ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠪᠤᠶᠠᠨᠳᠣ ᠰᠠᠩ ᠤᠨ ᠳᠠᠯᠠᠢ ᠪᠠᠯᠭᠠᠰᠣ᠂ ᠪᠤᠱᠣᠣᠳᠠᠢ ᠰᠣᠮᠣᠨ ᠳᠤ ᠬᠦᠨᠵᠡᠭᠡᠶᠢᠷᠡᠨ᠂ ᠬᠠᠪᠤᠷ ᠤᠨ ᠣᠯᠠᠷᠢᠯ ᠤᠨ ᠰᠡᠯᠭᠦᠨ ᠮᠠᠯᠵᠢᠬᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018/4/28
        4 ᠰᠠᠷ᠎ᠠ ᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠪᠤᠶᠠᠨᠳᠣ ᠨᠠᠷ ᠰᠠᠩ ᠤᠨ ᠳᠠᠯᠠᠢ ᠪᠠᠯᠭᠠᠰᠣ᠂ ᠪᠤᠱᠣᠣᠳᠠᠢ ᠰᠣᠮᠣᠨ ᠳᠤ ᠬᠦᠨᠵᠡᠭᠡᠶᠢᠷᠡᠨ᠂ ᠬᠠᠪᠤᠷ ᠤᠨ ᠣᠯᠠᠷᠢᠯ ᠤᠨ ᠰᠡᠯᠭᠦᠨ ᠮᠠᠯᠵᠢᠬᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠪᠠᠶᠢᠴᠠᠭᠠᠨ ᠵᠢᠯᠤᠭᠤᠳᠪᠠ᠃ ᠬᠤᠰᠢᠭᠤ ᠲᠡᠳ᠋ ᠳᠠᠷᠤᠭ᠎ᠠ ᠭᠠᠩᠪᠦ᠋ᠭᠡ᠂ ᠬᠤᠰᠢᠭᠤ ᠠᠮᠢ ᠠᠬᠤᠢ ᠶᠢᠨ ᠬᠠᠮᠠᠭᠠᠯᠠᠯᠳᠠ ᠶᠢᠨ ᠳᠣᠪᠴᠢᠶᠠᠨ ᠤ ᠬᠠᠷᠢᠭᠤᠴᠠᠯᠭᠠᠳᠠᠨ ᠬᠠᠮᠳᠣ ᠪᠠᠶᠢᠴᠠᠭᠠᠪᠠ᠃         ᠬᠤᠰᠢᠭᠤ ᠳᠠᠷᠤᠭ᠎ᠠ ᠪᠤᠶᠠᠨᠳᠣ ᠨᠠᠷ ᠰᠠᠩ ᠤᠨ ᠳᠠᠯᠠᠢ ᠪᠠᠯᠭᠠᠰᠣᠨ ᠤ ᠣᠷᠳᠣ ᠶᠢᠨ ᠣᠪᠣᠭ᠎ᠠ ᠭᠠᠴᠠᠭ᠎ᠠ᠂ ᠪᠤᠱᠣᠣᠳᠠᠢ ᠰᠣᠮᠣᠨ ᠤ ᠰᠠᠶᠢᠬᠠᠨᠳᠠᠯ᠎ᠠ ᠭᠠᠴᠠᠭᠠᠨ ᠳᠤ ᠬᠦᠨᠵᠡᠭᠡᠶᠢᠷᠡᠨ᠂ ᠰᠡᠯᠭᠦᠨ ᠮᠠᠯᠵᠢᠬᠤ ᠬᠤᠭᠤᠴᠠᠭᠠᠨ ᠳᠠᠬᠢ ᠮᠠᠯᠴᠢᠨ ᠡᠷᠦᠭᠡ ᠶᠢᠨ ᠦᠢᠯᠡᠳᠪᠦᠷᠢᠯᠠᠯ ᠠᠮᠢᠳᠣᠷᠠᠯ ᠤᠨ ᠪᠠᠶᠢᠳᠠᠯ᠂ ᠡᠯ᠎ᠡ ᠲᠦᠷᠦᠯ ᠤᠨ ᠠᠵᠢᠯ ᠢ ᠦᠷᠨᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠪᠠ᠃ ᠡᠭᠦᠨ ᠤ ᠬᠠᠮᠳᠣ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠶᠠᠳᠠᠭᠤ ᠬᠦᠴᠢᠷᠳᠠᠯᠳᠠᠢ ᠡᠷᠦᠭᠡ ᠶᠢᠨ ᠬᠠᠨᠤᠮᠵᠢ ᠶᠢᠨ ᠨᠤᠷᠮ᠎ᠠ ᠵᠡᠷᠭᠡ ᠳᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃         ᠬᠤᠰᠢᠭᠤ ᠳᠠᠷᠤᠭ᠎ᠠ ᠪᠤᠶᠠᠨᠳᠣ ᠱᠠᠭᠠᠷᠳᠠᠬᠤ ᠳᠠᠭᠠᠨ᠄ ᠨᠢᠭᠡ ᠳᠤ᠂ ᠵᠤᠬᠢᠶᠠᠨ ᠪᠠᠶᠢᠭᠤᠯᠤᠯᠳᠠ ᠶᠢᠨ ᠤᠳᠣᠷᠢᠳᠣᠯᠭ᠎ᠠ ᠪᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠳᠣᠳᠣᠷᠬᠠᠶᠢᠯᠠᠨ᠂ ᠰᠡᠯᠭᠦᠨ ᠮᠠᠯᠵᠢᠬᠤ ᠠᠵᠢᠯ ᠢ ᠰᠠᠶᠢᠳᠣᠷ ᠠᠳᠬᠤᠵᠤ᠂ ᠪᠤᠳᠠᠳᠣ ᠦᠷ᠎ᠡ ᠪᠦᠳᠦᠮᠵᠢ ᠣᠯᠬᠤ ᠶᠢ ᠪᠠᠳᠣᠯᠠᠬᠤ ᠭᠡᠷᠡᠭᠳᠡᠢ᠃ ᠬᠤᠶᠠᠷ ᠎ ᠲᠤ᠂ ᠰᠡᠯᠭᠦᠨ ᠮᠠᠯᠵᠢᠬᠤ ᠠᠵᠢᠯ ᠢ ᠣᠬᠠᠭᠤᠯᠬᠤ ᠡᠷᠴᠢᠮ ᠢᠶᠠᠨ ᠣᠯᠠᠮ ᠴᠢᠩᠭᠠᠳᠬᠠᠵᠤ᠂ ᠮᠠᠯᠴᠢᠨ ᠲᠦᠮᠡᠨ ᠳᠤ ᠰᠡᠯᠭᠦᠨ ᠮᠠᠯᠵᠢᠬᠤ ᠪᠤᠯ ᠮᠠᠯ ᠠᠵᠤ ᠠᠬᠤᠢ ᠶᠢᠨ ᠬᠦᠭᠵᠢᠯᠳᠡ ᠪᠠ ᠠᠮᠢ ᠠᠬᠤᠢ ᠶᠢᠨ ᠣᠷᠴᠢᠨ ᠳᠣᠭᠤᠷᠢᠨ ᠢ ᠰᠡᠷᠭᠦᠭᠡᠬᠦ ᠴᠢᠬᠤᠯᠠ ᠠᠷᠭ᠎ᠠ ᠬᠡᠮᠵᠢᠶ᠎ᠠ ᠪᠠᠶᠢᠵᠤ᠂ ᠮᠠᠯᠴᠢᠨ ᠲᠦᠮᠡᠨ ᠤ ᠬᠤᠪᠢ ᠪᠡᠶ᠎ᠡ ᠶᠢᠨ ᠠᠰᠢᠭ ᠳᠣᠰᠠ ᠲᠠᠢ ᠳᠣᠬᠢᠷᠠᠯᠴᠠᠬᠤ ᠶᠢ ᠭᠦᠢᠴᠡᠳ ᠳᠠᠨᠢᠭᠤᠯᠵᠤ᠂ ᠦᠷᠭᠡᠨ ᠣᠯᠠᠨ ᠮᠠᠯᠴᠢᠨ ᠳᠠᠷᠢᠶᠠᠴᠢᠨ ᠤ ᠣᠬᠠᠮᠰᠠᠷ ᠠᠴᠠ ᠪᠠᠨ ᠣᠷᠣᠯᠴᠠᠬᠤ ᠢᠳᠡᠪᠬᠢᠵᠢᠯ ᠢ ᠨᠡᠮᠡᠭᠳᠡᠭᠦᠯᠬᠦ ᠭᠡᠷᠡᠭᠳᠡᠢ᠃ ᠭᠤᠷᠪᠠ ᠳᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠡᠷᠴᠢᠮ ᠢᠶᠠᠨ ᠣᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠶᠢ ᠲᠡᠳᠬᠦᠭᠰᠡᠨ ᠦᠷ᠎ᠡ ᠪᠦᠳᠦᠮᠵᠢ ᠪᠠᠨ ᠦᠷᠭᠦᠯᠵᠢᠯᠠᠨ ᠪᠠᠳᠣᠳᠬᠠᠵᠤ᠂ ᠶᠠᠳᠠᠭᠤ ᠬᠦᠴᠢᠷᠳᠡᠯᠳᠡᠢ ᠡᠷᠦᠭᠡ ᠶᠢᠨ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠠᠳᠣᠯᠠᠬᠤ ᠭᠡᠷᠡᠭᠳᠡᠢ ᠭᠡᠰᠡᠨ ᠪᠠᠶᠢᠨ᠎ᠡ᠃︵ ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号