ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠪᠤᠶᠠᠨᠳᠣ ᠵᠡᠷᠬᠡ ᠬᠦᠮᠦᠰ ᠰᠠᠩ ᠎ ᠤᠨ ᠳᠠᠯᠠᠢ ᠪᠠᠯᠭᠠᠰᠣᠨ ᠳᠤ ᠬᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠎ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018/5/17
         5 ᠰᠠᠷ᠎ᠠ ᠶᠢᠨ 14᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠪᠤᠶᠠᠨᠳᠣ ᠵᠡᠷᠬᠡ ᠬᠦᠮᠦᠰ ᠰᠠᠩ ᠤᠨ ᠳᠠᠯᠠᠢ ᠪᠠᠯᠭᠠᠰᠣᠨ ᠤ ᠪᠤᠯᠠᠭᠠᠨᠴᠠᠭᠠᠨ ᠭᠠᠴᠠᠭ᠎ᠠ᠂ ᠵᠢᠪᠬᠤᠯᠠᠩᠳᠣ ᠭᠠᠴᠠᠭᠠᠨ ᠳᠤ ᠬᠦᠨᠵᠡᠭᠡᠶᠢᠷᠡᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠰᠣᠳᠣᠯᠣᠨ ᠵᠢᠯᠤᠭᠤᠳᠪᠠ᠃ ᠵᠠᠰᠠᠭ ᠤᠨ ᠣᠷᠳᠣᠨ ᠤ ᠬᠤᠰᠢᠭᠤ ᠲᠡᠳ᠋ ᠳᠠᠷᠤᠭ᠎ᠠ ᠭᠠᠩᠪᠦ᠋ᠭᠡ᠂ ᠶᠠᠳᠠᠭᠤ ᠶᠢ ᠲᠡᠳᠬᠦᠬᠦ ᠠᠯᠪᠠᠨ ᠭᠡᠷ᠂ ᠰᠠᠩ ᠤᠨ ᠳᠠᠯᠠᠢ ᠪᠠᠯᠭᠠᠰᠣᠨ ᠤ ᠬᠠᠷᠢᠭᠤᠴᠠᠯᠭᠠᠳᠠᠳ ᠪᠠᠷ᠎ᠠ ᠪᠤᠯᠵᠠᠭᠠᠪᠠ᠃
       ᠶᠠᠳᠠᠭᠤ ᠡᠷᠦᠭᠡ ᠰᠣᠳᠣᠪᠠᠶᠠᠷ᠂ ᠴᠢᠯᠠᠭᠤ ᠶᠢᠨ ᠬᠢᠨ ᠳᠤ ᠬᠦᠷᠴᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠣᠯᠭ᠎ᠠ᠂ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠶᠢᠯ ᠭᠡᠷ ᠤᠨ ᠣᠷᠣᠯᠭ᠎ᠠ᠂ ᠡᠮ ᠡᠮᠨᠡᠯᠭᠡ ᠶᠢᠨ ᠳᠠᠭᠠᠳᠬᠠᠯ᠂ ᠮᠠᠯ ᠤᠨ ᠡᠪᠡᠰᠦ ᠪᠤᠷᠳᠤᠭ᠎ᠠ᠂ ᠣᠷᠣᠨ ᠰᠠᠭᠤᠴᠠ ᠵᠡᠷᠭᠡ ᠶᠢᠨ ᠳᠠᠯ᠎ᠠ ᠶᠢᠨ ᠪᠠᠶᠢᠳᠠᠯ ᠢ ᠠᠰᠠᠭᠤᠨ ᠣᠶᠢᠯᠠᠭᠠᠭᠰᠠᠨ ᠤ ᠬᠠᠮᠳᠣ ᠠᠵᠤ ᠠᠬᠤᠢ ᠶᠢᠨ ᠳᠠᠩᠰᠠ ᠶᠢ ᠨᠢ ᠳᠣᠳᠣᠷᠬᠠᠢ ᠪᠤᠳᠣᠵᠣ᠂ ᠨᠠᠮ ᠤᠨ ᠠᠴᠢ᠂ ᠲᠦᠷᠦ ᠶᠢᠨ ᠪᠤᠳᠣᠯᠭ᠎ᠠ ᠶᠢᠨ ᠲᠤᠶᠠᠭᠠᠷᠠᠯ ᠳᠣᠣᠷ᠎ᠠ ᠬᠦᠳᠡᠯᠮᠤᠷᠢ ᠬᠦᠴᠦᠨ ᠢᠶᠠᠷ ᠢᠶᠠᠨ ᠨᠠᠩ ᠣᠯᠠᠨ ᠤᠷᠤᠯᠭ᠎ᠠ ᠡᠬᠦᠳᠬᠦ ᠶᠢ ᠵᠤᠷᠢᠭᠵᠢᠭᠤᠯᠪᠠ᠃
       ᠬᠤᠰᠢᠭᠤ ᠲᠠᠷᠤᠭ᠎ᠠ ᠪᠤᠶᠠᠨᠳᠤ ᠭᠤᠸᠠᠢ ᠠᠴᠠ ᠰᠠᠩ ᠤᠨ ᠳᠠᠯᠠᠢ ᠪᠠᠯᠭᠠᠰᠣ᠂ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠪᠠ ᠳᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠳᠤ ᠲᠤᠤᠷᠡᠬᠢ ᠮᠡᠳᠦ ᠬᠡᠳᠦᠨ ᠱᠠᠭᠠᠷᠳᠠᠯᠭ᠎ᠠ ᠲᠠᠯᠪᠢᠪᠠ᠄        ᠨᠢᠭᠡ ᠳᠤ᠂ ︽ᠬᠤᠶᠠᠷ ᠵᠦᠢᠯ ᠳᠤ ᠵᠤᠪᠠᠭ᠋ᠤ ᠦᠭᠡᠢ᠂ ᠭᠤᠷᠪᠠᠨ ᠵᠦᠢᠯ ᠳᠤ ᠪᠠᠳᠣᠯᠠᠭ᠎ᠠ ᠲᠠᠢ︾ ᠪᠠᠶᠢᠬᠤ ᠠᠵᠢᠯ ᠤᠨ ᠱᠠᠭᠠᠷᠳᠠᠯᠭ᠎ᠠ ᠶᠤᠰᠣᠭᠠᠷ᠂ ᠡᠷᠦᠭᠡ ᠪᠦᠷᠢ ᠶᠢᠨ ᠪᠤᠳᠠᠳᠣ ᠪᠠᠶᠢᠳᠠᠯ ᠢ ᠦᠨᠳᠦᠰᠦᠯᠠᠨ ᠠᠷᠭ᠎ᠠ ᠪᠤᠳᠣᠯᠭ᠎ᠠ ᠠᠪᠴᠤ᠂ ᠮᠠᠯᠴᠢᠳ ᠢ ᠬᠠᠪᠰᠣᠷᠣᠨ ᠠᠵᠤ ᠠᠬᠤᠢ ᠶᠢᠨ ᠳᠠᠩᠰᠠ ᠶᠢ ᠨᠢ ᠰᠠᠶᠢᠳᠣᠷ ᠪᠤᠳᠣᠵᠦ᠂ ᠡᠯ᠎ᠡ ᠲᠦᠷᠦᠯ ᠤᠨ ᠠᠵᠢᠯ ᠤᠨ ᠭᠤᠭᠴᠤᠭ᠎ᠠ ᠶᠢ ᠰᠠᠶᠢᠳᠣᠷ ᠤᠶᠠᠯᠳᠣᠭᠤᠯᠵᠤ᠂ ᠠᠯᠢ ᠴᠢᠳᠠᠬᠤ ᠪᠠᠷ ᠣᠷᠣᠯᠭ᠎ᠠ ᠶᠢ ᠨᠢ ᠨᠡᠮᠡᠭᠳᠡᠭᠦᠯᠤᠨ᠂ ᠵᠠᠷᠣᠯᠭ᠎ᠠ ᠶᠢ ᠨᠢ ᠪᠠᠭᠠᠰᠬᠠᠵᠤ᠂ ᠶᠠᠳᠠᠭᠤᠷᠠᠯᠳᠠ ᠶᠢ ᠦᠬᠡᠶᠢᠰᠬᠡᠬᠦ ᠪᠠᠷ ᠴᠢᠷᠮᠠᠶᠢᠬᠤ ᠬᠡᠷᠡᠭᠳᠡᠢ᠃        ᠬᠤᠶᠠᠷ ᠲᠤ᠂ ᠶᠠᠳᠠᠭᠤ ᠬᠦᠴᠢᠷᠳᠡᠢ ᠬᠦᠮᠦᠨ ᠠᠮᠠ ᠶᠢ ᠨᠠᠷᠢᠯᠢᠭ ᠤᠨᠤᠪᠴᠢᠳᠠᠢ ᠪᠠᠷ ᠢᠯᠠᠭᠠᠨ ᠳᠠᠨᠢᠵᠤ᠂ ᠨᠠᠷᠢᠯᠢᠭ ᠠᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ︽ᠡᠷᠬᠢᠴᠡᠭᠦᠯᠦᠨ ᠬᠠᠷᠠᠬᠤ︾ ᠠᠵᠢᠯ ᠤᠨ ᠲᠦᠰᠦᠯ ᠎ ᠤᠨ ᠱᠠᠭᠠᠷᠳᠠᠯᠭ᠎ᠠ ᠶᠤᠰᠣᠭᠠᠷ᠂ ᠡᠷᠦᠭᠡ ᠳᠠᠷᠠᠭᠠᠯᠠᠨ ᠨᠠᠷᠢᠨ ᠣᠶᠢᠯᠠᠭᠠᠵᠤ᠂ ᠬᠠᠮᠢᠶᠠᠳᠠᠢ ᠠᠵᠢᠯ ᠤᠨ ᠳᠠᠩᠰᠠ ᠡᠪᠭᠡᠮᠡᠯ ᠎ ᠢᠶᠠᠨ ᠣᠯᠠᠮ ᠲᠡᠭᠦᠯᠳᠡᠷᠵᠢᠭᠦᠯᠵᠦ᠂ ᠠᠵᠢᠯ ᠤᠨ ᠭᠤᠭᠴᠤᠭ᠎ᠠ ᠪᠦᠷᠢ ᠶᠢᠨ ᠨᠠᠷᠢᠨ ᠳᠣᠳᠣᠷᠬᠠᠢ ᠪᠠᠶᠢᠬᠤ ᠶᠢ ᠪᠠᠳᠤᠯᠠᠬᠤ ᠬᠡᠷᠡᠭᠳᠡᠢ᠃        ᠭᠤᠷᠪᠠ ᠳᠤ᠂ ᠭᠠᠴᠠᠭ᠎ᠠ ᠳᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠨᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠲᠦᠷᠦ ᠶᠢᠨ ᠪᠤᠳᠣᠯᠭ᠎ᠠ ᠶᠢ ᠨᠠᠷᠢᠨ ᠣᠶᠢᠯᠠᠭᠠᠵᠤ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠣᠯᠭ᠎ᠠ ᠶᠢᠨ ᠡᠷᠦᠭᠡ ᠪᠦᠷᠢ ᠳᠤ ᠭᠡᠷᠡᠭᠵᠢᠭᠦᠯᠦᠭᠳᠡᠬᠦ ᠶᠢ ᠪᠠᠳᠤᠯᠠᠬᠤ ᠬᠡᠷᠡᠭᠳᠡᠢ᠃ ︵ᠤᠶᠤᠨᠰᠡᠷᠬᠦᠯᠡᠩ ᠤᠷᠴᠢᠭᠤᠯᠵᠦ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号