︶ | 4 ᠰᠠᠷ᠎ᠠ ᠶᠢᠨ 2 ᠤ ᠡᠳᠦᠷ᠂ ᠦᠪᠦᠷ ᠮᠤᠩᠭᠤᠯ ᠳᠠᠬᠢ ᠰᠢᠶᠡᠩᠭᠠᠩ ᠤᠨ ᠵᠢᠭᠤᠯᠴᠢᠯᠠᠯ ᠤᠨ ᠪᠦᠯᠦᠭᠯᠠᠯ | ᠤᠨ ᠲᠢᠶᠠᠨ ᠴᠤᠸᠠᠩ ᠺᠤᠮᠫᠠᠨᠢ ᠶᠢᠨ ᠲᠡᠳ᠋ ᠶᠡᠷᠤᠩᠬᠡᠢ ᠲᠠᠭᠠᠭᠠᠮᠠᠯ ᠵᠡᠷᠬᠡ ᠬᠦᠮᠦᠰ ᠰᠢᠯᠤᠭᠤᠨ ᠬᠦᠬᠡ ᠬᠤᠰᠢᠭᠤᠨ ᠳᠤ | ᠬᠦᠷᠦᠯᠴᠡᠨ ᠢᠷᠡᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠴᠡᠴᠡᠷᠯᠢᠭ ᠢ ᠲᠦᠰᠦᠪᠯᠡᠨ ᠪᠠᠶᠢᠭᠤᠯᠬᠤ | ᠲᠦᠷᠦᠯ ᠵᠦᠢᠯ ᠤᠨ ᠲᠤᠬᠠᠢ ᠬᠤᠰᠢᠭᠤ ᠵᠠᠰᠠᠭ ᠤᠨ ᠤᠷᠳᠤᠨ ᠲᠠᠢ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ | ᠤ ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠤ ᠰᠠᠭᠤᠳᠠᠯ ᠤᠨ ᠬᠤᠷᠠᠯ ᠢ ᠡᠷᠬᠢᠯᠡᠨ᠂ ᠰᠢᠶᠡᠩᠭᠠᠩ ᠤᠨ | ᠵᠢᠭᠤᠯᠴᠢᠯᠠᠯ ᠤᠨ ᠪᠦᠯᠦᠭᠯᠠᠯ ᠤᠨ ᠲᠢᠶᠠᠨ ᠴᠤᠸᠠᠩ ᠺᠤᠮᠫᠠᠨᠢ ᠶᠢᠨ ᠬᠠᠷᠢᠭᠤᠴᠠᠯᠭᠠᠳᠠᠨ ᠠᠴᠠ ᠲᠦᠷᠦᠯ ᠵᠦᠢᠯ ᠤᠨ | ᠲᠤᠬᠠᠢ ᠨᠠᠷᠢᠨ ᠲᠠᠶᠢᠯᠪᠤᠷᠢ ᠬᠢᠵᠦ᠂ ᠬᠤᠷᠠᠯ ᠳᠤ ᠤᠷᠤᠯᠴᠠᠭᠰᠠᠨ ᠡᠯ᠎ᠠ ᠰᠠᠯᠠᠭ᠎ᠠ ᠮᠦᠴᠢᠷ ᠤᠨ ᠬᠢᠨ ᠦᠪᠡᠷᠰᠡᠳ ᠤᠨ | ᠢᠶᠠᠨ ᠡᠬᠦᠷᠬᠡ ᠬᠠᠷᠢᠭᠤᠴᠠᠯᠭ᠎ᠠ ᠶᠢᠨ ᠲᠠᠯ᠎ᠠ ᠠᠴᠠ ᠰᠠᠨᠠᠯ ᠪᠤᠳᠤᠯ ᠢᠶᠠᠨ ᠰᠤᠯᠢᠯᠴᠠᠭᠰᠠᠨ ᠪᠠᠶᠢᠨ᠎ᠠ᠃ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠴᠡᠴᠡᠷᠯᠢᠭ ᠢ ᠲᠦᠰᠦᠪᠯᠡᠨ ᠪᠠᠶᠢᠭᠤᠯᠬᠤ ᠲᠦᠷᠦᠯ | ᠵᠦᠢᠯ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠰᠤᠶᠤᠯ ᠵᠢᠭᠤᠯᠴᠢᠯᠠᠯ ᠤᠨ ᠬᠦᠭᠵᠢᠯᠳᠡ | ᠶᠢ ᠲᠦᠷᠬᠡᠳᠬᠡᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠤᠯᠤᠰ ᠤᠨ 5A ᠲᠡᠰ ᠤᠨ ᠵᠢᠭᠤᠯᠴᠢᠯᠠᠯ ᠤᠨ | ᠤᠷᠤᠨ ᠪᠤᠯᠭᠠᠨ ᠪᠦᠳᠦᠬᠡᠨ ᠪᠠᠶᠢᠭᠤᠯᠬᠤ ᠠᠵᠢᠯ ᠤᠨ ᠭᠤᠤᠯᠳᠠᠯᠭ᠎ᠠ ᠶᠢᠨ ᠨᠢᠬᠡᠨ ᠠᠭᠤᠯᠭ᠎ᠠ ᠮᠦᠨ᠃ ᠲᠤᠰ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠨᠢ ᠰᠢᠯᠤᠭᠤᠨ ᠬᠦᠬᠡ ᠬᠤᠰᠢᠭᠤᠨ ᠤ ᠵᠢᠭᠤᠯᠴᠢᠯᠠᠯ ᠤᠨ ᠲᠦᠷᠢ | ᠲᠦᠷᠬᠦ ᠵᠢᠴᠢ ᠨᠡᠷᠡᠳᠦ ᠲᠡᠮᠳᠡᠭ ᠢ ᠪᠤᠢ ᠪᠤᠯᠭᠠᠬᠤ᠂ ᠵᠢᠭᠤᠯᠴᠢᠯᠠᠯ ᠤᠨ ᠦᠢᠯᠡᠰ ᠤᠨ ᠪᠦᠬᠦᠯᠢ ᠴᠤᠭᠴᠠ ᠶᠢᠨ | ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠬᠦ᠂ ᠦᠷᠢᠰᠦᠯᠳᠦᠬᠦ ᠬᠦᠴᠦᠨ ᠢ ᠴᠢᠩᠭᠠᠷᠠᠭᠤᠯᠬᠤ ᠳᠤ ᠴᠢᠬᠤᠯᠠ | ᠠᠴᠢ ᠬᠤᠯᠪᠤᠭᠳᠠᠯ ᠲᠠᠢ ᠶᠤᠮ᠃︵ᠮᠦᠳᠡᠭ ᠣᠷᠴᠢᠭᠤᠯᠤᠨ ᠬᠢᠨᠠᠪᠠ︶ |