| ᠰᠡᠯᠬᠦᠨ ᠮᠠᠯᠵᠢᠵᠦ ᠪᠡᠯᠴᠢᠭᠡᠷ ᠢ ᠰᠡᠷᠭᠦᠭᠡᠬᠦ ᠪᠤᠯ ᠪᠠᠶᠢᠭᠠᠯᠢ ᠶᠢᠨ ᠵᠢᠮ᠎ᠠ ᠶᠤᠰᠤ ᠶᠢ ᠦᠨᠳᠦᠰᠦᠯᠡᠵᠦ ᠨᠤᠳᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠴᠢᠬᠤᠯᠠ ᠠᠷᠭ᠎ᠠ ᠪᠠᠷᠢᠯ ᠪᠤᠯᠤᠨ᠎ᠠ᠃ ᠨᠤᠳᠤᠭ ᠪᠡᠯᠴᠢᠭᠡᠷ ᠤᠨ ᠠᠮᠢ ᠠᠬᠤᠢ ᠶᠢᠨ | ᠪᠠᠶᠠᠯᠢᠭ ᠢ ᠵᠦᠢ ᠵᠤᠬᠢᠰᠳᠠᠢ ᠠᠰᠢᠭᠯᠠᠬᠤ ᠶᠢᠨ ᠳᠣᠰᠠᠳᠠ ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ ᠨᠢᠭᠡᠳᠦᠯᠳᠠᠢ | ᠪᠠᠶᠢᠷᠢᠯᠠᠭᠤᠯᠤᠯᠳᠠ ᠶᠤᠰᠤᠭᠠᠷ ᠬᠤᠰᠢᠭᠤ ᠠᠷᠠᠳ ᠤᠨ ᠵᠠᠰᠠᠭ ᠤᠨ ᠤᠷᠳᠣᠨ ᠠᠴᠠ 2018 ᠤᠨ ᠤ ᠬᠠᠪᠤᠷ ᠤᠨ ᠤᠯᠠᠷᠢᠯ | ᠳᠤ ᠪᠦᠬᠦ ᠬᠤᠰᠢᠭᠤᠨ ᠤ ᠬᠡᠪᠴᠢᠶᠠᠨ ᠳᠠᠬᠢ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠢ ᠭᠡᠷᠡᠭᠵᠢᠭᠦᠯᠵᠦ ᠪᠠᠶᠢᠭ᠎ᠠ | ᠭᠠᠵᠠᠷ ᠤᠷᠤᠨ ᠳᠤ ᠬᠠᠪᠤᠷ ᠤᠨ ᠣᠷᠭᠤᠯᠳᠠ ᠶᠢᠨ ᠬᠤᠭᠤᠴᠠᠭᠠᠨ ᠳᠤ ᠰᠡᠯᠬᠦᠨ ᠮᠠᠯᠵᠢᠵᠦ ᠪᠡᠯᠴᠢᠭᠡᠷ | ᠰᠡᠷᠭᠦᠭᠡᠬᠦ ᠠᠵᠢᠯᠯᠠᠭ᠎ᠠ ᠶᠢ ᠦᠷᠨᠢᠬᠦᠯᠬᠦ ᠪᠠᠷ ᠳᠣᠭᠳᠠᠪᠠ᠃ | 1. ᠰᠡᠯᠬᠦᠨ ᠮᠠᠯᠵᠢᠬᠤ ᠬᠤᠭᠤᠴᠠᠭ᠎ᠠ᠄ 4 ᠰᠠᠷ᠎ᠠ ᠶᠢᠨ 10 ᠠᠴᠠ 5 ᠰᠠᠷ᠎ᠠ ᠶᠢᠨ 10 ᠤ ᠡᠳᠦᠷ᠂ ᠨᠠᠶᠢᠳᠠ | 30 ᠡᠳᠦᠷ᠃ | 2. ᠰᠡᠯᠭᠦᠨ ᠮᠠᠯᠵᠢᠬᠤ ᠬᠦᠷᠢᠶ᠎ᠠ ᠬᠡᠪᠴᠢᠶ᠎ᠠ᠄ ᠪᠦᠬᠦ ᠬᠤᠰᠢᠭᠤᠨ ᠤ 8 ᠰᠣᠮᠣ ᠪᠠᠯᠭᠠᠰᠦ ︵ᠲᠠᠯᠠᠪᠠᠢ︶ ᠶᠢᠨ | 76 ᠭᠠᠴᠠᠭᠠᠨ ︵ᠬᠤᠪᠢᠶᠠᠷᠢ ᠲᠠᠯᠠᠪᠠᠢ︶ ᠤ ᠮᠠᠯ ᠪᠡᠯᠴᠢᠭᠡᠷ ᠤᠨ ᠳᠠᠩᠴᠡᠭᠦᠷᠢ ᠶᠢᠨ ᠲᠦᠷᠢᠮ ᠢ ᠬᠡᠷᠡᠭᠵᠢᠬᠦᠯᠵᠦ ᠪᠠᠶᠢᠭ᠎ᠠ | ᠤᠷᠤᠨ ᠳᠤ ᠪᠡᠯᠴᠢᠭᠡᠷ ᠰᠠᠷᠭᠦᠭᠡᠬᠦ ᠠᠵᠢᠯᠯᠠᠭ᠎ᠠ ᠶᠢ ᠦᠷᠨᠢᠬᠦᠯᠵᠦ᠂ ᠪᠦᠬᠦ ᠳᠠᠯᠠᠪᠠᠢ ᠨᠢ 868.74 ᠲᠦᠮᠡᠨ ᠮᠤ᠋ ᠳᠤ ᠬᠦᠷᠬᠦ | ᠪᠤᠯᠤᠨ᠎ᠠ᠃ | 3. ᠰᠡᠯᠬᠦᠨ ᠮᠠᠯᠵᠢᠬᠤ ᠬᠤᠭᠤᠴᠠᠭᠠᠨ ᠳᠠᠬᠢ ᠨᠦᠬᠦᠪᠦᠷᠢ ᠤᠯᠭᠤᠬᠤ ᠠᠷᠭ᠎ᠠ᠄ | ᠰᠡᠯᠬᠦᠨ ᠮᠠᠯᠵᠢᠬᠤ ᠠᠵᠢᠯᠯᠠᠭ᠎ᠠ ᠶᠢ ᠦᠷᠨᠢᠬᠦᠯᠵᠦ ᠪᠠᠶᠢᠭ᠎ᠠ ᠮᠠᠯᠴᠢᠨ ᠡᠷᠦᠭᠡ ᠳᠤ ᠰᠡᠷᠭᠦᠭᠡᠯᠳᠠ ᠶᠢᠨ ᠳᠠᠯᠠᠪᠠᠢ | ᠪᠠᠷ ᠨᠦᠬᠦᠪᠦᠷᠢ ᠦᠭᠴᠦ᠂ ᠪᠠᠷᠢᠮᠵᠢᠶ᠎ᠠ ᠨᠢ ᠮᠤ᠋ ᠪᠦᠷᠢ ᠳᠤ 0.75 ᠲᠦᠭᠦᠷᠢᠭ ᠪᠤᠯᠤᠨ᠎ᠠ ︵ᠪᠡᠯᠴᠢᠭᠡᠷᠯᠡᠬᠦᠯᠬᠦ ᠶᠢ | ᠵᠤᠭᠰᠣᠭᠠᠬᠤ ᠨᠦᠬᠦᠪᠦᠷᠢ ᠪᠠᠷ ᠯᠠᠪᠯᠠᠯᠳᠠ ᠪᠤᠯᠭᠠᠪᠠ︶᠃ ᠬᠤᠰᠢᠭᠤ ᠡᠳ᠋ ᠤᠨ ᠵᠠᠰᠠᠭ ᠪᠤᠯᠤᠨ ᠮᠠᠯ ᠠᠵᠦ ᠠᠬᠤᠢ ᠶᠢᠨ | ᠰᠠᠯᠠᠭ᠎ᠠ ᠮᠦᠴᠢᠷ ᠠᠴᠠ ᠰᠡᠯᠬᠦᠨ ᠮᠠᠯᠵᠢᠬᠤ ᠨᠦᠬᠦᠪᠦᠷᠢ ᠮᠥᠩᠭᠦ ᠶᠢ ᠳᠠᠷᠬᠠᠭᠠᠬᠤ ᠠᠵᠢᠯ ᠢ ᠬᠠᠷᠢᠭᠤᠴᠠᠨ᠎ᠠ᠃ | 4. ᠪᠤᠳᠠᠳᠠᠢ ᠱᠠᠭᠠᠷᠳᠠᠯᠭ᠎ᠠ᠄ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠤ | ᠰᠡᠯᠬᠦᠨ ᠮᠠᠯᠵᠢᠬᠤ ᠤᠷᠤᠨ ᠳᠤ ᠪᠡᠯᠴᠢᠭᠡᠷᠯᠡᠬᠦᠯᠬᠦ ᠶᠢ ᠵᠤᠭᠰᠤᠭᠠᠵᠦ ᠬᠠᠰᠢᠶᠠᠯᠠᠨ ᠮᠠᠯᠵᠢᠵᠦ᠂ ᠮᠠᠯᠴᠢᠨ ᠡᠷᠦᠭᠡ ᠨᠢ ᠡᠪᠡᠰᠦ | ᠪᠤᠷᠳᠤᠭ᠎ᠠ ᠪᠠᠨ ᠤᠷᠢᠳᠴᠢᠯᠠᠨ ᠰᠠᠶᠢᠳᠣᠷ ᠪᠡᠯᠡᠳᠭᠡᠵᠦ᠂ ᠡᠪᠡᠳᠴᠢᠨ ᠡᠮᠭᠡᠭ ᠢ ᠰᠡᠷᠭᠡᠶᠢᠯᠡᠵᠦ᠂ ᠮᠠᠯ ᠤᠨᠤᠭᠠᠨ ᠤ ᠤᠰᠤ | ᠤᠮᠳᠠ ᠶᠢᠨ ᠠᠰᠠᠭᠤᠳᠠᠯ ᠵᠡᠷᠭᠡ ᠡᠯ᠎ᠡ ᠲᠠᠯ᠎ᠠ ᠶᠢᠨ ᠪᠡᠯᠡᠳᠭᠡᠯ ᠠᠵᠢᠯ ᠢᠶᠠᠨ ᠰᠠᠶᠢᠳᠣᠷ ᠬᠢᠬᠦ ᠭᠡᠷᠡᠭᠳᠠᠢ᠃ ᠡᠯ᠎ᠠ | ᠰᠣᠮᠣᠪᠠᠯᠭᠠᠰᠣ ᠨᠢ ᠭᠤᠤᠯ ᠬᠠᠷᠢᠭᠤᠴᠠᠯᠭ᠎ᠠ ᠶᠢ ᠡᠬᠦᠷᠬᠡᠯᠡᠵᠦ᠂ ᠤᠬᠠᠭᠤᠯᠭ᠎ᠠ ᠶᠢᠨ ᠠᠵᠢᠯ ᠤᠨ ᠬᠦᠴᠦᠯᠡᠴᠡ ᠪᠠᠨ | ᠨᠡᠮᠡᠭᠳᠡᠭᠦᠯᠵᠦ᠂ ᠮᠠᠯᠴᠢᠨ ᠡᠷᠦᠭᠡ ᠪᠦᠬᠦᠨ᠂ ᠪᠦᠬᠦᠳᠡ ᠮᠠᠯ ᠢᠶᠠᠨ ᠬᠠᠰᠢᠶᠠᠯᠠᠬᠤ ᠶᠢ ᠱᠠᠭᠠᠷᠳᠠᠨ᠎ᠠ᠃ ᠮᠠᠯᠴᠢᠳ | ᠬᠤᠨᠢᠴᠢᠯᠠᠭᠰᠠᠨ ᠨᠢᠭᠡᠴᠢ ᠪᠦᠷᠢ ᠳᠤ 5 ᠳᠡᠭᠰᠢ ᠲᠦᠷᠪᠡᠯᠵᠢᠨ ᠮᠧᠲᠷ ᠤᠨ ᠬᠦᠳᠡᠯᠭᠡᠭᠡᠨ ᠤ ᠳᠡᠯᠠᠪᠤᠷ ᠪᠦᠬᠦᠢ ᠮᠠᠯ ᠤᠨ | ᠬᠠᠰᠢᠶ᠎ᠠ ᠬᠦᠷᠢᠶ᠎ᠡ ᠶᠢ ᠰᠠᠶᠢᠳᠦᠷ ᠪᠡᠯᠡᠳᠬᠡᠵᠦ᠂ ᠮᠠᠯ ᠢᠶᠠᠨ ᠤᠰᠤᠯᠠᠵᠦ ᠡᠪᠡᠰᠤᠯᠡᠬᠦ ᠨᠡᠷ᠎ᠡ ᠪᠠᠷ ᠪᠡᠯᠴᠢᠬᠡᠷ ᠲᠤ ᠭᠠᠷᠭᠠᠵᠦ | ᠪᠤᠯᠬᠤ ᠦᠭᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠰᠠᠯᠠᠭ᠎ᠠ ᠮᠦᠴᠢᠷ ᠨᠢ ᠬᠠᠤᠯᠢ ᠬᠡᠷᠡᠭᠵᠢᠬᠦᠯᠬᠦ ᠬᠢᠨᠠᠯᠳᠠ ᠪᠠᠨ | ᠴᠢᠩᠭᠠᠳᠬᠠᠨ᠂ ᠬᠤᠯᠠᠭᠠᠢ ᠪᠠᠷ ᠮᠠᠯ ᠪᠡᠯᠴᠢᠬᠡᠬᠦ ᠵᠡᠷᠬᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠨ᠎ᠡ᠃ | 5. ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠤᠳᠠᠰᠣ | ᠳᠣᠬᠢᠷᠠᠭᠤᠯᠵᠦ᠂ ᠦᠷᠭᠡᠨ ᠤᠯᠠᠨ ᠮᠠᠯᠴᠢᠨ ᠲᠦᠮᠡᠨ ᠤ ᠢᠯᠡᠴᠢᠯᠠᠨ ᠮᠡᠳᠡᠬᠦᠯᠬᠦ ᠪᠤᠶᠤ ᠠᠵᠢᠯ ᠤᠨ ᠲᠠᠯ᠎ᠠ ᠪᠠᠷ ᠬᠢ ᠬᠢᠨᠡᠯᠳᠠ | ᠲᠠᠯᠪᠢᠬᠤ ᠶᠢ ᠬᠦᠯᠢᠶᠡᠨ ᠠᠪᠤᠨ᠎ᠠ᠃ ᠢᠯᠡᠴᠢᠯᠡᠨ ᠮᠡᠳᠡᠭᠦᠯᠥᠭᠰᠠᠨ ᠵᠦᠢᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠎ᠠ᠃ | ᠢᠯᠡᠴᠢᠯᠡᠨ ᠮᠡᠳᠡᠭᠦᠯᠬᠦ ᠤᠳᠠᠰᠦ᠄ 0479 — 4222145 4239025 | ᠡᠭᠦᠨ ᠲᠤᠯᠠ ᠵᠡᠷᠯᠠᠪᠠ | | | | ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠣᠨ | 2018 ᠤᠨ ᠤ 3 ᠰᠠᠷ᠎ᠠ ᠶᠢᠨ 5 | | | |