| ᠰᠢᠯᠤᠭᠤᠨ ᠬᠦᠬᠡ ᠬᠤᠰᠢᠭᠤᠨ ᠤ ᠦᠨᠳᠦᠰᠦᠳᠡᠨ ᠤ ᠰᠤᠶᠤᠯ ᠲᠡᠤᠬᠡ ᠶᠢᠨ ᠦᠪ ᠬᠦᠨ ᠵᠤᠵᠠᠭᠠᠨ᠂ | ᠪᠦᠬᠦ ᠤᠷᠤᠨ ᠤ ᠴᠤᠷ ᠤᠨ ᠭᠠᠭᠴᠠ ᠲᠡᠯᠡᠬᠡᠢ ᠶᠢᠨ ᠰᠤᠶᠤᠯ ᠤᠨ ᠦᠪ ᠤᠨ ᠦᠯᠡᠳᠡᠭᠳᠡᠯ ᠶᠤᠸᠠᠨ ᠤ ᠲᠡᠭᠡᠳᠦ | ᠨᠠᠶᠢᠰᠯᠠᠯ ᠤᠨ ᠪᠠᠭᠤᠷᠢ ᠠᠳᠡ ᠰᠠᠭᠤᠷᠢᠰᠢᠵᠦ ᠪᠠᠶᠢᠳᠠᠭ᠃ ᠮᠦᠨᠴᠦ ᠲᠤᠮᠳᠠᠳᠤ ᠤᠯᠤᠰ ᠤᠨ ᠮᠤᠩᠭᠤᠯ ᠬᠡᠯᠡᠨ ᠤ | ᠪᠡᠷᠢᠮᠵᠢᠶ᠎ᠠ ᠠᠪᠢᠶᠠᠨ ᠤ ᠰᠠᠭᠤᠷᠢᠨ᠂ ᠴᠠᠬᠠᠷ ᠰᠤᠶᠤᠯ ᠤᠨ ᠨᠡᠶᠢᠳᠡᠯᠢᠭ ᠲᠦᠯᠦᠬᠡᠯᠡᠭᠴᠢ ᠤᠷᠤᠨ᠂ ᠠᠯᠳᠠᠷᠳᠤ | ᠰᠢᠯᠦᠭᠴᠢ ᠨᠠ᠊ ᠰᠠᠶᠢᠨᠴᠤᠭᠳᠤ᠂ ᠨᠡᠷᠡᠳᠦ ᠵᠢᠷᠤᠭᠴᠢᠨ ᠠᠭᠸᠠᠩ᠂ ᠤᠷᠠᠯᠢᠭᠴᠢᠨ ᠪᠠᠪᠤᠳᠦ᠋ᠷᠵᠢ᠂ ᠲᠠᠭᠤᠴᠢᠨ ᠴᠢᠯᠠᠭᠤ | ᠂ ᠲᠡᠤᠬᠡ ᠶᠢᠨ ᠡᠷᠳᠡᠮᠳᠡᠨ ᠰᠠᠶᠢᠰᠢᠶᠠ ᠵᠡᠷᠬᠡ ᠪᠦᠬᠦ ᠤᠯᠤᠰ ᠵᠢᠴᠢ ᠲᠡᠯᠡᠬᠡᠢ ᠲᠠᠶᠠᠭᠠᠷ ᠠᠯᠳᠠᠷᠳᠠᠢ ᠦᠯᠡᠮᠵᠢ ᠤᠯᠠᠨ | ᠨᠡᠷᠡᠳᠦ ᠬᠦᠮᠦᠰ ᠡᠨᠡ ᠨᠤᠳᠤᠭ ᠠᠴᠠ ᠴᠤᠯᠭᠤᠷᠠᠨ ᠭᠠᠷᠤᠭᠰᠠᠨ ᠶᠤᠮ᠃ | ᠰᠢᠯᠢᠳᠡᠭ ᠰᠤᠶᠣᠯ ᠢᠶᠠᠨ ᠠᠭᠤᠳᠠᠯᠯᠠᠨ ᠤᠯᠠᠮᠵᠢᠯᠠᠵᠦ᠂ ᠬᠦᠭᠵᠢᠬᠦᠯᠦᠨ ᠬᠠᠮᠠᠭᠠᠯᠠᠬᠤ ᠶᠢᠨ ᠲᠤᠯᠠᠳᠠ | ᠬᠤᠰᠢᠭᠤ ᠤᠳᠬ᠎ᠠ ᠤᠷᠠᠯᠢᠭ ᠤᠨ ᠬᠤᠯᠪᠤᠭ᠎ᠠ᠂ ᠨᠤᠮ ᠤᠨ ᠰᠠᠩ ᠨᠢ ᠬᠠᠮᠳᠤᠪᠡᠷ ︽ᠰᠢᠯᠤᠭᠤᠨ ᠬᠦᠬᠡ ᠬᠤᠰᠢᠭᠤᠨ | ᠤ ᠤᠷᠤᠨ ᠨᠤᠳᠤᠭ ᠤᠨ ᠰᠤᠶᠤᠯ ᠲᠡᠤᠬᠡ ᠶᠢᠨ ᠲᠠᠰᠤᠭ︾ ᠢ ᠪᠠᠶᠢᠭᠤᠯᠵᠦ᠂ ᠤᠷᠤᠨ ᠨᠤᠳᠤᠭ ᠤᠨ ᠰᠤᠶᠤᠯ ᠲᠡᠤᠬᠡ | ᠂ ᠨᠡᠷᠡᠳᠦ ᠬᠦᠮᠦᠰ ᠤᠨ ᠵᠤᠬᠢᠶᠠᠯ ᠪᠦᠳᠦᠬᠡᠯ ᠢ ᠴᠤᠭᠯᠠᠭᠤᠯᠬᠤ ᠠᠵᠢᠯ ᠢ ᠦᠷᠨᠢᠬᠦᠯᠵᠦ᠂ ᠪᠦᠬᠦᠶᠢᠯᠡ | ᠴᠤᠭᠯᠠᠭᠤᠯᠤᠭᠰᠠᠨ ᠪᠦᠳᠦᠬᠡᠯ ᠢᠶᠠᠨ ᠤᠷᠤᠨ ᠨᠤᠳᠤᠭ ᠤᠨ ᠰᠤᠶᠤᠯ ᠲᠡᠤᠬᠡ ᠶᠢᠨ ᠲᠠᠰᠤᠭ ᠲᠤ ᠬᠠᠳᠠᠭᠠᠯᠠᠨ᠂ | ᠦᠷᠬᠡᠨ ᠤᠯᠠᠨ ᠤᠩᠰᠢᠭᠴᠢᠳ ᠤᠨ ᠮᠠᠨ ᠤ ᠬᠤᠰᠢᠭᠤᠨ ᠤ ᠰᠤᠶᠤᠯ ᠲᠡᠤᠬᠡ ᠵᠢᠴᠢ ᠨᠡᠷᠡᠳᠦ ᠬᠦᠮᠦᠰ ᠤᠨ ᠲᠤᠬᠠᠢ | ᠨᠠᠷᠢᠨ ᠤᠶᠢᠯᠠᠭᠠᠬᠤ ᠳᠤ ᠲᠦᠬᠦᠮ ᠦᠵᠡᠬᠦᠯᠬᠦ ᠪᠠᠷ ᠪᠠᠶᠢᠨ᠎ᠠ᠃ ᠤᠳᠤ ᠪᠤᠯᠬᠤ ᠳᠤ ᠠᠯᠳᠠᠷᠳᠤ ᠵᠤᠬᠢᠶᠠᠯᠴᠢ ᠨᠠ᠊ | ᠰᠠᠶᠢᠨᠴᠤᠭᠳᠤ᠂ ᠭᠠᠩᠫᠦ᠋ᠷᠪᠦ᠂ ᠱ᠊ ᠵᠠᠮᠪᠠᠯᠵᠠᠪ᠂ ᠭᠤ ᠷᠡᠰᠢᠵᠡᠪ᠂ ᠰᠠᠶᠢᠰᠢᠶᠠ ᠵᠡᠷᠬᠡ 80 ᠭᠠᠷᠤᠢ ᠬᠦᠮᠦᠰ ᠤᠨ | ᠰᠤᠶᠤᠯ ᠤᠷᠠᠯᠢᠭ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶ᠎ᠡ ᠬᠡᠪᠴᠢᠶᠠᠨ ᠳᠤ ᠨᠡᠶᠢᠳᠡᠯᠡᠭᠰᠡᠨ 300 ᠭᠠᠷᠤᠢ | ᠪᠦᠳᠦᠬᠡᠯ ᠢ ᠴᠤᠭᠯᠠᠭᠤᠯᠤᠭᠠᠳ ᠪᠤᠢ᠃ ︵ᠮᠦᠳᠡᠭ ᠤᠷᠴᠢᠭᠤᠯᠤᠨ ᠬᠢᠨᠠᠪᠠ︶ |