ᠰᠢᠯᠤᠭᠤᠨ ᠬᠥᠬᠡ ᠬᠤᠰᠢᠭᠤᠨ ᠤ  ︿︿ᠪᠣᠷᠭᠠᠰᠣ﹀﹀ ᠬᠤᠯᠪᠣᠭᠠᠨ ᠤ ᠲᠥᠷᠪᠡᠳᠡᠬᠢ ᠣᠳᠠᠭᠠᠨ ᠤ ᠪᠣᠷᠭᠠᠰᠣ ᠲᠠᠷᠢᠬᠤ ᠬᠥᠳᠡᠯᠭᠡᠭᠡᠨ ᠠᠮᠵᠢᠯᠳᠠᠳᠠᠢ ᠶᠠᠪᠣᠭᠳᠠᠪᠠ
ᠨᠡᠶᠢᠲᠡᠯᠡᠭᠰᠡᠨ ᠴᠠᠭ᠄
2018/4/13
       ᠤᠶᠢᠷ᠎ᠠ ᠶᠢᠨ ᠡᠳᠥᠷ᠂ ᠰᠢᠯᠤᠭᠤᠨ ᠬᠥᠬᠡ ᠬᠤᠰᠢᠭᠤᠨ ᠤ  ︿︿ᠪᠣᠷᠭᠠᠰᠣ﹀﹀ ᠬᠤᠯᠪᠣᠭᠠᠨ ᠤ ᠲᠥᠷᠪᠡᠳᠡᠬᠢ ᠣᠳᠠᠭᠠᠨ ᠤ  ᠬᠠᠪᠣᠷ ᠤᠨ ᠣᠯᠠᠷᠢᠯ ᠤᠨ ᠪᠣᠷᠭᠠᠰᠣ ᠲᠠᠷᠢᠬᠤ ᠬᠥᠳᠡᠯᠭᠡᠭᠡᠨ ᠰᠠᠩ ᠤᠨ ᠲᠠᠯᠠᠢ ᠪᠠᠯᠭᠠᠰᠣᠨ ᠤ ᠪᠠᠶᠠᠨᠰᠦ᠋ᠷᠥᠭ ᠭᠠᠴᠠᠭᠠᠨ ᠤ ᠮᠠᠯᠴᠢᠨ ᠪᠠᠳᠠᠷᠠ ᠶᠢᠨ ᠵᠣᠰᠠᠯᠠᠩ ᠤᠨ ᠭᠠᠵᠠᠷ ᠲᠡᠭᠡᠷ᠎ᠡ ᠶᠠᠪᠣᠭᠳᠠᠭᠰᠠᠨ ᠪᠠᠶᠢᠨ᠎ᠠ᠂ ᠲᠣᠰ ᠣᠳᠠᠭᠠᠨ ᠤ ᠬᠥᠳᠡᠯᠭᠡᠭᠡᠨ ᠳᠤ 87 ᠬᠥᠮᠥᠨ ᠤᠷᠤᠯᠴᠠᠵᠦ᠂ ᠳᠠᠯᠠᠭᠠᠳ ᠮᠦ ᠡᠯᠡᠰᠣᠨ ᠭᠠᠵᠠᠷ ᠲᠤ500 ᠭᠠᠷᠥᠢ ᠶᠠᠭᠦᠵᠢ ᠪᠤᠷᠭᠠᠰᠣ ᠲᠠᠷᠢᠵᠤ ᠨᠣᠭᠤᠭᠠᠷᠠᠭᠤᠯᠣᠯᠳᠠ ᠬᠢᠭᠰᠡᠨ ᠪᠠᠶᠢᠨ᠎ᠠ᠃
       3 ᠰᠠᠷ᠎ᠠ ᠶᠢᠨ24 ᠤ ᠡᠳᠥᠷ᠂ ᠬᠤᠯᠪᠤᠭᠠᠨ ᠵᠥᠪᠯᠡᠯ ᠠᠴᠠ ᠵᠤᠬᠢᠶᠠᠨ ᠪᠠᠶᠢᠭᠤᠯᠵᠦ ᠪᠤᠷᠭᠠᠰᠤ ᠬᠠᠳᠤᠬᠤ ᠠᠵᠢᠯᠯᠠᠭ᠎ᠠ ᠶᠠᠪᠤᠭᠳᠠᠭᠤᠯᠤᠨ᠂ 4 ᠰᠠᠷ᠎ᠠ ᠶᠢᠨ 7 ᠤ ᠡᠳᠥᠷ ᠤᠨ ᠨᠤᠭᠤᠭᠠᠷᠠᠭᠤᠯᠤᠯᠳᠠ ᠶᠢᠨ ᠠᠵᠢᠯᠯᠠᠭᠠᠨ ᠤ ᠰᠠᠭᠠᠳ ᠥᠬᠡᠢ ᠶᠠᠪᠤᠭᠳᠠᠬᠤ ᠳᠤ ᠪᠡᠯᠡᠳᠬᠡᠯ ᠬᠢᠭᠰᠡᠨ ᠪᠠᠶᠢᠨ᠎ᠠ᠃ ᠡᠨᠡ ᠤᠳᠠᠭᠠᠨ ᠤ ᠪᠤᠷᠭᠠᠰᠤ ᠬᠠᠳᠤᠬᠤ ᠠᠵᠢᠯᠯᠠᠭ᠎ᠠ ᠳᠤ13 ᠬᠥᠮᠥᠨ ᠤᠷᠤᠯᠴᠠᠵᠦ᠂ ᠪᠤᠷᠭᠠᠰᠤᠨ ᠤ ᠡᠬᠢ ᠰᠤᠷᠪᠤᠯᠵᠢ ᠶᠢ ᠰᠢᠯᠤᠭᠤᠨ ᠬᠥᠬᠡ ᠬᠤᠰᠢᠭᠤᠨ ᠤ ᠳᠡᠮᠥᠷ ᠵᠠᠮ ᠤᠨ ᠴᠠᠭᠳᠠᠭᠠᠨ ᠠᠩᠭᠢ ᠠᠴᠠ ᠬᠠᠩᠭᠠᠵᠦ᠂ 4 ᠰᠠᠷᠠᠶᠢᠨ6 ᠤ ᠡᠳᠥᠷ ᠰᠢᠯᠤᠭᠤᠨ ᠬᠥᠬᠡ ᠬᠤᠰᠢᠭᠤᠨ ᠤ ᠬᠥᠳᠡᠭᠡ ᠠᠵᠦ ᠠᠬᠤᠢ ᠶᠢᠨ ᠶᠡᠷᠥᠩᠭᠡᠶᠢᠯᠡᠨ ᠨᠡᠭᠡᠭᠡᠨ ᠬᠥᠭᠵᠢᠬᠦᠯᠬᠦ ᠠᠯᠪᠠᠨ ᠭᠡᠷ ᠤᠨ ᠬᠥᠰᠡᠯᠡᠩ ᠠᠴᠠ 60 ᠪᠤᠭᠤᠯᠳᠠ ᠪᠤᠷᠭᠠᠰᠤᠨ ᠤ ᠨᠠᠬᠢᠶ᠎ᠠ ᠬᠠᠩᠭᠠᠵᠦ ᠥᠭᠭᠦᠭᠰᠡᠨ ᠪᠠᠶᠢᠨ᠎ᠠ᠃
      ᠬᠥᠳᠡᠯᠬᠡᠬᠡᠨ ᠠᠴᠠ ᠡᠮᠥᠨ᠎ᠡ ᠮᠠᠰᠢᠨ ᠲᠣᠨᠤᠭ ᠢᠶᠠᠨ ᠲᠣᠷᠰᠢᠨ᠂  ᠰᠡᠯᠪᠢᠨ ᠵᠠᠰᠠᠵᠤ ᠪᠠᠶᠢᠭ᠎ᠠ ᠨᠢ
                ᠨᠥᠬᠡᠴᠡᠯᠡᠭᠰᠡᠨ ᠪᠣᠷᠭᠠᠰᠣ ᠪᠠᠨ  ᠲᠠᠷᠢᠬᠤ ᠭᠠᠵᠠᠷ ᠤᠷᠤᠭᠤ ᠪᠠᠨ ᠲᠡᠭᠡᠭᠡᠵᠤ ᠪᠠᠶᠢᠭ᠎ᠠ ᠨᠢ     ᠪᠣᠷᠭᠠᠰᠣ ᠬᠤᠯᠪᠣᠭ᠎ᠠ ᠨᠢ 2016 ᠣᠨ ᠳᠤ ᠠᠷᠪᠠ ᠭᠠᠷᠥᠢ ᠰᠠᠶᠢᠨ ᠲᠣᠷᠠᠴᠣᠣᠯ ᠤᠨ ᠡᠩᠨᠡᠭᠡ ᠪᠠᠷ ᠠᠩᠬ᠎ᠠ ᠡᠬᠢᠯᠡᠨ ᠲᠥᠰᠥᠪᠯᠡᠨ ᠪᠠᠶᠢᠭᠤᠯᠤᠭᠳᠠᠵᠤ᠂ ︿︿ᠡᠬᠡ  ᠪᠠᠶᠢᠭᠠᠯᠢ ᠪᠠᠨ ᠬᠠᠶᠢᠷᠠᠯᠠᠵᠤ᠂ ᠥᠯᠥᠭᠡᠢ ᠨᠣᠳᠤᠭ ᠢᠶᠠᠨ ᠨᠤᠭᠤᠭᠠᠷᠠᠭᠤᠯᠤᠶ᠎ᠠ﹀﹀  ᠬᠡᠭᠦ ᠣᠷᠢᠶᠠᠯᠠᠭ᠎ᠠ  ᠪᠠᠷ 2018 ᠣᠨ ᠪᠣᠯᠬᠤ ᠳᠤ ᠨᠢᠬᠡᠨᠳᠡ ᠬᠤᠶᠠᠷ ᠵᠠᠭᠤ ᠢᠯᠡᠭᠦᠥ ᠬᠡᠰᠢᠭᠦᠥᠨ ᠲᠠᠢ  ᠪᠤᠯᠵᠤ ᠭᠤᠤᠯᠳᠠᠭᠤ ᠮᠠᠯᠴᠢᠨ᠂ ᠠᠯᠪᠠᠳᠠᠨ᠂  ᠪᠠᠭᠰᠢ᠂ ᠰᠣᠷᠣᠭᠴᠢᠳ᠂ ᠬᠤᠪᠢ ᠶᠢᠨ ᠠᠵᠤ ᠠᠬᠤᠶᠢᠢᠯᠠᠯᠳᠠᠨ ᠵᠡᠷᠭᠡ ᠨᠡᠶᠢᠭᠡᠮ ᠤᠨ ᠡᠯ᠎ᠡ ᠡᠳᠡᠭᠡᠤᠨ ᠢᠶᠠᠷ ᠪᠦᠷᠢᠯᠳᠦᠵᠤ᠂ ᠰᠠᠶᠢᠨ ᠲᠤᠷ᠎ᠡ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠨ ᠪᠠᠶ᠎ᠡ ᠪᠠᠷ ᠢᠶᠠᠨ ᠬᠡᠪ ᠲᠠᠭᠤᠷᠢᠶᠠᠯ ᠦᠵᠡᠭᠦᠯᠤᠨ ᠡᠬᠡ ᠨᠣᠳᠤᠭ ᠢᠶᠠᠨ ᠬᠠᠶᠢᠷᠠᠯᠠᠨ᠂ ᠡᠯᠡᠰᠣᠨ ᠭᠠᠵᠠᠷ ᠢ ᠨᠤᠭᠤᠭᠠᠨ ᠪᠥᠷᠢᠳᠥ ᠪᠣᠯᠭᠠᠬᠤ ᠵᠢᠩᠭᠢᠨᠢ ᠡᠨᠧᠷᠬᠢ ᠶᠢ ᠲᠠᠮᠵᠢᠭᠤᠯᠳᠠᠭ ᠬᠤᠯᠪᠤᠭ᠎ᠠ  ᠪᠣᠯᠵᠦ ᠪᠣᠵᠠᠭᠠᠶᠢᠷᠠᠭᠰᠠᠨ ᠪᠠᠶᠢᠨ᠎ᠠ᠃  
       ᠰᠣᠷᠣᠭᠴᠢᠳ ᠲᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠤᠬᠠᠭᠤᠯᠤᠨ ᠰᠤᠷᠳᠠᠯᠴᠢᠯᠠᠵᠤ ᠰᠤᠷᠤᠯᠭ᠎ᠠ ᠠᠮᠢᠳᠤᠷᠠᠯ ᠳᠠᠭᠠᠨ ᠤᠬᠢ ᠰᠠᠶᠢᠬᠠᠨ ᠵᠠᠩ ᠲᠠᠳᠬᠠᠯ ᠲᠠᠢ ᠭᠦᠮᠤᠨ ᠪᠤᠯᠤᠨ ᠭᠦᠮᠦᠵᠢᠭᠳᠡᠭᠦ ᠳᠤ ᠰᠠᠭᠤᠷᠢ ᠲᠠᠯᠪᠢᠭᠰᠠᠨ ᠪᠠᠶᠢᠨ᠎ᠠ᠃
                               ᠬᠠᠮᠤᠭ ᠪᠢᠴᠢᠬᠠᠨ ᠲᠠᠶᠢᠴᠢᠯᠠᠭᠴᠢ      ︽ᠪᠣᠷᠭᠠᠰᠣ︾ ᠬᠤᠯᠪᠤᠭ᠎ᠠ ᠨᠢ ᠡᠬᠡ ᠲᠠᠯᠠᠬᠡᠢ ᠨᠣᠳᠤᠭ ᠣᠰᠣᠨ ᠳᠠᠭᠠᠨ ᠬᠠᠶᠢᠷᠠᠳᠠᠢ ᠬᠥᠮᠥᠰ ᠢ ᠲᠠᠶᠢᠴᠢᠯᠠᠨ᠂ ᠨᠣᠳᠤᠭ ᠣᠰᠣᠨ ᠳᠠᠭᠠᠨ ᠥᠪᠡᠷ ᠤᠨ ᠪᠠᠭ᠎ᠠ ᠴᠣ᠋ ᠭᠡᠰᠡᠨ ᠬᠦᠴᠦ ᠪᠠᠨ ᠡᠷᠭᠦᠶ᠎ᠡ᠂ ᠬᠠᠶᠢᠷᠠᠯᠠᠵᠤ ᠬᠠᠮᠠᠭᠠᠯᠠᠶ᠎ᠠ᠂ ᠭᠠᠷᠳᠠᠵᠤ ᠬᠢᠶ᠎ᠡ ᠬᠡᠰᠡᠨ ᠡᠭᠦᠳᠡᠨ ᠡᠴᠡ‌ᠨᠢᠬᠡᠨᠳᠡ ᠲᠥᠷᠪᠡ ᠤᠳᠠᠭ᠎ᠠ ᠶᠢᠨ ᠪᠣᠷᠭᠠᠰᠣ ᠲᠠᠷᠢᠬᠤ ᠬᠥᠳᠡᠯᠭᠡᠭᠡᠨ ᠢ ᠢᠳᠡᠪᠭᠢᠳᠠᠢ ᠵᠤᠬᠢᠶᠠᠨ ᠪᠠᠶᠢᠭᠤᠯᠵᠤ ᠥᠷᠨᠢᠭᠦᠯᠵᠥ᠂ ᠲᠠᠯ᠎ᠡ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠡᠯᠡᠰᠤᠷᠭᠡᠭᠵᠢᠯ ᠲᠠᠴᠢᠷᠳᠠᠯ ᠢ ᠪᠦᠳᠤᠮᠵᠢᠳᠠᠢ ᠬᠤᠷᠢᠭᠯᠠᠬᠤ ᠶᠢᠨ ᠲᠦᠯᠦᠭᠡ ᠭᠡᠰᠢᠭᠦᠤᠨ ᠢᠶᠠᠨ ᠲᠠᠭᠠᠭᠤᠯᠤᠨ‌‍ᠰᠢᠯᠤᠭᠤᠨ ᠬᠥᠬᠡ ᠬᠤᠰᠢᠭᠤᠨ ᠤ 4 ᠮᠠᠯᠴᠢᠨ ᠠᠶᠢᠯ ᠤᠨ ᠬᠥᠨᠳᠥ  ᠨᠣᠴᠢᠳᠠᠢ ᠡᠯᠡᠰᠥᠷᠭᠡᠭᠵᠢᠭᠰᠡᠨ  ᠭᠠᠵᠠᠷ ᠪᠠ ᠠᠪᠠᠭ᠎ᠠ ᠬᠤᠰᠢᠭᠤᠨ ᠤ 1 ᠮᠠᠯᠴᠢᠨ ᠠᠶᠢᠯ ᠤᠨ ᠡᠯᠡᠰᠤᠷᠭᠡᠭᠵᠢᠭᠰᠡᠨ ᠭᠠᠵᠠᠷ ᠲᠡᠭᠡᠷ᠎ᠡ ᠪᠤᠷᠭᠠᠰᠣ ᠲᠠᠷᠢᠵᠤ  ᠂ 300 ᠭᠠᠷᠥᠢ ᠬᠥᠮᠥᠨ ᠤᠳᠠᠭ᠎ᠠ ᠣᠷᠣᠯᠴᠠᠨ᠂ ᠨᠡᠶᠢᠳᠠ320 ᠭᠠᠷᠥᠢ ᠮᠦ ᠡᠯᠡᠰᠣᠷᠭᠡᠭᠵᠢᠭᠰᠡᠨ ᠭᠠᠵᠠᠷ ᠰᠢᠷ᠎ᠠ ᠪᠣᠷᠭᠠᠰᠣ ᠲᠠᠷᠢᠵᠤ ᠨᠤᠭᠤᠭᠠᠷᠠᠭᠤᠯᠣᠯᠳᠠ ᠬᠢᠭᠰᠡᠨ ᠪᠠᠶᠢᠨ᠎ᠠ  ᠃ ᠲᠤᠭᠳᠠᠮᠠᠯ ᠬᠤᠭᠤᠴᠠᠭ᠎ᠠ ᠲᠠᠢ ᠪᠠᠷ ᠬᠠᠷᠠᠵᠤ ᠬᠠᠮᠠᠭᠠᠯᠠᠭᠰᠠᠨ ᠢᠶᠠᠷ ᠤᠳᠤᠬᠠᠨ ᠪᠤᠯᠳᠠᠯ᠎ᠡ ᠤᠷᠭᠤᠯᠳᠠ ᠶᠢᠨ ᠬᠠᠨᠳᠤᠰᠢ ᠶᠡᠭᠡ ᠰᠠᠶᠢᠨ ᠪᠠᠶᠢᠳᠠᠯ ᠢᠯᠡᠷᠡᠭᠰᠡᠨ ᠪᠠᠶᠢᠨ᠎ᠡ᠃       ︽ᠪᠣᠷᠭᠠᠰᠣ︾ ᠬᠤᠯᠪᠤᠭ᠎ᠠ ᠨᠡᠶᠢᠭᠡᠮ ᠤᠨ ᠨᠡᠩ ᠤᠯᠠᠨ ᠭᠦᠮᠤᠰ ᠢ ᠤᠷᠢᠶᠠᠯᠠᠨ ᠲᠠᠶᠢᠴᠢᠯᠡᠵᠤ ᠠᠮᠢ ᠠᠬᠤᠢ ᠶᠢᠨ ᠬᠠᠮᠠᠭᠠᠯᠠᠯᠳᠠ ᠶᠢᠨ ᠠᠵᠤ ᠦᠢᠯᠡᠰ ᠲᠤ ᠤᠷᠤᠯᠴᠠᠭᠤᠯᠵᠤ ᠨᠡᠶᠢᠭᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠤᠯᠭᠡᠵᠢᠭᠦᠯᠤᠨ  ᠨᠣᠳᠤᠭ ᠣᠰᠣᠨ ᠤ ᠪᠠᠨ ᠨᠤᠭᠤᠭᠠᠷᠠᠭᠤᠯᠣᠯᠳᠠ ᠶᠢᠨ ᠥᠢᠯᠡᠰ ᠲᠤ  ᠴᠢᠷᠮᠠᠶᠢᠭᠰᠠᠭᠠᠷ ᠪᠠᠶᠢᠨ᠎ᠠ᠃        ᠪᠤᠶᠠᠨ ᠤ ᠦᠢᠯᠡᠰ ᠡᠶᠢᠨᠭᠦ ᠰᠢᠯᠤᠭᠤᠨ ᠭᠦᠭᠡ ᠶᠢᠨ ᠲᠠᠯ᠎ᠡ ᠨᠤᠳᠤᠭ ᠲᠤ ᠲᠠᠮᠵᠢᠭᠳᠠᠭᠰᠠᠭᠠᠷ᠂ ᠤᠯᠠᠮᠵᠢᠯᠠᠭᠳᠠᠭᠰᠠᠭᠠᠷ ᠁ ᠁       ︵ᠤᠶᠤᠠᠭᠡᠷᠡᠯ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号