| 5 ᠰᠠᠷ᠎ᠠ ᠶᠢᠨ 29 ᠤ ᠡᠳᠦᠷ᠂ ᠰᠢᠯᠤᠭᠤᠨ ᠬᠦᠬᠡ ᠬᠤᠰᠢᠭᠤ ᠮᠠᠯᠵᠢᠬᠤ ᠳᠠᠷᠢᠶᠠᠯᠠᠬᠤ ᠤᠷᠤᠨ ᠤ | ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠶᠢᠨ ᠠᠵᠢᠯ ᠢ ᠪᠠᠶᠢᠷᠢᠯᠠᠭᠤᠯᠬᠤ ᠬᠤᠷᠠᠯ ᠢ | ᠬᠤᠷᠠᠯᠳᠣᠭᠤᠯᠵᠤ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠮᠠᠯᠵᠢᠬᠤ ᠳᠠᠷᠢᠶᠠᠯᠠᠬᠤ ᠤᠷᠤᠨ ᠤ | ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠶᠢᠨ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ | ᠶᠢ ᠨᠠᠷᠢᠨ ᠬᠢᠨᠠᠮᠠᠭᠠᠢ ᠳᠣᠣᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠳᠣ ᠪᠦᠬᠦ ᠬᠤᠰᠢᠭᠤᠨ ᠤ ᠮᠠᠯᠵᠢᠬᠤ | ᠳᠠᠷᠢᠶᠠᠯᠠᠬᠤ ᠤᠷᠤᠨ ᠤ ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠶᠢᠨ ᠠᠵᠢᠯ ᠢ ᠪᠠᠶᠢᠷᠢᠯᠠᠭᠤᠯᠪᠠ | ᠃ ᠡᠯ᠎ᠡ ᠰᠣᠮᠣ ᠪᠠᠯᠭᠠᠰᠣᠨ ︵ᠳᠠᠯᠠᠪᠠᠢ︶ ᠤ ᠵᠠᠰᠠᠭ ᠤᠨ ᠣᠷᠳᠣᠨ ᠤ ᠭᠤᠤᠯ ᠣᠳᠣᠷᠢᠳᠣᠯᠭ᠎ᠠ᠂ ᠬᠤᠪᠢᠳᠠᠨ | ᠬᠠᠷᠢᠭᠤᠴᠠᠭᠰᠠᠨ ᠣᠳᠣᠷᠢᠳᠣᠯᠭ᠎ᠠ ᠪᠠ ᠳᠠᠯ᠎ᠠ ᠨᠤᠳᠤᠭ ᠤᠨ ᠬᠢᠨᠠᠨ ᠬᠠᠮᠢᠶᠠᠷᠣᠯᠳᠠ ᠶᠢᠨ ᠭᠠᠵᠠᠷ ᠤᠨ ᠳᠠᠷᠤᠭ᠎ᠠ ᠵᠢᠴᠢ | ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠨᠠᠷ ᠬᠤᠷᠠᠯ ᠳᠤ ᠣᠷᠣᠯᠴᠠᠪᠠ᠃ | ᠬᠤᠰᠢᠭᠤ ᠲᠡᠳ᠋ ᠳᠠᠷᠤᠭ᠎ᠠ ᠭᠠᠩᠪᠦ᠋ᠭᠡ ᠠᠴᠠ᠂ ᠡᠯ᠎ᠡ ᠭᠠᠵᠠᠷ ᠡᠯ᠎ᠡ ᠪᠠᠶᠢᠭᠤᠯᠭ᠎ᠠ ᠨᠢᠭᠡᠴᠡ ᠨᠢ | ᠦᠵᠡᠯ ᠰᠠᠨᠠᠭ᠎ᠠ ᠪᠠᠨ ᠨᠢᠭᠡᠳᠣᠭᠦᠯᠦᠨ᠂ ᠡᠭᠦᠷᠭᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠᠨ ᠴᠢᠩᠭᠠᠳᠬᠠᠵᠤ | ᠂ ᠠᠵᠢᠯ ᠤᠨ ᠬᠠᠷᠢᠭᠤᠴᠠᠯᠭ᠎ᠠ ᠪᠠᠨ ᠪᠦᠬᠦ ᠳᠠᠯ᠎ᠠ ᠪᠠᠷ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠲᠡᠭᠡᠭᠰᠢᠯᠡᠭᠦᠯᠦᠨ᠂ ᠳᠣᠯᠣᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠳᠠᠷᠢᠶᠠᠴᠢᠨ ᠤ ᠠᠰᠢᠭ ᠳᠣᠰᠠ ᠶᠢ ᠬᠤᠯᠪᠤᠬᠤ | ᠳᠣᠭᠳᠠᠯᠴᠠᠭ᠎ᠠ᠂ ᠳᠠᠯ᠎ᠠ ᠨᠤᠳᠤᠭ ᠤᠨ ᠳᠠᠭᠠᠭᠠᠴᠢᠯᠠᠯᠳᠠ ᠶᠢᠨ ᠡᠷᠭᠡ ᠶᠢᠨ ᠦᠨᠡᠮᠯᠠᠯ᠂ ᠳᠠᠷᠢᠶᠠᠯᠠᠬᠤ ᠤᠷᠤᠨ ᠤ | ᠭᠠᠵᠠᠷ ᠰᠢᠷᠣᠢ ᠶᠢᠨ ᠡᠵᠡᠩᠨᠡᠯᠳᠡ ᠶᠢᠨ ᠡᠷᠭᠡ ᠶᠢ ᠪᠠᠳᠣᠯᠠᠬᠤ ᠦᠨᠠᠮᠯᠠᠯ᠂ ᠣᠯᠣᠰ ᠤᠨ ᠦᠮᠴᠢᠯᠠᠯᠳᠣ ᠣᠢ ᠰᠢᠭᠤᠢ | ᠶᠢᠨ ᠳᠠᠯᠠᠪᠠᠢ ᠶᠢᠨ ᠦᠭᠡᠷᠡᠴᠢᠯᠡᠯᠳᠡ ᠪᠠ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠦᠭᠡᠢ ᠪᠠᠷ ᠳᠠᠯ᠎ᠠ ᠨᠤᠳᠤᠭ ᠢ | ᠡᠵᠡᠯᠡᠨ ᠠᠰᠢᠭᠯᠠᠭᠰᠠᠨ ᠲᠦᠷᠦᠯ ᠵᠦᠢᠯ ᠢ ᠴᠡᠭᠴᠡᠯᠡᠨ ᠦᠭᠡᠷᠡᠴᠢᠯᠡᠬᠦ ᠵᠡᠷᠭᠡ ᠮᠠᠯᠵᠢᠬᠤ ᠳᠠᠷᠢᠶᠠᠯᠠᠬᠤ ᠤᠷᠤᠨ ᠤ | ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠶᠢᠨ ᠠᠵᠢᠯ ᠢ ᠲᠡᠭᠦᠯᠳᠡᠷᠵᠢᠭᠦᠯᠬᠦ ᠶᠢ ᠪᠦᠬᠦ ᠳᠠᠯ᠎ᠠ ᠪᠠᠷ | ᠠᠬᠢᠭᠤᠯᠵᠤ᠂ ᠡᠯ᠎ᠡ ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠬᠠᠷᠢᠭᠤᠴᠠᠯᠭ᠎ᠠ ᠶᠢᠨ ᠭᠤᠤᠯ ᠴᠣᠭᠴᠠ ᠨᠢ | ᠳᠣᠳᠣᠷᠬᠠᠢ᠂ ᠪᠠᠶᠢᠷᠢᠯᠠᠭᠤᠯᠤᠯᠳᠠ ᠨᠢ ᠰᠢᠨᠵᠢᠯᠡᠬᠦ ᠣᠬᠠᠭᠠᠨᠴᠢ᠂ ᠠᠷᠭ᠎ᠠ ᠬᠡᠮᠵᠢᠶ᠎ᠠ ᠨᠢ ᠡᠷᠴᠢᠮᠳᠠᠢ ᠪᠠᠶᠢᠬᠤ ᠶᠢ | ᠪᠠᠳᠣᠯᠠᠨ᠂ ᠴᠠᠭ ᠳᠣᠬᠠᠢ ᠳᠠᠭᠠᠨ ᠪᠡᠶᠡᠯᠡᠭᠳᠡᠵᠦ᠂ ᠦᠷ᠎ᠡ ᠪᠦᠳᠦᠮᠵᠢ ᠣᠯᠬᠤ ᠶᠢ ᠪᠠᠳᠣᠯᠠᠬᠤ ᠭᠡᠷᠡᠭᠳᠡᠢ ᠭᠡᠵᠡᠢ᠃ | ᠬᠤᠷᠠᠯ ᠲᠡᠭᠡᠷ᠎ᠡ᠂ ᠬᠤᠰᠢᠭᠤ ᠳᠠᠳ᠋ ᠳᠠᠷᠤᠭ᠎ᠠ ᠭᠠᠩᠪᠦ᠋ᠭᠡ ᠠᠴᠠ ᠬᠤᠰᠢᠭᠤ ᠠᠷᠠᠳ ᠤᠨ ᠵᠠᠰᠠᠭ | ᠤᠨ ᠣᠷᠳᠣᠨ ᠵᠢᠴᠢ ᠡᠯ᠎ᠡ ᠰᠣᠮᠣ ᠪᠠᠯᠭᠠᠰᠣ ︵ᠳᠠᠯᠠᠪᠠᠢ︶ ᠶᠢ ᠲᠦᠯᠦᠭᠡᠯᠡᠨ ᠮᠠᠯᠵᠢᠬᠤ ᠳᠠᠷᠢᠶᠠᠯᠠᠬᠤ ᠤᠷᠤᠨ ᠤ | ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠢ | ᠳᠣᠭᠳᠠᠪᠠ᠃ ᠬᠤᠰᠢᠭᠤ ᠳᠠᠷᠢᠶᠠᠯᠠᠩ ᠮᠠᠯ ᠠᠵᠤ ᠠᠬᠤᠢ ᠶᠢᠨ ᠳᠣᠪᠴᠢᠶ᠎ᠠ᠂ ᠠᠮᠢ ᠠᠬᠤᠢ ᠶᠢᠨ ᠬᠠᠮᠠᠭᠠᠯᠠᠯᠳᠠ ᠶᠢᠨ | ᠳᠣᠪᠴᠢᠶ᠎ᠠ᠂ ᠣᠢ ᠰᠢᠭᠤᠢ ᠶᠢᠨ ᠳᠣᠪᠴᠢᠶᠠᠨ ᠤ ᠣᠳᠣᠷᠢᠳᠣᠯᠭ᠎ᠠ ᠨᠠᠷ ᠬᠠᠮᠢᠶᠠᠳᠠᠢ ᠠᠵᠢᠯ ᠤᠨ ᠮᠡᠳᠡᠭᠦᠯᠦᠯᠳᠡ ᠬᠢᠵᠦ | ᠂ ᠡᠯ᠎ᠡ ᠰᠣᠮᠣ ᠪᠠᠯᠭᠠᠰᠣ ︵ᠳᠠᠯᠠᠪᠠᠢ︶ ᠪᠠ ᠬᠤᠷᠠᠯ ᠳᠤ ᠣᠷᠣᠯᠴᠠᠭᠰᠠᠨ ᠪᠤᠰᠣᠳ ᠰᠠᠯᠠᠭ᠎ᠠ ᠮᠦᠴᠢᠷ ᠨᠢ ᠦᠪᠡᠷᠰᠡᠳ | ᠤᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠣᠶᠠᠯᠳᠣᠭᠤᠯᠤᠨ ᠶᠡᠷᠢᠶ᠎ᠡ ᠳᠠᠯᠪᠢᠪᠠ᠃ | | (ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ) | |