| 5 ᠰᠠᠷ᠎ᠠ ᠶᠢᠨ 21 ᠤ ᠡᠳᠦᠷ ᠠᠴᠠ 5 ᠰᠠᠷ᠎ᠠ ᠶᠢᠨ 28 ᠤ ᠡᠳᠦᠷ ᠪᠤᠯᠳᠠᠯ᠎ᠠ᠂ ᠵᠠᠰᠠᠭ ᠤᠨ ᠣᠷᠳᠣᠨ ᠤ | ᠬᠤᠰᠢᠭᠤ ᠲᠡᠳ᠋ ᠳᠠᠷᠤᠭ᠎ᠠ ᠹᠧᠩ ᠵᠢᠶᠠᠨ ᠵᠢᠶᠦ᠋ᠨ ᠭᠦᠭᠵᠢᠭᠦᠯᠦᠯᠳᠡ ᠦᠭᠡᠷᠡᠴᠢᠯᠡᠯᠳᠡ ᠶᠢᠨ ᠳᠣᠪᠴᠢᠶ᠎ᠠ᠂ | ᠠᠷᠠᠯᠵᠢᠶᠠᠴᠢᠨ ᠣᠷᠢᠬᠤ ᠳᠣᠪᠴᠢᠶᠠᠨ ᠤ ᠬᠠᠷᠢᠭᠤᠴᠠᠯᠭᠠᠳᠠᠨ ᠢ ᠳᠠᠭᠠᠭᠤᠯᠤᠨ ᠪᠡᠭᠡᠵᠢᠩ᠂ ᠰᠢᠶᠦ᠋ᠩ ᠠᠨ᠂ | ᠱᠠᠨᠳᠦ᠋ᠩ ᠳᠤ ᠬᠦᠷᠴᠦ᠂ ᠳᠣᠭᠤᠷᠢᠨ ᠪᠠᠶᠢᠴᠠᠭᠠᠨ᠂ ᠪᠡᠯᠡ ᠳᠠᠳᠠᠵᠤ᠂ ᠲᠦᠷᠦᠯ ᠵᠦᠢᠯ ᠣᠷᠣᠭᠤᠯᠬᠤ ᠳᠣᠬᠠᠢ | ᠶᠠᠷᠢᠯᠴᠡᠪᠡ᠃ | | ᠪᠡᠭᠡᠵᠢᠩ ᠳᠤ ᠵᠦᠩ ᠬᠠᠢ ᠶᠢᠨ ︵ᠪᠡᠭᠡᠵᠢᠩ︶ ᠪᠡᠯᠡ ᠣᠷᠣᠭᠤᠯᠤᠯᠳᠠ ᠶᠢᠨ ᠬᠢᠵᠠᠭᠠᠷᠳᠣ ᠺᠤᠮᠫᠠᠨᠢ ᠲᠠᠢ | ᠬᠢᠳᠠᠳ ᠡᠮ ᠡᠮᠨᠡᠯᠭᠡ ᠶᠢ ᠰᠣᠳᠣᠯᠠᠬᠤ ᠬᠦᠷᠢᠶᠡᠯᠡᠩ᠂ ᠡᠪᠡᠰᠦᠨ ᠡᠮ ᠢ ᠪᠤᠯᠪᠠᠰᠣᠷᠠᠭᠤᠯᠬᠤ᠂ ᠡᠪᠡᠰᠦᠨ ᠡᠮ ᠢ | ᠰᠦᠯᠵᠢᠶ᠎ᠡ ᠪᠠᠷ ᠪᠤᠷᠤᠯᠠᠭᠤᠯᠬᠤ ᠳᠠᠪᠴᠠᠩ᠂ ᠬᠦᠮᠦᠷᠭᠡᠯᠡᠨ ᠵᠦᠭᠡᠭᠡᠪᠦᠷᠢᠯᠡᠬᠦ ᠲᠦᠷᠦᠯ ᠵᠦᠢᠯ ᠤᠨ ᠳᠣᠬᠠᠢ | ᠶᠠᠷᠢᠯᠴᠠᠪᠠ᠃ ᠢᠳᠡᠰᠢᠨ ᠨᠤᠭᠤᠭᠠᠨ ᠤ ᠳᠠᠷᠢᠮᠠᠯ ᠤᠨ ᠠᠵᠤ ᠠᠬᠤᠶᠢᠯᠠᠯ ᠲᠠᠢ ᠢᠳᠡᠰᠢᠨ ᠨᠤᠭᠤᠭ᠎ᠠ ᠶᠢ ᠪᠤᠭᠤᠳᠠᠯᠠᠬᠤ | ᠬᠠᠶᠢᠷᠴᠠᠭ ︵ᠬᠦᠭᠡᠰᠦᠨ ᠬᠢᠴᠡ ᠲᠠᠢ ᠳᠣᠯᠠᠭᠠᠨ ᠢ ᠬᠠᠮᠠᠭᠠᠯᠠᠬᠤ ᠬᠠᠶᠢᠷᠴᠠᠭ︶ ᠢ ᠦᠢᠯᠡᠳᠪᠦᠷᠢᠯᠡᠬᠦ ᠲᠦᠷᠦᠯ ᠵᠦᠢᠯ | ᠢ ᠶᠠᠷᠢᠯᠴᠠᠪᠠ᠃ | | ᠰᠢᠶᠦ᠋ᠩ ᠠᠨ ᠳᠤ ᠰᠢᠨ ᠮᠠᠢ ᠪᠦᠯᠦᠭᠯᠡᠯ ᠤᠨ ᠬᠤᠩ ᠰᠢᠨ ᠬᠤᠭᠤᠯᠠᠢ ᠶᠢᠨ ᠦᠢᠯᠡᠰ ᠤᠨ ᠺᠤᠮᠫᠠᠨᠢ ᠲᠠᠢ | ᠳᠣᠮᠣ ᠬᠡᠯᠪᠡᠷᠢ ᠶᠢᠨ ᠰᠦᠯᠢᠶᠤᠤ ᠬᠤᠭᠤᠯᠠᠢ ᠶᠢᠨ ᠪᠦᠳᠦᠭᠡᠭᠳᠡᠭᠦᠨ ᠢ ᠶᠡᠷᠦᠩᠬᠡᠶᠢᠯᠡᠨ ᠦᠢᠯᠡᠳᠬᠦ ᠲᠦᠷᠦᠯ ᠵᠦᠢᠯ ᠤᠨ | ᠳᠣᠬᠠᠢ ᠶᠠᠷᠢᠯᠴᠠᠪᠠ᠃ | | ᠱᠠᠨᠳᠦ᠋ᠩ ᠳᠤ ᠱᠠᠨᠳᠦ᠋ᠩ ᠤᠨ ᠾᠧᠩ ᠷᠦᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ | ᠬᠢᠵᠠᠭᠠᠷᠳᠣ ᠺᠤᠮᠫᠠᠨᠢ ᠲᠠᠢ ᠨᠤᠨᠳᠠᠭ ᠨᠡᠭᠦᠷᠡᠰᠦ ᠪᠠᠷ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ | ᠪᠤᠯᠪᠠᠰᠣᠷᠠᠭᠤᠯᠬᠤ ᠲᠦᠷᠦᠯ ᠵᠦᠢᠯ ᠢ ᠶᠠᠷᠢᠯᠴᠠᠵᠠᠢ᠃ | | | | ᠾᠧᠪᠸᠢ ᠶᠢᠨ ᠾᠧᠩ ᠱᠦᠢ ᠳᠤ ᠬᠠᠶᠠᠭᠳᠠᠮᠠᠯ ᠳᠣᠭᠤᠶᠢᠯᠠᠪᠤᠷᠢ ᠶᠢ ᠳᠠᠬᠢᠨ ᠠᠰᠢᠭᠯᠠᠵᠤ ᠪᠠᠶᠢᠭ᠎ᠠ ᠲᠦᠷᠦᠯ | ᠵᠦᠢᠯ ᠤᠨ ᠳᠣᠬᠠᠢ ᠰᠣᠳᠣᠯᠣᠨ ᠦᠵᠡᠪᠡ᠃ | | ᠠᠵᠤ ᠠᠬᠤᠶᠢᠯᠠᠯ ᠲᠠᠢ ᠶᠠᠷᠢᠯᠴᠠᠬᠤ ᠳᠣᠮᠳᠠ᠂ ᠬᠤᠰᠢᠭᠤ ᠲᠡᠳ᠋ ᠳᠠᠷᠤᠭ᠎ᠠ ᠹᠧᠩ ᠵᠢᠶᠠᠨ ᠵᠢᠶᠦ᠋ᠨ | ᠰᠢᠯᠤᠭᠤᠨ ᠬᠦᠬᠡ ᠬᠤᠰᠢᠭᠤᠨ ᠤ ᠣᠷᠣᠨ ᠪᠠᠶᠢᠴᠠ᠂ ᠵᠠᠮ ᠬᠠᠷᠢᠯᠴᠠᠭ᠎ᠠ᠂ ᠡᠬᠢ ᠪᠠᠶᠠᠯᠢᠭ᠂ ᠲᠡᠣᠭᠡ ᠰᠣᠶᠣᠯ᠂ | ᠠᠵᠤ ᠠᠬᠤᠶᠢᠯᠠᠯ ᠤᠨ ᠲᠦᠷᠦᠯ ᠵᠦᠢᠯ ᠤᠨ ᠪᠠᠷᠢᠮᠵᠢᠶ᠎ᠠ᠂ ᠪᠡᠯᠡ ᠣᠷᠣᠭᠤᠯᠬᠤ ᠭᠤᠤᠯ ᠡᠯᠧᠮᠧᠨ᠋ᠲ ︵ᠭᠠᠵᠠᠷ ᠤᠨ | ᠦᠨ᠎ᠡ᠂ ᠴᠠᠬᠢᠯᠭᠠᠨ ᠤ ᠰᠦᠢᠳᠭᠡᠯ ᠵᠡᠷᠭᠡ ᠵᠠᠷᠣᠳᠠᠯ︶᠂ ᠵᠠᠰᠠᠭ ᠤᠨ ᠣᠷᠳᠣᠨ ᠤ ᠳᠡᠮᠵᠢᠯᠭᠡ ᠵᠡᠷᠭᠡ ᠡᠯ᠎ᠡ ᠳᠠᠯ᠎ᠠ | ᠶᠢᠨ ᠳᠠᠪᠠᠭᠤᠯᠢᠭ ᠪᠠ ᠪᠠᠶᠢᠳᠠᠯ ᠢᠶᠠᠨ ᠨᠠᠷᠢᠨ ᠬᠢᠨᠠᠮᠠᠭᠠᠢ ᠳᠠᠨᠢᠯᠴᠠᠭᠤᠯᠵᠤ᠂ ᠡᠯ᠎ᠡ ᠠᠵᠤ ᠠᠬᠤᠶᠢᠯᠠᠯ ᠤᠨ ᠪᠡᠯᠡ | ᠣᠷᠣᠭᠤᠯᠬᠤ ᠡᠷᠡᠮᠡᠯᠵᠡᠯ ᠪᠠ ᠲᠦᠯᠦᠪᠵᠢᠭᠦᠯᠭᠡ ᠶᠢ ᠰᠣᠨᠣᠰᠴᠣ᠂ ᠠᠵᠤ ᠠᠬᠤᠶᠢᠯᠠᠯ ᠤᠳ ᠢ ᠰᠢᠯᠤᠭᠤᠨ ᠬᠦᠬᠡ | ᠬᠤᠰᠢᠭᠤᠨ ᠳᠤ ᠪᠡᠯᠡ ᠣᠷᠣᠭᠤᠯᠤᠨ ᠬᠦᠭᠵᠢᠭᠦᠯᠬᠦ ᠶᠢ ᠣᠷᠢᠨ ᠵᠠᠯᠠᠬᠤ ᠶᠢᠨ ᠬᠠᠮᠳᠣ ᠬᠡᠯᠡᠯᠴᠡᠭᠡᠷ ᠬᠢᠭᠰᠡᠨ ᠠᠵᠤ | ᠠᠬᠤᠶᠢᠯᠠᠯ ᠲᠠᠢ ᠠᠩᠬ᠎ᠠ ᠠᠯᠬᠤᠮ ᠤᠨ ᠬᠠᠮᠳᠣᠷᠠᠯᠴᠠᠬᠤ ᠬᠠᠷᠢᠴᠠᠭ᠎ᠠ ᠶᠢ ᠪᠠᠶᠢᠭᠤᠯᠪᠠ᠃ | | | (ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ ) |