| | | ᠪᠦᠬᠦ ᠠᠶᠢᠮᠠᠭ ᠤᠨ ᠮᠠᠯᠴᠢᠳ ᠤᠨ ᠴᠠᠭᠠᠨ ᠰᠠᠷ᠎ᠠ ᠶᠢᠨ ᠰᠦᠯᠵᠢᠶᠡᠨ ᠤ ᠦᠳᠡᠰᠢᠯᠡᠭᠡ ᠳᠤ ᠤᠷᠤᠯᠴᠠᠬᠤ | ᠤᠷᠢᠯᠭ᠎ᠠ ᠶᠢ ᠲᠤᠰᠤᠭᠰᠠᠨ ᠰᠢᠯᠤᠭᠤᠨ ᠬᠦᠬᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ︽ᠲᠠᠪᠤᠨ ᠤᠳᠤ︾ | ᠭᠠᠴᠠᠭᠠᠨ ᠤ ᠠᠰᠠᠷ ᠤᠷᠠᠯᠢᠭ ᠤᠨ ᠪᠦᠯᠬᠦᠮ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠰᠠᠶᠢᠳᠤᠷ ᠰᠤᠷᠤᠯᠴᠠᠨ ᠲᠤᠤᠱᠯᠠᠭᠤᠯᠵᠤ ᠠᠵᠢᠯ ᠤᠨ ᠰᠤᠷᠳᠠᠯ ᠢᠶᠠᠨ ᠬᠤᠪᠢᠷᠠᠭᠤᠯᠵᠤ᠂ ᠠᠷᠠᠳ ᠲᠦᠮᠡᠨ ᠤ ᠲᠤᠮᠳᠠ | ᠬᠦᠨᠵᠡᠬᠡᠶᠢᠷᠡᠵᠦ᠂ ᠨᠡᠩ ᠤᠯᠠᠨ ᠰᠠᠶᠢᠬᠠᠨ ᠨᠠᠮ ᠠᠷᠠᠳ ᠲᠦᠮᠡᠨ ᠢᠶᠠᠨ ᠮᠠᠭᠳᠠᠨ ᠲᠠᠭᠤᠯᠠᠭᠰᠠᠨ ᠪᠦᠳᠦᠬᠡᠯ ᠢᠶᠠᠨ | ᠰᠤᠨᠢᠷᠬᠠᠭᠤᠯᠵᠤ᠂ ᠨᠢᠬᠡᠨ ᠬᠢᠷᠢ ᠲᠦᠪᠰᠢᠨ ᠳᠤ ᠲᠡᠩᠴᠡᠭᠰᠡᠨ ᠪᠦᠯᠬᠦᠮ ᠪᠤᠯᠬᠤ ᠪᠠᠷ ᠬᠦᠰᠡᠨ ᠴᠢᠷᠮᠠᠶᠢᠵᠤ᠂ ᠨᠡᠩ | ᠤᠯᠠᠨ ᠰᠢᠨ᠎ᠡ ᠪᠦᠳᠦᠬᠡᠯ ᠭᠠᠷᠭᠠᠬᠤ ᠪᠠᠷ ᠴᠢᠷᠮᠠᠶᠢᠵᠤ᠂ ᠲᠤᠰ ᠤᠳᠠᠭᠠᠨ ᠤ ᠪᠤᠯᠪᠠᠰᠤᠷᠠᠯ ᠳᠠᠭᠠᠨ᠂ ᠤᠷᠤᠨ ᠤ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠡᠰᠠᠷ ᠤᠷᠠᠯᠢᠭ ᠢ ᠦᠪᠯᠡᠨ ᠤᠯᠠᠮᠵᠢᠯᠠᠭᠴᠢ ᠰᠠᠶᠢᠨᠴᠤᠬᠳᠤ᠂ | ᠰᠢᠯᠤᠭᠤᠨ ᠬᠦᠬᠡ ᠨᠤᠳᠤᠭᠳᠠᠢ ᠠᠬᠠᠮᠠᠳ ᠤᠷᠠᠯᠢᠭᠴᠢᠨ ᠰᠠᠶᠢᠬᠠᠨᠴᠡᠴᠡᠭ ᠵᠡᠷᠭᠡ ᠪᠠᠭᠰᠢ ᠶᠢ ᠤᠷᠢᠨ ᠵᠠᠯᠠᠵᠤ᠂ | ᠪᠦᠯᠬᠦᠮ ᠤᠨ ᠬᠡᠰᠢᠬᠦᠳ ᠢᠶᠠᠨ ᠵᠢᠭᠠᠨ ᠵᠢᠯᠤᠭᠤᠳᠤᠭᠤᠯᠤᠭᠰᠠᠨ ᠪᠠᠶᠢᠨ᠎ᠠ᠃ | ᠲᠤᠰ ᠤᠳᠠᠭᠠᠨ ᠤ ᠪᠤᠯᠪᠠᠰᠤᠷᠠᠯ ᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ | ᠪᠤᠯᠪᠠᠰᠤᠷᠠᠯ ᠤᠨ ᠠᠬᠤᠢ ᠲᠠᠯᠠᠪᠠᠢ ᠶᠢ ᠬᠠᠨᠭ᠍ᠭᠠᠵᠤ᠂ ᠲᠠᠪᠤᠨ ᠤᠳᠤ ᠭᠠᠴᠠᠭᠠᠨ ᠵᠦᠪᠯᠡᠯ ᠬᠠᠪᠰᠤᠷᠤᠯᠭ᠎ᠠ | ᠲᠡᠮᠵᠢᠯᠬᠡ ᠪᠠᠨ ᠦᠵᠡᠬᠦᠯᠵᠦ ᠪᠢᠯᠡ᠃ ᠠᠷᠠᠳ ᠤᠯᠠᠨ ᠲᠠᠢ ᠤᠢᠢᠷᠠᠳᠴᠤ᠂ ᠬᠦᠳᠡᠭᠡ ᠨᠤᠳᠤᠭ ᠤᠨ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠵᠤ᠂ ᠵᠤᠷᠢᠭ ᠰᠠᠨᠠᠭ᠎ᠠ ᠪᠠᠨ ᠪᠠᠳᠠᠷᠠᠭᠤᠯᠤᠨ᠂ ᠬᠦᠳᠡᠭᠡ ᠨᠤᠳᠤᠭ ᠤᠨ ᠰᠢᠨ᠎ᠡ | ᠠᠮᠢᠳᠤᠷᠠᠯ ᠢ ᠮᠠᠭᠳᠠᠨ ᠲᠠᠭᠤᠯᠠᠵᠤ᠂ ᠰᠢᠨ᠎ᠡ ᠰᠤᠳᠤᠨ ᠪᠦᠳᠦᠬᠡᠯ ᠢ ᠠᠷᠠᠳ ᠤᠯᠠᠨ ᠳᠠᠭᠠᠨ ᠬᠦᠷᠬᠡᠬᠦ ᠪᠠᠷ ᠴᠢᠷᠮᠠᠶᠢᠨ | ᠠᠵᠢᠯᠯᠠᠨ ᠵᠤᠷᠢᠭ ᠰᠢᠭᠤᠳᠴᠤ ᠪᠠᠶᠢᠨ᠎ᠠ᠃ | | |