| 1 ᠰᠠᠷ᠎ᠠ ᠶᠢᠨ 31 ᠤ ᠡᠳᠦᠷ ᠬᠤᠰᠢᠭᠤ ᠨᠠᠮ ᠤᠨ ᠬᠤᠷᠢᠶᠠᠨ ᠤ ᠬᠢᠨᠠᠨ ᠲᠤᠭᠳᠠᠭᠠᠬᠤ ᠠᠵᠢᠯ ᠤᠨ | ᠭᠤᠷᠪᠠᠳᠤᠭᠠᠷ ᠲᠤᠭᠤᠶᠢᠯᠠᠩ ᠤᠨ ᠲᠠᠷᠤᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ | ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠤᠶᠤᠯᠳᠤ᠂ ᠭᠤᠷᠪᠠᠳᠤᠭᠠᠷ ᠲᠤᠭᠤᠶᠢᠯᠠᠩ ᠤᠨ ᠲᠡᠳ᠋ ᠲᠠᠷᠤᠭ᠎ᠠ᠂ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠤᠶᠤᠨᠳᠠᠯᠠᠢ | ᠠᠴᠠ ᠬᠤᠰᠢᠭᠤ ᠨᠠᠮ ᠤᠨ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠳᠡᠰ᠂ | ᠤᠬᠠᠭᠤᠯᠬᠤ ᠬᠡᠯᠳᠡᠰ᠂ ᠶᠡᠷᠤᠩᠬᠡᠶᠢᠯᠡᠨ ᠵᠠᠰᠠᠬᠤ ᠠᠯᠪᠠᠨ ᠬᠡᠷ ᠵᠡᠷᠬᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠢ ᠲᠠᠭᠠᠭᠤᠯᠵᠦ᠂ 2017 ᠤᠨ ᠤ ᠵᠠᠰᠠᠭ ᠤᠨ ᠤᠷᠳᠤᠨ ᠤ ᠠᠯᠪᠠᠨ ᠬᠡᠷ ᠤᠨ ᠤᠳᠤᠷᠢᠳᠬᠤ | ᠪᠠᠭ ᠪᠠ ᠤᠳᠤᠷᠢᠳᠬᠤ ᠺᠠᠳ᠋ᠷ ᠤᠨ ᠠᠵᠢᠯ ᠳᠤ ᠬᠢᠨᠠᠨ ᠲᠤᠭᠳᠠᠭᠠᠯᠳᠠ ᠬᠢᠪᠠ᠃ ᠪᠠᠶᠢᠴᠠᠭᠠᠯᠳᠠ ᠶᠢᠨ ᠲᠤᠭᠤᠶᠢᠯᠠᠩ | ᠨᠢ ᠶᠠᠭᠤᠨ ᠤ ᠤᠷᠢᠳ ᠠᠵᠢᠯ ᠤᠨ ᠬᠢᠨᠠᠨ ᠲᠤᠭᠳᠠᠭᠠᠯᠳᠠ ᠶᠢᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠠᠯᠪᠠᠨ | ᠬᠡᠷ ᠤᠨ ᠡᠷᠬᠢᠯᠡᠭᠴᠢ ᠲᠡᠮᠤᠷ ᠨᠦᠬᠦᠷ ᠠᠴᠠ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠲᠤᠬᠠᠢ᠂ | ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ | ᠺᠠᠳ᠋ᠷ ᠤᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢᠨ ᠲᠤᠬᠠᠢ ᠬᠠᠷᠢᠭᠤ ᠮᠡᠳᠡᠬᠦᠯᠪᠡ᠃ ᠲᠤᠭᠤᠶᠢᠯᠠᠩ ᠤᠨ | ᠲᠠᠷᠤᠭ᠎ᠠ ᠰᠤᠶᠤᠯᠳᠤ ᠠᠴᠠ ᠵᠠᠰᠠᠭ ᠤᠨ ᠤᠷᠳᠤᠨ ᠤ ᠠᠯᠪᠠᠨ ᠬᠡᠷ ᠤᠨ 2017 ᠤᠨ ᠤ ᠠᠵᠢᠯ ᠳᠤ ᠦᠨᠡᠯᠡᠯᠳᠡ | ᠬᠢᠭᠰᠡᠨ ᠪᠦᠬᠡᠳ ᠬᠤᠶᠢᠰᠢᠳᠠ ᠶᠢᠨ ᠠᠵᠢᠯ ᠤᠨ ᠲᠠᠯ᠎ᠠ ᠪᠠᠷ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠲᠤᠷᠠᠳᠪᠠ᠃ | ᠬᠠᠷᠢᠭᠤ ᠮᠡᠳᠡᠬᠦᠯᠦᠯᠳᠡ ᠶᠢᠨ ᠬᠤᠷᠠᠯ ᠲᠠᠭᠤᠰᠤᠭᠰᠠᠨ ᠤ ᠲᠠᠷᠠᠭ᠎ᠠ᠂ ᠬᠢᠨᠠᠨ ᠲᠤᠭᠳᠠᠭᠠᠬᠤ ᠲᠤᠭᠤᠶᠢᠯᠠᠩ | ᠠᠴᠠ ᠠᠯᠪᠠᠨ ᠬᠡᠷ ᠤᠨ ᠤᠳᠤᠷᠢᠳᠬᠤ ᠪᠠᠭ ᠵᠢᠴᠢ ᠺᠠᠳ᠋ᠷ ᠲᠤ ᠠᠷᠠᠳᠴᠢᠯᠠᠭᠰᠠᠨ ᠦᠨᠡᠯᠡᠯᠳᠡ ᠬᠢᠭᠰᠡᠨ ᠪᠦᠬᠡᠳ | ᠬᠤᠷᠠᠯ ᠳᠤ ᠤᠷᠤᠯᠴᠠᠭᠰᠠᠨ ᠬᠦᠮᠦᠰ ᠠᠴᠠ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ | ᠪᠦᠳᠦᠬᠡᠨ ᠪᠠᠶᠢᠭᠤᠯᠤᠯᠳᠠ᠂ ᠤᠳᠤᠷᠢᠳᠬᠤ ᠬᠢᠷᠢ ᠲᠦᠪᠰᠢᠨ᠂ ᠠᠵᠢᠯ ᠤᠨ ᠦᠷ᠎ᠡ ᠪᠦᠳᠦᠮᠵᠢ ᠵᠢᠴᠢ ᠮᠤᠷᠠᠯ | ᠴᠢᠳᠠᠪᠤᠷᠢ᠂ ᠠᠷᠢᠭᠤᠨ ᠴᠢᠬᠡᠴᠢ ᠰᠤᠷᠳᠠᠯ ᠵᠡᠷᠬᠡ ᠲᠠᠯ᠎ᠠ ᠳᠤ ᠦᠨᠡᠯᠡᠯᠳᠡ ᠦᠭᠬᠦᠭᠰᠡᠨ ᠪᠠᠶᠢᠨ᠎ᠠ᠃ ᠬᠢᠨᠠᠨ | ᠲᠤᠭᠳᠠᠭᠠᠯᠳᠠ ᠶᠢᠨ ᠲᠤᠭᠤᠶᠢᠯᠠᠩ ᠠᠴᠠ ᠵᠠᠰᠠᠭ ᠤᠨ ᠤᠷᠳᠤᠨ ᠤ ᠠᠯᠪᠠᠨ ᠬᠡᠷ ᠤᠨ ᠤᠳᠤᠷᠢᠳᠬᠤ ᠪᠠᠭ ᠵᠢᠴᠢ | ᠤᠳᠤᠷᠢᠳᠬᠤ ᠺᠠᠳ᠋ᠷ ᠲᠠᠢ ᠲᠤᠰ ᠲᠤᠰ ᠶᠠᠷᠢᠯᠴᠠᠵᠦ᠂ 2017 ᠤᠨ ᠤ ᠠᠵᠢᠯ ᠤᠨ ᠬᠢᠨᠠᠨ ᠲᠤᠭᠳᠠᠭᠠᠯᠳᠠ ᠶᠢᠨ | ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠮᠠᠭᠠᠢ ᠬᠢᠨᠠᠵᠦ ᠦᠵᠡᠭᠰᠡᠨ ᠪᠠᠶᠢᠨ᠎ᠠ᠃ ︵ᠤᠶᠤᠨᠰᠡᠷᠬᠦᠯᠡᠩ ᠤᠷᠴᠢᠭᠤᠯᠵᠦ᠂ | ᠮᠦᠳᠡᠭ ᠬᠢᠨᠠᠪᠠ︶ |