ᠡᠮ ᠡᠮᠨᠡᠯᠭᠡ ᠶᠢᠨ ᠲᠠᠭᠠᠳᠬᠠᠯ ᠤᠨ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ  ᠲᠠᠨᠢᠯᠴᠠᠭᠤᠯᠭ᠎ᠠ ᠎ ᠶᠢᠨ ᠭᠠᠷᠴᠠᠭ ᠨᠡᠶᠢᠲᠡᠯᠡᠭᠳᠡᠪᠡ  ᠬᠤᠪᠢ ᠬᠦᠮᠦᠨ ᠤ ᠵᠠᠷᠤᠳᠠᠯ ᠤᠨ  ᠲᠠᠷᠤᠭᠠᠰᠤ ᠨᠡᠮᠡᠭᠳᠡᠭᠰᠡᠨ ᠦᠭᠡᠢ
ᠨᠡᠶᠢᠲᠡᠯᠡᠭᠰᠡᠨ ᠴᠠᠭ᠄
2018/3/2
         ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠢᠢᠷ᠎ᠠ ᠳᠤ  ᠡᠮ  ᠡᠮᠨᠡᠯᠭᠡ  ᠎ ᠶᠢᠨ ᠲᠠᠭᠠᠳᠬᠠᠯ ᠤᠨ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ ᠡᠪᠡᠳᠴᠢᠨ ᠤ ᠲᠦᠷᠦᠯ ᠤᠨ ᠲᠠᠨᠢᠯᠴᠠᠭᠤᠯᠭ᠎ᠠ ᠶᠢᠨ ᠭᠠᠷᠴᠠᠭ ᠢ ᠨᠡᠶᠢᠲᠡᠯᠡᠵᠤ᠂ 130 ᠵᠦᠢᠯ ᠤᠨ ᠡᠪᠡᠳᠴᠢᠨ ᠡᠮᠭᠡᠭ ᠢ ᠡᠨᠡ ᠬᠦ ᠭᠠᠷᠴᠠᠭ  ᠎ ᠲᠤ  ᠤᠷᠤᠭᠤᠯᠤᠭᠰᠠᠨ  ᠪᠠᠶᠢᠨ᠎ᠠ᠃  ᠱᠠᠭᠠᠷᠳᠠᠯᠭ᠎ᠠ ᠶᠤᠰᠤᠭᠠᠷ᠂ ᠡᠯ᠎ᠡ ᠭᠠᠵᠠᠷ ᠤᠨ ᠬᠢᠨ 100᠎ ᠠᠴᠠ ᠳᠡᠭᠡᠭᠰᠢ ᠡᠪᠡᠳᠴᠢᠨ ᠤ ᠲᠦᠷᠦᠯ ᠢ ᠲᠤᠭᠲᠠᠭᠠᠨ᠂ ᠡᠪᠡᠳᠴᠢᠨ ᠤ  ᠲᠦᠷᠦᠯ ᠢᠶᠠᠷ ᠵᠠᠷᠤᠳᠠᠯ ᠲᠦᠯᠦᠬᠦ ᠶᠢ ᠬᠡᠷᠡᠭᠵᠢᠬᠦᠯᠬᠦ ᠬᠡᠷᠡᠭᠲᠠᠢ᠃ ᠬᠦᠮᠦᠨ ᠤ ᠬᠦᠴᠦᠨ ᠤ ᠡᠬᠢ ᠪᠠᠶᠠᠯᠢᠭ  ᠪᠠ  ᠨᠡᠶᠢᠭᠡᠮ ᠤᠨ  ᠪᠠᠲᠤᠯᠠᠭ᠎ᠠ ᠶᠢᠨ ᠶᠠᠮᠤᠨ ᠵᠦᠢ ᠵᠤᠬᠢᠰ ᠦᠭᠡᠢ  ᠡᠮᠴᠢᠯᠡᠭᠡᠨ ᠤ  ᠵᠠᠷᠤᠳᠠᠯ ᠤᠨ  ᠨᠡᠮᠡᠭᠳᠡᠯ ᠢ  ᠬᠢᠵᠠᠭᠠᠷᠯᠠᠵᠤ᠂  ᠤᠯᠠᠨ  ᠲᠦᠮᠡᠨ ᠤ  ᠬᠤᠪᠢ ᠬᠦᠮᠦᠨ ᠤ ᠵᠠᠷᠤᠳᠠᠯ ᠤᠨ ᠲᠠᠷᠤᠭᠠᠰᠤ ᠶᠢᠨ ᠨᠡᠮᠡᠭᠳᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠠᠢ ᠬᠡᠵᠤ ᠴᠢᠬᠤᠯᠠᠴᠢᠯᠠᠵᠠᠢ᠃         ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ ᠭᠡᠳᠡᠭ ᠪᠤᠯ ᠲᠠᠷᠤᠢ ᠡᠪᠡᠳᠴᠢᠨ ᠡᠮᠭᠡᠭ ᠢ ᠨᠢᠭᠡᠲᠦᠯᠲᠠᠢ ᠤᠨᠤᠰᠢᠯᠠᠵᠤ ᠲᠦᠷᠦᠯ  ᠬᠤᠪᠢᠶᠠᠬᠤ  ᠎ ᠪᠠᠷ  ᠲᠠᠮᠵᠢᠭᠤᠯᠤᠨ᠂  ᠡᠪᠡᠳᠴᠢᠨ  ᠡᠮᠭᠡᠭ  ᠨᠢᠭᠡᠪᠤᠷᠢ  ᠎ ᠶᠢᠨ  ᠵᠠᠷᠤᠳᠠᠯ  ᠲᠦᠯᠦᠬᠦ  ᠪᠠᠷᠢᠮᠵᠢᠶ᠎ᠠ  ᠎ ᠶᠢ ᠲᠤᠭᠲᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠲᠤᠰ ᠪᠠᠷᠢᠮᠵᠢᠶ᠎ᠠ ᠬᠢᠭᠡᠳ  ᠡᠮᠨᠡᠯᠭᠡ  ᠎ ᠳᠤ  ᠰᠠᠭᠤᠭᠰᠠᠨ  ᠬᠦᠮᠦᠨ ᠤᠳᠠᠭ᠎ᠠ ᠶᠢ ᠦᠨᠳᠦᠰᠦᠯᠡᠨ ᠴᠡᠭ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ  ᠡᠮᠨᠡᠯᠭᠡ  ᠎ ᠳᠤ  ᠰᠠᠭᠤᠭᠰᠠᠨ  ᠵᠠᠷᠤᠳᠠᠯ ᠢ ᠲᠦᠯᠦᠵᠤ᠂ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ  ᠎ ᠶᠢ  ᠪᠠᠷᠢᠮᠵᠢᠶᠠᠵᠢᠭᠤᠯᠬᠤ  ᠎ ᠶᠢ  