ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ 2017 ᠤᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2018/2/12
      2 ᠰᠠᠷ᠎ᠠ ᠶᠢᠨ 11᠎ ᠤ ᠡᠳᠦᠷ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ 2017 ᠤᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠱᠦᠵᠢ᠂ ᠬᠤᠰᠢᠭᠤ ᠲᠠᠷᠤᠭ᠎ᠠ ᠪᠤᠶᠠᠨᠳᠤ ᠬᠤᠷᠠᠯ ᠢ ᠡᠷᠬᠢᠯᠡᠵᠦ᠂ ᠨᠠᠮ ᠤᠨ ᠲᠤᠭᠤᠶᠢᠯᠠᠩ ᠤᠨ ᠪᠤᠰᠤᠳ ᠬᠡᠰᠢᠬᠦᠨ ᠬᠤᠷᠠᠯ ᠳᠤ ᠤᠷᠤᠯᠴᠠᠭᠰᠠᠨ ᠪᠦᠬᠡᠳ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠳᠡᠰ ᠤᠨ ᠬᠠᠮᠢᠶ᠎ᠠ ᠪᠦᠬᠦᠢ ᠬᠡᠰᠢᠬᠦᠨ ᠬᠤᠷᠠᠯ ᠳᠤ ᠰᠤᠯᠠ ᠤᠷᠤᠯᠴᠠᠪᠠ᠃       ᠪᠤᠶᠠᠨᠳᠤ ᠠᠴᠠ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠢ ᠲᠦᠯᠦᠬᠡᠯᠡᠵᠦ ᠬᠠᠷᠢᠴᠠᠭᠤᠯᠤᠭᠰᠠᠨ ᠪᠠᠶᠢᠴᠠᠭᠠᠯᠳᠠ ᠬᠢᠭᠰᠡᠨ ᠪᠦᠬᠡᠳ ᠡᠯ᠎ᠠ ᠪᠦᠷᠢᠯᠳᠦᠬᠦᠨ ᠬᠡᠰᠢᠬᠦᠳ ᠴᠦ ᠲᠤᠰ ᠲᠤᠰ ᠢᠯᠡᠳᠬᠡᠯ ᠬᠢᠵᠦ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠬᠢᠭᠰᠡᠨ ᠪᠠᠶᠢᠨ᠎ᠠ᠃ ᠬᠤᠷᠠᠯ ᠳᠤ ᠰᠤᠯᠠ ᠤᠷᠤᠯᠴᠠᠭᠰᠠᠨ ᠬᠡᠰᠢᠬᠦᠳ ᠠᠴᠠ ᠲᠡᠳᠡᠨ ᠳᠤ ᠦᠨᠡᠯᠡᠯᠳᠡ ᠬᠢᠵᠡᠢ᠃       ᠪᠤᠶᠠᠨᠳᠤ ᠠᠴᠠ᠂ ᠨᠢᠬᠡ ᠵᠢᠯ ᠤᠨ ᠴᠢᠷᠮᠠᠶᠢᠯᠭ᠎ᠠ ᠪᠠᠷ ᠲᠠᠮᠵᠢᠵᠦ᠂ ᠤᠯᠠᠩᠬᠢ ᠠᠰᠠᠭᠤᠳᠠᠯ ᠨᠢ ᠴᠡᠭᠴᠡᠯᠡᠭᠳᠡᠨ ᠵᠠᠰᠠᠪᠤᠷᠢᠯᠠᠭᠳᠠᠭᠰᠠᠨ ᠪᠤᠯᠪᠠᠴᠤ ᠪᠠᠰᠠ ᠡᠳᠦᠢ ᠲᠡᠳᠦᠢ ᠰᠢᠨ᠎ᠠ ᠠᠰᠠᠭᠤᠳᠠᠯ ᠪᠤᠢ ᠪᠤᠯᠤᠭᠰᠠᠨ ᠪᠦᠬᠡᠳ ᠨᠢᠬᠡ ᠪᠦᠯᠦᠭ ᠬᠠᠭᠤᠴᠢᠨ ᠠᠰᠠᠭᠤᠳᠠᠯ ᠴᠦ ᠪᠠᠶᠢᠨ ᠲᠡᠬᠢᠨ ᠢᠯᠡᠷᠡᠵᠦ ᠪᠤᠢ᠂ ᠡᠨᠡ ᠤᠳᠠᠭᠠᠨ ᠤ ᠬᠤᠷᠠᠯ ᠢᠶᠠᠷ ᠲᠠᠮᠵᠢᠵᠦ ᠪᠢᠳᠠ ᠦᠪᠡᠷᠰᠡᠳ ᠤᠨ ᠪᠡᠶᠡᠨ ᠲᠡᠭᠡᠷᠡᠬᠢ ᠠᠰᠠᠭᠤᠳᠠᠯ ᠢᠶᠠᠨ ᠤᠯᠠᠮ ᠲᠤᠳᠤᠷᠬᠠᠢ ᠲᠠᠨᠢᠵᠦ᠂ ᠵᠠᠰᠠᠨ ᠴᠡᠭᠴᠡᠯᠡᠬᠦ ᠴᠢᠭᠯᠡᠯ ᠎ ᠢᠶᠠᠨ ᠲᠤᠳᠤᠷᠬᠠᠶᠢᠯᠠᠬᠤ ᠬᠡᠷᠡᠭᠳᠡᠢ᠂ ᠲᠠᠷᠤᠢ᠄       ᠨᠢᠬᠡ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢ ᠬᠦᠨᠵᠡᠬᠡᠶᠢᠷᠡᠬᠦᠯᠵᠦ᠂ ᠨᠠᠮ ᠤᠨ ᠲᠦᠷᠢᠮ ᠲᠤᠭᠳᠠᠭᠠᠯ ᠢ ᠨᠢᠮᠪᠠᠢ ᠰᠤᠷᠤᠯᠴᠠᠵᠦ᠂ ᠨᠠᠮ ᠤᠨ ᠠᠷᠪᠠᠨ ᠨᠠᠢᠮᠠᠳᠤᠭᠠᠷ᠂ ᠠᠷᠪᠠᠨ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠤᠨ ᠰᠢᠨ᠎ᠠ ᠴᠠᠭ ᠦᠶ᠎ᠡ ᠳᠠᠬᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠤᠶᠢᠯᠠᠭᠠᠵᠦ᠂ ᠨᠠᠮ ᠤᠨ ᠲᠦᠪ ᠬᠤᠷᠢᠶᠠᠨ ᠤ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠤᠷᠢ ᠪᠠᠶᠢᠷᠢᠯᠠᠭᠤᠯᠤᠯᠳᠠ ᠶᠢ ᠲᠤᠤᠱᠳᠠᠢ ᠨᠠᠶᠢᠳᠠᠪᠤᠷᠢᠵᠢᠭᠤᠯᠤᠨ ᠬᠡᠷᠡᠭᠵᠢᠬᠦᠯᠵᠦ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠨᠢᠬᠡᠳᠦᠯᠳᠡᠢ ᠤᠳᠤᠷᠢᠳᠤᠯᠭ᠎ᠠ ᠶᠢ ᠡᠷᠬᠡᠪᠡᠰᠢ ᠪᠠᠷᠢᠮᠳᠠᠯᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠯᠤᠭ᠎ᠠ ᠲᠡᠭᠡᠳᠦ ᠬᠡᠮᠵᠢᠶᠠᠨ ᠤ ᠨᠢᠬᠡᠳᠦᠯᠳᠡᠢ ᠪᠠᠶᠢᠬᠤ ᠬᠡᠷᠡᠭᠳᠡᠢ᠃       ᠬᠤᠶᠠᠷ᠂ ᠦᠵᠡᠯ ᠰᠠᠨᠠᠭ᠎ᠠ ᠪᠠᠨ ᠴᠢᠯᠦᠬᠡᠯᠡᠨ᠂ ᠦᠨᠡᠨ ᠠᠴᠠ ᠵᠦᠪ ᠢ ᠡᠷᠢᠬᠦ᠂ ᠴᠠᠭ ᠦᠶ᠎ᠡ ᠲᠠᠢ ᠬᠠᠮᠳᠤᠪᠡᠷ ᠤᠷᠤᠭᠰᠢᠯᠠᠬᠤ ᠶᠢ ᠪᠠᠷᠢᠮᠳᠠᠯᠠᠨ᠂ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠲᠤᠤᠷ᠎ᠠ᠂ ᠰᠤᠷᠤᠯᠴᠠᠬᠤ ᠬᠡᠯᠪᠡᠷᠢ᠂ ᠠᠵᠢᠯ ᠤᠨ ᠰᠡᠳᠬᠢᠴᠡ᠂ ᠠᠵᠢᠯ ᠤᠨ ᠠᠷᠭ᠎ᠠ ᠪᠠᠷᠢᠯ ᠪᠠ ᠠᠵᠢᠯ ᠤᠨ ᠲᠤᠭᠳᠠᠯᠴᠠᠭ᠎ᠠ ᠪᠠᠨ ᠰᠢᠨᠡᠴᠢᠯᠡᠬᠦ ᠪᠠᠷ ᠲᠠᠮᠵᠢᠨ ᠠᠵᠢᠯ ᠤᠨ ᠦᠷ᠎ᠠ ᠪᠦᠳᠦᠮᠵᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃       ᠭᠤᠷᠪᠠ᠂ ᠤᠯᠤᠰ ᠲᠦᠷᠦ ᠶᠢᠨ ᠰᠠᠬᠢᠯᠭ᠎ᠠ ᠪᠠᠳᠤ ᠪᠠᠷ ᠦᠨᠳᠦᠰᠦᠯᠡᠯ ᠪᠤᠯᠭᠠᠨ᠂ ᠨᠠᠮ ᠤᠨ ᠲᠦᠯᠦᠬᠡ ᠦᠬᠡ ᠶᠠᠷᠢᠵᠦ᠂ ᠨᠠᠮ ᠢᠶᠠᠨ ᠬᠠᠶᠢᠷᠠᠯᠠᠨ᠂ ᠨᠠᠮ ᠤᠨ ᠲᠦᠯᠦᠬᠡ ᠵᠤᠪᠠᠨ᠂ ᠨᠠᠮ ᠤᠨ ᠲᠦᠯᠦᠬᠡ ᠵᠢᠳᠬᠦᠨ᠂ ᠨᠠᠮ ᠤᠨ ᠵᠤᠬᠢᠶᠠᠨ ᠪᠠᠶᠢᠭᠤᠯᠤᠯᠳᠠ ᠳᠤ ᠦᠨᠡᠨᠴᠢ ᠪᠠᠷ ᠬᠠᠨᠳᠤᠵᠦ᠂ ᠬᠤᠶᠠᠷ ᠨᠢᠭᠤᠷᠳᠠᠨ ᠪᠤᠯᠬᠤ ᠦᠬᠡᠢ ᠪᠠᠶᠢᠬᠤ ᠬᠡᠷᠡᠭᠳᠡᠢ᠃       ᠲᠦᠷᠪᠡ᠂ ᠨᠠᠮ ᠤᠨ ᠪᠠᠶᠢᠭᠤᠯᠤᠯᠳᠠ ᠶᠢᠨ ᠠᠵᠢᠯ ᠢ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠭᠤᠤᠯᠳᠠᠯᠭ᠎ᠠ ᠲᠠᠢ ᠠᠵᠢᠯ ᠲᠠᠢ ᠬᠠᠮᠳᠤ ᠪᠠᠷ ᠲᠦᠯᠦᠪᠯᠡᠨ᠂ ᠨᠢᠬᠡᠳᠦᠯᠳᠡᠢ ᠪᠠᠶᠢᠷᠢᠯᠠᠭᠤᠯᠵᠦ᠂ ᠬᠠᠮᠳᠤ ᠳᠤ ᠨᠢ ᠠᠬᠢᠭᠤᠯᠬᠤ ᠶᠢ ᠪᠠᠷᠢᠮᠳᠠᠯᠠᠬᠤ ᠬᠡᠷᠡᠭᠳᠡᠢ᠂ ᠤᠨᠴᠠᠭᠠᠶᠢᠯᠠᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠬᠦᠨᠳᠦᠳᠬᠡᠨ᠂ ᠪᠤᠳᠠᠳᠠᠢ ᠠᠳᠬᠤᠵᠦ᠂ ᠬᠦᠨᠵᠡᠬᠡᠢ ᠠᠳᠬᠤᠵᠦ᠂ ᠤᠷᠳᠤ ᠬᠤᠭᠤᠴᠠᠭ᠎ᠠ ᠪᠠᠷ ᠠᠳᠬᠤᠵᠦ᠂ ᠨᠠᠮ ᠢ ᠴᠢᠩᠭ᠎ᠠ ᠵᠠᠰᠠᠬᠤ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠳᠡᠢ᠃       ᠲᠠᠪᠤ᠂ ᠠᠷᠠᠳ ᠲᠦᠮᠡᠨ ᠢ ᠲᠡᠷᠢᠬᠦᠨ ᠳᠤ ᠪᠤᠳᠤᠯᠬᠢᠯᠠᠭᠰᠠᠨ ᠠᠯᠪᠠᠨ ᠵᠠᠷᠤᠴᠠ ᠶᠢᠨ ᠦᠵᠡᠯ ᠤᠬᠠᠮᠰᠠᠷ ᠢ ᠲᠡᠷᠢᠬᠦᠨ ᠳᠤ ᠲᠠᠯᠪᠢᠵᠦ᠂ ᠦᠨᠳᠦᠰᠦᠨ ᠱᠠᠳᠤᠨ ᠳᠤ ᠬᠦᠨᠵᠡᠬᠡᠶᠢᠷᠡᠨ᠂ ᠤᠯᠠᠨ ᠲᠦᠮᠡᠨ ᠲᠠᠢ ᠨᠢᠭᠳᠠ ᠬᠠᠷᠢᠴᠠᠵᠦ᠂ ᠤᠯᠠᠨ ᠲᠦᠮᠡᠨ ᠤ ᠰᠠᠨᠠᠭ᠎ᠠ ᠪᠤᠳᠤᠯ ᠢ ᠰᠤᠨᠤᠰᠴᠤ᠂ ᠤᠯᠠᠨ ᠲᠦᠮᠡᠨ ᠤ ᠡᠮᠤᠨ᠎ᠡ ᠠᠴᠠ ᠪᠤᠳᠤᠯᠬᠢᠯᠠᠨ᠂ ᠠᠷᠠᠳ ᠲᠦᠮᠡᠨ ᠢ ᠲᠤᠰᠠᠯᠠᠵᠦ᠂ ᠠᠵᠢᠯ ᠤᠨ ᠴᠢᠳᠠᠪᠤᠷᠢ ᠪᠠ ᠦᠢᠯᠡᠴᠢᠯᠡᠬᠡᠨ ᠤ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃       ᠵᠢᠷᠭᠤᠭ᠎ᠠ᠂ ᠠᠷᠢᠭᠤᠨ ᠴᠢᠬᠡᠴᠢ ᠶᠢ ᠡᠷᠬᠢᠮᠯᠡᠬᠦ ᠶᠢ ᠪᠠᠷᠢᠮᠳᠠᠯᠠᠨ᠂ ᠰᠠᠶᠢᠨ ᠰᠠᠶᠢᠬᠠᠨ ᠤᠯᠤᠰ ᠲᠦᠷᠦ ᠶᠢᠨ ᠤᠷᠴᠢᠨ ᠲᠤᠭᠤᠷᠢᠨ ᠢ ᠪᠤᠢ ᠪᠤᠯᠭᠠᠨ᠂ ᠤᠯᠠᠮ ᠴᠢᠩᠭ᠎ᠠ ᠪᠠᠷᠢᠮᠵᠢᠶ᠎ᠠ ᠪᠠᠷ᠂ ᠤᠯᠠᠮ ᠬᠦᠴᠦᠳᠡᠢ ᠠᠷᠭ᠎ᠠ ᠬᠡᠮᠵᠢᠶ᠎ᠠ ᠪᠠᠷ ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠳᠤ ᠪᠠ ᠠᠵᠢᠯ ᠤᠨ ᠰᠠᠬᠢᠯᠭ᠎ᠠ ᠪᠠᠳᠤ ᠶᠢ ᠬᠡᠷᠡᠭᠵᠢᠬᠦᠯᠦᠨ᠂ ᠦᠨᠡᠨ ᠪᠤᠳᠠᠳᠠᠢ ᠠᠵᠢᠯ ᠬᠢᠳᠡᠭ ᠠᠷᠢᠭᠤᠨ ᠴᠢᠬᠡᠴᠢ ᠲᠦᠷᠢ ᠲᠦᠷᠬᠦ ᠪᠠᠨ ᠪᠠᠬᠢᠵᠡᠬᠦᠯᠬᠦ ᠬᠡᠷᠡᠭᠳᠡᠢ᠃       ᠲᠤᠯᠤᠭ᠎ᠠ᠂ ︽ᠲᠦᠷᠪᠠᠨ ᠵᠦᠢᠯ ᠤᠨ ᠦᠵᠡᠯ ᠤᠬᠠᠮᠰᠠᠷ︾᠎ ᠢ ᠪᠤᠢ ᠪᠤᠯᠭᠠᠨ᠂ ︽ᠲᠦᠷᠪᠠᠨ ᠵᠦᠢᠯ ᠤᠨ ᠢᠳᠡᠭᠡᠯ︾᠎ ᠢ ᠪᠠᠳᠤᠵᠢᠭᠤᠯᠤᠨ᠂ ︽ᠲᠦᠷᠪᠡ ᠶᠢ ᠪᠠᠷᠢᠮᠳᠠᠯᠠᠬᠤ︾᠎ ᠶᠢ ᠪᠡᠶᠡᠯᠡᠬᠦᠯᠵᠦ᠂ ᠬᠤᠶᠢᠰᠢᠳᠠ ᠶᠢᠨ ᠠᠵᠢᠯ ᠤᠨ ᠲᠤᠮᠳᠠ ᠪᠠᠨ ᠦᠨᠡᠨ ᠪᠤᠳᠠᠳᠠᠢ ᠠᠵᠢᠯ ᠤᠨ ᠰᠤᠷᠳᠠᠯ ᠢᠶᠠᠷ᠂ ᠪᠠᠳᠤᠳᠠᠢ ᠠᠷᠭ᠎ᠠ ᠬᠡᠮᠵᠢᠶ᠎ᠠ ᠪᠠᠷ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠲᠤᠭᠳᠠᠭᠤᠨ ᠬᠦᠭᠵᠢᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠳᠡᠢ᠃ ︵ᠮᠦᠳᠡᠭ ᠤᠷᠴᠢᠭᠤᠯᠤᠨ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号