ ᠦᠢᠯᠡᠰ ᠡᠷᠬᠢᠯᠡᠬᠦ ᠶᠢ ᠵᠤᠷᠢᠭᠵᠢᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠦᠨ ᠪᠠᠶᠠᠵᠢᠯ ᠤᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠤᠩᠭᠤᠯ ᠶᠤᠸᠠᠨ ᠤ ᠰᠤᠶᠤᠯ ᠤᠨ ᠠᠭᠤᠯᠤᠭᠳᠠᠬᠤᠨ ᠢ ᠬᠦᠨᠵᠡᠬᠡᠢ ᠠᠭᠤᠳᠠᠯᠯᠠᠨ᠂ ᠪᠦᠬᠦ ᠡᠯᠧᠮᠧᠨ᠋ᠲ᠂ ᠪᠦᠬᠦ ᠠᠵᠦ ᠦᠢᠯᠡᠰ ᠤᠨ ᠬᠡᠯᠬᠢᠶᠡᠵᠢᠯ ᠤᠨ ᠰᠤᠶᠤᠯ ᠵᠢᠭᠤᠯᠴᠢᠯᠠᠯ ᠤᠨ ᠬᠦᠭᠵᠢᠯᠳᠡ ᠶᠢᠨ ᠬᠡᠯᠪᠡᠷᠢ ᠶᠢ ᠪᠤᠢ ᠪᠤᠯᠭᠠᠬᠤ ᠴᠢᠬᠤᠯᠠᠳᠠᠢ᠃ ᠤᠶᠤᠨᠴᠢ ᠵᠢᠭᠤᠯᠴᠢᠯᠠᠯ ᠤᠨ ᠪᠠᠶᠢᠭᠤᠯᠤᠯᠳᠠ ᠶᠢ ᠲᠦᠷᠬᠡᠳᠬᠡᠨ᠂ ᠤᠶᠤᠨᠴᠢ ᠵᠢᠭᠤᠯᠴᠢᠯᠠᠯ ᠤᠨ ᠦᠢᠯᠡᠴᠢᠯᠡᠬᠡᠨ ᠤ ᠲᠠᠪᠴᠠᠩ ᠢ ᠪᠠᠶᠢᠭᠤᠯᠤᠨ᠂ ᠦᠷᠬᠡᠨ ᠤᠯᠠᠨ ᠵᠢᠭᠤᠯᠴᠢᠨ ᠳᠤ ᠰᠤᠷᠠᠭ ᠵᠠᠩᠬᠢ ᠶᠢᠨ ᠠᠰᠠᠭᠤᠨ ᠯᠠᠪᠯᠠᠯᠳᠠ ᠵᠡᠷᠬᠡ ᠦᠢᠯᠡᠴᠢᠯᠡᠭᠡ ᠶᠢ ᠬᠠᠩᠭᠠᠨ᠎ᠠ᠃ ᠬᠤᠶᠠᠳᠤᠭᠠᠷ ᠬᠤᠭᠤᠴᠠᠭᠠᠨ ᠤ ︽ᠬᠤᠯᠠᠨ ᠰᠢᠷᠭ᠎ᠠ ᠲᠠᠭ᠎ᠠ︾ ᠬᠠᠪᠤᠷ ᠤᠨ ᠤᠯᠠᠷᠢᠯ ᠤᠨ ᠨᠠᠭᠠᠳᠤᠮ᠂ ᠵᠢᠷᠭᠤᠳᠤᠭᠠᠷ ᠬᠤᠭᠤᠴᠠᠭᠠᠨ ᠤ ︽ᠲᠤᠮᠳᠠᠳᠤ ᠤᠯᠤᠰ᠂ ᠶᠤᠸᠠᠨ ᠤ ᠲᠡᠭᠡᠳᠦ ᠨᠠᠶᠢᠰᠯᠠᠯ︾ ᠰᠤᠶᠤᠯ ᠵᠢᠭᠤᠯᠴᠢᠯᠠᠯ ᠤᠨ ᠨᠡᠶᠢᠷ᠂ ᠠᠷᠪᠠᠨ ᠨᠢᠬᠡᠳᠦᠬᠡᠷ ᠬᠤᠭᠤᠴᠠᠭᠠᠨ ᠤ ᠶᠤᠸᠠᠨ ᠤ ᠲᠡᠭᠡᠳᠦ ᠨᠠᠶᠢᠰᠯᠠᠯ ᠬᠠᠭᠠᠨ ᠤ ᠤᠷᠳᠤᠨ ᠤ ︽ᠴᠠᠭᠠᠨ ᠢᠳᠡᠭᠡ︾᠎ ᠶᠢᠨ ᠰᠤᠶᠤᠯ ᠤᠨ ᠨᠡᠶᠢᠷ᠂ 2018 ᠤᠨ ᠤ ᠶᠤᠸᠠᠨ ᠤ ᠲᠡᠭᠡᠳᠦ ᠨᠠᠶᠢᠰᠯᠠᠯ ᠤᠯᠠᠨ ᠤᠯᠤᠰ ᠤᠨ ︽ᠬᠦᠶᠦᠭᠴᠢ︾᠎ ᠶᠢᠨ ᠤᠷᠤᠯᠳᠤᠭᠠᠨ᠂ ᠠᠷᠪᠠᠨ ᠵᠢᠷᠭᠤᠳᠤᠭᠠᠷ ᠬᠤᠭᠤᠴᠠᠭᠠᠨ ᠤ ︽ᠬᠤᠯᠠᠨ ᠰᠢᠷᠭ᠎ᠠ ᠲᠠᠭ᠎ᠠ︾ ᠡᠪᠤᠯ ᠤᠨ ᠤᠯᠠᠷᠢᠯ ᠤᠨ ᠨᠠᠭᠠᠳᠤᠮ ᠵᠡᠷᠬᠡ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠰᠠᠶᠢᠳᠦᠷ ᠡᠷᠬᠢᠯᠡᠨ᠎ᠡ᠃       ᠲᠠᠪᠤ᠂ ᠠᠮᠢ ᠠᠬᠤᠢ ᠤᠷᠴᠢᠨ ᠲᠤᠭᠤᠷᠢᠨ ᠤ ᠤᠬᠢ ᠰᠠᠶᠢᠨ ᠬᠢᠵᠠᠭᠠᠷ ᠱᠤᠭᠤᠮ ᠢ ᠪᠠᠷᠢᠮᠳᠠᠯᠠᠨ᠎ᠠ᠃ ᠠᠮᠢ ᠠᠬᠤᠢ ᠎ ᠶᠢᠨ ᠪᠤᠯᠪᠠᠰᠤᠨ ᠤ ᠲᠦᠷᠢᠮ ᠤᠨ ᠪᠦᠳᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ ᠤᠨ ᠠᠵᠢᠯ ᠢ ᠴᠢᠩᠭ᠎ᠠ ᠠᠳᠬᠤᠵᠦ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠰᠠᠭᠤᠷᠢ ᠪᠤᠯᠭᠠᠵᠦ᠂ ᠪᠤᠳᠠᠳᠠᠢ ᠪᠦᠬᠡᠳ ᠴᠢᠩᠭ᠎ᠠ ᠠᠳᠬᠤᠵᠦ᠂ ᠦᠷ᠎ᠡ ᠪᠦᠳᠦᠮᠵᠢ  ᠭᠠᠷᠭᠠᠨ᠎ᠠ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠠᠷᠠᠯᠳᠠᠳᠤ᠂ ᠲᠦᠷᠢᠮᠵᠢᠭᠰᠡᠨ ᠨᠠᠷᠢᠯᠢᠭ ᠬᠠᠮᠢᠶᠠᠷᠤᠯᠳᠠ ᠶᠢ ᠠᠬᠢᠭᠤᠯᠵᠦ᠂ ᠠᠭᠤᠷᠬᠠᠢ᠂ ᠭᠠᠵᠠᠷ ᠰᠢᠨᠵᠢᠯᠡᠭᠡ᠂ ᠤᠷᠴᠢᠨ ᠲᠤᠭᠤᠷᠢᠨ ᠤ ᠴᠡᠭᠴᠡᠯᠡᠯᠳᠡ ᠶᠢᠨ ᠬᠦᠴᠦᠯᠡᠴᠡ ᠪᠠᠨ ᠨᠡᠮᠡᠭᠳᠡᠬᠦᠯᠦᠨ᠂ ᠪᠤᠬᠢᠷᠳᠦᠯ ᠢ ᠰᠡᠷᠬᠡᠶᠢᠯᠡᠨ ᠵᠠᠰᠠᠬᠤ ᠪᠠ ᠬᠠᠤᠯᠢ ᠬᠡᠷᠡᠭᠵᠢᠬᠦᠯᠦᠭᠰᠡᠨ ᠬᠢᠨᠠᠨ ᠪᠠᠶᠢᠴᠠᠭᠠᠯᠳᠠ ᠬᠢᠬᠦ ᠡᠷᠴᠢᠮ ᠢᠶᠠᠨ ᠴᠢᠩᠭᠠᠳᠬᠠᠨ᠂ ᠭᠤᠤᠯ ᠮᠦᠷᠠᠨ᠂ ᠨᠠᠭᠤᠷ ᠴᠦᠬᠦᠷᠦᠮ ᠤᠨ ᠤᠰᠤᠨ ᠤ ᠴᠢᠨᠡᠷ ᠲᠤ ᠬᠢᠨᠠᠨ ᠬᠡᠮᠵᠢᠯᠳᠠ ᠬᠢᠬᠦ ᠵᠢᠴᠢ ᠰᠤᠮᠤ ᠪᠠᠯᠭᠠᠰᠤ ᠲᠠᠯᠠᠪᠠᠢ ᠶᠢᠨ ᠬᠦᠷᠦᠰᠦ ᠰᠢᠷᠦᠢ ᠳᠤ ᠰᠤᠭᠤᠴᠢᠨ ᠪᠠᠶᠢᠴᠠᠭᠠᠯᠳᠠ ᠬᠢᠬᠦ ᠠᠵᠢᠯ ᠢ ᠭᠤᠤᠯᠳᠠᠯᠭ᠎ᠠ ᠪᠤᠯᠭᠠᠨ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠨᠠᠶᠢᠳᠠ 6.4 ᠲᠦᠮᠡᠨ ᠮᠤ᠋ ᠭᠠᠵᠠᠷ ᠲᠤ ᠬᠡᠷᠡᠭᠵᠢᠬᠦᠯᠦᠨ᠂ 4 ᠲᠦᠮᠡᠨ ᠮᠤ᠋ ᠲᠠᠯᠠᠪᠠᠢ ᠪᠦᠬᠦᠢ ᠭᠠᠵᠠᠷ ᠲᠤ ᠤᠢ ᠮᠤᠳᠤ ᠨᠡᠮᠡᠵᠦ ᠲᠠᠷᠢᠨ᠂ 4 ᠲᠦᠮᠡᠨ ᠮᠤ᠋ ᠲᠠᠯᠠᠪᠠᠢ ᠳᠤ ᠤᠢ ᠰᠢᠭᠤᠢ ᠲᠠᠷᠢᠵᠦ ᠪᠤᠶᠢᠵᠢᠭᠤᠯᠤᠨ᠎ᠠ᠃ ᠬᠡᠬᠡᠷ᠎ᠡ ᠶᠢᠨ ᠠᠮᠢᠳᠠᠨ ᠤᠷᠭᠤᠮᠠᠯ ᠢ ᠬᠠᠮᠠᠭᠠᠯᠠᠵᠦ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠲᠦᠷᠢᠮᠵᠢᠬᠦᠯᠵᠦ᠂ ᠪᠤᠳᠠᠳᠠᠢ ᠬᠡᠷᠡᠭᠵᠢᠬᠦᠯᠬᠦ ᠠᠷᠭ᠎ᠠ ᠬᠡᠮᠵᠢᠶ᠎ᠠ ᠲᠤᠭᠳᠠᠭᠠᠨ᠎ᠠ᠃ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠨ ᠬᠦᠨᠤᠬᠡᠭᠰᠡᠨ ᠵᠢᠴᠢ ᠬᠠᠤᠯᠢ ᠪᠤᠰᠤ ᠪᠠᠷ ᠠᠷᠠᠯᠵᠢᠶᠠᠯᠠᠭᠰᠠᠨ ᠠᠵᠢᠯᠯᠠᠭ᠎ᠠ ᠎ ᠳᠤ ᠴᠢᠩᠭ᠎ᠠ ᠴᠤᠬᠢᠯᠳᠠ ᠦᠭᠴᠦ᠂ ᠲᠦᠷᠢᠮ ᠲᠤᠭᠳᠠᠭᠠᠯ᠂ ᠪᠡᠯᠡ ᠤᠷᠤᠭᠤᠯᠤᠯᠳᠠ ᠪᠠ ᠠᠷᠭ᠎ᠠ ᠬᠡᠮᠵᠢᠶᠠᠨ ᠤ ᠲᠠᠯ᠎ᠠ ᠪᠠᠷ ᠪᠦᠬᠦ ᠲᠠᠯ᠎ᠠ ᠶᠢᠨ ᠪᠠᠳᠤᠯᠠᠭ᠎ᠠ ᠬᠠᠩᠭᠠᠨ᠎ᠠ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠬᠤᠰᠢᠭᠤ᠂ ᠰᠤᠮᠤ ᠬᠤᠶᠠᠷ ᠱᠠᠳᠤᠨ ᠤ ︽ᠭᠤᠤᠯ ᠤᠨ ᠲᠠᠷᠤᠭ᠎ᠠ︾᠎ ᠶᠢᠨ ᠲᠦᠷᠢᠮ ᠢ ᠬᠡᠷᠡᠭᠵᠢᠬᠦᠯᠬᠦ ᠶᠢ ᠠᠬᠢᠭᠤᠯᠤᠨ᠎ᠠ᠃ ᠰᠢᠨ᠎ᠡ ᠨᠢᠬᠡ ᠡᠬᠡᠯᠵᠢᠨ ᠤ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠤᠭᠳᠠᠯᠴᠠᠭᠠᠨ ᠤ ᠶᠤᠰᠤᠭᠠᠷ ᠨᠦᠬᠦᠪᠦᠷᠢ ᠮᠦᠩᠭᠦ ᠪᠠᠭᠤᠯᠭᠠᠬᠤ ᠪᠤᠯᠤᠨ ᠬᠠᠮᠢᠶᠠᠷᠤᠯᠳᠠ ᠬᠠᠮᠠᠭᠠᠯᠠᠯᠳᠠ ᠶᠢᠨ ᠦᠷ᠎ᠡ ᠪᠦᠳᠦᠮᠵᠢ ᠶᠢ ᠬᠠᠷᠢᠯᠴᠠᠨ ᠤᠶᠠᠯᠳᠤᠭᠤᠯᠵᠦ᠂ ᠪᠡᠯᠴᠢᠬᠡᠷᠯᠡᠬᠦᠯᠬᠦ ᠶᠢ ᠵᠤᠭᠰᠤᠭᠠᠭᠰᠠᠨ ᠤᠷᠤᠨ ᠳᠤ ᠮᠠᠯ ᠪᠡᠯᠴᠢᠬᠡᠬᠦ ᠶᠢ ᠡᠷᠡᠰ ᠴᠠᠭᠠᠵᠠᠯᠠᠨ᠂ ᠮᠠᠯ ᠪᠡᠯᠴᠢᠬᠡᠷ ᠢ ᠲᠡᠩᠴᠡᠬᠦᠷᠰᠢᠬᠦᠯᠬᠦ ᠤᠷᠤᠨ ᠳᠤ ᠮᠠᠯ ᠪᠡᠯᠴᠢᠬᠡᠷ ᠤᠨ ᠲᠠᠩᠴᠠᠬᠦᠷᠢ ᠶᠢᠨ ᠲᠦᠷᠢᠮ ᠢ ᠴᠢᠩᠭ᠎ᠠ ᠪᠠᠷᠢᠮᠳᠠᠯᠠᠨ᠎ᠠ᠃ ᠪᠠᠶᠢᠭᠠᠯᠢᠯᠢᠭ ᠨᠤᠳᠤᠭ ᠪᠡᠯᠴᠢᠬᠡᠷ ᠢ ᠬᠤᠳᠠᠯᠳᠤᠭᠠᠨ ᠤ ᠦᠢᠯᠡᠰ ᠲᠤ ᠬᠡᠷᠡᠭᠯᠡᠬᠦ ᠶᠢ ᠡᠷᠡᠰ ᠬᠢᠵᠠᠭᠠᠷᠯᠠᠨ᠂ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠲᠤᠭᠳᠠᠭᠠᠬᠤ ᠶᠢᠨ ᠲᠠᠭᠠᠤ ᠴᠢᠩᠭ᠎ᠠ ᠪᠠᠷᠢᠮᠳᠠᠯᠠᠨ᠂ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠠᠮ ᠪᠠᠬᠢᠵᠡᠨ ᠲᠡᠬᠦᠯᠳᠡᠷᠵᠢᠬᠦ ᠶᠢ ᠪᠠᠳᠤᠯᠠᠨ᠎ᠠ᠃       ᠵᠢᠷᠭᠤᠭ᠎ᠠ᠂ ᠬᠤᠳᠠ ᠬᠦᠳᠡᠬᠡᠨ ᠤ  ᠲᠦᠷᠢ ᠲᠦᠷᠬᠦ ᠶᠢ ᠴᠢᠷᠮᠠᠶᠢᠨ ᠰᠠᠶᠢᠵᠢᠷᠠᠭᠤᠯᠤᠨ᠎ᠠ᠃ ᠤᠷᠤᠨ ᠵᠠᠢ ᠶᠢᠨ ᠲᠤᠬᠢᠷᠠᠭᠤᠯᠤᠯᠳᠠ᠂ ᠠᠵᠦ ᠦᠢᠯᠡᠰ ᠤᠨ ᠬᠦᠭᠵᠢᠯᠳᠡ ᠪᠠ ᠭᠠᠵᠠᠷ ᠰᠢᠷᠦᠢ ᠶᠢᠨ ᠠᠰᠢᠭᠯᠠᠯᠳᠠ ᠶᠢᠨ ᠲᠦᠯᠦᠪᠵᠢᠬᠦᠯᠬᠡ ᠶᠢ ᠨᠢᠬᠡᠳᠦᠯᠳᠡᠢ ᠲᠦᠯᠦᠪᠯᠡᠨ᠂ ᠵᠠᠮ ᠬᠠᠷᠢᠯᠴᠠᠭᠠᠨ ᠤ ᠲᠤᠤᠷ᠂ ᠠᠮᠢ ᠠᠬᠤᠢ ᠨᠤᠭᠤᠭᠠᠷᠠᠭᠤᠯᠤᠯᠳᠠ ᠪᠠ ᠭᠠᠵᠠᠷ ᠲᠤᠤᠷᠡᠬᠢ ᠬᠤᠭᠤᠯᠠᠢ ᠶᠢᠨ ᠲᠤᠤᠷ ᠤᠨ ᠪᠠᠶᠢᠭᠤᠯᠤᠯᠳᠠ ᠶᠢᠨ ᠠᠵᠢᠯ ᠢ ᠨᠢᠬᠡᠳᠦᠯᠳᠡᠢ ᠲᠦᠯᠦᠪᠯᠡᠨ᠂ ᠱᠠᠩᠳᠤ ᠪᠠᠯᠭᠠᠰᠤᠨ ᠤ ᠶᠠᠪᠠᠭᠠᠨ ᠬᠦᠮᠦᠨ ᠤ ᠵᠠᠮ ᠢ ᠨᠡᠶᠢᠳᠡ 1 ᠲᠦᠮᠡᠨ ᠲᠡᠭᠰᠢ ᠲᠦᠷᠪᠡᠯᠵᠢᠨ ᠮᠧᠲᠷ᠂ ᠭᠤᠤᠯ ᠵᠠᠮ ᠤᠨ ᠭᠠᠳᠠᠷᠭᠤ ᠶᠢ 3 ᠲᠦᠮᠡᠨ ᠲᠡᠭᠰᠢ ᠲᠦᠷᠪᠡᠯᠵᠢᠨ ᠮᠧᠲᠷ ᠲᠠᠪᠢᠰᠴᠦ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ 1 ᠺᠢᠯᠤᠮᠧᠲᠷ ᠰᠢᠨ᠎ᠠ ᠪᠠᠷ ᠵᠠᠰᠠᠵᠦ᠂ 3 ᠺᠢᠯᠤᠮᠧᠲᠷ  ᠦᠬᠡᠷᠡᠴᠢᠯᠡᠨ᠂ ᠱᠠᠩᠳᠤ ᠪᠠᠯᠭᠠᠰᠤ᠂ ᠬᠠᠪᠢᠷᠭ᠎ᠠ ᠪᠠᠯᠭᠠᠰᠤᠨ ᠳᠤ ᠤᠰᠤ ᠬᠠᠩᠭᠠᠬᠤ ᠬᠤᠭᠤᠯᠠᠢ ᠶᠢ ᠲᠡᠪᠢᠰᠬᠦ ᠢᠨᠵᠧᠨᠧᠷᠢᠩ ᠢ ᠬᠡᠷᠡᠭᠵᠢᠬᠦᠯᠵᠦ᠂ 4 ᠬᠠᠭᠤᠴᠢᠨ ᠪᠠᠭ᠎ᠠ ᠲᠤᠭᠤᠷᠢᠭ ᠢ ᠦᠬᠡᠷᠡᠴᠢᠯᠡᠨ ᠵᠠᠰᠠᠬᠤ ᠢᠨᠵᠧᠨᠧᠷᠢᠩ ᠵᠢᠴᠢ ᠨᠤᠭᠤ ᠭᠠᠵᠠᠷ ᠤᠨ ᠴᠡᠴᠡᠷᠯᠢᠭ᠂ ᠠᠮᠢ ᠠᠬᠤᠢ ᠶᠢᠨ ᠬᠦᠷᠢᠶᠡᠯᠡᠩ᠂ ᠱᠠᠩᠳᠤ ᠪᠠᠯᠭᠠᠰᠤᠨ ᠤ ᠵᠡᠬᠡᠯᠢ ᠭᠤᠳᠤᠮᠵᠢ  ᠎ ᠶᠢ ᠨᠠᠮᠠᠵᠦ ᠨᠤᠭᠤᠭᠠᠷᠠᠭᠤᠯᠬᠤ᠂ ᠬᠡᠰᠡᠭ ᠵᠠᠮ ᠤᠨ ᠳ᠋ᠧᠩ ᠢ ᠤᠭᠰᠠᠷᠠᠬᠤ ᠪᠠ ᠡᠨᠧᠷᠬᠢ ᠠᠷᠪᠢᠯᠠᠬᠤ ᠢᠨᠵᠧᠨᠧᠷᠢᠩ ᠢ ᠪᠡᠶᠡᠯᠡᠬᠦᠯᠵᠦ᠂ ᠬᠠᠶᠠᠭᠳᠠᠮᠠᠯ ᠪᠤᠳᠠᠰ ᠬᠠᠳᠠᠭᠠᠯᠠᠨ ᠵᠦᠬᠡᠬᠡᠪᠦᠷᠢᠯᠡᠬᠦ ᠦᠷᠳᠡᠭᠡ 1᠂ ᠤᠰᠤᠨ ᠴᠡᠪᠡᠷᠰᠢᠭᠴᠢ ᠲᠠᠢ ᠵᠤᠷᠯᠥᠩ ᠪᠠ ᠬᠤᠭ ᠨᠤᠪᠰᠢ ᠰᠢᠯᠵᠢᠬᠦᠯᠦᠨ ᠵᠦᠬᠡᠬᠡᠪᠤᠷᠢᠯᠡᠬᠦ ᠦᠷᠳᠡᠭᠡ ᠲᠤᠰᠪᠤᠷᠢ 5᠎ ᠶᠢ ᠰᠢᠨ᠎ᠡ ᠪᠠᠷ ᠪᠠᠶᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠎ ᠤᠨ ᠪᠠᠭᠤᠷᠢ ᠠᠴᠠ ᠬᠡᠶᠢᠪᠤᠩ ᠭᠤᠤᠯ ᠬᠦᠷᠬᠦ ᠦᠵᠡᠮᠵᠢ ᠶᠢᠨ ᠤᠷᠤᠨ ᠤ ᠭᠤᠷᠪᠠᠳᠤᠭᠠᠷ ᠲᠡᠰ ᠤᠨ ᠵᠠᠰᠠᠮᠠᠯ ᠵᠠᠮ᠂ ᠰᠦᠨᠢᠳ ᠵᠡᠬᠦᠨ ᠬᠤᠰᠢᠭᠤᠨ ᠤ ᠪᠠᠶᠢᠷᠢᠬᠭᠤᠯᠠ ᠠᠴᠠ ᠪᠠᠶᠠᠨᠨᠠᠭᠤᠷ ᠬᠦᠷᠳᠡᠯᠡᠬᠢ ᠭᠤᠷᠪᠠᠳᠤᠭᠠᠷ ᠲᠡᠰ ᠤᠨ ᠵᠠᠰᠠᠮᠠᠯ ᠵᠠᠮ᠂ ᠰᠢᠯᠤᠭᠤᠨ ᠬᠦᠪᠡᠬᠡᠳᠦ ᠴᠠᠭᠠᠨ ᠬᠤᠰᠢᠭᠤᠨ ᠤ ᠤᠯᠠᠭᠠᠨᠴᠠᠪ ᠠᠴᠠ ᠭᠤᠭᠤᠰᠤᠳᠠᠢ ᠬᠦᠷᠬᠦ ᠭᠤᠷᠪᠠᠳᠤᠭᠠᠷ ᠲᠡᠰ ᠤᠨ ᠵᠠᠰᠠᠮᠠᠯ ᠵᠠᠮ᠂ ᠪᠤᠷᠤᠬᠤᠳᠠ ᠠᠴᠠ ᠲᠠᠶᠢᠫᠦᠰᠧ ᠬᠤᠰᠢᠭᠤᠨ ᠤ ᠬᠠᠭᠠᠨ ᠤ ᠤᠷᠳᠤᠨ ᠤ ᠠᠳᠤᠭᠤᠨ ᠵᠤᠰᠠᠭᠠᠯ ᠬᠦᠷᠳᠡᠯᠡᠬᠢ ᠭᠤᠷᠪᠠᠳᠤᠭᠠᠷ ᠲᠡᠰ ᠤᠨ ᠵᠠᠰᠠᠮᠠᠯ ᠵᠠᠮ᠂ ᠠᠪᠠᠭ᠎ᠠ ᠬᠤᠰᠢᠭᠤᠨ ᠤ ᠬᠦᠢᠳᠡᠨ ᠭᠤᠤᠯ ᠠᠴᠠ ᠭᠤᠭᠤᠰᠤᠳᠠᠢ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠵᠡᠷᠬᠡ 5 ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠢ ᠲᠡᠪᠢᠰᠬᠦ ᠪᠠᠷ ᠪᠤᠢ᠃       ᠲᠤᠯᠤᠭ᠎ᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠤᠨ᠎ᠠ᠃ ᠡᠯ᠎ᠠ ᠲᠦᠷᠦᠯ ᠤᠨ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠦ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠠᠮᠤᠭᠤᠯᠠᠩ ᠰᠠᠭᠤᠴᠠ ᠶᠢᠨ ᠢᠨᠵᠧᠨᠧᠷᠢᠩ ᠢ ᠬᠦᠨᠵᠡᠬᠡᠢ ᠠᠬᠢᠭᠤᠯᠵᠦ᠂ ᠪᠤᠷᠤ ᠬᠡᠷ ᠤᠨ ᠲᠤᠭᠤᠷᠢᠭ ᠲᠠᠬᠢ1500 ᠡᠷᠦᠬᠡ ᠶᠢ ᠦᠬᠡᠷᠡᠴᠢᠯᠡᠨ᠂ ᠮᠠᠯᠵᠢᠬᠤ ᠤᠷᠤᠨ ᠳᠤ ᠤᠰᠤ ᠬᠠᠳᠠᠭᠠᠯᠠᠬᠤ ᠵᠤᠭᠤᠷᠢ ᠪᠠᠶᠢᠭᠤᠯᠬᠤ ᠵᠡᠷᠬᠡ ᠲᠦᠷᠦᠯ ᠵᠦᠢᠯ ᠤᠳ ᠢ ᠬᠡᠷᠡᠭᠵᠢᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠠᠮᠵᠢᠯᠳᠠ ᠪᠦᠳᠦᠮᠵᠢ ᠪᠠᠨ ᠤᠯᠠᠮ ᠪᠠᠳᠤᠳᠬᠠᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢ ᠲᠡᠷᠢᠬᠦᠨ ᠤ ᠴᠢᠬᠤᠯᠠ ᠠᠵᠢᠯ ᠪᠠ ᠠᠷᠠᠳ ᠤᠨ ᠠᠮᠢᠳᠤᠷᠠᠯ ᠤᠨ ᠨᠢᠬᠡᠳᠦᠬᠡᠷ ᠢᠨᠵᠧᠨᠧᠷᠢᠩ ᠢᠶᠠᠷ ᠠᠳᠬᠤᠵᠦ ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠪᠠ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦᠨ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠶᠠᠳᠠᠭᠤ ᠡᠷᠦᠬᠡ ᠶᠢᠨ ᠠᠮᠢᠳᠤᠯᠢᠭ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠨᠡᠬᠦᠯᠬᠡᠨ ᠰᠢᠯᠵᠢᠬᠦᠯᠵᠦ ᠶᠠᠳᠠᠭᠤ ᠶᠢ ᠲᠡᠳᠬᠦᠬᠦ᠂ ᠠᠮᠢ ᠠᠬᠤᠢ ᠶᠢᠨ ᠨᠦᠬᠦᠪᠦᠷᠢ ᠤᠯᠭᠤᠬᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠨᠡᠶᠢᠬᠡᠮ ᠤᠨ ᠪᠠᠳᠤᠯᠠᠭ᠎ᠠ ᠪᠠᠷ ᠪᠠᠳᠤᠯᠠᠬᠤ᠂ ᠡᠷᠡᠬᠦᠯ  ᠮᠡᠨᠳᠦ ᠪᠠᠷ ᠶᠠᠳᠠᠭᠤ ᠶᠢ ᠲᠡᠳᠬᠦᠬᠦ ᠵᠡᠷᠬᠡ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠤᠨ᠎ᠠ᠃ ᠰᠤᠷᠭᠠᠨ ᠬᠦᠮᠦᠵᠢᠯ ᠤᠨ ᠦᠢᠯᠡᠰ ᠎ ᠤᠨ ᠬᠦᠭᠵᠢᠯᠳᠡ ᠶᠢ ᠲᠦᠷᠬᠡᠳᠬᠡᠨ᠂ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠰᠠᠶᠢᠵᠢᠷᠠᠭᠤᠯᠤᠨ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠤᠳᠤᠨ ᠰᠤᠷᠭᠠᠭᠤᠯᠢ ᠪᠠ ᠵᠢᠱᠢᠶ᠎ᠡ ᠦᠵᠡᠬᠦᠯᠬᠦ ᠴᠡᠴᠡᠷᠯᠢᠭ ᠢ ᠡᠬᠦᠳᠦᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂ ᠤᠨᠴᠠᠭᠠᠢ ᠰᠤᠷᠭᠠᠨ ᠬᠦᠮᠦᠵᠢᠯ ᠤᠨ ᠠᠵᠢᠯ ᠦᠢᠯᠡᠰ ᠢ ᠪᠠᠳᠤᠳᠬᠠᠨ ᠲᠡᠭᠡᠭᠰᠢᠯᠡᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠶᠡᠷᠤᠩᠬᠡᠢ ᠡᠮᠨᠡᠯᠬᠡ ᠶᠢᠨ ᠬᠤᠷᠢᠶ᠎ᠠ᠂ ᠪᠡᠬᠡᠵᠢᠩ ᠤᠨ ᠠᠨ ᠵᠧᠨ ᠡᠮᠨᠡᠯᠬᠡ ᠎ ᠶᠢᠨ ᠬᠤᠷᠢᠶ᠎ᠠ ᠵᠡᠷᠬᠡ ᠡᠮᠨᠡᠯᠬᠡ ᠶᠢᠨ ᠪᠠᠶᠢᠭᠤᠯᠤᠮᠵᠢ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠨᠡᠶᠢᠬᠡᠮ ᠤᠨ ᠠᠰᠠᠷᠠᠮᠵᠢ ᠶᠢᠨ ᠠᠵᠢᠯ ᠢ ᠲᠠᠰᠤᠷᠠᠯᠳᠠ ᠦᠬᠡᠢ ᠴᠢᠩᠭᠠᠳᠬᠠᠵᠦ᠂ ᠵᠡᠮᠳᠡᠭᠴᠤᠳ ᠲᠤ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ︽ᠠᠮᠤᠭᠤᠯᠠᠩ︾ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠬᠡᠷᠡᠭᠯᠡᠯᠳᠡ ᠳᠤ ᠤᠷᠤᠭᠤᠯᠤᠨ᠂ ︽ᠮᠧᠩ ᠯᠦᠩ︾ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠯᠳᠠ ᠶᠢᠨ ᠠᠵᠢᠯ ᠢ ᠲᠠᠭᠤᠰᠬᠠᠵᠦ᠂ ᠤᠷᠤᠨ ᠪᠦᠰᠡ ᠶᠢᠨ ᠴᠢᠨᠡᠷᠳᠡᠢ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠲᠦᠯᠦᠪᠯᠡᠨ ᠪᠠᠶᠢᠭᠤᠯᠤᠨ᠎ᠠ᠃ ᠨᠡᠶᠢᠬᠡᠮ ᠤᠨ ᠲᠠᠭᠠᠳᠬᠠᠯ ᠤᠨ ᠪᠦᠷᠬᠦᠯᠳᠡ ᠶᠢᠨ ᠬᠡᠪᠴᠢᠶ᠎ᠠ ᠶᠢ ᠦᠷᠬᠦᠯᠵᠢᠯᠡᠨ ᠦᠷᠬᠡᠳᠬᠡᠵᠦ᠂ ᠬᠤᠪᠢ ᠶᠢᠨ ᠡᠵᠡᠩᠨᠡᠯᠳᠡ ᠶᠢᠨ ᠠᠵᠦ ᠠᠬᠤᠶᠢᠯᠠᠯ ᠤᠨ ᠠᠵᠢᠯᠳᠠᠨ᠂ ᠰᠤᠯᠠ ᠠᠵᠢᠯ ᠬᠢᠭᠰᠡᠳ᠂ ᠬᠤᠪᠢ ᠎ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠪᠠ ᠬᠤᠳᠠ ᠳᠤ ᠤᠷᠤᠵᠦ ᠬᠦᠯᠦᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠢᠶᠠᠷ ᠭᠤᠤᠯᠳᠠᠯᠭ᠎ᠠ ᠪᠤᠯᠭᠠᠨ᠂  ᠪᠦᠷᠬᠦᠯᠳᠡ ᠶᠢ ᠦᠷᠬᠡᠳᠬᠡᠬᠦ ᠶᠢ ᠠᠬᠢᠭᠤᠯᠤᠨ᠎ᠠ᠃ ᠦᠢᠯᠡᠰ ᠪᠤᠰᠬᠠᠵᠦ ᠠᠵᠢᠯ ᠤᠯᠭᠤᠬᠤ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ 1650 ᠬᠦᠮᠦᠨ ᠢ ᠵᠤᠬᠢᠶᠠᠨ ᠪᠠᠶᠢᠭᠤᠯᠤᠨ ᠬᠤᠳᠠ ᠬᠦᠳᠡᠬᠡᠨ ᠤ ᠮᠡᠷᠬᠡᠵᠢᠯ ᠤᠨ ᠪᠤᠯᠪᠠᠰᠤᠷᠠᠯ ᠳᠤ ᠤᠷᠤᠯᠴᠠᠭᠤᠯᠵᠦ᠂ 500 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠬᠡᠯᠡᠯᠬᠡ ᠲᠠᠯᠪᠢᠵᠦ᠂ ︽ᠬᠤᠶᠠᠷ ᠢ ᠡᠬᠦᠳᠬᠦ︾ ᠲᠤᠷᠰᠢᠯᠳᠠ ᠶᠢᠨ ᠲᠤᠭᠤᠷᠢᠭ ᠪᠠᠶᠢᠭᠤᠯᠬᠤ ᠪᠠᠷ ᠭᠤᠤᠯᠳᠠᠯᠭ᠎ᠠ ᠪᠤᠯᠭᠠᠨ᠂ ᠲᠦᠮᠡᠨ ᠤᠯᠠᠨ ᠢᠶᠠᠷ ᠢᠶᠠᠨ ᠦᠢᠯᠡᠰ ᠪᠤᠰᠬᠠᠵᠦ᠂ ᠰᠢᠨ᠎ᠠ ᠶᠢ ᠡᠬᠦᠳᠬᠦ ᠶᠢ ᠬᠦᠨᠵᠡᠬᠡᠢ ᠠᠬᠢᠭᠤᠯᠵᠦ᠂ ᠤᠳᠤ ᠶᠢᠨ ᠪᠠᠶᠢᠭ᠎ᠠ ᠦᠢᠯᠡᠰ ᠪᠤᠰᠬᠠᠬᠤ ᠬᠦᠷᠢᠶᠡᠯᠡᠩ ᠪᠠ ᠦᠢᠯᠡᠰ ᠪᠤᠰᠬᠠᠬᠤ ᠰᠠᠭᠤᠷᠢᠨ ᠤ ᠪᠠᠶᠢᠭᠤᠯᠤᠯᠳᠠ ᠶᠢᠨ ᠶᠠᠰᠤ ᠴᠢᠨᠡᠷ ᠪᠠ ᠲᠡᠰ ᠲᠠᠪᠬᠤᠷᠭ᠎ᠠ ᠶᠢ ᠲᠡᠭᠡᠭᠰᠢᠯᠡᠬᠦᠯᠦᠨ ᠨᠡᠩ ᠤᠯᠠᠨ ᠦᠢᠯᠡᠰ ᠪᠤᠰᠬᠠᠬᠤ ᠵᠤᠷᠢᠯᠳᠠ ᠲᠠᠢ ᠪᠠ ᠦᠢᠯᠡᠰ ᠪᠤᠰᠬᠠᠬᠤ ᠴᠢᠳᠠᠪᠤᠷᠢ ᠲᠠᠢ ᠬᠦᠮᠦᠰ ᠤᠨ ᠦᠪᠡᠷᠳᠡᠬᠡᠨ ᠦᠢᠯᠡᠰ ᠪᠤᠰᠬᠠᠬᠤ ᠶᠢ ᠲᠡᠮᠵᠢᠨ᠎ᠡ᠃       ᠨᠠᠢᠮᠠ᠂ ᠨᠡᠶᠢᠬᠡᠮ ᠤᠨ ᠡᠶ᠎ᠡ ᠵᠤᠬᠢᠴᠠᠯ ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠦᠮᠦᠵᠢᠬᠦᠯᠦᠨ ᠲᠡᠯᠬᠡᠷᠡᠬᠦᠯᠵᠦ᠂ ᠪᠦᠬᠦ ᠠᠷᠠᠳ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠦᠨ᠂ ᠲᠤᠮᠳᠠᠳᠤ ᠶᠢᠨ ᠬᠦᠰᠡᠯᠡᠩ᠂ ᠰᠢᠯᠤᠭᠤᠨ ᠬᠦᠬᠡ ᠶᠢᠨ ᠬᠦᠰᠡᠯᠡᠩ ᠢᠶᠠᠷ ᠬᠠᠮᠳᠤ ᠶᠢᠨ ᠲᠠᠨᠢᠯᠳᠠ᠂ ᠬᠠᠮᠳᠤ ᠶᠢᠨ ᠬᠦᠴᠦᠨ ᠢ ᠨᠢᠭᠳᠠᠷᠠᠭᠤᠯᠤᠨ᠎ᠠ᠃ ︽ᠠᠮᠤᠭᠤᠯᠠᠩ ᠰᠢᠯᠤᠭᠤᠨ ᠬᠦᠬᠡ ᠬᠤᠰᠢᠭᠤ︾᠎ ᠶᠢᠨ ᠪᠠᠶᠢᠭᠤᠯᠤᠯᠳᠠ ᠶᠢ ᠴᠢᠩᠭᠠᠳᠬᠠᠨ᠂ ︽ᠨᠢᠬᠡ ᠠᠵᠢᠯ ᠤᠨ ᠪᠠᠶᠢᠷᠢ ᠳᠠᠬᠢ ᠬᠤᠤᠰ ᠬᠠᠷᠢᠭᠤᠴᠠᠯᠭ᠎ᠠ︾᠎ ᠶᠢ ᠪᠠᠷᠢᠮᠳᠠᠯᠠᠨ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠤᠷᠢᠯᠡᠯ ᠪᠠ ᠢᠳᠡᠬᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠶᠡᠭᠡ ᠪᠠᠶᠢᠴᠠᠭᠠᠯᠳᠠ ᠶᠢ ᠬᠦᠨᠵᠡᠬᠡᠢ ᠦᠷᠨᠢᠬᠦᠯᠦᠨ᠂ ᠠᠮᠤᠷ ᠲᠦᠪᠰᠢᠨ ᠤ ᠰᠡᠷᠡᠮᠵᠢ ᠶᠢᠨ ᠱᠤᠭᠤᠮ ᠢ ᠴᠢᠩᠭ᠎ᠠ ᠪᠠᠷᠢᠮᠳᠠᠯᠠᠨ᠎ᠠ᠃ ᠲᠤᠭᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠤᠬᠢᠳᠠᠢ ᠰᠢᠢᠳᠪᠤᠷᠢᠯᠡᠨ᠎ᠡ᠃ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠬᠦᠮᠦᠵᠢᠯ ᠤᠨ ︽ᠵᠢᠷᠭᠤᠭ᠎ᠠ ᠶᠢ ᠤᠷᠤᠭᠤᠯᠬᠤ︾ ᠠᠵᠢᠯᠯᠠᠭ᠎ᠠ ᠶᠢ ᠠᠬᠢᠭᠤᠯᠤᠨ᠂ ᠬᠠᠤᠯᠢ ᠲᠦᠬᠡᠮᠡᠯᠵᠢᠬᠦᠯᠬᠦ ᠬᠡᠪᠴᠢᠶ᠎ᠠ ᠶᠢ ᠦᠷᠬᠡᠳᠬᠡᠨ᠎ᠡ᠃ ᠮᠠᠷᠭᠤᠭᠠᠨ ᠢ ᠡᠶᠡᠳᠡᠬᠦᠯᠵᠦ ᠬᠦᠨᠳᠡᠯᠡᠨ ᠠᠴᠠ ᠲᠠᠰᠤᠯᠬᠤ ᠠᠵᠢᠯ ᠢ ᠰᠠᠶᠢᠨ ᠬᠢᠵᠦ᠂ ᠬᠦᠳᠡᠯᠮᠦᠷᠢ ᠶᠢᠨ ᠪᠠᠳᠤᠯᠠᠭᠠᠨ ᠤ ᠬᠢᠨᠠᠨ ᠪᠠᠶᠢᠴᠠᠭᠠᠬᠤ ᠬᠠᠤᠯᠢ ᠬᠡᠷᠡᠭᠵᠢᠬᠦᠯᠬᠦ ᠬᠦᠴᠦᠯᠡᠴᠡ ᠶᠢ ᠨᠡᠮᠡᠭᠳᠡᠬᠦᠯᠦᠨ᠂ ᠬᠦᠳᠡᠯᠮᠦᠷᠢᠴᠢᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠬᠠᠤᠯᠢ ᠲᠦᠷᠢᠮ ᠤᠨ ᠪᠠᠶᠢᠭᠤᠯᠤᠮᠵᠢ ᠶᠢᠨ ᠲᠦᠷᠢᠮᠵᠢᠭᠰᠡᠨ ᠪᠠᠶᠢᠭᠤᠯᠤᠯᠳᠠ ᠶᠢᠨ ᠤᠨ ᠤ ᠠᠵᠢᠯᠯᠠᠭ᠎ᠠ ᠶᠢ ᠦᠷᠨᠢᠬᠦᠯᠵᠦ᠂ ᠵᠠᠰᠠᠭ ᠵᠠᠬᠢᠷᠭᠠᠨ ᠤ ᠲᠡᠬᠢᠨ ᠵᠦᠪᠯᠡᠬᠦ ᠪᠠ ᠬᠠᠤᠯᠢ ᠴᠠᠭᠠᠵᠠ ᠶᠢᠨ ᠠᠰᠠᠭᠤᠨ ᠯᠠᠪᠯᠠᠬᠤ ᠲᠦᠷᠢᠮ ᠢ  ᠲᠡᠬᠦᠯᠳᠡᠷᠵᠢᠬᠦᠯᠦᠨ᠎ᠡ᠃ ᠨᠡᠶᠢᠬᠡᠮ ᠤᠨ ᠠᠮᠤᠷ ᠢ ᠬᠠᠮᠠᠭᠠᠯᠠᠬᠤ ᠪᠠ ᠶᠠᠷᠢᠶ᠎ᠠ ᠬᠡᠯᠡᠯᠴᠡᠭᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠂ ᠡᠯ᠎ᠠ ᠲᠦᠷᠦᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠂ ᠠᠷᠠᠳ ᠲᠦᠮᠡᠨ ᠤ ᠠᠮᠤᠷ ᠲᠦᠪᠰᠢᠨ ᠲᠦᠷᠦᠭᠳᠡᠯ ᠢ ᠨᠡᠮᠡᠭᠳᠡᠬᠦᠯᠦᠨ᠂ ᠨᠡᠶᠢᠬᠡᠮ ᠤᠨ ᠠᠮᠤᠷ ᠲᠦᠪᠰᠢᠨ ᠤ ᠶᠡᠭᠡ ᠲᠠᠯ᠎ᠠ ᠦᠷᠬᠦᠯᠵᠢᠯᠡᠨ ᠲᠤᠭᠳᠠᠭᠤᠨ ᠪᠠᠶᠢᠬᠤ ᠶᠢ ᠪᠠᠳᠤᠯᠠᠨ᠎ᠠ᠃       ᠶᠢᠰᠦ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ ︽ᠪᠤᠳᠠᠳᠠᠢ ᠪᠠᠷ ᠠᠵᠢᠯᠯᠠᠬᠤ︾᠎ ᠶᠢ ᠪᠠᠷᠢᠮᠳᠠᠯᠠᠨ᠂ ︽ᠬᠤᠶᠠᠷ ᠢ ᠰᠤᠷᠴᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠠ ᠪᠠ ᠲᠦᠷᠢᠮᠵᠢᠯᠳᠠ ᠶᠢ ᠲᠦᠯᠬᠢᠨ ᠠᠬᠢᠭᠤᠯᠵᠦ᠂ ᠰᠤᠷᠳᠠᠯ ᠤᠨ ᠪᠠᠶᠢᠭᠤᠯᠤᠯᠳᠠ ᠶᠢ ᠤᠳᠠᠭᠠᠨ ᠲᠠᠭᠠᠭᠠᠮᠠᠭᠠᠢ ᠬᠢᠵᠦ᠂ ᠤᠯᠠᠨ ᠲᠦᠮᠡᠨ ᠤ ᠠᠰᠢᠭ ᠲᠤᠰᠠ ᠪᠠ ᠠᠵᠦ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ ᠢ ᠴᠢᠩᠭ᠎ᠠ ᠵᠠᠯᠠᠷᠠᠭᠤᠯᠤᠨ ᠴᠡᠭᠴᠡᠯᠡᠨ᠎ᠡ᠃ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠬᠢᠨᠠᠨ ᠪᠤᠳᠤᠬᠤ ᠬᠠᠮᠳᠤᠷᠠᠭᠰᠠᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠤᠳᠤᠷᠢᠳᠬᠤ ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠢᠨᠠᠨ ᠪᠤᠳᠤᠬᠤ ᠲᠦᠷᠢᠮ ᠢ ᠴᠢᠩᠭᠠᠳᠬᠠᠨ᠎ᠠ᠃ ᠦᠷ᠎ᠠ ᠠᠰᠢᠭ᠂ ᠴᠢᠳᠠᠪᠤᠷᠢ ᠶᠢ ᠬᠢᠨᠠᠨ ᠲᠤᠭᠳᠠᠭᠠᠵᠦ ᠦᠨᠡᠯᠡᠬᠦ ᠰᠢᠰᠲ᠋ᠧᠮ ᠢ ᠲᠡᠬᠦᠯᠳᠡᠷᠵᠢᠬᠦᠯᠵᠦ᠂ ᠵᠦᠪ ᠢᠶᠠᠷ ᠤᠷᠮᠠᠰᠢᠭᠤᠯᠬᠤ ᠲᠤᠭᠳᠠᠯᠴᠠᠭ᠎ᠠ ᠶᠢ ᠰᠠᠶᠢᠳᠦᠷ ᠬᠡᠷᠡᠭᠯᠡᠨ᠂ ᠪᠤᠷᠤᠭᠤ ᠶᠢ ᠨᠢ ᠠᠭᠤᠴᠢᠯᠠᠬᠤ ᠪᠤᠷᠤᠭᠤ ᠶᠢ ᠨᠢ ᠵᠠᠯᠠᠷᠠᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠱᠠᠭᠠᠷᠳᠠᠨ ᠪᠠᠶᠢᠴᠠᠭᠠᠵᠦ ᠬᠠᠷᠢᠭᠤᠴᠠᠯᠭ᠎ᠠ ᠨᠡᠬᠡᠮᠵᠢᠯᠡᠬᠦ ᠪᠠ ᠵᠤᠷᠢᠭᠵᠢᠭᠤᠯᠤᠨ ᠱᠠᠩᠨᠠᠬᠤ ᠬᠦᠴᠦᠯᠡᠴᠡ ᠎ ᠪᠠᠨ ᠨᠡᠮᠡᠭᠳᠡᠬᠦᠯᠦᠨ᠂ ᠪᠤᠳᠠᠳᠠᠢ ᠠᠵᠢᠯ ᠬᠢᠳᠡᠭ᠂ ᠠᠵᠢᠯ ᠬᠢᠵᠦ ᠴᠢᠳᠠᠳᠠᠭ᠂ ᠠᠵᠢᠯ ᠪᠦᠳᠦᠬᠡᠳᠡᠭ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠨ᠂ ᠵᠠᠰᠠᠭ ᠤᠨ ᠤᠷᠳᠤᠨ ᠤ ᠬᠦᠢᠴᠡᠳᠬᠡᠬᠦ ᠴᠢᠳᠠᠪᠤᠷᠢ᠂ ᠨᠠᠶᠢᠳᠠᠪᠤᠷᠢᠵᠢᠭᠤᠯᠬᠤ ᠴᠢᠳᠠᠪᠤᠷᠢ ᠪᠠ ᠢᠳᠡᠬᠡᠬᠦᠯᠬᠦ ᠬᠦᠴᠦᠨ ᠢ ᠦᠨᠡᠨᠬᠦ ᠲᠡᠭᠡᠭᠰᠢᠯᠡᠬᠦᠯᠵᠦ᠂ ᠪᠤᠳᠠᠳᠠᠢ ᠠᠵᠢᠯ ᠬᠢᠳᠡᠭ ᠵᠠᠰᠠᠭ ᠤᠨ ᠤᠷᠳᠤᠨ᠂ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ᠂ ᠢᠳᠡᠬᠡᠯ ᠨᠠᠶᠢᠳᠠᠪᠤᠷᠢᠳᠠᠢ ᠵᠠᠰᠠᠭ ᠤᠨ ᠤᠷᠳᠤᠨ᠂ ᠠᠷᠢᠭᠤᠨ ᠴᠢᠬᠡᠴᠢ ᠵᠠᠰᠠᠭ ᠎ ᠤᠨ ᠤᠷᠳᠤᠨ ᠢ ᠬᠦᠴᠦᠯᠡᠨ ᠪᠠᠶᠢᠭᠤᠯᠤᠨ᠎ᠠ᠃ ᠴᠢᠬᠤᠯᠠ ᠰᠢᠢᠳᠪᠤᠷᠢ ᠪᠤᠳᠤᠯᠭ᠎ᠠ ᠳᠤ ᠢᠯᠡ ᠪᠠᠷ ᠬᠡᠷᠡᠴᠢᠯᠡᠯᠳᠡ ᠰᠤᠨᠤᠰᠬᠤ᠂ ᠲᠤᠰᠬᠠᠢ ᠮᠡᠷᠬᠡᠵᠢᠯᠳᠡᠨ ᠢᠶᠠᠷ ᠨᠤᠳᠠᠯᠠᠭᠤᠯᠬᠤ᠂ ᠬᠠᠤᠯᠢ ᠶᠤᠰᠤᠭᠠᠷ ᠬᠢᠨᠠᠨ ᠪᠠᠶᠢᠴᠠᠭᠠᠯᠳᠠ ᠬᠢᠬᠦ᠂ ᠨᠡᠶᠢᠬᠡᠮ ᠤᠨ ᠲᠦᠭᠰᠢᠬᠦᠷᠢ ᠎ ᠶᠢ ᠦᠨᠡᠯᠡᠬᠦ ᠪᠠ ᠬᠠᠮᠳᠤᠪᠡᠷ ᠰᠤᠳᠤᠯᠤᠨ ᠰᠢᠢᠳᠬᠦ ᠲᠦᠷᠢᠮ ᠢ ᠪᠠᠷᠢᠮᠳᠠᠯᠠᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠤ ᠬᠢᠨᠠᠯᠳᠠ᠂ ᠰᠤᠨᠢᠨ ᠮᠡᠳᠡᠭᠡ ᠶᠠᠷᠢᠶ᠎ᠠ ᠬᠡᠯᠡᠯᠴᠡᠭᠡ ᠪᠠ ᠨᠡᠶᠢᠬᠡᠮ ᠨᠠᠶᠢᠳᠠ ᠶᠢᠨ ᠬᠢᠨᠠᠯᠳᠠ ᠶᠢ ᠰᠠᠶᠢᠨ ᠲᠤᠷ᠎ᠠ ᠠᠴᠠ ᠪᠠᠨ ᠬᠦᠯᠢᠶᠡᠨ᠎ᠡ᠃ ᠠᠷᠠᠳ ᠤᠨ ᠲᠦᠯᠦᠬᠡᠯᠡᠭᠴᠢᠳ ᠠᠴᠠ ᠲᠡᠪᠰᠢᠬᠦᠯᠦᠭᠰᠡᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠠᠴᠠ ᠲᠡᠪᠰᠢᠬᠦᠯᠦᠭᠰᠡᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠠᠵᠢᠯ ᠢ ᠬᠢᠨᠠᠮᠠᠭᠠᠢ ᠬᠢᠵᠦ᠂ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠵᠦᠪᠯᠡᠬᠦ ᠲᠠᠷᠠᠭᠠᠯᠠᠯ ᠳᠤ ᠤᠷᠤᠭᠤᠯᠵᠦ᠂ ᠰᠠᠨᠠᠯ ᠰᠠᠨᠠᠭᠤᠯᠭ᠎ᠠ ᠶᠢ ᠰᠢᠢᠳᠪᠤᠷᠢᠯᠡᠭᠰᠡᠨ ᠨᠤᠷᠮ᠎ᠠ ᠪᠠ ᠬᠠᠨᠤᠮᠵᠢ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃  ᠬᠠᠣᠯᠢ ᠪᠠᠷ ᠵᠠᠰᠠᠭ ᠪᠠᠷᠢᠬᠤ ᠶᠢ ᠪᠠᠷᠢᠮᠳᠠᠯᠠᠵᠦ᠂ ᠬᠠᠣᠯᠢ ᠠᠴᠠ ᠳᠣᠭᠳᠠᠭᠠᠭᠰᠠᠨ ᠡᠷᠭᠡ ᠪᠠ ᠲᠡᠰ ᠳᠠᠷᠠᠭᠠᠯᠠᠯ ᠢᠶᠠᠷ ᠡᠷᠭᠡ ᠪᠠᠨ ᠭᠡᠷᠡᠭᠵᠢᠭᠦᠯᠵᠦ᠂ ᠬᠠᠷᠢᠭᠤᠴᠠᠯᠭ᠎ᠠ ᠪᠠᠨ ᠬᠦᠢᠴᠡᠳᠬᠡᠨ᠂ ᠵᠠᠰᠠᠭ ᠵᠠᠬᠢᠷᠭᠠᠨ ᠤ ᠪᠦᠬᠦ ᠠᠵᠢᠯᠯᠠᠭ᠎ᠠ ᠨᠢ ᠴᠦᠮ ᠬᠠᠣᠯᠢ ᠶᠢᠨ ᠦᠨᠳᠦᠰᠦᠯᠠᠯ ᠲᠠᠢ᠂ ᠵᠦᠢ ᠶᠤᠰᠣᠨ ᠤ ᠲᠡᠰ ᠳᠠᠷᠠᠭᠠᠯᠠᠯ ᠲᠠᠢ᠂ ᠡᠷᠭᠡ ᠲᠡᠭᠰᠢ ᠢᠯᠡ ᠪᠠᠶᠢᠬᠤ ᠶᠢ ᠪᠠᠳᠣᠯᠠᠨ᠎ᠠ᠃ ︽ᠬᠤᠤᠰ ᠳᠠᠰᠢᠷᠠᠮ ᠢᠶᠠᠷ ᠪᠠᠶᠢᠴᠠᠭᠠᠵᠦ ᠨᠢᠭᠡ ᠶᠢ ᠢᠯᠡ ᠨᠡᠶᠢᠳᠡᠯᠡᠬᠦ︾ ᠬᠢᠨᠠᠨ ᠬᠠᠮᠢᠶᠠᠷᠣᠯᠳᠠ ᠶᠢ ᠭᠡᠷᠡᠭᠵᠢᠭᠦᠯᠵᠦ᠂ ᠵᠠᠰᠠᠭ ᠵᠠᠬᠢᠷᠭᠠᠨ ᠤ ᠬᠠᠣᠯᠢ ᠭᠡᠷᠡᠭᠵᠢᠭᠦᠯᠦᠯᠳᠡ ᠶᠢᠨ ᠪᠠᠳᠣ ᠴᠢᠩᠭ᠎ᠠ ᠲᠦᠷᠢᠮᠵᠢᠭᠰᠡᠨ᠂ ᠡᠷᠭᠡ ᠲᠡᠭᠰᠢ ᠪᠤᠯᠪᠠᠰᠤᠨ ᠪᠠᠶᠢᠬᠤ ᠶᠢ ᠪᠠᠳᠣᠯᠠᠨ᠎ᠠ᠃ ᠵᠠᠰᠠᠭ ᠵᠠᠬᠢᠷᠭᠠᠨ ᠤ ᠲᠠᠬᠢᠨ ᠵᠦᠪᠯᠡᠯᠳᠡ ᠶᠢ ᠰᠠᠶᠢᠳᠣᠷ ᠬᠢᠵᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠴᠢᠳᠠᠪᠬᠢ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠠᠷᠠᠳ ᠤᠨ ᠲᠦᠯᠦᠬᠡ ᠪᠤᠳᠠᠳᠠᠢ ᠠᠵᠢᠯ ᠬᠢᠬᠦ ᠶᠢ ᠪᠠᠷᠢᠮᠳᠠᠯᠠᠨ᠂ ᠡᠳ᠋ ᠤᠨ ᠵᠠᠰᠠᠭ ᠎ ᠤᠨ ᠲᠦᠰᠦᠪ ᠤᠨ ᠪᠦᠳᠦᠮᠵᠢ ᠠᠰᠢᠭ ᠤᠨ ᠬᠠᠮᠢᠶᠠᠷᠤᠯᠳᠠ ᠶᠢᠨ ᠠᠵᠢᠯᠯᠠᠭᠠᠨ ᠤ ᠲᠤᠭᠳᠠᠯᠴᠠᠭ᠎ᠠ ᠶᠢ ᠤᠯᠠᠮ ᠲᠡᠬᠦᠯᠳᠡᠷᠵᠢᠬᠦᠯᠦᠨ᠂ ᠪᠦᠳᠦᠮᠵᠢ ᠠᠰᠢᠭ ᠤᠨ ᠤᠶᠢᠯᠠᠭᠠᠭᠳᠠᠬᠤᠨ ᠪᠠ ᠦᠷ᠎ᠠ ᠳ᠋ᠦᠩ ᠢᠶᠠᠷ ᠵᠢᠯᠤᠭᠤᠳᠤᠮᠵᠢ ᠪᠤᠯᠭᠠᠨ᠂ ᠰᠢᠨᠵᠢᠯᠡᠬᠦ ᠤᠬᠠᠭᠠᠨᠴᠢ ᠲᠦᠷᠢᠮᠵᠢᠭᠰᠡᠨ᠂ ᠦᠷ᠎ᠡ ᠪᠦᠳᠦᠮᠵᠢᠳᠡᠢ ᠠᠵᠢᠯᠯᠠᠭ᠎ᠠ ᠲᠠᠢ᠂ ᠬᠠᠷᠢᠭᠤᠴᠠᠯᠭ᠎ᠠ ᠲᠤᠳᠤᠷᠬᠠᠢ᠂ ᠢᠯᠡ ᠲᠤᠳᠤ ᠲᠦᠰᠦᠪ ᠤᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠵᠦ᠂ ᠭᠠᠶᠢᠯᠢ ᠶᠢᠨ ᠤᠷᠤᠯᠭ᠎ᠠ ᠶᠢ ᠲᠠᠳᠠᠪᠤᠷᠢᠯᠠᠨ ᠬᠠᠮᠢᠶᠠᠷᠬᠤ ᠪᠠᠨ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠡᠭᠯᠡᠬᠦ ᠲᠦᠷᠢᠮᠵᠢᠳᠦ ᠴᠢᠨᠡᠷ ᠪᠠ ᠠᠰᠢᠭᠳᠤ ᠴᠢᠨᠡᠷ ᠢ ᠲᠡᠭᠡᠭᠰᠢᠯᠡᠬᠦᠯᠵᠦ᠂ ᠭᠤᠤᠯᠳᠠᠯᠭ᠎ᠠ ᠲᠠᠢ ᠵᠠᠷᠤᠯᠭ᠎ᠠ ᠪᠠ ᠨᠡᠶᠢᠬᠡᠮ ᠤᠨ ᠠᠵᠦ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠶᠢ ᠪᠠᠳᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠪᠠ ᠲᠤᠭᠳᠠᠮᠠᠯ ᠬᠦᠷᠦᠩᠬᠡ ᠶᠢᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠶᠡᠷᠤᠩᠬᠡᠶᠢᠯᠡᠭᠰᠡᠨ ᠠᠯᠪᠠᠨ ᠠᠰᠠᠷ ᠢ ᠰᠢᠨ᠎ᠠ ᠪᠠᠷ ᠪᠠᠶᠢᠭᠤᠯᠵᠦ᠂ ᠤᠯᠠᠨ ᠨᠠᠶᠢᠳᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ ᠢ ᠲᠡᠬᠦᠯᠳᠡᠷᠵᠢᠬᠦᠯᠵᠦ᠂ ᠦᠢᠯᠡᠴᠢᠯᠡᠬᠡᠨ ᠤ ᠬᠡᠯᠪᠡᠷᠢ ᠶᠢ ᠤᠯᠠᠮ ᠰᠠᠶᠢᠵᠢᠷᠠᠭᠤᠯᠵᠦ᠂ ᠬᠡᠷᠡᠭ ᠶᠠᠪᠤᠳᠠᠯ ᠰᠢᠢᠳᠪᠤᠷᠢᠯᠡᠬᠦ ᠠᠯᠬᠤᠮ ᠲᠠᠷᠠᠭᠠᠯᠠᠯ ᠢ ᠲᠦᠬᠦᠮᠴᠢᠯᠡᠨ᠂ ᠦᠢᠯᠡᠴᠢᠯᠡᠬᠡᠨ ᠤ ᠵᠠᠮ ᠎ ᠢᠶᠠᠨ ᠦᠷᠬᠡᠳᠬᠡᠨ᠂ ᠤᠯᠠᠨ ᠲᠦᠮᠡᠨ ᠪᠠ ᠠᠵᠤ ᠠᠬᠤᠶᠢᠯᠠᠯ ᠳᠤ ᠴᠢᠳᠠᠬᠤ ᠶᠢᠨ ᠬᠢᠷᠢ ᠪᠠᠷ ᠢᠶᠠᠨ ᠲᠦᠬᠦᠮ ᠦᠵᠡᠬᠦᠯᠦᠨ᠎ᠡ᠃       ᠲᠦᠯᠦᠬᠡᠯᠡᠭᠴᠢᠳ ᠡ᠂ ᠪᠢᠳᠠᠨ ᠤ ᠰᠢᠨ᠎ᠠ ᠠᠶᠠᠯᠠᠯ ᠨᠢᠬᠡᠨᠳᠡ ᠡᠬᠢᠯᠡᠵᠦ᠂ ᠰᠢᠨ᠎ᠠ ᠬᠠᠷᠠᠯᠳᠠ ᠪᠢᠳᠠᠨ ᠢ ᠤᠷᠮᠠᠰᠢᠭᠤᠯᠤᠨ ᠵᠤᠷᠢᠭᠵᠢᠭᠤᠯᠵᠦ ᠪᠤᠢ᠂ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠳᠠᠯ ᠳᠤ ᠢᠳᠡᠪᠬᠢᠳᠡᠢ ᠵᠤᠬᠢᠴᠠᠨ᠂ ᠴᠠᠭ ᠦᠶ᠎ᠡ ᠠᠵᠠ ᠲᠤᠬᠢᠶᠠᠯ ᠢ ᠠᠯᠳᠠᠯ ᠦᠬᠡᠢ᠂ ᠴᠢᠷᠮᠠᠶᠢᠨ ᠲᠡᠮᠡᠴᠡᠵᠦ᠂ ᠦᠵᠡᠯ ᠪᠤᠳᠤᠯ ᠢᠶᠠᠨ ᠨᠢᠬᠡᠳᠬᠡᠨ᠂ ᠬᠦᠴᠦᠨ ᠢᠶᠠᠨ ᠬᠠᠮᠳᠤᠳᠬᠠᠨ  ᠯᠠᠪᠳᠠᠭᠤᠨ ᠠᠵᠢᠯᠯᠠᠵᠦ᠂ ᠪᠠᠶᠠᠨ ᠴᠢᠨᠡᠬᠡᠯᠢᠭ ᠪᠤᠯᠪᠠᠰᠤᠨ ᠦᠵᠡᠰᠬᠦᠯᠡᠩᠳᠦ ᠰᠢᠯᠤᠭᠤᠨ ᠬᠦᠬᠡ ᠬᠤᠰᠢᠭᠤ ᠶᠢ ᠬᠠᠮᠳᠤᠪᠡᠷ ᠴᠤᠭᠴᠠᠯᠠᠨ ᠪᠠᠶᠢᠭᠤᠯᠵᠦ᠂ ᠰᠢᠯᠤᠭᠤᠨ ᠬᠦᠬᠡ ᠬᠤᠰᠢᠭᠤᠨ ᠤ ᠬᠦᠭᠵᠢᠯᠳᠡ ᠲᠠᠪᠰᠢᠯᠳᠠ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠰᠦᠬᠡᠢ︕       ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠳᠠᠬᠢ ᠬᠠᠮᠢᠶ᠎ᠠ ᠪᠦᠬᠦᠢ ᠨᠡᠷ᠎ᠡ ᠦᠬᠡᠰ ᠤᠨ ᠲᠤᠬᠠᠢ ᠲᠠᠶᠢᠯᠪᠤᠷᠢ1. ᠵᠢᠷᠭᠤᠭᠠᠨ ᠨᠠᠷᠢᠯᠢᠭ ᠤᠨᠤᠪᠴᠢᠳᠠᠢ᠄ ᠲᠡᠮᠵᠢᠯᠬᠡ ᠲᠤᠰᠠᠯᠠᠮᠵᠢ ᠬᠦᠷᠳᠡᠬᠡᠬᠦ ᠬᠦᠮᠦᠨ ᠢᠶᠠᠨ ᠨᠠᠷᠢᠯᠢᠭ ᠤᠨᠤᠪᠴᠢᠳᠠᠢ ᠰᠤᠩᠭᠤᠬᠤ᠂ ᠲᠦᠷᠦᠯ ᠵᠦᠢᠯ ᠢᠶᠠᠨ ᠨᠠᠷᠢᠯᠢᠭ ᠤᠨᠤᠪᠴᠢᠳᠠᠢ ᠲᠤᠬᠢᠷᠠᠭᠤᠯᠬᠤ᠂ ᠪᠡᠯᠡ ᠮᠦᠩᠬᠦ ᠪᠠᠨ ᠨᠠᠷᠢᠯᠢᠭ ᠤᠨᠤᠪᠴᠢᠳᠠᠢ ᠬᠡᠷᠡᠭᠯᠡᠬᠦ᠂ ᠶᠠᠳᠠᠭᠤ ᠡᠷᠦᠬᠡ ᠶᠢ ᠲᠤᠰᠠᠯᠠᠬᠤ ᠠᠷᠭ᠎ᠠ ᠪᠤᠳᠤᠯᠭ᠎ᠠ ᠪᠠᠨ ᠨᠠᠷᠢᠯᠢᠭ ᠤᠨᠤᠪᠴᠢᠳᠠᠢ ᠲᠤᠭᠳᠠᠭᠠᠬᠤ᠂ ᠲᠤᠰᠬᠤᠨ ᠎ ᠳᠤ ᠠᠵᠢᠯᠯᠠᠭᠤᠯᠬᠤ ᠬᠦᠮᠦᠨ ᠢᠶᠠᠨ ᠨᠠᠷᠢᠯᠢᠭ ᠤᠨᠤᠪᠴᠢᠳᠠᠢ ᠲᠤᠬᠢᠷᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠪᠠᠨ ᠨᠠᠷᠢᠯᠢᠭ ᠤᠨᠤᠪᠴᠢᠳᠠᠢ ᠪᠠᠶᠢᠯᠭᠠᠬᠤ᠃2. ᠲᠠᠪᠤᠨ ᠨᠢᠬᠡ ᠪᠦᠯᠦᠭ᠄ ᠠᠵᠦ ᠦᠢᠯᠡᠰ ᠢ ᠬᠦᠭᠵᠢᠬᠦᠯᠵᠦ ᠨᠢᠬᠡ ᠪᠦᠯᠦᠭ ᠶᠠᠳᠠᠭᠤ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠲᠤᠬᠢᠷᠠᠮᠵᠢᠳᠠᠢ ᠭᠠᠵᠠᠷ ᠨᠡᠬᠦᠯᠬᠡᠨ ᠰᠢᠯᠵᠢᠬᠦᠯᠵᠦ ᠨᠢᠬᠡ ᠪᠦᠯᠦᠭ ᠶᠠᠳᠠᠭᠤ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠦᠷᠢ ᠤᠯᠭᠤᠵᠦ ᠨᠢᠬᠡ ᠪᠦᠯᠦᠭ ᠶᠠᠳᠠᠭᠤ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠰᠤᠷᠭᠠᠨ ᠬᠦᠮᠦᠵᠢᠯ ᠢ ᠬᠦᠭᠵᠢᠬᠦᠯᠵᠦ ᠨᠢᠬᠡ ᠪᠦᠯᠦᠭ  ᠶᠠᠳᠠᠭᠤ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠨᠡᠶᠢᠬᠡᠮ ᠤᠨ ᠪᠠᠳᠤᠯᠠᠭ᠎ᠠ ᠪᠠᠷ ᠨᠢᠬᠡ ᠪᠦᠯᠦᠭ ᠬᠦᠮᠦᠨ ᠢ ᠬᠠᠮᠤᠷᠤᠬᠤ᠃3.ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠠᠪᠤᠨ ᠨᠢᠬᠡ ᠶᠢᠨ ᠢᠨᠵᠧᠨᠧᠷᠢᠩ᠄ ᠨᠢᠬᠡ ᠬᠤᠪᠢ ᠰᠢᠯᠢᠳᠡᠭ ᠰᠢ ᠵᠦᠴᠦᠬᠡ ᠶᠢᠨ ᠪᠦᠳᠦᠬᠡᠯ᠂ ᠨᠢᠬᠡᠨ ᠰᠢᠯᠢᠳᠡᠭ ᠲᠧᠯᠸᠢᠰ ᠵᠦᠴᠦᠬᠡ ᠶᠢᠨ ᠪᠦᠳᠦᠬᠡᠯ᠂ ᠨᠢᠬᠡᠨ ᠪᠤᠳᠢ ᠰᠢᠯᠢᠳᠡᠭ ᠨᠤᠮ ᠰᠡᠳᠬᠦᠯ ︵ᠨᠡᠶᠢᠬᠡᠮ ᠤᠨ ᠰᠢᠨᠵᠢᠯᠡᠬᠦ ᠤᠬᠠᠭᠠᠨ ᠤ ᠲᠠᠯ᠎ᠠ ᠪᠠᠷ ᠬᠢ︶᠂ ᠨᠢᠬᠡᠨ ᠬᠤᠪᠢ ᠰᠢᠯᠢᠳᠡᠭ ᠤᠨᠤᠯ ᠤᠨ ᠵᠤᠬᠢᠶᠠᠯ ︵ᠨᠡᠶᠢᠬᠡᠮ ᠤᠨ ᠰᠢᠨᠵᠢᠯᠡᠬᠦ ᠤᠬᠠᠭᠠᠨ ᠤ ᠲᠠᠯ᠎ᠠ ᠪᠠᠷ ᠬᠢ  ︶᠂ ᠨᠢᠬᠡᠨ ᠰᠢᠯᠢᠳᠡᠭ ᠺᠢᠨᠤ᠋ ᠶᠢᠨ ᠰᠢᠯᠭᠠᠷᠠᠭᠤᠯᠤᠯᠳᠠ ᠶᠢ ᠵᠢᠭᠠᠵᠦ ᠪᠠᠶᠢᠭᠰᠠᠨ ᠪᠤᠯ ᠰᠡᠬᠦᠯᠡᠷ ᠨᠢ ᠨᠢᠬᠡᠨ ᠰᠢᠯᠢᠳᠡᠭ ᠲᠠᠭᠤᠤ᠂ ᠨᠢᠬᠡᠨ ᠰᠢᠯᠢᠳᠡᠭ ᠷᠡᠳᠢᠤ᠋ ᠵᠦᠴᠦᠬᠡ ᠶᠢ ᠰᠢᠯᠭᠠᠷᠠᠭᠤᠯᠬᠤ ᠬᠡᠪᠴᠢᠶᠠᠨ ᠳᠤ ᠤᠷᠤᠭᠤᠯᠪᠠ᠂ ᠬᠡᠪᠡᠴᠦ ︽ᠲᠠᠪᠤᠨ ᠨᠢᠬᠡ ᠶᠢᠨ ᠢᠨᠵᠧᠨᠧᠷᠢᠩ︾ ᠬᠡᠬᠦ ᠨᠠᠷᠠᠶᠢᠳᠦᠯ ᠢᠶᠠᠨ ᠬᠤᠪᠢᠷᠠᠭᠤᠯᠬᠤ ᠦᠬᠡᠢ᠃4. ᠨᠠᠢᠮᠠᠨ ᠨᠠᠷᠢᠨ ᠳᠠᠩᠰᠠ᠄ ᠡᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠵᠠᠭᠤᠴᠢ ᠦᠢᠯᠡᠴᠢᠯᠡᠭᠡ ᠶᠢᠨ ᠶᠠᠪᠤᠳᠠᠯ ᠤᠨ ᠨᠠᠷᠢᠨ ᠳᠠᠩᠰᠠ᠂ ᠵᠠᠭᠤᠴᠢ ᠦᠢᠯᠡᠴᠢᠯᠡᠭᠡ ᠶᠢᠨ ᠶᠠᠪᠤᠳᠠᠯ ᠤᠨ ᠰᠦᠢᠳᠭᠡᠯ ᠬᠤᠷᠢᠶᠠᠬᠤ ᠨᠠᠷᠢᠨ ᠳᠠᠩᠰᠠ᠂ ᠣᠯᠠᠨ ᠨᠡᠶᠢᠳᠡ ᠶᠢᠨ ᠦᠢᠯᠡᠴᠢᠯᠡᠭᠡᠨ ᠤ ᠶᠠᠪᠤᠳᠠᠯ ᠤᠨ ᠨᠠᠷᠢᠨ ᠳᠠᠩᠰᠠ᠂ ᠭᠡᠷᠡᠴᠢᠯᠡᠬᠦ ᠶᠠᠪᠤᠳᠠᠯ ᠤᠨ ᠨᠠᠷᠢᠨ ᠳᠠᠩᠰᠠ᠂ ᠳᠣᠭᠳᠠᠭᠰᠠᠨ ᠬᠤᠭᠤᠴᠠᠭ᠎ᠠ ᠦᠭᠡᠢ ᠪᠠᠷ ᠰᠣᠩᠭᠤᠨ ᠪᠠᠶᠢᠴᠠᠭᠠᠬᠤ ᠶᠠᠪᠤᠳᠠᠯ ᠤᠨ ᠨᠠᠷᠢᠨ ᠳᠠᠩᠰᠠ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠨᠠᠷᠢᠨ ᠳᠠᠩᠰᠠ ᠶᠢ ᠵᠢᠭᠠᠵᠤ ᠪᠤᠢ᠃5. ᠬᠤᠤᠰ ᠳᠠᠰᠢᠷᠠᠮ ᠢᠶᠠᠷ ᠪᠠᠶᠢᠴᠠᠭᠠᠵᠦ ᠨᠢᠭᠡ ᠶᠢ ᠢᠯᠡ ᠪᠠᠷ ᠨᠡᠶᠢᠳᠡᠯᠡᠬᠦ᠄ ᠵᠠᠬ᠎ᠠ ᠲᠡᠯᠭᠡᠬᠦᠷ ᠤᠨ ᠬᠢᠨᠠᠨ ᠬᠠᠮᠢᠶᠠᠷᠣᠯᠳᠠ ᠎ ᠳᠤ ᠳᠠᠰᠢᠷᠠᠮ ᠢᠶᠠᠷ ᠪᠠᠶᠢᠴᠠᠭᠠᠭᠳᠠᠬᠤ ᠡᠳᠡᠭᠡᠳ ᠪᠠ ᠬᠠᠣᠯᠢ ᠭᠡᠷᠡᠭᠵᠢᠭᠦᠯᠦᠨ ᠪᠠᠶᠢᠴᠠᠭᠠᠬᠤ ᠬᠦᠮᠦᠰ ᠢ ᠰᠣᠩᠭᠤᠵᠤ᠂ ᠰᠣᠩᠭᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠨᠡᠶᠢᠳᠡ ᠳᠤ ᠴᠠᠭ ᠳᠣᠬᠠᠢ ᠳᠤᠨᠢ ᠢᠯᠡ ᠪᠠᠷ ᠵᠠᠷᠯᠠᠨ ᠨᠡᠶᠢᠳᠡᠯᠡᠨ᠎ᠡ᠃6.  ︽ᠤᠯᠠᠨ ᠬᠡᠷᠡᠴᠢ ᠶᠢ ᠨᠢᠬᠡᠳᠬᠡᠵᠦ᠂ ᠨᠢᠬᠡ ᠦᠨᠡᠮᠯᠡᠯ ᠨᠢᠬᠡ ᠳ᠋ᠤᠭᠠᠷ ᠪᠤᠯᠭᠠᠬᠤ︾᠄ ᠦᠢᠯᠡᠳᠪᠤᠷᠢ ᠬᠤᠳᠠᠯᠳᠤᠭ᠎ᠠ᠂ ᠶᠠᠰᠤ ᠴᠢᠨᠡᠷ ᠲᠤ ᠬᠢᠨᠠᠯᠳᠠ ᠲᠠᠯᠪᠢᠬᠤ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠨᠡᠶᠢᠬᠡᠮ ᠤᠨ ᠪᠠᠳᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠳᠠᠭ ᠡᠵᠡᠩᠨᠡᠯᠳᠡ ᠶᠢᠨ ᠦᠨᠡᠮᠯᠡᠯ᠂ ᠵᠤᠬᠢᠶᠠᠨ ᠪᠠᠶᠢᠭᠤᠯᠤᠯᠳᠠ ᠎ ᠶᠢᠨ ᠪᠠᠶᠢᠭᠤᠯᠤᠮᠵᠢ ᠶᠢᠨ ᠲᠦᠯᠦᠬᠡᠨ ᠤ ᠳ᠋ᠤᠭᠠᠷ ᠤᠨ ᠦᠨᠠᠮᠯᠠᠯ᠂ ᠭᠠᠶᠢᠯᠢ ᠶᠢᠨ ᠶᠠᠪᠤᠳᠠᠯ ᠢ ᠲᠡᠮᠳᠡᠭᠯᠡᠬᠦ ᠦᠨᠡᠮᠯᠡᠯ᠂ ᠨᠡᠶᠢᠬᠡᠮ ᠎ ᠤᠨ ᠲᠠᠭᠠᠳᠬᠠᠯ ᠢ ᠲᠡᠮᠳᠡᠭᠯᠡᠬᠦ ᠦᠨᠡᠮᠯᠡᠯ᠂ ᠪᠦᠷᠢᠳᠬᠡᠨ ᠲᠡᠮᠳᠡᠭᠯᠡᠬᠦ ᠦᠨᠡᠮᠯᠡᠯ ᠵᠡᠷᠬᠡ ᠤᠯᠠᠨ ᠬᠡᠷᠡᠴᠢ ᠲᠡᠮᠳᠡᠭ ᠢ ᠨᠢᠬᠡᠳᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠬᠡᠳᠦᠯᠳᠡᠢ ᠲᠠᠷᠬᠠᠭᠠᠬᠤ ᠨᠢᠬᠡ ᠬᠠᠭᠤᠳᠠᠰᠤ ᠡᠵᠡᠩᠨᠡᠯᠳᠡ ᠶᠢᠨ ᠦᠨᠡᠮᠯᠡᠯ ᠪᠤᠯᠭᠠᠨ᠂ ᠤᠤᠯ ᠤᠨ ᠬᠠᠮᠢᠶ᠎ᠠ ᠪᠦᠬᠦᠢ ᠬᠡᠷᠡᠴᠢ ᠲᠡᠮᠳᠡᠭ ᠤᠨ ᠬᠦᠴᠦᠨ ᠴᠢᠳᠠᠪᠬᠢ ᠲᠠᠢ ᠪᠦᠬᠡᠳ ᠨᠢᠬᠡᠳᠦᠯᠳᠡᠢ ᠨᠡᠶᠢᠬᠡᠮ ᠤᠨ ᠢᠳᠡᠬᠡᠮᠵᠢ ᠶᠢᠨ ᠲᠦᠯᠦᠬᠡᠨ ᠤ ᠳ᠋ᠤᠭᠠᠷ ᠨᠡᠮᠡᠭᠰᠡᠨ ᠪᠠᠶᠢᠨ᠎ᠠ᠃7. ᠭᠤᠷᠪᠠᠨ ᠴᠢᠬᠤᠯᠠ᠂ ᠨᠢᠭᠡ ᠶᠡᠭᠡ᠄ ᠴᠢᠬᠤᠯᠠ ᠶᠡᠭᠡ ᠠᠰᠠᠭᠤᠳᠠᠯ ᠢ ᠰᠢᠢᠳᠬᠦ᠂ ᠴᠢᠬᠤᠯᠠ ᠺᠠᠳ᠋ᠷ ᠢ ᠲᠤᠮᠢᠯᠠᠵᠦ ᠤᠭᠴᠠᠷᠠᠭᠤᠯᠬᠤ᠂ ᠴᠢᠬᠤᠯᠠ ᠲᠦᠷᠦᠯ ᠵᠦᠢᠯ ᠤᠨ ᠪᠡᠯᠡ ᠣᠷᠣᠭᠤᠯᠤᠯᠳᠠ ᠳᠤ ᠰᠢᠢᠳᠪᠦᠷᠢ ᠭᠠᠷᠭᠠᠬᠤ᠂ ᠶᠡᠭᠡ ᠳᠣᠭᠠᠨ ᠤ ᠪᠡᠯᠡ ᠮᠦᠩᠬᠦ ᠶᠢ  ᠵᠠᠷᠣᠴᠠᠭᠤᠯᠬᠤ ᠶᠢ ᠵᠢᠭᠠᠵᠤ ᠪᠤᠢ᠃8. ︽ᠨᠢᠬᠡ ᠪᠦᠰᠡ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ᠄ ᠲᠤᠷᠭᠠᠨ ᠵᠠᠮ ᠤᠨ ᠲᠠᠭᠠᠤ ᠳᠠᠬᠢ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠪᠠ 21 ᠳ᠋ᠤᠭᠡᠷ ᠵᠠᠭᠤᠨ ᠤ ᠲᠡᠯᠡᠢ ᠲᠡᠭᠡᠷᠡᠬᠢ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠵᠢᠭᠠᠵᠦ ᠪᠤᠢ᠃9. ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠄ ᠬᠠᠩᠭᠠᠯᠭ᠎ᠠ ᠶᠢᠨ ᠶᠠᠰᠤ ᠴᠢᠨᠡᠷ ᠢ ᠲᠡᠭᠡᠭᠰᠢᠯᠡᠬᠦᠯᠬᠦ ᠪᠠᠷ ᠬᠠᠷᠠᠯᠳᠠ ᠪᠠᠨ ᠪᠤᠯᠭᠠᠨ᠂ ᠦᠬᠡᠷᠡᠴᠢᠯᠡᠯᠳᠡ ᠬᠢᠬᠦ ᠪᠠᠷ ᠲᠠᠮᠵᠢᠭᠤᠯᠤᠨ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠵᠦ᠂ ᠭᠤᠤᠯ ᠡᠯᠧᠮᠧᠨ᠋ᠲ ᠤᠨ ᠲᠦᠬᠦᠷᠴᠢᠯᠡᠯᠳᠡ ᠶᠢ ᠲᠠᠩᠴᠠᠬᠦᠷᠢᠰᠢᠬᠦᠯᠵᠦ᠂ ᠪᠦᠳᠦᠮᠵᠢᠳᠠᠢ ᠬᠠᠩᠭᠠᠯᠭ᠎ᠠ ᠶᠢ ᠦᠷᠬᠡᠳᠬᠡᠨ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠯᠡᠬᠡᠨ ᠤ ᠬᠤᠪᠢᠷᠠᠯᠳᠠ ᠳᠠᠬᠢ ᠵᠤᠬᠢᠴᠠᠬᠤ ᠴᠢᠨᠡᠷ ᠪᠠ ᠠᠮᠢᠳᠤᠯᠢᠭ ᠴᠢᠨᠡᠷ ᠢ ᠲᠡᠭᠡᠭᠰᠢᠯᠡᠬᠦᠯᠵᠦ᠂ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠦᠨ᠂ ᠦᠷᠬᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠶᠢ ᠤᠯᠠᠮ ᠰᠠᠶᠢᠨ ᠬᠠᠩᠭᠠᠵᠦ᠂ ᠠᠵᠦ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢ ᠵᠢᠭᠠᠵᠦ ᠪᠤᠢ᠃10. ᠳᠣᠭᠠᠴᠢᠯᠠᠭᠰᠠᠨ ᠠᠵᠤ ᠠᠬᠤᠢ᠄ ᠳᠣᠭᠠᠴᠢᠯᠠᠭᠰᠠᠨ ᠮᠡᠳᠡᠯᠭᠡ ᠪᠠ ᠰᠣᠷᠠᠭ ᠵᠠᠩᠬᠢ ᠪᠠᠷ ᠵᠠᠩᠬᠢᠯᠠᠭ᠎ᠠ ᠶᠢᠨ ᠦᠢᠯᠡᠳᠪᠦᠷᠢᠯᠠᠯ ᠤᠨ ᠡᠯᠧᠮᠧᠨ᠋ᠲ ᠪᠤᠯᠭᠠᠨ᠂ ᠣᠳᠣᠬᠢᠴᠢᠯᠠᠭᠰᠠᠨ ᠰᠣᠷᠠᠭ ᠵᠠᠩᠬᠢ ᠶᠢᠨ ᠰᠦᠯᠵᠢᠶ᠎ᠡ ᠪᠠᠷ ᠴᠢᠬᠤᠯᠠ ᠠᠴᠢᠶᠠᠯᠠᠪᠤᠷᠢ ᠪᠤᠯᠭᠠᠵᠤ᠂ ᠰᠣᠷᠠᠭ ᠵᠠᠩᠬᠢ ᠴᠢᠮᠡᠭᠡ ᠨᠡᠪᠳᠡᠷᠡᠯᠴᠡᠭᠡᠨ ᠤ ᠮᠡᠷᠭᠡᠵᠢᠯ ᠢ ᠪᠦᠳᠦᠮᠵᠢᠳᠠᠢ ᠭᠡᠷᠡᠭᠯᠡᠬᠦ ᠶᠢ ᠦᠷ᠎ᠡ ᠪᠦᠳᠦᠮᠵᠢ ᠶᠢ ᠨᠡᠮᠡᠭᠳᠡᠭᠦᠯᠬᠦ ᠪᠠ ᠠᠵᠤ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ ᠴᠢᠬᠤᠯᠠ ᠠᠬᠢᠭᠤᠯᠬᠤ ᠬᠦᠴᠦᠨ ᠪᠤᠯᠭᠠᠬᠤ ᠰᠢᠷᠢᠰ ᠠᠵᠤ ᠠᠬᠤᠢ ᠶᠢᠨ ᠠᠵᠢᠯᠯᠠᠭ᠎ᠠ ᠶᠢ ᠵᠢᠭᠠᠵᠤ ᠪᠤᠢ᠃11.ᠲᠤᠮᠤ ᠳ᠋ᠠᠶᠢᠲ᠋ᠠ᠄ ᠰᠢᠨ᠎ᠠ ᠨᠢᠬᠡᠨ ᠦᠶ᠎ᠡ ᠶᠢᠨ ᠰᠤᠷᠠᠭ ᠵᠠᠩᠬᠢ ᠶᠢᠨ ᠮᠠᠷᠬᠡᠵᠢᠯ ᠪᠠ ᠦᠢᠯᠡᠴᠢᠯᠡᠬᠡᠨ ᠤ ᠦᠢᠯᠡᠰ ᠤᠨ ᠬᠡᠯᠪᠡᠷᠢ᠂ ᠭᠤᠤᠯᠳᠠᠭᠤ ᠲᠤᠭ᠎ᠠ ᠬᠡᠮᠵᠢᠶ᠎ᠠ ᠶᠡᠭᠡ᠂ ᠢᠷᠡᠯᠳᠡ ᠨᠢ ᠪᠤᠳᠠᠷᠬᠠᠢ᠂ ᠵᠠᠭᠪᠤᠷ ᠨᠢ ᠤᠯᠠᠨ ᠶᠠᠩᠵᠦ ᠶᠢᠨ ᠲᠤᠭ᠎ᠠ ᠪᠠᠷᠢᠮᠳᠠ ᠶᠢ ᠴᠤᠭᠯᠠᠭᠤᠯᠬᠤ᠂ ᠬᠠᠳᠠᠭᠠᠯᠠᠬᠤ ᠪᠠ ᠬᠠᠮᠢᠶ᠎ᠠ ᠪᠦᠬᠦᠢ ᠵᠠᠳᠠᠯᠤᠯᠳᠠ ᠬᠢᠵᠦ ᠡᠬᠦᠨ ᠤ ᠲᠤᠮᠳᠠ ᠠᠴᠠ ᠰᠢᠨ᠎ᠠ ᠮᠡᠳᠡᠯᠬᠡ ᠬᠤᠷᠠᠮᠳᠤᠭᠤᠯᠵᠦ᠂ ᠰᠢᠨ᠎ᠡ ᠦᠷᠳᠡᠭ ᠪᠤᠢ ᠪᠤᠯᠭᠠᠬᠤ ᠶᠢᠨ ᠲᠠᠭᠠᠤ ᠰᠢᠨ᠎ᠠ ᠴᠢᠳᠠᠪᠤᠷᠢ ᠪᠠᠨ ᠲᠡᠭᠡᠭᠰᠢᠯᠡᠬᠦᠯᠬᠦ ᠶᠢ ᠵᠢᠭᠠᠵᠦ ᠪᠤᠢ᠃12.ᠢᠨᠲ᠋ᠧᠷᠨᠧᠲ ᠰᠦᠯᠵᠢᠶ᠎ᠠ +  ᠄ ᠨᠡᠬᠦᠳᠡᠯ ᠢᠨᠲ᠋ᠧᠷᠨᠧᠲ ᠰᠦᠯᠵᠢᠶ᠎ᠠ᠂ ᠰᠦᠯᠵᠢᠶᠠᠨ ᠪᠤᠳᠤᠯᠳᠠ᠂ ᠲᠤᠮᠤ ᠳ᠋ᠠᠶᠢᠲ᠋ᠠ᠂ ᠬᠡᠷᠡᠭᠯᠡᠬᠡᠨ ᠤ ᠰᠦᠯᠵᠢᠶ᠎ᠡ ᠵᠡᠷᠬᠡ ᠶᠢ ᠤᠳᠤᠬᠢᠴᠢᠯᠠᠭᠰᠠᠨ ᠦᠢᠯᠡᠳᠬᠦ ᠦᠢᠯᠡᠰ ᠲᠠᠢ ᠤᠶᠠᠯᠳᠤᠭᠤᠯᠵᠦ᠂ ᠡᠯᠧᠺᠲᠷᠤᠨ ᠬᠤᠳᠠᠯᠳᠤᠭ᠎ᠠ᠂ ᠠᠵᠦ ᠦᠢᠯᠡᠳᠪᠤᠷᠢ ᠶᠢᠨ ᠢᠨᠲ᠋ᠧᠷᠨᠧᠲ ᠰᠦᠯᠵᠢᠶ᠎ᠠ ᠪᠤᠯᠤᠨ ᠰᠦᠯᠵᠢᠶᠠᠨ ᠲᠡᠭᠡᠷᠡᠬᠢ ᠮᠦᠩᠬᠦᠨ ᠬᠦᠢᠯᠬᠡᠬᠡᠨ ᠎ ᠤ ᠡᠷᠡᠬᠦᠯ ᠬᠦᠭᠵᠢᠯᠳᠡ ᠶᠢ ᠠᠬᠢᠭᠤᠯᠬᠤ ᠶᠢ ᠵᠢᠭᠠᠵᠦ ᠪᠤᠢ᠃ ᠢᠨᠲ᠋ᠧᠷᠨᠧᠲ ᠰᠦᠯᠵᠢᠶ᠎ᠡ ᠨᠢ ᠠᠵᠦ ᠠᠬᠤᠢ ᠨᠡᠶᠢᠬᠡᠮ ᠤᠨ ᠡᠯ᠎ᠡ ᠬᠦᠷᠢᠶ᠎ᠡ ᠬᠡᠪᠴᠢᠶᠠᠨ ᠳᠤ ᠬᠦᠨᠵᠡᠬᠡᠢ ᠠᠭᠤᠰᠤᠯᠴᠠᠵᠦ᠂ ᠢᠨᠲ᠋ᠧᠷᠨᠧᠲ ᠰᠦᠯᠵᠢᠶ᠎ᠡ ᠪᠠᠷ ᠰᠠᠭᠤᠷᠢ ᠲᠦᠬᠦᠬᠡᠷᠦᠮᠵᠢ ᠪᠠ ᠰᠢᠨ᠎ᠠ ᠶᠢ ᠡᠬᠦᠳᠬᠦ ᠡᠯᠧᠮᠧᠨ᠋ᠲ ᠪᠤᠯᠭᠠᠭᠰᠠᠨ ᠠᠵᠤ ᠠᠬᠤᠢ ᠨᠡᠶᠢᠬᠡᠮ ᠤᠨ ᠰᠢᠨ᠎ᠠ ᠬᠡᠯᠪᠡᠷᠢ ᠲᠦᠷᠰᠦ ᠪᠦᠷᠢᠯᠳᠦᠭᠰᠡᠨ ᠪᠠᠶᠢᠨ᠎ᠠ 13. ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ᠄ ᠵᠢᠭᠤᠯᠴᠢᠯᠠᠯ ᠤᠨ ᠦᠢᠯᠡᠰ ᠤᠨ ᠠᠭᠤᠰᠤᠯᠴᠠᠬᠤ ᠴᠢᠳᠠᠪᠤᠷᠢ ᠶᠢ ᠪᠠᠳᠠᠷᠠᠭᠤᠯᠵᠦ᠂ ᠬᠠᠮᠢᠶ᠎ᠠ ᠪᠦᠬᠦᠢ ᠠᠵᠦ ᠦᠢᠯᠡᠰ ᠪᠠ ᠬᠦᠷᠢᠶ᠎ᠡ ᠬᠡᠪᠴᠢᠶᠠᠨ ᠤ ᠬᠦᠭᠵᠢᠯᠳᠡ ᠳᠤ ᠵᠢᠭᠤᠯᠴᠢᠯᠠᠯ ᠤᠨ ᠲᠠᠪᠴᠠᠩ ᠬᠠᠩᠭᠠᠨ᠂ ᠰᠢᠨ᠎ᠠ ᠦᠢᠯᠡᠴᠢᠯᠡᠬᠡᠨ ᠤ ᠬᠡᠯᠪᠡᠷᠢ ᠶᠢ ᠪᠦᠷᠢᠯᠳᠦᠬᠦᠯᠦᠨ᠂ ᠲᠡᠬᠦᠨ ᠤ ᠬᠦᠭᠵᠢᠯᠳᠡ ᠶᠢᠨ ᠬᠢᠷᠢ ᠲᠦᠪᠰᠢᠨ ᠪᠠ ᠶᠡᠷᠤᠩᠬᠡᠶᠢᠡᠯᠭᠰᠡᠨ ᠦᠷᠳᠡᠭ ᠢ ᠲᠡᠭᠡᠭᠰᠢᠯᠡᠬᠦᠯᠬᠦ ᠶᠢ ᠵᠢᠭᠠᠵᠦ ᠪᠤᠢ᠃14. ᠠᠮᠢ ᠠᠬᠤᠢ ᠶᠢᠨ ᠰᠡᠷᠡᠮᠵᠢ ᠶᠢᠨ ᠱᠤᠭᠤᠮ᠄ ᠪᠠᠶᠢᠭᠠᠯᠢᠯᠢᠭ ᠠᠮᠢ ᠠᠬᠤᠢ ᠶᠢᠨ ᠦᠢᠯᠡᠴᠢᠯᠡᠬᠡᠨ ᠤ ᠴᠢᠳᠠᠪᠬᠢ᠂ ᠤᠷᠴᠢᠨ ᠲᠤᠭᠤᠷᠢᠨ ᠤ ᠶᠠᠰᠤ ᠴᠢᠨᠡᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠳᠠ ᠵᠡᠷᠬᠡ ᠲᠠᠯ᠎ᠠ ᠳᠤ ᠴᠢᠩᠭ᠎ᠠ ᠨᠢᠮᠪᠠᠢ ᠤᠷᠤᠨ ᠵᠠᠢ ᠶᠢᠨ ᠬᠠᠮᠠᠭᠠᠯᠠᠯᠳᠠ ᠶᠢᠨ ᠵᠠᠭᠠᠭ ᠱᠤᠭᠤᠮ ᠪᠠ ᠬᠢᠨᠠᠨ ᠬᠠᠮᠢᠶᠠᠷᠤᠯᠳᠠ ᠶᠢᠨ ᠲᠦᠷᠢᠮ ᠲᠤᠭᠳᠠᠭᠠᠬᠤ ᠶᠢ ᠵᠢᠭᠠᠵᠦ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号