ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠬᠤ ᠪᠠᠭ ᠤᠨ ᠬᠢᠨ 2017 ᠣᠨ ᠤ ᠠᠷᠠᠳᠴᠢᠯᠠᠯᠳᠣ ᠠᠮᠢᠳᠣᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/2/12
       ᠣᠳᠣᠷᠢᠳᠬᠤ ᠺᠠᠳ᠋ᠷᠴᠤᠳ ᠤᠨ ᠠᠷᠠᠳᠴᠢᠯᠠᠯᠳᠣ ᠠᠮᠢᠳᠣᠷᠠᠯ ᠤᠨ ᠬᠤᠷᠠᠯ ᠢ ᠰᠠᠶᠢᠳᠣᠷ ᠬᠤᠷᠠᠯᠳᠣᠭᠤᠯᠬᠤ ᠳᠣᠬᠠᠢ ᠬᠤᠰᠢᠭᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠳᠡᠰ ᠤᠨ ᠪᠠᠶᠢᠷᠢᠯᠠᠭᠤᠯᠤᠳᠠ ᠎ ᠶᠢ ᠦᠨᠳᠦᠰᠦᠯᠠᠨ᠂ 2 ᠰᠠᠷ᠎ᠠ ᠶᠢᠨ 9᠎ ᠤ ᠡᠳᠦᠷ᠂ ︽ᠰᠢᠨ᠎ᠡ ᠪᠠᠶᠢᠳᠠᠯ ᠲᠤᠤᠷᠡᠬᠢ ᠨᠠᠮ ᠤᠨ ᠲᠤᠳᠤᠭᠠᠳᠤᠬᠢ ᠣᠯᠣᠰ ᠲᠦᠷᠦ ᠶᠢᠨ ᠠᠮᠢᠳᠣᠷᠠᠯ ᠤᠨ ᠲᠤᠬᠠᠢ ᠲᠤᠭᠳᠠᠭᠠᠯ︾᠂ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠨᠠᠮ ᠤᠨ ᠲᠤᠳᠤᠭᠠᠳᠤᠬᠢ ᠬᠢᠨᠠᠯᠳᠠ ᠳᠠᠯᠪᠢᠬᠤ ᠲᠦᠷᠢᠮ︾᠎ ᠢ ᠦᠨᠳᠦᠰᠦᠯᠡᠨ᠂ ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠨᠢ ᠳᠣᠰᠬᠠᠢ ᠰᠡᠳᠣᠪᠳᠣ ᠰᠤᠷᠤᠯᠴᠠᠯᠭ᠎ᠠ ᠬᠦᠮᠦᠵᠢᠯ ᠤᠨ ᠠᠷᠠᠳᠴᠢᠯᠠᠯᠳᠣ ᠠᠮᠢᠳᠣᠷᠠᠯ ᠤᠨ ᠬᠤᠷᠠᠯ ᠬᠤᠷᠠᠯᠳᠣᠭᠤᠯᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠦᠷᠨᠢᠭᠦᠯᠪᠡ᠃ ᠲᠡᠮᠦᠷ ᠨᠦᠬᠦᠷ ᠬᠤᠷᠠᠯ ᠢ ᠡᠷᠬᠢᠯᠡᠭᠰᠡᠨ ᠪᠦᠬᠡᠳ ᠤᠳᠤᠷᠢᠳᠬᠤ ᠪᠠᠭ ᠢᠶᠠᠨ ᠲᠦᠯᠦᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠵᠤ᠂ ᠠᠰᠠᠭᠤᠳᠠᠯ ᠢᠶᠠᠨ ᠢᠯᠡᠷᠡᠭᠦᠯᠵᠦ᠂ ᠰᠢᠯᠳᠠᠭᠠᠨ ᠢᠶᠠᠨ ᠵᠠᠳᠠᠯᠵᠤ᠂ ᠴᠡᠭᠴᠡᠯᠡᠨ ᠦᠭᠡᠷᠡᠴᠢᠯᠡᠬᠦ ᠬᠠᠷᠠᠯᠳᠠ ᠪᠠᠨ ᠳᠣᠳᠣᠷᠬᠠᠶᠢᠯᠠᠨ᠂ ᠡᠩ ᠲᠡᠷᠢᠭᠦᠨ ᠳᠤ ᠦᠪᠡᠷ ᠤᠨ ᠰᠢᠭᠦᠮᠵᠢᠯᠠᠯ ᠬᠢᠪᠠ᠃ ᠬᠤᠰᠢᠭᠤ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠳᠣᠮᠢᠯᠠᠭᠰᠠᠨ ᠳᠣᠭᠤᠶᠢᠯᠠᠩ ᠤᠨ ᠡᠷᠳᠡᠨᠢᠸ᠋ᠴᠢᠷ ᠨᠦᠬᠦᠷ ᠬᠤᠷᠠᠯ ᠳᠤ ᠣᠷᠣᠯᠴᠠᠨ ᠵᠢᠯᠤᠭᠤᠳᠤᠯᠭ᠎ᠠ ᠬᠠᠩᠭᠠᠵᠦ᠂ ᠵᠠᠰᠠᠭ ᠤᠨ ᠣᠷᠳᠣᠨ ᠤ ᠠᠯᠪᠠᠨ ᠬᠡᠷ ᠤᠨ ᠣᠳᠣᠷᠢᠳᠬᠤ ᠪᠠᠭ ᠤᠨ ᠪᠤᠰᠤᠳ ᠬᠡᠰᠢᠬᠦᠳ ᠴᠦ ᠦᠪᠡᠷ ᠤᠨ ᠰᠢᠬᠦᠮᠵᠢᠯᠡᠯ ᠢᠶᠠᠨ ᠲᠠᠷᠠᠭᠠᠯᠠᠨ ᠬᠢᠭᠰᠡᠨ ᠪᠦᠬᠡᠳ ᠬᠠᠷᠢᠯᠴᠠᠨ ᠰᠢᠬᠦᠮᠵᠢᠯᠡᠴᠡᠬᠡᠭᠰᠡᠨ ᠪᠠᠶᠢᠨ᠎ᠠ᠃ ᠤᠯᠠᠨ ᠢᠶᠠᠷ ᠢᠶᠠᠨ ᠰᠢᠬᠦᠮᠵᠢᠯᠠᠯ ᠪᠠ ᠦᠪᠡᠷ ᠤᠨ ᠰᠢᠬᠦᠮᠵᠢᠯᠠᠯ ᠬᠢᠬᠦ ᠶᠠᠪᠤᠴᠠ ᠎ ᠳᠠᠭᠠᠨ᠂ ᠦᠵᠡᠯ ᠰᠠᠨᠠᠭ᠎ᠠ᠂ ᠨᠠᠮᠴᠢ ᠴᠢᠨᠡᠷ᠂ ᠬᠤᠪᠢᠳᠠᠨ ᠬᠠᠷᠢᠭᠤᠴᠠᠵᠤ ᠪᠠᠶᠢᠭ᠎ᠠ ᠠᠵᠢᠯ ᠤᠨ ᠳᠠᠯ᠎ᠠ ᠪᠠᠷ ᠬᠢ ᠤᠷᠤᠰᠢᠵᠦ ᠪᠠᠶᠢᠭ᠎ᠠ ᠳᠣᠳᠠᠭᠳᠠᠯ ᠢᠶᠠᠨ ᠡᠷᠢᠵᠦ᠂ ᠵᠦᠷᠢᠶ᠎ᠡ ᠪᠠᠨ ᠣᠯᠵᠤ᠂ ᠣᠷᠣᠰᠢᠵᠦ ᠪᠠᠶᠢᠭ᠎ᠠ ᠠᠰᠠᠭᠤᠳᠠᠯ ᠢᠶᠠᠨ ᠬᠦᠨᠵᠡᠭᠡᠢ ᠪᠠᠶᠢᠴᠠᠭᠠᠨ ᠢᠯᠡᠷᠡᠭᠦᠯᠪᠠ᠃ ᠡᠭᠦᠨ ᠤ ᠬᠠᠮᠳᠣ᠂ ︽ᠬᠠᠷᠢᠯᠴᠠᠨ ᠳᠣᠳᠠᠭᠳᠠᠯ ᠢᠶᠠᠨ ᠳᠣᠷᠠᠳᠬᠤ︾ ᠱᠠᠭᠠᠷᠳᠠᠯᠭ᠎ᠠ ᠶᠤᠰᠣᠭᠠᠷ᠂ ᠪᠤᠰᠣᠳ ᠤᠨ ᠳᠣᠳᠠᠭᠳᠠᠯ ᠢ ᠳᠣᠷᠠᠳᠣᠨ᠂ ᠦᠨᠡᠨ ᠢ ᠡᠷᠬᠢᠮᠯᠡᠨ᠂ ᠪᠤᠷᠤᠭᠤ ᠪᠠᠨ ᠵᠠᠯᠠᠷᠠᠭᠤᠯᠵᠤ᠂ ᠪᠦᠯᠬᠦᠮᠳᠡᠯ ᠢᠶᠠᠨ ᠠᠬᠢᠭᠤᠯᠵᠤ᠂ ᠵᠤᠷᠢᠭ ᠢᠶᠠᠨ ᠬᠦᠪᠴᠢᠯᠡᠬᠦ ᠬᠠᠷᠠᠯᠳᠠ ᠶᠢ ᠪᠡᠶᠡᠯᠡᠭᠦᠯᠪᠡ᠃ ᠬᠠᠮᠤᠭ ᠰᠡᠭᠦᠯ ᠳᠤ᠂ ᠡᠷᠳᠡᠨᠢᠸ᠋ᠴᠢᠷ ᠨᠦᠬᠦᠷ ᠠᠴᠠ ᠲᠤᠰ ᠣᠳᠠᠭᠠᠨ ᠤ ᠠᠷᠠᠳᠴᠢᠯᠠᠯᠳᠣ ᠠᠮᠢᠳᠣᠷᠠᠯ ᠤᠨ ᠬᠤᠷᠠᠯ ᠢ ᠦᠨᠳᠦᠷ ᠦᠨᠡᠯᠡᠵᠦ᠂ ᠵᠠᠰᠠᠭ ᠤᠨ ᠣᠷᠳᠣᠨ ᠤ ᠣᠳᠣᠷᠢᠳᠬᠤ ᠪᠠᠭ ᠨᠢ ᠠᠷᠠᠳᠴᠢᠯᠠᠯᠳᠣ ᠠᠮᠢᠳᠣᠷᠠᠯ ᠤᠨ ᠬᠤᠷᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠡᠯᠡᠳᠭᠡᠯ ᠠᠵᠢᠯ ᠢᠶᠠᠨ ᠰᠠᠶᠢᠳᠣᠷ ᠬᠢᠵᠦ᠂ ᠭᠤᠤᠯ ᠬᠠᠷᠢᠭᠤᠴᠠᠯᠭᠠᠳᠠᠨ ᠎ ᠠᠴᠠ ᠤᠷᠢᠳᠠᠪᠠᠷ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠦ᠂ ᠲᠡᠭᠡᠳᠦ ᠱᠠᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠲᠠᠢ ᠨᠡᠶᠢᠴᠡᠪᠡ ᠭᠡᠵᠦ ᠵᠢᠭᠠᠵᠦ ᠭᠠᠷᠭᠠᠭᠰᠠᠨ ᠢᠶᠠᠷ ᠪᠠᠷᠠᠬᠤ ᠦᠭᠡᠢ ᠠᠷᠠᠳᠴᠢᠯᠠᠯᠳᠣ ᠠᠮᠢᠳᠣᠷᠠᠯ ᠤᠨ ᠬᠤᠷᠠᠯ ᠤᠨ ᠴᠡᠭᠴᠡᠯᠡᠨ ᠦᠭᠡᠷᠡᠴᠢᠯᠡᠬᠦ ᠠᠵᠢᠯ ᠢ ᠰᠠᠶᠢᠳᠣᠷ ᠠᠳᠬᠤᠵᠤ᠂ ᠲᠦᠰᠦᠯ ᠢᠶᠠᠨ ᠳᠣᠭᠳᠠᠭᠠᠨ᠂ ᠴᠡᠭᠴᠡᠯᠡᠨ ᠦᠭᠡᠷᠡᠴᠢᠯᠡᠬᠦ ᠴᠠᠭ ᠬᠤᠭᠤᠴᠠᠭ᠎ᠠ ᠪᠠᠨ ᠳᠣᠭᠳᠠᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠵᠢᠭᠤᠯᠤᠨ᠂ ᠦᠨᠡᠨᠬᠦ ᠴᠡᠭᠴᠡᠯᠡᠨ ᠦᠭᠡᠷᠡᠴᠢᠯᠡᠬᠦ ᠭᠡᠷᠡᠭᠳᠡᠢ ᠭᠡᠵᠦ ᠱᠠᠭᠠᠷᠳᠠᠪᠠ᠃ ︵ᠤᠶᠤᠨᠰᠡᠷᠬᠦᠯᠡᠩ ᠤᠷᠴᠢᠭᠤᠯᠵᠦ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号