ᠯᠦᠸᠧ ᠬᠤ᠋ ᠽᠠᠢ ᠰᠢᠯᠤᠭᠤᠨ ᠬᠦᠭᠡ ᠬᠤᠰᠢᠭᠤᠨ ᠳᠤ ᠬᠦᠡᠵᠡᠭᠡᠶᠢᠷᠡᠨ ᠬᠠᠪᠤᠷ ᠤᠨ ᠤᠯᠠᠷᠢᠯ ᠤᠨ ᠪᠡᠯᠴᠢᠭᠡᠷ  ᠰᠡᠷᠭᠦᠭᠡᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/5/2
 
              ᠯᠦᠸᠧ ᠬᠤ᠋ ᠽᠠᠢ ᠰᠢᠮᠧᠨ᠋ᠲ᠋ᠠᠷ ᠦᠬᠡᠷ ᠮᠠᠯᠵᠢᠬᠤ ᠲᠤᠰᠬᠠᠢ ᠡᠷᠦᠬᠡ ᠬᠠᠰᠪᠠᠭᠠᠲᠤᠷ ᠤᠨ ᠬᠢᠨ ᠳᠤ ᠬᠠᠪᠤᠷ ᠤᠨ  ᠤᠯᠠᠷᠢᠯ ᠤᠨ ᠪᠠᠯᠴᠢᠭᠡᠷ ᠰᠡᠷᠭᠦᠭᠡᠬᠦ  ᠪᠠ ᠦᠬᠡᠷ ᠮᠠᠯᠵᠢᠭᠰᠠᠨ ᠪᠠᠶᠢᠳᠠᠯ ᠢ ᠨᠠᠷᠢᠨ ᠣᠶᠢᠯᠠᠭᠠᠵᠤ  ᠪᠠᠶᠢᠭ᠎ᠠ ᠎ ᠨᠢ᠃ ︵ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠸᠠᠩ ᠳ᠋ᠠ ᠸᠧᠢ ᠰᠡᠬᠦᠲᠡᠷᠯᠡᠪᠡ︶           ᠲᠤᠰ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠸᠠᠩ ᠳ᠋ᠠ ᠸᠧᠢ︶ 4 ᠰᠠᠷ᠎ᠠ ᠶᠢᠨ  23᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠤᠭᠤᠨ ᠬᠦᠭᠡ  ᠬᠤᠰᠢᠭᠤᠨ ᠳᠤ ᠬᠦᠡᠵᠡᠭᠡᠶᠢᠷᠡᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠲᠤᠬᠠᠢ ᠪᠠᠶᠢᠴᠠᠭᠠᠨ  ᠰᠤᠳᠤᠯᠤᠯᠲᠠ ᠬᠢᠵᠤ᠂ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ  ᠲᠤᠬᠠᠢ ᠴᠢᠬᠤᠯᠠ ᠦᠬᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠬᠢᠷᠲᠦᠯ ᠦᠭᠡᠢ ᠬᠦᠭᠵᠢᠯᠲᠡ ᠶᠢᠨ  ᠦᠢᠯᠠᠭᠠᠭᠳᠠᠬᠤᠨ ᠢ ᠦᠢᠯᠡᠳᠦᠯᠭᠡᠵᠢᠬᠦᠯᠵᠤ᠂ ᠠᠮᠢ ᠠᠬᠤᠢ ᠶᠢᠨ ᠰᠠᠶᠢᠨ ᠪᠠᠶᠢᠳᠠᠯ ᠢ ᠪᠠᠳᠤᠯᠠᠵᠤ᠂ ᠲᠠᠨᠢᠯᠳᠠ ᠪᠠᠨ  ᠲᠡᠭᠡᠭᠰᠢᠯᠡᠬᠦᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠶᠢ ᠨᠤᠳᠤᠭ ᠪᠠᠯᠴᠢᠭᠡᠷ ᠤᠨ ᠠᠮᠢ ᠠᠬᠤᠢ ᠶᠢ  ᠬᠠᠮᠠᠭᠠᠯᠠᠬᠤ ᠴᠢᠬᠤᠯᠠ ᠠᠷᠭ᠎ᠠ ᠪᠤᠯᠭᠠᠵᠤ᠂ ᠪᠦᠬᠦ ᠠᠶᠢᠮᠠᠭ ᠤᠨ ᠨᠤᠳᠤᠭ ᠪᠠᠯᠴᠢᠭᠡᠷ ᠤᠨ ᠠᠮᠢ ᠠᠬᠤᠢ ᠶᠢ  ᠲᠠᠰᠤᠷᠠᠯᠳᠠ ᠦᠭᠡᠢ ᠰᠠᠶᠢᠵᠢᠷᠠᠭᠤᠯᠵᠤ᠂ ᠨᠤᠳᠤᠭ ᠪᠠᠯᠴᠢᠭᠡᠷ ᠤᠨ ᠠᠮᠢ ᠠᠬᠤᠢ ᠰᠠᠶᠢᠵᠢᠷᠠᠬᠤ ᠪᠠ ᠮᠠᠯᠴᠢᠳ ᠤᠨ  ᠤᠷᠤᠯᠭ᠎ᠠ ᠨᠡᠮᠡᠭᠲᠡᠬᠦ ᠬᠤᠤᠰ ᠠᠰᠢᠭ ᠢ ᠪᠡᠶᠡᠯᠡᠬᠦᠯᠬᠦ ᠭᠡᠷᠡᠭᠲᠡᠢ ᠭᠡᠵᠤ ᠴᠢᠬᠤᠯᠠᠴᠢᠯᠠᠪᠠ᠃               ᠯᠦᠸᠧ ᠬᠤ᠋ ᠽᠠᠢ ᠤᠷᠢᠳ ᠬᠤᠵᠢᠳ ᠰᠢᠯᠤᠭᠤᠨ ᠬᠦᠭᠡ ᠬᠤᠰᠢᠭᠤᠨ ᠤ ᠵᠢᠭᠠᠰᠤᠳᠠᠢ ᠰᠤᠮᠤᠨ ᠤ ᠬᠦᠭᠵᠢᠯᠳᠤ  ᠭᠠᠴᠠᠭ᠎ᠠ᠂ ᠪᠠᠶᠠᠨᠪᠤᠯᠠᠭ ᠭᠠᠴᠠᠭ᠎ᠠ ᠪᠠ ᠨᠠᠷᠠᠲᠦ ᠰᠤᠮᠤ ᠶᠢᠨ ᠭᠤᠭᠤᠰᠤᠳᠠᠢ ᠭᠠᠴᠠᠭ᠎ᠠ ᠶᠢᠨ ᠭᠡᠰᠡᠭ ᠮᠠᠯᠴᠢᠳ ᠤᠨ ᠳᠤ  ᠬᠦᠷᠴᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ  ᠨᠠᠶᠢᠳᠠᠪᠤᠷᠢᠵᠢᠭᠤᠯᠤᠬᠰᠠᠨ ᠪᠠᠶᠢᠳᠠᠯ ᠪᠠ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠠᠷᠢᠨ  ᠦᠢᠯᠠᠭᠠᠵᠠᠢ᠃               ᠯᠦᠸᠧ ᠬᠤ᠋ ᠽᠠᠢ ᠰᠢᠮᠧᠨ᠋ᠲ᠋ᠠᠷ ᠦᠬᠡᠷ ᠮᠠᠯᠵᠢᠬᠤ ᠲᠤᠰᠬᠠᠢ ᠡᠷᠦᠬᠡ ᠬᠠᠰᠪᠠᠭᠠᠲᠤᠷ ᠤᠨ ᠬᠢᠨ ᠪᠠ ᠰᠢᠯᠦᠭᠤᠨ  ᠬᠦᠬᠡ ᠬᠤᠰᠢᠭᠤᠨ ᠤ ᠬᠠᠷᠭᠤᠢ ᠮᠠᠯᠵᠢᠯ ᠤᠨ ᠲᠤᠰᠬᠠᠢ ᠬᠤᠷᠰᠢᠶᠠᠵᠢᠯ ᠳᠤ ᠬᠦᠷᠴᠦ ᠪᠠᠶᠢᠳᠠᠯ ᠤᠢᠢᠯᠠᠭᠠᠵᠤ᠂ ᠮᠠᠯ  ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠠᠬᠢᠭᠤᠯᠬᠤ ᠪᠠᠷ  ᠲᠤᠬᠢᠶᠠᠯ ᠪᠤᠯᠭᠠᠵᠦ᠂ ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ  ᠦᠷᠬᠦᠯᠵᠢᠯᠡᠨ ᠠᠬᠢᠭᠤᠯᠵᠦ᠂ ᠮᠠᠯᠴᠢᠳ ᠢ ᠲᠠᠶᠢᠴᠢᠯᠠᠨ ᠮᠠᠯ ᠰᠦᠷᠦᠭ ᠤᠨ ᠪᠦᠳᠦᠴᠡ ᠳᠤ ᠲᠤᠬᠢᠷᠠᠭᠤᠯᠤᠯᠲᠠ ᠬᠢᠵᠦ᠂ ᠰᠢᠯᠢᠳᠡᠭ ᠡᠬᠦᠯᠳᠡᠷ ᠤᠨ ᠮᠢᠠᠬᠨ ᠤ ᠦᠬᠡᠷ ᠢ ᠨᠡᠮᠡᠭᠳᠡᠬᠦᠯᠵᠦ᠂ ᠰᠢᠨᠵᠢᠯᠡᠬᠦ ᠤᠬᠠᠭᠠᠨᠴᠢ ᠠᠷᠠᠴᠢᠯᠠᠯᠲᠠ  ᠬᠠᠮᠢᠶᠠᠷᠤᠯᠳᠠ ᠶᠢ ᠴᠢᠩᠭᠠᠳᠬᠠᠵᠦ᠂ ᠤᠳᠤ ᠦᠶ᠎ᠡ ᠶᠢᠨ ᠮᠠᠯ ᠠᠵᠦ ᠠᠬᠤᠢ ᠶᠢᠨ ᠵᠠᠮ ᠢᠶᠠᠷ ᠵᠠᠮᠨᠠᠬᠤ ᠭᠡᠷᠡᠭᠲᠡᠢ ᠬᠡᠵᠦ  ᠵᠢᠭᠠᠵᠦ ᠭᠠᠷᠭᠠᠪᠠ᠃               ᠯᠦᠸᠧ ᠬᠤ᠋ ᠽᠠᠢ ᠰᠢᠯᠤᠭᠤᠨ ᠬᠦᠬᠡ ᠬᠤᠰᠢᠭᠤᠨ ᠤ ᠵᠢᠭᠠᠰᠤᠲᠠᠢ ᠰᠤᠮᠤᠨ ᠳᠠᠬᠢ ᠬᠤᠨᠲᠤ ᠨᠠᠭᠤᠷ ᠲᠤ  ᠲᠤᠰᠬᠠᠢᠢᠯᠠᠨ ᠬᠦᠷᠴᠦ᠂ ᠨᠡᠬᠦᠳᠡᠯ ᠤᠨ ᠰᠢᠪᠠᠭᠤᠳ ᠤᠨ ᠬᠠᠮᠠᠭᠠᠯᠠᠯᠲᠠ ᠶᠢᠨ ᠠᠵᠢᠯ ᠢ ᠤᠢᠢᠯᠠᠭᠠᠵᠦ᠂ ᠡᠯ᠎ᠠ ᠭᠠᠵᠠᠷ  ᠡᠯ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠭᠤᠤᠯ ᠮᠦᠷᠡᠨ᠂ ᠨᠤᠭᠤ ᠭᠠᠵᠠᠷ ᠲᠠᠬᠢ ᠨᠡᠬᠦᠳᠡᠯ ᠤᠨ ᠰᠢᠪᠠᠭᠤᠳ ᠤᠨ  ᠬᠦᠳᠡᠯᠭᠡᠭᠡᠨ ᠤ ᠤᠷᠤᠨ ᠳᠤ ᠵᠢᠵᠢᠬᠦᠷᠯᠡᠨ ᠪᠠᠶᠢᠴᠠᠭᠠᠵᠦ᠂ ᠬᠡᠬᠡᠷ᠎ᠡ ᠶᠢᠨ ᠠᠮᠢᠳᠠᠨ ᠢ ᠠᠩᠨᠠᠵᠦ ᠬᠦᠨᠤᠭᠡᠭᠰᠡᠨ ᠶᠠᠯᠠᠲᠤ  ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠦᠮᠦᠨ ᠪᠠ ᠪᠠᠶᠢᠭᠠᠯᠢ ᠡᠶ᠎ᠡ ᠵᠤᠬᠢᠴᠠᠯ ᠲᠠᠢ ᠪᠠᠶᠢᠬᠤ ᠶᠢ ᠠᠬᠢᠭᠤᠯᠬᠤ  ᠭᠡᠷᠡᠭᠲᠡᠢ ᠬᠡᠵᠦ ᠱᠠᠭᠠᠷᠳᠠᠪᠠ᠃      
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号