ᠰᠢᠯᠤᠭᠤᠨ ᠬᠦᠬᠡ ᠬᠤᠰᠢᠭᠤᠨ ᠤ ᠱᠠᠩᠳᠤ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠵᠨ ᠳᠤᠪᠴᠢᠶ᠎ᠠ ᠨᠤᠭᠤ ᠭᠠᠵᠠᠷ ᠤᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2018/1/22
                                              ᠰᠤᠷᠪᠦᠯᠵᠢᠯᠠᠬᠴᠢ ᠠᠯᠳᠠᠨᠰᠢᠬᠦᠷ             ᠰᠢᠯᠤᠭᠤᠨ ᠬᠦᠭᠡ  ᠬᠤᠰᠢᠭᠤᠨ ᠤ ᠱᠠᠩᠳᠤ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ  ᠲᠤᠪᠴᠢᠶᠠᠨ ᠤ ᠠᠵᠢᠯᠳᠠᠳ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠲᠤᠭᠤᠷᠢᠨ ᠳᠠᠬᠢ ᠭᠤᠤᠯ ᠨᠠᠭᠤᠷ ᠤᠨ  ᠡᠷᠬᠢᠨ ᠲᠤᠭᠤᠷᠢᠨ ᠳᠤ ᠡᠪᠤᠯᠵᠢᠬᠦ ᠰᠢᠪᠠᠭᠤᠳ ᠲᠤ ᠢᠳᠡᠰᠢ ᠰᠠᠴᠤᠵᠦ ᠦᠭᠭᠦᠨ᠎ᠠ᠃
      ᠲᠤᠪᠴᠢᠶᠠᠨ ᠤ  ᠬᠠᠷᠢᠭᠤᠴᠠᠯᠭᠠᠳᠠᠨ᠄ ︽ᠮᠦᠰᠤᠨ ᠲᠡᠭᠡᠷ᠎ᠠ ᠰᠢᠷ᠎ᠠ ᠪᠤᠳᠠᠭ᠎ᠠ᠂ ᠴᠠᠭᠠᠨ ᠪᠤᠳᠠᠭ᠎ᠠ ᠰᠠᠶᠢᠨ ᠰᠠᠴᠤᠵᠥ ᠦᠭᠪᠠᠯ ᠰᠢᠪᠠᠭᠤ  ᠠᠮᠠᠷᠬᠠᠨ ᠲᠡᠬᠦᠵᠦ ᠤᠯᠵᠦ ᠢᠳᠡᠨ᠎ᠠ︾ ᠭᠡᠵᠦ ᠭᠡᠯᠡᠵᠦ ᠪᠠᠶᠢᠯ᠎ᠠ᠃  
 
           ᠶᠢᠰᠦ ᠡᠬᠢᠯᠡᠭᠰᠡᠨ ᠠᠴᠠ ᠨᠠᠰᠢ ᠲᠡᠭᠷᠢ ᠬᠦᠢᠳᠡᠷᠡᠵᠦ᠂ ᠰᠢᠯᠤᠭᠤᠨ ᠬᠦᠬᠡ ᠬᠤᠰᠢᠭᠤᠨ ᠤ ᠬᠡᠪᠴᠢᠶᠡᠨ ᠳᠠᠬᠢ  ᠭᠤᠤᠯ ᠨᠠᠭᠤᠷ ᠪᠦᠬᠦᠨ ᠢᠶᠠᠷ ᠢᠶᠠᠨ ᠬᠦᠯᠳᠡᠵᠦ᠂ ᠭᠤᠤᠯ ᠨᠠᠭᠤᠷ ᠤᠨ ᠡᠷᠭᠢᠨ ᠲᠤᠭᠤᠷᠢᠨ ᠳᠤ ᠡᠪᠦᠯᠵᠢᠬᠦ  ᠰᠢᠪᠠᠭᠤᠳ ᠲᠤ ᠢᠳᠡᠰᠢ ᠲᠤᠳᠠᠭᠳᠠᠬᠤ ᠠᠶᠤᠯ ᠲᠤᠯᠭᠠᠷᠠᠵᠦ᠂ ᠰᠢᠪᠠᠭᠤᠳ ᠤᠨ ᠡᠪᠦᠯᠵᠢᠬᠦ ᠳᠤ ᠬᠦᠴᠢᠷᠳᠡᠯ  ᠤᠴᠠᠷᠠᠭᠤᠯᠪᠠ᠃ ᠡᠨᠡᠬᠦ ᠪᠠᠶᠢᠳᠠᠯ ᠳᠤ ᠲᠤᠰ ᠬᠤᠰᠢᠭᠤᠨ ᠤ ᠱᠠᠩᠳᠤ ᠶᠢᠨ ᠭᠤᠤᠯ ᠤᠨ ᠤᠯᠤᠰ ᠤᠨ ᠨᠤᠭᠤ  ᠭᠠᠵᠠᠷ ᠤᠨ ᠴᠡᠴᠡᠷᠯᠢᠭ ᠤᠨ ᠬᠠᠮᠠᠭᠠᠯᠠᠯᠳᠠ ᠶᠢᠨ ᠲᠤᠪᠴᠢᠶ᠎ᠠ ︽ᠡᠪᠦᠯ ᠤᠨ ᠤᠯᠠᠷᠢᠯ ᠤᠨ ᠨᠤᠭᠤ ᠭᠠᠵᠠᠷ ᠪᠢᠳᠠᠨ ᠤ  ᠰᠠᠶᠢᠨ ᠰᠠᠶᠢᠬᠠᠨ ᠬᠡᠷ ᠤᠷᠤᠨ︾ ᠬᠡᠬᠦ ᠭᠤᠤᠯ ᠰᠡᠳᠤᠪᠳᠦ ᠠᠵᠢᠯᠯᠠᠭ᠎ᠠ ᠲᠠᠢ ᠪᠠᠨ ᠤᠶᠠᠯᠳᠤᠭᠤᠯᠤᠨ᠂ ᠱᠠᠩᠳᠤ ᠶᠢᠨ  ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢᠨ ᠬᠠᠮᠳᠤ ᠲᠤᠰ  ᠤᠷᠤᠨ ᠳᠤ ᠡᠪᠦᠯᠵᠢᠬᠦ ᠬᠡᠬᠡᠷ᠎ᠡ ᠶᠢᠨ ᠠᠮᠢᠳᠠᠨ ᠳᠤ ᠪᠠᠶᠢᠴᠠᠭᠠᠯᠳᠠ ᠬᠢᠵᠦ᠂ ᠨᠤᠭᠤ ᠭᠠᠵᠠᠷ ᠤᠨ ᠡᠷᠬᠢᠨ  ᠲᠤᠭᠤᠷᠢᠨ ᠳᠤ ᠡᠪᠦᠯᠵᠢᠬᠦ ᠬᠡᠬᠡᠷ᠎ᠡ ᠶᠢᠨ ᠵᠢᠬᠦᠷᠳᠡᠨ ᠳᠤ ᠢᠳᠡᠰᠢ ᠬᠠᠩᠭᠠᠵᠦ᠂ ᠵᠢᠬᠦᠷᠳᠡᠨ ᠰᠢᠪᠠᠭᠤᠳ ᠤᠨ ᠠᠮᠤᠷ  ᠲᠦᠪᠰᠢᠨ ᠡᠪᠤᠯᠵᠢᠬᠦ ᠳᠤ ᠰᠠᠶᠢᠨ ᠨᠦᠬᠦᠴᠡᠯ ᠡᠬᠦᠳᠴᠦ ᠦᠭᠪᠡ᠃ ᠡᠬᠦᠨ ᠤ ᠳᠠᠭᠠᠤ 2017 ᠤᠨ ᠤ 6  ᠰᠠᠷ᠎ᠠ ᠠᠴᠠ ᠡᠬᠢᠯᠡᠨ ᠱᠠᠩᠳᠤ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ  ᠲᠤᠪᠴᠢᠶ᠎ᠠ ᠭᠤᠤᠯ ᠤᠨ ᠤᠰᠤᠨ ᠳᠤ 10 ᠲᠦᠮᠡᠨ ᠵᠢᠭᠠᠰᠦ ᠲᠡᠵᠢᠬᠡᠵᠦ᠂ ᠵᠢᠭᠠᠰᠤᠨ ᠤ ᠮᠡᠨᠳᠦ ᠡᠪᠦᠯᠵᠢᠬᠦ ᠶᠢ  ᠪᠠᠳᠤᠯᠠᠬᠤ ᠶᠢᠨ ᠲᠦᠯᠦᠬᠡ ᠭᠤᠤᠯ ᠤᠨ ᠴᠡᠰᠦ ᠶᠢ ᠱᠦᠬᠦᠷᠳᠡᠵᠦ ᠠᠷᠢᠯᠭᠠᠬᠤ᠂ ᠮᠦᠰᠦ ᠶᠢ ᠬᠠᠭᠠᠯᠵᠦ  ᠬᠦᠴᠢᠯᠳᠦ᠋ᠷᠦᠭᠴᠢ ᠨᠡᠮᠡᠭᠳᠡᠬᠦᠯᠬᠦ ᠠᠵᠢᠯᠯᠠᠭ᠎ᠠ ᠠᠪᠴᠦ ᠪᠠᠶᠢᠨ᠎ᠠ᠃  
         ᠱᠠᠩᠳᠤ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ ᠲᠤᠪᠴᠢᠶ᠎ᠠ  ᠪᠠᠶᠢᠭᠤᠯᠤᠭᠳᠠᠭᠰᠠᠨ ᠠᠴᠠ ᠨᠠᠰᠢ᠂ ᠭᠠᠷᠠᠭ ᠪᠦᠷᠢ ᠡᠬᠡᠯᠵᠢᠯᠡᠬᠦ ᠲᠦᠷᠢᠮ ᠲᠤᠭᠳᠠᠭᠠᠵᠦ᠂ ᠱᠠᠩᠳᠤ ᠶᠢᠨ ᠭᠤᠤᠯ ᠤᠨ  ᠡᠷᠬᠢᠨ ᠲᠤᠭᠤᠷᠢᠨ ᠢ ᠬᠠᠷᠠᠵᠦ ᠬᠠᠮᠠᠭᠠᠯᠠᠨ᠂ ᠵᠢᠭᠠᠰᠦ ᠠᠩᠨᠠᠬᠤ᠂ ᠪᠤᠵᠠᠷ ᠤᠰᠤ ᠲᠠᠯᠪᠢᠬᠤ᠂ ᠬᠤᠭ ᠨᠤᠪᠰᠢ ᠬᠠᠶᠠᠬᠤ  ᠂ ᠬᠡᠬᠡᠷ᠎ᠡ ᠶᠢᠨ ᠠᠮᠢᠳᠠᠨ ᠢ ᠠᠩᠨᠠᠬᠤ ᠵᠡᠷᠬᠡ ᠤᠷᠴᠢᠨ ᠲᠤᠭᠤᠷᠢᠨ ᠢ ᠪᠤᠬᠢᠷᠳᠤᠭᠤᠯᠤᠭᠰᠠᠨ ᠪᠤᠶᠤ ᠬᠡᠬᠡᠷ᠎ᠡ ᠶᠢᠨ  ᠠᠮᠢᠳᠠᠨ ᠢ ᠬᠤᠤᠷᠯᠠᠨ ᠬᠦᠨᠥᠭᠡᠬᠦ ᠬᠡᠷᠡᠭ ᠲᠤ ᠬᠦᠨᠳᠦ ᠴᠤᠬᠢᠯᠳᠠ ᠦᠭᠬᠦ ᠶᠢᠨ ᠬᠠᠮᠳᠤ ᠰᠤᠷᠳᠠᠯ ᠤᠬᠠᠭᠤᠯᠭ᠎ᠠ ᠶᠢᠨ  ᠠᠵᠢᠯ ᠢ ᠰᠠᠶᠢᠳᠤᠷ ᠬᠢᠵᠦ᠂ ᠨᠠᠩ ᠤᠯᠠᠨ ᠬᠦᠮᠦᠨ ᠢ ᠲᠠᠶᠢᠴᠢᠯᠠᠵᠦ ᠲᠤᠰ ᠠᠵᠢᠯᠯᠠᠭ᠎ᠠ ᠳᠤ ᠤᠷᠤᠯᠴᠠᠭᠤᠯᠵᠦ᠂ ᠨᠤᠭᠤ  ᠭᠠᠵᠠᠷ ᠤᠨ ᠬᠠᠮᠠᠭᠠᠯᠠᠯᠳᠠ ᠳᠤ ᠬᠤᠪᠢ ᠨᠡᠮᠡᠷᠢ ᠪᠠᠨ ᠦᠵᠡᠬᠦᠯᠵᠤ ᠪᠠᠶᠢᠨ᠎ᠠ᠃  
     
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号