ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠪᠡᠭᠡᠵᠢᠩ᠂ ᠱᠠᠨᠳᠦ᠋ᠩ᠂ ᠴᠦᠩᠴᠢᠩ ᠳᠤ ᠬᠦᠷᠴᠦ ᠳᠣᠭᠤᠷᠢᠨ ᠪᠠᠶᠢᠴᠠᠭᠠᠨ᠂ ᠲᠦᠷᠦᠯ ᠵᠦᠢᠯ ᠤᠨ ᠳᠣᠬᠠᠢ ᠶᠠᠷᠢᠯᠴᠠᠪᠠ
ᠨᠡᠶᠢᠲᠡᠯᠡᠭᠰᠡᠨ ᠴᠠᠭ᠄
2018/1/31
         1 ᠰᠠᠷ᠎ᠠ ᠶᠢᠨ 22᠎ ᠠᠴᠠ 24᠎ ᠤ ᠡᠳᠦᠷ ᠪᠤᠯᠳᠠᠯ᠎ᠠ᠂ ᠬᠤᠰᠢᠭᠤ ᠳᠠᠷᠤᠭ᠎ᠠ ᠪᠤᠶᠠᠨᠳᠣ᠂ ᠬᠤᠰᠢᠭᠤ ᠲᠡᠳ᠋ ᠳᠠᠷᠤᠭ᠎ᠠ ᠹᠧᠩ ᠵᠢᠶᠠᠨ ᠵᠢᠶᠦ᠋ᠨ  ᠂ ᠬᠤᠰᠢᠭᠤ ᠦᠭᠡᠷᠡᠴᠢᠯᠡᠯᠳᠡ ᠬᠦᠭᠵᠢᠭᠦᠯᠦᠯᠳᠡ ᠶᠢᠨ ᠳᠣᠪᠴᠢᠶ᠎ᠠ᠂ ᠠᠷᠠᠯᠵᠢᠶᠠᠴᠢᠨ ᠣᠷᠢᠬᠤ ᠳᠣᠪᠴᠢᠶᠠᠨ ᠤ ᠭᠤᠤᠯ ᠬᠠᠷᠢᠭᠤᠴᠠᠯᠭᠠᠳᠠᠨ ᠢ ᠳᠠᠭᠠᠭᠤᠯᠤᠨ᠂ ᠪᠡᠭᠡᠵᠢᠩ᠂ ᠱᠠᠨᠳᠦ᠋ᠩ᠂ ᠴᠦᠩᠴᠢᠩ ᠳᠤ ᠬᠦᠷᠴᠦ ᠲᠦᠷᠦᠯ ᠵᠦᠢᠯ ᠤᠨ ᠳᠣᠬᠠᠢ ᠶᠠᠷᠢᠯᠴᠠᠪᠠ᠃
         ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠵᠦᠩ ᠭᠠᠩ ᠠᠭᠤᠷᠬᠠᠢ ᠶᠢᠨ ᠦᠢᠯᠡᠰ ᠢ ᠨᠡᠭᠡᠭᠡᠨ ᠬᠦᠭᠵᠢᠭᠦᠯᠬᠦ ᠬᠢᠵᠠᠭᠠᠷᠳᠣ ᠺᠤᠮᠫᠠᠨᠢ ᠶᠢᠨ  ᠬᠠᠷᠢᠭᠤᠴᠠᠯᠭᠠᠳᠠᠨ ᠲᠠᠢ ᠰᠠᠭᠤᠳᠠᠯ ᠤᠨ ᠬᠤᠷᠠᠯ ᠬᠤᠷᠠᠯᠳᠣᠵᠤ᠂ ᠺᠤᠮᠫᠠᠨᠢ ᠶᠢᠨ ᠬᠠᠷᠢᠭᠤᠴᠠᠯᠭᠠᠳᠠᠨ ᠠᠴᠠ ᠵᠦᠩ ᠭᠠᠩ ᠠᠭᠤᠷᠬᠠᠢ ᠶᠢᠨ ᠦᠢᠯᠡᠰ ᠤᠨ ᠶᠡᠷᠦᠩᠬᠡᠢ ᠪᠠᠶᠢᠳᠠᠯ ᠵᠢᠴᠢ ᠰᠢᠯᠤᠭᠤᠨ ᠬᠦᠬᠡ ᠬᠤᠰᠢᠭᠤᠨ ᠳᠠᠬᠢ ᠲᠦᠷᠦᠯ ᠵᠦᠢᠯ ᠪᠠ ᠳᠠᠷᠠᠭᠠᠴᠢ ᠶᠢᠨ ᠠᠯᠬᠤᠮ ᠤᠨ ᠬᠦᠭᠵᠢᠯᠳᠡ ᠶᠢᠨ ᠲᠦᠯᠦᠪᠵᠢᠭᠦᠯᠭᠡ ᠪᠠᠨ ᠳᠠᠨᠢᠯᠴᠠᠭᠤᠯᠪᠠ᠃
         ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠪᠡᠭᠡᠵᠢᠩ ᠤᠨ ᠮᠤᠩᠭᠤᠯ ᠬᠤᠸᠠᠷᠠᠨ ᠤ ᠶᠡᠷᠦᠩᠬᠡᠢ ᠵᠠᠬᠢᠷᠣᠯ ᠸᠴᠢᠷ ᠲᠠᠢ ᠰᠠᠭᠤᠳᠠᠯ ᠤᠨ ᠬᠤᠷᠠᠯ ᠬᠤᠷᠠᠯᠳᠣᠵᠤ᠂ ᠲᠤᠰ ᠠᠵᠤ ᠠᠬᠤᠶᠢᠯᠠᠯ ᠤᠨ ᠰᠢᠯᠤᠭᠤᠨ ᠬᠦᠬᠡ ᠬᠤᠰᠢᠭᠤᠨ ᠳᠤ ᠮᠤᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠲᠦᠷᠦᠯ ᠵᠦᠢᠯ ᠲᠡᠭᠡᠷ᠎ᠡ ᠰᠠᠨᠠᠯ ᠨᠢᠭᠡᠳᠴᠣ᠂ ᠸᠴᠢᠷ ᠶᠡᠷᠦᠩᠬᠡᠢ ᠵᠠᠬᠢᠷᠣᠯ ᠠᠴᠠ᠄ ᠠᠯᠢ ᠴᠢᠳᠠᠬᠤ ᠪᠠᠷ ᠠᠵᠢᠯᠳᠠᠨ ᠳᠣᠬᠢᠷᠠᠭᠤᠯᠵᠤ᠂ ᠲᠦᠷᠦᠯ ᠵᠦᠢᠯ ᠎ ᠤᠨ ᠡᠬᠢᠨ ᠤ ᠬᠤᠭᠤᠴᠠᠭᠠᠨ ᠤ ᠠᠵᠢᠯ ᠢ ᠭᠦᠢᠴᠡᠳᠭᠡᠵᠦ᠂ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠨ ᠠᠬᠢᠭᠤᠯᠤᠨ᠎ᠠ ᠭᠡᠵᠠᠢ᠃
        ᠱᠠᠨᠳᠦ᠋ᠩ ᠤᠨ ᠽᠢ ᠪᠥᠸᠧ ᠳᠤ ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠸᠧᠢ ᠲᠥᠩ ᠰᠢᠨᠵᠢᠯᠡᠭᠡ ᠮᠡᠷᠭᠡᠵᠢᠯ ᠤᠨ ᠬᠢᠵᠠᠭᠠᠷᠳᠣ ᠺᠤᠮᠫᠠᠨᠢ ᠶᠢ ᠳᠣᠭᠤᠷᠢᠨ ᠪᠠᠶᠢᠴᠠᠭᠠᠪᠠ᠃ ᠲᠤᠰ ᠺᠤᠮᠫᠠᠨᠢ ᠪᠤᠯ ᠪᠦᠬᠦ ᠤᠯᠤᠰ ᠎ ᠤᠨ ᠴᠣᠷ ᠤᠨ ᠭᠠᠭᠴᠠ ᠨᠡᠭᠦᠷᠡᠰᠣᠨ ᠨᠤᠨᠳᠠᠭ ᠢ ᠶᠡᠷᠦᠩᠬᠡᠶᠢᠯᠡᠨ ᠠᠰᠢᠭᠯᠠᠵᠤ ᠱᠠᠭᠠᠵᠠᠩ ᠤᠨ ᠪᠦᠳᠦᠭᠡᠭᠳᠡᠭᠦᠨ ᠦᠢᠯᠡᠳᠪᠦᠷᠢᠯᠡᠵᠦ ᠪᠠᠶᠢᠭ᠎ᠠ ᠳᠣᠰᠬᠠᠢ ᠠᠰᠢᠭ ᠬᠦᠷᠳᠡᠭᠰᠡᠨ ᠠᠵᠤ ᠠᠬᠤᠶᠢᠯᠠᠯ ᠪᠤᠯᠤᠨ᠎ᠠ᠃ ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠬᠠᠮᠳᠣ ᠳᠣᠭᠤᠷᠢᠨ ᠪᠠᠶᠢᠴᠠᠭᠠᠵᠤ᠂ ᠮᠠᠨ ᠤ ᠬᠤᠰᠢᠭᠤᠨ ᠳᠤ ᠳᠣᠭᠤᠷᠢᠨ ᠪᠠᠶᠢᠴᠠᠭᠠᠨ᠂ ᠲᠦᠷᠦᠯ ᠵᠦᠢᠯ ᠤᠨ ᠪᠠᠶᠢᠭᠤᠯᠤᠯᠳᠠ᠂ ᠮᠠᠨ ᠤ ᠬᠤᠰᠢᠭᠤᠨ ᠤ ᠨᠡᠭᠦᠷᠡᠰᠦᠨ ᠨᠤᠨᠳᠠᠭ ᠢ ᠶᠡᠷᠦᠩᠬᠡᠶᠢᠯᠡᠨ ᠠᠰᠢᠭᠯᠠᠬᠤ ᠳᠣᠬᠠᠢ ᠶᠠᠷᠢᠯᠴᠠᠬᠤ ᠪᠠᠷ ᠣᠷᠢᠨ ᠵᠠᠯᠠᠪᠠ᠃
        ᠬᠤᠰᠢᠭᠤ ᠳᠠᠷᠤᠭ᠎ᠠ ᠪᠤᠶᠠᠨᠳᠣ ᠵᠡᠷᠭᠡ ᠣᠳᠣᠷᠢᠳᠣᠯᠭ᠎ᠠ ᠴᠦᠩᠴᠢᠩ ᠤᠨ ᠴᠠᠩ ᠵᠢᠶᠠᠩ ᠭᠡᠪ ᠬᠢᠬᠦ ᠮᠠᠲ᠋ᠧᠷᠢᠶᠠᠯ ︵ᠪᠦᠯᠦᠭᠯᠡᠯ︶᠎ ᠤᠨ ᠬᠤᠪᠢ ᠤᠷᠤᠭᠤᠯᠭᠰᠠᠨ ᠬᠢᠵᠠᠭᠠᠷᠳᠣ ᠺᠤᠮᠫᠠᠨᠢ ᠶᠢᠨ ᠬᠠᠷᠢᠭᠤᠴᠠᠯᠭᠠᠳᠠᠨ ᠲᠠᠢ ᠰᠠᠭᠤᠳᠠᠯ ᠤᠨ ᠬᠤᠷᠠᠯ ᠬᠤᠷᠠᠯᠳᠣᠭᠤᠯᠵᠤ᠂ ᠲᠤᠰ ᠠᠵᠤ ᠠᠬᠤᠶᠢᠯᠠᠯ ᠠᠴᠠ ᠮᠠᠨ ᠤ ᠬᠤᠰᠢᠭᠤᠨ ᠳᠤ ᠦᠢᠯᠡᠳᠪᠦᠷᠢ ᠪᠠᠶᠢᠭᠤᠯᠵᠤ ᠬᠠᠮᠢᠶ᠎ᠠ ᠪᠦᠬᠦᠢ ᠲᠦᠷᠦᠯ ᠵᠦᠢᠯ ᠢ ᠭᠡᠷᠡᠭᠵᠢᠭᠦᠯᠬᠦ ᠳᠣᠬᠠᠢ ᠬᠠᠮᠳᠣ ᠶᠢᠨ ᠳᠠᠨᠢᠯᠳᠠ ᠲᠠᠢ ᠪᠤᠯᠪᠠ᠃   ︵ ᠣᠶᠣᠨᠰᠡᠷᠭᠦᠯᠡᠩ  ᠤᠷᠴᠢᠭᠤᠯᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号