| ᠬᠤᠰᠢᠭᠤ ᠵᠠᠰᠠᠭ ᠤᠨ ᠤᠷᠳᠤᠨ ᠤ ︽ᠰᠢᠷᠭᠠᠮᠠᠯ ᠪᠤᠯᠤᠳ︾ ᠢ ᠴᠡᠭᠴᠡᠯᠡᠨ ᠴᠡᠪᠡᠷᠯᠡᠬᠦ ᠲᠤᠰᠬᠠᠢ | ᠠᠵᠢᠯᠯᠠᠭ᠎ᠠ ᠶᠢ ᠦᠷᠨᠢᠬᠦᠯᠬᠦ ᠠᠵᠢᠯ ᠤᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠤᠰᠤᠭᠠᠷ ᠬᠤᠰᠢᠭᠤ ᠠᠵᠦ ᠠᠬᠤᠢ᠂ | ᠰᠤᠷᠠᠭ ᠵᠠᠩᠬᠢᠴᠢᠯᠠᠯᠳᠠ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠪᠠ ᠴᠠᠬᠢᠯᠭᠠᠨ | ᠬᠦᠴᠦᠨ ᠤ ᠺᠤᠮᠫᠠᠨᠢ ᠨᠢ 2 ᠰᠠᠷ᠎ᠠ ᠶᠢᠨ 2 ᠤ ᠡᠳᠦᠷ ᠪᠠ 5 ᠤ ᠡᠳᠦᠷ ᠪᠦᠬᠦ ᠬᠤᠰᠢᠭᠤᠨ ᠤ ᠬᠡᠪᠴᠢᠶᠠᠨ ᠳᠤ ︽ | ᠰᠢᠷᠭᠠᠮᠠᠯ ᠪᠤᠯᠤᠳ︾ ᠢ ᠴᠡᠭᠴᠡᠯᠡᠨ ᠴᠡᠪᠡᠷᠯᠡᠬᠦ ᠲᠤᠰᠬᠠᠢ ᠪᠠᠶᠢᠴᠠᠭᠠᠯᠠᠳᠠ ᠶᠢᠨ ᠠᠵᠢᠯᠯᠠᠭ᠎ᠠ ᠦᠷᠨᠢᠬᠦᠯᠪᠡ᠃ | ᠪᠠᠶᠢᠴᠠᠭᠠᠭᠴᠢ ᠨᠠᠷ ᠪᠦᠬᠦ ᠬᠤᠰᠢᠭᠤᠨ ᠤ ᠬᠡᠪᠴᠢᠶᠠᠨ ᠳᠤ 315KVA ᠵᠢᠴᠢ ᠡᠬᠦᠨ ᠠᠴᠠ | ᠲᠡᠭᠡᠭᠰᠢᠬᠢ ᠬᠦᠴᠦᠳᠡᠯ ᠪᠦᠬᠦᠢ ᠴᠠᠬᠢᠯᠭᠠᠨ ᠬᠤᠪᠢᠰᠬᠠᠭᠤᠷ ᠤᠭᠰᠠᠷᠠᠬᠤ ᠪᠠᠷ ᠮᠡᠳᠡᠬᠦᠯᠦᠭᠰᠡᠨ ᠠᠵᠦ ᠠᠬᠤᠶᠢᠯᠠᠯ ᠳᠤ | ᠪᠦᠷᠢᠳᠬᠡᠯ ᠬᠢᠵᠦ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠬᠦ ᠪᠠᠶᠢᠳᠠᠯ ᠪᠠ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ | ᠳᠤ ᠤᠨᠴᠠᠭᠠᠢ ᠬᠤᠪᠢᠷᠠᠯᠳᠠ ᠭᠠᠷᠴᠤ ᠪᠠᠶᠢᠭ᠎ᠠ ᠡᠰᠡᠬᠦ ᠳᠤ ᠨᠠᠷᠢᠨ ᠵᠠᠳᠠᠯᠤᠯᠳᠠ ᠬᠢᠭᠰᠡᠨ ᠤ ᠬᠠᠮᠳᠤ ᠬᠠᠮᠢᠶ᠎ᠠ ᠪᠦᠬᠦᠢ | ᠠᠭᠤᠷᠬᠠᠢ ᠶᠢᠨ ᠠᠵᠦ ᠠᠬᠤᠶᠢᠯᠠᠯ ᠳᠤ ᠪᠠᠶᠢᠴᠠᠭᠠᠯᠳᠠ ᠬᠢᠭᠰᠡᠨ ᠪᠠᠶᠢᠨ᠎ᠠ᠃ ᠲᠤᠰ ᠤᠳᠠᠭᠠᠨ ᠤ ᠲᠤᠰᠬᠠᠢ ᠠᠵᠢᠯᠯᠠᠭ᠎ᠠ | ᠨᠢ ᠦᠢᠯᠡᠳᠪᠤᠷᠢᠯᠡᠯ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠭᠰᠡᠨ | ᠢᠶᠠᠷ ᠪᠠᠷᠠᠬᠤ ᠦᠬᠡᠢ ᠦᠢᠯᠡᠳᠪᠤᠷᠢᠯᠡᠯ ᠢᠶᠠᠨ ᠵᠤᠭᠰᠤᠭᠰᠠᠨ ᠪᠤᠶᠤ ᠬᠠᠶᠠᠭᠳᠠᠮᠠᠯ ᠠᠭᠤᠷᠬᠠᠢ ᠶᠢᠨ ᠤᠷᠤᠨ ᠳᠤ | ᠭᠤᠤᠯᠳᠠᠯᠭ᠎ᠠ ᠲᠠᠢ ᠪᠠᠶᠢᠴᠠᠭᠠᠯᠳᠠ ᠬᠢᠵᠦ᠂ ᠦᠨᠳᠦᠷ ᠠᠴᠢᠶᠠᠯᠠᠪᠤᠷᠢ ᠲᠠᠢ ᠠᠵᠦ ᠠᠬᠤᠶᠢᠯᠠᠯ᠂ ᠪᠠᠷᠢᠯᠭ᠎ᠠ ᠶᠢᠨ | ᠮᠠᠲ᠋ᠧᠷᠢᠶᠠᠯ ᠤᠨ ᠠᠵᠦ ᠠᠬᠤᠶᠢᠯᠠᠯ ᠵᠢᠴᠢ ᠠᠭᠤᠷᠬᠠᠢ᠂ ᠲᠤᠭᠤᠰᠬᠠᠨ ᠦᠢᠯᠡᠳᠪᠤᠷᠢ ᠵᠡᠷᠬᠡ ᠶᠢ ᠪᠠᠶᠢᠴᠠᠭᠠᠪᠠ᠃ | ᠲᠤᠮᠤ ᠬᠡᠯᠪᠡᠷᠢ ᠶᠢᠨ ᠬᠤᠳᠠᠯᠳᠤᠭᠠᠨ ᠤ ᠠᠵᠦ ᠦᠢᠯᠡᠰ᠂ ᠪᠠᠭᠤᠳᠠᠯ᠂ ᠲᠠᠷᠢᠶᠠᠯᠠᠩ ᠮᠠᠯ ᠠᠵᠤ ᠠᠬᠤᠢ ᠶᠢᠨ ᠲᠡᠵᠢᠬᠡᠨ | ᠪᠤᠶᠢᠵᠢᠭᠤᠯᠬᠤ ᠲᠠᠯᠠᠪᠠᠢ᠂ ᠬᠠᠶᠠᠭᠳᠠᠮᠠᠯ ᠲᠠᠮᠤᠷ ᠢ ᠴᠤᠭᠯᠠᠭᠤᠯᠬᠤ ᠵᠡᠷᠬᠡ ᠭᠠᠵᠠᠷ ᠢᠶᠠᠷ ᠬᠦᠨᠵᠡᠬᠡᠶᠢᠷᠡᠨ᠂ ᠡᠳᠡᠬᠡᠷ | ᠭᠠᠵᠠᠷ ᠲᠤ ︽ᠰᠢᠷᠭᠠᠮᠠᠯ ᠪᠤᠯᠤᠳ︾ ᠦᠢᠯᠡᠳᠪᠤᠷᠢᠯᠡᠵᠦ ᠪᠠᠶᠢᠭ᠎ᠠ ᠡᠰᠡᠬᠦ ᠶᠢ ᠪᠠᠶᠢᠴᠠᠭᠠᠪᠠ᠃ ᠪᠠᠶᠢᠴᠠᠭᠠᠯᠳᠠ ᠶᠢᠨ | ᠳ᠋ᠦᠩ ᠳᠤ ︽ᠰᠢᠷᠭᠠᠮᠠᠯ ᠪᠤᠯᠤᠳ︾ ᠦᠢᠯᠡᠳᠪᠤᠷᠢᠯᠡᠵᠦ ᠪᠠᠶᠢᠭ᠎ᠠ ᠪᠠᠶᠢᠳᠠᠯ ᠢᠯᠡᠷᠡᠬᠦᠯᠦᠭᠰᠡᠨ ᠦᠬᠡᠢ᠃ ︵ᠮᠦᠳᠡᠭ | ᠤᠷᠴᠢᠭᠤᠯᠤᠨ ᠬᠢᠨᠡᠪᠡ︶ |