ᠵᠧᠵᠢᠶᠠᠩ ᠮᠤᠵᠢ ᠳᠠᠬᠢ ᠱᠠᠩᠬᠠᠢ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠬᠢᠨ ᠰᠢᠯᠤᠭᠤᠨ ᠬᠦᠬᠡ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2018/2/7
        2 ᠰᠠᠷ᠎ᠠ ᠶᠢᠨ 3᠎ ᠤ ᠡᠳᠦᠷ ᠵᠧᠵᠢᠶᠠᠩ ᠮᠤᠵᠢ ᠳᠠᠬᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ ᠎ ᠤᠨ ᠲᠠᠷᠤᠭ᠎ᠠ ᠡᠤ ᠵᠧᠩ᠂ ᠵᠧᠵᠢᠶᠠᠩ ᠮᠤᠵᠢ ᠳᠠᠬᠢ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠬᠦᠸᠧ ᠸᠠᠨ ᠾᠦᠢ ᠵᠡᠷᠬᠡ ᠬᠦᠮᠦᠰ ᠰᠢᠯᠤᠭᠤᠨ ᠬᠦᠬᠡ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠳᠠ ᠬᠢᠪᠠ᠃ ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ ᠎ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠾᠦᠸᠧ ᠶᠢᠨ ᠪᠢᠩ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠤᠶᠠᠨᠳᠤ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠨᠠᠷ ᠰᠠᠭᠤᠳᠠᠯ ᠤᠨ ᠬᠤᠷᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠤᠷᠳᠤᠨ ᠎ ᠤ ᠠᠯᠪᠠᠨ ᠬᠡᠷ᠂ ᠦᠬᠡᠷᠡᠴᠢᠯᠡᠯᠳᠡ ᠬᠦᠭᠵᠢᠬᠦᠯᠦᠯᠳᠡ ᠶᠢᠨ ᠲᠤᠪᠴᠢᠶ᠎ᠠ᠂ ᠠᠵᠦ ᠠᠬᠤᠢ᠂ ᠰᠤᠷᠠᠭ ᠵᠠᠩᠬᠢᠴᠢᠯᠠᠯᠳᠠ ᠎ ᠶᠢᠨ ᠲᠤᠪᠴᠢᠶ᠎ᠠ᠂ ᠠᠷᠠᠯᠵᠢᠶᠠᠴᠢᠨ ᠤᠷᠢᠬᠤ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠠ ᠂ ᠠᠵᠦ ᠦᠢᠯᠡᠳᠪᠤᠷᠢ ᠶᠢᠨ ᠲᠤᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠰᠢᠯᠤᠭᠤᠨ ᠬᠦᠬᠡ ᠬᠤᠰᠢᠭᠤᠨ ᠤ ᠠᠵᠦ ᠠᠬᠤᠶᠢᠯᠠᠯ ᠤᠨ ᠲᠦᠯᠦᠬᠡᠯᠡᠭᠴᠢ ᠨᠡᠷ ᠬᠤᠷᠠᠯ ᠳᠤ ᠤᠷᠤᠯᠴᠠᠭᠰᠠᠨ ᠪᠠᠶᠢᠨ᠎ᠠ᠃         ᠬᠤᠷᠠᠯ ᠢ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠡᠷᠬᠢᠯᠡᠵᠦ᠂ ᠠᠷᠠᠯᠵᠢᠶᠠᠴᠢᠨ ᠤᠷᠢᠬᠤ ᠲᠤᠪᠴᠢᠶᠠᠨ ᠤ ᠲᠠᠷᠤᠭ᠎ᠠ ᠯᠢ ᠬᠦᠸᠧ ᠬᠤᠩ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ᠂ ᠤᠷᠤᠨ ᠪᠠᠶᠢᠷᠢᠰᠢᠯ᠂ ᠵᠠᠮ ᠬᠠᠷᠢᠯᠴᠠᠭ᠎ᠠ᠂ ᠡᠬᠢ ᠪᠠᠶᠠᠯᠢᠭ᠂ ᠰᠤᠶᠤᠯ ᠲᠡᠤᠬᠡ ᠶᠢᠨ ᠠᠭᠤᠯᠤᠭᠳᠠᠴᠠ᠂ ᠵᠢᠭᠤᠯᠴᠢᠯᠠᠯ ᠤᠨ ᠦᠢᠯᠡᠰ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠵᠦ ᠦᠢᠯᠡᠰ᠂ ᠠᠵᠦ ᠠᠬᠤᠢ ᠶᠢᠨ ᠬᠦᠭᠵᠢᠯᠳᠡ ᠵᠢᠴᠢ ᠱᠠᠩᠳᠤ ᠠᠵᠦ ᠦᠢᠯᠡᠳᠪᠤᠷᠢ ᠶᠢᠨ ᠲᠤᠭᠤᠷᠢᠭ ᠤᠨ ᠬᠦᠭᠵᠢᠯᠳᠡ ᠶᠢᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠵᠦ᠂ ᠰᠤᠶᠤᠯ ᠵᠢᠭᠤᠯᠴᠢᠯᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠠᠰᠢᠭᠯᠠᠬᠤ᠂ ᠤᠳᠤᠬᠢᠴᠢᠯᠠᠭᠰᠠᠨ ᠮᠠᠯ ᠠᠵᠤ ᠠᠬᠤᠢ᠂ ᠬᠡᠷ ᠭᠠᠵᠠᠷ ᠬᠦᠷᠦᠩᠬᠡ ᠶᠢᠨ ᠦᠢᠯᠡᠰ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ᠂ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠬᠦᠢᠯᠬᠡᠬᠡ ᠪᠠ ᠶᠡᠷᠤᠩᠬᠡᠶᠢᠯᠡᠭᠰᠡᠨ ᠦᠢᠯᠡᠴᠢᠯᠡᠭᠡ᠂ ᠳ᠋ᠠᠶᠢᠲ᠋ᠠ ᠬᠦᠮᠦᠷᠬᠡ ᠵᠡᠷᠬᠡ 8 ᠶᠡᠭᠡ ᠬᠦᠷᠢᠶ᠎ᠡ ᠬᠡᠪᠴᠢᠶᠠᠨ ᠳᠠᠬᠢ 21 ᠵᠦᠢᠯ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠠᠷᠠᠯᠵᠢᠶᠠᠴᠢᠨ ᠤᠷᠢᠵᠦ ᠪᠡᠯᠡ ᠲᠠᠳᠠᠬᠤ ᠲᠤᠬᠠᠢ ᠲᠤᠰᠬᠠᠢ ᠲᠠᠨᠢᠯᠴᠠᠭᠤᠯᠭ᠎ᠠ ᠬᠢᠪᠡ᠃ ᠮᠠᠨ ᠤ ᠬᠤᠰᠢᠭᠤᠨ ᠤ 7 ᠠᠵᠦ ᠠᠬᠤᠶᠢᠯᠠᠯ ᠤᠨ ᠲᠦᠯᠦᠬᠡᠯᠡᠭᠴᠢ ᠠᠴᠠ ᠴᠦ ᠦᠪᠡᠷᠰᠡᠳ ᠤᠨ ᠢᠶᠠᠨ ᠦᠢᠯᠡᠳᠪᠤᠷᠢᠯᠡᠯ ᠡᠵᠡᠩᠨᠡᠯᠳᠡ ᠶᠢᠨ ᠲᠤᠬᠠᠢ ᠲᠠᠨᠢᠯᠴᠠᠭᠤᠯᠵᠦ᠂ ᠬᠤᠷᠰᠢᠨ ᠠᠵᠢᠯᠯᠠᠬᠤ ᠬᠦᠰᠡᠯ ᠡᠷᠡᠮᠡᠯᠵᠡᠯ ᠢᠶᠠᠨ ᠢᠯᠡᠳᠬᠡᠭᠰᠡᠨ ᠪᠠᠶᠢᠨ᠎ᠠ᠃         ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠾᠦᠸᠧ ᠶᠢᠨ ᠪᠢᠩ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠤᠶᠠᠨᠳᠤ ᠲᠤᠰ ᠲᠤᠰ ᠰᠢᠯᠤᠭᠤᠨ ᠬᠦᠬᠡ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠤᠬᠠᠢ ᠪᠠ ᠢᠷᠡᠬᠡᠳᠦᠢ ᠶᠢᠨ ᠪᠠᠷᠠᠯᠠᠯ ᠤᠨ ᠲᠤᠬᠠᠢ ᠶᠠᠷᠢᠯᠴᠡᠵᠦ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠠᠴᠠ ᠦᠢᠯᠡᠴᠢᠯᠡᠭᠡ ᠪᠠᠨ ᠰᠠᠶᠢᠨ ᠬᠢᠵᠦ᠂ ᠵᠧᠵᠢᠶᠠᠩ ᠳᠠᠬᠢ ᠱᠠᠩᠬᠠᠢ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠲᠠᠢ ᠨᠢᠭᠳᠠ ᠬᠠᠷᠢᠯᠴᠠᠵᠦ᠂ ᠲᠤᠰ ᠵᠢᠯ ᠳᠤ ᠮᠠᠨ ᠤ ᠬᠤᠰᠢᠭᠤᠨ ᠳᠤ ᠪᠠᠨ ᠪᠤᠳᠠᠳᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠳᠡᠢ ᠬᠡᠵᠡᠢ᠃         ᠵᠧᠵᠢᠶᠠᠩ ᠮᠤᠵᠢ ᠳᠠᠬᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠡᠦ ᠵᠧᠩ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠬᠦᠸᠧ ᠸᠠᠨ ᠾᠦᠢ ᠲᠤᠰ ᠲᠤᠰ ᠦᠪᠡᠷᠰᠡᠳ ᠤᠨ ᠢᠶᠠᠨ ᠪᠠᠶᠢᠳᠠᠯ ᠢ ᠲᠠᠨᠢᠯᠴᠠᠭᠤᠯᠤᠭᠰᠠᠨ ᠪᠦᠬᠡᠳ ᠰᠢᠯᠤᠭᠤᠨ ᠬᠦᠬᠡ ᠬᠤᠰᠢᠭᠤᠨ ᠤ ᠤᠷᠤᠨ ᠪᠠᠶᠢᠷᠢᠰᠢᠯ ᠤᠨ ᠲᠠᠪᠠᠭᠤᠯᠢᠭ᠂ ᠪᠡᠯᠡ ᠤᠷᠤᠭᠤᠯᠤᠯᠳᠠ ᠶᠢᠨ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠨᠢ ᠪᠡᠯᠡ ᠤᠷᠤᠭᠤᠯᠤᠭᠴᠢᠳ ᠢ ᠲᠠᠳᠠᠵᠦ᠂ ᠬᠦᠭᠵᠢᠯᠳᠡ ᠶᠢᠨ ᠢᠷᠡᠬᠡᠳᠦᠢ ᠬᠡᠬᠡᠨ ᠰᠠᠷᠠᠭᠤᠯ ᠪᠠᠶᠢᠭ᠎ᠠ ᠶᠢ  ᠦᠨᠳᠦᠷ ᠦᠨᠡᠯᠡᠵᠦ᠂ ᠬᠠᠮᠢᠶ᠎ᠠ ᠪᠦᠬᠦᠢ ᠠᠵᠦ ᠠᠬᠤᠶᠢᠯᠠᠯ ᠢ ᠵᠤᠬᠢᠶᠠᠨ ᠪᠠᠶᠢᠭᠤᠯᠤᠨ᠂ ᠰᠢᠯᠤᠭᠤᠨ ᠬᠦᠬᠡ ᠬᠤᠰᠢᠭᠤᠨ ᠳᠤ ᠲᠠᠬᠢᠨᠳᠠ ᠢᠷᠡᠵᠦ ᠪᠤᠳᠠᠳᠠᠢ ᠬᠠᠮᠵᠢᠯᠴᠠᠭᠠᠨ ᠤ ᠲᠤᠬᠠᠢ ᠶᠠᠷᠢᠯᠴᠠᠨ᠂ ᠰᠢᠯᠤᠭᠤᠨ ᠬᠦᠬᠡ ᠬᠤᠰᠢᠭᠤ ᠶᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ ᠤᠨ ᠠᠵᠦ ᠠᠬᠤᠶᠢᠯᠠᠯ᠂ ᠠᠵᠦ ᠦᠢᠯᠡᠰ ᠤᠨ ᠨᠢᠭᠳᠠᠷᠠᠯ ᠤᠨ ᠰᠠᠭᠤᠷᠢᠨ ᠪᠤᠯᠭᠠᠨ ᠪᠠᠶᠢᠭᠤᠯᠤᠨ᠎ᠠ ᠬᠡᠵᠦ ᠶᠠᠷᠢᠵᠠᠭᠠᠪᠠ᠃ ︵ᠮᠦᠳᠡᠭ ᠤᠷᠴᠢᠭᠤᠯᠤᠨ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号