ᠰᠢᠯᠤᠭᠤᠨ ᠬᠦᠬᠡ ᠬᠤᠰᠢᠭᠤ 2018 ᠤᠨ ᠤ ᠠᠶᠦᠯᠬᠦᠢ ᠶᠢᠨ ᠵᠦᠪᠯᠠᠯ ᠤᠨ ᠬᠤᠶᠠᠳᠤᠭᠠᠷ ᠤᠳᠠᠭᠠᠨ ᠤ ᠵᠤᠷᠰᠢᠯ ᠬᠤᠷᠠᠯ ᠵᠢᠴᠢ ᠲᠠᠪᠤᠳᠤᠭᠠᠷ ᠰᠠᠷ᠎ᠠ ᠶᠢᠨ ᠠᠶᠤᠯᠬᠦᠢ ᠦᠢᠯᠡᠳᠪᠤᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2018/5/21
        ᠠᠶᠦᠯᠬᠦᠢ ᠦᠢᠯᠡᠳᠪᠤᠷᠢᠯᠡᠯ ᠤᠨ ᠪᠠᠶᠢᠴᠠᠭᠠᠯᠳᠠ ᠶᠢ ᠬᠦᠨᠵᠡᠬᠡᠢ ᠦᠷᠨᠢᠬᠦᠯᠵᠦ᠂ ᠪᠦᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠠᠵᠢᠯ ᠤᠨ ᠦᠷᠬᠦᠯᠵᠢ ᠶᠢᠨ ᠲᠤᠭᠳᠠᠭᠤᠨ ᠢ ᠪᠠᠳᠤᠯᠠᠬᠤ ᠶᠢᠨ ᠲᠤᠯᠠᠳᠠ᠂ ᠤᠶᠢᠷ᠎ᠠ ᠎ ᠶᠢᠨ ᠡᠳᠦᠷ ᠰᠢᠯᠤᠭᠤᠨ ᠬᠦᠬᠡ ᠬᠤᠰᠢᠭᠤ ᠨᠢ 2018 ᠤᠨ ᠤ ᠠᠶᠦᠯᠬᠦᠢ ᠶᠢᠨ ᠵᠦᠪᠯᠠᠯ ᠤᠨ ᠬᠤᠶᠠᠳᠤᠭᠠᠷ ᠤᠳᠠᠭᠠᠨ ᠤ ᠵᠤᠷᠰᠢᠯ ᠬᠤᠷᠠᠯ ᠵᠢᠴᠢ ᠲᠠᠪᠤᠳᠤᠭᠠᠷ ᠰᠠᠷ᠎ᠠ ᠶᠢᠨ ᠠᠶᠤᠯᠬᠦᠢ ᠦᠢᠯᠡᠳᠪᠤᠷᠢᠯᠡᠯ ᠤᠨ ᠠᠵᠢᠯ ᠤᠨ ᠬᠤᠷᠠᠯ ᠎ ᠢ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠳᠤ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠤᠷᠤᠯᠴᠠᠵᠦ᠂ ᠬᠤᠰᠢᠭᠤ ᠠᠶᠤᠯᠬᠦᠢ ᠶᠢᠨ ᠵᠦᠪᠯᠠᠯ ᠤᠨ ᠡᠯ᠎ᠠ ᠪᠦᠷᠢᠯᠳᠦᠬᠦᠨ ᠪᠠᠶᠢᠭᠤᠯᠭ᠎ᠠ ᠨᠢᠬᠡᠴᠡ ᠪᠠ ᠭᠤᠤᠯᠳᠠᠯᠭ᠎ᠠ ᠲᠠᠢ ᠠᠵᠦ ᠠᠬᠤᠶᠢᠯᠠᠯ ᠤᠨ ᠭᠤᠤᠯ ᠤᠳᠤᠷᠢᠳᠤᠯᠭ᠎ᠠ ᠨᠠᠷ ᠤᠷᠤᠯᠴᠠᠪᠠ᠃          ᠬᠤᠷᠠᠯ ᠲᠡᠬᠡᠷ᠎ᠡ ᠬᠤᠰᠢᠭᠤ ᠦᠢᠡᠯᠳᠪᠤᠷᠢᠯᠡᠯ ᠤᠨ ᠠᠶᠤᠯᠬᠦᠢ ᠳᠤ ᠬᠢᠨᠠᠯᠳᠠ ᠲᠠᠯᠪᠢᠬᠤ ᠲᠤᠪᠴᠢᠶᠠᠨ ᠤ ᠲᠠᠷᠤᠭ᠎ᠠ᠂ ᠠᠶᠤᠯᠬᠦᠢ ᠶᠢᠨ ᠵᠦᠪᠯᠠᠯ ᠤᠨ ᠡᠷᠬᠢᠯᠡᠭᠴᠢ ᠭᠤᠤ ᠵᠢᠶᠠ ᠰᠢᠨ ᠠᠴᠠ ᠪᠦᠬᠦ ᠬᠤᠰᠢᠭᠤᠨ ᠤ 1 ᠰᠠᠷ᠎ᠠ ᠎ ᠠᠴᠠ 4 ᠳ᠋ᠤᠬᠡᠷ ᠰᠠᠷ᠎ᠠ ᠶᠢᠨ ᠠᠶᠤᠯᠬᠦᠢ ᠦᠢᠯᠡᠳᠪᠤᠷᠢᠯᠡᠯ ᠤᠨ ᠠᠵᠢᠯ ᠪᠠ ᠠᠶᠤᠯᠬᠦᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠦᠷᠨᠢᠬᠦᠯᠦᠭᠰᠡᠨ ᠲᠤᠬᠠᠢ ᠬᠠᠷᠢᠭᠤ ᠮᠡᠳᠡᠬᠦᠯᠵᠦ᠂ ᠲᠠᠪᠤᠳᠤᠭᠠᠷ ᠰᠠᠷ᠎ᠠ ᠶᠢᠨ ᠠᠶᠤᠯᠬᠦᠢ ᠦᠢᠢᠯᠡᠳᠪᠤᠷᠢᠯᠡᠯ ᠳᠤ ᠬᠢᠨᠠᠯᠳᠠ ᠲᠠᠯᠪᠢᠬᠤ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤᠷᠠᠯ ᠲᠡᠭᠡᠷ᠎ᠡ᠂ ᠬᠤᠰᠢᠭᠤ ᠤᠯᠤᠰ ᠤᠨ ᠭᠠᠵᠠᠷ ᠰᠢᠷᠦᠢ ᠶᠢᠨ ᠲᠤᠪᠴᠢᠶ᠎ᠠ᠂ ᠬᠤᠳᠠ ᠶᠢᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠪᠠ ᠲᠦᠯᠦᠪᠵᠢᠬᠦᠯᠬᠡ ᠶᠢᠨ ᠲᠤᠪᠴᠢᠶ᠎ᠠ᠂ ᠭᠠᠯ ᠤᠨᠳᠠᠷᠠᠭᠠᠬᠤ ᠶᠡᠭᠡ ᠠᠩᠬᠢ᠂ ᠵᠠᠮ ᠬᠠᠷᠢᠯᠴᠠᠭᠠᠨ ᠤ ᠶᠡᠭᠡ ᠠᠩᠬᠢ ᠵᠡᠷᠬᠡ ᠲᠦᠷᠪᠡᠨ ᠰᠠᠯᠠᠭ᠎ᠠ ᠮᠦᠴᠢᠷ ᠠᠴᠠ ᠠᠶᠤᠯᠬᠦᠢ ᠦᠢᠯᠡᠳᠪᠤᠷᠢᠯᠡᠯ ᠤᠨ ᠬᠠᠮᠢᠶ᠎ᠠ ᠪᠦᠬᠦᠢ ᠠᠵᠢᠯ ᠢ ᠦᠷᠨᠢᠬᠦᠯᠦᠭᠰᠡᠨ ᠪᠠᠶᠢᠳᠠᠯ ᠢᠶᠠᠨ ᠬᠠᠷᠢᠭᠤ ᠮᠡᠳᠡᠬᠦᠯᠵᠦ᠂ ᠬᠤᠰᠢᠭᠤ ᠲᠡᠳ᠋ ᠲᠠᠷᠤᠭ᠎ᠠ ᠹᠧᠩ ᠵᠢᠶᠠᠨ ᠵᠢᠶᠦ᠋ᠨ ᠨᠦᠬᠦᠷ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ᠂ ᠠᠶᠤᠯᠬᠦᠢ ᠶᠢᠨ ᠵᠦᠪᠯᠠᠯ ᠤᠨ ᠪᠦᠷᠢᠯᠳᠦᠬᠦᠨ ᠰᠠᠯᠠᠭ᠎ᠠ ᠮᠦᠴᠢᠷ᠂ ᠭᠤᠤᠯᠳᠠᠯᠭ᠎ᠠ ᠲᠠᠢ ᠠᠵᠦ ᠠᠬᠤᠶᠢᠯᠠᠯ ᠤᠨ ᠲᠦᠯᠦᠬᠡᠯᠡᠭᠴᠢ ᠲᠠᠢ 2018 ᠤᠨ ᠎ ᠤ ᠠᠶᠤᠯᠬᠦᠢ ᠶᠢᠨ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤᠭᠳᠠᠭᠰᠠᠨ ᠪᠦᠬᠡᠳ ᠤᠳᠤᠬᠠᠨ ᠤ ᠪᠠ ᠲᠠᠷᠠᠭᠠᠴᠢ ᠶᠢᠨ ᠬᠡᠰᠡᠭ ᠬᠤᠭᠤᠴᠠᠭᠠᠨ ᠳᠠᠬᠢ ᠠᠶᠦᠯᠬᠦᠢ ᠶᠢᠨ ᠦᠢᠯᠡᠳᠪᠤᠷᠢᠯᠡᠯ ᠤᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃         ᠲᠠᠷᠠ ᠵᠢᠭᠠᠬᠤ ᠳᠤ ᠪᠠᠨ᠄ ᠨᠢᠬᠡ ᠳᠤ᠂ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢ ᠦᠷᠬᠦᠯᠵᠢᠯᠡᠨ ᠴᠢᠩᠭᠠᠳᠬᠠᠵᠦ᠂ ᠭᠤᠤᠯᠳᠠᠯᠭ᠎ᠠ ᠲᠠᠢ ᠠᠵᠢᠯ ᠦᠢᠯᠡᠰ ᠤᠨ ᠬᠦᠷᠢᠶᠡᠨ ᠳᠠᠬᠢ ᠠᠮᠤᠷ ᠲᠦᠪᠰᠢᠨ ᠤ ᠠᠵᠢᠯ ᠤᠨ ᠲᠠᠯ᠎ᠠ ᠎ ᠪᠠᠷ ᠬᠢ ᠲᠤᠰᠬᠠᠢ ᠴᠡᠭᠴᠡᠯᠡᠯᠳᠡ ᠶᠢ ᠰᠠᠶᠢᠳᠦᠷ ᠠᠳᠬᠤᠬᠤ ᠬᠡᠷᠡᠭᠳᠡᠢ᠃ ᠬᠤᠶᠠᠷ ᠲᠤ᠂ ᠠᠶᠤᠯᠬᠦᠢ ᠶᠢᠨ ᠦᠢᠯᠡᠳᠪᠤᠷᠢᠯᠡᠯ ᠤᠨ ᠲᠠᠯ᠎ᠠ ᠪᠠᠷ ᠬᠢ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠰᠤᠷᠤᠯᠴᠠᠬᠤ ᠡᠷᠴᠢᠮ ᠢᠶᠠᠨ ᠴᠢᠩᠭᠠᠳᠬᠠᠨ᠂ ᠠᠶᠦᠯᠬᠦᠢ ᠶᠢᠨ ᠦᠢᠯᠡᠳᠪᠤᠷᠢᠯᠡᠯ ᠤᠨ ᠤᠬᠠᠭᠤᠯᠭ᠎ᠠ ᠬᠦᠮᠦᠵᠢᠯ ᠢ ︽ᠲᠤᠯᠤᠭᠠᠨ ᠭᠠᠵᠠᠷ ᠲᠤ ᠤᠷᠤᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠳᠡᠢ ᠬᠡᠵᠡᠢ᠃ ︵ᠮᠦᠳᠡᠭ ᠤᠷᠴᠢᠭᠤᠯᠤᠨ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号