ᠰᠢᠯᠤᠭᠤᠨ ᠬᠦᠬᠡ ᠬᠤᠰᠢᠭᠤᠨ ᠤ 2018 ᠤᠨ ᠤ ᠬᠠᠪᠤᠷ ᠤᠨ ᠤᠯᠠᠷᠢᠯ ᠤᠨ ᠰᠡᠯᠬᠦᠨ ᠮᠠᠯᠵᠢᠬᠤ ᠵᠠᠷᠯᠠᠯ
ᠨᠡᠶᠢᠲᠡᠯᠡᠭᠰᠡᠨ ᠴᠠᠭ᠄
2018/3/26
         ᠰᠡᠯᠬᠦᠨ ᠮᠠᠯᠵᠢᠵᠦ ᠪᠡᠯᠴᠢᠭᠡᠷ ᠢ ᠰᠡᠷᠭᠦᠭᠡᠬᠦ ᠪᠤᠯ ᠪᠠᠶᠢᠭᠠᠯᠢ ᠶᠢᠨ ᠵᠢᠮ᠎ᠠ ᠶᠤᠰᠤ ᠶᠢ ᠦᠨᠳᠦᠰᠦᠯᠡᠵᠦ ᠨᠤᠳᠤᠭ  ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠴᠢᠬᠤᠯᠠ ᠠᠷᠭ᠎ᠠ ᠪᠠᠷᠢᠯ ᠪᠤᠯᠤᠨ᠎ᠠ᠃ ᠨᠤᠳᠤᠭ ᠪᠡᠯᠴᠢᠭᠡᠷ ᠤᠨ ᠠᠮᠢ ᠠᠬᠤᠢ  ᠎ ᠶᠢᠨ ᠪᠠᠶᠠᠯᠢᠭ ᠢ ᠵᠦᠢ ᠵᠤᠬᠢᠰᠳᠠᠢ ᠠᠰᠢᠭᠯᠠᠬᠤ ᠶᠢᠨ ᠳᠣᠰᠠᠳᠠ ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ  ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ ᠬᠤᠰᠢᠭᠤ ᠠᠷᠠᠳ ᠤᠨ ᠵᠠᠰᠠᠭ ᠤᠨ ᠤᠷᠳᠣᠨ ᠠᠴᠠ 2018 ᠤᠨ ᠤ  ᠬᠠᠪᠤᠷ ᠤᠨ ᠤᠯᠠᠷᠢᠯ ᠎ ᠳᠤ ᠪᠦᠬᠦ ᠬᠤᠰᠢᠭᠤᠨ ᠤ ᠬᠡᠪᠴᠢᠶᠠᠨ ᠳᠠᠬᠢ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠢ  ᠭᠡᠷᠡᠭᠵᠢᠭᠦᠯᠵᠦ ᠪᠠᠶᠢᠭ᠎ᠠ ᠭᠠᠵᠠᠷ ᠤᠷᠤᠨ ᠳᠤ ᠬᠠᠪᠤᠷ ᠤᠨ ᠣᠷᠭᠤᠯᠳᠠ ᠶᠢᠨ ᠬᠤᠭᠤᠴᠠᠭᠠᠨ ᠳᠤ ᠰᠡᠯᠬᠦᠨ ᠮᠠᠯᠵᠢᠵᠦ  ᠪᠡᠯᠴᠢᠭᠡᠷ ᠰᠡᠷᠭᠦᠭᠡᠬᠦ ᠠᠵᠢᠯᠯᠠᠭ᠎ᠠ ᠶᠢ ᠦᠷᠨᠢᠬᠦᠯᠬᠦ ᠪᠠᠷ ᠳᠣᠭᠳᠠᠪᠠ᠃          1. ᠰᠡᠯᠬᠦᠨ ᠮᠠᠯᠵᠢᠬᠤ ᠬᠤᠭᠤᠴᠠᠭ᠎ᠠ᠄ 4 ᠰᠠᠷ᠎ᠠ ᠶᠢᠨ 10᠎ ᠠᠴᠠ 5 ᠰᠠᠷ᠎ᠠ ᠶᠢᠨ 10᠎ ᠤ ᠡᠳᠦᠷ᠂  ᠨᠠᠶᠢᠳᠠ 30 ᠡᠳᠦᠷ᠃         2. ᠰᠡᠯᠭᠦᠨ ᠮᠠᠯᠵᠢᠬᠤ ᠬᠦᠷᠢᠶ᠎ᠠ ᠬᠡᠪᠴᠢᠶ᠎ᠠ᠄ ᠪᠦᠬᠦ ᠬᠤᠰᠢᠭᠤᠨ ᠤ 8 ᠰᠣᠮᠣ ᠪᠠᠯᠭᠠᠰᠦ ︵ᠲᠠᠯᠠᠪᠠᠢ︶᠎ ᠶᠢᠨ  76 ᠭᠠᠴᠠᠭᠠᠨ ︵ᠬᠤᠪᠢᠶᠠᠷᠢ ᠲᠠᠯᠠᠪᠠᠢ︶᠎ ᠤ ᠮᠠᠯ ᠪᠡᠯᠴᠢᠭᠡᠷ ᠤᠨ ᠳᠠᠩᠴᠡᠭᠦᠷᠢ ᠶᠢᠨ ᠲᠦᠷᠢᠮ ᠢ ᠬᠡᠷᠡᠭᠵᠢᠬᠦᠯᠵᠦ ᠪᠠᠶᠢᠭ᠎ᠠ  ᠤᠷᠤᠨ ᠳᠤ ᠪᠡᠯᠴᠢᠭᠡᠷ ᠰᠠᠷᠭᠦᠭᠡᠬᠦ ᠠᠵᠢᠯᠯᠠᠭ᠎ᠠ ᠶᠢ ᠦᠷᠨᠢᠬᠦᠯᠵᠦ᠂ ᠪᠦᠬᠦ ᠳᠠᠯᠠᠪᠠᠢ ᠨᠢ 868.74 ᠲᠦᠮᠡᠨ ᠮᠤ᠋ ᠳᠤ  ᠬᠦᠷᠬᠦ ᠪᠤᠯᠤᠨ᠎ᠠ᠃          3. ᠰᠡᠯᠬᠦᠨ ᠮᠠᠯᠵᠢᠬᠤ ᠬᠤᠭᠤᠴᠠᠭᠠᠨ ᠳᠠᠬᠢ ᠨᠦᠬᠦᠪᠦᠷᠢ ᠤᠯᠭᠤᠬᠤ ᠠᠷᠭ᠎ᠠ᠄          ᠰᠡᠯᠬᠦᠨ ᠮᠠᠯᠵᠢᠬᠤ ᠠᠵᠢᠯᠯᠠᠭ᠎ᠠ ᠶᠢ ᠦᠷᠨᠢᠬᠦᠯᠵᠦ ᠪᠠᠶᠢᠭ᠎ᠠ ᠮᠠᠯᠴᠢᠨ ᠡᠷᠦᠭᠡ ᠳᠤ ᠰᠡᠷᠭᠦᠭᠡᠯᠳᠠ ᠶᠢᠨ ᠳᠠᠯᠠᠪᠠᠢ  ᠎ ᠪᠠᠷ ᠨᠦᠬᠦᠪᠦᠷᠢ ᠦᠭᠴᠦ᠂ ᠪᠠᠷᠢᠮᠵᠢᠶ᠎ᠠ ᠨᠢ ᠮᠤ᠋ ᠪᠦᠷᠢ ᠳᠤ 0.75 ᠲᠦᠭᠦᠷᠢᠭ ᠪᠤᠯᠤᠨ᠎ᠠ ︵ᠪᠡᠯᠴᠢᠭᠡᠷᠯᠡᠬᠦᠯᠬᠦ ᠶᠢ  ᠵᠤᠭᠰᠣᠭᠠᠬᠤ ᠨᠦᠬᠦᠪᠦᠷᠢ ᠪᠠᠷ ᠯᠠᠪᠯᠠᠯᠳᠠ ᠪᠤᠯᠭᠠᠪᠠ︶᠃ ᠬᠤᠰᠢᠭᠤ ᠡᠳ᠋ ᠤᠨ ᠵᠠᠰᠠᠭ ᠪᠤᠯᠤᠨ ᠮᠠᠯ ᠠᠵᠦ ᠠᠬᠤᠢ ᠶᠢᠨ  ᠰᠠᠯᠠᠭ᠎ᠠ ᠮᠦᠴᠢᠷ ᠠᠴᠠ ᠰᠡᠯᠬᠦᠨ ᠮᠠᠯᠵᠢᠬᠤ ᠨᠦᠬᠦᠪᠦᠷᠢ ᠮᠥᠩᠭᠦ ᠶᠢ ᠳᠠᠷᠬᠠᠭᠠᠬᠤ ᠠᠵᠢᠯ ᠢ ᠬᠠᠷᠢᠭᠤᠴᠠᠨ᠎ᠠ᠃          4. ᠪᠤᠳᠠᠳᠠᠢ ᠱᠠᠭᠠᠷᠳᠠᠯᠭ᠎ᠠ᠄ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠤ  ᠰᠡᠯᠬᠦᠨ ᠮᠠᠯᠵᠢᠬᠤ ᠤᠷᠤᠨ ᠳᠤ ᠪᠡᠯᠴᠢᠭᠡᠷᠯᠡᠬᠦᠯᠬᠦ ᠶᠢ ᠵᠤᠭᠰᠤᠭᠠᠵᠦ ᠬᠠᠰᠢᠶᠠᠯᠠᠨ ᠮᠠᠯᠵᠢᠵᠦ᠂ ᠮᠠᠯᠴᠢᠨ ᠡᠷᠦᠭᠡ ᠨᠢ ᠡᠪᠡᠰᠦ ᠪᠤᠷᠳᠤᠭ᠎ᠠ ᠪᠠᠨ ᠤᠷᠢᠳᠴᠢᠯᠠᠨ ᠰᠠᠶᠢᠳᠣᠷ ᠪᠡᠯᠡᠳᠭᠡᠵᠦ᠂ ᠡᠪᠡᠳᠴᠢᠨ ᠡᠮᠭᠡᠭ ᠢ ᠰᠡᠷᠭᠡᠶᠢᠯᠡᠵᠦ᠂ ᠮᠠᠯ ᠤᠨᠤᠭᠠᠨ ᠤ ᠤᠰᠤ  ᠤᠮᠳᠠ ᠶᠢᠨ ᠠᠰᠠᠭᠤᠳᠠᠯ ᠵᠡᠷᠭᠡ ᠡᠯ᠎ᠡ ᠲᠠᠯ᠎ᠠ ᠶᠢᠨ ᠪᠡᠯᠡᠳᠭᠡᠯ ᠠᠵᠢᠯ ᠢᠶᠠᠨ ᠰᠠᠶᠢᠳᠣᠷ ᠬᠢᠬᠦ ᠭᠡᠷᠡᠭᠳᠠᠢ᠃ ᠡᠯ᠎ᠠ  ᠰᠣᠮᠣ‌‍ᠪᠠᠯᠭᠠᠰᠣ ᠨᠢ ᠭᠤᠤᠯ ᠬᠠᠷᠢᠭᠤᠴᠠᠯᠭ᠎ᠠ ᠶᠢ ᠡᠬᠦᠷᠬᠡᠯᠡᠵᠦ᠂ ᠤᠬᠠᠭᠤᠯᠭ᠎ᠠ ᠶᠢᠨ ᠠᠵᠢᠯ ᠤᠨ ᠬᠦᠴᠦᠯᠡᠴᠡ ᠪᠠᠨ  ᠨᠡᠮᠡᠭᠳᠡᠭᠦᠯᠵᠦ᠂ ᠮᠠᠯᠴᠢᠨ ᠡᠷᠦᠭᠡ ᠪᠦᠬᠦᠨ᠂ ᠪᠦᠬᠦᠳᠡ ᠮᠠᠯ ᠢᠶᠠᠨ ᠬᠠᠰᠢᠶᠠᠯᠠᠬᠤ ᠶᠢ ᠱᠠᠭᠠᠷᠳᠠᠨ᠎ᠠ᠃ ᠮᠠᠯᠴᠢᠳ  ᠬᠤᠨᠢᠴᠢᠯᠠᠭᠰᠠᠨ ᠨᠢᠭᠡᠴᠢ ᠪᠦᠷᠢ ᠳᠤ 5 ᠳᠡᠭᠰᠢ ᠲᠦᠷᠪᠡᠯᠵᠢᠨ ᠮᠧᠲᠷ ᠤᠨ ᠬᠦᠳᠡᠯᠭᠡᠭᠡᠨ ᠤ ᠳᠡᠯᠠᠪᠤᠷ ᠪᠦᠬᠦᠢ ᠮᠠᠯ ᠤᠨ  ᠬᠠᠰᠢᠶ᠎ᠠ ᠬᠦᠷᠢᠶ᠎ᠡ ᠶᠢ ᠰᠠᠶᠢᠳᠦᠷ ᠪᠡᠯᠡᠳᠬᠡᠵᠦ᠂ ᠮᠠᠯ ᠢᠶᠠᠨ ᠤᠰᠤᠯᠠᠵᠦ ᠡᠪᠡᠰᠤᠯᠡᠬᠦ ᠨᠡᠷ᠎ᠡ ᠪᠠᠷ ᠪᠡᠯᠴᠢᠬᠡᠷ ᠲᠤ ᠭᠠᠷᠭᠠᠵᠦ  ᠪᠤᠯᠬᠤ ᠦᠭᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠰᠠᠯᠠᠭ᠎ᠠ ᠮᠦᠴᠢᠷ ᠨᠢ ᠬᠠᠤᠯᠢ ᠬᠡᠷᠡᠭᠵᠢᠬᠦᠯᠬᠦ ᠬᠢᠨᠠᠯᠳᠠ ᠪᠠᠨ  ᠴᠢᠩᠭᠠᠳᠬᠠᠨ᠂ ᠬᠤᠯᠠᠭᠠᠢ ᠪᠠᠷ ᠮᠠᠯ ᠪᠡᠯᠴᠢᠬᠡᠬᠦ ᠵᠡᠷᠬᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠨ᠎ᠡ᠃          5. ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠤᠳᠠᠰᠣ  ᠳᠣᠬᠢᠷᠠᠭᠤᠯᠵᠦ᠂ ᠦᠷᠭᠡᠨ ᠤᠯᠠᠨ ᠮᠠᠯᠴᠢᠨ ᠲᠦᠮᠡᠨ ᠤ ᠢᠯᠡᠴᠢᠯᠠᠨ ᠮᠡᠳᠡᠬᠦᠯᠬᠦ ᠪᠤᠶᠤ ᠠᠵᠢᠯ ᠤᠨ ᠲᠠᠯ᠎ᠠ ᠪᠠᠷ ᠬᠢ  ᠬᠢᠨᠡᠯᠳᠠ ᠲᠠᠯᠪᠢᠬᠤ ᠶᠢ ᠬᠦᠯᠢᠶᠡᠨ ᠠᠪᠤᠨ᠎ᠠ᠃ ᠢᠯᠡᠴᠢᠯᠡᠨ ᠮᠡᠳᠡᠭᠦᠯᠥᠭᠰᠠᠨ ᠵᠦᠢᠯ ᠢ ᠴᠠᠭ ᠲᠤᠬᠠᠢ ᠳᠤᠨᠢ  ᠨᠠᠶᠢᠳᠠᠪᠤᠷᠢᠵᠢᠭᠤᠯᠤᠨ᠎ᠠ᠃          ᠢᠯᠡᠴᠢᠯᠡᠨ ᠮᠡᠳᠡᠭᠦᠯᠬᠦ ᠤᠳᠠᠰᠦ᠄ 0479 — 4222145    4239025                                                                       ᠡᠭᠦᠨ ᠲᠤᠯᠠ ᠵᠡᠷᠯᠠᠪᠠ                 ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠣᠨ                                                         2018 ᠤᠨ ᠤ 3 ᠰᠠᠷ᠎ᠠ ᠶᠢᠨ 5
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号