ᠰᠢᠯᠤᠭᠤᠨ ᠬᠦᠬᠡ ᠬᠤᠰᠢᠭᠤᠨ ᠤ 2017 ᠣᠨ ᠤ ᠭᠤᠤᠯᠳᠠᠯᠭ᠎ᠠ ᠲᠠᠢ ᠠᠵᠤ ᠠᠬᠤᠢ ᠶᠢᠨ ᠵᠢᠭᠠᠯᠳᠠ ᠳᠤᠭ᠎ᠠ ᠵᠢᠴᠢ ᠨᠡᠮᠡᠭᠳᠡᠯ ᠤᠨ ᠬᠤᠷᠳᠣᠴᠠ ᠴᠦᠮ ᠪᠦᠬᠦ ᠠᠶᠢᠮᠠᠭ ᠤᠨ ᠲᠡᠷᠢᠭᠦᠨ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2018/2/8
          2017 ᠣᠨ ᠳᠤ᠂ ᠰᠢᠯᠤᠭᠤᠨ ᠬᠦᠬᠡ ᠬᠤᠰᠢᠭᠤ ᠨᠢ ᠲᠤᠭᠳᠠᠭᠤᠨ ᠤ ᠲᠤᠮᠳᠠ ᠯᠠᠪᠳᠠᠭᠤᠨ ᠢᠶᠠᠷ ᠤᠷᠤᠭᠰᠢᠯᠠᠬᠤ᠂ ᠦᠨᠡᠨ ᠠᠴᠠ ᠵᠦᠪ ᠢ ᠡᠷᠢᠬᠦ ᠠᠵᠢᠯ ᠤᠨ ᠶᠡᠷᠦᠩᠭᠡᠢ ᠬᠦᠭ ᠠᠶᠢᠵᠠᠮ ᠢ ᠪᠠᠷᠢᠮᠳᠠᠯᠠᠵᠦ᠂ ᠦᠰᠦᠯᠳᠡ ᠎ ᠶᠢ ᠲᠤᠭᠳᠠᠪᠤᠷᠢᠵᠢᠭᠤᠯᠤᠨ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠣᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠬᠡ ᠠᠵᠢᠯ ᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠎ ᠶᠢᠨ ᠬᠦᠭᠵᠢᠯᠳᠡ ᠶᠢᠨ ᠬᠠᠨᠳᠣᠰᠢ ᠪᠠ ᠵᠢᠮ᠎ᠠ ᠶᠤᠰᠤ ᠶᠢ ᠵᠢᠷᠤᠮᠯᠠᠭᠰᠠᠨ ᠠᠴᠠ ᠠᠵᠤ ᠠᠬᠤᠢ ᠨᠡᠶᠢᠭᠡᠮ ᠨᠢ ᠳᠣᠭᠳᠠᠭᠤᠨ ᠤ ᠲᠤᠮᠳᠠ ᠤᠷᠤᠭᠰᠢᠯᠠᠬᠤ ᠰᠠᠶᠢᠨ ᠬᠠᠨᠳᠤᠰᠢ ᠲᠠᠢ ᠪᠤᠯᠵᠦ᠂ ᠰᠢᠨ᠎ᠡ ᠪᠠᠶᠢᠳᠠᠯ ᠳᠠᠬᠢ ᠰᠢᠨ᠎ᠡ ᠬᠦᠭᠵᠢᠯᠳᠡ ᠶᠢ ᠪᠡᠶᠡᠯᠡᠭᠦᠯᠵᠦ᠂ ᠠᠵᠤ ᠠᠬᠤᠢ ᠶᠢᠨ ᠵᠢᠭᠠᠯᠳᠠ ᠳᠤᠭ᠎ᠠ ᠵᠢᠴᠢ ᠨᠡᠮᠡᠭᠳᠡᠯ ᠤᠨ ᠬᠤᠷᠳᠣᠴᠠ ᠴᠦᠮ ᠪᠦᠬᠦ ᠠᠶᠢᠮᠠᠭ ᠤᠨ ᠲᠡᠷᠢᠭᠦᠨ ᠡᠩᠨᠡᠭᠡᠨ ᠳᠤ ᠣᠷᠣᠪᠠ᠃           ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶᠎ ᠨᠢ ᠪᠦᠬᠦ ᠠᠶᠢᠮᠠᠭ ᠲᠤ ᠲᠦᠷᠪᠡᠳᠦᠬᠡᠷ ᠲᠤ ᠪᠠᠶᠢᠷᠢᠯᠠᠨ᠂ ᠰᠢᠯᠢ ᠶᠢᠨ ᠬᠤᠳᠠ᠂ ᠪᠠᠷᠠᠭᠤᠨ ᠦᠵᠦᠮᠦᠴᠢᠨ᠂ ᠡᠷᠢᠶᠡᠨ ᠬᠤᠳᠠ ᠶᠢᠨ ᠲᠠᠷᠠᠭ᠎ᠠ ᠤᠷᠤᠵᠦ ᠪᠤᠢ᠃ ᠨᠡᠮᠡᠭᠳᠡᠯ ᠤᠨ ᠬᠤᠷᠳᠤᠴᠠ ᠨᠢ 6.6%᠎ ᠳᠤ ᠬᠦᠷᠴᠦ᠂ ᠪᠦᠬᠦ ᠠᠶᠢᠮᠠᠭ ᠲᠤ ᠬᠤᠶᠠᠳᠤᠭᠠᠷ ᠲᠤ ᠪᠠᠶᠢᠷᠢᠯᠠᠨ᠂ ᠪᠦᠬᠦ ᠠᠶᠢᠮᠠᠭ ᠤᠨ ᠳᠣᠮᠳᠠᠴᠢ ᠬᠢᠷᠢ ᠲᠦᠪᠰᠢᠨ ᠠᠴᠠ ︵4.3%︶ 2.3 ᠵᠠᠭᠤᠨ ᠤ ᠬᠤᠪᠢ ᠦᠨᠳᠦᠷ ᠪᠠᠶᠢᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠤᠨ ᠬᠤᠷᠳᠣᠴᠠ ᠨᠢ ᠪᠦᠬᠦ ᠠᠶᠢᠮᠠᠭ ᠎ ᠤᠨ ᠠᠴᠠ 0.4 ᠵᠠᠭᠤᠨ ᠤ ᠬᠤᠪᠢ ᠦᠨᠳᠦᠷ ᠪᠠᠶᠢᠵᠦ᠂ ᠱᠠᠩᠳᠣ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠠ ᠨᠡᠮᠡᠭᠳᠡᠭᠰᠡᠨ ᠠᠴᠠ ᠬᠤᠶᠠᠳᠣᠭᠠᠷ ᠠᠵᠤ ᠦᠢᠯᠡᠰ ᠤᠨ ᠨᠡᠮᠡᠭᠳᠡᠯ ᠤᠨ ᠬᠤᠷᠳᠣᠴᠠ ᠨᠢ ᠪᠦᠬᠦ ᠠᠶᠢᠮᠠᠭ ᠤᠨ ᠳᠣᠮᠳᠠᠴᠢ ᠬᠢᠷᠢ ᠲᠦᠪᠰᠢᠨ ᠠᠴᠠ ︵0.8%︶ 4.9 ᠵᠠᠭᠤᠨ ᠤ ᠬᠤᠪᠢ ᠦᠨᠳᠦᠷ ᠪᠠᠶᠢᠵᠦ᠂ ᠭᠤᠷᠪᠠᠳᠣᠭᠠᠷ ᠠᠵᠤ ᠦᠢᠯᠡᠰ ᠤᠨ ᠨᠡᠡᠮᠭᠳᠡᠯ ᠤᠨ ᠬᠤᠷᠳᠣᠴᠠ ᠨᠢ ᠡᠯ᠎ᠡ ᠬᠤᠰᠢᠭᠤ ᠰᠢᠶᠠᠨ ᠤ ᠲᠡᠷᠢᠭᠦᠨ ᠡᠩᠨᠡᠭᠡᠨ ᠎ ᠳᠤ ᠣᠷᠣᠵᠤ᠂ ᠪᠦᠬᠦ ᠠᠶᠢᠮᠠᠭ ᠤᠨ ᠳᠣᠮᠳᠠᠴᠢ ᠨᠡᠮᠡᠭᠳᠡᠯ ᠬᠤᠷᠳᠣᠴᠠ ᠠᠴᠠ 1.4 ᠵᠠᠭᠤᠨ ᠤ ᠬᠤᠪᠢ ᠦᠨᠳᠦᠷ  ᠪᠠᠶᠢᠨ᠎ᠠ᠃ ᠡᠨᠡ ᠨᠢ ᠮᠠᠨ ᠤ ᠬᠤᠰᠢᠭᠤᠨ ᠤ ᠭᠤᠷᠪᠠᠳᠣᠭᠠᠷ ᠠᠵᠤ ᠦᠢᠯᠡᠰ ᠤᠨ ᠭᠡᠪᠴᠢᠶᠡᠨ ᠠᠴᠠ ᠲᠡᠭᠡᠭᠰᠢᠬᠢ ᠠᠵᠤ ᠠᠬᠤᠶᠢᠯᠠᠯ ᠤᠨ ᠲᠦᠷᠦᠯ ᠵᠦᠢᠯ ᠤᠯᠠᠨ᠂ ᠳᠠᠶᠢᠴᠢᠯᠠᠬᠤ ᠬᠦᠴᠦᠨ ᠳᠣᠪᠣᠶᠢᠮ᠎ᠠ ᠪᠠᠶᠢᠬᠤ ᠠᠴᠠ ᠪᠤᠯᠪᠠ᠃ ︵ᠤᠶᠤᠨᠰᠡᠷᠬᠦᠯᠡᠩ ᠤᠷᠴᠢᠭᠤᠯᠵᠦ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号