ᠠᠶᠢᠮᠠᠭ ᠤᠨ ᠨᠠᠮ ᠤᠨ ᠬᠤᠷᠢᠶᠠᠨ ᠤ ᠱᠦᠵᠢ ᠯᠥᠸᠧ ᠬᠤ᠋ ᠽᠠᠢ ᠰᠢᠯᠤᠭᠤᠨ ᠬᠦᠬᠡ ᠬᠤᠰᠢᠭᠤᠨ ᠳᠤ ᠳᠣᠭᠤᠷᠢᠨ ᠪᠠᠶᠢᠴᠠᠭᠠᠬᠤ ᠳᠤ ᠪᠠᠨ ᠠᠵᠤ ᠦᠢᠯᠡᠰ ᠤᠨ ᠰᠠᠭᠤᠷᠢ ᠶᠢ ᠪᠠᠳᠣᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠤᠯᠳᠠ ᠶᠢ ᠠᠬᠢᠭᠤᠯᠤᠨ᠂ ᠬᠦᠳᠡᠭᠡ ᠳᠣᠰᠬᠤᠨ ᠢ ᠬᠦᠭᠵᠢᠭᠦᠯᠬᠦ ᠶᠢ ᠯᠠᠪᠳᠠᠭᠤᠨ ᠎ ᠢᠶᠠᠷ ᠠᠬᠢᠭᠤᠯᠬᠤ ᠭᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2018/3/19
           3 ᠰᠠᠷ᠎ᠠ ᠶᠢᠨ 13᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠥᠸᠧ ᠬᠤ᠋ ᠽᠠᠢ ᠰᠢᠯᠤᠭᠤᠨ ᠬᠦᠬᠡ ᠬᠤᠰᠢᠭᠤᠨ ᠳᠤ ᠳᠣᠭᠤᠷᠢᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠳᠣ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ ᠣᠯᠣᠰ ᠤᠨ ︽ᠬᠤᠶᠠᠷ ᠬᠤᠷᠠᠯ︾ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ ᠬᠦᠷᠴᠦ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠬᠦᠳᠡᠭᠡ ᠳᠣᠰᠬᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠰᠢᠨ᠎ᠡ ᠴᠠᠭ ᠦᠶ᠎ᠡ ᠶᠢᠨ ᠮᠠᠯᠵᠢᠬᠤ ᠳᠠᠷᠢᠶᠠᠯᠠᠬᠤ ᠤᠷᠤᠨ ᠤ ᠠᠵᠢᠯ ᠤᠨ ︽ᠭᠤᠤᠯ ᠪᠤᠯᠭᠠᠨ ᠠᠳᠬᠤᠬᠤ︾᠎ ᠶᠢ ᠴᠢᠩᠭ᠎ᠠ ᠪᠠᠷᠢᠮᠳᠠᠯᠠᠨ᠂ ᠮᠠᠯᠵᠢᠬᠤ ᠳᠠᠷᠢᠶᠠᠯᠠᠬᠤ ᠣᠷᠣᠨ ᠤ ᠬᠦᠭᠵᠢᠯᠳᠡ ᠶᠢᠨ ᠪᠤᠳᠠᠳᠣ ᠪᠠᠶᠢᠳᠠᠯ ᠲᠠᠢ ᠣᠶᠠᠯᠳᠣᠭᠤᠯᠤᠨ᠂ ᠭᠠᠵᠠᠷ ᠣᠷᠣᠨ ᠳᠤᠨᠢ ᠵᠤᠬᠢᠴᠠᠭᠤᠯᠤᠨ ᠳᠠᠪᠠᠭᠤᠯᠢᠭ ᠠᠵᠤ ᠦᠢᠯᠡᠰ ᠢ ᠬᠦᠭᠵᠢᠭᠦᠯᠦᠨ᠂ ᠪᠠᠶᠢᠭᠠᠯᠢᠯᠢᠭ ᠬᠦᠭᠵᠢᠯᠳᠡ ᠶᠢᠨ ᠦᠵᠡᠯᠳᠡ ᠶᠢ ᠴᠢᠩᠭᠠᠳᠬᠠᠨ᠂ ᠳᠠᠷᠢᠶᠠᠯᠠᠩ ᠮᠠᠯ ᠠᠵᠤ ᠠᠬᠤᠢ ᠪᠠ ᠮᠠᠯᠵᠢᠬᠤ ᠳᠠᠷᠢᠶᠠᠯᠠᠬᠤ ᠤᠷᠤᠨ ᠤ ᠣᠳᠣᠬᠢᠴᠢᠯᠠᠯᠳᠠ ᠶᠢ ᠲᠦᠷᠭᠡᠨ ᠠᠬᠢᠭᠤᠯᠵᠤ᠂ ᠮᠠᠯᠵᠢᠬᠤ ᠳᠠᠷᠢᠶᠠᠯᠠᠬᠤ ᠣᠷᠣᠨ ᠢ ᠵᠤᠯ ᠵᠢᠷᠭᠠᠯ ᠲᠠᠢ ᠦᠵᠡᠰᠭᠦᠯᠡᠩᠳᠣ ᠣᠷᠣᠨ ᠪᠤᠯᠭᠠᠨ ᠬᠦᠭᠵᠢᠭᠦᠯᠦᠨ᠎ᠡ᠃
           ᠯᠥᠸᠧ ᠬᠤ᠋ ᠽᠠᠢ ᠰᠢᠯᠤᠭᠤᠨ ᠬᠦᠬᠡ ᠬᠤᠰᠢᠭᠤᠨ ᠤ ᠹᠦ᠋ ᠶᠠᠩ ᠵᠤᠭᠠᠩ ᠤᠨ ᠬᠢᠵᠠᠭᠠᠷᠳᠣ ᠺᠤᠮᠫᠠᠨᠢ ᠎ ᠳᠤ ᠬᠦᠨᠵᠡᠭᠡᠶᠢᠷᠡᠨ᠂ ᠳᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ᠂ ᠰᠢᠯᠤᠭᠤᠨ ᠬᠦᠬᠡ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠦᠰᠡᠯᠠᠩ ᠴᠡᠴᠡᠷᠯᠢᠭ᠂ ᠦᠪᠦᠷ ᠮᠤᠩᠭᠤᠯ ᠤᠨ ᠱᠦᠨ ᠴᠧᠩ ᠦᠭᠡᠷ ᠤᠨ ᠮᠢᠬᠠᠨ ᠤ ᠦᠢᠯᠡᠰ ᠤᠨ ᠬᠢᠵᠠᠭᠠᠷᠳᠣ ᠺᠤᠮᠫᠠᠨᠢ᠂ ᠬᠠᠪᠢᠷᠭ᠎ᠠ ᠪᠠᠯᠭᠠᠰᠣᠨ ᠤ ᠰᠠᠨ ᠳ᠋ᠣᠣ ᠭᠧᠦ ᠳᠣᠰᠬᠤᠨ ᠵᠡᠷᠭᠡ ᠭᠠᠵᠠᠷ ᠲᠤ ᠬᠦᠨᠵᠡᠭᠡᠶᠢᠷᠡᠨ᠂ ᠮᠠᠯᠵᠢᠬᠤ ᠳᠠᠷᠢᠶᠠᠯᠠᠬᠤ ᠤᠷᠤᠨ ᠤ ᠠᠵᠤ ᠦᠢᠯᠡᠰ ᠤᠨ ᠬᠦᠭᠵᠢᠯᠳᠡ ᠪᠠ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠬᠢᠭᠤᠯᠤᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠠᠷᠠ᠂ ᠮᠠᠯᠵᠢᠬᠤ ᠳᠠᠷᠢᠶᠠᠯᠠᠬᠤ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠠᠳᠣᠯᠠᠨ᠂ ᠳᠣᠰᠬᠠᠢ ᠬᠤᠷᠰᠢᠶᠠᠵᠢᠯ᠂ ᠳᠣᠯᠣᠭᠠᠶᠢᠯᠠᠬᠤ ᠠᠵᠤ ᠠᠬᠤᠶᠢᠯᠠᠯ᠂ ᠭᠡᠷ ᠪᠦᠯᠢ ᠶᠢᠨ ᠮᠠᠯᠵᠢᠯ ᠤᠨ ᠳᠠᠯᠠᠪᠠᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠯᠪᠡᠷᠢ ᠶᠢ ᠰᠢᠨᠡᠳᠭᠡᠨ᠂ ᠰᠢᠨᠵᠢᠯᠡᠬᠦ ᠣᠬᠠᠭᠠᠨᠴᠢ ᠪᠠᠷ ᠬᠠᠮᠢᠶᠠᠷᠬᠤ᠂ ᠲᠦᠷᠢᠮᠵᠢᠭᠰᠡᠨ ᠠᠵᠢᠯᠯᠠᠭ᠎ᠠ᠂ ᠦᠷ᠎ᠡ ᠠᠰᠢᠭ ᠢ ᠵᠤᠬᠢᠰᠳᠠᠢ ᠬᠤᠪᠢᠶᠠᠷᠢᠯᠠᠬᠤ ᠪᠠᠷ ᠠᠵᠤ ᠦᠢᠯᠡᠰ ᠤᠨ ᠬᠦᠭᠵᠢᠯᠳᠡ ᠪᠤᠯᠤᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢ ᠠᠬᠢᠭᠤᠯᠬᠤ ᠭᠡᠷᠡᠭᠳᠡᠢ ᠬᠡᠵᠦ ᠵᠢᠭᠠᠵᠤ ᠭᠠᠷᠭᠠᠪᠠ᠃ ᠰᠢᠯᠤᠭᠤᠨ ᠬᠦᠬᠡ ᠬᠤᠰᠢᠭᠤᠨ ᠤ ᠦᠪᠦᠷ ᠮᠤᠩᠭᠤᠯ ᠤᠨ ᠱᠦᠨ ᠴᠧᠩ ᠦᠭᠡᠷ ᠤᠨ ᠮᠢᠬᠠᠨ ᠤ ᠦᠢᠯᠡᠰ ᠤᠨ ᠬᠢᠵᠠᠭᠠᠷᠳᠣ ᠺᠤᠮᠫᠠᠨᠢ ᠪᠠ ᠱᠠᠩᠳᠣ ᠪᠠᠯᠭᠠᠰᠣᠨ ᠤ ᠬᠤᠸᠠᠩ ᠴᠢ ᠭᠠᠴᠠᠭᠠᠨ ᠤ ᠰᠢᠮᠧᠨ᠋ᠲᠷ ᠦᠭᠡᠷ ᠤᠨ ᠭᠤᠤᠯᠳᠠᠯᠭᠠᠳᠣ ᠰᠦᠷᠦᠭ ᠤᠨ ᠲᠡᠵᠢᠭᠡᠪᠦᠷᠢ ᠶᠢᠨ ᠡᠷᠦᠭᠡ ᠬᠤᠣ ᡁᠢ ᠵᠢᠶᠦ᠋ᠨ ᠤᠨ ᠭᠡᠷ ᠪᠦᠯᠢ ᠎ ᠶᠢᠨ ᠮᠠᠯᠵᠢᠯ ᠤᠨ ᠳᠠᠯᠠᠪᠠᠢ ᠳᠤ ᠯᠥᠸᠧ ᠬᠤ᠋ ᠽᠠᠢ ᠠᠴᠠ᠄ ᠭᠠᠵᠠᠷ ᠣᠷᠣᠨ ᠳᠤᠨᠢ ᠳᠣᠬᠢᠷᠠᠭᠤᠯᠤᠨ ︽ᠬᠤᠨᠢ ᠶᠢ ᠴᠦᠭᠡᠴᠢᠯᠠᠵᠦ᠂ ᠦᠭᠡᠷ ᠮᠠᠯᠵᠢᠬᠤ︾᠎ ᠨᠢ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠤᠨ᠂ ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠠᠬᠢᠭᠤᠯᠬᠤ ᠴᠢᠬᠤᠯᠠ ᠠᠷᠭ᠎ᠠ ᠠᠪᠴᠢᠯ ᠪᠠᠶᠢᠵᠤ᠂ ᠰᠠᠶᠢᠨ ᠡᠭᠦᠯᠳᠡᠷ ᠤᠨ ᠮᠠᠯ ᠮᠠᠯᠵᠢᠵᠤ᠂ ᠨᠠᠷᠢᠯᠢᠭ ᠬᠠᠮᠢᠶᠠᠷᠣᠯᠳᠠ ᠶᠢ ᠰᠠᠶᠢᠳᠣᠷ ᠠᠳᠬᠤᠵᠤ᠂ ᠨᠡᠶᠢᠳᠡᠯᠢᠭ ᠵᠢᠱᠢᠶ᠎ᠡ ᠪᠠᠷ ᠳᠠᠭᠤᠷᠢᠶᠠᠯ ᠪᠤᠯᠭᠠᠬᠤ ᠪᠠ ᠳᠣᠯᠣᠭᠠᠶᠢᠯᠠᠭᠬᠤ ᠠᠵᠤ ᠠᠬᠤᠶᠢᠯᠠᠯ ᠢᠶᠠᠷ ᠳᠠᠶᠢᠴᠢᠯᠠᠵᠤ᠂ ᠮᠠᠯᠴᠢᠨ ᠳᠠᠷᠢᠶᠠᠴᠢᠨ ᠢ ᠵᠢᠯᠤᠭᠤᠳᠣᠨ ᠮᠠᠯ ᠤᠨ ᠪᠦᠳᠦᠴᠡ ᠶᠢ ᠨᠢ ᠵᠤᠬᠢᠰᠳᠠᠢ ᠳᠣᠬᠢᠷᠠᠭᠤᠯᠤᠨ᠂ ᠴᠦᠭᠡᠨ ᠮᠦᠷᠳᠡᠭᠡᠨ ᠰᠢᠯᠢᠳᠡᠭ ᠡᠭᠦᠯᠳᠡᠷ ᠮᠠᠯᠵᠢᠬᠤ ᠪᠠ ᠰᠢᠨᠵᠢᠯᠡᠬᠦ ᠣᠬᠠᠭᠠᠨᠴᠢ ᠲᠡᠵᠢᠭᠡᠪᠦᠷᠢ ᠶᠢᠨ ᠵᠠᠮ ᠢ ᠵᠠᠮᠨᠠᠵᠤ᠂ ᠳᠠᠯ᠎ᠠ ᠨᠤᠳᠤᠭ ᠤᠨ ᠠᠮᠢ ᠠᠬᠤᠢ ᠶᠢᠨ ᠰᠡᠷᠭᠦᠭᠡᠯᠳᠡ᠂ ᠮᠠᠯᠵᠢᠨ ᠳᠠᠷᠢᠶᠠᠴᠢᠨ ᠤ ᠣᠷᠣᠯᠭ᠎ᠠ ᠶᠢᠨ ᠳᠣᠭᠳᠠᠭᠤᠨ ᠨᠡᠮᠡᠭᠳᠡᠯ ᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃
           ᠳᠣᠭᠤᠷᠢᠨ ᠪᠠᠶᠢᠴᠠᠭᠠᠬᠤ ᠳᠣᠮᠳᠠ᠂ ᠯᠥᠸᠧ ᠬᠤ᠋ ᠽᠠᠢ ᠠᠴᠠ ᠰᠠᠨ ᠳ᠋ᠣᠣ ᠭᠧᠦ ᠳᠣᠰᠬᠤᠨ ᠳᠤ ᠰᠠᠭᠤᠳᠠᠯ ᠤᠨ ᠬᠤᠷᠠᠯ ᠬᠤᠷᠠᠯᠳᠣᠭᠤᠯᠵᠤ᠂ ᠦᠨᠳᠦᠰᠦᠨ ᠱᠠᠳᠣᠨ ᠤ ᠺᠠᠳ᠋ᠷ ᠠᠵᠢᠯᠳᠠᠨ ᠲᠠᠢ ᠬᠠᠮᠳᠣ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯ ᠲᠡᠭᠡᠷ᠎ᠡ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ ᠬᠦᠷᠴᠦ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠣᠷᠣᠯᠴᠠᠨ᠂ ᠰᠢᠯᠢ ᠶᠢᠨ ᠭᠤᠤᠯ ᠠᠶᠢᠮᠠᠭ ᠤᠨ ᠬᠦᠳᠡᠭᠡ ᠳᠣᠰᠬᠤᠨ ᠢ ᠭᠡᠷᠬᠢᠨ ᠬᠦᠭᠵᠢᠭᠦᠯᠬᠦ ᠪᠠ ᠳᠣᠯᠭᠠᠷᠠᠵᠤ ᠪᠠᠶᠢᠭ᠎ᠠ ᠠᠰᠠᠭᠤᠳᠠᠯ ᠢᠶᠠᠨ ᠭᠡᠷᠬᠢᠨ ᠰᠢᠢᠳᠪᠦᠷᠢᠯᠡᠬᠦ ᠳᠣᠬᠠᠢ ᠣᠯᠠᠨ ᠤ ᠰᠠᠨᠠᠯ ᠢ ᠠᠰᠠᠭᠤᠭᠰᠠᠨ ᠤ ᠬᠠᠮᠳᠣ ᠳᠠᠷᠠ᠂ ᠬᠦᠳᠡᠭᠡ ᠳᠣᠰᠬᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠪᠤᠯ ︽ᠬᠤᠶᠠᠷ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢᠨ ᠪᠠᠶᠢᠯᠳᠣᠬᠤ ᠪᠤᠳᠣᠯᠭ᠎ᠠ ᠪᠤᠯᠤᠨ᠎ᠠ᠃ ᠡᠯ᠎ᠡ ᠭᠠᠵᠠᠷ ᠤᠨ ᠡᠯ᠎ᠡ ᠰᠠᠯᠠᠭ᠎ᠠ ᠮᠦᠴᠢᠷ ᠨᠢ ᠪᠤᠳᠠᠳᠣ ᠪᠠᠶᠢᠳᠠᠯ ᠲᠠᠢ ᠪᠠᠨ ᠣᠶᠠᠯᠳᠣᠭᠤᠯᠤᠨ᠂ ᠰᠢᠨᠵᠢᠯᠡᠬᠦ ᠣᠬᠠᠭᠠᠨᠴᠢ ᠪᠠᠷ ᠲᠦᠯᠦᠪᠵᠢᠭᠦᠯᠵᠦ᠂ ᠭᠤᠤᠯᠳᠠᠯᠭ᠎ᠠ ᠶᠢ ᠰᠠᠶᠢᠳᠣᠷ ᠠᠳᠬᠤᠨ᠂ ᠳᠣᠳᠠᠭᠳᠠᠯ ᠢᠶᠠᠨ ᠨᠦᠬᠦᠪᠦᠷᠢᠯᠡᠨ᠂ ᠪᠠᠭᠤᠷᠠᠢ ᠳᠠᠯ᠎ᠠ ᠪᠠᠨ ᠬᠦᠴᠦᠷᠭᠡᠭᠵᠢᠭᠦᠯᠵᠦ᠂ ︽ᠠᠵᠤ ᠦᠢᠯᠡᠰ ᠬᠦᠭᠵᠢᠭᠰᠡᠨ᠂ ᠠᠮᠢ ᠠᠬᠤᠢ ᠰᠡᠷᠭᠦᠭᠰᠡᠨ᠂ ᠪᠤᠯᠪᠠᠰᠣᠨ ᠣᠷᠴᠢᠨ ᠠᠬᠤᠢ ᠲᠠᠢ᠂ ᠪᠦᠳᠦᠮᠵᠢᠳᠠᠢ ᠠᠷᠭ᠎ᠠ ᠪᠤᠳᠣᠯᠭ᠎ᠠ ᠲᠠᠢ᠂ ᠴᠢᠨᠡᠭᠡᠯᠢᠭ ᠠᠮᠢᠳᠣᠷᠠᠯ ᠎ ᠲᠠᠢ︾ ᠪᠤᠯᠬᠤ ᠶᠡᠷᠦᠩᠬᠡᠢ ᠱᠠᠭᠠᠷᠳᠠᠯᠭ᠎ᠠ ᠶᠢᠨ ᠳᠣᠭᠤᠷᠢᠨ ᠳᠤ᠂ ᠳᠠᠷᠢᠶᠠᠯᠠᠩ ᠮᠠᠯ ᠠᠵᠤ ᠠᠬᠤᠢ ᠪᠠ ᠮᠠᠯᠵᠢᠬᠤ ᠳᠠᠷᠢᠶᠠᠯᠠᠬᠤ ᠣᠷᠣᠨ ᠤ ᠣᠳᠣᠬᠢᠴᠢᠯᠠᠯᠳᠠ ᠶᠢ ᠲᠦᠷᠭᠡᠨ ᠠᠬᠢᠭᠤᠯᠬᠤ ᠭᠡᠷᠡᠭᠳᠡᠢ ᠭᠡᠵᠦ ᠵᠢᠭᠠᠵᠤ ᠭᠠᠷᠭᠠᠪᠠ᠃
           ᠯᠥᠸᠧ ᠬᠤ᠋ ᠽᠠᠢ ᠠᠴᠠ᠄ ᠡᠯ᠎ᠡ ᠭᠠᠵᠠᠷ ᠣᠷᠣᠨ ᠨᠢ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ ᠬᠦᠷᠴᠦ ᠬᠢᠭᠰᠡᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ ᠰᠣᠷᠣᠯᠴᠠᠨ ᠣᠬᠠᠭᠤᠯᠬᠤ ᠶᠢ ᠣᠳᠣ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠣᠯᠣᠰ ᠲᠦᠷᠦ ᠶᠢᠨ ᠡᠭᠦᠷᠭᠡ ᠪᠤᠯᠭᠠᠨ᠂ ᠨᠠᠷᠢᠨ ᠬᠢᠨᠠᠮᠠᠭᠠᠢ ᠰᠣᠷᠣᠯᠴᠠᠨ ᠣᠬᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠣᠷᠠᠳᠣᠭᠰᠠᠨ ᠠᠵᠤ ᠠᠬᠤᠢ ᠶᠢ ᠦᠨᠳᠦᠷ ᠪᠠᠷᠢᠮᠵᠢᠶ᠎ᠠ ᠲᠠᠢ ᠬᠦᠭᠵᠢᠭᠦᠯᠬᠦ᠂ ᠨᠠᠷᠢᠨ ᠬᠢᠨᠠᠮᠠᠭᠠᠢ ᠰᠣᠷᠣᠯᠴᠠᠨ ᠣᠬᠠᠭᠤᠯᠬᠤ᠂ ᠨᠠᠷᠢᠨ ᠬᠢᠨᠠᠮᠠᠭᠠᠢ ᠳᠣᠣᠱᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠳᠠᠨ ᠤ ᠪᠦᠯᠬᠦᠮᠳᠠᠯ ᠪᠠ ᠬᠢᠯᠢ ᠬᠢᠵᠠᠭᠠᠷ ᠤᠨ ᠳᠣᠭᠳᠠᠭᠤᠨ ᠢ ᠯᠠᠪᠳᠠᠭᠤᠨ ᠢᠶᠠᠷ ᠠᠬᠢᠭᠤᠯᠬᠤ ᠳᠣᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠮᠠᠨ ᠤ ᠠᠶᠢᠮᠠᠭ ᠤᠨ ᠦᠭᠡᠷᠡᠴᠢᠯᠡᠯᠳᠡ ᠬᠦᠭᠵᠢᠯᠳᠠ ᠳᠣᠭᠳᠠᠭᠤᠨ ᠤ ᠡᠯ᠎ᠡ ᠲᠦᠷᠦᠯ ᠤᠨ ᠠᠵᠢᠯ ᠢ ᠰᠠᠶᠢᠳᠣᠷ ᠪᠡᠶᠡᠡᠯᠭᠦᠯᠬᠦ ᠶᠢᠨ ᠠᠷᠭ᠎ᠠ ᠬᠡᠮᠵᠢᠶ᠎ᠠ ᠪᠠ ᠠᠮᠢᠳᠣᠯᠢᠭ ᠦᠢᠯᠡᠳᠦᠯᠵᠢᠭᠦᠯᠭᠡ ᠪᠤᠯᠭᠠᠨ ᠬᠤᠪᠢᠷᠠᠭᠤᠯᠵᠤ᠂ ᠡᠯ᠎ᠡ ᠲᠦᠷᠦᠯ ᠤᠨ ᠠᠵᠢᠯ ᠢ ᠰᠠᠶᠢᠳᠣᠷ ᠠᠳᠬᠤᠬᠤ ᠭᠡᠷᠡᠭᠳᠡᠢ ᠭᠡᠵᠦ ᠴᠢᠬᠤᠯᠠᠴᠢᠯᠠᠪᠠ᠃
           ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠲᠡᠳ᠋ ᠡᠷᠬᠢᠯᠡᠭᠴᠢ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠾᠥᠸᠧ ᠶᠢᠨ ᠪᠢᠩ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠯᠢᠨᠵᠤᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠪᠦᠷᠢᠨᠴᠣᠭᠳᠣ ᠪᠠ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠬᠠᠮᠳᠣ ᠳᠣᠭᠤᠷᠢᠨ ᠪᠠᠶᠢᠴᠠᠭᠠᠪᠠ᠃
             ᠢᠷᠡᠯᠳᠡ᠄ ᠱᠠᠩᠳᠣ ᠶᠢᠨ ᠰᠣᠨᠢᠨ  ᠮᠡᠳᠡᠭᠡ                              ᠣᠶᠣᠨᠰᠡᠷᠭᠦᠯᠡᠩ ᠣᠷᠴᠢᠭᠤᠯᠤᠨ ᠮᠥᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号