ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭᠠᠨ ᠤ ᠲᠤᠮᠢᠯᠠᠭᠰᠠᠨ ᠬᠢᠨᠠᠨ ᠪᠠᠶᠢᠴᠠᠭᠠᠬᠤ ᠳᠣᠭᠤᠶᠢᠯᠠᠩ ᠨᠢ ᠰᠢᠯᠤᠭᠤᠨ ᠬᠦᠬᠡ ᠬᠤᠰᠢᠭᠤᠨ ᠤ ᠬᠠᠪᠤᠷ ᠤᠨ ᠣᠯᠠᠷᠢᠯ ᠤᠨ ᠰᠡᠯᠭᠦᠨ ᠮᠠᠯᠵᠢᠬᠤ ᠠᠵᠢᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2018/4/16
       4 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭᠠᠨ ᠠᠴᠠ ᠰᠢᠯᠤᠭᠤᠨ ᠬᠦᠬᠡ ᠬᠤᠰᠢᠭᠤᠨ ᠳᠤ ᠲᠤᠮᠢᠯᠠᠭᠰᠠᠨ ᠬᠢᠨᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠠᠶᠢᠮᠠᠭ ᠤᠨ ᠭᠠᠯ ᠰᠡᠷᠭᠡᠶᠢᠯᠡᠬᠦ ᠠᠯᠪᠠᠨ ᠭᠡᠷ ᠤᠨ ᠲᠡᠳ᠋ ᠡᠷᠬᠢᠯᠡᠭᠴᠢ ᠬᠠᠰᠳᠣᠩᠭᠠᠯᠠᠭ ᠨᠠᠷ ᠬᠠᠮᠢᠶ᠎ᠠ ᠪᠦᠬᠦᠢ ᠰᠣᠮᠣ ᠪᠠᠯᠭᠠᠰᠣ ᠭᠠᠴᠠᠭ᠎ᠠ ᠳᠣᠰᠬᠤᠨ ᠳᠤ ᠬᠦᠨᠵᠡᠭᠡᠶᠢᠷᠡᠨ᠂ ᠮᠠᠨ ᠤ ᠬᠤᠰᠢᠭᠤᠨ ᠤ ᠬᠠᠪᠤᠷ ᠤᠨ ᠣᠯᠠᠷᠢᠯ ᠤᠨ ᠰᠡᠯᠭᠦᠨ ᠮᠠᠯᠵᠢᠬᠤ ᠠᠵᠢᠯ ᠤᠨ ᠦᠷᠨᠢᠭᠦᠯᠦᠯᠳᠡ ᠶᠢᠨ ᠪᠠᠶᠢᠳᠠᠯ ᠢ ᠬᠢᠨᠠᠨ ᠪᠠᠶᠢᠴᠠᠭᠠᠪᠠ᠃        ᠬᠢᠨᠠᠨ ᠪᠠᠶᠢᠴᠠᠭᠠᠬᠤ ᠳᠣᠭᠤᠶᠢᠯᠠᠩ ᠨᠢ ᠳᠣᠰ ᠪᠦᠷᠢ ᠱᠠᠩᠳᠣ ᠪᠠᠯᠭᠠᠰᠣᠨ ᠤ ᠪᠠᠶᠠᠨ ᠵᠢᠪᠬᠤᠯᠠᠩ ᠭᠠᠴᠠᠭ᠎ᠠ᠂ ᠡᠩᠭᠡᠷᠪᠤᠯᠠᠭ ᠭᠠᠴᠠᠭ᠎ᠠ᠂ ᠪᠤᠱᠣᠣᠳᠠᠢ ᠰᠣᠮᠣᠨ ᠤ ᠪᠠᠶᠠᠨᠪᠤᠯᠠᠭ ᠭᠠᠴᠠᠭᠠᠨ ᠳᠤ ᠬᠦᠷᠴᠦ᠂ ᠡᠷᠦᠭᠡ ᠳᠤ ᠬᠦᠨᠵᠡᠭᠡᠶᠢᠷᠡᠨ ᠪᠠᠶᠢᠴᠠᠭᠠᠬᠤ ᠪᠠ ᠰᠣᠩᠭᠤᠨ ᠪᠠᠶᠢᠴᠠᠭᠠᠬᠤ ᠠᠷᠭ᠎ᠠ ᠪᠠᠷ ᠰᠡᠯᠭᠦᠨ ᠮᠠᠯᠵᠢᠬᠤ ᠠᠵᠢᠯ ᠢ ᠵᠤᠬᠢᠶᠠᠨ ᠪᠠᠶᠢᠭᠤᠯᠤᠨ ᠳᠠᠶᠢᠴᠢᠯᠠᠭᠰᠠᠨ᠂ ᠤᠬᠠᠭᠤᠯᠤᠨ ᠮᠡᠳᠡᠭᠳᠡᠭᠰᠡᠨ᠂ ᠰᠣᠮᠣ ᠪᠠᠯᠭᠠᠰᠣ ᠪᠠ ᠭᠠᠴᠠᠭ᠎ᠠ ᠵᠢᠴᠢ ᠲᠡᠳᠬᠦᠨ ᠳᠡᠮᠵᠢᠬᠦ ᠪᠠᠶᠢᠭᠤᠯᠭ᠎ᠠ ᠶᠢᠨ ᠦᠢᠯᠡᠳᠦᠯ ᠢᠶᠠᠨ ᠭᠡᠷᠬᠢᠨ ᠪᠠᠳᠠᠷᠠᠭᠤᠯᠤᠭᠰᠠᠨ᠂ ᠮᠠᠯᠴᠢᠨ ᠡᠷᠦᠭᠡ ᠶᠢᠨ ᠡᠪᠡᠰᠦ ᠪᠤᠷᠳᠣᠭᠠᠨ ᠤ ᠬᠠᠳᠠᠭᠠᠯᠠᠮᠵᠢ᠂ ᠮᠠᠯ ᠤᠨ ᠣᠣᠭᠤᠬᠤ ᠣᠰᠣ᠂ ᠮᠠᠯ ᠪᠡᠯᠴᠢᠭᠡᠬᠦ ᠳᠠᠯᠠᠪᠤᠷ ᠤᠨ ᠨᠠᠶᠢᠳᠠᠪᠤᠷᠢᠵᠢᠭᠤᠯᠤᠯᠳᠠ ᠂ ᠰᠡᠯᠭᠦᠨ ᠮᠠᠯᠵᠢᠬᠤ ᠶᠢ ᠳᠣᠭᠤᠷᠢᠨ ᠪᠠᠶᠢᠴᠠᠭᠠᠭᠰᠠᠨ᠂ ᠲᠦᠷᠢᠮ ᠵᠦᠷᠢᠴᠡᠨ ᠮᠠᠯ ᠪᠡᠯᠴᠢᠭᠡᠭᠰᠡᠨ ᠭᠡᠷᠡᠭ ᠢ ᠪᠠᠶᠢᠴᠠᠭᠠᠨ ᠰᠢᠳᠭᠡᠭᠰᠡᠨ ᠵᠡᠷᠭᠡ ᠳᠠᠯ᠎ᠠ ᠪᠠᠷ ᠨᠠᠷᠢᠨ ᠬᠢᠨᠠᠮᠠᠭᠠᠢ ᠪᠠᠶᠢᠴᠠᠭᠠᠪᠠ᠃ ᠡᠭᠦᠨ ᠤ ᠬᠠᠮᠳᠣ᠂ ᠬᠢᠨᠠᠨ ᠪᠠᠶᠢᠴᠠᠭᠠᠬᠤ ᠳᠣᠭᠤᠶᠢᠯᠠᠩ ᠨᠢ 207 ᠣᠯᠣᠰ ᠤᠨ ᠵᠠᠮ ᠤᠨ ᠱᠠᠩᠳᠣ ᠪᠠᠯᠭᠠᠰᠣᠨ ᠤ ᠪᠡᠶᠡᠨ ᠵᠢᠪᠬᠤᠯᠠᠩ ᠠᠴᠠ ᠬᠠᠪᠢᠷᠭ᠎ᠠ ᠶᠢᠨ ᠡᠯ ᠵᠢᠶᠠ ᠽᠢ ᠬᠦᠷᠬᠦ ᠵᠠᠮ ᠳᠠᠭᠠᠣ ᠶᠢ ᠬᠢᠨᠠᠨ ᠪᠠᠶᠢᠴᠠᠭᠠᠵᠤ᠂ ᠮᠤᠵᠢ ᠶᠢᠨ ᠲᠡᠰ ᠤᠨ ᠵᠠᠮ ᠤᠨ ᠪᠤᠱᠣᠣᠳᠠᠢ ᠰᠣᠮᠣᠨ  ᠠᠴᠠ ᠰᠠᠩ ᠤᠨ ᠳᠠᠯᠠᠢ ᠬᠦᠷᠬᠦ ᠵᠠᠰᠠᠮᠠᠯ ᠵᠠᠮ ᠳᠠᠭᠠᠣ᠂ ᠰᠠᠩ ᠤᠨ ᠳᠠᠯᠠᠢ ᠪᠠᠯᠭᠠᠰᠣ — ᠦᠭᠡᠷᠴᠢᠨ ᠣᠪᠣᠭ᠎ᠠ — ᠱᠠᠩᠳᠣ ᠪᠠᠯᠭᠠᠰᠣ ᠬᠦᠷᠬᠦ ᠵᠠᠮ ᠳᠠᠭᠠᠣ ᠶᠢᠨ ᠪᠡᠯᠴᠢᠭᠡᠷᠯᠡᠭᠦᠯᠬᠦ ᠶᠢ ᠵᠤᠭᠰᠣᠭᠠᠵᠤ᠂ ᠰᠡᠯᠭᠦᠨ ᠮᠠᠯᠵᠢᠵᠤ ᠪᠠᠶᠢᠭ᠎ᠠ ᠪᠠᠶᠢᠳᠠᠯ ᠢ ᠳᠣᠭᠤᠷᠢᠨ ᠪᠠᠶᠢᠴᠠᠭᠠᠪᠠ᠃ ᠬᠠᠪᠢᠷᠭ᠎ᠠ ᠪᠠᠯᠭᠠᠰᠣᠨ ᠤ ᠲᠦᠷᠢᠮ ᠵᠦᠷᠢᠴᠡᠨ᠂ ᠮᠠᠯ ᠪᠡᠯᠴᠢᠭᠡᠵᠦ ᠪᠠᠶᠢᠭ᠎ᠠ ᠨᠢᠭᠡ ᠭᠡᠷᠡᠭ ᠢ ᠳᠣᠬᠠᠢ ᠶᠢᠨ ᠭᠠᠵᠠᠷ ᠲᠤᠨᠢ ᠴᠡᠭᠴᠡᠯᠡᠨ ᠦᠭᠡᠷᠡᠴᠢᠯᠡᠭᠦᠯᠬᠦ ᠪᠠᠷ ᠰᠠᠨᠠᠯ ᠳᠣᠷᠠᠳᠣᠭᠰᠠᠨ ᠤ ᠬᠠᠮᠳᠣ ᠱᠠᠭᠠᠷᠳᠠᠨ ᠨᠠᠶᠢᠳᠠᠪᠤᠷᠢᠵᠢᠭᠤᠯᠪᠠ᠃ ︵ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号