4 ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ | ᠶᠢᠨ ᠠᠰᠠᠭᠤᠳᠠᠯ ᠤᠨ ᠴᠡᠭᠴᠡᠯᠡᠨ ᠨᠡᠶᠢᠳᠡᠪᠤᠷᠢᠵᠢᠭᠤᠯᠤᠯᠳᠠ ᠶᠢ ᠬᠢᠨᠠᠨ ᠪᠠᠶᠢᠴᠠᠭᠠᠬᠤ ᠳᠣᠭᠤᠶᠢᠯᠠᠩ ᠤᠨ ᠴᠧ ᠢᠦᠢ | ᠵᠢᠶᠦ᠋ᠨ ᠨᠠᠷ ᠰᠢᠯᠤᠭᠤᠨ ᠬᠦᠬᠡ ᠬᠤᠰᠢᠭᠤᠨ ᠳᠤ ᠬᠦᠨᠵᠡᠭᠡᠶᠢᠷᠡᠨ ᠰᠣᠳᠣᠯᠣᠨ ᠪᠠᠶᠢᠴᠠᠭᠠᠵᠤ᠂ ᠪᠢᠴᠢᠭ ᠮᠠᠲ᠋ᠧᠷᠢᠶᠠᠯ ᠢ | ᠬᠢᠨᠠᠨ ᠦᠵᠡᠬᠦ ᠵᠡᠷᠭᠡ ᠠᠷᠭ᠎ᠠ ᠪᠠᠷ ᠠᠮᠢ ᠠᠬᠤᠢ ᠶᠢᠨ ᠠᠰᠠᠭᠤᠳᠠᠯ ᠢ ᠴᠡᠭᠴᠡᠯᠡᠨ ᠦᠭᠡᠷᠡᠴᠢᠯᠡᠭᠰᠡᠨ ᠠᠵᠢᠯ ᠢ ᠬᠢᠨᠠᠨ | ᠪᠠᠶᠢᠴᠠᠭᠠᠪᠠ᠃ | ᠬᠢᠨᠠᠨ ᠪᠠᠶᠢᠴᠠᠭᠠᠬᠤ ᠳᠣᠭᠤᠶᠢᠯᠠᠩ ᠨᠢ ᠣᠷᠢᠳ ᠬᠤᠵᠢᠳ ᠰᠢᠯᠤᠭᠤᠨ ᠬᠦᠬᠡ ᠬᠤᠰᠢᠭᠤᠨ ᠤ ᠪᠤᠬᠢᠷ | ᠣᠰᠣ ᠰᠢᠢᠳᠪᠦᠷᠢᠯᠡᠬᠦ ᠦᠢᠯᠡᠳᠪᠦᠷᠢ᠂ ᠱᠠᠩᠳᠣ ᠶᠢᠨ ᠭᠤᠤᠯ ᠪᠠᠯᠭᠠᠰᠣᠨ ᠤ ᠵᠦᠭᠡᠯᠡᠨ ᠭᠤᠤᠯ ᠭᠠᠴᠠᠭᠠᠨ ᠳᠤ | ᠬᠦᠨᠵᠡᠭᠡᠶᠢᠷᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠪ ᠬᠤᠷᠢᠶᠠᠨ ᠤ ᠣᠷᠴᠢᠨ | ᠳᠣᠭᠤᠷᠢᠨ ᠤ ᠬᠠᠮᠠᠭᠠᠯᠠᠯᠳᠠ ᠶᠢ ᠬᠢᠨᠠᠨ ᠪᠠᠶᠢᠴᠠᠭᠠᠨ ᠳᠣᠰᠬᠠᠭᠰᠠᠨ ᠰᠠᠨᠠᠯ ᠢ ᠴᠡᠭᠴᠡᠯᠡᠨ ᠦᠭᠡᠷᠡᠴᠢᠯᠡᠬᠦ ᠲᠦᠰᠦᠪ︾ | ᠤᠨ 49 ᠵᠤᠷᠪᠤᠰ ᠴᠡᠭᠴᠡᠯᠡᠨ ᠦᠭᠡᠷᠡᠴᠢᠯᠡᠬᠦ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ︽ | ᠲᠦᠪ ᠬᠤᠷᠢᠶᠠᠨ ᠤ ᠬᠤᠶᠠᠳᠣᠭᠠᠷ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠮᠠᠨ ᠤ ᠣᠷᠣᠨ ᠳᠤ | ᠦᠷᠨᠢᠭᠦᠯᠦᠭᠰᠡᠨ ︿ᠳᠠᠬᠢᠨ ᠪᠠᠶᠢᠴᠠᠭᠠᠬᠤ﹀ ᠠᠵᠢᠯᠯᠠᠭᠠᠨ ᠤ ᠳᠣᠰᠬᠠᠭᠰᠠᠨ ᠰᠠᠨᠠᠯ ᠢ ᠴᠡᠭᠴᠡᠯᠡᠨ ᠦᠭᠡᠷᠡᠴᠢᠯᠡᠬᠦ | ᠳᠣᠬᠠᠢ ᠲᠦᠰᠦᠪ︾ ᠲᠤ ᠠᠮᠢ ᠠᠬᠤᠢ ᠶᠢᠨ ᠣᠷᠴᠢᠨ ᠳᠣᠭᠤᠷᠢᠨ ᠤ ᠠᠰᠠᠭᠤᠳᠠᠯ ᠢ ᠴᠡᠭᠴᠡᠯᠡᠨ ᠦᠭᠡᠷᠡᠴᠢᠯᠡᠬᠦ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ 2017 ᠣᠨ ᠤ 6 ᠰᠠᠷ᠎ᠠ ᠶᠢᠨ ᠪᠦᠬᠦ ᠣᠷᠣᠨ | ᠤ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠮᠣ ᠪᠠᠶᠢᠴᠠᠭᠠᠯᠳᠠ ᠳᠤ ᠳᠣᠰᠬᠠᠭᠰᠠᠨ ᠰᠠᠨᠠᠯ ᠢ | ᠴᠡᠭᠴᠡᠯᠡᠨ ᠦᠭᠡᠷᠡᠴᠢᠯᠡᠬᠦ ᠲᠦᠰᠦᠪ ᠳᠤ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠨ ᠪᠠᠶᠢᠴᠠᠭᠠᠯᠳᠠ ᠬᠢᠵᠦ᠂ ᠠᠵᠢᠯ ᠤᠨ ᠠᠬᠢᠴᠠ ᠶᠢ ᠬᠦᠨᠵᠡᠭᠡᠢ ᠣᠶᠢᠯᠠᠭᠠᠵᠤ᠂ ᠣᠷᠣᠰᠢᠵᠤ ᠪᠠᠶᠢᠭ᠎ᠠ | ᠠᠰᠠᠭᠤᠳᠠᠯ ᠢ ᠢᠯᠡᠷᠡᠭᠦᠯᠦᠨ᠂ ᠱᠠᠭᠠᠷᠳᠠᠨ ᠨᠠᠶᠢᠳᠠᠪᠤᠷᠢᠵᠢᠭᠤᠯᠪᠠ᠃ | ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠳᠣᠭᠤᠶᠢᠯᠠᠩ ᠨᠢ ᠰᠢᠯᠤᠭᠤᠨ ᠬᠦᠬᠡ ᠬᠤᠰᠢᠭᠤᠨ | ᠤ ᠠᠮᠢ ᠠᠬᠤᠢ ᠶᠢᠨ ᠣᠷᠴᠢᠨ ᠳᠣᠭᠤᠷᠢᠨ ᠤ ᠠᠰᠠᠭᠤᠳᠠᠯ ᠢ ᠴᠡᠭᠴᠡᠯᠡᠨ ᠦᠭᠡᠷᠡᠴᠢᠯᠡᠭᠰᠡᠨ ᠪᠠᠶᠢᠳᠠᠯ ᠢ ᠦᠨᠡᠯᠡᠨ | ᠨᠤᠳᠠᠯᠠᠭᠰᠠᠨ ᠤ ᠬᠠᠮᠳᠣ᠄ ᠵᠤᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠪᠠᠨ ᠣᠯᠠᠮ ᠴᠢᠩᠭᠠᠳᠬᠠᠨ᠂ ᠡᠭᠦᠷᠭᠡ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠᠨ ᠴᠢᠩᠭᠠᠳᠬᠠᠵᠤ᠂ ᠴᠢᠩᠭ᠎ᠠ ᠱᠠᠭᠠᠷᠳᠠᠨ ᠭᠦᠢᠴᠡᠳᠭᠡᠭᠦᠯᠵᠦ᠂ | ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠂ ᠡᠷᠴᠢᠮᠳᠠᠢ ᠠᠷᠭ᠎ᠠ ᠬᠡᠮᠵᠢᠶ᠎ᠠ ᠠᠪᠴᠣ᠂ ᠡᠯ᠎ᠡ ᠲᠦᠷᠦᠯ ᠤᠨ | ᠴᠡᠭᠴᠡᠯᠡᠨ ᠦᠭᠡᠷᠡᠴᠢᠯᠡᠬᠦ ᠡᠭᠦᠷᠭᠡ ᠶᠢᠨ ᠦᠨᠳᠦᠷ ᠪᠠᠷᠢᠮᠵᠢᠶ᠎ᠠ ᠲᠠᠢ᠂ ᠦᠨᠳᠦᠷ ᠶᠠᠰᠣ ᠴᠢᠨᠠᠷᠳᠠᠢ᠂ ᠲᠤᠭᠳᠠᠭᠰᠠᠨ | ᠴᠠᠭ ᠲᠠᠭᠠᠨ ᠲᠤᠤᠱᠳᠠᠢ ᠬᠡᠷᠡᠭᠵᠢᠬᠦᠯᠦᠭᠳᠡᠬᠦ ᠶᠢ ᠪᠠᠳᠣᠯᠠᠨ᠂ ᠰᠡᠷᠭᠡᠶᠢᠯᠡᠬᠦ ᠪᠠ ᠴᠡᠭᠴᠡᠯᠡᠬᠦ ᠶᠢ ᠵᠡᠷᠭᠡᠪᠡᠷ | ᠶᠠᠪᠤᠭᠳᠠᠭᠤᠯᠬᠤ ᠰᠡᠳᠬᠢᠴᠡ ᠪᠠᠷ᠂ ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠵᠢᠯ ᠢ ᠪᠠᠶᠢᠴᠠᠭᠠᠬᠤ ᠡᠷᠴᠢᠮ | ᠢᠶᠠᠨ ᠴᠢᠩᠭᠠᠳᠬᠠᠵᠤ᠂ ᠡᠯ᠎ᠡ ᠲᠦᠷᠦᠯ ᠤᠨ ᠪᠤᠬᠢᠷᠳᠣᠯ ᠤᠨ ᠡᠬᠢ ᠡᠭᠦᠰᠦᠯ ᠢ ᠴᠢᠩᠭ᠎ᠠ ᠬᠠᠮᠢᠶᠠᠷᠣᠨ᠂ ᠵᠠᠰᠠᠭ | ᠵᠠᠬᠢᠷᠭᠠᠨ ᠤ ᠴᠢᠩᠭ᠎ᠠ ᠠᠷᠭ᠎ᠠ ᠬᠡᠮᠵᠢᠶ᠎ᠠ ᠠᠪᠴᠣ᠂ ᠠᠮᠢ ᠠᠬᠤᠢ ᠶᠢᠨ ᠣᠷᠴᠢᠨ ᠳᠣᠭᠤᠷᠢᠨ ᠤ ᠶᠠᠰᠣ ᠴᠢᠨᠠᠷ ᠤᠨ | ᠦᠷᠭᠦᠯᠵᠢᠯᠠᠨ ᠰᠠᠶᠢᠵᠢᠷᠠᠬᠤ ᠶᠢ ᠠᠬᠢᠭᠤᠯᠬᠤ ᠭᠡᠷᠡᠭᠳᠡᠢ ᠭᠡᠵᠦ ᠱᠠᠭᠠᠷᠳᠠᠪᠠ᠃ | ᠵᠠᠰᠠᠭ ᠤᠨ ᠣᠷᠳᠣᠨ ᠤ ᠬᠤᠰᠢᠭᠤ ᠲᠡᠳ᠋ ᠳᠠᠷᠤᠭ᠎ᠠ ᠹᠧᠩ ᠱᠦ ᠵᠢᠤᠸᠠᠨ ᠪᠠᠷ᠎ᠠ ᠪᠤᠯᠤᠨ ᠬᠢᠨᠠᠨ | ᠪᠠᠶᠢᠴᠠᠭᠠᠪᠠ᠃ ︵ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ︶ | |