ᠵᠢᠭᠠᠵᠤ  ᠪᠤᠢ᠃  ᠲᠤᠬᠠᠢᠢᠯᠠᠪᠠᠯ ᠡᠮᠴᠢᠯᠡᠭᠡᠨ ᠤ  ᠪᠠᠶᠢᠭᠤᠯᠤᠮᠵᠢ  ᠎ ᠶᠢᠨ  ᠡᠬᠢ  ᠪᠠᠶᠠᠯᠢᠭ ᠤᠨ  ᠬᠤᠷᠤᠭᠳᠠᠭᠤᠯᠤᠯ  ᠎ ᠨᠢ  ᠡᠮᠨᠡᠯᠭᠡ  ᠎ ᠳᠤ   ᠰᠠᠭᠤᠵᠤ   ᠡᠪᠡᠳᠴᠢᠨ ᠦᠵᠡᠬᠦᠯᠦᠭᠰᠡᠨ ᠡᠪᠡᠳᠴᠢᠲᠡᠨ ᠤ ᠲᠤᠭ᠎ᠠ᠂ ᠡᠪᠡᠳᠴᠢᠨ ᠡᠮᠭᠡᠭ ᠤᠨ ᠬᠦᠨᠳᠤᠴᠠ ᠪᠠ ᠦᠢᠯᠡᠴᠢᠯᠡᠭᠡᠨ ᠤ ᠡᠷᠴᠢᠮ ᠲᠠᠢ  ᠰᠢᠭᠤᠳ ᠬᠠᠷᠢᠴᠠᠭᠠᠳᠤ ᠪᠤᠯᠤᠨ᠎ᠠ᠃ ᠦᠭᠡᠷ᠎ᠡ ᠪᠠᠷ ᠬᠡᠯᠡᠪᠡᠯ᠂ ᠲᠠᠷᠤᠢ ᠶᠠᠮᠠᠷ ᠨᠢᠭᠡᠨ ᠲᠦᠷᠦᠯ ᠤᠨ ᠡᠪᠡᠳᠴᠢᠨ ᠢ ᠦᠵᠡᠬᠦᠯᠬᠦ ᠳᠤ  ᠬᠡᠳᠤᠢ ᠵᠤᠭᠤᠰ ᠵᠠᠷᠤᠴᠠᠭᠤᠯᠤᠨ᠎ᠠ ᠭᠡᠳᠡᠭ ᠢ ᠲᠤᠳᠤᠷᠬᠠᠢ ᠲᠤᠭᠲᠠᠭᠠᠬᠤ ᠶᠢᠨ ᠤᠯᠠᠮ ᠠᠴᠠ ᠡᠮᠴᠢᠯᠡᠭᠡᠨ ᠤ ᠨᠢᠭᠡᠴᠡ  ᠎ ᠶᠢᠨ  ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠢ ᠡᠷᠤᠢ ᠬᠤᠷᠤᠢ ᠦᠭᠡᠢ ᠬᠡᠷᠡᠭᠯᠡᠬᠦ᠂ ᠵᠦᠢᠯᠡᠰ ᠢ ᠲᠠᠪᠬᠤᠷᠳᠠᠭᠤᠯᠬᠤ ᠪᠠ ᠵᠦᠢᠯᠡᠰ ᠢ ᠵᠠᠳᠠᠯᠬᠤ ᠠᠴᠠ ᠵᠠᠶᠢᠯᠠᠰᠬᠢᠵᠤ᠂ ᠡᠮᠨᠡᠯᠭᠡ ᠶᠢᠨ ᠬᠤᠷᠢᠶᠠᠨ ᠤ ᠬᠦᠡᠭᠭᠡᠨ ᠡᠪᠡᠳᠴᠢᠨ ᠢ ᠬᠦᠨᠳᠤ  ᠎ ᠪᠠᠷ  ᠵᠠᠰᠠᠬᠤ  ᠎ ᠶᠢ  ᠰᠡᠷᠭᠡᠶᠢᠯᠡᠵᠤ  ᠲᠡᠶᠢᠯᠦᠭᠰᠡᠨ ᠮᠦᠷᠲᠡᠭᠡᠨ ᠪᠠᠰᠠ ᠡᠮᠴᠢᠯᠡᠭᠡᠨ ᠤ ᠦᠢᠯᠡᠴᠢᠯᠡᠭᠡ ᠶᠢᠨ ᠴᠢᠨᠠᠷ ᠴᠢᠨᠰᠠᠭ᠎ᠠ ᠎ ᠶᠢ ᠪᠠᠲᠤᠯᠠᠵᠤ ᠴᠢᠳᠠᠵᠠᠢ᠃         ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠡᠶᠢᠲᠡᠯᠡᠭᠰᠡᠨ  ᠲᠠᠨᠢᠴᠠᠯᠭᠤᠯᠭ᠎ᠠ ᠶᠢᠨ ᠭᠠᠷᠴᠠᠭ ᠲᠤ ᠲᠦᠷᠭᠡᠨ ᠴᠢᠨᠠᠷᠲᠠᠢ ᠵᠢᠷᠦᠭᠡᠨ ᠪᠤᠯᠴᠢᠩ ᠤᠨ  ᠲᠦᠭᠵᠢᠷᠡᠯ᠂  ᠴᠠᠭᠠᠨ  ᠬᠠᠷᠠᠩ᠂  ᠠᠭᠤᠰᠬᠢᠨ  ᠰᠦᠷᠢᠶ᠎ᠡ᠂ ᠮᠤᠭᠠᠢ ᠢᠯᠳᠦ᠂ ᠤᠯᠠᠭᠠᠨ ᠬᠤᠭᠤᠯᠠᠢ ᠶᠢᠨ ᠬᠤᠤᠷᠳᠤ ᠬᠠᠪᠤᠳᠠᠷ ᠵᠡᠷᠭᠡ ᠨᠡᠶᠢᠲᠡ 130 ᠡᠪᠡᠳᠴᠢᠨ ᠤ  ᠲᠦᠷᠦᠯ  ᠪᠠᠶᠢᠨ᠎ᠠ᠃ ᠡᠬᠦᠨ ᠳᠤ ᠤᠯᠠᠩᠬᠢ ᠨᠢ ᠴᠦᠮ ᠮᠡᠰᠡ ᠵᠠᠰᠠᠯ ᠤᠨ ᠡᠮᠴᠢᠯᠡᠭᠡ ᠳᠤ ᠵᠤᠷᠢᠭᠤᠯᠵᠤ᠂ ᠴᠦᠭᠡᠨ ᠲᠤᠭᠠᠨ ᠤ ᠬᠢ ᠨᠢ ᠮᠡᠰᠡ ᠵᠠᠰᠠᠯ ᠤᠨ ᠪᠤᠰᠤ ᠡᠮᠴᠢᠯᠡᠭᠡ ᠳᠤ ᠵᠤᠷᠢᠭᠤᠯᠵᠠᠢ᠂ ᠵᠢᠱᠢᠶᠡᠯᠡᠪᠡᠯ ᠬᠡᠦᠭᠡᠳ ᠤᠨ ᠲᠦᠷᠭᠡᠨ ᠴᠢᠨᠠᠷᠲᠠᠢ ᠯᠢᠮᠪᠠ  ᠎ ᠶᠢᠨ  ᠡᠰᠳᠦ  ᠴᠢᠰᠦ  ᠴᠠᠶᠢᠬᠤ ᠡᠪᠡᠳᠴᠢᠨ ︵ALL︶᠎ ᠢ ᠦᠳᠦᠭᠡᠵᠤ ᠨᠠᠮᠳᠠᠭᠤᠯᠬᠤ ᠬᠢᠮᠢ ᠶᠢᠨ ᠵᠠᠰᠠᠯᠭ᠎ᠠ ᠶᠢᠨ ᠠᠷᠭ᠎ᠠ ᠪᠠᠷ  ᠵᠠᠰᠠᠨ᠎ᠠ  ︵ᠠᠩᠬ᠎ᠠ  ᠵᠠᠰᠠᠭᠤᠯᠵᠤ ᠪᠠᠶᠢᠭ᠎ᠠ ᠡᠪᠡᠳᠴᠢᠲᠡᠨ︶︔ ᠪᠠᠰᠠ ᠬᠡᠳᠤᠨ ᠵᠦᠢᠯ ᠤᠨ  ᠡᠪᠡᠳᠴᠢᠨ ᠤ  ᠲᠦᠷᠦᠯ ᠢ  ᠬᠢᠳᠠᠳ  ᠡᠮᠨᠡᠯᠭᠡ  ᠎ ᠶᠢᠨ  ᠵᠠᠰᠠᠯᠭ᠎ᠠ  ᠎ ᠪᠠᠷ ᠵᠠᠰᠠᠨ᠎ᠠ᠃    
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号