ᠤᠨᠠᠭᠰᠠᠨ ᠰᠢᠷᠤᠢ ᠠᠯᠲᠠ  ᠤᠬᠢᠶᠠᠭᠰᠠᠨ ᠤᠰᠤ ᠷᠠᠰᠢᠶᠠᠨ—— ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2018/5/10
         ᠭᠠᠳᠠᠨ᠎ᠠ ᠣᠷᠣᠨ ᠳᠤ ᠲᠡᠮᠡᠴᠡᠨ ᠴᠢᠷᠮᠠᠶᠢᠵᠤ ᠶᠠᠪᠤᠭ᠎ᠠ ᠰᠢᠯᠤᠭᠤᠨ ᠬᠥᠬᠡ ᠨᠤᠲᠤᠭᠲᠠᠢ ᠠᠵᠤ ᠠᠬᠤᠶᠢᠯᠠᠯᠲᠠᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠰᠤᠷᠤᠯᠭ᠎ᠠ ᠲᠡᠭᠦᠰᠦᠭᠰᠡᠨ ᠤᠶᠤᠲᠠᠳ ᠪᠠ ᠴᠡᠷᠢᠭ ᠠᠴᠠ ᠬᠠᠯᠠᠭᠳᠠᠭᠰᠠᠳ ᠲᠤ᠄          ᠲᠠ ᠪᠦᠬᠦᠨ ᠰᠠᠶᠢᠨ ᠪᠠᠶᠢᠵᠠᠭᠠᠨ᠎ᠠ ᠤᠤ︖          2017 ᠣᠨ ᠤ 11 ᠰᠠᠷ᠎ᠠ ᠳᠤ᠂ ᠤᠯᠤᠰ ᠤᠨ ᠠᠷᠪᠠᠨ ᠶᠠᠮᠤᠨ ᠬᠡᠯᠲᠡᠰ ᠠᠴᠠ ᠰᠢᠯᠤᠭᠤᠨ ᠬᠥᠬᠡ ᠬᠤᠰᠢᠭᠤ ᠶᠢ ᠪᠠᠭᠲᠠᠭᠠᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠳᠡᠮᠵᠢᠬᠦ ᠲᠤᠷᠰᠢᠯᠲᠠ ᠶᠢᠨ ᠴᠡᠭ ᠤᠨ ᠭᠠᠵᠠᠷ ᠣᠷᠣᠨ ᠢ ᠲᠣᠭᠲᠠᠭᠠᠪᠠ᠃ ᠡᠨᠡ ᠨᠢ ᠤᠯᠤᠰ ᠠᠴᠠ ᠲᠥᠷᠥ ᠶᠢᠨ ᠪᠣᠳᠣᠯᠭ᠎ᠠ᠂ ᠲᠥᠷᠥᠯ ᠵᠦᠢᠯ ᠪᠠ ᠠᠷᠭ᠎ᠠ ᠵᠠᠮ ᠤᠨ ᠲᠠᠯ᠎ᠠ ᠪᠠᠷ ᠰᠢᠯᠤᠭᠤᠨ ᠬᠥᠬᠡ ᠬᠤᠰᠢᠭᠤ ᠶᠢ ᠭᠤᠣᠯᠳᠠᠯᠭ᠎ᠠ ᠲᠠᠢ ᠳᠡᠮᠵᠢᠬᠦ ᠪᠠᠷ ᠪᠠᠶᠢᠭ᠎ᠠ ᠶᠢ ᠬᠠᠷᠠᠭᠤᠯᠵᠦ ᠪᠣᠢ᠃ ᠳᠠᠷᠤᠢ ᠰᠢᠯᠤᠭᠤᠨ ᠬᠥᠬᠡ ᠬᠤᠰᠢᠭᠤ ᠨᠢ ᠡᠨᠡ ᠬᠦ ᠲᠤᠷᠰᠢᠯᠲᠠ ᠶᠢᠨ ᠴᠡᠭ ᠲᠤ ᠣᠷᠣᠬᠰᠠᠨ ᠤ ᠳᠠᠷᠠᠭ᠎ᠠ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠳᠡᠮᠵᠢᠬᠦ ᠪᠠᠶᠢᠭᠤᠯᠤᠮᠵᠢ ᠲᠣᠭᠲᠠᠯᠴᠠᠭ᠎ᠠ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠣᠨᠴᠠᠯᠢᠭᠲᠤ ᠠᠵᠤ ᠦᠢᠯᠡᠰ ᠢ ᠲᠡᠳᠬᠦᠨ ᠪᠣᠶᠢᠵᠢᠭᠤᠯᠬᠤ ᠪᠠᠨ ᠲᠦᠷᠭᠡᠳᠬᠡᠨ᠂ ᠦᠢᠯᠡᠰ ᠪᠣᠰᠬᠠᠭᠴᠢᠳ ᠲᠤ ᠬᠦᠦ ᠮᠦᠩᠬᠦᠨ ᠤ ᠬᠥᠩᠭᠡᠯᠡᠯᠲᠡ ᠲᠠᠢ ᠵᠢᠭᠡᠯᠡᠯᠭᠡ ᠬᠠᠩᠭᠠᠵᠤ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠠᠵᠤ ᠠᠬᠤᠶᠢᠯᠠᠯ᠂ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠪᠠᠰᠠ ᠭᠠᠶᠢᠯᠢ ᠰᠦᠢᠳᠬᠡᠯ ᠢ ᠪᠠᠭᠠᠰᠬᠠᠨ ᠭᠡᠯᠲᠦᠷᠢᠭᠦᠯᠬᠦ ᠪᠠ ᠠᠵᠢᠯ ᠠᠯᠳᠠᠬᠤ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠳᠣᠷᠣᠭᠰᠢᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠳᠡᠬᠡᠬᠦ ᠪᠤᠯᠤᠨ᠎ᠠ᠃          ᠣᠷᠴᠢᠮ ᠤᠨ ᠵᠢᠯ ᠠᠴᠠ᠂ ᠰᠢᠯᠤᠭᠤᠨ ᠬᠥᠬᠡ ᠬᠤᠰᠢᠭᠤᠨ ᠤ ᠠᠵᠤ ᠠᠬᠤᠢ ᠨᠡᠶᠢᠭᠡᠮ ᠨᠢ ᠡᠷᠡᠭᠦᠯ ᠢᠶᠠᠷ ᠬᠥᠭᠵᠢᠬᠦ ᠰᠠᠶᠢᠨ ᠲᠥᠯᠥᠪᠰᠢᠷᠡᠯ ᠢᠶᠠᠨ ᠪᠠᠲᠤᠯᠠᠵᠤ᠂ ᠨᠡᠶᠢᠭᠡᠮ ᠤᠨ ᠪᠣᠯᠪᠠᠰᠤᠨ ᠤ ᠲᠠᠪᠰᠢᠯᠲᠠ᠂ ᠠᠷᠠᠳ ᠤᠨ ᠠᠮᠢᠳᠤᠷᠠᠯ  ᠲᠠᠰᠤᠷᠠᠯᠲᠠ ᠦᠬᠡᠢ ᠰᠠᠶᠢᠵᠢᠷᠠᠵᠤ᠂ ᠨᠠᠮ ᠤᠨ ᠪᠠᠶᠢᠭᠤᠯᠤᠯᠲᠠ ᠦᠨᠡᠨᠬᠦ ᠴᠢᠩᠭᠠᠷᠠᠵᠤ᠂ ᠨᠤᠲᠤᠭ ᠤᠨ ᠳᠦᠷᠢ ᠲᠥᠷᠬᠦ ᠮᠠᠰᠢ ᠶᠡᠭᠡ ᠬᠤᠪᠢᠷᠠᠯᠲᠠ ᠲᠠᠢ ᠪᠣᠯᠣᠭᠰᠠᠨ ᠶᠤᠮ᠃ ᠰᠢᠯᠤᠭᠤᠨ ᠬᠥᠬᠡ ᠬᠤᠰᠢᠭᠤᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠡᠶᠡᠯᠡᠭᠦᠯᠬᠦ ᠳᠤ ᠭᠠᠳᠠᠭᠰᠢ ᠭᠠᠷᠴᠤ ᠦᠢᠯᠡᠰ ᠪᠣᠰᠬᠠᠭᠴᠢᠳ ᠤᠨ ᠬᠠᠯᠠᠭᠤᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢᠳᠡ ᠰᠠᠨᠠᠭᠠᠴᠢᠯᠠᠬᠤ ᠨᠢ᠄          ᠨᠢᠭᠡ᠂ ᠪᠢᠳᠡ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠪᠠ ᠬᠥᠳᠡᠭᠡ ᠲᠣᠰᠬᠤᠨ ᠢ ᠬᠦᠭᠵᠢᠬᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠰᠢᠯᠤᠭᠤᠨ ᠬᠥᠬᠡ ᠬᠤᠰᠢᠭᠤᠨ ᠤ ᠳᠦᠭᠦᠮ ᠲᠥᠳᠡ ᠵᠠᠮ ᠨᠡᠪᠲᠡᠷᠡᠭᠦᠯᠭᠡ ᠶᠢᠨ ᠨᠥᠬᠦᠴᠡᠯ ᠪᠠ ᠠᠮᠢ ᠠᠬᠤᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠡᠬᠡ ᠨᠤᠲᠤᠭ ᠲᠠᠭᠠᠨ ᠪᠡᠯᠡ ᠣᠷᠣᠭᠤᠯᠵᠤ ᠦᠢᠯᠡᠰ ᠪᠣᠰᠬᠠᠬᠤ ᠬᠦᠴᠦᠯᠡᠴᠡ ᠪᠠᠨ ᠨᠡᠮᠡᠭᠳᠡᠭᠦᠯᠵᠦ᠂ ︽ᠲᠥᠭᠡᠮᠡᠯ ᠣᠯᠠᠨ ᠢᠶᠠᠷ ᠦᠢᠯᠡᠰ ᠪᠣᠰᠬᠠᠵᠤ᠂ ᠲᠥᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾᠎ ᠪᠠᠷ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ᠂ ᠬᠥᠳᠡᠭᠡ ᠠᠵᠤ ᠠᠬᠤᠢ ᠶᠢ ᠬᠥᠭᠵᠢᠭᠦᠯᠬᠦ ᠰᠢᠨ᠎ᠡ ᠬᠦᠳᠡᠯᠭᠡᠬᠦ ᠬᠦᠴᠦᠨ ᠢ ᠪᠣᠢ ᠪᠣᠯᠭᠠᠶ᠎ᠠ᠃          ᠬᠤᠶᠠᠷ᠂ ᠣᠯᠠᠨ ᠢᠶᠠᠷ ᠢᠶᠠᠨ ᠨᠣᠲᠤᠭ ᠲᠠᠭᠠᠨ ᠪᠤᠴᠠᠵᠤ ᠦᠢᠯᠡᠰ ᠪᠣᠰᠬᠠᠬᠤ᠂ ᠭᠡᠷ ᠲᠡᠭᠡᠨ ᠢᠷᠡᠵᠦ ᠬᠥᠭᠵᠢᠯᠲᠡ ᠡᠷᠢᠯᠬᠢᠯᠡᠬᠦ ᠶᠢᠨ ᠬᠠᠮᠲᠤ ᠰᠢᠯᠤᠭᠤᠨ ᠬᠥᠬᠡ ᠬᠤᠰᠢᠭᠤ ᠪᠠᠨ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ᠂ ᠭᠠᠳᠠᠭᠠᠳᠤ ᠣᠷᠴᠢᠨ ᠳᠤ ᠰᠢᠯᠤᠭᠤᠨ ᠬᠥᠬᠡ ᠬᠤᠰᠢᠭᠤ ᠪᠠᠨ ᠨᠡᠩ ᠢᠯᠡᠭᠦᠦ ᠣᠶᠢᠯᠠᠭᠠᠭᠤᠯᠵᠤ᠂ ᠰᠢᠯᠤᠭᠤᠨ ᠬᠥᠬᠡ ᠬᠤᠰᠢᠭᠤ ᠶᠢ ᠨᠡᠩ ᠢᠯᠡᠭᠦᠦ  ᠲᠠᠭᠠᠰᠢᠶᠠᠬᠤ ᠪᠣᠯᠭᠠᠵᠤ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠳᠤ ᠬᠦᠴᠦᠨ ᠡᠷᠭᠦᠵᠦ᠂ ᠡᠬᠡ ᠨᠤᠲᠤᠭ ᠤᠨ ᠬᠥᠭᠵᠢᠯᠲᠡ ᠳᠡᠭᠡᠨ ᠥᠩᠭᠡ ᠪᠤᠳᠤᠭ ᠨᠡᠮᠡᠷᠢᠯᠡᠶ᠎ᠡ᠃          ᠭᠤᠷᠪᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠠᠵᠤ ᠠᠬᠤᠢ ᠶᠢᠨ ᠭᠥᠭᠵᠢᠯᠲᠡ ᠶᠢᠨ ᠬᠡᠯᠪᠡᠷᠢ ᠶᠢᠨ ᠬᠤᠪᠢᠷᠠᠯᠲᠠ ᠶᠢ ᠲᠦᠷᠭᠡᠳᠬᠡᠨ᠂ ᠠᠵᠤ ᠦᠢᠯᠡᠰ ᠤᠨ ᠰᠢᠯᠢᠳᠡᠭᠵᠢᠯ᠂ ᠳᠠᠪᠰᠢᠯᠲᠠ ᠶᠢ ᠲᠦᠯᠬᠢᠨ ᠠᠬᠢᠭᠤᠯᠬᠤ ᠳᠤ ᠶᠡᠭᠡ ᠬᠡᠮᠵᠢᠶᠡᠨ ᠤ ᠥᠨᠳᠥᠷ ᠬᠢᠷᠢ ᠲᠥᠪᠰᠢᠨ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠲᠡᠭᠦᠯᠳᠡᠷ ᠨᠠᠷᠢᠨ ᠤᠷ᠎ᠠ ᠴᠢᠳᠠᠪᠤᠷᠢ ᠲᠠᠢ᠂ ᠬᠡᠲᠦᠶᠢᠳᠦᠭᠰᠡᠨ ᠤᠷ᠎ᠠ ᠮᠡᠷᠭᠡᠵᠢᠯ ᠢ ᠡᠵᠡᠮᠰᠢᠭᠰᠡᠨ ᠴᠢᠳᠠᠪᠤᠷᠢᠲᠠᠨ ᠬᠡᠷᠡᠭᠲᠡᠢ ᠶᠤᠮ᠃ ᠥᠷᠭᠡᠨ ᠣᠯᠠᠨ ᠬᠦᠯᠦᠰᠦᠨ ᠠᠵᠢᠯᠴᠢᠨ᠂ ᠬᠤᠪᠢ ᠪᠡᠶ᠎ᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠳᠡᠭᠡ ᠲᠣᠰᠬᠤᠨ ᠮᠠᠯᠵᠢᠬᠤ ᠣᠷᠣᠨ ᠤ ᠬᠥᠳᠡᠯᠮᠥᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠪᠣᠯᠪᠠᠰᠤᠷᠠᠯ᠂ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ᠂ ᠠᠵᠢᠯ ᠤᠨ ᠪᠠᠶᠢᠷᠢ ᠳᠤ ᠪᠠᠶᠢᠭ᠎ᠠ ᠠᠵᠢᠯᠴᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠪᠠ ᠰᠢᠨ᠎ᠡ ᠮᠡᠳᠡᠯᠭᠡ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠲᠧᠭᠨᠥᠯᠥᠭᠢ ᠶᠢᠨ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠤᠨ ᠪᠥᠲᠥᠴᠡ ᠶᠢᠨ ᠲᠣᠬᠢᠷᠠᠭᠤᠯᠤᠯᠲᠠ ᠪᠠ ᠰᠢᠯᠢᠳᠡᠭᠵᠢᠯ ᠲᠠᠪᠰᠢᠯᠲᠠ ᠶᠢᠨ ᠬᠡᠷᠡᠭᠴᠡᠭᠡ ᠳᠤ ᠵᠣᠬᠢᠴᠠᠶ᠎ᠠ᠃           ᠳᠥᠷᠪᠡ᠂ ᠡᠳᠡᠭᠡᠷ ᠵᠢᠯ ᠤᠳ ᠲᠤ᠂ ᠥᠷᠭᠡᠨ ᠣᠯᠠᠨ ᠭᠠᠳᠠᠭᠰᠢ ᠭᠠᠷᠴᠤ ᠠᠵᠢᠯᠯᠠᠭᠰᠠᠳ ᠵᠠᠬ᠎ᠠ ᠳᠡᠯᠭᠡᠭᠦᠷ ᠤᠨ ᠠᠵᠤ ᠠᠬᠤᠢ ᠶᠢᠨ ᠤᠷᠤᠰᠬᠠᠯ ᠳᠤᠮᠳᠠ ᠠᠴᠠ ᠪᠠᠶᠠᠵᠢᠯ ᠤᠨ ᠡᠷᠳᠡᠮ ᠴᠢᠳᠠᠪᠤᠷᠢ ᠶᠢ ᠰᠤᠷᠴᠤ᠂ ᠦᠢᠯᠡᠰ ᠪᠣᠰᠬᠠᠬᠤ ᠠᠷᠭ᠎ᠠ ᠵᠠᠮ ᠢ ᠡᠷᠢᠯᠬᠢᠯᠡᠵᠦ᠂ ᠡᠯ᠎ᠡ ᠲᠠᠯ᠎ᠠ ᠶᠢᠨ ᠨᠡᠶᠢᠭᠡᠮ ᠤᠨ ᠬᠠᠷᠢᠯᠴᠠᠭ᠎ᠠ ᠲᠠᠢ ᠪᠣᠯᠵᠤ᠂ ᠵᠠᠬ᠎ᠠ ᠳᠡᠯᠭᠡᠭᠦᠷ ᠤᠨ ᠰᠤᠷᠠᠭ ᠵᠠᠩᠭᠢ ᠶᠢ ᠣᠶᠢᠯᠭᠠᠵᠤ᠂ ᠵᠠᠷᠢᠮ ᠨᠢ ᠪᠠᠰᠠ ᠥᠪᠡᠷ ᠤᠨ ᠭᠡᠰᠡᠨ ᠦᠢᠯᠡᠰ ᠢᠶᠠᠨ ᠪᠣᠰᠬᠠᠵᠤ᠂ ᠦᠢᠯᠡᠰ ᠪᠣᠰᠬᠠᠭᠰᠠᠨ ᠮᠠᠩᠯᠠᠶᠢᠯᠠᠭᠴᠢ ᠪᠣᠯᠣᠭᠰᠠᠨ ᠶᠤᠮ᠃ ᠪᠢᠳᠠ ᠬᠠᠷᠢᠯᠴᠠᠨ ᠬᠠᠮᠲᠤᠷᠠᠯᠴᠠᠵᠤ᠂ ᠬᠦᠮᠦᠨ ᠤ ᠬᠠᠷᠢᠴᠠᠭ᠎ᠠ᠂ ᠪᠡᠯᠡ ᠮᠥᠩᠭᠦ᠂ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠳᠠᠪᠠᠭᠤᠯᠢᠭ ᠢᠶᠠᠨ ᠪᠠᠳᠠᠷᠠᠭᠤᠯᠤᠨ᠂  ᠨᠥᠬᠦᠴᠡᠯ ᠳᠤ ᠨᠡᠶᠢᠴᠡᠬᠦ ᠰᠣᠮᠣ ᠪᠠᠯᠭᠠᠰᠤᠨ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠠᠵᠤ ᠠᠬᠤᠶᠢᠯᠠᠯ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠭᠠᠵᠠᠷ ᠢ ᠪᠠᠶᠢᠭᠤᠯᠵᠤ᠂ ᠲᠥᠯᠥᠪᠦᠷᠢ ᠲᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰᠴᠢᠯᠡᠭᠰᠡᠨ ᠬᠥᠭᠵᠢᠯᠲᠡ ᠶᠢ ᠲᠦᠯᠬᠢᠨ ᠠᠬᠢᠭᠤᠯᠤᠶ᠎ᠠ᠃          ᠲᠠᠪᠤ᠂ ᠣᠯᠠᠨ ᠢᠶᠠᠷ ᠢᠶᠠᠨ ᠨᠤᠲᠤᠭ ᠲᠠᠭᠠᠨ ᠪᠤᠴᠠᠵᠤ ᠦᠢᠯᠡᠰ ᠪᠣᠰᠬᠠᠭᠰᠠᠨ ᠮᠠᠩᠯᠠᠶᠢᠯᠠᠭᠴᠢ ᠶᠢᠨ ᠰᠤᠷᠠᠭ ᠵᠠᠩᠭᠢ ᠶᠢᠨ ᠬᠡᠮᠵᠢᠶ᠎ᠡ ᠶᠡᠭᠡ᠂ ᠬᠤᠯᠠᠴᠢ ᠰᠡᠳᠬᠢᠮᠵᠢ ᠲᠠᠢ ᠵᠡᠷᠭᠡ ᠳᠠᠪᠠᠭᠤᠯᠢᠭ ᠢ ᠪᠠᠳᠠᠷᠠᠭᠤᠯᠤᠨ᠂ ᠰᠠᠶᠢᠨ ᠲᠥᠷᠥᠯ ᠵᠦᠢᠯ ᠪᠠ ᠲᠡᠷᠢᠭᠦᠨ ᠤ ᠮᠡᠷᠭᠡᠵᠢᠯ ᠢ ᠨᠤᠲᠤᠭ ᠲᠠᠭᠠᠨ ᠠᠪᠴᠢᠷᠠᠵᠤ᠂ ᠮᠠᠯᠴᠢᠨ ᠲᠠᠷᠢᠶᠠᠴᠢᠳ ᠲᠤ ᠨᠠᠩ ᠣᠯᠠᠨ ᠪᠠᠶᠠᠵᠢᠯ ᠤᠨ ᠠᠷᠭ᠎ᠠ  ᠵᠠᠮ ᠣᠯᠵᠤ ᠥᠭᠭᠦᠨ᠂  ᠶᠠᠳᠠᠭᠤ ᠠᠴᠠ ᠠᠩᠭᠢᠵᠢᠷᠠᠬᠤ ᠵᠣᠷᠢᠭ ᠢ ᠨᠢ ᠬᠥᠪᠴᠢᠯᠡᠵᠦ᠂ ᠬᠥᠭᠵᠢᠯ ᠤᠨ ᠢᠲᠡᠭᠡᠯ ᠣᠯᠭᠤᠨ᠂ ᠡᠬᠡ ᠨᠤᠲᠤᠭ ᠤᠨ  ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠡᠭᠡᠨ ᠨᠡᠮᠡᠷᠢ ᠬᠠᠨᠳᠢᠪ ᠡᠷᠭᠦᠶ᠎ᠡ᠃           ᠵᠢᠷᠭᠤᠭ᠎ᠠ᠂ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠲᠠᠰᠤᠷᠠᠯᠲᠠ ᠦᠭᠡᠢ ᠲᠦᠷᠬᠡᠳᠴᠦ᠂ ᠡᠯ᠎ᠡ ᠵᠦᠢᠯ ᠤᠨ ᠠᠵᠢᠯᠲᠠᠨ ᠬᠡᠷᠡᠭᠰᠡᠬᠦ ᠬᠡᠮᠵᠢᠶ᠎ᠡ ᠤᠯᠠᠮ ᠨᠡᠮᠡᠭᠳᠡᠭᠰᠡᠭᠡᠷ ᠪᠠᠶᠢᠨ᠎ᠠ᠃ ᠬᠤᠰᠢᠭᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠠᠵᠢᠯᠴᠢᠨ ᠡᠯᠰᠡᠬᠦ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠵᠤ ᠶᠠᠪᠤᠭᠳᠠᠭᠤᠯᠤᠨ᠂ ᠣᠯᠠᠨ ᠲᠦᠮᠡᠨ ᠳᠡᠭᠡᠨ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠵᠤ᠂ ᠦᠢᠯᠡᠳᠪᠦᠷᠢ ᠬᠤᠳᠠᠯᠳᠤᠭᠠᠨ ᠤ ᠪᠡᠯᠡ ᠬᠥᠷᠥᠩᠭᠡ ᠶᠢ ᠨᠤᠲᠤᠭ ᠲᠠᠭᠠᠨ ᠪᠤᠴᠠᠭᠠᠵᠦ ᠦᠢᠯᠡᠰ ᠪᠣᠰᠬᠠᠬᠤ ᠶᠢ ᠳᠡᠮᠵᠢᠬᠦ ᠳᠤ ᠣᠷᠣᠯᠴᠠᠬᠤ ᠶᠢ ᠬᠦᠬᠢᠬᠦᠯᠦᠨ᠂ ᠦᠢᠯᠡᠰ ᠪᠣᠰᠬᠠᠬᠤ ᠲᠥᠭᠰᠢᠭᠦᠷᠢ ᠶᠢ ᠰᠡᠷᠭᠡᠶᠢᠯᠡᠬᠦ ᠲᠣᠭᠲᠠᠯᠴᠠᠭ᠎ᠠ ᠪᠠᠶᠢᠭᠤᠯᠤᠨ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠳᠤ ᠥᠮᠥᠭ ᠲᠦᠰᠢᠭ ᠬᠠᠩᠭᠠᠨ᠎ᠠ᠃ ᠡᠭᠦᠨ ᠤ ᠬᠠᠮᠲᠤ᠂ ᠥᠷᠭᠡᠨ ᠣᠯᠠᠨ ᠨᠤᠲᠤᠭ ᠲᠠᠭᠠᠨ ᠪᠤᠴᠠᠵᠤ ᠦᠢᠯᠡᠰ ᠪᠣᠰᠬᠠᠭᠴᠢᠳ ᠢ ᠠᠵᠢᠯ ᠣᠯᠬᠤ ᠦᠵᠡᠯ ᠲᠠᠨᠢᠯᠲᠠ ᠪᠠᠨ ᠬᠤᠪᠢᠷᠠᠭᠤᠯᠤᠨ᠂ ᠨᠡᠶᠢᠭᠡᠮ ᠤᠨ ᠪᠣᠳᠠᠲᠤ ᠬᠡᠷᠡᠭᠴᠡᠭᠡ ᠠᠴᠠ ᠡᠭᠦᠰᠴᠦ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ ᠶᠢᠨ ᠨᠢᠭᠡᠳᠦᠭᠡᠷ ᠹᠠᠷᠤᠨᠲ ᠲᠤ ᠬᠦᠷᠴᠦ ᠠᠵᠢᠯᠯᠠᠨ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠵᠢᠷ ᠤᠨ ᠪᠣᠰᠣ ᠬᠢᠷ ᠪᠦᠲᠦᠮᠵᠢ ᠭᠠᠷᠭᠠᠬᠤ ᠶᠢ ᠬᠦᠡᠰᠡᠵᠦ ᠪᠠᠶᠢᠨ᠎ᠠ᠃          ᠳᠣᠯᠤᠭ᠎ᠠ᠂ ᠬᠤᠰᠢᠭᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠦᠢᠯᠡᠰ ᠪᠣᠰᠬᠠᠭᠰᠠᠨ ᠲᠤᠷᠰᠢᠯᠭ᠎ᠠ ᠦᠭᠡᠢ᠂ ᠦᠢᠯᠡᠰ ᠪᠣᠰᠬᠠᠬᠤ ᠬᠦᠰᠡᠯ ᠲᠠᠢ ᠬᠦᠮᠦᠰ ᠲᠤ ᠬᠠᠨᠳᠤᠭᠤᠯᠤᠨ ᠦᠢᠯᠡᠰ ᠪᠣᠰᠬᠠᠬᠤ ᠵᠢᠯᠣᠭᠤᠳᠣᠯᠭ᠎ᠠ᠂ ᠪᠣᠯᠪᠠᠰᠤᠷᠠᠯ᠂ ᠲᠥᠷᠥᠯ ᠵᠦᠢᠯ ᠤᠨ ᠲᠠᠨᠢᠯᠴᠠᠭᠤᠯᠭ᠎ᠠ᠂ ᠦᠢᠯᠡᠰ ᠪᠣᠰᠬᠠᠬᠤ ᠳᠡᠮᠵᠢᠯᠭᠡ ᠦᠵᠡᠬᠦᠯᠬᠦ ᠂ ᠦᠢᠯᠡᠰ ᠪᠣᠰᠬᠠᠬᠤ ᠵᠢᠭᠡᠯᠡᠯᠭᠡ ᠤᠯᠭᠤᠬᠤ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠨ᠎ᠠ᠃ ᠦᠢᠯᠡᠰ ᠪᠣᠰᠬᠠᠬᠤ ᠲᠥᠷᠥᠯ ᠵᠦᠢᠯ ᠲᠠᠢ᠂ ᠠᠵᠢᠯᠲᠠᠨ ᠤ ᠬᠡᠷᠡᠭᠴᠡᠭᠡ ᠱᠠᠭᠠᠷᠳᠠᠯᠭ᠎ᠠ ᠶᠡᠭᠡ ᠠᠵᠤ ᠠᠬᠤᠶᠢᠯᠠᠯ ᠤᠨ ᠠᠵᠢᠯᠲᠠᠳ ᠲᠤ ᠬᠠᠨᠳᠤᠭᠤᠯᠤᠨ ᠬᠠᠨᠳᠤᠯᠭᠠᠲᠤ ᠴᠢᠨᠠᠷᠲᠠᠢ ᠠᠵᠢᠯ ᠮᠡᠷᠭᠡᠵᠢᠯ ᠤᠨ ᠪᠣᠯᠪᠠᠰᠤᠷᠠᠯ ᠬᠠᠩᠭᠠᠨ᠎ᠠ᠃ ᠦᠨᠳᠦᠷ ᠵᠡᠷᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠨᠠᠷᠢᠯᠢᠭ ᠤᠷ᠎ᠠ ᠮᠡᠷᠭᠡᠵᠢᠯ᠂ ᠬᠡᠳᠦᠶᠢᠳᠦᠭᠰᠡᠨ ᠮᠡᠷᠭᠡᠰᠢᠯ ᠢ ᠡᠵᠡᠮᠰᠢᠭᠰᠡᠨ ᠪᠦᠭᠡᠳ ᠲᠡᠭᠦᠨ ᠢ ᠪᠠᠨ ᠪᠣᠰᠣᠳ ᠲᠠᠢ ᠬᠤᠪᠢᠶᠠᠯᠴᠠᠬᠤ ᠳᠤᠷᠠᠲᠠᠢ ᠪᠣᠯ ᠬᠥᠭᠵᠢᠯᠲᠡ ᠥᠭᠡᠷᠡᠴᠢᠯᠡᠯᠲᠡ᠂ ᠠᠵᠢᠯ ᠣᠯᠭᠤᠯᠲᠠ᠂ ᠠᠷᠠᠯᠵᠢᠶᠠᠴᠢᠨ ᠤᠷᠢᠬᠤ ᠵᠡᠷᠭᠡ ᠰᠠᠯᠠᠭ᠎ᠠ ᠮᠥᠴᠢᠷ ᠲᠠᠢ ᠶᠠᠷᠢᠯᠴᠠᠵᠤ ᠪᠣᠯᠣᠨ᠎ᠠ᠃          ᠤᠨᠠᠭᠰᠠᠨ ᠰᠢᠷᠤᠢ ᠠᠯᠲᠠ᠂ ᠤᠤᠭᠤᠭᠰᠠᠨ ᠤᠰᠤ ᠷᠠᠰᠢᠶᠠᠨ᠃ ᠡᠬᠡ ᠨᠤᠲᠤᠭ ᠤᠨ ᠬᠥᠭᠵᠢᠯᠲᠡ ᠬᠤᠪᠢᠷᠠᠯᠲᠠ ᠴᠠᠭ ᠢᠮᠠᠭᠲᠠ ᠲᠠ ᠨᠠᠷ ᠤᠨ ᠰᠡᠳᠬᠢᠯ ᠢ ᠲᠠᠲᠠᠭᠰᠠᠭᠠᠷ ᠪᠠᠶᠢᠭ᠎ᠠ᠂ ᠲᠠ ᠨᠠᠷ ᠤᠨ ᠠᠵᠢᠯ ᠣᠯᠵᠤ ᠦᠢᠯᠡᠰ ᠪᠣᠰᠬᠠᠬᠤ ᠵᠠᠮᠨᠠᠯ ᠴᠢᠨᠢ ᠪᠠᠰᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠩᠬᠠᠷᠤᠯ ᠢ ᠲᠠᠲᠠᠭᠰᠠᠭᠠᠷ ᠪᠠᠶᠢᠭ᠎ᠠ ᠶᠤᠮ᠃ ᠭᠠᠳᠠᠨ᠎ᠠ ᠣᠷᠣᠨ ᠳᠤ ᠲᠠ ᠨᠠᠷ ᠤᠨ ᠴᠢᠳᠠᠪᠤᠷᠢ ᠪᠠᠨ ᠪᠠᠳᠠᠷᠠᠭᠤᠯᠬᠤ ᠭᠠᠵᠠᠷ ᠪᠠᠶᠢᠨ᠎ᠠ ᠭᠡᠬᠦ ᠳᠤ ᠡᠬᠡ ᠨᠤᠲᠤᠭ ᠲᠤ ᠴᠢᠨᠢ ᠪᠠᠰᠠ ᠠᠵᠢᠯ ᠣᠯᠵᠤ ᠦᠢᠯᠡᠰ ᠪᠣᠰᠬᠠᠬᠤ ᠠᠯᠲᠠᠨ ᠬᠦᠷᠦᠰᠦ ᠪᠠᠶᠢᠭ᠎ᠠ ᠶᠤᠮ᠃ ᠡᠬᠡ ᠨᠤᠲᠤᠭ ᠴᠢᠨᠢ ᠬᠠᠯᠠᠭᠤᠨ ᠡᠪᠦᠷ ᠢᠶᠠᠨ ᠳᠡᠯᠭᠡᠨ ᠲᠠ ᠨᠠᠷ ᠤᠨ ᠢᠶᠠᠨ ᠨᠤᠲᠤᠭ ᠲᠠᠭᠠᠨ ᠪᠤᠴᠠᠵᠤ᠂ ᠠᠵᠢᠯ ᠣᠯᠵᠤ ᠦᠢᠯᠡᠰ ᠪᠤᠰᠬᠠᠨ᠂ ᠰᠢᠯᠤᠭᠤᠨ ᠬᠥᠬᠡ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ ᠦᠵᠡᠭᠦᠯᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃          ᠰᠢᠯᠤᠭᠤᠨ ᠬᠥᠬᠡ ᠬᠤᠰᠢᠭᠤ ᠪᠣᠯ ᠪᠢᠳᠡᠨ ᠤ ᠡᠭᠦᠷᠢᠳᠡ ᠶᠢᠨ ᠨᠤᠲᠤᠭ᠂ ᠡᠭᠦᠷᠢᠳᠡ ᠶᠢᠨ ᠦᠨᠳᠦᠰᠦ᠂ ᠡᠭᠦᠷᠢᠳᠡ ᠶᠢᠨ ᠰᠠᠨᠠᠭᠠᠯᠵᠠᠯ ᠶᠤᠮ᠃ ᠨᠤᠲᠤᠭ ᠲᠠᠭᠠᠨ ᠪᠤᠴᠠᠵᠤ ᠦᠢᠯᠡᠰ ᠪᠣᠰᠬᠠᠨ᠂ ᠡᠬᠡ ᠨᠤᠲᠤᠭ ᠲᠠᠭᠠᠨ ᠬᠤᠪᠢ ᠨᠡᠮᠡᠷᠢ ᠦᠵᠡᠭᠦᠯᠬᠦ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯᠡᠯ ᠪᠦᠭᠡᠳ ᠪᠢᠳᠡᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠣᠨ᠎ᠠ᠃ ᠶᠠᠪᠤᠵᠠᠭᠠᠶ᠎ᠠ᠂ ᠣᠯᠠᠨ ᠢᠶᠠᠷ ᠢᠶᠠᠨ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠠᠶᠠᠨ ᠳᠤ ᠮᠣᠷᠳᠠᠶ᠎ᠠ︕                 ᠰᠢᠯᠤᠭᠤᠨ ᠬᠥᠬᠡ ᠬᠤᠰᠢᠭᠤᠨ ᠤ ᠬᠥᠭᠵᠢᠯᠲᠡ ᠥᠭᠡᠷᠡᠴᠢᠯᠡᠯᠲᠡ ᠶᠢᠨ ᠲᠣᠪᠴᠢᠶ᠎ᠠ        ᠰᠢᠯᠤᠭᠤᠨ ᠬᠥᠬᠡ ᠬᠤᠰᠢᠭᠤᠨ ᠤ ᠬᠥᠳᠡᠯᠮᠦᠷᠢ ᠠᠵᠢᠯ ᠣᠯᠭᠤᠯᠲᠠ ᠳᠤ ᠦᠢᠯᠡᠴᠢᠯᠡᠬᠦ ᠲᠣᠪᠴᠢᠶ᠎ᠠ             ᠰᠢᠯᠤᠭᠤᠨ ᠬᠥᠬᠡ ᠬᠤᠰᠢᠭᠤᠨ ᠤ ᠠᠷᠠᠯᠵᠢᠶᠠᠴᠢᠨ ᠤᠷᠢᠬᠤ ᠲᠣᠪᠴᠢᠶ᠎ᠠ                         2018 ᠣᠨ ᠤ  4 ᠰᠠᠷᠠᠶᠢᠨ 19
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号