ᠠᠶᠢᠮᠠᠭ ᠤᠨ ᠵᠠᠬᠢᠷᠭᠠᠨ ᠤ ᠲᠡᠳ᠋ ᠳᠠᠷᠤᠭ᠎ᠠ ᠾᠧᠦ ᡁᠢ ᠮᠢᠨ ᠨᠠᠷ ᠰᠢᠯᠤᠭᠤᠨ ᠬᠦᠬᠡ ᠬᠤᠰᠢᠭᠤᠨ ᠤ ᠨᠠᠷᠠᠳᠣ ᠰᠣᠮᠣᠨ ᠳᠤ ᠬᠦᠨᠵᠡᠭᠡᠶᠢᠷᠡᠨ ᠭᠤᠤᠯ ᠤᠨ ᠣᠰᠣ ᠶᠢ ᠰᠣᠳᠣᠯᠣᠨ ᠪᠠᠶᠢᠴᠠᠭᠠᠪᠠ
ᠨᠡᠶᠢᠲᠡᠯᠡᠭᠰᠡᠨ ᠴᠠᠭ᠄
2018/4/16
      4 ᠰᠠᠷ᠎ᠠ ᠶᠢᠨ 12 ᠤᠨ ᠡᠳᠦᠷ᠂ ᠠᠶᠢᠮᠠᠭ ᠤᠨ ᠵᠠᠬᠢᠷᠭᠠᠨ ᠤ ᠲᠡᠳ᠋ ᠳᠠᠷᠤᠭ᠎ᠠ᠂ ᠭᠤᠭᠤᠰᠣᠳᠠᠢ ᠭᠤᠤᠯ ᠤᠨ ᠠᠶᠢᠮᠠᠭ ᠤᠨ ᠲᠡᠰ ᠤᠨ ᠭᠤᠤᠯ ᠤᠨ ᠳᠠᠷᠤᠭ᠎ᠠ ᠾᠧᠦ ᡁᠢ ᠮᠢᠨ ᠨᠠᠷᠠᠳᠣ ᠰᠣᠮᠣᠨ ᠤ ᠭᠤᠭᠤᠰᠣᠳᠠᠢ ᠭᠤᠤᠯ ᠳᠤ ᠬᠦᠨᠵᠡᠭᠡᠶᠢᠷᠡᠨ᠂ ᠭᠤᠤᠯ ᠤᠨ ᠳᠠᠷᠤᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠳᠠ᠂ ᠭᠤᠭᠤᠰᠣᠳᠠᠢ ᠭᠤᠤᠯ ᠤᠨ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠵᠢᠴᠢ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠣᠷᠠᠯ  ᠤᠨ ᠬᠦᠭᠵᠢᠯᠳᠡ ᠶᠢᠨ ᠳᠣᠬᠠᠢ ᠰᠣᠳᠣᠯᠣᠨ ᠪᠠᠶᠢᠴᠠᠭᠠᠪᠠ᠃       ᠠᠶᠢᠮᠠᠭ ᠤᠨ ᠣᠰᠣᠨ ᠠᠰᠢᠭᠯᠠᠯᠳᠠ ᠶᠢᠨ ᠳᠣᠪᠴᠢᠶᠠᠨ ᠤ ᠲᠡᠳ᠋ ᠳᠠᠷᠤᠭ᠎ᠠ ᠫᠠᠨ ᠴᠦᠨ ᠯᠧᠢ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠠᠩᠪᠦ᠋ᠭᠡ᠂ ᠬᠤᠰᠢᠭᠤ ᠣᠰᠣᠨ ᠠᠰᠢᠭᠯᠠᠯᠳᠠ ᠶᠢᠨ ᠳᠣᠪᠴᠢᠶᠠᠨ ᠤ ᠳᠠᠷᠤᠭ᠎ᠠ ᠬᠠᠰᠭᠡᠷᠡᠯ᠂ ᠨᠠᠷᠠᠳᠣ ᠰᠣᠮᠣᠨ ᠤ ᠱᠦᠵᠢ ᠠᠯᠳᠠᠨᠪᠠᠭᠠᠨ᠎ᠠ᠂ ᠰᠣᠮᠣᠨ ᠳᠠᠷᠤᠭ᠎ᠠ ᠵᠤᠷᠢᠭᠰᠠᠶᠢᠬᠠᠨ᠂ ᠲᠡᠳ᠋ ᠰᠣᠮᠣᠨ ᠳᠠᠷᠤᠭ᠎ᠠ ᠪᠤᠷᠣ ᠨᠠᠷ ᠪᠠᠷ᠎ᠠ ᠪᠤᠯᠵᠠᠭᠠᠪᠠ᠃       ᠠᠶᠢᠮᠠᠭ ᠤᠨ ᠳᠠᠷᠤᠭ᠎ᠠ ᠾᠧᠦ ᡁᠢ ᠮᠢᠨ ᠭᠤᠭᠤᠰᠣᠳᠠᠢ ᠭᠤᠤᠯ ᠤᠨ ᠬᠠᠵᠠᠭᠤ ᠬᠠᠪᠢ ᠶᠢᠨ ᠡᠷᠳᠡᠨ ᠤ ᠬᠠᠶᠢᠯᠠᠰᠣᠨ ᠮᠤᠳᠣᠨ ᠤ ᠬᠠᠮᠠᠭᠠᠯᠠᠯᠳᠠ ᠶᠢᠨ ᠣᠷᠣᠨ ᠳᠤ ᠬᠦᠷᠴᠦ᠂ ᠡᠷᠳᠡᠨ ᠤ ᠬᠠᠶᠢᠯᠠᠰᠣᠨ ᠮᠣᠳᠣᠨ ᠤ ᠣᠷᠭᠤᠯᠳᠠ ᠶᠢᠨ ᠪᠠᠶᠢᠳᠠᠯ ᠪᠠ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠣᠶᠢᠯᠠᠭᠠᠭᠰᠠᠨ ᠤ ᠬᠠᠮᠳᠣ ᠬᠤᠰᠢᠭᠤ᠂ ᠰᠣᠮᠣᠨ ᠤ ᠣᠳᠣᠷᠢᠳᠣᠯᠭ᠎ᠠ ᠳᠤ ᠬᠠᠶᠢᠯᠠᠰᠣᠨ ᠮᠤᠳᠣ ᠶᠢ ᠰᠠᠶᠢᠳᠣᠷ ᠬᠠᠮᠠᠭᠠᠯᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠮᠢ ᠠᠬᠤᠢ ᠶᠢᠨ ᠲᠡᠩᠴᠡᠭᠦᠷᠢ ᠶᠢ ᠪᠠᠳᠣᠯᠠᠬᠤ ᠭᠡᠷᠡᠭᠳᠡᠢ ᠭᠡᠵᠦ ᠵᠠᠬᠢᠪᠠ᠃       ᠭᠤᠭᠤᠰᠣᠳᠠᠢ ᠭᠤᠤᠯ ᠤᠨ ᠣᠷᠣᠰᠬᠠᠯ ᠤᠨ ᠤᠶᠢᠷ᠎ᠠ ᠬᠠᠪᠢ ᠶᠢᠨ ᠠᠮᠢ ᠠᠬᠤᠢ ᠶᠢᠨ ᠣᠷᠴᠢᠨ ᠳᠣᠭᠤᠷᠢᠨ ᠢ ᠪᠠᠶᠢᠴᠠᠭᠠᠨ ᠦᠵᠡᠭᠰᠡᠨ ᠤ ᠰᠡᠭᠦᠯᠡᠷ᠂ ᠲᠠᠷᠠ᠄ ᠭᠤᠤᠯ ᠤᠨ ᠳᠠᠷᠤᠭ᠎ᠠ ᠶᠢᠨ ᠲᠦᠷᠢᠮ ᠢ ᠪᠦᠬᠦ ᠳᠠᠯ᠎ᠠ ᠪᠠᠷ ᠠᠬᠢᠭᠤᠯᠬᠤ ᠪᠤᠯ ᠪᠠᠶᠢᠭᠠᠯᠢᠯᠢᠭ ᠢᠶᠠᠷ ᠬᠦᠭᠵᠢᠭᠦᠯᠬᠦ ᠦᠵᠡᠯᠳᠡ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠠᠶᠢᠯᠳᠣᠬᠤ ᠪᠤᠳᠣᠯᠭ᠎ᠠ ᠪᠤᠯᠤᠨ᠎ᠠ᠂ ᠮᠦᠨ ᠴᠦ᠂ ᠭᠤᠤᠯ ᠮᠦᠷᠡᠨ ᠢ ᠬᠠᠮᠢᠶᠠᠷᠴᠣ ᠬᠠᠮᠠᠭᠠᠯᠠᠬᠤ᠂ ᠣᠰᠣᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠳᠣᠯᠠᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠭᠤᠭᠤᠰᠣᠳᠠᠢ ᠭᠤᠤᠯ ᠪᠤᠯ ᠴᠠᠭᠠᠨᠨᠠᠭᠤᠷ ᠤᠨ ᠣᠰᠣᠨ ᠰᠢᠰᠲ᠋ᠧᠮ ᠤᠨ ᠴᠢᠬᠤᠯᠠ ᠡᠬᠢ ᠪᠠᠶᠢᠵᠤ᠂ ᠬᠤᠯᠠᠨ ᠰᠢᠷᠭ᠎ᠠ ᠳᠠᠭ᠎ᠠ ᠶᠢᠨ ᠠᠮᠢ ᠠᠬᠤᠢ ᠪᠠ ᠳᠣᠬᠠᠢ ᠶᠢᠨ ᠭᠠᠵᠠᠷ ᠣᠷᠣᠨ ᠤ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠳᠤ ᠴᠢᠬᠤᠯᠠ ᠦᠢᠯᠡᠳᠦᠯ ᠲᠠᠢ᠂ ᠬᠤᠰᠢᠭᠤ᠂ ᠰᠣᠮᠣᠨ ᠤ ᠬᠤᠶᠠᠷ ᠱᠠᠳᠣᠨ ᠤ ᠵᠠᠰᠠᠭ  ᠤᠨ ᠣᠷᠳᠣᠨ ᠨᠢ ᠭᠤᠭᠤᠰᠣᠳᠠᠢ ᠭᠤᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠷᠴᠢᠨ ᠳᠣᠭᠤᠷᠢᠨ ᠤ ᠪᠤᠬᠢᠷᠳᠣᠯ ᠢ ᠠᠷᠢᠯᠭᠠᠵᠤ᠂ ᠣᠨᠴᠠᠭᠠᠶᠢᠯᠠᠨ ᠤᠶᠢᠷ᠎ᠠ ᠬᠠᠪᠢ ᠶᠢᠨ ᠵᠢᠭᠤᠯᠴᠢᠯᠠᠯ ᠤᠨ ᠴᠡᠭ ᠤᠨ ᠬᠠᠮᠢᠶᠠᠷᠣᠯᠳᠠ ᠪᠠᠨ ᠣᠯᠠᠮ ᠨᠢᠭᠡ ᠠᠯᠬᠤᠮ ᠴᠡᠭᠴᠡᠯᠡᠨ ᠴᠢᠩᠭᠠᠳᠬᠠᠵᠤ᠂ ᠲᠡᠰ ᠨᠡᠮᠡᠭᠳᠡᠭᠦᠯᠬᠦ ᠠᠵᠢᠯ ᠢ ᠢᠳᠡᠪᠬᠢᠳᠠᠢ ᠠᠬᠢᠭᠤᠯᠤᠨ᠂ ︽ᠵᠤᠷᠯᠤᠩ ᠤᠨ ᠦᠭᠡᠷᠡᠴᠢᠯᠡᠯᠳᠡ︾ ᠶᠢᠨ ᠡᠷᠴᠢᠮ ᠢᠶᠠᠨ ᠴᠢᠩᠭᠠᠳᠬᠠᠵᠤ᠂ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠶᠢ ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠬᠤ  ᠲᠠᠢ ᠨᠢᠭᠳᠠᠨ ᠣᠶᠠᠯᠳᠣᠭᠤᠯᠤᠨ᠂ ᠠᠮᠢ ᠠᠬᠤᠢ ᠶᠢᠨ ᠰᠡᠷᠡᠮᠵᠢ ᠶᠢᠨ ᠱᠣᠭᠤᠮ ᠢ ᠰᠠᠶᠢᠳᠣᠷ ᠰᠠᠬᠢᠵᠤ᠂ ᠮᠠᠯᠴᠢᠨ ᠲᠦᠮᠡᠨ ᠤ ᠠᠮᠢᠳᠣᠷᠠᠯ ᠤᠨ ᠬᠢᠷᠢ ᠲᠦᠪᠰᠢᠨ ᠢ ᠲᠡᠭᠡᠭᠰᠢᠯᠡᠭᠦᠯᠬᠦ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠡ᠃       ᠳᠠᠷᠠᠭ᠎ᠠ ᠨᠢ᠂ ᠭᠤᠭᠤᠰᠣᠳᠠᠢ ᠭᠠᠴᠠᠭᠠᠨ ᠳᠤ ᠬᠦᠨᠵᠡᠭᠡᠶᠢᠷᠡᠨ᠂ ᠬᠠᠪᠤᠷ ᠤᠨ ᠣᠯᠠᠷᠢᠯ ᠤᠨ ᠰᠠᠯᠬᠦᠨ ᠮᠠᠯᠵᠢᠬᠤ ᠠᠵᠢᠯ ᠢ ᠳᠣᠭᠤᠷᠢᠨ ᠪᠠᠶᠢᠴᠠᠭᠠᠪᠠ᠃ ᠠᠶᠢᠮᠠᠭ ᠤᠨ ᠳᠠᠷᠤᠭ᠎ᠠ ᠾᠧᠦ ᡁᠢ ᠮᠢᠨ ᠪᠠᠰᠠ ᠮᠠᠯᠴᠢᠳ ᠤᠨ ᠬᠡᠷ  ᠢᠶᠠᠷ ᠠᠶᠢᠯᠠᠴᠢᠯᠠᠨ᠂ ᠮᠠᠯᠴᠢᠳ ᠲᠠᠢ ᠳᠣᠳᠣᠨᠣᠰᠤᠭ ᠢᠶᠠᠷ ᠶᠠᠷᠢᠯᠴᠠᠵᠤ᠂ ᠡᠪᠡᠰᠦ ᠪᠤᠷᠳᠣᠭᠠᠨ ᠤ ᠬᠠᠳᠠᠭᠠᠯᠠᠮᠵᠢ᠂ ᠮᠠᠯ  ᠤᠨ ᠡᠭᠦᠯᠳᠡᠷ᠂ ᠲᠡᠵᠢᠭᠡᠨ ᠦᠷᠡᠵᠢᠭᠦᠯᠬᠦ ᠦᠪᠡᠷ ᠤᠨ ᠦᠷᠳᠡᠭ ᠵᠡᠷᠭᠡ ᠶᠢ ᠨᠠᠷᠢᠨ ᠬᠢᠨᠠᠮᠠᠭᠠᠢ ᠣᠶᠢᠯᠠᠭᠠᠵᠤ᠂ ᠠᠮᠢ ᠠᠬᠤᠢ ᠶᠢᠨ ᠦᠷ᠎ᠡ ᠠᠰᠢᠭ ᠪᠠ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ︽ᠬᠤᠤᠰ ᠠᠮᠵᠢᠯᠳᠠ︾ ᠶᠢ ᠭᠡᠷᠬᠢᠨ ᠪᠡᠶᠡᠯᠡᠭᠦᠯᠬᠦ ᠳᠣᠬᠠᠢ ᠬᠦᠨᠵᠡᠭᠡᠢ ᠶᠡᠷᠢᠯᠴᠡᠪᠡ᠃ ᠳᠠᠷᠠ᠄ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠭᠠᠵᠠᠷ ᠤᠷᠤᠨ ᠨᠢ ᠦᠭᠡᠷ ᠮᠠᠯᠵᠢᠬᠤ ᠳᠤ ᠳᠣᠬᠢᠷᠠᠮᠵᠢᠳᠠᠢ᠂ ᠨᠠᠷᠠᠳᠣ ᠰᠣᠮᠣ ᠨᠢ ᠡᠨᠡ ᠳᠠᠯ᠎ᠠ ᠪᠠᠷ ᠣᠯᠠᠨ ᠠᠷᠪᠢᠨ ᠠᠵᠢᠯ ᠬᠢᠭᠰᠡᠨ ᠪᠠᠶᠢᠨ᠎ᠡ᠂ ᠬᠤᠶᠢᠰᠢᠳᠠ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠤ᠂ ︽ᠬᠤᠨᠢ ᠶᠢ ᠴᠦᠭᠡᠴᠢᠯᠡᠵᠦ᠂ ᠦᠭᠡᠷ ᠮᠠᠯᠵᠢᠬᠤ︾ ᠪᠠᠶᠢᠯᠳᠣᠬᠤ ᠪᠤᠳᠣᠯᠭ᠎ᠠ ᠶᠢ ᠡᠷᠴᠢᠮᠳᠠᠢ ᠭᠡᠷᠡᠭᠵᠢᠭᠦᠯᠵᠦ᠂ ᠮᠠᠯ ᠮᠠᠯᠵᠢᠬᠤ ᠦᠵᠡᠯᠳᠡ ᠪᠠᠨ ᠦᠭᠡᠷᠡᠴᠢᠯᠡᠨ᠂ ᠰᠢᠷᠠᠯᠳᠠᠢ ᠦᠭᠡᠷ ᠤᠨ ᠡᠭᠦᠯᠳᠡᠷ ᠢ ᠰᠠᠶᠢᠳᠣᠷ ᠠᠳᠬᠤᠵᠤ᠂ ᠰᠢᠮᠧᠨ᠋ᠲᠷ ᠦᠭᠡᠷ ᠤᠨ ᠭᠤᠤᠯᠳᠠᠯᠭᠠᠳᠣ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠦᠢᠯᠡᠰ ᠢ ᠢᠳᠡᠪᠬᠢᠳᠠᠢ ᠬᠦᠭᠵᠢᠭᠦᠯᠵᠦ᠂ ᠦᠷᠭᠡᠨ ᠣᠯᠠᠨ ᠮᠠᠯᠴᠢᠨ ᠲᠦᠮᠡᠨ ᠢ ᠮᠢᠬᠠᠨ ᠤ ᠦᠭᠡᠷ ᠮᠠᠯᠵᠢᠵᠤ᠂ ᠴᠢᠨᠡᠬᠡᠯᠢᠭᠵᠢᠯ ᠤᠨ ᠵᠠᠮ ᠢᠶᠠᠷ ᠵᠠᠮᠨᠠᠬᠤ ᠶᠢ ᠲᠠᠶᠢᠴᠢᠯᠠᠬᠤ ᠬᠡᠷᠡᠭᠳᠡᠢ ᠭᠡᠵᠦ ᠱᠠᠭᠠᠷᠳᠠᠪᠠ᠃ ︵ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号