ᠵᠧᠵᠢᠶᠠᠩ ᠮᠤᠵᠢ ᠳᠠᠬᠢ ᠱᠠᠩᠬᠠᠢ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠬᠢᠨ ᠰᠢᠯᠤᠭᠤᠨ ᠬᠦᠬᠡ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2018/2/7
        2 ᠰᠠᠷ᠎ᠠ ᠶᠢᠨ 3 ᠤ ᠡᠳᠦᠷ ᠵᠧᠵᠢᠶᠠᠩ ᠮᠤᠵᠢ ᠳᠠᠬᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ  ᠤᠨ ᠲᠠᠷᠤᠭ᠎ᠠ ᠡᠤ ᠵᠧᠩ᠂ ᠵᠧᠵᠢᠶᠠᠩ ᠮᠤᠵᠢ ᠳᠠᠬᠢ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠬᠦᠸᠧ ᠸᠠᠨ ᠾᠦᠢ ᠵᠡᠷᠬᠡ ᠬᠦᠮᠦᠰ ᠰᠢᠯᠤᠭᠤᠨ ᠬᠦᠬᠡ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠳᠠ ᠬᠢᠪᠠ᠃ ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ  ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠾᠦᠸᠧ ᠶᠢᠨ ᠪᠢᠩ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠤᠶᠠᠨᠳᠤ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠨᠠᠷ ᠰᠠᠭᠤᠳᠠᠯ ᠤᠨ ᠬᠤᠷᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠤᠷᠳᠤᠨ  ᠤ ᠠᠯᠪᠠᠨ ᠬᠡᠷ᠂ ᠦᠬᠡᠷᠡᠴᠢᠯᠡᠯᠳᠡ ᠬᠦᠭᠵᠢᠬᠦᠯᠦᠯᠳᠡ ᠶᠢᠨ ᠲᠤᠪᠴᠢᠶ᠎ᠠ᠂ ᠠᠵᠦ ᠠᠬᠤᠢ᠂ ᠰᠤᠷᠠᠭ ᠵᠠᠩᠬᠢᠴᠢᠯᠠᠯᠳᠠ  ᠶᠢᠨ ᠲᠤᠪᠴᠢᠶ᠎ᠠ᠂ ᠠᠷᠠᠯᠵᠢᠶᠠᠴᠢᠨ ᠤᠷᠢᠬᠤ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠠ ᠂ ᠠᠵᠦ ᠦᠢᠯᠡᠳᠪᠤᠷᠢ ᠶᠢᠨ ᠲᠤᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠰᠢᠯᠤᠭᠤᠨ ᠬᠦᠬᠡ ᠬᠤᠰᠢᠭᠤᠨ ᠤ ᠠᠵᠦ ᠠᠬᠤᠶᠢᠯᠠᠯ ᠤᠨ ᠲᠦᠯᠦᠬᠡᠯᠡᠭᠴᠢ ᠨᠡᠷ ᠬᠤᠷᠠᠯ ᠳᠤ ᠤᠷᠤᠯᠴᠠᠭᠰᠠᠨ ᠪᠠᠶᠢᠨ᠎ᠠ᠃         ᠬᠤᠷᠠᠯ ᠢ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠡᠷᠬᠢᠯᠡᠵᠦ᠂ ᠠᠷᠠᠯᠵᠢᠶᠠᠴᠢᠨ ᠤᠷᠢᠬᠤ ᠲᠤᠪᠴᠢᠶᠠᠨ ᠤ ᠲᠠᠷᠤᠭ᠎ᠠ ᠯᠢ ᠬᠦᠸᠧ ᠬᠤᠩ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ᠂ ᠤᠷᠤᠨ ᠪᠠᠶᠢᠷᠢᠰᠢᠯ᠂ ᠵᠠᠮ ᠬᠠᠷᠢᠯᠴᠠᠭ᠎ᠠ᠂ ᠡᠬᠢ ᠪᠠᠶᠠᠯᠢᠭ᠂ ᠰᠤᠶᠤᠯ ᠲᠡᠤᠬᠡ ᠶᠢᠨ ᠠᠭᠤᠯᠤᠭᠳᠠᠴᠠ᠂ ᠵᠢᠭᠤᠯᠴᠢᠯᠠᠯ ᠤᠨ ᠦᠢᠯᠡᠰ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠵᠦ ᠦᠢᠯᠡᠰ᠂ ᠠᠵᠦ ᠠᠬᠤᠢ ᠶᠢᠨ ᠬᠦᠭᠵᠢᠯᠳᠡ ᠵᠢᠴᠢ ᠱᠠᠩᠳᠤ ᠠᠵᠦ ᠦᠢᠯᠡᠳᠪᠤᠷᠢ ᠶᠢᠨ ᠲᠤᠭᠤᠷᠢᠭ ᠤᠨ ᠬᠦᠭᠵᠢᠯᠳᠡ ᠶᠢᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠵᠦ᠂ ᠰᠤᠶᠤᠯ ᠵᠢᠭᠤᠯᠴᠢᠯᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠠᠰᠢᠭᠯᠠᠬᠤ᠂ ᠤᠳᠤᠬᠢᠴᠢᠯᠠᠭᠰᠠᠨ ᠮᠠᠯ ᠠᠵᠤ ᠠᠬᠤᠢ᠂ ᠬᠡᠷ ᠭᠠᠵᠠᠷ ᠬᠦᠷᠦᠩᠬᠡ ᠶᠢᠨ ᠦᠢᠯᠡᠰ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ᠂ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠬᠦᠢᠯᠬᠡᠬᠡ ᠪᠠ ᠶᠡᠷᠤᠩᠬᠡᠶᠢᠯᠡᠭᠰᠡᠨ ᠦᠢᠯᠡᠴᠢᠯᠡᠭᠡ᠂ ᠳ᠋ᠠᠶᠢᠲ᠋ᠠ ᠬᠦᠮᠦᠷᠬᠡ ᠵᠡᠷᠬᠡ 8 ᠶᠡᠭᠡ ᠬᠦᠷᠢᠶ᠎ᠡ ᠬᠡᠪᠴᠢᠶᠠᠨ ᠳᠠᠬᠢ 21 ᠵᠦᠢᠯ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠠᠷᠠᠯᠵᠢᠶᠠᠴᠢᠨ ᠤᠷᠢᠵᠦ ᠪᠡᠯᠡ ᠲᠠᠳᠠᠬᠤ ᠲᠤᠬᠠᠢ ᠲᠤᠰᠬᠠᠢ ᠲᠠᠨᠢᠯᠴᠠᠭᠤᠯᠭ᠎ᠠ ᠬᠢᠪᠡ᠃ ᠮᠠᠨ ᠤ ᠬᠤᠰᠢᠭᠤᠨ ᠤ 7 ᠠᠵᠦ ᠠᠬᠤᠶᠢᠯᠠᠯ ᠤᠨ ᠲᠦᠯᠦᠬᠡᠯᠡᠭᠴᠢ ᠠᠴᠠ ᠴᠦ ᠦᠪᠡᠷᠰᠡᠳ ᠤᠨ ᠢᠶᠠᠨ ᠦᠢᠯᠡᠳᠪᠤᠷᠢᠯᠡᠯ ᠡᠵᠡᠩᠨᠡᠯᠳᠡ ᠶᠢᠨ ᠲᠤᠬᠠᠢ ᠲᠠᠨᠢᠯᠴᠠᠭᠤᠯᠵᠦ᠂ ᠬᠤᠷᠰᠢᠨ ᠠᠵᠢᠯᠯᠠᠬᠤ ᠬᠦᠰᠡᠯ ᠡᠷᠡᠮᠡᠯᠵᠡᠯ ᠢᠶᠠᠨ ᠢᠯᠡᠳᠬᠡᠭᠰᠡᠨ ᠪᠠᠶᠢᠨ᠎ᠠ᠃         ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠾᠦᠸᠧ ᠶᠢᠨ ᠪᠢᠩ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠤᠶᠠᠨᠳᠤ ᠲᠤᠰ ᠲᠤᠰ ᠰᠢᠯᠤᠭᠤᠨ ᠬᠦᠬᠡ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠤᠬᠠᠢ ᠪᠠ ᠢᠷᠡᠬᠡᠳᠦᠢ ᠶᠢᠨ ᠪᠠᠷᠠᠯᠠᠯ ᠤᠨ ᠲᠤᠬᠠᠢ ᠶᠠᠷᠢᠯᠴᠡᠵᠦ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠠᠴᠠ ᠦᠢᠯᠡᠴᠢᠯᠡᠭᠡ ᠪᠠᠨ ᠰᠠᠶᠢᠨ ᠬᠢᠵᠦ᠂ ᠵᠧᠵᠢᠶᠠᠩ ᠳᠠᠬᠢ ᠱᠠᠩᠬᠠᠢ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠲᠠᠢ ᠨᠢᠭᠳᠠ ᠬᠠᠷᠢᠯᠴᠠᠵᠦ᠂ ᠲᠤᠰ ᠵᠢᠯ ᠳᠤ ᠮᠠᠨ ᠤ ᠬᠤᠰᠢᠭᠤᠨ ᠳᠤ ᠪᠠᠨ ᠪᠤᠳᠠᠳᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠳᠡᠢ ᠬᠡᠵᠡᠢ᠃         ᠵᠧᠵᠢᠶᠠᠩ ᠮᠤᠵᠢ ᠳᠠᠬᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠡᠦ ᠵᠧᠩ᠂ ᠦᠪᠦᠷ ᠮᠤᠩᠭᠤᠯ ᠤᠨ ᠬᠤᠳᠠᠯᠳᠤᠭᠠᠴᠢᠨ ᠤ ᠨᠡᠶᠢᠬᠡᠮᠯᠢᠭ ᠤᠨ ᠲᠠᠷᠤᠭ᠎ᠠ ᠬᠦᠸᠧ ᠸᠠᠨ ᠾᠦᠢ ᠲᠤᠰ ᠲᠤᠰ ᠦᠪᠡᠷᠰᠡᠳ ᠤᠨ ᠢᠶᠠᠨ ᠪᠠᠶᠢᠳᠠᠯ ᠢ ᠲᠠᠨᠢᠯᠴᠠᠭᠤᠯᠤᠭᠰᠠᠨ ᠪᠦᠬᠡᠳ ᠰᠢᠯᠤᠭᠤᠨ ᠬᠦᠬᠡ ᠬᠤᠰᠢᠭᠤᠨ ᠤ ᠤᠷᠤᠨ ᠪᠠᠶᠢᠷᠢᠰᠢᠯ ᠤᠨ ᠲᠠᠪᠠᠭᠤᠯᠢᠭ᠂ ᠪᠡᠯᠡ ᠤᠷᠤᠭᠤᠯᠤᠯᠳᠠ ᠶᠢᠨ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠨᠢ ᠪᠡᠯᠡ ᠤᠷᠤᠭᠤᠯᠤᠭᠴᠢᠳ ᠢ ᠲᠠᠳᠠᠵᠦ᠂ ᠬᠦᠭᠵᠢᠯᠳᠡ ᠶᠢᠨ ᠢᠷᠡᠬᠡᠳᠦᠢ ᠬᠡᠬᠡᠨ ᠰᠠᠷᠠᠭᠤᠯ ᠪᠠᠶᠢᠭ᠎ᠠ ᠶᠢ  ᠦᠨᠳᠦᠷ ᠦᠨᠡᠯᠡᠵᠦ᠂ ᠬᠠᠮᠢᠶ᠎ᠠ ᠪᠦᠬᠦᠢ ᠠᠵᠦ ᠠᠬᠤᠶᠢᠯᠠᠯ ᠢ ᠵᠤᠬᠢᠶᠠᠨ ᠪᠠᠶᠢᠭᠤᠯᠤᠨ᠂ ᠰᠢᠯᠤᠭᠤᠨ ᠬᠦᠬᠡ ᠬᠤᠰᠢᠭᠤᠨ ᠳᠤ ᠲᠠᠬᠢᠨᠳᠠ ᠢᠷᠡᠵᠦ ᠪᠤᠳᠠᠳᠠᠢ ᠬᠠᠮᠵᠢᠯᠴᠠᠭᠠᠨ ᠤ ᠲᠤᠬᠠᠢ ᠶᠠᠷᠢᠯᠴᠠᠨ᠂ ᠰᠢᠯᠤᠭᠤᠨ ᠬᠦᠬᠡ ᠬᠤᠰᠢᠭᠤ ᠶᠢ ᠱᠠᠩᠬᠠᠢ ᠶᠢᠨ ᠬᠤᠳᠠᠯᠳᠤᠭᠠᠴᠢᠨ ᠤ ᠨᠡᠶᠢᠬᠡᠮᠯᠢᠭ ᠤᠨ ᠠᠵᠦ ᠠᠬᠤᠶᠢᠯᠠᠯ᠂ ᠠᠵᠦ ᠦᠢᠯᠡᠰ ᠤᠨ ᠨᠢᠭᠳᠠᠷᠠᠯ ᠤᠨ ᠰᠠᠭᠤᠷᠢᠨ ᠪᠤᠯᠭᠠᠨ ᠪᠠᠶᠢᠭᠤᠯᠤᠨ᠎ᠠ ᠬᠡᠵᠦ ᠶᠠᠷᠢᠵᠠᠭᠠᠪᠠ᠃ ︵ᠮᠦᠳᠡᠭ ᠤᠷᠴᠢᠭᠤᠯᠤᠨ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号